ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ
ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
ᠥᠪᠥᠷ ᠵᠠᠰᠠᠭ ᠠᠯᠪᠠᠨ ᠲᠠᠷᠬᠠᠭ᠋ᠠᠭᠰᠠᠨ [2023] 16 ᠳ᠋ᠤᠭ᠋ᠠᠷ ᠲᠣᠭ᠋ᠠᠲᠤ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠡᠷᠡᠭᠵᠢᠭᠦᠯᠬᠦ ᠨᠠᠷᠢᠨ ᠳᠦᠷᠢᠮ (ᠲᠤᠷᠰᠢᠨ ᠬᠡᠷᠡᠭᠵᠢᠭᠦᠯᠬᠦ)》᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠡᠷᠡᠭᠵᠢᠭᠦᠯᠬᠦ ᠨᠠᠷᠢᠨ ᠳᠦᠷᠢᠮ (ᠲᠤᠷᠰᠢᠨ ᠬᠡᠷᠡᠭᠵᠢᠭᠦᠯᠬᠦ)》᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠡᠳᠦᠭᠡ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠢ ᠵᠢᠷᠤᠮᠯᠠᠨ ᠬᠡᠷᠡᠭᠵᠢᠭᠦᠯᠲᠦᠭᠡᠢ᠃
2023 ᠣᠨ᠎ᠤ 2 ᠳ᠋ᠤᠭ᠋ᠠᠷ ᠰᠠᠷ᠎ᠠ ᠵᠢᠨ 6᠎ᠤ ᠡᠳᠦᠷ
(ᠲᠣᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠡᠷᠡᠭᠵᠢᠭᠦᠯᠬᠦ ᠨᠠᠷᠢᠨ ᠳᠦᠷᠢᠮ (ᠲᠤᠷᠰᠢᠨ ᠬᠡᠷᠡᠭᠵᠢᠭᠦᠯᠬᠦ)
ᠨᠢᠭᠡᠳᠦᠭᠡᠷ ᠪᠦᠯᠦᠭ ᠶᠡᠷᠦᠩᠬᠡᠢ ᠳᠦᠷᠢᠮ
ᠨᠢᠭᠡᠳᠦᠭᠡᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ (ᠳᠣᠷᠣᠭᠰᠢ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ ᠭᠡᠵᠦ ᠲᠣᠪᠴᠢᠯᠠᠨ᠎ᠠ)᠎ᠤᠨ ᠠᠵᠢᠯᠯᠠᠭ᠎ᠠ ᠵᠢ ᠵᠢᠷᠤᠮᠵᠢᠭᠤᠯᠤᠨ᠂ ᠪᠡᠯᠡ ᠣᠷᠣᠭᠤᠯᠤᠭᠴᠢᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠵᠤ᠂ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠲᠦᠭᠰᠢᠭᠦᠷᠢ ᠵᠢ ᠰᠡᠷᠭᠡᠶ᠋ᠢᠯᠡᠨ᠂ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠡᠷᠡᠭᠦᠯ ᠵᠶ᠋ᠠᠷ ᠬᠥᠭᠵᠢᠬᠦ ᠵᠢ ᠠᠬᠢᠭᠤᠯᠬᠤ ᠵᠢᠨ ᠲᠤᠰᠠᠳᠠ᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠡᠮᠳᠡᠭᠲᠦ ᠵᠢᠨ ᠬᠠᠤᠯᠢ》 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠺᠣᠮᠫᠠᠨᠢ ᠵᠢᠨ ᠬᠠᠤᠯᠢ》 《ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠤᠷᠰᠢᠨ ᠬᠡᠷᠡᠭᠵᠢᠭᠦᠯᠬᠦ ᠠᠷᠭ᠎ᠠ》 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠳᠦᠷᠢᠮ》 ᠵᠢᠴᠢ ᠳᠤᠮᠳᠠᠳᠤ ᠤᠯᠤᠰ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠡᠪᠯᠡᠯ᠎ᠤᠨ ᠠᠯᠪᠠᠨ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠶᠠᠮᠤᠨ᠎ᠤ ᠠᠯᠪᠠᠨ ᠲᠢᠩᠬᠢᠮ᠎ᠤᠨ 《ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ 〈ᠲᠤᠰᠬᠠᠶ᠋ᠢᠵᠢᠭᠰᠠᠨ ᠨᠠᠷᠢᠯᠢᠭ ᠥᠪᠡᠷᠮᠢᠴᠡ ᠰᠢᠨ᠎ᠡ〉 ᠲᠤᠰᠬᠠᠢ ᠰᠠᠮᠪᠠᠷ᠎ᠠ ᠵᠢ ᠴᠢᠨᠠᠷ ᠰᠠᠶ᠋ᠢᠲᠠᠢ ᠪᠦᠲᠦᠭᠡᠨ ᠪᠠᠶ᠋ᠢᠭᠤᠯᠬᠤ ᠲᠤᠬᠠᠢ ᠵᠢᠯᠤᠭᠤᠳᠬᠤ ᠰᠠᠨᠠᠯ》 (ᠲᠡᠮᠳᠡᠭᠲᠦ ᠬᠢᠨᠠᠯᠲᠠ ᠠᠯᠪᠠᠨ ᠵᠠᠬᠢᠳᠠᠯ [2022] 840 ᠳ᠋ᠦ᠍ᠭᠡᠷ ᠲᠣᠭ᠋ᠠᠲᠤ) ᠵᠡᠷᠭᠡ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠲᠣᠭᠲᠠᠭ᠋ᠠᠯ ᠳᠦᠷᠢᠮ ᠪᠠ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠲᠣᠭᠲᠠᠭ᠋ᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠤᠨ᠂ ᠲᠣᠰ ᠨᠠᠷᠢᠨ ᠳᠦᠷᠢᠮ᠎ᠢ ᠲᠣᠭᠲᠠᠭ᠋ᠠᠪᠠ᠃
ᠬᠤᠶᠠᠳᠤᠭ᠋ᠠᠷ ᠵᠦᠢ᠍ᠯ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ ᠪᠣᠯ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠠᠵᠤ ᠠᠬᠤᠶ᠋ᠢᠯᠠᠯ᠎ᠤᠨ ᠲᠡᠮᠳᠡᠭᠲᠦ ᠵᠢ ᠢᠯᠡ ᠪᠤᠰᠤ᠎ᠪᠠᠷ ᠲᠠᠷᠬᠠᠭ᠋ᠠᠬᠤ᠂ ᠰᠢᠯᠵᠢᠭᠦᠯᠦᠨ ᠥᠭᠬᠦ᠂ ᠰᠲ᠋ᠣᠺ᠎ᠤᠨ ᠡᠷᠬᠡ ᠵᠢ ᠳᠡᠩᠰᠡᠯᠡᠵᠦ ᠨᠠᠶ᠋ᠢᠳᠠᠨ ᠬᠠᠮᠢᠶᠠᠷᠤᠭᠤᠯᠬᠤ ᠵᠢᠴᠢ ᠬᠤᠯᠪᠣᠭᠳᠠᠯ ᠪᠦᠬᠦᠢ ᠠᠵᠢᠯᠯᠠᠭ᠎ᠠ᠎ᠳᠤ ᠪᠡᠯᠡᠳᠬᠡᠮᠵᠢ ᠬᠢᠭᠡᠳ ᠦᠢ᠍ᠯᠡᠴᠢᠯᠡᠭᠡᠨ᠎ᠤ ᠲᠠᠯᠠᠪᠤᠷ ᠭᠠᠵᠠᠷ ᠬᠠᠩᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠴᠢᠬᠤᠯᠠ ᠪᠦᠬᠦᠢ ᠮᠥᠩᠭᠦᠨ ᠭᠦᠢ᠍ᠯᠭᠡᠭᠡᠨ᠎ᠤ ᠰᠠᠭᠤᠷᠢ ᠪᠡᠯᠡᠳᠬᠡᠮᠵᠢ ᠪᠣᠯᠣᠨ᠎ᠠ᠃
ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ᠎ᠤ ᠪᠤᠰᠤᠳ ᠲᠥᠷᠥᠯ᠎ᠤᠨ ᠠᠷᠠᠯᠵᠢᠶᠠᠨ᠎ᠤ ᠲᠠᠯᠠᠪᠤᠷ ᠭᠠᠵᠠᠷ᠂ ᠪᠠᠶ᠋ᠢᠭᠤᠯᠤᠮᠵᠢ᠎ᠨᠢ ᠲᠡᠮᠳᠡᠭᠲᠦ ᠲᠠᠷᠬᠠᠭ᠋ᠠᠬᠤ ᠪᠠ ᠰᠢᠯᠵᠢᠭᠦᠯᠦᠨ ᠥᠭᠬᠦ ᠠᠵᠢᠯᠯᠠᠭ᠎ᠠ ᠵᠢ ᠵᠣᠬᠢᠶᠠᠨ ᠪᠠᠶ᠋ᠢᠭᠤᠯᠵᠤ ᠪᠣᠯᠬᠤ ᠦᠭᠡᠢ᠃
ᠭᠤᠷᠪᠠᠳᠤᠭ᠋ᠠᠷ ᠵᠦᠢ᠍ᠯ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠤ ᠰᠲ᠋ᠣᠺ᠂ ᠰᠲ᠋ᠣᠺ ᠪᠣᠯᠭ᠋ᠠᠨ ᠰᠣᠯᠢᠵᠤ ᠪᠣᠯᠬᠤ ᠺᠣᠮᠫᠠᠨᠢ ᠵᠢᠨ ᠵᠢᠭᠡᠯᠡᠯᠭᠡ ᠵᠢᠨ ᠲᠡᠮᠳᠡᠭᠲᠦ ᠪᠣᠯᠣᠨ ᠲᠦᠷᠦ ᠵᠢᠨ ᠶᠠᠪᠤᠳᠠᠯ᠎ᠤᠨ ᠬᠤᠷᠢᠶᠠᠨ᠎ᠤ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ ᠵᠥᠪᠰᠢᠶᠡᠷᠡᠭᠰᠡᠨ ᠪᠤᠰᠤᠳ ᠲᠡᠮᠳᠡᠭᠲᠦ ᠵᠢ ᠢᠯᠡ ᠪᠤᠰᠤ᠎ᠪᠠᠷ ᠲᠠᠷᠬᠠᠭ᠋ᠠᠬᠤ ᠪᠠ ᠰᠢᠯᠵᠢᠭᠦᠯᠦᠨ ᠥᠭᠬᠦ ᠵᠢᠴᠢ ᠫᠠᠶ᠋ᠢᠰᠠ ᠡᠯᠭᠦᠵᠦ ᠳᠡᠯᠭᠡᠨ ᠦᠵᠡᠭᠦᠯᠬᠦ᠂ ᠠᠵᠤ ᠠᠬᠤᠶ᠋ᠢᠯᠠᠯ᠎ᠢ ᠪᠣᠶ᠋ᠢᠵᠢᠭᠤᠯᠬᠤ᠂ ᠰᠲ᠋ᠣᠺ᠎ᠤᠨ ᠡᠷᠬᠡ ᠵᠢ ᠳᠠᠩᠰᠠᠯᠠᠵᠤ ᠨᠠᠶ᠋ᠢᠳᠠᠨ ᠬᠠᠮᠢᠶᠠᠷᠤᠭᠤᠯᠬᠤ᠂ ᠠᠷᠠᠯᠵᠢᠶᠠᠨ᠎ᠤ ᠳ᠋ᠦᠩᠨᠡᠨ ᠪᠣᠳᠣᠯᠲᠠ ᠵᠡᠷᠭᠡ ᠬᠠᠮᠢᠶ᠎ᠠ ᠪᠦᠬᠦᠢ ᠠᠵᠢᠯᠯᠠᠭ᠎ᠠ ᠵᠢ ᠥᠷᠨᠢᠭᠦᠯᠬᠦ᠎ᠳᠤ ᠲᠤᠰ ᠨᠠᠷᠢᠨ ᠳᠦᠷᠢᠮ᠎ᠢ ᠲᠣᠬᠢᠷᠠᠭᠤᠯᠤᠨ ᠬᠡᠷᠡᠭᠯᠡᠨ᠎ᠡ᠃
ᠳᠥᠷᠪᠡᠳᠦᠭᠡᠷ ᠵᠦᠢ᠍ᠯ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠤ ᠲᠡᠮᠳᠡᠭᠲᠦ ᠵᠢ ᠢᠯᠡ ᠪᠤᠰᠤ᠎ᠪᠠᠷ ᠲᠠᠷᠬᠠᠭ᠋ᠠᠬᠤ᠂ ᠰᠢᠯᠵᠢᠭᠦᠯᠦᠨ ᠥᠭᠬᠦ ᠵᠢᠴᠢ ᠫᠠᠶ᠋ᠢᠰᠠ ᠡᠯᠭᠦᠵᠦ ᠳᠡᠯᠭᠡᠨ ᠦᠵᠡᠭᠦᠯᠬᠦ᠂ ᠰᠲ᠋ᠣᠺ᠎ᠤᠨ ᠡᠷᠬᠡ ᠵᠢ ᠳᠠᠩᠰᠠᠯᠠᠵᠤ ᠨᠠᠶ᠋ᠢᠳᠠᠨ ᠬᠠᠮᠢᠶᠠᠷᠤᠭᠤᠯᠬᠤ᠂ ᠠᠷᠠᠯᠵᠢᠶᠠᠨ᠎ᠤ ᠳ᠋ᠦᠩᠨᠡᠨ ᠪᠣᠳᠣᠯᠲᠠ ᠵᠡᠷᠭᠡ ᠬᠠᠮᠢᠶ᠎ᠠ ᠪᠦᠬᠦᠢ ᠠᠵᠢᠯᠯᠠᠭ᠎ᠠ ᠬᠢᠬᠦ᠎ᠳᠤ᠎ᠪᠠᠨ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠲᠣᠭᠲᠠᠭ᠋ᠠᠯ ᠳᠦᠷᠢᠮ ᠪᠠ ᠬᠢᠨᠠᠯᠲᠠ ᠬᠠᠮᠢᠶᠠᠷᠤᠯᠲᠠ ᠵᠢᠨ ᠳᠦᠷᠢᠮ ᠵᠡᠷᠭᠡ ᠲᠣᠭᠲᠠᠭ᠋ᠠᠯ᠎ᠢ ᠵᠢᠷᠤᠮᠯᠠᠵᠤ᠂ ᠲᠥᠪ ᠭᠤᠣᠯᠴᠢ ᠰᠠᠶ᠋ᠢᠨ ᠳᠤᠷ᠎ᠠ ᠵᠢᠨ᠂ ᠦᠨᠡᠨᠴᠢ ᠢᠲᠡᠭᠡᠮᠵᠢᠲᠡᠢ᠂ ᠲᠦᠭᠰᠢᠭᠦᠷᠢ ᠵᠢ ᠥᠪᠡᠰᠦᠪᠡᠨ ᠡᠭᠦᠷᠭᠡᠯᠡᠬᠦ ᠵᠠᠷᠴᠢᠮ᠎ᠢ ᠵᠢᠷᠤᠮᠯᠠᠨ᠂ ᠮᠡᠬᠡᠯᠡᠨ ᠬᠢᠬᠠᠬᠤ᠂ ᠳᠠᠯᠳᠠ᠎ᠪᠠᠷ ᠠᠷᠠᠯᠵᠢᠶᠠᠯᠠᠬᠤ᠂ ᠵᠠᠬ᠎ᠠ ᠳᠡᠯᠭᠡᠭᠦᠷ᠎ᠢ ᠡᠷᠬᠡᠰᠢᠶᠡᠨ ᠡᠵᠡᠮᠳᠡᠬᠦ᠂ ᠬᠠᠤᠯᠢ ᠪᠤᠰᠤ᠎ᠪᠠᠷ ᠪᠡᠯᠡ ᠴᠤᠭᠯᠠᠭᠤᠯᠬᠤ ᠦᠢ᠍ᠯᠡ ᠠᠵᠢᠯᠯᠠᠭ᠎ᠠ ᠵᠢ ᠴᠠᠭ᠋ᠠᠵᠠᠯᠠᠬᠤ ᠬᠡᠷᠡᠭᠲᠡᠢ᠃
ᠲᠠᠪᠤᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠨᠢ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠲᠤᠬᠠᠶ᠋ᠢᠯᠠᠭᠰᠠᠨ ᠠᠵᠢᠯ᠎ᠢ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠵᠢ ᠳᠠᠭ᠋ᠠᠭ᠋ᠠᠨ ᠡᠭᠦᠷᠭᠡᠯᠡᠵᠦ᠂ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠶᠯᠡ ᠠᠵᠢᠯᠯᠠᠭ᠎ᠠ ᠵᠢ ᠬᠠᠤᠯᠢ ᠲᠣᠭᠲᠠᠭ᠋ᠠᠯ ᠶᠣᠰᠣᠭ᠋ᠠᠷ ᠪᠠᠶ᠋ᠢᠴᠠᠭ᠋ᠠᠨ ᠰᠢᠢ᠍ᠳᠪᠦᠷᠢᠯᠡᠵᠦ᠂ ᠡᠯ᠎ᠡ ᠠᠶ᠋ᠢᠮᠠᠭ ᠬᠤᠲᠠ ᠵᠢ ᠵᠢᠯᠣᠭᠤᠳᠤᠨ ᠰᠢᠮᠳᠠᠭᠤᠯᠵᠤ ᠪᠠᠶ᠋ᠢᠭ᠋ᠠᠳ ᠲᠣᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠬᠤᠪᠢᠶᠠᠷᠢ ᠰᠠᠯᠪᠤᠷᠢ ᠪᠠᠶ᠋ᠢᠭᠤᠯᠤᠮᠵᠢ ᠵᠢᠴᠢ ᠳᠡᠯᠭᠡᠨ ᠦᠵᠡᠭᠦᠯᠵᠦ ᠫᠠᠶ᠋ᠢᠰᠠ ᠡᠯᠭᠦᠭᠰᠡᠨ ᠠᠵᠤ ᠠᠬᠤᠶ᠋ᠢᠯᠠᠯ ᠵᠶ᠋ᠠᠨ ᠨᠢᠭᠡᠳᠦᠯᠲᠡᠢ ᠲᠥᠯᠥᠪᠯᠡᠨ ᠬᠠᠮᠢᠶᠠᠷᠬᠤ ᠠᠵᠢᠯ᠎ᠢ ᠰᠠᠶ᠋ᠢᠲᠤᠷ ᠬᠢᠯᠭᠡᠵᠦ᠂ ᠲᠦᠭᠰᠢᠭᠦᠷᠢ ᠵᠢ ᠰᠡᠷᠭᠡᠶ᠋ᠢᠯᠡᠨ ᠰᠢᠢ᠍ᠳᠪᠦᠷᠢᠯᠡᠬᠦ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠦᠨ᠎ᠡ᠃
ᠵᠢᠷᠭᠤᠳᠤᠭ᠋ᠠᠷ ᠵᠦᠢ᠍ᠯ ᠥᠪᠥᠷ ᠮᠣᠩᠭᠤᠯ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠨᠢ ᠬᠠᠤᠯᠢ ᠶᠣᠰᠣᠭ᠋ᠠᠷ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠠᠵᠢᠯ᠎ᠢ ᠵᠢᠯᠤᠭᠤᠳᠬᠤ᠂ ᠵᠣᠬᠢᠴᠠᠭᠤᠯᠬᠤ ᠪᠠ ᠬᠢᠨᠠᠯᠲᠠ ᠬᠢᠵᠦ᠂ ᠵᠠᠬ᠎ᠠ ᠳᠡᠯᠭᠡᠭᠦᠷ᠎ᠤᠨ ᠵᠢᠷᠤᠮᠵᠢᠭᠰᠠᠨ ᠠᠵᠢᠯᠯᠠᠭ᠋ᠠᠨ᠎ᠤ ᠪᠠᠶ᠋ᠢᠳᠠᠯ᠎ᠳᠤ ᠬᠢᠨᠠᠨ ᠪᠠᠶ᠋ᠢᠴᠠᠭ᠋ᠠᠯᠲᠠ ᠬᠢᠵᠦ᠂ ᠵᠠᠬ᠎ᠠ ᠳᠡᠯᠭᠡᠭᠦᠷ᠎ᠤᠨ ᠲᠦᠭᠰᠢᠭᠦᠷᠢ᠎ᠳᠤ ᠰᠡᠷᠡᠮᠵᠢᠯᠡᠭᠦᠯᠦᠨ ᠰᠠᠨᠠᠭᠤᠯᠭ᠎ᠠ ᠬᠢᠬᠦ ᠪᠠ ᠰᠢᠢ᠍ᠳᠪᠦᠷᠢᠯᠡᠵᠦ ᠰᠢᠮᠳᠠᠭᠤᠯᠤᠨ ᠵᠢᠯᠣᠭᠤᠳᠤᠨ᠎ᠠ᠃
ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠬᠢᠭᠡᠳ ᠥᠪᠥᠷ ᠮᠣᠩᠭᠤᠯ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠨᠢ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠠᠯ᠎ᠠ᠎ᠪᠠᠷ ᠬᠠᠮᠵᠢᠯᠴᠠᠨ ᠠᠵᠢᠯᠯᠠᠬᠤ᠂ ᠮᠡᠳᠡᠭᠡ ᠵᠠᠩᠭᠢ ᠵᠢ ᠬᠠᠮᠲᠤ᠎ᠪᠠᠷ ᠭᠥᠷᠳᠡᠬᠦ ᠲᠣᠭᠲᠠᠴᠠ ᠵᠢ ᠪᠠᠶ᠋ᠢᠭᠤᠯᠵᠤ᠂ ᠬᠢᠨᠠᠨ ᠬᠠᠮᠢᠶᠠᠷᠬᠤ᠎ᠳᠤ ᠬᠠᠮᠵᠢᠯᠴᠠᠬᠤ᠂ ᠮᠡᠳᠡᠭᠡ ᠵᠠᠩᠭᠢ ᠵᠢ ᠬᠠᠮᠲᠤ᠎ᠪᠠᠷ ᠭᠥᠷᠳᠡᠬᠦ᠂ ᠲᠦᠭᠰᠢᠭᠦᠷᠢ ᠵᠢ ᠰᠢᠢ᠍ᠳᠪᠦᠷᠢᠯᠡᠬᠦ ᠵᠡᠷᠭᠡ ᠲᠠᠯ᠎ᠠ᠎ᠪᠠᠷ ᠬᠢᠨᠠᠯᠲᠠ ᠬᠠᠮᠢᠶᠠᠷᠤᠯᠲᠠ ᠵᠢᠨ ᠬᠠᠮᠲᠤᠷᠠᠯᠴᠠᠭ᠋ᠠᠨ᠎ᠤ ᠰᠠᠨᠠᠭᠤᠯᠤᠮᠵᠢ ᠲᠣᠭᠲᠠᠬᠤ ᠬᠡᠷᠡᠭᠲᠡᠢ᠃
ᠳᠣᠯᠣᠳᠤᠭ᠋ᠠᠷ ᠵᠦᠢ᠍ᠯ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠨᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠎ᠢ ᠲᠡᠳᠬᠦᠨ ᠳᠡᠮᠵᠢᠬᠦ ᠶᠡᠷᠦᠩᠬᠡᠶ᠋ᠢᠯᠡᠭᠰᠡᠨ ᠬᠡᠷᠡᠭᠯᠡᠭᠡᠨ᠎ᠤ ᠲᠠᠪᠴᠠᠩ ᠪᠣᠯᠵᠤ᠂ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ᠎ᠳᠤ ᠳᠠᠮ ᠬᠦᠦ ᠥᠭᠬᠦ᠂ ᠳᠠᠭ᠋ᠠᠭ᠋ᠠᠯᠲᠠ ᠬᠢᠬᠦ᠂ ᠪᠡᠯᠡ ᠣᠷᠣᠭᠤᠯᠬᠤ ᠵᠡᠷᠭᠡ ᠲᠦᠷᠦ ᠵᠢᠨ ᠪᠣᠳᠣᠯᠭ᠎ᠠ ᠵᠢᠨ ᠪᠠᠭ᠋ᠠᠵᠢ ᠬᠡᠷᠡᠭᠰᠡᠯ ᠵᠶ᠋ᠠᠷ ᠪᠣᠳᠠᠲᠤ ᠴᠣᠭᠴᠠ ᠵᠢᠨ ᠠᠵᠤ ᠠᠬᠤᠢ ᠵᠢ ᠲᠡᠳᠬᠦᠨ ᠳᠡᠮᠵᠢᠬᠦ᠎ᠳᠤ ᠶᠡᠷᠦᠩᠬᠡᠶ᠋ᠢᠯᠡᠭᠰᠡᠨ ᠮᠥᠩᠭᠦᠨ ᠭᠦᠢ᠍ᠯᠭᠡᠭᠡᠨ᠎ᠤ ᠦᠢ᠍ᠯᠡᠴᠢᠯᠡᠭᠡ ᠬᠠᠩᠭ᠋ᠠᠬᠤ ᠬᠡᠷᠡᠭᠲᠡᠢ; ᠣᠷᠣᠨ ᠨᠤᠲᠤᠭ᠎ᠤᠨ ᠮᠥᠩᠭᠦᠨ ᠭᠦᠢ᠍ᠯᠭᠡᠭᠡᠨ᠎ᠤ ᠬᠦᠴᠦᠨ ᠵᠦᠢ᠍ᠯ᠎ᠢ ᠴᠤᠭᠯᠠᠭᠤᠯᠵᠤ᠂ ᠰᠲ᠋ᠣᠺ ᠡᠵᠡᠮᠰᠢᠭᠰᠡᠨ ᠬᠤᠪᠢ᠎ᠪᠠᠷ ᠵᠶ᠋ᠠᠨ ᠴᠤᠭᠯᠠᠭᠤᠯᠬᠤ ᠰᠠᠭᠤᠷᠢ ᠮᠥᠩᠭᠦᠨ᠎ᠤ ᠬᠠᠮᠢᠶᠠᠷᠤᠯᠲᠠ ᠵᠢᠨ ᠺᠣᠮᠫᠠᠨᠢ ᠪᠠᠶ᠋ᠢᠭᠤᠯᠬᠤ ᠵᠡᠷᠭᠡ ᠵᠠᠬ᠎ᠠ ᠳᠡᠯᠭᠡᠭᠦᠷᠴᠢᠯᠡᠭᠰᠡᠨ ᠠᠷᠭ᠎ᠠ ᠬᠡᠯᠪᠡᠷᠢ᠎ᠪᠠᠷ ᠳᠠᠮᠵᠢᠭᠤᠯᠤᠨ ᠨᠡᠩ ᠤᠯᠠᠨ ᠨᠡᠶ᠋ᠢᠭᠡᠮ᠎ᠤᠨ ᠪᠡᠯᠡ ᠮᠥᠩᠭᠦ ᠵᠢ ᠲᠠᠲᠠᠨ ᠣᠷᠣᠭᠤᠯᠵᠤ ᠪᠠᠶ᠋ᠢᠭ᠋ᠠᠳ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠤ ᠫᠠᠶ᠋ᠢᠰᠠ ᠡᠯᠭᠦᠬᠦ ᠠᠵᠤ ᠠᠬᠤᠶ᠋ᠢᠯᠠᠯ᠎ᠳᠤ ᠪᠡᠯᠡ ᠣᠷᠣᠭᠤᠯᠤᠭᠤᠯᠤᠨ᠂ ᠠᠵᠤ ᠠᠬᠤᠶ᠋ᠢᠯᠠᠯ᠎ᠤᠨ ᠰᠢᠭᠤᠳ ᠪᠡᠯᠡ ᠲᠣᠬᠢᠷᠠᠭᠤᠯᠬᠤ ᠠᠷᠭ᠎ᠠ ᠵᠠᠮ᠎ᠢ ᠥᠷᠭᠡᠳᠬᠡᠵᠦ᠂ ᠴᠢᠨᠠᠷ ᠰᠠᠶ᠋ᠢᠲᠠᠢ ᠠᠵᠤ ᠠᠬᠤᠶ᠋ᠢᠯᠠᠯ᠎ᠤᠨ A ᠡᠭᠡᠯᠵᠢ᠂ B ᠡᠭᠡᠯᠵᠢ᠂ C ᠡᠭᠡᠯᠵᠢ ᠵᠡᠷᠭᠡ ᠬᠤᠪᠢ᠎ᠪᠠᠷ ᠵᠶ᠋ᠠᠨ ᠴᠤᠭᠯᠠᠭᠤᠯᠤᠭᠰᠠᠨ ᠰᠲ᠋ᠣᠺ᠎ᠤᠨ ᠡᠷᠬᠡ ᠵᠢᠨ ᠪᠡᠯᠡ ᠲᠣᠬᠢᠷᠠᠭᠤᠯᠭ᠎ᠠ ᠵᠢ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠤ ᠵᠢᠷᠤᠮᠵᠢᠭᠤᠯᠤᠨ ᠶᠠᠪᠤᠭᠳᠠᠭᠤᠯᠬᠤ᠎ᠪᠠᠷ ᠬᠥᠲᠥᠯᠥᠨ ᠵᠢᠯᠤᠭᠤᠳᠴᠤ᠂ ᠵᠠᠰᠠᠭ᠎ᠤᠨ ᠣᠷᠳᠣᠨ᠎ᠠᠴᠠ ᠪᠡᠯᠡ ᠣᠷᠣᠭᠤᠯᠤᠯᠲᠠ ᠵᠢᠨ ᠰᠠᠭᠤᠷᠢ ᠮᠥᠩᠭᠦ ᠵᠢ ᠬᠥᠲᠥᠯᠥᠨ ᠵᠢᠯᠤᠭᠤᠳᠴᠤ ᠪᠠᠶ᠋ᠢᠭ᠋ᠠᠳ ᠣᠷᠣᠨ ᠪᠦᠰᠡ ᠵᠢᠨ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ ᠵᠶ᠋ᠠᠷ ᠳᠠᠮᠵᠢᠭᠤᠯᠤᠨ ᠵᠢᠷᠤᠮᠵᠢᠭᠤᠯᠤᠨ ᠪᠤᠴᠠᠭ᠋ᠠᠨ ᠭᠠᠷᠭ᠋ᠠᠬᠤ ᠵᠢ ᠵᠣᠷᠢᠭᠵᠢᠭᠤᠯᠬᠤ ᠬᠡᠷᠡᠭᠲᠡᠢ᠃
ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠯᠦᠭᠡ ᠮᠡᠳᠡᠭᠡ ᠵᠠᠩᠭᠢ ᠵᠢ ᠬᠠᠮᠲᠤ᠎ᠪᠠᠷ ᠭᠥᠷᠳᠡᠬᠦ ᠲᠣᠭᠲᠠᠴᠠ ᠪᠠᠶ᠋ᠢᠭᠤᠯᠬᠤ ᠵᠢ ᠵᠣᠷᠢᠭᠵᠢᠭᠤᠯᠤᠨ᠎ᠠ᠃ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠨᠢ ᠣᠯᠠᠨ ᠬᠡᠮᠵᠢᠯᠲᠦ ᠠᠵᠤ ᠠᠬᠤᠶ᠋ᠢᠯᠠᠯ᠎ᠤᠨ ᠮᠡᠳᠡᠭᠡ ᠵᠠᠩᠭᠢ ᠵᠢᠨ ᠳ᠋ᠠᠶ᠋ᠢᠲ᠋ᠠ ᠬᠥᠮᠥᠷᠭᠡ ᠵᠢ ᠪᠠᠶ᠋ᠢᠭᠤᠯᠵᠤ᠂ ᠮᠡᠳᠡᠭᠡ ᠵᠠᠩᠭᠢ ᠵᠢᠨ ᠠᠮᠤᠷ ᠲᠦᠪᠰᠢᠨ ᠪᠠ ᠠᠵᠤ ᠠᠬᠤᠶ᠋ᠢᠯᠠᠯ᠎ᠤᠨ ᠡᠷᠬᠡ ᠠᠰᠢᠭ᠎ᠢ ᠪᠠᠲᠤᠯᠠᠭᠰᠠᠨ ᠤᠷᠢᠲᠠᠯ ᠳᠣᠣᠷ᠎ᠠ᠂ ᠠᠵᠤ ᠠᠬᠤᠶ᠋ᠢᠯᠠᠯ᠎ᠳᠤ ᠨᠠᠷᠢᠯᠢᠭ ᠣᠨᠣᠴᠠᠲᠠᠢ ᠬᠦᠷᠦᠭ ᠵᠢᠷᠤᠵᠤ᠂ ᠢᠲᠡᠭᠡᠮᠵᠢ ᠵᠢᠨ ᠦᠨᠡᠯᠡᠯᠲᠡ ᠵᠡᠷᠭᠡ ᠵᠢ ᠬᠢᠵᠦ᠂ ᠠᠵᠤ ᠠᠬᠤᠶ᠋ᠢᠯᠠᠯ᠎ᠤᠨ ᠡᠷᠬᠡ ᠣᠯᠭᠤᠭᠰᠠᠨ ᠪᠤᠶᠤ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠬᠤᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ ᠠᠵᠤ ᠠᠬᠤᠶ᠋ᠢᠯᠠᠯ᠎ᠤᠨ ᠬᠠᠮᠢᠶ᠎ᠠ ᠪᠦᠬᠦᠢ ᠮᠡᠳᠡᠭᠡ ᠵᠠᠩᠭᠢ ᠵᠢ ᠭᠠᠳᠠᠭᠰᠢ ᠬᠠᠩᠭ᠋ᠠᠵᠤ᠂ ᠮᠡᠳᠡᠭᠡ ᠵᠠᠩᠭᠢ ᠵᠢᠴᠢ ᠬᠡᠷᠡᠭᠯᠡᠭᠰᠡᠨ ᠪᠠᠶ᠋ᠢᠳᠠᠯ᠎ᠢ ᠬᠡᠰᠡᠭ᠎ᠤᠳ᠎ᠤᠨ ᠬᠡᠯᠬᠢᠶ᠎ᠡ᠎ᠳᠤ ᠭᠡᠷᠡᠴᠢᠯᠡᠨ ᠬᠠᠳᠠᠭ᠋ᠠᠯᠠᠬᠤ ᠬᠡᠷᠡᠭᠲᠡᠢ᠃
ᠬᠤᠶᠠᠳᠤᠭ᠋ᠠᠷ ᠪᠦᠯᠦᠭ ᠠᠵᠢᠯᠯᠠᠨ ᠡᠵᠡᠩᠨᠡᠬᠦ ᠪᠠᠶ᠋ᠢᠭᠤᠯᠤᠮᠵᠢ
ᠨᠠᠢ᠍ᠮᠠᠳᠤᠭ᠋ᠠᠷ ᠵᠦᠢ᠍ᠯ ᠥᠪᠥᠷ ᠮᠣᠩᠭᠤᠯ᠎ᠤᠨ ᠰᠲ᠋ᠣᠺ᠎ᠤᠨ ᠡᠷᠬᠡ ᠵᠢᠨ ᠠᠷᠠᠯᠵᠢᠶᠠᠨ᠎ᠤ ᠲᠥᠪ᠎ᠤᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ ᠪᠣᠯ ᠥᠪᠡᠷᠲᠡᠭᠡᠨ ᠵᠠᠰᠠᠬᠤ ᠣᠷᠣᠨ᠎ᠤ ᠴᠣᠷ᠎ᠤᠨ ᠭᠠᠭᠴᠠ ᠬᠠᠤᠯᠢ ᠶᠣᠰᠣᠨ᠎ᠤ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠠᠵᠢᠯᠯᠠᠨ ᠡᠵᠡᠩᠨᠡᠬᠦ ᠪᠠᠶ᠋ᠢᠭᠤᠯᠤᠮᠵᠢ (ᠳᠣᠷᠣᠭᠰᠢ ᠠᠵᠢᠯᠯᠠᠨ ᠡᠵᠡᠩᠨᠡᠬᠦ ᠪᠠᠶ᠋ᠢᠭᠤᠯᠤᠮᠵᠢ ᠭᠡᠵᠦ ᠲᠣᠪᠴᠢᠯᠠᠨ᠎ᠠ) ᠪᠠᠶ᠋ᠢᠵᠤ᠂ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠠᠵᠢᠯᠯᠠᠭ᠎ᠠ ᠵᠢ ᠵᠣᠬᠢᠶᠠᠨ ᠪᠠᠶ᠋ᠢᠭᠤᠯᠬᠤ ᠵᠢ ᠬᠠᠷᠢᠭᠤᠴᠠᠵᠤ᠂ ᠵᠠᠬ᠎ᠠ ᠳᠡᠯᠭᠡᠭᠦᠷ᠎ᠲᠤ ᠣᠷᠣᠯᠴᠠᠭᠰᠠᠳ᠎ᠲᠤ ᠥᠪᠡᠷ᠎ᠢ᠎ᠪᠠᠨ ᠱᠠᠭ᠋ᠠᠷᠳᠠᠬᠤ ᠬᠠᠮᠢᠶᠠᠷᠤᠯᠲᠠ ᠬᠢᠨ᠎ᠡ᠃
ᠶᠢᠰᠦᠳᠦᠭᠡᠷ ᠵᠦᠢ᠍ᠯ ᠠᠵᠢᠯᠯᠠᠨ ᠡᠵᠡᠩᠨᠡᠬᠦ ᠪᠠᠶ᠋ᠢᠭᠤᠯᠤᠮᠵᠢ᠎ᠨᠢ ᠺᠣᠮᠫᠠᠨᠢ ᠵᠢᠨ ᠵᠠᠰᠠᠯᠲᠠ ᠵᠢ ᠲᠡᠭᠦᠯᠳᠡᠷᠵᠢᠭᠦᠯᠵᠦ᠂ ᠲᠤᠬᠠᠶ᠋ᠢᠯᠠᠭᠰᠠᠨ ᠠᠵᠢᠯ᠎ᠤᠨ ᠰᠠᠯᠠᠭ᠎ᠠ ᠮᠥᠴᠢᠷ᠎ᠢ ᠵᠦᠢ ᠵᠣᠬᠢᠰᠲᠠᠢ ᠲᠣᠬᠢᠷᠠᠭᠤᠯᠤᠨ᠂ ᠢᠯᠡ ᠲᠣᠳᠣᠷᠬᠠᠢ ᠺᠣᠮᠫᠠᠨᠢ ᠵᠢᠨ ᠵᠠᠰᠠᠯᠲᠠ ᠵᠢᠨ ᠪᠦᠲᠦᠴᠡ᠂ ᠰᠢᠨᠵᠢᠯᠡᠬᠦ ᠤᠬᠠᠭ᠋ᠠᠨᠴᠢ ᠰᠢᠢ᠍ᠳᠪᠦᠷᠢᠲᠦ ᠪᠣᠳᠣᠯᠭ᠎ᠠ ᠵᠢᠨ ᠲᠣᠭᠲᠠᠴᠠ᠂ ᠪᠦᠲᠦᠮᠵᠢᠲᠡᠢ ᠬᠢᠵᠠᠭ᠋ᠠᠷᠯᠠᠬᠤ ᠲᠣᠭᠲᠠᠴᠠ ᠵᠢ ᠪᠠᠶ᠋ᠢᠭᠤᠯᠵᠤ᠂ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ᠎ᠯᠤᠭ᠎ᠠ ᠵᠣᠬᠢᠴᠠᠯᠳᠤᠭᠰᠠᠨ ᠪᠦᠬᠦ ᠲᠠᠯ᠎ᠠ ᠵᠢᠨ ᠲᠦᠭᠰᠢᠭᠦᠷᠢ ᠵᠢᠨ ᠬᠠᠮᠢᠶᠠᠷᠤᠯᠲᠠ ᠵᠢᠨ ᠲᠣᠭᠲᠠᠯᠴᠠᠭ᠎ᠠ ᠵᠢ ᠪᠠᠶ᠋ᠢᠭᠤᠯᠤᠨ ᠪᠦᠷᠢᠨᠰᠢᠭᠦᠯᠬᠦ ᠬᠡᠷᠡᠭᠲᠡᠢ᠃
ᠠᠷᠪᠠᠳᠤᠭ᠋ᠠᠷ ᠵᠦᠢ᠍ᠯ ᠠᠵᠢᠯᠯᠠᠨ ᠡᠵᠡᠩᠨᠡᠬᠦ ᠪᠠᠶ᠋ᠢᠭᠤᠯᠤᠮᠵᠢ ᠵᠢᠨ ᠦᠨᠳᠦᠰᠦᠨ ᠡᠭᠦᠷᠭᠡ ᠬᠠᠷᠢᠭᠤᠴᠠᠯᠭ᠎ᠠ᠄
(ᠨᠢᠭᠡ) ᠠᠵᠤ ᠠᠬᠤᠶ᠋ᠢᠯᠠᠯ᠎ᠢ ᠵᠣᠬᠢᠶᠠᠨ ᠪᠠᠶ᠋ᠢᠭᠤᠯᠤᠨ ᠳᠡᠯᠭᠡᠨ ᠦᠵᠡᠭᠦᠯᠵᠦ᠂ ᠫᠠᠶ᠋ᠢᠰᠠ ᠡᠯᠭᠦᠭᠦᠯᠵᠦ᠂ ᠳᠤᠮᠳᠠ ᠵᠢᠵᠢᠭ ᠠᠵᠤ ᠠᠬᠤᠶ᠋ᠢᠯᠠᠯ᠎ᠤᠨ ᠲᠡᠮᠳᠡᠭᠲᠦ ᠵᠢ ᠢᠯᠡ ᠪᠤᠰᠤ᠎ᠪᠠᠷ ᠲᠠᠷᠬᠠᠭ᠋ᠠᠬᠤ᠂ ᠰᠢᠯᠵᠢᠭᠦᠯᠦᠨ ᠥᠭᠬᠦ ᠵᠢᠴᠢ ᠬᠠᠮᠢᠶ᠎ᠠ ᠪᠦᠬᠦᠢ ᠠᠵᠢᠯᠯᠠᠭ᠎ᠠ ᠵᠢ ᠥᠷᠨᠢᠭᠦᠯᠦᠨ᠂ ᠠᠵᠤ ᠠᠬᠤᠶ᠋ᠢᠯᠠᠯ᠎ᠤᠨ ᠬᠤᠪᠢᠲᠤ (ᠰᠲ᠋ᠣᠺ᠎ᠤᠨ ᠡᠷᠬᠡ) ᠵᠢᠴᠢ ᠪᠤᠰᠤᠳ ᠡᠷᠬᠡ ᠠᠰᠢᠭ᠎ᠲᠤ ᠳᠠᠩᠰᠠᠯᠠᠵᠤ ᠨᠠᠶ᠋ᠢᠳᠠᠵᠤ ᠬᠠᠮᠢᠶᠠᠷᠤᠭᠤᠯᠬᠤ᠂ ᠲᠤᠰᠠᠯᠠᠨ ᠠᠷᠠᠯᠵᠢᠶᠠᠯᠠᠬᠤ᠂ ᠳ᠋ᠦᠩᠨᠡᠨ ᠪᠤᠳᠤᠬᠤ ᠵᠡᠷᠭᠡ ᠦᠢ᠍ᠯᠡᠴᠢᠯᠡᠭᠡ ᠬᠠᠩᠭ᠋ᠠᠨ᠎ᠠ;
(ᠬᠤᠶᠠᠷ) ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠲᠡᠮᠳᠡᠭᠲᠦ ᠵᠢᠨ ᠠᠷᠠᠯᠵᠢᠶᠠᠨ᠎ᠤ ᠠᠵᠢᠯᠯᠠᠭ᠎ᠠ᠎ᠳᠤ ᠬᠢᠨᠠᠯᠲᠠ ᠲᠠᠯᠪᠢᠨ᠎ᠠ;
(ᠭᠤᠷᠪᠠ) ᠠᠵᠤ ᠠᠬᠤᠶ᠋ᠢᠯᠠᠯ᠎ᠢ ᠰᠢᠭᠰᠢᠨ᠂ ᠪᠣᠶ᠋ᠢᠵᠢᠭᠤᠯᠵᠤ᠂ ᠨᠡᠪᠴᠢᠭᠦᠯᠦᠨ ᠰᠲ᠋ᠣᠺ᠎ᠤᠨ ᠵᠠᠬ᠎ᠠ᠎ᠳᠤ ᠭᠠᠷᠭ᠋ᠠᠵᠤ᠂ ᠵᠠᠬ᠎ᠠ᠎ᠳᠤ ᠭᠠᠷᠭ᠋ᠠᠬᠤ ᠪᠡᠯᠡᠳᠬᠡᠯ ᠠᠵᠤ ᠠᠬᠤᠶ᠋ᠢᠯᠠᠯ᠎ᠳᠤ ᠦᠷᠭᠦᠯᠵᠢ ᠵᠢᠨ ᠴᠢᠨᠠᠷᠲᠠᠢ ᠦᠢ᠍ᠯᠡᠴᠢᠯᠡᠭᠡᠨ᠎ᠤ ᠵᠢᠯᠣᠭᠤᠳᠤᠯᠭ᠎ᠠ ᠵᠢᠨ ᠠᠵᠢᠯ᠎ᠢ ᠥᠷᠨᠢᠭᠦᠯᠵᠦ᠂ ᠵᠠᠬ᠎ᠠ ᠳᠡᠯᠭᠡᠭᠦᠷ᠎ᠲᠤ ᠣᠷᠣᠯᠴᠠᠭᠰᠠᠳ᠎ᠲᠤ ᠥᠪᠡᠷ᠎ᠢ᠎ᠪᠠᠨ ᠱᠠᠭ᠋ᠠᠷᠳᠠᠬᠤ ᠴᠢᠨᠠᠷᠲᠠᠢ ᠬᠠᠮᠢᠶᠠᠷᠤᠯᠲᠠ ᠶᠠᠪᠤᠭᠤᠯᠤᠨ᠎ᠠ;
(ᠳᠥᠷᠪᠡ) ᠣᠷᠣᠨ ᠨᠤᠲᠤᠭ᠎ᠤᠨ ᠮᠥᠩᠭᠦᠨ ᠭᠦᠢ᠍ᠯᠭᠡᠭᠡᠨ᠎ᠤ ᠠᠵᠤ ᠠᠬᠤᠶ᠋ᠢᠯᠠᠯ᠎ᠤᠨ ᠤᠯᠤᠰ᠎ᠤᠨ ᠦᠮᠴᠢᠯᠡᠯ᠎ᠤᠨ ᠥᠮᠴᠢᠯᠡᠬᠦ ᠡᠷᠬᠡ ᠵᠢᠨ ᠠᠷᠠᠯᠵᠢᠶ᠎ᠠ᠎ᠳᠤ ᠲᠠᠯᠠᠪᠤᠷ ᠭᠠᠵᠠᠷ᠂ ᠪᠡᠯᠡᠳᠬᠡᠮᠵᠢ ᠪᠠ ᠦᠢ᠍ᠯᠡᠴᠢᠯᠡᠭᠡ ᠬᠠᠩᠭ᠋ᠠᠨ᠎ᠠ;
(ᠲᠠᠪᠤ) ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠬᠠᠮᠢᠶ᠎ᠠ ᠪᠦᠬᠦᠢ ᠮᠡᠳᠡᠭᠡ ᠵᠠᠩᠭᠢ ᠵᠢ ᠬᠠᠮᠢᠶᠠᠷᠬᠤ ᠪᠠ ᠨᠡᠶ᠋ᠢᠲᠡᠯᠡᠵᠦ᠂ ᠮᠡᠳᠡᠭᠡ ᠵᠠᠩᠭᠢ ᠨᠡᠶ᠋ᠢᠲᠡᠯᠡᠬᠦ ᠡᠭᠦᠷᠭᠡᠲᠡᠨᠤ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ᠎ᠳᠤ ᠬᠢᠨᠠᠯᠲᠠ ᠲᠠᠯᠪᠢᠨ᠎ᠠ;
(ᠵᠢᠷᠭᠤᠭ᠎ᠠ) ᠲᠤᠬᠠᠶ᠋ᠢᠯᠠᠭᠰᠠᠨ ᠠᠵᠢᠯ᠎ᠤᠨ ᠲᠥᠷᠥᠯ ᠬᠤᠪᠢᠶᠠᠨ ᠠᠵᠢᠯᠯᠠᠬᠤ ᠨᠠᠷᠢᠨ ᠳᠦᠷᠢᠮ ᠪᠠ ᠥᠪᠡᠷ᠎ᠢ᠎ᠪᠠᠨ ᠱᠠᠭ᠋ᠠᠷᠳᠠᠬᠤ ᠬᠠᠮᠢᠶᠠᠷᠤᠯᠲᠠ ᠵᠢᠨ ᠳᠦᠷᠢᠮ᠎ᠢ ᠲᠣᠭᠲᠠᠭ᠋ᠠᠬᠤ ᠪᠠ ᠵᠠᠰᠠᠪᠤᠷᠢ ᠣᠷᠣᠭᠤᠯᠤᠨ᠎ᠠ;
(ᠳᠣᠯᠤᠭ᠎ᠠ) ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠱᠠᠭ᠋ᠠᠷᠳᠠᠭᠰᠠᠨ ᠪᠤᠰᠤᠳ ᠵᠦᠢ᠍ᠯᠡᠰ᠃
ᠠᠷᠪᠠᠨ ᠨᠢᠭᠡᠳᠦᠭᠡᠷ ᠵᠦᠢ᠍ᠯ ᠠᠵᠢᠯᠯᠠᠨ ᠡᠵᠡᠩᠨᠡᠬᠦ ᠪᠠᠶ᠋ᠢᠭᠤᠯᠤᠮᠵᠢ ᠳᠣᠣᠷ᠎ᠠ ᠵᠢᠭᠰᠠᠭ᠋ᠠᠭᠰᠠᠨ ᠨᠥᠬᠦᠴᠡᠯ᠎ᠤᠳ᠎ᠢ ᠪᠦᠷᠢᠳᠦᠭᠦᠯᠦᠭᠰᠡᠨ ᠪᠠᠶ᠋ᠢᠬᠤ ᠬᠡᠷᠡᠭᠲᠡᠢ᠄
(ᠨᠢᠭᠡ) ᠬᠠᠤᠯᠢ ᠶᠣᠰᠣᠭ᠋ᠠᠷ ᠭᠠᠷᠭ᠋ᠠᠭᠰᠠᠨ ᠬᠠᠤᠯᠢ ᠵᠢᠨ ᠡᠷᠬᠡᠲᠡᠨ;
(ᠬᠤᠶᠠᠷ) ᠲᠤᠬᠠᠶ᠋ᠢᠯᠠᠭᠰᠠᠨ ᠠᠵᠢᠯ᠎ᠤᠨ ᠠᠵᠢᠯᠯᠠᠭ᠎ᠠ ᠥᠷᠨᠢᠭᠦᠯᠬᠦ᠎ᠳᠤ ᠵᠠᠪᠠᠯ ᠱᠠᠭ᠋ᠠᠷᠳᠠᠭᠳᠠᠬᠤ ᠡᠵᠡᠩᠨᠡᠯᠲᠡ ᠵᠢᠨ ᠲᠠᠯᠠᠪᠤᠷ ᠭᠠᠵᠠᠷ᠂ ᠲᠤᠬᠠᠶ᠋ᠢᠯᠠᠭᠰᠠᠨ ᠠᠵᠢᠯ᠎ᠤᠨ ᠪᠡᠯᠡᠳᠬᠡᠮᠵᠢ᠂ ᠠᠵᠢᠯᠯᠠᠨ ᠡᠵᠡᠩᠨᠡᠯᠲᠡ ᠵᠢᠨ ᠪᠡᠯᠡ ᠮᠥᠩᠭᠦ᠂ ᠲᠤᠰᠬᠠᠢ ᠮᠡᠷᠭᠡᠵᠢᠯ᠎ᠤᠨ ᠠᠵᠢᠯᠲᠠᠨ;
(ᠭᠤᠷᠪᠠ) ᠪᠦᠷᠢᠨᠰᠢᠭᠰᠡᠨ ᠬᠠᠤᠯᠢ ᠵᠢᠨ ᠡᠷᠬᠡᠲᠡᠨ᠎ᠤ ᠵᠠᠰᠠᠯᠲᠠ ᠵᠢᠨ ᠪᠦᠲᠦᠴᠡ;
(ᠳᠥᠷᠪᠡ) ᠲᠡᠭᠦᠯᠳᠡᠷᠵᠢᠭᠰᠡᠨ ᠲᠦᠭᠰᠢᠭᠦᠷᠢ ᠵᠢᠨ ᠬᠠᠮᠢᠶᠠᠷᠤᠯᠲᠠ ᠪᠠ ᠳᠣᠲᠣᠭ᠋ᠠᠳᠤ ᠡᠵᠡᠮᠳᠡᠯ᠎ᠤᠨ ᠳᠦᠷᠢᠮ;
(ᠲᠠᠪᠤ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠲᠣᠭᠲᠠᠭ᠋ᠠᠯ ᠳᠦᠷᠢᠮ ᠪᠣᠯᠣᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠲᠣᠭᠲᠠᠭ᠋ᠠᠭᠰᠠᠨ ᠪᠤᠰᠤᠳ ᠨᠥᠬᠦᠴᠡᠯ᠃
ᠠᠷᠪᠠᠨ ᠬᠤᠶᠠᠳᠤᠭ᠋ᠠᠷ ᠵᠦᠢ᠍ᠯ ᠠᠵᠢᠯᠯᠠᠨ ᠡᠵᠡᠩᠨᠡᠬᠦ ᠪᠠᠶ᠋ᠢᠭᠤᠯᠤᠮᠵᠢ᠎ᠳᠤ ᠳᠣᠣᠷᠠᠬᠢ ᠵᠦᠢ᠍ᠯᠡᠰ᠎ᠤᠨ ᠨᠢᠭᠡ᠎ᠨᠢ ᠭᠠᠷᠤᠭᠰᠠᠨ ᠪᠣᠯ᠂ 7 ᠠᠵᠢᠯᠯᠠᠬᠤ ᠡᠳᠦᠷ᠎ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠳᠤ ᠮᠡᠳᠡᠭᠦᠯᠦᠨ ᠬᠦᠷᠭᠡᠵᠦ ᠳᠠᠩᠰᠠᠯᠠᠭᠤᠯᠬᠤ ᠵᠢᠨ ᠬᠠᠮᠲᠤ ᠥᠪᠥᠷ ᠮᠣᠩᠭᠤᠯ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠳᠤ ᠬᠠᠭᠤᠯᠤᠨ ᠢᠯᠡᠭᠡᠬᠦ ᠬᠡᠷᠡᠭᠲᠡᠢ᠄
(ᠨᠢᠭᠡ) ᠨᠡᠷᠡᠶ᠋ᠢᠳᠦᠯ᠂ ᠳᠠᠩᠰᠠᠯᠠᠭᠤᠯᠤᠭᠰᠠᠨ ᠬᠥᠷᠥᠩᠭᠡ᠂ ᠡᠵᠡᠩᠨᠡᠯᠲᠡ ᠵᠢᠨ ᠬᠦᠷᠢᠶ᠎ᠡ ᠬᠡᠪᠴᠢᠶ᠎ᠡ᠂ ᠳᠠᠩᠰᠠᠯᠠᠭᠤᠯᠤᠭᠰᠠᠨ ᠭᠠᠵᠠᠷ ᠪᠠ ᠠᠯᠪᠠᠯᠠᠬᠤ ᠬᠠᠶᠢᠭ ᠵᠶ᠋ᠠᠨ ᠬᠤᠪᠢᠷᠠᠭᠤᠯᠬᠤ;
(ᠬᠤᠶᠠᠷ) ᠬᠤᠪᠢ ᠣᠷᠣᠭᠤᠯᠤᠭᠴᠢ ᠵᠢ ᠬᠤᠪᠢᠷᠠᠭᠤᠯᠬᠤ᠂ ᠪᠣᠳᠠᠲᠠᠢ ᠡᠵᠡᠮᠰᠢᠭᠴᠢ᠎ᠳᠤ ᠲᠣᠬᠢᠷᠠᠭᠤᠯᠤᠯᠲᠠ ᠬᠢᠬᠦ (ᠰᠲ᠋ᠣᠺ᠎ᠤᠨ ᠡᠷᠬᠡ ᠵᠢ ᠰᠢᠯᠵᠢᠭᠦᠯᠦᠨ ᠥᠭᠬᠦ᠂ ᠪᠠᠲᠤᠯᠠᠬᠤ ᠡᠷᠬᠡ ᠵᠢ ᠨᠠᠶ᠋ᠢᠳᠠᠨ ᠬᠡᠷᠡᠭᠵᠢᠭᠦᠯᠬᠦ ᠵᠢ ᠪᠠᠭᠲᠠᠭ᠋ᠠᠨ᠎ᠠ);
(ᠭᠤᠷᠪᠠ) ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ᠂ ᠬᠡᠷᠡᠭ ᠮᠡᠳᠡᠭᠴᠢ᠂ ᠳᠡᠭᠡᠳᠦ ᠵᠡᠷᠭᠡ ᠵᠢᠨ ᠬᠠᠮᠢᠶᠠᠷᠤᠯᠲᠠ ᠵᠢᠨ ᠠᠵᠢᠯᠲᠠᠨ᠎ᠢ ᠬᠤᠪᠢᠷᠠᠭᠤᠯᠬᠤ;
(ᠳᠥᠷᠪᠡ) ᠺᠣᠮᠫᠠᠨᠢ ᠵᠢᠨ ᠳᠦᠷᠢᠮ᠎ᠳᠤ ᠵᠠᠰᠠᠪᠤᠷᠢ ᠣᠷᠣᠭᠤᠯᠬᠤ;
(ᠲᠠᠪᠤ) ᠲᠤᠬᠠᠶ᠋ᠢᠯᠠᠭᠰᠠᠨ ᠠᠵᠢᠯ᠎ᠤᠨ ᠲᠥᠷᠥᠯ ᠵᠦᠢ᠍ᠯ᠎ᠢ ᠰᠢᠨ᠎ᠡ᠎ᠪᠠᠷ ᠨᠡᠮᠡᠬᠦ᠂ ᠬᠤᠪᠢᠷᠠᠭᠤᠯᠬᠤ ᠪᠤᠶᠤ ᠬᠦᠴᠦᠨ ᠦᠭᠡᠢ ᠪᠣᠯᠭ᠋ᠠᠬᠤ;
(ᠵᠢᠷᠭᠤᠭ᠎ᠠ) ᠭᠠᠳᠠᠭᠰᠢ ᠪᠠᠲᠤᠯᠠᠨ ᠳᠠᠭ᠋ᠠᠭ᠋ᠠᠬᠤ ᠪᠤᠶᠤ ᠰᠲ᠋ᠣᠺ᠎ᠤᠨ ᠡᠷᠬᠡ ᠵᠢᠨ ᠪᠡᠯᠡ ᠣᠷᠣᠭᠤᠯᠤᠯᠲᠠ ᠵᠢᠨ ᠵᠦᠢ᠍ᠯᠡᠰ;
(ᠳᠣᠯᠤᠭ᠎ᠠ) ᠲᠤᠬᠠᠶ᠋ᠢᠯᠠᠭᠰᠠᠨ ᠠᠵᠢᠯ᠎ᠤᠨ ᠠᠵᠢᠯᠯᠠᠭ᠋ᠠᠨ᠎ᠤ ᠨᠠᠷᠢᠨ ᠳᠦᠷᠢᠮ ᠪᠠ ᠥᠪᠡᠷ᠎ᠢ᠎ᠪᠠᠨ ᠱᠠᠭ᠋ᠠᠷᠳᠠᠬᠤ ᠬᠠᠮᠢᠶᠠᠷᠤᠯᠲᠠ ᠵᠢᠨ ᠨᠠᠷᠢᠨ ᠳᠦᠷᠢᠮ᠎ᠢ ᠲᠣᠭᠲᠠᠭ᠋ᠠᠬᠤ ᠪᠠ ᠲᠡᠭᠦᠨ᠎ᠳᠤ ᠵᠠᠰᠠᠪᠤᠷᠢ ᠣᠷᠣᠭᠤᠯᠬᠤ;
(ᠨᠠᠢ᠍ᠮᠠ) ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠮᠠᠭ᠋ᠠᠳᠯᠠᠨ ᠲᠣᠭᠲᠠᠭ᠋ᠠᠭᠰᠠᠨ ᠪᠦᠷᠢᠳᠬᠡᠨ ᠳᠠᠩᠰᠠᠯᠠᠭᠤᠯᠬᠤ ᠴᠢᠬᠤᠯᠠᠲᠠᠢ ᠪᠤᠰᠤᠳ ᠵᠦᠢ᠍ᠯᠡᠰ᠃
ᠠᠷᠪᠠᠨ ᠭᠤᠷᠪᠠᠳᠤᠭ᠋ᠠᠷ ᠵᠦᠢ᠍ᠯ ᠠᠵᠢᠯᠯᠠᠨ ᠡᠵᠡᠩᠨᠡᠬᠦ ᠪᠠᠶ᠋ᠢᠭᠤᠯᠤᠮᠵᠢ ᠵᠢᠨ ᠬᠡᠷᠡᠭ ᠮᠡᠳᠡᠭᠴᠢ᠂ ᠳᠡᠭᠡᠳᠦ ᠵᠡᠷᠭᠡ ᠵᠢᠨ ᠬᠠᠮᠢᠶᠠᠷᠤᠯᠲᠠ ᠵᠢᠨ ᠠᠵᠢᠯᠲᠠᠨ ᠵᠢᠴᠢ ᠠᠵᠢᠯᠯᠠᠭᠰᠠᠳ᠎ᠨᠢ ᠬᠠᠮᠢᠶ᠎ᠠ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠤᠨ ᠲᠣᠭᠲᠠᠭ᠋ᠠᠯ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠢ᠃
《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠡᠮᠳᠡᠭᠲᠦ ᠵᠢᠨ ᠬᠠᠤᠯᠢ》 ᠵᠢᠨ ᠵᠠᠭᠤ ᠪᠥᠭᠡᠳ ᠭᠤᠷᠪᠠᠳᠤᠭ᠋ᠠᠷ ᠵᠦᠢ᠍ᠯ᠎ᠳᠤ ᠲᠣᠭᠲᠠᠭ᠋ᠠᠭᠰᠠᠨ ᠪᠠᠶ᠋ᠢᠳᠠᠯ᠎ᠲᠠᠢ ᠪᠠᠶ᠋ᠢᠬᠤ᠂ ᠡᠰᠡᠬᠦᠯ᠎ᠡ ᠳᠤᠮᠳᠠᠳᠤ ᠤᠯᠤᠰ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠠᠴᠠ ᠲᠡᠮᠳᠡᠭᠲᠦ ᠵᠢᠨ ᠵᠠᠬ᠎ᠠ ᠳᠡᠯᠭᠡᠭᠦᠷ᠎ᠲᠤ ᠣᠷᠣᠬᠤ ᠵᠢ ᠴᠠᠭ᠋ᠠᠵᠠᠯᠠᠬᠤ ᠠᠷᠭ᠎ᠠ ᠬᠡᠮᠵᠢᠶ᠎ᠡ ᠠᠪᠤᠭᠰᠠᠨ ᠪᠥᠭᠡᠳ ᠮᠥᠨ ᠬᠦ᠌ ᠣᠷᠣᠬᠤ ᠵᠢ ᠴᠠᠭ᠋ᠠᠵᠠᠯᠠᠬᠤ ᠬᠤᠭᠤᠴᠠᠭ᠋ᠠᠨ᠎ᠳᠤ ᠪᠠᠶ᠋ᠢᠪᠠᠯ᠂ ᠠᠵᠢᠯᠯᠠᠨ ᠡᠵᠡᠩᠨᠡᠬᠦ ᠪᠠᠶ᠋ᠢᠭᠤᠯᠤᠮᠵᠢ ᠵᠢᠨ ᠬᠠᠷᠢᠭᠤᠴᠠᠯᠭ᠋ᠠᠲᠠᠨ᠎ᠤ ᠲᠤᠰᠢᠶᠠᠯ᠎ᠢ ᠡᠭᠦᠷᠭᠡᠯᠡᠵᠦ ᠪᠣᠯᠬᠤ ᠦᠭᠡᠢ᠃
《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠡᠮᠳᠡᠭᠲᠦ ᠵᠢᠨ ᠬᠠᠤᠯᠢ》 ᠵᠢᠨ ᠵᠠᠭᠤ ᠪᠥᠭᠡᠳ ᠳᠥᠷᠪᠡᠳᠦᠭᠡᠷ ᠵᠦᠢ᠍ᠯ᠎ᠳᠤ ᠲᠣᠭᠲᠠᠭ᠋ᠠᠭᠰᠠᠨ ᠪᠠᠶ᠋ᠢᠳᠠᠯ᠎ᠲᠠᠢ ᠪᠠᠶ᠋ᠢᠬᠤ᠂ ᠡᠰᠡᠬᠦᠯ᠎ᠡ ᠳᠤᠮᠳᠠᠳᠤ ᠤᠯᠤᠰ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠠᠴᠠ ᠲᠡᠮᠳᠡᠭᠲᠦ ᠵᠢᠨ ᠵᠠᠬ᠎ᠠ ᠳᠡᠯᠭᠡᠭᠦᠷ᠎ᠲᠤ ᠣᠷᠣᠬᠤ ᠵᠢ ᠴᠠᠭ᠋ᠠᠵᠠᠯᠠᠬᠤ ᠠᠷᠭ᠎ᠠ ᠬᠡᠮᠵᠢᠶ᠎ᠡ ᠠᠪᠤᠭᠰᠠᠨ ᠪᠥᠭᠡᠳ ᠮᠥᠨ ᠬᠦ᠌ ᠣᠷᠣᠬᠤ ᠵᠢ ᠴᠠᠭ᠋ᠠᠵᠠᠯᠠᠬᠤ ᠬᠤᠭᠤᠴᠠᠭ᠋ᠠᠨ᠎ᠳᠤ ᠪᠠᠶ᠋ᠢᠪᠠᠯ᠂ ᠠᠵᠢᠯᠯᠠᠨ ᠡᠵᠡᠩᠨᠡᠬᠦ ᠪᠠᠶ᠋ᠢᠭᠤᠯᠤᠮᠵᠢ ᠵᠢᠨ ᠠᠵᠢᠯᠯᠠᠭᠴᠢ᠎ᠪᠠᠷ ᠤᠷᠢᠵᠤ ᠪᠣᠯᠬᠤ ᠦᠭᠡᠢ᠃
ᠠᠷᠪᠠᠨ ᠳᠥᠷᠪᠡᠳᠦᠭᠡᠷ ᠵᠦᠢ᠍ᠯ ᠠᠵᠢᠯᠯᠠᠨ ᠡᠵᠡᠩᠨᠡᠬᠦ ᠪᠠᠶ᠋ᠢᠭᠤᠯᠤᠮᠵᠢ ᠳᠣᠣᠷᠠᠬᠢ ᠵᠦᠢ᠍ᠯᠡᠰ᠎ᠢ ᠭᠦᠢ᠍ᠴᠡᠳᠬᠡᠬᠦ ᠬᠡᠷᠡᠭᠲᠡᠢ᠄
(ᠨᠢᠭᠡ) ᠪᠣᠶ᠋ᠢᠵᠢᠭᠤᠯᠬᠤ ᠠᠵᠤ ᠠᠬᠤᠶ᠋ᠢᠯᠠᠯ᠎ᠳᠤ ᠳᠡᠰ ᠬᠤᠪᠢᠶᠠᠭᠰᠠᠨ ᠬᠠᠮᠢᠶᠠᠷᠤᠯᠲᠠ ᠵᠢᠨ ᠲᠣᠭᠲᠠᠯᠴᠠᠭ᠎ᠠ ᠵᠢ ᠪᠠᠶ᠋ᠢᠭᠤᠯᠵᠤ᠂ ᠠᠵᠤ ᠠᠬᠤᠶ᠋ᠢᠯᠠᠯ᠎ᠤᠨ ᠬᠥᠭᠵᠢᠯᠲᠡ ᠵᠢᠨ ᠪᠠᠶ᠋ᠢᠳᠠᠯ᠎ᠢ ᠦᠨᠳᠦᠰᠦᠯᠡᠨ ᠪᠠᠶ᠋ᠢᠭ᠎ᠠ ᠲᠠᠰ ᠳᠠᠪᠬᠤᠷᠭ᠎ᠠ᠎ᠳᠤᠨᠢ ᠲᠣᠬᠢᠷᠠᠭᠤᠯᠤᠯᠲᠠ ᠬᠢᠨ᠎ᠡ᠃ ᠳᠡᠰ ᠬᠤᠪᠢᠶᠠᠨ ᠬᠤᠪᠢᠷᠠᠭᠤᠯᠵᠤ ᠳᠠᠭᠤᠰᠤᠭᠰᠠᠨ᠎ᠤ ᠳᠠᠷᠠᠭ᠎ᠠ 5 ᠠᠵᠢᠯᠯᠠᠬᠤ ᠡᠳᠦᠷ᠎ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠳᠤ ᠮᠡᠳᠡᠭᠦᠯᠦᠨ ᠬᠦᠷᠭᠡᠵᠦ ᠳᠠᠩᠰᠠᠯᠠᠭᠤᠯᠬᠤ ᠵᠢᠨ ᠬᠠᠮᠲᠤ᠂ ᠥᠪᠥᠷ ᠮᠣᠩᠭᠤᠯ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠳᠤ ᠬᠠᠭᠤᠯᠤᠨ ᠢᠯᠡᠭᠡᠨ᠎ᠡ᠃
(ᠬᠤᠶᠠᠷ) ᠠᠵᠤ ᠠᠬᠤᠶ᠋ᠢᠯᠠᠯ᠎ᠤᠨ ᠫᠠᠶ᠋ᠢᠰᠠ ᠡᠯᠭᠦᠬᠦ᠂ ᠲᠡᠮᠳᠡᠭᠲᠦ ᠲᠠᠷᠬᠠᠭ᠋ᠠᠬᠤ ᠪᠤᠶᠤ ᠰᠢᠯᠵᠢᠭᠦᠯᠦᠨ ᠥᠭᠬᠦ ᠭᠤᠶᠤᠴᠢᠯᠠᠯ᠎ᠤᠨ ᠪᠢᠴᠢᠭ ᠮᠠᠲ᠋ᠧᠷᠢᠶᠠᠯ᠎ᠳᠤ ᠬᠠᠤᠯᠢ ᠶᠣᠰᠣᠭ᠋ᠠᠷ ᠲᠡᠭᠦᠰ ᠴᠢᠨᠠᠷ᠎ᠤᠨ ᠬᠢᠨᠠᠨ ᠪᠠᠶ᠋ᠢᠴᠠᠭ᠋ᠠᠯᠲᠠ ᠬᠢᠵᠦ᠂ ᠬᠢᠨᠠᠨ ᠪᠠᠶ᠋ᠢᠴᠠᠭ᠋ᠠᠭᠰᠠᠨ ᠰᠠᠨᠠᠯ ᠭᠠᠷᠭ᠋ᠠᠨ᠎ᠠ᠃ ᠫᠠᠶ᠋ᠢᠰᠠ ᠡᠯᠭᠦᠬᠦ᠂ ᠲᠡᠮᠳᠡᠭᠲᠦ ᠲᠠᠷᠬᠠᠭ᠋ᠠᠬᠤ ᠪᠤᠶᠤ ᠰᠢᠯᠵᠢᠭᠦᠯᠦᠨ ᠥᠭᠬᠦ ᠵᠢ ᠪᠡᠶᠡᠯᠡᠭᠦᠯᠦᠭᠰᠡᠨ᠎ᠤ ᠳᠠᠷᠠᠭ᠎ᠠ 5 ᠠᠵᠢᠯᠯᠠᠬᠤ ᠡᠳᠦᠷ᠎ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠥᠷ ᠮᠣᠩᠭᠤᠯ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠳᠤ ᠮᠡᠳᠡᠭᠦᠯᠦᠨ ᠬᠦᠷᠭᠡᠵᠦ ᠳᠠᠩᠰᠠᠯᠠᠭᠤᠯᠬᠤ ᠵᠢᠨ ᠬᠠᠮᠲᠤ᠂ ᠠᠵᠤ ᠠᠬᠤᠶ᠋ᠢᠯᠠᠯ᠎ᠤᠨ ᠬᠠᠷᠢᠶᠠᠯᠠᠭᠳᠠᠬᠤ ᠭᠠᠵᠠᠷ᠎ᠤᠨ ᠠᠷᠠᠳ᠎ᠤᠨ ᠵᠠᠰᠠᠭ᠎ᠤᠨ ᠣᠷᠳᠣᠨ᠎ᠳᠤ ᠬᠠᠭᠤᠯᠤᠨ ᠢᠯᠡᠭᠡᠨ᠎ᠡ᠃
