ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠲᠥᠷᠥᠯ ᠵᠦᠢ᠍ᠯ᠎ᠤᠨ ᠲᠠᠯ᠎ᠠ᠎ᠪᠠᠷ ᠨᠤᠲᠤᠭ ᠪᠡᠯᠴᠢᠭᠡᠷ ᠲᠠᠲᠠᠪᠤᠷᠢᠯᠠᠨ ᠬᠡᠷᠡᠭᠯᠡᠬᠦ ᠡᠵᠡᠯᠡᠨ ᠬᠡᠷᠡᠭᠯᠡᠬᠦ ᠵᠡᠷᠭᠡ ᠵᠢᠨ ᠭᠠᠷᠳᠠᠮ᠎ᠢ ᠭᠦᠢ᠍ᠴᠡᠳᠬᠡᠬᠦ ᠬᠤᠯᠪᠣᠭᠳᠠᠯ ᠪᠦᠬᠦᠢ ᠠᠰᠠᠭᠤᠳᠠᠯ᠎ᠤᠨ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠨᠡᠶᠢᠲᠡᠯᠡᠭᠰᠡᠨ ᠴᠠᠭ᠄ 2024-08-23


    ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ
    ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
    ᠥᠪᠥᠷ ᠵᠠᠰᠠᠭ ᠠᠯᠪᠠᠨ ᠲᠠᠷᠬᠠᠭ᠋ᠠᠭᠰᠠᠨ [2024] 33 ᠳ᠋ᠤᠭ᠋ᠠᠷ ᠲᠣᠭ᠋ᠠᠲᠤ
    ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠲᠥᠷᠥᠯ ᠵᠦᠢ᠍ᠯ᠎ᠤᠨ ᠲᠠᠯ᠎ᠠ᠎ᠪᠠᠷ ᠨᠤᠲᠤᠭ ᠪᠡᠯᠴᠢᠭᠡᠷ
    ᠲᠠᠲᠠᠪᠤᠷᠢᠯᠠᠨ ᠬᠡᠷᠡᠭᠯᠡᠬᠦ ᠡᠵᠡᠯᠡᠨ ᠬᠡᠷᠡᠭᠯᠡᠬᠦ ᠵᠡᠷᠭᠡ ᠵᠢᠨ ᠭᠠᠷᠳᠠᠮ᠎ᠢ ᠭᠦᠢ᠍ᠴᠡᠳᠬᠡᠬᠦ ᠬᠤᠯᠪᠣᠭᠳᠠᠯ ᠪᠦᠬᠦᠢ ᠠᠰᠠᠭᠤᠳᠠᠯ᠎ᠤᠨ
    ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
    ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
   《ᠥᠪᠥᠷ ᠮᠣᠩᠭᠤᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠲᠤᠬᠠᠢ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠠᠨᠠᠯ》 (ᠲᠥᠷᠥ ᠲᠠᠷᠬᠠᠭ᠋ᠠᠭᠰᠠᠨ [2023] 16 ᠳ᠋ᠤᠭ᠋ᠠᠷ ᠲᠣᠭ᠋ᠠᠲᠤ) ᠪᠠ 《ᠥᠪᠥᠷ ᠮᠣᠩᠭᠤᠯ ᠡᠬᠢ ᠪᠠᠶᠠᠯᠢᠭ᠎ᠤᠨ ᠳᠠᠪᠠᠭᠤᠯᠢᠭ ᠵᠶ᠋ᠠᠨ ᠪᠠᠳᠠᠷᠠᠭᠤᠯᠵᠤ ᠴᠢᠨᠠᠷ ᠰᠠᠶ᠋ᠢᠲᠠᠢ ᠬᠥᠭᠵᠢᠯᠲᠡ᠎ᠪᠠᠨ ᠠᠬᠢᠭᠤᠯᠬᠤ ᠵᠢ ᠳᠡᠮᠵᠢᠬᠦ ᠲᠤᠬᠠᠢ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠰᠠᠨᠠᠯ》 (ᠪᠠᠶ᠋ᠢᠭ᠋ᠠᠯᠢ ᠡᠬᠢ ᠵᠠᠬᠢᠳᠠᠯ [2024] 224 ᠳ᠋ᠦ᠍ᠭᠡᠷ ᠲᠣᠭ᠋ᠠᠲᠤ)᠎ᠤᠨ ᠵᠣᠷᠢᠭ ᠰᠠᠨᠠᠭ᠎ᠠ ᠵᠢ ᠬᠢᠨᠠᠮᠠᠭ᠋ᠠᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠵᠢᠯ᠎ᠤᠨ ᠭᠤᠣᠯ ᠰᠢᠵᠢᠮ᠎ᠢ ᠴᠢᠩᠭ᠎ᠠ ᠠᠳᠬᠤᠨ᠂ ᠠᠭᠤᠷᠬᠠᠢ ᠵᠢᠨ ᠡᠬᠢ ᠪᠠᠶᠠᠯᠢᠭ᠎ᠢ ᠬᠡᠷᠡᠭᠯᠡᠬᠦ ᠡᠷᠬᠡ᠎ᠪᠠᠨ ᠤᠯᠠᠮ ᠨᠢᠭᠡ ᠠᠯᠬᠤᠮ ᠬᠥᠭᠵᠢᠭᠡᠵᠦ᠂ ᠪᠥᠬᠦ ᠣᠷᠣᠨ᠎ᠤ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠲᠥᠷᠥᠯ ᠵᠦᠢ᠍ᠯ᠎ᠳᠤ ᠨᠤᠲᠤᠭ ᠪᠡᠯᠴᠢᠭᠡᠷ ᠲᠠᠲᠠᠪᠤᠷᠢᠯᠠᠨ ᠬᠡᠷᠡᠭᠯᠡᠬᠦ ᠡᠵᠡᠯᠡᠨ ᠬᠡᠷᠡᠭᠯᠡᠬᠦ ᠵᠡᠷᠭᠡ ᠵᠢᠨ ᠭᠠᠷᠳᠠᠮ᠎ᠢ ᠭᠦᠢ᠍ᠴᠡᠳᠬᠡᠬᠦ᠎ᠪᠠᠨ ᠬᠠᠤᠯᠢ ᠲᠣᠭᠲᠠᠭ᠋ᠠᠯ ᠶᠣᠰᠣᠭ᠋ᠠᠷ ᠠᠬᠢᠭᠤᠯᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠡᠳᠦᠭᠡ ᠬᠤᠯᠪᠣᠭᠳᠠᠯ ᠪᠦᠬᠦᠢ ᠠᠰᠠᠭᠤᠳᠠᠯ᠎ᠤᠳ᠎ᠢ ᠳᠣᠣᠷᠠᠬᠢ ᠮᠡᠲᠦ ᠮᠡᠳᠡᠭᠳᠡᠪᠡ᠃
    ᠨᠢᠭᠡ᠂ 《ᠠᠭᠤᠷᠬᠠᠢ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠶᠠᠪᠤᠴᠠ᠎ᠳᠤ ᠨᠤᠲᠤᠭ ᠪᠡᠯᠴᠢᠭᠡᠷ᠎ᠤᠨ ᠠᠮᠢ ᠠᠬᠤᠢ ᠵᠢᠨ ᠬᠠᠮᠠᠭ᠋ᠠᠯᠠᠯᠲᠠ ᠵᠢ ᠴᠢᠩᠭ᠋ᠠᠳᠬᠠᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠰᠠᠨᠠᠯ》 (ᠥᠪᠥᠷ ᠵᠠᠰᠠᠭ ᠠᠯᠪᠠᠨ ᠲᠠᠷᠬᠠᠭ᠋ᠠᠭᠰᠠᠨ [2021] 7 ᠳ᠋ᠤᠭ᠋ᠠᠷ ᠲᠣᠭ᠋ᠠᠲᠤ) ᠪᠠ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠡᠨᠧᠷᠭᠢ ᠵᠢᠨ ᠲᠣᠪᠴᠢᠶᠠᠨ᠎ᠤ 《ᠲᠠᠲᠠᠪᠤᠷᠢᠯᠠᠨ ᠬᠡᠷᠡᠭᠯᠡᠬᠦ ᠡᠵᠡᠯᠡᠨ ᠬᠡᠷᠡᠭᠯᠡᠬᠦ ᠨᠤᠲᠤᠭ ᠪᠡᠯᠴᠢᠭᠡᠷ ᠣᠶ᠋ᠢᠲᠤ ᠭᠠᠵᠠᠷ᠎ᠤᠨ ᠬᠤᠪᠢᠶᠠᠷᠢᠯᠠᠯ᠎ᠤᠨ ᠬᠡᠷᠡᠭᠴᠡᠭᠡᠨ᠎ᠤ ᠬᠠᠮᠢᠶᠠᠷᠤᠨ ᠡᠵᠡᠮᠳᠡᠬᠦ ᠵᠢ ᠬᠡᠷᠡᠭᠵᠢᠭᠦᠯᠬᠦ ᠲᠤᠬᠠᠢ ᠮᠡᠳᠡᠭᠳᠡᠯ》 (ᠥᠪᠥᠷ ᠣᠢ ᠪᠡᠯᠴᠢᠭᠡᠷ ᠪᠡᠯᠴᠢᠭᠡᠷ ᠬᠢᠨᠠᠯᠲᠠ ᠲᠠᠷᠬᠠᠭ᠋ᠠᠭᠰᠠᠨ [2021] 257 ᠳ᠋ᠤᠭ᠋ᠠᠷ ᠲᠣᠭ᠋ᠠᠲᠤ) ᠵᠡᠷᠭᠡ ᠪᠢᠴᠢᠭ ᠮᠠᠲ᠋ᠧᠷᠢᠶᠠᠯ᠎ᠤᠨ ᠲᠣᠭᠲᠠᠭ᠋ᠠᠯ᠎ᠢ ᠦᠨᠳᠦᠰᠦᠯᠡᠪᠡᠯ᠂ 《ᠰᠢᠨ᠎ᠡ ᠨᠡᠭᠡᠭᠡᠭᠰᠡᠨ ᠵᠠᠳᠠᠭ᠋ᠠᠢ ᠠᠭᠤᠷᠬᠠᠢ》 ᠭᠡᠳᠡᠭ᠎ᠨᠢ 2021 ᠣᠨ᠎ᠤ 2 ᠳ᠋ᠤᠭ᠋ᠠᠷ ᠰᠠᠷ᠎ᠠ ᠵᠢᠨ 6᠎ᠤ ᠡᠳᠦᠷ ᠥᠪᠥᠷ ᠵᠠᠰᠠᠭ ᠠᠯᠪᠠᠨ ᠲᠠᠷᠬᠠᠭ᠋ᠠᠭᠰᠠᠨ [2021] 7 ᠳ᠋ᠤᠭ᠋ᠠᠷ ᠲᠣᠭ᠋ᠠᠲᠤ ᠪᠢᠴᠢᠭ ᠮᠠᠲ᠋ᠧᠷᠢᠶᠠᠯ᠎ᠢ ᠳᠠᠷᠤᠮᠠᠯᠯᠠᠨ ᠶᠠᠪᠤᠭᠤᠯᠤᠭᠰᠠᠨ᠎ᠤ ᠳᠠᠷᠠᠭ᠎ᠠ ᠰᠢᠨ᠎ᠡ ᠬᠤᠳᠠᠯᠳᠤᠨ ᠰᠢᠯᠵᠢᠭᠦᠯᠦᠭᠰᠡᠨ ᠵᠠᠳᠠᠭ᠋ᠠᠢ ᠠᠷᠭ᠎ᠠ ᠮᠠᠶᠢᠭ ᠵᠶ᠋ᠠᠷ ᠨᠡᠭᠡᠭᠡᠵᠦ ᠮᠠᠯᠲᠠᠭᠰᠠᠨ ᠠᠭᠤᠷᠬᠠᠢ ᠵᠢᠨ ᠡᠬᠢ ᠪᠠᠶᠠᠯᠢᠭ᠎ᠢ ᠬᠡᠷᠡᠭᠯᠡᠬᠦ ᠡᠷᠬᠡ᠎ᠲᠠᠢ ᠲᠥᠷᠥᠯ ᠵᠦᠢ᠍ᠯ᠎ᠢ ᠵᠢᠭ᠋ᠠᠵᠤ ᠪᠣᠶ; ᠥᠪᠥᠷ ᠵᠠᠰᠠᠭ ᠠᠯᠪᠠᠨ ᠲᠠᠷᠬᠠᠭ᠋ᠠᠭᠰᠠᠨ [2021] 7 ᠳ᠋ᠤᠭ᠋ᠠᠷ ᠲᠣᠭ᠋ᠠᠲᠤ ᠪᠢᠴᠢᠭ ᠮᠠᠲ᠋ᠧᠷᠢᠶᠠᠯ᠎ᠢ ᠨᠡᠶ᠋ᠢᠲᠡᠯᠡᠬᠦ᠎ᠠᠴᠠ ᠡᠮᠦᠨ᠎ᠡ ᠨᠢᠭᠡᠨᠲᠡ ᠠᠭᠤᠷᠬᠠᠢ ᠬᠠᠶ᠋ᠢᠬᠤ ᠡᠷᠬᠡ᠂ ᠠᠭᠤᠷᠬᠠᠢ ᠬᠠᠶ᠋ᠢᠬᠤ ᠡᠷᠬᠡ᠎ᠪᠠᠨ ᠠᠭᠤᠷᠬᠠᠢ ᠮᠠᠯᠲᠠᠬᠤ ᠡᠷᠬᠡ ᠪᠣᠯᠭ᠋ᠠᠨ ᠰᠢᠯᠵᠢᠭᠦᠯᠦᠭᠰᠡᠨ᠂ ᠠᠭᠤᠷᠬᠠᠢ ᠮᠠᠯᠲᠠᠬᠤ ᠡᠷᠬᠡ᠂ ᠡᠰᠡᠬᠦᠯ᠎ᠡ ᠵᠠᠬ᠎ᠠ ᠳᠡᠯᠭᠡᠭᠦᠷ ᠵᠶ᠋ᠠᠷ ᠬᠤᠳᠠᠯᠳᠤᠨ ᠰᠢᠯᠵᠢᠭᠦᠯᠦᠭᠰᠡᠨ᠂ ᠠᠭᠤᠷᠬᠠᠢ ᠵᠢᠨ ᠡᠬᠢ ᠪᠠᠶᠠᠯᠢᠭ᠎ᠤᠨ ᠬᠡᠷᠡᠭᠯᠡᠬᠦ ᠡᠷᠬᠡ᠎ᠪᠠᠨ ᠬᠤᠳᠠᠯᠳᠤᠨ ᠰᠢᠯᠵᠢᠭᠦᠯᠦᠭᠰᠡᠨ ᠠᠰᠢᠭ ᠣᠯᠵᠠᠪᠤᠷᠢ ᠵᠢ᠎ᠨᠢ ᠲᠤᠰᠢᠶᠠᠭᠰᠠᠨ ᠠᠭᠤᠷᠬᠠᠢ ᠵᠢᠨ ᠡᠬᠢ ᠪᠠᠶᠠᠯᠢᠭ᠎ᠤᠨ ᠬᠠᠶ᠋ᠢᠨ ᠪᠠᠶ᠋ᠢᠴᠠᠭ᠋ᠠᠵᠤ ᠨᠡᠭᠡᠭᠡᠨ ᠠᠰᠢᠭᠯᠠᠬᠤ ᠲᠥᠷᠥᠯ ᠵᠦᠢ᠍ᠯ᠎ᠢ ᠬᠠᠤᠯᠢ ᠶᠣᠰᠣᠭ᠋ᠠᠷ ᠣᠯᠣᠭᠰᠠᠨ ᠪᠠᠶ᠋ᠢᠪᠠᠯ᠂ ᠰᠢᠨ᠎ᠡ ᠨᠡᠭᠡᠭᠡᠭᠰᠡᠨ ᠠᠭᠤᠷᠬᠠᠢ᠎ᠪᠠᠷ ᠲᠣᠭᠲᠠᠭ᠋ᠠᠬᠤ ᠦᠭᠡᠢ; 《ᠨᠤᠲᠤᠭ ᠪᠡᠯᠴᠢᠭᠡᠷ᠎ᠤᠨ ᠠᠮᠢ ᠠᠬᠤᠢ ᠵᠢᠨ ᠤᠯᠠᠭ᠋ᠠᠨ ᠱᠤᠭᠤᠮ᠎ᠤᠨ ᠳᠣᠲᠣᠷ᠎ᠠ》 ᠭᠡᠳᠡᠭ᠎ᠨᠢ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ ᠳᠣᠲᠣᠷᠠᠬᠢ ᠨᠤᠲᠤᠭ ᠪᠡᠯᠴᠢᠭᠡᠷ ᠪᠠ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠠᠴᠠ ᠭᠠᠳᠠᠨᠠᠬᠢ ᠦᠨᠳᠦᠰᠦᠨ ᠨᠤᠲᠤᠭ ᠪᠡᠯᠴᠢᠭᠡᠷ᠎ᠢ ᠵᠢᠭ᠋ᠠᠵᠤ ᠪᠣᠢ᠂ ᠡᠭᠦᠨ᠎ᠠᠴᠠ ᠪᠤᠰᠤᠳ ᠨᠤᠲᠤᠭ ᠪᠡᠯᠴᠢᠭᠡᠷ᠎ᠨᠢ ᠡᠩ᠎ᠤᠨ ᠨᠤᠲᠤᠭ ᠪᠡᠯᠴᠢᠭᠡᠷ᠎ᠲᠤ ᠬᠠᠷᠢᠶᠠᠯᠠᠭᠳᠠᠬᠤ ᠪᠣᠯᠬᠤᠷ᠂ ᠨᠤᠲᠤᠭ ᠪᠡᠯᠴᠢᠭᠡᠷ᠎ᠤᠨ ᠬᠤᠪᠢᠶᠠᠷᠢᠯᠠᠯ᠎ᠤᠨ ᠬᠡᠷᠡᠭᠴᠡᠭᠡᠨ᠎ᠤ ᠬᠠᠮᠢᠶᠠᠷᠤᠨ ᠡᠵᠡᠮᠳᠡᠬᠦ ᠳᠦᠷᠢᠮ᠎ᠢ ᠬᠡᠷᠡᠭᠵᠢᠭᠦᠯᠬᠦ ᠬᠡᠷᠡᠭᠲᠡᠢ᠃
    ᠬᠤᠶᠠᠷ᠂ ᠥᠪᠥᠷ ᠵᠠᠰᠠᠭ ᠠᠯᠪᠠᠨ ᠲᠠᠷᠬᠠᠭ᠋ᠠᠭᠰᠠᠨ [2021] 7 ᠳ᠋ᠤᠭ᠋ᠠᠷ ᠲᠣᠭ᠋ᠠᠲᠤ ᠵᠢ ᠳᠠᠷᠤᠮᠠᠯᠯᠠᠨ ᠶᠠᠪᠤᠭᠤᠯᠬᠤ᠎ᠠᠴᠠ ᠡᠮᠦᠨ᠎ᠡ ᠨᠢᠭᠡᠨᠲᠡ ᠠᠭᠤᠷᠬᠠᠢ ᠵᠢᠨ ᠡᠬᠢ ᠪᠠᠶᠠᠯᠢᠭ ᠬᠡᠷᠡᠭᠯᠡᠬᠦ ᠡᠷᠬᠡ ᠲᠣᠬᠢᠷᠠᠭᠤᠯᠤᠭ᠋ᠠᠳ ᠪᠠᠶ᠋ᠢᠭ᠎ᠠ ᠥᠪᠡᠷᠲᠡᠭᠡᠨ ᠵᠠᠰᠠᠬᠤ ᠣᠷᠣᠨ᠎ᠤ ᠳᠠᠪᠠᠭᠤᠯᠢᠭ ᠠᠭᠤᠷᠬᠠᠢ ᠪᠠ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠰ᠎ᠤᠨ ᠪᠥᠭᠡᠮᠨᠡᠷᠡᠯ᠎ᠳᠤ ᠴᠢᠬᠤᠯᠠ ᠶᠡᠭᠡ ᠲᠤᠯᠭ᠋ᠠᠭᠤᠷᠢᠯᠠᠬᠤ ᠦᠢ᠍ᠯᠡᠳᠦᠯ᠎ᠲᠠᠢ ᠠᠭᠤᠷᠬᠠᠢ ᠵᠢᠨ ᠡᠬᠢ ᠪᠠᠶᠠᠯᠢᠭ ᠬᠡᠷᠡᠭᠯᠡᠬᠦ ᠡᠷᠬᠡ ᠵᠢᠨ ᠲᠥᠷᠥᠯ ᠵᠦᠢ᠍ᠯ (ᠠᠮᠢ ᠠᠬᠤᠢ ᠣᠷᠴᠢᠨ ᠲᠣᠭᠤᠷᠢᠨ᠎ᠢ ᠶᠡᠭᠡ᠎ᠪᠠᠷ ᠡᠪᠳᠡᠭᠰᠡᠨ᠂ ᠣᠷᠣᠨ ᠨᠤᠲᠤᠭ᠎ᠲᠤ ᠦᠵᠡᠭᠦᠯᠦᠭᠰᠡᠨ ᠬᠤᠪᠢ ᠨᠡᠮᠡᠷᠢ ᠵᠢᠨ ᠨᠣᠷᠮ᠎ᠠ᠎ᠨᠢ ᠳᠣᠣᠷ᠎ᠠ ᠪᠠᠶ᠋ᠢᠭ᠎ᠠ ᠵᠠᠳᠠᠭ᠋ᠠᠢ ᠨᠡᠭᠡᠭᠡᠨ ᠮᠠᠯᠲᠠᠬᠤ ᠲᠥᠷᠥᠯ ᠵᠦᠢ᠍ᠯ᠎ᠠᠴᠠ ᠭᠠᠳᠠᠨ᠎ᠠ) ᠪᠣᠯᠬᠤ᠂ ᠲᠡᠭᠡᠬᠦ ᠮᠥᠷᠲᠡᠭᠡᠨ ᠦᠨᠳᠦᠰᠦᠨ ᠨᠤᠲᠤᠭ ᠪᠡᠯᠴᠢᠭᠡᠷ᠎ᠢ ᠡᠵᠡᠯᠡᠨ ᠬᠡᠷᠡᠭᠯᠡᠭᠰᠡᠨ ᠦᠭᠡᠢ ᠪᠠᠶ᠋ᠢᠪᠠᠯ᠂ ᠨᠤᠲᠤᠭ ᠪᠡᠯᠴᠢᠭᠡᠷ ᠲᠠᠲᠠᠪᠤᠷᠢᠯᠠᠨ ᠬᠡᠷᠡᠭᠯᠡᠬᠦ ᠡᠵᠡᠯᠡᠨ ᠬᠡᠷᠡᠭᠯᠡᠬᠦ ᠵᠡᠷᠭᠡ ᠭᠠᠷᠳᠠᠮ ᠭᠦᠢ᠍ᠴᠡᠳᠬᠡᠬᠦ ᠵᠢ ᠳᠡᠰ ᠳᠠᠷᠠᠭ᠋ᠠᠯᠠᠯ᠎ᠲᠠᠢ᠎ᠪᠠᠷ ᠠᠬᠢᠭᠤᠯᠵᠤ ᠪᠣᠯᠣᠨ᠎ᠠ᠃
    ᠭᠤᠷᠪᠠ᠂ ᠡᠬᠢ ᠪᠠᠶᠠᠯᠢᠭ ᠵᠶ᠋ᠠᠨ ᠡᠷᠴᠢᠮᠵᠢᠭᠦᠯᠦᠨ ᠠᠷᠪᠢᠲᠠᠢ ᠠᠰᠢᠭᠯᠠᠬᠤ ᠵᠢ ᠠᠬᠢᠭᠤᠯᠬᠤ ᠵᠢᠨ ᠲᠤᠰᠠᠳᠠ᠂ ᠨᠡᠭᠦᠷᠡᠰᠦᠨ᠎ᠤ ᠦᠢ᠍ᠷᠡᠮᠡᠭ᠎ᠤᠨ ᠡᠬᠢ ᠪᠠᠶᠠᠯᠢᠭ (ᠨᠡᠭᠦᠷᠡᠰᠦᠨ᠎ᠤ ᠠᠭᠤᠷᠬᠠᠢ ᠵᠢᠨ ᠲᠣᠭᠤᠷᠢᠭ᠎ᠤᠨ ᠶᠡᠷᠦᠩᠬᠡᠢ ᠲᠥᠯᠦᠪᠵᠢᠭᠦᠯᠭᠡ᠎ᠳᠤ ᠲᠣᠬᠢᠷᠠᠭᠤᠯᠤᠭᠰᠠᠨ ᠨᠡᠭᠦᠷᠡᠰᠦᠨ᠎ᠤ ᠠᠭᠤᠷᠬᠠᠢ ᠵᠢᠨ ᠠᠢ ᠰᠠᠪᠠ ᠵᠢᠨ ᠬᠡᠪᠴᠢᠶ᠎ᠡ ᠬᠢᠭᠡᠳ ᠲᠣᠬᠢᠷᠠᠭᠤᠯᠤᠭ᠋ᠠᠳ ᠪᠠᠶ᠋ᠢᠭ᠎ᠠ ᠨᠡᠭᠦᠷᠡᠰᠦᠨ᠎ᠤ ᠠᠭᠤᠷᠬᠠᠢ ᠵᠢᠨ ᠡᠬᠢ ᠪᠠᠶᠠᠯᠢᠭ ᠬᠡᠷᠡᠭᠯᠡᠬᠦ ᠡᠷᠬᠡ ᠵᠢᠨ ᠬᠡᠪᠴᠢᠶᠡᠨ᠎ᠳᠠᠬᠢ ᠬᠡᠯᠪᠡᠷᠢ ᠳᠦᠷᠰᠦ᠎ᠨᠢ ᠡᠮᠬᠢ ᠦᠭᠡᠢ᠂ ᠲᠠᠯᠠᠪᠠᠶ᠎ᠨᠢ ᠨᠡᠯᠢᠶᠡᠳ ᠪᠠᠭ᠎ᠠ᠂ ᠠᠭᠤᠷᠬᠠᠢ ᠵᠢᠨ ᠡᠬᠢ ᠪᠠᠶᠠᠯᠢᠭ ᠬᠡᠷᠡᠭᠯᠡᠬᠦ ᠡᠷᠬᠡ ᠵᠢ᠎ᠨᠢ ᠲᠤᠰᠠᠭ᠋ᠠᠷ ᠬᠤᠪᠢᠶᠠᠷᠢᠯᠠᠬᠤ᠎ᠳᠤ ᠲᠣᠬᠢᠷᠠᠬᠤ ᠦᠭᠡᠢ᠂ ᠭᠡᠪᠡᠴᠦ ᠮᠥᠨ ᠬᠦ᠌ ᠡᠬᠢ ᠪᠠᠶᠠᠯᠢᠭ᠎ᠤᠨ ᠨᠥᠭᠡᠴᠡ᠎ᠲᠠᠢ ᠪᠠᠶ᠋ᠢᠭ᠎ᠠ ᠬᠤᠭᠤᠰᠤᠨ ᠣᠷᠣᠨ)᠎ᠨᠢ ᠨᠤᠲᠤᠭ ᠪᠡᠯᠴᠢᠭᠡᠷ᠎ᠢ ᠡᠵᠡᠯᠡᠨ ᠬᠡᠷᠡᠭᠯᠡᠬᠦ᠎ᠳᠤ ᠬᠤᠯᠪᠣᠭᠳᠠᠭᠰᠠᠨ ᠪᠠᠶ᠋ᠢᠪᠠᠯ᠂ ᠨᠡᠭᠦᠷᠡᠰᠦᠨ᠎ᠤ ᠦᠢ᠍ᠷᠡᠮᠡᠭ᠎ᠤᠨ ᠡᠬᠢ ᠪᠠᠶᠠᠯᠢᠭ᠎ᠢ ᠬᠤᠳᠠᠯᠳᠤᠨ ᠰᠢᠯᠵᠢᠭᠦᠯᠬᠦ ᠵᠢᠴᠢ ᠬᠤᠶ᠋ᠢᠰᠢᠳᠠ ᠡᠷᠬᠢᠨ ᠲᠣᠭᠤᠷᠢᠨ᠎ᠳᠤ᠎ᠨᠢ ᠲᠣᠬᠢᠷᠠᠭᠤᠯᠤᠭ᠋ᠠᠳ ᠪᠠᠶ᠋ᠢᠭ᠎ᠠ ᠠᠭᠤᠷᠬᠠᠢ ᠮᠠᠯᠲᠠᠬᠤ ᠡᠷᠬᠡ᠎ᠯᠦᠭᠡ ᠡᠮᠬᠢᠯᠡᠨ ᠨᠡᠶ᠋ᠢᠯᠡᠭᠦᠯᠬᠦ ᠭᠠᠷᠳᠠᠮ ᠭᠦᠢ᠍ᠴᠡᠳᠬᠡᠬᠦ ᠵᠢ ᠦᠷᠭᠦᠯᠵᠢᠯᠡᠨ ᠠᠬᠢᠭᠤᠯᠬᠤ ᠬᠡᠷᠡᠭᠲᠡᠢ᠃
