ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠥᠪᠡᠷᠲᠡᠭᠡᠨ ᠵᠠᠰᠠᠬᠤ ᠣᠷᠣᠨ᠎ᠤ 2024 ᠣᠨ᠎ᠤ ᠲᠣᠭᠲᠠᠭᠤᠨ ᠪᠠᠶ᠋ᠢᠯᠭ᠋ᠠᠬᠤ ᠵᠢᠨ ᠳᠠᠭ᠋ᠠᠤ ᠤᠷᠤᠭᠰᠢᠯᠠᠬᠤ ᠤᠷᠤᠭᠰᠢᠯᠠᠨ ᠳᠠᠪᠰᠢᠬᠤ᠎ᠪᠠᠷ ᠲᠣᠭᠲᠠᠭᠤᠨ᠎ᠢ ᠠᠬᠢᠭᠤᠯᠬᠤ ᠵᠢ ᠪᠠᠷᠢᠮᠲᠠᠯᠠᠨ ᠠᠵᠤ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠲᠥᠷᠥ ᠵᠢᠨ ᠪᠣᠳᠣᠯᠭ᠎ᠠ ᠵᠢᠨ ᠲᠣᠳᠣᠷᠬᠠᠢ ᠬᠠᠭᠤᠳᠠᠰᠤ ᠵᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠨᠡᠶᠢᠲᠡᠯᠡᠭᠰᠡᠨ ᠴᠠᠭ᠄ 2024-07-23


    ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ
    ᠠᠷᠠᠳ᠎ᠤᠨ ᠵᠠᠰᠠᠭ᠎ᠤᠨ ᠣᠷᠳᠣᠨ᠎ᠤ ᠪᠢᠴᠢᠭ ᠮᠠᠲ᠋ᠧᠷᠢᠶᠠᠯ
    ᠥᠪᠥᠷ ᠵᠠᠰᠠᠭ ᠲᠠᠷᠬᠠᠭ᠋ᠠᠭᠰᠠᠨ [2024] 6 ᠳ᠋ᠤᠭ᠋ᠠᠷ ᠲᠣᠭ᠋ᠠᠲᠤ
    ᠥᠪᠡᠷᠲᠡᠭᠡᠨ ᠵᠠᠰᠠᠬᠤ ᠣᠷᠣᠨ᠎ᠤ 2024 ᠣᠨ᠎ᠤ ᠲᠣᠭᠲᠠᠭᠤᠨ ᠪᠠᠶ᠋ᠢᠯᠭ᠋ᠠᠬᠤ ᠵᠢᠨ ᠳᠠᠭ᠋ᠠᠤ
    ᠤᠷᠤᠭᠰᠢᠯᠠᠬᠤ ᠤᠷᠤᠭᠰᠢᠯᠠᠨ ᠳᠠᠪᠰᠢᠬᠤ᠎ᠪᠠᠷ ᠲᠣᠭᠲᠠᠭᠤᠨ᠎ᠢ ᠠᠬᠢᠭᠤᠯᠬᠤ ᠵᠢ ᠪᠠᠷᠢᠮᠲᠠᠯᠠᠨ
    ᠠᠵᠤ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠲᠥᠷᠥ ᠵᠢᠨ ᠪᠣᠳᠣᠯᠭ᠎ᠠ ᠵᠢᠨ
    ᠲᠣᠳᠣᠷᠬᠠᠢ ᠬᠠᠭᠤᠳᠠᠰᠤ ᠵᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ
    ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
    ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
   《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 2024 ᠣᠨ᠎ᠤ ᠲᠣᠭᠲᠠᠭᠤᠨ ᠪᠠᠶ᠋ᠢᠯᠭ᠋ᠠᠬᠤ ᠵᠢᠨ ᠳᠠᠭ᠋ᠠᠤ ᠤᠷᠤᠭᠰᠢᠯᠠᠬᠤ ᠤᠷᠤᠭᠰᠢᠯᠠᠨ ᠳᠠᠪᠰᠢᠬᠤ᠎ᠪᠠᠷ ᠲᠣᠭᠲᠠᠭᠤᠨ᠎ᠢ ᠠᠬᠢᠭᠤᠯᠬᠤ ᠵᠢ ᠪᠠᠷᠢᠮᠲᠠᠯᠠᠨ ᠠᠵᠤ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠲᠥᠷᠥ ᠵᠢᠨ ᠪᠣᠳᠣᠯᠭ᠎ᠠ ᠵᠢᠨ ᠲᠣᠳᠣᠷᠬᠠᠢ ᠬᠠᠭᠤᠳᠠᠰᠤ》 ᠵᠢ ᠡᠳᠦᠭᠡ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠨᠠᠶ᠋ᠢᠳᠠᠪᠤᠷᠢᠵᠢᠭᠤᠯᠤᠯᠲᠠ ᠵᠢ ᠬᠢᠨᠠᠮᠠᠭ᠋ᠠᠢ ᠰᠠᠶ᠋ᠢᠲᠤᠷ ᠠᠳᠬᠤᠰᠤᠭ᠋ᠠᠢ᠃ 《ᠥᠪᠡᠷᠲᠡᠭᠡᠨ ᠵᠠᠰᠠᠬᠤ ᠣᠷᠣᠨ᠎ᠤ 2023 ᠣᠨ᠎ᠤ ᠲᠣᠭᠲᠠᠭᠤᠨ ᠪᠠᠶ᠋ᠢᠯᠭ᠋ᠠᠬᠤ ᠵᠢᠨ ᠳᠠᠭ᠋ᠠᠤ ᠲᠦᠷᠭᠡᠨ ᠤᠷᠤᠭᠰᠢᠯᠠᠬᠤ ᠲᠣᠭᠲᠠᠭᠤᠨ ᠪᠠᠶ᠋ᠢᠯᠭ᠋ᠠᠬᠤ ᠵᠢᠨ ᠳᠠᠭ᠋ᠠᠤ ᠰᠢᠯᠢᠳᠡᠭᠵᠢᠨ ᠤᠷᠤᠭᠰᠢᠯᠠᠬᠤ ᠵᠢ ᠪᠠᠷᠢᠮᠲᠠᠯᠠᠨ ᠠᠵᠤ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠲᠥᠷᠥ ᠵᠢᠨ ᠪᠣᠳᠣᠯᠭ᠎ᠠ ᠵᠢᠨ ᠲᠣᠳᠣᠷᠬᠠᠢ ᠬᠠᠭᠤᠳᠠᠰᠤ ᠵᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ》 (ᠥᠪᠥᠷ ᠵᠠᠰᠠᠭ ᠲᠠᠷᠬᠠᠭ᠋ᠠᠭᠰᠠᠨ [2023] 3 ᠳ᠋ᠤᠭ᠋ᠠᠷ ᠲᠣᠭ᠋ᠠᠲᠤ)᠎ᠢ ᠬᠠᠮᠲᠤ᠎ᠳᠤ᠎ᠨᠢ ᠬᠦᠴᠦᠨ ᠦᠭᠡᠢ ᠪᠣᠯᠭ᠋ᠠᠨ᠎ᠠ᠃
   2024 ᠣᠨ᠎ᠤ 1 ᠳ᠋ᠦ᠍ᠭᠡᠷ ᠰᠠᠷ᠎ᠠ ᠵᠢᠨ 21᠎ᠤ ᠡᠳᠦᠷ
   (ᠲᠣᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)
    ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 2024 ᠣᠨ᠎ᠤ ᠲᠣᠭᠲᠠᠭᠤᠨ ᠪᠠᠶ᠋ᠢᠯᠭ᠋ᠠᠬᠤ ᠵᠢᠨ
    ᠳᠠᠭ᠋ᠠᠤ ᠤᠷᠤᠭᠰᠢᠯᠠᠬᠤ ᠤᠷᠤᠭᠰᠢᠯᠠᠨ ᠳᠠᠪᠰᠢᠬᠤ᠎ᠪᠠᠷ ᠲᠣᠭᠲᠠᠭᠤᠨ᠎ᠢ ᠠᠬᠢᠭᠤᠯᠬᠤ ᠵᠢ ᠪᠠᠷᠢᠮᠲᠠᠯᠠᠨ ᠠᠵᠤ
    ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠲᠥᠷᠥ ᠵᠢᠨ ᠪᠣᠳᠣᠯᠭ᠎ᠠ ᠵᠢᠨ ᠲᠣᠳᠣᠷᠬᠠᠢ ᠬᠠᠭᠤᠳᠠᠰᠤ
    ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠲᠣᠭᠲᠠᠭᠤᠨ ᠪᠠᠶ᠋ᠢᠯᠭ᠋ᠠᠬᠤ ᠵᠢᠨ ᠳᠠᠭ᠋ᠠᠤ ᠤᠷᠤᠭᠰᠢᠯᠠᠬᠤ᠂ ᠤᠷᠤᠭᠰᠢᠯᠠᠨ ᠳᠠᠪᠰᠢᠬᠤ᠎ᠪᠠᠷ ᠲᠣᠭᠲᠠᠭᠤᠨ᠎ᠢ ᠠᠬᠢᠭᠤᠯᠬᠤ ᠵᠢ ᠪᠠᠷᠢᠮᠲᠠᠯᠠᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠤᠣᠯ ᠰᠢᠵᠢᠮ ᠪᠣᠯᠭ᠋ᠠᠵᠤ᠂ 《ᠬᠤᠶᠠᠷ ᠶᠡᠭᠡ ᠶᠠᠪᠤᠳᠠᠯ》᠎ᠳᠤ ᠠᠩᠬᠠᠷᠤᠯ ᠵᠶ᠋ᠠᠨ ᠬᠠᠨᠳᠤᠭᠤᠯᠤᠨ ᠬᠦᠴᠦ᠎ᠪᠠᠨ ᠲᠥᠪᠯᠡᠷᠡᠭᠦᠯᠵᠦ ᠪᠠᠶ᠋ᠢᠭ᠋ᠠᠳ ᠰᠠᠶ᠋ᠢᠲᠤᠷ ᠬᠢᠵᠦ᠂ 《ᠥᠪᠥᠷ ᠮᠣᠩᠭᠤᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠲᠤᠬᠠᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠰᠠᠨᠠᠯ》 (ᠲᠦᠷᠦ ᠲᠠᠷᠬᠠᠭ᠋ᠠᠭᠰᠠᠨ [2023] 16 ᠳ᠋ᠤᠭ᠋ᠠᠷ ᠲᠣᠭ᠋ᠠᠲᠤ)᠎ᠤᠨ ᠵᠣᠷᠢᠭ ᠰᠠᠨᠠᠭ᠎ᠠ ᠵᠢ ᠬᠢᠨᠠᠮᠠᠭ᠋ᠠᠢ ᠨᠠᠶ᠋ᠢᠳᠠᠪᠤᠷᠢᠵᠢᠭᠤᠯᠤᠨ᠂ ᠠᠵᠤ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠵᠤ᠂ ᠳᠣᠣᠷᠠᠬᠢ ᠮᠡᠲᠦ ᠲᠦᠷᠦ ᠵᠢᠨ ᠪᠣᠳᠣᠯᠭ᠎ᠠ ᠵᠢᠨ ᠲᠣᠳᠣᠷᠬᠠᠢ ᠬᠠᠭᠤᠳᠠᠰᠤ ᠵᠢ ᠳᠤᠷᠠᠳᠪᠠ᠃
    ᠨᠢᠭᠡ᠂ ᠲᠠᠷᠢᠶᠠᠯᠠᠩ ᠮᠠᠯ ᠠᠵᠤ ᠠᠬᠤᠢ ᠵᠢᠨ ᠣᠳᠣᠬᠢᠴᠢᠯᠠᠯᠲᠠ ᠵᠢ ᠠᠬᠢᠭᠤᠯᠤᠨ᠎ᠠ
   (ᠨᠢᠭᠡ) ᠠᠮᠤ ᠪᠤᠳᠠᠭ᠋ᠠᠨ᠎ᠤ ᠶᠡᠷᠦᠩᠬᠡᠶ᠋ᠢᠯᠡᠭᠰᠡᠨ ᠦᠢ᠍ᠯᠡᠳᠪᠦᠷᠢᠯᠡᠯ᠎ᠤᠨ ᠴᠢᠳᠠᠪᠤᠷᠢ ᠵᠢ ᠴᠢᠩᠭ᠋ᠠᠳᠬᠠᠨ᠎ᠠ᠃
   1. ᠠᠮᠤ ᠪᠤᠳᠠᠭ᠎ᠠ ᠢᠳᠡᠰᠢᠨ ᠲᠣᠰᠣ ᠵᠡᠷᠭᠡ ᠭᠤᠣᠯ ᠪᠣᠯᠬᠤ ᠲᠠᠷᠢᠮᠠᠯ᠎ᠤᠨ ᠨᠢᠭᠡᠴᠢ ᠵᠢᠨ ᠤᠨᠠᠯᠲᠠ ᠵᠢ ᠶᠡᠭᠡ ᠬᠡᠪᠴᠢᠶ᠎ᠡ᠎ᠪᠠᠷ ᠳᠡᠭᠡᠭᠰᠢᠯᠡᠭᠦᠯᠬᠦ ᠠᠵᠢᠯᠯᠠᠭ᠋ᠠᠨ᠎ᠢ ᠬᠡᠷᠡᠭᠵᠢᠭᠦᠯᠵᠦ᠂ ᠠᠮᠤ ᠪᠤᠳᠠᠭ᠎ᠠ ᠢᠳᠡᠰᠢᠨ ᠲᠣᠰᠣ ᠳᠠᠷᠢᠬᠤ ᠲᠠᠯᠠᠪᠠᠶ ᠵᠢ ᠲᠣᠭᠲᠠᠪᠤᠷᠢᠵᠢᠭᠤᠯᠤᠨ᠂ ᠨᠢᠭᠡᠴᠢ ᠵᠢᠨ ᠤᠨᠠᠯᠲᠠ ᠵᠢᠨ ᠬᠢᠷᠢ ᠬᠡᠮᠵᠢᠶ᠎ᠡ ᠵᠢ ᠬᠦᠴᠦᠯᠡᠨ ᠳᠡᠭᠡᠭᠰᠢᠯᠡᠭᠦᠯᠵᠦ᠂ ᠣᠨᠴᠠᠯᠢᠭᠲᠤ ᠲᠠᠷᠢᠮᠠᠯ᠎ᠤᠨ ᠤᠨᠠᠯᠲᠠ ᠵᠢᠴᠢ ᠦᠷ᠎ᠡ ᠠᠰᠢᠭ᠎ᠢ ᠳᠡᠭᠡᠭᠰᠢᠯᠡᠭᠦᠯᠦᠨ᠂ ᠠᠮᠤ ᠪᠤᠳᠠᠭ᠎ᠠ ᠪᠠ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ᠎ᠢ ᠲᠣᠭᠲᠠᠭᠤᠨ ᠪᠥᠭᠡᠳ ᠠᠮᠤᠷ ᠲᠦᠪᠰᠢᠨ ᠵᠶ᠋ᠠᠷ ᠬᠠᠩᠭ᠋ᠠᠬᠤ ᠴᠢᠳᠠᠪᠤᠷᠢ᠎ᠪᠠᠨ ᠤᠯᠠᠮ ᠨᠢᠭᠡ ᠠᠯᠬᠤᠮ ᠨᠡᠮᠡᠭᠳᠡᠭᠦᠯᠦᠨ᠎ᠡ᠃ [ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠂ ᠡᠳ᠋᠎ᠤᠨ ᠵᠠᠰᠠᠭ᠎ᠤᠨ ᠲᠢᠩᠬᠢᠮ]
   2. ᠲᠠᠷᠢᠶᠠᠯᠠᠬᠤ ᠭᠠᠵᠠᠷ᠎ᠤᠨ ᠬᠠᠮᠠᠭ᠋ᠠᠯᠠᠯᠲᠠ ᠪᠠ ᠪᠦᠲᠦᠭᠡᠨ ᠪᠠᠶ᠋ᠢᠭᠤᠯᠤᠯᠲᠠ ᠵᠢᠨ ᠠᠵᠢᠯᠯᠠᠭ᠋ᠠᠨ᠎ᠢ ᠬᠡᠷᠡᠭᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ 710 ᠲᠦᠮᠡᠨ ᠮᠦ᠍᠎ᠠᠴᠠ ᠳᠡᠭᠡᠭᠰᠢ ᠣᠯᠬᠤ᠎ᠪᠠᠷ ᠢᠳᠡᠪᠬᠢᠯᠡᠨ ᠴᠢᠷᠮᠠᠶ᠋ᠢᠨ᠎ᠠ᠃ ᠬᠠᠷ᠎ᠠ ᠬᠥᠷᠥᠰᠥᠲᠦ ᠭᠠᠵᠠᠷ᠎ᠤᠨ ᠬᠠᠮᠠᠭ᠋ᠠᠯᠠᠯᠲᠠ ᠵᠢᠨ ᠴᠢᠨᠠᠷᠲᠠᠢ ᠲᠠᠷᠢᠶᠠᠯᠠᠭ᠎ᠠ ᠵᠢ ᠠᠬᠢᠭᠤᠯᠬᠤ ᠠᠵᠢᠯᠯᠠᠭ᠋ᠠᠨ᠎ᠢ ᠬᠡᠷᠡᠭᠵᠢᠭᠦᠯᠵᠦ᠂ ᠬᠥᠯᠥᠨ ᠪᠤᠶ᠋ᠢᠷ ᠬᠤᠲᠠ᠂ ᠬᠢᠩᠭ᠋ᠠᠨ ᠠᠶ᠋ᠢᠮᠠᠭ᠂ ᠲᠦᠩᠯᠢᠶᠣᠣ ᠬᠤᠲᠠ᠂ ᠤᠯᠠᠭ᠋ᠠᠨᠬᠠᠳᠠ ᠬᠤᠲᠠ ᠵᠢᠨ᠎ᠬᠢᠨ 2130 ᠲᠦᠮᠡᠨ ᠮᠦ᠍ ᠬᠠᠷ᠎ᠠ ᠬᠥᠷᠥᠰᠥᠲᠦ ᠭᠠᠵᠠᠷ᠎ᠤᠨ ᠬᠠᠮᠠᠭ᠋ᠠᠯᠠᠯᠲᠠ ᠵᠢᠨ ᠴᠢᠨᠠᠷᠲᠠᠢ ᠲᠠᠷᠢᠶᠠᠯᠠᠭ᠎ᠠ ᠵᠢ ᠬᠡᠷᠡᠭᠵᠢᠭᠦᠯᠬᠦ ᠵᠢ᠎ᠨᠢ ᠳᠡᠮᠵᠢᠨ᠎ᠡ᠃ [ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ]
   3. ᠤᠯᠤᠰ᠎ᠤᠨ ᠬᠤᠵᠢᠷᠯᠢᠭ ᠭᠠᠵᠠᠷ ᠵᠡᠷᠭᠡ ᠲᠠᠷᠢᠶᠠᠯᠠᠬᠤ ᠭᠠᠵᠠᠷ᠎ᠤᠨ ᠨᠥᠭᠡᠴᠡ ᠡᠬᠢ ᠪᠠᠶᠠᠯᠢᠭ᠎ᠢ ᠶᠡᠷᠦᠩᠬᠡᠶ᠋ᠢᠯᠡᠨ ᠠᠰᠢᠭᠯᠠᠬᠤ ᠲᠤᠷᠰᠢᠯᠲᠠ ᠵᠢ ᠥᠷᠨᠢᠭᠦᠯᠵᠦ᠂ ᠬᠤᠵᠢᠷᠯᠢᠭ ᠭᠠᠵᠠᠷ᠎ᠢ ᠠᠯᠬᠤᠮ ᠠᠯᠬᠤᠮ ᠵᠶ᠋ᠠᠷ ᠨᠡᠭᠡᠭᠡᠨ ᠠᠰᠢᠭᠯᠠᠵᠤ᠂ ᠬᠤᠵᠢᠷᠰᠢᠭᠰᠠᠨ ᠲᠠᠷᠢᠶᠠᠯᠠᠬᠤ ᠭᠠᠵᠠᠷ᠎ᠢ ᠶᠡᠷᠦᠩᠬᠡᠶ᠋ᠢᠯᠡᠨ ᠠᠰᠢᠭᠯᠠᠬᠤ ᠵᠢ ᠴᠢᠩᠭ᠋ᠠᠳᠬᠠᠨ᠂ ᠬᠤᠵᠢᠷᠰᠢᠭᠰᠠᠨ ᠲᠠᠷᠢᠶᠠᠯᠠᠬᠤ ᠭᠠᠵᠠᠷ᠎ᠲᠤ ᠤᠰᠤᠨ ᠲᠤᠲᠤᠷᠭ᠎ᠠ᠂ ᠰᠢᠰᠢ ᠵᠡᠷᠭᠡ ᠳᠠᠪᠤᠰᠤᠨ᠎ᠳᠤ ᠳᠠᠭ᠋ᠠᠭ᠋ᠠᠮᠠᠭ᠋ᠠᠢ ᠲᠠᠷᠢᠮᠠᠯ ᠲᠠᠷᠢᠬᠤ ᠵᠢ ᠳᠡᠯᠭᠡᠷᠡᠭᠦᠯᠦᠨ᠎ᠡ᠃ [ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ]
   (ᠬᠤᠶᠠᠷ) ᠦᠷ᠎ᠡ ᠡᠭᠦᠯᠳᠡᠷ᠎ᠤᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠠᠵᠢᠯᠯᠠᠭ᠋ᠠᠨ᠎ᠢ ᠬᠡᠷᠡᠭᠵᠢᠭᠦᠯᠦᠨ᠎ᠡ᠃
   4. 1.4 ᠳ᠋ᠦᠩᠰᠢᠭᠤᠷ ᠲᠥᠭᠦᠷᠢᠭ ᠲᠣᠬᠢᠷᠠᠭᠤᠯᠵᠤ ᠪᠠᠶ᠋ᠢᠭ᠋ᠠᠳ ᠥᠪᠡᠷᠲᠡᠭᠡᠨ ᠵᠠᠰᠠᠬᠤ ᠣᠷᠣᠨ᠎ᠤ ᠦᠷ᠎ᠡ ᠡᠭᠦᠯᠳᠡᠷ᠎ᠤᠨ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠳᠡᠮᠵᠢᠨ᠎ᠡ᠃ [ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ]
   5. ᠦᠷ᠎ᠡ ᠡᠭᠦᠯᠳᠡᠷ᠎ᠤᠨ ᠦᠢ᠍ᠯᠡᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠬᠤᠯᠠ ᠶᠡᠭᠡ ᠵᠢᠱ᠌ᠢᠶ᠎ᠡ ᠦᠵᠡᠭᠦᠯᠬᠦ ᠢᠨᠵᠧᠨᠧᠷᠢᠩ᠎ᠢ ᠥᠷᠨᠢᠭᠦᠯᠦᠨ᠎ᠡ᠃ 《5+N》᠎ᠤᠨ ᠶᠡᠷᠦᠩᠬᠡᠢ ᠪᠠᠶ᠋ᠢᠷᠢᠰᠢᠭᠤᠯᠤᠯᠲᠠ ᠶᠣᠰᠣᠭ᠋ᠠᠷ᠂ ᠡᠪᠡᠰᠦᠨ᠎ᠤ ᠦᠢ᠍ᠯᠡᠰ᠂ ᠰᠠᠭ᠋ᠠᠯᠢ ᠵᠢᠨ ᠦᠨᠢᠶ᠎ᠡ᠂ ᠠᠯᠠᠰᠢᠨ ᠦᠬᠡᠷ᠂ ᠠᠯᠠᠰᠢᠨ ᠬᠤᠨᠢ᠂ ᠲᠥᠮᠥᠰᠥ ᠵᠡᠷᠭᠡ 5 ᠳᠠᠪᠠᠭᠤᠯᠢᠭᠲᠤ ᠬᠦᠷᠢᠶ᠎ᠡ ᠴᠠᠷᠠᠭ᠎ᠠ ᠪᠠ ᠡᠯᠳᠡᠪ ᠠᠮᠤ᠂ ᠢᠳᠡᠰᠢᠨ ᠨᠣᠭᠤᠭ᠎ᠠ᠂ ᠨᠡᠷᠡᠨ ᠬᠤᠸᠠᠷ᠂ ᠰᠢᠬᠢᠷ ᠯᠤᠤᠪᠠᠩ ᠵᠡᠷᠭᠡ ᠣᠯᠠᠨ ᠭᠤᠣᠯᠳᠠᠯᠭ᠋ᠠᠲᠤ ᠬᠦᠷᠢᠶ᠎ᠡ ᠴᠠᠷᠠᠭ᠋ᠠᠨ᠎ᠳᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠬᠤᠯᠠ ᠶᠡᠭᠡ ᠵᠢᠱ᠌ᠢᠶ᠎ᠡ ᠦᠵᠡᠭᠦᠯᠬᠦ ᠢᠨᠵᠧᠨᠧᠷᠢᠩ᠂ ᠴᠢᠬᠤᠯᠠ ᠶᠡᠭᠡ ᠲᠤᠰᠬᠠᠢ ᠵᠦᠢ᠍ᠯ ᠵᠶ᠋ᠠᠷ ᠳᠡᠮᠵᠢᠬᠦ ᠵᠢ ᠦᠷᠭᠦᠯᠵᠢᠯᠡᠨ ᠴᠢᠩᠭ᠋ᠠᠳᠬᠠᠵᠤ᠂ ᠮᠢᠺᠷᠣᠪ᠂ ᠣᠨᠴᠠᠯᠢᠭᠲᠤ ᠮᠠᠯ ᠵᠢᠭᠦᠷᠲᠡᠨ᠂ ᠲᠠᠷᠢᠮᠠᠯ ᠵᠡᠷᠭᠡ ᠵᠢᠨ ᠦᠷ᠎ᠡ ᠡᠭᠦᠯᠳᠡᠷ᠎ᠤᠨ ᠦᠢ᠍ᠯᠡᠰ᠎ᠤᠨ ᠬᠦᠷᠢᠶ᠎ᠡ ᠴᠠᠷᠠᠭ᠋ᠠᠨ᠎ᠳᠠᠬᠢ ᠰᠤᠳᠤᠯᠭ᠋ᠠᠨ᠎ᠤ ᠴᠢᠭᠯᠡᠯ᠎ᠢ ᠨᠡᠮᠡᠭᠳᠡᠭᠦᠯᠦᠨ᠎ᠡ᠃ [ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠂ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ]
   6. ᠴᠢᠨᠠᠷᠯᠢᠭ ᠰᠠᠶ᠋ᠢᠨ ᠦᠷ᠎ᠡ ᠡᠭᠦᠯᠳᠡᠷ᠎ᠤᠨ ᠱᠠᠩᠨᠠᠬᠤ ᠲᠣᠭᠲᠠᠴᠠ ᠵᠢ ᠪᠠᠶ᠋ᠢᠭᠤᠯᠵᠤ᠂ ᠪᠡᠶ᠎ᠡ᠎ᠪᠠᠨ ᠳᠠᠭ᠋ᠠᠭ᠋ᠠᠭᠰᠠᠨ ᠮᠡᠳᠡᠯᠭᠡ ᠵᠢᠨ ᠦᠮᠴᠢᠯᠡᠯ᠎ᠤᠨ ᠡᠷᠬᠡ ᠪᠠᠶ᠋ᠢᠭ᠎ᠠ ᠲᠥᠮᠥᠰᠥ ᠵᠢᠨ ᠴᠢᠨᠠᠷ ᠰᠠᠶ᠋ᠢᠲᠠᠢ ᠰᠢᠨ᠎ᠡ ᠦᠷ᠎ᠡ ᠡᠭᠦᠯᠳᠡᠷ᠎ᠲᠤ᠂ ᠵᠢᠯ᠎ᠳᠤ ᠳᠡᠯᠭᠡᠷᠡᠭᠦᠯᠦᠭᠰᠡᠨ ᠲᠠᠯᠠᠪᠠᠶ᠎ᠨᠢ 10 ᠲᠦᠮᠡᠨ ᠮᠦ᠍᠎ᠠᠴᠠ ᠳᠡᠭᠡᠭᠰᠢ ᠪᠠᠶ᠋ᠢᠪᠠᠯ ᠨᠢᠭᠡ ᠯᠡ ᠤᠳᠠᠭ᠎ᠠ᠎ᠳᠤ 500 ᠲᠦᠮᠡᠨ ᠲᠥᠭᠦᠷᠢᠭ ᠱᠠᠩᠨᠠᠵᠤ ᠨᠥᠬᠦᠪᠥᠷᠢᠯᠡᠨ᠎ᠡ ; ᠵᠢᠯ᠎ᠳᠤ ᠳᠡᠯᠭᠡᠷᠡᠭᠦᠯᠦᠭᠰᠡᠨ ᠲᠠᠯᠠᠪᠠᠶ᠎ᠨᠢ 30 ᠲᠦᠮᠡᠨ ᠮᠦ᠍᠎ᠠᠴᠠ ᠳᠡᠭᠡᠭᠰᠢ ᠪᠠᠶ᠋ᠢᠪᠠᠯ ᠨᠢᠭᠡ ᠯᠡ ᠤᠳᠠᠭ᠎ᠠ᠎ᠳᠤ 1000 ᠲᠦᠮᠡᠨ ᠲᠥᠭᠦᠷᠢᠭ ᠱᠠᠩᠨᠠᠵᠤ ᠨᠥᠬᠦᠪᠦᠷᠢᠯᠡᠨ᠎ᠡ᠃ ᠤᠯᠤᠰ᠎ᠤᠨ ᠬᠢᠨᠠᠨ ᠲᠣᠭᠲᠠᠭ᠋ᠠᠯᠲᠠ᠎ᠪᠠᠷ ᠪᠠᠲᠤᠯᠠᠭᠳᠠᠭᠰᠠᠨ ᠡᠷᠳᠡᠨᠢ ᠰᠢᠰᠢ᠂ ᠰᠢᠷ᠎ᠠ ᠪᠤᠷᠴᠠᠭ ᠵᠡᠷᠭᠡ ᠡᠭᠦᠯᠳᠡᠷ ᠲᠦᠷᠦᠯ ᠪᠣᠯ ᠵᠦᠢ᠍ᠯ ᠪᠦᠷᠢ᠎ᠳᠤ ᠨᠢᠭᠡ ᠯᠡ ᠤᠳᠠᠭ᠎ᠠ᠎ᠳᠤ 10 ᠲᠦᠮᠡᠨ ᠲᠥᠭᠦᠷᠢᠭ ᠱᠠᠩᠨᠠᠨ᠎ᠠ᠃ [ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠂ ᠡᠳ᠋᠎ᠤᠨ ᠵᠠᠰᠠᠭ᠎ᠤᠨ ᠲᠢᠩᠬᠢᠮ]
   (ᠭᠤᠷᠪᠠ) ᠰᠦ ᠰᠠᠭ᠋ᠠᠯᠢ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠠᠵᠢᠯᠯᠠᠭ᠋ᠠᠨ᠎ᠢ ᠬᠡᠷᠡᠭᠵᠢᠭᠦᠯᠦᠨ᠎ᠡ᠃
   7. ᠴᠢᠨᠠᠷ ᠰᠠᠶ᠋ᠢᠲᠠᠢ ᠰᠦ ᠵᠢᠨ ᠢᠷᠡᠯᠲᠡ ᠵᠢᠨ ᠬᠠᠩᠭ᠋ᠠᠯᠭ᠎ᠠ ᠵᠢ ᠲᠣᠭᠲᠠᠪᠤᠷᠢᠵᠢᠭᠤᠯᠵᠤ᠂ ᠨᠥᠬᠦᠴᠡᠯ᠎ᠳᠤ ᠨᠡᠶ᠋ᠢᠴᠡᠬᠦ ᠰᠢᠨ᠎ᠡ᠎ᠪᠠᠷ ᠪᠠᠶ᠋ᠢᠭᠤᠯᠤᠭᠰᠠᠨ᠂ ᠥᠭᠡᠷᠡᠴᠢᠯᠡᠵᠦ ᠥᠷᠭᠡᠳᠬᠡᠨ ᠪᠠᠶ᠋ᠢᠭᠤᠯᠤᠭᠰᠠᠨ ᠰᠠᠭ᠋ᠠᠯᠢ ᠵᠢᠨ ᠮᠠᠯ᠎ᠤᠨ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠢ᠎ᠳᠤ ᠵᠣᠬᠢᠬᠤ ᠨᠡᠮᠡᠭᠦᠷᠢ ᠣᠯᠭᠤᠨ᠎ᠠ᠃ ᠰᠦ ᠰᠠᠭ᠋ᠠᠯᠢ ᠵᠢᠨ ᠦᠢ᠍ᠯᠡᠰ᠎ᠤᠨ ᠦᠢ᠍ᠯᠡᠳᠪᠦᠷᠢᠯᠡᠯ᠎ᠤᠨ ᠴᠢᠳᠠᠪᠤᠷᠢ ᠵᠢ ᠰᠢᠶᠠᠨ ᠳᠠᠶᠠᠭ᠋ᠠᠷ᠎ᠨᠢ ᠠᠬᠢᠭᠤᠯᠬᠤ ᠲᠥᠷᠥᠯ ᠵᠦᠢ᠍ᠯ᠎ᠳᠤ ᠰᠣᠩᠭᠤᠭᠳᠠᠭᠰᠠᠨ 100 — 3000 ᠰᠠᠭ᠋ᠠᠯᠢ ᠵᠢᠨ ᠮᠠᠯ᠎ᠤᠨ ᠬᠡᠪᠴᠢᠶ᠎ᠡ᠎ᠲᠠᠢ ᠲᠡᠵᠢᠭᠡᠨ ᠦᠷᠡᠵᠢᠭᠦᠯᠬᠦ ᠲᠠᠯᠠᠪᠠᠶ᠎ᠳᠤ ᠮᠠᠯ ᠪᠡᠯᠴᠢᠭᠡᠷ᠎ᠢ ᠢᠵᠢ ᠪᠦᠷᠢᠳᠦᠭᠦᠯᠬᠦ᠂ ᠣᠶᠤᠨᠯᠢᠭ ᠮᠠᠯᠵᠢᠯ᠎ᠤᠨ ᠲᠠᠯᠠᠪᠠᠶ᠂ ᠲᠡᠵᠢᠭᠡᠨ ᠦᠷᠡᠵᠢᠭᠦᠯᠬᠦ ᠪᠠ ᠡᠳ᠋ᠰᠢᠭᠦᠯᠬᠦ ᠵᠢ ᠨᠢᠭᠡ ᠴᠣᠭᠴᠠᠵᠢᠭᠤᠯᠬᠤ ᠲᠤᠷᠰᠢᠯᠲᠠ ᠵᠢᠨ ᠴᠡᠭ ᠵᠡᠷᠭᠡ ᠲᠠᠯ᠎ᠠ᠎ᠪᠠᠷ ᠨᠡᠮᠡᠭᠦᠷᠢ ᠣᠯᠭᠤᠨ᠎ᠠ᠃ [ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠂ ᠡᠳ᠋᠎ᠤᠨ ᠵᠠᠰᠠᠭ᠎ᠤᠨ ᠲᠢᠩᠬᠢᠮ]
   8. ᠴᠢᠨᠠᠷ ᠰᠠᠶ᠋ᠢᠲᠠᠢ ᠡᠭᠦᠯᠳᠡᠷ᠎ᠤᠨ ᠢᠷᠡᠯᠲᠡ ᠪᠣᠶ᠋ᠢᠵᠢᠭᠤᠯᠬᠤ ᠵᠢ ᠳᠡᠮᠵᠢᠵᠦ᠂ ᠡᠭᠦᠯᠳᠡᠷ ᠪᠣᠶ᠋ᠢᠵᠢᠭᠤᠯᠬᠤ ᠴᠢᠳᠠᠪᠤᠷᠢ ᠵᠢᠨ ᠦᠨᠡᠯᠡᠯᠲᠡ ᠵᠢᠨ ᠳᠡᠰ᠎ᠨᠢ ᠰᠠᠶ᠋ᠢᠨ᠎ᠠᠴᠠ ᠳᠡᠭᠡᠭᠰᠢ᠎ᠳᠤ ᠬᠦᠷᠦᠭᠰᠡᠨ ᠰᠠᠭ᠋ᠠᠯᠢ ᠵᠢᠨ ᠦᠨᠢᠶ᠎ᠡ ᠵᠢᠨ ᠡᠭᠦᠯᠳᠡᠷ ᠪᠣᠶ᠋ᠢᠵᠢᠭᠤᠯᠬᠤ ᠠᠵᠤ ᠠᠬᠤᠶ᠋ᠢᠯᠠᠯ᠎ᠳᠤ 100 ᠲᠦᠮᠡᠨ ᠲᠥᠭᠦᠷᠢᠭ᠎ᠤᠨ ᠰᠠᠭᠤᠷᠢᠯᠠᠬᠤ ᠴᠢᠨᠠᠷᠲᠠᠢ ᠱᠠᠩᠨᠠᠯ ᠣᠯᠭᠤᠬᠤ ᠵᠢᠨ ᠬᠠᠮᠲᠤ ᠡᠭᠦᠯᠳᠡᠷ᠎ᠤᠨ ᠪᠤᠬ᠎ᠠ ᠵᠢᠨ ᠵᠢᠯ ᠪᠦᠷᠢ ᠵᠢᠨ ᠨᠡᠷᠡᠰ᠎ᠤᠨ ᠵᠢᠭᠰᠠᠭ᠋ᠠᠯᠲᠠ ᠵᠢᠨ ᠦᠷ᠎ᠡ ᠳ᠋ᠦᠩ᠎ᠢ᠎ᠨᠢ ᠦᠨᠳᠦᠰᠦᠯᠡᠨ᠂ ᠡᠭᠦᠯᠳᠡᠷ ᠪᠣᠶ᠋ᠢᠵᠢᠭᠤᠯᠬᠤ ᠠᠵᠤ ᠠᠬᠤᠶ᠋ᠢᠯᠠᠯ᠎ᠳᠤ ᠱᠠᠩᠨᠠᠯ ᠣᠯᠭᠤᠨ᠎ᠠ ; ᠰᠢᠨ᠎ᠡ᠎ᠪᠠᠷ ᠡᠭᠦᠳᠦᠨ ᠪᠠᠶ᠋ᠢᠭᠤᠯᠤᠭᠰᠠᠨ ᠤᠯᠤᠰ᠎ᠤᠨ ᠲᠠᠰ᠎ᠤᠨ ᠰᠠᠭ᠋ᠠᠯᠢ ᠵᠢᠨ ᠦᠨᠢᠶ᠎ᠡ᠂ ᠰᠠᠭ᠋ᠠᠯᠢ ᠵᠢᠨ ᠢᠮᠠᠭ᠋ᠠᠨ᠎ᠤ ᠭᠤᠣᠯᠯᠠᠭᠴᠢ ᠡᠭᠦᠯᠳᠡᠷ ᠪᠣᠶ᠋ᠢᠵᠢᠭᠤᠯᠬᠤ ᠲᠠᠯᠠᠪᠠᠶ ᠵᠢ ᠨᠢᠭᠡ ᠯᠡ ᠤᠳᠠᠭ᠎ᠠ᠎ᠳᠤ 300 ᠲᠦᠮᠡᠨ ᠲᠥᠭᠦᠷᠢᠭ ᠵᠶ᠋ᠠᠷ ᠱᠠᠩᠨᠠᠵᠤ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠭᠤᠣᠯᠯᠠᠭᠴᠢ ᠡᠭᠦᠯᠳᠡᠷ ᠪᠣᠶ᠋ᠢᠵᠢᠭᠤᠯᠬᠤ ᠲᠠᠯᠠᠪᠠᠶ ᠵᠢ ᠨᠢᠭᠡ ᠯᠡ ᠤᠳᠠᠭ᠎ᠠ᠎ᠳᠤ 200 ᠲᠦᠮᠡᠨ ᠲᠥᠭᠦᠷᠢᠭ ᠵᠶ᠋ᠠᠷ ᠱᠠᠩᠨᠠᠨ᠎ᠠ᠃ ᠰᠠᠶ᠋ᠢᠨ ᠡᠭᠦᠯᠳᠡᠷ᠎ᠢ ᠦᠷᠡᠵᠢᠭᠦᠯᠦᠨ ᠪᠣᠶ᠋ᠢᠵᠢᠭᠤᠯᠬᠤ ᠮᠡᠷᠭᠡᠵᠢᠯ᠎ᠢ ᠳᠡᠯᠭᠡᠷᠡᠭᠦᠯᠵᠦ᠂ ᠰᠠᠭ᠋ᠠᠯᠢ ᠵᠢᠨ ᠦᠨᠢᠶᠡᠨ᠎ᠤ ᠬᠦᠢ᠍ᠰᠦ ᠵᠢᠨ ᠢᠯᠭ᠋ᠠᠯ ᠪᠦᠬᠦᠢ ᠬᠦᠪᠦᠷᠡᠯ᠎ᠢ ᠬᠡᠷᠡᠭᠯᠡᠨ᠂ ᠴᠢᠨᠰᠠᠭ᠎ᠠ ᠵᠢᠨ ᠢᠯᠡᠳᠬᠡᠭᠴᠢ ᠵᠢ᠎ᠨᠢ ᠦᠨᠳᠦᠰᠦᠯᠡᠨ ᠲᠠᠰ ᠬᠤᠪᠢᠶᠠᠨ ᠨᠡᠮᠡᠭᠦᠷᠢ ᠣᠯᠭᠤᠨ᠎ᠠ᠂ ᠰᠠᠭ᠋ᠠᠯᠢ ᠵᠢᠨ ᠦᠨᠢᠶᠡᠨ᠎ᠤ ᠬᠦᠢ᠍ᠰᠦ ᠵᠢᠨ ᠢᠯᠭ᠋ᠠᠯ ᠪᠦᠬᠦᠢ ᠢᠴᠡᠭᠡᠯ ᠦᠷ᠎ᠡ ᠵᠢ ᠬᠡᠷᠡᠭᠯᠡᠭᠰᠡᠨ ᠪᠠᠶ᠋ᠢᠪᠠᠯ ᠲᠣᠯᠣᠭ᠋ᠠᠢ ᠪᠦᠷᠢ᠎ᠳᠤ 120 ᠲᠥᠭᠦᠷᠢᠭ᠎ᠤᠨ ᠨᠡᠮᠡᠭᠦᠷᠢ ᠣᠯᠭᠤᠵᠤ᠂ ᠰᠠᠭ᠋ᠠᠯᠢ ᠵᠢᠨ ᠢᠮᠠᠭ᠋ᠠᠨ᠎ᠤ ᠢᠴᠡᠭᠡᠯ ᠦᠷ᠎ᠡ ᠵᠢ ᠬᠡᠷᠡᠭᠯᠡᠭᠰᠡᠨ ᠪᠠᠶ᠋ᠢᠪᠠᠯ ᠲᠣᠯᠣᠭ᠋ᠠᠢ ᠪᠦᠷᠢ᠎ᠳᠤ 60 ᠲᠥᠭᠦᠷᠢᠭ᠎ᠤᠨ ᠨᠡᠮᠡᠭᠦᠷᠢ ᠣᠯᠭᠤᠨ᠎ᠠ᠃ [ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠂ ᠡᠳ᠋᠎ᠤᠨ ᠵᠠᠰᠠᠭ᠎ᠤᠨ ᠲᠢᠩᠬᠢᠮ]
   9. ᠲᠡᠵᠢᠭᠡᠯ ᠡᠪᠡᠰᠦ ᠬᠤᠷᠢᠶᠠᠨ ᠨᠥᠭᠡᠴᠡᠯᠡᠬᠦ᠎ᠳᠤ ᠨᠡᠮᠡᠭᠦᠷᠢ ᠣᠯᠭᠤᠬᠤ ᠡᠷᠴᠢᠮ ᠵᠶ᠋ᠠᠨ ᠴᠢᠩᠭ᠋ᠠᠷᠠᠭᠤᠯᠵᠤ᠂ ᠰᠠᠭ᠋ᠠᠯᠢ ᠵᠢᠨ ᠮᠠᠯ ᠲᠡᠵᠢᠭᠡᠨ ᠦᠷᠡᠵᠢᠭᠦᠯᠬᠦ ᠲᠠᠯᠠᠪᠠᠶ ᠪᠠ ᠰᠠᠭ᠋ᠠᠯᠢ ᠵᠢᠨ ᠲᠠᠷᠢᠶᠠᠴᠢᠳ᠎ᠤᠨ ᠬᠤᠷᠰᠢᠶ᠎ᠠ ᠵᠢᠨ ᠳᠠᠷᠤᠰᠢᠭᠤᠯᠤᠭᠰᠠᠨ ᠡᠷᠳᠡᠨᠢ ᠰᠢᠰᠢ ᠵᠡᠷᠭᠡ ᠲᠡᠵᠢᠭᠡᠯ ᠡᠪᠡᠰᠦ ᠪᠣᠷᠳᠤᠭ᠎ᠠ ᠵᠢ ᠲᠤᠬᠠᠢ ᠵᠢᠨ ᠭᠠᠵᠠᠷ᠎ᠲᠤ᠎ᠨᠢ ᠣᠶ᠋ᠢᠷ᠎ᠠ ᠬᠠᠪᠢ᠎ᠪᠠᠷ ᠬᠤᠷᠢᠶᠠᠨ ᠨᠥᠭᠡᠴᠡᠯᠡᠬᠦ᠎ᠳᠤ ᠵᠣᠬᠢᠬᠤ ᠨᠡᠮᠡᠭᠦᠷᠢ ᠣᠯᠭᠤᠨ᠎ᠠ᠃ [ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠂ ᠡᠳ᠋᠎ᠤᠨ ᠵᠠᠰᠠᠭ᠎ᠤᠨ ᠲᠢᠩᠬᠢᠮ᠂ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ]
   10. ᠤᠯᠤᠰ᠎ᠲᠤ᠎ᠪᠠᠨ ᠦᠢ᠍ᠯᠡᠳᠪᠦᠷᠢᠯᠡᠭᠰᠡᠨ ᠴᠢᠨᠠᠷ ᠰᠠᠶ᠋ᠢᠲᠠᠢ ᠴᠠᠷᠭ᠋ᠠᠰᠤ ᠵᠢᠨ ᠴᠢᠨᠠᠷ᠎ᠢ᠎ᠨᠢ ᠰᠠᠶ᠋ᠢᠵᠢᠷᠠᠭᠤᠯᠤᠨ ᠤᠨᠠᠯᠲᠠ ᠵᠢ᠎ᠨᠢ ᠨᠡᠮᠡᠭᠳᠡᠭᠦᠯᠬᠦ ᠵᠢ ᠠᠬᠢᠭᠤᠯᠵᠤ᠂ ᠲᠥᠪᠯᠡᠷᠡᠭᠦᠯᠦᠨ ᠵᠠᠯᠭ᠋ᠠᠯᠳᠤᠭᠤᠯᠵᠤ ᠪᠠᠷᠢᠮᠵᠢᠶᠠᠵᠢᠭᠤᠯᠤᠨ ᠳᠠᠷᠢᠭᠰᠠᠨ ᠲᠠᠯᠠᠪᠠᠢ᠎ᠨᠢ 500 ᠮᠦ᠍᠎ᠠᠴᠠ ᠳᠡᠭᠡᠭᠰᠢ᠎ᠳᠤ ᠬᠦᠷᠦᠭᠰᠡᠨ ᠪᠥᠭᠡᠳ ᠲᠡᠵᠢᠭᠡᠨ ᠦᠷᠡᠵᠢᠭᠦᠯᠬᠦ ᠲᠠᠯᠠᠪᠠᠶ (ᠡᠷᠦᠬᠡ)᠎ᠯᠤᠭ᠎ᠠ ᠲᠡᠵᠢᠭᠡᠯ ᠡᠪᠡᠰᠦ ᠬᠤᠳᠠᠯᠳᠤᠨ ᠠᠪᠬᠤ ᠪᠠ ᠪᠣᠷᠣᠯᠠᠭᠤᠯᠬᠤ ᠭᠡᠷ᠎ᠡ ᠲᠣᠭᠲᠠᠭᠰᠠᠨ ᠲᠠᠷᠢᠮᠠᠯ᠎ᠤᠨ ᠠᠵᠤ ᠠᠬᠤᠶ᠋ᠢᠯᠠᠯ (ᠬᠤᠷᠰᠢᠶ᠎ᠠ᠂ ᠲᠠᠷᠢᠮᠠᠯ᠎ᠤᠨ ᠡᠷᠦᠬᠡ)᠎ᠳᠤ 3 ᠵᠢᠯ ᠬᠤᠪᠢᠶᠠᠨ ᠮᠦ᠍ ᠪᠦᠷᠢ ᠨᠡᠶ᠋ᠢᠲᠡ 1000 ᠲᠥᠭᠦᠷᠢᠭ᠎ᠤᠨ ᠨᠥᠬᠦᠪᠦᠷᠢ ᠣᠯᠭᠤᠨ᠎ᠠ᠃ [ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠂ ᠡᠳ᠋᠎ᠤᠨ ᠵᠠᠰᠠᠭ᠎ᠤᠨ ᠲᠢᠩᠬᠢᠮ]
   11. ᠰᠦ ᠴᠠᠭ᠋ᠠᠨ ᠢᠳᠡᠭᠡ ᠪᠣᠯᠪᠠᠰᠤᠷᠠᠭᠤᠯᠤᠨ ᠡᠳ᠋ᠰᠢᠭᠦᠯᠬᠦ ᠠᠵᠤ ᠠᠬᠤᠶ᠋ᠢᠯᠠᠯ᠎ᠤᠨ ᠪᠣᠯᠪᠠᠰᠤᠷᠠᠭᠤᠯᠤᠨ ᠡᠳ᠋ᠰᠢᠭᠦᠯᠬᠦ ᠬᠡᠮᠵᠢᠶ᠎ᠡ᠎ᠪᠠᠨ ᠥᠷᠭᠡᠳᠬᠡᠬᠦ ᠵᠢ᠎ᠨᠢ ᠳᠡᠮᠵᠢᠵᠦ᠂ ᠳᠡᠭᠡᠷ᠎ᠡ ᠨᠢᠭᠡ ᠵᠢᠯ᠎ᠤᠨ ᠲᠦᠭᠦᠬᠡᠢ ᠰᠦ ᠪᠣᠯᠪᠠᠰᠤᠷᠠᠭᠤᠯᠤᠭᠰᠠᠨ ᠬᠡᠮᠵᠢᠶ᠎ᠡ᠎ᠪᠠᠷ ᠰᠠᠭᠤᠷᠢ ᠲᠤᠭ᠎ᠠ ᠪᠣᠯᠭ᠋ᠠᠵᠤ᠂ 1 ᠲᠣᠨ ᠨᠡᠮᠡᠭᠳᠡᠭᠦᠯᠬᠦ ᠪᠦᠷᠢ 200 ᠲᠥᠭᠦᠷᠢᠭ᠎ᠤᠨ ᠨᠡᠮᠡᠭᠦᠷᠢ ᠥᠭᠴᠦ᠂ ᠥᠪᠡᠷᠲᠡᠭᠡᠨ ᠵᠠᠰᠠᠬᠤ ᠣᠷᠣᠨ ᠪᠠ ᠠᠶ᠋ᠢᠮᠠᠭ ᠬᠤᠲᠠ᠎ᠠᠴᠠ ᠲᠣᠰ ᠲᠣᠰ 50% ᠵᠢ ᠡᠭᠦᠷᠭᠡᠯᠡᠨ᠎ᠡ᠃ ᠰᠦ ᠴᠠᠭ᠋ᠠᠨ ᠢᠳᠡᠭᠡ ᠪᠣᠯᠪᠠᠰᠤᠷᠠᠭᠤᠯᠤᠨ ᠡᠳ᠋ᠰᠢᠭᠦᠯᠬᠦ ᠠᠵᠤ ᠠᠬᠤᠶ᠋ᠢᠯᠠᠯ᠎ᠤᠨ ᠪᠣᠷᠤᠯᠠᠭᠤᠯᠭ᠎ᠠ ᠬᠥᠭᠵᠢᠶᠡᠨ ᠦᠭᠡᠢ ᠤᠯᠠᠷᠢᠯ ᠪᠣᠯᠬᠤ 3 — 5 ᠳ᠋ᠤᠭ᠋ᠠᠷ ᠰᠠᠷ᠎ᠠ᠎ᠳᠤ ᠲᠤᠭ᠎ᠠ ᠶᠣᠰᠣᠭ᠋ᠠᠷ ᠭᠦᠢ᠍ᠴᠡᠳ ᠰᠦ ᠬᠤᠷᠢᠶᠠᠬᠤ ᠵᠢ᠎ᠨᠢ ᠳᠡᠮᠵᠢᠵᠦ᠂ ᠲᠦᠭᠦᠬᠡᠢ ᠰᠦ ᠵᠢ ᠰᠡᠪᠰᠡᠵᠦ ᠨᠤᠨᠳᠠᠭᠯᠠᠪᠠᠯ᠂ ᠬᠤᠳᠠᠯᠳᠤᠨ ᠠᠪᠤᠭᠰᠠᠨ ᠲᠤᠭ᠎ᠠ ᠬᠡᠮᠵᠢᠶ᠎ᠡ ᠵᠢᠨ 10%᠎ᠪᠠᠷ ᠲᠣᠨ ᠪᠦᠷᠢ᠎ᠳᠤ 1000 ᠲᠥᠭᠦᠷᠢᠭ᠎ᠤᠨ ᠨᠡᠮᠡᠭᠦᠷᠢ ᠣᠯᠭᠤᠵᠤ᠂ ᠥᠪᠡᠷᠲᠡᠭᠡᠨ ᠵᠠᠰᠠᠬᠤ ᠣᠷᠣᠨ ᠪᠠ ᠠᠶ᠋ᠢᠮᠠᠭ ᠬᠤᠲᠠ᠎ᠠᠴᠠ ᠲᠣᠰ ᠲᠣᠰ 50% ᠵᠢ ᠡᠭᠦᠷᠭᠡᠯᠡᠨ᠎ᠡ᠃ [ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠂ ᠡᠳ᠋᠎ᠤᠨ ᠵᠠᠰᠠᠭ᠎ᠤᠨ ᠲᠢᠩᠬᠢᠮ᠂ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ]
   12. ᠰᠦ ᠴᠠᠭ᠋ᠠᠨ ᠢᠳᠡᠭᠡ ᠪᠣᠯᠪᠠᠰᠤᠷᠠᠭᠤᠯᠤᠨ ᠡᠳ᠋ᠰᠢᠭᠦᠯᠬᠦ ᠠᠵᠤ ᠠᠬᠤᠶ᠋ᠢᠯᠠᠯ᠎ᠤᠨ ᠨᠠᠷᠢᠯᠢᠭ ᠭᠦᠨ ᠡᠳ᠋ᠰᠢᠭᠦᠯᠭᠡ ᠬᠥᠭᠵᠢᠭᠦᠯᠬᠦ ᠵᠢ᠎ᠨᠢ ᠳᠡᠮᠵᠢᠵᠦ᠂ ᠬᠤᠯᠢᠴᠠ ᠦᠭᠡᠢ ᠪᠢᠰᠢᠯᠠᠭ᠂ ᠰᠢᠷᠠᠰᠤ᠂ ᠰᠦᠨ ᠲᠡᠮᠦᠷᠲᠤ ᠤᠭᠤᠷᠠᠭ ᠵᠡᠷᠭᠡ ᠰᠦ ᠴᠠᠭ᠋ᠠᠨ ᠢᠳᠡᠭᠡ᠎ᠪᠠᠨ ᠨᠠᠷᠢᠯᠢᠭ ᠭᠦᠨ ᠪᠣᠯᠪᠠᠰᠤᠷᠠᠭᠤᠯᠤᠨ ᠡᠳ᠋ᠰᠢᠭᠦᠯᠬᠦ ᠲᠥᠷᠥᠯ ᠵᠦᠢ᠍ᠯ᠎ᠢ ᠰᠢᠨ᠎ᠡ᠎ᠪᠠᠷ ᠪᠠᠶ᠋ᠢᠭᠤᠯᠤᠭᠰᠠᠨ ᠪᠤᠶᠤ ᠥᠭᠡᠷᠡᠴᠢᠯᠡᠨ ᠥᠷᠭᠡᠳᠬᠡᠨ ᠪᠠᠶ᠋ᠢᠭᠤᠯᠤᠭᠰᠠᠨ ᠠᠵᠤ ᠠᠬᠤᠶ᠋ᠢᠯᠠᠯ᠎ᠳᠤ ᠲᠥᠬᠦᠭᠡᠷᠦᠮᠵᠢ ᠵᠢᠨ ᠪᠡᠯᠡ ᠣᠷᠣᠭᠤᠯᠤᠯᠲᠠ ᠵᠢᠨ ᠶᠡᠷᠦᠩᠬᠡᠢ ᠲᠣᠭ᠋ᠠᠨ᠎ᠤ 10%᠎ᠪᠠᠷ ᠬᠠᠮᠤᠭ᠎ᠤᠨ ᠥᠨᠳᠥᠷ᠎ᠲᠤ᠎ᠪᠠᠨ 5000 ᠲᠦᠮᠡᠨ ᠲᠥᠭᠦᠷᠢᠭ᠎ᠤᠨ ᠨᠡᠮᠡᠭᠦᠷᠢ ᠣᠯᠭᠤᠨ᠎ᠠ᠃ ᠰᠦ ᠴᠠᠭ᠋ᠠᠨ ᠢᠳᠡᠭᠡ ᠪᠣᠯᠪᠠᠰᠤᠷᠠᠭᠤᠯᠤᠨ ᠡᠳ᠋ᠰᠢᠭᠦᠯᠬᠦ ᠠᠵᠤ ᠠᠬᠤᠶ᠋ᠢᠯᠠᠯ ᠲᠦᠭᠦᠬᠡᠢ ᠰᠦ᠎ᠪᠠᠷ ᠬᠤᠯᠢᠴᠠ ᠦᠭᠡᠢ ᠪᠢᠰᠢᠯᠠᠭ ᠪᠣᠯᠪᠠᠰᠤᠷᠠᠭᠤᠯᠤᠨ ᠡᠳ᠋ᠰᠢᠭᠦᠯᠦᠭᠰᠡᠨ ᠪᠣᠯ ᠳᠡᠭᠡᠷ᠎ᠡ ᠨᠢᠭᠡ ᠵᠢᠯ᠎ᠤᠨ ᠲᠦᠭᠦᠬᠡᠢ ᠰᠦ ᠬᠡᠷᠡᠭᠯᠡᠨ ᠪᠣᠯᠪᠠᠰᠤᠷᠠᠭᠤᠯᠤᠨ ᠡᠳ᠋ᠰᠢᠭᠦᠯᠦᠭᠰᠡᠨ ᠬᠤᠯᠢᠴᠠ ᠦᠭᠡᠢ ᠪᠢᠰᠢᠯᠠᠭ᠎ᠤᠨ ᠬᠡᠮᠵᠢᠶ᠎ᠡ᠎ᠪᠠᠷ ᠰᠠᠭᠤᠷᠢ ᠲᠤᠭ᠎ᠠ ᠪᠣᠯᠭ᠋ᠠᠵᠤ᠂ 1 ᠲᠣᠨ ᠨᠡᠮᠡᠭᠳᠡᠭᠦᠯᠬᠦ ᠪᠦᠷᠢ 2000 ᠲᠥᠭᠦᠷᠢᠭ᠎ᠤᠨ ᠨᠡᠮᠡᠭᠦᠷᠢ ᠣᠯᠭᠤᠨ᠎ᠠ᠃ [ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠂ ᠡᠳ᠋᠎ᠤᠨ ᠵᠠᠰᠠᠭ᠎ᠤᠨ ᠲᠢᠩᠬᠢᠮ]
   (ᠳᠥᠷᠪᠡ) ᠲᠠᠷᠢᠶᠠᠯᠠᠩ ᠮᠠᠯ ᠠᠵᠤ ᠠᠬᠤᠢ ᠵᠢᠨ ᠪᠥᠬᠦ ᠠᠵᠤ ᠦᠢ᠍ᠯᠡᠰ᠎ᠤᠨ ᠬᠡᠯᠬᠢᠶᠡᠨ᠎ᠤ ᠬᠥᠭᠵᠢᠯᠲᠡ ᠵᠢ ᠠᠬᠢᠭᠤᠯᠤᠨ᠎ᠠ᠃