(ᠭᠤᠷᠪᠠ) ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠤ ᠵᠥᠪᠰᠢᠶᠡᠷᠡᠨ ᠣᠷᠣᠭᠤᠯᠬᠤ ᠨᠥᠬᠦᠴᠡᠯ᠎ᠳᠤ ᠥᠯᠥ ᠨᠡᠶ᠋ᠢᠴᠡᠬᠦ ᠪᠤᠶᠤ ᠬᠠᠤᠯᠢ᠎ᠠᠴᠠ ᠵᠥᠷᠢᠴᠡᠭᠰᠡᠨ ᠦᠶᠯᠡ ᠠᠵᠢᠯᠯᠠᠭ᠎ᠠ᠎ᠲᠠᠢ ᠳᠡᠯᠭᠡᠨ ᠦᠵᠡᠭᠦᠯᠬᠦ ᠪᠠ ᠫᠠᠶ᠋ᠢᠰᠠ ᠡᠯᠭᠦᠬᠦ ᠠᠵᠤ ᠠᠬᠤᠶ᠋ᠢᠯᠠᠯ᠎ᠢ ᠲᠣᠭᠲᠠᠭ᠋ᠠᠯ ᠶᠣᠰᠣᠭ᠋ᠠᠷ ᠴᠠᠭ ᠲᠤᠬᠠᠢᠳᠤᠨᠢ ᠢᠯᠭ᠋ᠠᠷᠠᠭᠤᠯᠤᠨ ᠪᠤᠴᠠᠭ᠋ᠠᠨ᠎ᠠ᠃ ᠰᠲ᠋ᠣᠺ᠎ᠤᠨ ᠠᠷᠠᠯᠵᠢᠶ᠎ᠠ ᠵᠢ ᠵᠣᠭᠰᠣᠭ᠋ᠠᠭᠰᠠᠨ᠎ᠤ ᠳᠠᠷᠠᠭ᠎ᠠ 5 ᠠᠵᠢᠯᠯᠠᠬᠤ ᠡᠳᠦᠷ᠎ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠳᠤ ᠮᠡᠳᠡᠭᠦᠯᠦᠨ ᠬᠦᠷᠭᠡᠵᠦ ᠳᠠᠩᠰᠠᠯᠠᠭᠤᠯᠬᠤ ᠵᠢᠨ ᠬᠠᠮᠲᠤ᠂ ᠥᠪᠥᠷ ᠮᠣᠩᠭᠤᠯ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠰᠲ᠋ᠣᠺ᠎ᠤᠨ ᠠᠷᠠᠯᠵᠢᠶ᠎ᠠ ᠵᠢ ᠵᠣᠭᠰᠣᠭ᠋ᠠᠭᠰᠠᠨ ᠠᠵᠤ ᠠᠬᠤᠶ᠋ᠢᠯᠠᠯ᠎ᠤᠨ ᠬᠠᠷᠢᠶᠠᠯᠠᠭᠳᠠᠬᠤ ᠭᠠᠵᠠᠷ᠎ᠤᠨ ᠠᠷᠠᠳ᠎ᠤᠨ ᠵᠠᠰᠠᠭ᠎ᠤᠨ ᠣᠷᠳᠣᠨ᠎ᠳᠤ ᠬᠠᠭᠤᠯᠤᠨ ᠢᠯᠡᠭᠡᠨ᠎ᠡ᠃
(ᠳᠥᠷᠪᠡ) ᠠᠷᠠᠯᠵᠢᠶᠠᠨ᠎ᠤ ᠡᠳᠦᠷ ᠪᠦᠷᠢ᠎ᠳᠤ ᠲᠡᠮᠳᠡᠭᠲᠦ ᠵᠢᠨ ᠫᠠᠶ᠋ᠢᠰᠠ ᠡᠯᠭᠦᠵᠦ ᠰᠢᠯᠵᠢᠭᠦᠯᠦᠨ ᠥᠭᠬᠦ ᠬᠠᠮᠤᠭ᠎ᠤᠨ ᠰᠢᠨ᠎ᠡ ᠦᠨ᠎ᠡ ᠬᠠᠩᠰᠢ ᠵᠢᠨ ᠪᠠᠶ᠋ᠢᠳᠠᠯ᠎ᠢ ᠨᠡᠶ᠋ᠢᠲᠡᠯᠡᠨ᠎ᠡ᠃
ᠠᠷᠪᠠᠨ ᠲᠠᠪᠤᠳᠤᠭ᠋ᠠᠷ ᠵᠦᠢ᠍ᠯ ᠠᠵᠢᠯᠯᠠᠨ ᠡᠵᠡᠩᠨᠡᠬᠦ ᠪᠠᠶ᠋ᠢᠭᠤᠯᠤᠮᠵᠢ᠎ᠨᠢ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠥᠷ ᠮᠣᠩᠭᠤᠯ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠳᠤ ᠳᠣᠣᠷᠠᠬᠢ ᠮᠡᠲᠦ ᠮᠡᠳᠡᠭᠦᠯᠬᠦ ᠡᠭᠦᠷᠭᠡ ᠵᠢ ᠭᠦᠢ᠍ᠴᠡᠳᠬᠡᠨ᠎ᠡ᠄
(ᠨᠢᠭᠡ) ᠰᠠᠷ᠎ᠠ ᠳᠠᠭᠤᠰᠬᠤ ᠪᠣᠯᠭ᠋ᠠᠨ 7 ᠠᠵᠢᠯᠯᠠᠬᠤ ᠡᠳᠦᠷ᠎ᠤᠨ ᠳᠣᠲᠣᠷ᠎ᠠ᠂ ᠠᠷᠠᠯᠵᠢᠶᠠᠨ᠎ᠤ ᠪᠠᠶ᠋ᠢᠳᠠᠯ᠂ ᠲᠤᠬᠠᠶ᠋ᠢᠯᠠᠭᠰᠠᠨ ᠠᠵᠢᠯ᠎ᠤᠨ ᠪᠠᠶ᠋ᠢᠳᠠᠯ ᠵᠢᠴᠢ ᠪᠤᠰᠤᠳ ᠲᠣᠳᠣᠷᠬᠠᠶ᠋ᠢᠯᠠᠬᠤ ᠴᠢᠬᠤᠯᠠᠲᠠᠢ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠬᠤᠯᠪᠣᠭᠳᠠᠯ ᠪᠦᠬᠦᠢ ᠵᠦᠢ᠍ᠯᠡᠰ᠎ᠢ ᠪᠠᠭᠲᠠᠭ᠋ᠠᠭᠰᠠᠨ ᠰᠠᠷ᠎ᠠ ᠵᠢᠨ ᠮᠡᠳᠡᠭᠦᠯᠦᠯᠲᠡ ᠵᠢ ᠮᠡᠳᠡᠭᠦᠯᠦᠨ ᠬᠦᠷᠭᠡᠨ᠎ᠡ;
(ᠬᠤᠶᠠᠷ) ᠤᠯᠠᠷᠢᠯ ᠳᠠᠭᠤᠰᠬᠤ ᠪᠣᠯᠭ᠋ᠠᠨ 7 ᠠᠵᠢᠯᠯᠠᠬᠤ ᠡᠳᠦᠷ᠎ᠤᠨ ᠳᠣᠲᠣᠷ᠎ᠠ᠂ ᠣᠨ ᠳᠠᠭᠤᠰᠬᠤ ᠪᠣᠯᠭ᠋ᠠᠨ 15 ᠠᠵᠢᠯᠯᠠᠬᠤ ᠡᠳᠦᠷ᠎ᠤᠨ ᠳᠣᠲᠣᠷ᠎ᠠ ᠲᠤᠰ ᠲᠤᠰ ᠺᠣᠮᠫᠠᠨᠢ ᠵᠢᠨ ᠵᠠᠰᠠᠯᠲᠠ ᠵᠢᠴᠢ ᠲᠤᠬᠠᠶ᠋ᠢᠯᠠᠭᠰᠠᠨ ᠠᠵᠢᠯ᠎ᠢ ᠥᠷᠨᠢᠭᠦᠯᠦᠭᠰᠡᠨ ᠪᠠᠶ᠋ᠢᠳᠠᠯ᠂ ᠵᠢᠷᠤᠮᠵᠢᠭᠤᠯᠤᠨ ᠠᠵᠢᠯᠯᠠᠭᠤᠯᠤᠭᠰᠠᠨ ᠪᠠᠶ᠋ᠢᠳᠠᠯ᠂ ᠥᠪᠡᠷ᠎ᠢ᠎ᠪᠠᠨ ᠱᠠᠭ᠋ᠠᠷᠳᠠᠬᠤ ᠬᠢᠨᠠᠯᠲᠠ ᠬᠠᠮᠢᠶᠠᠷᠤᠯᠲᠠ ᠵᠢ ᠭᠦᠢ᠍ᠴᠡᠳᠬᠡᠭᠰᠡᠨ ᠪᠠᠶ᠋ᠢᠳᠠᠯ᠂ ᠳᠣᠲᠣᠭ᠋ᠠᠳᠤ ᠵᠢᠨ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠭᠰᠡᠨ ᠪᠠ ᠰᠢᠢ᠍ᠳᠪᠦᠷᠢᠯᠡᠭᠰᠡᠨ ᠪᠠᠶ᠋ᠢᠳᠠᠯ᠂ ᠣᠷᠣᠰᠢᠵᠤ ᠪᠠᠶ᠋ᠢᠭ᠎ᠠ ᠭᠤᠣᠯ ᠠᠰᠠᠭᠤᠳᠠᠯ ᠪᠠ ᠲᠦᠭᠰᠢᠭᠦᠷᠢ ᠵᠡᠷᠭᠡ ᠵᠢ ᠪᠠᠭᠲᠠᠭ᠋ᠠᠭᠰᠠᠨ ᠤᠯᠠᠷᠢᠯ᠎ᠤᠨ᠂ ᠣᠨ᠎ᠤ ᠠᠵᠢᠯ᠎ᠤᠨ ᠮᠡᠳᠡᠭᠦᠯᠦᠯᠲᠡ ᠵᠢ ᠮᠡᠳᠡᠭᠦᠯᠦᠨ ᠬᠦᠷᠭᠡᠨ᠎ᠡ;
(ᠭᠤᠷᠪᠠ) ᠤᠯᠠᠷᠢᠯ ᠳᠠᠭᠤᠰᠬᠤ ᠪᠣᠯᠭ᠋ᠠᠨ 7 ᠠᠵᠢᠯᠯᠠᠬᠤ ᠡᠳᠦᠷ᠎ᠤᠨ ᠳᠣᠲᠣᠷ᠎ᠠ ᠳᠡᠭᠡᠷ᠎ᠡ ᠤᠯᠠᠷᠢᠯ᠎ᠤᠨ ᠣᠷᠣᠨ ᠨᠤᠲᠤᠭ᠎ᠤᠨ ᠤᠯᠤᠰ᠎ᠤᠨ ᠥᠮᠴᠢᠯᠡᠯᠲᠦ ᠮᠥᠩᠭᠦᠨ ᠭᠦᠢ᠍ᠯᠭᠡᠭᠡᠨ᠎ᠤ ᠠᠵᠤ ᠠᠬᠤᠶ᠋ᠢᠯᠠᠯ᠎ᠤᠨ ᠥᠮᠴᠢᠯᠡᠬᠦ ᠡᠷᠬᠡ ᠵᠢᠨ ᠠᠷᠠᠯᠵᠢᠶ᠎ᠠ ᠪᠠ ᠰᠲ᠋ᠣᠺ᠎ᠤᠨ ᠡᠷᠬᠡ ᠵᠢ ᠨᠠᠶ᠋ᠢᠳᠠᠨ ᠬᠠᠮᠢᠶᠠᠷᠤᠭᠤᠯᠤᠭᠰᠠᠨ ᠪᠠᠶ᠋ᠢᠳᠠᠯ ᠵᠶ᠋ᠠᠨ ᠮᠡᠳᠡᠭᠦᠯᠦᠨ ᠬᠦᠷᠭᠡᠨ᠎ᠡ;
(ᠳᠥᠷᠪᠡ) ᠮᠡᠳᠡᠭᠦᠯᠬᠦ ᠵᠢ ᠱᠠᠭ᠋ᠠᠷᠳᠠᠭᠰᠠᠨ ᠪᠤᠰᠤᠳ ᠵᠦᠢ᠍ᠯᠡᠰ᠃
ᠠᠷᠪᠠᠨ ᠵᠢᠷᠭᠤᠳᠤᠭ᠋ᠠᠷ ᠵᠦᠢ᠍ᠯ ᠴᠢᠬᠤᠯᠠ ᠶᠡᠭᠡ ᠵᠦᠢ᠍ᠯᠡᠰ ᠲᠣᠬᠢᠶᠠᠯᠳᠤᠪᠠᠯ᠂ ᠠᠵᠢᠯᠯᠠᠨ ᠡᠵᠡᠩᠨᠡᠬᠦ ᠪᠠᠶ᠋ᠢᠭᠤᠯᠤᠮᠵᠢ᠎ᠨᠢ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠥᠷ ᠮᠣᠩᠭᠤᠯ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠳᠤ ᠳᠠᠷᠤᠶ᠋ᠢᠬᠠᠨ ᠮᠡᠳᠡᠭᠦᠯᠬᠦ ᠵᠢᠨ ᠬᠠᠮᠲᠤ ᠬᠠᠮᠢᠶ᠎ᠠ ᠪᠦᠬᠦᠢ ᠰᠢᠢ᠍ᠳᠪᠦᠷᠢᠯᠡᠯᠲᠡ ᠵᠢ ᠴᠠᠭ ᠲᠤᠬᠠᠢᠳᠤᠨᠢ ᠰᠠᠶ᠋ᠢᠲᠤᠷ ᠬᠢᠵᠦ᠂ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠲᠣᠭᠲᠠᠭᠤᠨ᠎ᠢ ᠦᠨᠡᠨ ᠬᠦ᠌ ᠪᠠᠲᠤᠯᠠᠬᠤ ᠬᠡᠷᠡᠭᠲᠡᠢ᠃ ᠮᠡᠳᠡᠭᠦᠯᠦᠯᠲᠡ ᠵᠢᠨ ᠠᠭᠤᠯᠭ᠎ᠠ᠎ᠳᠤ ᠬᠡᠷᠡᠭ ᠡᠭᠦᠰᠦᠭᠰᠡᠨ ᠰᠢᠯᠲᠠᠭ᠋ᠠᠨ᠂ ᠪᠠᠶ᠋ᠢᠳᠠᠯ᠂ ᠣᠷᠣᠰᠢᠵᠤ ᠪᠠᠶ᠋ᠢᠭ᠎ᠠ ᠲᠦᠭᠰᠢᠭᠦᠷᠢ ᠵᠢᠴᠢ ᠲᠠᠷᠠᠭ᠋ᠠᠴᠢ ᠵᠢᠨ ᠱᠠᠲᠤ ᠦᠶ᠎ᠡ ᠵᠢᠨ ᠠᠵᠢᠯ᠎ᠤᠨ ᠲᠣᠬᠢᠷᠠᠭᠤᠯᠤᠯᠲᠠ ᠵᠢ ᠪᠠᠭᠲᠠᠭ᠋ᠠᠬᠤ ᠪᠣᠯᠪᠠᠴᠤ ᠡᠭᠦᠨ᠎ᠳᠤ ᠯᠡ ᠬᠢᠵᠠᠭ᠋ᠠᠷᠯᠠᠭᠳᠠᠬᠤ ᠦᠭᠡᠢ᠃ ᠴᠢᠬᠤᠯᠠ ᠶᠡᠭᠡ ᠵᠦᠢ᠍ᠯᠡᠰ᠎ᠲᠤ ᠳᠣᠣᠷᠠᠬᠢ ᠵᠦᠢ᠍ᠯᠡᠰ ᠪᠠᠭᠲᠠᠨ᠎ᠠ᠄
(ᠨᠢᠭᠡ) ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠤ ᠣᠷᠣᠯᠴᠠᠭᠴᠢ᠎ᠳᠤ ᠤᠯᠤᠰ᠎ᠤᠨ ᠬᠤᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠵᠢᠴᠢ ᠲᠦᠷᠦ ᠵᠢᠨ ᠪᠣᠳᠣᠯᠭ᠎ᠠ ᠵᠢ ᠬᠦᠨᠳᠦ ᠨᠣᠴᠢᠲᠠᠢ ᠵᠥᠷᠢᠴᠡᠭᠰᠡᠨ ᠦᠢ᠍ᠯᠡ ᠠᠵᠢᠯᠯᠠᠭ᠎ᠠ ᠣᠷᠣᠰᠢᠵᠤ ᠪᠠᠶ᠋ᠢᠭ᠎ᠠ ᠪᠤᠶᠤ ᠣᠷᠣᠰᠢᠬᠤ ᠪᠣᠯᠣᠯᠴᠠᠭ᠎ᠠ᠎ᠲᠠᠢ ᠵᠢ ᠣᠯᠵᠤ ᠮᠡᠳᠡᠬᠦ;
(ᠬᠤᠶᠠᠷ) ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠤ ᠬᠤᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠵᠢᠴᠢ ᠲᠦᠷᠦ ᠵᠢᠨ ᠪᠣᠳᠣᠯᠭ᠎ᠠ ᠵᠢ ᠬᠦᠨᠳᠦ ᠨᠣᠴᠢᠲᠠᠢ ᠵᠥᠷᠢᠴᠡᠭᠰᠡᠨ ᠦᠢ᠍ᠯᠡ ᠠᠵᠢᠯᠯᠠᠭ᠎ᠠ ᠡᠭᠦᠰᠬᠦ ᠳᠠᠯᠳᠠ ᠲᠦᠭᠰᠢᠭᠦᠷᠢ ᠣᠷᠣᠰᠢᠵᠤ ᠪᠠᠶ᠋ᠢᠭ᠎ᠠ ᠵᠢ ᠣᠯᠵᠤ ᠮᠡᠳᠡᠬᠦ;
(ᠭᠤᠷᠪᠠ) ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠤ ᠬᠤᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠵᠢᠴᠢ ᠲᠦᠷᠦ ᠵᠢᠨ ᠪᠣᠳᠣᠯᠭ᠎ᠠ᠎ᠳᠤ ᠲᠣᠳᠣᠷᠬᠠᠢ ᠲᠣᠭᠲᠠᠭ᠋ᠠᠯ ᠭᠠᠷᠭ᠋ᠠᠭᠰᠠᠨ ᠦᠭᠡᠢ᠂ ᠭᠡᠬᠦ᠎ᠳᠤ᠎ᠪᠠᠨ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠤ ᠴᠢᠬᠤᠯᠠ ᠶᠡᠭᠡ ᠨᠥᠯᠥᠭᠡ ᠦᠵᠡᠭᠦᠯᠬᠦ ᠵᠦᠢ᠍ᠯᠡᠰ ᠢᠯᠡᠷᠡᠬᠦ;
(ᠳᠥᠷᠪᠡ) ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠠᠮᠤᠷ ᠲᠦᠪᠰᠢᠨ ᠠᠵᠢᠯᠯᠠᠭ᠋ᠠᠨ᠎ᠢ ᠨᠥᠯᠥᠭᠡᠯᠡᠬᠦ ᠪᠠᠶ᠋ᠢᠳᠠᠯ ᠡᠭᠦᠰᠬᠦ;
(ᠲᠠᠪᠤ) ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠨᠢ ᠳᠠᠪᠠᠭᠳᠠᠰᠢ ᠦᠭᠡᠢ ᠬᠦᠴᠦᠨ ᠵᠦᠢ᠍ᠯ᠎ᠠᠴᠠ ᠪᠣᠯᠵᠤ ᠵᠠᠬ᠎ᠠ ᠳᠡᠯᠭᠡᠭᠦᠷ᠎ᠢ ᠬᠠᠭ᠋ᠠᠬᠤ᠂ ᠡᠰᠡᠬᠦᠯ᠎ᠡ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠬᠡᠪ᠎ᠤᠨ ᠡᠮᠬᠢ ᠵᠢᠷᠤᠮ᠎ᠢ ᠬᠠᠮᠠᠭ᠋ᠠᠯᠠᠬᠤ ᠵᠢᠨ ᠲᠥᠯᠥᠭᠡ ᠵᠠᠬ᠎ᠠ ᠳᠡᠯᠭᠡᠭᠦᠷ᠎ᠢ ᠮᠡᠷᠭᠡᠵᠢᠯ᠎ᠤᠨ ᠴᠢᠨᠠᠷᠲᠠᠢ᠎ᠪᠠᠷ ᠬᠠᠭ᠋ᠠᠬᠤ ᠠᠷᠭ᠎ᠠ ᠬᠡᠮᠵᠢᠶ᠎ᠡ ᠠᠪᠬᠤ;
(ᠵᠢᠷᠭᠤᠭ᠎ᠠ) ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠲᠣᠭᠲᠠᠭ᠋ᠠᠭᠰᠠᠨ ᠪᠤᠰᠤᠳ ᠵᠦᠢ᠍ᠯᠡᠰ᠃
(ᠳᠥᠷᠪᠡ)᠂ (ᠲᠠᠪᠤ) ᠳ᠋ᠤᠭ᠋ᠠᠷ ᠵᠤᠷᠪᠤᠰ᠎ᠤᠨ ᠪᠠᠶ᠋ᠢᠳᠠᠯ ᠡᠭᠦᠰᠬᠦ ᠦᠶ᠎ᠡ᠎ᠳᠤ᠂ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠤ ᠣᠷᠣᠯᠴᠠᠭᠰᠠᠳ᠎ᠲᠤ ᠬᠠᠮᠲᠤᠳᠤᠨᠢ ᠮᠡᠳᠡᠭᠳᠡᠬᠦ ᠬᠡᠷᠡᠭᠲᠡᠢ᠃
ᠠᠷᠪᠠᠨ ᠳᠣᠯᠣᠳᠤᠭ᠋ᠠᠷ ᠵᠦᠢ᠍ᠯ ᠠᠵᠢᠯᠯᠠᠨ ᠡᠵᠡᠩᠨᠡᠬᠦ ᠪᠠᠶ᠋ᠢᠭᠤᠯᠤᠮᠵᠢ ᠵᠢ ᠲᠠᠷᠬᠠᠭ᠋ᠠᠬᠤ᠎ᠳᠤ ᠪᠡᠯᠡ ᠣᠷᠣᠭᠤᠯᠤᠭᠴᠢᠳ᠎ᠤᠨ ᠠᠷᠠᠯᠵᠢᠶᠠᠨ᠎ᠤ ᠪᠡᠯᠡ ᠮᠥᠩᠭᠦ ᠬᠢᠭᠡᠳ ᠳᠡᠯᠭᠡᠨ ᠦᠵᠡᠭᠦᠯᠵᠦ᠂ ᠫᠠᠶ᠋ᠢᠰᠠ ᠡᠯᠭᠦᠭᠰᠡᠨ ᠠᠵᠤ ᠠᠬᠤᠶ᠋ᠢᠯᠠᠯ᠎ᠤᠨ ᠲᠦᠭᠰᠢᠭᠦᠷᠢ ᠵᠢᠴᠢ ᠪᠤᠰᠤᠳ ᠳᠠᠯᠳᠠ ᠲᠦᠭᠰᠢᠭᠦᠷᠢ ᠵᠢ ᠲᠣᠬᠢᠲᠠᠢ ᠰᠢᠢ᠍ᠳᠪᠦᠷᠢᠯᠡᠬᠦ ᠵᠢᠨ ᠬᠠᠮᠲᠤ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠺᠣᠮᠫᠠᠨᠢ ᠵᠢᠨ ᠬᠠᠤᠯᠢ》 ᠵᠡᠷᠭᠡ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠣᠯᠣᠨ ᠳᠤᠮᠳᠠᠳᠤ ᠤᠯᠤᠰ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠤᠨ ᠬᠠᠮᠢᠶ᠎ᠠ ᠪᠦᠬᠦᠢ ᠱᠠᠭ᠋ᠠᠷᠳᠠᠯᠭ᠎ᠠ ᠶᠣᠰᠣᠭ᠋ᠠᠷ ᠨᠠᠷᠢᠪᠴᠢᠯᠠᠨ ᠲᠣᠭ᠋ᠠᠴᠠᠭ᠋ᠠᠯᠠᠬᠤ ᠬᠡᠷᠡᠭᠲᠡᠢ᠃
ᠭᠤᠷᠪᠠᠳᠤᠭ᠋ᠠᠷ ᠪᠦᠯᠦᠭ ᠲᠤᠬᠠᠶ᠋ᠢᠯᠠᠭᠰᠠᠨ ᠠᠵᠢᠯ᠎ᠤᠨ ᠬᠠᠮᠢᠶᠠᠷᠤᠯᠲᠠ
ᠠᠷᠪᠠᠨ ᠨᠠᠢ᠍ᠮᠠᠳᠤᠭ᠋ᠠᠷ ᠵᠦᠢ᠍ᠯ ᠳᠡᠯᠭᠡᠨ ᠦᠵᠡᠭᠦᠯᠬᠦ ᠭᠡᠳᠡᠭ᠎ᠨᠢ ᠠᠵᠤ ᠠᠬᠤᠶ᠋ᠢᠯᠠᠯ᠎ᠤᠨ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠤ ᠠᠵᠤ ᠠᠬᠤᠶ᠋ᠢᠯᠠᠯ᠎ᠤᠨ ᠦᠨᠳᠦᠰᠦᠨ ᠪᠠᠶ᠋ᠢᠳᠠᠯ᠂ ᠪᠡᠯᠡ ᠲᠣᠬᠢᠷᠠᠭᠤᠯᠬᠤ ᠬᠡᠷᠡᠭᠴᠡᠭᠡ ᠱᠠᠭ᠋ᠠᠷᠳᠠᠯᠭ᠎ᠠ ᠵᠡᠷᠭᠡ ᠮᠡᠳᠡᠭᠡ ᠵᠠᠩᠭᠢ ᠵᠢ ᠢᠯᠡ ᠨᠡᠶ᠋ᠢᠲᠡᠯᠡᠬᠦ ᠦᠶᠯᠡ ᠠᠵᠢᠯᠯᠠᠭ᠎ᠠ ᠵᠢ ᠵᠢᠭ᠋ᠠᠵᠤ ᠪᠣᠶ᠃ ᠫᠠᠶ᠋ᠢᠰᠠ ᠡᠯᠭᠦᠬᠦ ᠭᠡᠳᠡᠭ᠎ᠨᠢ ᠰᠲ᠋ᠣᠺ᠎ᠤᠨ ᠵᠠᠬ᠎ᠠ᠎ᠳᠤ ᠭᠠᠷᠤᠭᠰᠠᠨ ᠦᠭᠡᠢ ᠠᠵᠤ ᠠᠬᠤᠶ᠋ᠢᠯᠠᠯ᠎ᠤᠨ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠤ ᠠᠵᠤ ᠠᠬᠤᠶ᠋ᠢᠯᠠᠯ᠎ᠤᠨ ᠮᠡᠳᠡᠭᠡ ᠵᠠᠩᠭᠢ ᠵᠢ ᠢᠯᠡ ᠨᠡᠶ᠋ᠢᠲᠡᠯᠡᠵᠦ᠂ ᠬᠤᠪᠢᠴᠠᠭ᠎ᠠ (ᠰᠲ᠋ᠣᠺ᠎ᠤᠨ ᠡᠷᠬᠡ) ᠳᠠᠩᠰᠠᠯᠠᠬᠤ᠂ ᠨᠠᠶ᠋ᠢᠳᠠᠨ ᠬᠠᠮᠢᠶᠠᠷᠤᠭᠤᠯᠬᠤ᠂ ᠠᠷᠠᠯᠵᠢᠶᠠᠯᠠᠬᠤ ᠵᠢᠴᠢ ᠪᠡᠯᠡ ᠲᠣᠬᠢᠷᠠᠭᠤᠯᠬᠤ ᠵᠡᠷᠭᠡ ᠲᠤᠬᠠᠶ᠋ᠢᠯᠠᠭᠰᠠᠨ ᠠᠵᠢᠯ ᠥᠷᠨᠢᠭᠦᠯᠬᠦ ᠦᠶᠯᠡ ᠠᠵᠢᠯᠯᠠᠭ᠎ᠠ ᠵᠢ ᠵᠢᠭ᠋ᠠᠵᠤ ᠪᠣᠶ᠃ ᠳᠡᠯᠭᠡᠨ ᠦᠵᠡᠭᠦᠯᠬᠦ᠂ ᠫᠠᠶ᠋ᠢᠰᠠ ᠡᠯᠭᠦᠬᠦ᠎ᠪᠠᠷ ᠭᠤᠶᠤᠴᠢᠯᠠᠬᠤ ᠠᠵᠤ ᠠᠬᠤᠶ᠋ᠢᠯᠠᠯ᠎ᠨᠢ ᠳᠣᠣᠷ᠎ᠠ ᠵᠢᠭᠰᠠᠭ᠋ᠠᠭᠰᠠᠨ ᠨᠥᠬᠦᠴᠡᠯ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠢ᠄
(ᠨᠢᠭᠡ) 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠺᠣᠮᠫᠠᠨᠢ ᠵᠢᠨ ᠬᠠᠤᠯᠢ》᠎ᠳᠤ ᠲᠣᠭᠲᠠᠭ᠋ᠠᠭᠰᠠᠨ ᠵᠠᠰᠠᠯᠲᠠ ᠵᠢᠨ ᠪᠦᠲᠦᠴᠡ᠎ᠲᠠᠢ ᠪᠠᠶ᠋ᠢᠬᠤ;
(ᠬᠤᠶᠠᠷ) ᠬᠤᠪᠢ ᠣᠷᠣᠭᠤᠯᠤᠭᠴᠢᠳ᠎ᠤᠨ ᠬᠥᠮᠥᠨ᠎ᠤ ᠲᠤᠭ᠎ᠠ᠎ᠨᠢ 200 ᠬᠥᠮᠥᠨ᠎ᠠᠴᠠ ᠬᠡᠲᠦᠷᠡᠬᠦ ᠦᠭᠡᠢ ᠪᠠᠶ᠋ᠢᠬᠤ᠂ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠎ᠳᠤ ᠠᠰᠲᠠᠭ᠋ᠠᠨ ᠲᠣᠭᠲᠠᠭ᠋ᠠᠯ᠎ᠲᠠᠢ᠎ᠨᠢ ᠡᠭᠦᠨ᠎ᠳᠤ ᠪᠠᠭᠲᠠᠬᠤ ᠦᠭᠡᠢ;
(ᠭᠤᠷᠪᠠ) ᠦᠷᠭᠦᠯᠵᠢᠯᠡᠭᠰᠡᠨ ᠪᠠᠶ᠋ᠢᠳᠠᠯ᠎ᠳᠤ ᠣᠷᠣᠰᠢᠵᠤ ᠪᠠᠶ᠋ᠢᠭ᠎ᠠ ᠬᠦᠨᠳᠦ ᠶᠡᠭᠡ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ ᠪᠠᠶ᠋ᠢᠬᠤ ᠦᠭᠡᠢ ᠮᠥᠷᠲᠡᠭᠡᠨ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠺᠣᠮᠫᠠᠨᠢ ᠵᠢᠨ ᠬᠠᠤᠯᠢ》 ᠵᠢᠨ ᠵᠠᠭᠤ ᠨᠠᠶᠠᠳᠤᠭ᠋ᠠᠷ ᠵᠦᠢ᠍ᠯ᠎ᠳᠤ ᠲᠣᠭᠲᠠᠭ᠋ᠠᠭᠰᠠᠨ ᠲᠠᠷᠬᠠᠭ᠋ᠠᠬᠤ ᠪᠠᠶ᠋ᠢᠳᠠᠯ᠂ ᠡᠰᠡᠬᠦᠯ᠎ᠡ ᠰᠢᠭᠦᠬᠦ ᠬᠤᠷᠢᠶ᠎ᠠ᠎ᠠᠴᠠ ᠺᠣᠮᠫᠠᠨᠢ ᠵᠢ ᠲᠠᠬᠢᠨ ᠴᠡᠭᠴᠡᠯᠡᠬᠦ᠂ ᠡᠶᠡᠳᠡᠭᠦᠯᠬᠦ ᠪᠤᠶᠤ ᠳᠠᠮᠫᠤᠷᠠᠭᠤᠯᠬᠤ ᠭᠤᠶᠤᠴᠢᠯᠠᠯ᠎ᠢ ᠬᠠᠤᠯᠢ ᠶᠣᠰᠣᠭ᠋ᠠᠷ ᠬᠦᠯᠢᠶᠡᠨ ᠠᠪᠴᠤ ᠰᠢᠢ᠍ᠳᠪᠦᠷᠢᠯᠡᠬᠦ ᠵᠡᠷᠭᠡ ᠪᠠᠶ᠋ᠢᠳᠠᠯ ᠣᠷᠣᠰᠢᠬᠤ ᠦᠭᠡᠢ;
(ᠳᠥᠷᠪᠡ) ᠠᠵᠤ ᠠᠬᠤᠶ᠋ᠢᠯᠠᠯ᠎ᠨᠢ ᠪᠡᠯᠡ ᠣᠷᠣᠭᠤᠯᠤᠭᠴᠢᠳ᠎ᠤᠨ ᠱᠠᠭ᠋ᠠᠷᠳᠠᠯᠭ᠎ᠠ ᠵᠢ ᠦᠨᠳᠦᠰᠦᠯᠡᠨ ᠬᠠᠮᠢᠶ᠎ᠠ ᠪᠦᠬᠦᠢ ᠮᠡᠳᠡᠭᠡ ᠵᠠᠩᠭᠢ ᠵᠢ ᠢᠯᠡ ᠨᠡᠶ᠋ᠢᠲᠡᠯᠡᠬᠦ ᠡᠭᠦᠷᠭᠡ ᠵᠢ ᠭᠦᠢ᠍ᠴᠡᠳᠬᠡᠬᠦ᠎ᠪᠠᠷ ᠠᠮᠠᠯᠠᠬᠤ;
(ᠲᠠᠪᠤ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠲᠣᠭᠲᠠᠭ᠋ᠠᠯ ᠳᠦᠷᠢᠮ ᠵᠢᠴᠢ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠲᠣᠭᠲᠠᠭ᠋ᠠᠭᠰᠠᠨ ᠪᠤᠰᠤᠳ ᠨᠥᠬᠦᠴᠡᠯ᠃
ᠠᠷᠪᠠ ᠶᠢᠰᠦᠳᠦᠭᠡᠷ ᠵᠦᠢ᠍ᠯ ᠳᠣᠣᠷ᠎ᠠ ᠵᠢᠭᠰᠠᠭ᠋ᠠᠭᠰᠠᠨ ᠠᠵᠤ ᠠᠬᠤᠶ᠋ᠢᠯᠠᠯ᠎ᠢ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠤ ᠪᠣᠶ᠋ᠢᠵᠢᠭᠤᠯᠬᠤ ᠵᠢ ᠵᠣᠷᠢᠭᠵᠢᠭᠤᠯᠤᠨ᠎ᠠ᠄
