ᠦᠪᠥᠷ ᠮᠤᠩᠭᠤᠯ᠎ᠤᠨ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
ᠥᠪᠣᠷ ᠵᠠᠰᠠᠭ ᠠᠯᠪᠠᠨ ᠲᠠᠷᠬᠠᠭ᠋ᠠᠭᠰᠠᠨ [2024] 2 ᠳ᠋ᠤᠭ᠋ᠠᠷ ᠲᠤᠭ᠋ᠠᠲᠦ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠶᠡᠷᠦᠩᠬᠡᠶ᠋ᠢᠯᠡᠭᠰᠡᠨ ᠳᠠᠭ᠋ᠠᠭ᠋ᠠᠴᠢᠯᠠᠯᠲᠠ
ᠬᠢᠨᠠᠨ ᠦᠨᠡᠯᠡᠬᠦ ᠲᠤᠰᠬᠠᠢ ᠮᠡᠷᠭᠡᠵᠢᠯᠲᠡᠨ᠎ᠤ ᠬᠥᠮᠥᠷᠭᠡ ᠪᠠ ᠲᠤᠰᠬᠠᠢ ᠮᠡᠷᠭᠡᠵᠢᠯᠲᠡᠨ᠎ᠤ
ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 ᠵᠢ ᠳᠠᠷᠤᠮᠠᠯᠯᠠᠨ
ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ
ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ
ᠠᠯᠪᠠᠨ ᠲᠢᠩᠬᠢᠮ᠎ᠤᠨ ᠮᠡᠳᠡᠭᠳᠡᠯ
ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
ᠡᠳᠦᠭᠡ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠶᠡᠷᠦᠩᠬᠡᠶ᠋ᠢᠯᠡᠭᠰᠡᠨ ᠳᠠᠭ᠋ᠠᠭ᠋ᠠᠴᠢᠯᠠᠯᠲᠠ ᠬᠢᠨᠠᠨ ᠦᠨᠡᠯᠡᠬᠦ ᠲᠤᠰᠬᠠᠢ ᠮᠡᠷᠭᠡᠵᠢᠯᠲᠡᠨ᠎ᠤ ᠬᠥᠮᠥᠷᠭᠡ ᠪᠠ ᠲᠤᠰᠬᠠᠢ ᠮᠡᠷᠭᠡᠵᠢᠯᠲᠡᠨ᠎ᠤ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 ᠵᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠢ ᠵᠢᠷᠤᠮᠯᠠᠨ ᠬᠡᠷᠡᠭᠵᠢᠭᠦᠯᠲᠦᠭᠡᠢ᠃
2024 ᠣᠨ᠎ᠤ 1 ᠳ᠋ᠦ᠍ᠭᠡᠷ ᠰᠠᠷ᠎ᠠ ᠵᠢᠨ 2᠎ᠤᠨ ᠡᠳᠦᠷ
(ᠲᠣᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠶᠡᠷᠦᠩᠬᠡᠶ᠋ᠢᠯᠡᠭᠰᠡᠨ ᠳᠠᠭ᠋ᠠᠭ᠋ᠠᠴᠢᠯᠠᠯᠲᠠ
ᠬᠢᠨᠠᠨ ᠦᠨᠡᠯᠡᠬᠦ ᠲᠤᠰᠬᠠᠢ ᠮᠡᠷᠭᠡᠵᠢᠯᠲᠡᠨ᠎ᠤ ᠬᠥᠮᠥᠷᠭᠡ ᠪᠠ ᠲᠤᠰᠬᠠᠢ ᠮᠡᠷᠭᠡᠵᠢᠯᠲᠡᠨ᠎ᠤ
ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)
ᠨᠢᠭᠡᠳᠦᠭᠡᠷ ᠪᠦᠯᠦᠭ ᠶᠡᠷᠦᠩᠬᠡᠢ ᠳᠦᠷᠢᠮ
ᠨᠢᠭᠡᠳᠦᠭᠡᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠠᠨ᠎ᠤ ᠳᠠᠭ᠋ᠠᠭ᠋ᠠᠴᠢᠯᠠᠯᠲᠠ ᠬᠢᠨᠠᠨ ᠦᠨᠡᠯᠡᠬᠦ ᠬᠠᠮᠢᠶᠠᠷᠤᠯᠲᠠ ᠵᠢ ᠴᠢᠩᠭ᠋ᠠᠳᠬᠠᠵᠤ᠂ ᠳᠠᠭ᠋ᠠᠭ᠋ᠠᠴᠢᠯᠠᠯᠲᠠ ᠬᠢᠨᠠᠨ ᠦᠨᠡᠯᠡᠬᠦ ᠲᠤᠰᠬᠠᠢ ᠮᠡᠷᠭᠡᠵᠢᠯᠲᠡᠨ᠎ᠤ ᠦᠢ᠍ᠯᠡ ᠠᠵᠢᠯᠯᠠᠭ᠎ᠠ ᠵᠢ ᠵᠢᠷᠤᠮᠵᠢᠭᠤᠯᠤᠨ᠂ ᠳᠠᠭ᠋ᠠᠭ᠋ᠠᠴᠢᠯᠠᠯᠲᠠ ᠬᠢᠨᠠᠨ ᠦᠨᠡᠯᠡᠬᠦ ᠠᠵᠢᠯ᠎ᠤᠨ ᠴᠢᠨᠠᠷ᠎ᠢ ᠳᠡᠭᠡᠭᠰᠢᠯᠡᠭᠦᠯᠵᠦ᠂ ᠳᠠᠭ᠋ᠠᠭ᠋ᠠᠴᠢᠯᠠᠯᠲᠠ ᠬᠢᠨᠠᠨ ᠦᠨᠡᠯᠡᠬᠦ ᠠᠵᠢᠯᠯᠠᠭ᠋ᠠᠨ᠎ᠤ ᠡᠷᠬᠡ ᠲᠡᠭᠰᠢ ᠲᠥᠪ ᠭᠤᠣᠯᠴᠢ ᠪᠠᠶ᠋ᠢᠬᠤ ᠵᠢ ᠪᠠᠲᠤᠯᠠᠬᠤ ᠵᠢᠨ ᠲᠤᠰᠠᠳᠠ᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠬᠦ ᠬᠠᠤᠯᠢ》᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ》᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠬᠦ ᠬᠠᠤᠯᠢ ᠵᠢ ᠬᠡᠷᠡᠭᠵᠢᠭᠦᠯᠬᠦ ᠳᠦᠷᠢᠮ》᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ ᠵᠢ ᠬᠡᠷᠡᠭᠵᠢᠭᠦᠯᠬᠦ ᠳᠦᠷᠢᠮ》 ᠵᠡᠷᠭᠡ ᠬᠠᠤᠯᠢ ᠴᠠᠭ᠋ᠠᠵᠠ ᠬᠠᠥᠯᠢ ᠲᠣᠭᠲᠠᠭ᠋ᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠵᠤ᠂ ᠲᠣᠰ ᠠᠷᠭ᠎ᠠ ᠵᠢ ᠲᠣᠭᠲᠠᠭ᠋ᠠᠪᠠ᠃
ᠬᠤᠶᠠᠳᠤᠭ᠋ᠠᠷ ᠵᠦᠢ᠍ᠯ ᠲᠣᠰ ᠠᠷᠭ᠎ᠠ᠎ᠳᠤ ᠬᠡᠯᠡᠵᠦ ᠪᠠᠶ᠋ᠢᠭ᠎ᠠ ᠥᠪᠡᠷᠲᠡᠭᠡᠨ ᠵᠠᠰᠠᠬᠤ ᠣᠷᠣᠨ᠎ᠤ ᠶᠡᠷᠦᠩᠬᠡᠶ᠋ᠢᠯᠡᠭᠰᠡᠨ ᠳᠠᠭ᠋ᠠᠭ᠋ᠠᠴᠢᠯᠠᠯᠲᠠ ᠬᠢᠨᠠᠨ ᠦᠨᠡᠯᠡᠬᠦ ᠲᠤᠰᠬᠠᠢ ᠮᠡᠷᠭᠡᠵᠢᠯᠲᠡᠨ᠎ᠤ ᠬᠥᠮᠥᠷᠭᠡ (ᠳᠣᠷᠣᠭᠰᠢ ᠥᠪᠡᠷᠲᠡᠭᠡᠨ ᠵᠠᠰᠠᠬᠤ ᠣᠷᠣᠨ᠎ᠤ ᠲᠤᠰᠬᠠᠢ ᠮᠡᠷᠭᠡᠵᠢᠯᠲᠡᠨ᠎ᠤ ᠬᠥᠮᠥᠷᠭᠡ ᠭᠡᠵᠦ ᠲᠣᠪᠴᠢᠯᠠᠨ᠎ᠠ) ᠭᠡᠳᠡᠭ᠎ᠨᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠥᠯᠢ ᠶᠣᠰᠣᠭ᠋ᠠᠷ ᠪᠠᠶ᠋ᠢᠭᠤᠯᠤᠭᠰᠠᠨ ᠭᠠᠵᠠᠷ ᠣᠷᠣᠨ ᠠᠵᠢᠯ ᠲᠥᠷᠥᠯ ᠠᠯᠤᠰᠯᠠᠭᠰᠠᠨ᠂ ᠪᠥᠬᠦ ᠣᠷᠣᠨ᠎ᠤ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠠᠨ᠎ᠤ ᠠᠵᠢᠯᠯᠠᠭ᠎ᠠ᠎ᠳᠤ ᠳᠠᠭ᠋ᠠᠭ᠋ᠠᠴᠢᠯᠠᠯᠲᠠ ᠬᠢᠨᠠᠨ ᠦᠨᠡᠯᠡᠬᠦ ᠦᠢ᠍ᠯᠡᠴᠢᠯᠡᠭᠡ ᠬᠠᠩᠭ᠋ᠠᠬᠤ ᠶᠡᠷᠦᠩᠬᠡᠶ᠋ᠢᠯᠡᠭᠰᠡᠨ ᠴᠢᠨᠠᠷᠲᠠᠢ ᠲᠤᠰᠬᠠᠢ ᠮᠡᠷᠭᠡᠵᠢᠯᠲᠡᠨ᠎ᠤ ᠬᠥᠮᠥᠷᠭᠡ ᠵᠢ ᠵᠢᠭ᠋ᠠᠵᠤ ᠪᠣᠢ᠃
ᠲᠣᠰ ᠠᠷᠭ᠎ᠠ᠎ᠳᠤ ᠬᠡᠯᠡᠵᠦ ᠪᠠᠶ᠋ᠢᠭ᠎ᠠ ᠳᠠᠭ᠋ᠠᠭ᠋ᠠᠴᠢᠯᠠᠯᠲᠠ ᠬᠢᠨᠠᠨ ᠦᠨᠡᠯᠡᠬᠦ ᠲᠤᠰᠬᠠᠢ ᠮᠡᠷᠭᠡᠵᠢᠯᠲᠡᠨ (ᠳᠣᠷᠣᠭᠰᠢ ᠲᠤᠰᠬᠠᠢ ᠮᠡᠷᠭᠡᠵᠢᠯᠲᠡᠨ ᠭᠡᠵᠦ ᠲᠣᠪᠴᠢᠯᠠᠨ᠎ᠠ) ᠭᠡᠳᠡᠭ᠎ᠨᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠲᠣᠭᠲᠠᠭ᠋ᠠᠭᠰᠠᠨ ᠬᠢᠷᠢ ᠭᠡᠮ᠎ᠤᠨ ᠨᠦᠭᠦᠴᠡᠯ᠂ ᠲᠥᠷᠥᠯ ᠬᠤᠪᠢᠶᠠᠭᠰᠠᠨ ᠪᠠᠷᠢᠮᠵᠢᠶ᠎ᠠ ᠵᠡᠷᠭᠡ ᠬᠤᠯᠪᠣᠭᠳᠠᠯ ᠪᠦᠬᠦᠢ ᠱᠠᠭ᠋ᠠᠷᠳᠠᠯᠭ᠎ᠠ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠲᠤᠰᠬᠠᠢ ᠮᠡᠷᠭᠡᠵᠢᠯᠲᠡᠨ᠎ᠤ ᠬᠥᠮᠥᠷᠭᠡ᠎ᠳᠤ ᠣᠷᠣᠭᠤᠯᠵᠤ ᠲᠥᠪᠯᠡᠷᠡᠭᠦᠯᠦᠨ ᠨᠢᠭᠡᠳᠦᠯᠲᠡᠢ ᠬᠠᠮᠢᠶᠠᠷᠴᠤ᠂ ᠳᠠᠭ᠋ᠠᠭ᠋ᠠᠴᠢᠯᠠᠯᠲᠠ ᠬᠢᠨᠠᠨ ᠦᠨᠡᠯᠡᠬᠦ ᠠᠵᠢᠯᠯᠠᠭ᠎ᠠ᠎ᠳᠤ ᠲᠤᠰᠠᠭ᠋ᠠᠷ ᠣᠷᠣᠯᠴᠠᠬᠤ ᠲᠤᠰᠬᠠᠢ ᠮᠡᠷᠭᠡᠵᠢᠯ᠎ᠤᠨ ᠬᠥᠮᠥᠰ᠎ᠢ ᠵᠢᠭ᠋ᠠᠵᠤ ᠪᠣᠢ᠃
ᠭᠤᠷᠪᠠᠳᠤᠭ᠋ᠠᠷ ᠵᠦᠢ᠍ᠯ ᠲᠣᠰ ᠠᠷᠭ᠎ᠠ ᠵᠢ ᠥᠪᠡᠷᠲᠡᠭᠡᠨ ᠵᠠᠰᠠᠬᠤ ᠣᠷᠣᠨ᠎ᠤ ᠲᠤᠰᠬᠠᠢ ᠮᠡᠷᠭᠡᠵᠢᠯᠲᠡᠨ᠎ᠤ ᠬᠥᠮᠥᠷᠭᠡ ᠵᠢ ᠪᠠᠶ᠋ᠢᠭᠤᠯᠬᠤ᠂ ᠬᠡᠷᠡᠭᠯᠡᠬᠦ᠂ ᠬᠠᠮᠢᠶᠠᠷᠬᠤ ᠵᠢᠴᠢ ᠲᠤᠰᠬᠠᠢ ᠮᠡᠷᠭᠡᠵᠢᠯᠲᠡᠨ᠎ᠢ ᠡᠯᠰᠡᠬᠦ᠂ ᠬᠥᠮᠥᠷᠭᠡ᠎ᠳᠤ ᠣᠷᠣᠭᠤᠯᠬᠤ᠂ ᠰᠤᠭᠤᠴᠢᠨ ᠬᠡᠷᠡᠭᠯᠡᠬᠦ᠂ ᠰᠢᠯᠭ᠋ᠠᠨ ᠬᠢᠨᠠᠬᠤ ᠪᠠ ᠪᠤᠴᠠᠭ᠋ᠠᠨ ᠭᠠᠷᠭ᠋ᠠᠬᠤ ᠵᠡᠷᠭᠡ᠎ᠳᠤ ᠲᠣᠬᠢᠷᠠᠭᠤᠯᠤᠨ ᠬᠡᠷᠡᠭᠯᠡᠨ᠎ᠡ᠃
ᠳᠥᠷᠪᠡᠳᠦᠭᠡᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠲᠤᠰᠬᠠᠢ ᠮᠡᠷᠭᠡᠵᠢᠯᠲᠡᠨ᠎ᠤ ᠬᠥᠮᠥᠷᠭᠡ ᠵᠢ ᠪᠠᠶ᠋ᠢᠭᠤᠯᠬᠤ ᠪᠠ ᠬᠡᠷᠡᠭᠯᠡᠬᠦ᠎ᠳᠤ᠎ᠪᠠᠨ ᠨᠢᠭᠡᠳᠦᠯᠲᠡᠢ ᠪᠠᠶ᠋ᠢᠭᠤᠯᠬᠤ᠂ ᠡᠬᠢ ᠪᠠᠶᠠᠯᠢᠭ᠎ᠢ ᠬᠠᠮᠲᠤ᠎ᠳᠤ᠎ᠪᠠᠨ ᠬᠦᠷᠲᠡᠬᠦ᠂ ᠬᠠᠮᠢᠶᠠᠷᠴᠤ ᠬᠡᠷᠡᠭᠯᠡᠬᠦ ᠵᠢ ᠰᠠᠯᠭ᠋ᠠᠬᠤ᠂ ᠲᠠᠰᠢᠷᠠᠮ ᠵᠶ᠋ᠠᠷ ᠰᠤᠭᠤᠴᠢᠨ ᠬᠡᠷᠡᠭᠯᠡᠬᠦ ᠵᠠᠷᠴᠢᠮ᠎ᠢ ᠵᠢᠷᠤᠮᠯᠠᠬᠤ ᠬᠡᠷᠡᠭᠲᠡᠢ᠃ ᠲᠤᠰᠬᠠᠢ ᠮᠡᠷᠭᠡᠵᠢᠯᠲᠡᠨ᠎ᠤ ᠬᠠᠮᠢᠶᠠᠷᠤᠯᠲᠠ᠎ᠳᠤ ᠴᠢᠩᠭ᠎ᠠ ᠬᠠᠮᠢᠶᠠᠷᠤᠨ ᠡᠵᠡᠮᠳᠡᠬᠦ᠂ ᠬᠥᠳᠡᠯᠦᠩᠭᠦᠢ᠎ᠪᠠᠷ ᠲᠣᠬᠢᠷᠠᠭᠤᠯᠬᠤ᠂ ᠡᠷᠬᠡ ᠲᠡᠭᠰᠢ ᠢᠯᠡ ᠪᠠᠶ᠋ᠢᠯᠭ᠋ᠠᠬᠤ᠂ ᠥᠷᠢᠰᠦᠯᠳᠦᠭᠦᠯᠦᠨ ᠰᠢᠯᠢᠳᠡᠭ᠎ᠢ᠎ᠨᠢ ᠰᠣᠩᠭᠤᠬᠤ ᠵᠠᠷᠴᠢᠮ᠎ᠢ ᠪᠠᠷᠢᠮᠲᠠᠯᠠᠬᠤ ᠬᠡᠷᠡᠭᠲᠡᠢ᠃
ᠬᠤᠶᠠᠳᠤᠭ᠋ᠠᠷ ᠪᠦᠯᠦᠭ ᠵᠣᠬᠢᠶᠠᠨ ᠪᠠᠶ᠋ᠢᠭᠤᠯᠵᠤ ᠬᠠᠮᠢᠶᠠᠷᠬᠤ
ᠲᠠᠪᠤᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠰᠠᠯᠠᠭ᠎ᠠ ᠮᠥᠴᠢᠷ᠎ᠨᠢ ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠬᠦ ᠵᠢ ᠵᠢᠯᠣᠭᠤᠳᠬᠤ ᠪᠠ ᠵᠣᠬᠢᠴᠠᠭᠤᠯᠬᠤ ᠠᠵᠢᠯ᠎ᠢ ᠬᠠᠷᠢᠭᠤᠴᠠᠨ᠎ᠠ᠃ ᠡᠯ᠎ᠡ ᠱᠠᠲᠤᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ᠂ ᠡᠳ᠋᠎ᠤᠨ ᠵᠠᠰᠠᠭ᠂ ᠪᠠᠶ᠋ᠢᠭ᠋ᠠᠯᠢ ᠵᠢᠨ ᠡᠬᠢ ᠪᠠᠶᠠᠯᠢᠭ᠂ ᠠᠮᠢ ᠠᠬᠤᠢ ᠣᠷᠴᠢᠨ ᠲᠣᠭᠤᠷᠢᠨ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠤᠰᠤᠨ ᠠᠰᠢᠭᠯᠠᠯᠲᠠ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠂ ᠬᠤᠳᠠᠯᠳᠤᠭ᠋ᠠᠨ᠎ᠤ ᠶᠠᠪᠤᠳᠠᠯ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ᠂ ᠤᠯᠤᠰ᠎ᠤᠨ ᠥᠮᠴᠢᠯᠡᠯᠲᠦ ᠡᠳ᠋ ᠬᠥᠷᠥᠩᠭᠡ᠂ ᠡᠨᠧᠷᠭᠢ᠂ ᠣᠢ ᠰᠢᠭᠤᠢ ᠪᠠ ᠨᠤᠲᠤᠭ ᠪᠡᠯᠴᠢᠭᠡᠷ ᠵᠡᠷᠭᠡ ᠰᠠᠯᠠᠭ᠎ᠠ ᠮᠥᠴᠢᠷ (ᠳᠣᠷᠣᠭᠰᠢ ᠵᠠᠰᠠᠭ ᠵᠠᠬᠢᠷᠭ᠋ᠠᠨ᠎ᠤ ᠬᠢᠨᠠᠯᠲᠠ ᠲᠠᠯᠪᠢᠬᠤ ᠰᠠᠯᠠᠭ᠎ᠠ ᠮᠥᠴᠢᠷ ᠭᠡᠵᠦ ᠲᠣᠪᠴᠢᠯᠠᠨ᠎ᠠ)᠎ᠨᠢ ᠥᠪᠡᠷ ᠥᠪᠡᠷ᠎ᠤᠨ ᠬᠤᠪᠢᠳᠠᠨ ᠬᠠᠮᠢᠶᠠᠷᠴᠤ ᠪᠠᠶ᠋ᠢᠭ᠎ᠠ ᠠᠵᠢᠯ ᠲᠥᠷᠥᠯ᠎ᠤᠨ ᠵᠶ᠋ᠠᠨ ᠲᠤᠰᠬᠠᠢ ᠮᠡᠷᠭᠡᠵᠢᠯᠲᠡᠨ᠎ᠢ ᠢᠯᠡ᠎ᠪᠠᠷ ᠡᠯᠰᠡᠬᠦ᠂ ᠬᠥᠮᠥᠷᠭᠡ᠎ᠳᠤ ᠣᠷᠣᠭᠤᠯᠬᠤ ᠬᠢᠷᠢ ᠭᠡᠮ᠎ᠢ ᠬᠢᠨᠠᠨ ᠪᠠᠶ᠋ᠢᠴᠠᠭ᠋ᠠᠬᠤ᠂ ᠠᠵᠢᠯ᠎ᠤᠨ ᠪᠠᠶ᠋ᠢᠷᠢ᠎ᠳᠤ ᠭᠠᠷᠬᠤ᠎ᠠᠴᠠ ᠡᠮᠦᠨᠡᠬᠢ ᠪᠣᠯᠪᠠᠰᠤᠷᠠᠯ ᠥᠷᠨᠢᠭᠦᠯᠬᠦ᠂ ᠦᠷᠭᠦᠯᠵᠢᠯᠡᠭᠰᠡᠨ ᠰᠤᠷᠭ᠋ᠠᠨ ᠬᠥᠮᠥᠵᠢᠯ ᠬᠦᠷᠲᠡᠭᠡᠬᠦ᠂ ᠰᠢᠯᠭ᠋ᠠᠨ ᠬᠢᠨᠠᠵᠤ ᠦᠨᠡᠯᠡᠯᠲᠡ ᠬᠢᠬᠦ ᠪᠠ ᠠᠷᠢᠭᠤᠨ ᠴᠢᠭᠡᠴᠢ ᠵᠢᠨ ᠬᠥᠮᠥᠵᠢᠯ ᠬᠦᠷᠲᠡᠭᠡᠬᠦ ᠵᠡᠷᠭᠡ ᠬᠢᠨᠠᠯᠲᠠ ᠬᠠᠮᠢᠶᠠᠷᠤᠯᠲᠠ ᠵᠢᠨ ᠠᠵᠢᠯ᠎ᠢ ᠵᠣᠬᠢᠶᠠᠨ ᠪᠠᠶ᠋ᠢᠭᠤᠯᠬᠤ ᠵᠢ ᠬᠠᠷᠢᠭᠤᠴᠠᠨ᠎ᠠ᠃ ᠳᠣᠣᠷᠠᠬᠢ ᠡᠭᠦᠷᠭᠡ ᠬᠠᠷᠢᠭᠤᠴᠠᠯᠭ᠎ᠠ ᠵᠢ ᠪᠣᠳᠠᠲᠠᠢ ᠭᠦᠢ᠍ᠴᠡᠳᠬᠡᠨ᠎ᠡ᠄
(ᠨᠢᠭᠡ) ᠲᠤᠰᠬᠠᠢ ᠮᠡᠷᠭᠡᠵᠢᠯᠲᠡᠨ᠎ᠢ ᠡᠯᠰᠡᠬᠦ᠂ ᠬᠥᠮᠥᠷᠭᠡ᠎ᠳᠤ ᠣᠷᠣᠭᠤᠯᠬᠤ ᠬᠢᠷᠢ ᠭᠡᠮ᠎ᠢ ᠬᠢᠨᠠᠨ ᠪᠠᠶ᠋ᠢᠴᠠᠭ᠋ᠠᠬᠤ᠂ ᠠᠵᠢᠯ᠎ᠤᠨ ᠪᠠᠶ᠋ᠢᠷᠢ᠎ᠳᠤ ᠭᠠᠷᠬᠤ᠎ᠠᠴᠠ ᠡᠮᠦᠨᠡᠬᠢ ᠪᠣᠯᠪᠠᠰᠤᠷᠠᠯ᠎ᠤᠨ ᠠᠵᠢᠯ᠎ᠢ ᠵᠣᠬᠢᠶᠠᠨ ᠪᠠᠶ᠋ᠢᠭᠤᠯᠤᠨ᠎ᠠ;
(ᠬᠤᠶᠠᠷ) ᠬᠥᠮᠥᠷᠭᠡ ᠳᠣᠲᠣᠷᠠᠬᠢ ᠲᠤᠰᠬᠠᠢ ᠮᠡᠷᠭᠡᠵᠢᠯᠲᠡᠳ᠎ᠲᠤ ᠦᠷᠭᠦᠯᠵᠢᠯᠡᠭᠰᠡᠨ ᠰᠤᠷᠭ᠋ᠠᠨ ᠬᠥᠮᠥᠵᠢᠯ ᠪᠠ ᠠᠷᠢᠭᠤᠨ ᠴᠢᠭᠡᠴᠢ ᠵᠢᠨ ᠬᠥᠮᠥᠵᠢᠯ ᠬᠦᠷᠲᠡᠭᠡᠵᠦ᠂ ᠰᠢᠯᠭ᠋ᠠᠨ ᠬᠢᠨᠠᠵᠤ ᠦᠨᠡᠯᠡᠯᠲᠡ ᠬᠢᠬᠦ ᠠᠵᠢᠯ᠎ᠢ ᠵᠣᠬᠢᠶᠠᠨ ᠪᠠᠶ᠋ᠢᠭᠤᠯᠤᠨ᠎ᠠ;
(ᠭᠤᠷᠪᠠ) ᠲᠤᠰᠬᠠᠢ ᠮᠡᠷᠭᠡᠵᠢᠯᠲᠡᠨ᠎ᠤ ᠲᠤᠰᠬᠠᠢ ᠮᠡᠷᠭᠡᠵᠢᠯ᠎ᠤᠨ ᠵᠦᠢ᠍ᠯᠴᠢᠯᠡᠯ ᠪᠠ ᠲᠤᠭ᠎ᠠ ᠬᠡᠮᠵᠢᠶ᠎ᠡ ᠵᠢ ᠴᠠᠭ ᠲᠤᠬᠠᠢᠳᠤᠨᠢ ᠨᠥᠬᠦᠪᠦᠷᠢᠯᠡᠵᠦ᠂ ᠰᠢᠨᠡᠳᠭᠡᠵᠦ᠂ ᠲᠡᠭᠦᠯᠳᠡᠷᠵᠢᠭᠦᠯᠦᠨ᠎ᠡ;
(ᠳᠥᠷᠪᠡ) ᠳᠠᠭ᠋ᠠᠭ᠋ᠠᠴᠢᠯᠠᠯᠲᠠ ᠬᠢᠨᠠᠨ ᠦᠨᠡᠯᠡᠬᠦ ᠺᠣᠮᠢᠰ᠎ᠤᠨ ᠪᠦᠷᠢᠯᠳᠦᠭᠦᠨ᠎ᠢ ᠲᠣᠭᠲᠠᠭ᠋ᠠᠬᠤ ᠠᠷᠭ᠎ᠠ ᠮᠠᠶᠢᠭ᠂ ᠲᠤᠰᠬᠠᠢ ᠮᠡᠷᠭᠡᠵᠢᠯᠲᠡᠨ᠎ᠢ ᠰᠤᠭᠤᠴᠢᠨ ᠬᠡᠷᠡᠭᠯᠡᠬᠦ ᠪᠠ ᠳᠠᠭ᠋ᠠᠭ᠋ᠠᠴᠢᠯᠠᠯᠲᠠ ᠬᠢᠨᠠᠨ ᠦᠨᠡᠯᠡᠬᠦ ᠠᠵᠢᠯᠯᠠᠭ᠎ᠠ᠎ᠳᠤ ᠬᠠᠤᠯᠢ ᠶᠣᠰᠣᠭ᠋ᠠᠷ ᠬᠢᠨᠠᠯᠲᠠ ᠲᠠᠯᠪᠢᠨ᠎ᠠ;
(ᠲᠠᠪᠤ) ᠲᠤᠰᠬᠠᠢ ᠮᠡᠷᠭᠡᠵᠢᠯᠲᠡᠨ᠎ᠤ ᠲᠤᠰᠢᠶᠠᠯ ᠵᠶ᠋ᠠᠨ ᠭᠦᠢ᠍ᠴᠡᠳᠭᠡᠬᠦ ᠬᠠᠮᠢᠶ᠎ᠠ ᠪᠦᠬᠦᠢ ᠦᠢ᠍ᠯᠡ ᠠᠵᠢᠯᠯᠠᠭ᠎ᠠ ᠵᠢ ᠬᠠᠮᠢᠶᠠᠷᠤᠨ ᠵᠢᠷᠤᠮᠵᠢᠭᠤᠯᠤᠨ᠎ᠠ;
(ᠵᠢᠷᠭᠤᠭ᠎ᠠ) ᠲᠤᠰᠬᠠᠢ ᠮᠡᠷᠭᠡᠵᠢᠯᠲᠡᠨ᠎ᠤ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠬᠠᠮᠢᠶ᠎ᠠ ᠪᠦᠬᠦᠢ ᠦᠢ᠍ᠯᠡ ᠠᠵᠢᠯᠯᠠᠭ᠎ᠠ ᠵᠢ ᠬᠠᠤᠯᠢ ᠶᠣᠰᠣᠭ᠋ᠠᠷ ᠪᠠᠶ᠋ᠢᠴᠠᠭ᠋ᠠᠨ ᠰᠢᠢ᠍ᠳᠪᠦᠷᠢᠯᠡᠨ᠎ᠡ;
(ᠳᠣᠯᠤᠭ᠎ᠠ) ᠲᠤᠰᠬᠠᠢ ᠮᠡᠷᠭᠡᠵᠢᠯᠲᠡᠨ᠎ᠤ ᠬᠢᠷᠢ ᠭᠡᠮ᠎ᠢ ᠬᠠᠥᠯᠢ ᠲᠣᠭᠲᠠᠭ᠋ᠠᠯ ᠶᠣᠰᠣᠭ᠋ᠠᠷ ᠲᠦᠷ ᠵᠣᠭᠰᠣᠭ᠋ᠠᠬᠤ᠂ ᠵᠣᠭᠰᠣᠭ᠋ᠠᠬᠤ᠂ ᠬᠦᠴᠦᠨ ᠦᠭᠡᠢ ᠪᠣᠯᠭ᠋ᠠᠨ᠎ᠠ;
(ᠨᠠᠢ᠍ᠮᠠ) ᠬᠠᠤᠯᠢ ᠴᠠᠭ᠋ᠠᠵᠠ ᠬᠠᠤᠯᠢ ᠲᠣᠭᠲᠠᠭ᠋ᠠᠯ ᠲᠣᠭᠲᠠᠭ᠋ᠠᠯ ᠳᠦᠷᠢᠮ᠎ᠳᠤ ᠲᠣᠭᠲᠠᠭ᠋ᠠᠭᠰᠠᠨ ᠪᠤᠰᠤᠳ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ᠃
ᠵᠢᠷᠭᠤᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠠᠨ᠎ᠤ ᠬᠠᠮᠢᠶᠠᠷᠤᠯᠲᠠ ᠵᠢᠨ ᠠᠵᠢᠯ᠎ᠤᠨ ᠬᠠᠮᠲᠤᠷᠠᠭᠰᠠᠨ ᠬᠤᠷᠠᠯ᠎ᠤᠨ ᠠᠯᠪᠠᠨ ᠭᠡᠷ (ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠳᠤ ᠲᠣᠬᠢᠷᠠᠭᠤᠯᠪᠠ)᠎ᠨᠢ ᠥᠪᠡᠷᠲᠡᠭᠡᠨ ᠵᠠᠰᠠᠬᠤ ᠣᠷᠣᠨ᠎ᠤ ᠲᠤᠰᠬᠠᠢ ᠮᠡᠷᠭᠡᠵᠢᠯᠲᠡᠨ᠎ᠤ ᠬᠥᠮᠥᠷᠭᠡ ᠵᠢ ᠵᠣᠬᠢᠶᠠᠨ ᠪᠠᠶ᠋ᠢᠭᠤᠯᠬᠤ᠂ ᠬᠠᠮᠢᠶᠠᠷᠬᠤ ᠵᠢ ᠬᠠᠷᠢᠭᠤᠴᠠᠵᠤ᠂ ᠡᠯ᠎ᠡ ᠵᠠᠰᠠᠭ ᠵᠠᠬᠢᠷᠭ᠋ᠠᠨ᠎ᠤ ᠬᠢᠨᠠᠯᠲᠠ ᠲᠠᠯᠪᠢᠬᠤ ᠰᠠᠯᠠᠭ᠎ᠠ ᠮᠥᠴᠢᠷ᠎ᠢ ᠵᠣᠬᠢᠴᠠᠭᠤᠯᠤᠨ ᠰᠢᠮᠳᠠᠭᠤᠯᠵᠤ ᠲᠤᠰᠬᠠᠢ ᠮᠡᠷᠭᠡᠵᠢᠯᠲᠡᠨ᠎ᠤ ᠬᠢᠨᠠᠯᠲᠠ ᠬᠠᠮᠢᠶᠠᠷᠤᠯᠲᠠ ᠵᠢᠨ ᠠᠵᠢᠯ᠎ᠢ ᠰᠠᠶ᠋ᠢᠲᠤᠷ ᠬᠢᠯᠭᠡᠨ᠎ᠡ᠃ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠠᠨ᠎ᠤ ᠲᠥᠪ᠎ᠨᠢ ᠥᠪᠡᠷᠲᠡᠭᠡᠨ ᠵᠠᠰᠠᠬᠤ ᠣᠷᠣᠨ᠎ᠤ ᠲᠤᠰᠬᠠᠢ ᠮᠡᠷᠭᠡᠵᠢᠯᠲᠡᠨ᠎ᠤ ᠬᠥᠮᠥᠷᠭᠡ ᠵᠢᠨ ᠰᠢᠰᠲ᠋ᠧᠮ᠎ᠢ ᠪᠠᠶ᠋ᠢᠭᠤᠯᠬᠤ᠂ ᠠᠵᠢᠯᠯᠠᠭᠤᠯᠬᠤ᠂ ᠠᠷᠠᠴᠢᠯᠠᠵᠤ ᠬᠠᠮᠠᠭ᠋ᠠᠯᠠᠬᠤ ᠪᠠ ᠡᠳᠦᠷ ᠲᠤᠲᠤᠮ᠎ᠤᠨ ᠬᠠᠮᠢᠶᠠᠷᠤᠯᠲᠠ ᠬᠢᠬᠦ ᠵᠡᠷᠭᠡ ᠠᠵᠢᠯ᠎ᠢ ᠬᠠᠷᠢᠭᠤᠴᠠᠨ᠎ᠠ᠃
ᠳᠣᠯᠣᠳᠤᠭ᠋ᠠᠷ ᠵᠦᠢ᠍ᠯ ᠡᠯ᠎ᠡ ᠱᠠᠲᠤᠨ᠎ᠤ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠠᠨ᠎ᠤ ᠲᠠᠪᠴᠠᠩ᠎ᠤᠨ ᠠᠵᠢᠯᠯᠠᠭᠤᠯᠵᠤ ᠦᠢ᠍ᠯᠡᠴᠢᠯᠡᠬᠦ ᠪᠠᠶ᠋ᠢᠭᠤᠯᠤᠮᠵᠢ᠎ᠨᠢ ᠵᠠᠰᠠᠭ ᠵᠠᠬᠢᠷᠭ᠋ᠠᠨ᠎ᠤ ᠬᠢᠨᠠᠯᠲᠠ ᠲᠠᠯᠪᠢᠬᠤ ᠰᠠᠯᠠᠭ᠎ᠠ ᠮᠥᠴᠢᠷ᠎ᠲᠠᠢ ᠬᠠᠮᠵᠢᠯᠴᠠᠵᠤ ᠪᠠᠶ᠋ᠢᠭ᠋ᠠᠳ ᠲᠤᠰᠬᠠᠢ ᠮᠡᠷᠭᠡᠵᠢᠯᠲᠡᠨ᠎ᠤ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠭᠡᠵᠦ ᠪᠠᠶ᠋ᠢᠭ᠎ᠠ ᠪᠠᠶ᠋ᠢᠳᠠᠯ᠎ᠢ ᠰᠢᠩᠭᠡᠭᠡᠨ ᠲᠡᠮᠳᠡᠭᠯᠡᠵᠦ ᠦᠨᠡᠯᠡᠬᠦ ᠵᠢᠨ ᠬᠠᠮᠲᠤ ᠰᠢᠩᠭᠡᠭᠡᠨ ᠲᠡᠮᠳᠡᠭᠯᠡᠵᠦ ᠦᠨᠡᠯᠡᠭᠰᠡᠨ ᠦᠷ᠎ᠡ ᠳ᠋ᠦᠩ ᠵᠶ᠋ᠠᠨ ᠵᠠᠰᠠᠭ ᠵᠠᠬᠢᠷᠭ᠋ᠠᠨ᠎ᠤ ᠬᠢᠨᠠᠯᠲᠠ ᠲᠠᠯᠪᠢᠬᠤ ᠰᠠᠯᠠᠭ᠎ᠠ ᠮᠥᠴᠢᠷ᠎ᠲᠤ ᠬᠠᠷᠢᠭᠤ ᠲᠤᠰᠬᠠᠬᠤ ᠬᠡᠷᠡᠭᠲᠡᠢ᠃
ᠭᠤᠷᠪᠠᠳᠤᠭ᠋ᠠᠷ ᠪᠦᠯᠦᠭ ᠲᠤᠰᠬᠠᠢ ᠮᠡᠷᠭᠡᠵᠢᠯᠲᠡᠨ᠎ᠤ ᠬᠥᠮᠥᠷᠭᠡ ᠵᠢᠨ ᠪᠠᠶ᠋ᠢᠭᠤᠯᠤᠯᠲᠠ
ᠨᠠᠢ᠍ᠮᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠲᠤᠰᠬᠠᠢ ᠮᠡᠷᠭᠡᠵᠢᠯᠲᠡᠨ᠎ᠤ ᠬᠥᠮᠥᠷᠭᠡ ᠵᠢᠨ ᠲᠤᠰᠬᠠᠢ ᠮᠡᠷᠭᠡᠵᠢᠯ᠎ᠤᠨ ᠲᠣᠬᠢᠷᠠᠭᠤᠯᠤᠯᠲᠠ᠎ᠨᠢ ᠤᠯᠤᠰ᠎ᠤᠨ ᠨᠢᠭᠡᠳᠦᠯᠲᠡᠢ ᠲᠤᠰᠬᠠᠢ ᠮᠡᠷᠭᠡᠵᠢᠯᠲᠡᠨ᠎ᠤ ᠲᠤᠰᠬᠠᠢ ᠮᠡᠷᠭᠡᠵᠢᠯ᠎ᠤᠨ ᠲᠥᠷᠥᠯ ᠬᠤᠪᠢᠶᠠᠬᠤ ᠪᠠᠷᠢᠮᠵᠢᠶ᠎ᠠ ᠶᠣᠰᠣᠭ᠋ᠠᠷ ᠬᠡᠷᠡᠭᠵᠢᠭᠦᠯᠦᠨ᠎ᠡ᠃ ᠲᠤᠰᠬᠠᠢ ᠮᠡᠷᠭᠡᠵᠢᠯ᠎ᠤᠨ ᠵᠦᠢ᠍ᠯᠴᠢᠯᠡᠯᠨᠢ ᠭᠦᠢ᠍ᠴᠡᠳ ᠪᠤᠰᠤ ᠪᠠᠶ᠋ᠢᠪᠠᠯ᠂ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠵᠠᠰᠠᠭ ᠵᠠᠬᠢᠷᠭ᠋ᠠᠨ᠎ᠤ ᠬᠢᠨᠠᠯᠲᠠ ᠲᠠᠯᠪᠢᠬᠤ ᠰᠠᠯᠠᠭ᠎ᠠ ᠮᠥᠴᠢᠷ᠎ᠠᠴᠠ ᠬᠡᠷᠡᠭᠴᠡᠭᠡ ᠶᠣᠰᠣᠭ᠋ᠠᠷ ᠥᠷᠭᠡᠳᠭᠡᠨ ᠲᠡᠭᠦᠯᠳᠡᠷᠵᠢᠭᠦᠯᠦᠨ᠎ᠡ᠃
ᠶᠢᠰᠦᠳᠦᠭᠡᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠲᠤᠰᠬᠠᠢ ᠮᠡᠷᠭᠡᠵᠢᠯᠲᠡᠨ᠎ᠤ ᠬᠥᠮᠥᠷᠭᠡ᠎ᠨᠢ ᠪᠥᠬᠦ ᠣᠷᠣᠨ᠎ᠳᠤ ᠬᠠᠨᠳᠤᠭᠤᠯᠤᠨ ᠪᠠᠶ᠋ᠢᠩᠭᠤ ᠵᠢᠨ ᠴᠢᠨᠠᠷᠲᠠᠢ ᠪᠥᠭᠡᠳ ᠢᠯᠡ᠎ᠪᠠᠷ ᠲᠤᠰᠬᠠᠢ ᠮᠡᠷᠭᠡᠵᠢᠯᠲᠡᠨ ᠡᠯᠰᠡᠵᠦ᠂ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠠᠨ᠎ᠤ ᠠᠵᠢᠯᠯᠠᠭ᠋ᠠᠨ᠎ᠤ ᠬᠡᠷᠡᠭᠴᠡᠭᠡ ᠵᠢ ᠬᠠᠩᠭ᠋ᠠᠬᠤ ᠵᠢ ᠪᠠᠲᠤᠯᠠᠨ᠂ ᠡᠯᠰᠡᠬᠦ ᠠᠵᠢᠯᠯᠠᠭ᠎ᠠ᠎ᠨᠢ ᠣᠯᠠᠨ ᠲᠦᠮᠡᠨ᠎ᠤ ᠬᠢᠨᠠᠯᠲᠠ ᠲᠠᠯᠪᠢᠯᠲᠠ ᠵᠢ ᠬᠦᠯᠢᠶᠡᠨ᠎ᠡ᠃
ᠠᠷᠪᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠲᠤᠰᠬᠠᠢ ᠮᠡᠷᠭᠡᠵᠢᠯᠲᠡᠨ᠎ᠤ ᠬᠥᠮᠥᠷᠭᠡ᠎ᠳᠤ ᠰᠣᠩᠭᠤᠭᠳᠠᠬᠤ ᠲᠤᠰᠬᠠᠢ ᠮᠡᠷᠭᠡᠵᠢᠯᠲᠡᠨ᠎ᠨᠢ ᠳᠣᠣᠷ᠎ᠠ ᠵᠢᠭᠰᠠᠭ᠋ᠠᠭᠰᠠᠨ ᠨᠦᠭᠦᠴᠡᠯ᠎ᠢ ᠪᠦᠷᠢᠯᠳᠦᠭᠦᠯᠬᠦ ᠬᠡᠷᠡᠭᠲᠡᠢ᠄
(ᠨᠢᠭᠡ) ᠤᠯᠤᠰ ᠲᠥᠷᠥ ᠵᠢᠨ ᠤᠬᠠᠮᠰᠠᠷ ᠥᠨᠳᠥᠷ᠂ ᠲᠤᠬᠠᠶ᠋ᠢᠯᠠᠭᠰᠠᠨ ᠠᠵᠢᠯ᠎ᠤᠨ ᠮᠣᠷᠠᠯ ᠵᠶ᠋ᠠᠷ ᠰᠠᠶ᠋ᠢᠨ᠂ ᠲᠤᠰᠠᠭ᠋ᠠᠷ ᠪᠡᠶ᠎ᠡ ᠭᠡᠮ᠎ᠤᠨ ᠬᠤᠪᠢ᠎ᠪᠠᠷ ᠳᠠᠭ᠋ᠠᠭ᠋ᠠᠴᠢᠯᠠᠯᠲᠠ ᠬᠢᠨᠠᠨ ᠦᠨᠡᠯᠡᠬᠦ ᠠᠵᠢᠯᠯᠠᠭ᠎ᠠ᠎ᠳᠤ ᠰᠠᠶ᠋ᠢᠨ ᠳᠤᠷ᠎ᠠ᠎ᠠᠴᠠ᠎ᠪᠠᠨ ᠣᠷᠣᠯᠴᠠᠵᠤ᠂ ᠨᠠᠷᠢᠨ ᠬᠢᠨᠠᠮᠠᠭ᠋ᠠᠢ᠂ ᠲᠥᠪ ᠭᠤᠣᠯᠴᠢ᠂ ᠦᠨᠡᠨᠴᠢ ᠰᠢᠳᠤᠷᠭᠤ᠂ ᠠᠷᠢᠭᠤᠨ ᠴᠢᠭᠡᠴᠢ᠎ᠪᠠᠷ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠭᠡᠵᠦ ᠳᠡᠶ᠋ᠢᠯᠬᠦ;
(ᠬᠤᠶᠠᠷ) ᠭᠤᠶᠤᠴᠢᠯᠠᠨ ᠮᠡᠳᠡᠭᠦᠯᠦᠭᠰᠡᠨ ᠲᠤᠰᠬᠠᠢ ᠮᠡᠷᠭᠡᠵᠢᠯ᠎ᠤᠨ ᠬᠠᠮᠢᠶ᠎ᠠ ᠪᠦᠬᠦᠢ ᠮᠡᠷᠭᠡᠵᠢᠯ᠎ᠤᠨ ᠱᠠᠭ᠋ᠠᠷᠳᠠᠯᠭ᠎ᠠ ᠵᠢᠴᠢ ᠠᠵᠢᠯ ᠲᠥᠷᠥᠯ᠎ᠤᠨ ᠬᠥᠭᠵᠢᠯᠲᠡ ᠵᠢᠨ ᠣᠳᠣᠬᠢ ᠪᠠᠶ᠋ᠢᠳᠠᠯ᠎ᠢ ᠰᠠᠶ᠋ᠢᠲᠤᠷ ᠣᠶ᠋ᠢᠯᠠᠭ᠋ᠠᠵᠤ᠂ ᠬᠠᠮᠢᠶ᠎ᠠ ᠪᠦᠬᠦᠢ ᠲᠤᠰᠬᠠᠢ ᠮᠡᠷᠭᠡᠵᠢᠯ᠎ᠤᠨ ᠬᠦᠷᠢᠶ᠎ᠡ ᠴᠠᠷᠠᠭ᠋ᠠᠨ᠎ᠳᠤ ᠪᠦᠬᠦᠯᠢ 8 ᠵᠢᠯ ᠠᠵᠢᠯᠯᠠᠭᠰᠠᠨ ᠮᠥᠷᠲᠡᠭᠡᠨ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ ᠪᠤᠶᠤ ᠠᠳᠠᠯᠢ ᠳᠡᠰ᠎ᠤᠨ ᠲᠤᠰᠬᠠᠢ ᠮᠡᠷᠭᠡᠵᠢᠯ᠎ᠤᠨ ᠬᠢᠷᠢ ᠲᠦᠪᠰᠢᠨ᠎ᠲᠠᠢ ᠪᠠᠶ᠋ᠢᠬᠤ;
(ᠭᠤᠷᠪᠠ) ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠠᠨ᠎ᠤ ᠬᠤᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠲᠥᠷᠥ ᠵᠢᠨ ᠪᠣᠳᠣᠯᠭ᠎ᠠ ᠵᠢ ᠰᠠᠶ᠋ᠢᠲᠤᠷ ᠣᠶ᠋ᠢᠯᠠᠭ᠋ᠠᠭᠰᠠᠨ ᠪᠠᠶ᠋ᠢᠬᠤ;
(ᠳᠥᠷᠪᠡ) ᠢᠷᠭᠡᠨ᠎ᠤ ᠬᠡᠷᠡᠭ᠎ᠤᠨ ᠦᠢ᠍ᠯᠡ ᠠᠵᠢᠯᠯᠠᠭ᠋ᠠᠨ᠎ᠤ ᠪᠦᠷᠢᠨ ᠴᠢᠳᠠᠪᠤᠷᠢ᠎ᠲᠠᠢ᠂ ᠪᠡᠶ᠎ᠡ ᠮᠠᠬᠠᠪᠤᠳ ᠡᠷᠡᠭᠦᠯ ᠴᠢᠭᠢᠷᠠᠭ᠂ ᠳᠠᠭ᠋ᠠᠭ᠋ᠠᠴᠢᠯᠠᠯᠲᠠ ᠬᠢᠨᠠᠨ ᠦᠨᠡᠯᠡᠬᠦ ᠠᠵᠢᠯ᠎ᠢ ᠡᠭᠦᠷᠬᠡᠯᠡᠵᠦ ᠳᠡᠶ᠋ᠢᠯᠬᠦ᠂ ᠡᠩ᠎ᠤᠨ ᠪᠠᠶ᠋ᠢᠳᠠᠯ᠎ᠳᠤ ᠪᠦᠬᠦᠯᠢ 70 ᠨᠠᠰᠤᠨ᠎ᠠᠴᠠ ᠬᠡᠲᠦᠷᠡᠭᠰᠡᠨ ᠦᠭᠡᠢ ᠪᠠᠶ᠋ᠢᠬᠤ;
(ᠲᠠᠪᠤ) ᠺᠣᠮᠫᠢᠦ᠋ᠲ᠋ᠧᠷ᠎ᠢ ᠪᠣᠯᠪᠠᠰᠤᠷᠠᠩᠭᠤᠢ ᠬᠡᠷᠡᠭᠯᠡᠵᠦ ᠡᠯᠧᠺᠳ᠋ᠷᠣᠨ ᠵᠶ᠋ᠠᠷ ᠳᠠᠭ᠋ᠠᠭ᠋ᠠᠴᠢᠯᠠᠯᠲᠠ ᠬᠢᠨᠠᠨ ᠦᠨᠡᠯᠡᠬᠦ ᠠᠵᠢᠯ᠎ᠢ ᠪᠡᠶᠡᠯᠡᠭᠦᠯᠵᠦ ᠳᠡᠶ᠋ᠢᠯᠬᠦ;
(ᠵᠢᠷᠭᠤᠭ᠎ᠠ) ᠬᠠᠤᠯᠢ ᠴᠠᠭ᠋ᠠᠵᠠ ᠬᠠᠤᠯᠢ ᠲᠣᠭᠲᠠᠭ᠋ᠠᠯ ᠲᠣᠭᠲᠠᠭ᠋ᠠᠯ ᠳᠦᠷᠢᠮ᠎ᠳᠤ ᠲᠣᠭᠲᠠᠭ᠋ᠠᠭᠰᠠᠨ ᠪᠤᠰᠤᠳ ᠨᠦᠭᠦᠴᠡᠯ᠃
ᠡᠮᠦᠨᠡᠬᠢ ᠵᠤᠷᠪᠤᠰ᠎ᠤᠨ (ᠬᠤᠶᠠᠳᠤᠭ᠋ᠠᠷ) ᠵᠦᠢ᠍ᠯ᠎ᠳᠤ ᠬᠡᠯᠡᠵᠦ ᠪᠠᠶ᠋ᠢᠭ᠎ᠠ 《ᠠᠳᠠᠯᠢ ᠳᠡᠰ᠎ᠤᠨ ᠲᠤᠰᠬᠠᠢ ᠮᠡᠷᠭᠡᠵᠢᠯ᠎ᠤᠨ ᠬᠢᠷᠢ ᠲᠦᠪᠰᠢᠨ》 ᠭᠡᠳᠡᠭ᠎ᠨᠢ ᠤᠯᠤᠰ᠎ᠤᠨ ᠬᠠᠮᠢᠶ᠎ᠠ ᠪᠦᠬᠦᠢ ᠳᠡᠰ ᠵᠡᠷᠭᠡ ᠬᠤᠪᠢᠶᠠᠬᠤ ᠦᠭᠡᠢ ᠪᠤᠶᠤ ᠨᠢᠭᠡᠳᠦᠭᠡᠷ ᠳᠡᠰ᠎ᠤᠨ ᠳᠠᠩᠰᠠᠯᠠᠭᠤᠯᠤᠭᠰᠠᠨ ᠠᠵᠢᠯ ᠡᠷᠬᠢᠯᠡᠬᠦ ᠬᠢᠷᠢ ᠭᠡᠮ᠎ᠲᠠᠢ ᠲᠤᠰᠬᠠᠢ ᠮᠡᠷᠭᠡᠵᠢᠯ᠎ᠤᠨ ᠬᠥᠮᠥᠰ᠎ᠢ ᠵᠢᠭ᠋ᠠᠵᠤ ᠪᠣᠢ᠃
ᠡᠯ᠎ᠡ ᠠᠵᠢᠯ ᠲᠥᠷᠥᠯ᠂ ᠲᠤᠰᠬᠠᠢ ᠮᠡᠷᠭᠡᠵᠢᠯ᠎ᠤᠨ ᠣᠨᠴᠠᠭ᠋ᠠᠢ ᠬᠢᠷᠢ ᠭᠡᠮ᠎ᠤᠨ ᠨᠦᠭᠦᠴᠡᠯ᠎ᠢ ᠥᠪᠡᠷᠲᠡᠭᠡᠨ ᠵᠠᠰᠠᠬᠤ ᠣᠷᠣᠨ᠎ᠤ ᠬᠤᠯᠪᠣᠭᠳᠠᠯ ᠪᠦᠬᠦᠢ ᠵᠠᠰᠠᠭ ᠵᠠᠬᠢᠷᠭ᠋ᠠᠨ᠎ᠤ ᠬᠢᠨᠠᠯᠲᠠ ᠲᠠᠯᠪᠢᠬᠤ ᠰᠠᠯᠠᠭ᠎ᠠ ᠮᠥᠴᠢᠷ᠎ᠠᠴᠠ ᠲᠣᠭᠲᠠᠭ᠋ᠠᠨ᠎ᠠ᠃
ᠠᠷᠪᠠᠨ ᠨᠢᠭᠡᠳᠦᠭᠡᠷ ᠵᠦᠢ᠍ᠯ ᠭᠤᠶᠤᠴᠢᠯᠠᠭᠴᠢ᠎ᠳᠤ ᠳᠣᠣᠷ᠎ᠠ ᠵᠢᠭᠰᠠᠭ᠋ᠠᠭᠰᠠᠨ ᠪᠠᠶ᠋ᠢᠳᠠᠯ᠎ᠤᠨ ᠨᠢᠭᠡ᠎ᠨᠢ ᠪᠠᠶ᠋ᠢᠪᠠᠯ᠂ ᠥᠪᠡᠷᠲᠡᠭᠡᠨ ᠵᠠᠰᠠᠬᠤ ᠣᠷᠣᠨ᠎ᠤ ᠲᠤᠰᠬᠠᠢ ᠮᠡᠷᠭᠡᠵᠢᠯᠲᠡᠨ᠎ᠤ ᠬᠥᠮᠥᠷᠭᠡ᠎ᠳᠤ ᠰᠣᠩᠭᠤᠭᠳᠠᠵᠤ ᠪᠣᠯᠬᠤ ᠦᠭᠡᠢ᠄
(ᠨᠢᠭᠡ) ᠢᠷᠭᠡᠨ᠎ᠤ ᠬᠡᠷᠡᠭ᠎ᠤᠨ ᠦᠢ᠍ᠯᠡ ᠠᠵᠢᠯᠯᠠᠭ᠋ᠠᠨ᠎ᠤ ᠴᠢᠳᠠᠪᠤᠷᠢ ᠦᠭᠡᠢ ᠪᠤᠶᠤ ᠢᠷᠭᠡᠨ᠎ᠤ ᠬᠡᠷᠡᠭ᠎ᠤᠨ ᠦᠢ᠍ᠯᠡ ᠠᠵᠢᠯᠯᠠᠭ᠋ᠠᠨ᠎ᠤ ᠴᠢᠳᠠᠪᠤᠷᠢ᠎ᠨᠢ ᠬᠢᠵᠠᠭ᠋ᠠᠷ᠎ᠲᠠᠢ;
(ᠬᠤᠶᠠᠷ) ᠬᠠᠥᠯᠢ ᠴᠠᠭ᠋ᠠᠵᠠ ᠰᠠᠬᠢᠯᠭ᠎ᠠ ᠪᠠᠲᠤ ᠵᠢ ᠵᠥᠷᠢᠴᠡᠭᠰᠡᠨ ᠵᠡᠷᠭᠡ ᠨᠥᠯᠥᠭᠡ ᠮᠠᠭᠤᠲᠠᠢ ᠦᠢ᠍ᠯᠡ ᠠᠵᠢᠯᠯᠠᠭ᠎ᠠ ᠵᠢᠨ ᠲᠡᠮᠳᠡᠭᠯᠡᠯ᠎ᠲᠠᠢ ᠪᠠᠶ᠋ᠢᠬᠤ;
