ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ
ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
ᠥᠪᠥᠷ ᠵᠠᠰᠠᠭ ᠠᠯᠪᠠᠨ ᠲᠠᠷᠬᠠᠭ᠋ᠠᠭᠰᠠᠨ [2024] 6 ᠳ᠋ᠤᠭ᠋ᠠᠷ ᠲᠣᠭ᠋ᠠᠲᠤ
ᠰᠢᠨ᠎ᠡ ᠡᠨᠧᠷᠭᠢ ᠪᠠ ᠴᠠᠬᠢᠯᠭ᠋ᠠᠨ ᠲᠣᠣᠷ᠎ᠤᠨ ᠢᠨᠵᠧᠨᠧᠷᠢᠩ᠎ᠤᠨ
ᠬᠢᠨᠠᠨ ᠵᠥᠪᠰᠢᠶᠡᠷᠡᠵᠦ ᠪᠦᠲᠦᠭᠡᠨ ᠪᠠᠶ᠋ᠢᠭᠤᠯᠬᠤ ᠵᠢ ᠲᠦᠷᠭᠡᠳᠬᠡᠬᠦ ᠠᠷᠭ᠎ᠠ ᠬᠡᠮᠵᠢᠶ᠎ᠡ
ᠨᠦᠭᠦᠳ᠎ᠤᠨ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ
ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠬᠤᠷᠢᠶᠠᠨ᠎ᠤ ᠵᠢᠷᠭᠤᠳᠤᠭ᠋ᠠᠷ ᠪᠦᠬᠦᠳᠡ ᠬᠤᠷᠠᠯ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠬᠤᠷᠢᠶᠠᠨ᠎ᠤ ᠳᠣᠯᠣᠳᠤᠭ᠋ᠠᠷ ᠪᠦᠬᠦᠳᠡ ᠬᠤᠷᠠᠯ ᠵᠢᠴᠢ ᠪᠦᠬᠦ ᠣᠷᠣᠨ᠎ᠤ ᠠᠵᠤ ᠠᠬᠤᠢ ᠵᠢᠨ ᠠᠵᠢᠯ᠎ᠤᠨ ᠬᠤᠷᠠᠯ ᠪᠠ 2024 ᠣᠨ᠎ᠤ ᠥᠪᠡᠷᠲᠡᠭᠡᠨ ᠵᠠᠰᠠᠬᠤ ᠣᠷᠣᠨ᠎ᠤ 《ᠬᠤᠶᠠᠷ ᠬᠤᠷᠠᠯ》᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠰᠢᠨ᠎ᠡ ᠡᠨᠧᠷᠭᠢ ᠵᠢᠨ ᠲᠦᠷᠦᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠨ᠂ ᠰᠢᠨ᠎ᠡ ᠡᠨᠧᠷᠭᠢ ᠵᠢᠨ ᠴᠢᠨᠠᠷ ᠰᠠᠶ᠋ᠢᠲᠠᠢ ᠪᠦᠬᠦ ᠲᠠᠯ᠎ᠠ᠎ᠪᠠᠷ ᠲᠡᠷᠢᠭᠦᠯᠡᠵᠦ ᠬᠥᠭᠵᠢᠬᠦ ᠵᠢ ᠠᠬᠢᠭᠤᠯᠵᠤ᠂ ᠰᠢᠨ᠎ᠡ ᠡᠨᠧᠷᠭᠢ᠎ᠪᠠᠷ ᠭᠤᠣᠯ ᠴᠣᠭᠴᠠ ᠪᠣᠯᠭ᠋ᠠᠭᠰᠠᠨ ᠰᠢᠨ᠎ᠡ ᠬᠡᠯᠪᠡᠷᠢ ᠵᠢᠨ ᠴᠠᠬᠢᠯᠭ᠋ᠠᠨ ᠬᠦᠴᠦᠨ᠎ᠤ ᠰᠢᠰᠲ᠋ᠧᠮ᠎ᠢ ᠲᠦᠷᠦᠭᠦᠯᠡᠨ ᠴᠣᠭᠴᠠᠯᠠᠵᠤ᠂ ᠠᠵᠤ ᠠᠬᠤᠢ ᠨᠡᠶ᠋ᠢᠭᠡᠮ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠡᠳᠦᠭᠡ ᠰᠢᠨ᠎ᠡ ᠡᠨᠧᠷᠭᠢ ᠪᠠ ᠴᠠᠬᠢᠯᠭ᠋ᠠᠨ ᠲᠣᠣᠷ᠎ᠤᠨ ᠲᠦᠷᠦᠯ ᠵᠦᠢ᠍ᠯ᠎ᠤᠨ ᠬᠢᠨᠠᠨ ᠵᠥᠪᠰᠢᠶᠡᠷᠡᠵᠦ ᠪᠦᠲᠦᠭᠡᠨ ᠪᠠᠶ᠋ᠢᠭᠤᠯᠬᠤ ᠵᠢ ᠲᠦᠷᠭᠡᠳᠬᠡᠬᠦ ᠠᠷᠭ᠎ᠠ ᠬᠡᠮᠵᠢᠶ᠎ᠡ᠎ᠨᠦᠭᠦᠳ᠎ᠢ ᠳᠣᠣᠷᠠᠬᠢ ᠮᠡᠲᠦ ᠮᠡᠳᠡᠭᠳᠡᠶ᠎ᠡ᠃
ᠨᠢᠭᠡ᠂ ᠰᠢᠨ᠎ᠡ ᠡᠨᠧᠷᠭᠢ ᠵᠢᠨ ᠲᠥᠷᠥᠯ ᠵᠦᠢ᠍ᠯ᠎ᠤᠨ ᠡᠮᠦᠨᠡᠬᠢ ᠬᠤᠭᠤᠴᠠᠭ᠋ᠠᠨ᠎ᠤ ᠠᠵᠢᠯ᠎ᠤᠨ ᠭᠦᠨᠴᠡ ᠵᠢ ᠲᠡᠬᠡᠭᠰᠢᠯᠡᠬᠦᠯᠬᠦ ᠬᠡᠷᠡᠭᠲᠡᠢ
ᠰᠢᠨ᠎ᠡ ᠡᠨᠧᠷᠭᠢ ᠵᠢᠨ ᠲᠥᠷᠥᠯ ᠵᠦᠢ᠍ᠯ᠎ᠤᠨ ᠨᠤᠲᠠᠯᠠᠯᠲᠠ ᠵᠢᠨ ᠭᠦᠨᠴᠡ᠂ ᠰᠢᠰᠲ᠋ᠧᠮ᠎ᠤᠨ ᠲᠥᠰᠥᠯ᠎ᠳᠤ ᠵᠠᠯᠭ᠋ᠠᠨ ᠣᠷᠣᠭᠤᠯᠬᠤ ᠵᠢᠷᠤᠭ ᠲᠥᠯᠥᠪᠯᠡᠭᠡ ᠰᠤᠳᠤᠯᠤᠯ᠎ᠤᠨ ᠮᠡᠳᠡᠭᠦᠯᠦᠯᠲᠡ ᠵᠢᠨ ᠭᠦᠨᠴᠡ ᠵᠢ ᠲᠣᠳᠣᠷᠬᠠᠶ᠋ᠢᠯᠠᠵᠤ᠂ ᠰᠢᠨ᠎ᠡ ᠡᠨᠧᠷᠭᠢ ᠪᠠ ᠲᠥᠬᠦᠷ ᠴᠠᠬᠢᠯᠭ᠋ᠠᠨ ᠲᠣᠣᠷ᠎ᠤᠨ ᠲᠥᠷᠥᠯ ᠵᠦᠢ᠍ᠯ᠎ᠤᠨ ᠲᠥᠯᠦᠪᠵᠢᠭᠦᠯᠭᠡ ᠵᠢ ᠰᠢᠨᠵᠢᠯᠡᠬᠦ ᠤᠬᠠᠭ᠋ᠠᠨᠴᠢ᠎ᠪᠠᠷ ᠨᠠᠶ᠋ᠢᠷᠠᠭᠤᠯᠤᠨ ᠵᠣᠬᠢᠶᠠᠨ᠎ᠠ᠃ ᠰᠢᠨ᠎ᠡ ᠡᠨᠧᠷᠭᠢ ᠵᠢᠨ ᠲᠥᠷᠥᠯ ᠵᠦᠢ᠍ᠯ᠎ᠢ ᠲᠥᠯᠦᠪᠵᠢᠭᠦᠯᠭᠡ᠎ᠳᠤ ᠤᠷᠤᠭᠤᠯᠬᠤ᠎ᠪᠠᠷ ᠭᠤᠶᠤᠴᠢᠯᠠᠨ ᠮᠡᠳᠡᠭᠦᠯᠬᠦ᠎ᠠᠴᠠ ᠡᠮᠦᠨ᠎ᠡ ᠰᠣᠩᠭᠤᠬᠤ᠎ᠪᠠᠷ ᠲᠥᠰᠥᠪᠯᠡᠵᠦ ᠪᠠᠶ᠋ᠢᠭ᠎ᠠ ᠲᠠᠯᠠᠪᠤᠷ᠎ᠤᠨ ᠬᠠᠶᠢᠭ ᠵᠶ᠋ᠠᠨ ᠨᠠᠶ᠋ᠢᠳᠠᠪᠤᠷᠢᠵᠢᠭᠤᠯᠵᠤ᠂ ᠰᠡᠷᠭᠡᠭ ᠬᠦᠴᠦᠨ ᠵᠦᠢ᠍ᠯ᠎ᠢ ᠵᠢᠭᠰᠠᠭ᠋ᠠᠨ ᠪᠠᠶ᠋ᠢᠴᠠᠭ᠋ᠠᠬᠤ ᠵᠢ ᠪᠡᠶᠡᠯᠡᠭᠦᠯᠬᠦ ᠵᠢᠨ ᠬᠠᠮᠲᠤ ᠬᠠᠮᠢᠶ᠎ᠠ ᠪᠦᠬᠦᠢ ᠳᠡᠮᠵᠢᠯᠭᠡ ᠵᠢᠨ ᠴᠢᠨᠠᠷᠲᠠᠢ ᠪᠢᠴᠢᠭ ᠮᠠᠲ᠋ᠧᠷᠢᠶᠠᠯ᠎ᠢ ᠣᠯᠵᠤ᠂ ᠪᠡᠯᠡ ᠣᠷᠣᠭᠤᠯᠤᠯᠲᠠ ᠵᠢᠨ ᠰᠢᠢ᠍ᠳᠪᠦᠷᠢᠲᠦ ᠪᠣᠳᠣᠯᠭ᠎ᠠ ᠵᠢ ᠪᠡᠶᠡᠯᠡᠭᠦᠯᠬᠦ ᠪᠤᠶᠤ ᠪᠡᠯᠡ ᠣᠷᠣᠭᠤᠯᠤᠯᠲᠠ ᠵᠢ ᠨᠠᠶ᠋ᠢᠳᠠᠪᠤᠷᠢᠵᠢᠭᠤᠯᠬᠤ ᠠᠮᠠᠯᠠᠯᠲᠠ ᠵᠢᠨ ᠪᠢᠴᠢᠭ ᠭᠠᠷᠭ᠋ᠠᠨ ᠥᠭᠴᠦ᠂ ᠴᠠᠬᠢᠯᠭ᠋ᠠᠨ ᠲᠣᠣᠷ᠎ᠤᠨ ᠠᠵᠤ ᠠᠬᠤᠶ᠋ᠢᠯᠠᠯ᠎ᠠᠴᠠ ᠭᠠᠷᠭ᠋ᠠᠭᠰᠠᠨ ᠰᠢᠰᠲ᠋ᠧᠮ᠎ᠳᠤ ᠵᠠᠯᠭ᠋ᠠᠵᠤ ᠤᠷᠤᠭᠤᠯᠬᠤ ᠰᠠᠨᠠᠯ᠎ᠢ ᠣᠯᠣᠭᠰᠠᠨ ᠪᠠᠶ᠋ᠢᠬᠤ ᠬᠡᠷᠡᠭᠲᠡᠢ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠲᠣᠪᠴᠢᠶ᠎ᠠ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ᠂ ᠣᠷᠣᠨ ᠨᠤᠲᠤᠭ᠎ᠤᠨ ᠡᠯ᠎ᠡ ᠱᠠᠲᠤᠨ᠎ᠤ ᠡᠨᠧᠷᠭᠢ ᠵᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠡᠯ᠎ᠡ ᠴᠠᠬᠢᠯᠭ᠋ᠠᠨ ᠲᠣᠣᠷ᠎ᠤᠨ ᠠᠵᠤ ᠠᠬᠤᠶ᠋ᠢᠯᠠᠯ᠂ ᠴᠠᠬᠢᠯᠭ᠋ᠠᠨ ᠭᠠᠷᠭ᠋ᠠᠬᠤ ᠠᠵᠤ ᠠᠬᠤᠶ᠋ᠢᠯᠠᠯ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
ᠬᠤᠶᠠᠷ᠂ ᠰᠢᠨ᠎ᠡ ᠡᠨᠧᠷᠭᠢ ᠵᠢᠨ ᠲᠥᠷᠥᠯ ᠵᠦᠢ᠍ᠯ ᠪᠠ ᠲᠣᠣᠷ᠎ᠲᠤ ᠵᠠᠯᠭ᠋ᠠᠬᠤ ᠢᠨᠵᠧᠨᠧᠷᠢᠩ᠎ᠢ ᠵᠡᠷᠭᠡ᠎ᠳᠤ᠎ᠨᠢ ᠲᠥᠯᠦᠪᠵᠢᠭᠦᠯᠭᠡ᠎ᠳᠤ ᠤᠷᠤᠭᠤᠯᠬᠤ ᠬᠡᠷᠡᠭᠲᠡᠢ
220 ᠺᠢᠯᠣᠸᠠᠲ ᠵᠢᠴᠢ ᠲᠡᠭᠦᠨ᠎ᠠᠴᠠ ᠳᠣᠷᠣᠭᠰᠢᠬᠢ ᠵᠢ ᠲᠥᠬᠦᠷᠵᠢᠭᠦᠯᠦᠭᠰᠡᠨ ᠲᠣᠣᠷ᠎ᠲᠤ ᠵᠠᠯᠭ᠋ᠠᠬᠤ ᠢᠨᠵᠧᠨᠧᠷᠢᠩ᠎ᠢ ᠰᠢᠨ᠎ᠡ ᠡᠨᠧᠷᠭᠢ ᠵᠢᠨ ᠲᠥᠷᠥᠯ ᠵᠦᠢ᠍ᠯ᠎ᠯᠦᠭᠡ ᠵᠡᠷᠭᠡ᠎ᠳᠤ᠎ᠨᠢ ᠰᠡᠷᠭᠡᠭ ᠬᠦᠴᠦᠨ ᠵᠦᠢ᠍ᠯ᠎ᠢ ᠵᠢᠭᠰᠠᠭ᠋ᠠᠨ ᠪᠠᠶ᠋ᠢᠴᠠᠭ᠋ᠠᠬᠤ ᠪᠠ ᠪᠣᠯᠣᠮᠵᠢᠲᠤ ᠴᠢᠨᠠᠷ᠎ᠤᠨ ᠨᠤᠲᠠᠯᠠᠯᠲᠠ ᠬᠢᠬᠦ ᠵᠢ ᠪᠡᠶᠡᠯᠡᠭᠦᠯᠵᠦ᠂ ᠰᠢᠨ᠎ᠡ ᠡᠨᠧᠷᠭᠢ ᠵᠢᠨ ᠲᠥᠷᠥᠯ ᠵᠦᠢ᠍ᠯ᠎ᠯᠦᠭᠡ ᠵᠡᠷᠭᠡ᠎ᠳᠤ᠎ᠨᠢ 《ᠮᠡᠳᠡᠭᠦᠯᠦᠮᠡᠭᠴᠡ ᠠᠪᠤᠨ ᠵᠥᠪᠰᠢᠶᠡᠷᠡᠵᠦ》 ᠬᠠᠮᠲᠤ᠎ᠪᠠᠷ ᠲᠥᠯᠦᠪᠵᠢᠭᠦᠯᠭᠡ᠎ᠳᠤ ᠣᠷᠣᠭᠤᠯᠤᠨ᠎ᠠ; ᠥᠪᠡᠷᠲᠡᠭᠡᠨ ᠵᠠᠰᠠᠬᠤ ᠣᠷᠣᠨ᠎ᠤ ᠴᠣᠬᠤᠯᠠᠪᠤᠷᠢᠯᠠᠭᠰᠠᠨ ᠰᠢᠨ᠎ᠡ ᠡᠨᠧᠷᠭᠢ ᠵᠢᠨ ᠲᠥᠷᠥᠯ ᠵᠦᠢ᠍ᠯ᠎ᠤᠨ 500 ᠺᠢᠯᠣᠸᠠᠲ᠎ᠢ ᠲᠥᠬᠦᠷᠵᠢᠭᠦᠯᠦᠭᠰᠡᠨ ᠲᠣᠣᠷ᠎ᠲᠤ ᠵᠠᠯᠭ᠋ᠠᠬᠤ ᠢᠨᠵᠧᠨᠧᠷᠢᠩ᠎ᠢ ᠪᠣᠯ ᠰᠢᠨ᠎ᠡ ᠡᠨᠧᠷᠭᠢ ᠵᠢᠨ ᠲᠥᠷᠥᠯ ᠵᠦᠢ᠍ᠯ᠎ᠢ ᠲᠥᠯᠦᠪᠵᠢᠭᠦᠯᠭᠡ᠎ᠳᠤ ᠣᠷᠣᠭᠤᠯᠤᠭᠰᠠᠨ᠎ᠤ ᠳᠠᠷᠠᠭ᠋ᠠᠬᠢ 30 ᠠᠵᠢᠯᠯᠠᠬᠤ ᠡᠳᠦᠷ᠎ᠤᠨ ᠳᠣᠲᠣᠷ᠎ᠠ ᠲᠥᠯᠦᠪᠵᠢᠭᠦᠯᠭᠡ᠎ᠳᠤ ᠤᠷᠤᠭᠤᠯᠬᠤ᠎ᠪᠠᠷ ᠤᠯᠤᠰ᠎ᠲᠤ ᠭᠤᠶᠤᠴᠢᠯᠠᠨ ᠮᠡᠳᠡᠭᠦᠯᠦᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠲᠣᠪᠴᠢᠶ᠎ᠠ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ᠂ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠴᠠᠬᠢᠯᠭ᠋ᠠᠨ ᠲᠣᠣᠷ᠎ᠤᠨ ᠠᠵᠤ ᠠᠬᠤᠶ᠋ᠢᠯᠠᠯ᠂ ᠴᠠᠬᠢᠯᠭ᠋ᠠᠨ ᠭᠠᠷᠭ᠋ᠠᠬᠤ ᠠᠵᠤ ᠠᠬᠤᠶ᠋ᠢᠯᠠᠯ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
ᠭᠤᠷᠪᠠ᠂ ᠲᠣᠣᠷ᠎ᠲᠤ ᠵᠠᠯᠭ᠋ᠠᠬᠤ ᠢᠨᠵᠧᠨᠧᠷᠢᠩ᠎ᠢ ᠵᠡᠷᠭᠡ᠎ᠳᠤ᠎ᠨᠢ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠲᠥᠯᠦᠪᠵᠢᠭᠦᠯᠭᠡ᠎ᠳᠤ ᠣᠷᠣᠭᠤᠯᠬᠤ ᠵᠢ ᠠᠬᠢᠭᠤᠯᠬᠤ ᠬᠡᠷᠡᠭᠲᠡᠢ
