ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠠᠷᠤᠨ ᠬᠤᠰᠢᠭᠤᠨ᠎ᠤ ᠰᠢᠶᠣᠣ ᠴᠢ ᠽᠢ ᠤᠰᠤᠨ ᠠᠰᠢᠭᠯᠠᠯᠲᠠ ᠵᠢᠨ ᠬᠦᠢ᠍ᠰᠦ ᠪᠠᠷᠢᠯᠭ᠎ᠠ ᠵᠢᠨ ᠤᠰᠤᠨ ᠴᠥᠭᠦᠷᠥᠮ᠎ᠤᠨ ᠲᠦᠯᠬᠢᠯᠲᠡ ᠵᠢᠨ ᠣᠷᠣᠨ ᠵᠢᠴᠢ ᠬᠦᠢ᠍ᠰᠦ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠣᠷᠣᠨ ᠬᠡᠪᠴᠢᠶᠡᠨ᠎ᠳᠤ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ ᠪᠠ ᠨᠡᠭᠦᠯᠭᠡᠨ ᠣᠷᠣᠭᠤᠯᠬᠤ ᠬᠥᠮᠥᠨ ᠠᠮᠠ ᠵᠢ ᠰᠢᠨ᠎ᠡ᠎ᠪᠠᠷ ᠨᠡᠮᠡᠭᠳᠡᠭᠦᠯᠬᠦ ᠵᠢ ᠴᠠᠭ᠋ᠠᠵᠠᠯᠠᠬᠤ ᠲᠤᠬᠠᠢ ᠥᠪᠥᠷ ᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠠᠯ
ᠨᠡᠶᠢᠲᠡᠯᠡᠭᠰᠡᠨ ᠴᠠᠭ᠄ 2024-09-11


    ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ
    ᠥᠪᠥᠷ ᠵᠠᠰᠠᠭ ᠦᠰᠦᠭ [2024] 72 ᠳ᠋ᠤᠭ᠋ᠠᠷ ᠲᠣᠭ᠋ᠠᠲᠤ
    ᠠᠷᠤᠨ ᠬᠤᠰᠢᠭᠤᠨ᠎ᠤ ᠰᠢᠶᠣᠣ ᠴᠢ ᠽᠢ ᠤᠰᠤᠨ ᠠᠰᠢᠭᠯᠠᠯᠲᠠ ᠵᠢᠨ ᠬᠦᠢ᠍ᠰᠦ ᠪᠠᠷᠢᠯᠭ᠎ᠠ ᠵᠢᠨ ᠤᠰᠤᠨ ᠴᠥᠭᠦᠷᠥᠮ᠎ᠤᠨ ᠲᠦᠯᠬᠢᠯᠲᠡ ᠵᠢᠨ ᠣᠷᠣᠨ ᠵᠢᠴᠢ ᠬᠦᠢ᠍ᠰᠦ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠣᠷᠣᠨ ᠬᠡᠪᠴᠢᠶᠡᠨ᠎ᠳᠤ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ ᠪᠠ ᠨᠡᠭᠦᠯᠭᠡᠨ ᠣᠷᠣᠭᠤᠯᠬᠤ ᠬᠥᠮᠥᠨ ᠠᠮᠠ ᠵᠢ ᠰᠢᠨ᠎ᠡ᠎ᠪᠠᠷ ᠨᠡᠮᠡᠭᠳᠡᠭᠦᠯᠬᠦ ᠵᠢ ᠴᠠᠭ᠋ᠠᠵᠠᠯᠠᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠠᠯ
    ᠬᠥᠯᠥᠨ ᠪᠣᠶ᠋ᠢᠷ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠤᠯᠪᠣᠭᠳᠠᠯ ᠪᠦᠬᠦᠢ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠎ᠳᠤ᠄
    ᠪᠠᠶ᠋ᠢᠭᠤᠯᠬᠤ᠎ᠪᠠᠷ ᠪᠠᠶ᠋ᠢᠭ᠎ᠠ ᠠᠷᠤᠨ ᠬᠤᠰᠢᠭᠤᠨ᠎ᠤ ᠰᠢᠶᠣᠣ ᠴᠢ ᠽᠢ ᠤᠰᠤᠨ ᠠᠰᠢᠭᠯᠠᠯᠲᠠ ᠵᠢᠨ ᠬᠦᠢ᠍ᠰᠦ ᠪᠠᠷᠢᠯᠭ᠎ᠠ ᠪᠣᠯ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠣᠣᠷᠵᠢᠭᠤᠯᠤᠯᠲᠠ ᠵᠢᠨ ᠲᠥᠯᠥᠪᠵᠢᠭᠦᠯᠵᠦ ᠪᠦᠲᠦᠭᠡᠨ ᠪᠠᠶ᠋ᠢᠭᠤᠯᠬᠤ ᠭᠤᠣᠯᠳᠠᠯᠭ᠎ᠠ᠎ᠲᠠᠢ ᠤᠰᠤᠨ ᠰᠤᠷᠪᠤᠯᠵᠢ ᠵᠢᠨ ᠢᠨᠵᠧᠨᠧᠷᠢᠩ ᠪᠣᠯᠣᠨ᠎ᠠ᠃ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠭᠠᠵᠠᠷ ᠰᠢᠷᠣᠢ ᠲᠠᠲᠠᠪᠤᠷᠢᠯᠠᠬᠤ ᠪᠠ ᠠᠷᠠᠳ᠎ᠢ ᠨᠡᠭᠦᠯᠭᠡᠨ ᠲᠥᠪᠬᠢᠨᠡᠭᠦᠯᠬᠦ ᠠᠵᠢᠯ᠎ᠤᠨ ᠤᠷᠤᠭᠰᠢᠲᠠᠢ ᠶᠠᠪᠤᠭᠳᠠᠬᠤ ᠵᠢ ᠦᠨᠡᠨ ᠬᠦ᠌ ᠪᠠᠲᠤᠯᠠᠬᠤ ᠵᠢᠨ ᠲᠤᠰᠠᠳᠠ᠂ 《ᠲᠣᠮᠣ ᠳᠤᠮᠳᠠ ᠬᠡᠯᠪᠡᠷᠢ ᠵᠢᠨ ᠤᠰᠤᠨ ᠠᠰᠢᠭᠯᠠᠯᠲᠠ ᠤᠰᠤ ᠴᠠᠬᠢᠯᠭ᠋ᠠᠨ᠎ᠤ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠭᠠᠵᠠᠷ ᠰᠢᠷᠣᠢ ᠲᠠᠲᠠᠪᠤᠷᠢᠯᠠᠭᠰᠠᠨ ᠲᠥᠯᠥᠪᠦᠷᠢ ᠪᠠ ᠠᠷᠠᠳ᠎ᠢ ᠨᠡᠭᠦᠯᠭᠡᠨ ᠲᠥᠪᠬᠢᠨᠡᠭᠦᠯᠬᠦ ᠳᠦᠷᠢᠮ》 (ᠲᠥᠷᠥ ᠵᠢᠨ ᠶᠠᠪᠤᠳᠠᠯ᠎ᠤᠨ ᠬᠤᠷᠢᠶᠠᠨ᠎ᠤ ᠵᠠᠷᠯᠢᠭ 679 ᠳ᠋ᠦ᠍ᠭᠡᠷ ᠲᠣᠭ᠋ᠠᠲᠤ)᠎ᠤᠨ ᠬᠤᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ᠂ ᠡᠳᠦᠭᠡ ᠬᠤᠯᠪᠣᠭᠳᠠᠯ ᠪᠦᠬᠦᠢ ᠵᠦᠢ᠍ᠯᠡᠰ᠎ᠢ ᠳᠣᠣᠷᠠᠬᠢ ᠮᠡᠲᠦ ᠵᠠᠷᠯᠠᠨ ᠮᠡᠳᠡᠭᠳᠡᠶ᠎ᠡ᠄
    ᠨᠢᠭᠡ᠂ ᠠᠷᠤᠨ ᠬᠤᠰᠢᠭᠤᠨ᠎ᠤ ᠰᠢᠶᠣᠣ ᠴᠢ ᠽᠢ ᠤᠰᠤᠨ ᠠᠰᠢᠭᠯᠠᠯᠲᠠ ᠵᠢᠨ ᠬᠦᠢ᠍ᠰᠦ ᠪᠠᠷᠢᠯᠭ᠎ᠠ ᠵᠢᠨ ᠤᠰᠤᠨ ᠴᠥᠭᠦᠷᠥᠮ᠎ᠤᠨ ᠲᠦᠯᠬᠢᠯᠲᠡ ᠵᠢᠨ ᠣᠷᠣᠨ ᠵᠢᠴᠢ ᠬᠦᠢ᠍ᠰᠦ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠣᠷᠣᠨ ᠬᠡᠪᠴᠢᠶ᠎ᠡ᠎ᠨᠢ ᠠᠷᠤᠨ ᠬᠤᠰᠢᠭᠤᠨ᠎ᠤ ᠭᠧᠨᠢ ᠭᠤᠣᠯ᠎ᠤᠨ ᠲᠠᠷᠢᠶᠠᠯᠠᠩ᠎ᠤᠨ ᠲᠠᠯᠠᠪᠠᠢ ᠵᠢᠨ ᠬᠢᠵᠠᠭ᠋ᠠᠷᠲᠤ ᠺᠣᠮᠫᠠᠨᠢ ᠵᠢᠨ ᠠᠷᠪᠠᠨ ᠨᠠᠢ᠍ᠮᠠᠳᠤᠭ᠋ᠠᠷ ᠦᠢ᠍ᠯᠡᠳᠪᠦᠷᠢᠯᠡᠯ᠎ᠤᠨ ᠳᠤᠭᠤᠶ᠋ᠢᠯᠠᠩ ᠪᠠ ᠠᠷᠤᠨ ᠬᠤᠰᠢᠭᠤᠨ᠎ᠤ ᠳ᠋ᠧᠯᠴᠢᠷ ᠣᠢ ᠰᠢᠭᠤᠢ ᠵᠢᠨ ᠲᠠᠯᠠᠪᠠᠢ᠂ ᠰᠠᠨ ᠬᠤᠤ ᠳ᠋ᠢᠶᠠᠨ ᠽᠢ ᠣᠢ ᠰᠢᠭᠤᠢ ᠵᠢᠨ ᠲᠠᠯᠠᠪᠠᠢ᠎ᠲᠠᠢ ᠬᠤᠯᠪᠣᠭᠳᠠᠵᠤ᠂ ᠪᠣᠳᠠᠲᠠᠢ ᠬᠦᠷᠢᠶ᠎ᠡ ᠬᠡᠪᠴᠢᠶ᠎ᠡ ᠵᠢ᠎ᠨᠢ ᠲᠤᠬᠠᠢ ᠵᠢᠨ ᠲᠠᠯᠠᠪᠠᠢ᠎ᠳᠤ ᠬᠠᠳᠠᠭᠰᠠᠨ ᠱᠣᠩ ᠵᠶ᠋ᠠᠷ ᠪᠠᠷᠢᠮᠵᠢᠶ᠎ᠠ ᠪᠣᠯᠭ᠋ᠠᠨ᠎ᠠ᠃
    ᠬᠤᠶᠠᠷ᠂ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ᠎ᠨᠢ ᠠᠷᠤᠨ ᠬᠤᠰᠢᠭᠤᠨ᠎ᠤ ᠰᠢᠶᠣᠣ ᠴᠢ ᠽᠢ ᠤᠰᠤᠨ ᠠᠰᠢᠭᠯᠠᠯᠲᠠ ᠵᠢᠨ ᠬᠦᠢ᠍ᠰᠦ ᠪᠠᠷᠢᠯᠭ᠎ᠠ ᠵᠢᠨ ᠤᠰᠤᠨ ᠴᠥᠭᠦᠷᠥᠮ᠎ᠤᠨ ᠲᠦᠯᠬᠢᠯᠲᠡ ᠵᠢᠨ ᠣᠷᠣᠨ ᠪᠠ ᠬᠦᠢ᠍ᠰᠦ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠣᠷᠣᠨ ᠬᠡᠪᠴᠢᠶᠡᠨ᠎ᠳᠤ ᠡᠯ᠎ᠡ ᠵᠦᠢ᠍ᠯ᠎ᠤᠨ ᠰᠠᠭᠤᠷᠢ ᠪᠡᠯᠡᠳᠬᠡᠮᠵᠢ (ᠰᠢᠶᠠᠩ ᠪᠠᠯᠭ᠋ᠠᠰᠤᠨ᠎ᠤ ᠠᠵᠤ ᠠᠬᠤᠶ᠋ᠢᠯᠠᠯ ᠪᠠ ᠠᠷᠠᠳ᠎ᠤᠨ ᠬᠡᠷᠡᠭᠯᠡᠭᠡᠨ᠎ᠤ ᠣᠷᠣᠨ ᠰᠠᠭᠤᠴᠠ ᠵᠢ ᠪᠠᠭᠲᠠᠭ᠋ᠠᠨ᠎ᠠ) ᠪᠠᠶ᠋ᠢᠭᠤᠯᠬᠤ ᠵᠢ ᠵᠥᠪᠰᠢᠶᠡᠷᠡᠵᠦ ᠪᠣᠯᠬᠤ ᠦᠭᠡᠢ᠃
    ᠭᠤᠷᠪᠠ᠂ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠠᠷᠤᠨ ᠬᠤᠰᠢᠭᠤᠨ᠎ᠤ ᠰᠢᠶᠣᠣ ᠴᠢ ᠽᠢ ᠤᠰᠤᠨ ᠠᠰᠢᠭᠯᠠᠯᠲᠠ ᠵᠢᠨ ᠬᠦᠢ᠍ᠰᠦ ᠪᠠᠷᠢᠯᠭ᠎ᠠ ᠵᠢᠨ ᠤᠰᠤᠨ ᠴᠥᠭᠦᠷᠥᠮ᠎ᠤᠨ ᠲᠦᠯᠬᠢᠯᠲᠡ ᠵᠢᠨ ᠣᠷᠣᠨ ᠪᠠ ᠬᠦᠢ᠍ᠰᠦ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠣᠷᠣᠨ ᠬᠡᠪᠴᠢᠶᠡᠨ᠎ᠳᠤ ᠲᠥᠷᠥᠯ ᠵᠦᠢ᠍ᠯ ᠰᠢᠨ᠎ᠡ᠎ᠪᠠᠷ ᠪᠠᠶ᠋ᠢᠭᠤᠯᠬᠤ᠂ ᠥᠷᠭᠡᠳᠬᠡᠨ ᠪᠠᠶ᠋ᠢᠭᠤᠯᠬᠤ ᠪᠠ ᠥᠭᠡᠷᠡᠴᠢᠯᠡᠨ ᠪᠠᠶ᠋ᠢᠭᠤᠯᠵᠤ ᠪᠣᠯᠬᠤ ᠦᠭᠡᠢ᠂ ᠭᠡᠷ ᠪᠠᠶ᠋ᠢᠰᠢᠩ ᠵᠢᠴᠢ ᠪᠤᠰᠤᠳ ᠪᠡᠯᠡᠳᠬᠡᠮᠵᠢ ᠵᠢ ᠪᠠᠶ᠋ᠢᠭᠤᠯᠵᠤ ᠪᠣᠯᠬᠤ ᠦᠭᠡᠢ᠂ ᠤᠤᠯ ᠭᠠᠵᠠᠷ᠎ᠤᠨ ᠲᠥᠷᠥᠯ᠂ ᠭᠠᠵᠠᠷ᠎ᠤᠨ ᠲᠥᠷᠬᠦ ᠵᠢ ᠬᠤᠪᠢᠷᠠᠭᠤᠯᠵᠤ ᠪᠣᠯᠬᠤ ᠦᠭᠡᠢ᠂ ᠲᠠᠷᠢᠶᠠᠯᠠᠬᠤ ᠭᠠᠵᠠᠷ᠂ ᠴᠡᠴᠡᠷᠯᠢᠭ᠎ᠤᠨ ᠭᠠᠵᠠᠷ᠎ᠢ ᠵᠠᠪᠳᠤᠨ ᠵᠠᠪᠰᠢᠵᠤ ᠬᠠᠭ᠋ᠠᠯᠪᠤᠷᠢᠯᠠᠬᠤ᠂ ᠡᠯ᠎ᠡ ᠵᠦᠢ᠍ᠯ᠎ᠤᠨ ᠣᠯᠠᠨ ᠨᠠᠰᠤᠲᠤ ᠠᠵᠤ ᠠᠬᠤᠢ ᠵᠢᠨ ᠲᠠᠷᠢᠮᠠᠯ ᠪᠠ ᠣᠢ ᠮᠣᠳᠣ ᠵᠢ ᠵᠠᠪᠳᠤᠨ ᠵᠠᠪᠰᠢᠵᠤ ᠵᠠᠶ᠋ᠢᠯᠠᠬᠤ ᠵᠡᠷᠭᠡ ᠭᠠᠵᠠᠷ ᠰᠢᠷᠣᠢ ᠵᠢᠨ ᠬᠡᠷᠡᠭᠴᠡᠭᠡ ᠵᠢ ᠬᠤᠪᠢᠷᠠᠭᠤᠯᠬᠤ ᠪᠠ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢ ᠨᠥᠯᠥᠭᠡᠯᠡᠬᠦ ᠠᠵᠢᠯᠯᠠᠭ᠎ᠠ ᠵᠢ ᠬᠢᠵᠦ ᠪᠣᠯᠬᠤ ᠦᠭᠡᠢ᠃