(ᠨᠢᠭᠡ) ᠥᠪᠡᠷᠲᠡᠭᠡᠨ ᠵᠠᠰᠠᠬᠤ ᠣᠷᠣᠨ᠎ᠤ ᠱᠠᠲᠤᠨ᠎ᠠᠴᠠ ᠳᠡᠭᠡᠭᠰᠢᠬᠢ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠰᠠᠯᠠᠭ᠎ᠠ ᠮᠥᠴᠢᠷ᠎ᠠᠴᠠ ᠦᠨᠡᠯᠡᠭᠰᠡᠨ ᠪᠤᠶᠤ ᠮᠠᠭ᠋ᠠᠳᠯᠠᠨ ᠲᠣᠭᠲᠠᠭ᠋ᠠᠭᠰᠠᠨ ᠰᠢᠨ᠎ᠡ ᠵᠢ ᠡᠭᠦᠳᠬᠦ ᠬᠡᠯᠪᠡᠷᠢ ᠪᠦᠬᠦᠢ ᠳᠤᠮᠳᠠ ᠵᠢᠵᠢᠭ ᠠᠵᠤ ᠠᠬᠤᠶ᠋ᠢᠯᠠᠯ᠂ ᠲᠤᠰᠬᠠᠶ᠋ᠢᠵᠢᠭᠰᠠᠨ ᠨᠠᠷᠢᠯᠢᠭ ᠥᠪᠡᠷᠮᠢᠴᠡ ᠰᠢᠨ᠎ᠡ ᠳᠤᠮᠳᠠ ᠵᠢᠵᠢᠭ ᠠᠵᠤ ᠠᠬᠤᠶ᠋ᠢᠯᠠᠯ᠂ ᠲᠤᠰᠬᠠᠶ᠋ᠢᠵᠢᠭᠰᠠᠨ ᠨᠠᠷᠢᠯᠢᠭ ᠥᠪᠡᠷᠮᠢᠴᠡ ᠰᠢᠨ᠎ᠡ 《ᠬᠡᠪᠴᠢᠶ᠎ᠡ᠎ᠨᠢ ᠵᠢᠵᠢᠭ ᠪᠣᠯᠪᠠᠴᠤ ᠬᠥᠭᠵᠢᠯᠲᠡ ᠰᠠᠶ᠋ᠢᠲᠠᠢ ᠠᠪᠤᠷᠭᠤ》 ᠠᠵᠤ ᠠᠬᠤᠶ᠋ᠢᠯᠠᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠠᠯᠠᠭ᠎ᠠ ᠮᠥᠴᠢᠷ᠎ᠠᠴᠠ ᠮᠠᠭ᠋ᠠᠳᠯᠠᠨ ᠲᠣᠭᠲᠠᠭ᠋ᠠᠭᠰᠠᠨ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠶ᠋ᠢᠯᠠᠯ;
(ᠬᠤᠶᠠᠷ) ᠥᠪᠡᠷᠲᠡᠭᠡᠨ ᠵᠠᠰᠠᠬᠤ ᠣᠷᠣᠨ᠎ᠤ ᠰᠲ᠋ᠣᠺ᠎ᠤᠨ ᠵᠠᠬ᠎ᠠ᠎ᠳᠤ ᠭᠠᠷᠭ᠋ᠠᠬᠤ ᠪᠡᠯᠡᠳᠬᠡᠯ ᠠᠵᠤ ᠠᠬᠤᠶ᠋ᠢᠯᠠᠯ ᠵᠢᠴᠢ ᠪᠤᠰᠤᠳ ᠳᠠᠯᠳᠠ ᠬᠦᠴᠦᠨ᠎ᠲᠠᠢ ᠠᠵᠤ ᠠᠬᠤᠶ᠋ᠢᠯᠠᠯ;
(ᠭᠤᠷᠪᠠ) ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠦ᠎ᠠᠴᠠ ᠪᠡᠯᠡ ᠣᠷᠣᠭᠤᠯᠤᠭᠰᠠᠨ ᠠᠵᠤ ᠠᠬᠤᠶ᠋ᠢᠯᠠᠯ᠂ ᠬᠤᠪᠢ᠎ᠪᠠᠷ ᠵᠶ᠋ᠠᠨ ᠴᠤᠭᠯᠠᠭᠤᠯᠤᠭᠰᠠᠨ ᠰᠲ᠋ᠣᠺ᠎ᠤᠨ ᠡᠷᠬᠡ ᠪᠠ ᠦᠢ᠍ᠯᠡᠰ ᠴᠣᠭᠴᠠᠯᠠᠬᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠦ᠎ᠠᠴᠠ ᠪᠡᠯᠡ ᠣᠷᠣᠭᠤᠯᠤᠭᠰᠠᠨ ᠳᠤᠮᠳᠠ ᠵᠢᠵᠢᠭ ᠠᠵᠤ ᠠᠬᠤᠶ᠋ᠢᠯᠠᠯ᠃
ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠨᠢ ᠪᠣᠶ᠋ᠢᠵᠢᠭᠤᠯᠬᠤ ᠠᠵᠤ ᠠᠬᠤᠶ᠋ᠢᠯᠠᠯ᠎ᠳᠤ ᠳᠡᠰ ᠬᠤᠪᠢᠶᠠᠭᠰᠠᠨ ᠬᠠᠮᠢᠶᠠᠷᠤᠯᠲᠠ ᠵᠢᠨ ᠲᠣᠭᠲᠠᠯᠴᠠᠭ᠎ᠠ ᠵᠢ ᠪᠠᠶ᠋ᠢᠭᠤᠯᠬᠤ ᠵᠢᠨ ᠬᠠᠮᠲᠤ ᠡᠯ᠎ᠡ ᠳᠡᠰ᠎ᠤᠨ ᠠᠵᠤ ᠠᠬᠤᠶ᠋ᠢᠯᠠᠯ᠎ᠳᠤ ᠲᠡᠭᠦᠨ᠎ᠤ ᠣᠨᠴᠠᠯᠢᠭ ᠪᠠ ᠬᠡᠷᠡᠭᠴᠡᠭᠡ ᠱᠠᠭ᠋ᠠᠷᠳᠠᠯᠭ᠎ᠠ᠎ᠲᠠᠢ᠎ᠨᠢ ᠵᠣᠬᠢᠴᠠᠭᠰᠠᠨ ᠰᠠᠭᠤᠷᠢ ᠦᠢ᠍ᠯᠡᠴᠢᠯᠡᠭᠡ ᠪᠠ ᠶᠡᠷᠦᠩᠬᠡᠶ᠋ᠢᠯᠡᠭᠰᠡᠨ ᠮᠥᠩᠭᠦᠨ ᠭᠦᠢ᠍ᠯᠭᠡᠭᠡᠨ᠎ᠤ ᠦᠢ᠍ᠯᠡᠴᠢᠯᠡᠭᠡ ᠬᠠᠩᠭ᠋ᠠᠬᠤ ᠬᠡᠷᠡᠭᠲᠡᠢ᠃
ᠬᠤᠷᠢᠳᠤᠭ᠋ᠠᠷ ᠵᠦᠢ᠍ᠯ ᠨᠠᠶ᠋ᠢᠳᠠᠨ ᠬᠠᠮᠢᠶᠠᠷᠤᠭᠤᠯᠬᠤ ᠭᠡᠳᠡᠭ᠎ᠨᠢ ᠠᠵᠤ ᠠᠬᠤᠶ᠋ᠢᠯᠠᠯ᠎ᠤᠨ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠤ ᠰᠲ᠋ᠣᠺ᠎ᠤᠨ ᠡᠷᠬᠡ ᠵᠢ ᠳᠠᠩᠰᠠᠯᠠᠵᠤ ᠨᠠᠶ᠋ᠢᠳᠠᠨ ᠬᠠᠮᠢᠶᠠᠷᠤᠭᠤᠯᠬᠤ᠂ ᠡᠷᠤᠭᠡ ᠰᠢᠯᠵᠢᠭᠦᠯᠬᠦ ᠵᠢ ᠳᠠᠩᠰᠠᠯᠠᠬᠤ᠂ ᠮᠡᠳᠡᠭᠡ ᠵᠠᠩᠭᠢ ᠪᠠᠶ᠋ᠢᠴᠠᠭ᠋ᠠᠨ ᠯᠠᠪᠯᠠᠬᠤ᠂ ᠠᠰᠢᠭ ᠬᠤᠪᠢᠶᠠᠨ ᠬᠦᠦ ᠣᠨᠣᠭᠳᠠᠭᠤᠯᠬᠤ ᠵᠡᠷᠭᠡ ᠲᠤᠬᠠᠶ᠋ᠢᠯᠠᠭᠰᠠᠨ ᠠᠵᠢᠯ᠎ᠢ ᠶᠠᠪᠤᠭᠤᠯᠬᠤ ᠦᠢ᠍ᠯᠡ ᠠᠵᠢᠯᠯᠠᠭ᠎ᠠ ᠵᠢ ᠵᠢᠭ᠋ᠠᠵᠤ ᠪᠤᠢ᠃ ᠨᠠᠶ᠋ᠢᠳᠠᠨ ᠬᠠᠮᠢᠶᠠᠷᠤᠭᠤᠯᠬᠤ ᠠᠵᠤ ᠠᠬᠤᠶ᠋ᠢᠯᠠᠯ᠎ᠨᠢ ᠬᠤᠪᠢ ᠣᠷᠣᠭᠤᠯᠤᠭᠴᠢᠳ᠎ᠤᠨ 200 ᠬᠥᠮᠥᠨ᠎ᠤ ᠬᠢᠵᠠᠭ᠋ᠠᠷᠯᠠᠯ᠎ᠳᠤ ᠬᠢᠵᠠᠭ᠋ᠠᠷᠯᠠᠭᠳᠠᠬᠤ ᠦᠭᠡᠢ ᠪᠠᠶ᠋ᠢᠵᠤ ᠪᠣᠯᠣᠨ᠎ᠠ᠃
ᠪᠦᠬᠦ ᠤᠯᠤᠰ᠎ᠤᠨ ᠳᠤᠮᠳᠠ ᠵᠢᠵᠢᠭ ᠠᠵᠤ ᠠᠬᠤᠶ᠋ᠢᠯᠠᠯ᠎ᠤᠨ ᠬᠤᠪᠢ ᠰᠢᠯᠵᠢᠭᠦᠯᠦᠨ ᠥᠭᠬᠦ ᠰᠢᠰᠲ᠋ᠧᠮ᠎ᠠᠴᠠ ᠫᠠᠶ᠋ᠢᠰᠠ ᠪᠠᠭᠤᠯᠭ᠋ᠠᠭᠰᠠᠨ ᠪᠤᠶᠤ ᠵᠠᠬ᠎ᠠ᠎ᠠᠴᠠ ᠭᠠᠷᠤᠭᠰᠠᠨ ᠰᠲ᠋ᠣᠺ ᠵᠶ᠋ᠠᠨ ᠵᠠᠬ᠎ᠠ᠎ᠳᠤ ᠭᠠᠷᠭ᠋ᠠᠭᠰᠠᠨ ᠺᠣᠮᠫᠠᠨᠢ᠎ᠨᠢ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠤ ᠬᠤᠪᠢ᠎ᠪᠠᠨ ᠳᠠᠩᠰᠠᠯᠠᠭᠤᠯᠤᠨ ᠨᠠᠶ᠋ᠢᠳᠠᠨ ᠬᠠᠮᠢᠶᠠᠷᠤᠭᠤᠯᠵᠤ ᠪᠣᠯᠣᠨ᠎ᠠ᠂ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠫᠠᠶ᠋ᠢᠰᠠ ᠡᠯᠭᠦᠬᠦ ᠨᠥᠬᠦᠴᠡᠯ᠎ᠳᠤ ᠨᠡᠶ᠋ᠢᠴᠡᠭᠰᠡᠨ᠎ᠨᠢ ᠲᠠᠬᠢᠵᠤ ᠫᠠᠶ᠋ᠢᠰᠠ ᠡᠯᠭᠦᠭᠦᠯᠬᠦ᠎ᠪᠠᠷ ᠭᠤᠶᠤᠴᠢᠯᠠᠵᠤ ᠪᠣᠯᠣᠨ᠎ᠠ᠃
ᠬᠤᠷᠢᠨ ᠨᠢᠭᠡᠳᠦᠭᠡᠷ ᠵᠦᠢ᠍ᠯ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠨᠢ ᠬᠠᠷᠢᠭᠤᠴᠠᠯᠭ᠎ᠠ᠎ᠪᠠᠨ ᠴᠢᠷᠮᠠᠶ᠋ᠢᠨ ᠭᠦᠢ᠍ᠴᠡᠳᠬᠡᠵᠦ ᠬᠤᠪᠢ ᠣᠷᠣᠭᠤᠯᠤᠭᠴᠢᠳ᠎ᠤᠨ ᠨᠡᠷᠡᠰ᠎ᠤᠨ ᠲᠠᠩᠰᠠ ᠵᠢ ᠬᠠᠮᠢᠶᠠᠷᠴᠤ᠂ ᠰᠲ᠋ᠣᠺ᠎ᠤᠨ ᠡᠷᠬᠡ ᠵᠢ ᠬᠤᠪᠢᠷᠠᠭᠤᠯᠬᠤ᠂ ᠳᠠᠨᠵᠢᠯᠠᠬᠤ᠂ ᠴᠠᠷᠴᠠᠭ᠋ᠠᠬᠤ ᠵᠡᠷᠭᠡ ᠪᠠᠶ᠋ᠢᠳᠠᠯ᠎ᠢ ᠲᠡᠮᠳᠡᠭᠯᠡᠵᠦ᠂ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠳ᠋ᠠᠶ᠋ᠢᠲ᠋ᠠ ᠵᠢᠨ ᠲᠡᠮᠳᠡᠭᠯᠡᠯ᠎ᠤᠨ ᠵᠥᠪ ᠣᠨᠣᠪᠴᠢᠲᠠᠶ ᠪᠠᠶ᠋ᠢᠬᠤ ᠵᠢ ᠪᠠᠲᠤᠯᠠᠬᠤ ᠵᠢᠨ ᠬᠠᠮᠲᠤ ᠪᠣᠯᠵᠣᠨ ᠲᠣᠭᠲᠠᠭᠰᠠᠨ ᠶᠣᠰᠣᠭ᠋ᠠᠷ ᠰᠲ᠋ᠣᠺ᠎ᠤᠨ ᠡᠷᠬᠡ ᠨᠠᠶ᠋ᠢᠳᠠᠨ ᠬᠠᠮᠢᠶᠠᠷᠤᠭᠤᠯᠤᠭᠰᠠᠨ ᠠᠵᠤ ᠠᠬᠤᠶ᠋ᠢᠯᠠᠯ᠎ᠳᠤ ᠴᠠᠭ ᠲᠤᠬᠠᠢᠳᠤᠨᠢ ᠬᠠᠷᠢᠭᠤ ᠲᠤᠰᠬᠠᠬᠤ ᠬᠡᠷᠡᠭᠲᠡᠢ᠃
ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠨᠢ ᠰᠲ᠋ᠣᠺ᠎ᠤᠨ ᠡᠷᠬᠡ ᠵᠢᠨ ᠠᠵᠢᠯ ᠶᠠᠪᠤᠳᠠᠯ᠎ᠢ ᠭᠦᠢ᠍ᠴᠡᠳᠬᠡᠬᠦ ᠶᠠᠪᠤᠴᠠ᠎ᠳᠤ ᠣᠯᠣᠭᠰᠠᠨ ᠰᠲ᠋ᠣᠺ᠎ᠤᠨ ᠡᠷᠬᠡ ᠵᠢ ᠨᠠᠶ᠋ᠢᠳᠠᠨ ᠬᠠᠮᠢᠶᠠᠷᠤᠭᠤᠯᠤᠭᠰᠠᠨ ᠠᠵᠤ ᠠᠬᠤᠶ᠋ᠢᠯᠠᠯ᠎ᠤᠨ ᠰᠲ᠋ᠣᠺ᠎ᠤᠨ ᠡᠷᠬᠡ ᠵᠢᠨ ᠮᠡᠳᠡᠭᠡ ᠵᠠᠩᠭᠢ ᠵᠢᠨ ᠨᠢᠭᠤᠴᠠ ᠵᠢ ᠬᠠᠮᠠᠭ᠋ᠠᠯᠠᠵᠤ᠂ ᠦᠢ᠍ᠯᠡᠴᠢᠯᠡᠭᠡᠨ᠎ᠤ ᠵᠥᠪᠯᠡᠯᠴᠡᠭᠡᠷ ᠳᠠᠭᠤᠰᠤᠭᠰᠠᠨ᠎ᠤ ᠲᠠᠷᠠᠭ᠎ᠠ ᠨᠢᠭᠤᠴᠠ ᠵᠢ ᠬᠠᠮᠠᠭ᠋ᠠᠯᠠᠬᠤ ᠡᠭᠦᠷᠭᠡ᠎ᠪᠠᠨ ᠮᠥᠨ ᠬᠦ᠌ ᠭᠦᠢ᠍ᠴᠡᠳᠬᠡᠬᠦ ᠬᠡᠷᠡᠭᠲᠡᠢ᠃
ᠬᠤᠷᠢᠨ ᠬᠤᠶᠠᠳᠤᠭ᠋ᠠᠷ ᠵᠦᠢ᠍ᠯ ᠠᠵᠤ ᠠᠬᠤᠶ᠋ᠢᠯᠠᠯ᠎ᠨᠢ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠤ ᠰᠲ᠋ᠣᠺ ᠲᠠᠷᠬᠠᠭ᠋ᠠᠬᠤ᠎ᠳᠤ ᠳᠣᠣᠷ᠎ᠠ ᠵᠢᠭᠰᠠᠭ᠋ᠠᠭᠰᠠᠨ ᠨᠥᠬᠦᠴᠡᠯ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠢ᠄
(ᠨᠢᠭᠡ) ᠲᠠᠷᠬᠠᠭ᠋ᠠᠬᠤ ᠭᠤᠣᠯ ᠴᠣᠭᠴᠠ᠎ᠨᠢ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ ᠪᠣᠯᠬᠤ ᠪᠥᠭᠡᠳ ᠲᠤᠰ ᠨᠠᠷᠢᠨ ᠳᠦᠷᠢᠮ᠎ᠤᠨ ᠠᠷᠪᠠᠨ ᠨᠠᠢ᠍ᠮᠠᠳᠤᠭ᠋ᠠᠷ ᠵᠦᠢ᠍ᠯ᠎ᠤᠨ ᠲᠣᠭᠲᠠᠭ᠋ᠠᠯ᠎ᠳᠤ ᠨᠡᠶ᠋ᠢᠴᠡᠬᠦ;
(ᠬᠤᠶᠠᠷ) ᠣᠷᠴᠢᠮ᠎ᠤᠨ ᠨᠢᠭᠡ ᠨᠢᠭᠲᠠᠯᠠᠨ ᠪᠤᠳᠤᠬᠤ ᠣᠨ᠎ᠤ ᠬᠢᠨᠠᠨ ᠪᠤᠳᠤᠭᠰᠠᠨ ᠡᠳ᠋᠎ᠤᠨ ᠶᠠᠪᠤᠳᠠᠯ᠎ᠤᠨ ᠮᠡᠳᠡᠭᠦᠯᠦᠯᠲᠡ᠎ᠪᠠᠷ ᠪᠠᠷᠢᠮᠵᠢᠶ᠎ᠠ ᠪᠣᠯᠭ᠋ᠠᠵᠤ ᠰᠠᠨᠠᠯ ᠵᠶ᠋ᠠᠨ ᠥᠯᠥ ᠦᠯᠡᠳᠡᠭᠡᠬᠦ;
(ᠭᠤᠷᠪᠠ) ᠺᠣᠮᠫᠠᠨᠢ᠎ᠨᠢ ᠺᠣᠮᠫᠠᠨᠢ ᠵᠢᠨ ᠳᠦᠷᠢᠮ ᠵᠶ᠋ᠠᠷ ᠦᠨᠳᠦᠰᠦᠯᠡᠯ ᠪᠣᠯᠭ᠋ᠠᠨ ᠰᠲ᠋ᠣᠺ ᠲᠠᠷᠬᠠᠭ᠋ᠠᠬᠤ᠎ᠪᠠᠷ ᠭᠤᠶᠤᠴᠢᠯᠠᠬᠤ ᠲᠤᠬᠠᠢ ᠰᠢᠢ᠍ᠳᠪᠦᠷᠢ ᠭᠠᠷᠭ᠋ᠠᠬᠤ ᠵᠢᠨ ᠬᠠᠮᠲᠤ ᠬᠠᠮᠢᠶ᠎ᠠ ᠪᠦᠬᠦᠢ ᠮᠡᠳᠡᠭᠡ ᠵᠠᠩᠭᠢ ᠵᠢ ᠢᠯᠡ ᠨᠡᠶ᠋ᠢᠲᠡᠯᠡᠬᠦ ᠡᠭᠦᠷᠭᠡ᠎ᠪᠠᠨ ᠭᠦᠢ᠍ᠴᠡᠳᠬᠡᠬᠦ᠎ᠪᠠᠷ ᠠᠮᠠᠯᠠᠬᠤ;
(ᠳᠥᠷᠪᠡ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠲᠣᠭᠲᠠᠭ᠋ᠠᠯ ᠳᠦᠷᠢᠮ ᠵᠢᠴᠢ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠲᠣᠭᠲᠠᠭ᠋ᠠᠭᠰᠠᠨ ᠪᠤᠰᠤᠳ ᠨᠥᠬᠦᠴᠡᠯ᠃
ᠬᠤᠷᠢᠨ ᠭᠤᠷᠪᠠᠳᠤᠭ᠋ᠠᠷ ᠵᠦᠢ᠍ᠯ ᠠᠵᠤ ᠠᠬᠤᠶ᠋ᠢᠯᠠᠯ᠎ᠨᠢ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠤ ᠰᠲ᠋ᠣᠺ ᠪᠣᠯᠭ᠋ᠠᠨ ᠬᠤᠪᠢᠷᠠᠭᠤᠯᠵᠤ ᠪᠣᠯᠬᠤ ᠺᠣᠮᠫᠠᠨᠢ ᠵᠢᠨ ᠵᠢᠭᠡᠯᠡᠯᠭᠡ ᠵᠢᠨ ᠲᠡᠮᠳᠡᠭᠲᠦ ᠵᠢ ᠲᠠᠷᠬᠠᠭ᠋ᠠᠬᠤ᠎ᠪᠠᠷ ᠭᠤᠶᠤᠴᠢᠯᠠᠬᠤ᠎ᠳᠤ ᠳᠣᠣᠷ᠎ᠠ ᠵᠢᠭᠰᠠᠭ᠋ᠠᠭᠰᠠᠨ ᠨᠥᠬᠦᠴᠡᠯ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠢ᠄
(ᠨᠢᠭᠡ) ᠲᠠᠷᠬᠠᠭ᠋ᠠᠬᠤ ᠭᠤᠣᠯ ᠴᠣᠭᠴᠠ᠎ᠨᠢ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ ᠪᠣᠯᠬᠤ ᠪᠥᠭᠡᠳ ᠲᠤᠰ ᠨᠠᠷᠢᠨ ᠳᠦᠷᠢᠮ᠎ᠤᠨ ᠠᠷᠪᠠᠨ ᠨᠠᠢ᠍ᠮᠠᠳᠤᠭ᠋ᠠᠷ ᠵᠦᠢ᠍ᠯ᠎ᠤᠨ ᠲᠣᠭᠲᠠᠭ᠋ᠠᠯ᠎ᠳᠤ ᠨᠡᠶ᠋ᠢᠴᠡᠬᠦ;
(ᠬᠤᠶᠠᠷ) ᠣᠷᠴᠢᠮ᠎ᠤᠨ ᠨᠢᠭᠡ ᠨᠢᠭᠲᠠᠯᠠᠨ ᠪᠤᠳᠤᠬᠤ ᠣᠨ᠎ᠤ ᠬᠢᠨᠠᠨ ᠪᠣᠳᠤᠭᠰᠠᠨ ᠡᠳ᠋᠎ᠤᠨ ᠶᠠᠪᠤᠳᠠᠯ᠎ᠤᠨ ᠮᠡᠳᠡᠭᠦᠯᠦᠯᠲᠡ᠎ᠪᠠᠷ ᠪᠠᠷᠢᠮᠵᠢᠶ᠎ᠠ ᠪᠣᠯᠭ᠋ᠠᠵᠤ ᠰᠠᠨᠠᠯ ᠵᠶ᠋ᠠᠨ ᠥᠯᠥ ᠦᠯᠡᠳᠡᠭᠡᠬᠦ;
(ᠭᠤᠷᠪᠠ) ᠠᠵᠤ ᠠᠬᠤᠶ᠋ᠢᠯᠠᠯ᠎ᠨᠢ ᠺᠣᠮᠫᠠᠨᠢ ᠵᠢᠨ ᠳᠦᠷᠢᠮ᠎ᠤᠨ ᠶᠣᠰᠣᠭ᠋ᠠᠷ ᠵᠢᠭᠡᠯᠡᠯᠭᠡ ᠵᠢᠨ ᠲᠡᠮᠳᠡᠭᠲᠦ ᠵᠢ ᠲᠠᠷᠬᠠᠭ᠋ᠠᠬᠤ᠎ᠪᠠᠷ ᠭᠤᠶᠤᠴᠢᠯᠠᠬᠤ ᠲᠤᠬᠠᠢ ᠰᠢᠢ᠍ᠳᠪᠦᠷᠢ ᠭᠠᠷᠭ᠋ᠠᠬᠤ ᠵᠢᠨ ᠬᠠᠮᠲᠤ ᠬᠠᠮᠢᠶ᠎ᠠ ᠪᠦᠬᠦᠢ ᠮᠡᠳᠡᠭᠡ ᠵᠠᠩᠭᠢ ᠵᠢ ᠢᠯᠡ ᠨᠡᠶ᠋ᠢᠲᠡᠯᠡᠬᠦ ᠡᠭᠦᠷᠭᠡ᠎ᠪᠠᠨ ᠭᠦᠢ᠍ᠴᠡᠳᠬᠡᠬᠦ᠎ᠪᠠᠷ ᠠᠮᠠᠯᠠᠬᠤ;
(ᠳᠥᠷᠪᠡ) ᠵᠢᠭᠡᠯᠡᠯᠭᠡ ᠵᠢᠨ ᠲᠡᠮᠳᠡᠭᠲᠦ ᠴᠤᠭᠯᠠᠭᠤᠯᠬᠤ ᠲᠣᠳᠣᠷᠬᠠᠶ᠋ᠢᠯᠠᠯᠲᠠ ᠵᠢᠨ ᠪᠢᠴᠢᠭ᠎ᠲᠤ ᠺᠣᠮᠫᠠᠨᠢ ᠵᠢᠨ ᠵᠢᠭᠡᠯᠡᠯᠭᠡ ᠵᠢᠨ ᠲᠡᠮᠳᠡᠭᠲᠦ ᠵᠢ ᠰᠲ᠋ᠣᠺ ᠪᠣᠯᠭ᠋ᠠᠨ ᠬᠤᠪᠢᠷᠠᠭᠤᠯᠬᠤ ᠪᠣᠳᠠᠲᠠᠢ ᠠᠷᠭ᠎ᠠ ᠬᠡᠮᠵᠢᠶ᠎ᠡ᠎ᠲᠠᠢ ᠪᠠᠶ᠋ᠢᠬᠤ;
(ᠲᠠᠪᠤ) ᠲᠠᠷᠬᠠᠭ᠋ᠠᠬᠤ ᠠᠵᠤ ᠠᠬᠤᠶ᠋ᠢᠯᠠᠯ᠎ᠤᠨ ᠨᠢᠭᠡᠨᠲᠡ ᠲᠠᠷᠬᠠᠭ᠋ᠠᠭᠰᠠᠨ ᠺᠣᠮᠫᠠᠨᠢ ᠵᠢᠨ ᠵᠢᠭᠡᠯᠡᠯᠭᠡ ᠵᠢᠨ ᠲᠡᠮᠳᠡᠭᠲᠦ ᠪᠤᠶᠤ ᠪᠤᠰᠤᠳ ᠥᠭᠴᠡᠭᠡ᠎ᠨᠢ ᠦᠷᠭᠦᠯᠵᠢᠯᠡᠭᠰᠡᠨ ᠪᠠᠶ᠋ᠢᠳᠠᠯ᠎ᠳᠤ ᠥᠯᠥ ᠣᠷᠣᠰᠢᠬᠤ ᠭᠡᠷ᠎ᠡ ᠵᠢ ᠵᠥᠷᠢᠴᠡᠭᠰᠡᠨ ᠪᠤᠶᠤ ᠡᠬᠡ ᠮᠥᠩᠭᠦ ᠬᠦᠦ ᠮᠥᠩᠭᠦ ᠵᠢ᠎ᠨᠢ ᠤᠳᠠᠭ᠋ᠠᠰᠢᠷᠠᠭᠤᠯᠤᠨ ᠲᠥᠯᠥᠭᠰᠡᠨ ᠪᠠᠶ᠋ᠢᠳᠠᠯ᠎ᠳᠤ ᠪᠠᠶ᠋ᠢᠬᠤ ᠦᠭᠡᠢ᠂ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠣᠨᠴᠠᠭ᠋ᠠᠶ ᠱᠠᠭ᠋ᠠᠷᠳᠠᠯᠭ᠎ᠠ᠎ᠲᠠᠢ᠎ᠨᠢ ᠡᠭᠦᠨ᠎ᠳᠤ ᠪᠠᠭᠲᠠᠬᠤ ᠦᠭᠡᠢ;
(ᠵᠢᠷᠭᠤᠭ᠎ᠠ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠲᠣᠭᠲᠠᠭ᠋ᠠᠯ ᠳᠦᠷᠢᠮ ᠬᠢᠭᠡᠳ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠲᠣᠭᠲᠠᠭ᠋ᠠᠭᠰᠠᠨ ᠪᠤᠰᠤᠳ ᠨᠥᠬᠦᠴᠡᠯ᠃
ᠬᠤᠷᠢᠨ ᠳᠥᠷᠪᠡᠳᠦᠭᠡᠷ ᠵᠦᠢ᠍ᠯ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠤ ᠲᠡᠮᠳᠡᠭᠲᠦ ᠵᠢ ᠲᠠᠷᠬᠠᠭ᠋ᠠᠬᠤ ᠪᠤᠶᠤ ᠰᠢᠯᠵᠢᠭᠦᠯᠦᠨ ᠥᠭᠬᠦ᠎ᠳᠤ ᠳᠣᠣᠷᠠᠬᠢ ᠵᠠᠷᠴᠢᠮ᠎ᠤᠳ᠎ᠢ ᠵᠢᠷᠤᠮᠯᠠᠬᠤ ᠬᠡᠷᠡᠭᠲᠡᠢ᠄
(ᠨᠢᠭᠡ) ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ ᠵᠥᠪᠰᠢᠶᠡᠷᠡᠯ ᠦᠭᠡᠢ᠎ᠪᠠᠷ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠤ ᠰᠲ᠋ᠣᠺ᠂ ᠰᠲ᠋ᠣᠺ ᠪᠣᠯᠭ᠋ᠠᠨ ᠬᠤᠪᠢᠷᠠᠭᠤᠯᠵᠤ ᠪᠣᠯᠬᠤ ᠺᠣᠮᠫᠠᠨᠢ ᠵᠢᠨ ᠵᠢᠭᠡᠯᠡᠯᠭᠡ ᠵᠢᠨ ᠲᠡᠮᠳᠡᠭᠲᠦ᠎ᠠᠴᠠ ᠭᠠᠳᠠᠨᠠᠬᠢ ᠪᠤᠰᠤᠳ ᠲᠡᠮᠳᠡᠭᠲᠦ ᠵᠢ ᠲᠠᠷᠬᠠᠭ᠋ᠠᠵᠤ ᠪᠣᠯᠬᠤ ᠦᠭᠡᠢ;
(ᠬᠤᠶᠠᠷ) ᠵᠡᠷ ᠮᠡᠳᠡᠭᠡ᠂ ᠢᠯᠠ᠎ᠪᠠᠷ ᠢᠳᠬᠠᠨ ᠳᠠᠭ᠋ᠠᠭᠤᠯᠬᠤ ᠵᠡᠷᠭᠡ ᠢᠯᠠ᠎ᠪᠠᠷ ᠪᠤᠶᠤ ᠬᠡᠯᠪᠡᠷᠢ ᠵᠢ᠎ᠨᠢ ᠥᠭᠡᠷᠡᠲᠦᠭᠦᠯᠦᠨ ᠢᠯᠠ ᠪᠣᠯᠭ᠋ᠠᠬᠤ ᠠᠷᠭ᠎ᠠ ᠮᠠᠶᠢᠭ ᠵᠶ᠋ᠠᠷ ᠲᠡᠮᠳᠡᠭᠲᠦ ᠵᠢ ᠲᠠᠷᠬᠠᠭ᠋ᠠᠬᠤ ᠪᠤᠶᠤ ᠰᠢᠯᠵᠢᠭᠦᠯᠦᠨ ᠥᠭᠴᠦ ᠪᠣᠯᠬᠤ ᠦᠭᠡᠢ᠂ ᠬᠠᠤᠯᠢ ᠪᠤᠰᠤ᠎ᠪᠠᠷ ᠪᠡᠯᠡ ᠴᠤᠭᠯᠠᠭᠤᠯᠵᠤ ᠪᠣᠯᠬᠤ ᠦᠭᠡᠢ;
(ᠭᠤᠷᠪᠠ) ᠲᠥᠪᠯᠡᠷᠡᠭᠦᠯᠦᠨ ᠠᠷᠠᠯᠵᠢᠶᠠᠯᠠᠬᠤ ᠠᠷᠭ᠎ᠠ ᠮᠠᠶᠢᠭ ᠵᠶ᠋ᠠᠷ ᠲᠡᠮᠳᠡᠭᠲᠦ ᠵᠢ ᠲᠠᠷᠬᠠᠭ᠋ᠠᠬᠤ ᠪᠤᠶᠤ ᠰᠢᠯᠵᠢᠭᠦᠯᠦᠨ ᠥᠭᠴᠦ ᠪᠣᠯᠬᠤ ᠦᠭᠡᠢ᠂ ᠡᠭᠦᠨ᠎ᠳᠤ ᠴᠤᠭᠯᠠᠷᠠᠭᠤᠯᠤᠨ ᠦᠨ᠎ᠡ ᠥᠷᠢᠰᠦᠯᠳᠦᠬᠦ᠂ ᠵᠠᠯᠭ᠋ᠠᠭ᠎ᠠ᠎ᠪᠠᠷ ᠦᠨ᠎ᠡ ᠥᠷᠢᠰᠦᠯᠳᠦᠬᠦ᠂ ᠡᠯᠧᠺᠳ᠋ᠷᠣᠨ ᠵᠶ᠋ᠠᠷ ᠡᠪᠯᠡᠭᠦᠯᠦᠨ ᠠᠷᠠᠯᠵᠢᠶᠠᠯᠠᠬᠤ᠂ ᠨᠡᠷ᠎ᠡ ᠪᠤᠷᠤᠭᠤᠯᠠᠵᠤ ᠠᠷᠠᠯᠵᠢᠶᠠᠯᠠᠬᠤ ᠵᠡᠷᠭᠡ ᠠᠷᠠᠯᠵᠢᠶᠠᠨ᠎ᠤ ᠠᠷᠭ᠎ᠠ ᠮᠠᠶᠢᠭ ᠪᠠᠭᠲᠠᠨ᠎ᠠ᠂ ᠵᠥᠪᠯᠡᠯᠴᠡᠭᠡᠷ ᠵᠶ᠋ᠠᠷ ᠰᠢᠯᠵᠢᠭᠦᠯᠦᠨ ᠥᠭᠬᠦ ᠪᠠ ᠬᠠᠤᠯᠢ ᠶᠣᠰᠣᠭ᠋ᠠᠷ ᠦᠨ᠎ᠡ ᠬᠠᠶᠠᠯᠴᠠᠭᠤᠯᠤᠨ ᠬᠤᠳᠠᠯᠳᠤᠬᠤ᠎ᠨᠢ ᠡᠭᠦᠨ᠎ᠳᠤ ᠪᠠᠭᠲᠠᠬᠤ ᠦᠭᠡᠢ;
(ᠳᠥᠷᠪᠡ) ᠪᠡᠯᠡ ᠣᠷᠣᠭᠤᠯᠤᠭᠴᠢᠳ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠤ ᠠᠳᠠᠯᠢ ᠨᠢᠭᠡᠨ ᠲᠡᠮᠳᠡᠭᠲᠦ ᠵᠢ ᠬᠤᠳᠠᠯᠳᠤᠨ ᠠᠪᠤᠭᠰᠠᠨ᠎ᠤ ᠲᠠᠷᠠᠭ᠎ᠠ ᠬᠤᠳᠠᠯᠳᠤᠨ ᠭᠠᠷᠭ᠋ᠠᠬᠤ ᠪᠤᠶᠤ ᠬᠤᠳᠠᠯᠳᠤᠨ ᠭᠠᠷᠭ᠋ᠠᠭᠰᠠᠨ᠎ᠤ ᠲᠠᠷᠠᠭ᠎ᠠ ᠬᠤᠳᠠᠯᠳᠤᠨ ᠠᠪᠤᠭᠰᠠᠨ ᠴᠠᠭ᠎ᠤᠨ ᠠᠯᠭ᠋ᠠᠰᠠᠯ᠎ᠨᠢ 5 ᠠᠷᠠᠯᠵᠢᠶᠠᠨ᠎ᠤ ᠡᠳᠦᠷ᠎ᠠᠴᠠ ᠳᠤᠲᠠᠭᠤ ᠪᠠᠶ᠋ᠢᠵᠤ ᠪᠣᠯᠬᠤ ᠦᠭᠡᠢ;
(ᠲᠠᠪᠤ) ᠳᠠᠩ ᠭᠠᠭᠴᠠ ᠲᠡᠮᠳᠡᠭᠲᠦ ᠵᠢᠨ ᠡᠷᠬᠡ ᠠᠰᠢᠭ ᠡᠵᠡᠮᠰᠢᠭᠴᠢ᠎ᠨᠢ ᠨᠡᠶ᠋ᠢᠯᠡᠭᠡᠳ 200 ᠬᠥᠮᠥᠨ᠎ᠠᠴᠠ ᠬᠡᠲᠦᠷᠡᠵᠦ ᠪᠣᠯᠬᠤ ᠦᠭᠡᠢ᠂ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠲᠣᠭᠲᠠᠭ᠋ᠠᠯ ᠳᠦᠷᠢᠮ᠎ᠳᠤ ᠠᠰᠲᠠᠭ᠋ᠠᠨ ᠲᠣᠭᠲᠠᠭ᠋ᠠᠯ᠎ᠲᠠᠢ᠎ᠨᠢ ᠡᠭᠦᠨ᠎ᠳᠤ ᠪᠠᠭᠲᠠᠬᠤ ᠦᠭᠡᠢ;