ᠥᠪᠡᠷᠲᠡᠭᠡᠨ ᠵᠠᠰᠠᠬᠤ ᠣᠷᠣᠨ᠎ᠤ ᠴᠠᠬᠢᠯᠭ᠋ᠠᠨ ᠬᠦᠴᠦᠨ᠎ᠤ ᠬᠥᠭᠵᠢᠯᠲᠡ ᠵᠢᠨ ᠲᠥᠯᠦᠪᠵᠢᠭᠦᠯᠭᠡ ᠵᠢᠨ ᠲᠣᠬᠢᠷᠠᠭᠤᠯᠤᠯᠲᠠ ᠵᠢ ᠦᠨᠳᠦᠰᠦᠯᠡᠵᠦ᠂ ᠴᠠᠬᠢᠯᠭ᠋ᠠᠨ ᠲᠣᠣᠷ᠎ᠤᠨ ᠠᠵᠤ ᠠᠬᠤᠶ᠋ᠢᠯᠠᠯ᠎ᠨᠢ ᠲᠥᠯᠦᠪᠵᠢᠭᠦᠯᠭᠡ ᠵᠢ ᠳᠠᠷᠤᠮᠠᠯᠯᠠᠨ ᠲᠠᠷᠬᠠᠭ᠋ᠠᠭᠰᠠᠨ᠎ᠤ ᠳᠠᠷᠠᠭ᠋ᠠᠬᠢ 60 ᠡᠳᠦᠷ᠎ᠤᠨ ᠳᠣᠲᠣᠷ᠎ᠠ ᠴᠠᠬᠢᠯᠭ᠋ᠠᠨ ᠲᠣᠣᠷ᠎ᠤᠨ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠂ ᠴᠠᠬᠢᠯᠭ᠋ᠠᠨ ᠬᠦᠴᠦᠨ᠎ᠤ ᠳᠡᠭᠦᠵᠢᠯᠡᠭᠦᠷ ᠤᠲᠠᠰᠤ ᠱᠤᠭᠤᠮ᠎ᠤᠨ ᠬᠤᠩᠭᠢᠯ᠂ ᠴᠠᠬᠢᠯᠭ᠋ᠠᠨ ᠳᠡᠭᠡᠰᠦᠨ᠎ᠤ ᠨᠡᠪᠳᠡᠷᠡᠯ ᠵᠠᠮ ᠵᠡᠷᠭᠡ ᠣᠷᠣᠨ ᠵᠠᠢ ᠵᠢᠨ ᠡᠬᠢ ᠪᠠᠶᠠᠯᠢᠭ᠎ᠤᠨ ᠬᠡᠷᠡᠭᠴᠡᠭᠡ ᠱᠠᠭ᠋ᠠᠷᠳᠠᠯᠭ᠎ᠠ᠎ᠪᠠᠨ ᠳᠤᠷᠠᠳᠴᠤ᠂ ᠴᠠᠬᠢᠯᠭ᠋ᠠᠨ ᠬᠦᠴᠦᠨ᠎ᠤ ᠪᠡᠯᠡᠳᠬᠡᠮᠵᠢ ᠵᠢᠨ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠲᠤᠰᠬᠠᠢ ᠲᠥᠯᠦᠪᠵᠢᠭᠦᠯᠭᠡ ᠵᠢ ᠨᠠᠶ᠋ᠢᠷᠠᠭᠤᠯᠤᠨ ᠵᠣᠬᠢᠶᠠᠵᠤ᠂ ᠠᠳᠠᠯᠢ ᠱᠠᠲᠤᠨ᠎ᠤ ᠡᠨᠧᠷᠭᠢ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠨ ᠬᠢᠨᠠᠨ ᠬᠠᠷᠭᠤᠭᠤᠯᠤᠭᠰᠠᠨ᠎ᠤ ᠳᠠᠷᠠᠭ᠎ᠠ᠂ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠵᠢᠴᠢ ᠬᠤᠰᠢᠭᠤ ᠰᠢᠶᠠᠨ (ᠬᠤᠲᠠ᠂ ᠲᠣᠭᠤᠷᠢᠭ)᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠦᠨ ᠵᠥᠪᠰᠢᠶᠡᠷᠡᠭᠦᠯᠬᠦ ᠵᠢᠨ ᠬᠠᠮᠲᠤ ᠠᠳᠠᠯᠢ ᠱᠠᠲᠤᠨ᠎ᠤ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠨᠠᠷᠢᠨ ᠲᠥᠯᠦᠪᠵᠢᠭᠦᠯᠭᠡ᠎ᠳᠤ ᠣᠷᠣᠭᠤᠯᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠲᠣᠪᠴᠢᠶ᠎ᠠ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠴᠠᠬᠢᠯᠭ᠋ᠠᠨ ᠲᠣᠣᠷ᠎ᠤᠨ ᠠᠵᠤ ᠠᠬᠤᠶ᠋ᠢᠯᠠᠯ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
ᠳᠥᠷᠪᠡ᠂ ᠲᠥᠷᠥᠯ ᠵᠦᠢ᠍ᠯ᠎ᠤᠨ ᠡᠮᠦᠨᠡᠬᠢ ᠬᠤᠭᠤᠴᠠᠭ᠋ᠠᠨ᠎ᠤ ᠭᠦᠢ᠍ᠴᠡᠳᠬᠡᠬᠦ ᠭᠠᠷᠳᠠᠮ᠎ᠤᠨ ᠭᠤᠭᠴᠤᠭ᠎ᠠ ᠵᠢ ᠴᠥᠭᠡᠳᠬᠡᠬᠦ ᠬᠡᠷᠡᠭᠲᠡᠢ
ᠰᠢᠨ᠎ᠡ ᠡᠨᠧᠷᠭᠢ ᠪᠠ ᠴᠠᠬᠢᠯᠭ᠋ᠠᠨ ᠲᠣᠣᠷ᠎ᠤᠨ ᠲᠥᠷᠥᠯ ᠵᠦᠢ᠍ᠯ᠎ᠤᠨ ᠭᠠᠵᠠᠷ ᠬᠡᠷᠡᠭᠯᠡᠬᠦ᠂ ᠣᠶ ᠰᠢᠭᠤᠢ (ᠨᠤᠲᠤᠭ ᠪᠡᠯᠴᠢᠭᠡᠷ) ᠬᠡᠷᠡᠭᠯᠡᠬᠦ ᠵᠡᠷᠭᠡ ᠡᠯ᠎ᠡ ᠵᠦᠢ᠍ᠯ᠎ᠤᠨ ᠡᠮᠦᠨᠡᠬᠢ ᠬᠤᠭᠤᠴᠠᠭ᠋ᠠᠨ᠎ᠤ ᠭᠠᠷᠳᠠᠮ᠎ᠢ ᠭᠦᠢ᠍ᠴᠡᠳᠬᠡᠬᠦ᠎ᠳᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ᠎ᠨᠢ ᠭᠤᠶᠤᠴᠢᠯᠠᠨ ᠮᠡᠳᠡᠭᠦᠯᠬᠦ ᠮᠠᠲ᠋ᠧᠷᠢᠶᠠᠯ᠎ᠢ 《ᠵᠥᠪᠬᠡᠨ ᠨᠥᠬᠦᠪᠦᠷᠢᠯᠡᠨ ᠵᠠᠯᠠᠷᠠᠭᠤᠯᠬᠤ᠎ᠠᠴᠠ ᠪᠢᠰᠢ ᠪᠤᠴᠠᠭ᠋ᠠᠵᠤ ᠪᠣᠯᠬᠤ ᠦᠭᠡᠢ》᠂ ᠨᠥᠬᠦᠪᠦᠷᠢᠯᠡᠨ ᠵᠠᠯᠠᠷᠠᠭᠤᠯᠬᠤ ᠴᠢᠬᠤᠯᠠᠲᠠᠢ ᠭᠤᠶᠤᠴᠢᠯᠠᠨ ᠮᠡᠳᠡᠭᠦᠯᠬᠦ ᠮᠠᠲ᠋ᠧᠷᠢᠶᠠᠯ᠎ᠢ ᠨᠢᠭᠡ ᠯᠡ ᠤᠳᠠᠭ᠎ᠠ᠎ᠳᠤ ᠮᠡᠳᠡᠭᠳᠡᠬᠦ ᠮᠥᠷᠲᠡᠭᠡᠨ ᠵᠥᠪᠬᠡᠨ ᠨᠢᠭᠡ ᠯᠡ ᠤᠳᠠᠭ᠎ᠠ ᠨᠥᠬᠦᠪᠦᠷᠢᠯᠡᠨ ᠵᠠᠯᠠᠷᠠᠭᠤᠯᠵᠤ ᠪᠣᠯᠣᠨ᠎ᠠ; ᠭᠤᠶᠤᠴᠢᠯᠠᠨ ᠮᠡᠳᠡᠭᠦᠯᠦᠭᠰᠡᠨ ᠨᠢᠭᠡᠴᠢ ᠨᠢᠭᠡ ᠯᠡ ᠤᠳᠠᠭ᠎ᠠ᠎ᠳᠤ ᠨᠥᠬᠦᠪᠦᠷᠢᠯᠡᠨ ᠵᠠᠯᠠᠷᠠᠭᠤᠯᠬᠤ ᠬᠡᠷᠡᠭᠲᠡᠢ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ᠂ ᠡᠯ᠎ᠡ ᠴᠠᠬᠢᠯᠭ᠋ᠠᠨ ᠲᠣᠣᠷ᠎ᠤᠨ ᠠᠵᠤ ᠠᠬᠤᠶ᠋ᠢᠯᠠᠯ᠂ ᠴᠠᠬᠢᠯᠭ᠋ᠠᠨ ᠭᠠᠷᠭ᠋ᠠᠬᠤ ᠠᠵᠤ ᠠᠬᠤᠶ᠋ᠢᠯᠠᠯ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
ᠲᠠᠪᠤ᠂ ᠡᠮᠦᠨᠡᠬᠢ ᠬᠤᠭᠤᠴᠠᠭ᠋ᠠᠨ᠎ᠤ ᠭᠠᠷᠳᠠᠮ᠎ᠢ ᠨᠡᠶ᠋ᠢᠯᠡᠭᠦᠯᠵᠦ ᠬᠢᠨᠠᠨ ᠵᠥᠪᠰᠢᠶᠡᠷᠡᠬᠦ ᠵᠢ ᠪᠦᠬᠦ ᠲᠠᠯ᠎ᠠ᠎ᠪᠠᠷ ᠬᠡᠷᠡᠭᠵᠢᠭᠦᠯᠬᠦ ᠬᠡᠷᠡᠭᠲᠡᠢ
ᠰᠢᠨ᠎ᠡ ᠡᠨᠧᠷᠭᠢ ᠪᠠ ᠴᠠᠬᠢᠯᠭ᠋ᠠᠨ ᠲᠣᠣᠷ᠎ᠤᠨ ᠲᠥᠷᠥᠯ ᠵᠦᠢ᠍ᠯ᠎ᠳᠤ ᠲᠡᠦᠬᠡ ᠵᠢᠨ ᠳᠤᠷᠠᠰᠬᠠᠯᠲᠤ ᠵᠦᠢ᠍ᠯ᠎ᠤᠨ ᠪᠠᠶ᠋ᠢᠴᠠᠭ᠋ᠠᠯᠲᠠ᠂ ᠨᠡᠶ᠋ᠢᠭᠡᠮ᠎ᠤᠨ ᠲᠣᠭᠲᠠᠭᠤᠨ ᠪᠠᠶ᠋ᠢᠳᠠᠯ᠎ᠤᠨ ᠲᠦᠭᠰᠢᠭᠦᠷᠢ ᠵᠢᠨ ᠦᠨᠡᠯᠡᠨ ᠵᠢᠱ᠌ᠢᠯᠲᠡ᠂ ᠣᠷᠴᠢᠨ ᠲᠣᠭᠤᠷᠢᠨ᠎ᠤ ᠨᠥᠯᠥᠭᠡᠯᠡᠯ᠎ᠤᠨ ᠦᠨᠡᠯᠡᠯᠲᠡ᠂ ᠬᠥᠷᠥᠰᠥ ᠰᠢᠷᠣᠢ ᠵᠢ ᠬᠠᠮᠠᠭ᠋ᠠᠯᠠᠬᠤ ᠲᠥᠰᠥᠯ᠂ ᠦᠶᠡᠷ᠎ᠤᠨ ᠨᠥᠯᠥᠭᠡᠨ᠎ᠤ ᠦᠨᠡᠯᠡᠯᠲᠡ᠂ ᠠᠭᠤᠷᠬᠠᠢ ᠵᠢᠨ ᠭᠠᠷᠤᠯᠲᠠ ᠵᠢᠨ ᠳᠠᠷᠤᠭᠳᠠᠯ᠂ ᠠᠮᠢ ᠠᠬᠤᠢ ᠵᠢᠨ ᠤᠯᠠᠭ᠋ᠠᠨ ᠱᠤᠭᠤᠮ᠎ᠠᠴᠠ ᠵᠠᠶ᠋ᠢᠯᠠᠵᠤ ᠪᠣᠯᠣᠰᠢ ᠦᠭᠡᠢ ᠴᠢᠨᠠᠷ᠎ᠤᠨ ᠦᠨᠡᠯᠡᠯᠲᠡ ᠵᠡᠷᠭᠡ ᠡᠯ᠎ᠡ ᠲᠥᠷᠥᠯ᠎ᠤᠨ ᠬᠢᠨᠠᠨ ᠵᠥᠪᠰᠢᠶᠡᠷᠡᠬᠦ ᠭᠠᠷᠳᠠᠮ᠎ᠢ ᠭᠦᠢ᠍ᠴᠡᠳᠬᠡᠬᠦ᠎ᠳᠤ᠎ᠪᠠᠨ᠂ ᠲᠥᠷᠥᠯ ᠵᠦᠢ᠍ᠯ᠎ᠤᠨ ᠨᠢᠭᠡᠴᠢ ᠵᠢᠨ ᠭᠤᠶᠤᠴᠢᠯᠠᠯ᠎ᠢ ᠦᠨᠳᠦᠰᠦᠯᠡᠵᠦ ᠪᠠᠶ᠋ᠢᠭ᠋ᠠᠳ ᠨᠡᠶ᠋ᠢᠯᠡᠭᠦᠯᠵᠦ ᠬᠢᠨᠠᠨ ᠵᠥᠪᠰᠢᠶᠡᠷᠡᠬᠦ ᠵᠢ ᠬᠡᠷᠡᠭᠵᠢᠭᠦᠯᠵᠦ᠂ ᠬᠠᠮᠢᠶ᠎ᠠ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠤᠯᠤᠰ᠎ᠤᠨ ᠲᠥᠷᠥ ᠵᠢᠨ ᠪᠣᠳᠣᠯᠭ᠎ᠠ᠎ᠳᠤ ᠲᠣᠭᠲᠠᠭ᠋ᠠᠯ᠎ᠲᠠᠢ ᠴᠢᠬᠤᠯᠠ ᠪᠢᠴᠢᠭ ᠮᠠᠲ᠋ᠧᠷᠢᠶᠠᠯ᠎ᠠᠴᠠ ᠭᠠᠳᠠᠨ᠎ᠠ᠂ ᠬᠠᠷᠢᠯᠴᠠᠨ ᠤᠷᠢᠳᠠᠴᠢ ᠵᠦᠢ᠍ᠯ ᠪᠣᠯᠵᠤ ᠪᠣᠯᠬᠤ ᠦᠭᠡᠢ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
ᠵᠢᠷᠭᠤᠭ᠎ᠠ᠂ ᠲᠦᠷᠦᠯ ᠵᠦᠢ᠍ᠯ᠎ᠳᠤ ᠬᠡᠷᠡᠭᠯᠡᠬᠦ ᠭᠠᠵᠠᠷ᠎ᠢ ᠲᠤᠰᠢᠶᠠᠵᠤ ᠥᠭᠬᠦ ᠡᠮᠦᠨᠡᠬᠢ ᠬᠤᠭᠤᠴᠠᠭ᠋ᠠᠨ᠎ᠤ ᠠᠵᠢᠯ᠎ᠢ ᠰᠠᠶ᠋ᠢᠲᠤᠷ ᠬᠢᠬᠦ ᠬᠡᠷᠡᠭᠲᠡᠢ
ᠰᠢᠨ᠎ᠡ ᠡᠨᠧᠷᠭᠢ ᠪᠠ ᠴᠠᠬᠢᠯᠭ᠋ᠠᠨ ᠲᠣᠣᠷ᠎ᠤᠨ ᠲᠥᠷᠥᠯ ᠵᠦᠢ᠍ᠯ᠎ᠢ ᠬᠢᠨᠠᠨ ᠵᠥᠪᠰᠢᠶᠡᠷᠡᠭᠰᠡᠨ (ᠪᠦᠷᠢᠳᠬᠡᠨ ᠳᠠᠩᠰᠠᠯᠠᠭᠰᠠᠨ)᠎ᠤ ᠳᠠᠷᠠᠭ᠎ᠠ᠂ ᠬᠤᠰᠢᠭᠤ ᠰᠢᠶᠠᠨ (ᠬᠤᠲᠠ᠂ ᠲᠣᠭᠤᠷᠢᠭ)᠎ᠤ ᠠᠷᠠᠳ᠎ᠤᠨ ᠵᠠᠰᠠᠭ᠎ᠤᠨ ᠣᠷᠳᠣᠨ᠎ᠨᠢ 45 ᠠᠵᠢᠯᠯᠠᠬᠤ ᠡᠳᠦᠷ᠎ᠤᠨ ᠳᠣᠲᠣᠷ᠎ᠠ ᠭᠠᠵᠠᠷ ᠰᠢᠷᠣᠢ ᠵᠢ ᠬᠤᠳᠠᠯᠳᠤᠨ ᠠᠪᠴᠤ ᠨᠥᠭᠡᠴᠡᠯᠡᠬᠦ᠂ ᠭᠠᠳᠠᠷᠭᠤ ᠵᠢᠨ ᠬᠠᠰᠢᠶ᠎ᠠ ᠬᠡᠷᠡᠮ᠎ᠢ ᠠᠷᠢᠯᠭ᠋ᠠᠬᠤ᠂ ᠲᠡᠦᠬᠡ ᠵᠢᠨ ᠳᠤᠷᠠᠰᠬᠠᠯᠲᠤ ᠵᠦᠢ᠍ᠯ᠎ᠢ ᠬᠠᠶ᠋ᠢᠨ ᠰᠢᠨᠵᠢᠬᠦ ᠵᠡᠷᠭᠡ ᠠᠵᠢᠯ᠎ᠢ ᠪᠡᠶᠡᠯᠡᠭᠦᠯᠵᠦ᠂ 《ᠠᠬᠤᠶ᠋ᠢᠯᠠᠭᠰᠠᠨ ᠭᠠᠵᠠᠷ ᠰᠢᠷᠣᠢ ᠬᠠᠩᠭ᠋ᠠᠬᠤ》 ᠵᠢ ᠪᠡᠶᠡᠯᠡᠭᠦᠯᠦᠨ᠂ ᠲᠥᠷᠥᠯ ᠵᠦᠢ᠍ᠯ᠎ᠤᠨ ᠨᠢᠭᠡᠴᠢ᠎ᠠᠴᠠ ᠪᠡᠯᠡ ᠮᠥᠩᠭᠦᠨ᠎ᠤ ᠪᠠᠲᠤᠯᠠᠭ᠎ᠠ ᠬᠠᠩᠭ᠋ᠠᠬᠤ ᠬᠡᠷᠡᠭᠲᠡᠢ᠃ ᠰᠢᠨ᠎ᠡ ᠡᠨᠧᠷᠭᠢ ᠪᠠ ᠴᠠᠬᠢᠯᠭ᠋ᠠᠨ ᠲᠣᠣᠷ᠎ᠤᠨ ᠲᠥᠷᠥᠯ ᠵᠦᠢ᠍ᠯ᠎ᠨᠢ ᠬᠤᠲᠠ ᠪᠠᠯᠭ᠋ᠠᠰᠤᠨ᠎ᠤ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠲᠥᠯᠦᠪᠵᠢᠭᠦᠯᠭᠡ ᠵᠢᠨ ᠬᠡᠪᠴᠢᠶᠡᠨ ᠳᠣᠲᠣᠷ᠎ᠠ ᠤᠯᠤᠰ᠎ᠤᠨ ᠥᠮᠴᠢᠯᠡᠯᠲᠦ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ ᠣᠯᠣᠭᠰᠠᠨ ᠪᠠᠶ᠋ᠢᠪᠠᠯ᠂ ᠨᠥᠬᠦᠴᠡᠯ᠎ᠳᠤ ᠨᠡᠶ᠋ᠢᠴᠡᠬᠦ (ᠳᠥᠷᠪᠡᠨ ᠬᠢᠵᠠᠭ᠋ᠠᠷ᠎ᠨᠢ ᠲᠣᠳᠣᠷᠬᠠᠢ᠂ ᠡᠷᠬᠡ ᠵᠢᠨ ᠬᠠᠷᠢᠶ᠎ᠠ᠎ᠨᠢ ᠮᠠᠷᠭᠤᠯᠳᠤᠭ᠋ᠠᠨ ᠦᠭᠡᠢ᠂ ᠬᠠᠮᠢᠶ᠎ᠠ ᠪᠦᠬᠦᠢ ᠭᠠᠶ᠋ᠢᠯᠢ ᠰᠦᠢ᠍ᠳᠬᠡᠯ᠎ᠢ ᠲᠤᠰᠢᠶᠠᠭᠰᠠᠨ)᠎ᠳᠤᠨᠢ 《ᠭᠠᠵᠠᠷ ᠪᠠ ᠭᠡᠷᠡᠴᠢ ᠦᠨᠡᠮᠯᠡᠯ᠎ᠢ ᠬᠠᠮᠲᠤ ᠲᠤᠰᠢᠶᠠᠬᠤ》 ᠵᠢ ᠪᠦᠬᠦ ᠲᠠᠯ᠎ᠠ᠎ᠪᠠᠷ ᠶᠠᠪᠤᠭᠤᠯᠵᠤ᠂ ᠭᠠᠵᠠᠷ ᠲᠤᠰᠢᠶᠠᠬᠤ ᠬᠢᠭᠡᠳ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠲᠥᠯᠦᠪᠵᠢᠭᠦᠯᠭᠡ ᠵᠢᠨ ᠵᠥᠪᠰᠢᠶᠡᠷᠡᠯ᠎ᠤᠨ ᠦᠨᠡᠮᠯᠡᠯ᠂ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠲᠥᠯᠦᠪᠵᠢᠭᠦᠯᠭᠡ ᠵᠢᠨ ᠵᠥᠪᠰᠢᠶᠡᠷᠡᠯ᠎ᠤᠨ ᠦᠨᠡᠮᠯᠡᠯ᠂ ᠦᠯᠦ ᠬᠥᠳᠡᠯᠬᠦ ᠬᠥᠷᠥᠩᠭᠡ ᠵᠢᠨ ᠡᠷᠬᠡ ᠵᠢᠨ ᠦᠨᠡᠮᠯᠡᠯ᠎ᠤᠨ ᠪᠢᠴᠢᠭ᠎ᠢ ᠵᠡᠷᠭᠡ᠎ᠳᠤ᠎ᠨᠢ ᠭᠦᠢ᠍ᠴᠡᠳᠬᠡᠬᠦ ᠵᠢ ᠪᠡᠶᠡᠯᠡᠭᠦᠯᠦᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠴᠠᠬᠢᠯᠭ᠋ᠠᠨ ᠲᠣᠣᠷ᠎ᠤᠨ ᠠᠵᠤ ᠠᠬᠤᠶ᠋ᠢᠯᠠᠯ᠂ ᠴᠠᠬᠢᠯᠭ᠋ᠠᠨ ᠭᠠᠷᠭ᠋ᠠᠬᠤ ᠠᠵᠤ ᠠᠬᠤᠶ᠋ᠢᠯᠠᠯ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
ᠳᠣᠯᠤᠭ᠎ᠠ᠂ ᠰᠢᠨ᠎ᠡ ᠡᠨᠧᠷᠭᠢ᠂ ᠴᠠᠬᠢᠯᠭ᠋ᠠᠨ ᠲᠣᠣᠷ᠎ᠤᠨ ᠲᠥᠷᠥᠯ ᠵᠦᠢ᠍ᠯ᠎ᠤᠨ ᠭᠠᠵᠠᠷ ᠰᠢᠷᠣᠢ ᠵᠢᠨ ᠭᠠᠷᠳᠠᠮ ᠭᠦᠢ᠍ᠴᠡᠳᠬᠡᠬᠦ ᠵᠢ ᠰᠢᠯᠢᠳᠡᠭᠵᠢᠭᠦᠯᠬᠦ ᠬᠡᠷᠡᠭᠲᠡᠢ
《ᠴᠠᠬᠢᠯᠭ᠋ᠠᠨ ᠲᠣᠣᠷ᠎ᠤᠨ ᠲᠥᠷᠥᠯ ᠵᠦᠢ᠍ᠯ᠎ᠢ ᠬᠢᠨᠠᠨ ᠵᠥᠪᠰᠢᠶᠡᠷᠡᠬᠦ᠎ᠪᠠᠨ ᠤᠯᠠᠮ ᠨᠢᠭᠡ ᠠᠯᠬᠤᠮ ᠳᠥᠭᠦᠮᠴᠢᠯᠡᠬᠦ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》 (ᠥᠪᠥᠷ ᠵᠠᠰᠠᠭ ᠠᠯᠪᠠᠨ ᠥᠰᠥᠭ [2022] 55 ᠳ᠋ᠤᠭ᠋ᠠᠷ ᠲᠣᠭ᠋ᠠᠲᠤ)᠎ᠤᠨ ᠬᠠᠮᠢᠶ᠎ᠠ ᠪᠦᠬᠦᠢ ᠱᠠᠭ᠋ᠠᠷᠳᠠᠯᠭ᠎ᠠ ᠵᠢᠨ ᠨᠠᠶ᠋ᠢᠳᠠᠪᠤᠷᠢ᠎ᠵᠢᠨ ᠪᠣᠳᠠᠲᠠᠶ᠋ᠢᠵᠢᠬᠤ ᠵᠢ ᠦᠷᠭᠦᠯᠵᠢᠯᠡᠨ ᠰᠠᠶ᠋ᠢᠲᠤᠷ ᠠᠳᠬᠤᠵᠤ᠂ ᠭᠠᠵᠠᠷ ᠰᠢᠷᠣᠢ ᠵᠢᠨ ᠳᠠᠭ᠋ᠠᠭᠤᠯᠢ ᠣᠳᠣᠨ᠎ᠤ ᠵᠢᠷᠤᠭ ᠳᠦᠷᠰᠦ᠎ᠪᠠᠷ ᠬᠠᠤᠯᠢ ᠬᠡᠷᠡᠭᠵᠢᠭᠦᠯᠵᠦ ᠪᠠᠶ᠋ᠢᠴᠠᠭ᠋ᠠᠬᠤ ᠡᠷᠴᠢᠮ᠎ᠢ ᠴᠢᠩᠭ᠋ᠠᠷᠠᠭᠤᠯᠤᠨ᠂ ᠰᠠᠯᠬᠢᠨ ᠬᠦᠴᠦᠨ᠎ᠤ ᠴᠠᠬᠢᠯᠭ᠋ᠠᠨ᠎ᠤ ᠰᠤᠪᠤᠷᠭ᠎ᠠ ᠵᠢᠨ ᠰᠠᠭᠤᠷᠢ ᠵᠢᠨ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠭᠠᠷᠳᠠᠮ᠎ᠢ ᠭᠦᠢ᠍ᠴᠡᠳᠬᠡᠬᠦ ᠦᠷ᠎ᠡ ᠪᠦᠲᠦᠮᠵᠢ ᠵᠢ ᠲᠡᠬᠡᠭᠰᠢᠯᠡᠬᠦᠯᠦᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠴᠠᠬᠢᠯᠭ᠋ᠠᠨ ᠲᠣᠣᠷ᠎ᠤᠨ ᠠᠵᠤ ᠠᠬᠤᠶ᠋ᠢᠯᠠᠯ᠂ ᠴᠠᠬᠢᠯᠭ᠋ᠠᠨ ᠭᠠᠷᠭ᠋ᠠᠬᠤ ᠠᠵᠤ ᠠᠬᠤᠶ᠋ᠢᠯᠠᠯ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