    ᠳᠥᠷᠪᠡ᠂ ᠠᠷᠤᠨ ᠬᠤᠰᠢᠭᠤᠨ᠎ᠤ ᠰᠢᠶᠣᠣ ᠴᠢ ᠽᠢ ᠤᠰᠤᠨ ᠠᠰᠢᠭᠯᠠᠯᠲᠠ ᠵᠢᠨ ᠬᠦᠢ᠍ᠰᠦ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠦᠶᠡᠯᠡᠯ᠎ᠤᠨ ᠬᠤᠭᠤᠴᠠᠭ᠎ᠠ ᠨᠡᠯᠢᠶᠡᠳ ᠤᠷᠲᠤ ᠪᠠᠶ᠋ᠢᠬᠤ ᠵᠢ ᠪᠣᠳᠣᠯᠬᠢᠯᠠᠨ᠂ ᠲᠤᠬᠠᠢ ᠵᠢᠨ ᠭᠠᠵᠠᠷ᠎ᠤᠨ ᠣᠯᠠᠨ ᠲᠦᠮᠡᠨ᠎ᠤ ᠬᠡᠪ᠎ᠤᠨ ᠦᠢ᠍ᠯᠡᠳᠪᠦᠷᠢᠯᠡᠯ ᠠᠮᠢᠳᠤᠷᠠᠯ᠎ᠳᠤ᠎ᠨᠢ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ᠎ᠠᠴᠠ ᠪᠣᠯᠵᠤ ᠳᠡᠩᠳᠡᠭᠦᠦ ᠶᠡᠭᠡ ᠨᠥᠯᠥᠭᠡ ᠪᠣᠯᠬᠤ ᠦᠭᠡᠢ ᠪᠠᠶ᠋ᠢᠬᠤ ᠵᠢ ᠦᠨᠡᠨ ᠬᠦ᠌ ᠪᠠᠲᠤᠯᠠᠬᠤ ᠵᠢᠨ ᠲᠤᠰᠠᠳᠠ᠂ ᠲᠤᠬᠠᠢ ᠵᠢᠨ ᠭᠠᠵᠠᠷ᠎ᠤᠨ ᠣᠯᠠᠨ ᠲᠦᠮᠡᠨ᠎ᠤ ᠦᠢ᠍ᠯᠡᠳᠪᠦᠷᠢᠯᠡᠯ ᠠᠮᠢᠳᠤᠷᠠᠯ᠎ᠯᠤᠭ᠎ᠠ ᠰᠢᠭᠤᠳ ᠬᠤᠯᠪᠣᠭᠳᠠᠬᠤ᠂ ᠦᠨᠡᠨ ᠬᠦ᠌ ᠪᠦᠲᠦᠭᠡᠨ ᠪᠠᠶ᠋ᠢᠭᠤᠯᠬᠤ ᠴᠢᠬᠤᠯᠠ᠎ᠲᠠᠢ ᠲᠥᠷᠥᠯ ᠵᠦᠢ᠍ᠯ᠎ᠳᠤ 《ᠲᠣᠮᠣ ᠳᠤᠮᠳᠠ ᠬᠡᠯᠪᠡᠷᠢ ᠵᠢᠨ ᠤᠰᠤᠨ ᠠᠰᠢᠭᠯᠠᠯᠲᠠ ᠤᠰᠤ ᠴᠠᠬᠢᠯᠭ᠋ᠠᠨ᠎ᠤ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠭᠠᠵᠠᠷ ᠰᠢᠷᠣᠢ ᠲᠠᠲᠠᠪᠤᠷᠢᠯᠠᠭᠰᠠᠨ ᠲᠥᠯᠥᠪᠦᠷᠢ ᠪᠠ ᠠᠷᠠᠳ᠎ᠢ ᠨᠡᠭᠦᠯᠭᠡᠨ ᠲᠥᠪᠬᠢᠨᠡᠭᠦᠯᠬᠦ ᠳᠦᠷᠢᠮ》᠎ᠤᠨ ᠬᠤᠯᠪᠣᠭᠳᠠᠯ ᠪᠦᠬᠦᠢ ᠲᠣᠭᠲᠠᠭ᠋ᠠᠯ ᠵᠣᠷᠢᠭ ᠰᠠᠨᠠᠭ᠎ᠠ ᠵᠢ ᠴᠢᠩᠭ᠎ᠠ ᠵᠢᠷᠤᠮᠯᠠᠨ᠂ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠦᠨ ᠵᠥᠪᠰᠢᠶᠡᠷᠡᠭᠦᠯᠦᠭᠰᠡᠨ᠎ᠤ ᠳᠠᠷᠠᠭ᠎ᠠ ᠪᠠᠶ᠋ᠢᠭᠤᠯᠵᠤ ᠪᠣᠯᠣᠨ᠎ᠠ᠃