(ᠵᠢᠷᠭᠤᠭ᠎ᠠ) ᠠᠵᠢᠯᠯᠠᠨ ᠡᠵᠡᠩᠨᠡᠬᠦ ᠪᠠᠶ᠋ᠢᠭᠤᠯᠤᠮᠵᠢ᠂ ᠲᠡᠮᠳᠡᠭᠲᠦ ᠲᠠᠷᠬᠠᠭ᠋ᠠᠭᠴᠢ᠂ ᠵᠠᠭᠤᠴᠢ ᠪᠠᠶ᠋ᠢᠭᠤᠯᠤᠮᠵᠢ ᠵᠢᠴᠢ ᠣᠷᠣᠨ ᠪᠦᠰᠡ ᠵᠢᠨ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠠᠬᠢ ᠪᠤᠰᠤᠳ ᠣᠷᠣᠯᠴᠠᠭᠴᠢ᠎ᠨᠢ ᠪᠡᠯᠡ ᠣᠷᠣᠭᠤᠯᠤᠭᠴᠢᠳ᠎ᠲᠤ ᠡᠬᠡ ᠮᠥᠩᠭᠦ᠎ᠨᠢ ᠪᠡᠯᠡ ᠣᠷᠣᠭᠤᠯᠬᠤ ᠲᠦᠭᠰᠢᠭᠦᠷᠢ ᠦᠭᠡᠢ ᠪᠠ ᠨᠠᠭ᠋ᠠᠲᠤ ᠵᠠᠬ᠎ᠠ ᠵᠢᠨ ᠠᠰᠢᠭ ᠣᠯᠵᠠᠪᠤᠷᠢ ᠵᠢ ᠠᠮᠠᠯᠠᠵᠤ ᠪᠣᠯᠬᠤ ᠦᠭᠡᠢ᠃
ᠬᠤᠷᠢᠨ ᠲᠠᠪᠤᠳᠤᠭ᠋ᠠᠷ ᠵᠦᠢ᠍ᠯ ᠢᠨᠲ᠋ᠧᠷ ᠰᠦᠯᠵᠢᠶ᠎ᠡ᠂ ᠷᠠᠳᠢᠣ᠋ ᠲᠧᠯᠸᠢᠰ᠂ ᠰᠣᠨᠢᠨ ᠰᠡᠳᠬᠦᠯ᠂ ᠰᠢᠯᠵᠢᠮᠡᠯ ᠦᠵᠦᠭᠦᠷ ᠵᠡᠷᠭᠡ᠎ᠪᠠᠷ ᠳᠠᠮᠵᠢᠭᠤᠯᠤᠨ ᠨᠡᠶ᠋ᠢᠭᠡᠮ ᠨᠡᠶ᠋ᠢᠲᠡ᠎ᠳᠤ ᠬᠤᠪᠢ ᠡᠯᠰᠡᠬᠦ ᠲᠣᠳᠣᠷᠬᠠᠶ᠋ᠢᠯᠠᠯᠲᠠ ᠵᠢᠨ ᠪᠢᠴᠢᠭ᠂ ᠲᠡᠮᠳᠡᠭᠲᠦ ᠴᠤᠭᠯᠠᠭᠤᠯᠬᠤ ᠲᠣᠳᠣᠷᠬᠠᠶ᠋ᠢᠯᠠᠯᠲᠠ ᠵᠢᠨ ᠪᠢᠴᠢᠭ᠂ ᠰᠢᠯᠵᠢᠭᠦᠯᠦᠨ ᠥᠭᠬᠦ᠎ᠪᠠᠷ ᠪᠠᠶ᠋ᠢᠭ᠎ᠠ ᠲᠡᠮᠳᠡᠭᠲᠦ ᠵᠢᠨ ᠲᠤᠭ᠎ᠠ ᠬᠡᠮᠵᠢᠶ᠎ᠡ ᠪᠠ ᠦᠨ᠎ᠡ ᠬᠠᠩᠰᠢ ᠵᠡᠷᠭᠡ ᠲᠡᠮᠳᠡᠭᠲᠦ ᠵᠢ ᠲᠠᠷᠬᠠᠭ᠋ᠠᠬᠤ ᠪᠤᠶᠤ ᠰᠢᠯᠵᠢᠭᠦᠯᠦᠨ ᠥᠭᠬᠦ ᠬᠤᠯᠪᠣᠭᠳᠠᠯ ᠪᠦᠬᠦᠢ ᠮᠡᠳᠡᠭᠡ ᠵᠠᠩᠭᠢ ᠵᠢ ᠨᠡᠶ᠋ᠢᠲᠡᠯᠡᠭᠰᠡᠨ ᠪᠠᠶ᠋ᠢᠪᠠᠯ᠂ ᠲᠤᠰ ᠨᠠᠷᠢᠨ ᠳᠦᠷᠢᠮ᠎ᠤᠨ ᠬᠤᠷᠢᠨ ᠳᠥᠷᠪᠡᠳᠦᠭᠡᠷ ᠵᠦᠢ᠍ᠯ᠎ᠳᠤ ᠲᠣᠭᠲᠠᠭ᠋ᠠᠭᠰᠠᠨ ᠢᠯᠠ ᠪᠤᠶᠤ ᠬᠡᠯᠪᠡᠷᠢ ᠵᠢ᠎ᠨᠢ ᠥᠭᠡᠷᠡᠲᠦᠭᠦᠯᠦᠨ ᠢᠯᠠ ᠪᠣᠯᠭ᠋ᠠᠬᠤ ᠠᠷᠭ᠎ᠠ ᠮᠠᠶᠢᠭ᠎ᠲᠤ ᠲᠣᠭ᠋ᠠᠴᠠᠭᠳᠠᠨ᠎ᠠ᠂ ᠭᠡᠪᠡᠴᠦ ᠳᠣᠣᠷ᠎ᠠ ᠵᠢᠭᠰᠠᠭ᠋ᠠᠭᠰᠠᠨ ᠨᠥᠬᠦᠴᠡᠯ᠎ᠳᠤ ᠨᠡᠶ᠋ᠢᠴᠡᠭᠰᠡᠨ᠎ᠨᠢ ᠡᠭᠦᠨ᠎ᠳᠤ ᠪᠠᠭᠲᠠᠬᠤ ᠦᠭᠡᠢ᠄
(ᠨᠢᠭᠡ) ᠲᠤᠰ ᠵᠠᠬ᠎ᠠ ᠳᠡᠯᠭᠡᠭᠦᠷ᠎ᠲᠤ ᠳᠠᠩᠰᠠᠨ ᠡᠷᠦᠬᠡ ᠪᠠᠶ᠋ᠢᠭᠤᠯᠤᠭᠰᠠᠨ ᠬᠢᠷᠢ ᠲᠡᠩᠴᠡᠭᠰᠡᠨ ᠪᠡᠯᠡ ᠣᠷᠣᠭᠤᠯᠤᠭᠴᠢᠳ᠎ᠲᠤ ᠠᠵᠢᠯᠯᠠᠨ ᠡᠵᠡᠩᠨᠡᠬᠦ ᠪᠠᠶ᠋ᠢᠭᠤᠯᠤᠮᠵᠢ ᠵᠢᠨ ᠮᠡᠳᠡᠭᠡ ᠵᠠᠩᠭᠢ ᠵᠢᠨ ᠰᠢᠰᠲ᠋ᠧᠮ᠂ ᠠᠯᠪᠠᠨ ᠰᠦᠯᠵᠢᠶᠡᠨ ᠦᠷᠳᠡᠭᠡ᠂ ᠭᠠᠷ ᠤᠲᠠᠰᠤᠨ᠎ᠤ APP᠂ ᠸᠢᠴᠠᠲ᠎ᠤᠨ ᠵᠢᠵᠢᠭ ᠫᠷᠣᠭ᠌ᠷᠠᠮ ᠵᠡᠷᠭᠡ ᠰᠦᠯᠵᠢᠶᠡᠨ᠎ᠤ ᠲᠠᠪᠴᠠᠩ ᠵᠶ᠋ᠠᠷ ᠳᠠᠮᠵᠢᠭᠤᠯᠤᠨ ᠲᠡᠮᠳᠡᠭᠲᠦ ᠵᠢ ᠲᠠᠷᠬᠠᠭ᠋ᠠᠬᠤ ᠪᠤᠶᠤ ᠰᠢᠯᠵᠢᠭᠦᠯᠦᠨ ᠥᠭᠬᠦ ᠮᠡᠳᠡᠭᠡ ᠵᠠᠩᠭᠢ ᠵᠢ ᠨᠡᠶ᠋ᠢᠲᠡᠯᠡᠬᠦ;
(ᠬᠤᠶᠠᠷ) ᠪᠡᠯᠡ ᠣᠷᠣᠭᠤᠯᠤᠭᠴᠢᠳ᠎ᠨᠢ ᠬᠡᠷᠡᠭᠯᠡᠭᠴᠢ ᠵᠢᠨ ᠨᠡᠷ᠎ᠡ ᠪᠠ ᠨᠢᠭᠤᠴᠠ ᠨᠣᠮᠧᠷ ᠵᠡᠷᠭᠡ ᠪᠡᠶ᠎ᠡ᠎ᠪᠠᠨ ᠭᠡᠷᠡᠴᠢᠯᠡᠬᠦ ᠠᠷᠭ᠎ᠠ ᠮᠠᠶᠢᠭ ᠵᠶ᠋ᠠᠷ ᠳᠠᠩᠰᠠᠯᠠᠭᠰᠠᠨ᠎ᠤ ᠳᠠᠷᠠᠭ᠎ᠠ ᠰᠠᠶᠢ ᠮᠡᠳᠡᠭᠡ ᠵᠠᠩᠭᠢ ᠵᠢ ᠪᠠᠶ᠋ᠢᠴᠠᠭ᠋ᠠᠨ ᠦᠵᠡᠵᠦ ᠪᠣᠯᠣᠨ᠎ᠠ᠃
ᠬᠤᠷᠢᠨ ᠵᠢᠷᠭᠤᠳᠤᠭ᠋ᠠᠷ ᠵᠦᠢ᠍ᠯ ᠫᠠᠶ᠋ᠢᠰᠠ ᠡᠯᠭᠦᠭᠰᠡᠨ ᠠᠵᠤ ᠠᠬᠤᠶ᠋ᠢᠯᠠᠯ᠂ ᠲᠡᠮᠳᠡᠭᠲᠦ ᠲᠠᠷᠬᠠᠭ᠋ᠠᠭᠴᠢ᠂ ᠵᠠᠭᠤᠴᠢ ᠪᠠᠶ᠋ᠢᠭᠤᠯᠤᠮᠵᠢ ᠵᠢᠴᠢ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠠᠬᠢ ᠪᠤᠰᠤᠳ ᠣᠷᠣᠯᠴᠠᠭᠴᠢᠳ᠎ᠨᠢ ᠲᠣᠭᠲᠠᠭ᠋ᠠᠯ ᠪᠠ ᠵᠥᠪᠯᠡᠯᠴᠡᠭᠡᠷ᠎ᠤᠨ ᠪᠣᠯᠵᠣᠯ ᠶᠣᠰᠣᠭ᠋ᠠᠷ᠂ 《ᠴᠢᠬᠤᠯᠠ ᠦᠭᠡᠢ ᠪᠣᠯ ᠦᠯᠦ ᠢᠯᠡ ᠨᠡᠶ᠋ᠢᠲᠡᠯᠡᠬᠦ》 ᠵᠠᠷᠴᠢᠮ᠎ᠢ ᠦᠨᠳᠦᠰᠦᠯᠡᠨ ᠮᠡᠳᠡᠭᠡ ᠵᠠᠩᠭᠢ ᠵᠢ ᠵᠦᠷᠢᠶᠡᠵᠢᠭᠦᠯᠦᠨ ᠢᠯᠡ ᠨᠡᠶ᠋ᠢᠲᠡᠯᠡᠬᠦ ᠪᠠ ᠮᠡᠳᠡᠭᠡ ᠵᠠᠩᠭᠢ ᠵᠢ ᠬᠠᠨᠳᠤᠯᠭ᠎ᠠ᠎ᠲᠠᠢ᠎ᠪᠠᠷ ᠢᠯᠡ ᠨᠡᠶ᠋ᠢᠲᠡᠯᠡᠬᠦ ᠵᠢ ᠬᠡᠷᠡᠭᠵᠢᠭᠦᠯᠬᠦ ᠬᠡᠷᠡᠭᠲᠡᠢ᠃ ᠰᠲ᠋ᠣᠺ᠎ᠤᠨ ᠡᠷᠬᠡ ᠪᠠ ᠠᠪᠴᠠᠭ᠋ᠠᠨ᠎ᠤ ᠡᠷᠬᠡ ᠵᠢᠨ ᠪᠡᠯᠡ ᠲᠣᠬᠢᠷᠠᠭᠤᠯᠭ᠎ᠠ ᠬᠢᠭᠰᠡᠨ ᠦᠭᠡᠢ ᠠᠵᠤ ᠠᠬᠤᠶ᠋ᠢᠯᠠᠯ᠎ᠨᠢ ᠢᠯᠡ ᠨᠡᠶ᠋ᠢᠲᠡᠯᠡᠬᠦ ᠠᠭᠤᠯᠭ᠎ᠠ ᠪᠠ ᠬᠦᠷᠢᠶ᠎ᠡ ᠬᠡᠪᠴᠢᠶ᠎ᠡ᠎ᠪᠠᠨ ᠰᠠᠶ᠋ᠢᠨ ᠳᠤᠷ᠎ᠠ᠎ᠠᠴᠠ᠎ᠪᠠᠨ ᠰᠣᠩᠭᠤᠵᠤ ᠪᠣᠯᠣᠨ᠎ᠠ᠂ ᠰᠲ᠋ᠣᠺ᠎ᠤᠨ ᠡᠷᠬᠡ ᠪᠤᠶᠤ ᠠᠪᠴᠠᠭ᠋ᠠᠨ᠎ᠤ ᠡᠷᠬᠡ ᠵᠢᠨ ᠪᠡᠯᠡ ᠲᠣᠬᠢᠷᠠᠭᠤᠯᠭ᠎ᠠ ᠬᠢᠵᠦ ᠥᠩᠭᠡᠷᠡᠭᠰᠡᠨ ᠠᠵᠤ ᠠᠬᠤᠶ᠋ᠢᠯᠠᠯ᠎ᠨᠢ ᠭᠠᠳᠠᠨᠠᠬᠢ ᠪᠡᠯᠡ ᠣᠷᠣᠭᠤᠯᠤᠭᠴᠢ ᠵᠢᠨ ᠱᠠᠭ᠋ᠠᠷᠳᠠᠯᠭ᠎ᠠ ᠪᠤᠶᠤ ᠬᠤᠯᠪᠣᠭᠳᠠᠯ ᠪᠦᠬᠦᠢ ᠬᠢᠨᠠᠯᠲᠠ ᠬᠠᠮᠢᠶᠠᠷᠤᠯᠲᠠ ᠵᠢᠨ ᠱᠠᠭ᠋ᠠᠷᠳᠠᠯᠭ᠎ᠠ ᠵᠢ ᠦᠨᠳᠦᠰᠦᠯᠡᠨ ᠲᠣᠭᠲᠠᠮᠠᠯ ᠬᠤᠭᠤᠴᠠᠭ᠎ᠠ᠎ᠲᠠᠢ᠎ᠪᠠᠷ ᠬᠠᠨᠳᠤᠯᠭ᠎ᠠ᠎ᠲᠠᠢ᠎ᠪᠠᠷ ᠮᠡᠳᠡᠭᠡ ᠵᠠᠩᠭᠢ᠎ᠪᠠᠨ ᠢᠯᠡ ᠨᠡᠶ᠋ᠢᠲᠡᠯᠡᠬᠦ ᠬᠡᠷᠡᠭᠲᠡᠢ᠃ ᠪᠡᠯᠡ ᠣᠷᠣᠭᠤᠯᠤᠭᠴᠢᠳ᠎ᠲᠤ ᠮᠡᠳᠡᠭᠡ ᠵᠠᠩᠭᠢ ᠵᠢ ᠦᠨᠡᠨ ᠪᠣᠳᠠᠲᠠᠢ ᠵᠥᠪ ᠣᠨᠣᠪᠴᠢᠲᠠᠶ ᠴᠠᠭ ᠲᠤᠬᠠᠢᠳᠤᠨᠢ ᠢᠯᠡ ᠨᠡᠶ᠋ᠢᠲᠡᠯᠡᠬᠦ ᠬᠡᠷᠡᠭᠲᠡᠢ᠂ ᠬᠤᠳᠠᠯ ᠬᠠᠭᠤᠷᠮᠠᠭ ᠲᠡᠮᠳᠡᠭᠯᠡᠯ᠂ ᠠᠳᠡᠭᠦᠷᠡᠭᠦᠯᠬᠦ ᠴᠢᠨᠠᠷᠲᠠᠢ ᠲᠣᠭ᠋ᠠᠴᠢᠯᠲᠠ ᠬᠢᠵᠦ ᠪᠣᠯᠬᠤ ᠦᠭᠡᠢ᠃
ᠬᠤᠷᠢᠨ ᠳᠣᠯᠣᠳᠤᠭ᠋ᠠᠷ ᠵᠦᠢ᠍ᠯ ᠠᠵᠢᠯᠯᠠᠨ ᠡᠵᠡᠩᠨᠡᠬᠦ ᠪᠠᠶ᠋ᠢᠭᠤᠯᠤᠮᠵᠢ᠎ᠨᠢ ᠠᠵᠤ ᠠᠬᠤᠶ᠋ᠢᠯᠠᠯ᠎ᠤᠨ ᠳ᠋ᠠᠶ᠋ᠢᠲ᠋ᠠ ᠬᠥᠮᠥᠷᠭᠡ ᠪᠠ ᠬᠠᠨᠳᠤᠯᠭ᠎ᠠ᠎ᠲᠠᠢ ᠮᠡᠳᠡᠭᠡ ᠵᠠᠩᠭᠢ ᠢᠯᠡ ᠨᠡᠶ᠋ᠢᠲᠡᠯᠡᠬᠦ ᠰᠢᠰᠲ᠋ᠧᠮ᠎ᠢ ᠪᠠᠶ᠋ᠢᠭᠤᠯᠵᠤ᠂ ᠮᠡᠳᠡᠭᠡ ᠵᠠᠩᠭᠢ ᠵᠢ ᠢᠯᠡ ᠨᠡᠶ᠋ᠢᠲᠡᠯᠡᠬᠦ ᠡᠭᠦᠷᠭᠡᠲᠦ ᠬᠥᠮᠥᠨ᠎ᠤ ᠲᠣᠭᠲᠠᠭ᠋ᠠᠯ ᠶᠣᠰᠣᠭ᠋ᠠᠷ ᠮᠡᠳᠡᠭᠡ ᠵᠠᠩᠭᠢ ᠵᠢ ᠢᠯᠡ ᠨᠡᠶ᠋ᠢᠲᠡᠯᠡᠬᠦ᠂ ᠪᠡᠯᠡ ᠣᠷᠣᠭᠤᠯᠤᠭᠴᠢᠯᠤᠭᠠ ᠦᠢ᠍ᠯᠡᠳᠦᠯᠴᠡᠨ ᠰᠣᠯᠢᠯᠴᠠᠬᠤ ᠠᠵᠢᠯᠯᠠᠭ᠎ᠠ ᠥᠷᠨᠢᠭᠦᠯᠬᠦ᠎ᠳᠤ ᠲᠥᠬᠦᠮ ᠦᠵᠡᠭᠦᠯᠬᠦ ᠬᠡᠷᠡᠭᠲᠡᠢ᠃
ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠮᠡᠳᠡᠭᠡ ᠵᠠᠩᠭᠢ ᠵᠢᠨ ᠰᠢᠰᠲ᠋ᠧᠮ᠎ᠨᠢ ᠬᠤᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠠ ᠮᠡᠳᠡᠭᠡ ᠵᠠᠩᠭᠢ ᠵᠢᠨ ᠮᠡᠷᠭᠡᠵᠢᠯ᠎ᠤᠨ ᠬᠠᠮᠢᠶᠠᠷᠤᠯᠲᠠ ᠵᠢᠨ ᠵᠢᠷᠤᠮᠵᠢᠯᠳᠤ ᠨᠡᠶ᠋ᠢᠴᠡᠭᠰᠡᠨ ᠪᠠᠶ᠋ᠢᠬᠤ ᠬᠡᠷᠡᠭᠲᠡᠢ ᠪᠥᠭᠡᠳ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠵᠣᠬᠢᠶᠠᠨ ᠪᠠᠶ᠋ᠢᠭᠤᠯᠤᠭᠰᠠᠨ ᠲᠣᠭᠲᠠᠭ᠋ᠠᠯ᠎ᠳᠤ ᠨᠡᠶ᠋ᠢᠴᠡᠬᠦ ᠴᠢᠨᠠᠷ᠂ ᠠᠮᠤᠷ ᠲᠦᠪᠰᠢᠨ ᠴᠢᠨᠠᠷ᠎ᠤᠨ ᠦᠨᠡᠯᠡᠨ ᠵᠢᠱ᠌ᠢᠯᠲᠡ ᠵᠢ ᠥᠩᠭᠡᠷᠡᠭᠰᠡᠨ ᠪᠠᠶ᠋ᠢᠬᠤ ᠬᠡᠷᠡᠭᠲᠡᠢ᠃
ᠬᠤᠷᠢᠨ ᠨᠠᠢ᠍ᠮᠠᠳᠤᠭ᠋ᠠᠷ ᠵᠦᠢ᠍ᠯ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠤ ᠲᠡᠮᠳᠡᠭᠲᠦ ᠵᠢ ᠲᠠᠷᠬᠠᠭ᠋ᠠᠬᠤ ᠪᠤᠶᠤ ᠰᠢᠯᠵᠢᠭᠦᠯᠦᠨ ᠥᠭᠬᠦ᠎ᠳᠤ ᠬᠢᠷᠢ ᠲᠡᠩᠴᠡᠭᠰᠡᠨ ᠪᠡᠯᠡ ᠣᠷᠣᠭᠤᠯᠤᠭᠴᠢ᠎ᠳᠤ ᠬᠠᠨᠳᠤᠭᠤᠯᠬᠤ ᠬᠡᠷᠡᠭᠲᠡᠢ᠃ ᠲᠤᠰ ᠨᠠᠷᠢᠨ ᠳᠦᠷᠢᠮ᠎ᠳᠤ ᠬᠡᠯᠡᠵᠦ ᠪᠠᠶ᠋ᠢᠭ᠎ᠠ ᠬᠢᠷᠢ ᠲᠡᠩᠴᠡᠭᠰᠡᠨ ᠪᠡᠯᠡ ᠣᠷᠣᠭᠤᠯᠤᠭᠴᠢ ᠪᠣᠯ ᠨᠡᠯᠢᠶᠡᠳ ᠴᠢᠩᠭ᠎ᠠ ᠲᠦᠭᠰᠢᠭᠦᠷᠢ ᠵᠢ ᠢᠯᠭ᠋ᠠᠨ ᠲᠠᠨᠢᠬᠤ ᠪᠠ ᠳᠠᠭ᠋ᠠᠭ᠋ᠠᠨ ᠡᠭᠦᠷᠭᠡᠯᠡᠬᠦ ᠴᠢᠳᠠᠪᠤᠷᠢ᠎ᠲᠠᠢ ᠪᠠᠶ᠋ᠢᠵᠤ᠂ ᠲᠡᠮᠳᠡᠭᠲᠦ ᠵᠢᠨ ᠪᠡᠯᠡ ᠣᠷᠣᠭᠤᠯᠬᠤ ᠲᠦᠭᠰᠢᠭᠦᠷᠢ ᠵᠢ ᠣᠶ᠋ᠢᠯᠠᠭ᠋ᠠᠵᠤ ᠮᠡᠳᠡᠬᠦ ᠵᠢᠨ ᠬᠠᠮᠲᠤ ᠥᠪᠡᠷ ᠵᠶ᠋ᠠᠨ ᠳᠠᠭ᠋ᠠᠭ᠋ᠠᠨ ᠡᠭᠦᠷᠭᠡᠯᠡᠬᠦ ᠪᠥᠭᠡᠳ ᠳᠣᠣᠷ᠎ᠠ ᠵᠢᠭᠰᠠᠭ᠋ᠠᠭᠰᠠᠨ ᠨᠥᠬᠦᠴᠡᠯ᠎ᠤᠳ᠎ᠤᠨ ᠨᠢᠭᠡ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠢ᠄
(ᠨᠢᠭᠡ) ᠲᠡᠮᠳᠡᠭᠲᠦ ᠵᠢᠨ ᠺᠣᠮᠫᠠᠨᠢ᠂ ᠬᠤᠭᠤᠴᠠᠭ᠋ᠠᠲᠤ ᠪᠠᠷᠠᠭ᠋ᠠᠨ᠎ᠤ ᠺᠣᠮᠫᠠᠨᠢ᠂ ᠰᠠᠭᠤᠷᠢ ᠮᠥᠩᠭᠦᠨ᠎ᠤ ᠬᠠᠮᠢᠶᠠᠷᠤᠯᠲᠠ ᠵᠢᠨ ᠺᠣᠮᠫᠠᠨᠢ ᠵᠢᠴᠢ ᠲᠡᠭᠦᠨ᠎ᠤ ᠬᠦᠦ ᠺᠣᠮᠫᠠᠨᠢ᠂ ᠬᠤᠳᠠᠯᠳᠤᠭ᠋ᠠᠨ᠎ᠤ ᠪᠠᠩᠬᠢ᠂ ᠳᠠᠭ᠋ᠠᠳᠬᠠᠯ᠎ᠤᠨ ᠺᠣᠮᠫᠠᠨᠢ᠂ ᠢᠲᠡᠭᠡᠮᠵᠢᠲᠦ ᠨᠠᠶ᠋ᠢᠳᠠᠯᠭ᠎ᠠ ᠵᠢᠨ ᠺᠣᠮᠫᠠᠨᠢ᠂ ᠡᠳ᠋᠎ᠤᠨ ᠶᠠᠪᠤᠳᠠᠯ᠎ᠤᠨ ᠺᠣᠮᠫᠠᠨᠢ ᠵᠡᠷᠭᠡ ᠬᠠᠤᠯᠢ ᠶᠣᠰᠣᠭ᠋ᠠᠷ ᠵᠥᠪᠰᠢᠶᠡᠷᠡᠭᠦᠯᠦᠨ ᠪᠠᠶ᠋ᠢᠭᠤᠯᠤᠭᠰᠠᠨ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢᠴᠢ ᠬᠠᠤᠯᠢ ᠶᠣᠰᠣᠭ᠋ᠠᠷ ᠪᠦᠷᠢᠳᠬᠡᠨ ᠳᠠᠩᠰᠠᠯᠠᠭᠤᠯᠤᠭᠰᠠᠨ ᠪᠤᠶᠤ ᠲᠡᠮᠳᠡᠭᠯᠡᠭᠦᠯᠦᠭᠰᠡᠨ ᠲᠡᠮᠳᠡᠭᠲᠦ ᠵᠢᠨ ᠺᠣᠮᠫᠠᠨᠢ ᠵᠢᠨ ᠬᠦᠦ ᠺᠣᠮᠫᠠᠨᠢ᠂ ᠬᠤᠭᠤᠴᠠᠭ᠋ᠠᠲᠤ ᠪᠠᠷᠠᠭ᠋ᠠᠨ᠎ᠤ ᠺᠣᠮᠫᠠᠨᠢ ᠵᠢᠨ ᠬᠦᠦ ᠺᠣᠮᠫᠠᠨᠢ᠂ ᠬᠤᠪᠢ᠎ᠪᠠᠷ ᠵᠶ᠋ᠠᠨ ᠴᠤᠭᠯᠠᠭᠤᠯᠤᠭᠰᠠᠨ ᠰᠠᠭᠤᠷᠢ ᠮᠥᠩᠭᠦᠨ᠎ᠤ ᠬᠠᠮᠢᠶᠠᠷᠤᠭᠴᠢ;
(ᠬᠤᠶᠠᠷ) ᠲᠡᠮᠳᠡᠭᠲᠦ ᠵᠢᠨ ᠺᠣᠮᠫᠠᠨᠢ ᠵᠢᠨ ᠡᠳ᠋ ᠬᠥᠷᠥᠩᠭᠡ ᠵᠢᠨ ᠬᠠᠮᠢᠶᠠᠷᠤᠯᠲᠠ ᠵᠢᠨ ᠨᠡᠷᠡᠳᠬᠦᠨ᠂ ᠰᠠᠭᠤᠷᠢ ᠮᠥᠩᠭᠦᠨ᠎ᠤ ᠬᠠᠮᠢᠶᠠᠷᠤᠯᠲᠠ ᠵᠢᠨ ᠺᠣᠮᠫᠠᠨᠢ ᠵᠢᠴᠢ ᠲᠡᠭᠦᠨ᠎ᠤ ᠬᠦᠦ ᠺᠣᠮᠫᠠᠨᠢ ᠵᠢᠨ ᠨᠡᠷᠡᠳᠬᠦᠨ᠂ ᠬᠤᠭᠤᠴᠠᠭ᠋ᠠᠲᠤ ᠪᠠᠷᠠᠭ᠋ᠠᠨ᠎ᠤ ᠺᠣᠮᠫᠠᠨᠢ ᠵᠢᠨ ᠡᠳ᠋ ᠬᠥᠷᠥᠩᠭᠡ ᠵᠢᠨ ᠬᠠᠮᠢᠶᠠᠷᠤᠯᠲᠠ ᠵᠢᠨ ᠨᠡᠷᠡᠳᠬᠦᠨ᠂ ᠪᠠᠩᠬᠢ ᠵᠢᠨ ᠬᠥᠷᠥᠩᠭᠡ ᠮᠥᠩᠭᠦ ᠠᠬᠤᠶ᠋ᠢᠯᠠᠬᠤ ᠨᠡᠷᠡᠳᠬᠦᠨ᠂ ᠳᠠᠭ᠋ᠠᠳᠬᠠᠯ᠎ᠤᠨ ᠨᠡᠷᠡᠳᠬᠦᠨ᠂ ᠢᠲᠡᠭᠡᠮᠵᠢᠲᠦ ᠨᠠᠶ᠋ᠢᠳᠠᠯᠭ᠎ᠠ ᠵᠢᠨ ᠨᠡᠷᠡᠳᠬᠦᠨ ᠵᠡᠷᠭᠡ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠬᠠᠤᠯᠢ ᠶᠣᠰᠣᠭ᠋ᠠᠷ ᠬᠠᠮᠢᠶᠠᠷᠴᠤ ᠪᠠᠶ᠋ᠢᠭ᠎ᠠ ᠪᠡᠯᠡ ᠣᠷᠣᠭᠤᠯᠤᠯᠲᠠ ᠵᠢᠨ ᠴᠢᠨᠠᠷᠲᠠᠢ ᠲᠥᠯᠥᠪᠯᠡᠭᠡ;
(ᠭᠤᠷᠪᠠ) ᠨᠡᠶ᠋ᠢᠭᠡᠮ᠎ᠤᠨ ᠪᠠᠲᠤᠯᠠᠭ᠎ᠠ ᠵᠢᠨ ᠰᠠᠭᠤᠷᠢ ᠮᠥᠩᠭᠦ᠂ ᠠᠵᠤ ᠠᠬᠤᠶ᠋ᠢᠯᠠᠯ᠎ᠤᠨ ᠣᠨ᠎ᠤ ᠮᠥᠩᠭᠦ ᠵᠡᠷᠭᠡ ᠨᠠᠰᠤᠵᠢᠯ᠎ᠤᠨ ᠠᠰᠠᠷᠠᠮᠵᠢ ᠵᠢᠨ ᠰᠠᠭᠤᠷᠢ ᠮᠥᠩᠭᠦ᠂ ᠨᠢᠭᠦᠯᠡᠰᠦᠩᠭᠦᠢ ᠵᠢᠨ ᠰᠠᠭᠤᠷᠢ ᠮᠥᠩᠭᠦ ᠵᠡᠷᠭᠡ ᠨᠡᠶ᠋ᠢᠭᠡᠮ᠎ᠤᠨ ᠨᠡᠶ᠋ᠢᠲᠡ ᠵᠢᠨ ᠠᠰᠠᠷᠠᠮᠵᠢ ᠵᠢᠨ ᠰᠠᠭᠤᠷᠢ ᠮᠥᠩᠭᠦ ᠵᠢᠴᠢ ᠬᠠᠤᠯᠢ ᠶᠣᠰᠣᠭ᠋ᠠᠷ ᠪᠦᠷᠢᠳᠬᠡᠨ ᠳᠠᠩᠰᠠᠯᠠᠭᠤᠯᠤᠭᠰᠠᠨ ᠬᠤᠪᠢ᠎ᠪᠠᠷ ᠵᠶ᠋ᠠᠨ ᠴᠤᠭᠯᠠᠭᠤᠯᠤᠭᠰᠠᠨ ᠰᠠᠭᠤᠷᠢ ᠮᠥᠩᠭᠦ;
(ᠳᠥᠷᠪᠡ) ᠬᠠᠤᠯᠢ ᠶᠣᠰᠣᠭ᠋ᠠᠷ ᠪᠠᠶ᠋ᠢᠭᠤᠯᠤᠭᠰᠠᠨ ᠪᠥᠭᠡᠳ ᠣᠷᠴᠢᠮ᠎ᠤᠨ ᠨᠢᠭᠡ ᠵᠢᠯ᠎ᠤᠨ ᠴᠡᠪᠡᠷ ᠡᠳ᠋ ᠬᠥᠷᠥᠩᠭᠡ᠎ᠨᠢ 200 ᠲᠦᠮᠡᠨ ᠲᠥᠭᠦᠷᠢᠭ᠎ᠠᠴᠠ ᠳᠣᠣᠷ᠎ᠠ ᠦᠭᠡᠢ ᠬᠠᠤᠯᠢ ᠵᠢᠨ ᠡᠷᠬᠡᠲᠡᠨ ᠪᠤᠶᠤ ᠪᠤᠰᠤᠳ ᠵᠣᠬᠢᠶᠠᠨ ᠪᠠᠶ᠋ᠢᠭᠤᠯᠤᠯᠲᠠ;
(ᠲᠠᠪᠤ) ᠵᠣᠬᠢᠬᠤ ᠬᠤᠭᠤᠴᠠᠭ᠋ᠠᠨ᠎ᠳᠤ ᠳᠤᠮᠳᠠᠳᠤ ᠤᠯᠤᠰ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠤᠨ ᠲᠣᠭᠲᠠᠭ᠋ᠠᠯ᠎ᠳᠤ ᠨᠡᠶ᠋ᠢᠴᠡᠭᠰᠡᠨ ᠠᠷᠠᠳ᠎ᠤᠨ ᠵᠣᠭᠤᠰ ᠵᠶ᠋ᠠᠷ 50 ᠲᠦᠮᠡᠨ ᠲᠥᠭᠦᠷᠢᠭ᠎ᠠᠴᠠ ᠳᠣᠣᠷ᠎ᠠ ᠦᠭᠡᠢ ᠦᠷᠲᠡᠭ ᠪᠦᠬᠦᠢ ᠮᠥᠩᠭᠦᠨ ᠭᠦᠢ᠍ᠯᠭᠡᠭᠡᠨ᠎ᠤ ᠡᠳ᠋ ᠬᠥᠷᠥᠩᠭᠡ᠎ᠲᠠᠢ ᠪᠠᠶ᠋ᠢᠬᠤ ᠪᠥᠭᠡᠳ 2 ᠵᠢᠯ᠎ᠠᠴᠠ ᠳᠡᠭᠡᠭᠰᠢᠬᠢ ᠮᠥᠩᠭᠦᠨ ᠭᠦᠢ᠍ᠯᠭᠡᠭᠡᠨ᠎ᠤ ᠨᠡᠷᠡᠳᠬᠦᠨ᠎ᠳᠤ ᠪᠡᠯᠡ ᠣᠷᠣᠭᠤᠯᠤᠭᠰᠠᠨ ᠥᠩᠭᠡᠷᠡᠯᠲᠡ᠎ᠲᠠᠢ ᠪᠤᠶᠤ 2 ᠵᠢᠯ᠎ᠠᠴᠠ ᠳᠡᠭᠡᠭᠰᠢᠬᠢ ᠮᠥᠩᠭᠦᠨ ᠭᠦᠢ᠍ᠯᠭᠡᠭᠡᠨ᠎ᠤ ᠠᠵᠢᠯ ᠲᠥᠷᠥᠯ ᠵᠢᠴᠢ ᠬᠠᠮᠢᠶ᠎ᠠ ᠪᠦᠬᠦᠢ ᠠᠵᠢᠯ᠎ᠤᠨ ᠥᠩᠭᠡᠷᠡᠯᠲᠡ᠎ᠲᠠᠢ ᠪᠠᠶ᠋ᠢᠭ᠋ᠠᠯᠢ ᠬᠥᠮᠥᠨ᠃
ᠪᠡᠯᠡ ᠣᠷᠣᠭᠤᠯᠤᠭᠴᠢ᠎ᠨᠢ ᠵᠢᠭᠡᠯᠡᠯᠭᠡ ᠪᠠ ᠵᠢᠭᠡᠯᠡᠯᠭᠡ ᠵᠢᠨ ᠲᠡᠮᠳᠡᠭᠲᠦ ᠲᠠᠷᠬᠠᠭ᠋ᠠᠬᠤ ᠵᠡᠷᠭᠡ᠎ᠪᠠᠷ ᠴᠤᠭᠯᠠᠭᠤᠯᠤᠭᠰᠠᠨ ᠥᠪᠡᠷ᠎ᠤᠨ ᠪᠤᠰᠤ ᠪᠡᠯᠡ ᠮᠥᠩᠭᠦ᠎ᠪᠠᠷ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠲᠡᠮᠳᠡᠭᠲᠦ᠎ᠳᠤ ᠪᠡᠯᠡ ᠣᠷᠣᠭᠤᠯᠵᠤ ᠪᠣᠯᠬᠤ ᠦᠭᠡᠢ᠃
ᠬᠤᠷᠢ ᠶᠢᠰᠦᠳᠦᠭᠡᠷ ᠵᠦᠢ᠍ᠯ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠤ ᠲᠡᠮᠳᠡᠭᠲᠦ ᠵᠢ ᠲᠠᠷᠬᠠᠭ᠋ᠠᠬᠤ ᠪᠤᠶᠤ ᠰᠢᠯᠵᠢᠭᠦᠯᠦᠨ ᠥᠭᠬᠦ᠎ᠳᠤ ᠰᠠᠯᠭ᠋ᠠᠨ ᠬᠤᠪᠢᠶᠠᠬᠤ᠂ ᠣᠷᠣᠯᠠᠨ ᠡᠵᠡᠮᠰᠢᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠬᠢᠷᠢ ᠲᠡᠩᠴᠡᠭᠰᠡᠨ ᠪᠡᠯᠡ ᠣᠷᠣᠭᠤᠯᠤᠭᠴᠢ ᠵᠢᠨ ᠪᠠᠷᠢᠮᠵᠢᠶ᠎ᠠ ᠵᠢ ᠬᠡᠯᠪᠡᠷᠢ ᠵᠢ᠎ᠨᠢ ᠥᠭᠡᠷᠡᠲᠦᠭᠦᠯᠦᠨ ᠡᠪᠳᠡᠵᠦ ᠪᠣᠯᠬᠤ ᠦᠭᠡᠢ᠃ ᠳᠣᠣᠷ᠎ᠠ ᠵᠢᠭᠰᠠᠭ᠋ᠠᠭᠰᠠᠨ ᠪᠠᠶ᠋ᠢᠳᠠᠯ᠎ᠤᠨ ᠨᠢᠭᠡ᠎ᠨᠢ ᠪᠠᠶ᠋ᠢᠪᠠᠯ᠂ ᠬᠠᠮᠤᠭ ᠡᠴᠦᠰ᠎ᠤᠨ ᠪᠡᠯᠡ ᠣᠷᠣᠭᠤᠯᠤᠭᠴᠢ᠎ᠨᠢ ᠬᠢᠷᠢ ᠲᠡᠩᠴᠡᠭᠰᠡᠨ ᠪᠡᠯᠡ ᠣᠷᠣᠭᠤᠯᠤᠭᠴᠢ ᠮᠥᠨ ᠡᠰᠡᠬᠦ ᠵᠢ ᠨᠡᠪᠲᠡ ᠬᠢᠨᠠᠨ ᠪᠠᠶ᠋ᠢᠴᠠᠭ᠋ᠠᠬᠤ ᠵᠢᠨ ᠬᠠᠮᠲᠤ ᠪᠡᠯᠡ ᠣᠷᠣᠭᠤᠯᠤᠭᠴᠢ ᠵᠢᠨ ᠬᠥᠮᠥᠨ᠎ᠤ ᠲᠤᠭ᠎ᠠ ᠵᠢ ᠨᠡᠶ᠋ᠢᠯᠡᠭᠦᠯᠦᠨ ᠪᠤᠳᠤᠬᠤ ᠬᠡᠷᠡᠭᠲᠡᠢ᠄
(ᠨᠢᠭᠡ) ᠬᠥᠷᠥᠩᠭᠡ ᠮᠥᠩᠭᠦ ᠠᠬᠤᠶ᠋ᠢᠯᠠᠬᠤ ᠨᠡᠷᠡᠳᠬᠦᠨ᠂ ᠬᠤᠷᠰᠢᠭᠰᠠᠨ ᠠᠵᠤ ᠠᠬᠤᠶ᠋ᠢᠯᠠᠯ ᠵᠡᠷᠭᠡ ᠬᠡᠯᠪᠡᠷᠢ᠎ᠪᠠᠷ ᠤᠯᠠᠨ ᠪᠡᠯᠡ ᠣᠷᠣᠭᠤᠯᠤᠭᠴᠢᠳ᠎ᠤᠨ ᠪᠡᠯᠡ ᠮᠥᠩᠭᠦ ᠵᠢ ᠴᠤᠭᠯᠠᠭᠤᠯᠵᠤ ᠰᠢᠭᠤᠳ ᠪᠤᠶᠤ ᠳᠠᠮ ᠵᠶ᠋ᠠᠷ ᠲᠡᠮᠳᠡᠭᠲᠦ᠎ᠳᠤ ᠪᠡᠯᠡ ᠣᠷᠣᠭᠤᠯᠤᠭᠰᠠᠨ;
(ᠬᠤᠶᠠᠷ) ᠳᠠᠩ ᠭᠠᠭᠴᠠ ᠲᠡᠮᠳᠡᠭᠲᠦ ᠵᠢ ᠬᠤᠭᠤᠴᠠᠭ᠎ᠠ ᠬᠤᠪᠢᠶᠠᠨ ᠲᠠᠷᠬᠠᠭ᠋ᠠᠭᠰᠠᠨ᠃
ᠬᠥᠷᠥᠩᠭᠡ ᠮᠥᠩᠭᠦ ᠠᠬᠤᠶ᠋ᠢᠯᠠᠬᠤ ᠨᠡᠷᠡᠳᠬᠦᠨ᠂ ᠬᠤᠷᠰᠢᠭᠰᠠᠨ ᠠᠵᠤ ᠠᠬᠤᠶ᠋ᠢᠯᠠᠯ ᠵᠡᠷᠭᠡ ᠪᠡᠯᠡ ᠣᠷᠣᠭᠤᠯᠤᠭᠴᠢᠳ᠎ᠨᠢ ᠲᠤᠰ ᠨᠠᠷᠢᠨ ᠳᠦᠷᠢᠮ᠎ᠤᠨ ᠬᠤᠷᠢᠨ ᠨᠠᠢ᠍ᠮᠠᠳᠤᠭ᠋ᠠᠷ ᠵᠦᠢ᠍ᠯ᠎ᠤᠨ (ᠬᠤᠶᠠᠷ)᠂ (ᠭᠤᠷᠪᠠ) ᠳ᠋ᠤᠭ᠋ᠠᠷ ᠵᠤᠷᠪᠤᠰ᠎ᠤᠨ ᠲᠣᠭᠲᠠᠭ᠋ᠠᠯ᠎ᠳᠤ ᠨᠡᠶ᠋ᠢᠴᠡᠪᠡᠯ ᠡᠭᠦᠨ᠎ᠳᠤ ᠪᠠᠭᠲᠠᠬᠤ ᠦᠭᠡᠢ᠃
ᠭᠤᠴᠢᠳᠤᠭ᠋ᠠᠷ ᠵᠦᠢ᠍ᠯ ᠳᠣᠣᠷᠠᠬᠢ ᠪᠠᠶ᠋ᠢᠳᠠᠯ᠎ᠤᠨ ᠨᠢᠭᠡᠲᠠᠢ᠎ᠨᠢ ᠨᠡᠶ᠋ᠢᠴᠡᠪᠡᠯ᠂ ᠲᠤᠰ ᠨᠠᠷᠢᠨ ᠳᠦᠷᠢᠮ᠎ᠳᠠᠬᠢ ᠬᠢᠷᠢ ᠲᠡᠩᠴᠡᠭᠰᠡᠨ ᠪᠡᠯᠡ ᠣᠷᠣᠭᠤᠯᠤᠭᠴᠢ ᠵᠢᠨ ᠲᠣᠭᠲᠠᠭ᠋ᠠᠯ᠎ᠳᠤ ᠬᠢᠵᠠᠭ᠋ᠠᠷᠯᠠᠭᠳᠠᠬᠤ ᠦᠭᠡᠢ᠄