(ᠭᠤᠷᠪᠠ) ᠥᠪᠡᠷᠲᠡᠭᠡᠨ ᠵᠠᠰᠠᠬᠤ ᠣᠷᠣᠨ᠎ᠤ ᠲᠤᠰᠬᠠᠢ ᠮᠡᠷᠭᠡᠵᠢᠯᠲᠡᠨ᠎ᠤ ᠬᠥᠮᠥᠷᠭᠡ᠎ᠳᠠᠬᠢ ᠲᠤᠰᠬᠠᠢ ᠮᠡᠷᠭᠡᠵᠢᠯᠲᠡᠨ᠎ᠤ ᠬᠢᠷᠢ ᠭᠡᠮ ᠵᠶ᠋ᠠᠨ ᠬᠠᠰᠤᠭᠤᠯᠤᠭᠰᠠᠨ;
(ᠳᠥᠷᠪᠡ) 《ᠢᠲᠡᠭᠡᠮᠵᠢᠲᠦ ᠳᠤᠮᠳᠠᠳᠤ ᠤᠯᠤᠰ》᠎ᠤᠨ ᠰᠦᠯᠵᠢᠶᠡᠨ ᠥᠷᠲᠡᠭᠡᠨ᠎ᠳᠤ ᠢᠲᠡᠭᠡᠮᠵᠢ᠎ᠪᠠᠨ ᠬᠦᠨᠳᠦ ᠨᠣᠴᠢᠲᠠᠢ ᠠᠯᠳᠠᠭᠰᠠᠨ ᠭᠤᠣᠯ ᠴᠣᠭᠴᠠ ᠵᠢᠨ ᠨᠡᠷᠡᠰ᠎ᠲᠤ ᠵᠢᠭᠰᠠᠭ᠋ᠠᠭᠳᠠᠭᠰᠠᠨ;
(ᠲᠠᠪᠤ) ᠬᠠᠤᠯᠢ ᠴᠠᠭ᠋ᠠᠵᠠ ᠬᠠᠤᠯᠢ ᠲᠣᠭᠲᠠᠭ᠋ᠠᠯ ᠲᠣᠭᠲᠠᠭ᠋ᠠᠯ ᠳᠦᠷᠢᠮ᠎ᠳᠤ ᠲᠣᠭᠲᠠᠭ᠋ᠠᠭᠰᠠᠨ ᠪᠤᠰᠤᠳ ᠪᠠᠶ᠋ᠢᠳᠠᠯ᠃
ᠠᠷᠪᠠᠨ ᠬᠤᠶᠠᠳᠤᠭ᠋ᠠᠷ ᠵᠦᠢ᠍ᠯ ᠲᠣᠰ ᠠᠷᠭ᠎ᠠ ᠵᠢᠨ ᠠᠷᠪᠠᠳᠤᠭ᠋ᠠᠷ ᠵᠦᠢ᠍ᠯ᠎ᠳᠤ ᠲᠣᠭᠲᠠᠭ᠋ᠠᠭᠰᠠᠨ ᠨᠦᠭᠦᠴᠡᠯ᠎ᠳᠤ ᠨᠡᠶ᠋ᠢᠴᠡᠭᠰᠡᠨ ᠬᠥᠮᠥᠰ ᠥᠪᠡᠷᠲᠡᠭᠡᠨ ᠵᠠᠰᠠᠬᠤ ᠣᠷᠣᠨ᠎ᠤ ᠲᠤᠰᠬᠠᠢ ᠮᠡᠷᠭᠡᠵᠢᠯᠲᠡᠨ᠎ᠤ ᠬᠥᠮᠥᠷᠭᠡ᠎ᠳᠤ ᠰᠣᠩᠭᠤᠭᠳᠠᠬᠤ᠎ᠪᠠᠷ ᠭᠤᠶᠤᠴᠢᠯᠠᠬᠤ᠎ᠳᠤ᠂ ᠳᠣᠣᠷ᠎ᠠ ᠵᠢᠭᠰᠠᠭ᠋ᠠᠭᠰᠠᠨ ᠠᠯᠬᠤᠮ ᠳᠠᠷᠠᠭ᠎ᠠ᠎ᠪᠠᠷ ᠶᠠᠪᠤᠭᠳᠠᠬᠤ ᠬᠡᠷᠡᠭᠲᠡᠢ᠄
(ᠨᠢᠭᠡ) ᠰᠦᠯᠵᠢᠶᠡᠨᠡ ᠭᠤᠶᠤᠴᠢᠯᠠᠨ ᠮᠡᠳᠡᠭᠦᠯᠬᠦ᠃ ᠭᠤᠶᠤᠴᠢᠯᠠᠭᠴᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠰᠦᠯᠵᠢᠶᠡᠨ (https://ggzyjy.nmg.gov.cn)᠎ᠳᠤ ᠭᠠᠷᠴᠤ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠶᠡᠷᠦᠩᠬᠡᠶ᠋ᠢᠯᠡᠭᠰᠡᠨ ᠳᠠᠭ᠋ᠠᠭ᠋ᠠᠴᠢᠯᠠᠯᠲᠠ ᠬᠢᠨᠠᠨ ᠦᠨᠡᠯᠡᠬᠦ ᠲᠤᠰᠬᠠᠢ ᠮᠡᠷᠭᠡᠵᠢᠯᠲᠡᠨ᠎ᠤ ᠰᠦᠯᠵᠢᠶ᠎ᠡ᠎ᠪᠠᠷ ᠭᠤᠶᠤᠴᠢᠯᠠᠨ ᠮᠡᠳᠡᠭᠦᠯᠬᠦ ᠰᠢᠰᠲ᠋ᠧᠮ》᠎ᠳᠤ ᠣᠷᠣᠵᠤ ᠰᠦᠯᠵᠢᠶᠡᠨ ᠳᠡᠭᠡᠷ᠎ᠡ ᠬᠠᠮᠢᠶ᠎ᠠ ᠪᠦᠬᠦᠢ ᠮᠡᠳᠡᠭᠡ ᠵᠠᠩᠬᠢ᠎ᠪᠠᠨ ᠲᠠᠭᠯᠠᠨ ᠮᠡᠳᠡᠭᠦᠯᠬᠦ ᠵᠢᠨ ᠬᠠᠮᠲᠤ᠂ ᠰᠢᠷᠪᠢᠭᠰᠡᠨ ᠬᠠᠮᠢᠶ᠎ᠠ ᠪᠦᠬᠦᠢ ᠮᠠᠲ᠋ᠧᠷᠢᠶᠠᠯ ᠵᠶ᠋ᠠᠨ ᠱᠠᠭ᠋ᠠᠷᠳᠠᠯᠭ᠎ᠠ ᠶᠣᠰᠣᠭ᠋ᠠᠷ ᠳᠠᠮᠵᠢᠭᠤᠯᠤᠨ᠎ᠠ᠃
ᠭᠤᠶᠤᠴᠢᠯᠠᠭᠴᠢ ᠤᠯᠤᠰ᠎ᠤᠨ ᠲᠤᠰᠬᠠᠢ ᠮᠡᠷᠭᠡᠵᠢᠯᠲᠡᠨ᠎ᠤ ᠲᠤᠰᠬᠠᠢ ᠮᠡᠷᠭᠡᠵᠢᠯ᠎ᠤᠨ ᠲᠥᠷᠥᠯ ᠬᠤᠪᠢᠶᠠᠬᠤ ᠨᠢᠭᠡᠳᠦᠯᠲᠡᠢ ᠪᠠᠷᠢᠮᠵᠢᠶ᠎ᠠ ᠶᠣᠰᠣᠭ᠋ᠠᠷ᠂ ᠬᠤᠪᠢ ᠬᠥᠮᠥᠨ᠎ᠤ ᠲᠤᠰᠬᠠᠢ ᠮᠡᠷᠭᠡᠵᠢᠯ᠎ᠤᠨ ᠰᠤᠷᠭ᠋ᠠᠨ ᠬᠥᠮᠥᠵᠢᠯ᠎ᠤᠨ ᠥᠩᠭᠡᠷᠡᠯᠲᠡ᠂ ᠲᠤᠰᠬᠠᠢ ᠮᠡᠷᠭᠡᠵᠢᠯ᠎ᠤᠨ ᠠᠵᠢᠯ᠎ᠤᠨ ᠥᠩᠭᠡᠷᠡᠯᠲᠡ᠎ᠲᠠᠢ᠎ᠪᠠᠨ ᠤᠶᠠᠯᠳᠤᠭᠤᠯᠤᠨ᠂ ᠭᠤᠷᠪᠠᠨ ᠳᠡᠰ᠎ᠤᠨ ᠵᠦᠢ᠍ᠯᠴᠢᠯᠡᠯᠤᠨ ᠳᠣᠲᠣᠷ᠎ᠠ᠎ᠠᠴᠠ ᠬᠠᠮᠢᠶ᠎ᠠ ᠪᠦᠬᠦᠢ ᠳᠠᠭ᠋ᠠᠭ᠋ᠠᠴᠢᠯᠠᠯᠲᠠ ᠦᠨᠡᠯᠡᠬᠦ ᠲᠤᠰᠬᠠᠢ ᠮᠡᠷᠭᠡᠵᠢᠯ᠎ᠢ ᠰᠣᠩᠭᠤᠵᠤ᠂ ᠬᠠᠮᠤᠭ᠎ᠤᠨ ᠣᠯᠠᠨ᠎ᠳᠤ᠎ᠪᠠᠨ 3 ᠭᠤᠷᠪᠠᠳᠤᠭ᠋ᠠᠷ ᠳᠡᠰ᠎ᠤᠨ ᠲᠤᠰᠬᠠᠢ ᠮᠡᠷᠭᠡᠵᠢᠯ᠎ᠤᠨ ᠵᠦᠢ᠍ᠯᠴᠢᠯᠡᠯᠳᠤ ᠮᠡᠳᠡᠭᠦᠯᠵᠦ ᠪᠣᠯᠣᠨ᠎ᠠ᠂ ᠵᠠᠷᠴᠢᠮ ᠳᠡᠭᠡᠷ᠎ᠡ᠎ᠪᠠᠨ ᠠᠵᠢᠯ ᠲᠥᠷᠥᠯ ᠠᠯᠤᠰᠯᠠᠨ ᠭᠤᠶᠤᠴᠢᠯᠠᠨ ᠮᠡᠳᠡᠭᠦᠯᠵᠦ ᠪᠣᠯᠬᠤ ᠦᠭᠡᠢ᠃ ᠠᠵᠢᠯ ᠲᠥᠷᠥᠯ ᠠᠯᠤᠰᠯᠠᠵᠤ ᠭᠤᠶᠤᠴᠢᠯᠠᠨ ᠮᠡᠳᠡᠭᠦᠯᠦᠭᠰᠡᠨ ᠪᠣᠯ᠂ ᠪᠣᠳᠠᠲᠠᠢ ᠲᠤᠰᠬᠠᠢ ᠮᠡᠷᠭᠡᠵᠢᠯ ᠪᠠ ᠠᠵᠢᠯᠯᠠᠭᠰᠠᠨ ᠵᠢᠯ ᠬᠤᠭᠤᠴᠠᠭ᠎ᠠ᠎ᠪᠠᠨ ᠲᠣᠳᠣᠷᠬᠠᠶ᠋ᠢᠯᠠᠬᠤ ᠵᠢᠨ ᠬᠠᠮᠲᠤ ᠬᠠᠮᠢᠶ᠎ᠠ ᠪᠦᠬᠦᠢ ᠭᠡᠷᠡᠴᠢᠯᠡᠬᠦ ᠮᠠᠲ᠋ᠧᠷᠢᠶᠠᠯ ᠵᠶ᠋ᠠᠨ ᠰᠦᠯᠵᠢᠶᠡᠨ᠎ᠳᠤ ᠳᠠᠮᠵᠢᠭᠤᠯᠬᠤ ᠬᠡᠷᠡᠭᠲᠡᠢ᠂ ᠠᠵᠢᠯ ᠲᠥᠷᠥᠯ ᠠᠯᠤᠰᠯᠠᠨ ᠵᠦᠢ᠍ᠯᠴᠢᠯᠡᠯ ᠠᠯᠤᠰᠯᠠᠨ ᠭᠤᠶᠤᠴᠢᠯᠠᠨ ᠮᠡᠳᠡᠭᠦᠯᠬᠦ ᠲᠤᠬᠠᠢ ᠠᠵᠢᠯ ᠲᠥᠷᠥᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠠᠮᠢᠶ᠎ᠠ ᠪᠦᠬᠦᠢ ᠬᠢᠵᠠᠭ᠋ᠠᠷᠯᠠᠬᠤ ᠱᠠᠭ᠋ᠠᠷᠳᠠᠯᠭ᠎ᠠ ᠪᠠᠶ᠋ᠢᠪᠠᠯ ᠠᠵᠢᠯ ᠲᠥᠷᠥᠯ᠎ᠤᠨ ᠱᠠᠭ᠋ᠠᠷᠳᠠᠯᠭ᠎ᠠ᠎ᠪᠠᠷ᠎ᠨᠢ ᠬᠡᠷᠡᠭᠵᠢᠭᠦᠯᠦᠨ᠎ᠡ᠃
ᠭᠤᠶᠤᠴᠢᠯᠠᠭᠴᠢ ᠲᠠᠭᠯᠠᠨ ᠮᠡᠳᠡᠭᠦᠯᠦᠭᠰᠡᠨ ᠮᠡᠳᠡᠭᠡ ᠵᠠᠩᠬᠢ᠂ ᠬᠠᠩᠭ᠋ᠠᠭᠰᠠᠨ ᠭᠡᠷᠡᠴᠢ ᠦᠨᠡᠮᠯᠡᠯ (ᠰᠢᠷᠪᠢᠭᠰᠡᠨ ᠮᠠᠲ᠋ᠧᠷᠢᠶᠠᠯ ᠪᠠᠭᠲᠠᠨ᠎ᠠ)᠎ᠤᠨ ᠦᠨᠡᠨ ᠪᠣᠳᠠᠲᠤ ᠴᠢᠨᠠᠷ᠂ ᠬᠠᠤᠯᠢ ᠶᠣᠰᠤᠴᠢ ᠴᠢᠨᠠᠷ᠎ᠲᠤ ᠬᠠᠷᠢᠭᠤᠴᠠᠬᠤ ᠵᠢᠨ ᠬᠠᠮᠲᠤ ᠪᠢᠴᠢᠭ᠎ᠤᠨ ᠬᠡᠯᠪᠡᠷᠢ᠎ᠪᠠᠷ ᠠᠮᠠᠯᠠᠯᠲᠠ ᠬᠢᠵᠦ᠂ ᠬᠤᠳᠠᠯ ᠬᠠᠭᠤᠷᠮᠠᠭ ᠮᠠᠲ᠋ᠧᠷᠢᠶᠠᠯ ᠵᠶ᠋ᠠᠷ ᠲᠤᠰᠬᠠᠢ ᠮᠡᠷᠭᠡᠵᠢᠯᠲᠡᠨ᠎ᠤ ᠬᠢᠷᠢ ᠭᠡᠮ᠎ᠢ ᠮᠡᠬᠡᠯᠡᠨ ᠠᠪᠴᠤ ᠪᠣᠯᠬᠤ ᠦᠭᠡᠢ᠃
(ᠬᠤᠶᠠᠷ) ᠬᠥᠮᠥᠷᠭᠡ᠎ᠳᠤ ᠣᠷᠣᠭᠤᠯᠬᠤ ᠬᠢᠨᠠᠨ ᠪᠠᠶ᠋ᠢᠴᠠᠭ᠋ᠠᠯᠲᠠ᠃ ᠭᠤᠶᠤᠴᠢᠯᠠᠭᠴᠢ ᠮᠡᠳᠡᠭᠡ ᠵᠠᠩᠬᠢ᠎ᠪᠠᠨ ᠲᠤᠰᠢᠶᠠᠭᠰᠠᠨ᠎ᠤ ᠳᠠᠷᠠᠭ᠎ᠠ᠂ ᠰᠢᠰᠲ᠋ᠧᠮ᠎ᠠᠴᠠ ᠠᠶᠠᠨᠳᠠᠭ᠋ᠠᠨ ᠬᠠᠷᠠᠭ᠋ᠠᠯᠵᠠᠭᠰᠠᠨ ᠠᠵᠢᠯ ᠲᠥᠷᠥᠯ᠎ᠤᠨ ᠵᠠᠰᠠᠭ ᠵᠠᠬᠢᠷᠭ᠋ᠠᠨ᠎ᠤ ᠬᠢᠨᠠᠯᠲᠠ ᠲᠠᠯᠪᠢᠬᠤ ᠰᠠᠯᠠᠭ᠎ᠠ ᠮᠥᠴᠢᠷ᠎ᠲᠤ ᠶᠠᠪᠤᠭᠤᠯᠤᠨ᠎ᠠ᠃ ᠡᠯ᠎ᠡ ᠠᠶ᠋ᠢᠮᠠᠭ ᠬᠤᠲᠠ ᠪᠠ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠬᠢᠨᠠᠯᠲᠠ ᠲᠠᠯᠪᠢᠬᠤ ᠰᠠᠯᠠᠭ᠎ᠠ ᠮᠥᠴᠢᠷ᠎ᠨᠢ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠶᠡᠷᠦᠩᠬᠡᠶ᠋ᠢᠯᠡᠭᠰᠡᠨ ᠳᠠᠭ᠋ᠠᠭ᠋ᠠᠴᠢᠯᠠᠯᠲᠠ ᠬᠢᠨᠠᠨ ᠦᠨᠡᠯᠡᠬᠦ ᠲᠤᠰᠬᠠᠢ ᠮᠡᠷᠭᠡᠵᠢᠯᠲᠡᠨ᠎ᠤ ᠬᠥᠮᠥᠷᠭᠡ ᠵᠢᠨ ᠬᠠᠮᠢᠶᠠᠷᠤᠯᠲᠠ ᠵᠢᠨ ᠰᠢᠰᠲ᠋ᠧᠮ》 ᠵᠶ᠋ᠠᠷ ᠳᠠᠮᠵᠢᠭᠤᠯᠤᠨ ᠲᠣᠰ ᠠᠵᠢᠯ ᠲᠥᠷᠥᠯ᠎ᠤᠨ ᠲᠤᠰᠬᠠᠢ ᠮᠡᠷᠭᠡᠵᠢᠯᠲᠡᠨ᠎ᠢ ᠬᠥᠮᠥᠷᠭᠡ᠎ᠳᠤ ᠣᠷᠣᠭᠤᠯᠬᠤ ᠨᠦᠭᠦᠴᠡᠯ ᠵᠢᠴᠢ ᠱᠠᠭ᠋ᠠᠷᠳᠠᠯᠭ᠎ᠠ ᠶᠣᠰᠣᠭ᠋ᠠᠷ ᠲᠣᠰ ᠲᠣᠰ᠎ᠲᠤᠨᠢ ᠠᠩᠬᠠᠨ᠎ᠤ ᠬᠢᠨᠠᠯᠲᠠ ᠪᠠ ᠳᠠᠬᠢᠨ ᠬᠢᠨᠠᠯᠲᠠ ᠬᠢᠨ᠎ᠡ᠃
ᠭᠤᠶᠤᠴᠢᠯᠠᠭᠴᠢ ᠵᠢᠨ ᠮᠡᠳᠡᠭᠦᠯᠦᠭᠰᠡᠨ ᠳᠠᠭ᠋ᠠᠭ᠋ᠠᠴᠢᠯᠠᠯᠲᠠ ᠦᠨᠡᠯᠡᠬᠦ ᠲᠤᠰᠬᠠᠢ ᠮᠡᠷᠭᠡᠵᠢᠯ᠎ᠢ ᠬᠢᠨᠠᠨ ᠬᠠᠷᠭᠤᠭᠤᠯᠵᠤ ᠲᠣᠭᠲᠠᠭ᠋ᠠᠭᠰᠠᠨ᠎ᠤ ᠳᠠᠷᠠᠭ᠎ᠠ᠂ ᠡᠩ᠎ᠤᠨ ᠪᠠᠶ᠋ᠢᠳᠠᠯ᠎ᠳᠤ ᠲᠣᠬᠢᠷᠠᠭᠤᠯᠤᠯᠲᠠ ᠬᠢᠬᠦ ᠦᠭᠡᠢ᠃ ᠰᠢᠨ᠎ᠡ᠎ᠪᠠᠷ ᠲᠤᠰᠬᠠᠢ ᠮᠡᠷᠭᠡᠵᠢᠯ᠎ᠤᠨ ᠳᠠᠩᠰᠠᠯᠠᠭᠤᠯᠤᠭᠰᠠᠨ ᠠᠵᠢᠯ ᠡᠷᠬᠢᠯᠡᠬᠦ ᠬᠢᠷᠢ ᠭᠡᠮ᠎ᠤᠨ ᠦᠨᠡᠮᠯᠡᠯ ᠣᠯᠵᠤ ᠳᠠᠭ᠋ᠠᠭ᠋ᠠᠴᠢᠯᠠᠯᠲᠠ ᠦᠨᠡᠯᠡᠬᠦ ᠲᠤᠰᠬᠠᠢ ᠮᠡᠷᠭᠡᠵᠢᠯ ᠵᠶ᠋ᠠᠨ ᠦᠨᠡᠨ ᠬᠦ᠌ ᠲᠣᠬᠢᠷᠠᠭᠤᠯᠬᠤ ᠴᠢᠬᠤᠯᠠᠲᠠᠢ ᠪᠠᠶ᠋ᠢᠪᠠᠯ᠂ ᠵᠠᠰᠠᠪᠤᠷᠢ ᠣᠷᠣᠭᠤᠯᠤᠭᠰᠠᠨ᠎ᠤ ᠳᠠᠷᠠᠭ᠎ᠠ ᠬᠢᠨᠠᠨ ᠬᠠᠷᠭᠤᠭᠤᠯᠬᠤ᠎ᠪᠠᠷ ᠲᠤᠰᠢᠶᠠᠬᠤ ᠬᠡᠷᠡᠭᠲᠡᠢ᠃
(ᠭᠤᠷᠪᠠ) ᠠᠵᠢᠯ᠎ᠤᠨ ᠪᠠᠶ᠋ᠢᠷᠢ᠎ᠳᠤ ᠭᠠᠷᠬᠤ᠎ᠠᠴᠠ ᠡᠮᠦᠨᠡᠬᠢ ᠪᠣᠯᠪᠠᠰᠤᠷᠠᠯ᠃ ᠭᠤᠶᠤᠴᠢᠯᠠᠭᠴᠢ ᠬᠢᠨᠠᠨ ᠬᠠᠷᠭᠤᠭᠤᠯᠤᠯᠲᠠ ᠵᠢ ᠥᠩᠭᠡᠷᠡᠭᠡᠭᠰᠡᠨ᠎ᠤ ᠳᠠᠷᠠᠭ᠎ᠠ᠂ ᠰᠢᠰᠲ᠋ᠧᠮ᠎ᠨᠢ ᠠᠶᠠᠨᠳᠠᠭ᠋ᠠᠨ ᠣᠬᠤᠷ ᠮᠡᠳᠡᠭᠡᠨ᠎ᠤ ᠬᠡᠯᠪᠡᠷᠢ᠎ᠪᠠᠷ ᠲᠡᠭᠦᠨ᠎ᠳᠤ ᠰᠢᠰᠲ᠋ᠧᠮ᠎ᠳᠤ ᠣᠷᠣᠵᠤ ᠵᠠᠰᠠᠭ ᠵᠠᠬᠢᠷᠭ᠋ᠠᠨ᠎ᠤ ᠬᠢᠨᠠᠯᠲᠠ ᠲᠠᠯᠪᠢᠬᠤ ᠰᠠᠯᠠᠭ᠎ᠠ ᠮᠥᠴᠢᠷ᠎ᠠᠴᠠ ᠵᠣᠬᠢᠶᠠᠨ ᠪᠠᠶ᠋ᠢᠭᠤᠯᠤᠭᠰᠠᠨ ᠬᠠᠮᠢᠶ᠎ᠠ ᠪᠦᠬᠦᠢ ᠬᠠᠤᠯᠢ ᠴᠠᠭ᠋ᠠᠵᠠ ᠬᠠᠥᠯᠢ ᠲᠣᠭᠲᠠᠭ᠋ᠠᠯ᠎ᠤᠨ ᠮᠡᠳᠡᠯᠭᠡ᠂ ᠳᠠᠭ᠋ᠠᠭ᠋ᠠᠴᠢᠯᠠᠯᠲᠠ ᠦᠨᠡᠯᠡᠬᠦ ᠠᠷᠭ᠎ᠠ ᠵᠢᠴᠢ ᠲᠤᠬᠠᠶ᠋ᠢᠯᠠᠭᠰᠠᠨ ᠠᠵᠢᠯ᠎ᠤᠨ ᠮᠣᠷᠠᠯ ᠵᠡᠷᠭᠡ ᠲᠤᠰᠬᠠᠢ ᠮᠡᠷᠭᠡᠵᠢᠯᠲᠡᠨ᠎ᠤ ᠬᠥᠮᠥᠷᠭᠡ᠎ᠳᠤ ᠣᠷᠣᠬᠤ ᠪᠣᠯᠪᠠᠰᠤᠷᠠᠯ ᠵᠢᠴᠢ ᠰᠢᠯᠭ᠋ᠠᠯᠲᠠ᠎ᠳᠤ ᠣᠷᠣᠯᠴᠠᠬᠤ ᠵᠢ ᠮᠡᠳᠡᠭᠳᠡᠨ᠎ᠡ᠃
(ᠳᠥᠷᠪᠡ) ᠬᠥᠮᠥᠷᠭᠡ᠎ᠳᠤ ᠣᠷᠣᠬᠤ ᠵᠢ ᠨᠤᠲᠠᠯᠠᠬᠤ᠃ ᠪᠣᠯᠪᠠᠰᠤᠷᠠᠯ ᠪᠠ ᠰᠢᠯᠭ᠋ᠠᠯᠲᠠ᠎ᠳᠤ ᠬᠢᠷᠢ ᠲᠡᠩᠴᠡᠭᠰᠡᠨ ᠭᠤᠶᠤᠴᠢᠯᠠᠭᠴᠢ ᠵᠢ᠂ ᠵᠠᠰᠠᠭ ᠵᠠᠬᠢᠷᠭ᠋ᠠᠨ᠎ᠤ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠬᠢᠨᠠᠨ ᠬᠠᠷᠭᠤᠭᠤᠯᠤᠨ ᠨᠤᠲᠠᠯᠠᠭᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠲᠤᠰᠬᠠᠢ ᠮᠡᠷᠭᠡᠵᠢᠯᠲᠡᠨ᠎ᠤ ᠬᠥᠮᠥᠷᠭᠡ᠎ᠳᠤ ᠰᠣᠩᠭᠤᠵᠤ ᠣᠷᠣᠭᠤᠯᠤᠨ᠎ᠠ᠃
ᠠᠷᠪᠠᠨ ᠭᠤᠷᠪᠠᠳᠤᠭ᠋ᠠᠷ ᠵᠦᠢ᠍ᠯ ᠲᠤᠰᠬᠠᠢ ᠮᠡᠷᠭᠡᠵᠢᠯᠲᠡᠨ᠎ᠤ ᠪᠠᠶ᠋ᠢᠭ᠎ᠠ ᠨᠢᠭᠡᠴᠢ᠎ᠨᠢ ᠲᠤᠰᠬᠠᠢ ᠮᠡᠷᠭᠡᠵᠢᠯᠲᠡᠨ᠎ᠤ ᠳᠠᠭ᠋ᠠᠭ᠋ᠠᠴᠢᠯᠠᠯᠲᠠ ᠬᠢᠨᠠᠨ ᠦᠨᠡᠯᠡᠬᠦ ᠠᠵᠢᠯᠯᠠᠭ᠎ᠠ᠎ᠳᠤ ᠣᠷᠣᠯᠴᠠᠬᠤ᠂ ᠬᠠᠮᠢᠶ᠎ᠠ ᠪᠦᠬᠦᠢ ᠪᠣᠯᠪᠠᠰᠤᠷᠠᠯ ᠪᠠ ᠦᠷᠭᠦᠯᠵᠢᠯᠡᠭᠰᠡᠨ ᠰᠤᠷᠭ᠋ᠠᠨ ᠬᠥᠮᠥᠵᠢᠯ ᠬᠦᠷᠲᠡᠬᠦ᠎ᠳᠤᠨᠢ ᠳᠡᠮᠵᠢᠬᠦ ᠬᠡᠷᠡᠭᠲᠡᠢ᠃
ᠠᠷᠪᠠᠨ ᠳᠥᠷᠪᠡᠳᠦᠭᠡᠷ ᠵᠦᠢ᠍ᠯ ᠲᠤᠰᠬᠠᠢ ᠮᠡᠷᠭᠡᠵᠢᠯᠲᠡᠨ᠎ᠤ ᠬᠤᠪᠢ ᠬᠥᠮᠥᠨ᠎ᠤ ᠮᠡᠳᠡᠭᠡ ᠵᠠᠩᠬᠢ᠎ᠨᠢ ᠬᠤᠪᠢᠷᠠᠯᠲᠠ ᠭᠠᠷᠪᠠᠯ᠂ ᠴᠠᠭ ᠲᠤᠬᠠᠢᠳᠤᠨᠢ ᠵᠠᠰᠠᠪᠤᠷᠢ ᠣᠷᠣᠭᠤᠯᠬᠤ ᠬᠡᠷᠡᠭᠲᠡᠢ᠃ ᠵᠠᠰᠠᠪᠤᠷᠢ ᠣᠷᠣᠭᠤᠯᠬᠤ ᠵᠢ ᠥᠪᠡᠷᠲᠡᠭᠡᠨ ᠵᠠᠰᠠᠪᠤᠷᠢ ᠣᠷᠣᠭᠤᠯᠬᠤ ᠪᠠ ᠬᠢᠨᠠᠨ ᠬᠠᠷᠭᠤᠭᠤᠯᠤᠭ᠋ᠠᠳ ᠵᠠᠰᠠᠪᠤᠷᠢ ᠣᠷᠣᠭᠤᠯᠬᠤ ᠭᠡᠵᠦ ᠬᠤᠪᠢᠶᠠᠨ᠎ᠡ᠃
ᠥᠪᠡᠷᠲᠡᠭᠡᠨ ᠵᠠᠰᠠᠪᠤᠷᠢ ᠣᠷᠣᠭᠤᠯᠬᠤ ᠮᠡᠳᠡᠭᠡ ᠵᠠᠩᠬᠢ᠎ᠳᠤ᠄ ᠲᠤᠰᠬᠠᠢ ᠮᠡᠷᠭᠡᠵᠢᠯᠲᠡᠨ᠎ᠤ ᠦᠨᠳᠦᠰᠦᠨ ᠮᠡᠳᠡᠭᠡ ᠵᠠᠩᠬᠢ᠂ ᠠᠵᠢᠯ᠎ᠤᠨ ᠲᠣᠪᠴᠢ ᠨᠠᠮᠲᠠᠷ᠎ᠤᠨ ᠮᠡᠳᠡᠭᠡ ᠵᠠᠩᠬᠢ ᠪᠠᠭᠲᠠᠨ᠎ᠠ᠃
ᠬᠢᠨᠠᠨ ᠬᠠᠷᠭᠤᠭᠤᠯᠤᠭ᠋ᠠᠳ ᠵᠠᠰᠠᠪᠤᠷᠢ ᠣᠷᠣᠭᠤᠯᠬᠤ ᠮᠡᠳᠡᠭᠡ ᠵᠠᠩᠬᠢ᠎ᠳᠤ᠄ ᠭᠤᠶᠤᠴᠢᠯᠠᠨ ᠮᠡᠳᠡᠭᠦᠯᠦᠭᠰᠡᠨ ᠮᠡᠳᠡᠭᠡ ᠵᠠᠩᠬᠢ᠂ ᠳᠠᠭ᠋ᠠᠭ᠋ᠠᠴᠢᠯᠠᠯᠲᠠ ᠦᠨᠡᠯᠡᠬᠦ ᠲᠤᠰᠬᠠᠢ ᠮᠡᠷᠭᠡᠵᠢᠯ᠎ᠤᠨ ᠮᠡᠳᠡᠭᠡ ᠵᠠᠩᠬᠢ᠂ ᠮᠡᠷᠭᠡᠵᠢᠯ᠎ᠤᠨ ᠴᠣᠯᠠ ᠵᠢᠨ ᠦᠨᠡᠮᠯᠡᠯ᠎ᠤᠨ ᠮᠡᠳᠡᠭᠡ ᠵᠠᠩᠬᠢ᠂ ᠠᠵᠢᠯ ᠡᠷᠬᠢᠯᠡᠬᠦ ᠬᠢᠷᠢ ᠭᠡᠮ᠎ᠤᠨ ᠦᠨᠡᠮᠯᠡᠯ᠎ᠤᠨ ᠮᠡᠳᠡᠭᠡ ᠵᠠᠩᠬᠢ᠂ ᠵᠠᠶ᠋ᠢᠯᠠᠭᠤᠯᠬᠤ ᠨᠢᠭᠡᠴᠢ ᠵᠢᠨ ᠮᠡᠳᠡᠭᠡ ᠵᠠᠩᠬᠢ ᠵᠡᠷᠭᠡ ᠪᠠᠭᠲᠠᠨ᠎ᠠ᠃
ᠠᠷᠪᠠᠨ ᠲᠠᠪᠤᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠲᠤᠰᠬᠠᠢ ᠮᠡᠷᠭᠡᠵᠢᠯᠲᠡᠨ᠎ᠤ ᠬᠥᠮᠥᠷᠭᠡ᠎ᠠᠴᠠ ᠲᠤᠰᠬᠠᠢ ᠮᠡᠷᠭᠡᠵᠢᠯᠲᠡᠨ᠎ᠤ ᠡᠯᠧᠺᠳ᠋ᠷᠣᠨ ᠳᠠᠩᠰᠠ ᠡᠪᠬᠡᠮᠡᠯ᠎ᠢ ᠪᠠᠶ᠋ᠢᠭᠤᠯᠤᠨ᠎ᠠ᠂ ᠠᠭᠤᠯᠭ᠎ᠠ᠎ᠳᠤᠨᠢ᠄ ᠦᠨᠳᠦᠰᠦᠨ ᠮᠡᠳᠡᠭᠡ ᠵᠠᠩᠬᠢ᠂ ᠬᠥᠮᠥᠷᠭᠡ᠎ᠳᠤ ᠣᠷᠣᠬᠤ ᠵᠢ ᠭᠤᠶᠤᠴᠢᠯᠠᠬᠤ ᠬᠦᠰᠦᠨᠦᠭᠲᠦ᠂ ᠲᠤᠰᠬᠠᠢ ᠮᠡᠷᠭᠡᠵᠢᠯ᠎ᠤᠨ ᠠᠵᠢᠯ᠎ᠢ ᠬᠢᠭᠰᠡᠨ ᠪᠠᠶ᠋ᠢᠳᠠᠯ ᠪᠠ ᠲᠣᠪᠴᠢ ᠨᠠᠮᠲᠠᠷ᠂ ᠬᠢᠷᠢ ᠭᠡᠮ᠎ᠤᠨ ᠬᠢᠨᠠᠨ ᠪᠠᠶ᠋ᠢᠴᠠᠭ᠋ᠠᠯᠲᠠ᠂ ᠪᠣᠯᠪᠠᠰᠤᠷᠠᠯ ᠰᠢᠯᠭ᠋ᠠᠨ ᠬᠢᠨᠠᠯᠲᠠ᠂ ᠳᠠᠭ᠋ᠠᠭ᠋ᠠᠴᠢᠯᠠᠯᠲᠠ ᠬᠢᠨᠠᠨ ᠦᠨᠡᠯᠡᠬᠦ ᠠᠵᠢᠯ᠎ᠳᠤ ᠣᠷᠣᠯᠴᠠᠭᠰᠠᠨ ᠪᠠᠶ᠋ᠢᠳᠠᠯ᠂ ᠢᠲᠡᠭᠡᠮᠵᠢ ᠵᠢᠨ ᠠᠮᠠᠯᠠᠯᠲᠠ᠂ ᠢᠲᠡᠭᠡᠮᠵᠢ ᠵᠢᠨ ᠦᠨᠡᠯᠡᠯᠲᠡ ᠵᠢᠨ ᠪᠠᠶ᠋ᠢᠳᠠᠯ ᠵᠡᠷᠭᠡ ᠬᠠᠮᠢᠶ᠎ᠠ ᠪᠦᠬᠦᠢ ᠮᠡᠳᠡᠭᠡ ᠵᠠᠩᠬᠢ ᠪᠠᠭᠲᠠᠨ᠎ᠠ᠃
ᠠᠷᠪᠠᠨ ᠵᠢᠷᠭᠤᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠲᠤᠰᠬᠠᠢ ᠮᠡᠷᠭᠡᠵᠢᠯᠲᠡᠨ᠎ᠤ ᠬᠥᠮᠥᠷᠭᠡ ᠵᠢᠨ ᠮᠡᠳᠡᠭᠡ ᠵᠠᠩᠬᠢ ᠵᠢ ᠴᠢᠩᠭ᠎ᠠ ᠨᠢᠭᠤᠴᠠᠯᠠᠨ ᠬᠠᠮᠠᠭ᠋ᠠᠯᠠᠬᠤ ᠬᠡᠷᠡᠭᠲᠡᠢ᠂ ᠠᠵᠢᠯ᠎ᠤᠨ ᠬᠡᠷᠡᠭᠴᠡᠭᠡ᠎ᠠᠴᠠ ᠭᠠᠳᠠᠨ᠎ᠠ᠂ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠬᠠᠮᠢᠶ᠎ᠠ ᠪᠦᠬᠦᠢ ᠮᠡᠳᠡᠭᠡ ᠵᠠᠩᠬᠢ ᠵᠢᠨ ᠲᠤᠭ᠎ᠠ ᠪᠠᠷᠢᠮᠲᠠ ᠵᠢ ᠬᠠᠶ᠋ᠢᠵᠤ ᠯᠠᠪᠯᠠᠬᠤ᠂ ᠵᠠᠰᠠᠪᠤᠷᠢ ᠣᠷᠣᠭᠤᠯᠬᠤ᠂ ᠰᠢᠯᠵᠢᠭᠦᠯᠦᠨ ᠭᠠᠷᠭ᠋ᠠᠵᠤ ᠪᠣᠯᠬᠤ ᠦᠭᠡᠢ᠃
ᠳᠥᠷᠪᠡᠳᠦᠭᠡᠷ ᠪᠦᠯᠦᠭ ᠲᠤᠰᠬᠠᠢ ᠮᠡᠷᠭᠡᠵᠢᠯᠲᠡᠨ᠎ᠤ ᠡᠷᠬᠡ ᠪᠠ ᠡᠭᠦᠷᠭᠡ
ᠠᠷᠪᠠᠨ ᠳᠣᠯᠣᠳᠤᠭ᠋ᠠᠷ ᠵᠦᠢ᠍ᠯ ᠲᠤᠰᠬᠠᠢ ᠮᠡᠷᠭᠡᠵᠢᠯᠲᠡᠨ ᠳᠣᠣᠷ᠎ᠠ ᠵᠢᠭᠰᠠᠭ᠋ᠠᠭᠰᠠᠨ ᠡᠷᠬᠡ ᠵᠢ ᠡᠳ᠋ᠯᠡᠨ᠎ᠡ᠄
(ᠨᠢᠭᠡ) ᠳᠠᠭ᠋ᠠᠭ᠋ᠠᠴᠢᠯᠠᠯᠲᠠ ᠵᠠᠷᠯᠠᠭᠴᠢ ᠵᠢᠨ ᠤᠷᠢᠯᠭ᠎ᠠ ᠵᠢ ᠬᠦᠯᠢᠶᠡᠨ᠂ ᠳᠠᠭ᠋ᠠᠭ᠋ᠠᠴᠢᠯᠠᠯᠲᠠ ᠬᠢᠨᠠᠨ ᠦᠨᠡᠯᠡᠬᠦ ᠺᠣᠮᠢᠰ᠎ᠤᠨ ᠪᠦᠷᠢᠯᠳᠦᠭᠦᠨ᠎ᠤ ᠠᠵᠢᠯ᠎ᠢ ᠡᠭᠦᠷᠬᠡᠯᠡᠬᠦ;
(ᠬᠤᠶᠠᠷ) ᠳᠠᠭ᠋ᠠᠭ᠋ᠠᠴᠢᠯᠠᠯᠲᠠ ᠵᠠᠷᠯᠠᠭᠰᠠᠨ ᠪᠢᠴᠢᠭ ᠮᠠᠲ᠋ᠧᠷᠢᠶᠠᠯ᠎ᠳᠤ ᠲᠣᠭᠲᠠᠭ᠋ᠠᠭᠰᠠᠨ ᠪᠠᠷᠢᠮᠵᠢᠶ᠎ᠠ ᠪᠠ ᠠᠷᠭ᠎ᠠ ᠪᠠᠷᠢᠯ ᠶᠣᠰᠣᠭ᠋ᠠᠷ ᠲᠤᠰᠠᠭ᠋ᠠᠷ ᠳᠠᠭ᠋ᠠᠭ᠋ᠠᠴᠢᠯᠠᠯᠲᠠ ᠬᠢᠨᠠᠨ ᠦᠨᠡᠯᠡᠬᠦ ᠵᠢᠨ ᠬᠠᠮᠲᠤ ᠰᠠᠨᠠᠯ ᠳᠤᠷᠠᠳᠴᠤ᠂ ᠶᠠᠮᠠᠷᠪᠠ ᠨᠢᠭᠡᠴᠢ ᠪᠠ ᠬᠤᠪᠢ ᠬᠥᠮᠥᠨ᠎ᠤ ᠬᠠᠤᠯᠢ ᠪᠤᠰᠤ ᠨᠥᠯᠥᠭᠡ ᠪᠤᠶᠤ ᠭᠠᠷ ᠳᠦᠷᠦᠬᠦ ᠠᠵᠢᠯᠯᠠᠭ᠎ᠠ᠎ᠳᠤ ᠨᠥᠯᠥᠭᠡᠯᠡᠭᠳᠡᠬᠦ ᠦᠭᠡᠢ ᠪᠠᠶ᠋ᠢᠬᠤ;
(ᠭᠤᠷᠪᠠ) ᠬᠤᠯᠪᠣᠭᠳᠠᠯ ᠪᠦᠬᠦᠢ ᠵᠠᠰᠠᠭ ᠵᠠᠬᠢᠷᠭ᠋ᠠᠨ᠎ᠤ ᠬᠢᠨᠠᠯᠲᠠ ᠲᠠᠯᠪᠢᠬᠤ ᠰᠠᠯᠠᠭ᠎ᠠ ᠮᠥᠴᠢᠷ᠎ᠲᠤ ᠳᠠᠭ᠋ᠠᠭ᠋ᠠᠴᠢᠯᠠᠯᠲᠠ ᠬᠢᠨᠠᠨ ᠦᠨᠡᠯᠡᠬᠦ ᠠᠵᠢᠯᠯᠠᠭ᠋ᠠᠨ᠎ᠤ ᠳᠤᠮᠳᠠ ᠣᠷᠣᠰᠢᠵᠤ ᠪᠠᠶ᠋ᠢᠭ᠎ᠠ ᠬᠠᠤᠯᠢ᠎ᠠᠴᠠ ᠵᠥᠷᠢᠴᠡᠭᠰᠡᠨ᠂ ᠲᠣᠭᠲᠠᠭ᠋ᠠᠯ᠎ᠠᠴᠠ ᠵᠥᠷᠢᠴᠡᠭᠰᠡᠨ ᠪᠤᠶᠤ ᠲᠥᠪ ᠭᠤᠣᠯᠴᠢ ᠪᠤᠰᠤ ᠦᠢ᠍ᠯᠡ ᠠᠵᠢᠯᠯᠠᠭ᠎ᠠ ᠵᠢ ᠢᠯᠡᠴᠢᠯᠡᠨ ᠮᠡᠳᠡᠭᠦᠯᠬᠦ;
(ᠳᠥᠷᠪᠡ) ᠳᠠᠭ᠋ᠠᠭ᠋ᠠᠴᠢᠯᠠᠯᠲᠠ ᠬᠢᠨᠠᠨ ᠦᠨᠡᠯᠡᠭᠰᠡᠨ ᠬᠥᠳᠡᠯᠮᠦᠷᠢ ᠦᠢ᠍ᠯᠡᠴᠢᠯᠡᠭᠡᠨ᠎ᠤ ᠬᠠᠷᠠᠮᠵᠢ ᠵᠢ ᠬᠦᠯᠢᠶᠡᠬᠦ;
(ᠲᠠᠪᠤ) ᠬᠤᠯᠪᠣᠭᠳᠠᠯ ᠪᠦᠬᠦᠢ ᠵᠠᠰᠠᠭ ᠵᠠᠬᠢᠷᠭ᠋ᠠᠨ᠎ᠤ ᠬᠢᠨᠠᠯᠲᠠ ᠲᠠᠯᠪᠢᠬᠤ ᠰᠠᠯᠠᠭ᠎ᠠ ᠮᠥᠴᠢᠷ᠎ᠠᠴᠠ ᠭᠠᠷᠭ᠋ᠠᠭᠰᠠᠨ ᠨᠥᠯᠥᠭᠡ ᠮᠠᠭᠤᠲᠠᠢ ᠦᠢ᠍ᠯᠡ ᠠᠵᠢᠯᠯᠠᠭ᠎ᠠ ᠵᠢ ᠰᠢᠢ᠍ᠳᠪᠦᠷᠢᠯᠡᠭᠰᠡᠨ ᠰᠢᠢ᠍ᠳᠪᠦᠷᠢᠳᠤ ᠭᠤᠮᠣᠳᠠᠯ ᠲᠣᠭ᠋ᠠᠴᠢᠯᠲᠠ ᠳᠤᠷᠠᠳᠬᠤ ᠡᠷᠬᠡ᠎ᠲᠠᠢ;
(ᠵᠢᠷᠭᠤᠭ᠎ᠠ) ᠬᠠᠤᠯᠢ ᠴᠠᠭ᠋ᠠᠵᠠ ᠬᠠᠤᠯᠢ ᠲᠣᠭᠲᠠᠭ᠋ᠠᠯ ᠲᠣᠭᠲᠠᠭ᠋ᠠᠯ ᠳᠦᠷᠢᠮ᠎ᠳᠤ ᠲᠣᠭᠲᠠᠭ᠋ᠠᠭᠰᠠᠨ ᠪᠤᠰᠤᠳ ᠡᠷᠬᠡ ᠠᠰᠢᠭ᠃
ᠠᠷᠪᠠᠨ ᠨᠠᠢ᠍ᠮᠠᠳᠤᠭ᠋ᠠᠷ ᠵᠦᠢ᠍ᠯ ᠲᠤᠰᠬᠠᠢ ᠮᠡᠷᠭᠡᠵᠢᠯᠲᠡᠨ ᠳᠣᠣᠷ᠎ᠠ ᠵᠢᠭᠰᠠᠭ᠋ᠠᠭᠰᠠᠨ ᠡᠭᠦᠷᠭᠡ ᠬᠠᠷᠢᠭᠤᠴᠠᠯᠭ᠎ᠠ ᠵᠢ ᠭᠦᠢ᠍ᠴᠡᠳᠭᠡᠬᠦ ᠬᠡᠷᠡᠭᠲᠡᠢ᠄
(ᠨᠢᠭᠡ) ᠲᠤᠬᠠᠶ᠋ᠢᠯᠠᠭᠰᠠᠨ ᠠᠵᠢᠯ᠎ᠤᠨ ᠰᠠᠬᠢᠯᠭ᠎ᠠ ᠵᠢᠷᠤᠮ᠎ᠢ ᠬᠢᠴᠢᠶᠡᠩᠭᠦᠶ᠋ᠢᠯᠡᠨ ᠰᠠᠬᠢᠵᠤ᠂ ᠳᠠᠭ᠋ᠠᠭ᠋ᠠᠴᠢᠯᠠᠯᠲᠠ ᠬᠢᠨᠠᠨ ᠦᠨᠡᠯᠡᠬᠦ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠬᠤᠯᠪᠣᠭᠳᠠᠯ ᠪᠦᠬᠦᠢ ᠠᠵᠢᠯ᠎ᠤᠨ ᠰᠠᠬᠢᠯᠭ᠎ᠠ ᠪᠠᠲᠤ ᠵᠢ ᠵᠢᠷᠤᠮᠯᠠᠨ ᠰᠠᠬᠢᠵᠤ᠂ ᠬᠠᠤᠯᠢ ᠲᠣᠭᠲᠠᠭ᠋ᠠᠯ ᠵᠶ᠋ᠠᠷ ᠵᠠᠶ᠋ᠢᠯᠠᠬᠤ ᠴᠢᠬᠤᠯᠠᠲᠠᠢ ᠪᠣᠯ ᠰᠠᠨᠠᠭ᠋ᠠᠴᠢᠯᠠᠭ᠎ᠠ᠎ᠠᠴᠠ᠎ᠪᠠᠨ ᠵᠠᠶ᠋ᠢᠯᠠᠬᠤ ᠳᠤᠷᠠᠳᠤᠯᠭ᠎ᠠ ᠭᠠᠷᠭ᠋ᠠᠬᠤ ᠬᠡᠷᠡᠭᠲᠡᠢ;
(ᠬᠤᠶᠠᠷ) ᠡᠷᠬᠡ ᠲᠡᠭᠰᠢ᠂ ᠲᠥᠪ ᠭᠤᠣᠯᠴᠢ᠂ ᠰᠢᠨᠵᠢᠯᠡᠬᠦ ᠤᠬᠠᠭ᠋ᠠᠨᠴᠢ᠂ ᠰᠢᠯᠢᠳᠡᠭ᠎ᠢ᠎ᠨᠢ ᠰᠣᠩᠭᠤᠬᠤ ᠵᠠᠷᠴᠢᠮ᠎ᠢ ᠵᠢᠷᠤᠮᠯᠠᠵᠤ᠂ ᠲᠣᠭᠲᠠᠭ᠋ᠠᠭᠰᠠᠨ ᠳᠡᠰ ᠳᠠᠷᠠᠭ᠋ᠠᠯᠠᠯ᠂ ᠪᠠᠷᠢᠮᠵᠢᠶ᠎ᠠ ᠪᠠ ᠠᠷᠭ᠎ᠠ ᠪᠠᠷᠢᠯ᠎ᠢ ᠦᠨᠳᠦᠰᠦᠯᠡᠵᠦ ᠲᠤᠰᠠᠭ᠋ᠠᠷ ᠳᠠᠭ᠋ᠠᠭ᠋ᠠᠴᠢᠯᠠᠯᠲᠠ ᠬᠢᠨᠠᠨ ᠦᠨᠡᠯᠡᠬᠦ ᠵᠢᠨ ᠬᠠᠮᠲᠤ ᠳᠠᠭ᠋ᠠᠭ᠋ᠠᠴᠢᠯᠠᠯᠲᠠ ᠬᠢᠨᠠᠨ ᠦᠨᠡᠯᠡᠬᠦ᠎ᠳᠤ ᠳᠤᠷᠠᠳᠤᠭᠰᠠᠨ ᠰᠠᠨᠠᠯ᠎ᠳᠤ᠎ᠪᠠᠨ ᠬᠤᠪᠢ ᠬᠦᠮᠦᠡᠤ ᠬᠠᠷᠢᠭᠤᠴᠠᠯᠭ᠎ᠠ ᠡᠭᠦᠷᠬᠡᠯᠡᠨ᠎ᠡ;
(ᠭᠤᠷᠪᠠ) ᠳᠠᠭ᠋ᠠᠭ᠋ᠠᠴᠢᠯᠠᠯᠲᠠ ᠬᠢᠨᠠᠨ ᠦᠨᠡᠯᠡᠬᠦ ᠶᠠᠪᠤᠴᠠ ᠵᠢᠨ ᠨᠢᠭᠤᠴᠠ ᠵᠢ ᠬᠠᠮᠠᠭ᠋ᠠᠯᠠᠨ᠎ᠠ;
(ᠳᠥᠷᠪᠡ) ᠳᠠᠭ᠋ᠠᠭ᠋ᠠᠴᠢᠯᠠᠯᠲᠠ ᠬᠢᠨᠠᠨ ᠦᠨᠡᠯᠡᠬᠦ ᠠᠵᠢᠯ᠎ᠤᠨ ᠰᠠᠬᠢᠯᠭ᠎ᠠ ᠪᠠᠲᠤ ᠵᠢ ᠵᠢᠷᠤᠮᠯᠠᠨ ᠰᠠᠬᠢᠵᠤ᠂ ᠬᠤᠯᠪᠣᠭᠳᠠᠯ ᠪᠦᠬᠦᠢ ᠵᠠᠰᠠᠭ ᠵᠠᠬᠢᠷᠭ᠋ᠠᠨ᠎ᠤ ᠬᠢᠨᠠᠯᠲᠠ ᠲᠠᠯᠪᠢᠬᠤ ᠰᠠᠯᠠᠭ᠎ᠠ ᠮᠥᠴᠢᠷ᠎ᠤᠨ ᠬᠢᠨᠠᠯᠲᠠ ᠬᠠᠮᠢᠶᠠᠷᠤᠯᠲᠠ ᠵᠢ ᠬᠦᠯᠢᠶᠡᠨ᠎ᠡ;
(ᠲᠠᠪᠤ) ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠣᠯᠵᠤ ᠮᠡᠳᠡᠭᠰᠡᠨ ᠵᠢᠴᠢ ᠳᠠᠭ᠋ᠠᠭ᠋ᠠᠴᠢᠯᠠᠯᠲᠠ ᠬᠢᠨᠠᠨ ᠦᠨᠡᠯᠡᠬᠦ ᠶᠠᠪᠤᠴᠠ ᠪᠠ ᠦᠷ᠎ᠡ ᠳ᠋ᠦᠩ᠎ᠨᠢ ᠬᠠᠤᠯᠢ ᠪᠤᠰᠤ ᠨᠥᠯᠥᠭᠡ ᠪᠤᠶᠤ ᠭᠠᠷ ᠳᠦᠷᠦᠬᠦ ᠠᠵᠢᠯᠯᠠᠭ᠎ᠠ᠎ᠳᠤ ᠨᠥᠯᠥᠭᠡᠯᠡᠭᠳᠡᠭᠰᠡᠨ ᠪᠠᠶ᠋ᠢᠪᠠᠯ᠂ ᠬᠤᠯᠪᠣᠭᠳᠠᠯ ᠪᠦᠬᠦᠢ ᠵᠠᠰᠠᠭ ᠵᠠᠬᠢᠷᠭ᠋ᠠᠨ᠎ᠤ ᠬᠢᠨᠠᠯᠲᠠ ᠲᠠᠯᠪᠢᠬᠤ ᠰᠠᠯᠠᠭ᠎ᠠ ᠮᠥᠴᠢᠷ᠎ᠲᠤ ᠴᠠᠭ ᠲᠤᠬᠠᠢᠳᠤᠨᠢ ᠮᠡᠳᠡᠭᠦᠯᠦᠨ᠎ᠡ;
(ᠵᠢᠷᠭᠤᠭ᠎ᠠ) ᠬᠤᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠵᠢᠯᠴᠠᠵᠤ ᠪᠠᠶ᠋ᠢᠭ᠋ᠠᠳ ᠳᠠᠭ᠋ᠠᠭ᠋ᠠᠴᠢᠯᠠᠯᠲᠠ ᠬᠢᠨᠠᠨ ᠦᠨᠡᠯᠡᠭᠰᠡᠨ ᠦᠷ᠎ᠡ ᠳ᠋ᠦᠩ᠎ᠤᠨ ᠲᠠᠯ᠎ᠠ᠎ᠪᠠᠷ ᠣᠨᠳᠣᠣ ᠰᠠᠨᠠᠯ (ᠰᠡᠵᠢᠭᠯᠡᠯ) ᠳᠤᠷᠠᠳᠤᠭᠰᠠᠨ᠂ ᠵᠠᠭ᠋ᠠᠯᠳᠤᠭᠰᠠᠨ᠂ ᠢᠯᠡᠴᠢᠯᠡᠨ ᠮᠡᠳᠡᠭᠦᠯᠦᠭᠰᠡᠨ ᠵᠡᠷᠭᠡ ᠵᠢᠨ ᠳᠠᠬᠢᠨ ᠬᠠᠷᠭᠤᠭᠤᠯᠬᠤ᠂ ᠳᠠᠬᠢᠨ ᠬᠢᠨᠠᠬᠤ ᠵᠡᠷᠭᠡ ᠵᠦᠢ᠍ᠯᠡᠰ᠎ᠲᠤ ᠬᠠᠷᠢᠭᠤᠯᠲᠠ ᠥᠭᠬᠦ;
(ᠳᠣᠯᠤᠭ᠎ᠠ) ᠬᠤᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠵᠣᠬᠢᠶᠠᠨ ᠪᠠᠶ᠋ᠢᠭᠤᠯᠤᠭᠰᠠᠨ ᠬᠥᠮᠥᠵᠢᠯ ᠪᠣᠯᠪᠠᠰᠤᠷᠠᠯ ᠪᠠ ᠰᠢᠯᠭ᠋ᠠᠨ ᠬᠢᠨᠠᠵᠤ ᠦᠨᠡᠯᠡᠯᠲᠡ ᠬᠢᠬᠦ ᠠᠵᠢᠯ᠎ᠳᠤ ᠣᠷᠣᠯᠴᠠᠨ᠎ᠠ;
(ᠨᠠᠢ᠍ᠮᠠ) ᠬᠤᠪᠢ ᠬᠥᠮᠥᠨ᠎ᠤ ᠮᠡᠳᠡᠭᠡ ᠵᠠᠩᠬᠢ᠎ᠪᠠᠨ ᠦᠨᠡᠨ ᠪᠣᠳᠠᠲᠠᠢ᠎ᠪᠠᠷ ᠲᠠᠭᠯᠠᠨ ᠮᠡᠳᠡᠭᠦᠯᠬᠦ ᠵᠢᠨ ᠬᠠᠮᠲᠤ ᠴᠠᠭ ᠲᠤᠬᠠᠢᠳᠤᠨᠢ ᠵᠠᠰᠠᠪᠤᠷᠢᠯᠠᠨ᠎ᠠ;
(ᠶᠢᠰᠦ) ᠬᠠᠤᠯᠢ ᠴᠠᠭ᠋ᠠᠵᠠ ᠬᠠᠤᠯᠢ ᠲᠣᠭᠲᠠᠭ᠋ᠠᠯ ᠲᠣᠭᠲᠠᠭ᠋ᠠᠯ ᠳᠦᠷᠢᠮ᠎ᠳᠤ ᠲᠣᠭᠲᠠᠭ᠋ᠠᠭᠰᠠᠨ ᠪᠤᠰᠤᠳ ᠡᠭᠦᠷᠭᠡ ᠬᠠᠷᠢᠭᠤᠴᠠᠯᠭ᠎ᠠ᠃
ᠠᠷᠪᠠ ᠶᠢᠰᠦᠳᠦᠭᠡᠷ ᠵᠦᠢ᠍ᠯ ᠲᠤᠰᠬᠠᠢ ᠮᠡᠷᠭᠡᠵᠢᠯᠲᠡᠨ᠎ᠨᠢ ᠠᠵᠢᠯ ᠠᠯᠪᠠ᠂ ᠪᠡᠶ᠎ᠡ ᠮᠠᠬᠠᠪᠤᠳ᠎ᠤᠨ ᠵᠡᠷᠭᠡ ᠰᠢᠯᠲᠠᠭ᠋ᠠᠨ᠎ᠠᠴᠠ ᠪᠣᠯᠵᠤ᠂ ᠣᠬᠤᠷ ᠬᠤᠭᠤᠴᠠᠭ᠋ᠠᠨ᠎ᠳᠤ ᠳᠠᠭ᠋ᠠᠭ᠋ᠠᠴᠢᠯᠠᠯᠲᠠ ᠬᠢᠨᠠᠨ ᠦᠨᠡᠯᠡᠬᠦ ᠠᠵᠢᠯᠯᠠᠭ᠎ᠠ᠎ᠳᠤ ᠣᠷᠣᠯᠴᠠᠵᠤ ᠳᠡᠶ᠋ᠢᠯᠬᠦ ᠦᠭᠡᠢ ᠪᠣᠯ᠂ ᠲᠤᠰᠬᠠᠢ ᠮᠡᠷᠭᠡᠵᠢᠯᠲᠡᠨ᠎ᠤ ᠬᠤᠪᠢ ᠬᠥᠮᠥᠨ᠎ᠤ ᠰᠦᠯᠵᠢᠶᠡᠨ ᠨᠢᠭᠤᠷ᠎ᠲᠤ ᠤᠷᠢᠳᠴᠢᠯᠠᠨ ᠴᠢᠯᠦᠭᠡ ᠭᠤᠶᠣᠵᠤ ᠥᠩᠭᠡᠷᠡᠭᠰᠡᠨ ᠬᠤᠶ᠋ᠢᠨ᠎ᠠ ᠥᠪᠡᠰᠦᠪᠡᠨ ᠴᠢᠯᠦᠭᠡ᠎ᠪᠠᠨ ᠲᠠᠶ᠋ᠢᠯᠬᠤ ᠬᠡᠷᠡᠭᠲᠡᠢ᠃
ᠬᠤᠷᠢᠳᠤᠭ᠋ᠠᠷ ᠵᠦᠢ᠍ᠯ ᠲᠤᠰᠬᠠᠢ ᠮᠡᠷᠭᠡᠵᠢᠯᠲᠡᠨ ᠳᠣᠣᠷ᠎ᠠ ᠵᠢᠭᠰᠠᠭ᠋ᠠᠭᠰᠠᠨ ᠠᠵᠢᠯ᠎ᠤᠨ ᠰᠠᠬᠢᠯᠭ᠎ᠠ ᠪᠠᠲᠤ ᠵᠢ ᠵᠢᠷᠤᠮᠯᠠᠨ ᠰᠠᠬᠢᠬᠤ ᠬᠡᠷᠡᠭᠲᠡᠢ᠄
(ᠨᠢᠭᠡ) ᠤᠷᠢᠯᠭ᠎ᠠ ᠵᠢ ᠬᠦᠯᠢᠶᠡᠭᠡᠳ᠂ ᠤᠴᠢᠷ ᠰᠢᠯᠲᠠᠭ᠋ᠠᠨ᠎ᠠᠴᠠ ᠪᠣᠯᠵᠤ ᠳᠠᠭ᠋ᠠᠭ᠋ᠠᠴᠢᠯᠠᠯᠲᠠ ᠬᠢᠨᠠᠨ ᠦᠨᠡᠯᠡᠬᠦ ᠠᠵᠢᠯᠯᠠᠭ᠎ᠠ᠎ᠳᠤ ᠣᠷᠣᠯᠴᠠᠵᠤ ᠳᠡᠶ᠋ᠢᠯᠬᠦ ᠦᠭᠡᠢ ᠪᠣᠯ ᠲᠣᠭᠲᠠᠭ᠋ᠠᠭᠰᠠᠨ ᠨᠡᠷ᠎ᠡ ᠪᠦᠷᠢᠳᠭᠡᠭᠦᠯᠬᠦ ᠴᠠᠭ᠎ᠠᠴᠠ ᠡᠮᠦᠨ᠎ᠡ ᠴᠠᠭ ᠲᠤᠬᠠᠢᠳᠤᠨᠢ ᠴᠢᠯᠦᠭᠡ ᠭᠤᠶᠣᠬᠤ ᠬᠡᠷᠡᠭᠲᠡᠢ;
(ᠬᠤᠶᠠᠷ) ᠱᠠᠭ᠋ᠠᠷᠳᠠᠯᠭ᠎ᠠ ᠶᠣᠰᠣᠭ᠋ᠠᠷ ᠲᠣᠭᠲᠠᠭᠰᠠᠨ ᠭᠠᠵᠠᠷ᠎ᠲᠤ ᠴᠠᠭ᠎ᠲᠤ᠎ᠪᠠᠨ ᠬᠦᠷᠴᠦ᠂ ᠲᠣᠭᠲᠠᠭᠰᠠᠨ ᠨᠡᠷ᠎ᠡ ᠪᠦᠷᠢᠳᠭᠡᠭᠦᠯᠬᠦ ᠴᠠᠭ᠎ᠠᠴᠠ᠎ᠪᠠᠨ 1 ᠴᠠᠭ ᠬᠤᠵᠢᠮᠳᠠᠭ᠋ᠠᠳ (1 ᠴᠠᠭ᠎ᠢ ᠪᠠᠭᠲᠠᠭ᠋ᠠᠵᠤ᠂ ᠡᠯ᠎ᠡ ᠠᠶ᠋ᠢᠮᠠᠭ ᠬᠤᠲᠠ᠎ᠨᠢ ᠪᠣᠳᠠᠲᠤ ᠪᠠᠶ᠋ᠢᠳᠠᠯ ᠵᠶ᠋ᠠᠨ ᠦᠨᠳᠦᠰᠦᠯᠡᠨ ᠥᠪᠡᠰᠦᠪᠡᠨ ᠲᠣᠬᠢᠷᠠᠭᠤᠯᠵᠤ ᠪᠣᠯᠣᠨ᠎ᠠ) ᠮᠥᠨ ᠴᠦ᠍ ᠲᠤᠬᠠᠢ ᠵᠢᠨ ᠲᠠᠯᠠᠪᠠᠢ᠎ᠳᠤ ᠬᠥᠷᠥᠭᠰᠡᠨ ᠦᠭᠡᠢ ᠪᠠᠶ᠋ᠢᠪᠠᠯ᠂ ᠤᠴᠢᠷ ᠰᠢᠯᠲᠠᠭ᠋ᠠᠨ ᠦᠭᠡᠢ᠎ᠪᠠᠷ ᠰᠠᠭ᠋ᠠᠲᠠᠭᠰᠠᠨ ᠵᠶ᠋ᠠᠷ ᠰᠢᠢ᠍ᠳᠪᠦᠷᠢᠯᠡᠨ᠂ ᠲᠣᠰ ᠤᠳᠠᠭ᠋ᠠᠨ᠎ᠤ ᠲᠥᠷᠥᠯ ᠵᠦᠢ᠍ᠯ᠎ᠤᠨ ᠳᠠᠭ᠋ᠠᠭ᠋ᠠᠴᠢᠯᠠᠯᠲᠠ ᠬᠢᠨᠠᠨ ᠦᠨᠡᠯᠡᠬᠦ ᠬᠢᠷᠢ ᠭᠡᠮ᠎ᠢ᠎ᠨᠢ ᠬᠠᠰᠤᠨ᠎ᠠ;
(ᠭᠤᠷᠪᠠ) ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠠᠨ᠎ᠤ ᠲᠠᠪᠴᠠᠩ᠎ᠤᠨ ᠠᠵᠢᠯᠯᠠᠭᠤᠯᠵᠤ ᠦᠢ᠍ᠯᠡᠴᠢᠯᠡᠬᠦ ᠪᠠᠶ᠋ᠢᠭᠤᠯᠤᠮᠵᠢ ᠵᠢᠨ ᠳᠠᠭ᠋ᠠᠭ᠋ᠠᠴᠢᠯᠠᠯᠲᠠ ᠬᠢᠨᠠᠨ ᠦᠨᠡᠯᠡᠬᠦ ᠲᠤᠬᠠᠢ ᠵᠢᠨ ᠲᠠᠯᠠᠪᠠᠢ ᠵᠢᠨ ᠬᠠᠮᠢᠶᠠᠷᠤᠯᠲᠠ ᠵᠢ ᠳᠠᠭ᠋ᠠᠨ᠎ᠠ;