    ᠳᠥᠷᠪᠡ᠂ ᠦᠨᠳᠦᠰᠦᠨ ᠨᠤᠲᠤᠭ ᠪᠡᠯᠴᠢᠭᠡᠷ᠎ᠢ ᠡᠵᠡᠯᠡᠨ ᠬᠡᠷᠡᠭᠯᠡᠬᠦ᠎ᠯᠦᠭᠡ ᠬᠤᠯᠪᠣᠭᠳᠠᠭᠰᠠᠨ ᠤᠯᠤᠰ᠎ᠤᠨ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠢ ᠠᠭᠤᠷᠬᠠᠢ ᠵᠢᠨ ᠲᠥᠷᠥᠯ ᠵᠦᠢ᠍ᠯ᠎ᠳᠤ᠂ ᠵᠡᠭᠦᠨ ᠪᠠᠷᠠᠭᠤᠨ ᠬᠡᠰᠡᠭ᠎ᠤᠨ ᠭᠠᠵᠠᠷ ᠣᠷᠣᠨ ᠵᠶ᠋ᠠᠷ ᠳᠠᠬᠢᠵᠤ ᠢᠯᠭ᠋ᠠᠬᠤ ᠦᠭᠡᠢ᠂ ᠲᠥᠷᠥ ᠲᠠᠷᠬᠠᠭ᠋ᠠᠭᠰᠠᠨ [2023] 16 ᠳ᠋ᠤᠭ᠋ᠠᠷ ᠲᠣᠭ᠋ᠠᠲᠤ ᠪᠢᠴᠢᠭ ᠮᠠᠲ᠋ᠧᠷᠢᠶᠠᠯ᠎ᠳᠠᠬᠢ 《ᠦᠨᠳᠦᠰᠦᠨ ᠨᠤᠲᠤᠭ ᠪᠡᠯᠴᠢᠭᠡᠷ᠎ᠲᠤ ᠬᠠᠤᠯᠢ ᠲᠣᠭᠲᠠᠭ᠋ᠠᠯ ᠶᠣᠰᠣᠭ᠋ᠠᠷ ᠵᠥᠪᠰᠢᠶᠡᠷᠡᠭᠦᠯᠦᠭᠰᠡᠨ ᠤᠯᠤᠰ᠎ᠤᠨ ᠴᠢᠬᠤᠯᠠ ᠶᠡᠭᠡ ᠠᠭᠤᠷᠬᠠᠢ ᠵᠢᠨ ᠡᠬᠢ ᠪᠠᠶᠠᠯᠢᠭ ᠬᠠᠶ᠋ᠢᠨ ᠰᠢᠨᠵᠢᠯᠡᠵᠦ ᠨᠡᠭᠡᠭᠡᠨ ᠠᠰᠢᠭᠯᠠᠬᠤ ᠲᠥᠷᠥᠯ ᠵᠦᠢ᠍ᠯ᠎ᠢ ᠰᠢᠨ᠎ᠡ᠎ᠪᠠᠷ ᠲᠣᠬᠢᠷᠠᠭᠤᠯᠬᠤ ᠵᠢ᠎ᠨᠢ ᠵᠥᠪᠰᠢᠶᠡᠷᠡᠨ᠎ᠡ》᠂ ᠪᠠᠶ᠋ᠢᠭ᠋ᠠᠯᠢ ᠡᠬᠢ ᠵᠠᠬᠢᠳᠠᠯ [2024] 224 ᠳ᠋ᠦ᠍ᠭᠡᠷ ᠲᠣᠭ᠋ᠠᠲᠤ ᠪᠢᠴᠢᠭ ᠮᠠᠲ᠋ᠧᠷᠢᠶᠠᠯ᠎ᠳᠠᠬᠢ 《ᠦᠨᠳᠦᠰᠦᠨ ᠨᠤᠲᠤᠭ ᠪᠡᠯᠴᠢᠭᠡᠷ᠎ᠲᠤ ᠬᠠᠤᠯᠢ ᠲᠣᠭᠲᠠᠭ᠋ᠠᠯ ᠶᠣᠰᠣᠭ᠋ᠠᠷ ᠵᠥᠪᠰᠢᠶᠡᠷᠡᠭᠦᠯᠦᠭᠰᠡᠨ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠢ ᠠᠭᠤᠷᠬᠠᠢ ᠬᠠᠶ᠋ᠢᠨ ᠰᠢᠨᠵᠢᠯᠡᠵᠦ ᠨᠡᠭᠡᠭᠡᠨ ᠠᠰᠢᠭᠯᠠᠬᠤ ᠲᠥᠷᠥᠯ ᠵᠦᠢ᠍ᠯ᠎ᠢ ᠰᠢᠨ᠎ᠡ᠎ᠪᠠᠷ ᠲᠣᠬᠢᠷᠠᠭᠤᠯᠬᠤ ᠵᠢ᠎ᠨᠢ ᠵᠥᠪᠰᠢᠶᠡᠷᠡᠨ᠎ᠡ》 ᠭᠡᠰᠡᠨ ᠲᠣᠭᠲᠠᠭ᠋ᠠᠯ ᠶᠣᠰᠣᠭ᠋ᠠᠷ᠂ ᠨᠤᠲᠤᠭ ᠪᠡᠯᠴᠢᠭᠡᠷ᠎ᠢ ᠲᠠᠲᠠᠪᠤᠷᠢᠯᠠᠨ ᠬᠡᠷᠡᠭᠯᠡᠬᠦ ᠡᠵᠡᠯᠡᠨ ᠬᠡᠷᠡᠭᠯᠡᠬᠦ ᠵᠡᠷᠭᠡ ᠭᠠᠷᠳᠠᠮ ᠭᠦᠢ᠍ᠴᠡᠳᠬᠡᠬᠦ ᠵᠢ ᠬᠠᠤᠯᠢ ᠲᠣᠭᠲᠠᠭ᠋ᠠᠯ ᠶᠣᠰᠣᠭ᠋ᠠᠷ ᠠᠬᠢᠭᠤᠯᠬᠤ ᠬᠡᠷᠡᠭᠲᠡᠢ᠃