   13. ᠲᠤᠰᠬᠠᠢ ᠵᠦᠢ᠍ᠯ᠎ᠤᠨ ᠪᠡᠯᠡ ᠮᠥᠩᠭᠦ ᠲᠣᠬᠢᠷᠠᠭᠤᠯᠤᠨ ᠲᠠᠷᠢᠶᠠᠯᠠᠩ ᠮᠠᠯ ᠠᠵᠤ ᠠᠬᠤᠢ ᠵᠢᠨ ᠳᠠᠪᠠᠭᠤᠯᠢᠭ ᠣᠨᠴᠠᠯᠢᠭ᠎ᠲᠠᠢ ᠠᠵᠤ ᠦᠢ᠍ᠯᠡᠰ᠎ᠤᠨ ᠪᠦᠯᠦᠭᠵᠢᠯ᠎ᠢ ᠪᠦᠲᠦᠭᠡᠨ ᠪᠠᠶ᠋ᠢᠭᠤᠯᠬᠤ ᠵᠢ᠎ᠨᠢ ᠳᠡᠮᠵᠢᠵᠦ᠂ ᠮᠢᠩᠭ᠋ᠠᠨ ᠳ᠋ᠦᠩᠰᠢᠭᠤᠷ᠎ᠤᠨ ᠲᠠᠰ᠎ᠤᠨ ᠰᠦ ᠵᠢᠨ ᠦᠢ᠍ᠯᠡᠰ᠂ ᠡᠷᠳᠡᠨᠢ ᠰᠢᠰᠢ ᠵᠢᠨ ᠲᠠᠯ᠎ᠠ᠎ᠪᠠᠷ᠎ᠬᠢ 2 ᠠᠵᠤ ᠦᠢ᠍ᠯᠡᠰ᠎ᠤᠨ ᠪᠦᠯᠦᠭᠵᠢᠯ ᠵᠢᠴᠢ ᠵᠠᠭᠤᠨ ᠳ᠋ᠦᠩᠰᠢᠭᠤᠷ᠎ᠤᠨ ᠲᠠᠰ᠎ᠤᠨ ᠠᠯᠠᠰᠢᠨ ᠦᠬᠡᠷ᠂ ᠠᠯᠠᠰᠢᠨ ᠬᠤᠨᠢ᠂ ᠨᠡᠷᠡᠨ ᠬᠤᠸᠠᠷ᠂ ᠢᠮᠠᠭ᠋ᠠᠨ ᠨᠤᠤᠯᠤᠭᠤᠷ᠂ ᠲᠥᠮᠥᠰᠥ᠂ ᠡᠯᠳᠡᠪ ᠠᠮᠤ ᠡᠯᠳᠡᠪ ᠪᠤᠷᠴᠠᠭ᠂ ᠪᠤᠭᠤᠳᠠᠢ᠂ ᠢᠳᠡᠰᠢᠨ ᠨᠣᠭᠤᠭ᠎ᠠ᠂ ᠲᠡᠵᠢᠭᠡᠯ ᠡᠪᠡᠰᠦ ᠪᠣᠷᠳᠤᠭ᠎ᠠ ᠪᠠ ᠰᠢᠷ᠎ᠠ ᠪᠤᠷᠴᠠᠭ᠎ᠤᠨ ᠲᠠᠯ᠎ᠠ᠎ᠪᠠᠷ᠎ᠬᠢ 10 ᠠᠵᠤ ᠦᠢ᠍ᠯᠡᠰ᠎ᠤᠨ ᠪᠦᠯᠦᠭᠵᠢᠯ᠎ᠢ ᠪᠠᠬᠢᠵᠢᠭᠦᠯᠦᠨ ᠳᠡᠭᠡᠭᠰᠢᠯᠡᠭᠦᠯᠦᠨ᠎ᠡ᠃ [ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠂ ᠡᠳ᠋᠎ᠤᠨ ᠵᠠᠰᠠᠭ᠎ᠤᠨ ᠲᠢᠩᠬᠢᠮ]
   14. ᠠᠮᠤ ᠪᠤᠳᠠᠭ᠎ᠠ ᠢᠳᠡᠰᠢᠨ ᠲᠣᠰᠣ᠂ ᠮᠢᠬᠠᠨ᠎ᠤ ᠵᠦᠢ᠍ᠯ᠎ᠤᠨ ᠦᠢ᠍ᠯᠡᠳᠪᠦᠷᠢᠯᠡᠯ᠎ᠢ ᠯᠠᠪᠳᠠᠭᠤᠨ ᠪᠠᠲᠤᠲᠠᠢ ᠠᠬᠢᠭᠤᠯᠵᠤ᠂ ᠠᠮᠤ ᠪᠤᠳᠠᠭ᠎ᠠ ᠢᠳᠡᠰᠢᠨ ᠲᠣᠰᠣ᠂ ᠠᠯᠠᠰᠢᠨ ᠦᠬᠡᠷ᠂ ᠠᠯᠠᠰᠢᠨ ᠬᠤᠨᠢ᠂ ᠠᠮᠢᠳᠤ ᠭᠠᠭ᠍ᠠᠢ ᠵᠢᠨ ᠭᠠᠷᠭ᠋ᠠᠯᠲᠠ ᠶᠡᠬᠡᠲᠡᠢ ᠰᠢᠶᠠᠨ᠎ᠢ ᠱᠠᠩᠨᠠᠬᠤ ᠲᠥᠷᠥ ᠵᠢᠨ ᠪᠣᠳᠣᠯᠭ᠎ᠠ ᠵᠢ ᠬᠡᠷᠡᠭᠵᠢᠭᠦᠯᠦᠨ᠎ᠡ᠃ ᠭᠠᠷᠭ᠋ᠠᠯᠲᠠ ᠶᠡᠬᠡᠲᠡᠢ ᠰᠢᠶᠠᠨ᠎ᠤ ᠲᠡᠵᠢᠭᠡᠨ ᠦᠷᠡᠵᠢᠭᠦᠯᠬᠦ ᠦᠷ᠎ᠡ ᠪᠦᠲᠦᠮᠵᠢ ᠪᠠ ᠦᠢ᠍ᠯᠡᠳᠪᠦᠷᠢᠯᠡᠯ᠎ᠤᠨ ᠦᠷ᠎ᠡ ᠠᠰᠢᠭ ᠵᠶ᠋ᠠᠨ ᠳᠡᠭᠡᠭᠰᠢᠯᠡᠭᠦᠯᠬᠦ ᠵᠢ ᠲᠡᠮᠵᠢᠵᠤ᠂ ᠲᠣᠮᠣ ᠬᠡᠯᠪᠡᠷᠢ ᠵᠢᠨ ᠨᠢᠲᠤᠯᠭ᠋ᠠᠨ᠎ᠤ ᠲᠦᠷᠦᠯ ᠵᠦᠢ᠍ᠯ᠎ᠢ ᠲᠤᠬᠠᠢ ᠵᠢᠨ ᠭᠠᠵᠠᠷ᠎ᠲᠤ᠎ᠨᠢ ᠰᠢᠨ᠎ᠡ᠎ᠪᠠᠷ ᠪᠠᠶ᠋ᠢᠭᠤᠯᠬᠤ ᠪᠠ ᠥᠭᠡᠷᠡᠴᠢᠯᠡᠨ ᠪᠠᠶ᠋ᠢᠭᠤᠯᠬᠤ ᠵᠢ ᠵᠣᠷᠢᠭᠵᠢᠭᠤᠯᠵᠤ᠂ ᠮᠠᠯ᠎ᠤᠨ ᠠᠰᠢᠭ ᠰᠢᠮ᠎ᠡ ᠵᠢᠭᠦᠷᠲᠡᠨ᠎ᠤ ᠭᠠᠷᠤᠯᠲᠠ ᠪᠦᠲᠦᠭᠡᠭᠳᠡᠬᠦᠨ᠎ᠢ ᠨᠠᠷᠢᠯᠢᠭ ᠬᠤᠪᠢᠶᠠᠷᠢᠯᠠᠨ ᠰᠠᠯᠭ᠋ᠠᠬᠤ᠂ ᠬᠦᠢ᠍ᠲᠡᠨ ᠬᠡᠯᠬᠢᠶ᠎ᠡ᠎ᠪᠠᠷ ᠪᠣᠯᠪᠠᠰᠤᠷᠠᠭᠤᠯᠤᠨ ᠡᠳ᠋ᠰᠢᠭᠦᠯᠬᠦ ᠵᠢᠴᠢ ᠲᠣᠬᠢᠷᠠᠭᠤᠯᠤᠨ ᠬᠦᠷᠭᠡᠬᠦ ᠲᠣᠭᠲᠠᠯᠴᠠᠭ᠎ᠠ ᠵᠢ ᠳᠦᠬᠦᠷᠵᠢᠭᠦᠯᠦᠨ ᠪᠠᠶ᠋ᠢᠭᠤᠯᠤᠨ᠎ᠠ᠃ [ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ]
   15. ᠠᠷᠠᠰᠤ ᠰᠢᠷᠢ᠂ ᠬᠤᠨᠢᠨ ᠨᠣᠣᠰᠣᠨ᠎ᠤ ᠠᠵᠤ ᠦᠢ᠍ᠯᠡᠰ᠎ᠤᠨ ᠬᠥᠭᠵᠢᠯᠲᠡ ᠵᠢ ᠳᠡᠮᠵᠢᠵᠦ᠂ ᠨᠥᠬᠦᠴᠡᠯ᠎ᠳᠤ ᠨᠡᠶ᠋ᠢᠴᠡᠬᠦ ᠠᠵᠤ ᠦᠢ᠍ᠯᠡᠰ᠎ᠤᠨ ᠪᠦᠯᠦᠭᠵᠢᠯ᠂ ᠠᠵᠤ ᠦᠢ᠍ᠯᠡᠰ᠎ᠤᠨ ᠬᠦᠴᠦᠷᠬᠡᠭ ᠪᠠᠯᠭ᠋ᠠᠰᠤ᠂ ᠭᠤᠣᠯᠳᠠᠯᠭ᠎ᠠ᠎ᠲᠠᠢ ᠠᠵᠤ ᠠᠬᠤᠶ᠋ᠢᠯᠠᠯ᠂ ᠭᠤᠣᠯᠳᠠᠯᠭ᠎ᠠ᠎ᠲᠠᠢ ᠲᠥᠷᠥᠯ ᠵᠦᠢ᠍ᠯ᠎ᠳᠤ ᠪᠣᠯ᠂ ᠥᠪᠡᠷᠲᠡᠭᠡᠨ ᠵᠠᠰᠠᠬᠤ ᠣᠷᠣᠨ᠎ᠤ ᠭᠤᠣᠯᠳᠠᠯᠭ᠎ᠠ᠎ᠲᠠᠢ ᠠᠵᠤ ᠦᠢ᠍ᠯᠡᠰ᠎ᠤᠨ ᠬᠥᠭᠵᠢᠯᠲᠡ ᠵᠢᠨ ᠲᠤᠰᠬᠠᠢ ᠵᠦᠢ᠍ᠯ᠎ᠤᠨ ᠪᠡᠯᠡ ᠮᠥᠩᠭᠦ᠎ᠪᠠᠷ ᠵᠣᠬᠢᠬᠤ ᠨᠡᠮᠡᠭᠦᠷᠢ ᠣᠯᠭᠤᠨ᠎ᠠ᠃ [ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠂ ᠡᠳ᠋᠎ᠤᠨ ᠵᠠᠰᠠᠭ᠎ᠤᠨ ᠲᠢᠩᠬᠢᠮ]
   16. ᠲᠠᠷᠢᠶᠠᠯᠠᠩ ᠮᠠᠯ ᠠᠵᠤ ᠠᠬᠤᠢ ᠵᠢᠨ ᠨᠠᠷᠠᠲᠤ ᠲᠡᠮᠳᠡᠭ᠎ᠤᠨ ᠭᠠᠷᠴᠠᠭ ᠪᠠᠶ᠋ᠢᠭᠤᠯᠬᠤ ᠵᠢ ᠳᠡᠮᠵᠢᠵᠦ᠂ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠲᠣᠭᠲᠠᠭ᠋ᠠᠵᠤ᠂ ᠬᠠᠮᠢᠶ᠎ᠠ ᠪᠦᠬᠦᠢ ᠠᠵᠤ ᠠᠬᠤᠶ᠋ᠢᠯᠠᠯ᠎ᠤᠨ ᠪᠣᠬᠢᠷᠲᠤᠯ ᠦᠭᠡᠢ ᠢᠳᠡᠭᠡᠨ᠂ ᠣᠷᠭ᠋ᠠᠨᠢᠭ ᠪᠦᠲᠦᠭᠡᠭᠳᠡᠬᠦᠨ᠎ᠤ ᠭᠡᠷᠡᠴᠢᠯᠡᠯᠲᠡ ᠬᠢᠯᠭᠡᠬᠦ᠎ᠪᠠᠷ ᠭᠤᠶᠤᠴᠢᠯᠠᠬᠤ ᠵᠢ᠎ᠨᠢ ᠵᠣᠷᠢᠭᠵᠢᠭᠤᠯᠤᠨ᠎ᠠ᠃ ᠭᠠᠵᠠᠷ ᠵᠦᠢ ᠵᠢᠨ ᠪᠡᠯᠭᠡ ᠲᠡᠮᠳᠡᠭ᠎ᠤᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ 《ᠥᠪᠥᠷ ᠮᠣᠩᠭᠤᠯ》 ᠲᠡᠮᠳᠡᠭᠲᠦ ᠵᠢᠨ ᠭᠡᠷᠡᠴᠢᠯᠡᠯᠲᠡ ᠵᠢ ᠠᠬᠢᠭᠤᠯᠵᠤ᠂ ᠥᠪᠥᠷ ᠮᠣᠩᠭᠤᠯ᠎ᠤᠨ ᠪᠣᠬᠢᠷᠲᠤᠯ ᠦᠭᠡᠢ ᠪᠥᠭᠡᠳ ᠣᠷᠭ᠋ᠠᠨᠢᠭ ᠨᠠᠷᠠᠲᠤ ᠲᠡᠮᠳᠡᠭ᠎ᠢ ᠴᠣᠭᠴᠠᠯᠠᠨ᠎ᠠ᠃ [ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ]
   17. ᠡᠮ᠎ᠤᠨ ᠮᠠᠲ᠋ᠧᠷᠢᠶᠠᠯ᠎ᠢ ᠬᠡᠪᠴᠢᠶᠡᠵᠢᠭᠦᠯᠦᠨ ᠳᠠᠷᠢᠬᠤ ᠵᠢ ᠳᠡᠮᠵᠢᠵᠦ᠂ ᠥᠪᠡᠷᠲᠡᠭᠡᠨ ᠵᠠᠰᠠᠬᠤ ᠣᠷᠣᠨ᠎ᠤ ᠵᠢᠩᠬᠢᠨᠢ ᠪᠠᠶ᠋ᠢᠭ᠋ᠠᠯᠢᠯᠢᠭ ᠭᠠᠷᠤᠯᠲᠠ᠎ᠲᠠᠢ ᠡᠮ᠎ᠤᠨ ᠮᠠᠲ᠋ᠧᠷᠢᠶᠠᠯ᠂ ᠳᠠᠭᠤᠷᠢᠶᠠᠮᠠᠯ ᠬᠡᠭᠡᠷ᠎ᠡ ᠵᠢᠨ ᠡᠮ᠎ᠤᠨ ᠮᠠᠲ᠋ᠧᠷᠢᠶᠠᠯ ᠳᠠᠷᠢᠬᠤ ᠰᠠᠭᠤᠷᠢᠨ ᠭᠠᠵᠠᠷ᠎ᠢ ᠪᠣᠶ᠋ᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠵᠢᠩᠬᠢᠨᠢ ᠪᠠᠶ᠋ᠢᠭ᠋ᠠᠯᠢᠯᠢᠭ ᠭᠠᠷᠤᠯᠲᠠ᠎ᠲᠠᠢ ᠡᠮ᠎ᠤᠨ ᠮᠠᠲ᠋ᠧᠷᠢᠶᠠᠯ ᠳᠠᠷᠢᠬᠤ ᠰᠠᠭᠤᠷᠢᠨ ᠭᠠᠵᠠᠷ᠂ ᠳᠠᠭᠤᠷᠢᠶᠠᠮᠠᠯ ᠬᠡᠭᠡᠷ᠎ᠡ ᠵᠢᠨ ᠡᠮ᠎ᠤᠨ ᠮᠠᠲ᠋ᠧᠷᠢᠶᠠᠯ ᠳᠠᠷᠢᠬᠤ ᠰᠠᠭᠤᠷᠢᠨ ᠭᠠᠵᠠᠷ ᠵᠶ᠋ᠠᠷ ᠦᠨᠡᠮᠰᠢᠭᠳᠡᠨ ᠲᠣᠭᠲᠠᠭ᠋ᠠᠭᠳᠠᠭᠰᠠᠨ ᠪᠠᠶ᠋ᠢᠪᠠᠯ ᠨᠢᠭᠡ ᠯᠡ ᠤᠳᠠᠭ᠎ᠠ᠎ᠳᠤ 50 ᠲᠦᠮᠡᠨ ᠲᠥᠭᠦᠷᠢᠭ ᠱᠠᠩᠨᠠᠵᠤ ᠨᠥᠬᠦᠪᠦᠷᠢᠯᠡᠨ᠎ᠡ᠃ ᠬᠠᠮᠢᠶ᠎ᠠ ᠪᠦᠬᠦᠢ ᠲᠥᠷᠥᠯ ᠵᠦᠢ᠍ᠯ᠎ᠤᠨ ᠪᠡᠯᠡ ᠮᠥᠩᠭᠦ ᠵᠢ 300 ᠲᠦᠮᠡᠨ ᠲᠥᠭᠦᠷᠢᠭ᠎ᠠᠴᠠ ᠳᠡᠭᠡᠭᠰᠢ ᠨᠢᠭᠡᠳᠦᠯᠲᠡᠢ ᠲᠥᠯᠥᠪᠯᠡᠵᠦ᠂ ᠳᠠᠪᠠᠭᠤᠯᠢᠭ ᠬᠤᠰᠢᠭᠤ ᠰᠢᠶᠠᠨ (ᠬᠤᠲᠠ᠂ ᠲᠣᠭᠤᠷᠢᠭ)᠎ᠢ ᠰᠣᠩᠭᠤᠵᠤ ᠬᠢᠲᠠᠳ ᠡᠮ᠎ᠤᠨ ᠮᠠᠲ᠋ᠧᠷᠢᠶᠠᠯ᠎ᠤᠨ ᠥᠨᠳᠥᠷ ᠭᠠᠷᠤᠯᠲᠠ᠎ᠲᠠᠢ ᠥᠨᠳᠥᠷ ᠦᠷ᠎ᠡ ᠠᠰᠢᠭ᠎ᠲᠠᠢ ᠲᠠᠷᠢᠮᠠᠯ᠎ᠤᠨ ᠵᠢᠱ᠌ᠢᠶ᠎ᠡ ᠦᠵᠡᠭᠦᠯᠬᠦ ᠣᠷᠣᠨ ᠪᠠ ᠬᠢᠲᠠᠳ ᠡᠮ᠎ᠤᠨ ᠮᠠᠲ᠋ᠧᠷᠢᠶᠠᠯ᠎ᠤᠨ ᠬᠦᠷᠢᠶᠡᠯᠡᠩ ᠲᠣᠭᠤᠷᠢᠭ᠎ᠢ ᠪᠦᠲᠦᠭᠡᠨ ᠪᠠᠶ᠋ᠢᠭᠤᠯᠤᠨ᠎ᠠ᠃ [ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠂ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠡᠳ᠋᠎ᠤᠨ ᠵᠠᠰᠠᠭ᠎ᠤᠨ ᠲᠢᠩᠬᠢᠮ]
    ᠬᠤᠶᠠᠷ᠂ ᠰᠢᠨ᠎ᠡ ᠬᠡᠯᠪᠡᠷᠢ ᠵᠢᠨ ᠠᠵᠤ ᠦᠢ᠍ᠯᠡᠳᠪᠦᠷᠢᠵᠢᠯᠲᠡ ᠵᠢᠨ ᠬᠥᠭᠵᠢᠯᠲᠡ ᠵᠢ ᠠᠬᠢᠭᠤᠯᠤᠨ᠎ᠠ
   (ᠨᠢᠭᠡ) ᠠᠵᠤ ᠦᠢ᠍ᠯᠡᠳᠪᠦᠷᠢ ᠵᠢᠨ ᠠᠵᠤ ᠦᠢ᠍ᠯᠡᠰ᠎ᠤᠨ ᠬᠡᠯᠬᠢᠶ᠎ᠡ ᠵᠢ ᠪᠣᠶ᠋ᠢᠵᠢᠭᠤᠯᠤᠨ ᠪᠤᠵᠠᠭ᠋ᠠᠶ᠋ᠢᠷᠠᠭᠤᠯᠤᠨ᠎ᠠ᠃
   18. 5 ᠳ᠋ᠦᠩᠰᠢᠭᠤᠷ ᠲᠥᠭᠦᠷᠢᠭ ᠵᠢᠴᠢ ᠡᠭᠦᠨ᠎ᠠᠴᠠ ᠢᠯᠡᠭᠦᠦ ᠪᠡᠯᠡ ᠣᠷᠣᠭᠤᠯᠤᠭᠰᠠᠨ ᠪᠥᠭᠡᠳ ᠪᠠᠷᠢᠯᠭ᠎ᠠ ᠳᠠᠭᠤᠰᠴᠤ ᠠᠰᠢᠭᠯᠠᠯᠲᠠ᠎ᠳᠤ ᠣᠷᠣᠭᠤᠯᠤᠭᠰᠠᠨ ᠦᠢ᠍ᠯᠡᠳᠬᠦ ᠦᠢ᠍ᠯᠡᠰ᠎ᠤᠨ ᠭᠤᠣᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ ᠵᠢᠨ 《ᠬᠡᠯᠬᠢᠶ᠎ᠡ ᠵᠢ ᠤᠷᠲᠤᠳᠬᠠᠬᠤ ᠨᠥᠬᠦᠪᠦᠷᠢᠯᠡᠬᠦ ᠴᠢᠩᠳᠠᠯᠠᠬᠤ》 ᠦᠨᠳᠦᠰᠦᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠳᠤ ᠪᠣᠳᠠᠲᠠᠢ ᠵᠢᠭᠡᠯᠡᠯᠭᠡ ᠵᠢᠨ ᠬᠦᠦ ᠮᠥᠩᠭᠦ ᠵᠢᠨ 30%᠎ᠪᠠᠷ ᠨᠢᠭᠡ ᠯᠡ ᠤᠳᠠᠭ᠎ᠠ ᠵᠢᠨ ᠴᠢᠨᠠᠷᠲᠠᠢ ᠳᠠᠮ ᠬᠦᠦ ᠥᠭᠬᠦ᠎ᠪᠠᠷ ᠱᠠᠩᠨᠠᠨ ᠨᠥᠬᠦᠪᠦᠷᠢᠯᠡᠵᠦ᠂ ᠲᠠᠩ ᠭᠠᠭᠴᠠ ᠲᠥᠷᠥᠯ ᠵᠦᠢ᠍ᠯ᠎ᠳᠤ ᠬᠠᠮᠤᠭ᠎ᠤᠨ ᠥᠨᠳᠥᠷ᠎ᠲᠤ᠎ᠪᠠᠨ 500 ᠲᠦᠮᠡᠨ ᠲᠥᠭᠦᠷᠢᠭ᠎ᠤᠨ ᠱᠠᠩᠨᠠᠯ ᠨᠥᠬᠦᠪᠦᠷᠢ ᠣᠯᠭᠤᠨ᠎ᠠ᠃ ᠲᠡᠷᠢᠭᠦᠨ᠎ᠤ ᠦᠢ᠍ᠯᠡᠳᠬᠦ ᠦᠢ᠍ᠯᠡᠰ᠎ᠤᠨ ᠪᠦᠯᠦᠭᠵᠢᠯ᠎ᠢ ᠪᠣᠶ᠋ᠢᠵᠢᠭᠤᠯᠵᠤ᠂ ᠰᠢᠨ᠎ᠡ᠎ᠪᠠᠷ ᠦᠨᠡᠮᠰᠢᠨ ᠲᠣᠭᠲᠠᠭ᠋ᠠᠭᠰᠠᠨ ᠤᠯᠤᠰ᠎ᠤᠨ ᠲᠡᠷᠢᠭᠦᠨ᠎ᠤ ᠦᠢ᠍ᠯᠡᠳᠬᠦ ᠦᠢ᠍ᠯᠡᠰ᠎ᠤᠨ ᠪᠦᠯᠦᠭᠵᠢᠯ ᠪᠠ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠲᠡᠷᠢᠭᠦᠨ᠎ᠤ ᠦᠢ᠍ᠯᠡᠳᠬᠦ ᠦᠢ᠍ᠯᠡᠰ᠎ᠤᠨ ᠪᠦᠯᠦᠭᠵᠢᠯ᠎ᠳᠤ ᠲᠣᠰ ᠲᠣᠰ ᠨᠢᠭᠡ ᠯᠡ ᠤᠳᠠᠭ᠎ᠠ᠎ᠳᠤ 1000 ᠲᠦᠮᠡᠨ ᠲᠥᠭᠦᠷᠢᠭ᠂ 500 ᠲᠦᠮᠡᠨ ᠲᠥᠭᠦᠷᠢᠭ᠎ᠤᠨ ᠱᠠᠩᠨᠠᠯ ᠨᠥᠬᠦᠪᠦᠷᠢ ᠣᠯᠭᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ)
   19. 2000 ᠲᠦᠮᠡᠨ ᠲᠥᠭᠦᠷᠢᠭ ᠵᠢᠴᠢ ᠡᠭᠦᠨ᠎ᠠᠴᠠ ᠢᠯᠡᠭᠦᠦ ᠪᠡᠯᠡ ᠣᠷᠣᠭᠤᠯᠤᠭᠰᠠᠨ ᠪᠥᠭᠡᠳ ᠨᠢᠭᠡᠨᠲᠡ ᠠᠵᠢᠯ ᠳᠠᠭᠤᠰᠤᠭᠰᠠᠨ ᠦᠢ᠍ᠯᠡᠳᠬᠦ ᠦᠢ᠍ᠯᠡᠰ᠎ᠤᠨ ᠮᠡᠷᠭᠡᠵᠢᠯ᠎ᠤᠨ ᠥᠭᠡᠷᠡᠴᠢᠯᠡᠯᠲᠡ ᠵᠢᠨ ᠲᠥᠷᠥᠯ ᠵᠦᠢ᠍ᠯ᠎ᠳᠤ᠂ ᠲᠤᠬᠠᠢ ᠵᠢᠨ ᠵᠢᠯ᠎ᠤᠨ ᠮᠡᠷᠭᠡᠵᠢᠯ᠎ᠤᠨ ᠥᠭᠡᠷᠡᠴᠢᠯᠡᠯᠲᠡ ᠵᠢᠨ ᠲᠥᠬᠦᠭᠡᠷᠦᠮᠵᠢ ᠵᠢᠨ ᠪᠡᠯᠡ ᠣᠷᠣᠭᠤᠯᠤᠯᠲᠠ ᠵᠢᠨ 20%᠎ᠪᠠᠷ᠂ ᠲᠠᠩ ᠭᠠᠭᠴᠠ ᠲᠥᠷᠥᠯ ᠵᠦᠢ᠍ᠯ᠎ᠳᠤ ᠬᠠᠮᠤᠭ᠎ᠤᠨ ᠢᠯᠡᠭᠦᠦ᠎ᠳᠤ᠎ᠪᠠᠨ 500 ᠲᠦᠮᠡᠨ ᠲᠥᠭᠦᠷᠢᠭ᠎ᠠᠴᠠ ᠳᠠᠪᠠᠭᠤᠯᠬᠤ ᠦᠭᠡᠢ᠎ᠪᠠᠷ ᠨᠥᠬᠦᠪᠦᠷᠢ ᠣᠯᠭᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ)
   20. ᠡᠨᠧᠷᠭᠢ ᠠᠷᠪᠢᠯᠠᠬᠤ᠂ ᠤᠰᠤ ᠠᠷᠪᠢᠯᠠᠬᠤ ᠮᠡᠷᠭᠡᠵᠢᠯ᠎ᠤᠨ ᠥᠭᠡᠷᠡᠴᠢᠯᠡᠯᠲᠡ ᠵᠢ ᠳᠡᠮᠵᠢᠵᠦ᠂ ᠵᠢᠯ᠎ᠤᠨ ᠡᠨᠧᠷᠭᠢ ᠠᠷᠪᠢᠯᠠᠬᠤ ᠬᠡᠮᠵᠢᠶ᠎ᠡ᠎ᠨᠢ 2000 ᠲᠣᠨ ᠪᠠᠷᠢᠮᠵᠢᠶᠠᠲᠤ ᠨᠡᠭᠦᠷᠡᠰᠦ᠎ᠠᠴᠠ ᠳᠡᠭᠡᠭᠰᠢᠬᠢ (2000 ᠲᠣᠨ ᠪᠠᠷᠢᠮᠵᠢᠶᠠᠲᠤ ᠨᠡᠭᠦᠷᠡᠰᠦ ᠪᠠᠭᠲᠠᠨ᠎ᠠ) ᠡᠨᠧᠷᠭᠢ ᠠᠷᠪᠢᠯᠠᠬᠤ ᠮᠡᠷᠭᠡᠵᠢᠯ᠎ᠤᠨ ᠥᠭᠡᠷᠡᠴᠢᠯᠡᠯᠲᠡ ᠵᠢᠨ ᠲᠥᠷᠥᠯ ᠵᠦᠢ᠍ᠯ (ᠪᠣᠭᠤᠵᠢᠯᠠᠭᠰᠠᠨ ᠲᠥᠷᠥᠯ ᠵᠦᠢ᠍ᠯ ᠪᠠᠭᠲᠠᠨ᠎ᠠ)᠎ᠳᠤ 1 ᠲᠣᠨ ᠪᠠᠷᠢᠮᠵᠢᠶᠠᠲᠤ ᠨᠡᠭᠦᠷᠡᠰᠦ ᠠᠷᠪᠢᠯᠠᠬᠤ ᠪᠦᠷᠢ 200 ᠲᠥᠭᠦᠷᠢᠭ᠎ᠤᠨ ᠱᠠᠩᠨᠠᠯ ᠨᠥᠬᠦᠪᠦᠷᠢ ᠣᠯᠭᠤᠵᠤ᠂ ᠲᠠᠩ ᠭᠠᠭᠴᠠ ᠲᠥᠷᠥᠯ ᠵᠦᠢ᠍ᠯ᠎ᠳᠤ ᠬᠠᠮᠤᠭ᠎ᠤᠨ ᠢᠯᠡᠭᠦᠦ᠎ᠳᠤ᠎ᠪᠠᠨ 500 ᠲᠦᠮᠡᠨ ᠲᠥᠭᠦᠷᠢᠭ᠎ᠤᠨ ᠱᠠᠩᠨᠠᠯ ᠨᠥᠬᠦᠪᠦᠷᠢ ᠣᠯᠭᠤᠨ᠎ᠠ; ᠲᠣᠮᠣ ᠳ᠋ᠠᠶ᠋ᠢᠲ᠋ᠠ ᠵᠢᠨ ᠲᠥᠪ᠎ᠤᠨ ᠴᠠᠬᠢᠯᠭ᠋ᠠᠨ ᠡᠭᠦᠰᠬᠡᠭᠴᠢ ᠵᠢᠨ ᠬᠡᠷᠡᠭᠯᠡᠯᠲᠡ ᠵᠢᠨ ᠦᠷ᠎ᠡ ᠪᠦᠲᠦᠮᠵᠢ (PUE ᠬᠡᠮᠵᠢᠭᠳᠡᠯ) ᠵᠢ ᠠᠩᠬ᠎ᠠ ᠤᠳᠠᠭ᠎ᠠ 1.3 ᠪᠣᠯᠲᠠᠯ᠎ᠠ ᠪᠠᠭᠤᠷᠠᠭᠤᠯᠤᠭᠰᠠᠨ ᠪᠠᠶ᠋ᠢᠪᠠᠯ᠂ ᠮᠡᠷᠭᠡᠵᠢᠯ᠎ᠤᠨ ᠥᠭᠡᠷᠡᠴᠢᠯᠡᠯᠲᠡ ᠵᠢᠨ ᠪᠡᠯᠡ ᠣᠷᠣᠭᠤᠯᠤᠯᠲᠠ ᠵᠢᠨ ᠲᠣᠭ᠋ᠠᠨ᠎ᠤ 10%᠎ᠪᠠᠷ ᠱᠠᠩᠨᠠᠨ ᠨᠥᠬᠦᠪᠦᠷᠢᠯᠡᠵᠦ᠂ ᠲᠠᠩ ᠭᠠᠭᠴᠠ ᠲᠥᠷᠥᠯ ᠵᠦᠢ᠍ᠯ᠎ᠢ ᠪᠣᠯ ᠬᠠᠮᠤᠭ᠎ᠤᠨ ᠢᠯᠡᠭᠦᠦ᠎ᠳᠤ᠎ᠪᠠᠨ 500 ᠲᠦᠮᠡᠨ ᠲᠥᠭᠦᠷᠢᠭ ᠵᠶ᠋ᠠᠷ ᠱᠠᠩᠨᠠᠨ ᠨᠥᠬᠦᠪᠦᠷᠢᠯᠡᠨ᠎ᠡ; ᠵᠢᠯ᠎ᠤᠨ ᠤᠰᠤ ᠠᠷᠪᠢᠯᠠᠬᠤ ᠬᠡᠮᠵᠢᠶ᠎ᠡ᠎ᠨᠢ 5 ᠲᠦᠮᠡᠨ ᠲᠣᠨ᠎ᠠᠴᠠ ᠳᠡᠭᠡᠭᠰᠢᠬᠢ ᠤᠰᠤ ᠠᠷᠪᠢᠯᠠᠬᠤ ᠮᠡᠷᠭᠡᠵᠢᠯ᠎ᠤᠨ ᠥᠭᠡᠷᠡᠴᠢᠯᠡᠯᠲᠡ ᠵᠢᠨ ᠲᠥᠷᠥᠯ ᠵᠦᠢ᠍ᠯ (ᠪᠣᠭᠤᠵᠢᠯᠠᠭᠰᠠᠨ ᠲᠥᠷᠥᠯ ᠵᠦᠢ᠍ᠯ ᠪᠠᠭᠲᠠᠨ᠎ᠠ)᠎ᠳᠤ 1 ᠲᠣᠨ ᠤᠰᠤ ᠠᠷᠪᠢᠯᠠᠬᠤ ᠪᠦᠷᠢ 10 ᠲᠥᠭᠦᠷᠢᠭ᠎ᠤᠨ ᠨᠥᠬᠦᠪᠦᠷᠢ ᠣᠯᠭᠤᠵᠤ᠂ ᠲᠠᠩ ᠭᠠᠭᠴᠠ ᠲᠥᠷᠥᠯ ᠵᠦᠢ᠍ᠯ᠎ᠳᠤ ᠣᠯᠭᠤᠬᠤ ᠨᠥᠬᠦᠪᠦᠷᠢ ᠵᠢ 500 ᠲᠦᠮᠡᠨ ᠲᠥᠭᠦᠷᠢᠭ᠎ᠠᠴᠠ ᠳᠠᠪᠠᠭᠤᠯᠬᠤ ᠦᠭᠡᠢ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ)
   21. ᠠᠵᠤ ᠦᠢ᠍ᠯᠡᠳᠪᠦᠷᠢ ᠵᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠡᠬᠢ ᠪᠠᠶᠠᠯᠢᠭ᠎ᠢ ᠶᠡᠷᠦᠩᠬᠡᠶ᠋ᠢᠯᠡᠨ ᠠᠰᠢᠭᠯᠠᠬᠤ ᠵᠢ ᠳᠡᠮᠵᠢᠵᠦ᠂ ᠠᠵᠤ ᠦᠢ᠍ᠯᠡᠳᠪᠦᠷᠢ ᠵᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠡᠬᠢ ᠪᠠᠶᠠᠯᠢᠭ᠎ᠢ ᠶᠡᠷᠦᠩᠬᠡᠶ᠋ᠢᠯᠡᠨ ᠠᠰᠢᠭᠯᠠᠭᠰᠠᠨ ᠬᠡᠮᠵᠢᠶ᠎ᠡ᠎ᠨᠢ ᠵᠢᠯ᠎ᠳᠤ 1 ᠲᠦᠮᠡᠨ ᠲᠣᠨ᠎ᠠᠴᠠ ᠳᠡᠭᠡᠭᠰᠢ ᠪᠠᠶ᠋ᠢᠬᠤ ᠲᠡᠷᠢᠭᠦᠨ᠎ᠤ ᠬᠡᠷᠡᠭᠯᠡᠭᠡᠨ᠎ᠤ ᠮᠡᠷᠭᠡᠵᠢᠯ᠎ᠢ ᠬᠡᠷᠡᠭᠯᠡᠨ ᠠᠵᠤ ᠦᠢ᠍ᠯᠡᠳᠪᠦᠷᠢ ᠵᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠪᠠ ᠳᠠᠬᠢᠯᠲᠠ ᠡᠬᠢ ᠪᠠᠶᠠᠯᠢᠭ᠎ᠢ ᠳᠡᠭᠡᠳᠦ ᠦᠵᠦᠭᠦᠷᠵᠢᠭᠦᠯᠬᠦ᠂ ᠪᠣᠬᠢᠷᠲᠤᠯ ᠦᠭᠡᠢ ᠪᠣᠯᠭ᠋ᠠᠬᠤ᠂ ᠤᠷᠴᠢᠯᠵᠢᠭᠤᠯᠤᠨ ᠠᠰᠢᠭᠯᠠᠬᠤ ᠰᠢᠨ᠎ᠡ᠎ᠪᠠᠷ ᠪᠠᠶ᠋ᠢᠭᠤᠯᠤᠭᠰᠠᠨ ᠲᠥᠷᠥᠯ ᠵᠦᠢ᠍ᠯ᠎ᠳᠤ᠂ 1 ᠲᠣᠨ ᠶᠡᠷᠦᠩᠬᠡᠶ᠋ᠢᠯᠡᠨ ᠠᠰᠢᠭᠯᠠᠬᠤ ᠪᠦᠷᠢ 10 ᠲᠥᠭᠦᠷᠢᠭ᠎ᠤᠨ ᠨᠥᠬᠦᠪᠦᠷᠢ ᠣᠯᠭᠤᠨ᠎ᠠ; ᠳᠠᠬᠢᠯᠲᠠ ᠡᠬᠢ ᠪᠠᠶᠠᠯᠢᠭ᠎ᠤᠨ ᠳᠣᠲᠣᠷᠠᠬᠢ ᠬᠠᠶᠠᠭᠳᠠᠮᠠᠯ ᠰᠦᠯᠢᠶᠥᠦ᠂ ᠬᠠᠶᠠᠭᠳᠠᠮᠠᠯ ᠴᠠᠭ᠋ᠠᠰᠤ ᠵᠢ ᠡᠭᠡᠭᠦᠯᠦᠨ ᠬᠤᠷᠢᠶᠠᠵᠤ ᠡᠳ᠋ᠰᠢᠭᠦᠯᠦᠨ ᠠᠰᠢᠭᠯᠠᠭᠰᠠᠨ ᠬᠡᠮᠵᠢᠶ᠎ᠡ᠎ᠨᠢ ᠵᠢᠯ᠎ᠳᠤ 1 ᠮᠢᠩᠭ᠋ᠠᠨ ᠲᠣᠨ᠎ᠠᠴᠠ ᠳᠡᠭᠡᠭᠰᠢᠬᠢ ᠲᠥᠷᠥᠯ ᠵᠦᠢ᠍ᠯ᠎ᠳᠤ ᠲᠥᠬᠦᠭᠡᠷᠦᠮᠵᠢ ᠵᠢᠨ ᠪᠡᠯᠡ ᠣᠷᠣᠭᠤᠯᠤᠯᠲᠠ ᠵᠢᠨ ᠲᠣᠭ᠋ᠠᠨ᠎ᠤ 10%᠎ᠪᠠᠷ ᠨᠥᠬᠦᠪᠦᠷᠢ ᠥᠭᠴᠦ᠂ ᠲᠠᠩ ᠭᠠᠭᠴᠠ ᠲᠥᠷᠥᠯ ᠵᠦᠢ᠍ᠯ᠎ᠤᠨ ᠨᠥᠬᠦᠪᠦᠷᠢ ᠵᠢ 500 ᠲᠦᠮᠡᠨ ᠲᠥᠭᠦᠷᠢᠭ᠎ᠠᠴᠠ ᠳᠠᠪᠠᠭᠤᠯᠬᠤ ᠦᠭᠡᠢ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ)
   22. ᠤᠯᠤᠰ᠎ᠤᠨ ᠲᠠᠰ᠎ᠤᠨ ᠪᠣᠬᠢᠷᠲᠤᠯ ᠦᠭᠡᠢ ᠬᠦᠷᠢᠶᠡᠯᠡᠩ ᠲᠣᠭᠤᠷᠢᠭ᠂ ᠪᠣᠬᠢᠷᠲᠤᠯ ᠦᠭᠡᠢ ᠦᠢ᠍ᠯᠡᠳᠪᠦᠷᠢ᠂ ᠪᠣᠬᠢᠷᠲᠤᠯ ᠦᠭᠡᠢ ᠬᠠᠩᠭ᠋ᠠᠯᠭ᠎ᠠ ᠵᠢᠨ ᠬᠡᠯᠬᠢᠶ᠎ᠡ᠂ ᠪᠣᠬᠢᠷᠲᠤᠯ ᠦᠭᠡᠢ ᠵᠢᠷᠤᠭ ᠲᠥᠯᠥᠪᠯᠡᠭᠡ ᠵᠢᠨ ᠵᠢᠱ᠌ᠢᠶ᠎ᠡ ᠦᠵᠡᠭᠦᠯᠬᠦ ᠠᠵᠤ ᠠᠬᠤᠶ᠋ᠢᠯᠠᠯ᠂ ᠡᠨᠧᠷᠭᠢ ᠵᠢᠨ ᠠᠰᠢᠭᠯᠠᠮᠵᠢ ᠵᠢᠨ ᠳᠠᠭ᠋ᠠᠭᠤᠯᠤᠭᠴᠢ᠂ ᠤᠰᠤᠨ᠎ᠤ ᠠᠰᠢᠭᠯᠠᠮᠵᠢ ᠵᠢᠨ ᠳᠠᠭ᠋ᠠᠭᠤᠯᠤᠭᠴᠢ ᠬᠡᠮᠡᠨ ᠰᠢᠨ᠎ᠡ᠎ᠪᠠᠷ ᠮᠠᠭ᠋ᠠᠳᠯᠠᠭᠳᠠᠨ ᠲᠣᠭᠲᠠᠭ᠋ᠠᠭᠳᠠᠭᠰᠠᠳ᠎ᠲᠤ ᠨᠢᠭᠡ ᠯᠡ ᠤᠳᠠᠭ᠎ᠠ᠎ᠳᠤ 100 ᠲᠦᠮᠡᠨ ᠲᠥᠭᠦᠷᠢᠭ᠎ᠤᠨ ᠱᠠᠩᠨᠠᠯ ᠣᠯᠭᠤᠵᠤ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠣᠬᠢᠷᠲᠤᠯ ᠦᠭᠡᠢ ᠬᠦᠷᠢᠶᠡᠯᠡᠩ ᠲᠣᠭᠤᠷᠢᠭ᠂ ᠪᠣᠬᠢᠷᠲᠤᠯ ᠦᠭᠡᠢ ᠦᠢ᠍ᠯᠡᠳᠪᠦᠷᠢ᠂ ᠪᠣᠬᠢᠷᠲᠤᠯ ᠦᠭᠡᠢ ᠬᠠᠩᠭ᠋ᠠᠯᠭ᠎ᠠ ᠵᠢᠨ ᠬᠡᠯᠬᠢᠶ᠎ᠡ᠂ ᠤᠰᠤ ᠠᠷᠪᠢᠯᠠᠭᠰᠠᠨ ᠬᠡᠪ ᠳᠠᠭᠤᠷᠢᠶᠠᠯ ᠬᠡᠮᠡᠨ ᠰᠢᠨ᠎ᠡ᠎ᠪᠠᠷ ᠮᠠᠭ᠋ᠠᠳᠯᠠᠭᠳᠠᠨ ᠲᠣᠭᠲᠠᠭ᠋ᠠᠭᠳᠠᠭᠰᠠᠳ᠎ᠢ ᠨᠢᠭᠡ ᠯᠡ ᠤᠳᠠᠭ᠎ᠠ ᠵᠢᠨ ᠴᠢᠨᠠᠷᠲᠠᠢ 50 ᠲᠦᠮᠡᠨ ᠲᠥᠭᠦᠷᠢᠭ ᠵᠶ᠋ᠠᠷ ᠱᠠᠩᠨᠠᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ)
   23. ᠦᠢ᠍ᠯᠡᠳᠬᠦ ᠦᠢ᠍ᠯᠡᠰ᠎ᠤᠨ ᠲᠣᠭ᠋ᠠᠵᠢᠭᠤᠯᠬᠤ ᠲᠡᠶ᠋ᠢᠰᠢ ᠬᠡᠯᠪᠡᠷᠢ᠎ᠪᠠᠨ ᠬᠤᠪᠢᠷᠠᠭᠤᠯᠬᠤ ᠵᠢ ᠳᠡᠮᠵᠢᠵᠦ᠂ ᠥᠪᠡᠷᠲᠡᠭᠡᠨ ᠵᠠᠰᠠᠬᠤ ᠣᠷᠣᠨ᠎ᠤ ᠦᠢ᠍ᠯᠡᠳᠬᠦ ᠦᠢ᠍ᠯᠡᠰ᠎ᠤᠨ ᠲᠣᠭ᠋ᠠᠵᠢᠭᠤᠯᠬᠤ ᠲᠡᠶ᠋ᠢᠰᠢ ᠬᠡᠯᠪᠡᠷᠢ᠎ᠪᠠᠨ ᠬᠤᠪᠢᠷᠠᠭᠤᠯᠬᠤ ᠲᠤᠷᠰᠢᠯᠲᠠ ᠵᠢᠨ ᠴᠡᠭ᠎ᠲᠤ ᠵᠢᠭᠰᠠᠭ᠋ᠠᠭᠳᠠᠭᠰᠠᠨ ᠠᠶ᠋ᠢᠮᠠᠭ ᠬᠤᠲᠠ᠎ᠳᠤ 5000 ᠲᠦᠮᠡᠨ ᠲᠥᠭᠦᠷᠢᠭ᠎ᠤᠨ ᠱᠠᠩᠨᠠᠯ ᠨᠥᠬᠦᠪᠦᠷᠢ ᠣᠯᠭᠤᠨ᠎ᠠ᠃ ᠤᠯᠤᠰ᠎ᠤᠨ ᠳᠤᠮᠳᠠ ᠵᠢᠵᠢᠭ ᠠᠵᠤ ᠠᠬᠤᠶ᠋ᠢᠯᠠᠯ᠎ᠤᠨ ᠲᠣᠭ᠋ᠠᠵᠢᠭᠤᠯᠬᠤ ᠲᠡᠶ᠋ᠢᠰᠢ ᠬᠡᠯᠪᠡᠷᠢ᠎ᠪᠠᠨ ᠬᠤᠪᠢᠷᠠᠭᠤᠯᠬᠤ ᠬᠤᠲᠠ ᠵᠢᠨ ᠲᠤᠷᠰᠢᠯᠲᠠ ᠵᠢᠨ ᠴᠡᠭ᠎ᠲᠤ ᠵᠢᠭᠰᠠᠭ᠋ᠠᠭᠳᠠᠭᠰᠠᠨ ᠠᠶ᠋ᠢᠮᠠᠭ ᠬᠤᠲᠠ᠎ᠳᠤ 5000 ᠲᠦᠮᠡᠨ ᠲᠥᠭᠦᠷᠢᠭ᠎ᠤᠨ ᠱᠠᠩᠨᠠᠯ ᠨᠥᠬᠦᠪᠦᠷᠢ ᠣᠯᠭᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ)
   24. ᠣᠯᠠᠨ ᠤᠯᠤᠰ᠂ ᠤᠯᠤᠰ (ᠠᠵᠢᠯ ᠲᠥᠷᠥᠯ)᠎ᠤᠨ ᠪᠠᠷᠢᠮᠵᠢᠶ᠎ᠠ ᠵᠢ ᠭᠤᠣᠯᠯᠠᠨ ᠲᠣᠭᠲᠠᠭ᠋ᠠᠭᠰᠠᠨ ᠠᠵᠤ ᠠᠬᠤᠶ᠋ᠢᠯᠠᠯ᠎ᠳᠤ ᠪᠣᠯ ᠪᠠᠷᠢᠮᠵᠢᠶ᠎ᠠ ᠨᠢᠭᠡᠪᠦᠷᠢ ᠲᠣᠰ ᠲᠣᠰ ᠨᠢᠭᠡ ᠯᠡ ᠤᠳᠠᠭ᠎ᠠ᠎ᠳᠤ 30 ᠲᠦᠮᠡᠨ ᠲᠥᠭᠦᠷᠢᠭ᠂ 20 ᠲᠦᠮᠡᠨ ᠲᠥᠭᠦᠷᠢᠭ᠎ᠤᠨ ᠱᠠᠩᠨᠠᠯ ᠣᠯᠭᠤᠨ᠎ᠠ; ᠣᠯᠠᠨ ᠤᠯᠤᠰ᠂ ᠤᠯᠤᠰ (ᠠᠵᠢᠯ ᠲᠥᠷᠥᠯ)᠎ᠤᠨ ᠪᠠᠷᠢᠮᠵᠢᠶ᠎ᠠ ᠵᠢ ᠲᠣᠭᠲᠠᠭ᠋ᠠᠬᠤ᠎ᠳᠤ ᠣᠷᠣᠯᠴᠠᠭᠰᠠᠨ ᠠᠵᠤ ᠠᠬᠤᠶ᠋ᠢᠯᠠᠯ᠎ᠳᠤ ᠪᠣᠯ ᠪᠠᠷᠢᠮᠵᠢᠶ᠎ᠠ ᠨᠢᠭᠡᠪᠦᠷᠢ ᠲᠣᠰ ᠲᠣᠰ 20 ᠲᠦᠮᠡᠨ ᠲᠥᠭᠦᠷᠢᠭ᠂ 10 ᠲᠦᠮᠡᠨ ᠲᠥᠭᠦᠷᠢᠭ᠎ᠤᠨ ᠨᠢᠭᠡ ᠯᠡ ᠤᠳᠠᠭ᠎ᠠ ᠵᠢᠨ ᠴᠢᠨᠠᠷᠲᠠᠢ ᠱᠠᠩᠨᠠᠯ ᠣᠯᠭᠤᠨ᠎ᠠ᠃ ᠪᠠᠷᠢᠮᠵᠢᠶ᠎ᠠ ᠲᠣᠭᠲᠠᠭ᠋ᠠᠬᠤ᠎ᠳᠤ ᠳᠠᠩ ᠭᠠᠭᠴᠠ ᠠᠵᠤ ᠠᠬᠤᠶ᠋ᠢᠯᠠᠯ ᠭᠤᠣᠯᠯᠠᠭᠰᠠᠨ ᠪᠤᠶᠤ ᠣᠷᠤᠯᠴᠠᠭᠰᠠᠨ ᠪᠠᠶ᠋ᠢᠪᠠᠯ ᠵᠢᠯ ᠪᠦᠷᠢ ᠵᠢᠨ ᠱᠠᠩᠨᠠᠯ᠎ᠤᠨ ᠪᠡᠯᠡ ᠮᠥᠩᠭᠦ ᠵᠢ 50 ᠲᠦᠮᠡᠨ ᠲᠥᠭᠦᠷᠢᠭ᠎ᠠᠴᠠ ᠳᠠᠪᠠᠭᠤᠯᠬᠤ ᠦᠭᠡᠢ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ)
   25. 2022 ᠣᠨ᠎ᠤ 1 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠰᠡᠭᠦᠯᠡᠷ ᠰᠤᠳᠤᠯᠤᠨ ᠨᠡᠭᠡᠭᠡᠬᠦ ᠪᠤᠶᠤ ᠣᠷᠣᠭᠤᠯᠤᠨ ᠠᠪᠴᠢᠷᠠᠬᠤ ᠠᠷᠭ᠎ᠠ ᠮᠠᠶᠢᠭ ᠵᠶ᠋ᠠᠷ ᠳᠠᠮᠵᠢᠭᠤᠯᠤᠨ ᠤᠯᠤᠰ᠎ᠤᠨ ᠵᠥᠪᠰᠢᠶᠡᠷᠡᠭᠰᠡᠨ ᠪᠢᠴᠢᠭ᠎ᠤᠨ ᠳ᠋ᠤᠭ᠋ᠠᠷ᠎ᠢ ᠣᠯᠣᠭᠰᠠᠨ 1 ᠳ᠋ᠦ᠍ᠭᠡᠷ ᠲᠥᠷᠥᠯ᠎ᠤᠨ ᠪᠤᠶᠤ 2 ᠳ᠋ᠤᠭ᠋ᠠᠷ ᠲᠥᠷᠥᠯ᠎ᠤᠨ ᠬᠢᠮᠢ ᠵᠢᠨ ᠡᠮ᠂ ᠠᠮᠢᠳᠤ ᠪᠣᠳᠠᠰ᠎ᠤᠨ ᠪᠦᠲᠦᠭᠡᠭᠳᠡᠬᠦᠨ᠂ ᠬᠢᠲᠠᠳ (ᠮᠣᠩᠭᠤᠯ) ᠡᠮ᠎ᠤᠨ ᠰᠢᠨ᠎ᠡ ᠵᠢ ᠡᠭᠦᠳᠦᠭᠰᠡᠨ ᠡᠮ᠂ ᠰᠠᠶ᠋ᠢᠵᠢᠷᠠᠭᠤᠯᠤᠭᠰᠠᠨ ᠮᠠᠶᠢᠭ᠎ᠤᠨ ᠰᠢᠨ᠎ᠡ ᠡᠮ᠂ ᠡᠷᠲᠡᠨ᠎ᠤ ᠰᠣᠩᠭᠤᠳᠠᠭ ᠨᠠᠷᠠᠲᠤ ᠵᠣᠷ᠎ᠤᠨ ᠬᠢᠲᠠᠳ ᠡᠮ᠎ᠤᠨ ᠬᠤᠯᠢᠮᠠᠭ ᠵᠣᠷ᠎ᠤᠨ ᠨᠠᠶ᠋ᠢᠷᠠᠯᠭ᠎ᠠ᠂ ᠥᠪᠡᠷᠲᠡᠭᠡᠨ ᠵᠠᠰᠠᠬᠤ ᠣᠷᠣᠨ᠎ᠤ ᠬᠤᠭᠤᠰᠤᠨ᠎ᠢ ᠨᠥᠬᠦᠪᠦᠷᠢᠯᠡᠭᠰᠡᠨ ᠭᠤᠷᠪᠠᠳᠤᠭ᠋ᠠᠷ ᠲᠥᠷᠥᠯ᠎ᠤᠨ ᠡᠮᠴᠢᠯᠡᠭᠡᠨ᠎ᠤ ᠪᠠᠭ᠋ᠠᠵᠢ ᠬᠡᠷᠡᠭᠰᠡᠯ ᠪᠠ ᠰᠢᠨ᠎ᠡ ᠵᠢ ᠡᠭᠦᠳᠬᠦ ᠡᠮᠴᠢᠯᠡᠭᠡᠨ᠎ᠤ ᠪᠠᠭ᠋ᠠᠵᠢ ᠬᠡᠷᠡᠭᠰᠡᠯ᠎ᠤᠨ ᠣᠨᠴᠠᠭ᠋ᠠᠶ ᠬᠢᠨᠠᠨ ᠪᠠᠶ᠋ᠢᠴᠠᠭ᠋ᠠᠬᠤ ᠲᠠᠰ ᠳᠠᠷᠠᠭ᠋ᠠᠯᠠᠯ᠎ᠳᠤ ᠣᠷᠣᠭᠰᠠᠨ ᠪᠥᠭᠡᠳ ᠬᠤᠶᠠᠳᠤᠭ᠋ᠠᠷ ᠲᠥᠷᠥᠯ᠎ᠤᠨ ᠡᠮᠴᠢᠯᠡᠭᠡᠨ᠎ᠤ ᠪᠠᠭ᠋ᠠᠵᠢ ᠬᠡᠷᠡᠭᠰᠡᠯ᠎ᠤᠨ ᠠᠩᠬ᠎ᠠ ᠤᠳᠠᠭ᠎ᠠ ᠳᠠᠩᠰᠠᠯᠠᠭᠤᠯᠤᠭᠰᠠᠨ ᠦᠨᠡᠮᠯᠡᠯ ᠣᠯᠣᠭᠰᠠᠨ ᠦᠢ᠍ᠯᠡᠳᠬᠦᠨ (ᠬᠤᠶᠠᠳᠤᠭ᠋ᠠᠷ ᠲᠥᠷᠥᠯ᠎ᠤᠨ ᠪᠡᠶ᠎ᠡ ᠵᠢᠨ ᠭᠠᠳᠠᠨᠠᠬᠢ ᠣᠨᠣᠰᠢᠯᠠᠯ᠎ᠤᠨ ᠤᠷᠪᠠᠯᠵᠢ ᠵᠢᠴᠢ ᠲᠣᠨᠤᠭ ᠲᠥᠬᠦᠭᠡᠷᠦᠮᠵᠢ ᠵᠢᠨ ᠰᠡᠯᠪᠢᠭ ᠲᠣᠨᠤᠭ ᠪᠠᠭᠲᠠᠬᠤ ᠦᠭᠡᠢ)᠂ ᠨᠢᠭᠡᠳᠦᠭᠡᠷ᠂ ᠬᠤᠶᠠᠳᠤᠭ᠋ᠠᠷ ᠲᠦᠷᠦᠯ᠎ᠤᠨ 《ᠮᠠᠯ᠎ᠤᠨ ᠰᠢᠨ᠎ᠡ ᠡᠮ᠎ᠤᠨ ᠳᠠᠩᠰᠠᠯᠠᠭᠤᠯᠤᠭᠰᠠᠨ ᠦᠨᠡᠮᠯᠡᠯ》 ᠣᠯᠣᠭᠰᠠᠨ ᠰᠢᠨ᠎ᠡ ᠵᠢ ᠡᠭᠦᠳᠦᠭᠰᠡᠨ ᠮᠠᠯ᠎ᠤᠨ ᠡᠮ᠂ ᠭᠡᠬᠦ ᠮᠥᠷᠲᠡᠭᠡᠨ ᠠᠵᠤ ᠦᠢ᠍ᠯᠡᠰᠵᠢᠯᠲᠡ ᠵᠢ ᠪᠡᠶᠡᠯᠡᠭᠦᠯᠦᠭᠰᠡᠨ ᠲᠦᠷᠦᠯ ᠵᠦᠢ᠍ᠯ᠎ᠳᠤ ᠲᠥᠬᠦᠭᠡᠷᠦᠮᠵᠢ ᠵᠢᠨ ᠶᠡᠷᠦᠩᠬᠡᠢ ᠪᠡᠯᠡ ᠣᠷᠣᠭᠤᠯᠤᠯᠲᠠ ᠵᠢᠨ 20% ᠵᠢᠨ ᠪᠡᠯᠡ ᠮᠥᠩᠭᠦᠨ᠎ᠤ ᠨᠥᠬᠦᠪᠦᠷᠢ ᠵᠢ ᠨᠢᠭᠡ ᠯᠡ ᠤᠳᠠᠭ᠎ᠠ᠎ᠳᠤ ᠣᠯᠭᠤᠵᠤ᠂ ᠬᠠᠮᠤᠭ᠎ᠤᠨ ᠢᠯᠡᠭᠦᠦ᠎ᠳᠤ᠎ᠪᠠᠨ 1000 ᠲᠦᠮᠡᠨ ᠲᠥᠭᠦᠷᠢᠭ᠎ᠠᠴᠠ ᠳᠠᠪᠠᠭᠤᠯᠬᠤ ᠦᠭᠡᠢ᠃ ᠰᠢᠨ᠎ᠡ ᠬᠢᠮᠢ ᠵᠢᠨ ᠡᠮ᠎ᠤᠨ ᠵᠦᠢ᠍ᠯ᠎ᠤᠨ ᠳᠠᠩᠰᠠᠯᠠᠯᠲᠠ ᠵᠢᠨ ᠲᠥᠷᠥᠯ ᠠᠩᠭᠢᠯᠠᠯ ᠵᠶ᠋ᠠᠷ ᠳᠠᠩᠰᠠᠯᠠᠭᠤᠯᠬᠤ᠎ᠪᠠᠷ ᠭᠤᠶᠤᠴᠢᠯᠠᠭ᠋ᠠᠳ ᠵᠥᠪᠰᠢᠶᠡᠷᠡᠯ ᠣᠯᠣᠭᠰᠠᠨ ᠪᠤᠶᠤ ᠳᠠᠭᠤᠷᠢᠶᠠᠮᠠᠯ ᠡᠮ᠎ᠤᠨ ᠨᠢᠭᠡᠳᠦᠯᠲᠦ ᠴᠢᠨᠠᠷ᠎ᠤᠨ ᠦᠨᠡᠯᠡᠯᠲᠡ᠎ᠪᠠᠷ ᠪᠠᠲᠤᠯᠠᠭᠳᠠᠭᠰᠠᠨ ᠡᠮ᠎ᠤᠨ ᠵᠦᠢ᠍ᠯ᠎ᠳᠤ ᠱᠠᠩᠨᠠᠯ ᠨᠥᠬᠦᠪᠦᠷᠢ ᠣᠯᠭᠤᠨ᠎ᠠ᠂ ᠵᠠᠷᠴᠢᠮ ᠳᠡᠭᠡᠷ᠎ᠡ᠎ᠪᠠᠨ ᠲᠠᠩ ᠭᠠᠭᠴᠠ ᠵᠦᠢ᠍ᠯ᠎ᠤᠨ ᠱᠠᠩᠨᠠᠯ ᠨᠥᠬᠦᠪᠦᠷᠢ ᠵᠢᠨ ᠶᠡᠷᠦᠩᠬᠡᠢ ᠲᠤᠭ᠎ᠠ ᠵᠢ 300 ᠲᠦᠮᠡᠨ ᠲᠥᠭᠦᠷᠢᠭ᠎ᠠᠴᠠ ᠳᠠᠪᠠᠭᠤᠯᠬᠤ ᠦᠭᠡᠢ᠃ [ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠂ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠡᠳ᠋᠎ᠤᠨ ᠵᠠᠰᠠᠭ᠎ᠤᠨ ᠲᠢᠩᠬᠢᠮ]
   26. ᠡᠮᠲᠦ ᠪᠣᠳᠠᠰ᠎ᠤᠨ ᠡᠮᠴᠢᠯᠡᠭᠡᠨ᠎ᠤ ᠰᠤᠳᠤᠯᠭ᠋ᠠᠨ᠎ᠢ ᠵᠣᠷᠢᠭᠵᠢᠭᠤᠯᠵᠤ᠂ ᠡᠮᠴᠢᠯᠡᠭᠡᠨ᠎ᠤ ᠲᠤᠷᠰᠢᠯᠲᠠ ᠬᠢᠬᠦ᠎ᠪᠠᠷ ᠭᠤᠶᠤᠴᠢᠯᠠᠨ ᠡᠷᠬᠢᠯᠡᠭᠰᠡᠳ I᠂ II᠂ III ᠬᠤᠭᠤᠴᠠᠭ᠋ᠠᠨ᠎ᠤ ᠡᠮᠴᠢᠯᠡᠭᠡᠨ᠎ᠤ ᠲᠤᠷᠰᠢᠯᠲᠠ ᠵᠢᠨ ᠰᠤᠳᠤᠯᠭ᠋ᠠᠨ᠎ᠢ ᠥᠷᠨᠢᠭᠦᠯᠬᠦ ᠵᠢᠨ ᠬᠠᠮᠲᠤ ᠦᠷ᠎ᠡ ᠪᠦᠲᠦᠭᠡᠯ᠎ᠢ ᠤᠯᠠᠷᠢᠭᠤᠯᠬᠤ᠎ᠪᠠᠷ ᠠᠮᠠᠯᠠᠭᠰᠠᠨ ᠪᠠᠶ᠋ᠢᠪᠠᠯ᠂ ᠲᠣᠰ ᠲᠣᠰ ᠨᠢᠭᠡ ᠯᠡ ᠤᠳᠠᠭ᠎ᠠ᠎ᠳᠤ 100 ᠲᠦᠮᠡᠨ ᠲᠥᠭᠦᠷᠢᠭ᠂ 200 ᠲᠦᠮᠡᠨ ᠲᠥᠭᠦᠷᠢᠭ᠂ 300 ᠲᠦᠮᠡᠨ ᠲᠥᠭᠦᠷᠢᠭ᠎ᠤᠨ ᠨᠥᠬᠦᠪᠦᠷᠢ ᠣᠯᠭᠤᠨ᠎ᠠ᠃ ᠡᠮᠴᠢᠯᠡᠭᠡᠨ᠎ᠤ ᠪᠠᠶ᠋ᠢᠭᠤᠯᠤᠮᠵᠢ᠎ᠠᠴᠠ ᠥᠪᠡᠷᠲᠡᠭᠡᠨ ᠵᠠᠰᠠᠬᠤ ᠣᠷᠣᠨ᠎ᠤ ᠡᠮᠲᠦ ᠪᠣᠳᠠᠰ᠎ᠤᠨ ᠡᠮᠴᠢᠯᠡᠭᠡᠨ᠎ᠤ ᠲᠤᠷᠰᠢᠯᠲᠠ ᠬᠢᠬᠦ᠎ᠪᠠᠷ ᠭᠤᠶᠤᠴᠢᠯᠠᠨ ᠡᠷᠬᠢᠯᠡᠭᠰᠡᠳ᠎ᠤᠨ ᠡᠮᠴᠢᠯᠡᠭᠡᠨ᠎ᠤ ᠲᠤᠷᠰᠢᠯᠲᠠ ᠵᠢᠨ ᠲᠥᠷᠥᠯ ᠵᠦᠢ᠍ᠯ᠎ᠢ᠎ᠨᠢ ᠳᠠᠭ᠋ᠠᠭ᠋ᠠᠨ ᠠᠪᠴᠤ ᠵᠠᠯᠭ᠋ᠠᠭᠤᠯᠤᠭᠰᠠᠨ ᠪᠠᠶ᠋ᠢᠪᠠᠯ᠂ ᠲᠤᠰ ᠲᠥᠷᠥᠯ ᠵᠦᠢ᠍ᠯ᠎ᠤᠨ ᠲᠤᠰ ᠪᠠᠶ᠋ᠢᠭᠤᠯᠤᠮᠵᠢ᠎ᠯᠤᠭ᠎ᠠ ᠡᠭᠦᠰᠦᠭᠰᠡᠨ ᠡᠮᠲᠦ ᠪᠣᠳᠠᠰ᠎ᠤᠨ ᠡᠮᠴᠢᠯᠡᠭᠡᠨ᠎ᠤ ᠲᠤᠷᠰᠢᠯᠲᠠ ᠵᠢᠨ ᠲᠥᠷᠥᠯ ᠵᠦᠢ᠍ᠯ᠎ᠤᠨ ᠵᠠᠷᠤᠳᠠᠯ᠎ᠤᠨ 5%᠎ᠪᠠᠷ ᠡᠮᠴᠢᠯᠡᠭᠡᠨ᠎ᠤ ᠪᠠᠶ᠋ᠢᠭᠤᠯᠤᠮᠵᠢ᠎ᠳᠤ ᠱᠠᠩᠨᠠᠯ ᠨᠥᠬᠦᠪᠦᠷᠢ ᠣᠯᠭᠤᠵᠤ᠂ ᠳᠠᠩ ᠭᠠᠭᠴᠠ ᠪᠠᠶ᠋ᠢᠭᠤᠯᠤᠮᠵᠢ᠎ᠳᠤ ᠵᠢᠯ ᠪᠦᠷᠢ ᠬᠠᠮᠤᠭ᠎ᠤᠨ ᠢᠯᠡᠭᠦᠦ᠎ᠳᠤ᠎ᠪᠠᠨ 200 ᠲᠦᠮᠡᠨ ᠲᠥᠭᠦᠷᠢᠭ᠎ᠠᠴᠠ ᠳᠠᠪᠠᠭᠤᠯᠬᠤ ᠦᠭᠡᠢ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ)