(ᠳᠥᠷᠪᠡ) ᠳᠠᠭ᠋ᠠᠭ᠋ᠠᠴᠢᠯᠠᠯᠲᠠ ᠬᠢᠨᠠᠨ ᠦᠨᠡᠯᠡᠬᠦ ᠣᠷᠣᠨ ᠬᠡᠪᠴᠢᠶᠡᠨ᠎ᠳᠤ ᠣᠷᠣᠬᠤ᠎ᠠᠴᠠ ᠡᠮᠦᠨ᠎ᠡ᠂ ᠱᠠᠭ᠋ᠠᠷᠳᠠᠯᠭ᠎ᠠ ᠶᠣᠰᠣᠭ᠋ᠠᠷ ᠪᠡᠶ᠎ᠡ ᠭᠡᠮ᠎ᠤᠨ ᠮᠡᠳᠡᠭᠡ ᠵᠠᠩᠬᠢ᠎ᠪᠠᠨ ᠨᠤᠲᠠᠯᠠᠭᠤᠯᠬᠤ ᠵᠢᠨ ᠬᠠᠮᠲᠤ ᠴᠢᠮᠡᠭᠡ ᠬᠤᠯᠪᠣᠭ᠋ᠠᠨ᠎ᠤ ᠪᠠᠭ᠋ᠠᠵᠢ ᠬᠡᠷᠡᠭᠰᠡᠯ (ᠡᠯᠧᠺᠳ᠋ᠷᠣᠨ ᠲᠥᠬᠦᠭᠡᠷᠦᠮᠵᠢ᠂ ᠰᠢᠯᠵᠢᠮᠡᠯ ᠬᠠᠳᠠᠭ᠋ᠠᠯᠠᠬᠤ ᠲᠥᠬᠦᠭᠡᠷᠦᠮᠵᠢ ᠵᠡᠷᠭᠡ ᠵᠢ ᠪᠠᠭᠲᠠᠭ᠋ᠠᠨ᠎ᠠ) ᠵᠶ᠋ᠠᠨ ᠬᠠᠳᠠᠭ᠋ᠠᠯᠠᠭᠤᠯᠬᠤ ᠬᠡᠷᠡᠭᠲᠡᠢ;
(ᠲᠠᠪᠤ) ᠪᠤᠰᠤᠳ ᠬᠥᠮᠥᠨ᠎ᠳᠤ ᠨᠠᠶ᠋ᠢᠳᠠᠬᠤ ᠪᠤᠶᠤ ᠳᠠᠭ᠋ᠠᠭ᠋ᠠᠴᠢᠯᠠᠯᠲᠠ ᠵᠠᠷᠯᠠᠭᠴᠢ᠎ᠠᠴᠠ ᠭᠠᠳᠠᠨᠠᠬᠢ ᠬᠥᠮᠥᠨ᠎ᠤ ᠨᠠᠶ᠋ᠢᠳᠠᠯᠭ᠎ᠠ᠎ᠪᠠᠷ ᠳᠠᠭ᠋ᠠᠭ᠋ᠠᠴᠢᠯᠠᠯᠲᠠ ᠬᠢᠨᠠᠨ ᠦᠨᠡᠯᠡᠬᠦ ᠠᠵᠢᠯᠯᠠᠭ᠎ᠠ᠎ᠳᠤ ᠣᠷᠣᠯᠴᠠᠵᠤ ᠪᠣᠯᠬᠤ ᠦᠭᠡᠢ;
(ᠵᠢᠷᠭᠤᠭ᠎ᠠ) ᠳᠠᠭ᠋ᠠᠭ᠋ᠠᠴᠢᠯᠠᠯᠲᠠ ᠬᠢᠨᠠᠨ ᠦᠨᠡᠯᠡᠬᠦ ᠺᠣᠮᠢᠰ᠎ᠤᠨ ᠪᠤᠰᠤᠳ ᠪᠦᠷᠢᠯᠳᠦᠭᠦᠨ᠎ᠤ ᠲᠤᠰᠠᠭ᠋ᠠᠷ ᠬᠢᠨᠠᠨ ᠦᠨᠡᠯᠡᠬᠦ ᠵᠢ ᠵᠦᠢ ᠪᠤᠰᠤ᠎ᠪᠠᠷ ᠨᠥᠯᠥᠭᠡᠯᠡᠵᠦ ᠪᠣᠯᠬᠤ ᠦᠭᠡᠢ;
(ᠳᠣᠯᠤᠭ᠎ᠠ) ᠳᠠᠭ᠋ᠠᠭ᠋ᠠᠴᠢᠯᠠᠯᠲᠠ ᠬᠦᠯᠢᠶᠡᠭᠴᠢ᠎ᠲᠠᠢ ᠳᠠᠯᠳᠠᠭᠤᠷ ᠬᠠᠷᠢᠯᠴᠠᠵᠤ ᠪᠣᠯᠬᠤ ᠦᠭᠡᠢ᠂ ᠳᠠᠭ᠋ᠠᠭ᠋ᠠᠴᠢᠯᠠᠯᠲᠠ ᠬᠦᠯᠢᠶᠡᠭᠴᠢ᠂ ᠵᠠᠭᠤᠴᠢ ᠬᠥᠮᠥᠨ᠂ ᠪᠤᠰᠤᠳ ᠠᠰᠢᠭ ᠬᠤᠣᠷ᠎ᠤᠨ ᠬᠠᠷᠢᠴᠠᠭ᠎ᠠ᠎ᠲᠠᠢ ᠬᠥᠮᠥᠨ᠎ᠤ ᠡᠳ᠋ ᠪᠣᠳᠠᠰ ᠪᠤᠶᠤ ᠪᠤᠰᠤᠳ ᠣᠯᠵᠠ ᠠᠰᠢᠭ᠎ᠢ ᠬᠦᠯᠢᠶᠡᠨ ᠠᠪᠴᠤ ᠪᠣᠯᠬᠤ ᠦᠭᠡᠢ;
(ᠨᠠᠢ᠍ᠮᠠ) ᠶᠠᠮᠠᠷᠪᠠ ᠨᠢᠭᠡᠴᠢ ᠪᠤᠶᠤ ᠬᠤᠪᠢ ᠬᠥᠮᠥᠨ᠎ᠤ ᠢᠯᠡ᠎ᠪᠠᠷ ᠬᠡᠯᠡᠬᠦ ᠪᠤᠶᠤ ᠪᠢᠲᠡᠭᠦᠦ᠎ᠪᠠᠷ ᠳᠣᠬᠢᠵᠤ ᠳᠤᠷᠠᠳᠤᠭᠰᠠᠨ ᠣᠨᠴᠠ ᠨᠢᠭᠡᠨ ᠳᠠᠭ᠋ᠠᠭ᠋ᠠᠴᠢᠯᠠᠯᠲᠠ ᠬᠦᠯᠢᠶᠡᠭᠴᠢ᠎ᠳᠤ ᠬᠡᠯᠪᠡᠶ᠋ᠢᠯᠭᠡᠬᠦ ᠪᠤᠶᠤ ᠭᠠᠳᠠᠭᠤᠷᠴᠢᠯᠠᠬᠤ ᠱᠠᠭ᠋ᠠᠷᠳᠠᠯᠭ᠎ᠠ ᠵᠢ ᠬᠦᠯᠢᠶᠡᠵᠦ ᠪᠣᠯᠬᠤ ᠦᠭᠡᠢ;
(ᠶᠢᠰᠦ) ᠳᠠᠭ᠋ᠠᠭ᠋ᠠᠴᠢᠯᠠᠯᠲᠠ ᠬᠢᠨᠠᠨ ᠦᠨᠡᠯᠡᠬᠦ ᠺᠣᠮᠢᠰ᠎ᠤᠨ ᠪᠦᠷᠢᠯᠳᠦᠭᠦᠨ᠎ᠤ ᠪᠡᠶ᠎ᠡ ᠭᠡᠮ ᠪᠠ ᠳᠠᠭ᠋ᠠᠭ᠋ᠠᠴᠢᠯᠠᠯᠲᠠ ᠬᠢᠨᠠᠨ ᠦᠨᠡᠯᠡᠬᠦ ᠲᠥᠷᠥᠯ ᠵᠦᠢ᠍ᠯ᠎ᠢ ᠵᠠᠳᠠᠷᠠᠭᠤᠯᠵᠤ ᠪᠣᠯᠬᠤ ᠦᠭᠡᠢ;
(ᠠᠷᠪᠠ) ᠳᠠᠭ᠋ᠠᠭ᠋ᠠᠴᠢᠯᠠᠯᠲᠠ ᠬᠦᠯᠢᠶᠡᠭᠰᠡᠨ ᠪᠢᠴᠢᠭ ᠮᠠᠲ᠋ᠧᠷᠢᠶᠠᠯ᠎ᠢ ᠬᠢᠨᠠᠵᠤ ᠦᠨᠡᠯᠡᠭᠰᠡᠨ ᠪᠠ ᠬᠠᠷᠢᠴᠠᠭᠤᠯᠤᠭᠰᠠᠨ ᠪᠠᠶ᠋ᠢᠳᠠᠯ᠂ ᠳᠠᠭ᠋ᠠᠭ᠋ᠠᠴᠢᠯᠠᠯᠲᠠ ᠨᠣᠭᠳᠠᠬᠤ᠎ᠪᠠᠷ ᠵᠢᠱ᠌ᠢᠭᠳᠡᠭᠰᠡᠳ᠎ᠢ ᠰᠣᠩᠭᠤᠨ ᠲᠠᠨᠢᠯᠴᠠᠭᠤᠯᠤᠭᠰᠠᠨ ᠪᠠᠶ᠋ᠢᠳᠠᠯ᠂ ᠳᠠᠭ᠋ᠠᠭ᠋ᠠᠴᠢᠯᠠᠯᠲᠠ ᠬᠢᠨᠠᠨ ᠦᠨᠡᠯᠡᠬᠦ ᠶᠠᠪᠤᠴᠠ᠎ᠳᠤ ᠣᠶ᠋ᠢᠯᠠᠭ᠋ᠠᠭᠰᠠᠨ ᠤᠯᠤᠰ᠎ᠤᠨ ᠨᠢᠭᠤᠴᠠ ᠪᠠ ᠬᠤᠳᠠᠯᠳᠤᠭ᠋ᠠᠨ᠎ᠤ ᠨᠢᠭᠤᠴᠠ ᠵᠢᠴᠢ ᠳᠠᠭ᠋ᠠᠭ᠋ᠠᠴᠢᠯᠠᠯᠲᠠ ᠬᠢᠨᠠᠨ ᠦᠨᠡᠯᠡᠬᠦᠯᠦᠭᠡ ᠬᠤᠯᠪᠣᠭᠳᠠᠯ ᠪᠦᠬᠦᠢ ᠪᠤᠰᠤᠳ ᠪᠠᠶ᠋ᠢᠳᠠᠯ᠎ᠢ ᠵᠠᠳᠠᠷᠠᠭᠤᠯᠵᠤ ᠪᠣᠯᠬᠤ ᠦᠭᠡᠢ;
(ᠠᠷᠪᠠᠨ ᠨᠢᠭᠡ) ᠳᠠᠭ᠋ᠠᠭ᠋ᠠᠴᠢᠯᠠᠯᠲᠠ ᠬᠢᠨᠠᠨ ᠦᠨᠡᠯᠡᠬᠦ ᠴᠠᠭ ᠬᠤᠭᠤᠴᠠᠭ᠎ᠠ ᠵᠢ ᠵᠣᠷᠢᠭᠤᠳᠠ ᠬᠤᠶ᠋ᠢᠰᠢᠯᠠᠭᠤᠯᠬᠤ ᠪᠤᠶᠤ ᠠᠯᠪᠠ ᠬᠠᠰᠢᠵᠤ ᠠᠮᠠ ᠪᠥᠭᠯᠡᠭᠡᠳ ᠳᠤᠷ᠎ᠠ᠎ᠪᠠᠷ ᠳᠠᠭ᠋ᠠᠭ᠋ᠠᠴᠢᠯᠠᠯᠲᠠ ᠬᠢᠨᠠᠨ ᠦᠨᠡᠯᠡᠵᠦ ᠪᠣᠯᠬᠤ ᠦᠭᠡᠢ;
(ᠠᠷᠪᠠᠨ ᠬᠤᠶᠠᠷ) ᠳᠠᠭ᠋ᠠᠭ᠋ᠠᠴᠢᠯᠠᠯᠲᠠ ᠬᠢᠨᠠᠨ ᠦᠨᠡᠯᠡᠭᠰᠡᠨ ᠬᠠᠤᠯᠢ ᠶᠣᠰᠣᠨ᠎ᠤ ᠬᠥᠳᠡᠯᠮᠦᠷᠢ ᠦᠢ᠍ᠯᠡᠴᠢᠯᠡᠭᠡᠨ᠎ᠤ ᠬᠠᠷᠠᠮᠵᠢ᠎ᠠᠴᠠ ᠭᠠᠳᠠᠨ᠎ᠠ ᠬᠥᠯᠥᠰᠦ ᠣᠯᠭᠤᠮᠵᠢ ᠪᠤᠶᠤ ᠪᠤᠰᠤᠳ ᠣᠯᠵᠠ ᠠᠰᠢᠭ᠎ᠢ ᠨᠡᠬᠡᠨ ᠠᠪᠬᠤ ᠪᠤᠶᠤ ᠬᠦᠯᠢᠶᠡᠨ ᠠᠪᠴᠤ ᠪᠣᠯᠬᠤ ᠦᠭᠡᠢ;
(ᠠᠷᠪᠠᠨ ᠭᠤᠷᠪᠠ) ᠲᠥᠪ ᠭᠤᠣᠯᠴᠢ᠎ᠪᠠᠷ ᠳᠠᠭ᠋ᠠᠭ᠋ᠠᠴᠢᠯᠠᠯᠲᠠ ᠬᠢᠨᠠᠨ ᠦᠨᠡᠯᠡᠬᠦ ᠵᠢ ᠨᠥᠯᠥᠭᠡᠯᠡᠵᠦ ᠮᠡᠳᠡᠬᠦ ᠸᠢᠴᠠᠲ ᠬᠤᠯᠪᠣᠭ᠎ᠠ᠂ QQ ᠬᠤᠯᠪᠣᠭ᠎ᠠ ᠵᠡᠷᠭᠡ ᠲᠣᠣᠷ ᠰᠦᠯᠵᠢᠶᠡᠨ᠎ᠤ ᠴᠢᠮᠡᠭᠡ ᠬᠤᠯᠪᠣᠭ᠋ᠠᠨ᠎ᠤ ᠪᠦᠯᠬᠦᠮ ᠬᠤᠯᠪᠣᠭ᠎ᠠ ᠪᠠᠶ᠋ᠢᠭᠤᠯᠬᠤ ᠪᠤᠶᠤ ᠡᠳᠡᠭᠡᠷ᠎ᠲᠤ ᠣᠷᠣᠬᠤ ᠵᠢ ᠡᠷᠡᠰ ᠴᠠᠭ᠋ᠠᠵᠠᠯᠠᠨ᠎ᠠ;
(ᠠᠷᠪᠠᠨ ᠳᠥᠷᠪᠡ) ᠳᠠᠭ᠋ᠠᠭ᠋ᠠᠴᠢᠯᠠᠯᠲᠠ ᠬᠦᠯᠢᠶᠡᠭᠴᠢ ᠵᠢ ᠪᠢᠲᠡᠭᠦᠦ᠎ᠪᠠᠷ ᠳᠣᠬᠢᠬᠤ ᠪᠤᠶᠤ ᠥᠳᠥᠭᠡᠵᠦ ᠪᠠᠶ᠋ᠢᠭ᠋ᠠᠳ ᠲᠠᠶ᠋ᠢᠯᠪᠤᠷᠢ ᠲᠣᠳᠣᠷᠬᠠᠶ᠋ᠢᠯᠠᠯᠲᠠ ᠬᠢᠯᠭᠡᠬᠦ ᠪᠤᠶᠤ ᠳᠠᠭ᠋ᠠᠭ᠋ᠠᠴᠢᠯᠠᠯᠲᠠ ᠬᠦᠯᠢᠶᠡᠭᠴᠢ ᠵᠢᠨ ᠰᠠᠨᠠᠭ᠋ᠠᠴᠢᠯᠠᠭ᠎ᠠ᠎ᠠᠴᠠ᠎ᠪᠠᠨ ᠳᠤᠷᠠᠳᠤᠭᠰᠠᠨ ᠲᠠᠶ᠋ᠢᠯᠪᠤᠷᠢ ᠲᠣᠳᠣᠷᠬᠠᠶ᠋ᠢᠯᠠᠯᠲᠠ ᠵᠢ ᠬᠦᠯᠢᠶᠠᠨ ᠠᠪᠴᠤ ᠪᠣᠯᠬᠤ ᠦᠭᠡᠢ;
(ᠠᠷᠪᠠᠨ ᠲᠠᠪᠤ) ᠵᠦᠢ ᠶᠣᠰᠣᠨ᠎ᠤ ᠰᠢᠯᠲᠠᠭ᠋ᠠᠨ ᠦᠭᠡᠢ᠎ᠪᠠᠷ ᠳᠠᠭ᠋ᠠᠭ᠋ᠠᠴᠢᠯᠠᠯᠲᠠ ᠬᠢᠨᠠᠨ ᠦᠨᠡᠯᠡᠬᠦ ᠮᠡᠳᠡᠭᠦᠯᠦᠯᠲᠡ ᠳᠡᠭᠡᠷ᠎ᠡ ᠭᠠᠷᠤᠨ ᠦᠰᠦᠭ ᠵᠢᠷᠤᠬᠤ ᠵᠢ ᠲᠡᠪᠴᠢᠵᠦ ᠪᠣᠯᠬᠤ ᠦᠭᠡᠢ;
(ᠠᠷᠪᠠᠨ ᠵᠢᠷᠭᠤᠭ᠎ᠠ) ᠳᠠᠭ᠋ᠠᠭ᠋ᠠᠴᠢᠯᠠᠯᠲᠠ ᠬᠢᠨᠠᠨ ᠦᠨᠡᠯᠡᠬᠦ ᠶᠠᠪᠤᠴᠠ᠎ᠳᠤ ᠬᠤᠯᠪᠣᠭᠳᠠᠭᠰᠠᠨ ᠮᠠᠲ᠋ᠧᠷᠢᠶᠠᠯ ᠪᠤᠶᠤ ᠲᠤᠭ᠎ᠠ ᠪᠠᠷᠢᠮᠲᠠ ᠵᠢᠨ ᠮᠡᠳᠡᠭᠡ ᠵᠠᠩᠬᠢ ᠵᠡᠷᠭᠡ ᠵᠢ ᠳᠠᠭ᠋ᠠᠭ᠋ᠠᠴᠢᠯᠠᠯᠲᠠ ᠬᠢᠨᠠᠨ ᠦᠨᠡᠯᠡᠬᠦ ᠣᠷᠣᠨ ᠬᠡᠪᠴᠢᠶᠡᠨ᠎ᠠᠴᠠ ᠠᠪᠴᠤ ᠭᠠᠷᠴᠤ ᠪᠣᠯᠬᠤ ᠦᠭᠡᠢ;
(ᠠᠷᠪᠠᠨ ᠳᠣᠯᠤᠭ᠎ᠠ) ᠳᠠᠭ᠋ᠠᠭ᠋ᠠᠴᠢᠯᠠᠯᠲᠠ ᠬᠢᠨᠠᠨ ᠦᠨᠡᠯᠡᠬᠦ ᠡᠮᠬᠢ ᠳᠢᠭᠯᠢᠮ᠎ᠢ ᠨᠥᠯᠥᠭᠡᠯᠡᠬᠦ ᠪᠤᠰᠤᠳ ᠦᠢ᠍ᠯᠡ ᠠᠵᠢᠯᠯᠠᠭ᠎ᠠ᠎ᠲᠠᠢ ᠪᠠᠶ᠋ᠢᠵᠤ ᠪᠣᠯᠬᠤ ᠦᠭᠡᠢ᠃
ᠲᠠᠪᠤᠳᠤᠭ᠋ᠠᠷ ᠪᠦᠯᠦᠭ ᠰᠤᠭᠤᠴᠢᠨ ᠬᠡᠷᠡᠭᠯᠡᠬᠦ ᠬᠠᠮᠢᠶᠠᠷᠤᠯᠲᠠ
ᠬᠤᠷᠢᠨ ᠨᠢᠭᠡᠳᠦᠭᠡᠷ ᠵᠦᠢ᠍ᠯ ᠡᠯ᠎ᠡ ᠱᠠᠲᠤᠨ᠎ᠤ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠠᠨ᠎ᠤ ᠲᠠᠪᠴᠠᠩ᠎ᠤᠨ ᠠᠵᠢᠯᠯᠠᠭᠤᠯᠵᠤ ᠦᠢ᠍ᠯᠡᠴᠢᠯᠡᠬᠦ ᠪᠠᠶ᠋ᠢᠭᠤᠯᠤᠮᠵᠢ᠎ᠨᠢ ᠰᠦᠯᠵᠢᠶᠡᠨ᠎ᠳᠠᠬᠢ ᠪᠠ ᠰᠦᠯᠵᠢᠶᠡᠨ᠎ᠠᠴᠠ ᠭᠠᠳᠠᠭᠤᠷ ᠲᠤᠰᠬᠠᠢ ᠮᠡᠷᠭᠡᠵᠢᠯᠲᠡᠨ᠎ᠢ ᠰᠤᠭᠤᠴᠢᠨ ᠬᠡᠷᠡᠭᠯᠡᠬᠦ ᠦᠢ᠍ᠯᠡᠴᠢᠯᠡᠭᠦᠷ᠎ᠤᠨ ᠦᠵᠦᠭᠦᠷ᠎ᠢ ᠲᠣᠬᠢᠷᠠᠭᠤᠯᠤᠨ᠂ ᠲᠤᠰᠬᠠᠢ ᠮᠡᠷᠭᠡᠵᠢᠯᠲᠡᠨ᠎ᠢ ᠰᠤᠭᠤᠴᠢᠨ ᠬᠡᠷᠡᠭᠯᠡᠬᠦ ᠦᠢ᠍ᠯᠡᠴᠢᠯᠡᠭᠡᠨ᠎ᠤ ᠠᠵᠢᠯ᠎ᠢ ᠲᠥᠯᠥᠪᠦᠷᠢ ᠦᠭᠡᠢ᠎ᠪᠠᠷ ᠬᠠᠩᠭ᠋ᠠᠨ᠎ᠠ᠃ ᠡᠯ᠎ᠡ ᠱᠠᠲᠤᠨ᠎ᠤ ᠵᠠᠰᠠᠭ ᠵᠠᠬᠢᠷᠭ᠋ᠠᠨ᠎ᠤ ᠬᠢᠨᠠᠯᠲᠠ ᠲᠠᠯᠪᠢᠬᠤ ᠰᠠᠯᠠᠭ᠎ᠠ ᠮᠥᠴᠢᠷ᠎ᠨᠢ ᠠᠵᠢᠯ᠎ᠤᠨ ᠬᠤᠪᠢᠶᠠᠷᠢᠯᠠᠯ ᠡᠭᠦᠷᠭᠡ ᠬᠠᠷᠢᠭᠤᠴᠠᠯᠭ᠎ᠠ ᠶᠣᠰᠣᠭ᠋ᠠᠷ᠂ ᠬᠠᠤᠯᠢ ᠲᠣᠭᠲᠠᠭ᠋ᠠᠯ ᠶᠣᠰᠣᠭ᠋ᠠᠷ ᠲᠤᠰᠬᠠᠢ ᠮᠡᠷᠭᠡᠵᠢᠯᠲᠡᠨ᠎ᠢ ᠰᠤᠭᠤᠴᠢᠨ ᠬᠡᠷᠡᠭᠯᠡᠬᠦ ᠪᠥᠬᠦ ᠶᠠᠪᠤᠴᠠ᠎ᠳᠤ ᠬᠢᠨᠠᠯᠲᠠ ᠲᠠᠯᠪᠢᠨ᠎ᠠ᠃
ᠬᠤᠷᠢᠨ ᠬᠤᠶᠠᠳᠤᠭ᠋ᠠᠷ ᠵᠦᠢ᠍ᠯ ᠲᠤᠰᠬᠠᠢ ᠮᠡᠷᠭᠡᠵᠢᠯᠲᠡᠨ᠎ᠤ ᠬᠥᠮᠥᠷᠭᠡ ᠵᠢᠨ ᠮᠡᠳᠡᠭᠡ ᠵᠠᠩᠬᠢ ᠵᠢᠨ ᠰᠢᠰᠲ᠋ᠧᠮ᠎ᠤᠨ ᠠᠷᠤ ᠲᠠᠪᠴᠠᠩ᠎ᠤᠨ ᠬᠠᠮᠠᠭ᠋ᠠᠯᠠᠭᠴᠢ᠂ ᠬᠠᠮᠢᠶᠠᠷᠤᠭᠴᠢ᠎ᠨᠢ ᠰᠤᠭᠤᠴᠢᠨ ᠬᠡᠷᠡᠭᠯᠡᠭᠰᠡᠨ ᠲᠤᠰᠬᠠᠢ ᠮᠡᠷᠭᠡᠵᠢᠯᠲᠡᠨ᠎ᠤ ᠨᠡᠷᠡᠰ ᠪᠠ ᠮᠡᠳᠡᠭᠡ ᠵᠠᠩᠬᠢ ᠵᠢ ᠴᠢᠩᠭ᠎ᠠ ᠨᠢᠭᠤᠴᠠᠯᠠᠨ ᠬᠠᠮᠠᠭ᠋ᠠᠯᠠᠵᠤ᠂ ᠬᠠᠶ᠋ᠢᠨ ᠯᠠᠪᠯᠠᠬᠤ᠂ ᠵᠠᠰᠠᠨ ᠥᠭᠡᠷᠡᠴᠢᠯᠡᠬᠦ ᠪᠠ ᠯᠡᠪᠡᠷᠡᠭᠦᠯᠬᠦ ᠵᠢ ᠡᠷᠡᠰ ᠴᠠᠭ᠋ᠠᠵᠠᠯᠠᠨ᠎ᠠ᠃ ᠲᠤᠰᠬᠠᠢ ᠮᠡᠷᠭᠡᠵᠢᠯᠲᠡᠨ᠎ᠢ ᠰᠤᠭᠤᠴᠢᠨ ᠬᠡᠷᠡᠭᠯᠡᠬᠦ ᠰᠢᠰᠲ᠋ᠧᠮ᠎ᠨᠢ ᠰᠤᠭᠤᠴᠢᠨ ᠬᠡᠷᠡᠭᠯᠡᠬᠦ ᠪᠥᠬᠦ ᠶᠠᠪᠤᠴᠠ ᠵᠢᠨ ᠠᠩᠬᠠᠨ᠎ᠤ ᠲᠤᠭ᠎ᠠ ᠪᠠᠷᠢᠮᠲᠠ ᠪᠠ ᠠᠵᠢᠯᠯᠠᠭᠤᠯᠤᠨ ᠶᠠᠪᠤᠭᠳᠠᠭᠤᠯᠤᠭᠰᠠᠨ ᠡᠳᠦᠷ᠎ᠤᠨ ᠲᠡᠮᠳᠡᠭᠯᠡᠯ᠎ᠢ ᠪᠦᠷᠢᠨ ᠪᠦᠲᠦᠨ ᠵᠶ᠋ᠠᠷ ᠦᠯᠡᠳᠡᠭᠡᠵᠦ᠂ ᠪᠥᠬᠦ ᠶᠠᠪᠤᠴᠠ᠎ᠳᠤ ᠣᠷᠣᠮ ᠦᠯᠡᠳᠡᠭᠡᠵᠦ᠂ ᠮᠥᠷᠳᠡᠵᠤ ᠪᠣᠯᠬᠤ ᠵᠢ ᠪᠡᠶᠡᠯᠡᠭᠦᠯᠬᠦ ᠬᠡᠷᠡᠭᠲᠡᠢ᠃ ᠡᠯ᠎ᠡ ᠱᠠᠲᠤᠨ᠎ᠤ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠠᠨ᠎ᠤ ᠲᠠᠪᠴᠠᠩ᠎ᠤᠨ ᠠᠵᠢᠯᠯᠠᠭᠤᠯᠵᠤ ᠦᠢ᠍ᠯᠡᠴᠢᠯᠡᠬᠦ ᠪᠠᠶ᠋ᠢᠭᠤᠯᠤᠮᠵᠢ᠎ᠨᠢ ᠲᠤᠰᠬᠠᠢ ᠮᠡᠷᠭᠡᠵᠢᠯᠲᠡᠨ᠎ᠢ ᠰᠤᠭᠤᠴᠢᠨ ᠬᠡᠷᠡᠭᠯᠡᠬᠦ ᠰᠢᠰᠲ᠋ᠧᠮ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠴᠠᠭᠳᠠᠨ ᠪᠠᠶ᠋ᠢᠴᠠᠭ᠋ᠠᠵᠤ᠂ ᠲᠤᠰᠬᠠᠢ ᠮᠡᠷᠭᠡᠵᠢᠯᠲᠡᠨ᠎ᠢ ᠰᠤᠭᠤᠴᠢᠨ ᠬᠡᠷᠡᠭᠯᠡᠬᠦ ᠠᠵᠢᠯ᠎ᠢ ᠵᠢᠷᠤᠮᠵᠢᠭᠤᠨ ᠥᠨᠳᠥᠷ ᠪᠦᠲᠦᠮᠵᠢᠲᠡᠢ᠂ ᠠᠮᠤᠷ ᠲᠦᠪᠰᠢᠨ ᠨᠢᠭᠤᠴᠠ ᠵᠢ ᠬᠠᠮᠠᠭ᠋ᠠᠯᠠᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃
ᠬᠤᠷᠢᠨ ᠭᠤᠷᠪᠠᠳᠤᠭ᠋ᠠᠷ ᠵᠦᠢ᠍ᠯ ᠪᠥᠬᠦ ᠣᠷᠣᠨ᠎ᠳᠠᠬᠢ ᠬᠠᠤᠯᠢ ᠶᠣᠰᠣᠭ᠋ᠠᠷ ᠵᠠᠪᠠᠯ ᠳᠠᠭ᠋ᠠᠭ᠋ᠠᠴᠢᠯᠠᠯᠲᠠ ᠵᠠᠷᠯᠠᠬᠤ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠳᠠᠭ᠋ᠠᠭ᠋ᠠᠴᠢᠯᠠᠯᠲᠠ ᠦᠨᠡᠯᠡᠬᠦ ᠲᠤᠰᠬᠠᠢ ᠮᠡᠷᠭᠡᠵᠢᠯᠲᠡᠨ᠎ᠢ ᠥᠪᠡᠷᠲᠡᠭᠡᠨ ᠵᠠᠰᠠᠬᠤ ᠣᠷᠣᠨ᠎ᠤ ᠲᠤᠰᠬᠠᠢ ᠮᠡᠷᠭᠡᠵᠢᠯᠲᠡᠨ᠎ᠤ ᠬᠥᠮᠥᠷᠭᠡ᠎ᠠᠴᠠ ᠬᠠᠮᠢᠶ᠎ᠠ ᠪᠦᠬᠦᠢ ᠲᠣᠭᠲᠠᠭ᠋ᠠᠯ᠎ᠢ ᠦᠨᠳᠦᠰᠦᠯᠡᠨ ᠲᠠᠰᠢᠷᠠᠮ ᠵᠶ᠋ᠠᠷ ᠰᠤᠭᠤᠴᠢᠨ ᠬᠡᠷᠡᠭᠯᠡᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠲᠤᠰᠬᠠᠢ ᠮᠡᠷᠭᠡᠵᠢᠯᠲᠡᠨ᠎ᠤ ᠬᠥᠮᠥᠷᠭᠡ᠎ᠠᠴᠠ ᠰᠤᠭᠤᠴᠢᠨ ᠬᠡᠷᠡᠭᠯᠡᠬᠦ ᠲᠤᠰᠬᠠᠢ ᠮᠡᠷᠭᠡᠵᠢᠯᠲᠡᠨ᠎ᠨᠢ ᠳᠠᠭ᠋ᠠᠭ᠋ᠠᠴᠢᠯᠠᠯᠲᠠ ᠬᠢᠨᠠᠨ ᠦᠨᠡᠯᠡᠬᠦ᠎ᠳᠤ ᠬᠡᠷᠡᠭᠰᠡᠬᠦ ᠬᠥᠮᠥᠨ᠎ᠤ ᠲᠤᠭ᠎ᠠ ᠵᠢ ᠬᠠᠩᠭ᠋ᠠᠵᠤ ᠳᠡᠶ᠋ᠢᠯᠬᠦ ᠦᠭᠡᠢ ᠦᠶ᠎ᠡ᠎ᠳᠤ᠂ ᠲᠤᠰᠬᠠᠢ ᠮᠡᠷᠭᠡᠵᠢᠯᠲᠡᠨ᠎ᠤ ᠲᠤᠰᠬᠠᠢ ᠮᠡᠷᠭᠡᠵᠢᠯ ᠪᠠ ᠭᠠᠵᠠᠷ ᠣᠷᠣᠨ᠎ᠤ ᠲᠠᠷᠬᠠᠯᠲᠠ ᠵᠢ ᠲᠣᠬᠢᠷᠠᠭᠤᠯᠤᠭ᠋ᠠᠳ ᠮᠥᠨ ᠴᠦ᠍ ᠬᠠᠩᠭ᠋ᠠᠵᠤ ᠳᠡᠶ᠋ᠢᠯᠬᠦ ᠦᠭᠡᠢ ᠪᠠᠶ᠋ᠢᠪᠠᠯ᠂ ᠳᠤᠲᠠᠭᠳᠠᠵᠤ ᠪᠠᠶ᠋ᠢᠭ᠎ᠠ ᠲᠤᠰᠬᠠᠢ ᠮᠡᠷᠭᠡᠵᠢᠯᠲᠡᠨ᠎ᠢ ᠬᠠᠥᠯᠢ ᠶᠣᠰᠣᠭ᠋ᠠᠷ ᠪᠠᠶ᠋ᠢᠭᠤᠯᠤᠭᠰᠠᠨ ᠳᠠᠭ᠋ᠠᠭ᠋ᠠᠴᠢᠯᠠᠯᠲᠠ ᠬᠢᠨᠠᠨ ᠦᠨᠡᠯᠡᠬᠦ ᠪᠤᠰᠤᠳ ᠲᠤᠰᠬᠠᠢ ᠮᠡᠷᠭᠡᠵᠢᠯᠲᠡᠨ᠎ᠤ ᠬᠥᠮᠥᠷᠭᠡ᠎ᠠᠴᠠ ᠲᠠᠰᠢᠷᠠᠮ ᠵᠶ᠋ᠠᠷ ᠨᠥᠬᠦᠪᠦᠷᠢᠯᠡᠨ ᠲᠣᠭᠲᠠᠭ᠋ᠠᠨ᠎ᠠ᠃
ᠮᠡᠷᠭᠡᠵᠢᠯ᠎ᠨᠢ ᠪᠤᠳᠤᠯᠢᠶᠠᠨᠲᠠᠢ᠂ ᠲᠤᠰᠬᠠᠢ ᠮᠡᠷᠭᠡᠵᠢᠯ᠎ᠤᠨ ᠴᠢᠨᠠᠷ ᠵᠶ᠋ᠠᠷ ᠴᠢᠩᠭ᠎ᠠ ᠪᠤᠶᠤ ᠤᠯᠤᠰ᠎ᠠᠴᠠ ᠣᠨᠴᠠᠭ᠋ᠠᠢ ᠱᠠᠭ᠋ᠠᠷᠳᠠᠯᠭ᠎ᠠ᠎ᠲᠠᠢ ᠲᠥᠷᠥᠯ ᠵᠦᠢ᠍ᠯ᠎ᠳᠤ᠂ ᠲᠠᠰᠢᠷᠠᠮ ᠵᠶ᠋ᠠᠷ ᠰᠤᠭᠤᠴᠢᠨ ᠬᠡᠷᠡᠭᠯᠡᠬᠦ ᠠᠷᠭ᠎ᠠ ᠮᠠᠶᠢᠭ ᠵᠶ᠋ᠠᠷ ᠲᠣᠭᠲᠠᠭ᠋ᠠᠭᠰᠠᠨ ᠲᠤᠰᠬᠠᠢ ᠮᠡᠷᠭᠡᠵᠢᠯᠲᠡᠨ᠎ᠤ ᠲᠤᠰᠢᠶᠠᠯ ᠵᠶ᠋ᠠᠨ ᠡᠭᠦᠷᠬᠡᠯᠡᠵᠦ ᠳᠡᠶ᠋ᠢᠯᠬᠦ ᠡᠰᠡᠬᠦ ᠵᠢ ᠪᠠᠲᠤᠯᠠᠬᠤ᠎ᠳᠤ ᠬᠦᠴᠢᠷᠲᠡᠢ ᠪᠠᠶ᠋ᠢᠪᠠᠯ᠂ ᠬᠠᠮᠢᠶ᠎ᠠ ᠪᠦᠬᠦᠢ ᠵᠠᠰᠠᠭ ᠵᠠᠬᠢᠷᠭ᠋ᠠᠨ᠎ᠤ ᠬᠢᠨᠠᠯᠲᠠ ᠲᠠᠯᠪᠢᠬᠤ ᠰᠠᠯᠠᠭ᠎ᠠ ᠮᠥᠴᠢᠷ᠎ᠠᠴᠠ ᠨᠤᠲᠠᠯᠠᠭᠰᠠᠨ᠎ᠤ ᠳᠠᠷᠠᠭ᠎ᠠ᠂ ᠳᠠᠭ᠋ᠠᠭ᠋ᠠᠴᠢᠯᠠᠯᠲᠠ ᠵᠠᠷᠯᠠᠭᠴᠢ ᠬᠠᠤᠯᠢ ᠶᠣᠰᠣᠭ᠋ᠠᠷ ᠲᠤᠰᠬᠠᠢ ᠮᠡᠷᠭᠡᠵᠢᠯᠲᠡᠨ᠎ᠢ ᠲᠣᠭᠲᠠᠭ᠋ᠠᠵᠤ ᠪᠣᠯᠣᠨ᠎ᠠ᠃
ᠣᠯᠠᠨ ᠤᠯᠤᠰ᠎ᠤᠨ ᠵᠣᠬᠢᠶᠠᠨ ᠪᠠᠶ᠋ᠢᠭᠤᠯᠤᠯᠲᠠ ᠪᠤᠶᠤ ᠭᠠᠳᠠᠭ᠋ᠠᠳᠤ ᠤᠯᠤᠰ᠎ᠤᠨ ᠵᠠᠰᠠᠭ᠎ᠤᠨ ᠣᠷᠳᠣᠨ᠎ᠤ ᠵᠢᠭᠡᠯᠡᠯᠭᠡ (ᠲᠤᠰᠠᠯᠠᠮᠵᠢ) ᠵᠢᠨ ᠪᠡᠯᠡ ᠮᠥᠩᠭᠦ ᠵᠢ ᠬᠡᠷᠡᠭᠯᠡᠬᠦ ᠲᠥᠷᠥᠯ ᠵᠦᠢ᠍ᠯ᠎ᠳᠤ᠂ ᠵᠢᠭᠡᠯᠡᠯᠭᠡ (ᠪᠡᠯᠡ ᠮᠥᠩᠭᠦ ᠬᠠᠩᠭ᠋ᠠᠬᠤ) ᠲᠠᠯᠪᠢᠭᠰᠠᠨ ᠲᠠᠯ᠎ᠠ ᠵᠢᠨ᠎ᠬᠢᠨ ᠳᠠᠭ᠋ᠠᠭ᠋ᠠᠴᠢᠯᠠᠯᠲᠠ ᠦᠨᠡᠯᠡᠬᠦ ᠲᠤᠰᠬᠠᠢ ᠮᠡᠷᠭᠡᠵᠢᠯᠲᠡᠨ᠎ᠢ ᠲᠣᠭᠲᠠᠭ᠋ᠠᠬᠤ ᠲᠠᠯ᠎ᠠ᠎ᠳᠤ ᠠᠰᠲᠠᠭ᠋ᠠᠨ ᠲᠣᠭᠲᠠᠭ᠋ᠠᠯ᠎ᠲᠠᠢ ᠪᠠᠶ᠋ᠢᠪᠠᠯ᠂ ᠲᠡᠷᠡ ᠬᠦ᠌ ᠲᠣᠭᠲᠠᠭ᠋ᠠᠯ᠎ᠢ ᠵᠢᠷᠤᠮᠯᠠᠨ᠎ᠠ᠂ ᠭᠡᠪᠡᠴᠦ ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠨᠡᠶ᠋ᠢᠭᠡᠮ᠎ᠤᠨ ᠣᠯᠠᠨ ᠨᠡᠶ᠋ᠢᠲᠡ ᠵᠢᠨ ᠠᠰᠢᠭ ᠲᠤᠰᠠ᠎ᠠᠴᠠ ᠲᠡᠷᠰᠯᠡᠭᠰᠡᠨ ᠪᠠᠶ᠋ᠢᠳᠠᠯ᠎ᠢ ᠪᠠᠭᠲᠠᠭ᠋ᠠᠬᠤ ᠦᠭᠡᠢ᠃
ᠬᠤᠷᠢᠨ ᠳᠥᠷᠪᠡᠳᠦᠭᠡᠷ ᠵᠦᠢ᠍ᠯ ᠲᠤᠰᠬᠠᠢ ᠮᠡᠷᠭᠡᠵᠢᠯᠲᠡᠨ᠎ᠢ ᠰᠤᠭᠤᠴᠢᠨ ᠬᠡᠷᠡᠭᠯᠡᠬᠦ᠎ᠳᠤ ᠳᠠᠭ᠋ᠠᠭ᠋ᠠᠴᠢᠯᠠᠯᠲᠠ ᠨᠡᠶ᠋ᠢᠲᠡᠯᠡᠬᠦ ᠲᠤᠬᠠᠢ ᠵᠢᠨ ᠡᠳᠦᠷ᠎ᠲᠤ ᠲᠣᠭᠲᠠᠭ᠋ᠠᠭᠰᠠᠨ ᠳᠡᠰ ᠳᠠᠷᠠᠭ᠋ᠠᠯᠠᠯ ᠪᠠ ᠱᠠᠭ᠋ᠠᠷᠳᠠᠯᠭ᠎ᠠ ᠶᠣᠰᠣᠭ᠋ᠠᠷ ᠶᠠᠪᠤᠭᠳᠠᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠳᠣᠲᠣᠷ᠎ᠠ ᠣᠨᠳᠣᠣ ᠭᠠᠵᠠᠷ ᠪᠤᠶᠤ ᠤᠯᠤᠰ᠎ᠤᠨ ᠳᠣᠲᠣᠭ᠋ᠠᠳᠤ᠎ᠳᠠᠬᠢ ᠪᠤᠰᠤᠳ ᠮᠤᠵᠢ (ᠣᠷᠣᠨ᠂ ᠬᠤᠲᠠ)᠎ᠠᠴᠠ ᠲᠤᠰᠬᠠᠢ ᠮᠡᠷᠭᠡᠵᠢᠯᠲᠡᠨ᠎ᠢ ᠰᠤᠭᠤᠴᠢᠨ ᠬᠡᠷᠡᠭᠯᠡᠬᠦ ᠪᠤᠶᠤ ᠤᠷᠢᠬᠤ ᠴᠢᠬᠤᠯᠠᠲᠠᠢ ᠪᠣᠯ᠂ ᠲᠤᠰᠬᠠᠢ ᠮᠡᠷᠭᠡᠵᠢᠯᠲᠡᠨ᠎ᠤ ᠳᠠᠭ᠋ᠠᠭ᠋ᠠᠴᠢᠯᠠᠯᠲᠠ ᠦᠨᠡᠯᠡᠬᠦ ᠭᠠᠵᠠᠷ᠎ᠲᠤ ᠬᠦᠷᠬᠦ ᠪᠥᠬᠦ ᠠᠶᠠᠯᠠᠯ᠎ᠤᠨ ᠬᠤᠭᠤᠴᠠᠭ᠎ᠠ ᠵᠢ ᠪᠣᠳᠣᠯᠬᠢᠯᠠᠵᠤ᠂ ᠳᠠᠭ᠋ᠠᠭ᠋ᠠᠴᠢᠯᠠᠯᠲᠠ ᠬᠢᠨᠠᠨ ᠦᠨᠡᠯᠡᠬᠦ ᠡᠳᠦᠷ᠎ᠠᠴᠠ ᠡᠮᠦᠨᠡᠬᠢ 48 ᠴᠠᠭ᠎ᠤᠨ ᠳᠣᠲᠣᠷ᠎ᠠ ᠰᠤᠭᠤᠴᠢᠨᠠ᠃
ᠡᠯ᠎ᠡ ᠱᠠᠲᠤᠨ᠎ᠤ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠠᠨ᠎ᠤ ᠲᠠᠪᠴᠠᠩ᠎ᠤᠨ ᠠᠵᠢᠯᠯᠠᠭᠤᠯᠵᠤ ᠦᠢ᠍ᠯᠡᠴᠢᠯᠡᠬᠦ ᠪᠠᠶ᠋ᠢᠭᠤᠯᠤᠮᠵᠢ᠎ᠨᠢ ᠥᠪᠡᠷᠲᠡᠭᠡᠨ ᠵᠠᠰᠠᠬᠤ ᠣᠷᠣᠨ᠎ᠤ ᠲᠤᠰᠬᠠᠢ ᠮᠡᠷᠭᠡᠵᠢᠯᠲᠡᠨ᠎ᠤ ᠬᠥᠮᠥᠷᠭᠡ᠎ᠳᠤ ᠲᠦᠰᠢᠭᠯᠡᠨ᠂ ᠠᠯᠤᠰ᠎ᠠᠴᠠ ᠣᠨᠳᠣᠣ ᠭᠠᠵᠠᠷ᠎ᠲᠤ ᠳᠠᠭ᠋ᠠᠭ᠋ᠠᠴᠢᠯᠠᠯᠲᠠ ᠦᠨᠡᠯᠡᠬᠦ ᠵᠢ ᠠᠯᠬᠤᠮ ᠠᠯᠬᠤᠮ ᠵᠶ᠋ᠠᠷ ᠪᠠᠶ᠋ᠢᠩᠭᠤᠵᠢᠭᠤᠯᠤᠨ ᠪᠡᠶᠡᠯᠡᠭᠦᠯᠵᠦ᠂ ᠰᠢᠯᠢᠳᠡᠭ ᠲᠤᠰᠬᠠᠢ ᠮᠡᠷᠭᠡᠵᠢᠯᠲᠡᠨ᠎ᠤ ᠡᠬᠢ ᠪᠠᠶᠠᠯᠢᠭ᠎ᠢ ᠬᠠᠮᠲᠤ᠎ᠳᠤ᠎ᠪᠠᠨ ᠬᠦᠷᠲᠡᠵᠦ᠂ ᠳᠠᠭ᠋ᠠᠭ᠋ᠠᠴᠢᠯᠠᠯᠲᠠ ᠬᠢᠨᠠᠨ ᠦᠨᠡᠯᠡᠬᠦ ᠬᠦᠴᠦᠨ ᠴᠢᠳᠠᠪᠤᠷᠢ᠎ᠪᠠᠨ ᠳᠡᠭᠡᠭᠰᠢᠯᠡᠭᠦᠯᠬᠦ ᠬᠡᠷᠡᠭᠲᠡᠢ᠃
ᠲᠤᠰᠬᠠᠢ ᠮᠡᠷᠭᠡᠵᠢᠯᠲᠡᠨ᠎ᠢ ᠲᠣᠭᠲᠠᠭ᠋ᠠᠭᠰᠠᠨ᠎ᠤ ᠳᠠᠷᠠᠭ᠎ᠠ᠂ ᠲᠤᠰᠬᠠᠢ ᠮᠡᠷᠭᠡᠵᠢᠯᠲᠡᠨ᠎ᠢ ᠰᠤᠭᠤᠴᠢᠨ ᠬᠡᠷᠡᠭᠯᠡᠬᠦ ᠰᠢᠰᠲ᠋ᠧᠮ᠎ᠠᠴᠠ ᠳᠠᠭᠤᠨ ᠠᠪᠢᠶ᠎ᠠ᠂ ᠮᠡᠳᠡᠭᠡ ᠵᠠᠩᠬᠢ ᠵᠢᠨ ᠬᠡᠯᠪᠡᠷᠢ᠎ᠪᠠᠷ ᠲᠤᠰᠬᠠᠢ ᠮᠡᠷᠭᠡᠵᠢᠯᠲᠡᠨ᠎ᠳᠤ ᠳᠠᠭ᠋ᠠᠭ᠋ᠠᠴᠢᠯᠠᠯᠲᠠ ᠬᠢᠨᠠᠨ ᠦᠨᠡᠯᠡᠬᠦ ᠠᠵᠢᠯ᠎ᠳᠤ ᠣᠷᠣᠯᠴᠠᠬᠤ ᠴᠠᠭ ᠬᠤᠭᠤᠴᠠᠭ᠎ᠠ᠂ ᠭᠠᠵᠠᠷ ᠪᠠ ᠬᠠᠮᠢᠶ᠎ᠠ ᠪᠦᠬᠦᠢ ᠱᠠᠭ᠋ᠠᠷᠳᠠᠯᠭ᠎ᠠ ᠵᠢ ᠠᠶᠠᠨᠳᠠᠭ᠋ᠠᠨ ᠮᠡᠳᠡᠭᠳᠡᠵᠦ᠂ ᠠᠷᠠᠯᠵᠢᠶᠠᠯᠠᠬᠤ ᠲᠥᠷᠥᠯ ᠵᠦᠢ᠍ᠯ᠎ᠲᠠᠢ ᠬᠤᠯᠪᠣᠭᠳᠠᠬᠤ ᠪᠤᠰᠤᠳ ᠮᠡᠳᠡᠭᠡ ᠵᠠᠩᠬᠢ ᠵᠢᠨ ᠨᠢᠭᠤᠴᠠ ᠵᠢ ᠴᠥᠮ ᠬᠠᠮᠠᠭ᠋ᠠᠯᠠᠬᠤ ᠬᠡᠷᠡᠭᠲᠡᠢ᠃
ᠬᠤᠷᠢᠨ ᠲᠠᠪᠤᠳᠤᠭ᠋ᠠᠷ ᠵᠦᠢ᠍ᠯ ᠳᠣᠣᠷ᠎ᠠ ᠵᠢᠭᠰᠠᠭ᠋ᠠᠭᠰᠠᠨ ᠪᠠᠶ᠋ᠢᠳᠠᠯ᠎ᠠᠴᠠ ᠨᠢᠭᠡ᠎ᠨᠢ ᠪᠠᠶ᠋ᠢᠪᠠᠯ᠂ ᠳᠠᠭ᠋ᠠᠭ᠋ᠠᠴᠢᠯᠠᠯᠲᠠ ᠵᠠᠷᠯᠠᠭᠴᠢ ᠰᠢᠯᠲᠠᠭ᠋ᠠᠨ᠎ᠢ ᠲᠠᠭᠯᠠᠨ ᠮᠡᠳᠡᠭᠦᠯᠦᠭᠰᠡᠨ᠎ᠤ ᠳᠠᠷᠠᠭ᠎ᠠ ᠳᠠᠬᠢᠵᠤ ᠰᠤᠭᠤᠴᠢᠬᠤ ᠪᠤᠶᠤ ᠨᠥᠬᠦᠪᠦᠷᠢᠯᠡᠨ ᠰᠤᠭᠤᠴᠢᠨᠡ᠄
(ᠨᠢᠭᠡ) ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ᠂ ᠲᠤᠰᠬᠠᠢ ᠮᠡᠷᠭᠡᠵᠢᠯᠲᠡᠨ ᠵᠠᠶ᠋ᠢᠯᠠᠬᠤ ᠴᠢᠬᠤᠯᠠᠲᠠᠢ ᠪᠠᠶ᠋ᠢᠬᠤ;
(ᠬᠤᠶᠠᠷ) ᠳᠠᠭ᠋ᠠᠭ᠋ᠠᠴᠢᠯᠠᠯᠲᠠ ᠬᠢᠨᠠᠨ ᠦᠨᠡᠯᠡᠬᠦ᠎ᠠᠴᠠ ᠡᠮᠦᠨ᠎ᠡ ᠲᠤᠰᠬᠠᠢ ᠮᠡᠷᠭᠡᠵᠢᠯᠲᠡᠨ᠎ᠤ ᠮᠡᠳᠡᠭᠡ ᠵᠠᠩᠬᠢ᠎ᠨᠢ ᠵᠠᠳᠠᠷᠠᠭᠰᠠᠨᠢ ᠣᠯᠵᠤ ᠮᠡᠳᠡᠭᠰᠡᠨ;
(ᠭᠤᠷᠪᠠ) ᠲᠣᠭᠲᠠᠭᠰᠠᠨ ᠴᠠᠭ᠎ᠲᠤ ᠲᠤᠬᠠᠢ ᠵᠢᠨ ᠲᠠᠯᠠᠪᠠᠢ᠎ᠳᠤ ᠬᠥᠷᠥᠭᠰᠡᠨ ᠦᠭᠡᠢ ᠪᠤᠶᠤ ᠳᠤᠷ᠎ᠠ᠎ᠪᠠᠷ ᠵᠶ᠋ᠠᠨ ᠠᠵᠢᠯ᠎ᠤᠨ ᠪᠠᠶ᠋ᠢᠷᠢ᠎ᠠᠴᠠ᠎ᠪᠠᠨ ᠰᠠᠯᠤᠭᠰᠠᠨ;
(ᠳᠥᠷᠪᠡ) ᠳᠠᠭ᠋ᠠᠭ᠋ᠠᠴᠢᠯᠠᠯᠲᠠ ᠬᠢᠨᠠᠨ ᠦᠨᠡᠯᠡᠬᠦ ᠡᠭᠦᠷᠭᠡ ᠵᠢ ᠡᠭᠦᠷᠬᠡᠯᠡᠵᠦ ᠳᠡᠶ᠋ᠢᠯᠬᠦ ᠦᠭᠡᠢ ᠪᠤᠶᠤ ᠪᠡᠶ᠎ᠡ ᠮᠠᠬᠠᠪᠤᠳ ᠡᠷᠡᠭᠦᠯ ᠴᠢᠬᠢᠷᠠᠭ᠎ᠤᠨ ᠵᠡᠷᠭᠡ ᠰᠢᠯᠲᠠᠭ᠋ᠠᠨ᠎ᠠᠴᠠ ᠪᠣᠯᠵᠤ ᠳᠠᠭ᠋ᠠᠭ᠋ᠠᠴᠢᠯᠠᠯᠲᠠ ᠬᠢᠨᠠᠨ ᠦᠨᠡᠯᠡᠬᠦ ᠡᠭᠦᠷᠭᠡ ᠵᠢ ᠦᠷᠭᠦᠯᠵᠢᠯᠡᠨ ᠪᠡᠶᠡᠯᠡᠭᠦᠯᠵᠦ ᠳᠡᠶ᠋ᠢᠯᠬᠦ ᠦᠭᠡᠢ ᠪᠣᠯᠣᠭᠰᠠᠨ;
(ᠲᠠᠪᠤ) ᠳᠠᠭ᠋ᠠᠭ᠋ᠠᠴᠢᠯᠠᠯᠲᠠ ᠬᠢᠨᠠᠨ ᠦᠨᠡᠯᠡᠬᠦ ᠠᠵᠢᠯᠯᠠᠭ᠎ᠠ ᠵᠢ ᠬᠠᠤᠯᠢ ᠶᠣᠰᠣᠭ᠋ᠠᠷ ᠳᠠᠬᠢᠵᠤ ᠵᠣᠬᠢᠶᠠᠨ ᠪᠠᠶ᠋ᠢᠭᠤᠯᠬᠤ ᠴᠢᠬᠤᠯᠠᠲᠠᠢ ᠪᠣᠯᠣᠭᠰᠠᠨ᠃
ᠳᠠᠬᠢᠵᠤ ᠰᠤᠭᠤᠴᠢᠬᠤ ᠪᠤᠶᠤ ᠨᠥᠬᠦᠪᠦᠷᠢᠯᠡᠨ ᠰᠤᠭᠤᠴᠢᠬᠤ ᠳᠡᠰ ᠳᠠᠷᠠᠭ᠋ᠠᠯᠠᠯ᠎ᠢ ᠠᠩᠬᠠᠳᠤᠭ᠋ᠠᠷ ᠤᠳᠠᠭ᠋ᠠᠨ᠎ᠤ ᠰᠤᠭᠤᠴᠢᠭᠰᠠᠨ ᠳᠡᠰ ᠳᠠᠷᠠᠭ᠋ᠠᠯᠠᠯ ᠵᠶ᠋ᠠᠷ ᠯᠠᠪᠯᠠᠯᠲᠠ ᠪᠣᠯᠭ᠋ᠠᠨ᠂ ᠲᠠᠰᠢᠷᠠᠮ ᠵᠶ᠋ᠠᠷ ᠰᠤᠭᠤᠴᠢᠬᠤ ᠠᠷᠭ᠎ᠠ ᠮᠠᠶᠢᠭ᠎ᠢ ᠬᠡᠷᠡᠭᠯᠡᠨ᠎ᠡ᠂ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠢᠯᠡ᠎ᠪᠠᠷ ᠬᠡᠯᠡᠬᠦ᠂ ᠪᠢᠲᠡᠭᠦᠦ᠎ᠪᠠᠷ ᠳᠣᠬᠢᠬᠤ ᠵᠡᠷᠭᠡ ᠶᠠᠮᠠᠷ ᠨᠢᠭᠡᠨ ᠠᠷᠭ᠎ᠠ ᠮᠠᠶᠢᠭ ᠵᠶ᠋ᠠᠷ ᠲᠤᠰᠬᠠᠢ ᠮᠡᠷᠭᠡᠵᠢᠯᠲᠡᠨ᠎ᠢ ᠵᠢᠭ᠋ᠠᠨ ᠲᠣᠭᠲᠠᠭ᠋ᠠᠬᠤ ᠪᠤᠶᠤ ᠬᠡᠯᠪᠡᠷᠢ ᠵᠢ᠎ᠨᠢ ᠥᠭᠡᠷᠡᠲᠦᠭᠦᠯᠦᠨ ᠵᠢᠭ᠋ᠠᠨ ᠲᠣᠭᠲᠠᠭ᠋ᠠᠵᠤ ᠪᠣᠯᠬᠤ ᠦᠭᠡᠢ᠃
ᠰᠣᠯᠢᠭᠳᠠᠭᠰᠠᠨ ᠲᠤᠰᠬᠠᠢ ᠮᠡᠷᠭᠡᠵᠢᠯᠲᠡᠨ᠎ᠤ ᠨᠢᠭᠡᠨᠲᠡ ᠭᠠᠷᠭ᠋ᠠᠭᠰᠠᠨ ᠳᠠᠭ᠋ᠠᠭ᠋ᠠᠴᠢᠯᠠᠯᠲᠠ ᠬᠢᠨᠠᠨ ᠦᠨᠡᠯᠡᠭᠰᠡᠨ ᠳ᠋ᠦᠩᠨᠡᠯᠲᠡ᠎ᠨᠢ ᠬᠦᠴᠦᠨ ᠦᠭᠡᠢ ᠪᠠᠶ᠋ᠢᠵᠤ᠂ ᠰᠣᠯᠢᠭᠰᠠᠨ᠎ᠤ ᠳᠠᠷᠠᠭ᠋ᠠᠬᠢ ᠲᠤᠰᠬᠠᠢ ᠮᠡᠷᠭᠡᠵᠢᠯᠲᠡᠨ᠎ᠠᠴᠠ ᠳᠠᠭ᠋ᠠᠭ᠋ᠠᠴᠢᠯᠠᠯᠲᠠ ᠵᠢ ᠳᠠᠬᠢᠵᠤ ᠬᠢᠨᠠᠨ ᠦᠨᠡᠯᠡᠨ᠎ᠡ᠃
ᠬᠤᠷᠢᠨ ᠵᠢᠷᠭᠤᠳᠤᠭ᠋ᠠᠷ ᠵᠦᠢ᠍ᠯ ᠲᠤᠰᠬᠠᠢ ᠮᠡᠷᠭᠡᠵᠢᠯᠲᠡᠨ᠎ᠳᠤ ᠳᠣᠣᠷ᠎ᠠ ᠵᠢᠭᠰᠠᠭ᠋ᠠᠭᠰᠠᠨ ᠪᠠᠶ᠋ᠢᠳᠠᠯ᠎ᠠᠴᠠ ᠨᠢᠭᠡ᠎ᠨᠢ ᠪᠠᠶ᠋ᠢᠪᠠᠯ᠂ ᠳᠠᠭ᠋ᠠᠭ᠋ᠠᠴᠢᠯᠠᠯᠲᠠ ᠬᠢᠨᠠᠨ ᠦᠨᠡᠯᠡᠬᠦ ᠺᠣᠮᠢᠰ᠎ᠤᠨ ᠪᠦᠷᠢᠯᠳᠦᠭᠦᠨ᠎ᠤ ᠠᠵᠢᠯ (ᠳᠠᠭ᠋ᠠᠭ᠋ᠠᠴᠢᠯᠠᠯᠲᠠ ᠵᠠᠷᠯᠠᠭᠴᠢ ᠵᠢᠨ ᠲᠥᠯᠥᠭᠡᠯᠡᠭᠴᠢ ᠵᠢ ᠪᠠᠭᠲᠠᠭ᠋ᠠᠬᠤ ᠦᠭᠡᠢ)᠎ᠢ ᠡᠭᠦᠷᠬᠡᠯᠡᠵᠦ ᠪᠣᠯᠬᠤ ᠦᠭᠡᠢ᠄
(ᠨᠢᠭᠡ) ᠳᠠᠭ᠋ᠠᠭ᠋ᠠᠴᠢᠯᠠᠯᠲᠠ ᠵᠠᠷᠯᠠᠭᠰᠠᠨ ᠲᠥᠷᠥᠯ ᠵᠦᠢ᠍ᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ (ᠳᠡᠭᠡᠷ᠎ᠡ ᠱᠠᠲᠤᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠢ ᠪᠠᠭᠲᠠᠭ᠋ᠠᠨ᠎ᠠ) ᠪᠤᠶᠤ ᠲᠣᠰ ᠲᠥᠷᠥᠯ ᠵᠦᠢ᠍ᠯ᠎ᠳᠤ ᠬᠢᠨᠠᠨ ᠬᠠᠮᠢᠶᠠᠷᠬᠤ ᠡᠭᠦᠷᠭᠡ ᠬᠠᠷᠢᠭᠤᠴᠯᠠᠭ᠎ᠠ᠎ᠲᠠᠢ ᠵᠠᠰᠠᠭ ᠵᠠᠬᠢᠷᠭ᠋ᠠᠨ᠎ᠤ ᠬᠢᠨᠠᠯᠲᠠ ᠲᠠᠯᠪᠢᠬᠤ ᠰᠠᠯᠠᠭ᠎ᠠ ᠮᠥᠴᠢᠷ᠎ᠤᠨ ᠠᠵᠢᠯᠲᠠᠨ;
(ᠬᠤᠶᠠᠷ) ᠳᠠᠭ᠋ᠠᠭ᠋ᠠᠴᠢᠯᠠᠯᠲᠠ ᠵᠠᠷᠯᠠᠭᠰᠠᠨ ᠲᠥᠷᠥᠯ ᠵᠦᠢ᠍ᠯ᠎ᠤᠨ ᠳᠠᠭ᠋ᠠᠭ᠋ᠠᠴᠢᠯᠠᠯᠲᠠ ᠵᠠᠷᠯᠠᠭᠴᠢ ᠪᠠ ᠳᠠᠭ᠋ᠠᠭ᠋ᠠᠴᠢᠯᠠᠯᠲᠠ ᠬᠦᠯᠢᠶᠡᠭᠴᠢ ᠵᠢᠨ ᠠᠵᠢᠯᠲᠠᠨ᠂ ᠠᠵᠢᠯ᠎ᠠᠴᠠ᠎ᠪᠠᠨ ᠪᠠᠭᠤᠭᠰᠠᠨ ᠪᠤᠶᠤ ᠲᠤᠰᠢᠶᠠᠯ᠎ᠠᠴᠠ᠎ᠪᠠᠨ ᠰᠠᠯᠤᠭ᠋ᠠᠳ ᠪᠦᠬᠦᠯᠢ 3 ᠵᠢᠯ ᠪᠣᠯᠣᠭ᠋ᠠᠳᠤᠢ ᠬᠥᠮᠥᠰ;
(ᠭᠤᠷᠪᠠ) ᠳᠠᠭ᠋ᠠᠭ᠋ᠠᠴᠢᠯᠠᠯᠲᠠ ᠵᠠᠷᠯᠠᠭᠰᠠᠨ ᠲᠥᠷᠥᠯ ᠵᠦᠢ᠍ᠯ᠎ᠤᠨ ᠳᠠᠭ᠋ᠠᠭ᠋ᠠᠴᠢᠯᠠᠯᠲᠠ ᠵᠠᠷᠯᠠᠭᠴᠢ ᠪᠠ ᠳᠠᠭ᠋ᠠᠭ᠋ᠠᠴᠢᠯᠠᠯᠲᠠ ᠬᠦᠯᠢᠶᠡᠭᠴᠢ ᠵᠢᠨ ᠭᠤᠣᠯ ᠬᠠᠷᠢᠭᠤᠴᠠᠯᠭ᠋ᠠᠲᠠᠨ᠎ᠤ ᠣᠶ᠋ᠢᠷ᠎ᠠ ᠲᠥᠷᠥᠯ ᠰᠠᠳᠤᠨ;
(ᠳᠥᠷᠪᠡ) ᠳᠠᠭ᠋ᠠᠭ᠋ᠠᠴᠢᠯᠠᠯᠲᠠ ᠵᠠᠷᠯᠠᠭᠰᠠᠨ ᠲᠥᠷᠥᠯ ᠵᠦᠢ᠍ᠯ᠎ᠤᠨ ᠳᠠᠭ᠋ᠠᠭ᠋ᠠᠴᠢᠯᠠᠯᠲᠠ ᠬᠦᠯᠢᠶᠡᠭᠴᠢ᠎ᠲᠠᠢ ᠰᠢᠭᠤᠳ ᠠᠰᠢᠭ ᠬᠤᠣᠷ᠎ᠤᠨ ᠬᠠᠷᠢᠴᠠᠭ᠎ᠠ᠎ᠲᠠᠢ᠂ ᠳᠠᠭ᠋ᠠᠭ᠋ᠠᠴᠢᠯᠠᠯᠲᠠ ᠬᠢᠨᠠᠨ ᠦᠨᠡᠯᠡᠬᠦ ᠲᠥᠪ ᠭᠤᠣᠯᠴᠢ ᠵᠢ ᠨᠥᠯᠥᠭᠡᠯᠡᠵᠦ ᠮᠡᠳᠡᠬᠦ ᠬᠥᠮᠥᠰ;
(ᠲᠠᠪᠤ) ᠬᠠᠤᠯᠢ ᠴᠠᠭ᠋ᠠᠵᠠ ᠬᠠᠤᠯᠢ ᠲᠣᠭᠲᠠᠭ᠋ᠠᠯ ᠲᠣᠭᠲᠠᠭ᠋ᠠᠯ ᠳᠦᠷᠢᠮ᠎ᠳᠤ ᠲᠣᠭᠲᠠᠭ᠋ᠠᠭᠰᠠᠨ ᠪᠤᠰᠤᠳ ᠪᠠᠶ᠋ᠢᠳᠠᠯ᠃
ᠲᠤᠰᠬᠠᠢ ᠮᠡᠷᠭᠡᠵᠢᠯᠲᠡᠨ᠎ᠳᠤ ᠡᠮᠦᠨᠡᠬᠢ ᠵᠤᠷᠪᠤᠰ᠎ᠤᠨ ᠲᠣᠭᠲᠠᠭ᠋ᠠᠭᠰᠠᠨ ᠪᠠᠶ᠋ᠢᠳᠠᠯ᠎ᠠᠴᠠ ᠨᠢᠭᠡ᠎ᠨᠢ ᠪᠠᠶ᠋ᠢᠪᠠᠯ᠂ ᠰᠠᠨᠠᠭ᠋ᠠᠴᠢᠯᠠᠭ᠎ᠠ᠎ᠠᠴᠠ᠎ᠪᠠᠨ ᠵᠠᠶ᠋ᠢᠯᠠᠬᠤ ᠳᠤᠷᠠᠳᠤᠯᠭ᠎ᠠ ᠭᠠᠷᠭ᠋ᠠᠬᠤ ᠬᠡᠷᠡᠭᠲᠡᠢ; ᠵᠠᠶ᠋ᠢᠯᠠᠬᠤ ᠳᠤᠷᠠᠳᠤᠯᠭ᠎ᠠ ᠭᠠᠷᠭ᠋ᠠᠭᠰᠠᠨ ᠦᠭᠡᠢ ᠪᠣᠯ᠂ ᠳᠠᠭ᠋ᠠᠭ᠋ᠠᠴᠢᠯᠠᠯᠲᠠ ᠵᠠᠷᠯᠠᠭᠴᠢ ᠪᠤᠶᠤ ᠵᠠᠰᠠᠭ ᠵᠠᠬᠢᠷᠭ᠋ᠠᠨ᠎ᠤ ᠬᠢᠨᠠᠯᠲᠠ ᠲᠠᠯᠪᠢᠬᠤ ᠰᠠᠯᠠᠭ᠎ᠠ ᠮᠥᠴᠢᠷ ᠣᠯᠵᠤ ᠮᠡᠳᠡᠭᠰᠡᠨ᠎ᠤ ᠳᠠᠷᠠᠭ᠎ᠠ᠂ ᠲᠡᠭᠦᠨ᠎ᠤ ᠲᠣᠰ ᠤᠳᠠᠭ᠋ᠠᠨ᠎ᠤ ᠳᠠᠭ᠋ᠠᠭ᠋ᠠᠴᠢᠯᠠᠯᠲᠠ ᠬᠢᠨᠠᠨ ᠦᠨᠡᠯᠡᠬᠦ ᠠᠵᠢᠯᠯᠠᠭ᠎ᠠ ᠵᠢ ᠲᠡᠷᠡ ᠳᠠᠷᠤᠢ᠎ᠳᠤ᠎ᠨᠢ ᠵᠣᠭᠰᠣᠭ᠋ᠠᠬᠤ ᠬᠡᠷᠡᠭᠲᠡᠢ᠃
ᠬᠤᠷᠢᠨ ᠳᠣᠯᠣᠳᠤᠭ᠋ᠠᠷ ᠵᠦᠢ᠍ᠯ ᠬᠠᠤᠯᠢ ᠶᠣᠰᠣᠭ᠋ᠠᠷ ᠲᠠᠰᠢᠷᠠᠮ ᠵᠶ᠋ᠠᠷ ᠰᠤᠭᠤᠴᠢᠬᠤ ᠵᠢᠨ ᠬᠠᠮᠲᠤ ᠨᠤᠲᠠᠯᠠᠨ ᠲᠣᠭᠲᠠᠭ᠋ᠠᠭᠰᠠᠨ ᠲᠤᠰᠬᠠᠢ ᠮᠡᠷᠭᠡᠵᠢᠯᠲᠡᠨ᠎ᠢ ᠲᠣᠰ ᠠᠷᠭ᠎ᠠ ᠵᠢᠨ ᠬᠤᠷᠢᠨ ᠲᠠᠪᠤᠳᠤᠭ᠋ᠠᠷ ᠵᠦᠢ᠍ᠯ ᠪᠠ ᠬᠤᠷᠢᠨ ᠵᠢᠷᠭᠤᠳᠤᠭ᠋ᠠᠷ ᠵᠦᠢ᠍ᠯ᠎ᠳᠤ ᠲᠣᠭᠲᠠᠭ᠋ᠠᠭᠰᠠᠨ ᠪᠠᠶ᠋ᠢᠳᠠᠯ ᠭᠠᠷᠬᠤ᠎ᠠᠴᠠ ᠭᠠᠳᠠᠨ᠎ᠠ᠂ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠶᠠᠮᠠᠷ ᠴᠦ᠍ ᠰᠢᠯᠲᠠᠭ᠋ᠠᠨ ᠵᠶ᠋ᠠᠷ ᠲᠡᠪᠴᠢᠵᠦ ᠪᠣᠯᠬᠤ ᠦᠭᠡᠢ᠃
ᠬᠤᠷᠢᠨ ᠨᠠᠢ᠍ᠮᠠᠳᠤᠭ᠋ᠠᠷ ᠵᠦᠢ᠍ᠯ ᠳᠠᠭ᠋ᠠᠭ᠋ᠠᠴᠢᠯᠠᠯᠲᠠ ᠵᠠᠷᠯᠠᠭᠴᠢ ᠲᠤᠬᠠᠢ ᠵᠢᠨ ᠲᠠᠯᠠᠪᠠᠢ᠎ᠳᠤ ᠲᠤᠰᠬᠠᠢ ᠮᠡᠷᠭᠡᠵᠢᠯᠲᠡᠨ ᠰᠤᠭᠤᠴᠢᠨ ᠬᠡᠷᠡᠭᠯᠡᠬᠦ ᠵᠢ ᠠᠪᠤᠭᠰᠠᠨ ᠪᠠᠶ᠋ᠢᠪᠠᠯ᠂ ᠵᠠᠰᠠᠭ ᠵᠠᠬᠢᠷᠭ᠋ᠠᠨ᠎ᠤ ᠬᠢᠨᠠᠯᠲᠠ ᠲᠠᠯᠪᠢᠬᠤ ᠰᠠᠯᠠᠭ᠎ᠠ ᠮᠥᠴᠢᠷ᠎ᠤᠨ ᠠᠵᠢᠯᠲᠠᠨ ᠲᠤᠬᠠᠢ ᠵᠢᠨ ᠲᠠᠯᠠᠪᠠᠢ᠎ᠳᠤ᠎ᠨᠢ ᠬᠢᠨᠠᠯᠲᠠ ᠲᠠᠯᠪᠢᠵᠤ᠂ ᠣᠯᠠᠨ ᠨᠡᠶ᠋ᠢᠲᠠ ᠵᠢᠨ ᠡᠬᠢ ᠪᠠᠶᠠᠯᠢᠭ᠎ᠤᠨ ᠠᠷᠠᠯᠵᠢᠶᠠᠨ᠎ᠤ ᠲᠠᠪᠴᠠᠩ᠎ᠤᠨ ᠠᠵᠢᠯᠯᠠᠭᠤᠯᠵᠤ ᠦᠢ᠍ᠯᠡᠴᠢᠯᠡᠬᠦ ᠪᠠᠶ᠋ᠢᠭᠤᠯᠤᠮᠵᠢ ᠵᠢᠨ ᠠᠵᠢᠯᠲᠠᠨ᠎ᠠᠴᠠ ᠴᠢᠬᠤᠯᠠ ᠪᠦᠬᠦᠢ ᠵᠥᠪᠯᠡᠮᠵᠢ ᠥᠭᠬᠦ ᠦᠢ᠍ᠯᠡᠴᠢᠯᠡᠭᠡ ᠪᠠ ᠠᠵᠢᠯᠯᠠᠭ᠋ᠠᠨ᠎ᠳᠤ ᠬᠠᠪᠰᠤᠷᠤᠮᠵᠢ ᠬᠠᠩᠭ᠋ᠠᠬᠤ ᠬᠡᠷᠡᠭᠲᠡᠢ᠃
ᠰᠦᠯᠵᠢᠶᠡᠨ ᠳᠡᠭᠡᠷ᠎ᠡ ᠲᠤᠰᠬᠠᠢ ᠮᠡᠷᠭᠡᠵᠢᠯᠲᠡᠨ ᠰᠤᠭᠤᠴᠢᠨ ᠬᠡᠷᠡᠭᠯᠡᠬᠦ ᠬᠡᠯᠪᠡᠷᠢ ᠵᠢ ᠠᠪᠤᠭᠰᠠᠨ ᠪᠠᠶ᠋ᠢᠪᠠᠯ᠂ ᠳᠠᠭ᠋ᠠᠭ᠋ᠠᠴᠢᠯᠠᠯᠲᠠ ᠵᠠᠷᠯᠠᠭᠴᠢ᠎ᠠᠴᠠ ᠰᠤᠭᠤᠴᠢᠨ ᠬᠡᠷᠡᠭᠯᠡᠭᠰᠡᠨ ᠦᠷ᠎ᠡ ᠳ᠋ᠦᠩ᠎ᠳᠤ ᠨᠤᠲᠠᠯᠠᠯᠲᠠ ᠬᠢᠬᠦ ᠬᠡᠷᠡᠭᠲᠡᠢ᠃
ᠵᠢᠷᠭᠤᠳᠤᠭ᠋ᠠᠷ ᠪᠦᠯᠦᠭ ᠲᠤᠰᠬᠠᠢ ᠮᠡᠷᠭᠡᠵᠢᠯᠲᠡᠨ᠎ᠤ ᠬᠠᠮᠢᠶᠠᠷᠤᠯᠲᠠ
ᠬᠤᠷᠢ ᠶᠢᠰᠦᠳᠦᠭᠡᠷ ᠵᠦᠢ᠍ᠯ ᠡᠯ᠎ᠡ ᠱᠠᠲᠤᠨ᠎ᠤ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠠᠨ᠎ᠤ ᠲᠠᠪᠴᠠᠩ᠎ᠤᠨ ᠠᠵᠢᠯᠯᠠᠭᠤᠯᠵᠤ ᠦᠢ᠍ᠯᠡᠴᠢᠯᠡᠬᠦ ᠪᠠᠶ᠋ᠢᠭᠤᠯᠤᠮᠵᠢ᠎ᠨᠢ ᠲᠣᠰ ᠲᠠᠯᠠᠪᠤᠷ ᠭᠠᠵᠠᠷ᠎ᠲᠠᠬᠢ ᠳᠠᠭ᠋ᠠᠭ᠋ᠠᠴᠢᠯᠠᠯᠲᠠ ᠬᠢᠨᠠᠨ ᠦᠨᠡᠯᠡᠬᠦ ᠠᠵᠢᠯᠯᠠᠭ᠎ᠠ᠎ᠳᠤ ᠣᠷᠣᠯᠴᠠᠭᠰᠠᠨ ᠲᠤᠰᠬᠠᠢ ᠮᠡᠷᠭᠡᠵᠢᠯᠲᠡᠨ᠎ᠤ ᠨᠥᠯᠥᠭᠡ ᠮᠠᠭᠤᠲᠠᠢ ᠦᠢ᠍ᠯᠡ ᠠᠵᠢᠯᠯᠠᠭ᠎ᠠ ᠪᠠ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠬᠤᠷᠢᠶᠠᠨ ᠴᠤᠭᠯᠠᠭᠤᠯᠬᠤ ᠪᠠ ᠰᠢᠩᠭᠡᠭᠡᠨ ᠲᠡᠮᠳᠡᠭᠯᠡᠬᠦ ᠠᠵᠢᠯ᠎ᠢ ᠬᠠᠷᠢᠭᠤᠴᠠᠵᠤ᠂ ᠬᠤᠯᠪᠣᠭᠳᠠᠯ ᠪᠦᠬᠦᠢ ᠵᠠᠰᠠᠭ ᠵᠠᠬᠢᠷᠭ᠋ᠠᠨ᠎ᠤ ᠬᠢᠨᠠᠯᠲᠠ ᠲᠠᠯᠪᠢᠬᠤ ᠰᠠᠯᠠᠭ᠎ᠠ ᠮᠥᠴᠢᠷ᠎ᠲᠤ ᠴᠠᠭ ᠲᠤᠬᠠᠢᠳᠤᠨᠢ ᠮᠡᠳᠡᠭᠦᠯᠦᠨ ᠬᠦᠷᠭᠡᠵᠦ ᠮᠠᠭ᠋ᠠᠳᠯᠠᠨ ᠲᠣᠭᠲᠠᠭ᠋ᠠᠯᠭ᠋ᠠᠵᠤ ᠰᠢᠢ᠍ᠳᠪᠦᠷᠢᠯᠡᠭᠦᠯᠬᠦ ᠵᠢᠨ ᠬᠠᠮᠲᠤ ᠪᠠᠶ᠋ᠢᠴᠠᠭ᠋ᠠᠨ ᠰᠢᠢ᠍ᠳᠪᠦᠷᠢᠯᠡᠬᠦ ᠠᠵᠢᠯ᠎ᠳᠤ ᠰᠠᠶ᠋ᠢᠲᠤᠷ ᠬᠠᠮᠵᠢᠯᠴᠠᠬᠤ ᠬᠡᠷᠡᠭᠲᠡᠢ᠃
ᠭᠤᠴᠢᠳᠤᠭ᠋ᠠᠷ ᠵᠦᠢ᠍ᠯ ᠳᠠᠭ᠋ᠠᠭ᠋ᠠᠴᠢᠯᠠᠯᠲᠠ ᠵᠠᠷᠯᠠᠭᠴᠢ᠂ ᠣᠷᠣᠯᠠᠨ ᠳᠠᠭ᠋ᠠᠭ᠋ᠠᠴᠢᠯᠠᠯᠲᠠ ᠵᠠᠷᠯᠠᠬᠤ ᠪᠠᠶ᠋ᠢᠭᠤᠯᠤᠮᠵᠢ᠂ ᠳᠠᠭ᠋ᠠᠭ᠋ᠠᠴᠢᠯᠠᠯᠲᠠ ᠬᠦᠯᠢᠶᠡᠭᠴᠢ᠎ᠠᠴᠠ ᠲᠤᠰᠬᠠᠢ ᠮᠡᠷᠭᠡᠵᠢᠯᠲᠡᠨ᠎ᠤ ᠬᠠᠤᠯᠢ ᠲᠣᠭᠲᠠᠭ᠋ᠠᠯ᠎ᠢ ᠵᠥᠷᠢᠴᠡᠭᠰᠡᠨ ᠦᠢ᠍ᠯᠡ ᠠᠵᠢᠯᠯᠠᠭ᠎ᠠ ᠵᠢ ᠣᠯᠵᠤ ᠮᠡᠳᠡᠪᠠᠯ᠂ ᠬᠤᠯᠪᠣᠭᠳᠠᠯ ᠪᠦᠬᠦᠢ ᠵᠠᠰᠠᠭ ᠵᠠᠬᠢᠷᠭ᠋ᠠᠨ᠎ᠤ ᠬᠢᠨᠠᠯᠲᠠ ᠲᠠᠯᠪᠢᠬᠤ ᠰᠠᠯᠠᠭ᠎ᠠ ᠮᠥᠴᠢᠷ᠎ᠲᠤ ᠴᠠᠭ ᠲᠤᠬᠠᠢᠳᠤᠨᠢ ᠮᠡᠳᠡᠭᠦᠯᠵᠦ᠂ ᠬᠠᠮᠢᠶ᠎ᠠ ᠪᠦᠬᠦᠢ ᠵᠠᠰᠠᠭ ᠵᠠᠬᠢᠷᠭ᠋ᠠᠨ᠎ᠤ ᠬᠢᠨᠠᠯᠲᠠ ᠲᠠᠯᠪᠢᠬᠤ ᠰᠠᠯᠠᠭ᠎ᠠ ᠮᠥᠴᠢᠷ᠎ᠨᠢ ᠬᠠᠤᠯᠢ ᠲᠣᠭᠲᠠᠭ᠋ᠠᠯ ᠶᠣᠰᠣᠭ᠋ᠠᠷ ᠴᠢᠩᠭ᠎ᠠ ᠪᠠᠶ᠋ᠢᠴᠠᠭ᠋ᠠᠨ ᠰᠢᠢ᠍ᠳᠪᠦᠷᠢᠯᠡᠬᠦ ᠬᠡᠷᠡᠭᠲᠡᠢ᠃
ᠭᠤᠴᠢᠨ ᠨᠢᠭᠡᠳᠦᠭᠡᠷ ᠵᠦᠢ᠍ᠯ ᠡᠯ᠎ᠡ ᠱᠠᠲᠤᠨ᠎ᠤ ᠵᠠᠰᠠᠭ ᠵᠠᠬᠢᠷᠭ᠋ᠠᠨ᠎ᠤ ᠬᠢᠨᠠᠯᠲᠠ ᠲᠠᠯᠪᠢᠬᠤ ᠰᠠᠯᠠᠭ᠎ᠠ ᠮᠥᠴᠢᠷ᠎ᠨᠢ ᠲᠣᠰ ᠠᠵᠢᠯ ᠲᠥᠷᠥᠯ᠎ᠤᠨ ᠲᠤᠰᠬᠠᠢ ᠮᠡᠷᠭᠡᠵᠢᠯᠲᠡᠨ᠎ᠢ ᠬᠥᠳᠡᠯᠦᠩᠭᠦᠢ᠎ᠪᠠᠷ ᠬᠠᠮᠢᠶᠠᠷᠴᠤ᠂ ᠲᠤᠰᠬᠠᠢ ᠮᠡᠷᠭᠡᠵᠢᠯᠲᠡᠨ᠎ᠢ ᠬᠥᠳᠡᠯᠦᠩᠭᠦᠢ᠎ᠪᠠᠷ ᠰᠢᠯᠭ᠋ᠠᠨ ᠬᠢᠨᠠᠬᠤ ᠲᠣᠭᠲᠠᠴᠠ ᠵᠢ ᠪᠠᠶ᠋ᠢᠭᠤᠯᠤᠨ᠂ ᠬᠢᠷᠢ ᠲᠡᠩᠴᠡᠬᠦ ᠦᠭᠡᠢ ᠲᠤᠰᠬᠠᠢ ᠮᠡᠷᠭᠡᠵᠢᠯᠲᠡᠨ᠎ᠢ ᠴᠠᠭ ᠲᠤᠬᠠᠢᠳᠤᠨᠢ ᠢᠯᠭ᠋ᠠᠷᠠᠭᠤᠯᠤᠨ ᠭᠠᠷᠭ᠋ᠠᠬᠤ ᠬᠡᠷᠡᠭᠲᠡᠢ᠃
ᠭᠤᠴᠢᠨ ᠬᠤᠶᠠᠳᠤᠭ᠋ᠠᠷ ᠵᠦᠢ᠍ᠯ ᠡᠯ᠎ᠡ ᠱᠠᠲᠤᠨ᠎ᠤ ᠵᠠᠰᠠᠭ ᠵᠠᠬᠢᠷᠭ᠋ᠠᠨ᠎ᠤ ᠬᠢᠨᠠᠯᠲᠠ ᠲᠠᠯᠪᠢᠬᠤ ᠰᠠᠯᠠᠭ᠎ᠠ ᠮᠥᠴᠢᠷ᠎ᠠᠴᠠ ᠲᠤᠰᠬᠠᠢ ᠮᠡᠷᠭᠡᠵᠢᠯᠲᠡᠨ᠎ᠳᠤ ᠳᠠᠭ᠋ᠠᠭ᠋ᠠᠴᠢᠯᠠᠯᠲᠠ ᠬᠢᠨᠠᠨ ᠦᠨᠡᠯᠡᠬᠦ ᠵᠢ ᠲᠦᠷ ᠵᠣᠭᠰᠣᠭ᠋ᠠᠬᠤ ᠰᠢᠢ᠍ᠳᠭᠡᠯ ᠲᠣᠷᠭ᠋ᠠᠭᠤᠯᠢ ᠥᠭᠭᠦᠭᠰᠡᠨ ᠬᠤᠭᠤᠴᠠᠭ᠋ᠠᠨ᠎ᠳᠤ᠂ ᠲᠡᠭᠦᠨ᠎ᠤ ᠳᠠᠭ᠋ᠠᠭ᠋ᠠᠴᠢᠯᠠᠯᠲᠠ ᠬᠢᠨᠠᠨ ᠦᠨᠡᠯᠡᠬᠦ ᠺᠣᠮᠢᠰ᠎ᠤᠨ ᠪᠦᠷᠢᠯᠳᠦᠭᠦᠨ᠎ᠤ ᠠᠵᠢᠯ᠎ᠢ ᠡᠭᠦᠷᠬᠡᠯᠡᠬᠦ ᠬᠢᠷᠢ ᠭᠡᠮ᠎ᠢ᠎ᠨᠢ ᠲᠦᠷ ᠵᠣᠭᠰᠣᠭ᠋ᠠᠬᠤ ᠬᠡᠷᠡᠭᠲᠡᠢ᠃
ᠭᠤᠴᠢᠨ ᠭᠤᠷᠪᠠᠳᠤᠭ᠋ᠠᠷ ᠵᠦᠢ᠍ᠯ ᠲᠤᠰᠬᠠᠢ ᠮᠡᠷᠭᠡᠵᠢᠯᠲᠡᠨ᠎ᠳᠤ ᠳᠣᠣᠷ᠎ᠠ ᠵᠢᠭᠰᠠᠭ᠋ᠠᠭᠰᠠᠨ ᠪᠠᠶ᠋ᠢᠳᠠᠯ᠎ᠠᠴᠠ ᠨᠢᠭᠡ᠎ᠨᠢ ᠪᠠᠶ᠋ᠢᠪᠠᠯ᠂ ᠲᠤᠰᠬᠠᠢ ᠮᠡᠷᠭᠡᠵᠢᠯᠲᠡᠨ᠎ᠤ ᠬᠢᠷᠢ ᠭᠡᠮ᠎ᠢ᠎ᠨᠢ ᠵᠣᠭᠰᠣᠭ᠋ᠠᠬᠤ ᠬᠡᠷᠡᠭᠲᠡᠢ᠄
(ᠨᠢᠭᠡ) ᠪᠦᠬᠦᠯᠢ 70 ᠨᠠᠰᠤᠨ᠎ᠠᠴᠠ ᠬᠡᠲᠦᠷᠡᠭᠰᠡᠨ ᠪᠠᠶ᠋ᠢᠪᠠᠯ᠂ ᠰᠢᠰᠲ᠋ᠧᠮ᠎ᠠᠴᠠ ᠠᠶᠠᠨᠳᠠᠭ᠋ᠠᠨ ᠲᠡᠭᠦᠨ᠎ᠤ ᠲᠤᠰᠬᠠᠢ ᠮᠡᠷᠭᠡᠵᠢᠯᠲᠡᠨ᠎ᠤ ᠬᠢᠷᠢ ᠭᠡᠮ᠎ᠢ᠎ᠨᠢ ᠵᠣᠭᠰᠣᠭ᠋ᠠᠨ᠎ᠠ;
(ᠬᠤᠶᠠᠷ) ᠲᠣᠰ ᠬᠥᠮᠥᠨ᠎ᠨᠢ ᠲᠤᠰᠬᠠᠢ ᠮᠡᠷᠭᠡᠵᠢᠯᠲᠡᠨ᠎ᠤ ᠠᠵᠢᠯ᠎ᠢ ᠡᠭᠦᠷᠬᠡᠯᠡᠬᠦ᠎ᠪᠠᠨ ᠪᠣᠯᠢᠬᠤ ᠭᠤᠶᠤᠴᠢᠯᠠᠯ ᠭᠠᠷᠭ᠋ᠠᠭᠰᠠᠨ;
(ᠭᠤᠷᠪᠠ) ᠪᠡᠶ᠎ᠡ ᠮᠠᠬᠠᠪᠤᠳ ᠡᠷᠡᠭᠦᠯ ᠴᠢᠬᠢᠷᠠᠭ ᠪᠤᠶᠤ ᠠᠵᠢᠯ᠎ᠤᠨ ᠵᠡᠷᠭᠡ ᠰᠢᠯᠲᠠᠭ᠋ᠠᠨ᠎ᠠᠴᠠ ᠪᠣᠯᠵᠤ ᠲᠤᠰᠬᠠᠢ ᠮᠡᠷᠭᠡᠵᠢᠯᠲᠡᠨ᠎ᠤ ᠠᠵᠢᠯ᠎ᠢ ᠦᠷᠭᠦᠯᠵᠢᠯᠡᠨ ᠡᠭᠦᠷᠬᠡᠯᠡᠵᠦ ᠳᠡᠶ᠋ᠢᠯᠬᠦ ᠦᠭᠡᠢ ᠪᠣᠯᠣᠭᠰᠠᠨ;
(ᠳᠥᠷᠪᠡ) ᠬᠠᠤᠯᠢ ᠴᠠᠭ᠋ᠠᠵᠠ ᠬᠠᠤᠯᠢ ᠲᠣᠭᠲᠠᠭ᠋ᠠᠯ ᠲᠣᠭᠲᠠᠭ᠋ᠠᠯ ᠳᠦᠷᠢᠮ᠎ᠳᠤ ᠲᠣᠭᠲᠠᠭ᠋ᠠᠭᠰᠠᠨ ᠪᠤᠰᠤᠳ ᠪᠠᠶ᠋ᠢᠳᠠᠯ᠃
ᠭᠤᠴᠢᠨ ᠳᠥᠷᠪᠡᠳᠦᠭᠡᠷ ᠵᠦᠢ᠍ᠯ ᠲᠤᠰᠬᠠᠢ ᠮᠡᠷᠭᠡᠵᠢᠯᠲᠡᠨ᠎ᠳᠤ ᠳᠣᠣᠷ᠎ᠠ ᠵᠢᠭᠰᠠᠭ᠋ᠠᠭᠰᠠᠨ ᠪᠠᠶ᠋ᠢᠳᠠᠯ᠎ᠠᠴᠠ ᠨᠢᠭᠡ᠎ᠨᠢ ᠪᠠᠶ᠋ᠢᠪᠠᠯ᠂ ᠳᠠᠭ᠋ᠠᠭ᠋ᠠᠴᠢᠯᠠᠯᠲᠠ ᠬᠢᠨᠠᠨ ᠦᠨᠡᠯᠡᠬᠦ ᠺᠣᠮᠢᠰ᠎ᠤᠨ ᠪᠦᠷᠢᠯᠳᠦᠭᠦᠨ᠎ᠤ ᠠᠵᠢᠯ᠎ᠢ ᠡᠭᠦᠷᠬᠡᠯᠡᠬᠦ ᠬᠢᠷᠢ ᠭᠡᠮ᠎ᠢ᠎ᠨᠢ ᠬᠠᠰᠤᠬᠤ ᠬᠡᠷᠡᠭᠲᠡᠢ᠄
(ᠨᠢᠭᠡ) ᠦᠨᠡᠨ ᠪᠣᠳᠠᠲᠤ ᠪᠢᠰᠢ ᠮᠡᠳᠡᠭᠡ ᠵᠠᠩᠬᠢ ᠪᠠ ᠬᠠᠭᠤᠷᠮᠠᠭ ᠮᠠᠲ᠋ᠧᠷᠢᠶᠠᠯ ᠵᠶ᠋ᠠᠷ ᠲᠤᠰᠬᠠᠢ ᠮᠡᠷᠭᠡᠵᠢᠯᠲᠡᠨ᠎ᠤ ᠬᠢᠷᠢ ᠭᠡᠮ᠎ᠢ ᠮᠡᠬᠡᠯᠡᠨ ᠣᠯᠣᠭᠰᠠᠨ;
(ᠬᠤᠶᠠᠷ) ᠡᠳᠦᠷ ᠲᠤᠲᠤᠮ᠎ᠤᠨ ᠲᠤᠰᠢᠶᠠᠯ ᠵᠶ᠋ᠠᠨ ᠭᠦᠢ᠍ᠴᠡᠳᠭᠡᠬᠦ ᠦᠢ᠍ᠯᠡ ᠠᠵᠢᠯᠯᠠᠭ᠎ᠠ᠎ᠳᠤ᠎ᠨᠢ ᠬᠦᠨᠳᠦ ᠶᠡᠭᠡ ᠠᠯᠳᠠᠭ᠎ᠠ ᠪᠤᠷᠤᠭᠤ ᠭᠠᠷᠤᠭᠰᠠᠨ;
(ᠭᠤᠷᠪᠠ) ᠱᠠᠭ᠋ᠠᠷᠳᠠᠯᠭ᠎ᠠ ᠶᠣᠰᠣᠭ᠋ᠠᠷ ᠬᠥᠮᠥᠵᠢᠯ ᠪᠣᠯᠪᠠᠰᠤᠷᠠᠯ᠎ᠳᠤ ᠣᠷᠣᠯᠴᠠᠭᠰᠠᠨ ᠦᠭᠡᠢ ᠪᠤᠶᠤ ᠰᠢᠯᠭ᠋ᠠᠨ ᠬᠢᠨᠠᠯᠲᠠ ᠦᠨᠡᠯᠡᠯᠲᠡ᠎ᠳᠤ ᠬᠢᠷᠢ ᠲᠡᠩᠴᠡᠭᠰᠡᠨ ᠦᠭᠡᠢ;
(ᠳᠥᠷᠪᠡ) ᠲᠣᠭᠲᠠᠭ᠋ᠠᠯ ᠶᠣᠰᠣᠭ᠋ᠠᠷ ᠳᠠᠭ᠋ᠠᠭ᠋ᠠᠴᠢᠯᠠᠯᠲᠠ ᠬᠢᠨᠠᠨ ᠦᠨᠡᠯᠡᠭᠰᠡᠨ ᠦᠭᠡᠢ᠂ ᠬᠤᠪᠢ ᠵᠢᠨ ᠨᠠᠶ᠋ᠢᠷ ᠲᠠᠯ᠎ᠠ ᠬᠠᠷᠠᠵᠤ ᠬᠠᠤᠯᠢ ᠶᠣᠰᠣ ᠵᠢ ᠵᠥᠷᠢᠴᠡᠬᠦ᠂ ᠳᠠᠭ᠋ᠠᠭ᠋ᠠᠴᠢᠯᠠᠯᠲᠠ ᠬᠢᠨᠠᠨ ᠦᠨᠡᠯᠡᠬᠦ ᠰᠠᠬᠢᠯᠭ᠎ᠠ ᠪᠠᠲᠤ ᠪᠠ ᠬᠤᠯᠪᠣᠭᠳᠠᠯ ᠪᠦᠬᠦᠢ ᠲᠣᠭᠲᠠᠭ᠋ᠠᠯ᠎ᠠᠴᠠ ᠵᠥᠷᠢᠴᠡᠭᠰᠡᠨ;
(ᠲᠠᠪᠤ) ᠡᠷᠡᠭᠦᠦ ᠵᠢᠨ ᠬᠡᠷᠡᠭ᠎ᠤᠨ ᠰᠢᠢ᠍ᠳᠭᠡᠯ ᠲᠣᠷᠭ᠋ᠠᠭᠤᠯᠢ ᠣᠯᠣᠭᠰᠠᠨ;
(ᠵᠢᠷᠭᠤᠭ᠎ᠠ) ᠬᠠᠤᠯᠢ ᠴᠠᠭ᠋ᠠᠵᠠ ᠬᠠᠤᠯᠢ ᠲᠣᠭᠲᠠᠭ᠋ᠠᠯ ᠲᠣᠭᠲᠠᠭ᠋ᠠᠯ ᠳᠦᠷᠢᠮ᠎ᠳᠤ ᠲᠣᠭᠲᠠᠭ᠋ᠠᠭᠰᠠᠨ ᠪᠤᠰᠤᠳ ᠪᠠᠶ᠋ᠢᠳᠠᠯ᠃
ᠭᠤᠴᠢᠨ ᠲᠠᠪᠤᠳᠤᠭ᠋ᠠᠷ ᠵᠦᠢ᠍ᠯ ᠳᠠᠭ᠋ᠠᠭ᠋ᠠᠴᠢᠯᠠᠯᠲᠠ ᠬᠢᠨᠠᠨ ᠦᠨᠡᠯᠡᠬᠦ ᠺᠣᠮᠢᠰ᠎ᠤᠨ ᠪᠦᠷᠢᠯᠳᠦᠭᠦᠨ᠎ᠤ ᠠᠵᠢᠯ᠎ᠢ ᠡᠭᠦᠷᠬᠡᠯᠡᠬᠦ ᠬᠢᠷᠢ ᠭᠡᠮ ᠵᠶ᠋ᠠᠨ ᠬᠠᠰᠤᠭᠤᠯᠤᠭᠰᠠᠨ ᠬᠥᠮᠥᠰ᠎ᠢ ᠡᠯ᠎ᠡ ᠱᠠᠲᠤᠨ᠎ᠤ ᠵᠠᠰᠠᠭ ᠵᠠᠬᠢᠷᠭ᠋ᠠᠨ᠎ᠤ ᠬᠢᠨᠠᠯᠲᠠ ᠲᠠᠯᠪᠢᠬᠤ ᠰᠠᠯᠠᠭ᠎ᠠ ᠮᠥᠴᠢᠷ᠎ᠤᠨ᠎ᠬᠢᠨ ᠥᠪᠡᠷᠲᠡᠭᠡᠨ ᠵᠠᠰᠠᠬᠤ ᠣᠷᠣᠨ᠎ᠤ ᠲᠤᠰᠬᠠᠢ ᠮᠡᠷᠭᠡᠵᠢᠯᠲᠡᠨ᠎ᠤ ᠬᠥᠮᠥᠷᠭᠡ᠎ᠠᠴᠠ ᠴᠠᠭ ᠲᠤᠬᠠᠢᠳᠤᠨᠢ ᠢᠯᠭ᠋ᠠᠷᠠᠭᠤᠯᠤᠨ ᠭᠠᠷᠭ᠋ᠠᠬᠤ ᠬᠡᠷᠡᠭᠲᠡᠢ᠃ ᠳᠠᠭ᠋ᠠᠭ᠋ᠠᠴᠢᠯᠠᠯᠲᠠ ᠵᠠᠷᠯᠠᠭᠴᠢ᠎ᠨᠢ ᠳᠠᠭ᠋ᠠᠭ᠋ᠠᠴᠢᠯᠠᠯᠲᠠ ᠬᠢᠨᠠᠨ ᠦᠨᠡᠯᠡᠬᠦ ᠵᠢ ᠲᠦᠷ ᠵᠣᠭᠰᠣᠭ᠋ᠠᠬᠤ ᠰᠢᠢ᠍ᠳᠭᠡᠯ ᠲᠣᠷᠭ᠋ᠠᠭᠤᠯᠢ ᠵᠢᠨ ᠬᠤᠭᠤᠴᠠᠭ᠋ᠠᠨ᠎ᠳᠤ ᠪᠠᠶ᠋ᠢᠭ᠎ᠠ ᠲᠤᠰᠬᠠᠢ ᠮᠡᠷᠭᠡᠵᠢᠯᠲᠡᠨ ᠪᠤᠶᠤ ᠨᠢᠭᠡᠨᠲᠡ ᠳᠠᠭ᠋ᠠᠭ᠋ᠠᠴᠢᠯᠠᠯᠲᠠ ᠬᠢᠨᠠᠨ ᠦᠨᠡᠯᠡᠬᠦ ᠺᠣᠮᠢᠰ᠎ᠤᠨ ᠪᠦᠷᠢᠯᠳᠦᠭᠦᠨ᠎ᠤ ᠬᠢᠷᠢ ᠭᠡᠮ ᠵᠶ᠋ᠠᠨ ᠬᠠᠰᠤᠭᠤᠯᠤᠭᠰᠠᠨ ᠬᠥᠮᠥᠰ᠎ᠢ ᠤᠷᠢᠵᠤ ᠳᠠᠭ᠋ᠠᠭ᠋ᠠᠴᠢᠯᠠᠯᠲᠠ ᠬᠢᠨᠠᠨ ᠦᠨᠡᠯᠡᠬᠦ ᠺᠣᠮᠢᠰ᠎ᠤᠨ ᠪᠦᠷᠢᠯᠳᠦᠭᠦᠨ᠎ᠤ ᠠᠵᠢᠯ᠎ᠢ ᠡᠭᠦᠷᠭᠡᠯᠡᠭᠦᠯᠵᠦ ᠪᠣᠯᠬᠤ ᠦᠭᠡᠢ᠃
ᠭᠤᠴᠢᠨ ᠵᠢᠷᠭᠤᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠲᠤᠰᠬᠠᠢ ᠮᠡᠷᠭᠡᠵᠢᠯᠲᠡᠨ᠎ᠤ ᠬᠥᠮᠥᠷᠭᠡ᠎ᠨᠢ ᠲᠤᠰᠬᠠᠢ ᠮᠡᠷᠭᠡᠵᠢᠯᠲᠡᠨ᠎ᠤ ᠨᠡᠷᠡᠰ᠎ᠤᠨ ᠬᠠᠷ᠎ᠠ ᠳᠠᠩᠰᠠ ᠵᠢᠨ ᠳᠦᠷᠢᠮ᠎ᠢ ᠪᠠᠶ᠋ᠢᠭᠤᠯᠵᠤ᠂ ᠰᠢᠢ᠍ᠳᠭᠡᠵᠦ ᠲᠣᠷᠭ᠋ᠠᠭᠳᠠᠭᠰᠠᠨ ᠲᠤᠰᠬᠠᠢ ᠮᠡᠷᠭᠡᠵᠢᠯᠲᠡᠨ᠎ᠢ ᠲᠤᠰᠬᠠᠢ ᠮᠡᠷᠭᠡᠵᠢᠯᠲᠡᠨ᠎ᠤ ᠬᠥᠮᠥᠷᠭᠡ ᠵᠢᠨ ᠨᠡᠷᠡᠰ᠎ᠤᠨ ᠬᠠᠷ᠎ᠠ ᠳᠠᠩᠰᠠ ᠵᠢᠨ ᠬᠠᠮᠢᠶᠠᠷᠤᠯᠲᠠ ᠵᠢᠨ ᠰᠢᠰᠲ᠋ᠧᠮ᠎ᠳᠤ ᠣᠷᠣᠭᠤᠯᠤᠨ᠂ ᠵᠣᠬᠢᠬᠤ ᠬᠤᠭᠤᠴᠠᠭ᠋ᠠᠨ᠎ᠳᠤ ᠰᠤᠭᠤᠴᠢᠨ ᠬᠡᠷᠡᠭᠯᠡᠬᠦ᠎ᠠᠴᠠ ᠭᠠᠷᠭ᠋ᠠᠨ᠎ᠠ᠃ ᠡᠯ᠎ᠡ ᠱᠠᠲᠤᠨ᠎ᠤ ᠵᠠᠰᠠᠭ ᠵᠠᠬᠢᠷᠭ᠋ᠠᠨ᠎ᠤ ᠬᠢᠨᠠᠯᠲᠠ ᠲᠠᠯᠪᠢᠬᠤ ᠰᠠᠯᠠᠭ᠎ᠠ ᠮᠥᠴᠢᠷ᠎ᠨᠢ ᠬᠦᠨᠳᠦ ᠨᠣᠴᠢᠲᠠᠢ ᠰᠢᠢ᠍ᠳᠭᠡᠨ ᠲᠣᠷᠭ᠋ᠠᠭᠳᠠᠭᠰᠠᠨ ᠲᠤᠰᠬᠠᠢ ᠮᠡᠷᠭᠡᠵᠢᠯᠲᠡᠨ᠎ᠢ ᠬᠦᠨᠳᠦ ᠨᠣᠴᠢᠲᠠᠢ ᠢᠲᠡᠭᠡᠮᠵᠢ ᠠᠯᠳᠠᠭᠰᠠᠨ ᠭᠤᠣᠯ ᠴᠣᠭᠴᠠ ᠵᠢᠨ ᠨᠡᠷᠡᠰ᠎ᠲᠤ ᠬᠠᠤᠯᠢ ᠶᠣᠰᠣᠭ᠋ᠠᠷ ᠵᠢᠭᠰᠠᠭ᠋ᠠᠵᠤ᠂ ᠬᠤᠯᠪᠣᠭ᠋ᠠᠯᠠᠨ ᠵᠠᠯᠬᠠᠭ᠋ᠠᠨ ᠴᠡᠭᠡᠷᠯᠡᠭᠦᠯᠬᠦ ᠵᠢ ᠬᠡᠷᠡᠭᠵᠢᠭᠦᠯᠦᠨ᠎ᠡ᠃