    ᠲᠠᠪᠤ᠂ 《ᠬᠠᠶ᠋ᠢᠷ ᠴᠢᠯᠠᠭᠤ ᠨᠡᠭᠡᠭᠡᠨ ᠮᠠᠯᠲᠠᠬᠤ ᠬᠠᠮᠢᠶᠠᠷᠤᠯᠲᠠ ᠵᠢ ᠵᠢᠷᠤᠮᠵᠢᠭᠤᠯᠤᠨ ᠲᠡᠭᠦᠯᠳᠡᠷᠵᠢᠭᠦᠯᠬᠦ ᠲᠤᠬᠠᠢ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠮᠡᠳᠡᠭᠳᠡᠯ》 (ᠪᠠᠶ᠋ᠢᠭ᠋ᠠᠯᠢ ᠡᠬᠢ ᠲᠠᠷᠬᠠᠭ᠋ᠠᠭᠰᠠᠨ [2023] 57 ᠳ᠋ᠤᠭ᠋ᠠᠷ ᠲᠣᠭ᠋ᠠᠲᠤ)᠂ 《ᠠᠭᠤᠷᠬᠠᠢ ᠵᠢᠨ ᠡᠬᠢ ᠪᠠᠶᠠᠯᠢᠭ᠎ᠤᠨ ᠬᠠᠮᠢᠶᠠᠷᠤᠯᠲᠠ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠵᠦᠢ᠍ᠯᠡᠰ᠎ᠤᠳ᠎ᠤᠨ ᠲᠤᠬᠠᠢ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠰᠠᠨᠠᠯ》 (ᠪᠠᠶ᠋ᠢᠭ᠋ᠠᠯᠢ ᠡᠬᠢ ᠲᠥᠯᠦᠪᠵᠢᠭᠦᠯᠭᠡ [2023] 6 ᠳ᠋ᠤᠭ᠋ᠠᠷ ᠲᠣᠭ᠋ᠠᠲᠤ)᠎ᠳᠠᠬᠢ ᠬᠠᠶ᠋ᠢᠷ ᠰᠢᠷᠣᠢ ᠵᠢᠨ ᠠᠭᠤᠷᠬᠠᠢ ᠮᠠᠯᠲᠠᠬᠤ ᠡᠷᠬᠡ᠎ᠲᠠᠢ 《ᠴᠡᠪᠡᠷ ᠠᠭᠤᠷᠬᠠᠢ》 ᠵᠢ ᠰᠢᠯᠵᠢᠭᠦᠯᠦᠨ ᠬᠤᠳᠠᠯᠳᠤᠬᠤ ᠬᠤᠯᠪᠣᠭᠳᠠᠯ ᠪᠦᠬᠦᠢ ᠱᠠᠭ᠋ᠠᠷᠳᠠᠯᠭ᠎ᠠ ᠶᠣᠰᠣᠭ᠋ᠠᠷ᠂ ᠴᠢᠬᠤᠯᠠ ᠶᠡᠭᠡ ᠲᠥᠷᠥᠯ ᠵᠦᠢ᠍ᠯ ᠵᠢᠴᠢ ᠠᠷᠠᠳ᠎ᠤᠨ ᠠᠮᠢᠳᠤᠷᠠᠯ᠎ᠤᠨ ᠬᠡᠷᠡᠭᠴᠡᠭᠡ ᠵᠢ ᠪᠠᠲᠤᠯᠠᠬᠤ ᠬᠠᠶ᠋ᠢᠷ ᠰᠢᠷᠣᠢ ᠵᠢᠨ ᠠᠭᠤᠷᠬᠠᠢ᠎ᠨᠢ ᠦᠨᠳᠦᠰᠦᠨ ᠨᠤᠲᠤᠭ ᠪᠡᠯᠴᠢᠭᠡᠷ᠎ᠢ ᠡᠵᠡᠯᠡᠨ ᠬᠡᠷᠡᠭᠯᠡᠭᠰᠡᠨ ᠦᠭᠡᠢ ᠪᠠᠶ᠋ᠢᠪᠠᠯ᠂ ᠨᠤᠲᠤᠭ ᠪᠡᠯᠴᠢᠭᠡᠷ᠎ᠢ ᠲᠠᠲᠠᠪᠤᠷᠢᠯᠠᠨ ᠬᠡᠷᠡᠭᠯᠡᠬᠦ ᠡᠵᠡᠯᠡᠨ ᠬᠡᠷᠡᠭᠯᠡᠬᠦ ᠵᠡᠷᠭᠡ ᠭᠠᠷᠳᠠᠮ ᠭᠦᠢ᠍ᠴᠡᠳᠬᠡᠬᠦ ᠵᠢ᠎ᠨᠢ ᠤᠷᠢᠳ ᠵᠶ᠋ᠠᠷ ᠠᠬᠢᠭᠤᠯᠵᠤ ᠪᠣᠯᠣᠨ᠎ᠠ᠃
    ᠵᠢᠷᠭᠤᠭ᠎ᠠ᠂ ᠨᠤᠲᠤᠭ ᠪᠡᠯᠴᠢᠭᠡᠷ᠎ᠢ ᠲᠠᠲᠠᠪᠤᠷᠢᠯᠠᠨ ᠬᠡᠷᠡᠭᠯᠡᠬᠦ ᠡᠵᠡᠯᠡᠨ ᠬᠡᠷᠡᠭᠯᠡᠬᠦ᠎ᠯᠦᠭᠡ ᠬᠤᠯᠪᠣᠭᠳᠠᠭᠰᠠᠨ᠎ᠠᠴᠠ ᠪᠡᠯᠡ ᠣᠷᠣᠭᠤᠯᠤᠯᠲᠠ ᠵᠢᠨ ᠮᠠᠷᠭᠤᠯᠳᠤᠭ᠋ᠠᠨ ᠡᠭᠦᠰᠦᠭᠰᠡᠨ ᠪᠠᠶ᠋ᠢᠪᠠᠯ᠂ ᠨᠢᠭᠡ ᠨᠢᠭᠡ ᠤᠴᠢᠷ ᠵᠶ᠋ᠠᠷ ᠵᠥᠪᠯᠡᠬᠦ ᠠᠷᠭ᠎ᠠ ᠮᠠᠶᠢᠭ᠎ᠢ ᠬᠡᠷᠡᠭᠯᠡᠨ᠂ ᠳᠡᠰ ᠳᠠᠷᠠᠭ᠋ᠠᠯᠠᠯ᠎ᠤᠨ ᠲᠣᠭᠲᠠᠭ᠋ᠠᠯ ᠶᠣᠰᠣᠭ᠋ᠠᠷ ᠬᠠᠮᠢᠶ᠎ᠠ ᠪᠦᠬᠦᠢ ᠭᠠᠷᠳᠠᠮ ᠭᠦᠢ᠍ᠴᠡᠳᠬᠡᠬᠦ ᠵᠢ ᠠᠬᠢᠭᠤᠯᠬᠤ ᠬᠡᠷᠡᠭᠲᠡᠢ᠃