   27. ᠠᠮᠢᠳᠤ ᠪᠣᠳᠠᠰ᠎ᠤᠨ ᠡᠮ ᠡᠮᠨᠡᠯᠭᠡ ᠵᠢᠨ ᠰᠤᠳᠤᠯᠤᠨ ᠨᠡᠭᠡᠭᠡᠬᠦ ᠰᠢᠨ᠎ᠡ ᠵᠢ ᠡᠭᠦᠳᠬᠦ ᠪᠠ ᠨᠡᠪᠴᠢᠭᠦᠯᠬᠦ ᠲᠠᠪᠴᠠᠩ᠎ᠤᠨ ᠪᠠᠶ᠋ᠢᠭᠤᠯᠤᠯᠲᠠ ᠵᠢ ᠳᠡᠮᠵᠢᠨ᠎ᠡ᠃ ᠠᠮᠢᠳᠤ ᠪᠣᠳᠠᠰ᠎ᠤᠨ ᠡᠮ ᠡᠮᠨᠡᠯᠭᠡ ᠵᠢᠨ ᠠᠵᠤ ᠠᠬᠤᠶ᠋ᠢᠯᠠᠯ᠎ᠢ ᠰᠤᠳᠤᠯᠤᠨ ᠨᠡᠭᠡᠭᠡᠬᠦ ᠣᠷᠣᠭᠤᠯᠤᠯᠲᠠ᠎ᠪᠠᠨ ᠨᠡᠮᠡᠭᠳᠡᠭᠦᠯᠬᠦ᠎ᠪᠠᠷ ᠬᠥᠲᠥᠯᠥᠨ ᠵᠢᠯᠤᠭᠤᠳᠴᠤ᠂ ᠠᠵᠤ ᠠᠬᠤᠶ᠋ᠢᠯᠠᠯ᠎ᠤᠨ ᠳᠡᠭᠡᠷ᠎ᠡ ᠵᠢᠯ᠎ᠤᠨ ᠰᠤᠳᠤᠯᠤᠨ ᠨᠡᠭᠡᠭᠡᠬᠦ ᠣᠷᠣᠭᠤᠯᠤᠯᠲᠠ ᠵᠢᠨ ᠬᠦᠴᠦᠯᠡᠴᠡ ᠵᠢᠴᠢ ᠨᠡᠮᠡᠭᠳᠡᠯ ᠨᠡᠮᠡᠭᠳᠡᠴᠡ᠎ᠪᠠᠷ ᠱᠠᠩᠨᠠᠯ ᠨᠥᠬᠦᠪᠦᠷᠢ ᠣᠯᠭᠤᠵᠤ᠂ ᠳᠠᠩ ᠭᠠᠭᠴᠠ ᠠᠵᠤ ᠠᠬᠤᠶ᠋ᠢᠯᠠᠯ᠎ᠢ ᠵᠢᠯ ᠪᠦᠷᠢ ᠬᠠᠮᠤᠭ᠎ᠤᠨ ᠢᠯᠡᠭᠦᠦ᠎ᠳᠤ᠎ᠪᠠᠨ 500 ᠲᠦᠮᠡᠨ ᠲᠥᠭᠦᠷᠢᠭ ᠵᠶ᠋ᠠᠷ ᠱᠠᠩᠨᠠᠨ ᠨᠥᠬᠦᠪᠦᠷᠢᠯᠡᠨ᠎ᠡ᠃ ᠠᠮᠢᠳᠤ ᠪᠣᠳᠠᠰ᠎ᠤᠨ ᠡᠮ ᠡᠮᠨᠡᠯᠭᠡ ᠵᠢᠨ ᠨᠡᠪᠴᠢᠭᠦᠯᠬᠦ ᠲᠠᠯ᠎ᠠ᠎ᠪᠠᠷ ᠪᠣᠯᠪᠠᠰᠤᠷᠠᠩᠭᠤᠢ ᠪᠣᠯᠤᠭᠰᠠᠨ ᠲᠠᠪᠴᠠᠩ᠎ᠢ ᠥᠪᠡᠷᠲᠡᠭᠡᠨ ᠵᠠᠰᠠᠬᠤ ᠣᠷᠣᠨ᠎ᠳᠤ ᠣᠷᠣᠭᠤᠯᠤᠨ ᠰᠠᠭᠤᠷᠢᠰᠢᠭᠤᠯᠬᠤ ᠵᠢ ᠵᠣᠷᠢᠭᠵᠢᠭᠤᠯᠵᠤ᠂ ᠠᠩᠬ᠎ᠠ ᠡᠭᠦᠳᠬᠦ ᠬᠡᠯᠪᠡᠷᠢ ᠵᠢᠨ ᠠᠵᠤ ᠠᠬᠤᠶ᠋ᠢᠯᠠᠯ ᠪᠠ ᠰᠤᠳᠤᠯᠤᠨ ᠨᠡᠭᠡᠭᠡᠬᠦ ᠪᠠᠶ᠋ᠢᠭᠤᠯᠤᠮᠵᠢ᠎ᠳᠤ ᠪᠦᠷᠢᠨ ᠲᠡᠭᠦᠯᠳᠡᠷ ᠪᠦᠬᠦᠢ ᠠᠵᠢᠯᠯᠠᠬᠤ᠂ ᠰᠤᠳᠤᠯᠤᠨ ᠨᠡᠭᠡᠭᠡᠬᠦ᠂ ᠦᠢ᠍ᠯᠡᠳᠪᠦᠷᠢᠯᠡᠬᠦ᠂ ᠳᠡᠩᠰᠡᠯᠡᠵᠦ ᠮᠡᠳᠡᠭᠦᠯᠦᠨ ᠵᠥᠪᠰᠢᠶᠡᠷᠡᠭᠦᠯᠬᠦ ᠦᠢ᠍ᠯᠡᠴᠢᠯᠡᠭᠡ ᠬᠠᠩᠭ᠋ᠠᠵᠤ᠂ ᠨᠠᠩ ᠣᠯᠠᠨ ᠤᠤᠭ᠋ᠠᠯ ᠪᠦᠲᠦᠭᠡᠯᠴᠢ ᠦᠷ᠎ᠡ ᠪᠦᠲᠦᠭᠡᠯ ᠪᠠ ᠮᠡᠷᠭᠡᠵᠢᠯ᠎ᠢ ᠥᠪᠡᠷᠲᠡᠭᠡᠨ ᠵᠠᠰᠠᠬᠤ ᠣᠷᠣᠨ᠎ᠳᠤ ᠤᠯᠠᠷᠢᠭᠤᠯᠤᠨ ᠪᠣᠳᠠᠲᠠᠶ᠋ᠢᠵᠢᠭᠤᠯᠬᠤ ᠵᠢ ᠠᠬᠢᠭᠤᠯᠤᠨ᠎ᠠ᠃ ᠮᠠᠭ᠋ᠠᠳᠯᠠᠭᠳᠠᠨ ᠲᠣᠭᠲᠠᠭ᠋ᠠᠭᠳᠠᠭᠰᠠᠨ ᠥᠪᠡᠷᠲᠡᠭᠡᠨ ᠵᠠᠰᠠᠬᠤ ᠣᠷᠣᠨ᠎ᠤ ᠠᠮᠢᠳᠤ ᠪᠣᠳᠠᠰ᠎ᠤᠨ ᠡᠮ ᠡᠮᠨᠡᠯᠭᠡ ᠵᠢᠨ ᠨᠡᠪᠴᠢᠭᠦᠯᠬᠦ ᠲᠠᠪᠴᠠᠩ᠎ᠳᠤ ᠠᠮᠢᠳᠤ ᠪᠣᠳᠠᠰ᠎ᠤᠨ ᠡᠮ ᠡᠮᠨᠡᠯᠭᠡ ᠵᠢᠨ ᠠᠵᠤ ᠠᠬᠤᠶ᠋ᠢᠯᠠᠯ ᠪᠤᠶᠤ ᠰᠤᠳᠤᠯᠤᠨ ᠨᠡᠭᠡᠭᠡᠬᠦ ᠪᠠᠶ᠋ᠢᠭᠤᠯᠤᠮᠵᠢ ᠵᠢ ᠰᠠᠭᠤᠷᠢᠰᠢᠭᠤᠯᠬᠤ ᠪᠦᠷᠢ ᠨᠢᠭᠡ ᠯᠡ ᠤᠳᠠᠭ᠎ᠠ᠎ᠳᠤ 20 ᠲᠦᠮᠡᠨ ᠲᠥᠭᠦᠷᠢᠭ ᠱᠠᠩᠨᠠᠨ ᠨᠥᠬᠦᠪᠦᠷᠢᠯᠡᠵᠦ᠂ ᠲᠠᠩ ᠭᠠᠭᠴᠠ ᠲᠠᠪᠴᠠᠩ᠎ᠢ ᠵᠢᠯ ᠪᠦᠷᠢ ᠬᠠᠮᠤᠭ᠎ᠤᠨ ᠢᠯᠡᠭᠦᠦ᠎ᠳᠤ᠎ᠪᠠᠨ 200 ᠲᠦᠮᠡᠨ ᠲᠥᠭᠦᠷᠢᠭ ᠵᠶ᠋ᠠᠷ ᠱᠠᠩᠨᠠᠨ ᠨᠥᠬᠦᠪᠦᠷᠢᠯᠡᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠡᠳ᠋᠎ᠤᠨ ᠵᠠᠰᠠᠭ᠎ᠤᠨ ᠲᠢᠩᠬᠢᠮ)
   28. 2022 ᠣᠨ᠎ᠤ 1 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠰᠡᠭᠦᠯᠡᠷ ᠤᠯᠤᠰ᠎ᠤᠨ ᠠᠨᠠᠭ᠋ᠠᠬᠤ ᠤᠬᠠᠭ᠋ᠠᠨ᠎ᠤ ᠣᠨᠴᠠᠭ᠋ᠠᠢ ᠬᠡᠷᠡᠭᠴᠡᠭᠡᠲᠦ ᠨᠠᠶ᠋ᠢᠷᠠᠯᠭ᠎ᠠ᠎ᠲᠠᠢ ᠢᠳᠡᠭᠡᠨ ᠪᠠ ᠡᠷᠡᠭᠦᠯᠵᠢᠯ ᠢᠳᠡᠭᠡᠨ ᠵᠶ᠋ᠠᠷ ᠳᠠᠩᠰᠠᠯᠠᠭᠤᠯᠤᠭᠰᠠᠨ ᠪᠥᠭᠡᠳ ᠦᠢ᠍ᠯᠡᠳᠪᠦᠷᠢᠯᠡᠬᠦ ᠵᠥᠪᠰᠢᠶᠡᠷᠡᠯ ᠣᠯᠣᠭᠰᠠᠨ ᠠᠵᠤ ᠠᠬᠤᠶ᠋ᠢᠯᠠᠯ᠎ᠳᠤ᠂ ᠪᠦᠲᠦᠭᠡᠭᠳᠡᠬᠦᠨ ᠨᠢᠭᠡᠪᠦᠷᠢ᠎ᠳᠤ ᠨᠢᠭᠡ ᠯᠡ ᠤᠳᠠᠭ᠎ᠠ᠎ᠳᠤ 100 ᠲᠦᠮᠡᠨ ᠲᠥᠭᠦᠷᠢᠭ᠎ᠤᠨ ᠱᠠᠩᠨᠠᠯ ᠨᠥᠬᠦᠪᠦᠷᠢ ᠣᠯᠭᠤᠨ᠎ᠠ᠃ 2022 ᠣᠨ᠎ᠤ 1 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠰᠡᠭᠦᠯᠡᠷ ᠣᠨᠴᠠᠭ᠋ᠠᠢ ᠵᠠᠰᠠᠯ ᠴᠢᠮᠡᠭᠯᠡᠯ᠎ᠤᠨ ᠡᠳ᠋᠎ᠤᠨ ᠳᠠᠩᠰᠠᠯᠠᠭᠤᠯᠤᠭᠰᠠᠨ ᠦᠨᠡᠮᠯᠡᠯ ᠣᠯᠣᠭᠰᠠᠨ ᠪᠥᠭᠡᠳ ᠦᠢ᠍ᠯᠡᠳᠪᠦᠷᠢᠯᠡᠬᠦ ᠵᠥᠪᠰᠢᠶᠡᠷᠡᠯ ᠣᠯᠣᠭᠰᠠᠨ ᠠᠵᠤ ᠠᠬᠤᠶ᠋ᠢᠯᠠᠯ᠎ᠳᠤ ᠲᠥᠷᠥᠯ ᠵᠦᠢ᠍ᠯ ᠨᠢᠭᠡᠪᠦᠷᠢ᠎ᠳᠤ ᠨᠢᠭᠡ ᠯᠡ ᠤᠳᠠᠭ᠎ᠠ᠎ᠳᠤ 50 ᠲᠦᠮᠡᠨ ᠲᠥᠭᠦᠷᠢᠭ᠎ᠤᠨ ᠱᠠᠩᠨᠠᠯ ᠨᠥᠬᠦᠪᠦᠷᠢ ᠣᠯᠭᠤᠵᠤ᠂ ᠳᠠᠩ ᠭᠠᠭᠴᠠ ᠠᠵᠤ ᠠᠬᠤᠶ᠋ᠢᠯᠠᠯ᠎ᠳᠤ ᠵᠢᠯ ᠪᠦᠷᠢ ᠬᠠᠮᠤᠭ᠎ᠤᠨ ᠢᠯᠡᠭᠦᠦ᠎ᠳᠤ᠎ᠪᠠᠨ 500 ᠲᠦᠮᠡᠨ ᠲᠥᠭᠦᠷᠢᠭ᠎ᠠᠴᠠ ᠳᠠᠪᠠᠭᠤᠯᠬᠤ ᠦᠭᠡᠢ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠡᠳ᠋᠎ᠤᠨ ᠵᠠᠰᠠᠭ᠎ᠤᠨ ᠲᠢᠩᠬᠢᠮ)
   (ᠬᠤᠶᠠᠷ) ᠣᠲᠣ ᠦᠶ᠎ᠡ ᠵᠢᠨ ᠡᠨᠧᠷᠭᠢ ᠵᠢᠨ ᠠᠵᠤ ᠠᠬᠤᠢ ᠵᠢᠨ ᠲᠣᠭᠲᠠᠯᠴᠠᠭ᠎ᠠ ᠵᠢ ᠪᠠᠶ᠋ᠢᠭᠤᠯᠤᠨ᠎ᠠ᠃
   29. ᠨᠡᠭᠦᠷᠡᠰᠦᠨ᠎ᠤ ᠴᠢᠨᠠᠷ ᠰᠠᠶ᠋ᠢᠲᠠᠢ ᠦᠢ᠍ᠯᠡᠳᠪᠦᠷᠢᠯᠡᠬᠦ ᠴᠢᠳᠠᠪᠤᠷᠢ ᠵᠢ ᠴᠢᠯᠦᠭᠡᠯᠡᠨ ᠳᠡᠭᠡᠭᠰᠢᠯᠡᠭᠦᠯᠬᠦ ᠵᠢ ᠳᠡᠮᠵᠢᠵᠦ᠂ ᠴᠠᠬᠢᠯᠭ᠋ᠠᠨ ᠭᠠᠷᠭ᠋ᠠᠵᠤ ᠢᠯᠴᠢ ᠬᠠᠩᠭ᠋ᠠᠬᠤ᠎ᠳᠤ ᠨᠡᠭᠦᠷᠡᠰᠦ ᠬᠡᠷᠡᠭᠯᠡᠬᠦ ᠤᠷᠲᠤᠪᠲᠤᠷ ᠪᠠ ᠣᠷᠳᠣ ᠬᠤᠭᠤᠴᠠᠭ᠋ᠠᠨ᠎ᠤ ᠭᠡᠷ᠎ᠡ᠎ᠪᠠᠨ ᠭᠦᠢ᠍ᠴᠡᠳᠬᠡᠨ ᠪᠡᠶᠡᠯᠡᠭᠦᠯᠬᠦ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠴᠠᠬᠢᠯᠭ᠋ᠠᠨ᠎ᠤ ᠦᠨ᠎ᠡ ᠵᠢᠨ ᠲᠦᠷᠦ ᠵᠢᠨ ᠪᠣᠳᠣᠯᠭ᠎ᠠ ᠵᠢ ᠰᠢᠯᠢᠳᠡᠭᠵᠢᠭᠦᠯᠵᠦ᠂ ᠨᠡᠭᠦᠷᠡᠰᠦ ᠴᠠᠬᠢᠯᠭ᠋ᠠᠨ᠎ᠤ ᠠᠵᠤ ᠠᠬᠤᠶ᠋ᠢᠯᠠᠯ᠎ᠤᠨ ᠴᠠᠬᠢᠯᠭ᠋ᠠᠨ ᠭᠠᠷᠭ᠋ᠠᠬᠤ ᠬᠦᠴᠦᠨ ᠵᠶ᠋ᠠᠨ ᠳᠡᠭᠡᠭᠰᠢᠯᠡᠭᠦᠯᠬᠦ ᠵᠢ ᠳᠡᠮᠵᠢᠨ᠎ᠡ᠃ ᠠᠵᠤ ᠦᠢ᠍ᠯᠡᠰ᠎ᠤᠨ ᠬᠡᠯᠬᠢᠶ᠎ᠡ ᠵᠢᠨ ᠭᠤᠣᠯᠳᠠᠯᠭ᠎ᠠ᠎ᠲᠠᠢ ᠠᠵᠤ ᠠᠬᠤᠶ᠋ᠢᠯᠠᠯ ᠬᠢᠭᠡᠳ ᠨᠡᠭᠦᠷᠡᠰᠦᠨ᠎ᠤ ᠠᠵᠤ ᠠᠬᠤᠶ᠋ᠢᠯᠠᠯ᠎ᠤᠨ ᠬᠠᠩᠭ᠋ᠠᠯᠭ᠎ᠠ ᠬᠡᠷᠡᠭᠴᠡᠭᠡ᠎ᠪᠠᠨ ᠵᠣᠯᠭ᠋ᠠᠭᠤᠯᠬᠤ ᠠᠵᠢᠯ᠎ᠢ ᠢᠳᠡᠪᠬᠢᠲᠡᠢ᠎ᠪᠠᠷ ᠥᠷᠨᠢᠭᠦᠯᠵᠦ᠂ ᠤᠷᠲᠤ ᠬᠤᠭᠤᠴᠠᠭ᠎ᠠ᠎ᠪᠠᠷ ᠨᠡᠭᠦᠷᠡᠰᠦ ᠬᠤᠳᠠᠯᠳᠤᠨ ᠠᠪᠬᠤ ᠪᠠ ᠪᠣᠷᠣᠯᠠᠭᠤᠯᠬᠤ ᠭᠡᠷ᠎ᠡ ᠲᠣᠭᠲᠠᠬᠤ ᠵᠢ᠎ᠨᠢ ᠵᠣᠷᠢᠭᠵᠢᠭᠤᠯᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠲᠣᠪᠴᠢᠶ᠎ᠠ᠂ ᠠᠭᠤᠷᠬᠠᠢ ᠵᠢᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠤᠯᠤᠰ᠎ᠤᠨ ᠠᠭᠤᠷᠬᠠᠢ ᠵᠢᠨ ᠠᠮᠤᠷ ᠲᠦᠪᠰᠢᠨ᠎ᠢ ᠬᠢᠨᠠᠨ ᠪᠠᠶ᠋ᠢᠴᠠᠭ᠋ᠠᠬᠤ ᠲᠣᠪᠴᠢᠶ᠎ᠠ ᠵᠢᠨ ᠥᠪᠥᠷ ᠮᠣᠩᠭᠤᠯ᠎ᠤᠨ ᠲᠣᠪᠴᠢᠶ᠎ᠠ)
   30. ᠨᠥᠬᠦᠴᠡᠯ᠎ᠳᠤ ᠨᠡᠶ᠋ᠢᠴᠡᠬᠦ ᠰᠢᠨ᠎ᠡ ᠡᠨᠧᠷᠭᠢ ᠵᠢᠨ ᠴᠠᠬᠢᠯᠭ᠋ᠠᠨ ᠡᠭᠦᠰᠬᠡᠭᠴᠢ ᠵᠢᠴᠢ ᠳᠦᠬᠦᠷᠵᠢᠭᠦᠯᠦᠨ ᠬᠦᠷᠭᠡᠬᠦ ᠢᠨᠵᠧᠨᠧᠷᠢᠩ᠎ᠢ ᠪᠠᠶ᠋ᠢᠭᠤᠯᠵᠤ ᠳᠠᠭᠤᠰᠬᠠᠮᠠᠭᠴᠠ ᠲᠣᠣᠷ᠎ᠲᠤ ᠨᠡᠶ᠋ᠢᠯᠡᠭᠦᠯᠬᠦ ᠵᠢ ᠳᠡᠮᠵᠢᠵᠦ᠂ ᠬᠠᠮᠢᠶ᠎ᠠ ᠪᠦᠬᠦᠢ ᠲᠥᠯᠦᠪᠵᠢᠭᠦᠯᠭᠡ᠎ᠳᠤ ᠣᠷᠣᠭᠤᠯᠤᠭᠰᠠᠨ ᠰᠢᠨ᠎ᠡ ᠡᠨᠧᠷᠭᠢ ᠵᠢᠨ ᠳᠦᠬᠦᠷᠵᠢᠭᠦᠯᠦᠨ ᠬᠦᠷᠭᠡᠬᠦ ᠢᠨᠵᠧᠨᠧᠷᠢᠩ᠎ᠤᠨ ᠲᠥᠷᠥᠯ ᠵᠦᠢ᠍ᠯ᠎ᠳᠤ ᠰᠠᠭ᠋ᠠᠳ ᠦᠭᠡᠢ ᠬᠢᠨᠠᠨ ᠵᠥᠪᠰᠢᠶᠡᠷᠡᠬᠦ ᠵᠠᠮ ᠨᠡᠭᠡᠭᠡᠵᠦ ᠥᠭᠬᠦ ᠬᠡᠷᠡᠭᠲᠡᠢ᠃ [ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠡᠨᠧᠷᠭᠢ ᠵᠢᠨ ᠲᠣᠪᠴᠢᠶ᠎ᠠ᠂ ᠥᠪᠥᠷ ᠮᠣᠩᠭᠤᠯ᠎ᠤᠨ ᠴᠠᠬᠢᠯᠭ᠋ᠠᠨ ᠬᠦᠴᠦᠨ᠎ᠤ (ᠪᠦᠯᠦᠭᠯᠡᠯ) ᠺᠣᠮᠫᠠᠨᠢ᠂ ᠤᠯᠤᠰ᠎ᠤᠨ ᠴᠠᠬᠢᠯᠭ᠋ᠠᠨ ᠬᠦᠴᠦᠨ᠎ᠤ ᠲᠣᠣᠷ᠎ᠤᠨ ᠥᠪᠥᠷ ᠮᠣᠩᠭᠤᠯ᠎ᠤᠨ ᠵᠡᠭᠦᠨ ᠬᠡᠰᠡᠭ᠎ᠤᠨ ᠴᠠᠬᠢᠯᠭ᠋ᠠᠨ ᠬᠦᠴᠦᠨ᠎ᠤ ᠺᠣᠮᠫᠠᠨᠢ᠂ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ]
   31. ᠰᠢᠨ᠎ᠡ᠎ᠪᠠᠷ ᠨᠡᠮᠡᠭᠳᠡᠭᠰᠡᠨ ᠴᠠᠬᠢᠯᠭ᠋ᠠᠨ ᠰᠤᠷᠪᠤᠯᠵᠢ ᠲᠣᠣᠷ ᠳᠠᠭ᠋ᠠᠭ᠋ᠠᠴᠠ ᠨᠥᠭᠡᠴᠡ ᠵᠢ ᠨᠢᠭᠡ ᠴᠣᠭᠴᠠᠵᠢᠭᠤᠯᠤᠭᠰᠠᠨ ᠲᠥᠷᠥᠯ ᠵᠦᠢ᠍ᠯ᠎ᠤᠨ ᠰᠢᠨ᠎ᠡ ᠡᠨᠧᠷᠭᠢ ᠵᠢᠨ ᠬᠡᠪᠴᠢᠶᠡᠵᠢᠯ᠎ᠢ ᠨᠡᠮᠡᠭᠳᠡᠭᠦᠯᠦᠨ ᠲᠣᠬᠢᠷᠠᠭᠤᠯᠬᠤ ᠵᠢ᠎ᠨᠢ ᠳᠡᠮᠵᠢᠵᠦ᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠎ᠤᠨ ᠲᠦᠯᠡᠰᠢᠨ ᠨᠡᠭᠦᠷᠡᠰᠦᠨ᠎ᠤ ᠥᠪᠡᠰᠦᠪᠡᠨ ᠪᠡᠯᠡᠳᠬᠡᠭᠰᠡᠨ ᠴᠠᠬᠢᠯᠭ᠋ᠠᠨ᠎ᠤ ᠦᠢ᠍ᠯᠡᠳᠪᠦᠷᠢ ᠵᠢ ᠳᠠᠬᠢᠯᠲᠠ ᠡᠨᠧᠷᠭᠢ᠎ᠪᠠᠷ ᠣᠷᠣᠯᠠᠭᠤᠯᠬᠤ ᠵᠢ᠎ᠨᠢ ᠳᠡᠮᠵᠢᠵᠦ᠂ ᠲᠦᠯᠡᠰᠢᠨ ᠨᠡᠭᠦᠷᠡᠰᠦᠨ᠎ᠤ ᠮᠠᠰᠢᠨ ᠪᠦᠯᠦᠭ᠎ᠤᠨ ᠤᠶᠠᠨ ᠬᠠᠳᠠᠨ ᠴᠢᠨᠠᠷ᠎ᠢ ᠥᠭᠡᠷᠡᠴᠢᠯᠡᠨ ᠰᠢᠨᠡᠳᠬᠡᠬᠦ ᠵᠢ ᠵᠣᠷᠢᠭᠵᠢᠭᠤᠯᠵᠤ᠂ ᠨᠥᠭᠡᠴᠡ ᠡᠨᠧᠷᠬᠢ ᠪᠤᠶᠤ ᠴᠠᠭ ᠬᠤᠪᠢᠶᠠᠷᠢ ᠵᠢ ᠲᠣᠬᠢᠷᠠᠭᠤᠯᠬᠤ ᠴᠢᠳᠠᠪᠤᠷᠢ ᠵᠢ ᠥᠪᠡᠷ ᠵᠶ᠋ᠠᠨ ᠪᠠᠶ᠋ᠢᠭᠤᠯᠬᠤ᠂ ᠬᠤᠳᠠᠯᠳᠤᠨ ᠠᠪᠴᠤ ᠪᠠᠶ᠋ᠢᠭ᠋ᠠᠳ ᠰᠢᠨ᠎ᠡ ᠡᠨᠧᠷᠭᠢ ᠵᠢᠨ ᠲᠥᠷᠥᠯ ᠵᠦᠢ᠍ᠯ᠎ᠢ ᠳᠦᠬᠦᠷᠵᠢᠭᠦᠯᠦᠨ ᠲᠣᠬᠢᠷᠠᠭᠤᠯᠬᠤ ᠵᠢ᠎ᠨᠢ ᠵᠣᠷᠢᠭᠵᠢᠭᠤᠯᠤᠨ᠎ᠠ᠃ [ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠲᠣᠪᠴᠢᠶ᠎ᠠ᠂ ᠥᠪᠥᠷ ᠮᠣᠩᠭᠤᠯ᠎ᠤᠨ ᠴᠠᠬᠢᠯᠭ᠋ᠠᠨ ᠬᠦᠴᠦᠨ᠎ᠤ (ᠪᠦᠯᠦᠭᠯᠡᠯ) ᠺᠣᠮᠫᠠᠨᠢ᠂ ᠤᠯᠤᠰ᠎ᠤᠨ ᠴᠠᠬᠢᠯᠭ᠋ᠠᠨ ᠲᠣᠣᠷ᠎ᠤᠨ ᠥᠪᠥᠷ ᠮᠣᠩᠭᠤᠯ᠎ᠤᠨ ᠵᠡᠭᠦᠨ ᠬᠡᠰᠡᠭ᠎ᠤᠨ ᠴᠠᠬᠢᠯᠭ᠋ᠠᠨ ᠬᠦᠴᠦᠨ᠎ᠤ ᠺᠣᠮᠫᠠᠨᠢ᠂ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ]
   32. ᠰᠢᠨ᠎ᠡ᠎ᠪᠠᠷ ᠨᠡᠮᠡᠭᠳᠡᠭᠰᠡᠨ ᠲᠣᠮᠣ ᠬᠡᠯᠪᠡᠷᠢ ᠵᠢᠨ ᠴᠠᠬᠢᠯᠭ᠋ᠠᠨ ᠬᠡᠷᠡᠭᠯᠡᠬᠦ ᠳᠠᠭ᠋ᠠᠭ᠋ᠠᠴᠠ ᠵᠢᠨ ᠪᠣᠬᠢᠷᠳᠤᠯ ᠦᠭᠡᠢ ᠴᠠᠬᠢᠯᠭ᠋ᠠᠨ᠎ᠤ ᠬᠡᠷᠡᠭᠯᠡᠯᠲᠡ ᠵᠢᠨ ᠬᠡᠷᠡᠭᠵᠢᠭᠦᠯᠬᠦ ᠨᠠᠷᠢᠨ ᠳᠦᠷᠢᠮ᠎ᠢ ᠲᠣᠭᠲᠠᠭ᠋ᠠᠵᠤ᠂ ᠠᠵᠤ ᠦᠢ᠍ᠯᠡᠳᠪᠦᠷᠢ ᠵᠢᠨ ᠠᠵᠤ ᠠᠬᠤᠢ ᠵᠢᠨ ᠨᠡᠮᠡᠭᠳᠡᠯ᠎ᠢ ᠳᠠᠶ᠋ᠢᠴᠢᠯᠠᠬᠤ ᠦᠢ᠍ᠯᠡᠳᠦᠯ ᠵᠶ᠋ᠠᠷ ᠢᠯᠡᠷᠬᠡᠢ ᠪᠠᠶ᠋ᠢᠭ᠎ᠠ᠂ ᠤᠯᠤᠰ ᠵᠢᠴᠢ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠰ᠂ ᠡᠨᠧᠷᠭᠢ ᠵᠢᠨ ᠬᠤᠷᠣᠭᠳᠠᠯ᠂ ᠣᠷᠴᠢᠨ ᠲᠣᠭᠤᠷᠢᠨ᠎ᠤ ᠬᠠᠮᠠᠭ᠋ᠠᠯᠠᠯᠲᠠ ᠵᠡᠷᠭᠡ ᠲᠥᠷᠥ ᠵᠢᠨ ᠪᠣᠳᠣᠯᠭ᠎ᠠ ᠵᠢᠨ ᠱᠠᠭ᠋ᠠᠷᠳᠠᠯᠭ᠎ᠠ᠎ᠳᠤ ᠨᠡᠶ᠋ᠢᠴᠡᠬᠦ ᠮᠥᠷᠲᠡᠭᠡᠨ ᠵᠢᠯ᠎ᠤᠨ ᠴᠠᠬᠢᠯᠭ᠋ᠠᠨ ᠬᠡᠷᠡᠭᠯᠡᠬᠦ ᠬᠡᠮᠵᠢᠶ᠎ᠡ᠎ᠨᠢ 50 ᠳ᠋ᠦᠩᠰᠢᠭᠤᠷ ᠺᠢᠯᠣᠸᠠᠲ ᠴᠠᠭ᠎ᠠᠴᠠ ᠳᠤᠲᠠᠭᠤ ᠦᠭᠡᠢ ᠲᠥᠷᠥᠯ ᠵᠦᠢ᠍ᠯ᠎ᠳᠤ 《ᠨᠢᠭᠡ ᠨᠢᠭᠡ ᠤᠴᠢᠷ ᠵᠶ᠋ᠠᠷ ᠵᠥᠪᠯᠡᠬᠦ》 ᠵᠠᠷᠴᠢᠮ ᠶᠣᠰᠣᠭ᠋ᠠᠷ᠂ ᠥᠨᠳᠥᠷ ᠬᠠᠷᠢᠴᠠᠯᠳᠤ ᠪᠣᠬᠢᠷᠳᠤᠯ ᠦᠭᠡᠢ ᠴᠠᠬᠢᠯᠭ᠋ᠠᠨ᠎ᠤ ᠬᠠᠩᠭ᠋ᠠᠯᠭ᠎ᠠ ᠵᠢ ᠰᠢᠢ᠍ᠳᠪᠦᠷᠢᠯᠡᠬᠦ ᠲᠥᠰᠥᠯ᠎ᠢ ᠲᠣᠭᠲᠠᠭ᠋ᠠᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠲᠣᠪᠴᠢᠶ᠎ᠠ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ)
   33. ᠵᠢᠱ᠌ᠢᠶ᠎ᠡ ᠦᠵᠡᠭᠦᠯᠬᠦ ᠬᠡᠪᠴᠢᠶᠡᠨ᠎ᠳᠤ ᠣᠷᠣᠭᠤᠯᠤᠭᠰᠠᠨ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ ᠵᠶ᠋ᠠᠷ ᠤᠰᠤᠲᠥ᠋ᠷᠥᠭᠴᠢ ᠦᠢ᠍ᠯᠡᠳᠬᠦ ᠵᠢ ᠨᠢᠭᠡ ᠴᠣᠭᠴᠠᠵᠢᠭᠤᠯᠤᠭᠰᠠᠨ ᠲᠥᠷᠥᠯ ᠵᠦᠢ᠍ᠯ᠎ᠳᠤ᠂ ᠤᠰᠤᠲᠥ᠋ᠷᠥᠭᠴᠢ ᠦᠢ᠍ᠯᠡᠳᠬᠦ᠎ᠳᠤ ᠬᠡᠷᠡᠭᠰᠡᠬᠦ ᠴᠠᠬᠢᠯᠭ᠋ᠠᠨ᠎ᠤ ᠬᠡᠮᠵᠢᠶ᠎ᠡ᠎ᠪᠠᠷ ᠰᠢᠨ᠎ᠡ ᠡᠨᠧᠷᠭᠢ ᠵᠢᠨ ᠬᠡᠪᠴᠢᠶᠡᠵᠢᠯ᠎ᠢ ᠵᠦᠢ ᠵᠣᠬᠢᠰᠲᠠᠢ ᠲᠣᠬᠢᠷᠠᠭᠤᠯᠤᠨ᠎ᠠ᠃ ᠤᠰᠤᠲᠥ᠋ᠷᠥᠭᠴᠢ ᠰᠢᠲᠠᠭ᠋ᠠᠯᠭ᠎ᠠ ᠵᠢᠨ ᠳ᠋ᠢᠶᠠᠨ ᡂᠢ ᠵᠢᠨ ᠮᠠᠰᠢᠨ ᠲᠡᠷᠭᠡᠨ᠎ᠳᠤ ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠨᠣᠮᠧᠷᠲᠤ ᠫᠠᠶ᠋ᠢᠰᠠ ᠲᠠᠷᠬᠠᠭ᠋ᠠᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠲᠣᠪᠴᠢᠶ᠎ᠠ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ)
   34. ᠪᠡᠯᠡ ᠣᠷᠣᠭᠤᠯᠤᠯᠲᠠ ᠵᠢᠨ ᠡᠷᠴᠢᠮ ᠵᠶ᠋ᠠᠨ ᠴᠢᠩᠭ᠋ᠠᠷᠠᠭᠤᠯᠵᠤ᠂ ᠭᠤᠣᠯᠳᠠᠯᠭ᠎ᠠ᠎ᠲᠠᠢ ᠠᠵᠢᠯ ᠲᠥᠷᠥᠯ᠎ᠤᠨ ᠠᠭ᠋ᠠᠷ ᠮᠠᠨᠳᠠᠯ᠎ᠤᠨ ᠪᠣᠬᠢᠷᠲᠤᠯ᠎ᠤᠨ ᠭᠦᠨᠵᠡᠭᠡᠢ ᠵᠠᠰᠠᠯᠲᠠ ᠵᠢ ᠠᠬᠢᠭᠤᠯᠤᠨ᠎ᠠ᠃ 《ᠬᠠᠩᠭ᠋ᠠᠯᠭ᠎ᠠ᠎ᠪᠠᠷ ᠥᠭᠡᠷᠡᠴᠢᠯᠡᠯᠲᠡ ᠵᠢ ᠲᠣᠭᠲᠠᠭ᠋ᠠᠬᠤ᠂ ᠭᠠᠴᠠᠭ᠎ᠠ ᠲᠣᠰᠬᠤᠨ ᠠᠶ᠋ᠢᠯ ᠡᠷᠥᠭᠡ᠎ᠳᠤ ᠬᠦᠷᠲᠡᠯ᠎ᠡ ᠨᠤᠲᠠᠯᠠᠨ ᠲᠣᠭᠲᠠᠭ᠋ᠠᠬᠤ᠂ ᠤᠷᠢᠳ ᠵᠶ᠋ᠠᠷ ᠪᠠᠶ᠋ᠢᠭᠤᠯᠵᠤ ᠲᠠᠷᠠᠭ᠎ᠠ᠎ᠨᠢ ᠥᠭᠡᠷᠡᠴᠢᠯᠡᠬᠦ》 ᠵᠠᠷᠴᠢᠮ ᠶᠣᠰᠣᠭ᠋ᠠᠷ᠂ ᠪᠥᠬᠦ ᠣᠷᠣᠨ᠎ᠤ ᠨᠡᠭᠦᠷᠡᠰᠦ ᠵᠢ ᠴᠠᠬᠢᠯᠭ᠋ᠠᠨ ᠪᠣᠯᠭ᠋ᠠᠨ ᠥᠭᠡᠷᠡᠴᠢᠯᠡᠬᠦ ᠬᠠᠷᠢᠴᠠᠭ᠋ᠠᠨ ᠡᠷᠥᠭᠡ ᠵᠢ ᠨᠢᠭᠡᠳᠦᠯᠲᠡᠢ ᠲᠥᠯᠥᠪᠵᠢᠭᠦᠯᠵᠦ᠂ ᠪᠦᠯᠦᠭ ᠬᠤᠪᠢᠶᠠᠨ ᠵᠠᠯᠭ᠋ᠠᠵᠤ ᠣᠷᠣᠭᠤᠯᠬᠤ ᠬᠡᠷᠡᠭᠲᠡᠢ᠃ [ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠤᠷᠢᠨ᠎ᠤ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠥᠪᠥᠷ ᠮᠣᠩᠭᠤᠯ᠎ᠤᠨ ᠴᠠᠬᠢᠯᠭ᠋ᠠᠨ ᠬᠦᠴᠦᠨ᠎ᠤ (ᠪᠦᠯᠦᠭᠯᠡᠯ) ᠺᠣᠮᠫᠠᠨᠢ]
   35. ᠤᠯᠤᠰ᠎ᠤᠨ III᠎ᠠᠴᠠ ᠳᠣᠷᠣᠭᠰᠢᠬᠢ ᠲᠦᠯᠡᠰᠢᠨ ᠲᠣᠰᠣᠨ᠎ᠤ ᠬᠠᠭᠤᠴᠢᠨ ᠮᠠᠰᠢᠨ ᠲᠡᠷᠭᠡ ᠵᠢ ᠡᠮᠬᠢ ᠵᠢᠷᠤᠮ᠎ᠲᠠᠢ᠎ᠪᠠᠷ ᠰᠢᠭᠰᠢᠭᠳᠡᠭᠦᠯᠵᠦ᠂ ᠮᠠᠰᠢᠨ ᠲᠡᠷᠭᠡ ᠰᠢᠨ᠎ᠡ᠎ᠪᠠᠷ ᠨᠡᠮᠡᠵᠦ ᠠᠪᠬᠤ ᠪᠠ ᠰᠢᠨᠡᠳᠬᠡᠬᠦ᠎ᠳᠤ ᠰᠢᠨ᠎ᠡ ᠡᠨᠧᠷᠭᠢ ᠵᠢᠨ ᠬᠦᠨᠳᠦ ᠮᠠᠶᠢᠭ᠎ᠤᠨ ᠠᠴᠢᠶᠠᠨ ᠮᠠᠰᠢᠨ᠎ᠢ ᠬᠡᠷᠡᠭᠯᠡᠬᠦ ᠵᠢ ᠬᠥᠲᠥᠯᠥᠨ ᠵᠢᠯᠤᠭᠤᠳᠴᠤ ᠳᠡᠯᠭᠡᠷᠡᠭᠦᠯᠦᠨ᠂ ᠬᠤᠲᠠ ᠵᠢᠨ ᠨᠡᠶ᠋ᠢᠲᠡ ᠵᠢᠨ ᠵᠠᠮ ᠬᠠᠷᠢᠯᠴᠠᠭ᠋ᠠᠨ᠎ᠤ ᠮᠠᠰᠢᠨ ᠲᠡᠷᠭᠡ ᠵᠢ ᠰᠢᠨ᠎ᠡ᠎ᠪᠠᠷ ᠨᠡᠮᠡᠭᠳᠡᠭᠦᠯᠬᠦ ᠪᠠ ᠰᠢᠨᠡᠳᠬᠡᠬᠦ᠎ᠳᠤ ᠰᠢᠨ᠎ᠡ ᠡᠨᠧᠷᠭᠢ ᠵᠢᠨ ᠮᠠᠰᠢᠨ ᠲᠡᠷᠭᠡ ᠵᠢᠨ ᠡᠵᠡᠯᠡᠬᠦ ᠬᠠᠷᠢᠴᠠᠯ᠎ᠢ 85%᠎ᠠᠴᠠ ᠳᠤᠲᠠᠭᠤ ᠪᠠᠶ᠋ᠢᠯᠭ᠋ᠠᠬᠤ ᠦᠭᠡᠢ᠂ ᠰᠢᠨ᠎ᠡ ᠡᠨᠧᠷᠭᠢ ᠵᠢᠨ ᠲᠣᠭᠤᠷᠢᠨ ᠵᠤᠭ᠋ᠠᠴᠠᠬᠤ ᠲᠦᠷᠢᠶᠡᠰᠦᠨ ᠮᠠᠰᠢᠨ ᠲᠡᠷᠭᠡ ᠵᠢ 1600᠎ᠠᠴᠠ ᠳᠣᠣᠷ᠎ᠠ ᠪᠠᠶ᠋ᠢᠯᠭ᠋ᠠᠬᠤ ᠦᠭᠡᠢ᠃ ᠬᠠᠮᠢᠶ᠎ᠠ ᠪᠦᠬᠦᠢ ᠮᠡᠷᠭᠡᠵᠢᠯ᠎ᠤᠨ ᠱᠠᠭ᠋ᠠᠷᠳᠠᠯᠭ᠎ᠠ᠎ᠳᠤ ᠨᠡᠶ᠋ᠢᠴᠡᠬᠦ ᠰᠢᠨ᠎ᠡ ᠡᠨᠧᠷᠭᠢ ᠵᠢᠨ ᠲᠣᠭᠤᠷᠢᠨ ᠵᠤᠭ᠋ᠠᠴᠠᠬᠤ ᠲᠦᠷᠢᠶᠡᠰᠦᠨ ᠮᠠᠰᠢᠨ ᠲᠡᠷᠭᠡ ᠵᠢ ᠬᠤᠳᠠᠯᠳᠤᠨ ᠠᠪᠤᠪᠠᠯ ᠨᠡᠮᠡᠭᠦᠷᠢ ᠣᠯᠭᠤᠨ᠎ᠠ᠃ ᠡᠭᠦᠨ᠎ᠳᠤ᠂ ᠴᠠᠬᠢᠯᠭ᠋ᠠᠨ ᠴᠡᠨᠡᠭᠯᠡᠬᠦ ᠲᠡᠷᠭᠡ ᠪᠦᠷᠢ᠎ᠳᠤ 4 ᠲᠦᠮᠡᠨ ᠲᠥᠭᠦᠷᠢᠭ᠎ᠤᠨ ᠨᠡᠮᠡᠭᠦᠷᠢ ᠥᠭᠴᠦ᠂ ᠴᠠᠬᠢᠯᠭ᠋ᠠᠨ ᠲᠡᠷᠭᠡ ᠰᠣᠯᠢᠬᠤ᠎ᠳᠤ ᠲᠡᠷᠭᠡ ᠪᠦᠷᠢ᠎ᠳᠤ 4.5 ᠲᠦᠮᠡᠨ ᠲᠥᠭᠦᠷᠢᠭ᠎ᠤᠨ ᠨᠡᠮᠡᠭᠦᠷᠢ ᠥᠭᠭᠦᠨ᠎ᠡ᠃ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠨᠠᠮ ᠵᠠᠰᠠᠭ᠎ᠤᠨ ᠪᠠᠶ᠋ᠢᠭᠤᠯᠭ᠎ᠠ ᠵᠢᠨ ᠰᠢᠨ᠎ᠡ᠎ᠪᠠᠷ ᠨᠡᠮᠡᠭᠳᠡᠭᠦᠯᠬᠦ ᠪᠠ ᠰᠢᠨᠡᠳᠬᠡᠬᠦ ᠠᠯᠪᠠᠨ ᠶᠠᠪᠤᠳᠠᠯ᠎ᠳᠤ ᠬᠡᠷᠡᠭᠯᠡᠬᠦ ᠲᠡᠷᠭᠡ (ᠬᠠᠤᠯᠢ ᠬᠡᠷᠡᠭᠵᠢᠭᠦᠯᠵᠦ ᠵᠢᠵᠢᠭᠦᠷᠯᠡᠨ ᠠᠵᠢᠯᠯᠠᠬᠤ᠎ᠳᠤ ᠬᠡᠷᠡᠭᠯᠡᠬᠦ ᠲᠡᠷᠭᠡ ᠪᠠ ᠣᠨᠴᠠ ᠲᠥᠷᠥᠯ᠎ᠤᠨ ᠲᠤᠰᠬᠠᠢ ᠮᠡᠷᠭᠡᠵᠢᠯ᠎ᠳᠤ ᠬᠡᠷᠡᠭᠯᠡᠬᠦ ᠲᠡᠷᠭᠡ ᠪᠠᠭᠲᠠᠬᠤ ᠦᠭᠡᠢ) ᠵᠢᠨ ᠳᠣᠲᠣᠷ᠎ᠠ ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠬᠠᠷᠢᠴᠠᠯ᠎ᠢ 50%᠎ᠳᠤ ᠬᠦᠷᠦᠭᠦᠯᠵᠦ᠂ ᠠᠶ᠋ᠢᠮᠠᠭ ᠬᠤᠲᠠ ᠵᠢᠨ ᠨᠠᠮ ᠵᠠᠰᠠᠭ᠎ᠤᠨ ᠪᠠᠶ᠋ᠢᠭᠤᠯᠭ᠎ᠠ ᠵᠢᠨ ᠰᠢᠨ᠎ᠡ᠎ᠪᠠᠷ ᠨᠡᠮᠡᠭᠳᠡᠭᠦᠯᠬᠦ ᠪᠠ ᠰᠢᠨᠡᠳᠬᠡᠬᠦ ᠠᠯᠪᠠᠨ ᠶᠠᠪᠤᠳᠠᠯ᠎ᠳᠤ ᠬᠡᠷᠡᠭᠯᠡᠬᠦ ᠲᠡᠷᠭᠡ (ᠬᠠᠤᠯᠢ ᠬᠡᠷᠡᠭᠵᠢᠭᠦᠯᠵᠦ ᠵᠢᠵᠢᠭᠦᠷᠯᠡᠨ ᠠᠵᠢᠯᠯᠠᠬᠤ᠎ᠳᠤ ᠬᠡᠷᠡᠭᠯᠡᠬᠦ ᠲᠡᠷᠭᠡ ᠪᠠ ᠣᠨᠴᠠ ᠲᠥᠷᠥᠯ᠎ᠤᠨ ᠲᠤᠰᠬᠠᠢ ᠮᠡᠷᠭᠡᠵᠢᠯ᠎ᠳᠤ ᠬᠡᠷᠡᠭᠯᠡᠬᠦ ᠲᠡᠷᠭᠡ ᠪᠠᠭᠲᠠᠬᠤ ᠦᠭᠡᠢ) ᠵᠢᠨ ᠳᠣᠲᠣᠷ᠎ᠠ ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠬᠠᠷᠢᠴᠠᠯ᠎ᠢ ᠳᠤᠮᠳᠠᠴᠢ᠎ᠪᠠᠷ 30%᠎ᠳᠤ ᠬᠦᠷᠦᠭᠦᠯᠦᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠂ ᠡᠨᠧᠷᠭᠢ ᠵᠢᠨ ᠲᠣᠪᠴᠢᠶ᠎ᠠ᠂ ᠪᠠᠶ᠋ᠢᠭᠤᠯᠭ᠎ᠠ ᠵᠢᠨ ᠶᠠᠪᠤᠳᠠᠯ᠎ᠤᠨ ᠬᠠᠮᠢᠶᠠᠷᠤᠯᠲᠠ ᠵᠢᠨ ᠲᠣᠪᠴᠢᠶ᠎ᠠ᠂ ᠤᠯᠤᠰ᠎ᠤᠨ ᠠᠭᠤᠷᠬᠠᠢ ᠵᠢᠨ ᠠᠮᠤᠷ ᠲᠦᠪᠰᠢᠨ᠎ᠢ ᠬᠢᠨᠠᠨ ᠪᠠᠶ᠋ᠢᠴᠠᠭ᠋ᠠᠬᠤ ᠲᠣᠪᠴᠢᠶ᠎ᠠ ᠵᠢᠨ ᠥᠪᠥᠷ ᠮᠣᠩᠭᠤᠯ᠎ᠤᠨ ᠲᠣᠪᠴᠢᠶ᠎ᠠ᠂ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ)
   36. ᠴᠠᠬᠢᠯᠭ᠋ᠠᠨ ᠬᠥᠳᠡᠯᠭᠡᠭᠦᠷᠲᠦ ᠮᠠᠰᠢᠨ ᠲᠡᠷᠭᠡᠨ᠎ᠤ ᠴᠠᠬᠢᠯᠭ᠋ᠠᠨ ᠴᠡᠨᠡᠭᠯᠡᠬᠦ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠤᠨ᠎ᠠ᠃ ᠰᠢᠨ᠎ᠡ᠎ᠪᠠᠷ ᠪᠠᠶ᠋ᠢᠭᠤᠯᠬᠤ ᠣᠯᠠᠨ ᠨᠡᠶ᠋ᠢᠲᠡ ᠵᠢᠨ ᠲᠡᠷᠭᠡᠨ ᠵᠣᠭᠰᠣᠭ᠋ᠠᠯ᠎ᠳᠤ ᠳᠦᠬᠦᠷᠵᠢᠭᠦᠯᠦᠨ ᠪᠦᠲᠦᠭᠡᠨ ᠪᠠᠶ᠋ᠢᠭᠤᠯᠬᠤ ᠴᠠᠬᠢᠯᠭ᠋ᠠᠨ ᠴᠡᠨᠡᠭᠯᠡᠬᠦ ᠰᠠᠭᠤᠷᠢ ᠪᠡᠯᠡᠳᠬᠡᠮᠵᠢ ᠵᠢᠨ ᠲᠡᠷᠭᠡᠨ ᠵᠣᠭᠰᠣᠭ᠋ᠠᠯ᠎ᠤᠨ ᠡᠵᠡᠯᠡᠬᠦ ᠬᠠᠷᠢᠴᠠᠯ᠎ᠢ ᠶᠡᠷᠦᠩᠬᠡᠢ ᠲᠡᠷᠭᠡᠨ ᠵᠣᠭᠰᠣᠭ᠋ᠠᠯ᠎ᠤᠨ 10%᠎ᠠᠴᠠ ᠳᠡᠭᠡᠭᠰᠢ᠎ᠳᠤ ᠬᠦᠷᠦᠭᠦᠯᠦᠨ᠎ᠡ᠃ ᠰᠢᠨ᠎ᠡ᠎ᠪᠠᠷ ᠪᠠᠶ᠋ᠢᠭᠤᠯᠬᠤ ᠰᠠᠭᠤᠭ᠋ᠠᠯᠢ ᠲᠣᠭᠤᠷᠢᠭ᠎ᠲᠤ ᠲᠥᠬᠦᠷᠵᠢᠭᠦᠯᠦᠭᠰᠡᠨ ᠮᠠᠰᠢᠨᠲᠤ ᠲᠡᠷᠭᠡᠨ ᠵᠣᠭᠰᠣᠭ᠋ᠠᠯ᠎ᠳᠤ ᠴᠠᠬᠢᠯᠭ᠋ᠠᠨ ᠬᠥᠳᠡᠯᠭᠡᠭᠦᠷᠲᠦ ᠮᠠᠰᠢᠨ ᠲᠡᠷᠭᠡᠨ᠎ᠤ ᠴᠠᠬᠢᠯᠭ᠋ᠠᠨ ᠴᠡᠨᠡᠭᠯᠡᠬᠦ ᠰᠠᠭᠤᠷᠢ ᠪᠡᠯᠡᠳᠬᠡᠮᠵᠢ ᠵᠢ 100%᠎ᠪᠠᠷ ᠪᠦᠲᠦᠭᠡᠨ ᠪᠠᠶ᠋ᠢᠭᠤᠯᠬᠤ ᠪᠤᠶᠤ ᠪᠦᠲᠦᠭᠡᠨ ᠪᠠᠶ᠋ᠢᠭᠤᠯᠵᠤ ᠤᠭᠰᠠᠷᠠᠬᠤ ᠨᠥᠬᠦᠴᠡᠯ᠎ᠢ ᠤᠷᠢᠳᠴᠢᠯᠠᠨ ᠪᠦᠷᠢᠳᠦᠭᠦᠯᠵᠦ᠂ ᠭᠤᠣᠯ ᠴᠣᠭᠴᠠᠲᠤ ᠪᠠᠷᠢᠯᠭ᠎ᠠ᠎ᠯᠤᠭ᠎ᠠ ᠵᠡᠷᠭᠡ᠎ᠳᠤ᠎ᠨᠢ ᠵᠢᠷᠤᠭᠯᠠᠨ ᠲᠥᠯᠥᠪᠯᠡᠵᠦ᠂ ᠪᠠᠷᠢᠯᠭ᠎ᠠ ᠪᠠᠷᠢᠵᠤ᠂ ᠰᠢᠯᠭ᠋ᠠᠨ ᠬᠤᠷᠢᠶᠠᠵᠤ ᠠᠪᠤᠨ᠎ᠠ᠃ ᠬᠠᠭᠤᠴᠢᠨ ᠰᠠᠭᠤᠭ᠋ᠠᠯᠢ ᠲᠣᠭᠤᠷᠢᠭ᠎ᠢ ᠥᠭᠡᠷᠡᠴᠢᠯᠡᠨ ᠰᠢᠨᠡᠳᠬᠡᠬᠦ᠎ᠳᠤ᠂ ᠨᠥᠬᠦᠴᠡᠯ ᠪᠦᠷᠢᠳᠦᠭᠦᠯᠦᠭᠰᠡᠨ ᠰᠠᠭᠤᠭ᠋ᠠᠯᠢ ᠲᠣᠭᠤᠷᠢᠭ᠎ᠲᠤ ᠴᠠᠬᠢᠯᠭ᠋ᠠᠨ ᠴᠡᠨᠡᠭᠯᠡᠬᠦ ᠱᠣᠩ ᠪᠠᠶ᠋ᠢᠭᠤᠯᠤᠨ᠎ᠠ᠃ ᠲᠤᠰᠠᠭ᠋ᠠᠷ ᠭᠠᠵᠠᠷ ᠡᠵᠡᠯᠡᠭᠰᠡᠨ ᠤᠯᠠᠨ ᠨᠡᠶ᠋ᠢᠲᠡ ᠵᠢᠨ ᠴᠠᠬᠢᠯᠭ᠋ᠠᠨ ᠴᠡᠨᠡᠭᠯᠡᠬᠦ ᠪᠠ ᠳ᠋ᠢᠶᠠᠨ ᡂᠢ ᠰᠣᠯᠢᠬᠤ ᠦᠷᠳᠡᠭᠡ ᠵᠢ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠨᠠᠷᠢᠨ ᠲᠥᠯᠦᠪᠵᠢᠭᠦᠯᠭᠡ᠎ᠳᠤ ᠣᠷᠣᠭᠤᠯᠤᠨ᠎ᠠ᠃ ᠡᠯ᠎ᠡ ᠲᠦᠷᠦᠯ᠎ᠤᠨ ᠴᠠᠬᠢᠯᠭ᠋ᠠᠨ ᠴᠡᠨᠡᠭᠯᠡᠬᠦ ᠲᠥᠬᠦᠭᠡᠷᠦᠮᠵᠢ ᠵᠢ ᠤᠯᠤᠰ᠎ᠤᠨ ᠴᠠᠬᠢᠯᠭ᠋ᠠᠨ ᠴᠡᠨᠡᠭᠯᠡᠬᠦ ᠲᠥᠬᠦᠭᠡᠷᠦᠮᠵᠢ ᠵᠢᠨ ᠬᠢᠨᠠᠨ ᠰᠢᠨᠵᠢᠬᠦ ᠲᠠᠪᠴᠠᠩ᠎ᠳᠤ ᠨᠢᠭᠡᠳᠦᠯᠲᠡᠢ ᠵᠠᠯᠭ᠋ᠠᠵᠤ ᠣᠷᠣᠭᠤᠯᠤᠨ᠎ᠠ᠃ [ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠡᠨᠧᠷᠭᠢ ᠵᠢᠨ ᠲᠣᠪᠴᠢᠶ᠎ᠠ᠂ ᠥᠪᠥᠷ ᠮᠣᠩᠭᠤᠯ᠎ᠤᠨ ᠴᠠᠬᠢᠯᠭ᠋ᠠᠨ ᠬᠦᠴᠦᠨ᠎ᠤ (ᠪᠦᠯᠦᠭᠯᠡᠯ) ᠺᠣᠮᠫᠠᠨᠢ᠂ ᠤᠯᠤᠰ᠎ᠤᠨ ᠴᠠᠬᠢᠯᠭ᠋ᠠᠨ ᠬᠦᠴᠦᠨ᠎ᠤ ᠲᠣᠣᠷ᠎ᠤᠨ ᠥᠪᠥᠷ ᠮᠣᠩᠭᠤᠯ᠎ᠤᠨ ᠵᠡᠭᠦᠨ ᠬᠡᠰᠡᠭ᠎ᠤᠨ ᠴᠠᠬᠢᠯᠭ᠋ᠠᠨ ᠬᠦᠴᠦᠨ᠎ᠤ ᠺᠣᠮᠫᠠᠨᠢ)
   37. ᠨᠥᠬᠦᠴᠡᠯ ᠪᠦᠷᠢᠳᠦᠭᠦᠯᠦᠭᠰᠡᠨ ᠳᠡᠰᠲᠦ ᠵᠠᠰᠠᠮᠠᠯ ᠵᠠᠮ ᠳᠠᠭ᠋ᠠᠤ ᠵᠢᠨ ᠴᠠᠬᠢᠯᠭ᠋ᠠᠨ ᠴᠡᠨᠡᠭᠯᠡᠬᠦ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢ ᠲᠡᠭᠦᠯᠳᠡᠷᠵᠢᠭᠦᠯᠦᠨ᠎ᠡ᠃ ᠵᠠᠰᠠᠮᠠᠯ ᠵᠠᠮ᠎ᠤᠨ ᠦᠢ᠍ᠯᠡᠴᠢᠯᠡᠭᠡᠨ᠎ᠤ ᠲᠣᠭᠤᠷᠢᠭ᠎ᠲᠠᠬᠢ ᠴᠠᠬᠢᠯᠭ᠋ᠠᠨ ᠴᠡᠨᠡᠭᠯᠡᠬᠦ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠵᠦ᠂ ᠥᠨᠳᠦᠷᠯᠢᠭ ᠬᠦᠢ᠍ᠲᠡᠨ ᠡᠷᠭᠦᠭᠳᠡᠴᠡ ᠥᠨᠳᠥᠷ ᠭᠠᠵᠠᠷ᠎ᠠᠴᠠ ᠪᠤᠰᠤᠳ ᠣᠷᠣᠨ ᠪᠦᠰᠡ ᠵᠢᠨ ᠲᠦᠷᠭᠡᠨ᠎ᠤ ᠵᠠᠰᠠᠮᠠᠯ ᠵᠠᠮ᠎ᠤᠨ ᠦᠢ᠍ᠯᠡᠴᠢᠯᠡᠭᠡᠨ᠎ᠤ ᠲᠣᠭᠤᠷᠢᠭ ᠪᠠ ᠨᠥᠬᠦᠴᠡᠯ ᠪᠦᠷᠢᠳᠦᠭᠦᠯᠦᠭᠰᠡᠨ ᠤᠯᠤᠰ ᠮᠤᠵᠢ ᠵᠢᠨ ᠡᠩ᠎ᠤᠨ ᠭᠤᠣᠯ ᠵᠠᠰᠠᠮᠠᠯ ᠵᠠᠮ᠎ᠤᠨ ᠦᠢ᠍ᠯᠡᠴᠢᠯᠡᠭᠡᠨ᠎ᠤ ᠲᠣᠭᠤᠷᠢᠭ᠎ᠲᠤ ᠴᠠᠬᠢᠯᠭ᠋ᠠᠨ ᠴᠡᠨᠡᠭᠯᠡᠬᠦ ᠦᠨᠳᠦᠰᠦᠨ ᠦᠢ᠍ᠯᠡᠴᠢᠯᠡᠭᠡ ᠬᠠᠩᠭ᠋ᠠᠵᠤ ᠳᠡᠶ᠋ᠢᠯᠬᠦ ᠵᠢ ᠴᠢᠷᠮᠠᠶ᠋ᠢᠨ ᠪᠡᠶᠡᠯᠡᠭᠦᠯᠦᠨ᠎ᠡ᠃ [ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠡᠨᠧᠷᠭᠢ ᠵᠢᠨ ᠲᠣᠪᠴᠢᠶ᠎ᠠ᠂ ᠥᠪᠥᠷ ᠮᠣᠩᠭᠤᠯ᠎ᠤᠨ ᠴᠠᠬᠢᠯᠭ᠋ᠠᠨ ᠬᠦᠴᠦᠨ᠎ᠤ (ᠪᠦᠯᠦᠭᠯᠡᠯ) ᠺᠣᠮᠫᠠᠨᠢ᠂ ᠤᠯᠤᠰ᠎ᠤᠨ ᠴᠠᠬᠢᠯᠭ᠋ᠠᠨ ᠬᠦᠴᠦᠨ᠎ᠤ ᠲᠣᠣᠷ᠎ᠤᠨ ᠥᠪᠥᠷ ᠮᠣᠩᠭᠤᠯ᠎ᠤᠨ ᠵᠡᠭᠦᠨ ᠬᠡᠰᠡᠭ᠎ᠤᠨ ᠴᠠᠬᠢᠯᠭ᠋ᠠᠨ ᠬᠦᠴᠦᠨ᠎ᠤ ᠺᠣᠮᠫᠠᠨᠢ]
   (ᠭᠤᠷᠪᠠ) ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠎ᠤᠨ ᠶᠠᠰᠤ ᠴᠢᠨᠠᠷ ᠵᠶ᠋ᠠᠨ ᠳᠡᠭᠡᠭᠰᠢᠯᠡᠭᠦᠯᠦᠨ ᠦᠷ᠎ᠡ ᠠᠰᠢᠭ ᠵᠶ᠋ᠠᠨ ᠨᠡᠮᠡᠭᠳᠡᠭᠦᠯᠬᠦ ᠵᠢ ᠳᠡᠮᠵᠢᠨ᠎ᠡ᠃
   38. ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠵᠢᠨ ᠵᠢᠱ᠌ᠢᠶ᠎ᠡ ᠦᠵᠡᠭᠦᠯᠬᠦ ᠬᠦᠷᠢᠶᠡᠯᠡᠩ ᠲᠣᠭᠤᠷᠢᠭ᠎ᠤᠨ ᠪᠦᠲᠦᠭᠡᠨ ᠪᠠᠶ᠋ᠢᠭᠤᠯᠤᠯᠲᠠ ᠵᠢ ᠳᠡᠮᠵᠢᠵᠦ᠂ ᠥᠪᠡᠷᠲᠡᠭᠡᠨ ᠵᠠᠰᠠᠬᠤ ᠣᠷᠣᠨ᠎ᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠵᠢᠨ ᠵᠢᠱ᠌ᠢᠶ᠎ᠡ ᠦᠵᠡᠭᠦᠯᠬᠦ ᠬᠦᠷᠢᠶᠡᠯᠡᠩ ᠲᠣᠭᠤᠷᠢᠭ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠵᠢᠨ ᠵᠢᠱ᠌ᠢᠶ᠎ᠡ ᠦᠵᠡᠭᠦᠯᠬᠦ ᠬᠦᠷᠢᠶᠡᠯᠡᠩ ᠲᠣᠭᠤᠷᠢᠭ᠎ᠲᠤ ᠱᠠᠩᠨᠠᠯ ᠨᠥᠬᠦᠪᠦᠷᠢ ᠣᠯᠭᠤᠨ᠎ᠠ᠃ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠎ᠤᠨ ᠬᠥᠭᠵᠢᠯᠲᠡ ᠵᠢᠨ ᠲᠤᠰᠬᠠᠢ ᠵᠦᠢ᠍ᠯ᠎ᠤᠨ ᠪᠡᠯᠡ ᠮᠥᠩᠭᠦ ᠵᠢ ᠲᠣᠬᠢᠷᠠᠭᠤᠯᠵᠤ᠂ ᠭᠤᠣᠯᠳᠠᠯᠭ᠎ᠠ᠎ᠲᠠᠢ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠎ᠤᠨ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢ ᠳᠡᠮᠵᠢᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ)
   39. ᠴᠢᠨᠠᠷ ᠰᠠᠶ᠋ᠢᠲᠠᠢ ᠬᠥᠭᠵᠢᠯᠲᠡ᠎ᠪᠠᠷ ᠤᠳᠤᠷᠢᠳᠤᠮᠵᠢ ᠪᠣᠯᠭ᠋ᠠᠬᠤ ᠵᠢ ᠳᠣᠪᠤᠶ᠋ᠢᠯᠭ᠋ᠠᠵᠤ᠂ ᠣᠨ ᠵᠶ᠋ᠠᠷ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠎ᠢ ᠰᠢᠯᠭ᠋ᠠᠨ ᠬᠢᠨᠠᠵᠤ ᠦᠨᠡᠯᠡᠨ᠂ ᠶᠡᠷᠦᠩᠬᠡᠶ᠋ᠢᠯᠡᠭᠰᠡᠨ ᠪᠣᠳᠠᠲᠤ ᠬᠦᠴᠦᠨ᠎ᠢ᠎ᠨᠢ ᠰᠢᠯᠭ᠋ᠠᠨ ᠬᠢᠨᠠᠵᠤ ᠦᠨᠡᠯᠡᠭᠡᠳ ᠡᠮᠦᠨ᠎ᠡ 3 ᠨᠡᠷᠡᠰ᠎ᠲᠤ ᠣᠷᠣᠭᠰᠠᠨ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠎ᠲᠤ ᠪᠡᠯᠡ ᠮᠥᠩᠭᠦ ᠵᠢᠨ ᠳᠡᠮᠵᠢᠯᠭᠡ ᠦᠵᠡᠭᠦᠯᠦᠨ᠎ᠡ; ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ᠂ ᠮᠦ᠍ ᠪᠦᠷᠢ ᠵᠢᠨ ᠳᠤᠮᠳᠠᠴᠢ ᠦᠷ᠎ᠡ ᠠᠰᠢᠭ᠂ ᠭᠠᠶ᠋ᠢᠯᠢ ᠲᠠᠲᠠᠪᠤᠷᠢ ᠵᠢᠨ ᠬᠤᠪᠢ ᠨᠡᠮᠡᠷᠢ᠂ ᠲᠡᠷᠢᠭᠦᠯᠡᠨ ᠪᠠᠶ᠋ᠢᠷᠢ ᠳᠠᠪᠰᠢᠬᠤ᠎ᠪᠠᠷ ᠴᠢᠷᠮᠠᠶ᠋ᠢᠬᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠳᠤ ᠰᠢᠨ᠎ᠡ ᠵᠢ ᠡᠭᠦᠳᠬᠦ ᠵᠡᠷᠭᠡ ᠲᠠᠩ ᠭᠠᠭᠴᠠ ᠵᠦᠢ᠍ᠯ᠎ᠤᠨ ᠭᠦᠢ᠍ᠴᠡᠳᠬᠡᠯ ᠲᠤᠭ᠎ᠠ ᠵᠢ᠎ᠨᠢ ᠰᠢᠯᠭ᠋ᠠᠨ ᠬᠢᠨᠠᠵᠤ ᠦᠨᠡᠯᠡᠭᠡᠳ ᠡᠮᠦᠨ᠎ᠡ 3 ᠨᠡᠷᠡᠰ᠎ᠲᠤ ᠣᠷᠣᠭᠰᠠᠨ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠎ᠲᠤ ᠪᠡᠯᠡ ᠮᠥᠩᠭᠦ ᠵᠢᠨ ᠳᠡᠮᠵᠢᠯᠭᠡ ᠦᠵᠡᠭᠦᠯᠦᠨ᠎ᠡ᠃ ᠰᠢᠨ᠎ᠡ᠎ᠪᠠᠷ ᠵᠥᠪᠰᠢᠶᠡᠷᠡᠭᠳᠡᠭᠰᠡᠨ ᠤᠯᠤᠰ᠎ᠤᠨ ᠲᠠᠰ᠎ᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠨᠡᠭᠡᠭᠡᠯᠲᠡ ᠵᠢᠨ ᠲᠣᠭᠤᠷᠢᠭ᠎ᠲᠤ ᠨᠢᠭᠡ ᠯᠡ ᠤᠳᠠᠭ᠎ᠠ ᠵᠢᠨ ᠴᠢᠨᠠᠷᠲᠠᠢ᠎ᠪᠠᠷ ᠬᠠᠮᠤᠭ᠎ᠤᠨ ᠢᠯᠡᠭᠦᠦ᠎ᠳᠤ᠎ᠪᠠᠨ 2000 ᠲᠦᠮᠡᠨ ᠲᠥᠭᠦᠷᠢᠭ᠎ᠤᠨ ᠰᠤᠳᠤᠯᠤᠨ ᠨᠡᠭᠡᠭᠡᠬᠦ ᠵᠠᠷᠤᠳᠠᠯ᠎ᠤᠨ ᠳᠡᠮᠵᠢᠯᠭᠡ ᠦᠵᠡᠭᠦᠯᠦᠨ᠎ᠡ; ᠪᠥᠬᠦ ᠤᠯᠤᠰ᠎ᠲᠤ ᠡᠮᠦᠨ᠎ᠡ 60 ᠨᠡᠷᠡᠰ᠎ᠲᠤ ᠵᠢᠭᠰᠠᠭ᠋ᠠᠭᠳᠠᠭᠰᠠᠨ᠂ ᠣᠨ᠎ᠤ ᠨᠡᠷᠡᠰ᠎ᠤᠨ ᠵᠢᠭᠰᠠᠭ᠋ᠠᠯᠲᠠ᠎ᠳᠤ 5 ᠨᠡᠷᠡᠰ᠎ᠠᠴᠠ ᠢᠯᠡᠭᠦᠦ ᠳᠡᠭᠡᠭᠰᠢᠯᠡᠭᠰᠡᠨ ᠵᠢᠴᠢ ᠰᠢᠨ᠎ᠡ᠎ᠪᠠᠷ ᠵᠥᠪᠰᠢᠶᠡᠷᠡᠭᠳᠡᠭᠰᠡᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠨᠡᠭᠡᠭᠡᠯᠲᠡ ᠵᠢᠨ ᠲᠣᠭᠤᠷᠢᠭ᠎ᠲᠤ ᠨᠢᠭᠡ ᠯᠡ ᠤᠳᠠᠭ᠎ᠠ᠎ᠳᠤ 1000 ᠲᠦᠮᠡᠨ ᠲᠥᠭᠦᠷᠢᠭ᠎ᠤᠨ ᠰᠤᠳᠤᠯᠤᠨ ᠨᠡᠭᠡᠭᠡᠬᠦ ᠵᠠᠷᠤᠳᠠᠯ᠎ᠤᠨ ᠳᠡᠮᠵᠢᠯᠭᠡ ᠦᠵᠡᠭᠦᠯᠦᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ)
   40. ᠰᠢᠨ᠎ᠡ ᠬᠡᠯᠪᠡᠷᠢ ᠵᠢᠨ ᠠᠵᠤ ᠦᠢ᠍ᠯᠡᠳᠪᠦᠷᠢᠵᠢᠯᠲᠡ ᠵᠢᠨ ᠠᠵᠤ ᠦᠢ᠍ᠯᠡᠰ᠎ᠤᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠢ ᠪᠣᠶ᠋ᠢᠵᠢᠭᠤᠯᠵᠤ᠂ ᠰᠢᠨ᠎ᠡ᠎ᠪᠠᠷ ᠮᠠᠭ᠋ᠠᠳᠯᠠᠭᠳᠠᠨ ᠲᠣᠭᠲᠠᠭ᠋ᠠᠭᠳᠠᠭᠰᠠᠨ ᠤᠯᠤᠰ᠎ᠤᠨ ᠰᠢᠨ᠎ᠡ ᠬᠡᠯᠪᠡᠷᠢ ᠵᠢᠨ ᠠᠵᠤ ᠦᠢ᠍ᠯᠡᠳᠪᠦᠷᠢᠵᠢᠯᠲᠡ ᠵᠢᠨ ᠠᠵᠤ ᠦᠢ᠍ᠯᠡᠰ᠎ᠤᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ ᠪᠠ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠰᠢᠨ᠎ᠡ ᠬᠡᠯᠪᠡᠷᠢ ᠵᠢᠨ ᠠᠵᠤ ᠦᠢ᠍ᠯᠡᠳᠪᠦᠷᠢᠵᠢᠯᠲᠡ ᠵᠢᠨ ᠠᠵᠤ ᠦᠢ᠍ᠯᠡᠰ᠎ᠤᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠲᠤ ᠲᠣᠰ ᠲᠣᠰ 500 ᠲᠦᠮᠡᠨ ᠲᠥᠭᠦᠷᠢᠭ᠂ 300 ᠲᠦᠮᠡᠨ ᠲᠥᠭᠦᠷᠢᠭ᠎ᠤᠨ ᠨᠢᠭᠡ ᠯᠡ ᠤᠳᠠᠭ᠎ᠠ ᠵᠢᠨ ᠴᠢᠨᠠᠷᠲᠠᠢ ᠱᠠᠩᠨᠠᠯ ᠨᠥᠬᠦᠪᠦᠷᠢ ᠣᠯᠭᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ)
   (ᠳᠥᠷᠪᠡ) ᠠᠵᠤ ᠦᠢ᠍ᠯᠡᠰ ᠪᠠ ᠠᠵᠤ ᠠᠬᠤᠶ᠋ᠢᠯᠠᠯ᠎ᠤᠨ ᠮᠡᠷᠭᠡᠵᠢᠯ᠎ᠤᠨ ᠰᠢᠨ᠎ᠡ ᠡᠭᠦᠳᠦᠯᠲᠡ ᠵᠢ ᠳᠡᠮᠵᠢᠨ᠎ᠡ᠃
   41. ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠦᠰᠡᠯᠡᠯᠲᠡ ᠰᠢᠪᠲᠤᠯᠬᠤ ᠢᠨᠵᠧᠨᠧᠷᠢᠩ᠎ᠢ ᠬᠡᠷᠡᠭᠵᠢᠭᠦᠯᠦᠨ᠎ᠡ᠃ 7 ᠳ᠋ᠦᠩᠰᠢᠭᠤᠷ ᠲᠥᠭᠦᠷᠢᠭ᠎ᠤᠨ ᠪᠡᠯᠡ ᠮᠥᠩᠭᠦ ᠲᠣᠬᠢᠷᠠᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠬᠤᠯᠠ ᠶᠡᠭᠡ ᠵᠢᠱ᠌ᠢᠶ᠎ᠡ ᠦᠵᠡᠭᠦᠯᠬᠦ ᠢᠨᠵᠧᠨᠧᠷᠢᠩ᠂ ᠭᠤᠣᠯᠳᠠᠯᠭ᠎ᠠ᠎ᠲᠠᠢ ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ᠎ᠢ ᠤᠯᠠᠷᠢᠭᠤᠯᠬᠤ ᠲᠥᠯᠥᠪᠯᠡᠭᠡ ᠵᠢ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃ ᠳᠣᠣᠷ᠎ᠠ ᠨᠡᠭᠦᠷᠡᠰᠦᠲᠥ᠋ᠷᠥᠭᠴᠢᠲᠦ ᠡᠨᠧᠷᠭᠢ᠂ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ᠂ ᠬᠤᠪᠣᠷ ᠰᠢᠷᠣᠢ᠂ ᠰᠦ ᠰᠠᠭ᠋ᠠᠯᠢ ᠵᠢᠨ ᠦᠢ᠍ᠯᠡᠰ᠂ ᠦᠷ᠎ᠡ ᠡᠭᠦᠯᠳᠡᠷ᠎ᠤᠨ ᠦᠢ᠍ᠯᠡᠰ ᠵᠢᠴᠢ ᠬᠤᠰᠢᠭᠤᠷᠠᠯ ᠮᠡᠷᠭᠡᠵᠢᠯ᠎ᠤᠨ ᠬᠦᠷᠢᠶᠡᠨ᠎ᠳᠤ ᠨᠢᠭᠡ ᠪᠦᠯᠦᠭ ᠴᠢᠬᠤᠯᠠ ᠶᠡᠭᠡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠡᠭᠦᠷᠭᠡ ᠵᠢ ᠲᠣᠬᠢᠷᠠᠭᠤᠯᠤᠨ ᠪᠠᠶ᠋ᠢᠷᠢᠯᠠᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠤ ᠰᠠᠭᠤᠷᠢ ᠮᠥᠩᠭᠦ ᠵᠢ 1.2 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠰᠠᠭᠤᠷᠢ ᠰᠤᠳᠤᠯᠭ᠋ᠠᠨ ᠪᠠ ᠬᠡᠷᠡᠭᠯᠡᠭᠡᠨ᠎ᠤ ᠰᠠᠭᠤᠷᠢ ᠰᠤᠳᠤᠯᠭ᠋ᠠᠨ᠎ᠢ ᠲᠡᠮᠵᠢᠨ᠎ᠡ᠃ ᠨᠢᠭᠡᠨᠲᠡ ᠴᠢᠷᠮᠠᠶ᠋ᠢᠨ ᠣᠯᠣᠭᠰᠠᠨ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠥᠯᠥᠪᠯᠡᠭᠡᠨ᠎ᠤ ᠲᠦᠷᠦᠯ ᠵᠦᠢ᠍ᠯ᠎ᠳᠤ ᠱᠠᠭ᠋ᠠᠷᠳᠠᠯᠭ᠎ᠠ ᠶᠣᠰᠣᠭ᠋ᠠᠷ ᠲᠥᠬᠦᠷ ᠪᠡᠯᠡ ᠮᠥᠩᠭᠦ ᠵᠢᠨ ᠳᠡᠮᠵᠢᠯᠭᠡ ᠦᠵᠡᠭᠦᠯᠦᠨ᠎ᠡ᠃ ᠣᠷᠳᠣᠰ᠎ᠤᠨ ᠲᠤᠷᠰᠢᠯᠲᠠ ᠵᠢᠨ ᠲᠠᠰᠤᠭ ᠪᠠ ᠳᠠᠯᠠᠨ ᠬᠠᠷ᠎ᠠ ᠠᠭᠤᠯᠠ ᠵᠢᠨ ᠲᠤᠷᠰᠢᠯᠲᠠ ᠵᠢᠨ ᠲᠠᠰᠤᠭ᠎ᠤᠨ ᠪᠦᠲᠦᠭᠡᠨ ᠪᠠᠶ᠋ᠢᠭᠤᠯᠤᠯᠲᠠ ᠵᠢ ᠳᠡᠮᠵᠢᠨ᠎ᠡ᠃ ᠰᠦ ᠰᠠᠭ᠋ᠠᠯᠢ ᠵᠢᠨ ᠦᠢ᠍ᠯᠡᠰ᠎ᠤᠨ ᠤᠯᠤᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠂ ᠬᠤᠪᠣᠷ ᠰᠢᠷᠣᠢ ᠵᠢᠨ ᠰᠢᠨ᠎ᠡ ᠮᠠᠲ᠋ᠧᠷᠢᠶᠠᠯ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠂ ᠡᠪᠡᠰᠦᠨ᠎ᠤ ᠦᠢ᠍ᠯᠡᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠲᠤ ᠲᠣᠰ ᠲᠣᠰ ᠳ᠋ᠦᠩᠰᠢᠭᠤᠷ ᠲᠥᠭᠦᠷᠢᠭ᠎ᠤᠨ ᠵᠠᠷᠤᠳᠠᠯ᠎ᠤᠨ ᠳᠡᠮᠵᠢᠯᠭᠡ ᠦᠵᠡᠭᠦᠯᠵᠦ᠂ ᠰᠠᠭᠤᠷᠢ ᠰᠤᠳᠤᠯᠭ᠋ᠠᠨ ᠥᠷᠨᠢᠭᠦᠯᠬᠦ᠂ ᠵᠠᠩᠭᠢᠯᠠᠭ᠎ᠠ ᠵᠢᠨ ᠮᠡᠷᠭᠡᠵᠢᠯ᠎ᠤᠨ ᠰᠢᠪᠲᠤᠯᠤᠯᠲᠠ ᠬᠢᠬᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠪᠠ ᠴᠢᠳᠠᠪᠤᠷᠢᠲᠠᠨ᠎ᠢ ᠲᠠᠲᠠᠨ ᠣᠷᠣᠭᠤᠯᠵᠤ ᠬᠥᠮᠥᠵᠢᠭᠦᠯᠬᠦ᠂ ᠬᠡᠮᠵᠢᠭᠦᠷᠯᠢᠭ ᠲᠥᠬᠦᠭᠡᠷᠦᠮᠵᠢ ᠬᠤᠳᠠᠯᠳᠤᠨ ᠠᠪᠬᠤ ᠵᠡᠷᠭᠡ᠎ᠳᠤ ᠬᠡᠷᠡᠭᠯᠡᠭᠦᠯᠦᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ)
   42. ᠵᠥᠪᠰᠢᠶᠡᠷᠡᠯ ᠣᠯᠣᠭᠰᠠᠨ ᠤᠯᠤᠰ᠎ᠤᠨ ᠲᠠᠰ᠎ᠤᠨ ᠦᠢ᠍ᠯᠡᠳᠬᠦ ᠦᠢ᠍ᠯᠡᠰ᠎ᠤᠨ ᠰᠢᠨ᠎ᠡ ᠵᠢ ᠡᠭᠦᠳᠬᠦ ᠲᠥᠪ᠎ᠲᠤ 5 ᠵᠢᠯ ᠳᠠᠷᠠᠭ᠋ᠠᠯᠠᠨ ᠵᠢᠯ ᠪᠦᠷᠢ 1000 ᠲᠦᠮᠡᠨ ᠲᠥᠭᠦᠷᠢᠭ᠎ᠤᠨ ᠰᠤᠳᠤᠯᠤᠨ ᠨᠡᠭᠡᠭᠡᠬᠦ ᠵᠠᠷᠤᠳᠠᠯ᠎ᠤᠨ ᠱᠠᠩᠨᠠᠯ ᠨᠥᠬᠦᠪᠦᠷᠢ ᠣᠯᠭᠤᠨ᠎ᠠ᠃ ᠰᠢᠨ᠎ᠡ᠎ᠪᠠᠷ ᠡᠭᠦᠳᠦᠨ ᠪᠠᠶ᠋ᠢᠭᠤᠯᠤᠭᠰᠠᠨ ᠥᠪᠡᠷᠲᠡᠭᠡᠨ ᠵᠠᠰᠠᠬᠤ ᠣᠷᠣᠨ᠎ᠤ ᠦᠢ᠍ᠯᠡᠳᠬᠦ ᠦᠢ᠍ᠯᠡᠰ᠎ᠤᠨ ᠰᠢᠨ᠎ᠡ ᠵᠢ ᠡᠭᠦᠳᠬᠦ ᠲᠥᠪ᠎ᠲᠤ ᠨᠢᠭᠡ ᠯᠡ ᠤᠳᠠᠭ᠎ᠠ᠎ᠳᠤ 500 ᠲᠦᠮᠡᠨ ᠲᠥᠭᠦᠷᠢᠭ᠎ᠤᠨ ᠰᠤᠳᠤᠯᠤᠨ ᠨᠡᠭᠡᠭᠡᠬᠦ ᠵᠠᠷᠤᠳᠠᠯ᠎ᠤᠨ ᠱᠠᠩᠨᠠᠯ ᠨᠥᠬᠦᠪᠦᠷᠢ ᠣᠯᠭᠤᠨ᠎ᠠ᠃ ᠰᠢᠨ᠎ᠡ᠎ᠪᠠᠷ ᠮᠠᠭ᠋ᠠᠳᠯᠠᠭᠳᠠᠨ ᠲᠣᠭᠲᠠᠭ᠋ᠠᠭᠳᠠᠭᠰᠠᠨ ᠤᠯᠤᠰ᠎ᠤᠨ ᠪᠠ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠠᠵᠤ ᠦᠢ᠍ᠯᠡᠳᠪᠦᠷᠢ ᠵᠢᠨ ᠵᠢᠷᠤᠭ ᠲᠥᠯᠥᠪᠯᠡᠭᠡ ᠵᠢᠨ ᠲᠥᠪ᠎ᠲᠤ ᠨᠢᠭᠡ ᠯᠡ ᠤᠳᠠᠭ᠎ᠠ᠎ᠳᠤ ᠲᠣᠰ ᠲᠣᠰ 100 ᠲᠦᠮᠡᠨ ᠲᠥᠭᠦᠷᠢᠭ᠂ 50 ᠲᠦᠮᠡᠨ ᠲᠥᠭᠦᠷᠢᠭ᠎ᠤᠨ ᠰᠤᠳᠤᠯᠤᠨ ᠨᠡᠭᠡᠭᠡᠬᠦ ᠵᠠᠷᠤᠳᠠᠯ᠎ᠤᠨ ᠱᠠᠩᠨᠠᠯ ᠨᠥᠬᠦᠪᠦᠷᠢ ᠣᠯᠭᠤᠨ᠎ᠠ᠃ ᠰᠢᠨ᠎ᠡ᠎ᠪᠠᠷ ᠮᠠᠭ᠋ᠠᠳᠯᠠᠭᠳᠠᠨ ᠲᠣᠭᠲᠠᠭ᠋ᠠᠭᠳᠠᠭᠰᠠᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠠᠵᠤ ᠠᠬᠤᠶ᠋ᠢᠯᠠᠯ᠎ᠤᠨ ᠮᠡᠷᠭᠡᠵᠢᠯ᠎ᠤᠨ ᠲᠥᠪ᠎ᠲᠤ ᠨᠢᠭᠡ ᠯᠡ ᠤᠳᠠᠭ᠎ᠠ᠎ᠳᠤ 50 ᠲᠦᠮᠡᠨ ᠲᠥᠭᠦᠷᠢᠭ᠎ᠤᠨ ᠰᠤᠳᠤᠯᠤᠨ ᠨᠡᠭᠡᠭᠡᠬᠦ ᠵᠠᠷᠤᠳᠠᠯ᠎ᠤᠨ ᠱᠠᠩᠨᠠᠯ ᠨᠥᠬᠦᠪᠦᠷᠢ ᠣᠯᠭᠤᠨ᠎ᠠ᠃ ᠰᠢᠨ᠎ᠡ᠎ᠪᠠᠷ ᠮᠠᠭ᠋ᠠᠳᠯᠠᠭᠳᠠᠨ ᠲᠣᠭᠲᠠᠭ᠋ᠠᠭᠳᠠᠭᠰᠠᠨ ᠤᠯᠤᠰ᠎ᠤᠨ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠵᠢᠱ᠌ᠢᠶ᠎ᠡ ᠦᠵᠡᠭᠦᠯᠬᠦ ᠠᠵᠤ ᠠᠬᠤᠶ᠋ᠢᠯᠠᠯ᠂ ᠪᠥᠬᠦ ᠤᠯᠤᠰ᠎ᠤᠨ 《ᠶᠠᠰᠤ ᠴᠢᠨᠠᠷ᠎ᠤᠨ ᠬᠡᠪ ᠳᠠᠭᠤᠷᠢᠶᠠᠯ》 ᠠᠵᠤ ᠠᠬᠤᠶ᠋ᠢᠯᠠᠯ᠎ᠳᠤ ᠨᠢᠭᠡ ᠯᠡ ᠤᠳᠠᠭ᠎ᠠ᠎ᠳᠤ 100 ᠲᠦᠮᠡᠨ ᠲᠥᠭᠦᠷᠢᠭ᠎ᠤᠨ ᠰᠤᠳᠤᠯᠤᠨ ᠨᠡᠭᠡᠭᠡᠬᠦ ᠵᠠᠷᠤᠳᠠᠯ᠎ᠤᠨ ᠱᠠᠩᠨᠠᠯ ᠨᠥᠬᠦᠪᠦᠷᠢ ᠣᠯᠭᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ)
   43. ᠥᠪᠡᠷᠲᠡᠭᠡᠨ ᠵᠠᠰᠠᠬᠤ ᠣᠷᠣᠨ᠎ᠤ ᠦᠢ᠍ᠯᠡᠳᠬᠦ ᠦᠢ᠍ᠯᠡᠰ᠎ᠤᠨ ᠠᠵᠤ ᠠᠬᠤᠶ᠋ᠢᠯᠠᠯ᠎ᠤᠨ ᠬᠠᠷᠢᠶ᠎ᠠ ᠪᠦᠬᠦᠢ ᠨᠠᠷᠢᠨ ᠬᠤᠪᠢᠶᠠᠭᠰᠠᠨ ᠠᠵᠢᠯ ᠲᠥᠷᠥᠯ᠎ᠳᠤ᠎ᠪᠠᠨ ᠭᠦᠨᠵᠡᠭᠡᠶ᠋ᠢᠷᠡᠨ ᠪᠦᠲᠦᠭᠡᠭᠳᠡᠬᠦᠨ᠎ᠢ 《ᠭᠦᠨᠵᠡᠭᠡᠢ ᠠᠭᠤᠳᠠᠯᠵᠤ ᠨᠠᠷᠢᠯᠢᠭ ᠰᠤᠳᠤᠯᠬᠤ》 ᠵᠢ᠎ᠨᠢ ᠬᠥᠲᠥᠯᠥᠨ ᠵᠢᠯᠤᠭᠤᠳᠬᠤ ᠪᠠ ᠠᠬᠢᠭᠤᠯᠵᠤ᠂ ᠨᠠᠷᠢᠨ ᠬᠤᠪᠢᠶᠠᠭᠰᠠᠨ ᠠᠵᠢᠯ ᠲᠥᠷᠥᠯ᠎ᠤᠨ ᠪᠦᠲᠦᠭᠡᠭᠳᠡᠬᠦᠨ᠎ᠳᠤ ᠰᠢᠨ᠎ᠡ ᠵᠢ ᠡᠭᠦᠳᠬᠦ᠂ ᠶᠠᠰᠤ ᠴᠢᠨᠠᠷ᠎ᠢ ᠳᠡᠭᠡᠭᠰᠢᠯᠡᠭᠦᠯᠬᠦ ᠪᠠ ᠨᠠᠷᠠᠲᠤ ᠲᠡᠮᠳᠡᠭᠲᠦ ᠵᠢ ᠪᠣᠶ᠋ᠢᠵᠢᠭᠤᠯᠬᠤ᠎ᠳᠤ ᠠᠩᠬᠠᠷᠤᠯ ᠵᠶ᠋ᠠᠨ ᠬᠠᠨᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠦᠢ᠍ᠯᠡᠳᠬᠦ ᠦᠢ᠍ᠯᠡᠰ᠎ᠤᠨ ᠲᠠᠩ ᠭᠠᠭᠴᠠ ᠵᠦᠢ᠍ᠯ᠎ᠳᠤ ᠮᠠᠩᠯᠠᠶ᠋ᠢᠯᠠᠭᠰᠠᠨ ᠵᠶ᠋ᠠᠷ ᠮᠠᠭ᠋ᠠᠳᠯᠠᠭᠳᠠᠨ ᠲᠣᠭᠲᠠᠭ᠋ᠠᠭᠳᠠᠭᠰᠠᠨ ᠠᠵᠤ ᠠᠬᠤᠶ᠋ᠢᠯᠠᠯ᠎ᠢ 100 ᠲᠦᠮᠡᠨ ᠲᠥᠭᠦᠷᠢᠭ ᠵᠶ᠋ᠠᠷ ᠱᠠᠩᠨᠠᠵᠤ᠂ ᠤᠯᠤᠰ᠎ᠤᠨ ᠲᠠᠰ᠎ᠤᠨ ᠦᠢ᠍ᠯᠡᠳᠬᠦ ᠦᠢ᠍ᠯᠡᠰ᠎ᠤᠨ ᠲᠠᠩ ᠭᠠᠭᠴᠠ ᠵᠦᠢ᠍ᠯ᠎ᠳᠤ ᠮᠠᠩᠯᠠᠶ᠋ᠢᠯᠠᠭᠰᠠᠨ ᠵᠶ᠋ᠠᠷ ᠮᠠᠭ᠋ᠠᠳᠯᠠᠭᠳᠠᠨ ᠲᠣᠭᠲᠠᠭ᠋ᠠᠭᠳᠠᠭᠰᠠᠨ ᠠᠵᠤ ᠠᠬᠤᠶ᠋ᠢᠯᠠᠯ᠎ᠢ 200 ᠲᠦᠮᠡᠨ ᠲᠥᠭᠦᠷᠢᠭ ᠵᠶ᠋ᠠᠷ ᠱᠠᠩᠨᠠᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ)
   44. ᠲᠡᠮᠦᠷ᠎ᠤᠨ ᠬᠠᠶ᠋ᠢᠯᠤᠰᠢ ᠵᠢᠨ ᠠᠵᠤ ᠠᠬᠤᠶ᠋ᠢᠯᠠᠯ᠎ᠤᠨ ᠲᠡᠮᠦᠷᠯᠢᠭ ᠬᠠᠶ᠋ᠢᠯᠤᠭᠤᠯᠬᠤ ᠴᠠᠬᠢᠯᠭ᠋ᠠᠨ ᠵᠤᠤᠬ᠎ᠠ ᠵᠢᠨ ᠨᠡᠭᠦᠷᠡᠰᠦᠨ ᠬᠡᠢ᠎ᠪᠠᠷ ᠬᠢᠮᠢ ᠵᠢᠨ ᠠᠵᠤ ᠦᠢ᠍ᠯᠡᠳᠪᠦᠷᠢ ᠵᠢᠨ ᠦᠢ᠍ᠯᠡᠳᠬᠦᠨ ᠦᠢ᠍ᠯᠡᠳᠬᠦ ᠵᠢ ᠳᠡᠮᠵᠢᠵᠦ᠂ ᠨᠡᠭᠦᠷᠡᠰᠦᠲᠥ᠋ᠷᠥᠭᠴᠢ ᠵᠢ ᠬᠤᠷᠢᠶᠠᠨ ᠴᠤᠭᠯᠠᠭᠤᠯᠬᠤ᠂ ᠠᠰᠢᠭᠯᠠᠬᠤ᠂ ᠪᠢᠲᠡᠭᠦᠮᠵᠢᠯᠡᠨ ᠬᠠᠳᠠᠭ᠋ᠠᠯᠠᠬᠤ ᠲᠠᠯ᠎ᠠ ᠵᠢᠨ ᠵᠢᠱ᠌ᠢᠶ᠎ᠡ ᠦᠵᠡᠭᠦᠯᠬᠦ ᠲᠥᠷᠥᠯ ᠵᠦᠢ᠍ᠯ᠎ᠢ ᠳᠡᠮᠵᠢᠨ᠎ᠡ᠃ ᠲᠡᠮᠦᠷᠯᠢᠭ ᠬᠠᠶ᠋ᠢᠯᠤᠭᠤᠯᠬᠤ ᠴᠠᠬᠢᠯᠭ᠋ᠠᠨ ᠵᠤᠤᠬ᠎ᠠ ᠵᠢᠨ ᠨᠡᠭᠦᠷᠡᠰᠦᠨ ᠬᠡᠢ᠎ᠳᠠᠬᠢ ᠠᠰᠢᠭᠲᠤ ᠬᠡᠢ ᠪᠡᠶᠡᠲᠦ ᠵᠢᠨ ᠪᠦᠷᠢᠯᠳᠦᠭᠦᠨ᠎ᠢ ᠵᠦᠢ ᠵᠣᠬᠢᠰᠲᠠᠢ ᠠᠰᠢᠭᠯᠠᠨ᠂ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ ᠦᠯᠦ ᠭᠠᠳᠠᠭᠰᠢᠯᠠᠭᠤᠯᠬᠤ᠎ᠳᠤ ᠬᠦᠷᠦᠭᠰᠡᠨ ᠵᠡᠷᠭᠡ ᠡᠬᠢ ᠪᠠᠶᠠᠯᠢᠭ᠎ᠢ ᠶᠡᠷᠦᠩᠬᠡᠶ᠋ᠢᠯᠡᠨ ᠠᠰᠢᠭᠯᠠᠬᠤ ᠵᠢ ᠠᠵᠤ ᠦᠢ᠍ᠯᠡᠰᠵᠢᠭᠦᠯᠬᠦ ᠲᠥᠷᠥᠯ ᠵᠦᠢ᠍ᠯ᠎ᠳᠤ᠂ ᠪᠣᠷᠤᠯᠠᠭᠤᠯᠭ᠎ᠠ ᠵᠢᠨ ᠣᠷᠣᠯᠭ᠎ᠠ᠎ᠲᠠᠢ ᠪᠣᠯᠤᠭᠰᠠᠨ ᠵᠢᠯ᠎ᠠᠴᠠ ᠡᠬᠢᠯᠡᠨ᠂ 5 ᠵᠢᠯ᠎ᠤᠨ ᠳᠣᠲᠣᠷ᠎ᠠ ᠪᠣᠷᠤᠯᠠᠭᠤᠯᠭ᠎ᠠ ᠵᠢᠨ ᠣᠷᠣᠯᠭ᠎ᠠ ᠵᠢᠨ 5%᠎ᠪᠠᠷ ᠱᠠᠩᠨᠠᠯ ᠨᠥᠬᠦᠪᠦᠷᠢ ᠣᠯᠭᠤᠵᠤ᠂ ᠵᠢᠯ ᠪᠦᠷᠢ ᠬᠠᠮᠤᠭ᠎ᠤᠨ ᠢᠯᠡᠭᠦᠦ᠎ᠳᠤ᠎ᠪᠠᠨ 500 ᠲᠦᠮᠡᠨ ᠲᠥᠭᠦᠷᠢᠭ ᠵᠶ᠋ᠠᠷ ᠱᠠᠩᠨᠠᠨ ᠨᠥᠬᠦᠪᠦᠷᠢᠯᠡᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ)
   45. ᠵᠠᠷᠯᠠᠯ ᠨᠡᠶ᠋ᠢᠲᠡᠯᠡᠵᠦ ᠬᠤᠰᠢᠭᠤᠷᠠᠨ ᠠᠵᠢᠯᠯᠠᠭᠤᠯᠬᠤ᠂ ᠥᠷᠢᠰᠦᠯᠳᠦᠭᠦᠯᠦᠨ ᠰᠢᠯᠭ᠋ᠠᠷᠠᠭᠤᠯᠬᠤ ᠳᠦᠷᠢᠮ ᠵᠡᠷᠭᠡ ᠠᠷᠭ᠎ᠠ ᠮᠠᠶᠢᠭ᠎ᠢ ᠠᠪᠴᠤ᠂ ᠲᠡᠮᠦᠷ᠎ᠤᠨ ᠬᠠᠶ᠋ᠢᠯᠤᠰᠢ ᠵᠢᠨ ᠠᠵᠤ ᠠᠬᠤᠶ᠋ᠢᠯᠠᠯ᠎ᠤᠨ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ ᠵᠡᠷᠭᠡ᠎ᠲᠠᠢ ᠬᠤᠯᠪᠤᠭ᠋ᠠᠯᠠᠨ ᠮᠡᠷᠭᠡᠵᠢᠯ᠎ᠤᠨ ᠲᠠᠯ᠎ᠠ᠎ᠪᠠᠷ ᠰᠢᠪᠲᠤᠯᠤᠯᠲᠠ ᠭᠠᠷᠭ᠋ᠠᠬᠤ ᠵᠢ ᠳᠡᠮᠵᠢᠨ᠎ᠡ᠃ ᠤᠰᠤᠲᠥ᠋ᠷᠥᠭᠴᠢ᠎ᠪᠠᠷ ᠲᠡᠮᠦᠷᠯᠢᠭ ᠪᠣᠯᠪᠠᠰᠤᠷᠠᠭᠤᠯᠬᠤ᠂ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ ᠵᠶ᠋ᠠᠷ ᠠᠷᠭᠤᠨ ᠬᠡᠢ ᠵᠢ ᠣᠷᠣᠯᠠᠭᠤᠯᠤᠨ ᠲᠡᠮᠦᠷᠯᠢᠭ ᠪᠣᠯᠪᠠᠰᠤᠷᠠᠭᠤᠯᠬᠤ᠂ ᠲᠣᠭᠲᠠᠮᠠᠯ ᠭᠦᠶᠦᠳᠡᠯᠲᠦ ᠵᠤᠤᠬ᠎ᠠ ᠵᠡᠷᠭᠡ ᠰᠢᠨ᠎ᠡ ᠮᠡᠷᠭᠡᠵᠢᠯ᠂ ᠰᠢᠨ᠎ᠡ ᠲᠤᠨᠤᠭ ᠲᠥᠬᠦᠭᠡᠷᠦᠮᠵᠢ ᠵᠢ ᠬᠡᠷᠡᠭᠯᠡᠭᠰᠡᠨ ᠲᠡᠮᠦᠷ᠎ᠤᠨ ᠬᠠᠶ᠋ᠢᠯᠤᠰᠢ ᠵᠢᠨ ᠲᠤᠷᠰᠢᠯᠲᠠ ᠵᠢᠨ ᠵᠢᠱ᠌ᠢᠶ᠎ᠡ ᠦᠵᠡᠭᠦᠯᠬᠦ ᠲᠦᠷᠦᠯ ᠵᠦᠢ᠍ᠯ᠎ᠳᠤ ᠦᠢ᠍ᠯᠡᠳᠪᠦᠷᠢᠯᠡᠬᠦ ᠴᠢᠳᠠᠪᠤᠷᠢ ᠵᠢ ᠰᠣᠯᠢᠬᠤ ᠦᠭᠡᠢ ᠪᠠᠶ᠋ᠢᠵᠤ ᠪᠣᠯᠣᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ)
   46. 《ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠤᠯᠠᠷᠢᠭᠤᠯᠤᠯᠲᠠ ᠵᠢᠨ ᠭᠠᠷᠴᠠᠭ》᠎ᠢ ᠳᠡᠮᠵᠢᠬᠦ ᠲᠥᠯᠥᠪᠯᠡᠭᠡ᠎ᠳᠤ ᠣᠷᠣᠭᠤᠯᠤᠨ᠎ᠠ᠃ ᠮᠡᠷᠭᠡᠵᠢᠯ᠎ᠤᠨ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠎ᠢ ᠠᠵᠤ ᠦᠢ᠍ᠯᠡᠰᠵᠢᠭᠦᠯᠦᠨ ᠬᠡᠷᠡᠭᠯᠡᠬᠦ ᠵᠢ ᠳᠡᠮᠵᠢᠵᠦ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨ᠎ᠡ ᠮᠡᠷᠭᠡᠵᠢᠯ᠎ᠢ ᠠᠵᠤ ᠦᠢ᠍ᠯᠡᠰᠵᠢᠭᠦᠯᠦᠨ ᠬᠡᠷᠡᠭᠯᠡᠬᠦ ᠵᠢᠨ ᠵᠢᠯᠤᠭᠤᠳᠬᠤ ᠭᠠᠷᠴᠠᠭ》᠎ᠲᠤ ᠵᠢᠭᠰᠠᠭ᠋ᠠᠨ ᠣᠷᠣᠭᠤᠯᠤᠭᠰᠠᠨ ᠴᠢᠬᠤᠯᠠ ᠶᠡᠭᠡ ᠮᠡᠷᠭᠡᠵᠢᠯ᠎ᠤᠨ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠎ᠢ ᠥᠪᠡᠷᠲᠡᠭᠡᠨ ᠵᠠᠰᠠᠬᠤ ᠣᠷᠣᠨ᠎ᠳᠤ ᠤᠯᠠᠷᠢᠭᠤᠯᠤᠨ ᠬᠡᠷᠡᠭᠯᠡᠬᠦ ᠵᠢ ᠪᠡᠶᠡᠯᠡᠭᠦᠯᠦᠭᠰᠡᠨ ᠲᠥᠷᠥᠯ ᠵᠦᠢ᠍ᠯ᠎ᠳᠤ᠂ ᠪᠣᠳᠠᠲᠠᠢ ᠪᠡᠶᠡᠯᠡᠭᠦᠯᠦᠭᠰᠡᠨ ᠪᠡᠯᠡ ᠣᠷᠣᠭᠤᠯᠤᠯᠲᠠ ᠵᠢᠨ ᠲᠣᠭ᠋ᠠᠨ᠎ᠤ 20%᠎ᠪᠠᠷ ᠨᠢᠭᠡ ᠯᠡ ᠤᠳᠠᠭ᠎ᠠ ᠵᠢᠨ ᠴᠢᠨᠠᠷᠲᠠᠢ ᠱᠠᠩᠨᠠᠯ ᠨᠥᠬᠦᠪᠦᠷᠢ ᠣᠯᠭᠤᠵᠤ᠂ ᠲᠠᠩ ᠭᠠᠭᠴᠠ ᠲᠥᠷᠥᠯ ᠵᠦᠢ᠍ᠯ᠎ᠳᠤ ᠬᠠᠮᠤᠭ᠎ᠤᠨ ᠢᠯᠡᠭᠦᠦ᠎ᠳᠤ᠎ᠪᠠᠨ 500 ᠲᠦᠮᠡᠨ ᠲᠥᠭᠦᠷᠢᠭ᠎ᠠᠴᠠ ᠳᠠᠪᠠᠭᠤᠯᠬᠤ ᠦᠭᠡᠢ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ)
   47. ᠥᠪᠡᠷᠲᠡᠭᠡᠨ ᠵᠠᠰᠠᠬᠤ ᠣᠷᠣᠨ᠎ᠠᠴᠠ ᠮᠠᠭ᠋ᠠᠳᠯᠠᠨ ᠲᠣᠭᠲᠠᠭ᠋ᠠᠭᠰᠠᠨ ᠰᠢᠨ᠎ᠡ ᠵᠢ ᠡᠭᠦᠳᠬᠦ ᠬᠡᠯᠪᠡᠷᠢ ᠵᠢᠨ ᠳᠤᠮᠳᠠ ᠵᠢᠵᠢᠭ ᠠᠵᠤ ᠠᠬᠤᠶ᠋ᠢᠯᠠᠯ᠂ 《ᠲᠤᠰᠬᠠᠶ᠋ᠢᠵᠢᠭᠰᠠᠨ ᠰᠣᠳᠣᠨ ᠥᠪᠡᠷᠮᠢᠴᠡ ᠰᠢᠨ᠎ᠡ》 ᠳᠤᠮᠳᠠ ᠵᠢᠵᠢᠭ ᠠᠵᠤ ᠠᠬᠤᠶ᠋ᠢᠯᠠᠯ ᠪᠠ 《ᠵᠢᠵᠢᠭ ᠠᠪᠤᠷᠭᠤ》 ᠠᠵᠤ ᠠᠬᠤᠶ᠋ᠢᠯᠠᠯ᠎ᠳᠤ ᠲᠣᠰ ᠲᠣᠰ 20 ᠲᠦᠮᠡᠨ ᠲᠥᠭᠦᠷᠢᠭ᠂ 50 ᠲᠦᠮᠡᠨ ᠲᠥᠭᠦᠷᠢᠭ᠂ 100 ᠲᠦᠮᠡᠨ ᠲᠥᠭᠦᠷᠢᠭ᠎ᠤᠨ ᠨᠢᠭᠡ ᠯᠡ ᠤᠳᠠᠭ᠎ᠠ ᠵᠢᠨ ᠴᠢᠨᠠᠷᠲᠠᠢ ᠱᠠᠩᠨᠠᠯ ᠣᠯᠭᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ)
   48. ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠡᠯᠪᠡᠷᠢ ᠵᠢᠨ ᠳᠤᠮᠳᠠ ᠵᠢᠵᠢᠭ ᠠᠵᠤ ᠠᠬᠤᠶ᠋ᠢᠯᠠᠯ᠂ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠶ᠋ᠢᠯᠠᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠳᠠᠭ᠋ᠠᠭᠤᠯᠤᠭᠴᠢ ᠠᠵᠤ ᠠᠬᠤᠶ᠋ᠢᠯᠠᠯ᠎ᠢ ᠱᠠᠲᠤᠯᠠᠨ ᠪᠣᠶ᠋ᠢᠵᠢᠭᠤᠯᠬᠤ ᠲᠣᠭᠲᠠᠴᠠ ᠵᠢ ᠪᠠᠶ᠋ᠢᠭᠤᠯᠵᠤ᠂ ᠠᠩᠬ᠎ᠠ ᠤᠳᠠᠭ᠎ᠠ ᠮᠠᠭ᠋ᠠᠳᠯᠠᠭᠳᠠᠨ ᠲᠣᠭᠲᠠᠭ᠋ᠠᠭᠳᠠᠭᠰᠠᠨ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠶ᠋ᠢᠯᠠᠯ᠎ᠳᠤ ᠨᠢᠭᠡ ᠯᠡ ᠤᠳᠠᠭ᠎ᠠ᠎ᠳᠤ 30 ᠲᠦᠮᠡᠨ ᠲᠥᠭᠦᠷᠢᠭ᠎ᠤᠨ ᠰᠤᠳᠤᠯᠤᠨ ᠨᠡᠭᠡᠭᠡᠬᠦ ᠵᠠᠷᠤᠳᠠᠯ᠎ᠤᠨ ᠱᠠᠩᠨᠠᠯ ᠣᠯᠭᠤᠵᠤ᠂ ᠠᠩᠬ᠎ᠠ ᠤᠳᠠᠭ᠎ᠠ ᠮᠠᠭ᠋ᠠᠳᠯᠠᠭᠳᠠᠨ ᠲᠣᠭᠲᠠᠭ᠋ᠠᠭᠳᠠᠭᠰᠠᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠳᠠᠭ᠋ᠠᠭᠤᠯᠤᠭᠴᠢ ᠠᠵᠤ ᠠᠬᠤᠶ᠋ᠢᠯᠠᠯ᠎ᠳᠤ 300 ᠲᠦᠮᠡᠨ ᠲᠥᠭᠦᠷᠢᠭ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠥᠷᠥᠯ ᠵᠦᠢ᠍ᠯ᠎ᠤᠨ ᠳᠡᠮᠵᠢᠯᠭᠡ ᠣᠯᠭᠤᠨ᠎ᠠ᠃ ᠠᠵᠤ ᠠᠬᠤᠶ᠋ᠢᠯᠠᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠤᠨ ᠠᠵᠢᠯᠯᠠᠭ᠋ᠠᠨ᠎ᠢ ᠬᠡᠷᠡᠭᠵᠢᠭᠦᠯᠵᠦ᠂ ᠠᠵᠤ ᠠᠬᠤᠶ᠋ᠢᠯᠠᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠤᠨ ᠠᠵᠢᠯ᠎ᠤᠨ ᠥᠷᠲᠡᠭᠡ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠨ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠨᠴᠠ ᠲᠣᠮᠢᠯᠠᠭᠳᠠᠭᠰᠠᠳ᠂ ᠮᠡᠷᠭᠡᠵᠢᠯ᠎ᠤᠨ ᠵᠠᠭᠤᠴᠢᠯᠠᠭᠴᠢ ᠵᠡᠷᠭᠡ ᠵᠢ ᠬᠥᠲᠥᠯᠥᠨ ᠵᠢᠯᠤᠭᠤᠳᠴᠤ ᠪᠠᠶ᠋ᠢᠭ᠋ᠠᠳ ᠠᠵᠤ ᠠᠬᠤᠶ᠋ᠢᠯᠠᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠳᠤ ᠣᠨᠣᠴᠠᠲᠠᠢ ᠦᠢ᠍ᠯᠡᠴᠢᠯᠡᠭᠡ ᠬᠠᠩᠭ᠋ᠠᠯᠭ᠋ᠠᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ)
   49. 《ᠲᠤᠰᠬᠠᠶ᠋ᠢᠵᠢᠭᠰᠠᠨ ᠰᠣᠳᠣᠨ ᠥᠪᠡᠷᠮᠢᠴᠡ ᠰᠢᠨ᠎ᠡ》 ᠳᠤᠮᠳᠠ ᠵᠢᠵᠢᠭ ᠠᠵᠤ ᠠᠬᠤᠶ᠋ᠢᠯᠠᠯ ᠪᠠ ᠦᠢ᠍ᠯᠡᠳᠬᠦ ᠦᠢ᠍ᠯᠡᠰ᠎ᠤᠨ ᠳᠠᠩ ᠭᠠᠭᠴᠠ ᠵᠦᠢ᠍ᠯ᠎ᠳᠤ ᠰᠢᠯᠭ᠋ᠠᠷᠠᠭᠰᠠᠨ ᠮᠠᠩᠯᠠᠢ ᠠᠵᠤ ᠠᠬᠤᠶ᠋ᠢᠯᠠᠯ᠎ᠤᠨ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠤ ᠮᠡᠷᠭᠡᠵᠢᠯ᠎ᠤᠨ ᠴᠣᠯᠠ ᠭᠤᠶᠤᠴᠢᠯᠠᠨ ᠮᠡᠳᠡᠭᠦᠯᠬᠦ ᠵᠢ᠎ᠨᠢ ᠳᠡᠮᠵᠢᠵᠦ᠂ ᠮᠡᠷᠭᠡᠵᠢᠯ᠎ᠳᠤ ᠰᠢᠨ᠎ᠡ ᠵᠢ ᠡᠭᠦᠳᠬᠦ᠂ ᠲᠤᠰᠬᠠᠢ ᠠᠰᠢᠭ᠎ᠤᠨ ᠡᠭᠦᠳᠦᠯᠲᠡ᠂ ᠦᠷ᠎ᠡ ᠪᠦᠲᠦᠭᠡᠯ᠎ᠢ ᠤᠯᠠᠷᠢᠭᠤᠯᠬᠤ᠂ ᠮᠡᠷᠭᠡᠵᠢᠯ ᠳᠡᠯᠭᠡᠷᠡᠭᠦᠯᠬᠦ᠂ ᠪᠠᠷᠢᠮᠵᠢᠶ᠎ᠠ ᠲᠣᠭᠲᠠᠭ᠋ᠠᠬᠤ ᠵᠡᠷᠭᠡ ᠲᠠᠯ᠎ᠠ᠎ᠪᠠᠷ ᠣᠯᠣᠭᠰᠠᠨ ᠠᠵᠢᠯ᠎ᠤᠨ ᠠᠮᠵᠢᠯᠲᠠ ᠪᠦᠲᠦᠮᠵᠢ᠂ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠎ᠢ ᠲᠡᠳᠡᠨ᠎ᠤ ᠮᠡᠷᠭᠡᠵᠢᠯ᠎ᠤᠨ ᠴᠣᠯᠠ ᠭᠤᠶᠤᠴᠢᠯᠠᠨ ᠮᠡᠳᠡᠭᠦᠯᠬᠦ ᠵᠢᠨ ᠴᠢᠬᠤᠯᠠ ᠯᠠᠪᠯᠠᠯᠲᠠ ᠪᠣᠯᠭ᠋ᠠᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ)
   50. ᠳᠤᠮᠳᠠ ᠵᠢᠵᠢᠭ ᠠᠵᠤ ᠠᠬᠤᠶ᠋ᠢᠯᠠᠯ᠎ᠤᠨ ᠣᠨᠴᠠᠯᠢᠭᠲᠤ ᠠᠵᠤ ᠦᠢ᠍ᠯᠡᠰ᠎ᠤᠨ ᠪᠦᠯᠦᠭᠵᠢᠯ᠎ᠢ ᠪᠣᠶ᠋ᠢᠵᠢᠭᠤᠯᠵᠤ᠂ ᠰᠢᠨ᠎ᠡ᠎ᠪᠠᠷ ᠮᠠᠭ᠋ᠠᠳᠯᠠᠭᠳᠠᠨ ᠲᠣᠭᠲᠠᠭ᠋ᠠᠭᠳᠠᠭᠰᠠᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠳᠤᠮᠳᠠ ᠵᠢᠵᠢᠭ ᠠᠵᠤ ᠠᠬᠤᠶ᠋ᠢᠯᠠᠯ᠎ᠤᠨ ᠣᠨᠴᠠᠯᠢᠭᠲᠤ ᠠᠵᠤ ᠦᠢ᠍ᠯᠡᠰ᠎ᠤᠨ ᠪᠦᠯᠦᠭᠵᠢᠯ ᠪᠠ ᠤᠯᠤᠰ᠎ᠤᠨ ᠲᠠᠰ᠎ᠤᠨ ᠳᠤᠮᠳᠠ ᠵᠢᠵᠢᠭ ᠠᠵᠤ ᠠᠬᠤᠶ᠋ᠢᠯᠠᠯ᠎ᠤᠨ ᠣᠨᠴᠠᠯᠢᠭᠲᠤ ᠠᠵᠤ ᠦᠢ᠍ᠯᠡᠰ᠎ᠤᠨ ᠪᠦᠯᠦᠭᠵᠢᠯ᠎ᠳᠤ ᠲᠣᠰ ᠲᠣᠰ 300 ᠲᠦᠮᠡᠨ ᠲᠥᠭᠦᠷᠢᠭ᠂ 500 ᠲᠦᠮᠡᠨ ᠲᠥᠭᠦᠷᠢᠭ᠎ᠤᠨ ᠨᠢᠭᠡ ᠯᠡ ᠤᠳᠠᠭ᠎ᠠ ᠵᠢᠨ ᠴᠢᠨᠠᠷᠲᠠᠢ ᠪᠡᠯᠡ ᠮᠥᠩᠭᠦ ᠵᠢᠨ ᠱᠠᠩᠨᠠᠯ ᠨᠥᠬᠦᠪᠦᠷᠢ ᠣᠯᠭᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ)
    ᠭᠤᠷᠪᠠ᠂ ᠦᠢ᠍ᠯᠡᠴᠢᠯᠡᠭᠡᠨ᠎ᠤ ᠦᠢ᠍ᠯᠡᠰ᠎ᠤᠨ ᠶᠠᠰᠤ ᠴᠢᠨᠠᠷ ᠪᠠ ᠦᠷ᠎ᠡ ᠪᠦᠲᠦᠮᠵᠢ᠎ᠪᠠᠨ ᠳᠡᠭᠡᠭᠰᠢᠯᠡᠭᠦᠯᠬᠦ ᠵᠢ᠎ᠨᠢ ᠠᠬᠢᠭᠤᠯᠤᠨ᠎ᠠ
   (ᠨᠢᠭᠡ) ᠰᠢᠨ᠎ᠡ᠎ᠪᠠᠷ ᠪᠣᠶ ᠪᠣᠯᠤᠭᠰᠠᠨ ᠦᠢ᠍ᠯᠡᠴᠢᠯᠡᠭᠡᠨ᠎ᠤ ᠦᠢ᠍ᠯᠡᠰ᠎ᠢ ᠲᠦᠷᠭᠡᠳᠬᠡᠨ ᠪᠣᠶ᠋ᠢᠵᠢᠭᠤᠯᠤᠨ᠎ᠠ᠃