    ᠲᠠᠪᠤ᠂ ᠠᠷᠤᠨ ᠬᠤᠰᠢᠭᠤᠨ᠎ᠤ ᠰᠢᠶᠣᠣ ᠴᠢ ᠽᠢ ᠤᠰᠤᠨ ᠠᠰᠢᠭᠯᠠᠯᠲᠠ ᠵᠢᠨ ᠬᠦᠢ᠍ᠰᠦ ᠪᠠᠷᠢᠯᠭ᠎ᠠ ᠵᠢᠨ ᠤᠰᠤᠨ ᠴᠥᠭᠦᠷᠥᠮ᠎ᠤᠨ ᠲᠦᠯᠬᠢᠯᠲᠡ ᠵᠢᠨ ᠣᠷᠣᠨ ᠵᠢᠴᠢ ᠬᠦᠢ᠍ᠰᠦ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠣᠷᠣᠨ ᠬᠡᠪᠴᠢᠶᠡᠨ᠎ᠳᠠᠬᠢ ᠡᠷᠦᠬᠡ ᠠᠮᠠ ᠵᠢᠨ ᠬᠠᠮᠢᠶᠠᠷᠤᠯᠲᠠ ᠵᠢ ᠴᠢᠩᠭ᠋ᠠᠳᠬᠠᠵᠤ᠂ ᠪᠦᠲᠦᠭᠡᠨ ᠪᠠᠶ᠋ᠢᠭᠤᠯᠤᠯᠲᠠ ᠵᠢᠨ ᠬᠡᠪᠴᠢᠶᠡᠨ᠎ᠳᠤ ᠬᠥᠮᠥᠨ ᠠᠮᠠ ᠨᠡᠭᠦᠯᠭᠡᠨ ᠣᠷᠣᠭᠤᠯᠬᠤ ᠵᠢ ᠴᠢᠩᠭ᠎ᠠ ᠬᠢᠵᠠᠭ᠋ᠠᠷᠯᠠᠬᠤ ᠬᠡᠷᠡᠭᠲᠡᠢ᠃ ᠲᠥᠷᠥᠭᠰᠡᠨ᠂ ᠤᠷᠤᠭᠯᠠᠭᠰᠠᠨ᠂ ᠴᠡᠷᠢᠭ᠎ᠠᠴᠠ ᠬᠠᠯᠠᠭᠳᠠᠭᠰᠠᠳ ᠪᠠ ᠪᠠᠭᠤᠭᠰᠠᠳ᠂ ᠳᠡᠭᠡᠳᠦ ᠳᠤᠮᠳᠠ ᠵᠡᠷᠭᠡ ᠵᠢᠨ ᠲᠤᠰᠬᠠᠢ ᠮᠡᠷᠭᠡᠵᠢᠯ᠎ᠤᠨ ᠰᠤᠷᠭ᠋ᠠᠭᠤᠯᠢ ᠲᠡᠭᠦᠰᠦᠭᠰᠡᠳ᠂ ᠡᠷᠡᠭᠦᠦ ᠵᠢᠨ ᠬᠤᠭᠤᠴᠠᠭ᠎ᠠ᠎ᠨᠢ ᠳᠦᠭᠦᠷᠴᠦ ᠰᠤᠯᠠᠯᠠᠭᠳᠠᠭᠰᠠᠨ ᠬᠥᠮᠥᠰ ᠵᠡᠷᠭᠡ ᠨᠤᠲᠤᠭ᠎ᠲᠤ᠎ᠪᠠᠨ ᠪᠤᠴᠠᠭᠰᠠᠨ ᠬᠥᠮᠥᠰ᠎ᠠᠴᠠ ᠪᠤᠰᠤᠳ᠎ᠲᠤ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠠ ᠬᠠᠮᠢᠶ᠎ᠠ ᠪᠦᠬᠦᠢ ᠰᠠᠯᠠᠭ᠎ᠠ ᠮᠥᠴᠢᠷ᠎ᠨᠢ ᠡᠯ᠎ᠡ ᠲᠥᠷᠥᠯ᠎ᠤᠨ ᠬᠥᠮᠥᠨ ᠠᠮᠠ᠎ᠳᠤ ᠨᠡᠭᠦᠯᠭᠡᠵᠦ ᠣᠷᠣᠭᠤᠯᠬᠤ ᠭᠠᠷᠳᠠᠮ ᠭᠦᠢ᠍ᠴᠡᠳᠬᠡᠵᠦ ᠪᠣᠯᠬᠤ ᠦᠭᠡᠢ᠃