   2024 ᠣᠨ᠎ᠤ 7 ᠳ᠋ᠤᠭ᠋ᠠᠷ ᠰᠠᠷ᠎ᠠ ᠵᠢᠨ 3᠎ᠤ ᠡᠳᠦᠷ
   (ᠲᠤᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)
    ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
   2024 ᠣᠨ᠎ᠤ 7 ᠳ᠋ᠤᠭ᠋ᠠᠷ ᠰᠠᠷ᠎ᠠ ᠵᠢᠨ 3᠎ᠤ ᠡᠳᠦᠷ ᠳᠠᠷᠤᠮᠠᠯᠯᠠᠨ ᠲᠠᠷᠬᠠᠭ᠋ᠠᠪᠠ

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠤᠯᠤᠰ᠎ᠤᠨ ᠳᠡᠰ᠎ᠤᠨ ᠠᠵᠤ ᠠᠬᠤᠢ ᠮᠡᠷᠭᠡᠵᠢᠯ᠎ᠤᠨ ᠨᠡᠭᠡᠭᠡᠯᠲᠡ ᠵᠢᠨ ᠣᠷᠣᠨ᠎ᠤ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠦᠨ᠎ᠤ ᠬᠠᠮᠢᠶᠠᠷᠤᠯᠲᠠ ᠵᠢᠨ ᠠᠷᠭ᠎ᠠ》 ᠵᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
2024 ᠣᠨ᠎ᠤ ᠣᠶ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠢ ᠰᠡᠷᠭᠡᠶ᠋ᠢᠯᠡᠨ ᠤᠨᠲᠠᠷᠠᠭ᠋ᠠᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠢᠭ
ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠯᠲᠠ ᠬᠢᠬᠦ ᠠᠵᠢᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠰᠠᠨᠠᠯ
ᠤᠰᠤ ᠲᠠᠲᠠᠬᠤ ᠵᠥᠪᠰᠢᠶᠡᠷᠡᠯ᠎ᠳᠤ ᠣᠷᠣᠭᠤᠯᠪᠠᠰᠤ ᠵᠣᠬᠢᠬᠤ ᠪᠠ ᠳᠠᠩᠰᠠᠯᠠᠭᠤᠯᠬᠤ ᠶᠣᠰᠣᠲᠠᠢ ᠴᠡᠪᠡᠷᠯᠡᠨ ᠬᠠᠳᠠᠭ᠋ᠠᠵᠤ ᠤᠰᠤ ᠵᠠᠯᠠᠬᠤ ᠬᠡᠮᠵᠢᠶᠡᠨ᠎ᠤ ᠬᠡᠪᠴᠢᠶᠡᠨ᠎ᠤ ᠪᠠᠷᠢᠮᠵᠢᠶ᠎ᠠ ᠵᠢᠨ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
 
            