   51. ᠮᠡᠷᠭᠡᠵᠢᠯ᠎ᠤᠨ ᠵᠠᠭᠤᠴᠢᠯᠠᠬᠤ ᠦᠢ᠍ᠯᠡᠴᠢᠯᠡᠭᠡᠨ᠎ᠤ ᠠᠵᠢᠯ ᠲᠥᠷᠥᠯ᠎ᠤᠨ ᠬᠥᠭᠵᠢᠯᠲᠡ᠎ᠪᠠᠨ ᠲᠦᠷᠭᠡᠳᠬᠡᠬᠦ ᠵᠢ ᠳᠡᠮᠵᠢᠵᠦ᠂ ᠰᠢᠨ᠎ᠡ᠎ᠪᠠᠷ ᠵᠥᠪᠰᠢᠶᠡᠷᠡᠭᠳᠡᠭᠰᠡᠨ᠎ᠤ ᠳᠠᠷᠠᠭ᠋ᠠᠬᠢ ᠤᠯᠤᠰ᠎ᠤᠨ ᠲᠠᠰ᠎ᠤᠨ ᠮᠡᠷᠭᠡᠵᠢᠯ᠎ᠤᠨ ᠰᠢᠯᠵᠢᠯᠲᠡ ᠵᠢᠨ ᠴᠢᠳᠠᠪᠤᠷᠢᠲᠠᠨ ᠬᠥᠮᠥᠵᠢᠭᠦᠯᠬᠦ ᠰᠠᠭᠤᠷᠢᠨ ᠭᠠᠵᠠᠷ᠎ᠲᠤ ᠨᠢᠭᠡ ᠯᠡ ᠤᠳᠠᠭ᠎ᠠ᠎ᠳᠤ 100 ᠲᠦᠮᠡᠨ ᠲᠥᠭᠦᠷᠢᠭ᠎ᠤᠨ ᠳᠠᠷᠠᠭ᠋ᠠᠬᠢ ᠨᠥᠬᠦᠪᠦᠷᠢ ᠵᠢᠨ ᠳᠡᠮᠵᠢᠯᠭᠡ ᠣᠯᠭᠤᠵᠤ᠂ ᠮᠡᠷᠭᠡᠵᠢᠯ᠎ᠤᠨ ᠵᠠᠭᠤᠴᠢᠯᠠᠭᠴᠢ (ᠳᠠᠭ᠋ᠠᠭ᠋ᠠᠮᠠᠯ) ᠵᠢᠨ ᠣᠨ᠎ᠤ ᠳᠣᠲᠣᠷᠠᠬᠢ ᠮᠡᠷᠭᠡᠵᠢᠯ᠎ᠤᠨ ᠰᠢᠯᠵᠢᠯᠲᠡ ᠤᠯᠠᠷᠢᠭᠤᠯᠤᠯᠲᠠ ᠵᠢ ᠠᠬᠢᠭᠤᠯᠤᠨ ᠠᠷᠠᠯᠵᠢᠶᠠᠯᠠᠭᠰᠠᠨ ᠵᠣᠭᠤᠰᠤᠨ ᠲᠤᠭ᠎ᠠ᠎ᠨᠢ ᠨᠡᠶ᠋ᠢᠲᠡ 100 ᠲᠦᠮᠡᠨ ᠲᠥᠭᠦᠷᠢᠭ᠎ᠢ ᠳᠠᠪᠠᠭᠰᠠᠨ ᠪᠠᠶ᠋ᠢᠪᠠᠯ᠂ ᠮᠡᠷᠭᠡᠵᠢᠯ᠎ᠤᠨ ᠠᠷᠠᠯᠵᠢᠶᠠᠨ᠎ᠤ ᠭᠡᠷ᠎ᠡ ᠵᠢᠨ ᠪᠣᠳᠠᠲᠠᠢ ᠠᠷᠠᠯᠵᠢᠶᠠᠯᠠᠭᠰᠠᠨ ᠲᠣᠭ᠋ᠠᠨ᠎ᠤ 2% ᠵᠶ᠋ᠠᠷ ᠬᠠᠮᠤᠭ᠎ᠤᠨ ᠢᠯᠡᠭᠦᠦ᠎ᠳᠤ᠎ᠪᠠᠨ 20 ᠲᠦᠮᠡᠨ ᠲᠥᠭᠦᠷᠢᠭ᠎ᠤᠨ ᠱᠠᠩᠨᠠᠯ ᠣᠯᠭᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ)
   52. ᠠᠩᠬᠠᠨ᠎ᠤ ᠬᠡᠪᠯᠡᠯ᠎ᠤᠨ ᠳ᠋ᠤᠭ᠋ᠠᠷ᠎ᠤᠨ ᠰᠣᠹᠲ᠎ᠤᠨ ᠮᠡᠳᠡᠯᠭᠡ ᠵᠢᠨ ᠦᠮᠴᠢᠯᠡᠯ᠎ᠤᠨ ᠡᠷᠬᠡ ᠵᠢ ᠣᠯᠬᠤ ᠪᠤᠶᠤ ᠦᠨᠡᠮᠯᠡᠯ ᠭᠠᠷᠳᠠᠬᠤ᠎ᠪᠠᠷ ᠲᠣᠭᠲᠠᠭᠰᠠᠨ ᠬᠤᠭᠤᠴᠠᠭ᠋ᠠᠨ᠎ᠳᠤ ᠭᠤᠶᠤᠴᠢᠯᠠᠬᠤ ᠬᠦᠷᠲᠡᠯᠡᠬᠢ ᠪᠣᠳᠠᠲᠠᠢ ᠪᠣᠷᠣᠯᠠᠭᠤᠯᠤᠭᠰᠠᠨ ᠶᠡᠷᠦᠩᠬᠡᠢ ᠲᠣᠭ᠋ᠠᠨ᠎ᠤ 20%᠎ᠪᠠᠷ ᠨᠥᠬᠦᠪᠦᠷᠢ ᠣᠯᠭᠤᠵᠤ᠂ ᠭᠠᠭᠴᠠ ᠠᠵᠤ ᠠᠬᠤᠶ᠋ᠢᠯᠠᠯ᠎ᠤᠨ ᠨᠥᠬᠦᠪᠦᠷᠢ ᠮᠥᠩᠭᠦ ᠵᠢᠨ ᠲᠤᠭ᠎ᠠ ᠵᠢ ᠬᠠᠮᠤᠭ᠎ᠤᠨ ᠢᠯᠡᠭᠦᠦ᠎ᠳᠤ᠎ᠪᠠᠨ 300 ᠲᠦᠮᠡᠨ ᠲᠥᠭᠦᠷᠢᠭ᠎ᠠᠴᠠ ᠳᠠᠪᠠᠭᠤᠯᠬᠤ ᠦᠭᠡᠢ᠃ ᠠᠵᠤ ᠠᠬᠤᠶ᠋ᠢᠯᠠᠯ᠎ᠤᠨ ᠰᠢᠨ᠎ᠡ᠎ᠪᠠᠷ ᠨᠡᠭᠡᠭᠡᠨ ᠬᠥᠭᠵᠢᠭᠦᠯᠦᠭᠰᠡᠨ ᠠᠵᠤ ᠦᠢ᠍ᠯᠡᠳᠪᠦᠷᠢ ᠵᠢᠨ ᠰᠣᠹᠲ (ᠠᠵᠤ ᠦᠢ᠍ᠯᠡᠳᠪᠦᠷᠢ ᠵᠢᠨ APP)᠎ᠳᠤ ᠲᠣᠰ ᠦᠢ᠍ᠯᠡᠳᠬᠦᠨ᠎ᠢ ᠰᠤᠳᠤᠯᠤᠨ ᠨᠡᠭᠡᠭᠡᠬᠦ᠎ᠳᠤ ᠪᠣᠳᠠᠲᠠᠢ ᠣᠷᠣᠭᠤᠯᠤᠭᠰᠠᠨ ᠵᠣᠭᠤᠰᠤᠨ ᠲᠤᠭ᠎ᠠ ᠵᠢᠨ 20%᠎ᠪᠠᠷ ᠨᠥᠬᠦᠪᠦᠷᠢ ᠣᠯᠭᠤᠵᠤ᠂ ᠭᠠᠭᠴᠠ ᠠᠵᠤ ᠠᠬᠤᠶ᠋ᠢᠯᠠᠯ᠎ᠳᠤ ᠬᠠᠮᠤᠭ᠎ᠤᠨ ᠢᠯᠡᠭᠦᠦ᠎ᠳᠤ᠎ᠪᠠᠨ 300 ᠲᠦᠮᠡᠨ ᠲᠥᠭᠦᠷᠢᠭ᠎ᠠᠴᠠ ᠳᠠᠪᠠᠭᠤᠯᠬᠤ ᠦᠭᠡᠢ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ)
   53. ᠲᠤᠰᠬᠠᠢ ᠵᠦᠢ᠍ᠯ᠎ᠤᠨ ᠪᠡᠯᠡ ᠮᠥᠩᠭᠦ ᠲᠣᠬᠢᠷᠠᠭᠤᠯᠵᠤ ᠪᠠᠶ᠋ᠢᠭ᠋ᠠᠳ ᠡᠯ᠎ᠡ ᠠᠶ᠋ᠢᠮᠠᠭ ᠬᠤᠲᠠ ᠵᠢᠨ᠎ᠬᠢᠨ᠎ᠤ 《ᠵᠢᠵᠢᠭ ᠪᠥᠭᠡᠳ ᠭᠤᠶ᠋ᠢᠳᠠ ᠰᠠᠶ᠋ᠢᠬᠠᠨ》 ᠰᠦᠯᠵᠢᠶᠡᠨ᠎ᠤ ᠨᠠᠷᠠᠲᠤ ᠲᠡᠮᠳᠡᠭ ᠪᠣᠶ᠋ᠢᠵᠢᠭᠤᠯᠬᠤ ᠵᠢ᠎ᠨᠢ ᠳᠡᠮᠵᠢᠵᠦ᠂ ᠡᠯᠧᠺᠳ᠋ᠷᠣᠨ ᠬᠤᠳᠠᠯᠳᠤᠭ᠋ᠠᠨ᠎ᠤ ᠶᠠᠪᠤᠳᠠᠯ᠎ᠤᠨ ᠬᠠᠮᠲᠤ᠎ᠪᠠᠷ ᠭᠥᠷᠳᠡᠬᠦ ᠡᠭᠦᠯᠡᠨ ᠬᠥᠮᠥᠷᠭᠡ ᠵᠢ ᠬᠥᠭᠵᠢᠭᠦᠯᠦᠨ᠂ ᠳᠠᠪᠠᠭᠤᠯᠢᠭ ᠠᠵᠤ ᠦᠢ᠍ᠯᠡᠰ᠂ ᠣᠨᠴᠠᠯᠢᠭᠲᠤ ᠪᠦᠲᠦᠭᠡᠭᠳᠡᠬᠦᠨ᠎ᠢ ᠡᠯᠧᠺᠳ᠋ᠷᠣᠨᠴᠢᠯᠠᠨ ᠥᠭᠡᠷᠡᠴᠢᠯᠡᠨ ᠰᠢᠨᠡᠳᠬᠡᠬᠦ ᠠᠵᠢᠯ᠎ᠢ ᠥᠷᠨᠢᠭᠦᠯᠵᠦ᠂ ᠰᠦᠯᠵᠢᠶᠡᠨ ᠳᠡᠭᠡᠷᠡᠬᠢ ᠭᠤᠣᠯ ᠰᠡᠳᠦᠪᠲᠦ ᠬᠡᠷᠡᠭᠯᠡᠭᠡ ᠵᠢ ᠠᠬᠢᠭᠤᠯᠬᠤ ᠠᠵᠢᠯᠯᠠᠭ᠎ᠠ ᠵᠢ ᠥᠷᠨᠢᠭᠦᠯᠦᠨ᠂ ᠡᠯᠧᠺᠳ᠋ᠷᠣᠨ ᠬᠤᠳᠠᠯᠳᠤᠭ᠋ᠠᠨ᠎ᠤ ᠶᠠᠪᠤᠳᠠᠯ᠎ᠤᠨ ᠲᠥᠪᠯᠡᠷᠡᠭᠰᠡᠨ ᠣᠷᠣᠨ᠎ᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠢᠷᠢ ᠬᠡᠮᠵᠢᠶ᠎ᠡ ᠵᠢ ᠳᠡᠭᠡᠭᠰᠢᠯᠡᠭᠦᠯᠵᠦ᠂ ᠡᠯᠧᠺᠳ᠋ᠷᠣᠨ ᠬᠤᠳᠠᠯᠳᠤᠭ᠋ᠠᠨ᠎ᠤ ᠶᠠᠪᠤᠳᠠᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ)
   (ᠬᠤᠶᠠᠷ) ᠪᠠᠷᠠᠭ᠋ᠠᠨ᠎ᠤ ᠭᠦᠢ᠍ᠯᠭᠡᠭᠡᠨ᠎ᠤ ᠦᠢ᠍ᠯᠡᠴᠢᠯᠡᠭᠡᠨ᠎ᠤ ᠦᠢ᠍ᠯᠡᠰ᠎ᠢ ᠲᠦᠷᠭᠡᠳᠬᠡᠨ ᠬᠥᠭᠵᠢᠭᠦᠯᠦᠨ᠎ᠡ᠃
   54. ᠲᠣᠣᠷ ᠰᠦᠯᠵᠢᠶᠡᠨ᠎ᠤ ᠪᠠᠷᠠᠭ᠎ᠠ ᠲᠡᠭᠡᠭᠡᠪᠦᠷᠢᠯᠡᠬᠦ ᠠᠵᠤ ᠦᠢ᠍ᠯᠡᠰ᠎ᠤᠨ ᠲᠤᠷᠰᠢᠯᠲᠠ ᠵᠢᠨ ᠴᠡᠭ᠎ᠤᠨ ᠨᠥᠬᠦᠪᠦᠷᠢ ᠵᠢᠨ ᠪᠡᠯᠡ ᠮᠥᠩᠭᠦ ᠵᠢ ᠬᠡᠷᠡᠭᠯᠡᠨ᠂ ᠬᠥᠬᠡᠬᠤᠲᠠ᠂ ᠪᠤᠭᠤᠲᠤ ᠬᠤᠲᠠ᠂ ᠲᠦᠩᠯᠢᠶᠣᠣ ᠬᠤᠲᠠ᠂ ᠤᠯᠠᠭ᠋ᠠᠨᠬᠠᠳᠠ ᠬᠤᠲᠠ᠂ ᠤᠯᠠᠭ᠋ᠠᠨᠴᠠᠪ ᠬᠤᠲᠠ᠂ ᠣᠷᠳᠣᠰ ᠬᠤᠲᠠ᠂ ᠦᠬᠠᠢ ᠬᠤᠲᠠ᠂ ᠡᠷᠢᠶᠡᠨ ᠬᠤᠲᠠ ᠵᠢᠨ ᠲᠣᠣᠷ ᠰᠦᠯᠵᠢᠶᠡᠨ᠎ᠤ ᠪᠠᠷᠠᠭ᠎ᠠ ᠲᠡᠭᠡᠭᠡᠪᠦᠷᠢᠯᠡᠬᠦ ᠠᠵᠤ ᠦᠢ᠍ᠯᠡᠰ᠎ᠤᠨ ᠲᠤᠷᠰᠢᠯᠲᠠ ᠥᠷᠨᠢᠭᠦᠯᠬᠦ ᠵᠢ᠎ᠨᠢ ᠦᠷᠭᠦᠯᠵᠢᠯᠡᠨ ᠳᠡᠮᠵᠢᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠥᠪᠥᠷ ᠮᠣᠩᠭᠤᠯ᠎ᠤᠨ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ)
   55. ᠲᠠᠷᠢᠶᠠᠯᠠᠬᠤ ᠮᠠᠯᠵᠢᠬᠤ ᠣᠷᠣᠨ᠎ᠤ ᠠᠶᠠᠨᠴᠢᠳ᠎ᠤᠨ ᠲᠡᠭᠡᠭᠡᠪᠦᠷᠢ ᠪᠠᠷᠠᠭ᠋ᠠᠨ᠎ᠤ ᠲᠡᠭᠡᠭᠡᠪᠦᠷᠢ ᠰᠢᠤᠳᠠᠨ᠎ᠤ ᠲᠦᠷᠭᠡᠨ ᠬᠦᠷᠭᠡᠯᠲᠡ ᠵᠢᠨ ᠠᠭᠤᠰᠤᠯᠴᠠᠨ ᠬᠥᠭᠵᠢᠬᠦ ᠵᠢ ᠵᠣᠷᠢᠭᠵᠢᠭᠤᠯᠵᠤ᠂ ᠤᠯᠤᠰ᠎ᠤᠨ ᠬᠤᠲᠠ ᠬᠥᠳᠡᠭᠡ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢ ᠨᠢᠭᠡ ᠴᠣᠭᠴᠠᠵᠢᠭᠤᠯᠤᠭᠰᠠᠨ ᠵᠢᠱ᠌ᠢᠶ᠎ᠡ ᠦᠵᠡᠭᠦᠯᠬᠦ ᠰᠢᠶᠠᠨ᠎ᠳᠤ 300 ᠲᠦᠮᠡᠨ ᠲᠥᠭᠦᠷᠢᠭ᠎ᠤᠨ ᠪᠡᠯᠡ ᠣᠷᠣᠭᠤᠯᠤᠯᠲᠠ ᠵᠢᠨ ᠨᠥᠬᠦᠪᠦᠷᠢ ᠣᠯᠭᠤᠵᠤ᠂ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠬᠤᠲᠠ ᠬᠥᠳᠡᠭᠡ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢ ᠨᠢᠭᠡ ᠴᠣᠭᠴᠠᠵᠢᠭᠤᠯᠤᠭᠰᠠᠨ ᠵᠢᠱ᠌ᠢᠶ᠎ᠡ ᠦᠵᠡᠭᠦᠯᠬᠦ ᠰᠢᠶᠠᠨ᠎ᠳᠤ 200 ᠲᠦᠮᠡᠨ ᠲᠥᠭᠦᠷᠢᠭ᠎ᠤᠨ ᠪᠡᠯᠡ ᠣᠷᠣᠭᠤᠯᠤᠯᠲᠠ ᠵᠢᠨ ᠨᠥᠬᠦᠪᠦᠷᠢ ᠣᠯᠭᠤᠵᠤ᠂ ᠲᠠᠷᠢᠶᠠᠯᠠᠬᠤ ᠮᠠᠯᠵᠢᠬᠤ ᠣᠷᠣᠨ᠎ᠤ ᠠᠶᠠᠨᠴᠢᠳ᠎ᠤᠨ ᠲᠡᠭᠡᠭᠡᠪᠦᠷᠢ ᠵᠢᠨ ᠴᠢᠳᠠᠮᠵᠢ ᠵᠢ ᠡᠭᠦᠷᠭᠡᠯᠡᠭᠰᠡᠨ ᠬᠤᠰᠢᠭᠤ ᠰᠢᠶᠠᠨ (ᠬᠤᠲᠠ᠂ ᠲᠣᠭᠤᠷᠢᠭ)᠎ᠤ ᠠᠶᠠᠨᠴᠢᠳ᠎ᠤᠨ ᠲᠡᠭᠡᠭᠡᠪᠦᠷᠢ ᠵᠢᠨ ᠥᠷᠲᠡᠭᠡ᠎ᠳᠤ ᠣᠨ᠎ᠤ ᠡᠵᠡᠩᠨᠡᠯᠲᠡ ᠵᠢᠨ ᠨᠡᠮᠡᠭᠦᠷᠢ 20 ᠲᠦᠮᠡᠨ ᠲᠥᠭᠦᠷᠢᠭ ᠣᠯᠭᠤᠵᠤ᠂ ᠡᠵᠡᠩᠨᠡᠯᠲᠡ᠎ᠳᠤ ᠣᠷᠣᠭᠤᠯᠤᠭᠰᠠᠨ ᠰᠤᠮᠤ ᠰᠢᠶᠠᠩ ᠪᠠᠯᠭ᠋ᠠᠰᠤ ᠵᠢᠨ ᠠᠶᠠᠨᠴᠢᠳ᠎ᠤᠨ ᠲᠡᠭᠡᠭᠡᠪᠦᠷᠢ ᠵᠢᠨ ᠥᠷᠲᠡᠭᠡ᠎ᠳᠤ ᠣᠨ᠎ᠤ ᠡᠵᠡᠩᠨᠡᠯᠲᠡ ᠵᠢᠨ ᠨᠡᠮᠡᠭᠦᠷᠢ 3 ᠲᠦᠮᠡᠨ ᠲᠥᠭᠦᠷᠢᠭ ᠣᠯᠭᠤᠵᠤ᠂ ᠲᠠᠷᠢᠶᠠᠴᠢᠨ ᠮᠠᠯᠴᠢᠳ᠎ᠤᠨ ᠶᠠᠪᠤᠵᠤ ᠰᠠᠭᠤᠬᠤ ᠬᠡᠷᠡᠭᠯᠡᠭᠡᠨ᠎ᠤ 《ᠡᠴᠦᠰ᠎ᠤᠨ ᠨᠢᠭᠡ ᠺᠢᠯᠣᠮᠧᠳ᠋ᠷ》᠎ᠢ ᠨᠡᠪᠲᠡᠷᠡᠭᠦᠯᠦᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠥᠪᠥᠷ ᠮᠣᠩᠭᠤᠯ᠎ᠤᠨ ᠰᠢᠤᠳᠠᠨ᠎ᠤ ᠬᠠᠮᠢᠶᠠᠷᠤᠯᠲᠠ ᠵᠢᠨ ᠲᠣᠪᠴᠢᠶ᠎ᠠ)
   56. ᠰᠢᠨ᠎ᠡ᠎ᠪᠠᠷ ᠨᠡᠷᠡᠶ᠋ᠢᠳᠦᠭᠰᠡᠨ ᠪᠥᠬᠦ ᠤᠯᠤᠰ᠎ᠤᠨ 《ᠬᠥᠳᠡᠭᠡ ᠲᠣᠰᠬᠤᠨ᠎ᠤ ᠳᠥᠷᠪᠡᠨ ᠰᠠᠶ᠋ᠢᠲᠠᠢ ᠵᠠᠮ》᠎ᠤᠨ ᠵᠢᠱ᠌ᠢᠶ᠎ᠡ ᠦᠵᠡᠭᠦᠯᠬᠦ ᠰᠢᠶᠠᠨ᠎ᠳᠤ ᠨᠢᠭᠡ ᠯᠡ ᠤᠳᠠᠭ᠎ᠠ᠎ᠳᠤ 1000 ᠲᠦᠮᠡᠨ ᠲᠥᠭᠦᠷᠢᠭ᠎ᠤᠨ ᠤᠷᠮᠠᠰᠢᠭᠤᠯᠬᠤ ᠪᠡᠯᠡ ᠮᠥᠩᠭᠦ ᠣᠯᠭᠤᠨ᠎ᠠ; ᠰᠢᠨ᠎ᠡ᠎ᠪᠠᠷ ᠨᠡᠷᠡᠶ᠋ᠢᠳᠦᠭᠰᠡᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ 《ᠬᠥᠳᠡᠭᠡ ᠲᠣᠰᠬᠤᠨ᠎ᠤ ᠳᠥᠷᠪᠡᠨ ᠰᠠᠶ᠋ᠢᠲᠠᠢ ᠵᠠᠮ》᠎ᠤᠨ ᠵᠢᠱ᠌ᠢᠶ᠎ᠡ ᠦᠵᠡᠭᠦᠯᠬᠦ ᠬᠤᠰᠢᠭᠤ ᠰᠢᠶᠠᠨ᠎ᠳᠤ ᠨᠢᠭᠡ ᠯᠡ ᠤᠳᠠᠭ᠎ᠠ᠎ᠳᠤ 500 ᠲᠦᠮᠡᠨ ᠲᠥᠭᠦᠷᠢᠭ᠎ᠤᠨ ᠤᠷᠮᠠᠰᠢᠭᠤᠯᠬᠤ ᠪᠡᠯᠡ ᠮᠥᠩᠭᠦ ᠣᠯᠭᠤᠨ᠎ᠠ᠃ ᠤᠷᠮᠠᠰᠢᠭᠤᠯᠬᠤ ᠪᠡᠯᠡ ᠮᠥᠩᠭᠦ ᠵᠢ ᠭᠤᠣᠯᠳᠠᠭᠤ ᠬᠥᠳᠡᠭᠡ ᠲᠣᠰᠬᠤᠨ᠎ᠤ ᠵᠠᠰᠠᠮᠠᠯ ᠵᠠᠮ᠎ᠤᠨ ᠪᠦᠲᠦᠭᠡᠨ ᠪᠠᠶ᠋ᠢᠭᠤᠯᠤᠯᠲᠠ ᠪᠠ ᠠᠷᠠᠴᠢᠯᠠᠨ ᠬᠠᠮᠠᠭ᠋ᠠᠯᠠᠯᠲᠠ᠎ᠳᠤ ᠬᠡᠷᠡᠭᠯᠡᠨ᠎ᠡ᠃ [ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠂ ᠥᠪᠥᠷ ᠮᠣᠩᠭᠤᠯ᠎ᠤᠨ ᠰᠢᠤᠳᠠᠨ᠎ᠤ ᠬᠠᠮᠢᠶᠠᠷᠤᠯᠲᠠ ᠵᠢᠨ ᠲᠣᠪᠴᠢᠶ᠎ᠠ]
   57. ᠨᠡᠮᠡᠭᠦᠷᠢ ᠥᠭᠭᠦᠭᠰᠡᠨ᠎ᠤ ᠳᠠᠷᠠᠭ᠎ᠠ ᠣᠷᠣᠨ ᠪᠦᠰᠡ ᠵᠢᠨ ᠳᠣᠲᠣᠷᠠᠬᠢ ᠲᠤᠬᠠᠶ᠋ᠢᠯᠠᠭᠰᠠᠨ ᠠᠵᠢᠯ᠎ᠤᠨ ᠣᠯᠵᠤ ᠠᠯᠳᠠᠬᠤ ᠵᠢ ᠶᠡᠷᠦᠩᠬᠡᠢ᠎ᠳᠤ᠎ᠪᠠᠨ ᠲᠡᠩᠴᠡᠭᠦᠷᠢᠲᠡᠢ ᠪᠠᠶ᠋ᠢᠯᠭ᠋ᠠᠬᠤ ᠪᠠ ᠪᠡᠶ᠎ᠡ᠎ᠪᠠᠨ ᠳᠠᠭ᠋ᠠᠭ᠋ᠠᠵᠤ ᠦᠷᠭᠦᠯᠵᠢᠯᠡᠨ ᠡᠵᠡᠩᠨᠡᠵᠦ ᠪᠣᠯᠬᠤᠶ᠋ᠢᠴᠠ ᠵᠡᠷᠭᠡ ᠵᠠᠷᠴᠢᠮ ᠶᠣᠰᠣᠭ᠋ᠠᠷ᠂ ᠲᠣᠰᠬᠤᠨ᠎ᠳᠤ ᠲᠦᠷᠭᠡᠨ ᠬᠦᠷᠭᠡᠯᠲᠡ ᠵᠢᠨ ᠬᠦᠷᠭᠡᠭᠰᠡᠨ ᠰᠢᠤᠳᠠᠨ ᠵᠦᠢ᠍ᠯ᠎ᠤᠨ ᠬᠡᠮᠵᠢᠶ᠎ᠡ᠂ ᠭᠠᠭᠴᠠ ᠵᠦᠢ᠍ᠯ᠎ᠤᠨ ᠥᠪᠡᠷ᠎ᠤᠨ ᠥᠷᠲᠡᠭ᠂ ᠬᠦᠷᠭᠡᠬᠦ ᠵᠠᠢ ᠪᠠ ᠦᠢ᠍ᠯᠡᠴᠢᠯᠡᠬᠦ ᠣᠷᠣᠨ ᠪᠦᠰᠡ ᠵᠡᠷᠭᠡ᠎ᠪᠠᠷ ᠦᠨᠳᠦᠰᠦᠯᠡᠯ ᠪᠣᠯᠭ᠋ᠠᠵᠤ᠂ ᠲᠦᠷᠭᠡᠨ ᠬᠦᠷᠭᠡᠯᠲᠡ ᠵᠢ ᠲᠣᠰᠬᠤᠨ᠎ᠳᠤ ᠣᠷᠣᠭᠤᠯᠬᠤ ᠲᠤᠬᠠᠶ᠋ᠢᠯᠠᠭᠰᠠᠨ ᠠᠵᠢᠯ᠎ᠤᠨ ᠪᠣᠳᠠᠲᠠᠢ ᠬᠠᠩᠭ᠋ᠠᠭᠰᠠᠨ ᠦᠢ᠍ᠯᠡᠴᠢᠯᠡᠭᠡ᠎ᠳᠤ᠂ ᠰᠢᠤᠳᠠᠨ ᠵᠦᠢ᠍ᠯ ᠪᠦᠷᠢ᠎ᠳᠤ 0.3 ᠲᠥᠭᠦᠷᠢᠭ᠎ᠠᠴᠠ ᠥᠯᠥ ᠳᠠᠪᠠᠭᠤᠯᠬᠤ ᠪᠠᠷᠢᠮᠵᠢᠶ᠎ᠠ ᠶᠣᠰᠣᠭ᠋ᠠᠷ᠂ ᠡᠯ᠎ᠡ ᠠᠶ᠋ᠢᠮᠠᠭ ᠬᠤᠲᠠ᠎ᠠᠴᠠ ᠵᠦᠷᠢᠶᠡᠵᠢᠬᠦᠯᠦᠭᠰᠡᠨ ᠬᠤᠵᠢᠭᠤ ᠨᠡᠮᠡᠭᠦᠷᠢ ᠵᠢᠨ ᠲᠥᠷᠥ ᠵᠢᠨ ᠪᠣᠳᠣᠯᠭ᠎ᠠ ᠵᠢ ᠲᠣᠭᠲᠠᠭ᠋ᠠᠨ ᠬᠡᠷᠡᠭᠵᠢᠭᠦᠯᠦᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠥᠷ ᠮᠣᠩᠭᠤᠯ᠎ᠤᠨ ᠰᠢᠤᠳᠠᠨ᠎ᠤ ᠬᠠᠮᠢᠶᠠᠷᠤᠯᠲᠠ ᠵᠢᠨ ᠲᠣᠪᠴᠢᠶ᠎ᠠ᠂ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ)
   58. ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠠᠵᠢᠯ᠎ᠤᠨ ᠱᠠᠭ᠋ᠠᠷᠳᠠᠯᠭ᠎ᠠ᠎ᠲᠠᠢ ᠤᠶᠠᠯᠳᠤᠭᠤᠯᠵᠤ᠂ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠨᠡᠯᠢᠶᠡᠳ ᠪᠠᠭᠤᠷᠠᠢ᠂ ᠰᠤᠮᠤ ᠰᠢᠶᠠᠩ ᠪᠠᠯᠭ᠋ᠠᠰᠤ᠎ᠠᠴᠠ ᠨᠡᠯᠢᠶᠡᠳ ᠬᠤᠯᠠ ᠵᠠᠶ᠋ᠢᠳᠠᠭᠤ ᠪᠥᠭᠡᠳ ᠪᠣᠶ᠋ᠢᠲᠠ ᠪᠥᠭᠯᠡᠭᠦᠦ᠂ 《ᠲᠦᠷᠭᠡᠨ ᠬᠦᠷᠭᠡᠯᠲᠡ ᠵᠢ ᠲᠣᠰᠬᠤᠨ᠎ᠳᠤ ᠣᠷᠣᠭᠤᠯᠬᠤ》᠎ᠳᠤ ᠨᠡᠯᠢᠶᠡᠳ ᠬᠦᠴᠢᠷᠲᠡᠢ ᠪᠠᠶ᠋ᠢᠭ᠎ᠠ ᠶᠠᠳᠠᠭᠤ᠎ᠠᠴᠠ ᠠᠩᠭᠢᠵᠢᠷᠠᠭᠰᠠᠨ ᠲᠣᠰᠬᠤᠨ ᠪᠠ ᠢᠯᠡᠭᠡᠨ ᠶᠠᠪᠤᠭᠤᠯᠬᠤ ᠦᠢ᠍ᠯᠡᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ᠎ᠲᠠᠢ ᠪᠣᠯᠪᠠᠴᠤ ᠦᠢ᠍ᠯᠡᠴᠢᠯᠡᠭᠡᠨ᠎ᠤ ᠴᠡᠭ ᠲᠣᠬᠢᠷᠠᠭᠤᠯᠤᠭ᠋ᠠᠳᠤᠢ ᠪᠠᠶ᠋ᠢᠭᠤᠯᠤᠯᠲᠤ ᠲᠣᠰᠬᠤᠨ᠎ᠳᠤ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠤᠨ᠎ᠤ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠠᠵᠢᠯ᠎ᠤᠨ ᠪᠠᠶ᠋ᠢᠷᠢ ᠵᠢ ᠨᠡᠭᠡᠭᠡᠨ ᠬᠥᠭᠵᠢᠭᠦᠯᠬᠦ ᠪᠠ ᠬᠠᠮᠢᠶᠠᠷᠬᠤ ᠠᠷᠭ᠎ᠠ》 ᠵᠢᠨ ᠱᠠᠭ᠋ᠠᠷᠳᠠᠯᠭ᠎ᠠ ᠵᠢ ᠦᠨᠳᠦᠰᠦᠯᠡᠨ᠂ ᠲᠣᠰᠬᠤᠨ᠎ᠤ ᠳᠡᠰ᠎ᠤᠨ ᠭᠤᠪᠢᠭᠤᠯᠵᠤ ᠢᠯᠡᠭᠡᠬᠦ ᠪᠠᠷᠠᠭ᠋ᠠᠨ᠎ᠤ ᠭᠦᠢ᠍ᠯᠭᠡᠭᠡᠨ᠎ᠤ ᠶᠡᠷᠦᠩᠬᠡᠶ᠋ᠢᠯᠡᠭᠰᠡᠨ ᠦᠢ᠍ᠯᠡᠴᠢᠯᠡᠭᠡᠨ᠎ᠤ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠠᠵᠢᠯ᠎ᠤᠨ ᠪᠠᠶ᠋ᠢᠷᠢ ᠵᠢ ᠲᠣᠬᠢᠷᠠᠭᠤᠯᠵᠤ᠂ ᠨᠥᠬᠦᠪᠦᠷᠢ ᠥᠭᠬᠦ ᠪᠠᠷᠢᠮᠵᠢᠶ᠎ᠠ᠎ᠨᠢ ᠰᠠᠷ᠎ᠠ ᠪᠦᠷᠢ 500 ᠲᠥᠭᠦᠷᠢᠭ ᠪᠠᠶ᠋ᠢᠵᠤ᠂ 2025 ᠣᠨ ᠪᠣᠯᠲᠠᠯ᠎ᠠ ᠨᠥᠬᠦᠪᠦᠷᠢᠯᠡᠨ᠎ᠡ᠃ [ᠬᠠᠷᠢᠭᠤᠴᠠᠯᠭ᠋ᠠᠲᠤ ᠨᠢᠭᠡᠴᠢ᠄ ᠥᠪᠥᠷ ᠮᠣᠩᠭᠤᠯ᠎ᠤᠨ ᠰᠢᠤᠳᠠᠨ᠎ᠤ ᠬᠠᠮᠢᠶᠠᠷᠤᠯᠲᠠ ᠵᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠂ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠳᠤᠮᠳᠠᠳᠤ ᠤᠯᠤᠰ᠎ᠤᠨ ᠰᠢᠤᠳᠠᠨ᠎ᠤ ᠪᠦᠯᠦᠭᠯᠡᠯ᠎ᠤᠨ ᠬᠢᠵᠠᠭ᠋ᠠᠷᠲᠤ ᠺᠣᠮᠫᠠᠨᠢ ᠵᠢᠨ ᠥᠪᠥᠷ ᠮᠣᠩᠭᠤᠯ᠎ᠳᠠᠬᠢ ᠬᠤᠪᠢᠶᠠᠷᠢ ᠺᠣᠮᠫᠠᠨᠢ]
   59. ᠤᠯᠤᠰ᠎ᠤᠨ ᠣᠯᠠᠨ ᠬᠡᠯᠪᠡᠷᠢ ᠵᠢᠨ ᠬᠠᠮᠲᠤᠷᠠᠭᠰᠠᠨ ᠲᠡᠭᠡᠭᠡᠪᠦᠷᠢ ᠵᠢᠨ ᠵᠢᠱ᠌ᠢᠶ᠎ᠡ ᠦᠵᠡᠭᠦᠯᠬᠦ ᠢᠨᠵᠧᠨᠧᠷᠢᠩ᠎ᠳᠤ ᠵᠢᠭᠰᠠᠭ᠋ᠠᠭᠳᠠᠭᠰᠠᠨ ᠪᠥᠭᠡᠳ ᠰᠢᠯᠭ᠋ᠠᠨ ᠬᠤᠷᠢᠶᠠᠵᠤ ᠠᠪᠬᠤ᠎ᠳᠤ ᠬᠢᠷᠢ ᠲᠡᠩᠴᠡᠭᠰᠡᠨ ᠲᠥᠷᠥᠯ ᠵᠦᠢ᠍ᠯ ᠪᠦᠷᠢ᠎ᠳᠤ 1000 ᠲᠦᠮᠡᠨ ᠲᠥᠭᠦᠷᠢᠭ᠎ᠤᠨ ᠪᠡᠯᠡ ᠮᠥᠩᠭᠦ ᠵᠢᠨ ᠱᠠᠩᠨᠠᠯ ᠨᠥᠬᠦᠪᠦᠷᠢ ᠣᠯᠭᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ)
   60. ᠥᠪᠡᠷᠲᠡᠭᠡᠨ ᠵᠠᠰᠠᠬᠤ ᠣᠷᠣᠨ᠎ᠤ ᠳᠣᠲᠣᠷᠠᠬᠢ ᠲᠦᠷᠭᠡᠨ᠎ᠤ ᠵᠠᠰᠠᠮᠠᠯ ᠵᠠᠮ᠎ᠤᠨ ETC ᠵᠶ᠋ᠠᠷ ᠥᠩᠭᠡᠷᠡᠬᠦ ᠠᠶᠠᠨᠴᠢᠳ᠎ᠤᠨ ᠪᠠ ᠪᠠᠷᠠᠭ᠋ᠠᠨ᠎ᠤ ᠲᠡᠷᠭᠡ᠎ᠳᠤ ᠦᠷᠭᠦᠯᠵᠢᠯᠡᠨ 5% ᠵᠢᠨ ᠵᠠᠮ᠎ᠤᠨ ᠰᠦᠢ᠍ᠳᠬᠡᠯ᠎ᠤᠨ ᠬᠢᠮᠳᠠᠷᠠᠯ᠎ᠤᠨ ᠬᠠᠷᠠᠭ᠋ᠠᠯᠵᠠᠯ ᠦᠵᠡᠭᠦᠯᠬᠦ ᠪᠥᠭᠡᠳ ᠣᠷᠳᠣ ᠬᠤᠭᠤᠴᠠᠭ᠎ᠠ᠎ᠪᠠᠷ ᠬᠡᠷᠡᠭᠵᠢᠭᠦᠯᠦᠨ᠎ᠡ᠃ ᠲᠦᠷᠭᠡᠨ᠎ᠤ ᠵᠠᠰᠠᠮᠠᠯ ᠵᠠᠮ᠎ᠤᠨ ᠵᠦᠷᠢᠶᠡᠴᠢᠯᠡᠭᠰᠡᠨ ᠰᠦᠢ᠍ᠳᠬᠡᠯ ᠬᠤᠷᠢᠶᠠᠬᠤ ᠲᠤᠷᠰᠢᠯᠲᠠ ᠵᠢ ᠦᠷᠭᠦᠯᠵᠢᠯᠡᠨ ᠬᠡᠷᠡᠭᠵᠢᠭᠦᠯᠵᠦ᠂ ᠲᠦᠷᠭᠡᠨ᠎ᠤ ᠵᠠᠰᠠᠮᠠᠯ ᠵᠠᠮ᠎ᠤᠨ ᠥᠷᠢ ᠲᠥᠯᠥᠬᠦ ᠴᠢᠳᠠᠪᠤᠷᠢ ᠵᠢ᠎ᠨᠢ ᠪᠠᠭᠤᠷᠠᠭᠤᠯᠬᠤ ᠦᠭᠡᠢ ᠰᠠᠭᠤᠷᠢᠨ ᠳᠡᠭᠡᠷ᠎ᠡ᠂ ᠲᠣᠰ ᠭᠠᠵᠠᠷ ᠣᠷᠣᠨ᠎ᠤ ᠣᠨᠴᠠᠯᠢᠭ᠎ᠲᠤ᠎ᠨᠢ ᠲᠣᠬᠢᠷᠠᠭᠰᠠᠨ ᠵᠦᠷᠢᠶᠡᠴᠢᠯᠡᠭᠰᠡᠨ ᠰᠦᠢ᠍ᠳᠬᠡᠯ ᠬᠤᠷᠢᠶᠠᠬᠤ ᠵᠠᠭᠪᠤᠷ ᠪᠠ ᠲᠥᠬᠦᠷ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠰᠦᠪᠡᠭᠴᠢᠯᠡᠨ ᠬᠡᠷᠡᠭᠵᠢᠭᠦᠯᠦᠨ᠎ᠡ᠃ ᠲᠦᠷᠭᠡᠨ᠎ᠤ ᠵᠠᠰᠠᠮᠠᠯ ᠵᠠᠮ ᠵᠶ᠋ᠠᠷ ᠶᠠᠪᠤᠵᠤ ᠰᠠᠭᠤᠬᠤ ᠥᠪᠡᠷ᠎ᠤᠨ ᠥᠷᠲᠡᠭ᠎ᠢ ᠪᠠᠭᠤᠷᠠᠭᠤᠯᠵᠤ᠂ ᠪᠠᠷᠠᠭ᠋ᠠᠨ᠎ᠤ ᠭᠦᠢ᠍ᠯᠭᠡᠭᠡᠨ᠎ᠤ ᠦᠢ᠍ᠯᠡᠰ᠎ᠤᠨ ᠥᠪᠡᠷ᠎ᠤᠨ ᠥᠷᠲᠡᠭ᠎ᠢ᠎ᠨᠢ ᠪᠠᠭᠤᠷᠠᠭᠤᠯᠵᠤ ᠦᠷ᠎ᠡ ᠠᠰᠢᠭ᠎ᠢ᠎ᠨᠢ ᠨᠡᠮᠡᠭᠳᠡᠭᠦᠯᠬᠦ ᠵᠢ ᠠᠬᠢᠭᠤᠯᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ)
   (ᠭᠤᠷᠪᠠ) ᠰᠣᠶᠣᠯ ᠵᠢᠭᠤᠯᠴᠢᠯᠠᠯ ᠠᠷᠠᠯᠵᠢᠶ᠎ᠠ ᠬᠤᠳᠠᠯᠳᠤᠭ᠋ᠠᠨ᠎ᠤ ᠦᠢ᠍ᠯᠡᠴᠢᠯᠡᠭᠡᠨ᠎ᠤ ᠦᠢ᠍ᠯᠡᠰ᠎ᠢ ᠪᠤᠵᠠᠭ᠋ᠠᠶ᠋ᠢᠷᠠᠭᠤᠯᠤᠨ᠎ᠠ᠃
   61. ᠠᠶ᠋ᠢᠮᠠᠭ ᠬᠤᠲᠠ ᠵᠢᠨ᠎ᠬᠢᠨ᠎ᠤ ᠬᠡᠷᠡᠭᠯᠡᠭᠡ ᠵᠢ ᠠᠬᠢᠭᠤᠯᠬᠤ ᠠᠵᠢᠯᠯᠠᠭ᠎ᠠ ᠥᠷᠨᠢᠭᠦᠯᠵᠦ᠂ ᠬᠡᠷᠡᠭᠯᠡᠭᠡ ᠵᠢᠨ ᠲᠤᠯᠭ᠋ᠠᠨ ᠬᠡᠷᠡᠭᠯᠡᠬᠦ ᠲᠡᠮᠳᠡᠭᠲᠦ ᠣᠯᠭᠤᠬᠤ ᠵᠢ᠎ᠨᠢ ᠵᠣᠷᠢᠭᠵᠢᠭᠤᠯᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ)
   62. ᠵᠢᠭᠤᠯᠴᠢᠯᠠᠯ᠎ᠤᠨ ᠲᠤᠰᠬᠠᠢ ᠵᠦᠢ᠍ᠯ᠎ᠤᠨ ᠪᠡᠯᠡ ᠮᠥᠩᠭᠦ ᠲᠣᠬᠢᠷᠠᠭᠤᠯᠵᠤ ᠪᠠᠶ᠋ᠢᠭ᠋ᠠᠳ ᠵᠢᠭᠤᠯᠴᠢᠯᠠᠯ ᠰᠡᠯᠡᠭᠦᠴᠡᠯ᠎ᠤᠨ ᠬᠤᠲᠠ᠂ ᠭᠤᠣᠯᠳᠠᠯᠭ᠎ᠠ᠎ᠲᠠᠢ ᠵᠢᠭᠤᠯᠴᠢᠯᠠᠯ᠎ᠤᠨ ᠦᠵᠡᠮᠵᠢ ᠵᠢᠨ ᠣᠷᠣᠨ᠂ ᠵᠢᠭᠤᠯᠴᠢᠯᠠᠯ᠎ᠤᠨ 《ᠳᠥᠷᠪᠡᠨ ᠭᠠᠵᠠᠷ》᠎ᠤᠨ ᠭᠤᠣᠯᠳᠠᠯᠭ᠎ᠠ᠎ᠲᠠᠢ ᠲᠥᠷᠥᠯ ᠵᠦᠢ᠍ᠯ᠂ ᠬᠥᠳᠡᠭᠡ ᠲᠣᠰᠬᠤᠨ᠎ᠤ ᠵᠢᠭᠤᠯᠴᠢᠯᠠᠯ᠂ ᠭᠤᠣᠯᠳᠠᠯᠭ᠎ᠠ᠎ᠲᠠᠢ ᠰᠣᠶᠣᠯ᠎ᠤᠨ ᠵᠢᠭᠤᠯᠴᠢᠯᠠᠯ᠎ᠤᠨ ᠠᠵᠢᠯᠯᠠᠭ᠎ᠠ᠎ᠳᠤ ᠳᠡᠮᠵᠢᠯᠭᠡ ᠦᠵᠡᠭᠦᠯᠦᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ)
   63. ᠰᠣᠶᠣᠯ᠎ᠤᠨ ᠵᠢᠭᠤᠯᠴᠢᠯᠠᠯ᠎ᠤᠨ ᠲᠠᠸᠠᠷ᠎ᠢ ᠤᠯᠠᠮᠵᠢᠯᠠᠨ ᠵᠠᠯᠭ᠋ᠠᠮᠵᠢᠯᠠᠵᠤ ᠰᠢᠨ᠎ᠡ ᠵᠢ ᠡᠭᠦᠳᠬᠦ ᠲᠤᠰᠬᠠᠢ ᠵᠦᠢ᠍ᠯ᠎ᠤᠨ ᠪᠡᠯᠡ ᠮᠥᠩᠭᠦ ᠵᠢ ᠲᠣᠬᠢᠷᠠᠭᠤᠯᠵᠤ᠂ 《ᠲᠠᠯ᠎ᠠ ᠨᠤᠲᠤᠭ᠎ᠲᠠᠢ᠎ᠪᠠᠨ ᠪᠢ ᠪᠣᠯᠵᠤᠭ᠎ᠠ᠎ᠲᠠᠢ》 ᠰᠣᠶᠣᠯ᠎ᠤᠨ ᠵᠢᠭᠤᠯᠴᠢᠯᠠᠯ᠎ᠤᠨ ᠲᠠᠸᠠᠷ᠎ᠤᠨ ᠪᠣᠳᠠᠲᠤ ᠴᠣᠭᠴᠠ ᠵᠢᠨ ᠳᠡᠯᠭᠡᠭᠦᠷ᠂ ᠰᠣᠶᠣᠯ᠎ᠤᠨ ᠵᠢᠭᠤᠯᠴᠢᠯᠠᠯ᠎ᠤᠨ ᠲᠠᠸᠠᠷ᠎ᠢ ᠨᠡᠭᠡᠭᠡᠨ ᠬᠥᠭᠵᠢᠭᠦᠯᠬᠦ᠂ ᠵᠢᠭᠤᠯᠴᠢᠯᠠᠯ᠎ᠤᠨ ᠲᠠᠯᠠᠪᠠᠶ᠎ᠳᠠᠬᠢ ᠤᠷᠠᠨ ᠲᠣᠭᠯᠠᠯᠲᠠ᠂ ᠰᠣᠶᠣᠯ᠎ᠤᠨ ᠠᠵᠤ ᠦᠢ᠍ᠯᠡᠰ᠎ᠤᠨ ᠬᠦᠷᠢᠶᠡᠯᠡᠩ ᠲᠣᠭᠤᠷᠢᠭ᠎ᠤᠨ ᠲᠥᠷᠥᠯ ᠵᠦᠢ᠍ᠯ᠎ᠢ ᠳᠡᠮᠵᠢᠵᠦ᠂ ᠰᠣᠶᠣᠯ᠎ᠤᠨ ᠵᠢᠭᠤᠯᠴᠢᠯᠠᠯ᠎ᠤᠨ ᠪᠦᠲᠦᠭᠡᠭᠳᠡᠬᠦᠨ᠎ᠢ ᠤᠯᠠᠮᠵᠢᠯᠠᠨ ᠵᠠᠯᠭ᠋ᠠᠮᠵᠢᠯᠠᠵᠤ ᠰᠢᠨ᠎ᠡ ᠵᠢ ᠡᠭᠦᠳᠦᠨ ᠬᠥᠭᠵᠢᠭᠦᠯᠬᠦ ᠵᠢ ᠠᠬᠢᠭᠤᠯᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ)
   64. ᠵᠢᠭᠤᠯᠴᠢᠨ᠎ᠳᠤ ᠦᠢ᠍ᠯᠡᠴᠢᠯᠡᠬᠦ ᠭᠠᠵᠠᠷ᠎ᠨᠢ ᠣᠷᠣᠨ᠎ᠤ ᠭᠠᠳᠠᠨᠠᠬᠢ ᠵᠤᠭ᠋ᠠᠴᠠᠭᠰᠠᠳ᠎ᠢ ᠲᠠᠲᠠᠵᠤ ᠠᠪᠴᠢᠷᠠᠪᠠᠯ ᠬᠥᠬᠢᠭᠦᠯᠦᠨ ᠱᠠᠩᠨᠠᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ)
   65. ᠪᠣᠬᠢᠷᠲᠤᠯ ᠦᠭᠡᠢ ᠬᠤᠳᠠᠯᠳᠤᠭ᠋ᠠᠨ᠎ᠤ ᠲᠠᠯᠠᠪᠤᠷ ᠡᠭᠦᠳᠦᠨ ᠪᠠᠶ᠋ᠢᠭᠤᠯᠬᠤ ᠵᠢ ᠢᠳᠡᠪᠬᠢᠲᠡᠢ ᠠᠬᠢᠭᠤᠯᠵᠤ᠂ ᠬᠠᠶᠠᠭᠳᠠᠮᠠᠯ ᠬᠠᠭᠤᠴᠢᠨ ᠡᠳ᠋ ᠪᠠᠷᠠᠭ᠎ᠠ ᠵᠢ ᠡᠷᠭᠢᠯᠳᠦᠭᠦᠯᠦᠨ ᠠᠰᠢᠭᠯᠠᠬᠤ ᠲᠣᠭᠲᠠᠯᠴᠠᠭ᠎ᠠ ᠵᠢ ᠪᠦᠷᠢᠨᠰᠢᠭᠦᠯᠦᠨ᠂ ᠮᠠᠭ᠋ᠠᠳᠯᠠᠭᠳᠠᠨ ᠲᠣᠭᠲᠠᠭ᠋ᠠᠭᠳᠠᠭᠰᠠᠨ ᠪᠣᠬᠢᠷᠲᠤᠯ ᠦᠭᠡᠢ ᠬᠤᠳᠠᠯᠳᠤᠭ᠋ᠠᠨ᠎ᠤ ᠲᠠᠯᠠᠪᠤᠷ᠎ᠲᠤ ᠪᠡᠯᠡ ᠮᠥᠩᠭᠦ ᠵᠢᠨ ᠳᠡᠮᠵᠢᠯᠭᠡ ᠦᠵᠡᠭᠦᠯᠦᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ)
   66. ᠰᠢᠶᠠᠨ᠎ᠤ ᠬᠡᠪᠴᠢᠶᠡᠨ᠎ᠳᠠᠬᠢ ᠬᠤᠳᠠᠯᠳᠤᠭ᠋ᠠᠨ᠎ᠤ ᠲᠣᠭᠲᠠᠯᠴᠠᠭ᠎ᠠ ᠵᠢᠨ ᠪᠠᠶ᠋ᠢᠭᠤᠯᠤᠯᠲᠠ ᠵᠢᠨ ᠠᠵᠢᠯᠯᠠᠭ᠋ᠠᠨ᠎ᠢ ᠦᠷᠭᠦᠯᠵᠢᠯᠡᠨ ᠬᠡᠷᠡᠭᠵᠢᠭᠦᠯᠵᠦ᠂ ᠰᠢᠶᠠᠨ᠎ᠤ ᠬᠡᠪᠴᠢᠶᠡᠨ᠎ᠳᠠᠬᠢ ᠬᠤᠳᠠᠯᠳᠤᠭ᠋ᠠᠨ᠎ᠤ ᠰᠠᠭᠤᠷᠢ ᠪᠡᠯᠡᠳᠬᠡᠮᠵᠢ ᠵᠢᠨ ᠳᠤᠲᠠᠭᠤᠳᠠᠯ᠎ᠢ ᠨᠥᠬᠦᠪᠦᠷᠢᠯᠡᠨ᠂ ᠬᠤᠰᠢᠭᠤ ᠰᠢᠶᠠᠨ (ᠬᠤᠲᠠ᠂ ᠲᠣᠭᠤᠷᠢᠭ)᠂ ᠰᠤᠮᠤ ᠰᠢᠶᠠᠩ ᠪᠠᠯᠭ᠋ᠠᠰᠤ᠂ ᠭᠠᠴᠠᠭ᠎ᠠ ᠲᠣᠰᠬᠤᠨ ᠭᠤᠷᠪᠠᠨ ᠱᠠᠲᠤᠨ᠎ᠤ ᠪᠠᠷᠠᠭ᠋ᠠᠨ᠎ᠤ ᠭᠦᠢ᠍ᠯᠭᠡᠭᠡᠨ᠎ᠤ ᠲᠣᠬᠢᠷᠠᠭᠤᠯᠤᠨ ᠬᠦᠷᠭᠡᠬᠦ ᠲᠣᠭᠲᠠᠯᠴᠠᠭ᠎ᠠ ᠵᠢ ᠲᠡᠭᠦᠯᠳᠡᠷᠵᠢᠭᠦᠯᠦᠨ᠂ ᠰᠢᠶᠠᠨ᠎ᠤ ᠬᠡᠪᠴᠢᠶᠡᠨ᠎ᠤ ᠬᠡᠷᠡᠭᠯᠡᠭᠡᠨ᠎ᠤ ᠠᠷᠭ᠎ᠠ ᠵᠠᠮ᠎ᠢ ᠰᠠᠶ᠋ᠢᠵᠢᠷᠠᠭᠤᠯᠤᠨ ᠰᠢᠯᠢᠳᠡᠭᠵᠢᠭᠦᠯᠵᠦ᠂ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠪᠣᠷᠣᠯᠠᠭᠤᠯᠤᠭᠳᠠᠨ ᠮᠡᠳᠡᠷᠡᠭᠳᠡᠬᠦ ᠬᠥᠳᠡᠯᠭᠡᠭᠴᠢ ᠬᠦᠴᠦᠨ᠎ᠢ ᠨᠡᠮᠡᠭᠳᠡᠭᠦᠯᠦᠨ᠂ ᠠᠮᠢᠳᠤᠷᠠᠯ᠎ᠤᠨ ᠦᠢ᠍ᠯᠡᠴᠢᠯᠡᠭᠡᠨ᠎ᠤ ᠬᠠᠩᠭ᠋ᠠᠯᠭ᠎ᠠ ᠵᠢᠨ ᠶᠠᠰᠤ ᠴᠢᠨᠠᠷ᠎ᠢ ᠳᠡᠭᠡᠭᠰᠢᠯᠡᠭᠦᠯᠦᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ)
   67. ᠭᠠᠳᠠᠭ᠋ᠠᠳᠤ ᠠᠵᠤ ᠠᠬᠤᠢ ᠠᠷᠠᠯᠵᠢᠶ᠎ᠠ ᠵᠢᠨ ᠲᠤᠰᠬᠠᠢ ᠵᠦᠢ᠍ᠯ᠎ᠤᠨ ᠪᠡᠯᠡ ᠮᠥᠩᠭᠦ ᠵᠢ ᠦᠷᠭᠦᠯᠵᠢᠯᠡᠨ ᠬᠡᠷᠡᠭᠯᠡᠵᠦ᠂ ᠥᠪᠡᠷᠲᠡᠭᠡᠨ ᠵᠠᠰᠠᠬᠤ ᠣᠷᠣᠨ᠎ᠤ ᠬᠢᠯᠢ ᠠᠯᠤᠰᠯᠠᠭᠰᠠᠨ ᠡᠯᠧᠺᠳ᠋ᠷᠣᠨ ᠬᠤᠳᠠᠯᠳᠤᠭ᠋ᠠᠨ᠎ᠤ ᠬᠥᠭᠵᠢᠯᠲᠡ ᠵᠢ ᠳᠡᠮᠵᠢᠨ᠎ᠡ᠃ ᠤᠯᠠᠮᠵᠢᠯᠠᠯᠲᠤ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠬᠦ᠎ᠳᠤ ᠬᠦᠴᠦᠨ ᠨᠡᠮᠡᠷᠢᠯᠡᠬᠦ ᠪᠠ ᠠᠵᠤ ᠦᠢ᠍ᠯᠡᠰ᠎ᠤᠨ ᠲᠣᠭ᠋ᠠᠵᠢᠭᠤᠯᠤᠭᠰᠠᠨ ᠬᠥᠭᠵᠢᠯᠲᠡ ᠵᠢ ᠠᠬᠢᠭᠤᠯᠬᠤ ᠲᠠᠯ᠎ᠠ᠎ᠳᠤ ᠦᠵᠡᠭᠦᠯᠬᠦ ᠬᠢᠯᠢ ᠠᠯᠤᠰᠯᠠᠭᠰᠠᠨ ᠡᠯᠧᠺᠳ᠋ᠷᠣᠨ ᠬᠤᠳᠠᠯᠳᠤᠭ᠎ᠠ ᠵᠢᠨ ᠢᠳᠡᠪᠬᠢ ᠦᠢ᠍ᠯᠡᠳᠦᠯ᠎ᠢ ᠪᠠᠳᠠᠷᠠᠭᠤᠯᠵᠤ᠂ ᠭᠠᠳᠠᠭ᠋ᠠᠳᠤ ᠠᠷᠠᠯᠵᠢᠶ᠎ᠠ ᠵᠢᠨ ᠰᠢᠯᠢᠳᠡᠭᠵᠢᠨ ᠲᠠᠰ ᠳᠡᠪᠰᠢᠬᠦ ᠵᠢ ᠠᠬᠢᠭᠤᠯᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ)
   68. ᠭᠠᠳᠠᠭ᠋ᠠᠳᠤ ᠠᠵᠤ ᠠᠬᠤᠢ ᠠᠷᠠᠯᠵᠢᠶ᠎ᠠ ᠵᠢᠨ ᠲᠤᠰᠬᠠᠢ ᠵᠦᠢ᠍ᠯ᠎ᠤᠨ ᠪᠡᠯᠡ ᠮᠥᠩᠭᠦ ᠵᠢ ᠦᠷᠭᠦᠯᠵᠢᠯᠡᠨ ᠬᠡᠷᠡᠭᠯᠡᠵᠦ᠂ ᠰᠢᠶᠠᠨ᠎ᠤ ᠬᠡᠪᠴᠢᠶᠡᠨ᠎ᠠᠴᠠ ᠭᠠᠳᠠᠨᠠᠬᠢ ᠠᠵᠤ ᠠᠬᠤᠢ ᠠᠷᠠᠯᠵᠢᠶ᠎ᠠ ᠵᠢᠨ ᠲᠡᠭ ᠨᠡᠮᠡᠭᠳᠡᠯ᠎ᠲᠠᠢ ᠪᠠᠶ᠋ᠢᠳᠠᠯ᠎ᠢ ᠡᠴᠦᠰᠯᠡᠭᠦᠯᠦᠭᠰᠡᠨ ᠵᠢᠱ᠌ᠢᠶ᠎ᠡ ᠦᠵᠡᠭᠦᠯᠬᠦ ᠠᠵᠢᠯ᠎ᠢ ᠥᠷᠨᠢᠭᠦᠯᠦᠨ᠂ ᠮᠠᠭ᠋ᠠᠳᠯᠠᠭᠳᠠᠨ ᠲᠣᠭᠲᠠᠭ᠋ᠠᠭᠳᠠᠭᠰᠠᠨ ᠰᠢᠶᠠᠨ᠎ᠤ ᠬᠡᠪᠴᠢᠶᠡᠨ᠎ᠠᠴᠠ ᠭᠠᠳᠠᠨᠠᠬᠢ ᠠᠵᠤ ᠠᠬᠤᠢ ᠠᠷᠠᠯᠵᠢᠶ᠎ᠠ ᠵᠢᠨ ᠲᠡᠭ ᠨᠡᠮᠡᠭᠳᠡᠯ᠎ᠲᠠᠢ ᠪᠠᠶ᠋ᠢᠳᠠᠯ᠎ᠢ ᠡᠴᠦᠰᠯᠡᠭᠦᠯᠦᠭᠰᠡᠨ ᠵᠢᠱ᠌ᠢᠶ᠎ᠡ ᠦᠵᠡᠭᠦᠯᠬᠦ ᠭᠠᠵᠠᠷ ᠣᠷᠣᠨ᠎ᠳᠤ ᠳᠡᠮᠵᠢᠯᠭᠡ ᠦᠵᠡᠭᠦᠯᠵᠦ᠂ ᠵᠠᠯᠭ᠋ᠠᠭ᠎ᠠ᠎ᠪᠠᠷ ᠰᠢᠯᠢᠳᠡᠭ᠎ᠢ᠎ᠨᠢ ᠰᠣᠩᠭᠤᠬᠤ᠎ᠪᠠᠷ ᠳᠠᠮᠵᠢᠭᠤᠯᠤᠨ ᠨᠢᠭᠡ ᠪᠦᠯᠦᠭ ᠭᠠᠳᠠᠭ᠋ᠠᠳᠤ ᠠᠵᠤ ᠠᠬᠤᠢ ᠠᠷᠠᠯᠵᠢᠶ᠎ᠠ ᠵᠢᠨ ᠲᠡᠭ ᠨᠡᠮᠡᠭᠳᠡᠯ᠎ᠲᠠᠢ ᠪᠠᠶ᠋ᠢᠳᠠᠯ᠎ᠢ ᠡᠴᠦᠰᠯᠡᠭᠦᠯᠦᠭᠰᠡᠨ ᠵᠢᠱ᠌ᠢᠶ᠎ᠡ ᠦᠵᠡᠭᠦᠯᠬᠦ ᠬᠤᠰᠢᠭᠤ ᠰᠢᠶᠠᠨ (ᠬᠤᠲᠠ᠂ ᠲᠣᠭᠤᠷᠢᠭ)᠎ᠢ ᠳᠡᠮᠵᠢᠨ ᠲᠡᠳᠬᠦᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ)
   69. ᠭᠠᠳᠠᠭ᠋ᠠᠳᠤ ᠠᠵᠤ ᠠᠬᠤᠢ ᠠᠷᠠᠯᠵᠢᠶ᠎ᠠ ᠵᠢᠨ ᠲᠤᠰᠬᠠᠢ ᠵᠦᠢ᠍ᠯ᠎ᠤᠨ ᠪᠡᠯᠡ ᠮᠥᠩᠭᠦ ᠵᠢ ᠦᠷᠭᠦᠯᠵᠢᠯᠡᠨ ᠬᠡᠷᠡᠭᠯᠡᠵᠦ᠂ ᠭᠠᠳᠠᠭ᠋ᠠᠳᠤ ᠬᠥᠮᠥᠷᠭᠡ ᠪᠣᠶ᠋ᠢᠵᠢᠭᠤᠯᠬᠤ ᠠᠵᠢᠯ᠎ᠢ ᠥᠷᠨᠢᠭᠦᠯᠬᠦ ᠪᠠ ᠪᠠᠬᠢᠵᠢᠭᠦᠯᠵᠦ᠂ ᠬᠤᠶᠠᠷ ᠵᠢᠯ ᠪᠣᠶ᠋ᠢᠵᠢᠭᠤᠯᠤᠨ᠂ ᠨᠢᠭᠡ ᠵᠢᠯ ᠲᠡᠳᠬᠦᠬᠦ᠎ᠪᠠᠷ ᠳᠡᠮᠵᠢᠨ᠂ ᠭᠤᠣᠯᠳᠠᠭᠤ RCEP᠎ᠤᠨ ᠪᠦᠷᠢᠯᠳᠦᠭᠦᠨ ᠤᠯᠤᠰ᠂ 《ᠨᠢᠭᠡ ᠪᠦᠰᠡ ᠨᠢᠭᠡ ᠵᠠᠮ》 ᠳᠠᠭ᠋ᠠᠤ ᠵᠢᠨ ᠭᠤᠣᠯᠳᠠᠯᠭ᠎ᠠ᠎ᠲᠠᠢ ᠤᠯᠤᠰ ᠪᠠ ᠭᠠᠵᠠᠷ ᠣᠷᠣᠨ᠎ᠳᠤ ᠨᠢᠭᠡ ᠪᠦᠯᠦᠭ ᠣᠯᠠᠨ ᠨᠡᠶ᠋ᠢᠲᠡ ᠵᠢᠨ ᠭᠠᠳᠠᠭ᠋ᠠᠳᠤ ᠬᠥᠮᠥᠷᠭᠡ ᠵᠢ ᠪᠦᠲᠦᠭᠡᠨ ᠪᠠᠶ᠋ᠢᠭᠤᠯᠤᠨ᠎ᠠ᠃ ᠬᠢᠯᠢ ᠵᠢᠨ ᠪᠣᠭᠤᠮᠲᠠ ᠵᠢᠨ ᠠᠵᠢᠯᠯᠠᠭ᠋ᠠᠨ᠎ᠤ ᠶᠠᠰᠤ ᠴᠢᠨᠠᠷ ᠦᠷ᠎ᠡ ᠠᠰᠢᠭ᠎ᠢ ᠳᠡᠭᠡᠭᠰᠢᠯᠡᠭᠦᠯᠬᠦ ᠠᠵᠢᠯ᠎ᠢ ᠥᠷᠨᠢᠭᠦᠯᠵᠦ᠂ ᠪᠠᠷᠠᠭ᠋ᠠᠨ᠎ᠤ ᠲᠡᠭᠡᠭᠡᠪᠦᠷᠢ ᠵᠢᠨ ᠬᠡᠮᠵᠢᠶ᠎ᠡ᠂ ᠠᠶᠠᠨᠴᠢᠳ᠎ᠤᠨ ᠲᠡᠭᠡᠭᠡᠪᠦᠷᠢ ᠵᠢᠨ ᠬᠡᠮᠵᠢᠶ᠎ᠡ᠂ ᠵᠠᠮ ᠬᠠᠷᠢᠯᠴᠠᠭ᠋ᠠᠨ᠎ᠤ ᠪᠠᠭ᠋ᠠᠵᠢ 3 ᠵᠦᠢ᠍ᠯ᠎ᠤᠨ ᠠᠵᠢᠯᠯᠠᠭ᠋ᠠᠨ᠎ᠤ ᠭᠦᠢ᠍ᠴᠡᠳᠬᠡᠯ ᠲᠤᠭ᠎ᠠ᠎ᠳᠤ ᠵᠦᠢ ᠵᠣᠬᠢᠰᠲᠠᠢ ᠬᠤᠪᠢ ᠵᠢᠨ ᠵᠢᠩ᠎ᠤᠨ ᠬᠠᠷᠢᠴᠠᠯ ᠵᠶ᠋ᠠᠷ ᠨᠡᠮᠡᠭᠦᠷᠢ ᠣᠯᠭᠤᠨ ᠳᠡᠮᠵᠢᠯᠭᠡ ᠦᠵᠡᠭᠦᠯᠵᠦ᠂ ᠬᠢᠯᠢ ᠵᠢᠨ ᠪᠣᠭᠤᠮᠲᠠ ᠵᠢᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ)