    ᠵᠢᠷᠭᠤᠭ᠎ᠠ᠂ ᠪᠠᠷᠢᠯᠭ᠎ᠠ ᠵᠢᠨ ᠭᠠᠵᠠᠷ ᠰᠢᠷᠣᠢ ᠲᠠᠲᠠᠪᠤᠷᠢᠯᠠᠵᠤ ᠨᠡᠭᠦᠯᠭᠡᠨ ᠰᠢᠯᠵᠢᠭᠦᠯᠬᠦ ᠲᠠᠰᠢᠷᠠᠮ᠎ᠢ ᠠᠰᠢᠭᠯᠠᠨ ᠣᠯᠠᠨ ᠲᠦᠮᠡᠨ᠎ᠢ ᠥᠳᠥᠭᠡᠨ ᠬᠡᠷᠡᠭ ᠭᠠᠷᠭ᠋ᠠᠵᠤ᠂ ᠭᠠᠵᠠᠷ ᠰᠢᠷᠣᠢ ᠲᠠᠲᠠᠪᠤᠷᠢᠯᠠᠵᠤ ᠨᠡᠭᠦᠯᠭᠡᠨ ᠰᠢᠯᠵᠢᠭᠦᠯᠬᠦ ᠠᠵᠢᠯ᠎ᠳᠤ ᠬᠠᠷᠰᠢ ᠰᠠᠭ᠋ᠠᠳ ᠤᠴᠠᠷᠠᠭᠤᠯᠤᠨ᠂ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢ ᠬᠠᠷᠰᠢᠯᠠᠨ ᠨᠥᠯᠥᠭᠡᠯᠡᠬᠦ ᠵᠡᠷᠭᠡ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠨᠢ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠮᠤᠷ᠎ᠢ ᠬᠠᠮᠠᠭ᠋ᠠᠯᠠᠬᠤ ᠬᠠᠮᠢᠶᠠᠷᠤᠯᠲᠠ ᠵᠢᠨ ᠰᠢᠢ᠍ᠳᠬᠡᠨ ᠲᠣᠷᠭ᠋ᠠᠬᠤ ᠬᠠᠤᠯᠢ》 ᠵᠢᠨ ᠲᠣᠭᠲᠠᠭ᠋ᠠᠯ ᠶᠣᠰᠣᠭ᠋ᠠᠷ ᠠᠮᠤᠷ᠎ᠢ ᠬᠠᠮᠠᠭ᠋ᠠᠯᠠᠬᠤ ᠬᠠᠮᠢᠶᠠᠷᠤᠯᠲᠠ ᠵᠢᠨ ᠰᠢᠢ᠍ᠳᠬᠡᠯ ᠲᠣᠷᠭ᠋ᠠᠭᠤᠯᠢ ᠥᠭᠬᠦ ᠬᠡᠷᠡᠭᠲᠡᠢ᠃ ᠶᠠᠯ᠎ᠠ᠎ᠳᠤ ᠬᠦᠷᠦᠭᠰᠡᠨ ᠪᠠᠶ᠋ᠢᠪᠠᠯ᠂ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃
    ᠲᠤᠰ ᠵᠠᠷᠯᠠᠯ᠎ᠢ ᠨᠡᠶ᠋ᠢᠲᠡᠯᠡᠭᠰᠡᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃
   2024 ᠣᠨ᠎ᠤ 4 ᠳ᠋ᠦ᠍ᠭᠡᠷ ᠰᠠᠷ᠎ᠠ ᠵᠢᠨ 7᠎ᠤ ᠡᠳᠦᠷ
   (ᠲᠤᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠵᠠᠰᠠᠭ᠎ᠤᠨ ᠣᠷᠳᠣᠨ᠎ᠤ ᠬᠡᠰᠡᠭ ᠲᠣᠭᠲᠠᠭ᠋ᠠᠯ ᠳᠦᠷᠢᠮ᠎ᠳᠤ ᠵᠠᠰᠠᠪᠤᠷᠢ ᠣᠷᠣᠭᠤᠯᠬᠤ ᠪᠠ ᠬᠦᠴᠦᠨ ᠦᠭᠡᠢ ᠪᠣᠯᠭ᠋ᠠᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭᠲᠠᠭ᠋ᠠᠯ
ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠴᠢᠨᠠᠷ ᠰᠠᠶ᠋ᠢᠲᠠᠢ ᠠᠬᠢᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
《ᠬᠥᠬᠡᠬᠤᠲᠠ ᠵᠢᠨ ᠰᠠᠶ᠋ᠢᠬᠠᠨ ᠲᠣᠭᠤᠷᠢᠭ᠎ᠤᠨ ᠭᠠᠵᠠᠷ ᠰᠢᠷᠣᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠠᠷ ᠨᠡᠭᠡᠭᠡᠨ ᠬᠥᠭᠵᠢᠭᠦᠯᠬᠦ ᠲᠥᠰᠥᠯ (2024 — 2025 ᠣᠨ)》᠎ᠤᠨ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠴᠣᠬᠤᠯᠠᠪᠤᠷᠢ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠢᠯᠭ᠎ᠠ ᠵᠢᠨ ᠬᠦᠷᠢᠶᠡᠨ᠎ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠵᠢ ᠲᠦᠷᠭᠡᠳᠬᠡᠨ ᠠᠬᠢᠭᠤᠯᠬᠤ ᠬᠡᠷᠡᠭᠵᠢᠭᠦᠯᠬᠦ ᠲᠥᠰᠥᠯ
《ᠬᠦᠬᠡᠬᠤᠲᠠ ᠵᠢᠨ ᠬᠤᠲᠣᠩ ᠠᠷᠠᠳ᠎ᠤᠨ ᠲᠣᠭᠤᠷᠢᠭ᠎ᠤᠨ ᠭᠠᠵᠠᠷ ᠰᠢᠷᠣᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠠᠷ ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ ᠵᠢᠨ ᠲᠥᠰᠥᠯ (2022 – 2024 ᠣᠨ)》᠎ᠤᠨ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠴᠣᠬᠤᠯᠠᠪᠤᠷᠢ
 
            