ᠭᠤᠴᠢᠨ ᠳᠣᠯᠣᠳᠤᠭ᠋ᠠᠷ ᠵᠦᠢ᠍ᠯ ᠡᠯ᠎ᠡ ᠱᠠᠲᠤᠨ᠎ᠤ ᠵᠠᠰᠠᠭ ᠵᠠᠬᠢᠷᠭ᠋ᠠᠨ᠎ᠤ ᠬᠢᠨᠠᠯᠲᠠ ᠲᠠᠯᠪᠢᠬᠤ ᠰᠠᠯᠠᠭ᠎ᠠ ᠮᠥᠴᠢᠷ᠂ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠠᠨ᠎ᠤ ᠲᠠᠪᠴᠠᠩ᠎ᠤᠨ ᠠᠵᠢᠯᠯᠠᠭᠤᠯᠵᠤ ᠦᠢ᠍ᠯᠡᠴᠢᠯᠡᠬᠦ ᠪᠠᠶ᠋ᠢᠭᠤᠯᠤᠮᠵᠢ᠎ᠨᠢ ᠲᠤᠰᠬᠠᠢ ᠮᠡᠷᠭᠡᠵᠢᠯᠲᠡᠨ᠎ᠤ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠢᠯᠡᠴᠢᠯᠡᠨ ᠮᠡᠳᠡᠭᠦᠯᠬᠦ ᠤᠲᠠᠰᠤ ᠲᠣᠬᠢᠷᠠᠭᠤᠯᠬᠤ ᠵᠢᠨ ᠬᠠᠮᠲᠤ ᠬᠠᠮᠢᠶ᠎ᠠ ᠪᠦᠬᠦᠢ ᠰᠦᠯᠵᠢᠶᠡᠨ ᠥᠷᠳᠡᠭᠡ᠂ ᠸᠢᠴᠠᠲ᠎ᠤᠨ ᠣᠯᠠᠨ ᠨᠡᠶ᠋ᠢᠲᠡ ᠵᠢᠨ ᠳ᠋ᠤᠭ᠋ᠠᠷ ᠵᠡᠷᠭᠡ᠎ᠳᠤ ᠢᠯᠡᠴᠢᠯᠡᠨ ᠮᠡᠳᠡᠭᠦᠯᠬᠦ ᠵᠠᠮ ᠱᠤᠭᠤᠮ ᠬᠠᠩᠭ᠋ᠠᠬᠤ ᠬᠡᠷᠡᠭᠲᠡᠢ᠃
ᠳᠣᠯᠣᠳᠤᠭ᠋ᠠᠷ ᠪᠦᠯᠦᠭ ᠬᠠᠤᠯᠢ ᠴᠠᠭ᠋ᠠᠵᠠ ᠵᠢᠨ ᠬᠠᠷᠢᠭᠤᠴᠠᠯᠭ᠎ᠠ
ᠭᠤᠴᠢᠨ ᠨᠠᠢ᠍ᠮᠠᠳᠤᠭ᠋ᠠᠷ ᠵᠦᠢ᠍ᠯ ᠳᠠᠭ᠋ᠠᠭ᠋ᠠᠴᠢᠯᠠᠯᠲᠠ ᠵᠠᠷᠯᠠᠭᠴᠢ᠎ᠨᠢ ᠲᠣᠰ ᠠᠷᠭ᠎ᠠ ᠵᠢᠨ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠥᠪᠡᠷᠲᠡᠭᠡᠨ ᠵᠠᠰᠠᠬᠤ ᠣᠷᠣᠨ᠎ᠤ ᠲᠤᠰᠬᠠᠢ ᠮᠡᠷᠭᠡᠵᠢᠯᠲᠡᠨ᠎ᠤ ᠬᠥᠮᠥᠷᠭᠡ᠎ᠠᠴᠠ ᠲᠤᠰᠬᠠᠢ ᠮᠡᠷᠭᠡᠵᠢᠯᠲᠡᠨ᠎ᠢ ᠲᠠᠰᠢᠷᠠᠮ ᠵᠶ᠋ᠠᠷ ᠰᠤᠭᠤᠴᠢᠨ ᠬᠡᠷᠡᠭᠯᠡᠭᠰᠡᠨ ᠦᠭᠡᠢ ᠪᠠᠶ᠋ᠢᠪᠠᠯ᠂ ᠡᠯ᠎ᠡ ᠱᠠᠲᠤᠨ᠎ᠤ ᠵᠠᠰᠠᠭ ᠵᠠᠬᠢᠷᠭ᠋ᠠᠨ᠎ᠤ ᠬᠢᠨᠠᠯᠲᠠ ᠲᠠᠯᠪᠢᠬᠤ ᠰᠠᠯᠠᠭ᠎ᠠ ᠮᠥᠴᠢᠷ ᠬᠠᠤᠯᠢ ᠶᠣᠰᠣᠭ᠋ᠠᠷ ᠲᠡᠭᠦᠨ᠎ᠠᠴᠠ ᠬᠠᠷᠢᠭᠤᠴᠠᠯᠭ᠎ᠠ ᠨᠡᠬᠡᠮᠵᠢᠯᠡᠨ᠎ᠡ᠃
ᠭᠤᠴᠢ ᠶᠢᠰᠦᠳᠦᠭᠡᠷ ᠵᠦᠢ᠍ᠯ ᠲᠤᠰᠬᠠᠢ ᠮᠡᠷᠭᠡᠵᠢᠯᠲᠡᠨ᠎ᠨᠢ ᠲᠣᠰ ᠠᠷᠭ᠎ᠠ ᠵᠢᠨ ᠬᠤᠯᠪᠣᠭᠳᠠᠯ ᠪᠦᠬᠦᠢ ᠲᠣᠭᠲᠠᠭ᠋ᠠᠯ᠎ᠠᠴᠠ ᠵᠥᠷᠢᠴᠡᠭᠰᠡᠨ ᠪᠠᠶ᠋ᠢᠪᠠᠯ᠂ ᠬᠤᠯᠪᠣᠭᠳᠠᠯ ᠪᠦᠬᠦᠢ ᠵᠠᠰᠠᠭ ᠵᠠᠬᠢᠷᠭ᠋ᠠᠨ᠎ᠤ ᠬᠢᠨᠠᠯᠲᠠ ᠲᠠᠯᠪᠢᠬᠤ ᠰᠠᠯᠠᠭ᠎ᠠ ᠮᠥᠴᠢᠷ᠎ᠠᠴᠠ ᠵᠠᠯᠠᠷᠠᠭᠤᠯᠬᠤ᠎ᠪᠠᠷ ᠵᠠᠷᠯᠢᠭᠳᠠᠨ᠂ ᠦᠢ᠍ᠯᠡ ᠪᠠᠶ᠋ᠢᠳᠠᠯ᠎ᠤᠨ ᠬᠦᠨᠳᠦ ᠬᠥᠩᠭᠡᠨ᠎ᠢ᠎ᠨᠢ ᠦᠨᠳᠦᠰᠦᠯᠡᠨ ᠲᠡᠭᠦᠨ᠎ᠤ ᠳᠠᠭ᠋ᠠᠭ᠋ᠠᠴᠢᠯᠠᠯᠲᠠ ᠬᠢᠨᠠᠨ ᠦᠨᠡᠯᠡᠬᠦ ᠠᠵᠢᠯᠯᠠᠭ᠎ᠠ᠎ᠳᠤ ᠣᠷᠣᠯᠴᠠᠬᠤ ᠡᠷᠬᠡ ᠵᠢ᠎ᠨᠢ ᠲᠦᠷ ᠵᠣᠭᠰᠣᠭ᠋ᠠᠬᠤ ᠪᠤᠶᠤ ᠬᠠᠰᠤᠬᠤ ᠵᠢᠨ ᠬᠠᠮᠲᠤ ᠥᠪᠡᠷᠲᠡᠭᠡᠨ ᠵᠠᠰᠠᠬᠤ ᠣᠷᠣᠨ᠎ᠤ ᠲᠤᠰᠬᠠᠢ ᠮᠡᠷᠭᠡᠵᠢᠯᠲᠡᠨ᠎ᠤ ᠬᠥᠮᠥᠷᠭᠡ ᠵᠢᠨ ᠬᠠᠮᠢᠶᠠᠷᠤᠯᠲᠠ ᠵᠢᠨ ᠨᠢᠭᠡᠴᠢ᠂ ᠲᠤᠰᠬᠠᠢ ᠮᠡᠷᠭᠡᠵᠢᠯᠲᠡᠨ᠎ᠤ ᠪᠠᠶ᠋ᠢᠭ᠎ᠠ ᠨᠢᠭᠡᠴᠢ ᠪᠠ ᠬᠥᠮᠥᠷᠭᠡ᠎ᠳᠤ ᠣᠷᠣᠭᠤᠯᠬᠤ ᠵᠢ ᠬᠢᠨᠠᠨ ᠪᠠᠶ᠋ᠢᠴᠠᠭ᠋ᠠᠭᠰᠠᠨ ᠨᠢᠭᠡᠴᠢ᠎ᠳᠤ ᠨᠡᠪᠲᠡᠷᠡᠭᠦᠯᠦᠨ ᠮᠡᠳᠡᠭᠡᠯᠡᠨ᠎ᠡ᠃ ᠲᠤᠰᠬᠠᠢ ᠮᠡᠷᠭᠡᠵᠢᠯᠲᠡᠨ᠎ᠤ ᠬᠢᠷᠢ ᠭᠡᠮ᠎ᠢ ᠲᠦᠷ ᠵᠣᠭᠰᠣᠭ᠋ᠠᠬᠤ ᠪᠤᠶᠤ ᠬᠠᠰᠤᠭᠰᠠᠨ ᠰᠢᠢ᠍ᠳᠪᠦᠷᠢ ᠵᠢ ᠢᠯᠡ ᠨᠡᠶ᠋ᠢᠲᠡᠯᠡᠬᠦ ᠬᠡᠷᠡᠭᠲᠡᠢ ᠮᠥᠷᠲᠡᠭᠡᠨ ᠨᠡᠶ᠋ᠢᠭᠡᠮ᠎ᠤᠨ ᠬᠢᠨᠠᠯᠲᠠ ᠲᠠᠯᠪᠢᠯᠲᠠ ᠵᠢ ᠬᠦᠯᠢᠶᠡᠬᠦ ᠬᠡᠷᠡᠭᠲᠡᠢ᠃ ᠰᠠᠬᠢᠯᠭ᠎ᠠ ᠪᠠᠲᠤ ᠵᠢ ᠵᠥᠷᠢᠴᠡᠭᠰᠡᠨ ᠵᠶ᠋ᠠᠷ ᠰᠡᠵᠢᠭᠯᠡᠭᠳᠡᠭᠰᠡᠨ ᠪᠠᠶ᠋ᠢᠪᠠᠯ᠂ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ᠎ᠳᠤ ᠬᠦᠷᠭᠡᠵᠦ ᠬᠠᠮᠢᠶ᠎ᠠ ᠪᠦᠬᠦᠢ ᠬᠥᠮᠥᠰ᠎ᠠᠴᠠ ᠬᠠᠷᠢᠭᠤᠴᠠᠯᠭ᠎ᠠ ᠨᠡᠬᠡᠮᠵᠢᠯᠡᠨ᠎ᠡ; ᠬᠠᠤᠯᠢ᠎ᠠᠴᠠ ᠵᠥᠷᠢᠴᠡᠨ ᠶᠠᠯ᠎ᠠ ᠬᠢᠭᠰᠡᠨ ᠵᠶ᠋ᠠᠷ ᠰᠡᠵᠢᠭᠯᠡᠭᠳᠡᠭᠰᠡᠨ ᠪᠠᠶ᠋ᠢᠪᠠᠯ᠂ ᠬᠠᠤᠯᠢ ᠴᠠᠭ᠋ᠠᠵᠠ ᠵᠢᠨ ᠪᠠᠶ᠋ᠢᠭᠤᠯᠭ᠎ᠠ᠎ᠳᠤ ᠰᠢᠯᠵᠢᠭᠦᠯᠦᠨ ᠬᠦᠷᠭᠡᠵᠦ ᠰᠢᠢ᠍ᠳᠪᠦᠷᠢᠯᠡᠭᠦᠯᠦᠨ᠎ᠡ᠃
ᠳᠥᠴᠢᠳᠦᠭᠡᠷ ᠵᠦᠢ᠍ᠯ ᠡᠯ᠎ᠡ ᠱᠠᠲᠤᠨ᠎ᠤ ᠵᠠᠰᠠᠭ ᠵᠠᠬᠢᠷᠭ᠋ᠠᠨ᠎ᠤ ᠬᠢᠨᠠᠯᠲᠠ ᠲᠠᠯᠪᠢᠬᠤ ᠰᠠᠯᠠᠭ᠎ᠠ ᠮᠥᠴᠢᠷ ᠪᠠ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠠᠨ᠎ᠤ ᠠᠵᠢᠯ᠎ᠳᠤ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠦᠬᠦᠢ ᠪᠠᠶ᠋ᠢᠭᠤᠯᠤᠮᠵᠢ ᠵᠢᠴᠢ ᠠᠵᠢᠯᠲᠠᠨ᠂ ᠡᠯ᠎ᠡ ᠱᠠᠲᠤᠨ᠎ᠤ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠠᠨ᠎ᠤ ᠲᠠᠪᠴᠠᠩ᠎ᠤᠨ ᠠᠵᠢᠯᠯᠠᠭᠤᠯᠵᠤ ᠦᠢ᠍ᠯᠡᠴᠢᠯᠡᠬᠦ ᠪᠠᠶ᠋ᠢᠭᠤᠯᠤᠮᠵᠢ ᠵᠢᠴᠢ ᠲᠡᠭᠦᠨ᠎ᠤ ᠠᠵᠢᠯᠲᠠᠨ ᠲᠣᠰ ᠠᠷᠭ᠎ᠠ ᠵᠢᠨ ᠬᠤᠯᠪᠣᠭᠳᠠᠯ ᠪᠦᠬᠦᠢ ᠲᠣᠭᠲᠠᠭ᠋ᠠᠯ᠎ᠠᠴᠠ ᠵᠥᠷᠢᠴᠡᠭᠰᠡᠨ ᠪᠤᠶᠤ ᠲᠣᠭᠲᠠᠭ᠋ᠠᠯ ᠶᠣᠰᠣᠭ᠋ᠠᠷ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠭᠡᠭᠰᠡᠨ ᠦᠭᠡᠢ ᠪᠠᠶ᠋ᠢᠪᠠᠯ᠂ ᠬᠠᠮᠢᠶᠠᠷᠤᠯᠲᠠ ᠵᠢᠨ ᠡᠷᠬᠡ ᠵᠢᠨ ᠬᠢᠵᠠᠭ᠋ᠠᠷᠯᠠᠯ ᠵᠶ᠋ᠠᠷ᠂ ᠲᠡᠭᠦᠨ᠎ᠤ ᠪᠠᠶ᠋ᠢᠭ᠎ᠠ ᠨᠢᠭᠡᠴᠢ ᠪᠤᠶᠤ ᠳᠡᠭᠡᠷ᠎ᠡ ᠱᠠᠲᠤᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠯᠠᠷᠠᠭᠤᠯᠬᠤ᠎ᠪᠠᠷ ᠵᠠᠷᠯᠢᠭᠳᠠᠬᠤ ᠵᠢᠨ ᠬᠠᠮᠲᠤ ᠨᠡᠪᠲᠡᠷᠡᠭᠦᠯᠦᠨ ᠮᠡᠳᠡᠭᠡᠯᠡᠵᠦ ᠰᠢᠭᠦᠮᠵᠢᠯᠡᠨ᠎ᠡ; ᠰᠠᠬᠢᠯᠭ᠎ᠠ ᠪᠠᠲᠤ ᠵᠢ ᠵᠥᠷᠢᠴᠡᠭᠰᠡᠨ ᠵᠶ᠋ᠠᠷ ᠰᠡᠵᠢᠭᠯᠡᠭᠳᠡᠭᠰᠡᠨ ᠪᠠᠶ᠋ᠢᠪᠠᠯ᠂ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ᠎ᠳᠤ ᠬᠦᠷᠭᠡᠵᠦ ᠬᠠᠮᠢᠶ᠎ᠠ ᠪᠦᠬᠦᠢ ᠬᠥᠮᠥᠰ᠎ᠠᠴᠠ ᠬᠠᠷᠢᠭᠤᠴᠠᠯᠭ᠎ᠠ ᠨᠡᠬᠡᠮᠵᠢᠯᠡᠨ᠎ᠡ; ᠬᠠᠤᠯᠢ᠎ᠠᠴᠠ ᠵᠥᠷᠢᠴᠡᠨ ᠶᠠᠯ᠎ᠠ ᠬᠢᠭᠰᠡᠨ ᠵᠶ᠋ᠠᠷ ᠰᠡᠵᠢᠭᠯᠡᠭᠳᠡᠭᠰᠡᠨ ᠪᠠᠶ᠋ᠢᠪᠠᠯ᠂ ᠬᠠᠤᠯᠢ ᠴᠠᠭ᠋ᠠᠵᠠ ᠵᠢᠨ ᠪᠠᠶ᠋ᠢᠭᠤᠯᠭ᠎ᠠ᠎ᠳᠤ ᠰᠢᠯᠵᠢᠭᠦᠯᠦᠨ ᠬᠦᠷᠭᠡᠵᠦ ᠰᠢᠢ᠍ᠳᠪᠦᠷᠢᠯᠡᠭᠦᠯᠦᠨ᠎ᠡ᠃
ᠨᠠᠢ᠍ᠮᠠᠳᠤᠭ᠋ᠠᠷ ᠪᠦᠯᠦᠭ ᠳᠠᠭ᠋ᠠᠯᠳᠤᠭᠤᠯᠤᠯ ᠳᠦᠷᠢᠮ
ᠳᠥᠴᠢᠨ ᠨᠢᠭᠡᠳᠦᠭᠡᠷ ᠵᠦᠢ᠍ᠯ ᠡᠯ᠎ᠡ ᠱᠠᠲᠤᠨ᠎ᠤ ᠵᠠᠰᠠᠭ ᠵᠠᠬᠢᠷᠭ᠋ᠠᠨ᠎ᠤ ᠬᠢᠨᠠᠯᠲᠠ ᠲᠠᠯᠪᠢᠬᠤ ᠰᠠᠯᠠᠭ᠎ᠠ ᠮᠥᠴᠢᠷ᠎ᠠᠴᠠ ᠬᠠᠮᠢᠶᠠᠷᠴᠤ ᠪᠠᠶ᠋ᠢᠭ᠎ᠠ ᠲᠤᠰᠬᠠᠢ ᠮᠡᠷᠭᠡᠵᠢᠯᠲᠡᠨ᠎ᠤ ᠬᠥᠮᠥᠷᠭᠡ ᠵᠢ ᠨᠢᠭᠡᠳᠦᠯᠲᠡᠢ ᠡᠮᠬᠢᠯᠡᠨ ᠨᠡᠶ᠋ᠢᠯᠡᠭᠦᠯᠦᠭᠡᠳ ᠥᠪᠡᠷᠲᠡᠭᠡᠨ ᠵᠠᠰᠠᠬᠤ ᠣᠷᠣᠨ᠎ᠤ ᠲᠤᠰᠬᠠᠢ ᠮᠡᠷᠭᠡᠵᠢᠯᠲᠡᠨ᠎ᠤ ᠬᠥᠮᠥᠷᠭᠡ᠎ᠳᠤ ᠲᠥᠪᠯᠡᠷᠡᠭᠦᠯᠦᠨ ᠬᠠᠮᠢᠶᠠᠷᠴᠤ᠂ ᠲᠤᠰᠬᠠᠢ ᠮᠡᠷᠭᠡᠵᠢᠯᠲᠡᠨ᠎ᠤ ᠡᠬᠢ ᠪᠠᠶᠠᠯᠢᠭ᠎ᠢ ᠪᠥᠬᠦ ᠣᠷᠣᠨ ᠵᠶ᠋ᠠᠷ ᠵᠶ᠋ᠠᠨ ᠬᠠᠮᠲᠤ᠎ᠳᠤ᠎ᠪᠠᠨ ᠬᠡᠷᠡᠭᠯᠡᠵᠦ ᠬᠦᠷᠲᠡᠬᠦ ᠵᠢ ᠪᠡᠶᠡᠯᠡᠬᠦᠯᠬᠦ ᠬᠡᠷᠡᠭᠲᠡᠢ᠃
ᠳᠥᠴᠢᠨ ᠬᠤᠶᠠᠳᠤᠭ᠋ᠠᠷ ᠵᠦᠢ᠍ᠯ ᠲᠣᠰ ᠠᠷᠭ᠎ᠠ᠎ᠳᠤ ᠬᠡᠯᠡᠵᠦ ᠪᠠᠶ᠋ᠢᠭ᠎ᠠ ᠳᠠᠭ᠋ᠠᠭ᠋ᠠᠴᠢᠯᠠᠯᠲᠠ ᠵᠠᠷᠯᠠᠭᠴᠢ ᠭᠡᠳᠡᠭ᠎ᠨᠢ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠠᠨ᠎ᠤ ᠲᠥᠷᠥᠯ ᠵᠦᠢ᠍ᠯ᠎ᠤᠨ ᠳᠠᠭ᠋ᠠᠭ᠋ᠠᠴᠢᠯᠠᠯᠲᠠ ᠵᠠᠷᠯᠠᠭᠴᠢ᠂ ᠬᠤᠳᠠᠯᠳᠤᠨ ᠠᠪᠤᠭᠴᠢ᠂ ᠨᠠᠶ᠋ᠢᠳᠠᠭᠴᠢ ᠵᠡᠷᠭᠡ ᠵᠢ ᠵᠢᠭ᠋ᠠᠨ᠎ᠠ; ᠳᠠᠭ᠋ᠠᠭ᠋ᠠᠴᠢᠯᠠᠯᠲᠠ ᠬᠦᠯᠢᠶᠡᠭᠴᠢ ᠭᠡᠳᠡᠭ᠎ᠨᠢ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠠᠨ᠎ᠤ ᠵᠠᠬ᠎ᠠ ᠳᠡᠯᠭᠡᠭᠦᠷ᠎ᠤᠨ ᠥᠷᠢᠰᠦᠯᠳᠦᠭᠡᠨ᠎ᠳᠤ ᠣᠷᠣᠯᠴᠠᠭᠰᠠᠨ ᠳᠠᠭ᠋ᠠᠭ᠋ᠠᠴᠢᠯᠠᠯᠲᠠ ᠬᠦᠯᠢᠶᠡᠭᠴᠢ᠂ ᠬᠠᠩᠭ᠋ᠠᠯᠭ᠎ᠠ ᠵᠢᠨ ᠬᠤᠳᠠᠯᠳᠤᠭ᠋ᠠᠴᠢᠨ᠂ ᠥᠷᠢᠰᠦᠯᠳᠦᠨ ᠬᠤᠳᠠᠯᠳᠤᠨ ᠠᠪᠤᠭᠴᠢ ᠵᠡᠷᠭᠡ ᠵᠢ ᠵᠢᠭ᠋ᠠᠵᠤ ᠪᠣᠢ᠃
ᠳᠥᠴᠢᠨ ᠭᠤᠷᠪᠠᠳᠤᠭ᠋ᠠᠷ ᠵᠦᠢ᠍ᠯ ᠬᠠᠤᠯᠢ ᠶᠣᠰᠣᠭ᠋ᠠᠷ ᠡᠷᠬᠡᠪᠰᠢ ᠳᠠᠭ᠋ᠠᠭ᠋ᠠᠴᠢᠯᠠᠯᠲᠠ ᠵᠠᠷᠯᠠᠬᠤ ᠴᠢᠬᠤᠯᠠᠲᠠᠢ ᠪᠤᠰᠤ ᠲᠥᠷᠥᠯ ᠵᠦᠢ᠍ᠯ᠎ᠳᠤ ᠳᠠᠭ᠋ᠠᠭ᠋ᠠᠴᠢᠯᠠᠯᠲᠠ ᠵᠠᠷᠯᠠᠭᠴᠢ᠂ ᠣᠷᠣᠯᠠᠨ ᠳᠠᠭ᠋ᠠᠭ᠋ᠠᠴᠢᠯᠠᠯᠲᠠ ᠵᠠᠷᠯᠠᠬᠤ ᠪᠠᠶ᠋ᠢᠭᠤᠯᠤᠮᠵᠢ᠎ᠠᠴᠠ ᠳᠠᠭ᠋ᠠᠭ᠋ᠠᠴᠢᠯᠠᠯᠲᠠ ᠬᠢᠨᠠᠨ ᠦᠨᠡᠯᠡᠬᠦ ᠠᠵᠢᠯᠯᠠᠭ᠎ᠠ᠎ᠳᠤ ᠣᠷᠣᠯᠴᠠᠭᠰᠠᠨ ᠲᠤᠰᠬᠠᠢ ᠮᠡᠷᠭᠡᠵᠢᠯᠲᠡᠨ᠎ᠤ ᠨᠥᠯᠥᠭᠡ ᠮᠠᠭᠤᠲᠠᠢ ᠦᠢ᠍ᠯᠡ ᠠᠵᠢᠯᠯᠠᠭ᠎ᠠ ᠪᠠ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ᠎ᠨᠢ ᠬᠤᠷᠢᠶᠠᠨ ᠴᠤᠭᠯᠠᠭᠤᠯᠬᠤ ᠪᠠ ᠰᠢᠩᠭᠡᠭᠡᠨ ᠲᠡᠮᠳᠡᠭᠯᠡᠨ᠂ ᠬᠤᠯᠪᠣᠭᠳᠠᠯ ᠪᠦᠬᠦᠢ ᠵᠠᠰᠠᠭ ᠵᠠᠬᠢᠷᠭ᠋ᠠᠨ᠎ᠤ ᠬᠢᠨᠠᠯᠲᠠ ᠲᠠᠯᠪᠢᠬᠤ ᠰᠠᠯᠠᠭ᠎ᠠ ᠮᠥᠴᠢᠷ᠎ᠲᠤ ᠴᠠᠭ ᠲᠤᠬᠠᠢᠳᠤᠨᠢ ᠮᠡᠳᠡᠭᠦᠯᠦᠨ ᠬᠦᠷᠭᠡᠵᠦ ᠮᠠᠭ᠋ᠠᠳᠯᠠᠨ ᠲᠣᠭᠲᠠᠭ᠋ᠠᠯᠭ᠋ᠠᠵᠤ᠂ ᠰᠢᠢ᠍ᠳᠪᠦᠷᠢᠯᠡᠭᠦᠯᠬᠦ ᠵᠢ ᠬᠠᠷᠢᠭᠤᠴᠠᠬᠤ ᠵᠢᠨ ᠬᠠᠮᠲᠤ ᠪᠠᠶ᠋ᠢᠴᠠᠭ᠋ᠠᠨ ᠰᠢᠢ᠍ᠳᠪᠦᠷᠢᠯᠡᠬᠦ ᠠᠵᠢᠯ᠎ᠳᠤ ᠰᠠᠶ᠋ᠢᠲᠤᠷ ᠬᠠᠮᠵᠢᠯᠴᠠᠬᠤ ᠬᠡᠷᠡᠭᠲᠡᠢ᠃
ᠳᠥᠴᠢᠨ ᠳᠥᠷᠪᠡᠳᠦᠭᠡᠷ ᠵᠦᠢ᠍ᠯ ᠲᠣᠰ ᠠᠷᠭ᠎ᠠ ᠵᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ 《〈ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠶᠡᠷᠦᠩᠬᠡᠶ᠋ᠢᠯᠡᠭᠰᠡᠨ ᠬᠢᠨᠠᠨ ᠦᠨᠡᠯᠡᠬᠦ ᠲᠤᠰᠬᠠᠢ ᠮᠡᠷᠭᠡᠵᠢᠯᠲᠡᠨ᠎ᠤ ᠬᠥᠮᠥᠷᠭᠡ ᠪᠠ ᠬᠢᠨᠠᠨ ᠦᠨᠡᠯᠡᠬᠦ ᠲᠤᠰᠬᠠᠢ ᠮᠡᠷᠭᠡᠵᠢᠯᠲᠡᠨ᠎ᠤ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠠᠷᠭ᠎ᠠ〉 ᠵᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》 (ᠥᠪᠥᠷ ᠵᠠᠰᠠᠭ ᠠᠯᠪᠠᠨ ᠲᠠᠷᠬᠠᠭ᠋ᠠᠭᠰᠠᠨ [2017] 75 ᠳ᠋ᠤᠭ᠋ᠠᠷ ᠲᠣᠭ᠋ᠠᠲᠤ)᠎ᠢ ᠬᠠᠮᠲᠤᠳᠤᠨᠢ ᠬᠦᠴᠦᠨ ᠦᠭᠡᠢ ᠪᠣᠯᠭ᠋ᠠᠨ᠎ᠠ᠃
ᠥᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
2024 ᠤᠨ᠎ᠤ 1 ᠳ᠋ᠦ᠍ᠭᠡᠷ ᠰᠠᠷ᠎ᠠ ᠵᠢᠨ 2᠎ᠤᠨ ᠡᠳᠦᠷ ᠳᠠᠷᠤᠮᠠᠯᠯᠠᠨ ᠲᠠᠷᠬᠠᠭ᠋ᠠᠪᠠ