   (ᠳᠥᠷᠪᠡ) ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠨᠡᠮᠡᠭᠳᠡᠭᠦᠯᠦᠨ᠎ᠡ᠃
   70. 50 ᠳ᠋ᠦᠩᠰᠢᠭᠤᠷ ᠲᠥᠭᠦᠷᠢᠭ᠎ᠠᠴᠠ ᠳᠤᠲᠠᠭᠤ ᠦᠭᠡᠢ ᠪᠡᠯᠡ ᠮᠥᠩᠭᠦ ᠵᠢ ᠲᠣᠬᠢᠷᠠᠭᠤᠯᠵᠤ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠠᠭᠤᠷᠢ ᠪᠡᠯᠡᠳᠬᠡᠮᠵᠢ ᠵᠢᠨ ᠳᠤᠲᠠᠭᠤᠳᠠᠯ᠎ᠢ ᠨᠥᠬᠦᠪᠦᠷᠢᠯᠡᠬᠦ ᠡᠷᠴᠢᠮ ᠵᠶ᠋ᠠᠨ ᠴᠢᠩᠭ᠋ᠠᠷᠠᠭᠤᠯᠤᠨ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ᠂ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠂ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠤᠯᠲᠠ᠂ ᠬᠥᠮᠥᠨ ᠠᠮᠠ ᠵᠢᠨ ᠨᠠᠰᠤᠵᠢᠯᠲᠠ ᠪᠠ ᠰᠠᠭ᠋ᠠᠲᠠᠭᠤᠯᠤᠨ ᠬᠥᠮᠥᠵᠢᠭᠦᠯᠬᠦ ᠠᠰᠠᠭᠤᠳᠠᠯ᠎ᠢ ᠠᠷᠭ᠋ᠠᠴᠠᠭ᠋ᠠᠬᠤ᠂ ᠰᠣᠶᠣᠯ᠎ᠢ ᠬᠠᠮᠠᠭ᠋ᠠᠯᠠᠵᠤ ᠤᠯᠠᠮᠵᠢᠯᠠᠨ ᠠᠰᠢᠭᠯᠠᠬᠤ ᠵᠢᠴᠢ ᠨᠡᠶ᠋ᠢᠭᠡᠮ᠎ᠤᠨ ᠦᠢ᠍ᠯᠡᠴᠢᠯᠡᠭᠡ ᠵᠢᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠡᠷᠭᠡ ᠴᠢᠬᠤᠯᠠ ᠶᠡᠭᠡ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠢᠨᠵᠧᠨᠧᠷᠢᠩ᠎ᠤᠨ ᠪᠠᠶ᠋ᠢᠭᠤᠯᠤᠯᠲᠠ ᠵᠢ ᠳᠡᠮᠵᠢᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠰᠤᠷᠭ᠋ᠠᠨ ᠬᠥᠮᠦᠵᠢᠯ᠎ᠤᠨ ᠲᠢᠩᠬᠢᠮ᠂ ᠠᠷᠠᠳ᠎ᠤᠨ ᠶᠠᠪᠤᠳᠠᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠪᠡᠶ᠎ᠡ ᠵᠢᠨ ᠲᠠᠮᠢᠷ᠎ᠤᠨ ᠲᠣᠪᠴᠢᠶ᠎ᠠ)
   71. ᠲᠦᠭᠡᠮᠡᠯ ᠬᠠᠷᠠᠭ᠋ᠠᠯᠵᠠᠯᠲᠤ ᠨᠠᠰᠤᠵᠢᠯ᠎ᠤᠨ ᠠᠰᠠᠷᠠᠮᠵᠢ ᠵᠢᠨ ᠲᠠᠯ᠎ᠠ ᠵᠢᠨ ᠬᠤᠲᠠ ᠪᠠ ᠠᠵᠤ ᠠᠬᠤᠶ᠋ᠢᠯᠠᠯ᠎ᠤᠨ ᠬᠤᠯᠪᠤᠭ᠋ᠠᠯᠠᠨ ᠬᠥᠳᠡᠯᠦᠯᠴᠡᠬᠦ ᠲᠤᠰᠬᠠᠢ ᠠᠵᠢᠯᠯᠠᠭ᠋ᠠᠨ᠎ᠢ ᠥᠷᠨᠢᠭᠦᠯᠵᠦ᠂ ᠨᠠᠮ ᠵᠠᠰᠠᠭ᠎ᠤᠨ ᠪᠠᠶ᠋ᠢᠭᠤᠯᠭ᠎ᠠ ᠪᠠ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠵᠢᠴᠢ ᠪᠤᠰᠤᠳ ᠨᠡᠶ᠋ᠢᠭᠡᠮ᠎ᠤᠨ ᠬᠦᠴᠦᠨ᠎ᠤ ᠲᠦᠭᠡᠮᠡᠯ ᠬᠠᠷᠠᠭ᠋ᠠᠯᠵᠠᠯᠲᠤ ᠨᠠᠰᠤᠵᠢᠯ᠎ᠤᠨ ᠠᠰᠠᠷᠠᠮᠵᠢ ᠵᠢᠨ ᠬᠠᠩᠭ᠋ᠠᠯᠭ᠎ᠠ ᠵᠢ ᠨᠡᠮᠡᠭᠳᠡᠭᠦᠯᠬᠦ ᠵᠢ᠎ᠨᠢ ᠳᠡᠮᠵᠢᠵᠦ᠂ ᠤᠯᠤᠰ᠎ᠤᠨ ᠲᠦᠭᠡᠮᠡᠯ ᠬᠠᠷᠠᠭ᠋ᠠᠯᠵᠠᠯᠲᠤ ᠨᠠᠰᠤᠵᠢᠯ᠎ᠤᠨ ᠠᠰᠠᠷᠠᠮᠵᠢ ᠵᠢᠨ ᠲᠠᠯ᠎ᠠ ᠵᠢᠨ ᠬᠤᠲᠠ ᠪᠠ ᠠᠵᠤ ᠠᠬᠤᠶ᠋ᠢᠯᠠᠯ᠎ᠤᠨ ᠬᠤᠯᠪᠤᠭ᠋ᠠᠯᠠᠨ ᠬᠥᠳᠡᠯᠦᠯᠴᠡᠬᠦ ᠲᠤᠰᠬᠠᠢ ᠠᠵᠢᠯᠯᠠᠭ᠋ᠠᠨ᠎ᠳᠤ ᠵᠢᠭᠰᠠᠭ᠋ᠠᠭᠳᠠᠭᠰᠠᠨ ᠲᠥᠷᠥᠯ ᠵᠦᠢ᠍ᠯ᠎ᠳᠠᠬᠢ᠂ ᠭᠡᠷ᠎ᠲᠤ᠎ᠪᠠᠨ ᠰᠠᠭᠤᠵᠤ ᠠᠰᠠᠷᠠᠭᠤᠯᠬᠤ ᠨᠡᠶ᠋ᠢᠭᠡᠮ ᠲᠣᠭᠤᠷᠢᠭ᠎ᠤᠨ ᠬᠡᠯᠪᠡᠷᠢ ᠪᠠ ᠡᠮᠴᠢᠯᠡᠭᠡ ᠰᠤᠪᠢᠯᠠᠯᠲᠠ ᠵᠢ ᠤᠶᠠᠯᠳᠤᠭᠤᠯᠤᠭᠰᠠᠨ ᠬᠡᠯᠪᠡᠷᠢ ᠵᠢᠨ ᠪᠣᠯ ᠣᠷᠣ ᠪᠦᠷᠢ᠎ᠳᠤ 2 ᠲᠦᠮᠡᠨ ᠲᠥᠭᠦᠷᠢᠭ᠎ᠤᠨ ᠳᠡᠮᠵᠢᠯᠭᠡ ᠦᠵᠡᠭᠦᠯᠵᠦ᠂ ᠵᠢᠭᠤᠯᠴᠢᠯᠠᠨ ᠰᠠᠭᠤᠬᠤ ᠬᠡᠯᠪᠡᠷᠢ ᠵᠢᠨ ᠪᠣᠯ ᠣᠷᠣ ᠪᠦᠷᠢ᠎ᠳᠤ 1 ᠲᠦᠮᠡᠨ ᠲᠥᠭᠦᠷᠢᠭ᠎ᠤᠨ ᠳᠡᠮᠵᠢᠯᠭᠡ ᠦᠵᠡᠭᠦᠯᠦᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠠᠷᠠᠳ᠎ᠤᠨ ᠶᠠᠪᠤᠳᠠᠯ᠎ᠤᠨ ᠲᠢᠩᠬᠢᠮ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ)
   72. ᠲᠦᠭᠡᠮᠡᠯ ᠬᠠᠷᠠᠭ᠋ᠠᠯᠵᠠᠯᠲᠤ ᠰᠠᠭ᠋ᠠᠲᠠᠭᠤᠯᠤᠨ ᠬᠥᠮᠥᠵᠢᠭᠦᠯᠬᠦ ᠦᠢ᠍ᠯᠡᠴᠢᠯᠡᠭᠡᠨ᠎ᠤ ᠲᠤᠰᠬᠠᠢ ᠵᠦᠢ᠍ᠯ᠎ᠤᠨ ᠢᠨᠵᠧᠨᠧᠷᠢᠩ᠎ᠢ ᠥᠷᠨᠢᠭᠦᠯᠵᠦ᠂ ᠠᠯᠪᠠᠨ᠎ᠠᠴᠠ ᠡᠷᠭᠢᠯᠡᠭᠰᠡᠨ ᠪᠠᠶ᠋ᠢᠭᠤᠯᠤᠮᠵᠢ ᠪᠠ ᠨᠡᠶ᠋ᠢᠭᠡᠮ᠎ᠤᠨ ᠬᠦᠴᠦᠨ᠎ᠤ᠎ᠬᠢ ᠨᠡᠶ᠋ᠢᠭᠡᠮ ᠲᠣᠭᠤᠷᠢᠭ᠂ ᠬᠡᠦᠬᠡᠳ᠎ᠤᠨ ᠴᠡᠴᠡᠷᠯᠢᠭ᠂ ᠡᠬᠡ ᠨᠢᠯᠬᠠᠰ᠎ᠤᠨ ᠡᠷᠡᠭᠦᠯᠵᠢᠯ᠎ᠤᠨ ᠪᠠᠶ᠋ᠢᠭᠤᠯᠤᠮᠵᠢ ᠵᠡᠷᠭᠡ᠎ᠳᠤ ᠲᠦᠰᠢᠭᠯᠡᠨ ᠰᠢᠭᠢᠳᠬᠡᠯ ᠮᠠᠶᠢᠭ᠎ᠤᠨ᠂ ᠲᠠᠷᠬᠠᠯᠲᠠᠲᠤ ᠮᠠᠶᠢᠭ᠎ᠤᠨ᠂ ᠬᠡᠯᠬᠢᠶᠡᠵᠢᠭᠰᠡᠨ᠂ ᠲᠤᠰᠬᠠᠶ᠋ᠢᠵᠢᠭᠰᠠᠨ ᠰᠠᠭ᠋ᠠᠲᠠᠭᠤᠯᠤᠨ ᠬᠥᠮᠥᠵᠢᠭᠦᠯᠬᠦ ᠦᠢ᠍ᠯᠡᠴᠢᠯᠡᠭᠡᠨ᠎ᠤ ᠪᠡᠯᠡᠳᠬᠡᠮᠵᠢ ᠪᠦᠲᠦᠭᠡᠨ ᠪᠠᠶ᠋ᠢᠭᠤᠯᠬᠤ ᠵᠢ᠎ᠨᠢ ᠳᠡᠮᠵᠢᠵᠦ᠂ ᠡᠳᠦᠷ ᠵᠶ᠋ᠠᠷ ᠨᠠᠶ᠋ᠢᠳᠠᠨ ᠰᠠᠭ᠋ᠠᠲᠠᠭᠤᠯᠬᠤ᠂ ᠴᠠᠭ ᠵᠶ᠋ᠠᠷ ᠨᠠᠶ᠋ᠢᠳᠠᠨ ᠰᠠᠭ᠋ᠠᠲᠠᠭᠤᠯᠬᠤ ᠵᠡᠷᠭᠡ ᠲᠦᠭᠡᠮᠡᠯ ᠬᠠᠷᠠᠭ᠋ᠠᠯᠵᠠᠯᠲᠤ ᠰᠠᠭ᠋ᠠᠲᠠᠭᠤᠯᠤᠨ ᠬᠥᠮᠥᠵᠢᠭᠦᠯᠬᠦ ᠦᠢ᠍ᠯᠡᠴᠢᠯᠡᠭᠡ ᠬᠠᠩᠭ᠋ᠠᠨ᠎ᠠ᠃ ᠤᠯᠤᠰ᠎ᠤᠨ ᠲᠦᠭᠡᠮᠡᠯ ᠬᠠᠷᠠᠭ᠋ᠠᠯᠵᠠᠯᠲᠤ ᠰᠠᠭ᠋ᠠᠲᠠᠭᠤᠯᠤᠨ ᠬᠥᠮᠥᠵᠢᠭᠦᠯᠬᠦ ᠲᠤᠰᠬᠠᠢ ᠵᠦᠢ᠍ᠯ᠎ᠳᠤ ᠵᠢᠭᠰᠠᠭ᠋ᠠᠭᠳᠠᠭᠰᠠᠨ ᠲᠥᠷᠥᠯ ᠵᠦᠢ᠍ᠯ᠎ᠳᠤ᠂ ᠰᠠᠭ᠋ᠠᠲᠠᠭᠤᠯᠤᠨ ᠬᠥᠮᠥᠵᠢᠭᠦᠯᠬᠦ ᠣᠷᠣᠨ ᠲᠤᠭ᠎ᠠ ᠨᠢᠭᠡᠪᠦᠷᠢ᠎ᠳᠤ ᠲᠦᠮᠡᠨ ᠲᠥᠭᠦᠷᠢᠭ᠎ᠤᠨ ᠪᠠᠷᠢᠮᠵᠢᠶ᠎ᠠ᠎ᠪᠠᠷ ᠪᠡᠯᠡ ᠮᠥᠩᠭᠦ ᠵᠢᠨ ᠨᠥᠬᠦᠪᠦᠷᠢ ᠣᠯᠭᠤᠨ᠎ᠠ; ᠤᠯᠤᠰ᠎ᠤᠨ ᠨᠡᠶ᠋ᠢᠳᠡᠮ ᠬᠠᠷᠠᠭ᠋ᠠᠯᠵᠠᠯᠲᠤ ᠰᠠᠭ᠋ᠠᠲᠠᠭᠤᠯᠤᠨ ᠬᠥᠮᠥᠵᠢᠭᠦᠯᠬᠦ ᠦᠢ᠍ᠯᠡᠴᠢᠯᠡᠭᠡᠨ᠎ᠤ ᠬᠥᠭᠵᠢᠯᠲᠡ ᠵᠢᠨ ᠵᠢᠱ᠌ᠢᠶ᠎ᠡ ᠦᠵᠡᠭᠦᠯᠬᠦ ᠲᠥᠷᠥᠯ ᠵᠦᠢ᠍ᠯ᠎ᠳᠤ ᠣᠷᠣᠭᠤᠯᠤᠭᠰᠠᠨ ᠭᠠᠵᠠᠷ ᠣᠷᠣᠨ᠎ᠳᠤ ᠳ᠋ᠦᠩᠰᠢᠭᠤᠷ ᠲᠥᠭᠦᠷᠢᠭ᠎ᠤᠨ ᠪᠡᠯᠡ ᠮᠥᠩᠭᠦ ᠵᠢᠨ ᠨᠥᠬᠦᠪᠦᠷᠢ ᠣᠯᠭᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠰᠤᠷᠭ᠋ᠠᠨ ᠬᠥᠮᠦᠵᠢᠯ᠎ᠤᠨ ᠲᠢᠩᠬᠢᠮ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ)
   73. ᠭᠡᠷ ᠠᠬᠤᠢ᠎ᠪᠠᠷ ᠬᠥᠳᠡᠭᠡ ᠲᠤᠰᠬᠤᠨ᠎ᠢ ᠬᠥᠭᠵᠢᠭᠦᠯᠬᠦ ᠠᠵᠢᠯᠯᠠᠭ᠋ᠠᠨ᠎ᠢ ᠭᠦᠨᠵᠡᠭᠡᠢ ᠬᠡᠷᠡᠭᠵᠢᠭᠦᠯᠵᠦ᠂ ᠭᠡᠷ ᠠᠬᠤᠢ ᠬᠥᠳᠡᠯᠮᠦᠷᠢ ᠦᠢ᠍ᠯᠡᠴᠢᠯᠡᠭᠡ ᠵᠢ ᠵᠣᠯᠭ᠋ᠠᠭᠤᠯᠬᠤ ᠵᠢ ᠦᠷᠭᠦᠯᠵᠢᠯᠡᠨ ᠥᠷᠨᠢᠭᠦᠯᠵᠦ᠂ ᠭᠡᠷ ᠠᠬᠤᠢ ᠵᠢᠨ ᠠᠵᠤ ᠠᠬᠤᠶ᠋ᠢᠯᠠᠯ᠎ᠤᠨ ᠲᠤᠰᠠᠭ᠋ᠠᠷ ᠡᠵᠡᠩᠨᠡᠬᠦ᠂ ᠰᠢᠭᠢᠳᠬᠡᠬᠦ᠂ ᠬᠠᠮᠲᠤᠷᠠᠯᠴᠠᠬᠤ᠂ ᠰᠦᠯᠵᠢᠶᠡᠨ ᠳᠡᠭᠡᠷ᠎ᠡ ᠵᠡᠷᠭᠡ ᠠᠷᠭ᠎ᠠ ᠮᠠᠶᠢᠭ ᠵᠶ᠋ᠠᠷ ᠨᠡᠶ᠋ᠢᠭᠡᠮ ᠲᠣᠭᠤᠷᠢᠭ᠎ᠲᠤ ᠣᠷᠣᠵᠤ ᠰᠠᠭᠤᠬᠤ ᠵᠢ ᠵᠣᠷᠢᠭᠵᠢᠭᠤᠯᠤᠨ ᠳᠡᠮᠵᠢᠨ᠎ᠡ᠃ ᠭᠡᠷ ᠠᠬᠤᠢ ᠵᠢᠨ ᠢᠲᠡᠭᠡᠮᠵᠢ ᠵᠢᠨ ᠮᠡᠳᠡᠭᠡ ᠵᠠᠩᠭᠢ ᠵᠢᠨ ᠲᠠᠪᠴᠠᠩ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠢᠲᠡᠭᠡᠮᠵᠢ᠎ᠲᠠᠢ ᠪᠠᠶ᠋ᠢᠬᠤ ᠵᠢ᠎ᠨᠢ ᠤᠷᠮᠠᠰᠢᠭᠤᠯᠬᠤ ᠪᠠ ᠢᠲᠡᠭᠡᠮᠵᠢ ᠠᠯᠳᠠᠭᠰᠠᠳ᠎ᠢ ᠵᠠᠯᠬᠠᠭ᠋ᠠᠨ ᠴᠡᠭᠡᠷᠯᠡᠭᠦᠯᠬᠦ ᠵᠢ ᠬᠠᠤᠯᠢ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃ ᠭᠡᠷ ᠠᠬᠤᠢ ᠵᠢᠨ ᠬᠥᠳᠡᠯᠮᠦᠷᠢ ᠦᠢ᠍ᠯᠡᠴᠢᠯᠡᠭᠡᠨ᠎ᠤ ᠨᠠᠷᠠᠲᠤ ᠲᠡᠮᠳᠡᠭᠲᠦ ᠵᠢ ᠤᠬᠠᠭᠤᠯᠤᠨ ᠲᠠᠨᠢᠯᠴᠠᠭᠤᠯᠬᠤ ᠡᠷᠴᠢᠮ ᠵᠶ᠋ᠠᠨ ᠴᠢᠩᠭ᠋ᠠᠷᠠᠭᠤᠯᠵᠤ᠂ ᠭᠡᠷ ᠠᠬᠤᠢ ᠵᠢᠨ ᠦᠢ᠍ᠯᠡᠴᠢᠯᠡᠭᠡᠨ᠎ᠤ ᠬᠢᠷᠢ ᠬᠡᠮᠵᠢᠶ᠎ᠡ ᠵᠢ ᠪᠥᠬᠦ ᠲᠠᠯ᠎ᠠ᠎ᠪᠠᠷ ᠳᠡᠭᠡᠭᠰᠢᠯᠡᠭᠦᠯᠦᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠠᠷᠠᠳ᠎ᠤᠨ ᠶᠠᠪᠤᠳᠠᠯ᠎ᠤᠨ ᠲᠢᠩᠬᠢᠮ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ)
   74. ᠲᠤᠬᠠᠢ ᠵᠢᠨ ᠵᠢᠯ᠎ᠳᠤ ᠳᠤᠮᠳᠠᠳᠤ ᠤᠯᠤᠰ᠎ᠤᠨ ᠶᠠᠰᠤ ᠴᠢᠨᠠᠷ᠎ᠤᠨ ᠱᠠᠩᠨᠠᠯ᠂ ᠳᠤᠮᠳᠠᠳᠤ ᠤᠯᠤᠰ᠎ᠤᠨ ᠶᠠᠰᠤ ᠴᠢᠨᠠᠷ᠎ᠤᠨ ᠱᠠᠩᠨᠠᠯ᠎ᠤᠨ ᠨᠡᠷ᠎ᠡ ᠳᠤᠷᠠᠳᠤᠭᠰᠠᠨ ᠱᠠᠩᠨᠠᠯ᠎ᠢ ᠰᠢᠨ᠎ᠡ᠎ᠪᠠᠷ ᠣᠯᠣᠭᠰᠠᠨ ᠨᠢᠭᠡᠴᠢ ᠵᠢ ᠲᠣᠰ ᠲᠣᠰ 500 ᠲᠦᠮᠡᠨ ᠲᠥᠭᠦᠷᠢᠭ᠂ 200 ᠲᠦᠮᠡᠨ ᠲᠥᠭᠦᠷᠢᠭ ᠵᠶ᠋ᠠᠷ ᠱᠠᠩᠨᠠᠵᠤ᠂ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ ᠵᠢᠨ ᠣᠯᠭᠤᠬᠤ ᠶᠠᠰᠤ ᠴᠢᠨᠠᠷ᠎ᠤᠨ ᠱᠠᠩᠨᠠᠯ᠎ᠢ ᠰᠢᠨ᠎ᠡ᠎ᠪᠠᠷ ᠣᠯᠣᠭᠰᠠᠨ ᠦᠢ᠍ᠯᠡᠴᠢᠯᠡᠭᠡᠨ᠎ᠤ ᠦᠢ᠍ᠯᠡᠰ᠎ᠤᠨ ᠠᠵᠤ ᠠᠬᠤᠶ᠋ᠢᠯᠠᠯ᠎ᠳᠤ 100 ᠲᠦᠮᠡᠨ ᠲᠥᠭᠦᠷᠢᠭ᠎ᠤᠨ ᠲᠤᠰᠠᠯᠠᠮᠵᠢ ᠵᠢᠨ ᠪᠡᠯᠡ ᠮᠥᠩᠭᠦ ᠣᠯᠭᠤᠵᠤ᠂ ᠳᠤᠮᠳᠠᠳᠤ ᠵᠢᠨ ᠬᠠᠭᠤᠴᠢᠨ ᠨᠠᠷᠠᠲᠤ ᠠᠵᠤ ᠠᠬᠤᠶ᠋ᠢᠯᠠᠯ᠂ ᠥᠪᠥᠷ ᠮᠣᠩᠭᠤᠯ᠎ᠤᠨ ᠬᠠᠭᠤᠴᠢᠨ ᠨᠠᠷᠠᠲᠤ ᠠᠵᠤ ᠠᠬᠤᠶ᠋ᠢᠯᠠᠯ᠎ᠤᠨ ᠰᠢᠨ᠎ᠡ ᠵᠢ ᠡᠭᠦᠳᠦᠨ ᠬᠥᠭᠵᠢᠬᠦ ᠵᠢ ᠳᠡᠮᠵᠢᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ)
    ᠳᠥᠷᠪᠡ᠂ ᠬᠦᠴᠦᠨ ᠵᠦᠢ᠍ᠯ᠎ᠤᠨ ᠲᠤᠯᠭ᠋ᠠᠭᠤᠷᠢᠯᠠᠯ᠎ᠢ ᠴᠢᠩᠭ᠋ᠠᠷᠠᠭᠤᠯᠤᠨ᠎ᠠ
   (ᠨᠢᠭᠡ) ᠭᠠᠵᠠᠷ ᠰᠢᠷᠣᠢ ᠵᠢᠨ ᠬᠦᠴᠦᠨ ᠵᠦᠢ᠍ᠯ᠎ᠤᠨ ᠪᠠᠲᠤᠯᠠᠭ᠎ᠠ ᠵᠢ ᠴᠢᠩᠭ᠋ᠠᠳᠬᠠᠨ᠎ᠠ᠃
   75. ᠤᠯᠤᠰ ᠵᠶ᠋ᠠᠷ ᠵᠥᠪᠰᠢᠶᠡᠷᠡᠭᠦᠯᠦᠭᠡᠳ ᠡᠬᠢᠯᠡᠨ ᠬᠡᠷᠡᠭᠯᠡᠭᠰᠡᠨ ᠥᠪᠡᠷᠲᠡᠭᠡᠨ ᠵᠠᠰᠠᠬᠤ ᠣᠷᠣᠨ᠎ᠤ 《ᠭᠤᠷᠪᠠᠨ ᠣᠷᠣᠨ ᠭᠤᠷᠪᠠᠨ ᠱᠤᠭᠤᠮ》᠎ᠢ ᠵᠠᠭ᠋ᠠᠭᠯᠠᠨ ᠲᠣᠭᠲᠠᠭ᠋ᠠᠭᠰᠠᠨ ᠦᠷ᠎ᠡ ᠪᠦᠲᠦᠭᠡᠯ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠡᠯ᠎ᠡ ᠱᠠᠲᠤᠨ᠎ᠤ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠲᠥᠯᠦᠪᠵᠢᠭᠦᠯᠭᠡ ᠵᠢ ᠵᠢᠩᠬᠢᠨᠢ᠎ᠪᠠᠷ ᠵᠥᠪᠰᠢᠶᠡᠷᠡᠬᠦ᠎ᠠᠴᠠ ᠡᠮᠦᠨᠡᠬᠢ ᠰᠢᠯᠵᠢᠯᠲᠡ ᠵᠢᠨ ᠬᠤᠭᠤᠴᠠᠭ᠋ᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠠᠴᠠ ᠨᠢᠭᠡᠨᠲᠡ ᠵᠣᠬᠢᠶᠠᠨ ᠪᠠᠶ᠋ᠢᠭᠤᠯᠤᠨ ᠬᠢᠨᠠᠨ ᠪᠠᠶ᠋ᠢᠴᠠᠭ᠋ᠠᠵᠤ ᠪᠠᠲᠤᠯᠠᠭᠰᠠᠨ ᠠᠶ᠋ᠢᠮᠠᠭ ᠬᠤᠲᠠ᠂ ᠬᠤᠰᠢᠭᠤ ᠰᠢᠶᠠᠨ (ᠬᠤᠲᠠ᠂ ᠲᠣᠭᠤᠷᠢᠭ)᠎ᠤ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠶᠡᠷᠦᠩᠬᠡᠢ ᠲᠥᠯᠦᠪᠵᠢᠭᠦᠯᠭᠡ ᠵᠢ ᠲᠥᠷᠥᠯ ᠵᠦᠢ᠍ᠯ᠎ᠳᠤ ᠬᠡᠷᠡᠭᠯᠡᠬᠦ ᠭᠠᠵᠠᠷ᠎ᠤᠨ ᠳᠠᠩᠰᠠ ᠡᠪᠬᠡᠮᠡᠯ ᠪᠠᠶ᠋ᠢᠭᠤᠯᠵᠤ ᠮᠡᠳᠡᠭᠦᠯᠦᠨ ᠵᠥᠪᠰᠢᠶᠡᠷᠡᠭᠦᠯᠬᠦ ᠦᠨᠳᠦᠰᠦᠯᠡᠯ ᠪᠣᠯᠭ᠋ᠠᠵᠤ ᠪᠣᠯᠣᠨ᠎ᠠ᠃ ᠠᠶ᠋ᠢᠮᠠᠭ ᠬᠤᠲᠠ᠂ ᠬᠤᠰᠢᠭᠤ ᠰᠢᠶᠠᠨ (ᠬᠤᠲᠠ᠂ ᠲᠣᠭᠤᠷᠢᠭ)᠎ᠤ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠶᠡᠷᠦᠩᠬᠡᠢ ᠲᠥᠯᠦᠪᠵᠢᠭᠦᠯᠭᠡ᠎ᠨᠢ ᠵᠥᠪᠰᠢᠶᠡᠷᠡᠭᠳᠡᠭᠰᠡᠨ᠎ᠤ ᠳᠠᠷᠠᠭ᠎ᠠ᠂ ᠲᠥᠯᠦᠪᠵᠢᠭᠦᠯᠭᠡ ᠵᠢᠨ ᠱᠠᠭ᠋ᠠᠷᠳᠠᠯᠭ᠎ᠠ ᠵᠢ ᠴᠢᠩᠭ᠎ᠠ ᠬᠡᠷᠡᠭᠵᠢᠭᠦᠯᠦᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠂ ᠤᠰᠤᠨ ᠠᠰᠢᠭᠯᠠᠯᠲᠠ ᠵᠢᠨ ᠲᠢᠩᠬᠢᠮ᠂ ᠡᠨᠧᠷᠭᠢ ᠵᠢᠨ ᠲᠣᠪᠴᠢᠶ᠎ᠠ)
   76. ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠲᠥᠯᠦᠪᠵᠢᠭᠦᠯᠭᠡ ᠵᠡᠷᠭᠡ᠎ᠳᠤ ᠨᠡᠶ᠋ᠢᠴᠡᠭᠦᠯᠦᠭᠰᠡᠨ ᠤᠷᠢᠲᠠᠯ ᠳᠣᠣᠷ᠎ᠠ᠂ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠤᠨ ᠲᠥᠷᠥᠯ ᠵᠦᠢ᠍ᠯ᠎ᠳᠤ ᠠᠰᠢᠭᠯᠠᠭ᠋ᠠᠳᠤᠢ ᠭᠠᠵᠠᠷ ᠰᠢᠷᠣᠢ ᠵᠢ ᠬᠡᠷᠡᠭᠯᠡᠬᠦ ᠵᠢ᠎ᠨᠢ ᠳᠡᠮᠵᠢᠵᠦ᠂ ᠭᠤᠪᠢ᠂ ᠡᠯᠡᠰᠦᠨ ᠴᠥᠯ ᠵᠡᠷᠭᠡ ᠠᠰᠢᠭᠯᠠᠭ᠋ᠠᠳᠤᠢ ᠭᠠᠵᠠᠷ ᠰᠢᠷᠣᠢ ᠵᠢ ᠬᠡᠷᠡᠭᠯᠡᠬᠦ᠎ᠳᠤ᠂ ᠭᠠᠵᠠᠷ ᠰᠢᠷᠣᠢ ᠵᠢ ᠡᠵᠡᠯᠡᠨ ᠳᠠᠷᠤᠬᠤ ᠦᠭᠡᠢ᠂ ᠭᠠᠵᠠᠷ᠎ᠤᠨ ᠭᠠᠳᠠᠷᠭᠤ ᠵᠢᠨ ᠬᠡᠯᠪᠡᠷᠢ ᠪᠠᠶ᠋ᠢᠳᠠᠯ᠎ᠢ᠎ᠨᠢ ᠬᠤᠪᠢᠷᠠᠭᠤᠯᠬᠤ ᠦᠭᠡᠢ ᠪᠠᠶ᠋ᠢᠪᠠᠯ᠂ ᠤᠤᠯ ᠭᠠᠵᠠᠷ᠎ᠤᠨ ᠲᠥᠷᠥᠯ ᠵᠶ᠋ᠠᠷ ᠮᠠᠭ᠋ᠠᠳᠯᠠᠨ ᠲᠣᠭᠲᠠᠭ᠋ᠠᠨ᠎ᠠ᠃ ᠲᠥᠷᠥᠯ ᠵᠦᠢ᠍ᠯ᠎ᠤᠨ ᠥᠨᠢᠳᠡ ᠵᠢᠨ ᠴᠢᠨᠠᠷᠲᠠᠢ ᠪᠠᠷᠢᠯᠭ᠎ᠠ᠎ᠳᠤ ᠬᠡᠷᠡᠭᠯᠡᠬᠦ ᠭᠠᠵᠠᠷ᠎ᠤᠨ ᠬᠡᠰᠡᠭ᠎ᠲᠤ ᠪᠣᠯ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠢᠨᠠᠨ ᠵᠥᠪᠰᠢᠶᠡᠷᠡᠭᠦᠯᠬᠦ ᠭᠠᠷᠳᠠᠮ᠎ᠢ ᠭᠦᠢ᠍ᠴᠡᠳᠬᠡᠬᠦ ᠬᠡᠷᠡᠭᠲᠡᠢ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠡᠨᠧᠷᠭᠢ ᠵᠢᠨ ᠲᠣᠪᠴᠢᠶ᠎ᠠ᠂ ᠥᠪᠥᠷ ᠮᠣᠩᠭᠤᠯ᠎ᠤᠨ ᠴᠠᠬᠢᠯᠭ᠋ᠠᠨ ᠬᠦᠴᠦᠨ᠎ᠤ (ᠪᠦᠯᠦᠭᠯᠡᠯ) ᠺᠣᠮᠫᠠᠨᠢ᠂ ᠤᠯᠤᠰ᠎ᠤᠨ ᠴᠠᠬᠢᠯᠭ᠋ᠠᠨ ᠬᠦᠴᠦᠨ᠎ᠤ ᠲᠣᠣᠷ᠎ᠤᠨ ᠥᠪᠥᠷ ᠮᠣᠩᠭᠤᠯ᠎ᠤᠨ ᠵᠡᠭᠦᠨ ᠬᠡᠰᠡᠭ᠎ᠤᠨ ᠴᠠᠬᠢᠯᠭ᠋ᠠᠨ ᠬᠦᠴᠦᠨ᠎ᠤ ᠺᠣᠮᠫᠠᠨᠢ)
   77. ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠤᠨ ᠲᠥᠷᠥᠯ ᠵᠦᠢ᠍ᠯ᠎ᠳᠤ ᠵᠠᠳᠠᠭ᠋ᠠᠢ ᠠᠭᠤᠷᠬᠠᠢ ᠵᠢᠨ ᠰᠢᠷᠣᠢ ᠴᠢᠯᠠᠭᠤ ᠣᠪᠣᠭ᠋ᠠᠯᠠᠬᠤ ᠲᠠᠯᠠᠪᠠᠶ᠂ ᠨᠡᠭᠦᠷᠡᠰᠦ ᠮᠠᠯᠲᠠᠭᠰᠠᠨ᠎ᠠᠴᠠ ᠪᠣᠯᠵᠤ ᠳᠣᠷᠣᠭᠰᠢ ᠰᠠᠭᠤᠭᠰᠠᠨ ᠣᠷᠣᠨ᠎ᠤ ᠭᠠᠵᠠᠷ ᠰᠢᠷᠣᠢ ᠵᠢ ᠠᠰᠢᠭᠯᠠᠬᠤ ᠵᠢ᠎ᠨᠢ ᠵᠣᠷᠢᠭᠵᠢᠭᠤᠯᠤᠨ᠎ᠠ᠃ ᠨᠡᠭᠦᠷᠡᠰᠦ ᠮᠠᠯᠲᠠᠭᠰᠠᠨ᠎ᠠᠴᠠ ᠪᠣᠯᠵᠤ ᠳᠣᠷᠣᠭᠰᠢ ᠰᠠᠭᠤᠭ᠋ᠠᠳ ᠰᠡᠷᠭᠦᠭᠡᠬᠦ ᠵᠢᠨ ᠠᠷᠭ᠎ᠠ ᠦᠭᠡᠢ ᠪᠣᠯᠤᠭᠰᠠᠨ ᠲᠠᠷᠢᠶᠠᠯᠠᠩ᠎ᠳᠤ ᠬᠡᠷᠡᠭᠯᠡᠬᠦ ᠭᠠᠵᠠᠷ᠎ᠢ ᠪᠣᠯ ᠬᠤᠪᠢᠷᠠᠭᠤᠯᠬᠤ ᠪᠠᠶ᠋ᠢᠴᠠᠭ᠋ᠠᠯᠲᠠ ᠵᠢᠨ ᠮᠡᠷᠭᠡᠵᠢᠯ᠎ᠤᠨ ᠳᠦᠷᠢᠮ᠎ᠤᠨ ᠪᠠᠷᠢᠮᠵᠢᠶ᠎ᠠ ᠵᠢ ᠦᠨᠳᠦᠰᠦᠯᠡᠨ᠂ ᠬᠤᠪᠢᠷᠠᠭᠤᠯᠬᠤ ᠨᠥᠬᠦᠴᠡᠯ᠎ᠳᠤ ᠨᠡᠶ᠋ᠢᠴᠡᠭᠰᠡᠨ ᠪᠠᠶ᠋ᠢᠪᠠᠯ ᠣᠳᠣᠬᠢ ᠪᠠᠶ᠋ᠢᠳᠠᠯ᠎ᠤᠨ ᠪᠠᠶ᠋ᠢᠴᠠᠭ᠋ᠠᠯᠲᠠ ᠵᠢ᠎ᠨᠢ ᠦᠨᠳᠦᠰᠦᠯᠡᠨ᠂ ᠤᠯᠤᠰ᠎ᠲᠤ ᠮᠡᠳᠡᠭᠦᠯᠦᠨ ᠬᠤᠪᠢᠷᠠᠭᠤᠯᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠡᠨᠧᠷᠭᠢ ᠵᠢᠨ ᠲᠣᠪᠴᠢᠶ᠎ᠠ)
   (ᠬᠤᠶᠠᠷ) ᠤᠰᠤᠨ᠎ᠤ ᠡᠬᠢ ᠪᠠᠶᠠᠯᠢᠭ᠎ᠤᠨ ᠬᠦᠴᠦᠨ ᠵᠦᠢ᠍ᠯ᠎ᠤᠨ ᠪᠠᠲᠤᠯᠠᠭ᠎ᠠ ᠵᠢ ᠴᠢᠩᠭ᠋ᠠᠳᠬᠠᠨ᠎ᠠ᠃
   78. ᠠᠶ᠋ᠢᠮᠠᠭ ᠬᠤᠲᠠ ᠵᠢᠨ ᠬᠤᠭᠤᠷᠣᠨᠳᠣᠬᠢ ᠤᠰᠤᠨ᠎ᠤ ᠡᠷᠬᠡ ᠵᠢᠨ ᠬᠤᠶᠠᠳᠤᠭ᠋ᠠᠷ ᠬᠤᠭᠤᠴᠠᠭ᠋ᠠᠨ᠎ᠤ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠵᠤ᠂ 2024 ᠣᠨ᠎ᠳᠤ ᠬᠠᠲᠤᠨ ᠭᠤᠣᠯ ᠳᠠᠭ᠋ᠠᠤ ᠵᠢᠨ ᠠᠶ᠋ᠢᠮᠠᠭ ᠬᠤᠲᠠ᠎ᠳᠤ ᠠᠵᠤ ᠦᠢ᠍ᠯᠡᠳᠪᠦᠷᠢ ᠵᠢᠨ ᠤᠰᠤ ᠬᠡᠷᠡᠭᠯᠡᠬᠦ ᠭᠦᠢ᠍ᠴᠡᠳᠬᠡᠯ ᠲᠤᠭ᠎ᠠ ᠵᠢ 5000 ᠲᠦᠮᠡᠨ ᠪᠣᠰᠤᠭ᠎ᠠ ᠳᠥᠷᠪᠡᠯᠵᠢᠨ ᠮᠧᠳ᠋ᠷ ᠰᠢᠢ᠍ᠳᠪᠦᠷᠢᠯᠡᠵᠦ ᠥᠭᠬᠦ᠎ᠪᠠᠷ ᠴᠢᠷᠮᠠᠶ᠋ᠢᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ)
   (ᠭᠤᠷᠪᠠ) ᠡᠨᠧᠷᠬᠢ ᠵᠢᠨ ᠬᠤᠷᠣᠭᠳᠠᠯ᠎ᠤᠨ ᠭᠦᠢ᠍ᠴᠡᠳᠬᠡᠯ ᠲᠤᠭ᠎ᠠ ᠵᠢ ᠵᠦᠢ ᠵᠣᠬᠢᠰᠲᠠᠢ ᠨᠢᠭᠡᠳᠦᠯᠲᠡᠢ ᠲᠥᠯᠥᠪᠯᠡᠨ᠎ᠡ᠃
   79. ᠰᠢᠨ᠎ᠡ᠎ᠪᠠᠷ ᠨᠡᠮᠡᠭᠳᠡᠭᠰᠡᠨ ᠲᠦᠭᠦᠬᠡᠢ ᠡᠳ᠋᠎ᠲᠤ ᠬᠡᠷᠡᠭᠯᠡᠬᠦ ᠡᠨᠧᠷᠭᠢ ᠪᠠ ᠳᠠᠬᠢᠯᠲᠠ ᠡᠨᠧᠷᠭᠢ ᠵᠢᠨ ᠬᠡᠷᠡᠭᠯᠡᠭᠡᠨ᠎ᠤ ᠬᠡᠮᠵᠢᠶ᠎ᠡ ᠵᠢ ᠡᠨᠧᠷᠭᠢ ᠵᠢᠨ ᠬᠤᠷᠣᠭᠳᠠᠯ᠎ᠤᠨ ᠶᠡᠷᠦᠩᠬᠡᠢ ᠬᠡᠮᠵᠢᠶ᠎ᠡ ᠪᠠ ᠬᠦᠴᠦᠯᠡᠴᠡ ᠵᠢᠨ ᠡᠵᠡᠮᠳᠡᠯ᠎ᠳᠤ ᠣᠷᠣᠭᠤᠯᠬᠤ ᠦᠭᠡᠢ ᠲᠥᠷᠥ ᠵᠢᠨ ᠪᠣᠳᠣᠯᠭ᠎ᠠ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠴᠢᠯᠠᠭᠤᠵᠢᠮᠠᠯ᠎ᠤᠨ ᠡᠨᠧᠷᠭᠢ ᠪᠠ ᠳᠠᠬᠢᠯᠲᠠ ᠡᠨᠧᠷᠭᠢ᠂ ᠲᠦᠯᠡᠰᠢ ᠵᠢᠨ ᠬᠥᠳᠡᠯᠭᠡᠭᠴᠢ ᠬᠦᠴᠦᠨ᠎ᠳᠤ ᠬᠡᠷᠡᠭᠯᠡᠬᠦ ᠡᠨᠧᠷᠭᠢ ᠪᠠ ᠲᠦᠭᠦᠬᠡᠢ ᠮᠠᠲ᠋ᠧᠷᠢᠶᠠᠯ᠎ᠳᠤ ᠬᠡᠷᠡᠭᠯᠡᠬᠦ ᠡᠨᠧᠷᠭᠢ᠎ᠳᠤ ᠡᠨᠧᠷᠭᠢ ᠠᠷᠪᠢᠯᠠᠬᠤ ᠬᠢᠨᠠᠨ ᠪᠠᠶ᠋ᠢᠴᠠᠭ᠋ᠠᠯᠲᠠ ᠵᠢᠨ ᠵᠦᠷᠢᠶᠡᠴᠢᠯᠡᠭᠰᠡᠨ ᠲᠦᠷᠦ ᠵᠢᠨ ᠪᠣᠳᠣᠯᠭ᠎ᠠ ᠵᠢ ᠬᠡᠷᠡᠭᠵᠢᠭᠦᠯᠵᠦ᠂ ᠲᠦᠷᠦᠯ ᠵᠦᠢ᠍ᠯ᠎ᠤᠨ ᠡᠨᠧᠷᠭᠢ ᠵᠢᠨ ᠬᠤᠷᠣᠭᠳᠠᠯ᠎ᠤᠨ ᠬᠦᠴᠦᠯᠡᠴᠡ ᠵᠢᠨ ᠨᠥᠯᠥᠭᠡ ᠵᠢ ᠦᠨᠡᠯᠡᠨ ᠵᠢᠱ᠌ᠢᠬᠦ ᠳᠤᠮᠳᠠ᠂ ᠲᠦᠷᠦᠯ ᠵᠦᠢ᠍ᠯ᠎ᠤᠨ ᠲᠦᠭᠦᠬᠡᠢ ᠡᠳ᠋᠎ᠲᠤ ᠬᠡᠷᠡᠭᠯᠡᠬᠦ ᠡᠨᠧᠷᠭᠢ ᠪᠠ ᠳᠠᠬᠢᠯᠲᠠ ᠡᠨᠧᠷᠭᠢ ᠵᠢᠨ ᠬᠡᠷᠡᠭᠯᠡᠭᠡᠨ᠎ᠤ ᠬᠡᠮᠵᠢᠶ᠎ᠡ ᠵᠢ ᠬᠠᠷᠭᠤᠭᠤᠯᠤᠨ ᠬᠠᠰᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠨᠧᠷᠭᠢ ᠵᠢᠨ ᠲᠣᠪᠴᠢᠶ᠎ᠠ)
   80. ᠲᠥᠷᠥᠯ ᠵᠦᠢ᠍ᠯ᠎ᠤᠨ ᠡᠨᠧᠷᠭᠢ ᠠᠷᠪᠢᠯᠠᠬᠤ ᠬᠢᠨᠠᠨ ᠪᠠᠶ᠋ᠢᠴᠠᠭ᠋ᠠᠯᠲᠠ ᠵᠢᠨ ᠡᠨᠧᠷᠭᠢ ᠵᠢᠨ ᠬᠤᠷᠣᠭᠳᠠᠯ᠎ᠤᠨ ᠬᠦᠴᠦᠯᠡᠴᠡ ᠵᠢᠨ ᠬᠡᠪ ᠳᠠᠭᠤᠷᠢᠶᠠᠯ᠎ᠤᠨ ᠬᠡᠮᠵᠢᠭᠳᠡᠯ᠎ᠤᠨ ᠲᠥᠷᠥ ᠵᠢᠨ ᠪᠣᠳᠣᠯᠭ᠎ᠠ ᠵᠢ ᠬᠡᠷᠡᠭᠵᠢᠭᠦᠯᠵᠦ᠂ ᠡᠨᠧᠷᠭᠢ ᠵᠢᠨ ᠬᠤᠷᠣᠭᠳᠠᠯ᠎ᠤᠨ ᠬᠦᠴᠦᠯᠡᠴᠡ ᠵᠢᠨ ᠤᠳᠤᠷᠢᠳᠤᠮᠵᠢ ᠵᠢ ᠲᠣᠪᠤᠶ᠋ᠢᠯᠭ᠋ᠠᠨ᠂ ᠡᠨᠧᠷᠭᠢ ᠵᠢᠨ ᠬᠤᠷᠣᠭᠳᠠᠯ᠎ᠤᠨ ᠬᠦᠴᠦᠯᠡᠴᠡ᠎ᠪᠠᠷ ᠪᠠᠭ᠎ᠠ ᠲᠥᠷᠥᠯ ᠵᠦᠢ᠍ᠯ᠎ᠤᠨ ᠡᠨᠧᠷᠭᠢ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ ᠵᠢ ᠭᠦᠢ᠍ᠴᠡᠳ ᠪᠠᠲᠤᠯᠠᠵᠤ᠂ ᠡᠨᠧᠷᠭᠢ ᠵᠢᠨ ᠬᠤᠷᠣᠭᠳᠠᠯ᠎ᠤᠨ ᠬᠦᠴᠦᠯᠡᠴᠡ᠎ᠪᠠᠷ ᠶᠡᠭᠡ ᠲᠥᠷᠥᠯ ᠵᠦᠢ᠍ᠯ᠎ᠤᠨ ᠨᠥᠯᠥᠭᠡ ᠵᠢ ᠪᠦᠲᠦᠮᠵᠢᠲᠡᠶ ᠠᠷᠢᠯᠭ᠋ᠠᠵᠤ᠂ ᠡᠨᠧᠷᠭᠢ ᠵᠢᠨ ᠬᠤᠷᠣᠭᠳᠠᠯ᠎ᠤᠨ ᠬᠦᠴᠦᠨ ᠵᠦᠢ᠍ᠯ᠎ᠢ ᠬᠥᠲᠥᠯᠥᠨ ᠵᠢᠯᠤᠭᠤᠳᠴᠤ ᠪᠠᠶ᠋ᠢᠭ᠋ᠠᠳ ᠡᠨᠧᠷᠭᠢ ᠵᠢᠨ ᠬᠤᠷᠣᠭᠳᠠᠯ ᠵᠶ᠋ᠠᠷ ᠪᠠᠭ᠎ᠠ᠂ ᠨᠡᠮᠡᠯᠲᠡ ᠥᠷᠲᠡᠭ ᠵᠶ᠋ᠠᠷ ᠥᠨᠳᠥᠷ ᠪᠠᠶ᠋ᠢᠭ᠎ᠠ ᠲᠦᠷᠦᠯ ᠵᠦᠢ᠍ᠯ ᠲᠡᠶ᠋ᠢᠰᠢ ᠳᠦᠬᠦᠷᠵᠢᠭᠦᠯᠦᠨ ᠲᠣᠬᠢᠷᠠᠭᠤᠯᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ)
   81. ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠭᠡ ᠲᠥᠷᠥᠯ ᠵᠦᠢ᠍ᠯ᠎ᠤᠨ ᠡᠨᠧᠷᠭᠢ ᠵᠢᠨ ᠬᠤᠷᠣᠭᠳᠠᠯ᠎ᠢ ᠠᠰ᠎ᠲᠤ᠎ᠨᠢ ᠵᠢᠭᠰᠠᠭ᠋ᠠᠬᠤ ᠵᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠡᠨᠧᠷᠭᠢ ᠵᠢᠨ ᠬᠤᠷᠣᠭᠳᠠᠯ᠎ᠤᠨ ᠭᠦᠢ᠍ᠴᠡᠳᠬᠡᠯ ᠲᠤᠭ᠎ᠠ ᠵᠢ ᠨᠢᠭᠡᠳᠦᠯᠲᠡᠢ ᠲᠥᠯᠥᠪᠯᠡᠬᠦ ᠵᠢ ᠴᠢᠩᠭ᠋ᠠᠳᠬᠠᠨ᠂ ᠴᠢᠬᠤᠯᠠ ᠶᠡᠭᠡ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢᠨ ᠡᠨᠧᠷᠭᠢ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ ᠵᠢ ᠵᠦᠢ ᠵᠣᠬᠢᠰᠲᠠᠢ ᠪᠠᠲᠤᠯᠠᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠡᠨᠧᠷᠭᠢ ᠵᠢᠨ ᠲᠣᠪᠴᠢᠶ᠎ᠠ)
   82. ᠪᠥᠬᠦ ᠣᠷᠣᠨ᠎ᠤ ᠬᠤᠲᠠ ᠪᠠᠯᠭ᠋ᠠᠰᠤ ᠵᠢᠨ ᠶᠡᠷᠦᠩᠬᠡᠢ ᠲᠥᠯᠦᠪᠵᠢᠭᠦᠯᠭᠡ ᠵᠢᠨ ᠣᠷᠣᠨ᠎ᠳᠠᠬᠢ ᠰᠢᠨ᠎ᠡ᠎ᠪᠠᠷ ᠪᠠᠶ᠋ᠢᠭᠤᠯᠬᠤ ᠪᠠᠷᠢᠯᠭ᠎ᠠ᠎ᠳᠤ ᠪᠣᠬᠢᠷᠲᠤᠯ ᠦᠭᠡᠢ ᠪᠠᠷᠢᠯᠭ᠎ᠠ ᠵᠢᠨ ᠪᠠᠷᠢᠮᠵᠢᠶ᠎ᠠ ᠵᠢ ᠪᠥᠬᠦ ᠲᠠᠯ᠎ᠠ᠎ᠪᠠᠷ ᠬᠡᠷᠡᠭᠵᠢᠭᠦᠯᠦᠨ᠎ᠡ᠃ 2024 ᠣᠨ᠎ᠤ ᠰᠡᠭᠦᠯᠴᠢ ᠪᠣᠯᠬᠤ᠎ᠳᠤ᠂ ᠪᠥᠬᠦ ᠣᠷᠣᠨ᠎ᠤ ᠰᠢᠨ᠎ᠡ᠎ᠪᠠᠷ ᠪᠠᠶ᠋ᠢᠭᠤᠯᠤᠭᠰᠠᠨ ᠪᠠᠷᠢᠯᠭ᠎ᠠ᠎ᠳᠠᠬᠢ ᠤᠭᠰᠠᠷᠠᠮᠠᠯ ᠮᠠᠶᠢᠭ᠎ᠤᠨ ᠪᠠᠷᠢᠯᠭ᠎ᠠ ᠵᠢᠨ ᠲᠠᠯᠠᠪᠠᠶ ᠵᠢᠨ ᠡᠵᠡᠯᠡᠬᠦ ᠬᠠᠷᠢᠴᠠᠯ᠎ᠢ 25%᠎ᠳᠤ ᠬᠦᠷᠦᠭᠦᠯᠬᠦ᠎ᠪᠠᠷ ᠴᠢᠷᠮᠠᠶ᠋ᠢᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠢᠩᠬᠢᠮ)
   (ᠳᠥᠷᠪᠡ) ᠮᠥᠩᠭᠦᠨ ᠭᠦᠢ᠍ᠯᠭᠡᠭᠡᠨ᠎ᠤ ᠦᠢ᠍ᠯᠡᠴᠢᠯᠡᠭᠡᠨ᠎ᠤ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃
   83. ᠲᠤᠬᠠᠢ ᠵᠢᠨ ᠵᠢᠯ᠎ᠳᠤ ᠵᠢᠵᠢᠭ ᠪᠢᠴᠢᠯ ᠠᠵᠤ ᠠᠬᠤᠶ᠋ᠢᠯᠠᠯ ᠪᠠ 《ᠲᠠᠷᠢᠶᠠᠯᠠᠩ ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠨ》᠎ᠤ ᠭᠤᠣᠯ ᠴᠣᠭᠴᠠ ᠵᠢ ᠳᠡᠮᠵᠢᠵᠦ ᠪᠠᠶ᠋ᠢᠭ᠋ᠠᠳ ᠪᠡᠯᠡ ᠲᠣᠬᠢᠷᠠᠭᠤᠯᠭ᠎ᠠ ᠵᠢᠨ ᠪᠠᠲᠤᠯᠠᠨ ᠳᠠᠭ᠋ᠠᠭ᠋ᠠᠯᠲᠠ (ᠳᠠᠬᠢᠨ ᠪᠠᠲᠤᠯᠠᠨ ᠳᠠᠭ᠋ᠠᠭ᠋ᠠᠯᠲᠠ)᠎ᠨᠢ ᠲᠣᠭᠲᠠᠭ᠋ᠠᠭᠰᠠᠨ ᠨᠥᠬᠦᠴᠡᠯ᠎ᠳᠤ ᠬᠦᠷᠦᠭᠰᠡᠨ ᠪᠡᠯᠡ ᠲᠣᠬᠢᠷᠠᠭᠤᠯᠭ᠎ᠠ ᠵᠢᠨ ᠪᠠᠲᠤᠯᠠᠨ ᠳᠠᠭ᠋ᠠᠭ᠋ᠠᠯᠲᠠ ᠵᠢᠨ ᠺᠣᠮᠫᠠᠨᠢ᠎ᠳᠤ᠂ ᠲᠤᠬᠠᠢ ᠵᠢᠨ ᠵᠢᠯ᠎ᠳᠠᠬᠢ ᠵᠢᠵᠢᠭ ᠪᠢᠴᠢᠯ ᠠᠵᠤ ᠠᠬᠤᠶ᠋ᠢᠯᠠᠯ ᠪᠠ 《ᠲᠠᠷᠢᠶᠠᠯᠠᠩ ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠨ》᠎ᠤ ᠭᠤᠣᠯ ᠴᠣᠭᠴᠠ ᠵᠢᠨ ᠪᠠᠲᠤᠯᠠᠨ ᠳᠠᠭ᠋ᠠᠭ᠋ᠠᠯᠲᠠ (ᠳᠠᠬᠢᠨ ᠪᠠᠲᠤᠯᠠᠨ ᠳᠠᠭ᠋ᠠᠭ᠋ᠠᠯᠲᠠ) ᠵᠢᠨ ᠰᠢᠨ᠎ᠡ᠎ᠪᠠᠷ ᠨᠡᠮᠡᠭᠳᠡᠭᠰᠡᠨ ᠬᠠᠷᠢᠭᠤᠴᠠᠯᠭ᠋ᠠᠲᠤ ᠵᠣᠭᠤᠰᠤᠨ ᠲᠤᠭ᠎ᠠ ᠵᠢᠨ 1%᠎ᠪᠠᠷ ᠲᠦᠭᠰᠢᠭᠦᠷᠢ ᠵᠢᠨ ᠨᠥᠬᠦᠪᠦᠷᠢ ᠥᠭᠴᠦ᠂ ᠭᠠᠭᠴᠠ ᠡᠷᠦᠬᠡ᠎ᠳᠤ ᠬᠠᠮᠤᠭ᠎ᠤᠨ ᠢᠯᠡᠭᠦᠦ᠎ᠳᠤ᠎ᠪᠠᠨ 500 ᠲᠦᠮᠡᠨ ᠲᠥᠭᠦᠷᠢᠭ᠎ᠠᠴᠠ ᠳᠠᠪᠠᠭᠤᠯᠬᠤ ᠦᠭᠡᠢ᠃ ᠲᠤᠬᠠᠢ ᠵᠢᠨ ᠵᠢᠯ᠎ᠳᠤ ᠬᠤᠷᠢᠶᠠᠭᠰᠠᠨ ᠵᠢᠵᠢᠭ ᠪᠢᠴᠢᠯ ᠠᠵᠤ ᠠᠬᠤᠶ᠋ᠢᠯᠠᠯ ᠪᠠ 《ᠲᠠᠷᠢᠶᠠᠯᠠᠩ ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠳ》᠎ᠤᠨ ᠭᠤᠣᠯ ᠴᠣᠭᠴᠠ ᠵᠢᠨ ᠪᠠᠲᠤᠯᠠᠨ ᠳᠠᠭ᠋ᠠᠭ᠋ᠠᠯᠲᠠ (ᠳᠠᠬᠢᠨ ᠪᠠᠲᠤᠯᠠᠨ ᠳᠠᠭ᠋ᠠᠭ᠋ᠠᠯᠲᠠ) ᠵᠢᠨ ᠰᠢᠨ᠎ᠡ᠎ᠪᠠᠷ ᠨᠡᠮᠡᠭᠳᠡᠭᠰᠡᠨ ᠵᠠᠷᠤᠳᠠᠯ᠎ᠤᠨ ᠨᠣᠷᠮ᠎ᠠ᠎ᠨᠢ 1% (ᠪᠠᠭᠲᠠᠨ᠎ᠠ)᠎ᠠᠴᠠ ᠳᠣᠷᠣᠭᠰᠢ ᠪᠠᠶ᠋ᠢᠪᠠᠯ᠂ ᠲᠤᠬᠠᠢ ᠵᠢᠨ ᠵᠢᠯ᠎ᠤᠨ ᠪᠠᠲᠤᠯᠠᠨ ᠳᠠᠭ᠋ᠠᠭ᠋ᠠᠯᠲᠠ ᠵᠢᠨ ᠵᠠᠷᠤᠳᠠᠯ᠎ᠤᠨ ᠣᠷᠣᠯᠭ᠎ᠠ (ᠭᠠᠶ᠋ᠢᠯᠢ ᠵᠢᠨ ᠮᠥᠩᠭᠦ ᠪᠠᠭᠲᠠᠬᠤ ᠦᠭᠡᠢ) ᠵᠢᠨ 10%᠎ᠪᠠᠷ ᠪᠠᠲᠤᠯᠠᠨ ᠳᠠᠭ᠋ᠠᠭ᠋ᠠᠯᠲᠠ ᠵᠢᠨ ᠵᠠᠷᠤᠳᠠᠯ᠎ᠤᠨ ᠨᠥᠬᠦᠪᠦᠷᠢ ᠣᠯᠭᠤᠨ᠎ᠠ᠃ [ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠦᠨ ᠭᠦᠢ᠍ᠯᠭᠡᠭᠡᠨ᠎ᠤ ᠬᠠᠮᠢᠶᠠᠷᠤᠯᠲᠠ ᠵᠢᠨ ᠲᠣᠪᠴᠢᠶ᠎ᠠ᠂ ᠡᠳ᠋᠎ᠤᠨ ᠵᠠᠰᠠᠭ᠎ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)]