(ᠨᠢᠭᠡ) ᠲᠡᠮᠳᠡᠭᠲᠦ ᠲᠠᠷᠬᠠᠭ᠋ᠠᠭᠴᠢ᠂ ᠫᠠᠶ᠋ᠢᠰᠠ ᠡᠯᠭᠦᠭᠰᠡᠨ ᠺᠣᠮᠫᠠᠨᠢ᠎ᠨᠢ ᠰᠲ᠋ᠣᠺ᠎ᠤᠨ ᠡᠷᠬᠡ ᠵᠢᠨ ᠤᠷᠮᠠᠰᠢᠭᠤᠯᠤᠯ᠎ᠤᠨ ᠲᠥᠯᠥᠪᠯᠡᠭᠡ ᠬᠡᠷᠡᠭᠵᠢᠭᠦᠯᠬᠦ;
(ᠬᠤᠶᠠᠷ) ᠲᠡᠮᠳᠡᠭᠲᠦ ᠲᠠᠷᠬᠠᠭ᠋ᠠᠭᠴᠢ᠂ ᠫᠠᠶ᠋ᠢᠰᠠ ᠡᠯᠭᠦᠭᠰᠡᠨ ᠺᠣᠮᠫᠠᠨᠢ ᠵᠢᠨ ᠬᠡᠷᠡᠭ ᠮᠡᠳᠡᠭᠴᠢ᠂ ᠬᠢᠨᠠᠭᠴᠢ᠂ ᠳᠡᠭᠡᠳᠦ ᠵᠡᠷᠭᠡ ᠵᠢᠨ ᠬᠠᠮᠢᠶᠠᠷᠤᠯᠲᠠ ᠵᠢᠨ ᠠᠵᠢᠯᠲᠠᠨ ᠵᠢᠴᠢ ᠲᠠᠷᠬᠠᠭ᠋ᠠᠬᠤ᠂ ᠫᠠᠶ᠋ᠢᠰᠠ ᠡᠯᠭᠦᠬᠦ᠎ᠠᠴᠠ ᠡᠮᠦᠨ᠎ᠡ ᠨᠢᠭᠡᠨᠲᠡ ᠰᠲ᠋ᠣᠺ᠎ᠤᠨ ᠡᠷᠬᠡ ᠡᠵᠡᠮᠰᠢᠭᠰᠡᠨ ᠬᠤᠪᠢ ᠣᠷᠣᠭᠤᠯᠤᠭᠴᠢ᠎ᠨᠢ ᠲᠤᠰ ᠲᠠᠷᠬᠠᠭ᠋ᠠᠭᠴᠢ᠂ ᠫᠠᠶ᠋ᠢᠰᠠ ᠡᠯᠭᠦᠭᠰᠡᠨ ᠺᠣᠮᠫᠠᠨᠢ ᠵᠢᠨ ᠲᠡᠮᠳᠡᠭᠲᠦ ᠵᠢ ᠬᠤᠳᠠᠯᠳᠤᠨ ᠠᠪᠬᠤ ᠪᠤᠶᠤ ᠰᠢᠯᠵᠢᠭᠦᠯᠦᠨ ᠠᠪᠬᠤ;
(ᠭᠤᠷᠪᠠ) ᠵᠠᠯᠭ᠋ᠠᠮᠵᠢᠯᠠᠬᠤ᠂ ᠪᠡᠯᠡᠭᠯᠡᠬᠦ᠂ ᠬᠠᠤᠯᠢ ᠴᠠᠭ᠋ᠠᠵᠠ ᠵᠢᠨ ᠲᠠᠰᠤᠯᠤᠯᠲᠠ᠂ ᠠᠵᠤ ᠠᠬᠤᠶ᠋ᠢᠯᠠᠯ᠎ᠢ ᠨᠡᠶ᠋ᠢᠯᠡᠭᠦᠯᠦᠨ ᠬᠤᠳᠠᠯᠳᠤᠨ ᠠᠪᠬᠤ ᠵᠡᠷᠭᠡ ᠠᠷᠠᠯᠵᠢᠶᠠᠨ᠎ᠤ ᠪᠤᠰᠤ ᠠᠵᠢᠯᠯᠠᠭ᠎ᠠ᠎ᠠᠴᠠ ᠪᠣᠯᠵᠤ ᠲᠡᠮᠳᠡᠭᠲᠦ ᠣᠯᠬᠤ;
(ᠳᠥᠷᠪᠡ) ᠠᠵᠤ ᠠᠬᠤᠶ᠋ᠢᠯᠠᠯ᠎ᠤᠨ ᠰᠲ᠋ᠣᠺ᠎ᠤᠨ ᠡᠷᠬᠡ ᠵᠢ ᠡᠷᠦᠬᠡ ᠰᠢᠯᠵᠢᠭᠦᠯᠦᠨ ᠳᠠᠩᠰᠠᠯᠠᠬᠤ ᠦᠢ᠍ᠯᠡᠴᠢᠯᠡᠭᠡ ᠵᠢ ᠨᠠᠶ᠋ᠢᠳᠠᠨ ᠬᠠᠮᠢᠶᠠᠷᠤᠭᠤᠯᠤᠭᠰᠠᠨ᠃
ᠭᠤᠴᠢᠨ ᠨᠢᠭᠡᠳᠦᠭᠡᠷ ᠵᠦᠢ᠍ᠯ ᠵᠠᠭᠤᠴᠢ ᠪᠠᠶ᠋ᠢᠭᠤᠯᠤᠮᠵᠢ ᠭᠡᠳᠡᠭ᠎ᠨᠢ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠤ ᠬᠠᠮᠢᠶ᠎ᠠ ᠪᠦᠬᠦᠢ ᠲᠤᠬᠠᠶ᠋ᠢᠯᠠᠭᠰᠠᠨ ᠠᠵᠢᠯ ᠡᠷᠬᠢᠯᠡᠬᠦ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢ ᠵᠢᠭ᠋ᠠᠵᠤ ᠪᠠᠶ᠋ᠢᠨ᠎ᠠ᠃ ᠵᠠᠭᠤᠴᠢ ᠪᠠᠶ᠋ᠢᠭᠤᠯᠤᠮᠵᠢ᠎ᠨᠢ ᠨᠥᠬᠦᠴᠡᠯ᠎ᠳᠤ ᠨᠡᠶ᠋ᠢᠴᠡᠭᠰᠡᠨ ᠠᠵᠤ ᠠᠬᠤᠶ᠋ᠢᠯᠠᠯ᠎ᠢ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠤ ᠳᠡᠯᠭᠡᠨ ᠦᠵᠡᠭᠦᠯᠬᠦ᠂ ᠫᠠᠶ᠋ᠢᠰᠠ ᠡᠯᠭᠦᠬᠦ᠂ ᠲᠡᠮᠳᠡᠭᠲᠦ ᠲᠠᠷᠬᠠᠭ᠋ᠠᠬᠤ ᠪᠠ ᠰᠢᠯᠵᠢᠭᠦᠯᠦᠨ ᠥᠭᠬᠦ ᠵᠢᠴᠢ ᠪᠤᠰᠤᠳ ᠠᠵᠢᠯᠯᠠᠭ᠎ᠠ ᠬᠢᠯᠭᠡᠬᠦ᠎ᠪᠠᠷ ᠲᠠᠨᠢᠯᠴᠠᠭᠤᠯᠵᠤ ᠪᠣᠯᠣᠨ᠎ᠠ᠃
ᠵᠠᠭᠤᠴᠢ ᠪᠠᠶ᠋ᠢᠭᠤᠯᠤᠮᠵᠢ ᠵᠢᠴᠢ ᠲᠡᠭᠦᠨ᠎ᠤ ᠲᠤᠬᠠᠶ᠋ᠢᠯᠠᠭᠰᠠᠨ ᠠᠵᠢᠯ᠎ᠤᠨ ᠠᠵᠢᠯᠲᠠᠳ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠤ ᠵᠠᠭᠤᠴᠢᠯᠠᠬᠤ ᠦᠢ᠍ᠯᠡᠴᠢᠯᠡᠭᠡᠨ᠎ᠤ ᠠᠵᠢᠯᠯᠠᠭ᠎ᠠ ᠬᠢᠬᠦ᠎ᠳᠤ᠎ᠪᠠᠨ ᠦᠨᠡᠨᠴᠢ ᠢᠲᠡᠭᠡᠮᠵᠢᠲᠡᠢ ᠪᠠᠶ᠋ᠢᠵᠤ᠂ ᠡᠭᠦᠷᠭᠡ ᠬᠠᠷᠢᠭᠤᠴᠠᠯᠭ᠎ᠠ᠎ᠪᠠᠨ ᠴᠢᠷᠮᠠᠶ᠋ᠢᠨ ᠭᠦᠢ᠍ᠴᠡᠳᠬᠡᠵᠦ᠂ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠠ ᠳᠤᠮᠳᠠᠳᠤ ᠤᠯᠤᠰ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠤᠨ ᠬᠠᠮᠢᠶ᠎ᠠ ᠪᠦᠬᠦᠢ ᠲᠣᠭᠲᠠᠭ᠋ᠠᠯ ᠵᠡᠷᠭᠡ ᠵᠢ ᠵᠢᠷᠤᠮᠯᠠᠨ ᠰᠠᠬᠢᠵᠤ᠂ ᠠᠵᠢᠯ ᠲᠦᠷᠦᠯ᠎ᠤᠨ ᠵᠢᠷᠤᠮᠵᠢᠯ᠎ᠢ ᠵᠢᠷᠤᠮᠯᠠᠨ ᠰᠠᠬᠢᠨ᠂ ᠲᠡᠭᠦᠨ᠎ᠤ ᠲᠤᠬᠠᠶ᠋ᠢᠯᠠᠭᠰᠠᠨ ᠠᠵᠢᠯ᠎ᠤᠨ ᠦᠢ᠍ᠯᠡ ᠠᠵᠢᠯᠯᠠᠭ᠎ᠠ᠎ᠳᠤ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃
ᠭᠤᠴᠢᠨ ᠬᠤᠶᠠᠳᠤᠭ᠋ᠠᠷ ᠵᠦᠢ᠍ᠯ ᠠᠵᠢᠯᠯᠠᠨ ᠡᠵᠡᠩᠨᠡᠬᠦ ᠪᠠᠶ᠋ᠢᠭᠤᠯᠤᠮᠵᠢ᠎ᠨᠢ ᠥᠪᠡᠷᠲᠡᠭᠡᠨ ᠪᠤᠶᠤ ᠬᠤᠯᠪᠣᠭᠳᠠᠯ ᠪᠦᠬᠦᠢ ᠵᠠᠭᠤᠴᠢ ᠪᠠᠶ᠋ᠢᠭᠤᠯᠤᠮᠵᠢ ᠵᠢ ᠵᠣᠬᠢᠶᠠᠨ ᠪᠠᠶ᠋ᠢᠭᠤᠯᠵᠤ ᠳᠣᠣᠷ᠎ᠠ ᠵᠢᠭᠰᠠᠭ᠋ᠠᠭᠰᠠᠨ ᠲᠤᠬᠠᠶ᠋ᠢᠯᠠᠭᠰᠠᠨ ᠠᠵᠢᠯ᠎ᠤᠨ ᠠᠵᠢᠯᠯᠠᠭ᠎ᠠ ᠵᠢ ᠥᠷᠨᠢᠭᠦᠯᠵᠦ ᠪᠣᠯᠣᠨ᠎ᠠ᠄
(ᠨᠢᠭᠡ) ᠲᠤᠰ ᠵᠠᠬ᠎ᠠ ᠳᠡᠯᠭᠡᠭᠦᠷ᠎ᠲᠤ ᠣᠷᠣᠯᠴᠠᠭᠰᠠᠨ ᠠᠵᠤ ᠠᠬᠤᠶ᠋ᠢᠯᠠᠯ᠎ᠳᠤ ᠳᠦᠷᠢᠮ᠎ᠤᠨ ᠥᠭᠡᠷᠡᠴᠢᠯᠡᠯᠲᠡ ᠵᠢ ᠬᠠᠪᠰᠤᠷᠤᠨ ᠵᠢᠯᠤᠭᠤᠳᠬᠤ᠂ ᠪᠣᠯᠪᠠᠰᠤᠷᠠᠯ ᠬᠢᠬᠦ᠂ ᠯᠠᠪᠯᠠᠭ᠎ᠠ ᠬᠢᠬᠦ᠂ ᠡᠳ᠋᠎ᠤᠨ ᠶᠠᠪᠤᠳᠠᠯ᠎ᠤᠨ ᠵᠥᠪᠯᠡᠭᠴᠢ ᠵᠡᠷᠭᠡ ᠦᠢ᠍ᠯᠡᠴᠢᠯᠡᠭᠡ ᠬᠠᠩᠭ᠋ᠠᠬᠤ;
(ᠬᠤᠶᠠᠷ) ᠲᠡᠮᠳᠡᠭᠲᠦ ᠵᠢ ᠢᠯᠡ ᠪᠤᠰᠤ᠎ᠪᠠᠷ ᠲᠠᠷᠬᠠᠭ᠋ᠠᠬᠤ᠎ᠳᠤ ᠬᠢᠷᠢ ᠲᠡᠩᠴᠡᠭᠰᠡᠨ ᠪᠡᠯᠡ ᠣᠷᠣᠭᠤᠯᠤᠭᠴᠢᠳᠢ ᠵᠣᠬᠢᠶᠠᠨ ᠪᠠᠶ᠋ᠢᠭᠤᠯᠤᠨ ᠰᠤᠷᠲᠠᠯᠴᠢᠯᠠᠨ ᠲᠠᠨᠢᠯᠴᠠᠭᠤᠯᠭ᠎ᠠ ᠬᠢᠬᠦ ᠪᠤᠶᠤ ᠪᠡᠯᠡ ᠣᠷᠣᠭᠤᠯᠵᠤ ᠪᠡᠯᠡ ᠲᠣᠬᠢᠷᠠᠭᠤᠯᠬᠤ ᠬᠡᠷᠡᠭᠴᠡᠭᠡᠨ᠎ᠤ ᠵᠠᠯᠭ᠋ᠠᠯᠳᠤᠭᠤᠯᠬᠤ ᠵᠢ ᠪᠦᠲᠦᠭᠡᠬᠦ᠎ᠪᠠᠷ ᠴᠢᠷᠮᠠᠶ᠋ᠢᠭᠰᠠᠨ ᠪᠤᠰᠤᠳ ᠠᠵᠢᠯᠯᠠᠭ᠎ᠠ;
(ᠭᠤᠷᠪᠠ) ᠬᠢᠷᠢ ᠲᠡᠩᠴᠡᠭᠰᠡᠨ ᠪᠡᠯᠡ ᠣᠷᠣᠭᠤᠯᠤᠭᠴᠢᠳ᠎ᠲᠤ ᠠᠵᠤ ᠠᠬᠤᠶ᠋ᠢᠯᠠᠯ᠎ᠤᠨ ᠰᠤᠳᠤᠯᠭ᠋ᠠᠨ᠎ᠤ ᠮᠡᠳᠡᠭᠦᠯᠦᠯᠲᠡ ᠪᠠ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ ᠪᠠᠶ᠋ᠢᠴᠠᠭ᠋ᠠᠯᠲᠠ ᠵᠢᠨ ᠮᠡᠳᠡᠭᠡ ᠵᠠᠩᠭᠢ ᠵᠢ ᠬᠠᠩᠭ᠋ᠠᠬᠤ;
(ᠳᠥᠷᠪᠡ) ᠠᠵᠤ ᠠᠬᠤᠶ᠋ᠢᠯᠠᠯ ᠪᠠ ᠪᠡᠯᠡ ᠣᠷᠣᠭᠤᠯᠤᠭᠴᠢᠳ᠎ᠲᠤ ᠰᠲ᠋ᠣᠺ᠎ᠤᠨ ᠡᠷᠬᠡ ᠵᠢᠨ ᠦᠷᠳᠡᠭ᠎ᠢ ᠵᠢᠱ᠌ᠢᠬᠦ ᠦᠢ᠍ᠯᠡᠴᠢᠯᠡᠭᠡ ᠬᠠᠩᠭ᠋ᠠᠬᠤ;
(ᠲᠠᠪᠤ) ᠲᠤᠰ ᠵᠠᠬ᠎ᠠ ᠳᠡᠯᠭᠡᠭᠦᠷ᠎ᠲᠤ ᠳᠠᠩᠰᠠᠨ ᠡᠷᠦᠬᠡ ᠨᠡᠭᠡᠭᠡᠭᠰᠡᠨ ᠬᠢᠷᠢ ᠲᠡᠩᠴᠡᠭᠰᠡᠨ ᠪᠡᠯᠡ ᠣᠷᠣᠭᠤᠯᠤᠭᠴᠢᠳ᠎ᠲᠤ ᠲᠡᠮᠳᠡᠭᠲᠦ ᠮᠠᠶ᠋ᠢᠮᠠᠶ᠋ᠢᠯᠠᠬᠤ᠎ᠳᠤᠨᠢ ᠵᠠᠭᠤᠴᠢᠯᠠᠨ ᠲᠠᠨᠢᠯᠴᠠᠭᠤᠯᠬᠤ ᠦᠢ᠍ᠯᠡᠴᠢᠯᠡᠭᠡ ᠬᠠᠩᠭ᠋ᠠᠬᠤ;
(ᠵᠢᠷᠭᠤᠭ᠎ᠠ) ᠠᠵᠤ ᠠᠬᠤᠶ᠋ᠢᠯᠠᠯ ᠪᠣᠯᠣᠨ ᠪᠡᠯᠡ ᠣᠷᠣᠭᠤᠯᠤᠭᠴᠢᠳ᠎ᠲᠤ ᠪᠡᠯᠡ ᠲᠣᠬᠢᠷᠠᠭᠤᠯᠬᠤ ᠠᠷᠠᠯᠵᠢᠶᠠᠨ᠎ᠤ ᠭᠤᠭᠴᠤᠭ᠎ᠠ ᠵᠢᠨ ᠬᠠᠮᠢᠶ᠎ᠠ ᠪᠦᠬᠦᠢ ᠲᠣᠭᠲᠠᠭ᠋ᠠᠯ᠎ᠳᠤ ᠨᠡᠶ᠋ᠢᠴᠡᠭᠰᠡᠨ ᠦᠢ᠍ᠯᠡᠴᠢᠯᠡᠭᠡ ᠪᠠ ᠦᠨ᠎ᠡ ᠮᠥᠩᠭᠦ ᠵᠢ ᠳ᠋ᠦᠩᠨᠡᠨ ᠪᠤᠳᠤᠬᠤ ᠲᠤᠬᠠᠶ᠋ᠢᠯᠠᠭᠰᠠᠨ ᠠᠵᠢᠯ᠎ᠢ ᠬᠠᠩᠭ᠋ᠠᠬᠤ;
(ᠳᠣᠯᠤᠭ᠎ᠠ) ᠬᠤᠳᠠᠯᠳᠤᠭ᠋ᠠᠨ᠎ᠤ ᠪᠠᠩᠬᠢ᠂ ᠪᠠᠭ᠎ᠠ ᠲᠣᠭ᠋ᠠᠨ᠎ᠤ ᠵᠢᠭᠡᠯᠡᠯᠭᠡ ᠵᠢᠨ ᠺᠣᠮᠫᠠᠨᠢ᠂ ᠪᠡᠯᠡ ᠲᠣᠬᠢᠷᠠᠭᠤᠯᠭ᠎ᠠ ᠵᠢᠨ ᠴᠢᠨᠠᠷᠲᠠᠢ ᠳᠠᠭ᠋ᠠᠭ᠋ᠠᠯᠲᠠ ᠵᠢᠨ ᠺᠣᠮᠫᠠᠨᠢ᠂ ᠪᠡᠯᠡ ᠲᠣᠬᠢᠷᠠᠭᠤᠯᠭ᠎ᠠ ᠵᠢᠨ ᠲᠦᠷᠢᠶᠡᠰᠦᠯᠡᠯ᠎ᠤᠨ ᠺᠣᠮᠫᠠᠨᠢ᠂ ᠳᠠᠨᠵᠢᠯᠠᠬᠤ᠂ ᠬᠤᠳᠠᠯᠳᠤᠭ᠋ᠠᠨ᠎ᠤ ᠪᠠᠲᠤᠯᠠᠵᠤ ᠠᠬᠤᠶ᠋ᠢᠯᠠᠬᠤ᠂ ᠰᠠᠭᠤᠷᠢ ᠮᠥᠩᠭᠦᠨ᠎ᠤ ᠺᠣᠮᠫᠠᠨᠢ ᠵᠡᠷᠭᠡ ᠪᠠᠶ᠋ᠢᠭᠤᠯᠤᠮᠵᠢ᠎ᠯᠤᠭ᠎ᠠ ᠲᠤᠬᠠᠶ᠋ᠢᠯᠠᠭᠰᠠᠨ ᠠᠵᠢᠯ᠎ᠤᠨ ᠬᠠᠮᠲᠤᠷᠠᠯᠴᠠᠭ᠎ᠠ ᠥᠷᠨᠢᠭᠦᠯᠵᠦ᠂ ᠬᠠᠤᠯᠢ ᠴᠠᠭ᠋ᠠᠵᠠ ᠲᠥᠷᠥ ᠵᠢᠨ ᠪᠣᠳᠣᠯᠭ᠎ᠠ ᠵᠢᠨ ᠵᠥᠪᠰᠢᠶᠡᠷᠡᠯ᠎ᠤᠨ ᠬᠡᠪᠴᠢᠶᠡᠨ ᠳᠣᠲᠣᠷ᠎ᠠ᠂ ᠳᠡᠯᠭᠡᠨ ᠦᠵᠡᠭᠦᠯᠬᠦ᠂ ᠨᠠᠶ᠋ᠢᠳᠠᠨ ᠬᠠᠮᠢᠶᠠᠷᠤᠭᠤᠯᠬᠤ᠂ ᠫᠠᠶ᠋ᠢᠰᠠ ᠡᠯᠭᠦᠬᠦ ᠠᠵᠤ ᠠᠬᠤᠶ᠋ᠢᠯᠠᠯ᠎ᠳᠤ ᠢᠲᠡᠭᠡᠮᠵᠢᠲᠦ ᠵᠢᠭᠡᠯᠡᠯᠭᠡ᠂ ᠳᠠᠭ᠋ᠠᠭ᠋ᠠᠯᠲᠠ ᠬᠢᠬᠦ᠂ ᠢᠲᠡᠭᠡᠮᠵᠢ ᠨᠡᠮᠡᠭᠳᠡᠭᠦᠯᠬᠦ᠂ ᠰᠲ᠋ᠣᠺ᠎ᠤᠨ ᠡᠷᠬᠡ᠎ᠪᠠᠨ ᠳᠠᠨᠵᠢᠯᠠᠵᠤ ᠪᠡᠯᠡ ᠲᠣᠬᠢᠷᠠᠭᠤᠯᠬᠤ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ᠎ᠪᠠᠨ ᠳᠠᠨᠵᠢᠯᠠᠵᠤ ᠪᠡᠯᠡ ᠲᠣᠬᠢᠷᠠᠭᠤᠯᠬᠤ ᠵᠡᠷᠭᠡ ᠭᠤᠷᠪᠠᠳᠠᠭᠢ ᠡᠲᠡᠭᠡᠳ᠎ᠤᠨ ᠵᠠᠭᠤᠴᠢᠯᠠᠬᠤ ᠦᠢ᠍ᠯᠡᠴᠢᠯᠡᠭᠡ ᠬᠠᠩᠭ᠋ᠠᠬᠤ;
(ᠨᠠᠢ᠍ᠮᠠ) ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠲᠣᠭᠲᠠᠭ᠋ᠠᠭᠰᠠᠨ ᠪᠤᠰᠤᠳ ᠲᠤᠬᠠᠶ᠋ᠢᠯᠠᠭᠰᠠᠨ ᠠᠵᠢᠯ᠃
ᠭᠤᠴᠢᠨ ᠭᠤᠷᠪᠠᠳᠤᠭ᠋ᠠᠷ ᠵᠦᠢ᠍ᠯ ᠠᠵᠢᠯᠯᠠᠨ ᠡᠵᠡᠩᠨᠡᠬᠦ ᠪᠠᠶ᠋ᠢᠭᠤᠯᠤᠮᠵᠢ᠎ᠨᠢ ᠲᠣᠰ ᠨᠠᠷᠢᠨ ᠳᠦᠷᠢᠮ᠎ᠤᠨ ᠭᠤᠴᠢᠨ ᠬᠤᠶᠠᠳᠤᠭ᠋ᠠᠷ ᠵᠦᠢ᠍ᠯ᠎ᠳᠤ ᠲᠣᠭᠲᠠᠭ᠋ᠠᠭᠰᠠᠨ ᠲᠤᠬᠠᠶ᠋ᠢᠯᠠᠭᠰᠠᠨ ᠠᠵᠢᠯ᠎ᠤᠨ ᠠᠵᠢᠯᠯᠠᠭ᠎ᠠ ᠵᠢ ᠥᠷᠨᠢᠭᠦᠯᠬᠦ᠎ᠳᠤ᠎ᠪᠠᠨ᠂ ᠳᠣᠣᠷᠠᠬᠢ ᠮᠡᠲᠦ ᠪᠦᠲᠦᠮᠵᠢᠲᠡᠶ ᠠᠷᠭ᠎ᠠ ᠬᠡᠮᠵᠢᠶ᠎ᠡ ᠵᠢ ᠠᠪᠴᠤ ᠪᠠᠶ᠋ᠢᠭ᠋ᠠᠳ ᠵᠠᠬ᠎ᠠ ᠳᠡᠯᠭᠡᠭᠦᠷ᠎ᠲᠤ ᠣᠷᠣᠯᠴᠠᠭᠴᠢ᠂ ᠠᠳᠠᠯᠢ ᠪᠤᠰᠤ ᠣᠷᠣᠯᠴᠠᠭᠴᠢᠯᠤᠭᠠ ᠵᠢᠨ ᠬᠤᠭᠤᠷᠣᠨᠳᠣᠬᠢ ᠠᠰᠢᠭ ᠲᠤᠰᠠ ᠵᠢᠨ ᠮᠥᠷᠭᠦᠯᠳᠦᠭᠡᠨ᠎ᠢ ᠰᠡᠷᠭᠡᠶ᠋ᠢᠯᠡᠬᠦ ᠬᠡᠷᠡᠭᠲᠡᠢ᠄
(ᠨᠢᠭᠡ) ᠲᠤᠰ ᠵᠠᠬ᠎ᠠ ᠳᠡᠯᠭᠡᠭᠦᠷ᠎ᠲᠤ ᠣᠷᠣᠯᠴᠠᠭᠰᠠᠨ ᠠᠵᠤ ᠠᠬᠤᠶ᠋ᠢᠯᠠᠯ᠎ᠳᠤ ᠦᠢ᠍ᠯᠡᠴᠢᠯᠡᠭᠡ ᠬᠠᠩᠭ᠋ᠠᠬᠤ᠎ᠳᠤ᠎ᠪᠠᠨ ᠲᠤᠬᠠᠶ᠋ᠢᠯᠠᠭᠰᠠᠨ ᠠᠵᠢᠯ᠎ᠤᠨ ᠲᠤᠰᠠᠭ᠋ᠠᠷᠯᠠᠬᠤ ᠠᠷᠭ᠎ᠠ ᠬᠡᠮᠵᠢᠶ᠎ᠡ ᠠᠪᠴᠤ᠂ ᠪᠡᠯᠡ ᠣᠷᠣᠭᠤᠯᠤᠭᠴᠢᠯᠤᠭᠠ ᠠᠰᠢᠭ ᠲᠤᠰᠠ ᠵᠢᠨ ᠮᠥᠷᠭᠦᠯᠳᠦᠭᠡᠨ ᠭᠠᠷᠬᠤ᠎ᠠᠴᠠ ᠵᠠᠶ᠋ᠢᠯᠠᠰᠬᠢᠬᠦ ᠬᠡᠷᠡᠭᠲᠡᠢ;
(ᠬᠤᠶᠠᠷ) ᠬᠢᠷᠢ ᠲᠡᠩᠴᠡᠭᠰᠡᠨ ᠪᠡᠯᠡ ᠣᠷᠣᠭᠤᠯᠤᠭᠴᠢᠳ᠎ᠲᠤ ᠠᠵᠤ ᠠᠬᠤᠶ᠋ᠢᠯᠠᠯ᠎ᠤᠨ ᠰᠤᠳᠤᠯᠭ᠋ᠠᠨ᠎ᠤ ᠮᠡᠳᠡᠭᠦᠯᠦᠯᠲᠡ ᠪᠠ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ ᠪᠠᠶ᠋ᠢᠴᠠᠭ᠋ᠠᠯᠲᠠ ᠵᠢᠨ ᠮᠡᠳᠡᠭᠡ ᠵᠠᠩᠭᠢ ᠵᠢ ᠬᠠᠩᠭ᠋ᠠᠬᠤ᠎ᠳᠤ᠎ᠪᠠᠨ ᠪᠡᠶ᠎ᠡ᠎ᠪᠠᠨ ᠳᠠᠭ᠋ᠠᠭ᠋ᠠᠭᠰᠠᠨ᠂ ᠪᠤᠰᠤᠳᠴᠢ ᠪᠠᠶ᠋ᠢᠬᠤ ᠵᠠᠷᠴᠢᠮ᠎ᠢ ᠵᠢᠷᠤᠮᠯᠠᠬᠤ ᠬᠡᠷᠡᠭᠲᠡᠢ᠂ ᠲᠡᠮᠳᠡᠭᠲᠦ᠎ᠳᠤ ᠪᠡᠯᠡ ᠣᠷᠣᠭᠤᠯᠬᠤ ᠰᠠᠨᠠᠭᠤᠯᠭ᠎ᠠ ᠬᠠᠩᠭ᠋ᠠᠵᠤ ᠪᠣᠯᠬᠤ ᠦᠭᠡᠢ᠂ ᠬᠤᠳᠠᠯ ᠬᠠᠭᠤᠷᠮᠠᠭ᠂ ᠵᠢᠩᠬᠢᠨᠢ ᠪᠤᠰᠤ᠂ ᠠᠳᠡᠭᠦᠷᠡᠭᠦᠯᠬᠦ ᠴᠢᠨᠠᠷᠲᠠᠢ ᠮᠡᠳᠡᠭᠡ ᠵᠠᠩᠭᠢ ᠬᠠᠩᠭ᠋ᠠᠵᠤ ᠪᠣᠯᠬᠤ ᠦᠭᠡᠢ;
(ᠭᠤᠷᠪᠠ) ᠬᠢᠷᠢ ᠲᠡᠩᠴᠡᠭᠰᠡᠨ ᠪᠡᠯᠡ ᠣᠷᠣᠭᠤᠯᠤᠭᠴᠢᠳ᠎ᠲᠤ ᠲᠡᠮᠳᠡᠭᠲᠦ ᠮᠠᠶ᠋ᠢᠮᠠᠶ᠋ᠢᠯᠠᠬᠤ᠎ᠳᠤ ᠵᠠᠭᠤᠴᠢᠯᠠᠨ ᠲᠠᠨᠢᠯᠴᠠᠭᠤᠯᠬᠤ ᠦᠢ᠍ᠯᠡᠴᠢᠯᠡᠭᠡ ᠬᠠᠩᠭ᠋ᠠᠬᠤ᠎ᠳᠤ᠎ᠪᠠᠨ᠂ ᠮᠠᠶ᠋ᠢᠮᠠᠶ᠋ᠢᠯᠠᠬᠤ ᠬᠤᠶᠠᠷ ᠡᠲᠡᠭᠡᠳ᠎ᠲᠤ ᠭᠤᠣᠯᠴᠢ᠎ᠪᠠᠷ ᠬᠠᠨᠳᠤᠬᠤ ᠬᠡᠷᠡᠭᠲᠡᠢ᠂ ᠠᠯᠢ ᠨᠢᠭᠡ ᠲᠠᠯ᠎ᠠ ᠵᠢᠨ᠎ᠬᠢᠨ᠎ᠤ ᠠᠰᠢᠭ ᠲᠤᠰᠠ ᠵᠢ ᠴᠦ᠍ ᠬᠤᠬᠢᠷᠠᠭᠤᠯᠵᠤ ᠪᠣᠯᠬᠤ ᠦᠭᠡᠢ;
(ᠳᠥᠷᠪᠡ) ᠦᠢ᠍ᠯᠡᠴᠢᠯᠡᠬᠦ ᠡᠲᠡᠭᠡᠳ᠎ᠠᠴᠠ ᠰᠦᠢ᠍ᠳᠬᠡᠯ ᠬᠤᠷᠢᠶᠠᠬᠤ᠎ᠳᠤ᠎ᠪᠠᠨ ᠬᠤᠯᠪᠣᠭᠳᠠᠯ ᠪᠦᠬᠦᠢ ᠲᠣᠭᠲᠠᠭ᠋ᠠᠯ᠎ᠳᠤ ᠨᠡᠶ᠋ᠢᠴᠡᠭᠦᠯᠬᠦ ᠵᠢᠨ ᠬᠠᠮᠲᠤ ᠰᠦᠢ᠍ᠳᠬᠡᠯ ᠬᠤᠷᠢᠶᠠᠬᠤ ᠪᠠᠷᠢᠮᠵᠢᠶ᠎ᠠ ᠵᠢ ᠢᠯᠡ ᠨᠡᠶ᠋ᠢᠲᠡᠯᠡᠬᠦ ᠬᠡᠷᠡᠭᠲᠡᠢ᠃
ᠭᠤᠴᠢᠨ ᠳᠥᠷᠪᠡᠳᠦᠭᠡᠷ ᠵᠦᠢ᠍ᠯ ᠠᠵᠢᠯᠯᠠᠨ ᠡᠵᠡᠩᠨᠡᠬᠦ ᠪᠠᠶ᠋ᠢᠭᠤᠯᠤᠮᠵᠢ᠎ᠨᠢ ᠵᠠᠭᠤᠴᠢ ᠪᠠᠶ᠋ᠢᠭᠤᠯᠤᠮᠵᠢ ᠵᠢᠨ ᠬᠠᠮᠢᠶᠠᠷᠤᠯᠲᠠ ᠵᠢᠨ ᠳᠦᠷᠢᠮ ᠵᠢᠴᠢ ᠬᠢᠨᠠᠯᠲᠠ ᠲᠠᠯᠪᠢᠬᠤ ᠲᠣᠭᠲᠠᠴᠠ ᠵᠢ ᠪᠠᠶ᠋ᠢᠭᠤᠯᠵᠤ᠂ ᠣᠷᠣᠯᠴᠠᠬᠤ ᠵᠠᠭᠤᠴᠢ ᠪᠠᠶ᠋ᠢᠭᠤᠯᠤᠮᠵᠢ ᠵᠢᠨ ᠲᠦᠷᠦᠯ ᠵᠦᠢ᠍ᠯ᠂ ᠬᠢᠷᠢ ᠬᠡᠮ᠎ᠤᠨ ᠨᠥᠬᠦᠴᠡᠯ᠂ ᠡᠷᠬᠡ ᠪᠠ ᠡᠭᠦᠷᠭᠡ᠂ ᠲᠤᠬᠠᠶ᠋ᠢᠯᠠᠭᠰᠠᠨ ᠠᠵᠢᠯ᠎ᠤᠨ ᠳᠦᠷᠢᠮ ᠵᠡᠷᠭᠡ ᠵᠦᠢ᠍ᠯᠡᠰ᠎ᠢ ᠲᠣᠳᠣᠷᠬᠠᠶ᠋ᠢᠯᠠᠵᠤ᠂ ᠲᠡᠭᠦᠨ᠎ᠤ ᠨᠡᠷᠡᠰ ᠪᠠ ᠬᠠᠮᠢᠶ᠎ᠠ ᠪᠦᠬᠦᠢ ᠮᠠᠲ᠋ᠧᠷᠢᠶᠠᠯ᠎ᠢ ᠨᠡᠶ᠋ᠢᠲᠡ᠎ᠳᠤ ᠵᠠᠷᠯᠠᠵᠤ᠂ ᠦᠨᠡᠨᠴᠢ ᠢᠲᠡᠭᠡᠮᠵᠢ ᠵᠢᠨ ᠲᠠᠩᠰᠠ ᠪᠠᠶ᠋ᠢᠭᠤᠯᠬᠤ ᠵᠢᠨ ᠬᠠᠮᠲᠤ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠵᠠᠭᠤᠴᠢ ᠪᠠᠶ᠋ᠢᠭᠤᠯᠤᠮᠵᠢ ᠵᠢᠨ ᠪᠡᠯᠡ ᠣᠷᠣᠭᠤᠯᠤᠭᠴᠢᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠤᠬᠢᠷᠠᠭᠤᠯᠬᠤ᠎ᠠᠴᠠ ᠰᠡᠷᠭᠡᠶ᠋ᠢᠯᠡᠬᠦ ᠬᠡᠷᠡᠭᠲᠡᠢ᠃ ᠵᠠᠭᠤᠴᠢ ᠪᠠᠶ᠋ᠢᠭᠤᠯᠤᠮᠵᠢ ᠵᠢᠨ ᠲᠤᠬᠠᠶ᠋ᠢᠯᠠᠭᠰᠠᠨ ᠠᠵᠢᠯ᠎ᠤᠨ ᠬᠢᠷᠢ ᠬᠡᠮ ᠵᠶ᠋ᠠᠨ ᠶᠠᠮᠠᠷᠪᠠ ᠬᠡᠯᠪᠡᠷᠢ᠎ᠪᠠᠷ ᠪᠤᠰᠤᠳ ᠪᠠᠶ᠋ᠢᠭᠤᠯᠤᠮᠵᠢ ᠪᠠ ᠬᠤᠪᠢ ᠬᠥᠮᠥᠨ᠎ᠳᠤ ᠥᠭᠴᠦ ᠬᠡᠷᠡᠭᠯᠡᠭᠦᠯᠬᠦ ᠵᠢ ᠴᠢᠩᠭ᠎ᠠ ᠴᠠᠭ᠋ᠠᠵᠠᠯᠠᠨ᠎ᠠ᠃
ᠳᠥᠷᠪᠡᠳᠦᠭᠡᠷ ᠪᠦᠯᠦᠭ ᠳᠠᠩᠰᠠᠨ ᠡᠷᠦᠬᠡ ᠵᠢᠨ ᠬᠠᠮᠢᠶᠠᠷᠤᠯᠲᠠ ᠬᠢᠭᠡᠳ ᠳᠠᠩᠰᠠᠯᠠᠵᠤ ᠳ᠋ᠦᠩᠨᠡᠨ ᠪᠣᠳᠣᠬᠤ
ᠭᠤᠴᠢᠨ ᠲᠠᠪᠤᠳᠤᠭ᠋ᠠᠷ ᠵᠦᠢ᠍ᠯ ᠪᠡᠯᠡ ᠣᠷᠣᠭᠤᠯᠤᠭᠴᠢ᠎ᠨᠢ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠤ ᠲᠡᠮᠳᠡᠭᠲᠦ ᠲᠠᠷᠬᠠᠭ᠋ᠠᠵᠤ ᠰᠢᠯᠵᠢᠭᠦᠯᠦᠨ ᠥᠭᠬᠦ᠎ᠳᠤ᠎ᠪᠠᠨ᠂ ᠲᠡᠩᠰᠡᠯᠡᠵᠦ ᠳ᠋ᠦᠩᠨᠡᠨ ᠪᠤᠳᠦᠬᠤ ᠲᠤᠬᠠᠶ᠋ᠢᠯᠠᠭᠰᠠᠨ ᠠᠵᠢᠯ᠎ᠢ ᠭᠦᠢ᠍ᠴᠡᠳᠬᠡᠬᠦ ᠪᠠᠶ᠋ᠢᠭᠤᠯᠤᠮᠵᠢ᠎ᠳᠤ ᠲᠡᠮᠳᠡᠭᠲᠦ ᠵᠢᠨ ᠳᠠᠩᠰᠠᠨ ᠡᠷᠦᠬᠡ ᠪᠠᠶ᠋ᠢᠭᠤᠯᠬᠤ᠎ᠪᠠᠷ ᠭᠤᠶᠤᠴᠢᠯᠠᠬᠤ ᠬᠡᠷᠡᠭᠲᠡᠢ᠂ ᠲᠡᠩᠰᠡᠯᠡᠵᠦ ᠳ᠋ᠦᠩᠨᠡᠨ ᠪᠤᠳᠦᠬᠤ ᠲᠤᠬᠠᠶ᠋ᠢᠯᠠᠭᠰᠠᠨ ᠠᠵᠢᠯ᠎ᠢ ᠭᠦᠢ᠍ᠴᠡᠳᠬᠡᠬᠦ ᠪᠠᠶ᠋ᠢᠭᠤᠯᠤᠮᠵᠢ᠎ᠨᠢ ᠪᠡᠯᠡ ᠣᠷᠣᠭᠤᠯᠤᠭᠴᠢ᠎ᠳᠤ ᠲᠡᠮᠳᠡᠭᠲᠦ ᠵᠢᠨ ᠳᠠᠩᠰᠠᠨ ᠡᠷᠦᠬᠡ ᠰᠢᠭᠤᠳ ᠪᠠᠶ᠋ᠢᠭᠤᠯᠤᠨ ᠥᠭᠴᠦ ᠪᠣᠯᠣᠨ᠎ᠠ᠂ ᠲᠤᠰ ᠵᠠᠬ᠎ᠠ ᠳᠡᠯᠭᠡᠭᠦᠷ᠎ᠲᠤ ᠣᠷᠣᠯᠴᠠᠭᠰᠠᠨ ᠲᠡᠮᠳᠡᠭᠲᠦ ᠵᠢᠨ ᠺᠣᠮᠫᠠᠨᠢ᠎ᠳᠤ ᠨᠠᠶ᠋ᠢᠳᠠᠵᠤ ᠣᠷᠣᠯᠠᠭᠤᠯᠤᠨ ᠭᠦᠢ᠍ᠴᠡᠳᠬᠡᠯᠭᠡᠵᠦ ᠴᠦ᠍ ᠪᠣᠯᠣᠨ᠎ᠠ᠃
ᠲᠡᠮᠳᠡᠭᠲᠦ ᠵᠢᠨ ᠳᠠᠩᠰᠠᠨ ᠡᠷᠦᠬᠡ ᠪᠠᠶ᠋ᠢᠭᠤᠯᠤᠭᠰᠠᠨ ᠪᠠᠶ᠋ᠢᠭᠤᠯᠤᠮᠵᠢ᠎ᠠᠴᠠ ᠭᠤᠶᠤᠴᠢᠯᠠᠭᠴᠢ᠎ᠨᠢ ᠲᠤᠰ ᠨᠠᠷᠢᠨ ᠳᠦᠷᠢᠮ᠎ᠳᠤ ᠲᠣᠭᠲᠠᠭ᠋ᠠᠭᠰᠠᠨ ᠬᠢᠷᠢ ᠲᠡᠩᠴᠡᠭᠰᠡᠨ ᠪᠡᠯᠡ ᠣᠷᠣᠭᠤᠯᠤᠭᠴᠢ ᠵᠢᠨ ᠨᠥᠬᠦᠴᠡᠯ᠎ᠳᠤ ᠨᠡᠶ᠋ᠢᠴᠡᠬᠦ ᠡᠰᠡᠬᠦ᠎ᠳᠤ ᠬᠢᠨᠠᠨ ᠪᠠᠶ᠋ᠢᠴᠠᠭ᠋ᠠᠯᠲᠠ ᠬᠢᠬᠦ ᠬᠡᠷᠡᠭᠲᠡᠢ᠂ ᠲᠣᠭᠲᠠᠭ᠋ᠠᠭᠰᠠᠨ ᠨᠥᠬᠦᠴᠡᠯ᠎ᠳᠤ ᠥᠯᠥ ᠨᠡᠶ᠋ᠢᠴᠡᠬᠦ ᠭᠤᠶᠤᠴᠢᠯᠠᠭᠴᠢ᠎ᠳᠤ ᠲᠡᠮᠳᠡᠭᠲᠦ ᠵᠢᠨ ᠳᠠᠩᠰᠠᠨ ᠡᠷᠦᠬᠡ ᠪᠠᠶ᠋ᠢᠭᠤᠯᠤᠨ ᠥᠭᠴᠦ ᠪᠣᠯᠬᠤ ᠦᠭᠡᠢ᠃ ᠭᠤᠶᠤᠴᠢᠯᠠᠭᠴᠢ᠎ᠨᠢ ᠪᠠᠶ᠋ᠢᠭ᠋ᠠᠯᠢ ᠬᠥᠮᠥᠨ ᠪᠠᠶ᠋ᠢᠪᠠᠯ᠂ ᠪᠠᠰᠠ ᠲᠡᠭᠦᠨ᠎ᠳᠤ ᠲᠡᠮᠳᠡᠭᠲᠦ ᠵᠢᠨ ᠲᠠᠩᠰᠠᠨ ᠡᠷᠦᠬᠡ ᠪᠠᠶ᠋ᠢᠭᠤᠯᠵᠤ ᠥᠭᠬᠦ᠎ᠠᠴᠠ ᠡᠮᠦᠨ᠎ᠡ᠂ ᠪᠢᠴᠢᠭ ᠵᠶ᠋ᠠᠷ ᠪᠤᠶᠤ ᠡᠯᠧᠺᠳ᠋ᠷᠣᠨᠤ ᠬᠡᠯᠪᠡᠷᠢ᠎ᠪᠠᠷ ᠲᠡᠭᠦᠨ᠎ᠳᠤ ᠲᠦᠭᠰᠢᠭᠦᠷᠢ ᠵᠢ ᠢᠯᠡᠴᠢᠯᠡᠨ ᠮᠡᠳᠡᠭᠳᠡᠬᠦ ᠵᠢᠨ ᠬᠠᠮᠲᠤ ᠲᠡᠭᠦᠨ ᠵᠶ᠋ᠠᠷ ᠨᠤᠲᠠᠯᠠᠭᠤᠯᠬᠤ᠎ᠪᠠᠷ ᠱᠠᠭ᠋ᠠᠷᠳᠠᠬᠤ ᠬᠡᠷᠡᠭᠲᠡᠢ᠃
