ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ
ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
ᠥᠪᠥᠷ ᠵᠠᠰᠠᠭ ᠠᠯᠪᠠᠨ ᠲᠠᠷᠬᠠᠭ᠋ᠠᠭᠰᠠᠨ [2023] 55 ᠳ᠋ᠤᠭ᠋ᠠᠷ ᠲᠣᠭ᠋ᠠᠲᠤ
ᠲᠥᠮᠥᠰᠥᠨ᠎ᠤ ᠠᠵᠤ ᠦᠢ᠍ᠯᠡᠰ᠎ᠤᠨ ᠬᠡᠯᠬᠢᠶᠡᠨ᠎ᠤ ᠬᠥᠭᠵᠢᠯᠲᠡ ᠵᠢ ᠠᠬᠢᠭᠤᠯᠬᠤ ᠵᠢᠷᠭᠤᠭ᠋ᠠᠨ ᠵᠦᠢ᠍ᠯ᠎ᠤᠨ ᠲᠦᠷᠦ ᠵᠢᠨ ᠪᠣᠳᠣᠯᠭ᠎ᠠ ᠠᠷᠭ᠎ᠠ ᠬᠡᠮᠵᠢᠶᠡᠨ᠎ᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
ᠥᠪᠡᠷᠲᠡᠭᠡᠨ ᠵᠠᠰᠠᠬᠤ ᠣᠷᠣᠨ᠎ᠤ ᠲᠥᠮᠥᠰᠥᠨ᠎ᠤ ᠠᠵᠤ ᠦᠢ᠍ᠯᠡᠰ᠎ᠤᠨ ᠲᠣᠮᠣ ᠣᠷᠣᠨ᠎ᠠᠴᠠ ᠲᠥᠮᠥᠰᠥᠨ᠎ᠤ ᠠᠵᠤ ᠦᠢ᠍ᠯᠡᠰ᠎ᠤᠨ ᠬᠦᠴᠦᠷᠬᠡᠭ ᠣᠷᠣᠨ ᠲᠡᠶ᠋ᠢᠰᠢ ᠲᠠᠪᠰᠢᠬᠤ ᠵᠢ ᠠᠬᠢᠭᠤᠯᠬᠤ ᠵᠢᠨ ᠲᠤᠰᠠᠳᠠ᠂ 《ᠵᠠᠭᠤᠨ ᠳ᠋ᠦᠩᠰᠢᠭᠤᠷ ᠲᠡᠰ᠎ᠤᠨ ᠲᠥᠮᠥᠰᠥᠨ᠎ᠤ ᠠᠵᠤ ᠦᠢ᠍ᠯᠡᠰ᠎ᠤᠨ ᠬᠡᠪᠴᠢᠶ᠎ᠡ ᠵᠢ᠎ᠨᠢ ᠥᠷᠭᠡᠳᠬᠡᠨ ᠴᠢᠨᠠᠷ᠎ᠢ᠎ᠨᠢ ᠲᠡᠬᠡᠭᠰᠢᠯᠡᠬᠦᠯᠬᠦ》 ᠬᠠᠷᠠᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠲᠥᠮᠥᠰᠥᠨ᠎ᠤ ᠨᠢᠭᠡᠴᠢ ᠲᠠᠯᠠᠪᠠᠢ ᠵᠢᠨ ᠤᠨᠠᠯᠲᠠ ᠬᠠᠷᠢᠴᠠᠩᠭᠤᠢ ᠳᠣᠣᠷ᠎ᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠯᠭ᠋ᠠᠭᠤᠷᠢᠯᠠᠬᠤ ᠴᠢᠳᠠᠪᠤᠷᠢ ᠲᠤᠷᠤᠢ᠂ ᠠᠵᠤ ᠠᠬᠤᠶ᠋ᠢᠯᠠᠯ᠎ᠤᠨ ᠪᠡᠯᠡ ᠲᠣᠬᠢᠷᠠᠭᠤᠯᠬᠤ᠎ᠳᠤ ᠬᠦᠴᠢᠷᠲᠡᠢ᠂ ᠣᠳᠣᠬᠢᠴᠢᠯᠠᠭᠰᠠᠨ ᠬᠠᠳᠠᠭ᠋ᠠᠯᠠᠬᠤ ᠪᠡᠯᠡᠳᠬᠡᠮᠵᠢ ᠵᠢᠨ ᠲᠤᠭ᠎ᠠ ᠬᠡᠮᠵᠢᠶ᠎ᠡ ᠬᠦᠷᠦᠯᠴᠡᠬᠦ ᠦᠭᠡᠢ ᠪᠠ ᠨᠡᠷᠡᠲᠦ ᠲᠡᠮᠳᠡᠭ᠎ᠤᠨ ᠨᠥᠯᠥᠭᠡᠯᠡᠬᠦ ᠬᠦᠴᠦᠨ ᠠᠨᠠᠢ ᠵᠡᠷᠭᠡ ᠠᠰᠠᠭᠤᠳᠠᠯ᠎ᠳᠤ ᠬᠠᠨᠳᠤᠭᠤᠯᠵᠤ᠂ ᠲᠥᠮᠥᠰᠥᠨ᠎ᠤ ᠠᠵᠤ ᠦᠢ᠍ᠯᠡᠰ᠎ᠤᠨ ᠬᠡᠯᠬᠢᠶᠡᠨ᠎ᠤ ᠬᠥᠭᠵᠢᠯᠲᠡ ᠵᠢᠨ ᠬᠡᠷᠡᠭᠴᠡᠭᠡ ᠱᠠᠭ᠋ᠠᠷᠳᠠᠯᠭ᠎ᠠ ᠶᠣᠰᠣᠭ᠋ᠠᠷ᠂ 《ᠲᠥᠮᠥᠰᠥᠨ᠎ᠤ ᠠᠵᠤ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ》 (ᠥᠪᠥᠷ ᠵᠠᠰᠠᠭ ᠠᠯᠪᠠᠨ ᠲᠠᠷᠬᠠᠭ᠋ᠠᠭᠰᠠᠨ [2020] 35 ᠳ᠋ᠤᠭ᠋ᠠᠷ ᠲᠣᠭ᠋ᠠᠲᠤ)᠎ᠤᠨ ᠬᠤᠯᠪᠣᠭᠳᠠᠯ ᠪᠦᠬᠦᠢ ᠱᠠᠭ᠋ᠠᠷᠳᠠᠯᠭ᠎ᠠ᠎ᠲᠠᠢ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠡᠳᠦᠭᠡ ᠲᠥᠮᠥᠰᠥᠨ᠎ᠤ ᠠᠵᠤ ᠦᠢ᠍ᠯᠡᠰ᠎ᠤᠨ ᠬᠡᠯᠬᠢᠶᠡᠨ᠎ᠤ ᠬᠥᠭᠵᠢᠯᠲᠡ ᠵᠢ ᠠᠬᠢᠭᠤᠯᠬᠤ ᠵᠢᠷᠭᠤᠭ᠋ᠠᠨ ᠵᠦᠢ᠍ᠯ᠎ᠤᠨ ᠲᠦᠷᠦ ᠵᠢᠨ ᠪᠣᠳᠣᠯᠭ᠎ᠠ ᠠᠷᠭ᠎ᠠ ᠬᠡᠮᠵᠢᠶᠡᠨ᠎ᠤ ᠲᠤᠬᠠᠢ ᠳᠣᠣᠷᠠᠬᠢ ᠮᠡᠲᠦ ᠮᠡᠳᠡᠭᠳᠡᠶ᠎ᠡ᠃
ᠨᠢᠭᠡ᠂ ᠦᠷ᠎ᠡ ᠵᠢᠨ ᠲᠥᠮᠥᠰᠥ ᠦᠷᠡᠵᠢᠭᠦᠯᠵᠦ ᠪᠣᠶ᠋ᠢᠵᠢᠭᠤᠯᠬᠤ ᠠᠵᠤ ᠦᠢ᠍ᠯᠡᠰ᠎ᠤᠨ ᠬᠦᠴᠦᠷᠬᠡᠭᠵᠢᠬᠦ᠎ᠳᠤ ᠳᠡᠮᠵᠢᠯᠭᠡ ᠦᠵᠡᠭᠦᠯᠦᠨ᠎ᠡ
ᠦᠷ᠎ᠡ ᠪᠣᠶ᠋ᠢᠵᠢᠭᠤᠯᠬᠤ ᠲᠠᠯ᠎ᠠ᠎ᠪᠠᠷ᠎ᠬᠢ ᠰᠢᠨ᠎ᠡ ᠡᠭᠦᠳᠦᠯᠲᠡ ᠵᠢ ᠲᠡᠮᠵᠢᠵᠦ᠂ ᠲᠥᠮᠥᠰᠥᠨ᠎ᠤ ᠦᠷ᠎ᠡ ᠵᠢᠨ ᠦᠢ᠍ᠯᠡᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠬᠤᠯᠠ ᠶᠡᠭᠡ ᠵᠢᠱ᠌ᠢᠶ᠎ᠡ ᠦᠵᠡᠭᠦᠯᠬᠦ ᠢᠨᠵᠧᠨᠧᠷᠢᠩ᠎ᠢ ᠬᠡᠷᠡᠭᠵᠢᠭᠦᠯᠦᠨ᠂ ᠲᠥᠮᠥᠰᠥᠨ᠎ᠤ ᠦᠷ᠎ᠡ ᠪᠣᠶ᠋ᠢᠵᠢᠭᠤᠯᠬᠤ ᠲᠠᠯ᠎ᠠ᠎ᠪᠠᠷ ᠬᠤᠯᠪᠤᠭ᠋ᠠᠯᠠᠨ ᠪᠣᠭᠤᠮᠲᠠ ᠰᠢᠪᠲᠤᠯᠬᠤ᠎ᠳᠤ ᠳᠡᠮᠵᠢᠯᠭᠡ ᠦᠵᠡᠭᠦᠯᠵᠦ᠂ ᠬᠤᠯᠪᠤᠭ᠋ᠠᠯᠠᠨ ᠪᠣᠭᠤᠮᠲᠠ ᠰᠢᠪᠲᠤᠯᠬᠤ ᠲᠥᠰᠥᠯ ᠲᠣᠭᠲᠠᠭ᠋ᠠᠨ᠂ ᠥᠪᠡᠷᠲᠡᠭᠡᠨ ᠵᠠᠰᠠᠬᠤ ᠣᠷᠣᠨ᠎ᠤ ᠲᠥᠮᠥᠰᠥᠨ᠎ᠤ ᠦᠷ᠎ᠡ ᠪᠣᠶ᠋ᠢᠵᠢᠭᠤᠯᠬᠤ ᠲᠠᠯ᠎ᠠ᠎ᠪᠠᠷ ᠬᠤᠯᠪᠤᠭ᠋ᠠᠯᠠᠨ ᠪᠣᠭᠤᠮᠲᠠ ᠰᠢᠪᠲᠤᠯᠬᠤ ᠪᠦᠯᠭᠦᠮ ᠭᠠᠷᠭ᠋ᠠᠵᠤ᠂ ᠲᠡᠷᠢᠭᠦᠨ ᠰᠢᠨᠵᠢᠯᠡᠬᠦ ᠤᠬᠠᠭ᠋ᠠᠨᠲᠠᠨ᠎ᠢ ᠰᠢᠯᠢᠨ ᠰᠣᠩᠭᠤᠵᠤ᠂ ᠥᠨᠳᠥᠷ ᠪᠦᠳᠦᠮᠵᠢᠳᠡᠢᠲᠠᠢᠪᠠᠷ ᠦᠷ᠎ᠡ ᠪᠣᠶ᠋ᠢᠵᠢᠭᠤᠯᠬᠤ ᠲᠣᠭᠲᠠᠯᠴᠠᠭ᠎ᠠ ᠵᠢ ᠪᠠᠶ᠋ᠢᠭᠤᠯᠤᠨ ᠪᠦᠷᠢᠨᠰᠢᠭᠦᠯᠵᠦ᠂ ᠭᠠᠩ᠎ᠢ ᠳᠠᠭ᠋ᠠᠭ᠋ᠠᠬᠤ ᠰᠣᠷᠭᠤᠭ ᠢᠳᠡᠭᠡᠨ᠂ ᠡᠳ᠋ᠰᠢᠭᠦᠯᠦᠨ ᠪᠤᠯᠪᠠᠰᠤᠷᠠᠭᠤᠯᠬᠤ᠎ᠳᠤ ᠲᠤᠰᠬᠠᠢ ᠬᠡᠷᠡᠭᠯᠡᠬᠦ ᠰᠢᠯᠢᠳᠡᠭ ᠡᠭᠦᠯᠳᠡᠷ᠎ᠢ ᠪᠣᠶ᠋ᠢᠵᠢᠭᠤᠯᠤᠨ᠎ᠠ᠃ ᠦᠷ᠎ᠡ ᠵᠢᠨ ᠲᠥᠮᠥᠰᠥ ᠦᠷᠡᠵᠢᠭᠦᠯᠦᠨ ᠪᠣᠶ᠋ᠢᠵᠢᠭᠤᠯᠬᠤ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠲᠡᠮᠵᠢᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠶᠡᠭᠡ ᠬᠡᠪᠴᠢᠶ᠎ᠡ᠎ᠪᠠᠷ ᠦᠷ᠎ᠡ ᠪᠣᠶ᠋ᠢᠵᠢᠭᠤᠯᠤᠭᠰᠠᠨ ᠰᠢᠶᠠᠨ᠎ᠳᠤ ᠱᠠᠩᠨᠠᠬᠤ ᠪᠡᠯᠡ ᠮᠥᠩᠭᠦ ᠵᠢ ᠨᠢᠭᠡᠳᠦᠯᠲᠡᠢ ᠲᠥᠯᠥᠪᠵᠢᠭᠦᠯᠦᠨ᠂ ᠰᠠᠶ᠋ᠢᠨ ᠦᠷ᠎ᠡ ᠵᠢᠨ ᠲᠥᠮᠥᠰᠥ ᠦᠷᠡᠵᠢᠭᠦᠯᠦᠨ ᠪᠣᠶ᠋ᠢᠵᠢᠭᠤᠯᠬᠤ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠲᠡᠮᠵᠢᠵᠦ᠂ ᠬᠠᠭᠤᠷᠠᠢ ᠲᠠᠷᠢᠶᠠᠯᠠᠬᠤ ᠭᠠᠵᠠᠷ᠎ᠲᠤ ᠴᠢᠨᠠᠷ ᠰᠠᠶ᠋ᠢᠲᠠᠢ ᠦᠷ᠎ᠡ ᠵᠢᠨ ᠲᠥᠮᠥᠰᠥ ᠲᠠᠷᠢᠬᠤ ᠵᠢ ᠵᠣᠷᠢᠭᠵᠢᠭᠤᠯᠤᠨ᠂ ᠰᠠᠭᠤᠷᠢᠨ ᠭᠠᠵᠠᠷ᠎ᠤᠨ ᠦᠢ᠍ᠯᠡᠴᠢᠯᠡᠬᠦ ᠴᠢᠳᠠᠪᠤᠷᠢ ᠪᠠ ᠬᠢᠷᠢ ᠲᠦᠪᠰᠢᠨ᠎ᠢ᠎ᠨᠢ ᠲᠡᠬᠡᠭᠰᠢᠯᠡᠬᠦᠯᠬᠦ ᠵᠢᠨ ᠬᠠᠮᠲᠤ ᠦᠷ᠎ᠡ ᠵᠢᠨ ᠲᠥᠮᠥᠰᠥᠨ᠎ᠤ ᠶᠠᠰᠤ ᠴᠢᠨᠠᠷ᠎ᠤᠨ ᠭᠡᠷᠡᠴᠢᠯᠡᠭᠡ ᠥᠷᠨᠢᠭᠦᠯᠬᠦ ᠵᠢ ᠲᠡᠮᠵᠢᠵᠦ᠂ ᠦᠷ᠎ᠡ ᠵᠢᠨ ᠲᠥᠮᠥᠰᠥᠨ᠎ᠤ ᠴᠢᠨᠠᠷ᠎ᠢ᠎ᠨᠢ ᠲᠡᠬᠡᠭᠰᠢᠯᠡᠬᠦᠯᠦᠨ᠎ᠡ᠃ ᠪᠡᠶ᠎ᠡ᠎ᠪᠠᠨ ᠳᠠᠭ᠋ᠠᠭ᠋ᠠᠭᠰᠠᠨ ᠮᠡᠳᠡᠯᠭᠡ ᠵᠢᠨ ᠥᠮᠴᠢᠯᠡᠯ᠎ᠤᠨ ᠡᠷᠬᠡ᠎ᠲᠠᠢ ᠦᠷ᠎ᠡ ᠵᠢᠨ ᠲᠥᠮᠥᠰᠥᠨ᠎ᠤ ᠡᠭᠦᠯᠳᠡᠷ ᠳᠡᠯᠭᠡᠷᠡᠭᠦᠯᠬᠦ ᠵᠢ ᠲᠡᠮᠵᠢᠵᠦ᠂ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠪᠠᠨ ᠳᠠᠭ᠋ᠠᠭ᠋ᠠᠭᠰᠠᠨ ᠮᠡᠳᠡᠯᠭᠡ ᠵᠢᠨ ᠥᠮᠴᠢᠯᠡᠯ᠎ᠤᠨ ᠡᠷᠬᠡ᠎ᠲᠠᠢ ᠡᠭᠦᠯᠳᠡᠷ᠎ᠢ ᠣᠷᠣᠨ᠎ᠤ ᠳᠣᠲᠣᠷ᠎ᠠ ᠵᠢᠯ᠎ᠳᠤ ᠳᠡᠯᠭᠡᠷᠡᠭᠦᠯᠦᠭᠰᠡᠨ ᠲᠠᠯᠠᠪᠠᠢ᠎ᠨᠢ 10 ᠲᠦᠮᠡᠨ ᠮᠦ᠍᠎ᠠᠴᠠ ᠳᠡᠭᠡᠭᠰᠢ ᠪᠠᠶ᠋ᠢᠪᠠᠯ᠂ ᠨᠢᠭᠡ ᠯᠡ ᠤᠳᠠᠭ᠎ᠠ᠎ᠳᠤ 500 ᠲᠦᠮᠡᠨ ᠲᠥᠭᠦᠷᠢᠭ ᠱᠠᠩᠨᠠᠨ᠎ᠠ; ᠵᠢᠯ᠎ᠳᠤ ᠳᠡᠯᠭᠡᠷᠡᠭᠦᠯᠦᠭᠰᠡᠨ ᠲᠠᠯᠠᠪᠠᠢ᠎ᠨᠢ 30 ᠲᠦᠮᠡᠨ ᠮᠦ᠍᠎ᠠᠴᠠ ᠳᠡᠭᠡᠭᠰᠢ ᠪᠠᠶ᠋ᠢᠪᠠᠯ᠂ ᠨᠢᠭᠡ ᠯᠡ ᠤᠳᠠᠭ᠎ᠠ᠎ᠳᠤ 1000 ᠲᠦᠮᠡᠨ ᠲᠥᠭᠦᠷᠢᠭ ᠱᠠᠩᠨᠠᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠂ ᠰᠢᠨᠵᠢᠯᠡᠬᠦ ᠤᠬᠠᠭ᠋ᠠᠨ ᠲᠧ ᠭ᠋ᠨᠢᠭ ᠮᠡᠷᠭᠡᠵᠢᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠨᠠᠶ᠋ᠢᠳᠠᠪᠤᠷᠢᠵᠢᠭᠤᠯᠤᠨ᠎ᠠ)
ᠬᠤᠶᠠᠷ᠂ ᠨᠢᠭᠡᠴᠢ ᠲᠠᠯᠠᠪᠠᠢ ᠵᠢᠨ ᠤᠨᠠᠯᠲᠠ ᠵᠢ ᠨᠡᠮᠡᠭᠳᠡᠭᠦᠯᠬᠦ ᠢᠨᠵᠧᠨᠧᠷᠢᠩ᠎ᠢ ᠬᠡᠷᠡᠭᠵᠢᠭᠦᠯᠬᠦ᠎ᠳᠤ ᠳᠡᠮᠵᠢᠯᠭᠡ ᠦᠵᠡᠭᠦᠯᠦᠨ᠎ᠡ
ᠲᠥᠮᠥᠰᠥ ᠦᠢ᠍ᠯᠡᠳᠪᠦᠷᠢᠯᠡᠭᠴᠢ᠎ᠳᠤ ᠨᠡᠮᠡᠭᠦᠷᠢ ᠥᠭᠬᠦ ᠪᠣᠳᠣᠯᠭ᠎ᠠ ᠵᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ᠎ᠨᠢ ᠤᠯᠤᠰ᠎ᠤᠨ ᠲᠥᠷᠥ ᠵᠢᠨ ᠪᠣᠳᠣᠯᠭ᠎ᠠ ᠵᠢᠨ ᠱᠠᠭ᠋ᠠᠷᠳᠠᠯᠭ᠎ᠠ ᠵᠢᠨ ᠬᠡᠪᠴᠢᠶᠡᠨ ᠳᠣᠲᠣᠷ᠎ᠠ᠂ ᠡᠷᠳᠡᠨᠢ ᠰᠢᠰᠢ᠂ ᠰᠢᠷ᠎ᠠ ᠪᠤᠷᠴᠠᠭ ᠦᠢ᠍ᠯᠡᠳᠪᠦᠷᠢᠯᠡᠭᠴᠢ᠎ᠳᠤ ᠬᠦᠷᠲᠡᠭᠡᠬᠦ ᠨᠡᠮᠡᠭᠦᠷᠢ᠎ᠠᠴᠠ ᠬᠡᠰᠡᠭ ᠪᠡᠯᠡ ᠮᠥᠩᠭᠦ ᠲᠣᠬᠢᠷᠠᠭᠤᠯᠵᠤ᠂ ᠲᠥᠮᠥᠰᠥ ᠲᠠᠷᠢᠭᠴᠢ᠎ᠳᠤ ᠨᠡᠮᠡᠭᠦᠷᠢ ᠣᠯᠭᠤᠨ᠎ᠠ᠃ ᠥᠪᠡᠷᠲᠡᠭᠡᠨ ᠵᠠᠰᠠᠬᠤ ᠣᠷᠣᠨ᠎ᠠᠴᠠ ᠲᠥᠮᠥᠰᠥᠨ᠎ᠤ ᠤᠨᠠᠯᠲᠠ ᠵᠢ ᠦᠢ᠍ᠯᠡᠳᠪᠦᠷᠢᠯᠡᠭᠴᠢ᠎ᠳᠤ ᠨᠡᠮᠡᠭᠦᠷᠢ ᠪᠡᠯᠡ ᠮᠥᠩᠭᠦ ᠬᠤᠪᠢᠶᠠᠷᠢᠯᠠᠬᠤ ᠵᠢᠨ ᠯᠠᠪᠯᠠᠬᠤ ᠬᠦᠴᠦᠨ ᠵᠦᠢ᠍ᠯ ᠪᠣᠯᠭ᠋ᠠᠵᠤ᠂ ᠡᠯ᠎ᠡ ᠭᠠᠵᠠᠷ ᠣᠷᠣᠨ᠎ᠢ ᠬᠥᠲᠥᠯᠥᠨ ᠵᠢᠯᠤᠭᠤᠳᠴᠤ ᠪᠠᠶ᠋ᠢᠭ᠋ᠠᠳ ᠨᠡᠮᠡᠭᠦᠷᠢ ᠪᠡᠯᠡ ᠮᠥᠩᠭᠦ ᠵᠢ ᠨᠢᠭᠡᠴᠢ ᠲᠠᠯᠠᠪᠠᠢ ᠵᠢᠨ ᠤᠨᠠᠯᠲᠠ᠎ᠪᠠᠨ ᠨᠡᠮᠡᠭᠳᠡᠭᠦᠯᠬᠦ ᠵᠢ ᠳᠡᠮᠵᠢᠬᠦ᠎ᠳᠤ ᠨᠠᠩ ᠢᠯᠡᠭᠦᠦ ᠵᠠᠷᠤᠴᠠᠭᠤᠯᠤᠭᠤᠯᠬᠤ ᠵᠢᠨ ᠬᠠᠮᠲᠤ ᠳᠠᠪᠠᠭᠤᠯᠢᠭ ᠭᠤᠣᠯ ᠭᠠᠷᠤᠯᠲᠠ ᠵᠢᠨ ᠣᠷᠣᠨ ᠲᠡᠶ᠋ᠢᠰᠢ ᠲᠥᠪᠯᠡᠷᠡᠭᠦᠯᠦᠨ᠎ᠡ᠃ ᠡᠭᠡᠯᠵᠢᠯᠡᠨ ᠲᠠᠷᠢᠵᠤ ᠭᠤᠤᠷᠰᠤ ᠰᠣᠯᠢᠬᠤ ᠵᠢ ᠳᠡᠮᠵᠢᠵᠦ᠂ 3 ᠵᠢᠯ ᠵᠢᠴᠢ ᠡᠭᠦᠨ᠎ᠠᠴᠠ ᠢᠯᠡᠭᠦᠦ ᠡᠭᠡᠯᠵᠢᠯᠡᠨ ᠲᠠᠷᠢᠬᠤ ᠵᠢ ᠬᠡᠷᠡᠭᠵᠢᠭᠦᠯᠦᠨ᠂ ᠵᠠᠯᠭ᠋ᠠᠭ᠎ᠠ᠎ᠪᠠᠷ ᠳᠠᠷᠢᠬᠤ ᠰᠠᠭ᠋ᠠᠳ ᠲᠣᠳᠬᠠᠷ᠎ᠢ ᠰᠢᠢ᠍ᠳᠪᠦᠷᠢᠯᠡᠵᠦ᠂ ᠬᠥᠷᠥᠰᠥ ᠰᠢᠷᠣᠢ᠎ᠪᠠᠷ ᠳᠠᠮᠵᠢᠨ ᠬᠠᠯᠳᠠᠪᠤᠷᠢᠯᠠᠬᠤ ᠬᠤᠷᠣᠬᠠᠢ ᠭᠡᠮ᠎ᠤᠨ ᠬᠥᠨᠥᠭᠡᠯ᠎ᠢ ᠳᠠᠷᠤᠵᠤ ᠪᠠᠭ᠋ᠠᠰᠬᠠᠨ᠂ ᠲᠥᠮᠥᠰᠥᠨ᠎ᠤ ᠴᠢᠨᠠᠷ ᠪᠠ ᠨᠢᠭᠡᠴᠢ ᠲᠠᠯᠠᠪᠠᠢ ᠵᠢᠨ ᠤᠨᠠᠯᠲᠠ ᠵᠢ ᠳᠡᠭᠡᠭᠰᠢᠯᠡᠭᠦᠯᠦᠨ᠎ᠡ᠃ ᠲᠠᠷᠢᠶᠠᠯᠠᠬᠤ ᠭᠠᠵᠠᠷ᠎ᠢ ᠡᠭᠡᠯᠵᠢᠯᠡᠨ ᠲᠠᠷᠢᠬᠤ᠎ᠳᠤ ᠮᠦ᠍ ᠪᠦᠷᠢ᠎ᠳᠤ 150 ᠲᠥᠭᠦᠷᠢᠭ ᠥᠭᠬᠦ ᠤᠯᠤᠰ᠎ᠤᠨ ᠨᠡᠮᠡᠭᠦᠷᠢ ᠵᠢᠨ ᠪᠠᠷᠢᠮᠵᠢᠶ᠎ᠠ᠎ᠪᠠᠷ ᠯᠠᠪᠯᠠᠯᠲᠠ ᠪᠣᠯᠭ᠋ᠠᠵᠤ᠂ ᠤᠯᠠᠭ᠋ᠠᠨᠴᠠᠪ ᠬᠤᠲᠠ ᠵᠡᠷᠭᠡ ᠲᠥᠮᠥᠰᠥᠨ᠎ᠤ ᠳᠠᠪᠠᠭᠤᠯᠢᠭ ᠭᠤᠣᠯ ᠭᠠᠷᠤᠯᠲᠠ ᠵᠢᠨ ᠣᠷᠣᠨ᠎ᠤ ᠡᠭᠡᠯᠵᠢᠯᠡᠨ ᠳᠠᠷᠢᠬᠤ᠎ᠳᠤ ᠨᠡᠮᠡᠭᠦᠷᠢ ᠥᠭᠬᠦ ᠲᠠᠯᠠᠪᠠᠶ ᠵᠢ 100 ᠲᠦᠮᠡᠨ ᠮᠦ᠍᠎ᠠᠴᠠ ᠳᠡᠭᠡᠭᠰᠢ᠎ᠳᠤ ᠲᠣᠭᠲᠠᠪᠤᠷᠢᠵᠢᠭᠤᠯᠤᠨ᠎ᠠ᠃ ᠨᠡᠶ᠋ᠢᠭᠡᠮᠴᠢᠯᠡᠭᠰᠡᠨ ᠦᠢ᠍ᠯᠡᠴᠢᠯᠡᠭᠡ ᠵᠢ ᠳᠡᠮᠵᠢᠵᠦ᠂ ᠵᠢᠵᠢᠭ ᠲᠠᠷᠢᠶᠠᠴᠢᠨ ᠡᠷᠦᠬᠡ ᠵᠢᠨ ᠲᠠᠷᠠᠬᠠᠢ ᠡᠵᠡᠩᠨᠡᠯᠲᠡ ᠵᠢ ᠬᠤᠪᠢᠷᠠᠭᠤᠯᠤᠨ᠂ ᠡᠯ᠎ᠡ ᠲᠥᠷᠥᠯ᠎ᠤᠨ ᠦᠢ᠍ᠯᠡᠴᠢᠯᠡᠭᠡᠨ᠎ᠤ ᠵᠣᠬᠢᠶᠠᠨ ᠪᠠᠶ᠋ᠢᠭᠤᠯᠤᠯᠲᠠ ᠵᠢ ᠬᠥᠲᠥᠯᠥᠨ ᠵᠢᠯᠤᠭᠤᠳᠴᠤ ᠪᠠᠶ᠋ᠢᠭ᠋ᠠᠳ ᠵᠢᠵᠢᠭ ᠲᠠᠷᠢᠶᠠᠴᠢᠨ ᠡᠷᠦᠬᠡ᠎ᠳᠤ ᠲᠥᠮᠥᠰᠥᠨ ᠲᠠᠷᠢᠶ᠎ᠡ ᠵᠢ᠎ᠨᠢ ᠣᠷᠣᠯᠠᠨ ᠬᠠᠭ᠋ᠠᠯᠪᠤᠷᠢᠯᠠᠵᠤ ᠣᠷᠣᠯᠠᠨ ᠳᠠᠷᠢᠬᠤ᠂ ᠣᠷᠣᠯᠠᠨ ᠬᠠᠮᠢᠶᠠᠷᠴᠤ ᠣᠷᠣᠯᠠᠨ ᠬᠤᠷᠢᠶᠠᠬᠤ᠂ ᠪᠦᠬᠦ ᠶᠠᠪᠤᠴᠠ᠎ᠳᠤ ᠨᠠᠶ᠋ᠢᠳᠠᠨ ᠬᠠᠮᠢᠶᠠᠷᠤᠭᠤᠯᠬᠤ ᠵᠡᠷᠭᠡ ᠨᠡᠶ᠋ᠢᠭᠡᠮᠴᠢᠯᠡᠭᠰᠡᠨ ᠦᠢ᠍ᠯᠡᠴᠢᠯᠡᠭᠡ ᠬᠠᠩᠭ᠋ᠠᠨ᠂ ᠰᠢᠨ᠎ᠡ ᠡᠭᠦᠯᠳᠡᠷ᠂ ᠰᠢᠨ᠎ᠡ ᠮᠡᠷᠭᠡᠵᠢᠯ᠎ᠢ ᠲᠥᠪᠯᠡᠷᠡᠭᠦᠯᠦᠨ ᠳᠡᠯᠭᠡᠷᠡᠭᠦᠯᠵᠦ᠂ ᠬᠡᠪᠴᠢᠶᠡᠵᠢᠭᠦᠯᠦᠨ ᠡᠷᠴᠢᠮᠵᠢᠭᠦᠯᠦᠭᠰᠡᠨ ᠡᠵᠡᠩᠨᠡᠯᠲᠡ ᠵᠢ ᠠᠬᠢᠭᠤᠯᠤᠨ᠂ ᠨᠢᠭᠡᠴᠢ ᠲᠠᠯᠠᠪᠠᠢ ᠵᠢᠨ ᠤᠨᠠᠯᠲᠠ ᠵᠢ ᠨᠡᠮᠡᠭᠳᠡᠭᠦᠯᠬᠦ ᠮᠡᠷᠭᠡᠵᠢᠯ᠎ᠤᠨ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠵᠤ᠂ ᠵᠠᠷᠴᠢᠮ ᠳᠡᠭᠡᠷ᠎ᠡ᠎ᠪᠠᠨ ᠦᠢ᠍ᠯᠡᠴᠢᠯᠡᠬᠦ ᠦᠨ᠎ᠡ ᠬᠠᠩᠰᠢ᠎ᠳᠠᠬᠢ ᠡᠳ᠋᠎ᠤᠨ ᠵᠠᠰᠠᠭ᠎ᠤᠨ ᠨᠥᠬᠦᠪᠦᠷᠢ ᠵᠢᠨ ᠡᠵᠡᠯᠡᠬᠦ ᠬᠠᠷᠢᠴᠠᠯ᠎ᠢ 30%᠎ᠠᠴᠠ ᠬᠡᠲᠦᠷᠡᠭᠦᠯᠬᠦ ᠦᠭᠡᠢ ᠪᠠᠶ᠋ᠢᠯᠭ᠋ᠠᠨ᠂ ᠨᠢᠭᠡ ᠬᠤᠷᠢᠶᠡᠯᠳᠡ᠎ᠳᠦ ᠲᠠᠷᠢᠮᠠᠯ᠎ᠤᠨ ᠮᠦ᠍ ᠳᠤᠮᠳᠠᠴᠢ ᠵᠢᠨ ᠨᠥᠬᠦᠪᠦᠷᠢ ᠵᠢᠨ ᠶᠡᠷᠦᠩᠬᠡᠢ ᠲᠤᠭ᠎ᠠ ᠵᠢ 100 ᠲᠥᠭᠦᠷᠢᠭ᠎ᠠᠴᠠ ᠬᠡᠲᠦᠷᠡᠭᠦᠯᠬᠦ ᠦᠭᠡᠢ ᠪᠠᠶ᠋ᠢᠯᠭ᠋ᠠᠵᠤ᠂ ᠵᠢᠯ᠎ᠤᠨ ᠦᠢ᠍ᠯᠡᠴᠢᠯᠡᠬᠦ ᠲᠠᠯᠠᠪᠠᠶ ᠵᠢ 100 ᠲᠦᠮᠡᠨ ᠮᠦ᠍ ᠤᠳᠠᠭ᠎ᠠ᠎ᠠᠴᠠ ᠳᠣᠣᠷᠠᠳᠠᠭᠤᠯᠬᠤ ᠦᠭᠡᠢ ᠪᠠᠶ᠋ᠢᠯᠭ᠋ᠠᠨ᠎ᠠ᠃ ᠲᠥᠮᠥᠰᠥᠨ᠎ᠤ ᠥᠨᠳᠥᠷ ᠤᠨᠠᠯᠲᠠᠲᠤ ᠥᠨᠳᠥᠷ ᠦᠷ᠎ᠡ ᠠᠰᠢᠭ᠎ᠲᠤ ᠵᠢᠱ᠌ᠢᠶ᠎ᠡ ᠦᠵᠡᠭᠦᠯᠬᠦ ᠣᠷᠣᠨ᠎ᠤ ᠪᠦᠲᠦᠭᠡᠨ ᠪᠠᠶ᠋ᠢᠭᠤᠯᠤᠯᠲᠠ ᠵᠢ ᠳᠡᠮᠵᠢᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠪᠡᠯᠡ ᠮᠥᠩᠭᠦ ᠵᠢ ᠨᠢᠭᠡᠳᠦᠯᠲᠡᠢ ᠲᠥᠯᠥᠪᠯᠡᠨ᠂ ᠲᠥᠮᠥᠰᠥᠨ᠎ᠤ ᠭᠤᠣᠯ ᠭᠠᠷᠤᠯᠲᠠ ᠵᠢᠨ ᠠᠶ᠋ᠢᠮᠠᠭ ᠬᠤᠲᠠ ᠵᠢᠨ ᠭᠤᠣᠯᠳᠠᠯᠭ᠎ᠠ ᠪᠣᠯᠬᠤ ᠬᠤᠰᠢᠭᠤ ᠰᠢᠶᠠᠨ (ᠬᠤᠲᠠ᠂ ᠲᠣᠭᠤᠷᠢᠭ) ᠵᠶ᠋ᠠᠷ ᠭᠤᠣᠯᠯᠠᠵᠤ᠂ ᠴᠢᠨᠠᠷ ᠰᠠᠶ᠋ᠢᠲᠠᠢ ᠪᠥᠭᠡᠳ ᠥᠨᠳᠥᠷ ᠪᠦᠲᠦᠮᠵᠢᠲᠦ ᠲᠠᠷᠢᠵᠦ ᠤᠷᠭᠤᠭᠤᠯᠬᠤ ᠵᠢᠱ᠌ᠢᠶ᠎ᠡ ᠦᠵᠡᠭᠦᠯᠬᠦ ᠣᠷᠣᠨ᠎ᠢ ᠪᠦᠲᠦᠭᠡᠨ ᠪᠠᠶ᠋ᠢᠭᠤᠯᠵᠤ᠂ ᠤᠰᠤ ᠪᠣᠷᠳᠣᠭᠤᠷ᠎ᠢ ᠨᠢᠭᠡ ᠴᠣᠭᠴᠠᠵᠢᠭᠤᠯᠤᠨ ᠬᠡᠷᠡᠭᠯᠡᠬᠦ ᠬᠢᠷᠢ ᠲᠦᠪᠰᠢᠨ᠎ᠢ ᠳᠡᠭᠡᠭᠰᠢᠯᠡᠭᠦᠯᠦᠨ᠂ ᠪᠣᠷᠳᠣᠭᠤᠷ ᠲᠠᠷᠢᠶᠠᠨ ᠡᠮ ᠤᠰᠤ ᠬᠡᠷᠡᠭᠯᠡᠬᠦ ᠵᠢ ᠰᠢᠨᠵᠢᠯᠡᠬᠦ ᠤᠬᠠᠭ᠋ᠠᠨᠴᠢ᠎ᠪᠠᠷ ᠬᠢᠵᠠᠭ᠋ᠠᠷᠯᠠᠵᠤ᠂ ᠬᠠᠭᠤᠷᠠᠢ ᠲᠠᠷᠢᠶᠠᠯᠠᠬᠤ ᠭᠠᠵᠠᠷ᠎ᠲᠤ ᠴᠢᠨᠠᠷ ᠰᠠᠶ᠋ᠢᠲᠠᠢ ᠲᠥᠮᠥᠰᠥ ᠳᠠᠷᠢᠬᠤ ᠵᠢ ᠳᠡᠮᠵᠢᠨ᠂ ᠤᠨᠠᠯᠲᠠ᠎ᠪᠠᠨ ᠨᠡᠮᠡᠭᠳᠡᠭᠦᠯᠦᠨ ᠦᠷ᠎ᠡ ᠠᠰᠢᠭ ᠵᠶ᠋ᠠᠨ ᠲᠡᠬᠡᠭᠰᠢᠯᠡᠬᠦᠯᠬᠦ ᠲᠡᠶ᠋ᠢᠰᠢ ᠳᠠᠶ᠋ᠢᠴᠢᠯᠠᠨ᠎ᠠ᠃ ᠡᠳ᠋ᠰᠢᠭᠦᠯᠦᠨ ᠪᠤᠯᠪᠠᠰᠤᠷᠠᠭᠤᠯᠬᠤ ᠵᠠᠬᠢᠶᠠᠯᠠᠭ᠎ᠠ᠎ᠳᠤ ᠨᠡᠮᠡᠭᠦᠷᠢ ᠥᠭᠬᠦ ᠵᠢ ᠳᠡᠮᠵᠢᠵᠦ᠂ ᠥᠪᠡᠷᠲᠡᠭᠡᠨ ᠵᠠᠰᠠᠬᠤ ᠣᠷᠣᠨ᠎ᠤ ᠲᠥᠮᠥᠰᠥ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶ᠋ᠢᠯᠠᠯ᠎ᠨᠢ ᠣᠷᠣᠨ᠎ᠤ ᠳᠣᠲᠣᠷᠠᠬᠢ ᠲᠠᠷᠢᠮᠠᠯ᠎ᠤᠨ ᠡᠷᠦᠬᠡ᠎ᠯᠦᠭᠡ ᠲᠣᠭᠲᠠᠪᠤᠷᠢᠲᠠᠢ ᠠᠰᠢᠭ ᠲᠤᠰᠠ ᠵᠢᠨ ᠬᠤᠯᠪᠣᠭᠳᠠᠭᠤᠯᠬᠤ ᠲᠣᠭᠲᠠᠴᠠ ᠵᠢ ᠪᠠᠶ᠋ᠢᠭᠤᠯᠤᠭᠰᠠᠨ᠂ ᠪᠠᠷᠢᠮᠵᠢᠶᠠᠵᠢᠭᠤᠯᠤᠨ ᠳᠠᠷᠢᠭᠰᠠᠨ ᠮᠥᠷᠲᠡᠭᠡᠨ ᠬᠦᠴᠦ ᠪᠦᠬᠦᠢ ᠵᠠᠬᠢᠶᠠᠯᠠᠭ᠎ᠠ ᠲᠣᠭᠲᠠᠭᠰᠠᠨ ᠪᠠᠶ᠋ᠢᠪᠠᠯ᠂ ᠬᠤᠳᠠᠯᠳᠤᠨ ᠠᠪᠬᠤ ᠭᠤᠣᠯ ᠴᠣᠭᠴᠠ᠎ᠳᠤ 20 ᠲᠥᠭᠦᠷᠢᠭ / ᠲᠣᠨ᠎ᠤ ᠨᠡᠮᠡᠭᠦᠷᠢ ᠣᠯᠭᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠨᠠᠶ᠋ᠢᠳᠠᠪᠤᠷᠢᠵᠢᠭᠤᠯᠤᠨ᠎ᠠ)
ᠭᠤᠷᠪᠠ᠂ ᠭᠠᠷᠤᠯᠲᠠ ᠵᠢᠨ ᠣᠷᠣᠨ᠎ᠳᠤ ᠬᠦᠢ᠍ᠲᠡᠨ ᠬᠠᠳᠠᠭ᠋ᠠᠯᠠᠯᠲᠠ᠎ᠪᠠᠷ ᠰᠢᠨ᠎ᠡ ᠰᠣᠷᠭᠤᠭ᠎ᠢ ᠪᠠᠲᠤᠯᠠᠬᠤ ᠣᠳᠣᠬᠢᠴᠢᠯᠠᠭᠰᠠᠨ ᠪᠡᠯᠡᠳᠬᠡᠮᠵᠢ ᠪᠠᠶ᠋ᠢᠭᠤᠯᠬᠤ ᠵᠢ ᠲᠡᠳᠬᠦᠨ᠎ᠡ
ᠲᠠᠷᠢᠶᠠᠴᠢᠨ᠎ᠤ ᠬᠤᠷᠰᠢᠶ᠎ᠡ ᠵᠡᠷᠭᠡ ᠰᠢᠨ᠎ᠡ ᠬᠡᠯᠪᠡᠷᠢ ᠵᠢᠨ ᠡᠵᠡᠩᠨᠡᠯᠲᠡ ᠵᠢᠨ ᠭᠤᠣᠯ ᠴᠣᠭᠴᠠ ᠵᠢ ᠬᠥᠲᠥᠯᠥᠨ ᠵᠢᠯᠤᠭᠤᠳᠴᠤ ᠪᠠᠶ᠋ᠢᠭ᠋ᠠᠳ ᠲᠥᠮᠥᠰᠥ ᠲᠠᠷᠢᠬᠤ ᠪᠣᠳᠠᠲᠠᠢ ᠬᠡᠷᠡᠭᠴᠡᠭᠡ ᠱᠠᠭ᠋ᠠᠷᠳᠠᠯᠭ᠎ᠠ ᠵᠢ᠎ᠨᠢ ᠦᠨᠳᠦᠰᠦᠯᠡᠵᠦ᠂ ᠰᠠᠯᠬᠢ ᠨᠡᠪᠲᠡᠷᠡᠭᠦᠯᠬᠦ ᠬᠠᠳᠠᠭ᠋ᠠᠯᠠᠯᠲᠠ ᠵᠢᠨ ᠬᠥᠮᠥᠷᠭᠡ᠂ ᠮᠧ ᠊ᠬᠠᠨᠢᠭ ᠬᠦᠢ᠍ᠲᠡᠨ ᠬᠥᠮᠥᠷᠭᠡ᠂ ᠬᠡᠢ ᠠᠭ᠋ᠠᠷ ᠲᠣᠬᠢᠷᠠᠭᠤᠯᠬᠤ ᠬᠠᠳᠠᠭ᠋ᠠᠯᠠᠯᠲᠠ ᠵᠢᠨ ᠬᠥᠮᠥᠷᠭᠡ᠂ ᠤᠷᠢᠳᠴᠢᠯᠠᠨ ᠬᠥᠷᠥᠭᠡᠵᠦ ᠬᠥᠯᠳᠡᠭᠡᠬᠦ ᠵᠢᠴᠢ ᠲᠥᠬᠦᠷ ᠭᠠᠷᠤᠯᠲᠠ ᠵᠢᠨ ᠣᠷᠣᠨ᠎ᠳᠤ ᠬᠦᠢ᠍ᠲᠡᠨ ᠬᠠᠳᠠᠭ᠋ᠠᠯᠠᠯᠲᠠ᠎ᠪᠠᠷ ᠰᠢᠨ᠎ᠡ ᠰᠣᠷᠭᠤᠭ᠎ᠢ ᠪᠠᠲᠤᠯᠠᠬᠤ ᠵᠡᠷᠭᠡ ᠰᠢᠢ᠍ᠳᠪᠦᠷᠢᠯᠡᠬᠦ ᠪᠡᠯᠡᠳᠬᠡᠮᠵᠢ ᠲᠥᠬᠦᠭᠡᠷᠦᠮᠵᠢ ᠵᠢ ᠵᠦᠢ ᠵᠣᠬᠢᠰᠲᠠᠢ ᠪᠠᠶ᠋ᠢᠭᠤᠯᠵᠤ᠂ ᠦᠷ᠎ᠡ ᠵᠢᠨ ᠲᠥᠮᠥᠰᠥ ᠪᠠ ᠲᠠᠸᠠᠷ᠎ᠤᠨ ᠲᠥᠮᠥᠰᠥ ᠵᠢ ᠴᠢᠨᠠᠷ ᠰᠠᠶ᠋ᠢᠲᠠᠢ ᠬᠠᠳᠠᠭ᠋ᠠᠯᠠᠬᠤ ᠵᠢ᠎ᠨᠢ ᠪᠠᠲᠤᠯᠠᠨ᠎ᠠ᠃ ᠭᠠᠷᠤᠯᠲᠠ ᠵᠢᠨ ᠣᠷᠣᠨ᠎ᠤ ᠲᠠᠷᠢᠮᠠᠯ ᠲᠠᠷᠢᠨᠨᠴᠢᠳ ᠥᠪᠡᠰᠦᠪᠡᠨ ᠬᠡᠷᠡᠭᠯᠡᠬᠦ ᠲᠥᠮᠥᠰᠥᠨ᠎ᠤ ᠬᠦᠢ᠍ᠲᠡᠨ ᠬᠠᠳᠠᠭ᠋ᠠᠯᠠᠯᠲᠠ᠎ᠪᠠᠷ ᠰᠢᠨ᠎ᠡ ᠰᠣᠷᠭᠤᠭ᠎ᠢ ᠪᠠᠲᠤᠯᠠᠬᠤ ᠣᠳᠣᠬᠢᠴᠢᠯᠠᠭᠰᠠᠨ ᠪᠡᠯᠡᠳᠬᠡᠮᠵᠢ ᠵᠢ ᠰᠢᠨ᠎ᠡ᠎ᠪᠠᠷ ᠪᠠᠶ᠋ᠢᠭᠤᠯᠤᠭᠰᠠᠨ ᠪᠠᠶ᠋ᠢᠪᠠᠯ᠂ ᠪᠡᠯᠡᠳᠭᠡᠮᠵᠢᠳᠤ ᠲᠠᠷᠢᠶᠠᠯᠠᠩ᠎ᠤᠨ ᠳᠠᠭ᠋ᠠᠯᠲᠠ ᠪᠡᠯᠡᠳᠬᠡᠮᠵᠢ᠎ᠳᠤ ᠬᠡᠷᠡᠭᠯᠡᠬᠦ ᠭᠠᠵᠠᠷ᠎ᠤᠨ ᠬᠠᠮᠢᠶᠠᠷᠤᠯᠲᠠ᠎ᠪᠠᠷ ᠬᠠᠮᠢᠶᠠᠷᠴᠤ᠂ ᠱᠠᠭ᠋ᠠᠷᠳᠠᠯᠭ᠎ᠠ ᠶᠣᠰᠣᠭ᠋ᠠᠷ ᠪᠦᠷᠢᠳᠬᠡᠨ ᠲᠠᠩᠰᠠᠯᠠᠵᠦ ᠬᠠᠮᠢᠶᠠᠷᠤᠨ᠎ᠠ; ᠡᠵᠡᠩᠨᠡᠯᠲᠡ ᠵᠢᠨ ᠴᠢᠨᠠᠷᠲᠠᠢ ᠲᠥᠮᠥᠰᠥᠨ᠎ᠤ ᠰᠢᠨ᠎ᠡ ᠰᠣᠷᠭᠤᠭ ᠵᠶ᠋ᠠᠷ ᠬᠥᠮᠥᠷᠭᠡᠯᠡᠨ ᠬᠠᠳᠠᠭ᠋ᠠᠯᠠᠬᠤ ᠣᠳᠣᠬᠢᠴᠢᠯᠠᠭᠰᠠᠨ ᠪᠡᠯᠡᠳᠬᠡᠮᠵᠢ ᠵᠢ ᠪᠠᠶ᠋ᠢᠭᠤᠯᠤᠭᠰᠠᠨ ᠪᠠᠶ᠋ᠢᠪᠠᠯ᠂ ᠡᠩ᠎ᠤᠨ ᠲᠠᠷᠢᠶᠠᠯᠠᠬᠤ ᠭᠠᠵᠠᠷ᠎ᠢ ᠡᠵᠡᠯᠡᠨ ᠬᠡᠷᠡᠭᠯᠡᠭᠰᠡᠨ᠎ᠳᠤᠨᠢ ᠲᠠᠷᠢᠶᠠᠯᠠᠬᠤ ᠭᠠᠵᠠᠷ᠎ᠤᠨ 《ᠨᠡᠮᠡᠭᠳᠡᠯ ᠬᠠᠰᠤᠭᠳᠠᠯ᠎ᠢ ᠲᠡᠩᠴᠡᠭᠦᠷᠢᠲᠡᠢ ᠪᠠᠶ᠋ᠢᠯᠭ᠋ᠠᠬᠤ》 ᠪᠣᠳᠣᠯᠭ᠎ᠠ ᠵᠢ ᠤᠷᠢᠳ ᠵᠶ᠋ᠠᠷ ᠲᠣᠬᠢᠷᠠᠭᠤᠯᠤᠨ ᠨᠠᠶ᠋ᠢᠳᠠᠪᠤᠷᠢᠵᠢᠭᠤᠯᠤᠨ᠎ᠠ᠃ ᠲᠥᠪ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠬᠥᠳᠡᠭᠡ ᠲᠤᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ᠎ᠯᠤᠭ᠎ᠠ ᠵᠣᠯᠭ᠋ᠠᠯᠳᠤᠭᠤᠯᠤᠭᠰᠠᠨ ᠨᠥᠬᠦᠪᠦᠷᠢ ᠪᠡᠯᠡ ᠮᠥᠩᠭᠦ ᠵᠢ ᠨᠢᠭᠡᠳᠦᠯᠲᠡᠢ ᠲᠥᠯᠥᠪᠵᠢᠭᠦᠯᠦᠨ ᠠᠰᠢᠭᠯᠠᠵᠤ ᠪᠠᠶ᠋ᠢᠭ᠋ᠠᠳ ᠲᠥᠮᠥᠰᠥᠨ᠎ᠤ ᠬᠦᠢ᠍ᠲᠡᠨ ᠬᠠᠳᠠᠭ᠋ᠠᠯᠠᠯᠲᠠ᠎ᠪᠠᠷ ᠰᠢᠨ᠎ᠡ ᠰᠣᠷᠭᠤᠭ᠎ᠢ ᠪᠠᠲᠤᠯᠠᠬᠤ ᠣᠳᠣᠬᠢᠴᠢ ᠪᠡᠯᠡᠳᠬᠡᠮᠵᠢ ᠪᠠᠶ᠋ᠢᠭᠤᠯᠬᠤ ᠵᠢ ᠲᠡᠮᠵᠢᠵᠦ᠂ ᠤᠷᠢᠳ ᠵᠶ᠋ᠠᠷ ᠪᠠᠶ᠋ᠢᠭᠤᠯᠵᠤ ᠲᠠᠷᠠᠭ᠎ᠠ᠎ᠳᠤᠨᠢ ᠨᠥᠬᠦᠪᠦᠷᠢᠯᠡᠬᠦ ᠠᠷᠭ᠎ᠠ ᠮᠠᠶᠢᠭ᠎ᠢ ᠬᠡᠷᠡᠭᠯᠡᠨ᠂ ᠵᠢᠯ ᠪᠦᠷᠢ ᠲᠠᠷᠢᠶᠠᠴᠢᠨ᠎ᠲᠠᠢ ᠬᠤᠯᠪᠣᠭ᠋ᠠᠯᠠᠵᠤ ᠲᠠᠷᠢᠶᠠᠴᠢᠨ᠎ᠢ ᠳᠠᠶ᠋ᠢᠴᠢᠯᠠᠬᠤ ᠴᠢᠳᠠᠪᠤᠷᠢ᠎ᠪᠠᠷ ᠴᠢᠩᠭ᠎ᠠ ᠪᠣᠯᠬᠤᠶ᠋ᠢᠴᠠ ᠨᠡᠮᠡᠭᠦᠷᠢ ᠬᠦᠷᠲᠡᠭᠡᠬᠦ ᠰᠢᠯᠢᠳᠡᠭ ᠡᠲᠡᠭᠡᠳ᠎ᠢ ᠰᠣᠩᠭᠤᠨ ᠲᠣᠭᠲᠠᠭ᠋ᠠᠵᠤ᠂ ᠭᠠᠷᠤᠯᠲᠠ ᠵᠢᠨ ᠣᠷᠣᠨ᠎ᠤ ᠲᠠᠷᠢᠮᠠᠯ ᠲᠠᠷᠢᠨᠨᠴᠢᠳ ᠬᠥᠮᠥᠷᠭᠡ ᠵᠢᠨ ᠪᠠᠭᠲᠠᠭ᠋ᠠᠮᠵᠢ᠎ᠨᠢ 2000 ᠲᠣᠨ᠎ᠠᠴᠠ ᠳᠡᠭᠡᠭᠰᠢᠬᠢ ᠬᠦᠢ᠍ᠲᠡᠨ ᠬᠠᠳᠠᠭ᠋ᠠᠯᠠᠯᠲᠠ᠎ᠪᠠᠷ ᠰᠢᠨ᠎ᠡ ᠰᠣᠷᠭᠤᠭ᠎ᠢ ᠪᠠᠲᠤᠯᠠᠬᠤ ᠣᠳᠣᠬᠢᠴᠢᠯᠠᠭᠰᠠᠨ ᠪᠡᠯᠡᠳᠬᠡᠮᠵᠢ ᠵᠢ ᠰᠢᠨ᠎ᠡ᠎ᠪᠠᠷ ᠪᠠᠶ᠋ᠢᠭᠤᠯᠤᠭᠰᠠᠨ ᠪᠤᠶᠤ ᠥᠭᠡᠷᠡᠴᠢᠯᠡᠨ ᠪᠠᠶ᠋ᠢᠭᠤᠯᠤᠭᠰᠠᠨ (ᠬᠦᠢ᠍ᠲᠡᠨ ᠬᠠᠳᠠᠭ᠋ᠠᠯᠠᠯᠲᠠ ᠵᠢᠨ ᠲᠤᠨᠤᠭ ᠲᠥᠬᠦᠭᠡᠷᠦᠮᠵᠢ ᠤᠭᠰᠠᠷᠠᠭᠰᠠᠨ ᠦᠭᠡᠢ ᠡᠩ᠎ᠤᠨ ᠬᠠᠳᠠᠭ᠋ᠠᠯᠠᠬᠤ ᠬᠥᠮᠥᠷᠭᠡ ᠵᠢ ᠥᠭᠡᠷᠡᠴᠢᠯᠡᠨ ᠰᠢᠨᠡᠳᠬᠡᠬᠦ ᠵᠢ ᠵᠢᠭ᠋ᠠᠨ᠎ᠠ) ᠪᠠᠶ᠋ᠢᠪᠠᠯ᠂ ᠪᠦᠲᠦᠭᠡᠨ ᠪᠠᠶ᠋ᠢᠭᠤᠯᠤᠯᠲᠠ ᠵᠢᠨ ᠪᠦᠭᠦ ᠦᠢ᠍ᠯᠡᠳᠦᠭᠰᠡᠨ ᠦᠨ᠎ᠡ ᠵᠢᠨ 30%᠂ ᠲᠠᠩ ᠴᠣᠭᠴᠠᠲᠤ ᠪᠡᠯᠡᠳᠬᠡᠮᠵᠢ᠎ᠳᠤ ᠬᠠᠮᠤᠭ᠎ᠤᠨ ᠠᠷᠪᠢᠨ᠎ᠳᠤ᠎ᠪᠠᠨ 100 ᠲᠦᠮᠡᠨ ᠲᠥᠭᠦᠷᠢᠭ᠎ᠤᠨ ᠶᠣᠰᠣᠭ᠋ᠠᠷ ᠨᠡᠮᠡᠭᠦᠷᠢ ᠣᠯᠭᠤᠨ᠎ᠠ᠂ ᠥᠪᠡᠷᠲᠡᠭᠡᠨ ᠵᠠᠰᠠᠬᠤ ᠣᠷᠣᠨ᠎ᠠᠴᠠ ᠨᠡᠮᠡᠭᠦᠷᠢ ᠣᠯᠭᠤᠭᠰᠠᠨ ᠰᠠᠭᠤᠷᠢᠨ ᠳᠡᠭᠡᠷ᠎ᠡ ᠠᠶ᠋ᠢᠮᠠᠭ ᠬᠤᠲᠠ ᠪᠠ ᠬᠤᠰᠢᠭᠤ ᠰᠢᠶᠠᠨ (ᠬᠤᠲᠠ᠂ ᠲᠣᠭᠤᠷᠢᠭ)᠎ᠤ ᠡᠳ᠋᠎ᠤᠨ ᠵᠠᠰᠠᠭ᠎ᠠᠴᠠ ᠵᠣᠬᠢᠮᠵᠢᠲᠠᠢ᠎ᠪᠠᠷ ᠲᠠᠬᠢᠵᠦ ᠨᠡᠮᠡᠭᠦᠷᠢ ᠣᠯᠭᠤᠬᠤ ᠵᠢ ᠵᠣᠷᠢᠭᠵᠢᠭᠤᠯᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠬᠥᠳᠡᠭᠡ ᠲᠤᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠨᠠᠶ᠋ᠢᠳᠠᠪᠤᠷᠢᠵᠢᠭᠤᠯᠤᠨ᠎ᠠ)
ᠳᠥᠷᠪᠡ᠂ ᠲᠥᠮᠥᠰᠥᠨ᠎ᠤ ᠨᠡᠷᠡᠲᠦ ᠲᠡᠮᠳᠡᠭ᠎ᠤᠨ ᠨᠥᠯᠥᠭᠡᠯᠡᠬᠦ ᠬᠦᠴᠦᠨ᠎ᠢ ᠨᠡᠮᠡᠭᠳᠡᠭᠦᠯᠦᠨ᠎ᠡ
ᠲᠥᠮᠥᠰᠥᠨ᠎ᠤ ᠠᠵᠤ ᠦᠢ᠍ᠯᠡᠰ᠎ᠤᠨ ᠨᠡᠷᠡᠳᠦ ᠲᠡᠮᠳᠡᠭ᠎ᠢ ᠬᠥᠮᠥᠵᠢᠭᠦᠯᠦᠨ ᠪᠣᠶ᠋ᠢᠵᠢᠭᠤᠯᠬᠤ ᠪᠠ ᠵᠠᠬ᠎ᠠ ᠳᠡᠯᠭᠡᠭᠦᠷ᠎ᠤᠨ ᠡᠵᠡᠩᠨᠡᠯᠲᠡ ᠪᠣᠷᠣᠯᠠᠭᠤᠯᠤᠯᠲᠠ ᠬᠢᠬᠦ ᠵᠢ ᠲᠡᠮᠵᠢᠵᠦ᠂ ᠠᠵᠤ ᠠᠬᠤᠶ᠋ᠢᠯᠠᠯ᠎ᠤᠨ ᠪᠦᠲᠦᠭᠡᠭᠳᠡᠬᠦᠨ᠎ᠤ ᠶᠠᠰᠤ ᠴᠢᠨᠠᠷ ᠪᠠ ᠪᠠᠷᠢᠮᠵᠢᠶᠠᠵᠢᠭᠤᠯᠬᠤ ᠬᠢᠷᠢ ᠲᠦᠪᠰᠢᠨ ᠵᠶ᠋ᠠᠨ ᠳᠡᠬᠡᠭᠰᠢᠯᠡᠬᠦᠯᠬᠦ ᠵᠢ᠎ᠨᠢ ᠵᠣᠷᠢᠭᠵᠢᠭᠤᠯᠤᠨ᠂ 《ᠥᠪᠥᠷ ᠮᠣᠩᠭᠤᠯ》 ᠨᠡᠷᠡᠮᠵᠢᠲᠦ ᠲᠡᠮᠳᠡᠭ ᠵᠶ᠋ᠠᠷ ᠬᠥᠲᠥᠯᠥᠨ ᠳᠠᠭ᠋ᠠᠭᠤᠯᠵᠤ ᠪᠠᠶ᠋ᠢᠭ᠋ᠠᠳ ᠨᠢᠭᠡᠳᠦᠯᠲᠡᠢ ᠪᠠᠷᠢᠮᠵᠢᠶ᠎ᠠ᠂ ᠨᠢᠭᠡᠳᠦᠯᠲᠡᠢ ᠨᠡᠷᠡᠳᠦ ᠲᠡᠮᠳᠡᠭ᠂ ᠨᠢᠭᠡᠳᠦᠯᠲᠡᠢ ᠪᠣᠭᠤᠳᠠᠯ ᠪᠠᠭᠯᠠᠭ᠎ᠠ᠂ ᠨᠢᠭᠡᠳᠦᠯᠲᠡᠢ ᠰᠤᠷᠲᠠᠯ ᠤᠬᠠᠭᠤᠯᠭ᠎ᠠ᠂ ᠨᠢᠭᠡᠳᠦᠯᠲᠡᠢ ᠡᠵᠡᠩᠨᠡᠯᠲᠡ ᠪᠣᠷᠤᠯᠠᠭᠤᠯᠭ᠎ᠠ᠎ᠪᠠᠷ ᠥᠪᠥᠷ ᠮᠣᠩᠭᠤᠯ᠎ᠤᠨ ᠲᠥᠮᠥᠰᠥᠨ᠎ᠤ ᠣᠷᠣᠨ ᠪᠦᠰᠡ ᠵᠢᠨ ᠨᠡᠷᠡᠲᠦ ᠲᠡᠮᠳᠡᠭ᠎ᠢ ᠴᠣᠭᠴᠠᠯᠠᠨ᠎ᠠ᠃ 《ᠥᠪᠥᠷ ᠮᠣᠩᠭᠤᠯ》 ᠨᠡᠷᠡᠮᠵᠢᠲᠦ ᠲᠡᠮᠳᠡᠭ᠎ᠤᠨ ᠭᠡᠷᠡᠴᠢᠯᠡᠭᠡ ᠵᠢ ᠠᠬᠢᠭᠤᠯᠵᠤ᠂ 《ᠥᠪᠥᠷ ᠮᠣᠩᠭᠤᠯ》 ᠨᠡᠷᠡᠮᠵᠢᠳᠦ ᠲᠡᠮᠳᠡᠭ᠎ᠤᠨ ᠭᠡᠷᠡᠴᠢᠯᠡᠯ᠎ᠢ ᠣᠯᠣᠭᠰᠠᠨ ᠠᠵᠤ ᠠᠬᠤᠶ᠋ᠢᠯᠠᠯ᠎ᠳᠤ ᠰᠢᠯᠭ᠋ᠠᠨ ᠪᠠᠶ᠋ᠢᠴᠠᠭ᠋ᠠᠵᠤ ᠬᠡᠮᠵᠢᠨ ᠪᠠᠶ᠋ᠢᠴᠠᠭ᠋ᠠᠬᠤ᠂ ᠭᠡᠷᠡᠴᠢᠯᠡᠭᠡ ᠬᠢᠬᠦ ᠵᠡᠷᠭᠡ ᠵᠠᠷᠤᠳᠠᠯ᠎ᠤᠨ ᠲᠠᠯ᠎ᠠ᠎ᠳᠤ 5 ᠲᠦᠮᠡᠨ ᠲᠥᠭᠦᠷᠢᠭ᠎ᠤᠨ ᠨᠡᠮᠡᠭᠦᠷᠢ ᠣᠯᠭᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠡᠳ᠋᠎ᠤᠨ ᠵᠠᠰᠠᠭ᠎ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠨᠠᠶ᠋ᠢᠳᠠᠪᠤᠷᠢᠵᠢᠭᠤᠯᠤᠨ᠎ᠠ)
ᠲᠠᠪᠤ᠂ ᠲᠥᠮᠥᠰᠥᠨ᠎ᠤ ᠠᠵᠤ ᠦᠢ᠍ᠯᠡᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠯᠭ᠋ᠠᠭᠤᠷᠢᠯᠠᠯ᠎ᠢ ᠴᠢᠩᠭ᠋ᠠᠳᠬᠠᠨ᠎ᠠ
ᠲᠥᠮᠥᠰᠥᠨ᠎ᠤ ᠲᠠᠯ᠎ᠠ᠎ᠪᠠᠷ᠎ᠬᠢ ᠡᠳ᠋ᠰᠢᠭᠦᠯᠦᠨ ᠪᠤᠯᠪᠠᠰᠤᠷᠠᠭᠤᠯᠬᠤ ᠪᠦᠲᠦᠭᠡᠭᠳᠡᠬᠦᠨ ᠰᠤᠳᠤᠯᠤᠨ ᠨᠡᠭᠡᠭᠡᠬᠦ ᠵᠢ ᠲᠡᠮᠵᠢᠵᠦ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠰᠬᠠᠢ ᠪᠡᠯᠡ ᠮᠥᠩᠭᠦ ᠪᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠠᠭᠤᠷᠢ ᠮᠥᠩᠭᠦ ᠵᠡᠷᠭᠡ᠎ᠳᠤ ᠲᠦᠰᠢᠭᠯᠡᠨ᠂ ᠠᠵᠤ ᠠᠬᠤᠶ᠋ᠢᠯᠠᠯ᠎ᠤᠨ᠎ᠬᠢᠨ᠎ᠤ ᠴᠠᠷᠳᠠᠭᠤᠯ᠎ᠤᠨ ᠰᠤᠩᠭ᠋ᠠᠯ ᠬᠦᠷᠢᠶ᠎ᠡ ᠴᠠᠷᠠᠭ᠎ᠠ ᠵᠡᠷᠭᠡ᠎ᠳᠠᠬᠢ ᠨᠠᠷᠢᠯᠢᠭ ᠭᠦᠨ ᠡᠳ᠋ᠰᠢᠭᠦᠯᠦᠭᠰᠡᠨ ᠪᠦᠲᠦᠭᠡᠭᠳᠡᠬᠦᠨ᠂ ᠲᠥᠮᠥᠰᠥ ᠵᠢ ᠦᠬᠡᠷ ᠬᠤᠨᠢᠨ ᠮᠢᠬ᠎ᠠ ᠪᠠ ᠨᠣᠬᠠᠢ ᠵᠢᠨ ᠬᠤᠰᠢᠭᠤ ᠵᠡᠷᠭᠡ ᠢᠳᠡᠭᠡᠨ᠎ᠲᠠᠢ ᠲᠣᠬᠢᠷᠠᠭᠤᠯᠤᠨ ᠲᠡᠩᠨᠡᠭᠦᠯᠵᠦ ᠤᠷᠢᠳᠴᠢᠯᠠᠨ ᠬᠢᠭᠰᠡᠨ ᠵᠠᠭᠤᠰᠢ᠂ ᠰᠤᠯᠠ ᠢᠳᠡᠭᠡᠨ ᠵᠡᠷᠭᠡ ᠵᠢ ᠰᠤᠳᠤᠯᠤᠨ ᠨᠡᠭᠡᠭᠡᠬᠦ ᠡᠷᠴᠢᠮ ᠵᠶ᠋ᠠᠨ ᠴᠢᠩᠭ᠋ᠠᠷᠠᠭᠤᠯᠬᠤ ᠵᠢ ᠭᠤᠣᠯᠳᠠᠯᠭ᠎ᠠ᠎ᠲᠠᠢ ᠳᠡᠮᠵᠢᠨ᠎ᠠ᠃ ᠬᠤᠷᠢᠶᠠᠬᠤ ᠮᠠᠰᠢᠨ ᠮᠧᠬᠠᠨᠢᠭ ᠪᠠ ᠡᠳ᠋ᠰᠢᠭᠦᠯᠦᠨ ᠪᠤᠯᠪᠠᠰᠤᠷᠠᠭᠤᠯᠬᠤ ᠲᠤᠨᠤᠭ ᠲᠥᠬᠦᠭᠡᠷᠦᠮᠵᠢ ᠵᠢ ᠰᠤᠳᠤᠯᠤᠨ ᠨᠡᠭᠡᠭᠡᠵᠦ ᠬᠡᠷᠡᠭᠯᠡᠬᠦ ᠵᠢ ᠲᠡᠮᠵᠢᠵᠦ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠰᠬᠠᠢ ᠪᠡᠯᠡ ᠮᠥᠩᠭᠦ ᠪᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠠᠭᠤᠷᠢ ᠮᠥᠩᠭᠦᠨ᠎ᠤ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠲᠥᠮᠥᠰᠥ ᠬᠤᠷᠢᠶᠠᠬᠤ ᠮᠠᠰᠢᠨ ᠮᠧᠬᠠᠨᠢᠭ ᠪᠠ ᠡᠳ᠋ᠰᠢᠭᠦᠯᠦᠨ ᠪᠤᠯᠪᠠᠰᠤᠷᠠᠭᠤᠯᠬᠤ ᠲᠤᠨᠤᠭ ᠲᠥᠬᠦᠭᠡᠷᠦᠮᠵᠢ ᠰᠤᠳᠤᠯᠤᠨ ᠨᠡᠭᠡᠭᠡᠬᠦ ᠵᠢ ᠤᠷᠢᠳ ᠵᠶ᠋ᠠᠷ ᠲᠡᠮᠵᠢᠵᠦ᠂ ᠠᠵᠤ ᠠᠬᠤᠶ᠋ᠢᠯᠠᠯ ᠪᠠ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠎ᠤᠨ ᠬᠠᠮᠲᠤᠷᠠᠨ ᠲᠥᠮᠥᠰᠥ ᠬᠤᠷᠢᠶᠠᠬᠤ ᠪᠠ ᠲᠡᠭᠦᠵᠦ ᠣᠭᠤᠳᠠᠯᠯᠠᠬᠤ᠂ ᠨᠠᠷᠢᠯᠢᠭ ᠭᠦᠨ ᠡᠳ᠋ᠰᠢᠭᠦᠯᠦᠨ ᠪᠤᠯᠪᠠᠰᠤᠷᠠᠭᠤᠯᠬᠤ ᠲᠤᠨᠤᠭ ᠲᠥᠬᠦᠭᠡᠷᠦᠮᠵᠢ ᠵᠡᠷᠭᠡ ᠵᠢ ᠰᠤᠳᠤᠯᠤᠨ ᠨᠡᠭᠡᠭᠡᠬᠦ ᠪᠠ ᠬᠡᠷᠡᠭᠯᠡᠬᠦ ᠵᠢ᠎ᠨᠢ ᠲᠡᠮᠵᠢᠨ᠎ᠠ᠃ ᠳᠡᠭᠡᠳᠦ ᠲᠠᠰ ᠳᠠᠪᠬᠤᠷᠭ᠎ᠠ ᠵᠢᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠵᠢ ᠳᠡᠮᠵᠢᠵᠦ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠂ ᠲᠠᠷᠢᠶᠠᠯᠠᠩ᠎ᠳᠤ ᠬᠤᠯᠪᠣᠭᠳᠠᠬᠤ ᠶᠡᠭᠡ ᠳᠡᠭᠡᠳᠦ ᠰᠤᠷᠭ᠋ᠠᠭᠤᠯᠢ᠂ ᠠᠵᠤ ᠠᠬᠤᠶ᠋ᠢᠯᠠᠯ ᠵᠡᠷᠭᠡ ᠵᠢᠨ ᠲᠥᠮᠥᠰᠥᠨ᠎ᠤ ᠪᠥᠬᠦ ᠬᠡᠯᠬᠢᠶ᠎ᠡ ᠵᠢᠨ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠳᠡᠭᠡᠳᠦ ᠲᠠᠰ ᠳᠠᠪᠬᠤᠷᠭ᠎ᠠ ᠵᠢᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠵᠢ ᠳᠡᠮᠵᠢᠨ᠂ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ᠎ᠳᠤ ᠲᠥᠷᠥ ᠵᠢᠨ ᠪᠣᠳᠣᠯᠭ᠎ᠠ᠎ᠪᠠᠷ ᠲᠡᠳᠬᠦᠬᠦ᠂ ᠰᠤᠳᠤᠯᠤᠨ ᠨᠡᠭᠡᠭᠡᠬᠦ ᠨᠥᠬᠦᠴᠡᠯ᠎ᠢ ᠳᠡᠭᠡᠭᠰᠢᠯᠡᠭᠦᠯᠬᠦ ᠵᠡᠷᠭᠡ ᠲᠠᠯ᠎ᠠ᠎ᠳᠤ ᠬᠡᠯᠪᠡᠶ᠋ᠢᠯᠳᠡᠲᠠᠢ ᠪᠠᠶ᠋ᠢᠯᠭ᠋ᠠᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠨᠠᠶ᠋ᠢᠳᠠᠪᠤᠷᠢᠵᠢᠭᠤᠯᠤᠨ᠎ᠠ)
ᠵᠢᠷᠭᠤᠭ᠎ᠠ᠂ ᠪᠦᠭᠦ ᠠᠵᠤ ᠦᠢ᠍ᠯᠡᠰ᠎ᠤᠨ ᠮᠥᠩᠭᠦᠨ ᠭᠦᠢ᠍ᠯᠭᠡᠭᠡᠨ᠎ᠤ ᠳᠡᠮᠵᠢᠯᠭᠡ ᠵᠢ ᠴᠢᠩᠭ᠋ᠠᠷᠠᠭᠤᠯᠤᠨ᠎ᠠ
ᠲᠤᠰᠬᠠᠢ ᠵᠦᠢ᠍ᠯ᠎ᠤᠨ ᠮᠥᠩᠭᠦᠨ ᠭᠦᠢ᠍ᠯᠭᠡᠭᠡᠨ᠎ᠤ ᠨᠡᠷᠡᠳᠬᠦᠨ ᠭᠠᠷᠭ᠋ᠠᠬᠤ ᠵᠢ ᠲᠡᠮᠵᠢᠵᠦ᠂ ᠪᠠᠩᠬᠢ ᠵᠢᠨ ᠦᠢ᠍ᠯᠡᠰ᠎ᠤᠨ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ᠎ᠨᠢ ᠲᠥᠮᠥᠰᠥ ᠵᠢᠴᠢ ᠦᠷ᠎ᠡ ᠵᠢᠨ ᠲᠥᠮᠥᠰᠥ ᠵᠢ ᠦᠢ᠍ᠯᠡᠳᠪᠦᠷᠢᠯᠡᠨ ᠪᠣᠷᠣᠯᠠᠭᠤᠯᠬᠤ ᠦᠶᠡᠯᠡᠯ᠎ᠤᠨ ᠣᠨᠴᠠᠯᠢᠭ᠎ᠢ ᠦᠨᠳᠦᠰᠦᠯᠡᠨ᠂ ᠨᠢᠭᠡ ᠤᠳᠠᠭ᠎ᠠ᠎ᠳᠤ ᠢᠲᠡᠭᠡᠮᠵᠢ ᠣᠯᠭᠤᠬᠤ᠂ ᠠᠪᠤᠨ ᠵᠢᠭᠡᠯᠡᠵᠦ ᠪᠤᠴᠠᠭ᠋ᠠᠬᠤ᠂ ᠡᠷᠭᠢᠯᠳᠦᠭᠦᠯᠦᠨ ᠬᠡᠷᠡᠭᠯᠡᠵᠦ ᠪᠣᠯᠬᠤ ᠢᠲᠡᠭᠡᠮᠵᠢᠲᠦ ᠵᠢᠭᠡᠯᠡᠯᠭᠡ ᠵᠢᠨ ᠨᠡᠷᠡᠳᠬᠦᠨ᠎ᠢ ᠳᠡᠯᠭᠡᠷᠡᠭᠦᠯᠵᠦ᠂ ᠦᠷ᠎ᠡ ᠵᠢᠨ ᠲᠥᠮᠥᠰᠥᠨ᠎ᠤ ᠠᠵᠤ ᠠᠬᠤᠶ᠋ᠢᠯᠠᠯ᠂ ᠲᠠᠷᠢᠮᠠᠯ᠎ᠤᠨ ᠲᠣᠮᠣ ᠡᠷᠦᠬᠡ᠂ ᠨᠠᠷᠢᠯᠢᠭ ᠭᠦᠨ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶ᠋ᠢᠯᠠᠯ᠎ᠳᠤ ᠢᠲᠡᠭᠡᠮᠵᠢᠲᠦ ᠵᠢᠭᠡᠯᠡᠯᠭᠡ ᠵᠢᠨ ᠳᠡᠮᠵᠢᠯᠭᠡ ᠦᠵᠡᠭᠦᠯᠬᠦ ᠡᠷᠴᠢᠮ ᠵᠶ᠋ᠠᠨ ᠴᠢᠩᠭ᠋ᠠᠷᠠᠭᠤᠯᠬᠤ ᠬᠡᠷᠡᠭᠲᠡᠢ᠃ ᠡᠯ᠎ᠡ ᠭᠠᠵᠠᠷ ᠣᠷᠣᠨ᠎ᠤ᠎ᠬᠢᠨ ᠲᠤᠰᠬᠠᠢ ᠵᠦᠢ᠍ᠯ᠎ᠤᠨ ᠵᠢᠭᠡᠯᠡᠯᠭᠡ ᠵᠢᠨ ᠲᠡᠮᠳᠡᠭᠲᠦ ᠵᠢ ᠭᠤᠶᠤᠴᠢᠯᠠᠨ ᠬᠡᠷᠡᠭᠯᠡᠵᠦ ᠪᠠᠶ᠋ᠢᠭ᠋ᠠᠳ ᠠᠵᠤ ᠦᠢ᠍ᠯᠡᠰ᠎ᠤᠨ ᠬᠡᠯᠬᠢᠶᠡᠨ᠎ᠤ ᠬᠥᠭᠵᠢᠯᠲᠡ᠎ᠪᠠᠨ ᠠᠬᠢᠭᠤᠯᠬᠤ ᠵᠢ ᠳᠡᠮᠵᠢᠨ᠎ᠡ᠃ ᠪᠡᠯᠡ ᠲᠣᠬᠢᠷᠠᠭᠤᠯᠬᠤ ᠳᠠᠭ᠋ᠠᠭ᠋ᠠᠯᠲᠠ ᠵᠢᠨ ᠪᠠᠶ᠋ᠢᠭᠤᠯᠤᠮᠵᠢ ᠵᠢᠨ ᠢᠲᠡᠭᠡᠮᠵᠢ ᠵᠢ ᠨᠡᠮᠡᠭᠳᠡᠭᠦᠯᠬᠦ ᠵᠢᠨ ᠳᠡᠮᠵᠢᠬᠦ ᠡᠷᠴᠢᠮ᠎ᠢ ᠴᠢᠩᠭ᠋ᠠᠷᠠᠭᠤᠯᠵᠤ᠂ ᠲᠠᠷᠢᠶᠠᠯᠠᠩ ᠮᠠᠯ ᠠᠵᠤ ᠠᠬᠤᠢ ᠵᠢᠨ ᠪᠡᠯᠡ ᠲᠣᠬᠢᠷᠠᠭᠤᠯᠬᠤ ᠳᠠᠭ᠋ᠠᠭ᠋ᠠᠯᠲᠠ ᠵᠢᠨ ᠺᠣᠮᠫᠠᠨᠢ ᠵᠡᠷᠭᠡ ᠵᠠᠰᠠᠭ᠎ᠤᠨ ᠣᠷᠳᠣᠨ᠎ᠤ ᠴᠢᠨᠠᠷᠲᠠᠢ ᠪᠡᠯᠡ ᠲᠣᠬᠢᠷᠠᠭᠤᠯᠬᠤ ᠳᠠᠭ᠋ᠠᠭ᠋ᠠᠯᠲᠠ ᠵᠢᠨ ᠪᠠᠶ᠋ᠢᠭᠤᠯᠤᠮᠵᠢ ᠵᠢᠨ ᠦᠢ᠍ᠯᠡᠳᠦᠯ᠎ᠢ ᠤᠯᠠᠮ ᠨᠢᠭᠡ ᠠᠯᠬᠤᠮ ᠪᠠᠳᠠᠷᠠᠭᠤᠯᠤᠨ᠂ ᠪᠡᠯᠡ ᠲᠣᠬᠢᠷᠠᠭᠤᠯᠬᠤ ᠳᠠᠭ᠋ᠠᠭ᠋ᠠᠯᠲᠠ ᠵᠢᠨ ᠪᠠᠶ᠋ᠢᠭᠤᠯᠤᠮᠵᠢ᠎ᠠᠴᠠ ᠨᠥᠬᠦᠴᠡᠯ᠎ᠳᠤ ᠨᠡᠶ᠋ᠢᠴᠡᠭᠰᠡᠨ ᠲᠥᠮᠥᠰᠥ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶ᠋ᠢᠯᠠᠯ᠎ᠤᠨ ᠰᠢᠨ᠎ᠡ᠎ᠪᠠᠷ ᠪᠠᠶ᠋ᠢᠭᠤᠯᠬᠤ ᠪᠠ ᠦᠢ᠍ᠯᠡᠳᠪᠦᠷᠢᠯᠡᠯ ᠵᠶ᠋ᠠᠨ ᠥᠷᠭᠡᠳᠬᠡᠬᠦ᠂ ᠣᠷᠣᠭᠤᠯᠤᠨ ᠠᠪᠴᠢᠷᠠᠭᠰᠠᠨ ᠲᠥᠮᠥᠰᠥᠨ᠎ᠤ ᠲᠡᠷᠢᠭᠦᠨ᠎ᠤ ᠮᠠᠰᠢᠨ ᠮᠧᠬᠠᠨᠢᠭ᠎ᠢ ᠰᠤᠳᠤᠯᠤᠨ ᠨᠡᠭᠡᠭᠡᠬᠦ ᠪᠠ ᠦᠢ᠍ᠯᠡᠳᠪᠦᠷᠢᠯᠡᠬᠦ ᠠᠵᠤ ᠠᠬᠤᠶ᠋ᠢᠯᠠᠯ ᠵᠢᠴᠢ ᠲᠠᠷᠢᠮᠠᠯ᠎ᠤᠨ ᠲᠣᠮᠣ ᠡᠷᠦᠬᠡ᠂ ᠭᠡᠷ ᠪᠦᠯᠢ ᠵᠢᠨ ᠲᠠᠷᠢᠶᠠᠯᠠᠩ᠎ᠤᠨ ᠲᠠᠯᠠᠪᠠᠢ᠂ ᠬᠤᠷᠰᠢᠶ᠎ᠡ ᠵᠡᠷᠭᠡ ᠲᠠᠷᠢᠶᠠᠯᠠᠩ ᠮᠠᠯ ᠠᠵᠤ ᠠᠬᠤᠢ ᠵᠢᠨ ᠰᠢᠨ᠎ᠡ ᠬᠡᠯᠪᠡᠷᠢ ᠵᠢᠨ ᠡᠵᠡᠩᠨᠡᠯᠲᠡ ᠵᠢᠨ ᠭᠤᠣᠯ ᠴᠣᠭᠴᠠ᠎ᠳᠤ ᠵᠢᠭᠡᠯᠡᠯᠭᠡ ᠵᠢᠨ ᠳᠠᠭ᠋ᠠᠭ᠋ᠠᠯᠲᠠ ᠬᠠᠩᠭ᠋ᠠᠬᠤ ᠵᠢ ᠲᠡᠮᠵᠢᠵᠦ᠂ ᠳᠠᠭ᠋ᠠᠭ᠋ᠠᠯᠲᠠ ᠬᠢᠬᠦ ᠵᠠᠷᠤᠳᠠᠯ᠎ᠤᠨ ᠨᠣᠷᠮ᠎ᠠ ᠵᠢ ᠪᠠᠭᠤᠷᠠᠭᠤᠯᠤᠨ᠎ᠠ᠃ ᠡᠭᠦᠨ᠎ᠤ ᠬᠠᠮᠲᠤ᠂ ᠡᠯ᠎ᠡ ᠭᠠᠵᠠᠷ ᠣᠷᠣᠨ᠎ᠤ᠎ᠬᠢᠨ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ᠎ᠪᠠᠷ ᠳᠠᠮᠵᠢᠭᠤᠯᠤᠨ᠂ ᠲᠥᠮᠥᠰᠥ ᠡᠳ᠋ᠰᠢᠭᠦᠯᠦᠨ ᠪᠤᠯᠪᠠᠰᠤᠷᠠᠭᠤᠯᠬᠤ ᠵᠡᠷᠭᠡ ᠠᠵᠤ ᠠᠬᠤᠶ᠋ᠢᠯᠠᠯ᠎ᠢ ᠣᠷᠣᠭᠤᠯᠤᠨ ᠠᠪᠴᠢᠷᠠᠬᠤ ᠵᠢᠨ ᠬᠠᠮᠲᠤ ᠲᠡᠭᠦᠨ᠎ᠳᠤ ᠵᠢᠭᠡᠯᠡᠯᠭᠡ ᠵᠢᠨ ᠳᠠᠭ᠋ᠠᠭ᠋ᠠᠯᠲᠠ ᠬᠠᠩᠭ᠋ᠠᠬᠤ ᠵᠢ ᠵᠣᠷᠢᠭᠵᠢᠭᠤᠯᠤᠨ᠎ᠠ᠃ ᠬᠤᠭᠤᠴᠠᠭ᠋ᠠᠲᠤ ᠪᠠᠷᠠᠭ᠎ᠠ ᠵᠢ ᠵᠠᠬ᠎ᠠ᠎ᠳᠤ ᠭᠠᠷᠭ᠋ᠠᠨ ᠠᠷᠠᠯᠵᠢᠶᠠᠯᠠᠬᠤ ᠵᠢ ᠠᠬᠢᠭᠤᠯᠵᠤ᠂ ᠲᠥᠮᠥᠰᠥᠨ᠎ᠤ ᠪᠡᠯᠡᠨ ᠪᠠᠷᠠᠭ᠋ᠠᠨ᠎ᠤ ᠰᠠᠭᠤᠷᠢ ᠨᠥᠬᠦᠴᠡᠯ᠎ᠢ ᠰᠠᠶ᠋ᠢᠵᠢᠷᠠᠭᠤᠯᠤᠨ᠂ ᠶᠠᠰᠤ ᠴᠢᠨᠠᠷ᠎ᠢ ᠰᠢᠯᠭ᠋ᠠᠨ ᠪᠠᠶ᠋ᠢᠴᠠᠭ᠋ᠠᠬᠤ ᠪᠠᠶ᠋ᠢᠭᠤᠯᠤᠮᠵᠢ ᠵᠢ ᠪᠣᠶ᠋ᠢᠵᠢᠭᠤᠯᠵᠤ᠂ ᠪᠡᠯᠡᠨ ᠪᠠᠷᠠᠭ᠋ᠠᠨ᠎ᠤ ᠲᠤᠭ᠎ᠠ ᠪᠠᠷᠢᠮᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠦᠨ᠂ ᠲᠥᠮᠥᠰᠥᠨ᠎ᠤ ᠬᠤᠭᠤᠴᠠᠭ᠋ᠠᠲᠤ ᠪᠠᠷᠠᠭ᠎ᠠ ᠵᠢ ᠵᠠᠬ᠎ᠠ᠎ᠳᠤ ᠭᠠᠷᠭ᠋ᠠᠨ ᠠᠷᠠᠯᠵᠢᠶᠠᠯᠠᠬᠤ ᠵᠢ ᠢᠳᠡᠪᠬᠢᠲᠡᠢ ᠠᠬᠢᠭᠤᠯᠬᠤ ᠬᠡᠷᠡᠭᠲᠡᠢ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠡᠳ᠋᠎ᠤᠨ ᠵᠠᠰᠠᠭ᠎ᠤᠨ ᠲᠢᠩᠬᠢᠮ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠂ ᠤᠯᠤᠰ᠎ᠤᠨ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶᠠᠨ᠎ᠤ ᠥᠪᠥᠷ ᠮᠣᠩᠭᠤᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠥᠷ ᠮᠣᠩᠭᠤᠯ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠳᠤᠮᠳᠠᠳᠤ ᠤᠯᠤᠰ᠎ᠤᠨ ᠠᠷᠠᠳ᠎ᠤᠨ ᠪᠠᠩᠬᠢ ᠵᠢᠨ ᠥᠪᠥᠷ ᠮᠣᠩᠭᠤᠯ᠎ᠤᠨ ᠬᠤᠪᠢᠶᠠᠷᠢ ᠪᠠᠩᠬᠢ᠂ ᠥᠪᠥᠷ ᠮᠣᠩᠭᠤᠯ᠎ᠤᠨ ᠲᠠᠷᠢᠶᠠᠯᠠᠩ ᠮᠠᠯ ᠠᠵᠤ ᠠᠬᠤᠢ ᠵᠢᠨ ᠪᠡᠯᠡ ᠲᠣᠬᠢᠷᠠᠭᠤᠯᠭ᠎ᠠ ᠵᠢᠨ ᠳᠠᠭ᠋ᠠᠭ᠋ᠠᠯᠲᠠ ᠵᠢᠨ ᠬᠢᠵᠠᠭ᠋ᠠᠷᠲᠤ ᠺᠣᠮᠫᠠᠨᠢ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠨᠠᠶ᠋ᠢᠳᠠᠪᠤᠷᠢᠵᠢᠭᠤᠯᠤᠨ᠎ᠠ)
ᠳᠡᠭᠡᠷ᠎ᠡ ᠳᠤᠷᠠᠳᠤᠭᠰᠠᠨ ᠲᠦᠷᠦ ᠵᠢᠨ ᠪᠣᠳᠣᠯᠭ᠎ᠠ ᠵᠢᠨ ᠬᠡᠷᠡᠭᠵᠢᠭᠦᠯᠬᠦ ᠴᠠᠭ ᠬᠤᠭᠤᠴᠠᠭ᠎ᠠ ᠵᠢ 2023 ᠣᠨ᠎ᠠᠴᠠ 2025 ᠣᠨ ᠬᠡᠮᠡᠨ ᠲᠦᠷ ᠲᠣᠭᠲᠠᠭ᠋ᠠᠵᠤ᠂ ᠬᠡᠷᠡᠭᠵᠢᠭᠦᠯᠦᠯᠲᠡ ᠵᠢᠨ ᠪᠠᠶ᠋ᠢᠳᠠᠯ᠎ᠢ ᠦᠨᠳᠦᠰᠦᠯᠡᠵᠦ ᠲᠣᠬᠢᠷᠠᠭᠤᠯᠤᠯᠲᠠ ᠬᠢᠨ᠎ᠡ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠳᠡᠮᠵᠢᠯᠭᠡ ᠵᠢ ᠰᠢᠨ᠎ᠡ᠎ᠪᠠᠷ ᠨᠡᠮᠡᠭᠳᠡᠭᠦᠯᠬᠦ ᠪᠤᠶᠤ ᠲᠡᠭᠦᠨ᠎ᠳᠤ ᠲᠣᠬᠢᠷᠠᠭᠤᠯᠤᠯᠲᠠ ᠬᠢᠬᠦ᠎ᠲᠠᠢ ᠬᠤᠯᠪᠣᠭᠳᠠᠪᠠᠯ᠂ ᠡᠯ᠎ᠡ ᠬᠠᠷᠢᠭᠤᠴᠠᠯᠭ᠋ᠠᠲᠤ ᠰᠠᠯᠠᠭ᠎ᠠ ᠮᠥᠴᠢᠷ ᠨᠢᠭᠡᠴᠢ᠎ᠨᠢ ᠪᠡᠯᠡ ᠮᠥᠩᠭᠦᠨ᠎ᠤ ᠬᠠᠮᠢᠶᠠᠷᠤᠯᠲᠠ ᠪᠠ ᠠᠵᠢᠯ᠎ᠤᠨ ᠦᠷ᠎ᠡ ᠪᠦᠳᠦᠮᠵᠢ ᠵᠢ ᠰᠢᠯᠭ᠋ᠠᠨ ᠬᠢᠨᠠᠬᠤ ᠠᠷᠭ᠎ᠠ᠎ᠳᠤ᠎ᠪᠠᠨ ᠵᠣᠬᠢᠬᠤ ᠲᠣᠬᠢᠷᠠᠭᠤᠯᠤᠯᠲᠠ ᠬᠢᠵᠦ᠂ ᠡᠯ᠎ᠡ ᠵᠦᠢ᠍ᠯ᠎ᠤᠨ ᠲᠦᠷᠦ ᠵᠢᠨ ᠪᠣᠳᠣᠯᠭ᠎ᠠ ᠵᠢ ᠪᠣᠳᠠᠲᠠᠶ᠋ᠢᠵᠢᠨ ᠬᠡᠷᠡᠭᠵᠢᠭᠦᠯᠦᠭᠳᠡᠬᠦ ᠵᠢ ᠦᠨᠡᠨ ᠬᠦ᠌ ᠪᠠᠲᠤᠯᠠᠬᠤ ᠬᠡᠷᠡᠭᠲᠡᠢ᠃ ᠡᠯ᠎ᠡ ᠲᠦᠷᠦᠭᠦᠯᠡᠨ ᠬᠢᠬᠦ ᠰᠠᠯᠠᠭ᠎ᠠ ᠮᠥᠴᠢᠷ᠎ᠨᠢ ᠳᠡᠮᠵᠢᠯᠭᠡ ᠵᠢᠨ ᠲᠦᠷᠦ ᠵᠢᠨ ᠪᠣᠳᠣᠯᠭ᠎ᠠ ᠵᠢ ᠬᠡᠷᠡᠭᠵᠢᠭᠦᠯᠦᠭᠰᠡᠨ ᠪᠠᠶ᠋ᠢᠳᠠᠯ ᠪᠠ ᠦᠷ᠎ᠡ ᠪᠦᠳᠦᠮᠵᠢ ᠵᠢ ᠴᠠᠭ ᠲᠤᠬᠠᠢᠳᠤᠨᠢ ᠳ᠋ᠦᠩᠨᠡᠵᠦ᠂ ᠪᠠᠶ᠋ᠢᠳᠠᠯ ᠵᠶ᠋ᠠᠨ ᠦᠨᠳᠦᠰᠦᠯᠡᠨ ᠲᠦᠷᠦ ᠵᠢᠨ ᠪᠣᠳᠣᠯᠭ᠎ᠠ᠎ᠳᠤ ᠬᠥᠳᠡᠯᠦᠩᠭᠦᠢ ᠲᠣᠬᠢᠷᠠᠭᠤᠯᠤᠯᠲᠠ ᠬᠢᠵᠦ ᠰᠢᠯᠢᠳᠡᠭᠵᠢᠭᠦᠯᠬᠦ ᠲᠣᠭᠲᠠᠴᠠ ᠵᠢ ᠪᠠᠶ᠋ᠢᠭᠤᠯᠤᠨ᠂ ᠳᠡᠮᠵᠢᠯᠭᠡ ᠵᠢᠨ ᠠᠷᠭ᠎ᠠ ᠬᠡᠮᠵᠢᠶ᠎ᠡ ᠵᠢᠨ ᠴᠠᠭᠲᠤᠨᠢ ᠲᠣᠬᠢᠷᠠᠭᠤᠯᠵᠤ ᠲᠣᠬᠢᠷᠠᠭᠤᠯᠤᠯᠲᠠ ᠬᠢᠬᠦ ᠬᠡᠷᠡᠭᠲᠡᠢ᠃
2023 ᠣᠨ᠎ᠤ 9 ᠳ᠋ᠦ᠍ᠭᠡᠷ ᠰᠠᠷ᠎ᠠ ᠵᠢᠨ 6᠎ᠤ ᠡᠳᠦᠷ
(ᠲᠤᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)