ᠨᠠᠢ᠍ᠮᠠ᠂ ᠨᠡᠶ᠋ᠢᠭᠡᠮ᠎ᠤᠨ ᠲᠣᠭᠲᠠᠭᠤᠨ᠎ᠤ ᠲᠦᠭᠰᠢᠭᠦᠷᠢ ᠵᠢ ᠦᠨᠡᠯᠡᠨ ᠵᠢᠱ᠌ᠢᠬᠦ ᠭᠠᠷᠳᠠᠮ᠎ᠤᠨ ᠳᠦᠷᠢᠮ᠎ᠢ ᠨᠠᠶ᠋ᠢᠳᠠᠪᠤᠷᠢᠵᠢᠭᠤᠯᠬᠤ ᠬᠡᠷᠡᠭᠲᠡᠢ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠭᠡ ᠰᠢᠢ᠍ᠳᠪᠦᠷᠢᠲᠦ ᠪᠣᠳᠣᠯᠭ᠎ᠠ ᠵᠢᠨ ᠨᠡᠶ᠋ᠢᠭᠡᠮ᠎ᠤᠨ ᠲᠣᠭᠲᠠᠭᠤᠨ᠎ᠤ ᠲᠦᠭᠰᠢᠭᠦᠷᠢ ᠵᠢᠨ ᠦᠨᠡᠯᠡᠨ ᠵᠢᠱ᠌ᠢᠯᠲᠡ ᠵᠢᠨ ᠬᠡᠷᠡᠭᠵᠢᠭᠦᠯᠬᠦ ᠠᠷᠭ᠎ᠠ》 ᠵᠢᠨ ᠱᠠᠭ᠋ᠠᠷᠳᠠᠯᠭ᠎ᠠ ᠶᠣᠰᠣᠭ᠋ᠠᠷ᠂ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠨᠡᠶ᠋ᠢᠭᠡᠮ᠎ᠤᠨ ᠲᠣᠭᠲᠠᠭᠤᠨ᠎ᠤ ᠲᠦᠭᠰᠢᠭᠦᠷᠢ ᠵᠢ ᠦᠨᠡᠯᠡᠨ ᠵᠢᠱ᠌ᠢᠬᠦ ᠠᠵᠢᠯ᠎ᠢ ᠨᠢᠭᠡᠨᠲᠡ ᠢᠨᠵᠧᠨᠧᠷᠢᠩ᠎ᠤᠨ ᠲᠥᠷᠥᠯ ᠵᠦᠢ᠍ᠯ᠎ᠤᠨ ᠪᠣᠯᠣᠮᠵᠢᠲᠤ ᠴᠢᠨᠠᠷ᠎ᠤᠨ ᠰᠤᠳᠤᠯᠤᠯ᠎ᠤᠨ ᠠᠭᠤᠯᠭ᠎ᠠ ᠪᠤᠯᠭ᠋ᠠᠨᠨᠰᠠᠨ ᠴᠢᠬᠤᠯᠠ ᠶᠡᠭᠡ ᠢᠨᠵᠧᠨᠧᠷᠢᠩ᠎ᠤᠨ ᠲᠥᠷᠥᠯ ᠵᠦᠢ᠍ᠯ᠎ᠳᠤ ᠳᠠᠭᠢᠵᠤ ᠠᠰᠲᠠᠭ᠋ᠠᠨ ᠦᠨᠡᠯᠡᠨ ᠵᠢᠱ᠌ᠢᠯᠲᠡ ᠬᠢᠬᠦ ᠦᠭᠡᠢ᠃ ᠰᠢᠨ᠎ᠡ ᠡᠨᠧᠷᠭᠢ ᠪᠠ ᠴᠠᠬᠢᠯᠭ᠋ᠠᠨ᠎ᠤ ᠲᠣᠣᠷ᠎ᠤᠨ ᠲᠥᠷᠥᠯ ᠵᠦᠢ᠍ᠯ᠎ᠤᠨ ᠪᠠᠶ᠋ᠢᠭ᠎ᠠ ᠬᠤᠰᠢᠭᠤ ᠰᠢᠶᠠᠨ (ᠬᠤᠲᠠ᠂ ᠲᠣᠭᠤᠷᠢᠭ)᠎ᠤ ᠠᠷᠠᠳ᠎ᠤᠨ ᠵᠠᠰᠠᠭ᠎ᠤᠨ ᠣᠷᠳᠣᠨ᠎ᠨᠢ ᠬᠠᠤᠯᠢ ᠲᠣᠭᠲᠠᠭ᠋ᠠᠯ ᠶᠣᠰᠣᠭ᠋ᠠᠷ ᠭᠠᠵᠠᠷ ᠰᠢᠷᠣᠢ ᠲᠠᠲᠠᠪᠤᠷᠢᠯᠠᠬᠤ ᠬᠢᠨᠠᠨ ᠵᠥᠪᠰᠢᠶᠡᠷᠡᠯ᠎ᠢ ᠭᠤᠶᠤᠴᠢᠯᠠᠨ ᠮᠡᠳᠡᠭᠦᠯᠬᠦ᠎ᠠᠴᠠ ᠡᠮᠦᠨ᠎ᠡ᠂ ᠨᠡᠶ᠋ᠢᠭᠡᠮ᠎ᠤᠨ ᠲᠣᠭᠲᠠᠭᠤᠨ᠎ᠤ ᠲᠦᠭᠰᠢᠭᠦᠷᠢ ᠵᠢᠨ ᠦᠨᠡᠯᠡᠨ ᠵᠢᠱ᠌ᠢᠯᠲᠡ ᠵᠢ ᠵᠣᠬᠢᠶᠠᠨ ᠪᠠᠶ᠋ᠢᠭᠤᠯᠵᠤ ᠪᠡᠶᠡᠯᠡᠭᠦᠯᠬᠦ ᠬᠡᠷᠡᠭᠲᠡᠢ᠃ (ᠬᠠᠷᠢᠭᠤᠴᠠᠯᠭ᠋ᠠᠲᠤ ᠨᠢᠭᠡᠴᠢ᠄ ᠡᠯ᠎ᠡ ᠠᠶ᠋ᠢᠮᠠᠭ ᠬᠤᠲᠠ ᠵᠢᠨ ᠨᠠᠮ᠎ᠤᠨ ᠬᠤᠷᠢᠶᠠᠨ᠎ᠤ ᠤᠯᠤᠰ ᠲᠥᠷᠥ ᠬᠠᠤᠯᠢ ᠴᠠᠭ᠋ᠠᠵᠠ ᠵᠢᠨ ᠬᠤᠷᠢᠶ᠎ᠠ᠂ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠴᠠᠬᠢᠯᠭ᠋ᠠᠨ ᠲᠣᠣᠷ᠎ᠤᠨ ᠠᠵᠤ ᠠᠬᠤᠶ᠋ᠢᠯᠠᠯ᠂ ᠴᠠᠬᠢᠯᠭ᠋ᠠᠨ ᠭᠠᠷᠭ᠋ᠠᠬᠤ ᠠᠵᠤ ᠠᠬᠤᠶ᠋ᠢᠯᠠᠯ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
ᠶᠢᠰᠦ᠂ ᠣᠢ ᠰᠢᠭᠤᠢ ᠨᠤᠲᠤᠭ ᠪᠡᠯᠴᠢᠭᠡᠷ ᠬᠡᠷᠡᠭᠯᠡᠬᠦ ᠭᠠᠷᠳᠠᠮ᠎ᠢ ᠰᠢᠯᠢᠳᠡᠭᠵᠢᠭᠦᠯᠬᠦ ᠬᠡᠷᠡᠭᠲᠡᠢ
ᠰᠢᠨ᠎ᠡ ᠡᠨᠧᠷᠭᠢ ᠪᠠ ᠴᠠᠬᠢᠯᠭ᠋ᠠᠨ ᠲᠣᠣᠷ᠎ᠤᠨ ᠲᠥᠷᠥᠯ ᠵᠦᠢ᠍ᠯ᠎ᠤᠨ ᠣᠶ ᠰᠢᠭᠤᠢ (ᠨᠤᠲᠤᠭ ᠪᠡᠯᠴᠢᠭᠡᠷ) ᠵᠢ ᠲᠦᠷ ᠬᠡᠷᠡᠭᠯᠡᠬᠦ ᠭᠠᠷᠳᠠᠮ᠎ᠢ ᠣᠶ ᠰᠢᠭᠤᠢ (ᠨᠤᠲᠤᠭ ᠪᠡᠯᠴᠢᠭᠡᠷ) ᠵᠢ ᠥᠨᠢᠳᠡ ᠬᠡᠷᠡᠭᠯᠡᠬᠦ ᠭᠠᠷᠳᠠᠮᠯᠤᠭᠠ ᠵᠡᠷᠭᠡ᠎ᠪᠠᠷ ᠭᠦᠢ᠍ᠴᠡᠳᠬᠡᠬᠦ ᠬᠡᠷᠡᠭᠲᠡᠢ; ᠬᠢᠨᠠᠨ ᠵᠥᠪᠰᠢᠶᠡᠷᠡᠬᠦ ᠰᠠᠯᠠᠭ᠎ᠠ ᠮᠥᠴᠢᠷ᠎ᠨᠢ ᠣᠶ ᠰᠢᠭᠤᠢ (ᠨᠤᠲᠤᠭ ᠪᠡᠯᠴᠢᠭᠡᠷ) ᠵᠢ ᠬᠡᠷᠡᠭᠯᠡᠬᠦ ᠭᠤᠶᠤᠴᠢᠯᠠᠯ᠎ᠢ ᠰᠢᠢ᠍ᠳᠪᠦᠷᠢᠯᠡᠬᠦ᠎ᠪᠠᠷ ᠬᠦᠯᠢᠶᠡᠨ ᠠᠪᠤᠭᠰᠠᠨ ᠡᠳᠦᠷ᠎ᠠᠴᠠ ᠡᠬᠢᠯᠡᠨ 10 ᠠᠵᠢᠯᠯᠠᠬᠤ ᠡᠳᠦᠷ᠎ᠤᠨ ᠳᠣᠲᠣᠷ᠎ᠠ᠂ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠲᠣᠭᠲᠠᠭ᠋ᠠᠯ ᠭᠠᠷᠭ᠋ᠠᠬᠤ ᠪᠤᠶᠤ ᠬᠢᠨᠠᠨ ᠪᠠᠶ᠋ᠢᠴᠠᠭ᠋ᠠᠭᠰᠠᠨ ᠰᠠᠨᠠᠯ ᠭᠠᠷᠭ᠋ᠠᠵᠤ ᠳᠡᠭᠡᠳᠦ ᠱᠠᠲᠤᠨ᠎ᠤ ᠰᠠᠯᠠᠭ᠎ᠠ ᠮᠥᠴᠢᠷ᠎ᠲᠤ᠎ᠪᠠᠨ ᠮᠡᠳᠡᠭᠦᠯᠬᠦ ᠬᠡᠷᠡᠭᠲᠡᠢ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠡᠯ᠎ᠡ ᠴᠠᠬᠢᠯᠭ᠋ᠠᠨ ᠲᠣᠣᠷ᠎ᠤᠨ ᠠᠵᠤ ᠠᠬᠤᠶ᠋ᠢᠯᠠᠯ᠂ ᠴᠠᠬᠢᠯᠭ᠋ᠠᠨ ᠭᠠᠷᠭ᠋ᠠᠬᠤ ᠠᠵᠤ ᠠᠬᠤᠶ᠋ᠢᠯᠠᠯ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
ᠠᠷᠪᠠ᠂ ᠭᠠᠷᠳᠠᠮ ᠣᠷᠣᠯᠠᠨ ᠭᠦᠢ᠍ᠴᠡᠳᠬᠡᠬᠦ ᠳᠦᠷᠢᠮ᠎ᠢ ᠳᠡᠯᠭᠡᠷᠡᠭᠦᠯᠦᠨ ᠬᠡᠷᠡᠭᠵᠢᠭᠦᠯᠬᠦ ᠬᠡᠷᠡᠭᠲᠡᠢ