ᠲᠤᠰ ᠨᠠᠷᠢᠨ ᠳᠦᠷᠢᠮ᠎ᠢ ᠬᠡᠷᠡᠭᠵᠢᠭᠦᠯᠬᠦ᠎ᠠᠴᠠ ᠡᠮᠦᠨ᠎ᠡ ᠨᠢᠭᠡᠨᠲᠡ ᠲᠡᠮᠳᠡᠭᠲᠦ ᠵᠢᠨ ᠳᠠᠩᠰᠠᠨ ᠡᠷᠦᠬᠡ ᠪᠠᠶ᠋ᠢᠭᠤᠯᠤᠭᠰᠠᠨ ᠪᠣᠯᠪᠠᠴᠤ ᠲᠤᠰ ᠨᠠᠷᠢᠨ ᠳᠦᠷᠢᠮ᠎ᠳᠤ ᠲᠣᠭᠲᠠᠭ᠋ᠠᠭᠰᠠᠨ ᠬᠢᠷᠢ ᠲᠡᠩᠴᠡᠭᠰᠡᠨ ᠪᠡᠯᠡ ᠣᠷᠣᠭᠤᠯᠤᠭᠴᠢ ᠵᠢᠨ ᠨᠥᠬᠦᠴᠡᠯ᠎ᠳᠤ ᠥᠯᠥ ᠨᠡᠶ᠋ᠢᠴᠡᠬᠦ ᠪᠡᠯᠡ ᠣᠷᠣᠭᠤᠯᠤᠭᠴᠢ᠎ᠨᠢ ᠲᠡᠮᠳᠡᠭᠲᠦ ᠵᠢ ᠬᠤᠳᠠᠯᠳᠤᠨ ᠠᠪᠬᠤ ᠪᠤᠶᠤ ᠰᠢᠯᠵᠢᠭᠦᠯᠦᠨ ᠠᠪᠴᠤ ᠪᠣᠯᠬᠤ ᠦᠭᠡᠢ; ᠲᠡᠮᠳᠡᠭᠲᠦ ᠵᠢ ᠨᠢᠭᠡᠨᠲᠡ ᠬᠤᠳᠠᠯᠳᠤᠨ ᠠᠪᠤᠭᠰᠠᠨ ᠪᠤᠶᠤ ᠰᠢᠯᠵᠢᠭᠦᠯᠦᠨ ᠠᠪᠤᠭᠰᠠᠨ ᠪᠠᠶ᠋ᠢᠪᠠᠯ ᠵᠥᠪᠬᠡᠨ ᠦᠷᠭᠦᠯᠵᠢᠯᠡᠨ ᠡᠵᠡᠮᠰᠢᠬᠦ ᠪᠤᠶᠤ ᠬᠤᠳᠠᠯᠳᠤᠨ ᠭᠠᠷᠭ᠋ᠠᠨ᠎ᠠ᠃
ᠭᠤᠴᠢᠨ ᠵᠢᠷᠭᠤᠳᠤᠭ᠋ᠠᠷ ᠵᠦᠢ᠍ᠯ ᠠᠵᠢᠯᠯᠠᠨ ᠡᠵᠡᠩᠨᠡᠬᠦ ᠪᠠᠶ᠋ᠢᠭᠤᠯᠤᠮᠵᠢ᠎ᠨᠢ ᠪᠡᠯᠡ ᠣᠷᠣᠭᠤᠯᠤᠭᠴᠢ ᠵᠢᠨ ᠪᠡᠯᠡ ᠮᠥᠩᠭᠦᠨ᠎ᠤ ᠬᠠᠮᠢᠶᠠᠷᠤᠯᠲᠠ ᠵᠢᠨ ᠳᠦᠷᠢᠮ᠎ᠢ ᠪᠠᠶ᠋ᠢᠭᠤᠯᠵᠤ᠂ ᠬᠤᠳᠠᠯᠳᠤᠭ᠋ᠠᠨ᠎ᠤ ᠪᠠᠩᠬᠢ ᠪᠤᠶᠤ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠵᠥᠪᠰᠢᠶᠡᠷᠡᠯ ᠵᠶ᠋ᠠᠷ ᠪᠠᠶ᠋ᠢᠭᠤᠯᠤᠭᠰᠠᠨ ᠲᠡᠮᠳᠡᠭᠲᠦ ᠵᠢᠨ ᠬᠤᠭᠤᠴᠠᠭ᠋ᠠᠲᠤ ᠪᠠᠷᠠᠭ᠋ᠠᠨ᠎ᠤ ᠪᠠᠲᠤᠯᠠᠭ᠋ᠠᠲᠤ ᠮᠥᠩᠭᠦ ᠵᠢ ᠬᠠᠳᠠᠭ᠋ᠠᠯᠠᠨ ᠬᠠᠮᠢᠶᠠᠷᠬᠤ ᠲᠤᠬᠠᠶ᠋ᠢᠯᠠᠭᠰᠠᠨ ᠠᠵᠢᠯ᠎ᠤᠨ ᠬᠢᠷᠢ ᠬᠡᠮ᠎ᠲᠠᠢ ᠪᠠᠶ᠋ᠢᠭᠤᠯᠤᠮᠵᠢ᠎ᠳᠤ ᠲᠤᠰᠠᠭ᠋ᠠᠷ᠎ᠨᠢ ᠲᠤᠰᠬᠠᠢ ᠬᠡᠷᠡᠭᠯᠡᠬᠦ ᠳ᠋ᠦᠩᠨᠡᠨ ᠪᠤᠳᠤᠬᠤ ᠲᠠᠩᠰᠠᠨ ᠡᠷᠦᠬᠡ ᠪᠠᠶ᠋ᠢᠭᠤᠯᠵᠤ᠂ ᠪᠡᠯᠡ ᠣᠷᠣᠭᠤᠯᠤᠭᠴᠢ ᠵᠢᠨ ᠪᠡᠯᠡ ᠮᠥᠩᠭᠦ ᠵᠢ ᠬᠠᠳᠠᠭ᠋ᠠᠯᠠᠬᠤ᠎ᠳᠤ ᠲᠤᠰᠬᠠᠶ᠋ᠢᠯᠠᠨ ᠬᠡᠷᠡᠭᠯᠡᠬᠦ ᠬᠡᠷᠡᠭᠲᠡᠢ᠂ ᠲᠤᠰᠬᠠᠢ ᠬᠡᠷᠡᠭᠯᠡᠬᠦ ᠳ᠋ᠦᠩᠨᠡᠨ ᠪᠤᠳᠤᠬᠤ ᠲᠠᠩᠰᠠᠨ ᠡᠷᠦᠬᠡ ᠪᠣᠯᠣᠨ ᠠᠵᠢᠯᠯᠠᠨ ᠡᠵᠡᠩᠨᠡᠬᠦ ᠪᠠᠶ᠋ᠢᠭᠤᠯᠤᠮᠵᠢ ᠵᠢᠨ ᠥᠪᠡᠷ᠎ᠤᠨ᠎ᠬᠢ ᠪᠠᠶ᠋ᠢᠭ᠎ᠠ ᠪᠡᠯᠡ ᠮᠥᠩᠭᠦᠨ᠎ᠤ ᠲᠠᠩᠰᠠᠨ ᠡᠷᠦᠬᠡ ᠵᠢ᠎ᠨᠢ ᠴᠢᠩᠭ᠎ᠠ ᠰᠠᠯᠭ᠋ᠠᠵᠤ᠂ ᠬᠤᠳᠬᠤᠯᠳᠤᠭᠤᠯᠵᠤ ᠪᠣᠯᠬᠤ ᠦᠭᠡᠢ᠃ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠶᠠᠮᠠᠷᠪᠠ ᠬᠡᠯᠪᠡᠷᠢ᠎ᠪᠠᠷ ᠪᠡᠯᠡ ᠣᠷᠣᠭᠤᠯᠤᠭᠴᠢ ᠵᠢᠨ ᠪᠡᠯᠡ ᠮᠥᠩᠭᠦ ᠵᠢ ᠨᠡᠭᠦᠯᠭᠡᠨ ᠬᠡᠷᠡᠭᠯᠡᠵᠦ ᠪᠣᠯᠬᠤ ᠦᠭᠡᠢ᠃
ᠪᠡᠯᠡ ᠣᠷᠣᠭᠤᠯᠤᠭᠴᠢ᠎ᠨᠢ ᠪᠡᠯᠡ ᠣᠷᠣᠭᠤᠯᠬᠤ ᠪᠡᠯᠡ ᠮᠥᠩᠭᠦᠨ᠎ᠤ ᠢᠷᠡᠯᠲᠡ ᠵᠢᠨ ᠬᠠᠤᠯᠢ ᠶᠣᠰᠣᠨ᠎ᠤ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠢ᠂ ᠬᠠᠤᠯᠢ ᠪᠤᠰᠤ᠎ᠪᠠᠷ ᠪᠤᠰᠤᠳ᠎ᠤᠨ ᠪᠡᠯᠡ ᠮᠥᠩᠭᠦ ᠵᠢ ᠴᠤᠭᠯᠠᠭᠤᠯᠤᠨ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠲᠡᠮᠳᠡᠭᠲᠦ᠎ᠳᠤ ᠪᠡᠯᠡ ᠣᠷᠣᠭᠤᠯᠵᠤ ᠪᠣᠯᠬᠤ ᠦᠭᠡᠢ᠃
ᠠᠵᠢᠯᠯᠠᠨ ᠡᠵᠡᠩᠨᠡᠬᠦ ᠪᠠᠶ᠋ᠢᠭᠤᠯᠤᠮᠵᠢ᠎ᠨᠢ ᠪᠡᠯᠡ ᠣᠷᠣᠭᠤᠯᠤᠭᠴᠢ ᠵᠢᠨ ᠪᠡᠯᠡ ᠮᠥᠩᠭᠦᠨ᠎ᠤ ᠬᠤᠪᠢᠷᠠᠯᠲᠠ ᠵᠢᠨ ᠪᠠᠶ᠋ᠢᠳᠠᠯ᠎ᠢ ᠡᠳᠦᠷ ᠪᠦᠷᠢ ᠬᠢᠨᠠᠨ ᠰᠢᠨᠵᠢᠵᠦ᠂ ᠬᠡᠪ᠎ᠤᠨ ᠪᠤᠰᠤ ᠪᠠᠶ᠋ᠢᠳᠠᠯ᠎ᠢ ᠣᠯᠵᠤ ᠮᠡᠳᠡᠪᠡᠯ ᠴᠠᠭ ᠲᠤᠬᠠᠢᠳᠤᠨᠢ ᠰᠢᠢ᠍ᠳᠪᠦᠷᠢᠯᠡᠬᠦ ᠵᠢᠨ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠪᠣᠯᠣᠨ ᠥᠪᠥᠷ ᠮᠣᠩᠭᠤᠯ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠳᠤ ᠮᠡᠳᠡᠭᠦᠯᠬᠦ ᠬᠡᠷᠡᠭᠲᠡᠢ᠃
ᠭᠤᠴᠢᠨ ᠳᠣᠯᠣᠳᠤᠭ᠋ᠠᠷ ᠵᠦᠢ᠍ᠯ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠳᠠᠩᠰᠠᠯᠠᠵᠤ ᠳ᠋ᠦᠩᠨᠡᠨ ᠪᠤᠳᠤᠬᠤ ᠲᠤᠬᠠᠶ᠋ᠢᠯᠠᠭᠰᠠᠨ ᠠᠵᠢᠯ᠎ᠢ ᠪᠣᠯ ᠠᠵᠢᠯᠯᠠᠨ ᠡᠵᠡᠩᠨᠡᠬᠦ ᠪᠠᠶ᠋ᠢᠭᠤᠯᠤᠮᠵᠢ ᠪᠤᠶᠤ ᠳᠤᠮᠳᠠᠳᠤ ᠤᠯᠤᠰ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠤᠨ ᠵᠥᠪᠰᠢᠶᠡᠷᠡᠭᠰᠡᠨ ᠳᠠᠩᠰᠠᠯᠠᠵᠤ ᠳ᠋ᠦᠩᠨᠡᠨ ᠪᠤᠳᠤᠬᠤ ᠪᠠᠶ᠋ᠢᠭᠤᠯᠤᠮᠵᠢ᠎ᠠᠴᠠ ᠭᠦᠢ᠍ᠴᠡᠳᠬᠡᠬᠦ ᠬᠡᠷᠡᠭᠲᠡᠢ᠃ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠤ ᠲᠠᠷᠬᠠᠭ᠋ᠠᠬᠤ᠂ ᠰᠢᠯᠵᠢᠭᠦᠯᠦᠨ ᠥᠭᠬᠦ ᠲᠡᠮᠳᠡᠭᠲᠦ ᠵᠢ ᠪᠣᠯ ᠲᠡᠩᠰᠡᠯᠡᠵᠦ ᠳ᠋ᠦᠩᠨᠡᠨ ᠪᠤᠳᠦᠬᠤ ᠪᠠᠶ᠋ᠢᠭᠤᠯᠤᠮᠵᠢ᠎ᠳᠤ ᠲᠥᠪᠯᠡᠷᠡᠭᠦᠯᠦᠨ ᠬᠠᠳᠠᠭ᠋ᠠᠯᠠᠵᠤ ᠬᠠᠮᠢᠶᠠᠷᠬᠤ ᠪᠠ ᠳᠠᠩᠰᠠᠯᠠᠬᠤ ᠬᠡᠷᠡᠭᠲᠡᠢ᠃ ᠲᠡᠩᠰᠡᠯᠡᠵᠦ ᠳ᠋ᠦᠩᠨᠡᠨ ᠪᠤᠳᠦᠬᠤ ᠲᠤᠬᠠᠶ᠋ᠢᠯᠠᠭᠰᠠᠨ ᠠᠵᠢᠯ᠎ᠢ ᠭᠦᠢ᠍ᠴᠡᠳᠬᠡᠬᠦ ᠪᠠᠶ᠋ᠢᠭᠤᠯᠤᠮᠵᠢ᠎ᠨᠢ ᠲᠡᠮᠳᠡᠭᠲᠦ ᠵᠢ ᠲᠡᠩᠰᠡᠯᠡᠵᠦ ᠳ᠋ᠦᠩᠨᠡᠨ ᠪᠤᠳᠦᠭ᠍ᠰᠡᠠ ᠦᠷ᠎ᠡ ᠳ᠋ᠦᠩ᠎ᠢ ᠦᠨᠳᠦᠰᠦᠯᠡᠨ᠂ ᠲᠡᠮᠳᠡᠭᠲᠦ ᠡᠵᠡᠮᠰᠢᠭᠴᠢ ᠵᠢᠨ ᠲᠡᠮᠳᠡᠭᠲᠦ ᠡᠵᠡᠮᠰᠢᠵᠦ ᠪᠠᠶ᠋ᠢᠭ᠎ᠠ ᠪᠣᠳᠠᠲᠤ ᠶᠠᠪᠤᠳᠠᠯ᠎ᠢ ᠨᠤᠲᠠᠯᠠᠵᠤ᠂ ᠲᠡᠮᠳᠡᠭᠲᠦ ᠡᠵᠡᠮᠰᠢᠭᠴᠢ ᠵᠢᠨ ᠳᠠᠩᠰᠠᠯᠠᠭᠤᠯᠤᠭᠰᠠᠨ ᠮᠠᠲ᠋ᠧᠷᠢᠶᠠᠯ᠎ᠢ ᠬᠠᠩᠭ᠋ᠠᠬᠤ ᠬᠡᠷᠡᠭᠲᠡᠢ᠃
ᠲᠡᠩᠰᠡᠯᠡᠵᠦ ᠳ᠋ᠦᠩᠨᠡᠨ ᠪᠤᠳᠦᠬᠤ ᠲᠤᠬᠠᠶ᠋ᠢᠯᠠᠭᠰᠠᠨ ᠠᠵᠢᠯ᠎ᠢ ᠭᠦᠢ᠍ᠴᠡᠳᠬᠡᠬᠦ ᠪᠠᠶ᠋ᠢᠭᠤᠯᠤᠮᠵᠢ᠎ᠨᠢ ᠳᠠᠩᠰᠠᠯᠠᠭᠰᠠᠨ᠂ ᠳ᠋ᠦᠩᠨᠡᠨ ᠪᠤᠳᠦᠭ᠍ᠰᠡᠠ ᠠᠩᠬᠠᠨ᠎ᠤ ᠭᠡᠷᠡᠴᠢ ᠪᠠᠷᠢᠮᠲᠠ ᠵᠢᠴᠢ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ᠎ᠢ ᠲᠣᠬᠢᠲᠠᠢ ᠬᠠᠳᠠᠭ᠋ᠠᠯᠠᠬᠤ ᠬᠡᠷᠡᠭᠲᠡᠢ᠂ ᠬᠠᠳᠠᠭ᠋ᠠᠯᠠᠬᠤ ᠬᠤᠭᠤᠴᠠᠭ᠎ᠠ ᠵᠢ 20 ᠵᠢᠯ᠎ᠠᠴᠠ ᠳᠤᠲᠠᠭᠤ ᠪᠠᠶ᠋ᠢᠯᠭ᠋ᠠᠵᠤ ᠪᠣᠯᠬᠤ ᠦᠭᠡᠢ᠃
ᠭᠤᠴᠢᠨ ᠨᠠᠢ᠍ᠮᠠᠳᠤᠭ᠋ᠠᠷ ᠵᠦᠢ᠍ᠯ ᠲᠡᠩᠰᠡᠯᠡᠵᠦ ᠳ᠋ᠦᠩᠨᠡᠨ ᠪᠤᠳᠦᠬᠤ ᠪᠠᠶ᠋ᠢᠭᠤᠯᠤᠮᠵᠢ᠎ᠨᠢ ᠲᠣᠭᠲᠠᠭ᠋ᠠᠯ ᠶᠣᠰᠣᠭ᠋ᠠᠷ ᠲᠡᠮᠳᠡᠭᠲᠦ ᠵᠢᠨ ᠳᠠᠩᠰᠠᠨ ᠡᠷᠦᠬᠡ ᠪᠠᠶ᠋ᠢᠭᠤᠯᠬᠤ᠂ ᠬᠤᠪᠢᠷᠠᠭᠤᠯᠬᠤ᠂ ᠲᠡᠩᠰᠡᠠ᠎ᠠᠴᠠ ᠬᠠᠰᠤᠬᠤ ᠪᠠ ᠲᠡᠮᠳᠡᠭᠲᠦ ᠵᠢ ᠳᠠᠩᠰᠠᠯᠠᠬᠤ᠂ ᠳ᠋ᠦᠩᠨᠡᠨ ᠪᠤᠳᠦᠬᠤ ᠠᠵᠢᠯ᠎ᠢ ᠭᠦᠢ᠍ᠴᠡᠳᠬᠡᠵᠦ᠂ ᠲᠡᠮᠳᠡᠭᠲᠦ ᠡᠵᠡᠮᠰᠢᠭᠴᠢ ᠵᠢᠨ ᠨᠡᠷᠡᠰ᠎ᠤᠨ ᠳᠠᠩᠰᠠ ᠪᠠ ᠳᠠᠩᠰᠠᠯᠠᠭᠤᠯᠤᠭᠰᠠᠨ ᠨᠡᠷ᠎ᠡ᠎ᠪᠠᠨ ᠬᠠᠯᠠᠭᠰᠠᠨ ᠡᠷᠦᠭᠡ ᠰᠣᠯᠢᠭᠰᠠᠨ ᠲᠡᠮᠳᠡᠭᠯᠡᠯ᠎ᠤᠨ ᠦᠨᠡᠨ ᠪᠣᠳᠠᠲᠠᠢ᠂ ᠵᠥᠪ ᠣᠨᠣᠪᠴᠢᠲᠠᠶ᠂ ᠪᠦᠷᠢᠨ ᠪᠦᠲᠦᠨ ᠪᠠᠶ᠋ᠢᠬᠤ᠂ ᠲᠡᠮᠳᠡᠭᠲᠦ ᠪᠠ ᠪᠡᠯᠡ ᠮᠥᠩᠭᠦ ᠵᠢ ᠨᠠᠷᠢᠪᠴᠢᠯᠠᠨ ᠲᠣᠭ᠋ᠠᠴᠠᠭ᠋ᠠᠯᠠᠵᠤ ᠲᠤᠰᠢᠶᠠᠬᠤ ᠬᠤᠷᠢᠶᠠᠬᠤ ᠠᠵᠢᠯ᠎ᠤᠨ ᠡᠮᠬᠢ ᠵᠢᠷᠤᠮ᠎ᠲᠠᠢ ᠶᠠᠪᠤᠭᠳᠠᠬᠤ ᠵᠢ ᠪᠠᠲᠤᠯᠠᠬᠤ ᠬᠡᠷᠡᠭᠲᠡᠢ᠃ ᠲᠡᠩᠰᠡᠯᠡᠵᠦ ᠳ᠋ᠦᠩᠨᠡᠨ ᠪᠤᠳᠦᠬᠤ ᠪᠠᠶ᠋ᠢᠭᠤᠯᠤᠮᠵᠢ᠎ᠨᠢ ᠪᠡᠯᠡ ᠣᠷᠣᠭᠤᠯᠤᠭᠴᠢ ᠵᠢᠨ ᠲᠡᠮᠳᠡᠭᠲᠦ ᠵᠢ ᠨᠡᠭᠦᠯᠭᠡᠨ ᠬᠡᠷᠡᠭᠯᠡᠵᠦ ᠪᠣᠯᠬᠤ ᠦᠭᠡᠢ᠃
ᠲᠡᠩᠰᠡᠯᠡᠵᠦ ᠳ᠋ᠦᠩᠨᠡᠨ ᠪᠤᠳᠦᠬᠤ ᠪᠠᠶ᠋ᠢᠭᠤᠯᠤᠮᠵᠢ᠎ᠨᠢ ᠳᠤᠮᠳᠠᠳᠤ ᠤᠯᠤᠰ᠎ᠤᠨ ᠲᠡᠮᠳᠡᠭᠲᠦ ᠵᠢᠨ ᠲᠡᠩᠰᠡᠯᠡᠵᠦ ᠳ᠋ᠦᠩᠨᠡᠨ ᠪᠤᠳᠦᠬᠤ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ᠎ᠯᠤᠭ᠎ᠠ ᠲᠡᠮᠳᠡᠭᠲᠦ ᠵᠢᠨ ᠳᠠᠩᠰᠠᠨ ᠡᠷᠦᠬᠡ ᠵᠢ ᠵᠣᠯᠭ᠋ᠠᠭᠤᠯᠬᠤ ᠲᠣᠭᠲᠠᠴᠠ ᠵᠢ ᠠᠯᠬᠤᠮ ᠠᠯᠬᠤᠮ ᠵᠶ᠋ᠠᠷ ᠪᠠᠶ᠋ᠢᠭᠤᠯᠵᠤ᠂ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠲᠡᠮᠳᠡᠭᠲᠦ ᠵᠢᠨ ᠳᠠᠩᠰᠠᠨ ᠡᠷᠦᠬᠡ ᠵᠢ ᠬᠥᠷᠥᠩᠭᠡ ᠵᠢᠨ ᠵᠠᠬ᠎ᠠ ᠳᠡᠯᠭᠡᠭᠦᠷ᠎ᠤᠨ ᠨᠢᠭᠡᠳᠦᠯᠲᠡᠢ ᠲᠡᠮᠳᠡᠭᠲᠦ ᠵᠢᠨ ᠳᠠᠩᠰᠠᠨ ᠡᠷᠦᠬᠡ ᠵᠢᠨ ᠲᠣᠭᠲᠠᠯᠴᠠᠭ᠎ᠠ᠎ᠳᠤ ᠣᠷᠣᠭᠤᠯᠬᠤ ᠬᠡᠷᠡᠭᠲᠡᠢ᠃
ᠲᠡᠩᠰᠡᠯᠡᠵᠦ ᠳ᠋ᠦᠩᠨᠡᠨ ᠪᠤᠳᠦᠬᠤ ᠪᠠᠶ᠋ᠢᠭᠤᠯᠤᠮᠵᠢ᠎ᠨᠢ ᠡᠷᠬᠡᠪᠰᠢ ᠪᠦᠷᠢᠯᠳᠦᠭᠦᠯᠬᠦ ᠴᠢᠬᠤᠯᠠᠲᠠᠢ ᠮᠡᠳᠡᠭᠡ ᠵᠠᠩᠭᠢ ᠵᠢᠨ ᠰᠢᠰᠲ᠋ᠧᠮ᠎ᠤᠨ ᠵᠥᠭᠡᠯᠡᠨ ᠬᠠᠲᠠᠭᠤ ᠲᠤᠨᠤᠬ ᠲᠥᠬᠦᠭᠡᠷᠦᠮᠵᠢ᠎ᠲᠠᠢ᠂ ᠳ᠋ᠠᠶ᠋ᠢᠲ᠋ᠠ ᠵᠢᠨ ᠠᠮᠤᠷ ᠲᠦᠪᠰᠢᠨ᠎ᠢ ᠬᠠᠮᠠᠭ᠋ᠠᠯᠠᠬᠤ ᠪᠠ ᠳ᠋ᠠᠶ᠋ᠢᠲ᠋ᠠ ᠵᠢ ᠨᠥᠭᠡᠴᠡᠯᠡᠬᠦ ᠪᠦᠷᠢᠨ ᠪᠦᠲᠦᠨ ᠠᠷᠭ᠎ᠠ ᠬᠡᠮᠵᠢᠶ᠎ᠡ᠎ᠲᠠᠢ ᠪᠠᠶ᠋ᠢᠵᠤ᠂ ᠲᠡᠮᠳᠡᠭᠲᠦ ᠵᠢ ᠳᠠᠩᠰᠠᠯᠠᠬᠤ᠂ ᠳ᠋ᠦᠩᠨᠡᠨ ᠪᠤᠳᠦᠬᠤ ᠵᠡᠷᠭᠡ ᠲᠤᠰᠢᠶᠠᠬᠤ ᠬᠤᠷᠢᠶᠠᠬᠤ ᠮᠠᠲ᠋ᠧᠷᠢᠶᠠᠯ ᠪᠠ ᠮᠡᠳᠡᠭᠡ ᠵᠠᠩᠭᠢ ᠵᠢᠨ ᠰᠢᠰᠲ᠋ᠧᠮ᠎ᠤᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠢ᠃ ᠲᠣᠰ ᠪᠠᠶ᠋ᠢᠭᠤᠯᠤᠮᠵᠢ ᠵᠢᠨ ᠵᠶ᠋ᠠᠨ ᠲᠤᠬᠠᠶ᠋ᠢᠯᠠᠭᠰᠠᠨ ᠠᠵᠢᠯ᠂ ᠡᠳ᠋᠎ᠤᠨ ᠶᠠᠪᠤᠳᠠᠯ ᠪᠠ ᠠᠮᠤᠷ ᠲᠦᠪᠰᠢᠨ᠎ᠤ ᠰᠡᠷᠭᠡᠶ᠋ᠢᠯᠡᠯᠲᠡ ᠵᠡᠷᠭᠡ ᠳᠣᠲᠣᠭ᠋ᠠᠳᠤ ᠵᠢᠨ ᠬᠠᠮᠢᠶᠠᠷᠤᠯᠲᠠ ᠵᠢᠨ ᠳᠦᠷᠢᠮ ᠪᠠ ᠠᠵᠢᠯ᠎ᠤᠨ ᠳᠡᠰ ᠳᠠᠷᠠᠭ᠋ᠠᠯᠠᠯ᠎ᠢ ᠪᠠᠶ᠋ᠢᠭᠤᠯᠤᠨ ᠪᠦᠷᠢᠨᠰᠢᠭᠦᠯᠬᠦ ᠵᠢᠨ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠥᠷ ᠮᠣᠩᠭᠤᠯ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠳᠤ ᠮᠡᠳᠡᠭᠦᠯᠦᠨ ᠬᠦᠷᠭᠡᠵᠦ ᠪᠦᠷᠢᠳᠬᠡᠨ ᠳᠠᠩᠰᠠᠯᠠᠭᠤᠯᠬᠤ ᠬᠡᠷᠡᠭᠲᠡᠢ᠃
ᠭᠤᠴᠢ ᠶᠢᠰᠦᠳᠦᠭᠡᠷ ᠵᠦᠢ᠍ᠯ ᠠᠵᠢᠯᠯᠠᠨ ᠡᠵᠡᠩᠨᠡᠬᠦ ᠪᠠᠶ᠋ᠢᠭᠤᠯᠤᠮᠵᠢ᠎ᠠᠴᠠ ᠵᠠᠬ᠎ᠠ᠎ᠳᠤ ᠥᠯᠥ ᠭᠠᠷᠤᠭᠰᠠᠨ ᠺᠣᠮᠫᠠᠨᠢ ᠵᠢᠨ ᠬᠤᠪᠢᠴᠠᠭ᠎ᠠ (ᠰᠲ᠋ᠣᠺ᠎ᠤᠨ ᠡᠷᠬᠡ) ᠵᠢ ᠬᠤᠪᠢᠷᠠᠭᠤᠯᠬᠤ᠂ ᠳᠠᠨᠵᠢᠯᠠᠬᠤ ᠵᠡᠷᠭᠡ ᠳᠠᠩᠰᠠᠯᠠᠭᠤᠯᠬᠤ ᠵᠢ ᠨᠠᠶ᠋ᠢᠳᠠᠨ ᠬᠠᠮᠢᠶᠠᠷᠤᠭᠤᠯᠬᠤ ᠲᠤᠬᠠᠶ᠋ᠢᠯᠠᠭᠰᠠᠨ ᠠᠵᠢᠯ᠎ᠢ ᠯᠡ ᠭᠦᠢ᠍ᠴᠡᠳᠬᠡᠬᠦ ᠬᠠᠮᠢᠶ᠎ᠠ ᠪᠦᠬᠦᠢ ᠡᠷᠬᠡ ᠠᠰᠢᠭ᠎ᠲᠤ ᠬᠥᠮᠥᠨ᠎ᠳᠤ ᠪᠠᠶ᠋ᠢᠭᠤᠯᠤᠭᠰᠠᠨ ᠳᠠᠩᠰᠠᠯᠠᠭᠤᠯᠬᠤ ᠵᠢ ᠨᠠᠶ᠋ᠢᠳᠠᠨ ᠬᠠᠮᠢᠶᠠᠷᠤᠭᠤᠯᠬᠤ ᠳᠠᠩᠰᠠᠨ ᠡᠷᠦᠬᠡ ᠵᠢ ᠪᠣᠯ ᠬᠢᠷᠢ ᠲᠡᠩᠴᠡᠭᠰᠡᠨ ᠪᠡᠯᠡ ᠣᠷᠣᠭᠤᠯᠤᠭᠴᠢ ᠵᠢᠨ ᠲᠠᠩᠰᠠᠨ ᠡᠷᠦᠭᠡᠯᠦᠭᠡ ᠢᠯᠭ᠋ᠠᠨ ᠬᠠᠮᠢᠶᠠᠷᠬᠤ ᠬᠡᠷᠡᠭᠲᠡᠢ᠂ ᠲᠤᠰ ᠲᠦᠷᠦᠯ᠎ᠤᠨ ᠲᠠᠩᠰᠠᠨ ᠡᠷᠦᠭᠡ ᠵᠢᠨ ᠡᠵᠡᠮᠰᠢᠭᠴᠢ᠎ᠨᠢ ᠬᠢᠷᠢ ᠲᠡᠩᠴᠡᠭᠰᠡᠨ ᠪᠡᠯᠡ ᠣᠷᠣᠭᠤᠯᠤᠭᠴᠢ᠎ᠪᠠᠷ ᠮᠠᠭ᠋ᠠᠳᠯᠠᠨ ᠲᠣᠭᠲᠠᠭ᠋ᠠᠭᠳᠠᠬᠤᠠᠴᠠ ᠡᠮᠦᠨ᠎ᠡ᠂ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠠᠬᠢ ᠲᠡᠮᠳᠡᠭᠲᠦ ᠵᠢ ᠲᠠᠷᠬᠠᠭ᠋ᠠᠬᠤ᠂ ᠰᠢᠯᠵᠢᠭᠦᠯᠦᠨ ᠥᠭᠬᠦ ᠬᠠᠮᠢᠶ᠎ᠠ ᠪᠦᠬᠦᠢ ᠠᠵᠢᠯᠯᠠᠭ᠎ᠠ᠎ᠳᠤ ᠣᠷᠣᠯᠴᠠᠵᠤ ᠪᠣᠯᠬᠤ ᠦᠭᠡᠢ᠃
ᠳᠥᠴᠢᠳᠦᠭᠡᠷ ᠵᠦᠢ᠍ᠯ ᠠᠵᠢᠯᠯᠠᠨ ᠡᠵᠡᠩᠨᠡᠬᠦ ᠪᠠᠶ᠋ᠢᠭᠤᠯᠤᠮᠵᠢ ᠶᠠᠮᠠᠷᠪᠠ ᠨᠢᠭᠡᠴᠢ ᠪᠠ ᠬᠤᠪᠢ ᠬᠥᠮᠥᠨ᠎ᠤ ᠲᠡᠮᠳᠡᠭᠲᠦ ᠡᠵᠡᠮᠰᠢᠭᠴᠢ ᠵᠢᠨ ᠨᠡᠷᠡᠰ᠎ᠤᠨ ᠳᠠᠩᠰᠠ ᠵᠢᠴᠢ ᠲᠡᠭᠦᠨ᠎ᠤ ᠬᠠᠮᠢᠶ᠎ᠠ ᠪᠦᠬᠦᠢ ᠮᠠᠲ᠋ᠧᠷᠢᠶᠠᠯ᠎ᠢ ᠪᠠᠶ᠋ᠢᠴᠠᠭ᠋ᠠᠨ ᠯᠠᠪᠯᠠᠬᠤ ᠵᠢ᠎ᠨᠢ ᠲᠡᠪᠴᠢᠬᠦ ᠡᠷᠬᠡ᠎ᠲᠠᠢ᠂ ᠭᠡᠪᠡᠴᠦ ᠳᠣᠣᠷ᠎ᠠ ᠵᠢᠭᠰᠠᠭ᠋ᠠᠭᠰᠠᠨ ᠪᠠᠶ᠋ᠢᠳᠠᠯ ᠡᠭᠦᠨ᠎ᠳᠤ ᠪᠠᠭᠲᠠᠬᠤ ᠦᠭᠡᠢ᠄
(ᠨᠢᠭᠡ) ᠲᠡᠮᠳᠡᠭᠲᠦ ᠡᠵᠡᠮᠰᠢᠭᠴᠢ ᠲᠤᠰ ᠬᠥᠮᠥᠨ ᠪᠤᠶᠤ ᠠᠯᠪᠠᠨ ᠭᠡᠷᠡᠴᠢᠯᠡᠭᠡ ᠬᠢᠭᠰᠡᠨ ᠨᠠᠶ᠋ᠢᠳᠠᠯᠭ᠎ᠠ ᠬᠦᠯᠢᠶᠡᠭᠴᠢ᠎ᠳᠤ ᠨᠠᠶ᠋ᠢᠳᠠᠵᠤ ᠪᠠᠶ᠋ᠢᠴᠠᠭ᠋ᠠᠨ ᠯᠠᠪᠯᠠᠭᠤᠯᠬᠤ;
(ᠬᠤᠶᠠᠷ) ᠲᠡᠮᠳᠡᠭᠲᠦ ᠲᠠᠷᠬᠠᠭ᠋ᠠᠭᠴᠢ᠎ᠳᠤ ᠲᠡᠮᠳᠡᠭᠲᠦ ᠡᠵᠡᠮᠰᠢᠭᠴᠢ ᠵᠢᠨ ᠨᠡᠷᠡᠰ᠎ᠤᠨ ᠳᠠᠩᠰᠠ ᠵᠢᠴᠢ ᠪᠤᠰᠤᠳ ᠬᠤᠯᠪᠣᠭᠳᠠᠯ ᠪᠦᠬᠦᠢ ᠮᠠᠲ᠋ᠧᠷᠢᠶᠠᠯ᠎ᠢ ᠬᠠᠤᠯᠢ ᠶᠣᠰᠣᠭ᠋ᠠᠷ ᠬᠠᠩᠭ᠋ᠠᠬᠤ;
(ᠭᠤᠷᠪᠠ) ᠠᠷᠠᠳ᠎ᠤᠨ ᠰᠢᠭᠦᠬᠦ ᠬᠤᠷᠢᠶ᠎ᠠ᠂ ᠠᠷᠠᠳ᠎ᠤᠨ ᠪᠠᠶ᠋ᠢᠴᠠᠭ᠋ᠠᠬᠤ ᠬᠤᠷᠢᠶ᠎ᠠ ᠵᠢᠴᠢ ᠪᠤᠰᠤᠳ ᠲᠥᠷᠥ ᠵᠢᠨ ᠪᠠᠶ᠋ᠢᠭᠤᠯᠭ᠎ᠠ ᠵᠢᠨ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠤᠨ ᠲᠣᠭᠲᠠᠭ᠋ᠠᠯ ᠪᠣᠯᠣᠨ ᠵᠢᠷᠤᠮ ᠵᠶ᠋ᠠᠷ ᠪᠠᠶ᠋ᠢᠴᠠᠭ᠋ᠠᠨ ᠯᠠᠪᠯᠠᠬᠤ ᠪᠠ ᠭᠡᠷᠡᠴᠢ ᠠᠪᠬᠤ;
(ᠳᠥᠷᠪᠡ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠲᠣᠭᠲᠠᠭ᠋ᠠᠯ ᠳᠦᠷᠢᠮ᠎ᠳᠤ ᠲᠣᠭᠲᠠᠭ᠋ᠠᠭᠰᠠᠨ ᠪᠤᠰᠤᠳ ᠪᠠᠶ᠋ᠢᠳᠠᠯ᠎ᠤᠳ᠃
ᠲᠠᠪᠤᠳᠤᠭ᠋ᠠᠷ ᠪᠦᠯᠦᠭ ᠲᠦᠭᠰᠢᠭᠦᠷᠢ ᠵᠢ ᠰᠡᠷᠭᠡᠶ᠋ᠢᠯᠡᠬᠦ ᠬᠢᠭᠡᠳ ᠰᠢᠢ᠍ᠳᠪᠦᠷᠢᠯᠡᠬᠦ
ᠳᠥᠴᠢᠨ ᠨᠢᠭᠡᠳᠦᠭᠡᠷ ᠵᠦᠢ᠍ᠯ ᠠᠵᠢᠯᠯᠠᠨ ᠡᠵᠡᠩᠨᠡᠬᠦ ᠪᠠᠶ᠋ᠢᠭᠤᠯᠤᠮᠵᠢ᠂ ᠲᠡᠮᠳᠡᠭᠲᠦ ᠲᠠᠷᠬᠠᠭ᠋ᠠᠭᠴᠢ᠂ ᠵᠠᠭᠤᠴᠢ ᠪᠠᠶ᠋ᠢᠭᠤᠯᠤᠮᠵᠢ᠎ᠨᠢ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠤ ᠣᠷᠣᠯᠴᠠᠭᠰᠠᠳᠲᠠᠬᠢ ᠵᠣᠬᠢᠰᠲᠠᠢ ᠬᠠᠮᠢᠶᠠᠷᠤᠯᠲᠠ᠎ᠪᠠᠨ ᠴᠢᠩᠭ᠋ᠠᠳᠬᠠᠵᠤ᠂ ᠪᠣᠯᠪᠠᠰᠤᠷᠠᠯ ᠬᠢᠬᠦ᠂ ᠲᠦᠭᠰᠢᠭᠦᠷᠢ ᠵᠢ ᠰᠠᠨᠠᠭᠤᠯᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠲᠦᠭᠰᠢᠭᠦᠷᠢ ᠵᠢᠨ ᠬᠥᠮᠦᠵᠢᠯ ᠥᠷᠨᠢᠭᠦᠯᠵᠦ᠂ ᠪᠡᠯᠡ ᠣᠷᠣᠭᠤᠯᠤᠭᠴᠢᠳ᠎ᠤᠨ ᠲᠦᠭᠰᠢᠭᠦᠷᠢ ᠵᠢᠨ ᠤᠬᠠᠮᠰᠠᠷ᠎ᠢ᠎ᠨᠢ ᠳᠡᠭᠡᠭᠰᠢᠯᠡᠭᠦᠯᠬᠦ ᠬᠡᠷᠡᠭᠲᠡᠢ᠃