   84. ᠲᠠᠷᠢᠶᠠᠯᠠᠩ ᠮᠠᠯ ᠠᠵᠤ ᠠᠬᠤᠢ ᠵᠢᠨ ᠡᠵᠡᠩᠨᠡᠯᠲᠡ ᠵᠢᠨ ᠭᠤᠣᠯ ᠴᠣᠭᠴᠠ ᠵᠢᠨ ᠪᠡᠯᠡ ᠲᠣᠬᠢᠷᠠᠭᠤᠯᠭ᠎ᠠ ᠵᠢ ᠳᠡᠮᠵᠢᠵᠦ᠂ ᠪᠡᠯᠡ ᠲᠣᠬᠢᠷᠠᠭᠤᠯᠬᠤ ᠥᠪᠡᠷ᠎ᠤᠨ ᠥᠷᠲᠡᠭ᠎ᠢ ᠬᠠᠮᠤᠭ᠎ᠤᠨ ᠥᠨᠳᠥᠷ᠎ᠲᠤ᠎ᠪᠠᠨ 8%᠎ᠠᠴᠠ ᠥᠯᠥ ᠳᠠᠪᠠᠭᠤᠯᠬᠤ ᠪᠠᠷᠢᠮᠵᠢᠶ᠎ᠠ ᠶᠣᠰᠣᠭ᠋ᠠᠷ᠂ ᠭᠤᠣᠯᠳᠠᠭᠤ ᠭᠡᠷ ᠪᠦᠯᠢ ᠵᠢᠨ ᠲᠠᠷᠢᠶᠠᠯᠠᠩ᠎ᠤᠨ ᠲᠠᠯᠠᠪᠠᠶ᠂ ᠳᠠᠷᠢᠵᠤ ᠲᠡᠵᠢᠭᠡᠬᠦ ᠲᠣᠮᠣ ᠡᠷᠦᠬᠡ᠂ ᠲᠠᠷᠢᠶᠠᠴᠢᠨ ᠮᠠᠯᠴᠢᠨ᠎ᠤ ᠬᠤᠷᠰᠢᠶ᠎ᠠ ᠵᠡᠷᠭᠡ ᠵᠣᠬᠢᠬᠤ ᠬᠡᠪᠴᠢᠶᠡᠲᠦ ᠰᠢᠨ᠎ᠡ ᠬᠡᠯᠪᠡᠷᠢ ᠵᠢᠨ ᠡᠵᠡᠩᠨᠡᠯᠲᠡ ᠵᠢᠨ ᠭᠤᠣᠯ ᠴᠣᠭᠴᠠ᠎ᠳᠤ 10 ᠲᠦᠮᠡᠨ ᠲᠥᠭᠦᠷᠢᠭ᠎ᠠᠴᠠ 300 ᠲᠦᠮᠡᠨ ᠲᠥᠭᠦᠷᠢᠭ᠎ᠤᠨ ᠪᠠᠲᠤᠯᠠᠨ ᠳᠠᠭ᠋ᠠᠭ᠋ᠠᠯᠲᠠᠲᠤ ᠵᠢᠭᠡᠯᠡᠯᠭᠡ ᠵᠢ ᠬᠠᠩᠭ᠋ᠠᠨ᠎ᠠ᠃ [ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠂ ᠣᠷᠣᠨ ᠨᠤᠲᠤᠭ᠎ᠤᠨ ᠮᠥᠩᠭᠦᠨ ᠭᠦᠢ᠍ᠯᠭᠡᠭᠡᠨ᠎ᠤ ᠬᠠᠮᠢᠶᠠᠷᠤᠯᠲᠠ ᠵᠢᠨ ᠲᠣᠪᠴᠢᠶ᠎ᠠ᠂ ᠳᠤᠮᠳᠠᠳᠤ ᠤᠯᠤᠰ᠎ᠤᠨ ᠠᠷᠠᠳ᠎ᠤᠨ ᠪᠠᠩᠬᠢ ᠵᠢᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠪᠠᠩᠬᠢ᠂ ᠤᠯᠤᠰ᠎ᠤᠨ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶᠠᠨ᠎ᠤ ᠥᠪᠥᠷ ᠮᠣᠩᠭᠤᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ]
   85. ᠲᠠᠷᠢᠶᠠᠯᠠᠩ᠎ᠤᠨ ᠳᠠᠭ᠋ᠠᠳᠬᠠᠯ᠎ᠤᠨ ᠳᠡᠮᠵᠢᠯᠭᠡ ᠵᠢᠨ ᠡᠷᠴᠢᠮ᠎ᠢ ᠴᠢᠩᠭ᠋ᠠᠷᠠᠭᠤᠯᠵᠤ᠂ ᠠᠮᠤ ᠪᠤᠳᠠᠭ᠋ᠠᠨ᠎ᠤ ᠤᠨᠠᠯᠲᠠ ᠥᠨᠳᠥᠷ ᠰᠢᠶᠠᠨ᠎ᠳᠤ ᠠᠮᠤ ᠪᠤᠳᠠᠭ᠋ᠠᠨ᠎ᠤ ᠭᠤᠷᠪᠠᠨ ᠶᠡᠭᠡ ᠲᠠᠷᠢᠮᠠᠯ᠎ᠤᠨ ᠪᠦᠷᠢᠨ ᠥᠪᠡᠷ᠎ᠤᠨ ᠥᠷᠲᠡᠭ᠎ᠤᠨ ᠳᠠᠭ᠋ᠠᠳᠬᠠᠯ ᠪᠤᠶᠤ ᠲᠠᠷᠢᠮᠠᠯ᠎ᠤᠨ ᠣᠷᠣᠯᠭ᠎ᠠ ᠵᠢᠨ ᠳᠠᠭ᠋ᠠᠳᠬᠠᠯ᠎ᠢ ᠬᠡᠷᠡᠭᠵᠢᠭᠦᠯᠵᠦ᠂ ᠲᠥᠪ ᠪᠠ ᠥᠪᠡᠷᠲᠡᠭᠡᠨ ᠵᠠᠰᠠᠬᠤ ᠣᠷᠣᠨ᠎ᠠᠴᠠ ᠲᠣᠰ ᠲᠣᠰ 45% ᠪᠠ 30% ᠵᠢᠨ ᠳᠠᠭ᠋ᠠᠳᠬᠠᠯ᠎ᠤᠨ ᠵᠠᠷᠤᠳᠠᠯ᠎ᠤᠨ ᠨᠡᠮᠡᠭᠦᠷᠢ ᠵᠢ ᠡᠭᠦᠷᠭᠡᠯᠡᠨ᠎ᠡ᠃ ᠨᠤᠲᠤᠭ ᠪᠡᠯᠴᠢᠭᠡᠷ᠎ᠤᠨ ᠳᠠᠭ᠋ᠠᠳᠬᠠᠯ᠎ᠤᠨ ᠲᠤᠷᠰᠢᠯᠲᠠ ᠵᠢᠨ ᠲᠥᠷᠥ ᠵᠢᠨ ᠪᠣᠳᠣᠯᠭ᠎ᠠ ᠵᠢ ᠬᠡᠷᠡᠭᠵᠢᠭᠦᠯᠵᠦ᠂ ᠨᠤᠲᠤᠭ ᠪᠡᠯᠴᠢᠭᠡᠷ᠎ᠤᠨ ᠳᠠᠭ᠋ᠠᠳᠬᠠᠯ᠎ᠤᠨ ᠡᠷᠡᠭᠦᠯ ᠵᠶ᠋ᠠᠷ ᠬᠥᠭᠵᠢᠬᠦ ᠵᠢ ᠠᠬᠢᠭᠤᠯᠤᠨ᠎ᠠ᠃ [ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠂ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠤᠯᠤᠰ᠎ᠤᠨ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶᠠᠨ᠎ᠤ ᠥᠪᠥᠷ ᠮᠣᠩᠭᠤᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ)
   86. ᠥᠪᠡᠷᠲᠡᠭᠡᠨ ᠵᠠᠰᠠᠬᠤ ᠣᠷᠣᠨ᠎ᠤ ᠠᠮᠤ ᠪᠤᠳᠠᠭ᠎ᠠ ᠬᠤᠳᠠᠯᠳᠤᠨ ᠠᠪᠬᠤ ᠵᠢᠭᠡᠯᠡᠯᠭᠡ ᠵᠢᠨ ᠢᠲᠡᠭᠡᠮᠵᠢ ᠵᠢᠨ ᠪᠠᠲᠤᠯᠠᠭ᠎ᠠ ᠵᠢᠨ ᠰᠠᠭᠤᠷᠢ ᠮᠥᠩᠭᠦᠨ᠎ᠤ ᠦᠢ᠍ᠯᠡᠳᠦᠯ᠎ᠢ ᠦᠷᠭᠦᠯᠵᠢᠯᠡᠨ ᠪᠠᠳᠠᠷᠠᠭᠤᠯᠵᠤ᠂ ᠲᠠᠷᠢᠶᠠᠯᠠᠩ᠎ᠤᠨ ᠬᠥᠭᠵᠢᠭᠦᠯᠦᠯᠲᠡ ᠵᠢᠨ ᠪᠠᠩᠬᠢ ᠵᠢᠨ ᠠᠮᠤ ᠪᠤᠳᠠᠭ᠋ᠠᠨ᠎ᠤ ᠠᠵᠤ ᠠᠬᠤᠶ᠋ᠢᠯᠠᠯ᠎ᠤᠨ ᠠᠮᠤ ᠪᠤᠳᠠᠭ᠎ᠠ ᠵᠠᠬ᠎ᠠ ᠳᠡᠯᠭᠡᠭᠦᠷᠴᠢᠯᠡᠨ ᠬᠤᠳᠠᠯᠳᠤᠨ ᠠᠪᠬᠤ᠎ᠳᠤ ᠨᠠᠩ ᠶᠡᠭᠡ ᠬᠡᠪᠴᠢᠶᠡᠨ᠎ᠤ ᠪᠡᠯᠡ ᠲᠣᠬᠢᠷᠠᠭᠤᠯᠭ᠎ᠠ ᠵᠢᠨ ᠢᠲᠡᠭᠡᠮᠵᠢ ᠵᠢ ᠨᠡᠮᠡᠭᠳᠡᠭᠦᠯᠬᠦ ᠵᠢ᠎ᠨᠢ ᠳᠡᠮᠵᠢᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ᠂ ᠡᠳ᠋᠎ᠤᠨ ᠵᠠᠰᠠᠭ᠎ᠤᠨ ᠲᠢᠩᠬᠢᠮ᠂ ᠤᠯᠤᠰ᠎ᠤᠨ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶᠠᠨ᠎ᠤ ᠥᠪᠥᠷ ᠮᠣᠩᠭᠤᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠲᠠᠷᠢᠶᠠᠯᠠᠩ᠎ᠤᠨ ᠬᠥᠭᠵᠢᠭᠦᠯᠦᠯᠲᠡ ᠵᠢᠨ ᠪᠠᠩᠬᠢ ᠵᠢᠨ ᠥᠪᠥᠷ ᠮᠣᠩᠭᠤᠯ᠎ᠤᠨ ᠬᠤᠪᠢᠶᠠᠷᠢ ᠪᠠᠩᠬᠢ)
   87. 2024 ᠣᠨ᠎ᠳᠤ ᠥᠪᠡᠷᠲᠡᠭᠡᠨ ᠵᠠᠰᠠᠬᠤ ᠣᠷᠣᠨ᠎ᠤ ᠭᠤᠣᠯᠳᠠᠯᠭ᠎ᠠ᠎ᠲᠠᠢ ᠠᠵᠤ ᠦᠢ᠍ᠯᠡᠰ᠎ᠤᠨ ᠬᠥᠭᠵᠢᠯᠲᠡ ᠵᠢᠨ ᠬᠥᠲᠥᠯᠥᠨ ᠵᠢᠯᠤᠭᠤᠳᠬᠤ ᠰᠠᠭᠤᠷᠢ ᠮᠥᠩᠭᠦ ᠵᠢ 2 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠲᠡᠷᠢᠭᠦᠨ᠎ᠤ ᠦᠢ᠍ᠯᠡᠳᠬᠦ ᠦᠢ᠍ᠯᠡᠰ᠎ᠤᠨ ᠪᠦᠯᠦᠭᠵᠢᠯ ᠪᠠ ᠠᠵᠤ ᠦᠢ᠍ᠯᠡᠰ᠎ᠤᠨ ᠬᠡᠯᠬᠢᠶᠡᠨ᠎ᠤ ᠴᠢᠬᠤᠯᠠ ᠶᠡᠭᠡ ᠲᠥᠷᠥᠯ ᠵᠦᠢ᠍ᠯ᠎ᠢ ᠵᠠᠬ᠎ᠠ ᠳᠡᠯᠭᠡᠭᠦᠷᠴᠢᠯᠡᠬᠦ ᠠᠷᠭ᠎ᠠ ᠮᠠᠶᠢᠭ ᠵᠶ᠋ᠠᠷ ᠳᠡᠮᠵᠢᠨ᠎ᠡ᠃ ᠰᠢᠨ᠎ᠡ ᠡᠨᠧᠷᠭᠢ ᠵᠢᠨ ᠲᠤᠨᠤᠭ ᠲᠥᠬᠦᠭᠡᠷᠦᠮᠵᠢ ᠦᠢ᠍ᠯᠡᠳᠬᠦ ᠠᠵᠤ ᠦᠢ᠍ᠯᠡᠰ᠎ᠤᠨ ᠰᠠᠭᠤᠷᠢ ᠮᠥᠩᠭᠦ ᠵᠢ ᠳᠠᠭ᠋ᠠᠭ᠋ᠠᠨ ᠲᠤᠰᠢᠶᠠᠵᠤ ᠪᠣᠳᠠᠲᠠᠶ᠋ᠢᠵᠢᠭᠤᠯᠬᠤ ᠵᠢ ᠠᠬᠢᠭᠤᠯᠵᠤ᠂ ᠰᠢᠨ᠎ᠡ ᠡᠨᠧᠷᠭᠢ ᠵᠢᠨ ᠲᠤᠨᠤᠭ ᠲᠥᠬᠦᠭᠡᠷᠦᠮᠵᠢ ᠦᠢ᠍ᠯᠡᠳᠬᠦ ᠴᠢᠬᠤᠯᠠ ᠶᠡᠭᠡ ᠲᠦᠷᠦᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢ ᠭᠤᠣᠯᠳᠠᠯᠭ᠎ᠠ᠎ᠲᠠᠢ ᠲᠡᠮᠵᠢᠨ᠎ᠠ᠃ ᠨᠢᠭᠡᠨᠲᠡ ᠪᠠᠶ᠋ᠢᠭ᠎ᠠ ᠠᠵᠤ ᠦᠢ᠍ᠯᠡᠰ᠎ᠢ ᠬᠦᠴᠦᠷᠬᠡᠭᠵᠢᠭᠦᠯᠬᠦ᠂ ᠰᠢᠨ᠎ᠡ᠎ᠪᠠᠷ ᠪᠣᠶ ᠪᠣᠯᠬᠤ ᠠᠵᠤ ᠦᠢ᠍ᠯᠡᠰ᠎ᠢ ᠨᠡᠪᠴᠢᠭᠦᠯᠬᠦ᠂ ᠢᠷᠡᠭᠡᠳᠦᠢ ᠵᠢᠨ ᠠᠵᠤ ᠦᠢ᠍ᠯᠡᠰ᠎ᠢ ᠡᠵᠡᠮᠰᠢᠬᠦ᠎ᠳᠤ ᠦᠵᠡᠭᠦᠯᠬᠦ ᠣᠲᠣ ᠵᠢᠨ ᠪᠠᠶ᠋ᠢᠭ᠎ᠠ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠦᠨ᠎ᠤ ᠦᠢ᠍ᠯᠡᠳᠦᠯ᠎ᠢ ᠪᠠᠳᠠᠷᠠᠭᠤᠯᠵᠤ᠂ ᠠᠮᠢᠳᠤ ᠪᠣᠳᠠᠰ᠎ᠤᠨ ᠡᠮ ᠡᠮᠨᠡᠯᠭᠡ ᠵᠢᠨ ᠰᠢᠨ᠎ᠡ ᠵᠢ ᠡᠭᠦᠳᠦᠨ ᠰᠤᠳᠤᠯᠤᠨ ᠨᠡᠭᠡᠭᠡᠬᠦ ᠲᠠᠪᠴᠠᠩ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠤᠨ᠂ ᠥᠪᠡᠷᠲᠡᠭᠡᠨ ᠵᠠᠰᠠᠬᠤ ᠣᠷᠣᠨ᠎ᠤ ᠠᠮᠢᠳᠤ ᠪᠣᠳᠠᠰ᠎ᠤᠨ ᠡᠮ ᠡᠮᠨᠡᠯᠭᠡ ᠵᠢᠨ ᠠᠵᠤ ᠦᠢ᠍ᠯᠡᠰ᠎ᠤᠨ ᠪᠦᠲᠦᠴᠡ ᠵᠢᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠬᠦ ᠵᠢ ᠠᠬᠢᠭᠤᠯᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ)
   88. ᠤᠷᠤᠰᠤᠩᠭᠤᠢ ᠴᠢᠨᠠᠷᠲᠠᠢ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠰᠠᠭᠤᠷᠢ ᠮᠥᠩᠭᠦ ᠪᠠ ᠬᠦᠴᠢᠷᠳᠡᠯ᠎ᠢ ᠲᠠᠶ᠋ᠢᠯᠬᠤ ᠬᠥᠭᠵᠢᠯᠲᠡ ᠵᠢᠨ ᠰᠠᠭᠤᠷᠢ ᠮᠥᠩᠭᠦᠨ᠎ᠤ ᠦᠢ᠍ᠯᠡᠳᠦᠯ᠎ᠢ ᠪᠦᠲᠦᠮᠵᠢᠲᠡᠶ ᠪᠠᠳᠠᠷᠠᠭᠤᠯᠵᠤ᠂ ᠠᠵᠤ ᠠᠬᠤᠶ᠋ᠢᠯᠠᠯ᠎ᠢ ᠳᠡᠮᠵᠢᠨ ᠬᠦᠴᠢᠷᠳᠡᠯ᠎ᠢ᠎ᠨᠢ ᠲᠠᠶ᠋ᠢᠯᠬᠤ ᠡᠷᠴᠢᠮ ᠵᠶ᠋ᠠᠨ ᠴᠢᠩᠭ᠋ᠠᠷᠠᠭᠤᠯᠵᠤ᠂ ᠠᠵᠤ ᠠᠬᠤᠶ᠋ᠢᠯᠠᠯ᠎ᠤᠨ ᠤᠷᠤᠰᠤᠩᠭᠤᠢ ᠴᠢᠨᠠᠷᠲᠠᠢ ᠲᠦᠭᠰᠢᠭᠦᠷᠢ ᠪᠠ ᠪᠠᠲᠤᠯᠠᠭ᠎ᠠ᠎ᠲᠠᠢ ᠵᠣᠭᠤᠰ ᠰᠣᠯᠢᠵᠤ ᠥᠭᠬᠦ᠂ ᠢᠲᠡᠭᠡᠮᠵᠢ ᠵᠢᠨ ᠥᠷᠢ ᠥᠭᠴᠡᠭᠡ ᠵᠢᠨ ᠵᠣᠭᠤᠰ ᠰᠣᠯᠢᠵᠤ ᠥᠭᠬᠦ ᠭᠡᠷ᠎ᠡ᠎ᠠᠴᠠ ᠵᠥᠷᠢᠴᠡᠬᠦ ᠲᠦᠭᠰᠢᠭᠦᠷᠢ ᠵᠢ ᠠᠯᠭᠤᠷᠯᠠᠨ ᠨᠠᠮᠳᠠᠭ᠋ᠠᠬᠤ ᠬᠡᠷᠡᠭᠲᠡᠢ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠂ ᠣᠷᠣᠨ ᠨᠤᠲᠤᠭ᠎ᠤᠨ ᠮᠥᠩᠭᠦᠨ ᠭᠦᠢ᠍ᠯᠭᠡᠭᠡᠨ᠎ᠤ ᠬᠠᠮᠢᠶᠠᠷᠤᠯᠲᠠ ᠵᠢᠨ ᠲᠣᠪᠴᠢᠶ᠎ᠠ)
   89. ᠠᠷᠠᠳ᠎ᠤᠨ ᠵᠣᠭᠤᠰᠤᠨ᠎ᠤ ᠭᠤᠪᠢᠭᠤᠯᠭ᠎ᠠ ᠵᠢᠨ ᠨᠤᠷᠮ᠎ᠠ ᠵᠢᠨ ᠬᠤᠣᠰ ᠴᠢᠭᠯᠡᠯ᠎ᠤᠨ ᠬᠡᠯᠪᠡᠯᠵᠡᠯ᠎ᠢ ᠪᠦᠲᠦᠮᠵᠢᠲᠡᠶ᠎ᠪᠠᠷ ᠠᠷᠭ᠋ᠠᠴᠠᠭ᠋ᠠᠵᠤ᠂ ᠭᠤᠪᠢᠭᠤᠯᠭ᠎ᠠ ᠵᠢᠨ ᠨᠤᠷᠮ᠎ᠠ ᠵᠢᠨ ᠲᠦᠭᠰᠢᠭᠦᠷᠢ᠎ᠠᠴᠠ ᠵᠠᠶ᠋ᠢᠯᠠᠬᠤ ᠲᠦᠷᠦ ᠵᠢᠨ ᠪᠣᠳᠣᠯᠭ᠎ᠠ ᠵᠢᠴᠢ ᠭᠤᠪᠢᠭᠤᠯᠭ᠎ᠠ ᠵᠢᠨ ᠨᠤᠷᠮ᠎ᠠ ᠵᠢᠨ ᠲᠦᠭᠰᠢᠭᠦᠷᠢ ᠵᠢᠨ ᠬᠠᠮᠢᠶᠠᠷᠤᠯᠲᠠ ᠵᠢᠨ ᠨᠡᠷᠡᠳᠭᠦᠨ᠎ᠢ ᠳᠡᠯᠭᠡᠷᠡᠭᠦᠯᠬᠦ ᠵᠢ᠎ᠨᠢ ᠲᠡᠮᠵᠢᠵᠤ᠂ ᠪᠠᠩᠬᠢ ᠵᠢᠨ ᠵᠠᠷᠤᠳᠠᠯ ᠰᠦᠢ᠍ᠳᠬᠡᠯ᠎ᠢ ᠪᠠᠭᠤᠷᠠᠭᠤᠯᠬᠤ᠎ᠪᠠᠷ ᠠᠰᠢᠭ ᠣᠯᠭᠤᠬᠤ ᠵᠢ ᠵᠣᠷᠢᠭᠵᠢᠭᠤᠯᠵᠤ᠂ ᠭᠠᠳᠠᠭ᠋ᠠᠳᠤ᠎ᠲᠠᠢ ᠬᠤᠯᠪᠣᠭᠳᠠᠬᠤ ᠠᠵᠤ ᠠᠬᠤᠶ᠋ᠢᠯᠠᠯ᠎ᠢ ᠬᠥᠲᠥᠯᠥᠨ ᠵᠢᠯᠤᠭᠤᠳᠴᠤ ᠪᠠᠶ᠋ᠢᠭ᠋ᠠᠳ ᠲᠦᠭᠰᠢᠭᠦᠷᠢ ᠵᠢᠨ ᠰᠠᠭ᠋ᠠᠷᠮᠠᠭ ᠴᠢᠨᠠᠷ᠎ᠤᠨ ᠤᠬᠠᠮᠰᠠᠷ᠎ᠢ ᠪᠣᠢ ᠪᠣᠯᠭ᠋ᠠᠵᠤ᠂ ᠠᠵᠤ ᠠᠬᠤᠶ᠋ᠢᠯᠠᠯ᠎ᠤᠨ ᠭᠤᠪᠢᠭᠤᠯᠭ᠎ᠠ ᠵᠢᠨ ᠲᠦᠭᠰᠢᠭᠦᠷᠢ ᠵᠢᠨ ᠬᠠᠮᠢᠶᠠᠷᠤᠯᠲᠠ ᠵᠢᠨ ᠴᠢᠳᠠᠪᠤᠷᠢ ᠬᠢᠭᠡᠳ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠵᠢᠵᠢᠭ ᠪᠢᠴᠢᠯ ᠠᠵᠤ ᠠᠬᠤᠶ᠋ᠢᠯᠠᠯ᠎ᠤᠨ ᠭᠤᠪᠢᠭᠤᠯᠭ᠎ᠠ ᠵᠢᠨ ᠨᠤᠷᠮ᠎ᠠ ᠵᠢᠨ ᠲᠦᠭᠰᠢᠭᠦᠷᠢ᠎ᠠᠴᠠ ᠵᠠᠶ᠋ᠢᠯᠠᠬᠤ ᠲᠦᠷᠦ ᠵᠢᠨ ᠪᠣᠳᠣᠯᠭ᠎ᠠ ᠵᠢᠨ ᠴᠢᠨᠠᠷᠲᠠᠢ ᠪᠠᠲᠤᠯᠠᠨ ᠳᠠᠭ᠋ᠠᠭ᠋ᠠᠯᠲᠠ ᠵᠢᠨ ᠲᠣᠭᠲᠠᠴᠠ ᠵᠢ ᠠᠬᠢᠭᠤᠯᠤᠨ ᠪᠣᠳᠠᠲᠠᠶ᠋ᠢᠵᠢᠭᠤᠯᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠦᠨ ᠭᠦᠢ᠍ᠯᠭᠡᠭᠡᠨ᠎ᠤ ᠬᠠᠮᠢᠶᠠᠷᠤᠯᠲᠠ ᠵᠢᠨ ᠲᠣᠪᠴᠢᠶ᠎ᠠ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠳᠤᠮᠳᠠᠳᠤ ᠤᠯᠤᠰ᠎ᠤᠨ ᠠᠷᠠᠳ᠎ᠤᠨ ᠪᠠᠩᠬᠢ ᠵᠢᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠪᠠᠩᠬᠢ᠂ ᠤᠯᠤᠰ᠎ᠤᠨ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶᠠᠨ᠎ᠤ ᠥᠪᠥᠷ ᠮᠣᠩᠭᠤᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ)
   90. ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ᠎ᠬᠢᠨ᠎ᠤ ᠠᠵᠤ ᠠᠬᠤᠶ᠋ᠢᠯᠠᠯ᠎ᠤᠨ ᠪᠡᠯᠡ ᠲᠣᠬᠢᠷᠠᠭᠤᠯᠭ᠎ᠠ ᠬᠢᠬᠦ ᠥᠪᠡᠷ᠎ᠤᠨ ᠥᠷᠲᠡᠭ ᠵᠶ᠋ᠠᠨ ᠪᠠᠭᠤᠷᠠᠭᠤᠯᠬᠤ ᠵᠢ ᠵᠣᠷᠢᠭᠵᠢᠭᠤᠯᠵᠤ᠂ ᠬᠠᠷᠢᠶ᠎ᠠ ᠣᠷᠣᠨ᠎ᠳᠠᠬᠢ ᠣᠷᠣᠨ ᠨᠤᠲᠤᠭ᠎ᠤᠨ ᠬᠠᠤᠯᠢ ᠵᠢᠨ ᠡᠷᠬᠡᠲᠡᠨ᠎ᠤ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ᠎ᠬᠢᠨ᠎ᠤ ᠵᠢᠭᠡᠯᠡᠯᠭᠡ ᠵᠢᠨ ᠵᠠᠬ᠎ᠠ ᠳᠡᠯᠭᠡᠭᠦᠷ᠎ᠤᠨ ᠮᠡᠳᠡᠭᠡᠯᠡᠭᠰᠡᠨ ᠦᠨ᠎ᠡ ᠵᠢᠨ ᠬᠦᠦ ᠮᠥᠩᠭᠦᠨ᠎ᠤ ᠨᠣᠷᠮ᠎ᠠ (LPR) ᠵᠢ ᠳᠣᠲᠣᠭ᠋ᠠᠳᠤ ᠵᠢᠨ ᠪᠡᠯᠡ ᠮᠥᠩᠭᠦ᠎ᠪᠠᠨ ᠰᠢᠯᠵᠢᠭᠦᠯᠦᠨ ᠦᠨ᠎ᠡ ᠲᠣᠭᠲᠠᠭ᠋ᠠᠬᠤ (FTP)᠎ᠳᠤ ᠰᠢᠭᠢᠳᠬᠡᠨ ᠣᠷᠣᠭᠤᠯᠬᠤ ᠵᠢ᠎ᠨᠢ ᠳᠡᠮᠵᠢᠵᠦ᠂ ᠵᠢᠭᠡᠯᠡᠯᠭᠡ ᠲᠠᠯᠪᠢᠬᠤ ᠪᠠᠶ᠋ᠢᠭᠤᠯᠤᠮᠵᠢ ᠵᠢᠨ ᠵᠢᠭᠡᠯᠡᠯᠭᠡ ᠵᠢᠨ ᠣᠨ᠎ᠤ ᠬᠦᠦ ᠮᠥᠩᠭᠦᠨ᠎ᠤ ᠨᠣᠷᠮ᠎ᠠ ᠵᠢ ᠱᠠᠭ᠋ᠠᠷᠳᠠᠯᠭ᠎ᠠ ᠶᠣᠰᠣᠭ᠋ᠠᠷ ᠲᠣᠳᠣᠷᠬᠠᠢ ᠢᠯᠡᠷᠬᠡᠶ᠋ᠢᠯᠡᠬᠦ᠎ᠳᠤ ᠦᠷᠭᠦᠯᠵᠢᠯᠡᠨ ᠬᠢᠨᠠᠯᠲᠠ ᠲᠠᠯᠪᠢᠨ᠎ᠠ᠃ (ᠬᠠᠷᠢᠭᠤᠴᠠᠯᠭ᠋ᠠᠲᠤ ᠨᠢᠭᠡᠴᠢ᠄ ᠳᠤᠮᠳᠠᠳᠤ ᠤᠯᠤᠰ᠎ᠤᠨ ᠠᠷᠠᠳ᠎ᠤᠨ ᠪᠠᠩᠬᠢ ᠵᠢᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠪᠠᠩᠬᠢ᠂ ᠤᠯᠤᠰ᠎ᠤᠨ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶᠠᠨ᠎ᠤ ᠥᠪᠥᠷ ᠮᠣᠩᠭᠤᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ)
   91. ᠨᠠᠩ ᠣᠯᠠᠨ ᠴᠢᠨᠠᠷ ᠰᠠᠶ᠋ᠢᠲᠠᠢ ᠠᠵᠤ ᠠᠬᠤᠶ᠋ᠢᠯᠠᠯ᠎ᠤᠨ ᠪᠠᠶ᠋ᠢᠭᠤᠯᠤᠯ ᠵᠶ᠋ᠠᠨ ᠥᠭᠡᠷᠡᠴᠢᠯᠡᠵᠦ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠬᠤ ᠵᠢ ᠵᠣᠷᠢᠭᠵᠢᠭᠤᠯᠤᠨ᠎ᠠ᠃ ᠥᠪᠥᠷ ᠮᠣᠩᠭᠤᠯ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠳᠤ ᠵᠠᠬ᠎ᠠ ᠳᠡᠯᠭᠡᠭᠦᠷ᠎ᠲᠤ ᠭᠠᠷᠭ᠋ᠠᠬᠤ ᠵᠢ ᠬᠠᠪᠰᠤᠷᠤᠨ ᠵᠢᠯᠤᠭᠤᠳᠴᠤ ᠳᠠᠩᠰᠠᠯᠠᠭᠤᠯᠬᠤ ᠵᠢ ᠭᠦᠢ᠍ᠴᠡᠳᠬᠡᠭᠰᠡᠨ ᠠᠵᠤ ᠠᠬᠤᠶ᠋ᠢᠯᠠᠯ᠎ᠳᠤ 100 ᠲᠦᠮᠡᠨ ᠲᠥᠭᠦᠷᠢᠭ᠎ᠤᠨ ᠱᠠᠩᠨᠠᠯ ᠨᠥᠬᠦᠪᠦᠷᠢ ᠣᠯᠭᠤᠨ᠎ᠠ; ᠱᠠᠩᠬᠠᠢ᠂ ᠱᠧᠨᠵᠧᠨ᠂ ᠪᠡᠭᠡᠵᠢᠩ᠎ᠤᠨ ᠲᠡᠮᠳᠡᠭᠲᠦ ᠵᠢᠨ ᠠᠷᠠᠯᠵᠢᠶᠠᠨ᠎ᠤ ᠭᠠᠵᠠᠷ᠎ᠲᠤ ᠵᠠᠬ᠎ᠠ ᠳᠡᠯᠭᠡᠭᠦᠷ᠎ᠲᠤ ᠭᠠᠷᠬᠤ᠎ᠪᠠᠷ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠵᠶ᠋ᠠᠨ ᠲᠤᠰᠢᠶᠠᠭᠰᠠᠨ ᠪᠥᠭᠡᠳ ᠬᠦᠯᠢᠶᠡᠨ ᠠᠪᠴᠤ ᠰᠢᠢ᠍ᠳᠪᠦᠷᠢᠯᠡᠭᠰᠡᠨ ᠠᠵᠤ ᠠᠬᠤᠶ᠋ᠢᠯᠠᠯ᠎ᠳᠤ 200 ᠲᠦᠮᠡᠨ ᠲᠥᠭᠦᠷᠢᠭ᠎ᠤᠨ ᠱᠠᠩᠨᠠᠯ ᠨᠥᠬᠦᠪᠦᠷᠢ ᠣᠯᠭᠤᠨ᠎ᠠ; ᠱᠠᠩᠬᠠᠢ᠂ ᠱᠧᠨᠵᠧᠨ᠂ ᠪᠡᠭᠡᠵᠢᠩ᠎ᠤᠨ ᠲᠡᠮᠳᠡᠭᠲᠦ ᠵᠢᠨ ᠠᠷᠠᠯᠵᠢᠶᠠᠨ᠎ᠤ ᠭᠠᠵᠠᠷ᠎ᠲᠤ ᠠᠩᠬ᠎ᠠ ᠲᠠᠷᠬᠠᠭ᠋ᠠᠵᠤ ᠵᠠᠬ᠎ᠠ ᠳᠡᠯᠭᠡᠭᠦᠷ᠎ᠲᠤ ᠭᠠᠷᠬᠤ ᠵᠢ ᠪᠡᠶᠡᠯᠡᠭᠦᠯᠦᠭᠰᠡᠨ ᠠᠵᠤ ᠠᠬᠤᠶ᠋ᠢᠯᠠᠯ᠎ᠳᠤ 1000 ᠲᠦᠮᠡᠨ ᠲᠥᠭᠦᠷᠢᠭ᠎ᠤᠨ ᠱᠠᠩᠨᠠᠯ ᠨᠥᠬᠦᠪᠦᠷᠢ ᠣᠯᠭᠤᠨ᠎ᠠ; ᠬᠢᠯᠢ ᠵᠢᠨ ᠭᠠᠳᠠᠨ᠎ᠠ (ᠰᠢᠶᠠᠩᠭ᠋ᠠᠩ᠂ ᠨᠢᠦ᠋ ᠶᠣᠷᠺ᠂ ᠨᠠᠰᠳᠠᠺ᠎ᠤᠨ ᠦᠨᠡᠲᠦ ᠲᠡᠮᠳᠡᠭᠲᠦ ᠵᠢᠨ ᠠᠷᠠᠯᠵᠢᠶᠠᠨ᠎ᠤ ᠭᠠᠵᠠᠷ) ᠵᠠᠬ᠎ᠠ᠎ᠳᠤ ᠭᠠᠷᠤᠭᠰᠠᠨ ᠠᠵᠤ ᠠᠬᠤᠶ᠋ᠢᠯᠠᠯ᠎ᠢ ᠨᠢᠭᠡ ᠯᠡ ᠤᠳᠠᠭ᠎ᠠ᠎ᠳᠤ 500 ᠲᠦᠮᠡᠨ ᠲᠥᠭᠦᠷᠢᠭ ᠵᠶ᠋ᠠᠷ ᠱᠠᠩᠨᠠᠵᠤ ᠨᠥᠬᠦᠪᠦᠷᠢᠯᠡᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠦᠨ ᠭᠦᠢ᠍ᠯᠭᠡᠭᠡᠨ᠎ᠤ ᠬᠠᠮᠢᠶᠠᠷᠤᠯᠲᠠ ᠵᠢᠨ ᠲᠣᠪᠴᠢᠶ᠎ᠠ᠂ ᠡᠳ᠋᠎ᠤᠨ ᠵᠠᠰᠠᠭ᠎ᠤᠨ ᠲᠢᠩᠬᠢᠮ᠂ ᠥᠪᠥᠷ ᠮᠣᠩᠭᠤᠯ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ)
   (ᠲᠠᠪᠤ) ᠴᠢᠳᠠᠪᠤᠷᠢᠲᠠᠨ᠎ᠤ ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢ ᠴᠢᠩᠭ᠋ᠠᠳᠬᠠᠨ᠎ᠠ᠃
    ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠱᠠᠩᠨᠠᠯ ᠭᠥᠷᠳᠡᠭᠰᠡᠨ ᠬᠤᠪᠢ ᠬᠥᠮᠥᠨ᠂ ᠵᠣᠬᠢᠶᠠᠨ ᠪᠠᠶ᠋ᠢᠭᠤᠯᠤᠯᠲᠠ᠎ᠳᠤ ᠥᠪᠡᠷᠲᠡᠭᠡᠨ ᠵᠠᠰᠠᠬᠤ ᠣᠷᠣᠨ᠎ᠠᠴᠠ ᠤᠯᠤᠰ᠎ᠤᠨ ᠱᠠᠩᠨᠠᠯ᠎ᠤᠨ ᠮᠥᠩᠭᠦ ᠵᠢᠨ ᠲᠣᠭ᠋ᠠᠨ᠎ᠤ 5 ᠳᠠᠬᠢᠨ ᠵᠶ᠋ᠠᠷ ᠱᠠᠩᠨᠠᠯ᠎ᠤᠨ ᠮᠥᠩᠭᠦ ᠪᠠ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠵᠠᠷᠤᠳᠠᠯ᠎ᠤᠨ ᠳᠡᠮᠵᠢᠯᠭᠡ ᠣᠯᠭᠤᠨ᠎ᠠ᠂ ᠡᠭᠦᠨ᠎ᠳᠤ 60% ᠵᠢ᠎ᠨᠢ ᠱᠠᠩᠨᠠᠯ ᠣᠯᠣᠭᠰᠠᠨ ᠲᠥᠷᠥᠯ ᠵᠦᠢ᠍ᠯ᠎ᠤᠨ ᠭᠤᠣᠯ ᠪᠡᠶᠡᠯᠡᠭᠦᠯᠦᠭᠴᠢ ᠵᠢ ᠱᠠᠩᠨᠠᠬᠤ᠎ᠳᠤ ᠬᠡᠷᠡᠭᠯᠡᠵᠦ᠂ 40% ᠵᠢ᠎ᠨᠢ ᠲᠥᠷᠥᠯ ᠵᠦᠢ᠍ᠯ᠎ᠢ ᠪᠡᠶᠡᠯᠡᠭᠦᠯᠦᠭᠰᠡᠨ ᠨᠢᠭᠡᠴᠢ ᠵᠢᠨ ᠡᠵᠡ ᠮᠡᠳᠡᠵᠦ ᠰᠣᠩᠭᠤᠭᠰᠠᠨ ᠰᠡᠳᠦᠪ᠎ᠤᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠵᠠᠷᠤᠳᠠᠯ᠎ᠳᠤ ᠬᠡᠷᠡᠭᠯᠡᠨ᠎ᠡ᠃ ᠠᠵᠤ ᠠᠬᠤᠶ᠋ᠢᠯᠠᠯ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠳ᠎ᠲᠤ ᠰᠲ᠋ᠣᠺ᠎ᠤᠨ ᠡᠷᠬᠡ᠂ ᠬᠤᠭᠤᠴᠠᠭ᠋ᠠᠲᠤ ᠡᠷᠬᠡ ᠪᠠ ᠠᠰᠢᠭ ᠬᠤᠪᠢᠶᠠᠷᠢᠯᠠᠯᠲᠠ ᠵᠢᠨ ᠤᠷᠮᠠᠰᠢᠭᠤᠯᠤᠯ᠎ᠢ ᠬᠡᠷᠡᠭᠵᠢᠭᠦᠯᠬᠦ ᠵᠢ ᠵᠣᠷᠢᠭᠵᠢᠭᠤᠯᠵᠤ᠂ ᠤᠯᠤᠰ᠎ᠤᠨ ᠲᠣᠭᠲᠠᠭ᠋ᠠᠯ ᠶᠣᠰᠣᠭ᠋ᠠᠷ ᠲᠥᠷᠥᠯ ᠵᠦᠢ᠍ᠯ᠎ᠤᠨ ᠠᠰᠢᠭ ᠣᠷᠣᠯᠭ᠎ᠠ ᠬᠤᠪᠢᠶᠠᠬᠤ᠂ ᠠᠵᠢᠯ᠎ᠤᠨ ᠪᠠᠶ᠋ᠢᠷᠢ ᠵᠢᠨ ᠠᠰᠢᠭ ᠣᠷᠣᠯᠭ᠎ᠠ ᠬᠤᠪᠢᠶᠠᠬᠤ ᠵᠡᠷᠭᠡ ᠤᠷᠲᠤᠪᠲᠤᠷ ᠪᠠ ᠣᠷᠳᠣ ᠬᠤᠭᠤᠴᠠᠭ᠋ᠠᠨ᠎ᠤ ᠤᠷᠮᠠᠰᠢᠭᠤᠯᠤᠯ ᠪᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠤᠯᠠᠷᠢᠭᠤᠯᠤᠯᠲᠠ ᠵᠢᠨ ᠠᠰᠢᠭ ᠣᠷᠣᠯᠭ᠎ᠠ ᠵᠢ ᠬᠡᠷᠡᠭᠵᠢᠭᠦᠯᠦᠭᠰᠡᠨ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠳᠤ ᠪᠣᠯ ᠣᠯᠭᠤᠭᠰᠠᠨ ᠤᠷᠮᠠᠰᠢᠭᠤᠯᠤᠯ᠎ᠤᠨ ᠣᠷᠣᠯᠭ᠎ᠠ ᠵᠢ ᠪᠣᠳᠠᠲᠠᠢ᠎ᠪᠠᠷ ᠴᠠᠯᠢᠩ᠎ᠤᠨ ᠶᠡᠷᠦᠩᠬᠡᠢ ᠲᠣᠭ᠋ᠠᠨ᠎ᠳᠤ ᠪᠤᠳᠤᠵᠤ ᠣᠷᠣᠭᠤᠯᠤᠨ᠎ᠠ᠂ ᠴᠠᠯᠢᠩ᠎ᠤᠨ ᠶᠡᠷᠦᠩᠬᠡᠢ ᠲᠣᠭ᠋ᠠᠨ᠎ᠤ ᠲᠥᠰᠥᠪ᠎ᠤᠨ ᠰᠠᠭᠤᠷᠢ ᠲᠤᠭ᠎ᠠ ᠪᠣᠯᠭ᠋ᠠᠬᠤ ᠦᠭᠡᠢ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠵᠥᠪᠯᠡᠯ)
   93. ᠴᠢᠳᠠᠪᠤᠷᠢᠲᠠᠨ᠎ᠤ ᠡᠷᠦᠬᠡ ᠠᠮᠠ ᠣᠷᠣᠬᠤ ᠪᠠ ᠦᠷ᠎ᠡ ᠬᠡᠦᠬᠡᠳ᠎ᠤᠨ ᠰᠤᠷᠭ᠋ᠠᠭᠤᠯᠢ᠎ᠳᠤ ᠣᠷᠣᠬᠤ ᠲᠥᠷᠥ ᠵᠢᠨ ᠪᠣᠳᠣᠯᠭ᠎ᠠ ᠵᠢ ᠰᠢᠯᠢᠳᠡᠭᠵᠢᠭᠦᠯᠵᠦ᠂ ᠴᠢᠳᠠᠪᠤᠷᠢᠲᠠᠨ᠎ᠤ ᠡᠷᠦᠬᠡ ᠠᠮᠠ ᠣᠷᠣᠬᠤ᠎ᠳᠤ ᠰᠠᠭ᠋ᠠᠳ ᠦᠭᠡᠢ ᠨᠡᠪᠲᠡᠷᠡᠬᠦ ᠵᠠᠮ ᠵᠢᠴᠢ ᠦᠢ᠍ᠯᠡᠴᠢᠯᠡᠭᠡᠨ᠎ᠤ ᠲᠤᠰᠬᠠᠢ ᠲᠤᠰᠢᠶᠠᠯᠲᠠᠨ᠎ᠤ ᠲᠣᠭᠲᠠᠴᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠨᠥᠬᠦᠴᠡᠯ᠎ᠳᠤ ᠨᠡᠶ᠋ᠢᠴᠡᠭᠡᠳ ᠥᠪᠥᠷ ᠮᠣᠩᠭᠤᠯ᠎ᠳᠤ ᠢᠷᠡᠵᠦ ᠠᠵᠢᠯ ᠣᠯᠣᠭᠰᠠᠨ ᠳᠡᠭᠡᠳᠦ ᠲᠠᠰ ᠳᠠᠪᠬᠤᠷᠭ᠎ᠠ ᠵᠢᠨ ᠣᠷᠣᠭᠤᠯᠤᠨ ᠠᠪᠴᠢᠷᠠᠭᠰᠠᠨ ᠴᠢᠳᠠᠪᠤᠷᠢᠲᠠᠨ᠎ᠤ ᠦᠷ᠎ᠡ ᠬᠡᠦᠬᠡᠳ᠎ᠢ᠎ᠨᠢ ᠬᠠᠷᠢᠶ᠎ᠠ ᠭᠠᠵᠠᠷ᠎ᠤᠨ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠬᠤᠯᠪᠣᠭᠳᠠᠯ ᠪᠦᠬᠦᠢ ᠲᠥᠷᠥ ᠵᠢᠨ ᠪᠣᠳᠣᠯᠭ᠎ᠠ ᠵᠢᠨ ᠱᠠᠭ᠋ᠠᠷᠳᠠᠯᠭ᠎ᠠ ᠶᠣᠰᠣᠭ᠋ᠠᠷ ᠣᠶ᠋ᠢᠷ᠎ᠠ ᠬᠠᠪᠢ᠎ᠳᠤ᠎ᠨᠢ ᠳᠦᠭᠦᠮ᠎ᠢ᠎ᠨᠢ ᠪᠣᠳᠣᠯᠬᠢᠯᠠᠨ ᠲᠣᠬᠢᠷᠠᠭᠤᠯᠵᠤ ᠰᠤᠷᠭ᠋ᠠᠭᠤᠯᠢ᠎ᠳᠤ ᠣᠷᠣᠭᠤᠯᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠂ ᠰᠤᠷᠭ᠋ᠠᠨ ᠬᠥᠮᠦᠵᠢᠯ᠎ᠤᠨ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ)
   94. ᠠᠶ᠋ᠢᠮᠠᠭ ᠬᠤᠲᠠ ᠵᠢᠨ ᠪᠠᠲᠤᠯᠠᠭ᠎ᠠ ᠵᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠵᠢ ᠲᠦᠷᠭᠡᠳᠬᠡᠨ ᠬᠥᠭᠵᠢᠭᠦᠯᠬᠦ ᠵᠢ᠎ᠨᠢ ᠳᠡᠮᠵᠢᠵᠦ᠂ ᠨᠥᠬᠦᠴᠡᠯ᠎ᠳᠤ ᠨᠡᠶ᠋ᠢᠴᠡᠬᠦ ᠬᠤᠲᠠ ᠵᠢᠨ ᠰᠢᠨ᠎ᠡ ᠠᠷᠠᠳ᠂ ᠵᠠᠯᠠᠭᠤᠴᠤᠳ᠎ᠤᠨ ᠣᠷᠣᠨ ᠰᠠᠭᠤᠴᠠ ᠵᠢᠨ ᠲᠠᠯ᠎ᠠ᠎ᠪᠠᠷ ᠬᠦᠴᠢᠷᠳᠡᠯᠲᠡᠢ ᠠᠰᠠᠭᠤᠳᠠᠯ᠎ᠢ ᠭᠤᠣᠯᠳᠠᠯᠭ᠎ᠠ᠎ᠲᠠᠢ ᠰᠢᠢ᠍ᠳᠪᠦᠷᠢᠯᠡᠨ᠎ᠡ᠃ ᠬᠤᠲᠠ ᠪᠠᠯᠭ᠋ᠠᠰᠤᠨ᠎ᠤ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠋ᠠᠲᠤ ᠭᠡᠷ ᠪᠦᠯᠢ᠂ ᠣᠷᠣᠯᠭ᠎ᠠ ᠪᠠᠭ᠋ᠠᠲᠠᠢ ᠪᠥᠭᠡᠳ ᠣᠷᠣᠨ ᠰᠠᠭᠤᠴᠠ ᠵᠢᠨ ᠲᠠᠯ᠎ᠠ᠎ᠪᠠᠷ ᠬᠦᠴᠢᠷᠳᠡᠯᠲᠡᠢ ᠭᠡᠷ ᠪᠦᠯᠢ ᠵᠢ ᠭᠤᠶᠤᠴᠢᠯᠠᠯ ᠵᠶ᠋ᠠᠷ ᠪᠠᠲᠤᠯᠠᠪᠠᠰᠤ ᠵᠣᠬᠢᠬᠤ ᠵᠢ᠎ᠨᠢ ᠪᠦᠬᠦᠨ᠎ᠢ ᠪᠠᠲᠤᠯᠠᠬᠤ ᠵᠢ ᠦᠨᠳᠦᠰᠦᠨ᠎ᠳᠤ᠎ᠪᠠᠨ ᠪᠡᠶᠡᠯᠡᠭᠦᠯᠦᠨ᠎ᠡ᠃ ᠡᠯ᠎ᠡ ᠭᠠᠵᠠᠷ ᠣᠷᠣᠨ᠎ᠨᠢ ᠲᠤᠬᠠᠢ ᠵᠢᠨ ᠭᠠᠵᠠᠷ᠎ᠤᠨ ᠵᠶ᠋ᠠᠨ ᠴᠢᠳᠠᠪᠤᠷᠢᠲᠠᠨ ᠣᠷᠣᠭᠤᠯᠵᠤ ᠠᠪᠴᠢᠷᠠᠬᠤ ᠲᠥᠷᠥ ᠵᠢᠨ ᠪᠣᠳᠣᠯᠭ᠎ᠠ᠎ᠲᠠᠢ ᠤᠶᠠᠯᠳᠤᠭᠤᠯᠤᠨ᠂ ᠠᠳᠠᠯᠢ ᠪᠤᠰᠤ ᠲᠡᠰ ᠳᠠᠪᠬᠤᠷᠭ᠎ᠠ ᠵᠢᠨ ᠴᠢᠳᠠᠪᠤᠷᠢᠲᠠᠨ᠎ᠳᠤ ᠴᠢᠭᠯᠡᠭᠦᠯᠵᠦ᠂ ᠪᠠᠲᠤᠯᠠᠭ᠎ᠠ ᠵᠢᠨ ᠴᠢᠨᠠᠷᠲᠠᠢ ᠣᠷᠣᠨ ᠰᠠᠭᠤᠴᠠ ᠵᠢᠨ ᠪᠣᠳᠠᠲᠠᠢ ᠪᠠᠲᠤᠯᠠᠭ᠎ᠠ ᠵᠢᠨ ᠬᠡᠪᠴᠢᠶ᠎ᠡ᠂ ᠪᠠᠲᠤᠯᠠᠭ᠎ᠠ ᠵᠢᠨ ᠪᠠᠷᠢᠮᠵᠢᠶ᠎ᠠ ᠪᠣᠯᠣᠨ ᠪᠠᠲᠤᠯᠠᠭ᠎ᠠ ᠵᠢᠨ ᠠᠷᠭ᠎ᠠ ᠬᠡᠯᠪᠡᠷᠢ ᠵᠢ ᠲᠣᠭᠲᠠᠭ᠋ᠠᠵᠤ ᠪᠣᠯᠣᠨ᠎ᠠ᠃ ᠬᠠᠭᠤᠴᠢᠨ ᠰᠠᠭᠤᠭ᠋ᠠᠯᠢ ᠲᠣᠭᠤᠷᠢᠭ᠎ᠤᠨ ᠥᠭᠡᠷᠡᠴᠢᠯᠡᠯᠲᠡ ᠵᠢ ᠲᠦᠷᠭᠡᠪᠴᠢᠯᠡᠨ ᠠᠬᠢᠭᠤᠯᠵᠤ᠂ 2024 ᠣᠨ᠎ᠳᠤ ᠬᠤᠳᠠ ᠪᠠᠯᠭ᠋ᠠᠰᠤᠨ᠎ᠤ 1185 ᠬᠠᠭᠤᠴᠢᠨ ᠰᠠᠭᠤᠭ᠋ᠠᠯᠢ ᠲᠣᠭᠤᠷᠢᠭ᠂ 19.55 ᠲᠦᠮᠡᠨ ᠡᠷᠤᠭᠡ ᠵᠢ ᠥᠭᠡᠷᠡᠴᠢᠯᠡᠨ ᠰᠢᠨᠡᠳᠬᠡᠬᠦ᠎ᠪᠠᠷ ᠲᠥᠯᠥᠪᠯᠡᠨ᠎ᠡ᠃ ᠲᠠᠷᠢᠶᠠᠯᠠᠬᠤ ᠮᠠᠯᠵᠢᠬᠤ ᠣᠷᠣᠨ᠎ᠤ ᠨᠤᠷᠠᠬᠤ ᠠᠶᠤᠯᠲᠠᠢ ᠭᠡᠷ ᠪᠠᠶ᠋ᠢᠰᠢᠩ᠎ᠢ ᠰᠢᠨᠡᠳᠬᠡᠨ ᠵᠠᠰᠠᠬᠤ ᠠᠵᠢᠯ᠎ᠢ ᠦᠷᠭᠦᠯᠵᠢᠯᠡᠨ ᠬᠡᠷᠡᠭᠵᠢᠭᠦᠯᠵᠦ᠂ ᠣᠷᠣᠨ ᠰᠠᠭᠤᠴᠠ ᠵᠢᠨ ᠲᠠᠯ᠎ᠠ᠎ᠪᠠᠷ ᠬᠦᠴᠢᠷᠳᠡᠯᠲᠡᠢ ᠣᠯᠠᠨ ᠲᠦᠮᠡᠨ᠎ᠤ ᠣᠷᠣᠨ ᠰᠠᠭᠤᠴᠠ ᠵᠢᠨ ᠨᠥᠬᠦᠴᠡᠯ ᠪᠣᠯᠣᠨ ᠣᠷᠣᠰᠢᠨ ᠰᠠᠭᠤᠬᠤ ᠣᠷᠴᠢᠨ ᠨᠥᠬᠦᠴᠡᠯ᠎ᠢ᠎ᠨᠢ ᠪᠦᠲᠦᠮᠵᠢᠲᠡᠶ ᠰᠠᠶ᠋ᠢᠵᠢᠷᠠᠭᠤᠯᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ)
   95. ᠥᠪᠡᠷᠲᠡᠭᠡᠨ ᠵᠠᠰᠠᠬᠤ ᠣᠷᠣᠨ᠎ᠤ ᠪᠠᠶ᠋ᠢᠭᠤᠯᠤᠮᠵᠢ ᠣᠷᠣᠨ ᠲᠤᠭ᠎ᠠ ᠵᠢᠨ ᠰᠠᠯᠠᠭ᠎ᠠ ᠮᠥᠴᠢᠷ᠎ᠤᠨ ᠵᠥᠪᠰᠢᠶᠡᠷᠡᠯ ᠵᠶ᠋ᠠᠷ ᠪᠠᠶ᠋ᠢᠭᠤᠯᠤᠭᠰᠠᠨ ᠰᠢᠨ᠎ᠡ ᠬᠡᠯᠪᠡᠷᠢ ᠵᠢᠨ ᠰᠤᠳᠤᠯᠤᠨ ᠨᠡᠭᠡᠭᠡᠬᠦ ᠪᠠᠶ᠋ᠢᠭᠤᠯᠤᠮᠵᠢ ᠪᠣᠯ ᠥᠪᠡᠷᠲᠡᠭᠡᠨ ᠵᠠᠰᠠᠬᠤ ᠣᠷᠣᠨ᠎ᠤ ᠴᠢᠳᠠᠪᠤᠷᠢᠲᠠᠨ᠎ᠤ ᠲᠤᠰᠬᠠᠢ ᠣᠷᠣᠨ ᠲᠤᠭ᠎ᠠ᠎ᠪᠠᠷ ᠪᠠᠲᠤᠯᠠᠭ᠎ᠠ ᠬᠠᠩᠭ᠋ᠠᠵᠤ ᠪᠣᠯᠣᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠪᠠᠶ᠋ᠢᠭᠤᠯᠤᠮᠵᠢ ᠣᠷᠣᠨ ᠲᠤᠭ᠎ᠠ ᠵᠢᠨ ᠠᠯᠪᠠᠨ ᠭᠡᠷ)
   96. 《ᠲᠣᠮᠣ ᠤᠯᠤᠰ᠎ᠤᠨ ᠤᠷᠠᠨ ᠳᠠᠷᠬᠠᠨ》᠂ 《ᠤᠮᠠᠷᠠᠲᠤ ᠬᠢᠯᠢ ᠵᠢᠨ ᠤᠷᠠᠨ ᠳᠠᠷᠬᠠᠨ》᠎ᠢ ᠲᠣᠰ ᠲᠣᠰ 20 ᠲᠦᠮᠡᠨ ᠲᠥᠭᠦᠷᠢᠭ᠂ 10 ᠲᠦᠮᠡᠨ ᠲᠥᠭᠦᠷᠢᠭ᠎ᠤᠨ ᠪᠠᠷᠢᠮᠵᠢᠶ᠎ᠠ᠎ᠪᠠᠷ ᠨᠢᠭᠡ ᠯᠡ ᠤᠳᠠᠭ᠎ᠠ᠎ᠳᠤ ᠬᠥᠬᠢᠭᠦᠯᠦᠨ ᠱᠠᠩᠨᠠᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠠᠵᠢᠯᠴᠢᠨ᠎ᠤ ᠶᠡᠷᠦᠩᠬᠡᠢ ᠡᠪᠯᠡᠯ)
    ᠲᠠᠪᠤ᠂ ᠬᠥᠭᠵᠢᠯᠲᠡ ᠵᠢᠨ ᠣᠷᠴᠢᠨ ᠨᠥᠬᠦᠴᠡᠯ᠎ᠢ ᠰᠢᠯᠢᠳᠡᠭᠵᠢᠭᠦᠯᠦᠨ᠎ᠡ