ᠰᠢᠨ᠎ᠡ ᠡᠨᠧᠷᠭᠢ ᠪᠠ ᠴᠠᠬᠢᠯᠭ᠋ᠠᠨ ᠲᠣᠣᠷ᠎ᠤᠨ ᠲᠥᠷᠥᠯ ᠵᠦᠢ᠍ᠯ᠎ᠨᠢ ᠨᠤᠲᠤᠭ ᠪᠡᠯᠴᠢᠭᠡᠷ᠎ᠢ ᠲᠠᠲᠠᠪᠤᠷᠢᠯᠠᠨ ᠡᠵᠡᠯᠡᠵᠦ ᠬᠡᠷᠡᠭᠯᠡᠬᠦ ᠵᠢᠨ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠭᠠᠷᠳᠠᠮ ᠭᠦᠢ᠍ᠴᠡᠳᠬᠡᠬᠦ᠎ᠳᠤ᠎ᠪᠠᠨ᠂ ᠬᠤᠰᠢᠭᠤ ᠰᠢᠶᠠᠨ (ᠬᠤᠲᠠ᠂ ᠲᠣᠭᠤᠷᠢᠭ)᠎ᠤ ᠠᠷᠠᠳ᠎ᠤᠨ ᠵᠠᠰᠠᠭ᠎ᠤᠨ ᠣᠷᠳᠣᠨ᠎ᠨᠢ ᠲᠥᠷᠥᠯ ᠵᠦᠢ᠍ᠯ᠎ᠤᠨ ᠨᠢᠭᠡᠴᠢ ᠵᠢ ᠬᠠᠪᠰᠤᠷᠤᠨ ᠬᠠᠮᠢᠶ᠎ᠠ ᠪᠦᠬᠦᠢ ᠡᠷᠬᠡᠲᠦ ᠬᠥᠮᠥᠨ᠎ᠯᠦᠭᠡ ᠨᠥᠬᠦᠪᠦᠷᠢᠯᠡᠬᠦ ᠵᠥᠪᠯᠡᠯᠴᠡᠭᠡᠷ ᠲᠣᠭᠲᠠᠬᠤ᠂ ᠣᠯᠠᠨ ᠨᠡᠶ᠋ᠢᠲᠡ ᠵᠢᠨ ᠪᠠᠶ᠋ᠢᠴᠠᠭ᠋ᠠᠯᠲᠠ ᠵᠢᠨ ᠬᠦᠰᠦᠨᠦᠭᠲᠦ᠎ᠳᠤ ᠭᠠᠷᠤᠨ ᠦᠰᠦᠭ ᠵᠢᠷᠤᠬᠤ ᠵᠡᠷᠭᠡ ᠠᠵᠢᠯ᠎ᠳᠤ ᠬᠠᠷᠢᠭᠤᠴᠠᠬᠤ ᠬᠡᠷᠡᠭᠲᠡᠢ᠃ (ᠬᠠᠷᠢᠭᠤᠴᠠᠯᠭ᠋ᠠᠲᠤ ᠨᠢᠭᠡᠴᠢ᠄ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠴᠠᠬᠢᠯᠭ᠋ᠠᠨ᠎ᠤ ᠲᠣᠣᠷ᠎ᠤᠨ ᠠᠵᠤ ᠠᠬᠤᠶ᠋ᠢᠯᠠᠯ᠂ ᠴᠠᠬᠢᠯᠭ᠋ᠠᠨ ᠭᠠᠷᠭ᠋ᠠᠬᠤ ᠠᠵᠤ ᠠᠬᠤᠶ᠋ᠢᠯᠠᠯ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
ᠠᠷᠪᠠᠨ ᠨᠢᠭᠡ᠂ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ᠎ᠲᠠᠢ ᠲᠥᠬᠦᠷᠵᠢᠭᠰᠡᠨ ᠰᠠᠭᠤᠷᠢ ᠪᠣᠯᠬᠤ ᠠᠵᠢᠯ᠎ᠢ ᠰᠠᠶ᠋ᠢᠲᠤᠷ ᠬᠢᠬᠦ ᠬᠡᠷᠡᠭᠲᠡᠢ
ᠰᠢᠨ᠎ᠡ ᠡᠨᠧᠷᠭᠢ ᠪᠠ ᠴᠠᠬᠢᠯᠭ᠋ᠠᠨ ᠲᠣᠣᠷ᠎ᠤᠨ ᠲᠥᠷᠥᠯ ᠵᠦᠢ᠍ᠯ᠎ᠢ ᠠᠵᠢᠯ ᠡᠬᠢᠯᠡᠭᠦᠯᠬᠦ᠎ᠠᠴᠠ ᠡᠮᠦᠨ᠎ᠡ᠂ ᠬᠤᠰᠢᠭᠤ ᠰᠢᠶᠠᠨ (ᠬᠤᠲᠠ᠂ ᠲᠣᠭᠤᠷᠢᠭ)᠎ᠤ ᠠᠷᠠᠳ᠎ᠤᠨ ᠵᠠᠰᠠᠭ᠎ᠤᠨ ᠣᠷᠳᠣᠨ᠎ᠨᠢ ᠲᠠᠲᠠᠪᠤᠷᠢᠯᠠᠨ ᠡᠵᠡᠯᠡᠬᠦ ᠭᠠᠵᠠᠷ᠂ ᠭᠡᠷ ᠪᠠᠶ᠋ᠢᠰᠢᠩ ᠨᠡᠭᠦᠯᠭᠡᠬᠦ᠂ ᠨᠡᠭᠦᠯᠭᠡᠨ ᠲᠥᠪᠬᠢᠨᠡᠭᠦᠯᠬᠦ᠂ ᠳᠠᠷᠢᠭᠰᠠᠨ ᠲᠠᠷᠢᠮᠠᠯ᠎ᠤᠨ ᠲᠥᠯᠥᠪᠦᠷᠢ ᠪᠠ ᠰᠠᠭ᠋ᠠᠳ ᠲᠣᠳᠬᠠᠷ᠎ᠢ ᠠᠷᠢᠯᠭ᠋ᠠᠨ ᠰᠢᠢ᠍ᠳᠪᠦᠷᠢᠯᠡᠬᠦ ᠵᠢᠴᠢ ᠢᠨᠵᠧᠨᠧᠷᠢᠩᠯᠦᠭᠡ ᠬᠤᠯᠪᠣᠭᠳᠠᠬᠤ ᠵᠠᠮ ᠬᠠᠷᠢᠯᠴᠠᠭ᠎ᠠ ᠵᠠᠮ ᠱᠤᠭᠤᠮ᠂ ᠤᠰᠤ ᠬᠠᠩᠭ᠋ᠠᠬᠤ ᠤᠰᠤ ᠵᠠᠯᠠᠬᠤ ᠵᠡᠷᠭᠡ ᠲᠥᠬᠦᠷ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠠᠵᠢᠯ᠎ᠢ ᠪᠡᠶᠡᠯᠡᠭᠦᠯᠵᠦ᠂ ᠲᠥᠷᠥᠯ ᠵᠦᠢ᠍ᠯ᠎ᠤᠨ ᠮᠡᠷᠭᠡᠵᠢᠯ᠎ᠤᠨ ᠪᠤᠰᠤ ᠥᠪᠡᠷ᠎ᠤᠨ ᠥᠷᠲᠡᠭ᠎ᠢ ᠪᠠᠭᠤᠷᠠᠭᠤᠯᠬᠤ ᠬᠡᠷᠡᠭᠲᠡᠢ; ᠵᠠᠪᠳᠤᠨ ᠵᠠᠶ᠋ᠢᠯᠠᠵᠤ ᠵᠠᠪᠳᠤᠨ ᠲᠠᠷᠢᠬᠤ᠂ ᠪᠠᠷᠢᠯᠭ᠎ᠠ ᠪᠠᠷᠢᠬᠤ ᠵᠢ ᠬᠠᠷᠰᠢᠯᠠᠬᠤ ᠵᠡᠷᠭᠡ ᠭᠡᠨᠡᠳᠲᠡ ᠵᠢᠨ ᠬᠡᠷᠡᠭ᠎ᠢ ᠴᠠᠭ ᠲᠤᠬᠠᠢᠳᠤᠨᠢ ᠰᠢᠢ᠍ᠳᠪᠦᠷᠢᠯᠡᠬᠦ ᠵᠢ ᠬᠠᠷᠢᠭᠤᠴᠠᠬᠤ ᠬᠡᠷᠡᠭᠲᠡᠢ᠃ (ᠬᠠᠷᠢᠭᠤᠴᠠᠯᠭ᠋ᠠᠲᠤ ᠨᠢᠭᠡᠴᠢ᠄ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠬᠠᠷᠢᠭᠤᠴᠠᠨ᠎ᠠ)
ᠠᠷᠪᠠᠨ ᠬᠤᠶᠠᠷ᠂ ᠲᠥᠷᠥᠯ ᠵᠦᠢ᠍ᠯ᠎ᠢ ᠠᠬᠢᠭᠤᠯᠬᠤ ᠪᠠᠲᠤᠯᠠᠭ᠎ᠠ ᠵᠢᠨ ᠲᠣᠭᠲᠠᠴᠠ ᠵᠢ ᠲᠡᠭᠦᠯᠳᠡᠷᠵᠢᠭᠦᠯᠬᠦ ᠬᠡᠷᠡᠭᠲᠡᠢ
ᠡᠯ᠎ᠡ ᠠᠶ᠋ᠢᠮᠠᠭ ᠬᠤᠲᠠ᠎ᠨᠢ ᠰᠢᠨ᠎ᠡ ᠡᠨᠧᠷᠭᠢ᠂ ᠴᠠᠬᠢᠯᠭ᠋ᠠᠨ ᠲᠣᠣᠷ᠎ᠤᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠬᠤ ᠠᠵᠢᠯ᠎ᠤᠨ ᠲᠣᠭᠲᠠᠴᠠ ᠵᠢ ᠪᠠᠶ᠋ᠢᠭᠤᠯᠵᠤ᠂ ᠠᠵᠢᠯ᠎ᠤᠨ ᠲᠤᠰᠬᠠᠢ ᠤᠳᠤᠷᠢᠳᠬᠤ ᠪᠠᠭ ᠪᠠᠶ᠋ᠢᠭᠤᠯᠤᠨ᠂ ᠲᠥᠷᠥᠯ ᠵᠦᠢ᠍ᠯ᠎ᠢ ᠨᠡᠶ᠋ᠢᠯᠡᠭᠦᠯᠵᠦ ᠬᠢᠨᠠᠨ ᠵᠥᠪᠰᠢᠶᠡᠷᠡᠬᠦ᠂ ᠳᠤᠲᠠᠭᠤ ᠵᠢ ᠭᠥᠯᠢᠶᠡᠨ ᠰᠢᠢ᠍ᠳᠪᠦᠷᠢᠯᠡᠬᠦ᠂ ᠳᠠᠭ᠋ᠠᠭ᠋ᠠᠴᠠ ᠰᠦᠯᠵᠢᠶ᠎ᠡ ᠵᠢ ᠬᠠᠮᠵᠢᠯᠴᠠᠭᠤᠯᠬᠤ ᠵᠡᠷᠭᠡ ᠠᠬᠢᠭᠤᠯᠬᠤ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ᠎ᠪᠠᠨ ᠴᠢᠩᠭ᠋ᠠᠷᠠᠭᠤᠯᠬᠤ ᠬᠡᠷᠡᠭᠲᠡᠢ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ᠂ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