   (ᠨᠢᠭᠡ) ᠠᠵᠤ ᠠᠬᠤᠶ᠋ᠢᠯᠠᠯ᠎ᠤᠨ ᠳᠠᠷᠤᠭ᠋ᠠᠰᠤ ᠵᠢ ᠬᠥᠩᠭᠡᠷᠡᠭᠦᠯᠦᠨ᠎ᠡ᠃
   97. ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠂ ᠳᠤᠮᠳᠠ ᠵᠢᠵᠢᠭ ᠠᠵᠤ ᠠᠬᠤᠶ᠋ᠢᠯᠠᠯ᠎ᠤᠨ ᠵᠥᠷᠢᠯᠳᠦᠭᠡᠨ ᠦᠭᠡᠢ ᠲᠠᠩᠰᠠᠨ᠎ᠳᠠᠬᠢ ᠵᠣᠭᠤᠰ᠎ᠢ ᠪᠦᠬᠦᠨ᠎ᠢ ᠲᠥᠯᠥᠵᠦ ᠳᠠᠭᠤᠰᠬᠠᠨ᠂ ᠥᠷᠢᠲᠦᠭᠰᠡᠨ ᠵᠣᠭᠤᠰ᠎ᠢ ᠬᠥᠳᠡᠯᠦᠩᠭᠦᠢ᠎ᠪᠠᠷ ᠲᠡᠭ ᠪᠣᠯᠭ᠋ᠠᠬᠤ ᠵᠢ ᠦᠨᠡᠨ ᠬᠦ᠌ ᠪᠠᠲᠤᠯᠠᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ)
   98. 2021 ᠣᠨ᠎ᠤ 1 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ 2025 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ ᠪᠣᠯᠲᠠᠯ᠎ᠠ᠂ ᠣᠨ᠎ᠤ ᠭᠠᠶ᠋ᠢᠯᠢ ᠲᠤᠰᠢᠶᠠᠪᠠᠯ ᠵᠣᠬᠢᠬᠤ ᠠᠰᠢᠭ ᠣᠷᠣᠯᠭ᠎ᠠ ᠵᠢᠨ ᠲᠤᠭ᠎ᠠ᠎ᠨᠢ 100 ᠲᠦᠮᠡᠨ ᠲᠥᠭᠦᠷᠢᠭ (100 ᠲᠦᠮᠡᠨ ᠲᠥᠭᠦᠷᠢᠭ ᠪᠠᠭᠲᠠᠨ᠎ᠠ)᠎ᠠᠴᠠ ᠳᠣᠣᠷ᠎ᠠ ᠪᠠᠶ᠋ᠢᠭ᠎ᠠ ᠵᠢᠵᠢᠭ ᠬᠡᠯᠪᠡᠷᠢ ᠵᠢᠨ ᠪᠠᠭ᠎ᠠ ᠣᠯᠵᠠᠲᠤ ᠠᠵᠤ ᠠᠬᠤᠶ᠋ᠢᠯᠠᠯ᠎ᠢ ᠠᠵᠤ ᠠᠬᠤᠶ᠋ᠢᠯᠠᠯ᠎ᠤᠨ ᠣᠯᠵᠠᠪᠤᠷᠢ ᠵᠢᠨ ᠭᠠᠶ᠋ᠢᠯᠢ ᠵᠢᠨ ᠣᠷᠣᠨ ᠨᠤᠲᠤᠭ᠎ᠤᠨ ᠬᠤᠪᠢᠶᠠᠨ ᠡᠳ᠋ᠯᠡᠬᠦ ᠬᠡᠰᠡᠭ᠎ᠢ ᠲᠠᠲᠠᠪᠤᠷᠢᠯᠠᠬᠤ᠎ᠠᠴᠠ ᠬᠡᠯᠲᠦᠷᠢᠭᠦᠯᠦᠨ᠎ᠡ᠃ ᠰᠠᠷ᠎ᠠ ᠵᠢᠨ ᠪᠣᠷᠣᠯᠠᠭᠤᠯᠤᠯᠲᠠ ᠵᠢᠨ ᠲᠤᠭ᠎ᠠ᠎ᠨᠢ 3 ᠲᠦᠮᠡᠨ ᠲᠥᠭᠦᠷᠢᠭ (ᠤᠯᠠᠷᠢᠯ ᠵᠶ᠋ᠠᠷ ᠪᠣᠯ 9 ᠲᠦᠮᠡᠨ ᠲᠥᠭᠦᠷᠢᠭ)᠎ᠠᠴᠠ ᠳᠠᠪᠠᠭᠰᠠᠨ ᠦᠭᠡᠢ ᠪᠠᠭ᠎ᠠ ᠬᠡᠪᠴᠢᠶᠡᠨ᠎ᠤ ᠭᠠᠶ᠋ᠢᠯᠢ ᠲᠤᠰᠢᠶᠠᠭᠴᠢ ᠵᠢ ᠭᠡᠷ ᠬᠥᠷᠥᠩᠭᠡ ᠵᠢᠨ ᠭᠠᠶ᠋ᠢᠯᠢ᠂ ᠬᠤᠲᠠ ᠪᠠᠯᠭ᠋ᠠᠰᠤᠨ᠎ᠤ ᠭᠠᠵᠠᠷ ᠰᠢᠷᠣᠢ ᠬᠡᠷᠡᠭᠯᠡᠬᠦ ᠭᠠᠶ᠋ᠢᠯᠢ ᠲᠠᠲᠠᠪᠤᠷᠢᠯᠠᠬᠤ᠎ᠠᠴᠠ ᠬᠡᠯᠲᠦᠷᠢᠭᠦᠯᠦᠨ᠎ᠡ᠃ ᠪᠠᠷᠠᠭ᠋ᠠᠨ᠎ᠤ ᠲᠡᠷᠭᠡ᠂ ᠴᠢᠷᠦᠭᠦᠯ ᠲᠡᠷᠭᠡ᠂ ᠲᠤᠰᠬᠠᠢ ᠬᠡᠷᠡᠭᠯᠡᠬᠦ ᠠᠵᠢᠯᠯᠠᠭ᠋ᠠᠨ᠎ᠤ ᠲᠡᠷᠭᠡ᠂ ᠬᠦᠷᠳᠦᠲᠦ ᠲᠤᠰᠬᠠᠢ ᠬᠡᠷᠡᠭᠯᠡᠬᠦ ᠮᠠᠰᠢᠨ ᠲᠡᠷᠭᠡᠨ᠎ᠤ ᠲᠡᠷᠭᠡ ᠣᠩᠭᠤᠴᠠ ᠵᠢᠨ ᠭᠠᠶ᠋ᠢᠯᠢ ᠵᠢᠨ ᠲᠣᠬᠢᠷᠠᠭᠤᠯᠤᠨ ᠬᠡᠷᠡᠭᠯᠡᠬᠦ ᠭᠠᠶ᠋ᠢᠯᠢ ᠵᠢᠨ ᠲᠤᠭ᠎ᠠ ᠵᠢ ᠣᠲᠣ ᠵᠢᠨ ᠬᠡᠷᠡᠭᠵᠢᠭᠦᠯᠵᠦ ᠪᠠᠶ᠋ᠢᠭ᠎ᠠ ᠲᠡᠷᠭᠡ ᠣᠩᠭᠤᠴᠠ ᠵᠢᠨ ᠭᠠᠶ᠋ᠢᠯᠢ ᠵᠢᠨ ᠲᠣᠬᠢᠷᠠᠭᠤᠯᠤᠨ ᠬᠡᠷᠡᠭᠯᠡᠬᠦ ᠭᠠᠶ᠋ᠢᠯᠢ ᠵᠢᠨ ᠲᠣᠭ᠋ᠠᠨ᠎ᠤ 50%᠎ᠪᠠᠷ ᠲᠠᠲᠠᠪᠤᠷᠢᠯᠠᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠥᠷ ᠮᠣᠩᠭᠤᠯ᠎ᠤᠨ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ)
   99. ᠬᠤᠲᠠ ᠵᠢᠨ ᠲᠣᠬᠢᠷᠠᠭᠤᠯᠤᠨ ᠬᠦᠷᠭᠡᠬᠦ ᠲᠡᠷᠭᠡ ᠬᠥᠰᠬᠡ ᠵᠢᠨ ᠨᠡᠪᠲᠡᠷᠡᠬᠦ᠎ᠳᠤ ᠲᠥᠬᠦᠮ ᠦᠵᠡᠭᠦᠯᠬᠦ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠵᠤ᠂ ᠠᠮᠢᠳᠤᠷᠠᠯ᠎ᠤᠨ ᠴᠢᠬᠤᠯᠠ ᠬᠡᠷᠡᠭᠯᠡᠭᠡᠨ᠎ᠤ ᠵᠦᠢ᠍ᠯ᠂ ᠠᠮᠢᠳᠤ ᠰᠣᠷᠭᠤᠭ ᠲᠠᠷᠢᠶᠠᠯᠠᠩ᠎ᠤᠨ ᠪᠦᠲᠦᠭᠡᠭᠳᠡᠬᠦᠨ᠂ ᠬᠦᠢ᠍ᠲᠡᠨ ᠵᠶ᠋ᠠᠷ ᠰᠢᠨ᠎ᠡ ᠰᠣᠷᠭᠤᠭ ᠪᠠᠶ᠋ᠢᠯᠭ᠋ᠠᠨ ᠬᠠᠳᠠᠭ᠋ᠠᠯᠠᠬᠤ ᠪᠦᠲᠦᠭᠡᠭᠳᠡᠬᠦᠨ᠂ ᠰᠢᠤᠳᠠᠨ ᠵᠶ᠋ᠠᠷ ᠭᠤᠪᠢᠭᠤᠯᠤᠨ ᠢᠯᠡᠭᠡᠬᠦ ᠵᠡᠷᠭᠡ ᠠᠷᠠᠳ᠎ᠤᠨ ᠠᠮᠢᠳᠤᠷᠠᠯ᠎ᠳᠤ ᠬᠤᠯᠪᠣᠭᠳᠠᠭᠰᠠᠨ ᠡᠳ᠋ ᠪᠠᠷᠠᠭ᠎ᠠ ᠵᠢ ᠲᠡᠭᠡᠭᠡᠪᠦᠷᠢᠯᠡᠬᠦ ᠰᠢᠨ᠎ᠡ ᠡᠨᠧᠷᠭᠢ ᠪᠠ ᠴᠡᠪᠡᠷ ᠡᠨᠧᠷᠭᠢ ᠵᠢᠨ ᠲᠣᠬᠢᠷᠠᠭᠤᠯᠤᠨ ᠬᠦᠷᠭᠡᠬᠦ ᠲᠡᠷᠭᠡ ᠬᠥᠰᠬᠡ᠎ᠳᠤ ᠤᠷᠢᠳ ᠵᠶ᠋ᠠᠷ ᠥᠩᠭᠡᠷᠡᠵᠦ ᠨᠡᠪᠲᠡᠷᠡᠬᠦ ᠡᠷᠬᠡ ᠣᠯᠭᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠂ ᠥᠪᠥᠷ ᠮᠣᠩᠭᠤᠯ᠎ᠤᠨ ᠰᠢᠤᠳᠠᠨ᠎ᠤ ᠬᠠᠮᠢᠶᠠᠷᠤᠯᠲᠠ ᠵᠢᠨ ᠲᠣᠪᠴᠢᠶ᠎ᠠ)
   100. ᠠᠵᠤ ᠠᠬᠤᠶ᠋ᠢᠯᠠᠯ᠎ᠲᠠᠢ ᠬᠤᠯᠪᠣᠭᠳᠠᠭᠰᠠᠨ ᠰᠦᠢ᠍ᠳᠬᠡᠯ ᠬᠤᠷᠢᠶᠠᠬᠤ ᠲᠤᠰᠬᠠᠢ ᠵᠦᠢ᠍ᠯ᠎ᠤᠨ ᠵᠠᠰᠠᠯᠲᠠ ᠵᠢ ᠥᠷᠨᠢᠭᠦᠯᠦᠨ᠎ᠡ᠃ ᠲᠥᠷᠥ ᠵᠢᠨ ᠪᠠᠶ᠋ᠢᠭᠤᠯᠭ᠎ᠠ ᠵᠢᠴᠢ ᠬᠠᠷᠢᠶ᠎ᠠ ᠨᠢᠭᠡᠴᠢ᠎ᠳᠤ ᠰᠦᠢ᠍ᠳᠬᠡᠯ ᠬᠤᠷᠢᠶᠠᠬᠤ ᠲᠠᠯ᠎ᠠ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠷᠠᠭᠤᠯᠵᠤ᠂ ᠡᠯᠧᠺᠳ᠋ᠷᠣᠨ ᠵᠠᠰᠠᠭ᠎ᠤᠨ ᠶᠠᠪᠤᠳᠠᠯ᠎ᠤᠨ ᠲᠠᠪᠴᠠᠩ᠎ᠤᠨ ᠲᠣᠭᠲᠠᠭ᠋ᠠᠯ᠎ᠠᠴᠠ ᠵᠥᠷᠢᠴᠡᠨ ᠰᠦᠢ᠍ᠳᠬᠡᠯ ᠬᠤᠷᠢᠶᠠᠭᠰᠠᠨ ᠪᠤᠶᠤ ᠵᠠᠷᠤᠳᠠᠯ ᠰᠦᠢ᠍ᠳᠬᠡᠯ᠎ᠢ ᠳᠤᠬᠤᠭᠰᠠᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠶᠯᠡ ᠠᠵᠢᠯᠯᠠᠭ᠎ᠠ ᠵᠢ ᠭᠤᠣᠯᠳᠠᠯᠭ᠎ᠠ᠎ᠲᠠᠢ ᠵᠠᠰᠠᠨ᠎ᠠ᠃ ᠤᠰᠤ ᠴᠠᠬᠢᠯᠭ᠋ᠠᠨ ᠬᠡᠢ ᠳᠤᠯᠠᠭ᠋ᠠᠯᠠᠭ᠎ᠠ ᠵᠢᠨ ᠵᠠᠷᠤᠳᠠᠯ᠎ᠢ ᠳᠤᠷ᠎ᠠ᠎ᠪᠠᠷ ᠵᠶ᠋ᠠᠨ ᠬᠤᠷᠢᠶᠠᠬᠤ ᠵᠢ ᠪᠠᠶ᠋ᠢᠴᠠᠭ᠋ᠠᠬᠤ ᠠᠵᠢᠯ ᠵᠶ᠋ᠠᠨ ᠦᠷᠭᠦᠯᠵᠢᠯᠡᠨ ᠴᠢᠩᠭ᠋ᠠᠳᠬᠠᠵᠤ᠂ ᠤᠰᠤ ᠴᠠᠬᠢᠯᠭ᠋ᠠᠨ ᠬᠡᠢ ᠳᠤᠯᠠᠭ᠋ᠠᠯᠠᠭ᠎ᠠ ᠬᠠᠩᠭ᠋ᠠᠬᠤ ᠢᠨᠵᠧᠨᠧᠷᠢᠩ᠎ᠤᠨ ᠤᠭᠰᠠᠷᠠᠬᠤ᠂ ᠠᠷᠠᠴᠢᠯᠠᠨ ᠬᠠᠮᠠᠭ᠋ᠠᠯᠠᠵᠤ ᠰᠡᠯᠪᠢᠨ ᠵᠠᠰᠠᠬᠤ ᠬᠦᠷᠢᠶᠡᠨ᠎ᠤ ᠦᠨ᠎ᠡ ᠬᠠᠩᠰᠢ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠷᠠᠭᠤᠯᠤᠨ᠂ ᠵᠠᠰᠠᠭ᠎ᠤᠨ ᠣᠷᠳᠣᠨ᠎ᠤ ᠲᠣᠭᠲᠠᠭ᠋ᠠᠭᠰᠠᠨ ᠦᠨ᠎ᠡ ᠬᠠᠩᠰᠢ ᠪᠤᠶᠤ ᠵᠠᠰᠠᠭ᠎ᠤᠨ ᠣᠷᠳᠣᠨ᠎ᠤ ᠵᠢᠯᠤᠭᠤᠳᠬᠤ ᠦᠨ᠎ᠡ ᠬᠠᠩᠰᠢ ᠵᠢ ᠬᠡᠷᠡᠭᠵᠢᠭᠦᠯᠬᠦ ᠦᠭᠡᠢ᠂ ᠵᠦᠢ ᠵᠣᠬᠢᠰ ᠦᠭᠡᠢ ᠰᠦᠢ᠍ᠳᠬᠡᠯ ᠬᠤᠷᠢᠶᠠᠭᠰᠠᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠪᠠᠶ᠋ᠢᠴᠠᠭ᠋ᠠᠨ ᠰᠢᠢ᠍ᠳᠪᠦᠷᠢᠯᠡᠨ᠎ᠡ᠃ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠪᠡᠯᠡ ᠲᠣᠬᠢᠷᠠᠭᠤᠯᠬᠤ ᠭᠤᠭᠴᠤᠭ᠎ᠠ ᠪᠠ ᠲᠣᠭ᠋ᠠᠴᠠᠭ᠎ᠠ ᠬᠢᠬᠦ ᠭᠤᠭᠴᠤᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠵᠢᠭᠡᠯᠡᠯᠭᠡ ᠵᠢ ᠳᠠᠭ᠋ᠠᠯᠳᠤᠭᠤᠯᠤᠨ ᠠᠯᠪᠠᠳᠠᠯᠭ᠎ᠠ᠎ᠪᠠᠷ ᠰᠦᠢ᠍ᠳᠬᠡᠯ ᠬᠤᠷᠢᠶᠠᠬᠤ᠂ ᠵᠠᠪᠰᠠᠷ᠎ᠤᠨ ᠲᠤᠬᠠᠶ᠋ᠢᠯᠠᠭᠰᠠᠨ ᠠᠵᠢᠯ᠎ᠳᠤ ᠵᠥᠪᠬᠡᠨ ᠰᠦᠢ᠍ᠳᠬᠡᠯ ᠬᠤᠷᠢᠶᠠᠬᠤ᠎ᠠᠴᠠ ᠪᠢᠰᠢ ᠦᠢ᠍ᠯᠡᠴᠢᠯᠡᠬᠦ ᠦᠭᠡᠢ᠂ ᠲᠣᠭ᠋ᠠᠴᠠᠭ᠎ᠠ ᠬᠢᠬᠦ ᠭᠠᠷᠳᠠᠮ᠎ᠤᠨ ᠰᠦᠢ᠍ᠳᠬᠡᠯ᠎ᠢ ᠬᠠᠰᠤᠵᠤ ᠬᠡᠯᠲᠦᠷᠢᠭᠦᠯᠬᠦ ᠲᠥᠷᠥ ᠵᠢᠨ ᠪᠣᠳᠣᠯᠭ᠎ᠠ ᠵᠢ ᠦᠯᠦ ᠨᠠᠶ᠋ᠢᠳᠠᠪᠤᠷᠢᠵᠢᠭᠤᠯᠬᠤ ᠵᠡᠷᠭᠡ ᠦᠶᠯᠡ ᠠᠵᠢᠯᠯᠠᠭ᠎ᠠ ᠵᠢ ᠭᠤᠣᠯᠳᠠᠯᠭ᠎ᠠ᠎ᠲᠠᠢ ᠪᠠᠶ᠋ᠢᠴᠠᠭ᠋ᠠᠨ ᠰᠢᠢ᠍ᠳᠪᠦᠷᠢᠯᠡᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ)
   (ᠬᠤᠶᠠᠷ) ᠵᠠᠬ᠎ᠠ ᠳᠡᠯᠭᠡᠭᠦᠷ᠎ᠤᠨ ᠣᠷᠴᠢᠨ ᠨᠥᠬᠦᠴᠡᠯ᠎ᠢ ᠰᠢᠯᠢᠳᠡᠭᠵᠢᠭᠦᠯᠦᠨ᠎ᠡ᠃
   101. ᠨᠥᠬᠦᠴᠡᠯ ᠪᠦᠷᠢᠯᠳᠦᠭᠦᠯᠦᠭᠰᠡᠨ ᠬᠢᠯᠢ ᠵᠢᠨ ᠪᠣᠭᠤᠮᠲᠠ᠎ᠨᠢ ᠪᠣᠭᠤᠮᠲᠠ ᠵᠢᠨ ᠬᠢᠨᠠᠨ ᠬᠠᠮᠢᠶᠠᠷᠴᠤ ᠪᠦᠬᠦᠢ ᠠᠵᠢᠯ᠎ᠤᠨ ᠲᠠᠯᠠᠪᠤᠷ᠎ᠲᠤ ᠬᠦᠷᠦᠭᠰᠡᠨ ᠮᠥᠷᠲᠡᠭᠡᠨ ᠬᠠᠮᠢᠶ᠎ᠠ ᠪᠦᠬᠦᠢ ᠮᠡᠳᠡᠭᠡ ᠵᠠᠩᠭᠢ᠎ᠪᠠᠨ ᠪᠦᠷᠢᠨ ᠪᠦᠲᠦᠨ ᠲᠤᠰᠢᠶᠠᠭᠰᠠᠨ RCEP᠎ᠤᠨ ᠤᠤᠯ᠎ᠤᠨ ᠦᠢ᠍ᠯᠡᠳᠪᠦᠷᠢᠯᠡᠭᠰᠡᠨ ᠠᠮᠠᠷᠬᠠᠨ ᠢᠯᠵᠢᠷᠡᠬᠦ ᠪᠠᠷᠠᠭ᠎ᠠ ᠪᠠ ᠲᠦᠷᠭᠡᠨ ᠬᠦᠷᠭᠡᠬᠦ ᠵᠦᠢ᠍ᠯ᠎ᠳᠤ᠂ ᠴᠢᠬᠤᠯᠠ ᠪᠦᠬᠦᠢ ᠨᠥᠬᠦᠴᠡᠯ᠎ᠢ ᠬᠠᠩᠭ᠋ᠠᠭᠰᠠᠨ ᠪᠠᠶ᠋ᠢᠳᠠᠯ ᠳᠣᠣᠷ᠎ᠠ 6 ᠴᠠᠭ᠎ᠤᠨ ᠳᠣᠲᠣᠷ᠎ᠠ ᠶᠠᠪᠤᠭᠤᠯᠬᠤ ᠲᠥᠬᠦᠮ ᠦᠵᠡᠭᠦᠯᠬᠦ ᠠᠷᠭ᠎ᠠ ᠬᠡᠮᠵᠢᠶ᠎ᠡ ᠵᠢ ᠬᠡᠷᠡᠭᠵᠢᠭᠦᠯᠬᠦ᠎ᠪᠠᠷ ᠴᠢᠷᠮᠠᠶ᠋ᠢᠨ᠎ᠠ᠃ (ᠬᠠᠷᠢᠭᠤᠴᠠᠯᠭ᠋ᠠᠲᠤ ᠨᠢᠭᠡᠴᠢ᠄ ᠬᠥᠬᠡᠬᠤᠲᠠ ᠪᠣᠭᠤᠮᠲᠠ)
   102. ᠳᠤᠮᠳᠠᠳᠤ ᠤᠯᠤᠰ᠎ᠤᠨ ᠤᠯᠤᠰ᠎ᠤᠨ ᠲᠡᠮᠦᠷ ᠵᠠᠮ᠎ᠤᠨ ᠪᠦᠯᠦᠭᠯᠡᠯ᠎ᠤᠨ ᠬᠢᠵᠠᠭ᠋ᠠᠷᠲᠤ ᠺᠣᠮᠫᠠᠨᠢ ᠵᠢᠨ ᠥᠪᠥᠷ ᠮᠣᠩᠭᠤᠯ᠎ᠤᠨ ᠳᠤᠮᠳᠠᠳᠤ ᠡᠸᠦ᠋ᠷᠦᠫᠡ ᠵᠢᠨ ᠡᠭᠡᠯᠵᠢ ᠵᠢᠨ ᠭᠠᠯᠲᠤ ᠲᠡᠷᠭᠡ ᠵᠢ ᠨᠡᠮᠡᠭᠳᠡᠭᠦᠯᠬᠦ ᠲᠥᠯᠥᠪᠯᠡᠭᠡ ᠵᠢ ᠣᠯᠬᠤ᠎ᠪᠠᠷ ᠢᠳᠡᠪᠬᠢᠲᠡᠢ ᠴᠢᠷᠮᠠᠶ᠋ᠢᠵᠤ᠂ ᠠᠶᠠᠯᠠᠬᠤ ᠵᠠᠮ ᠱᠤᠭᠤᠮ᠎ᠢ᠎ᠨᠢ ᠨᠡᠮᠡᠭᠳᠡᠭᠦᠯᠦᠨ᠎ᠡ᠃ ᠬᠢᠯᠢ ᠵᠢᠨ ᠪᠣᠭᠤᠮᠲᠠ᠎ᠪᠠᠷ ᠥᠩᠭᠡᠷᠡᠬᠦ᠂ ᠲᠡᠮᠦᠷ ᠵᠠᠮ ᠵᠶ᠋ᠠᠷ ᠠᠵᠢᠯᠯᠠᠬᠤ ᠵᠡᠷᠭᠡ ᠲᠠᠯ᠎ᠠ᠎ᠪᠠᠷ ᠵᠠᠮ ᠲᠡᠭᠡᠭᠡᠪᠦᠷᠢ ᠵᠢᠨ ᠠᠵᠤ ᠠᠬᠤᠶ᠋ᠢᠯᠠᠯ᠎ᠤᠨ ᠬᠠᠮᠵᠢᠯᠴᠠᠬᠤ ᠲᠣᠭᠲᠠᠴᠠ ᠵᠢ ᠪᠠᠶ᠋ᠢᠭᠤᠯᠤᠨ᠎ᠠ᠃ 《ᠳᠠᠷᠤᠢ᠎ᠳᠤ᠎ᠨᠢ ᠪᠠᠭᠤᠯᠭ᠋ᠠᠬᠤ ᠳᠠᠷᠤᠢ᠎ᠳᠤ᠎ᠨᠢ ᠠᠴᠢᠶᠠᠯᠠᠬᠤ》 ᠲᠡᠭᠡᠭᠡᠪᠦᠷᠢ ᠵᠢᠨ ᠵᠠᠭᠪᠤᠷ᠎ᠢ ᠳᠡᠮᠵᠢᠵᠦ᠂ 《ᠲᠡᠮᠦᠷ ᠵᠠᠮ᠎ᠢ ᠲᠦᠷᠭᠡᠨ ᠨᠡᠪᠲᠡᠷᠡᠭᠦᠯᠬᠦ》 ᠬᠡᠷᠡᠭᠯᠡᠭᠡᠨ᠎ᠢ ᠳᠡᠯᠭᠡᠷᠡᠭᠦᠯᠦᠨ ᠬᠡᠷᠡᠭᠵᠢᠭᠦᠯᠦᠨ᠎ᠡ᠃ (ᠬᠠᠷᠢᠭᠤᠴᠠᠯᠭ᠋ᠠᠲᠤ ᠨᠢᠭᠡᠴᠢ᠄ ᠳᠤᠮᠳᠠᠳᠤ ᠤᠯᠤᠰ᠎ᠤᠨ ᠲᠡᠮᠦᠷ ᠵᠠᠮ᠎ᠤᠨ ᠬᠥᠬᠡᠬᠤᠲᠠ ᠲᠣᠪᠴᠢᠶᠠᠨ᠎ᠤ ᠪᠦᠯᠦᠭᠯᠡᠯ᠎ᠤᠨ ᠬᠢᠵᠠᠭ᠋ᠠᠷᠲᠤ ᠺᠣᠮᠫᠠᠨᠢ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ)
   103. 《ᠬᠤᠪᠢ ᠵᠢᠨ ᠠᠵᠤ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠬᠥᠭᠵᠢᠯᠲᠡ ᠵᠢ ᠠᠬᠢᠭᠤᠯᠬᠤ ᠳᠦᠷᠢᠮ》᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠢᠵᠢᠭ ᠪᠢᠴᠢᠯ ᠠᠵᠤ ᠠᠬᠤᠶ᠋ᠢᠯᠠᠯ ᠬᠤᠪᠢ ᠵᠢᠨ ᠠᠵᠤ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠭᠤᠷᠪᠠᠨ ᠵᠢᠯ᠎ᠤᠨ ᠪᠤᠶ᠋ᠢᠵᠢᠯᠲᠠ ᠵᠢᠨ ᠲᠥᠯᠥᠪᠯᠡᠭᠡ (2023 — 2025)》 ᠵᠢ ᠭᠦᠨᠵᠡᠭᠡᠢ ᠬᠡᠷᠡᠭᠵᠢᠭᠦᠯᠦᠨ᠎ᠡ᠃ 《ᠪᠥᠬᠦ ᠣᠷᠣᠨ᠎ᠳᠤ ᠨᠡᠶ᠋ᠢᠳᠡᠮ ᠭᠦᠢ᠍ᠴᠡᠳᠬᠡᠬᠦ》 ᠥᠭᠡᠷᠡᠴᠢᠯᠡᠯᠲᠡ ᠵᠢ ᠦᠷᠭᠦᠯᠵᠢᠯᠡᠨ ᠠᠬᠢᠭᠤᠯᠵᠤ᠂ 《ᠪᠥᠬᠦ ᠣᠷᠣᠨ᠎ᠳᠤ ᠨᠡᠶ᠋ᠢᠳᠡᠮ ᠭᠦᠢ᠍ᠴᠡᠳᠬᠡᠬᠦ》 ᠵᠦᠢ᠍ᠯᠡᠰ᠎ᠤᠨ ᠲᠣᠳᠣᠷᠬᠠᠢ ᠬᠠᠭᠤᠳᠠᠰᠤ ᠵᠢ ᠬᠥᠳᠡᠯᠦᠩᠭᠦᠢ᠎ᠪᠠᠷ ᠲᠣᠬᠢᠷᠠᠭᠤᠯᠤᠨ᠂ ᠠᠵᠢᠯ ᠵᠦᠢ᠍ᠯᠡᠰ᠎ᠢ ᠨᠡᠶ᠋ᠢᠳᠡᠮ ᠭᠦᠢ᠍ᠴᠡᠳᠬᠡᠬᠦ ᠬᠡᠪᠴᠢᠶ᠎ᠡ ᠵᠢ ᠠᠯᠬᠤᠮ ᠠᠯᠬᠤᠮ ᠵᠶ᠋ᠠᠷ ᠥᠷᠭᠡᠳᠬᠡᠵᠦ᠂ ᠥᠨᠳᠥᠷ ᠳᠠᠪᠲᠠᠮᠵᠢᠲᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ 《ᠨᠢᠭᠡ ᠯᠡ ᠤᠳᠠᠭ᠎ᠠ᠎ᠳᠤ ᠭᠦᠢ᠍ᠴᠡᠳᠬᠡᠬᠦ》᠂ 《ᠮᠤᠵᠢ ᠠᠯᠤᠰᠯᠠᠨ ᠨᠡᠶ᠋ᠢᠳᠡᠮ ᠭᠦᠢ᠍ᠴᠡᠳᠬᠡᠬᠦ》 ᠵᠢ ᠪᠡᠶᠡᠯᠡᠭᠦᠯᠦᠨ᠎ᠡ᠃ ᠡᠯᠧᠺᠳ᠋ᠷᠣᠨ ᠡᠵᠡᠩᠨᠡᠯᠲᠡ ᠵᠢᠨ ᠦᠨᠡᠮᠯᠡᠯ ᠪᠠ ᠡᠯᠧᠺᠳ᠋ᠷᠣᠨ ᠲᠠᠮᠠᠭ᠎ᠠ ᠵᠢᠨ ᠬᠡᠷᠡᠭᠯᠡᠯᠲᠡ ᠵᠢ ᠳᠡᠯᠭᠡᠷᠡᠭᠦᠯᠵᠦ᠂ ᠠᠵᠤ ᠠᠬᠤᠶ᠋ᠢᠯᠠᠯ᠎ᠤᠨ ᠨᠡᠷ᠎ᠡ ᠲᠦᠷᠦ ᠵᠢ ᠢᠯᠭ᠋ᠠᠨ ᠲᠠᠨᠢᠵᠤ ᠭᠡᠷᠡᠴᠢᠯᠡᠬᠦ ᠵᠢ ᠪᠡᠶᠡᠯᠡᠭᠦᠯᠦᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠪᠠ ᠳ᠋ᠠᠶ᠋ᠢᠲ᠋ᠠ ᠵᠢᠨ ᠬᠠᠮᠢᠶᠠᠷᠤᠯᠲᠠ ᠵᠢᠨ ᠲᠣᠪᠴᠢᠶ᠎ᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ)
   104. ᠭᠤᠣᠯᠳᠠᠯᠭ᠎ᠠ᠎ᠲᠠᠢ ᠲᠥᠷᠥᠯ ᠵᠦᠢ᠍ᠯ᠎ᠤᠨ ᠣᠷᠣᠯᠠᠨ ᠭᠦᠢ᠍ᠴᠡᠳᠬᠡᠬᠦ᠂ ᠬᠠᠪᠰᠤᠷᠤᠨ ᠭᠦᠢ᠍ᠴᠡᠳᠬᠡᠬᠦ ᠦᠢ᠍ᠯᠡᠴᠢᠯᠡᠭᠡᠨ᠎ᠤ ᠶᠠᠰᠤ ᠴᠢᠨᠠᠷ ᠦᠷ᠎ᠡ ᠪᠦᠲᠦᠮᠵᠢ ᠵᠢ ᠦᠷᠭᠦᠯᠵᠢᠯᠡᠨ ᠳᠡᠭᠡᠭᠰᠢᠯᠡᠭᠦᠯᠵᠦ᠂ ᠭᠤᠣᠯᠳᠠᠯᠭ᠎ᠠ᠎ᠲᠠᠢ ᠲᠥᠷᠥᠯ ᠵᠦᠢ᠍ᠯ᠎ᠢ ᠳᠠᠭ᠋ᠠᠭ᠋ᠠᠨ ᠪᠠᠶ᠋ᠢᠭᠤᠯᠬᠤ ᠠᠵᠤ ᠠᠬᠤᠶ᠋ᠢᠯᠠᠯ᠎ᠳᠤ ᠲᠤᠶ᠋ᠢᠯ᠎ᠤᠨ ᠣᠨᠣᠴᠠᠲᠠᠢ᠎ᠪᠠᠷ ᠣᠷᠣᠯᠠᠨ ᠭᠦᠢ᠍ᠴᠡᠳᠬᠡᠬᠦ᠂ ᠬᠠᠯᠠᠭᠤᠮᠰᠤᠭ ᠳᠣᠲᠣᠨᠣ᠎ᠪᠠᠷ ᠬᠠᠪᠰᠤᠷᠤᠨ ᠭᠦᠢ᠍ᠴᠡᠳᠬᠡᠬᠦ ᠦᠢ᠍ᠯᠡᠴᠢᠯᠡᠭᠡ ᠬᠠᠩᠭ᠋ᠠᠨ᠎ᠠ᠃ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠢ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ ᠲᠡᠶ᠋ᠢᠰᠢ ᠤᠷᠲᠤᠳᠬᠠᠬᠤ ᠵᠢ ᠲᠦᠷᠭᠡᠳᠬᠡᠨ ᠠᠬᠢᠭᠤᠯᠵᠤ᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠎ᠤᠨ 《ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠵᠢᠯ᠎ᠤᠨ ᠥᠷᠲᠡᠭᠡ》᠎ᠪᠠᠷ ᠠᠴᠢᠶᠠᠯᠠᠪᠤᠷᠢ ᠪᠣᠯᠭ᠋ᠠᠨ᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠎ᠤᠨ ᠠᠵᠤ ᠠᠬᠤᠶ᠋ᠢᠯᠠᠯ᠎ᠳᠤ ᠴᠢᠨᠠᠷ ᠰᠠᠶ᠋ᠢᠲᠠᠢ ᠥᠨᠳᠥᠷ ᠦᠷ᠎ᠡ ᠪᠦᠲᠦᠮᠵᠢᠲᠡᠶ ᠳᠥᠭᠦᠮ ᠳᠥᠲᠡ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ ᠬᠠᠩᠭ᠋ᠠᠵᠤ᠂ 《ᠬᠦᠷᠢᠶᠡᠯᠡᠩ ᠲᠣᠭᠤᠷᠢᠭ᠎ᠤᠨ ᠠᠵᠢᠯ ᠶᠠᠪᠤᠳᠠᠯ᠎ᠢ ᠬᠦᠷᠢᠶᠡᠯᠡᠩ ᠲᠣᠭᠤᠷᠢᠭ᠎ᠲᠤ ᠭᠦᠢ᠍ᠴᠡᠳᠬᠡᠬᠦ》 ᠵᠢ ᠪᠡᠶᠡᠯᠡᠭᠦᠯᠦᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠪᠠ ᠳ᠋ᠠᠶ᠋ᠢᠲ᠋ᠠ ᠵᠢᠨ ᠬᠠᠮᠢᠶᠠᠷᠤᠯᠲᠠ ᠵᠢᠨ ᠲᠣᠪᠴᠢᠶ᠎ᠠ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ)
   105. ᠬᠡᠮᠵᠢᠯᠲᠡ᠂ ᠪᠠᠷᠢᠮᠵᠢᠶ᠎ᠠ᠂ ᠪᠠᠶ᠋ᠢᠴᠠᠭ᠋ᠠᠨ ᠰᠢᠯᠭ᠋ᠠᠵᠤ ᠪᠠᠶ᠋ᠢᠴᠠᠭ᠋ᠠᠨ ᠰᠢᠨᠵᠢᠬᠦ᠂ ᠭᠡᠷᠡᠴᠢᠯᠡᠵᠦ ᠮᠡᠳᠡᠷᠡᠬᠦ ᠵᠡᠷᠭᠡ ᠶᠠᠰᠤ ᠴᠢᠨᠠᠷ᠎ᠤᠨ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠶᠠᠰᠤ ᠴᠢᠨᠠᠷ᠎ᠤᠨ ᠰᠠᠭᠤᠷᠢ ᠪᠡᠯᠡᠳᠬᠡᠮᠵᠢ ᠵᠢᠨ ᠬᠤᠷᠠᠮᠠᠯ ᠦᠢ᠍ᠯᠡᠴᠢᠯᠡᠭᠡᠨ᠎ᠤ ᠰᠠᠭᠤᠷᠢᠨ ᠭᠠᠵᠠᠷ᠎ᠢ ᠴᠣᠭᠴᠠᠯᠠᠨ ᠪᠠᠶ᠋ᠢᠭᠤᠯᠵᠤ᠂ ᠶᠠᠰᠤ ᠴᠢᠨᠠᠷ᠎ᠤᠨ ᠮᠡᠷᠭᠡᠵᠢᠯ᠎ᠤᠨ ᠦᠢ᠍ᠯᠡᠴᠢᠯᠡᠭᠡᠨ᠎ᠢ 《ᠬᠦᠷᠢᠶᠡᠯᠡᠩ ᠲᠣᠭᠤᠷᠢᠭ᠎ᠲᠤ ᠣᠷᠣᠭᠤᠯᠬᠤ》᠂ 《ᠠᠵᠤ ᠠᠬᠤᠶ᠋ᠢᠯᠠᠯ᠎ᠳᠤ ᠣᠷᠣᠭᠤᠯᠬᠤ》 ᠵᠢ ᠠᠬᠢᠭᠤᠯᠵᠤ᠂ ᠣᠷᠣᠨ ᠪᠦᠰᠡ ᠵᠢᠨ ᠠᠵᠤ ᠠᠬᠤᠢ ᠵᠢᠨ ᠰᠢᠨ᠎ᠡ ᠵᠢ ᠡᠭᠦᠳᠦᠨ ᠬᠥᠭᠵᠢᠬᠦ ᠵᠢ ᠠᠬᠢᠭᠤᠯᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ)
   106. ᠭᠤᠥᠯᠴᠢ ᠥᠷᠢᠰᠦᠯᠳᠦᠭᠡᠨ᠎ᠤ ᠬᠢᠨᠠᠨ ᠪᠠᠶ᠋ᠢᠴᠠᠭ᠋ᠠᠯᠲᠠ ᠵᠢ ᠴᠢᠩᠭ᠋ᠠᠷᠠᠭᠤᠯᠤᠨ᠎ᠠ᠃ ᠣᠷᠣᠨ ᠨᠤᠲᠤᠭ᠎ᠤᠨ ᠬᠠᠮᠠᠭ᠋ᠠᠯᠠᠯᠲᠠ ᠪᠠ ᠵᠠᠬ᠎ᠠ ᠳᠡᠯᠭᠡᠭᠦᠷ᠎ᠤᠨ ᠬᠡᠰᠡᠭᠯᠡᠯ᠎ᠤᠨ ᠲᠣᠪᠣᠶ᠋ᠢᠮ᠎ᠠ ᠠᠰᠠᠭᠤᠳᠠᠯ᠎ᠢ ᠲᠤᠰᠬᠠᠶ᠋ᠢᠯᠠᠨ ᠴᠡᠭᠴᠡᠯᠡᠨ ᠵᠠᠰᠠᠬᠤ ᠠᠵᠢᠯ᠎ᠢ ᠥᠷᠨᠢᠭᠦᠯᠵᠦ᠂ ᠵᠠᠬ᠎ᠠ ᠳᠡᠯᠭᠡᠭᠦᠷ᠎ᠤᠨ ᠭᠤᠣᠯ ᠴᠣᠭᠴᠠ ᠵᠢᠨ ᠵᠠᠬ᠎ᠠ ᠳᠡᠯᠭᠡᠭᠦᠷ᠎ᠤᠨ ᠠᠵᠤ ᠠᠬᠤᠢ ᠵᠢᠨ ᠠᠵᠢᠯᠯᠠᠭ᠎ᠠ᠎ᠳᠤ ᠣᠷᠣᠯᠴᠠᠬᠤ ᠵᠢ ᠭᠠᠳᠠᠭᠤᠷᠴᠢᠯᠠᠬᠤ᠂ ᠬᠠᠷᠰᠢᠯᠠᠬᠤ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠢᠯᠭ᠋ᠠᠷᠠᠭᠤᠯᠤᠨ ᠬᠦᠴᠦᠨ ᠦᠭᠡᠢ ᠪᠣᠯᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠭᠤᠥᠯᠴᠢ ᠥᠷᠢᠰᠦᠯᠳᠦᠭᠡᠨ᠎ᠤ ᠬᠢᠨᠠᠨ ᠪᠠᠶ᠋ᠢᠴᠠᠭ᠋ᠠᠬᠤ ᠬᠠᠮᠢᠶ᠎ᠠ ᠪᠦᠬᠦᠢ ᠳᠦᠷᠢᠮ᠎ᠢ ᠲᠡᠭᠦᠯᠳᠡᠷᠵᠢᠭᠦᠯᠦᠨ᠂ ᠭᠤᠥᠯᠴᠢ ᠥᠷᠢᠰᠦᠯᠳᠦᠭᠡᠨ᠎ᠤ ᠬᠢᠨᠠᠨ ᠪᠠᠶ᠋ᠢᠴᠠᠭ᠋ᠠᠯᠲᠠ ᠵᠢᠨ ᠭᠤᠷᠪᠠᠳᠠᠭᠢ ᠡᠲᠡᠭᠡᠳ᠎ᠤᠨ ᠦᠨᠡᠯᠡᠨ ᠵᠢᠱ᠌ᠢᠬᠦ ᠠᠵᠢᠯ᠎ᠢ ᠥᠷᠨᠢᠭᠦᠯᠵᠦ᠂ ᠪᠥᠬᠦ ᠤᠯᠤᠰ᠎ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠤᠨ ᠪᠦᠲᠦᠭᠡᠨ ᠪᠠᠶ᠋ᠢᠭᠤᠯᠤᠯᠲᠠ ᠵᠢ ᠪᠥᠬᠦ ᠲᠠᠯ᠎ᠠ᠎ᠪᠠᠷ ᠠᠬᠢᠭᠤᠯᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ)
   107. ᠢᠳᠡᠭᠡᠨ᠎ᠤ ᠵᠦᠢ᠍ᠯ ᠪᠠ ᠡᠮ᠎ᠤᠨ ᠵᠦᠢ᠍ᠯ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠣᠯᠠᠨ ᠲᠦᠮᠡᠨ᠎ᠤ ᠲᠤᠰᠬᠠᠯ ᠴᠢᠩᠭ᠎ᠠ᠂ ᠠᠵᠤ ᠦᠢ᠍ᠯᠡᠰ᠎ᠤᠨ ᠬᠥᠭᠵᠢᠯᠲᠡ᠎ᠳᠤ ᠬᠥᠨᠥᠭᠡᠯ᠎ᠲᠠᠢ ᠦᠶᠯᠡ ᠠᠵᠢᠯᠯᠠᠭ᠎ᠠ᠎ᠳᠤ ᠴᠢᠭᠯᠡᠭᠦᠯᠦᠨ ᠲᠤᠰᠬᠠᠢ ᠴᠡᠭᠴᠡᠯᠡᠨ ᠵᠠᠰᠠᠬᠤ ᠠᠵᠢᠯ᠎ᠢ ᠥᠷᠨᠢᠭᠦᠯᠦᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ)
   108. ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠡᠭᠦᠳᠦᠨ ᠪᠦᠲᠦᠭᠡᠬᠦ᠂ ᠬᠡᠷᠡᠭᠯᠡᠬᠦ᠂ ᠬᠠᠮᠠᠭ᠋ᠠᠯᠠᠬᠤ᠂ ᠬᠠᠮᠢᠶᠠᠷᠬᠤ ᠪᠠ ᠦᠢ᠍ᠯᠡᠴᠢᠯᠡᠬᠦ ᠬᠢᠷᠢ ᠲᠦᠪᠰᠢᠨ᠎ᠢ ᠪᠥᠬᠦ ᠲᠠᠯ᠎ᠠ᠎ᠪᠠᠷ ᠳᠡᠭᠡᠭᠰᠢᠯᠡᠭᠦᠯᠵᠦ᠂ ᠲᠤᠰᠬᠠᠢ ᠠᠰᠢᠭ᠎ᠢ ᠤᠯᠠᠷᠢᠭᠤᠯᠤᠨ ᠬᠡᠷᠡᠭᠯᠡᠬᠦ ᠲᠤᠰᠬᠠᠢ ᠠᠵᠢᠯᠯᠠᠭ᠋ᠠᠨ᠎ᠢ ᠬᠡᠷᠡᠭᠵᠢᠭᠦᠯᠦᠨ᠂ ᠨᠡᠶ᠋ᠢᠭᠡᠮ ᠳᠠᠶᠠᠭ᠋ᠠᠷ᠎ᠤᠨ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠬᠥᠭᠵᠢᠭᠡᠨ᠎ᠡ᠃ ᠰᠠᠯᠠᠭ᠎ᠠ ᠮᠥᠴᠢᠷ᠎ᠤᠨ ᠬᠤᠯᠪᠤᠭ᠋ᠠᠯᠠᠨ 《ᠬᠤᠶᠠᠷ᠎ᠢ ᠲᠠᠰᠢᠷᠠᠮ ᠵᠶ᠋ᠠᠷ᠂ ᠨᠢᠭᠡ ᠵᠢ ᠢᠯᠡ ᠪᠣᠯᠭ᠋ᠠᠬᠤ》 ᠬᠢᠨᠠᠯᠲᠠ ᠬᠠᠮᠢᠶᠠᠷᠤᠯᠲᠠ ᠵᠢ ᠭᠦᠨᠵᠡᠭᠡᠶ᠋ᠢᠷᠡᠭᠦᠯᠵᠦ᠂ ᠠᠵᠤ ᠠᠬᠤᠶ᠋ᠢᠯᠠᠯ᠎ᠤᠨ ᠢᠲᠡᠭᠡᠮᠵᠢ ᠵᠢᠨ ᠲᠦᠭᠰᠢᠭᠦᠷᠢ ᠵᠢ ᠲᠠᠰ ᠲᠥᠷᠥᠯ ᠬᠤᠪᠢᠶᠠᠨ ᠬᠠᠮᠢᠶᠠᠷᠬᠤ ᠵᠢ ᠠᠬᠢᠭᠤᠯᠤᠨ᠂ ᠠᠵᠢᠯ ᠶᠠᠪᠤᠳᠠᠯ᠎ᠤᠨ ᠳᠤᠮᠳᠠᠬᠢ ᠪᠠ ᠠᠵᠢᠯ ᠶᠠᠪᠤᠳᠠᠯ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢ ᠴᠢᠩᠭ᠋ᠠᠷᠠᠭᠤᠯᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ)
   (ᠭᠤᠷᠪᠠ) ᠣᠷᠣᠨ ᠨᠤᠲᠤᠭ᠎ᠤᠨ ᠠᠮᠢᠵᠢᠷᠠᠯ᠎ᠤᠨ ᠬᠦᠴᠦᠨ᠎ᠢ ᠬᠥᠭᠵᠢᠭᠡᠨ᠎ᠡ᠃
   109. ᠡᠯ᠎ᠡ ᠭᠠᠵᠠᠷ ᠣᠷᠣᠨ᠎ᠤ ᠰᠲ᠋ᠣᠺ᠎ᠤᠨ ᠡᠷᠬᠡ ᠵᠢᠨ ᠬᠤᠪᠢᠶᠠᠷᠢᠯᠠᠯᠲᠠ᠂ ᠭᠠᠶ᠋ᠢᠯᠢ ᠲᠠᠲᠠᠪᠤᠷᠢ ᠵᠢᠨ ᠬᠤᠪᠢᠳᠠᠯ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠴᠢᠬᠤᠯᠠ ᠶᠡᠭᠡ ᠲᠥᠷᠥᠯ ᠵᠦᠢ᠍ᠯ᠎ᠢ ᠬᠠᠮᠲᠤᠷᠠᠨ ᠬᠠᠮᠲᠤ᠎ᠪᠠᠷ ᠪᠦᠲᠦᠭᠡᠨ ᠪᠠᠶ᠋ᠢᠭᠤᠯᠬᠤ ᠵᠢ᠎ᠨᠢ ᠵᠣᠷᠢᠭᠵᠢᠭᠤᠯᠵᠤ᠂ 《ᠣᠭᠤᠷᠴᠤᠭ ᠭᠠᠵᠠᠷ᠎ᠤᠨ ᠠᠵᠤ ᠠᠬᠤᠢ》 ᠵᠢ ᠬᠥᠭᠵᠢᠭᠦᠯᠦᠨ᠂ ᠬᠤᠳᠠᠯᠳᠤᠨ ᠠᠪᠬᠤ ᠬᠡᠪᠴᠢᠶ᠎ᠡ ᠶᠣᠰᠣᠭ᠋ᠠᠷ᠂ ᠦᠢ᠍ᠯᠡᠳᠬᠦᠨ᠎ᠤ ᠥᠷᠲᠡᠭ᠂ ᠪᠡᠯᠡ ᠣᠷᠣᠭᠤᠯᠤᠯᠲᠠ᠂ ᠭᠠᠶ᠋ᠢᠯᠢ ᠲᠠᠲᠠᠪᠤᠷᠢ ᠵᠡᠷᠭᠡ ᠠᠵᠤ ᠠᠬᠤᠢ ᠵᠢᠨ ᠭᠦᠢ᠍ᠴᠡᠳᠬᠡᠯ ᠲᠤᠭ᠎ᠠ ᠶᠣᠰᠣᠭ᠋ᠠᠷ ᠦᠢ᠍ᠯᠡᠳᠪᠦᠷᠢᠯᠡᠵᠦ ᠪᠣᠷᠣᠯᠠᠭᠤᠯᠤᠭᠰᠠᠨ ᠬᠤᠶᠠᠷ ᠭᠠᠵᠠᠷ᠎ᠲᠤ ᠬᠤᠪᠢᠳᠠᠨ ᠲᠣᠭ᠋ᠠᠴᠠᠭ᠎ᠠ ᠬᠢᠬᠦ ᠵᠢ ᠳᠡᠮᠵᠢᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠲᠣᠪᠴᠢᠶ᠎ᠠ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠲᠤᠭ᠎ᠠ ᠪᠦᠷᠢᠳᠬᠡᠯ᠎ᠤᠨ ᠲᠣᠪᠴᠢᠶ᠎ᠠ)
   110. ᠡᠯ᠎ᠡ ᠠᠶ᠋ᠢᠮᠠᠭ ᠬᠤᠲᠠ ᠵᠢᠨ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠰᠢᠯᠢᠳᠡᠭᠵᠢᠭᠦᠯᠬᠦ ᠵᠢ᠎ᠨᠢ ᠦᠨᠡᠯᠡᠨ ᠵᠢᠱ᠌ᠢᠬᠦ᠂ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ ᠵᠢᠨ ᠨᠡᠮᠡᠭᠳᠡᠯ ᠵᠢᠴᠢ ᠲᠥᠪ᠎ᠤᠨ ᠲᠥᠰᠥᠪ᠎ᠤᠨ ᠳᠣᠲᠣᠷᠠᠬᠢ ᠪᠡᠯᠡ ᠣᠷᠣᠭᠤᠯᠤᠯᠲᠠ ᠵᠢ ᠬᠡᠷᠡᠭᠵᠢᠭᠦᠯᠦᠭᠰᠡᠨ ᠵᠡᠷᠭᠡ ᠪᠠᠶ᠋ᠢᠳᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠨ ᠪᠦᠲᠦᠭᠡᠨ ᠪᠠᠶ᠋ᠢᠭᠤᠯᠤᠯᠲᠠ ᠵᠢᠨ ᠲᠥᠰᠥᠪ᠎ᠤᠨ ᠪᠡᠯᠡ ᠮᠥᠩᠭᠦ ᠵᠢ ᠲᠣᠬᠢᠷᠠᠭᠤᠯᠬᠤ᠎ᠳᠤ᠎ᠪᠠᠨ ᠨᠡᠷᠡᠰ᠎ᠤᠨ ᠵᠢᠭᠰᠠᠭ᠋ᠠᠯᠲᠠ᠎ᠳᠤ ᠡᠮᠦᠨ᠎ᠡ ᠪᠠᠶ᠋ᠢᠷᠢᠯᠠᠭᠰᠠᠨ ᠠᠶ᠋ᠢᠮᠠᠭ ᠬᠤᠲᠠ ᠲᠡᠶ᠋ᠢᠰᠢ ᠬᠡᠯᠪᠡᠶ᠋ᠢᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ)
    ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
   2024 ᠣᠨ᠎ᠤ 1 ᠳ᠋ᠦ᠍ᠭᠡᠷ ᠰᠠᠷ᠎ᠠ ᠵᠢᠨ 21᠎ᠤ ᠡᠳᠦᠷ ᠳᠠᠷᠤᠮᠠᠯᠯᠠᠨ ᠲᠠᠷᠬᠠᠭ᠋ᠠᠪᠠ

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
2024 ᠣᠨ᠎ᠤ ᠥᠪᠡᠷᠲᠡᠭᠡᠨ ᠵᠠᠰᠠᠬᠤ ᠣᠷᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠶ᠋ᠢᠭᠡᠮ᠎ᠤᠨ ᠬᠥᠭᠵᠢᠯᠲᠡ ᠵᠢᠨ ᠲᠥᠯᠥᠪᠯᠡᠭᠡ ᠵᠢ ᠳᠣᠷᠣᠭᠰᠢ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠭᠠᠯ ᠰᠡᠷᠭᠡᠶ᠋ᠢᠯᠡᠵᠦ ᠤᠨᠲᠠᠷᠠᠭ᠋ᠠᠬᠤ ᠪᠡᠯᠡᠳᠬᠡᠮᠵᠢ ᠵᠢᠨ ᠬᠠᠮᠢᠶᠠᠷᠤᠯᠲᠠ ᠵᠢᠨ ᠠᠷᠭ᠎ᠠ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠦᠨ ᠤᠬᠠᠭ᠋ᠠᠨ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠱᠠᠩᠨᠠᠯ᠎ᠢ ᠰᠢᠯᠭ᠋ᠠᠷᠠᠭᠤᠯᠬᠤ ᠪᠠ ᠱᠠᠩᠨᠠᠬᠤ ᠠᠷᠭ᠎ᠠ
ᠪᠡᠯᠡᠳᠭᠡᠮᠵᠢᠲᠦ ᠲᠠᠷᠢᠶᠠᠯᠠᠩ᠂ ᠪᠡᠯᠡᠳᠭᠡᠮᠵᠢᠲᠦ ᠮᠠᠯ ᠠᠵᠤ ᠠᠬᠤᠢ ᠵᠢᠨ ᠬᠥᠭᠵᠢᠯᠲᠡ ᠵᠢ ᠳᠡᠮᠵᠢᠬᠦ ᠠᠷᠭ᠎ᠠ ᠬᠡᠮᠵᠢᠶ᠎ᠡ᠎ᠨᠦᠭᠦᠳ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠲᠥᠷᠥᠯ ᠵᠦᠢ᠍ᠯ᠎ᠤᠨ ᠲᠠᠯ᠎ᠠ᠎ᠪᠠᠷ ᠨᠤᠲᠤᠭ ᠪᠡᠯᠴᠢᠭᠡᠷ ᠲᠠᠲᠠᠪᠤᠷᠢᠯᠠᠨ ᠬᠡᠷᠡᠭᠯᠡᠬᠦ ᠡᠵᠡᠯᠡᠨ ᠬᠡᠷᠡᠭᠯᠡᠬᠦ ᠵᠡᠷᠭᠡ ᠵᠢᠨ ᠭᠠᠷᠳᠠᠮ᠎ᠢ ᠭᠦᠢ᠍ᠴᠡᠳᠬᠡᠬᠦ ᠬᠤᠯᠪᠣᠭᠳᠠᠯ ᠪᠦᠬᠦᠢ ᠠᠰᠠᠭᠤᠳᠠᠯ᠎ᠤᠨ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
 
            