ᠠᠷᠪᠠᠨ ᠭᠤᠷᠪᠠ᠂ ᠲᠥᠷᠥᠯ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢ ᠬᠦᠴᠦᠯᠡᠨ ᠴᠢᠩᠭ᠋ᠠᠳᠬᠠᠬᠤ ᠬᠡᠷᠡᠭᠲᠡᠢ
ᠲᠥᠷᠥᠯ ᠵᠦᠢ᠍ᠯ᠎ᠢ ᠲᠥᠯᠦᠪᠵᠢᠭᠦᠯᠭᠡ᠎ᠳᠤ ᠤᠷᠤᠭᠤᠯᠬᠤ᠂ ᠬᠢᠨᠠᠨ ᠵᠥᠪᠰᠢᠶᠡᠷᠡᠬᠦ᠂ ᠪᠦᠲᠦᠭᠡᠨ ᠪᠠᠶ᠋ᠢᠭᠤᠯᠬᠤ᠂ ᠲᠣᠣᠷ᠎ᠲᠤ ᠨᠡᠶ᠋ᠢᠯᠡᠭᠦᠯᠬᠦ᠂ ᠵᠠᠬ᠎ᠠ ᠳᠡᠯᠭᠡᠭᠦᠷ ᠵᠶ᠋ᠠᠷ ᠠᠷᠠᠯᠵᠢᠶᠠᠯᠠᠬᠤ ᠪᠥᠬᠦ ᠶᠠᠪᠤᠴᠠ ᠵᠢᠨ ᠬᠢᠨᠠᠯᠲᠠ ᠬᠠᠮᠢᠶᠠᠷᠤᠯᠲᠠ ᠵᠢᠨ ᠲᠣᠭᠲᠠᠴᠠ ᠵᠢ ᠪᠠᠶ᠋ᠢᠭᠤᠯᠵᠤ᠂ ᠭᠤᠣᠯ ᠴᠣᠭᠴᠠ ᠵᠢᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠤᠨ᠂ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ᠎ᠢ ᠲᠣᠳᠣᠷᠬᠠᠶ᠋ᠢᠯᠠᠨ᠎ᠠ᠃ ᠰᠢᠨ᠎ᠡ ᠡᠨᠧᠷᠭᠢ ᠵᠢ ᠨᠡᠭᠡᠭᠡᠨ ᠬᠥᠭᠵᠢᠭᠦᠯᠵᠦ ᠪᠦᠲᠦᠭᠡᠨ ᠪᠠᠶ᠋ᠢᠭᠤᠯᠵᠤ ᠬᠠᠮᠢᠶᠠᠷᠤᠯᠲᠠ ᠬᠢᠬᠦ ᠲᠠᠯ᠎ᠠ ᠵᠢᠨ ᠲᠦᠭᠰᠢᠭᠦᠷᠢ ᠵᠢ ᠰᠡᠷᠭᠡᠶ᠋ᠢᠯᠡᠬᠦ ᠲᠣᠭᠲᠠᠴᠠ ᠵᠢ ᠪᠠᠶ᠋ᠢᠭᠤᠯᠵᠤ᠂ ᠨᠡᠭᠡᠭᠡᠨ ᠬᠥᠭᠵᠢᠭᠦᠯᠵᠦ ᠪᠦᠲᠦᠭᠡᠨ ᠪᠠᠶ᠋ᠢᠭᠤᠯᠬᠤ ᠨᠥᠬᠦᠴᠡᠯ ᠪᠦᠷᠢᠳᠦᠭᠡᠳᠦᠢ ᠰᠢᠨ᠎ᠡ ᠡᠨᠧᠷᠭᠢ ᠵᠢᠨ ᠲᠥᠷᠥᠯ ᠵᠦᠢ᠍ᠯ᠎ᠢ ᠴᠠᠭ ᠲᠤᠬᠠᠢᠳᠤᠨᠢ ᠬᠦᠴᠦᠨ ᠦᠭᠡᠢ ᠪᠣᠯᠭ᠋ᠠᠵᠤ᠂ ᠰᠢᠨ᠎ᠡ ᠡᠨᠧᠷᠭᠢ ᠵᠢ ᠨᠡᠭᠡᠭᠡᠨ ᠬᠥᠭᠵᠢᠭᠦᠯᠵᠦ ᠪᠦᠲᠦᠭᠡᠨ ᠪᠠᠶ᠋ᠢᠭᠤᠯᠬᠤ ᠪᠠ ᠴᠢᠨᠠᠷ ᠰᠠᠶ᠋ᠢᠲᠠᠢ ᠬᠥᠭᠵᠢᠬᠦ᠎ᠳᠤ ᠡᠬᠢ ᠪᠠᠶᠠᠯᠢᠭ᠎ᠤᠨ ᠴᠢᠬᠤᠯᠠ ᠬᠦᠴᠦᠨ ᠵᠦᠢ᠍ᠯ᠎ᠤᠨ ᠲᠣᠬᠢᠷᠠᠭᠤᠯᠤᠯᠲᠠ ᠵᠢ ᠨᠠᠩ ᠰᠠᠶ᠋ᠢᠲᠤᠷ ᠰᠢᠯᠢᠳᠡᠭᠵᠢᠭᠦᠯᠵᠦ᠂ ᠨᠠᠩ ᠣᠯᠠᠨ ᠦᠨᠡᠨᠴᠢ ᠢᠲᠡᠭᠡᠮᠵᠢᠲᠡᠢ᠂ ᠪᠣᠳᠠᠲᠤ ᠬᠦᠴᠦᠨ᠎ᠲᠠᠢ ᠠᠵᠤ ᠠᠬᠤᠶ᠋ᠢᠯᠠᠯ᠎ᠳᠤ ᠵᠠᠬ᠎ᠠ ᠳᠡᠯᠭᠡᠭᠦᠷ᠎ᠤᠨ ᠣᠷᠣᠨ ᠵᠠᠢ ᠬᠠᠩᠭ᠋ᠠᠵᠤ᠂ ᠰᠢᠨ᠎ᠡ ᠡᠨᠧᠷᠭᠢ ᠵᠢᠨ ᠠᠵᠤ ᠦᠢ᠍ᠯᠡᠰ ᠪᠠ ᠰᠢᠨ᠎ᠡ ᠡᠨᠧᠷᠭᠢ ᠵᠢᠨ ᠲᠣᠨᠤᠭ ᠲᠥᠬᠦᠭᠡᠷᠦᠮᠵᠢ ᠦᠢ᠍ᠯᠡᠳᠬᠦ ᠦᠢ᠍ᠯᠡᠰ᠎ᠤᠨ ᠬᠠᠮᠵᠢᠯᠴᠠᠨ ᠬᠥᠭᠵᠢᠬᠦ᠎ᠳᠤ ᠵᠠᠰᠠᠭ᠎ᠤᠨ ᠶᠠᠪᠤᠳᠠᠯ ᠪᠠ ᠵᠠᠬ᠎ᠠ ᠳᠡᠯᠭᠡᠭᠦᠷ᠎ᠤᠨ ᠰᠠᠶ᠋ᠢᠨ ᠰᠠᠶ᠋ᠢᠬᠠᠨ ᠣᠷᠴᠢᠨ ᠨᠥᠬᠦᠴᠡᠯ᠎ᠢ ᠪᠣᠶ ᠪᠣᠯᠭ᠋ᠠᠵᠤ ᠥᠭᠭᠦᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠲᠣᠪᠴᠢᠶ᠎ᠠ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ᠂ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠴᠠᠬᠢᠯᠭ᠋ᠠᠨ ᠭᠠᠷᠭ᠋ᠠᠬᠤ ᠠᠵᠤ ᠠᠬᠤᠶ᠋ᠢᠯᠠᠯ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
2024 ᠣᠨ᠎ᠤ 2 ᠳ᠋ᠤᠭ᠋ᠠᠷ ᠰᠠᠷ᠎ᠠ ᠵᠢᠨ 8᠎ᠤ ᠡᠳᠦᠷ
(ᠲᠤᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
2024 ᠣᠨ᠎ᠤ 2 ᠳ᠋ᠤᠭ᠋ᠠᠷ ᠰᠠᠷ᠎ᠠ ᠵᠢᠨ 8᠎ᠤ ᠡᠳᠦᠷ ᠳᠠᠷᠤᠮᠠᠯᠯᠠᠨ ᠲᠠᠷᠬᠠᠭ᠋ᠠᠪᠠ