ᠳᠥᠴᠢᠨ ᠬᠤᠶᠠᠳᠤᠭ᠋ᠠᠷ ᠵᠦᠢ᠍ᠯ ᠠᠵᠢᠯᠯᠠᠨ ᠡᠵᠡᠩᠨᠡᠬᠦ ᠪᠠᠶ᠋ᠢᠭᠤᠯᠤᠮᠵᠢ᠎ᠨᠢ ᠲᠦᠭᠰᠢᠭᠦᠷᠢ ᠵᠢ ᠰᠡᠷᠭᠡᠶ᠋ᠢᠯᠡᠬᠦ ᠵᠢᠴᠢ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠪᠡᠯᠡᠳᠬᠡᠯ ᠲᠥᠰᠥᠯ ᠲᠣᠭᠲᠠᠭ᠋ᠠᠵᠤ᠂ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠲᠦᠭᠰᠢᠭᠦᠷᠢ ᠵᠢᠨ ᠵᠦᠢ᠍ᠯᠡᠰ᠎ᠢ ᠬᠢᠨᠠᠨ ᠰᠢᠨᠵᠢᠬᠦ᠂ ᠦᠨᠡᠯᠡᠨ ᠵᠢᠱ᠌ᠢᠬᠦ᠂ ᠰᠡᠷᠡᠮᠵᠢᠯᠡᠭᠦᠯᠬᠦ ᠪᠠ ᠬᠤᠯᠪᠣᠭᠳᠠᠯ ᠪᠦᠬᠦᠢ ᠰᠢᠢ᠍ᠳᠪᠦᠷᠢᠯᠡᠬᠦ ᠠᠷᠭ᠎ᠠ ᠬᠡᠮᠵᠢᠶ᠎ᠡ ᠠᠪᠴᠤ᠂ ᠵᠠᠬ᠎ᠠ ᠳᠡᠯᠭᠡᠭᠦᠷ᠎ᠤᠨ ᠲᠦᠭᠰᠢᠭᠦᠷᠢ ᠵᠢ ᠰᠡᠷᠭᠡᠶ᠋ᠢᠯᠡᠬᠦ ᠪᠠ ᠠᠷᠢᠯᠭ᠋ᠠᠬᠤ ᠬᠡᠷᠡᠭᠲᠡᠢ᠃ ᠲᠦᠭᠰᠢᠭᠦᠷᠢ ᠵᠢ ᠰᠡᠷᠭᠡᠶ᠋ᠢᠯᠡᠬᠦ ᠵᠢᠴᠢ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠠᠷᠭ᠎ᠠ ᠵᠢ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠥᠷ ᠮᠣᠩᠭᠤᠯ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠳᠤ ᠮᠡᠳᠡᠭᠦᠯᠦᠨ ᠬᠦᠷᠭᠡᠵᠦ ᠪᠦᠷᠢᠳᠬᠡᠨ ᠳᠠᠩᠰᠠᠯᠠᠭᠤᠯᠬᠤ ᠬᠡᠷᠡᠭᠲᠡᠢ᠃
ᠳᠥᠴᠢᠨ ᠭᠤᠷᠪᠠᠳᠤᠭ᠋ᠠᠷ ᠵᠦᠢ᠍ᠯ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠠᠮᠤᠷ ᠲᠣᠭᠲᠠᠭᠤᠨ ᠵᠶ᠋ᠠᠷ ᠠᠵᠢᠯᠯᠠᠬᠤ ᠵᠢ ᠨᠥᠯᠥᠭᠡᠯᠡᠬᠦ ᠪᠤᠶᠤ ᠨᠥᠯᠥᠭᠡᠯᠡᠵᠦ ᠮᠡᠳᠡᠬᠦ᠂ ᠪᠡᠯᠡ ᠣᠷᠣᠭᠤᠯᠤᠭᠴᠢᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠤᠬᠢᠷᠠᠭᠤᠯᠬᠤ ᠬᠦᠨᠳᠦ ᠶᠡᠭᠡ ᠲᠦᠭᠰᠢᠭᠦᠷᠢ ᠵᠢᠨ ᠬᠡᠷᠡᠭ ᠭᠠᠷᠤᠭᠰᠠᠨ ᠦᠶ᠎ᠡ᠎ᠳᠤ᠂ ᠠᠵᠢᠯᠯᠠᠨ ᠡᠵᠡᠩᠨᠡᠬᠦ ᠪᠠᠶ᠋ᠢᠭᠤᠯᠤᠮᠵᠢ᠎ᠨᠢ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠥᠷ ᠮᠣᠩᠭᠤᠯ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠳᠤ ᠳᠠᠷᠤᠶ᠋ᠢᠬᠠᠨ ᠮᠡᠳᠡᠭᠦᠯᠵᠦ᠂ ᠬᠡᠷᠡᠭ᠎ᠤᠨ ᠡᠭᠦᠰᠦᠭᠰᠡᠨ ᠰᠢᠯᠲᠠᠭ᠋ᠠᠨ᠂ ᠣᠳᠣᠬᠠᠨ᠎ᠤ ᠪᠠᠶ᠋ᠢᠳᠠᠯ᠂ ᠡᠭᠦᠰᠴᠦ ᠮᠡᠳᠡᠬᠦ ᠦᠷ᠎ᠡ ᠳ᠋ᠦᠩ᠂ ᠨᠢᠭᠡᠨᠲᠡ ᠠᠪᠤᠭᠰᠠᠨ ᠪᠠ ᠠᠪᠬᠤ᠎ᠪᠠᠷ ᠪᠠᠶ᠋ᠢᠭ᠎ᠠ ᠵᠣᠬᠢᠬᠤ ᠠᠷᠭ᠎ᠠ ᠬᠡᠮᠵᠢᠶ᠎ᠡ ᠵᠢ ᠲᠣᠳᠣᠷᠬᠠᠶ᠋ᠢᠯᠠᠬᠤ ᠬᠡᠷᠡᠭᠲᠡᠢ᠃
ᠬᠦᠨᠳᠦ ᠶᠡᠭᠡ ᠲᠦᠭᠰᠢᠭᠦᠷᠢ ᠵᠢᠨ ᠬᠡᠷᠡᠭ᠎ᠲᠤ᠄
(ᠨᠢᠭᠡ) ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠵᠠᠷᠤᠴᠠᠭᠤᠯᠤᠭ᠎ᠠ ᠵᠢᠨ ᠲᠦᠭᠰᠢᠭᠦᠷᠢ ᠪᠤᠶᠤ ᠥᠷᠢ ᠲᠥᠯᠥᠬᠦ ᠴᠢᠳᠠᠪᠤᠷᠢ᠎ᠨᠢ ᠬᠦᠨᠳᠦ ᠨᠣᠴᠢᠲᠠᠢ ᠬᠡᠴᠡᠭᠦᠳᠡᠨ ᠮᠠᠭᠤᠳᠠᠵᠤ᠂ ᠠᠵᠢᠯᠯᠠᠨ ᠡᠵᠡᠩᠨᠡᠬᠦ ᠪᠠᠶ᠋ᠢᠭᠤᠯᠤᠮᠵᠢ ᠵᠢ ᠳᠠᠮᠫᠤᠷᠠᠭᠤᠯᠬᠤ᠎ᠳᠤ ᠬᠦᠷᠦᠭᠦᠯᠵᠦ ᠮᠡᠳᠡᠬᠦ ᠬᠡᠷᠡᠭ;
(ᠬᠤᠶᠠᠷ) ᠪᠡᠯᠡ ᠣᠷᠣᠭᠤᠯᠤᠭᠴᠢᠳ᠎ᠤᠨ ᠪᠡᠯᠡ ᠮᠥᠩᠭᠦ ᠵᠢ ᠬᠠᠳᠠᠭ᠋ᠠᠯᠠᠨ ᠲᠠᠯᠪᠢᠬᠤ᠂ ᠬᠡᠷᠡᠭᠯᠡᠭᠰᠡᠨ ᠪᠠᠶ᠋ᠢᠳᠠᠯ ᠪᠤᠶᠤ ᠬᠤᠪᠢᠶᠠᠷᠢᠯᠠᠨ ᠰᠢᠯᠵᠢᠭᠦᠯᠦᠭᠰᠡᠨ ᠠᠷᠭ᠎ᠠ ᠵᠠᠮ᠎ᠨᠢ 《ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠤᠷᠰᠢᠨ ᠬᠡᠷᠡᠭᠵᠢᠭᠦᠯᠬᠦ ᠠᠷᠭ᠎ᠠ》 ᠪᠠ ᠲᠤᠰ ᠨᠠᠷᠢᠨ ᠳᠦᠷᠢᠮ᠎ᠤᠨ ᠲᠣᠭᠲᠠᠭ᠋ᠠᠯ᠎ᠳᠤ ᠦᠯᠦ ᠨᠡᠶ᠋ᠢᠴᠡᠭᠰᠡᠨ;
(ᠭᠤᠷᠪᠠ) ᠲᠠᠷᠬᠠᠭ᠋ᠠᠭᠴᠢ᠎ᠳᠤ ᠰᠣᠯᠢᠵᠤ ᠥᠭᠬᠦ ᠵᠢᠨ ᠠᠷᠭ᠎ᠠ ᠦᠭᠡᠢ᠂ ᠳᠠᠮᠫᠤᠷᠠᠬᠤ ᠵᠡᠷᠭᠡ ᠪᠠᠶ᠋ᠢᠳᠠᠯ ᠭᠠᠷᠤᠭᠰᠠᠨ᠎ᠤ ᠤᠯᠠᠮ᠎ᠠᠴᠠ ᠪᠡᠯᠡ ᠣᠷᠣᠭᠤᠯᠤᠭᠴᠢᠳ᠎ᠤᠨ ᠠᠰᠢᠭ ᠲᠤᠰᠠ᠎ᠳᠤ ᠬᠦᠨᠳᠦ ᠨᠣᠴᠢᠲᠠᠢ ᠬᠤᠬᠢᠷᠠᠯ ᠤᠴᠠᠷᠠᠭᠤᠯᠤᠭᠰᠠᠨ;
(ᠳᠥᠷᠪᠡ) ᠲᠡᠮᠳᠡᠭᠲᠦ ᠵᠢ ᠲᠠᠷᠬᠠᠭ᠋ᠠᠬᠤ ᠬᠢᠭᠡᠳ ᠰᠢᠯᠵᠢᠭᠦᠯᠦᠨ ᠥᠭᠬᠦ᠂ ᠳ᠋ᠦᠩᠨᠡᠨ ᠪᠤᠳᠦᠬᠤ ᠵᠢᠨ ᠬᠦᠨᠳᠦ ᠶᠡᠭᠡ ᠬᠡᠪ᠎ᠤᠨ ᠪᠤᠰᠤ ᠵᠦᠢ᠍ᠯᠡᠰ;
(ᠲᠠᠪᠤ) ᠠᠵᠢᠯᠯᠠᠨ ᠡᠵᠡᠩᠨᠡᠬᠦ ᠪᠠᠶ᠋ᠢᠭᠤᠯᠤᠮᠵᠢ᠎ᠳᠤ ᠬᠤᠯᠪᠣᠭᠳᠠᠭᠰᠠᠨ ᠴᠢᠬᠤᠯᠠ ᠶᠡᠭᠡ ᠵᠠᠷᠭᠤ᠂ ᠬᠥᠨᠳᠡᠯᠡᠨ᠎ᠠᠴᠠ ᠲᠠᠰᠤᠯᠬᠤ; ᠠᠵᠢᠯᠯᠠᠨ ᠡᠵᠡᠩᠨᠡᠬᠦ ᠪᠠᠶ᠋ᠢᠭᠤᠯᠤᠮᠵᠢ᠎ᠨᠢ ᠬᠠᠤᠯᠢ ᠲᠣᠭᠲᠠᠭ᠋ᠠᠯ᠎ᠢ ᠵᠥᠷᠢᠴᠡᠭᠰᠡᠨ ᠰᠡᠵᠢᠭᠯᠡᠯᠲᠡᠢ᠎ᠠᠴᠠ ᠪᠣᠯᠵᠤ ᠡᠷᠬᠡᠲᠦ ᠪᠠᠶ᠋ᠢᠭᠤᠯᠭ᠎ᠠ᠎ᠳᠤ ᠪᠠᠶ᠋ᠢᠴᠠᠭ᠋ᠠᠭᠳᠠᠭᠰᠠᠨ᠂ ᠡᠰᠡᠬᠦᠯ᠎ᠡ ᠡᠷᠡᠭᠦᠦ ᠵᠢᠨ ᠰᠢᠢ᠍ᠳᠬᠡᠯ᠂ ᠬᠦᠨᠳᠦ ᠶᠡᠭᠡ ᠵᠠᠰᠠᠭ ᠵᠠᠬᠢᠷᠭ᠋ᠠᠨ᠎ᠤ ᠰᠢᠢ᠍ᠳᠬᠡᠯ ᠣᠯᠣᠭᠰᠠᠨ;
(ᠵᠢᠷᠭᠤᠭ᠎ᠠ) ᠠᠵᠢᠯᠯᠠᠨ ᠡᠵᠡᠩᠨᠡᠬᠦ ᠪᠠᠶ᠋ᠢᠭᠤᠯᠤᠮᠵᠢ ᠵᠢᠨ ᠬᠡᠷᠡᠭ ᠮᠡᠳᠡᠭᠴᠢ᠂ ᠳᠡᠭᠡᠳᠦ ᠵᠡᠷᠭᠡ ᠵᠢᠨ ᠬᠠᠮᠢᠶᠠᠷᠤᠯᠲᠠ ᠵᠢᠨ ᠠᠵᠢᠯᠲᠠᠨ ᠬᠠᠤᠯᠢ ᠲᠣᠭᠲᠠᠭ᠋ᠠᠯ᠎ᠢ ᠵᠥᠷᠢᠴᠡᠭᠰᠡᠨ ᠰᠡᠵᠢᠭᠯᠡᠯᠲᠡᠢ᠎ᠠᠴᠠ ᠪᠣᠯᠵᠤ ᠡᠷᠬᠡᠲᠦ ᠪᠠᠶ᠋ᠢᠭᠤᠯᠭ᠎ᠠ᠎ᠳᠤ ᠪᠠᠶ᠋ᠢᠴᠠᠭ᠋ᠠᠭᠳᠠᠭᠰᠠᠨ ᠪᠤᠶᠤ ᠠᠯᠪᠠᠳᠠᠯᠭ᠎ᠠ ᠵᠢᠨ ᠠᠷᠭ᠎ᠠ ᠬᠡᠮᠵᠢᠶ᠎ᠡ ᠠᠪᠤᠭᠰᠠᠨ;
(ᠲᠤᠯᠤᠭ᠎ᠠ) ᠪᠡᠯᠡ ᠣᠷᠣᠭᠤᠯᠤᠭᠴᠢᠳ᠎ᠤᠨ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠤ ᠲᠡᠮᠳᠡᠭᠲᠦ ᠮᠠᠶ᠋ᠢᠮᠠᠶ᠋ᠢᠯᠠᠬᠤ ᠪᠡᠯᠡ ᠮᠥᠩᠭᠦ᠂ ᠪᠡᠯᠡ ᠣᠷᠣᠭᠤᠯᠤᠭᠴᠢᠳ᠎ᠤᠨ ᠲᠡᠮᠳᠡᠭᠲᠦ᠎ᠨᠢ ᠨᠡᠭᠦᠯᠭᠡᠨ ᠬᠡᠷᠡᠭᠯᠡᠭᠳᠡᠭᠰᠡᠨ;
(ᠨᠠᠢ᠍ᠮᠠ) ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠤ ᠣᠷᠣᠯᠴᠠᠭᠰᠠᠳ ᠲᠣᠭᠲᠠᠭ᠋ᠠᠯ᠎ᠠᠴᠠ ᠵᠥᠷᠢᠴᠡᠨ ᠠᠵᠢᠯᠯᠠᠭᠰᠠᠨ ᠪᠤᠶᠤ ᠡᠵᠡᠩᠨᠡᠭᠰᠡᠨ᠎ᠠᠴᠠ ᠪᠣᠯᠵᠤ ᠪᠡᠯᠡ ᠣᠷᠣᠭᠤᠯᠤᠭᠴᠢ ᠪᠤᠶᠤ ᠵᠠᠬ᠎ᠠ ᠳᠡᠯᠭᠡᠭᠦᠷ᠎ᠤᠨ ᠠᠰᠢᠭ ᠲᠤᠰᠠ ᠵᠢ ᠬᠦᠨᠳᠦ ᠨᠣᠴᠢᠲᠠᠢ ᠬᠤᠬᠢᠷᠠᠭᠤᠯᠤᠭᠰᠠᠨ ᠬᠡᠷᠡᠭ ᠪᠠᠭᠲᠠᠨ᠎ᠠ᠃
ᠳᠥᠴᠢᠨ ᠳᠥᠷᠪᠡᠳᠦᠭᠡᠷ ᠵᠦᠢ᠍ᠯ ᠬᠦᠨᠳᠦ ᠶᠡᠭᠡ ᠲᠦᠭᠰᠢᠭᠦᠷᠢ ᠵᠢᠨ ᠬᠡᠷᠡᠭ ᠭᠠᠷᠤᠭᠰᠠᠨ ᠦᠶ᠎ᠡ᠎ᠳᠤ᠂ ᠠᠵᠢᠯᠯᠠᠨ ᠡᠵᠡᠩᠨᠡᠬᠦ ᠪᠠᠶ᠋ᠢᠭᠤᠯᠤᠮᠵᠢ᠎ᠨᠢ ᠪᠡᠯᠡ ᠣᠷᠣᠭᠤᠯᠤᠭᠴᠢᠳᠢ ᠬᠠᠮᠠᠭ᠋ᠠᠯᠠᠬᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠲᠥᠰᠥᠯ᠎ᠢ ᠡᠬᠢᠯᠡᠭᠦᠯᠦᠨ ᠬᠡᠷᠡᠭᠵᠢᠭᠦᠯᠵᠦ ᠪᠣᠯᠣᠨ᠎ᠠ᠂ ᠡᠭᠦᠨ᠎ᠳᠤ ᠪᠠᠭᠲᠠᠬᠤ ᠪᠣᠯᠪᠠᠴᠤ ᠬᠢᠵᠠᠭ᠋ᠠᠷᠯᠠᠭᠳᠠᠬᠤ ᠦᠭᠡᠢ᠎ᠨᠢ᠄
(ᠨᠢᠭᠡ) ᠲᠠᠷᠬᠠᠭ᠋ᠠᠭᠴᠢ ᠵᠢ ᠤᠷᠢᠳᠴᠢᠯᠠᠨ ᠡᠬᠡ ᠬᠦᠦ ᠮᠥᠩᠭᠦ᠎ᠲᠠᠢ᠎ᠨᠢ ᠪᠤᠴᠠᠭ᠋ᠠᠯᠭ᠋ᠠᠬᠤ᠎ᠪᠠᠷ ᠱᠠᠭ᠋ᠠᠷᠳᠠᠬᠤ;
(ᠬᠤᠶᠠᠷ) ᠲᠡᠮᠳᠡᠭᠲᠦ ᠵᠢ ᠲᠠᠷᠬᠠᠭ᠋ᠠᠬᠤ ᠪᠤᠶᠤ ᠠᠷᠠᠯᠵᠢᠶᠠᠯᠠᠬᠤ ᠵᠢ ᠲᠦᠷ ᠵᠣᠭᠰᠤᠭ᠋ᠠᠬᠤ;
(ᠭᠤᠷᠪᠠ) ᠪᠡᠯᠡ ᠮᠥᠩᠭᠦ ᠵᠢ ᠰᠢᠯᠵᠢᠭᠦᠯᠦᠨ ᠭᠠᠷᠭ᠋ᠠᠬᠤ ᠵᠢ ᠴᠠᠭ᠋ᠠᠵᠠᠯᠠᠬᠤ;
(ᠳᠥᠷᠪᠡ) ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠮᠡᠳᠡᠭᠦᠯᠵᠦ᠂ ᠬᠠᠤᠯᠢ ᠵᠢ ᠵᠥᠷᠢᠴᠡᠵᠦ ᠶᠠᠯ᠎ᠠ ᠬᠢᠭᠰᠡᠨ᠎ᠳᠤ ᠰᠡᠵᠢᠭᠯᠡᠯᠲᠡᠢ ᠵᠢ᠎ᠨᠢ ᠬᠠᠤᠯᠢ ᠶᠣᠰᠣᠭ᠋ᠠᠷ ᠬᠠᠤᠯᠢ ᠴᠠᠭ᠋ᠠᠵᠠ ᠵᠢᠨ ᠪᠠᠶ᠋ᠢᠭᠤᠯᠭ᠎ᠠ᠎ᠳᠤ ᠰᠢᠯᠵᠢᠭᠦᠯᠦᠨ ᠬᠦᠷᠭᠡᠬᠦ;
(ᠲᠠᠪᠤ) ᠪᠤᠰᠤᠳ ᠴᠢᠬᠤᠯᠠ ᠪᠦᠬᠦᠢ ᠠᠷᠭ᠎ᠠ ᠬᠡᠮᠵᠢᠶ᠎ᠡ᠃
ᠬᠦᠨᠳᠦ ᠶᠡᠭᠡ ᠲᠦᠭᠰᠢᠭᠦᠷᠢ ᠵᠢ ᠰᠢᠢ᠍ᠳᠪᠦᠷᠢᠯᠡᠬᠦ ᠶᠠᠪᠤᠴᠠ᠎ᠳᠤ᠂ ᠠᠵᠢᠯᠯᠠᠨ ᠡᠵᠡᠩᠨᠡᠬᠦ ᠪᠠᠶ᠋ᠢᠭᠤᠯᠤᠮᠵᠢ᠎ᠨᠢ ᠮᠡᠳᠡᠭᠦᠯᠬᠦ ᠳᠦᠷᠢᠮ᠂ ᠨᠢᠭᠤᠴᠠ ᠵᠢ ᠬᠠᠮᠠᠭ᠋ᠠᠯᠠᠬᠤ ᠳᠦᠷᠢᠮ᠂ ᠮᠡᠳᠡᠭᠡ ᠵᠠᠩᠭᠢ ᠵᠢ ᠢᠯᠡ ᠨᠡᠶ᠋ᠢᠲᠡᠯᠡᠬᠦ ᠪᠠ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢᠨ ᠱᠠᠭ᠋ᠠᠷᠳᠠᠯᠭ᠎ᠠ ᠵᠢ ᠵᠢᠷᠤᠮᠯᠠᠬᠤ ᠬᠡᠷᠡᠭᠲᠡᠢ᠃
ᠵᠢᠷᠭᠤᠳᠤᠭ᠋ᠠᠷ ᠪᠦᠯᠦᠭ ᠬᠢᠨᠠᠯᠲᠠ ᠬᠠᠮᠢᠶᠠᠷᠤᠯᠲᠠ
ᠳᠥᠴᠢᠨ ᠲᠠᠪᠤᠳᠤᠭ᠋ᠠᠷ ᠵᠦᠢ᠍ᠯ ᠠᠵᠢᠯᠯᠠᠨ ᠡᠵᠡᠩᠨᠡᠬᠦ ᠪᠠᠶ᠋ᠢᠭᠤᠯᠤᠮᠵᠢ᠎ᠨᠢ ᠲᠣᠰ ᠨᠠᠷᠢᠨ ᠳᠦᠷᠢᠮ᠂ 《ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠤᠷᠰᠢᠨ ᠬᠡᠷᠡᠭᠵᠢᠭᠦᠯᠬᠦ ᠠᠷᠭ᠎ᠠ》 ᠪᠣᠯᠣᠨ ᠳᠤᠮᠳᠠᠳᠤ ᠤᠯᠤᠰ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠤᠨ 《ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠮᠡᠳᠡᠭᠡ ᠵᠠᠩᠭᠢ ᠵᠢ ᠮᠡᠳᠡᠭᠦᠯᠦᠨ ᠬᠦᠷᠭᠡᠬᠦ ᠵᠢᠯᠣᠭᠤᠳᠤᠮᠵᠢ》 ᠵᠢᠨ ᠱᠠᠭ᠋ᠠᠷᠳᠠᠯᠭ᠎ᠠ ᠶᠣᠰᠣᠭ᠋ᠠᠷ ᠮᠡᠳᠡᠭᠦᠯᠦᠨ ᠬᠦᠷᠭᠡᠬᠦ ᠮᠡᠳᠡᠭᠡ ᠵᠠᠩᠭᠢ ᠵᠢ ᠡᠷᠬᠡᠪᠰᠢ ᠦᠨᠡᠨ ᠪᠣᠳᠠᠲᠠᠢ᠂ ᠵᠥᠪ ᠣᠨᠣᠪᠴᠢᠲᠠᠶ᠂ ᠪᠦᠷᠢᠨ ᠪᠦᠲᠦᠨ᠂ ᠴᠠᠭ ᠲᠤᠬᠠᠢᠳᠤᠨᠢ ᠮᠡᠳᠡᠭᠦᠯᠵᠦ᠂ ᠭᠦᠢ᠍ᠴᠡᠳᠬᠡᠯ ᠲᠤᠭ᠎ᠠ᠂ ᠵᠠᠭᠪᠤᠷ᠂ ᠪᠦᠷᠢᠳᠬᠡᠬᠦ ᠠᠷᠭ᠎ᠠ᠎ᠨᠢ ᠵᠢᠷᠤᠮᠵᠢᠭᠤᠨ᠂ ᠨᠢᠭᠡᠳᠦᠯᠲᠡᠢ ᠪᠠᠶ᠋ᠢᠬᠤ ᠬᠡᠷᠡᠭᠲᠡᠢ᠃
ᠠᠵᠢᠯᠯᠠᠨ ᠡᠵᠡᠩᠨᠡᠬᠦ ᠪᠠᠶ᠋ᠢᠭᠤᠯᠤᠮᠵᠢ ᠵᠢᠨ ᠲᠣᠭᠲᠠᠭ᠋ᠠᠭᠰᠠᠨ᠂ ᠵᠠᠰᠠᠪᠤᠷᠢ ᠣᠷᠣᠭᠤᠯᠤᠭᠰᠠᠨ ᠲᠤᠬᠠᠶ᠋ᠢᠯᠠᠭᠰᠠᠨ ᠠᠵᠢᠯ᠎ᠤᠨ ᠠᠵᠢᠯᠯᠠᠭ᠋ᠠᠨ᠎ᠤ ᠨᠠᠷᠢᠨ ᠳᠦᠷᠢᠮ ᠪᠠ ᠥᠪᠡᠷ᠎ᠢ᠎ᠪᠠᠨ ᠱᠠᠭ᠋ᠠᠷᠳᠠᠬᠤ ᠬᠠᠮᠢᠶᠠᠷᠤᠯᠲᠠ ᠵᠢᠨ ᠳᠦᠷᠢᠮ᠎ᠨᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠲᠣᠭᠲᠠᠭ᠋ᠠᠯ ᠳᠦᠷᠢᠮ ᠵᠡᠷᠭᠡ ᠵᠢᠨ ᠲᠣᠭᠲᠠᠭ᠋ᠠᠯ᠎ᠳᠤ ᠨᠡᠶ᠋ᠢᠴᠡᠭᠰᠡᠨ ᠪᠠᠶ᠋ᠢᠬᠤ ᠵᠢᠨ ᠬᠠᠮᠲᠤ᠂ ᠲᠣᠭᠲᠠᠭ᠋ᠠᠭᠰᠠᠨ᠂ ᠵᠠᠰᠠᠪᠤᠷᠢ ᠣᠷᠣᠭᠤᠯᠤᠭᠰᠠᠨ ᠡᠳᠦᠷ᠎ᠠᠴᠠ ᠡᠬᠢᠯᠡᠨ 5 ᠠᠵᠢᠯᠯᠠᠬᠤ ᠡᠳᠦᠷ᠎ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠥᠷ ᠮᠣᠩᠭᠤᠯ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠳᠤ ᠮᠡᠳᠡᠭᠦᠯᠦᠨ ᠬᠦᠷᠭᠡᠵᠦ ᠪᠦᠷᠢᠳᠬᠡᠨ ᠳᠠᠩᠰᠠᠯᠠᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠥᠷ ᠮᠣᠩᠭᠤᠯ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠨᠢ ᠲᠤᠬᠠᠶ᠋ᠢᠯᠠᠭᠰᠠᠨ ᠠᠵᠢᠯ᠎ᠤᠨ ᠠᠵᠢᠯᠯᠠᠭ᠋ᠠᠨ᠎ᠤ ᠨᠠᠷᠢᠨ ᠳᠦᠷᠢᠮ ᠪᠠ ᠥᠪᠡᠷ᠎ᠢ᠎ᠪᠠᠨ ᠱᠠᠭ᠋ᠠᠷᠳᠠᠬᠤ ᠬᠠᠮᠢᠶᠠᠷᠤᠯᠲᠠ ᠵᠢᠨ ᠳᠦᠷᠢᠮ᠎ᠨᠢ ᠬᠠᠮᠢᠶ᠎ᠠ ᠪᠦᠬᠦᠢ ᠲᠣᠭᠲᠠᠭ᠋ᠠᠯ᠎ᠠᠴᠠ ᠵᠥᠷᠢᠴᠡᠭᠰᠡᠨ᠎ᠢ ᠣᠯᠵᠤ ᠮᠡᠳᠡᠪᠡᠯ᠂ ᠲᠡᠭᠦᠨ᠎ᠢ ᠵᠠᠷᠯᠢᠭᠳᠠᠵᠤ ᠪᠠᠶ᠋ᠢᠭ᠋ᠠᠳ ᠵᠠᠰᠠᠭᠤᠯᠬᠤ ᠬᠡᠷᠡᠭᠲᠡᠢ᠃
ᠳᠥᠴᠢᠨ ᠵᠢᠷᠭᠤᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠥᠷ ᠮᠣᠩᠭᠤᠯ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠨᠢ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠤ ᠲᠤᠬᠠᠢ ᠵᠢᠨ ᠲᠠᠯᠠᠪᠠᠢ ᠵᠢᠨ ᠪᠠᠶ᠋ᠢᠴᠠᠭ᠋ᠠᠯᠲᠠ ᠪᠠ ᠲᠤᠬᠠᠢ ᠵᠢᠨ ᠲᠠᠯᠠᠪᠠᠢ ᠵᠢᠨ ᠪᠤᠰᠤ ᠬᠢᠨᠠᠯᠲᠠ ᠬᠠᠮᠢᠶᠠᠷᠤᠯᠲᠠ ᠬᠢᠬᠦ᠎ᠳᠤ᠎ᠪᠠᠨ᠂ ᠳᠣᠣᠷᠠᠬᠢ ᠠᠷᠭ᠎ᠠ ᠬᠡᠮᠵᠢᠶ᠎ᠡ ᠵᠢ ᠠᠪᠴᠤ ᠪᠣᠯᠣᠨ᠎ᠠ᠄
(ᠨᠢᠭᠡ) ᠠᠵᠢᠯᠯᠠᠨ ᠡᠵᠡᠩᠨᠡᠬᠦ ᠪᠠᠶ᠋ᠢᠭᠤᠯᠤᠮᠵᠢ᠂ ᠳᠡᠩᠰᠡᠯᠡᠵᠦ ᠳ᠋ᠦᠩᠨᠡᠨ ᠪᠤᠳᠤᠬᠤ ᠪᠠᠶ᠋ᠢᠭᠤᠯᠤᠮᠵᠢ ᠪᠤᠶᠤ ᠬᠤᠯᠪᠣᠭᠳᠠᠯ ᠪᠦᠬᠦᠢ ᠣᠷᠣᠯᠴᠠᠭᠴᠢ ᠵᠢᠨ ᠠᠵᠢᠯᠯᠠᠬᠤ ᠲᠠᠯᠠᠪᠤᠷ ᠭᠠᠵᠠᠷ ᠪᠤᠶᠤ ᠡᠵᠡᠩᠨᠡᠯᠲᠡ ᠵᠢᠨ ᠲᠠᠯᠠᠪᠤᠷ ᠭᠠᠵᠠᠷ᠎ᠲᠤ ᠣᠷᠣᠵᠤ ᠪᠠᠶ᠋ᠢᠴᠠᠭ᠋ᠠᠯᠲᠠ ᠬᠢᠬᠦ;
(ᠬᠤᠶᠠᠷ) ᠠᠵᠢᠯᠯᠠᠨ ᠡᠵᠡᠩᠨᠡᠬᠦ ᠪᠠᠶ᠋ᠢᠭᠤᠯᠤᠮᠵᠢ ᠪᠤᠶᠤ ᠣᠷᠣᠯᠴᠠᠭᠴᠢ ᠵᠢᠨ ᠬᠠᠷᠢᠭᠤᠴᠠᠯᠭ᠋ᠠᠲᠠᠨ᠂ ᠠᠵᠢᠯᠲᠠᠳ᠎ᠠᠴᠠ ᠯᠠᠪᠯᠠᠨ ᠠᠰᠠᠭᠤᠵᠤ᠂ ᠲᠡᠳᠡᠨ᠎ᠢ ᠬᠤᠯᠪᠣᠭᠳᠠᠯ ᠪᠦᠬᠦᠢ ᠪᠠᠶ᠋ᠢᠴᠠᠭ᠋ᠠᠯᠲᠠ ᠵᠢᠨ ᠵᠦᠢ᠍ᠯᠡᠰ᠎ᠤᠨ ᠲᠤᠬᠠᠢ ᠲᠣᠳᠣᠷᠬᠠᠶ᠋ᠢᠯᠠᠯᠲᠠ ᠬᠢᠯᠭᠡᠬᠦ᠎ᠪᠠᠷ ᠱᠠᠭ᠋ᠠᠷᠳᠠᠬᠤ;
(ᠭᠤᠷᠪᠠ) ᠪᠠᠶ᠋ᠢᠴᠠᠭ᠋ᠠᠯᠲᠠ ᠵᠢᠨ ᠵᠦᠢ᠍ᠯᠡᠰ᠎ᠲᠠᠢ ᠬᠤᠯᠪᠣᠭᠳᠠᠬᠤ ᠪᠢᠴᠢᠭ ᠮᠠᠲ᠋ᠧᠷᠢᠶᠠᠯ᠎ᠢ ᠪᠠᠶ᠋ᠢᠴᠠᠭ᠋ᠠᠨ ᠦᠵᠡᠵᠦ ᠪᠠᠭᠤᠯᠭ᠋ᠠᠨ ᠠᠪᠴᠤ᠂ ᠰᠢᠯᠵᠢᠭᠦᠯᠬᠦ᠂ ᠨᠢᠭᠤᠨ ᠳᠠᠯᠳᠠᠯᠠᠬᠤ ᠪᠤᠶᠤ ᠡᠪᠳᠡᠨ ᠰᠦᠢ᠍ᠳᠬᠡᠵᠦ ᠮᠡᠳᠡᠬᠦ ᠪᠢᠴᠢᠭ ᠮᠠᠲ᠋ᠧᠷᠢᠶᠠᠯ᠂ ᠡᠯᠧᠺᠳ᠋ᠷᠣᠨ ᠲᠥᠬᠦᠭᠡᠷᠦᠮᠵᠢ ᠵᠢ ᠪᠢᠲᠡᠭᠦᠮᠵᠢᠯᠡᠨ ᠬᠠᠳᠠᠭ᠋ᠠᠯᠠᠬᠤ;
(ᠳᠥᠷᠪᠡ) ᠠᠵᠢᠯᠯᠠᠨ ᠡᠵᠡᠩᠨᠡᠬᠦ ᠪᠠᠶ᠋ᠢᠭᠤᠯᠤᠮᠵᠢ ᠪᠤᠶᠤ ᠬᠤᠯᠪᠣᠭᠳᠠᠯ ᠪᠦᠬᠦᠢ ᠣᠷᠣᠯᠴᠠᠭᠴᠢ ᠵᠢᠨ ᠮᠡᠳᠡᠭᠡ ᠵᠠᠩᠭᠢ ᠵᠢᠨ ᠰᠢᠰᠲ᠋ᠧᠮ᠎ᠢ ᠪᠠᠶ᠋ᠢᠴᠠᠭ᠋ᠠᠵᠤ᠂ ᠬᠤᠯᠪᠣᠭᠳᠠᠯ ᠪᠦᠬᠦᠢ ᠳ᠋ᠠᠶ᠋ᠢᠲ᠋ᠠ ᠮᠠᠲ᠋ᠧᠷᠢᠶᠠᠯ᠎ᠢ ᠪᠠᠭᠤᠯᠭ᠋ᠠᠨ ᠠᠪᠬᠤ;
(ᠲᠠᠪᠤ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠲᠣᠭᠲᠠᠭ᠋ᠠᠯ ᠳᠦᠷᠢᠮ ᠪᠠ ᠳᠤᠮᠳᠠᠳᠤ ᠤᠯᠤᠰ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠠᠴᠠ ᠲᠣᠭᠲᠠᠭ᠋ᠠᠭᠰᠠᠨ ᠪᠤᠰᠤᠳ ᠠᠷᠭ᠎ᠠ ᠬᠡᠮᠵᠢᠶ᠎ᠡ᠃
ᠳᠥᠴᠢᠨ ᠳᠣᠯᠣᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠥᠷ ᠮᠣᠩᠭᠤᠯ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠡᠭᠦᠷᠭᠡ ᠬᠠᠷᠢᠭᠤᠴᠠᠯᠭ᠎ᠠ᠎ᠪᠠᠨ ᠬᠠᠤᠯᠢ ᠶᠣᠰᠣᠭ᠋ᠠᠷ ᠭᠦᠢ᠍ᠴᠡᠳᠬᠡᠬᠦ᠎ᠳᠤ᠂ ᠪᠠᠶ᠋ᠢᠴᠠᠭ᠋ᠠᠭᠳᠠᠬᠤ ᠨᠢᠭᠡᠴᠢ ᠪᠣᠯᠣᠨ ᠬᠤᠪᠢ ᠬᠥᠮᠥᠨ᠎ᠨᠢ ᠬᠠᠮᠵᠢᠯᠴᠠᠵᠤ ᠪᠠᠶ᠋ᠢᠭ᠋ᠠᠳ᠂ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ᠎ᠢ ᠦᠨᠡᠨ ᠮᠥᠨ ᠵᠶ᠋ᠠᠷ᠎ᠨᠢ ᠬᠠᠩᠭ᠋ᠠᠬᠤ ᠬᠡᠷᠡᠭᠲᠡᠢ᠂ ᠲᠡᠪᠴᠢᠬᠦ᠂ ᠬᠠᠷᠰᠢᠯᠠᠬᠤ ᠪᠠ ᠨᠢᠭᠤᠨ ᠳᠠᠯᠳᠠᠯᠠᠵᠤ ᠪᠣᠯᠬᠤ ᠦᠭᠡᠢ᠃
ᠳᠥᠴᠢᠨ ᠨᠠᠢ᠍ᠮᠠᠳᠤᠭ᠋ᠠᠷ ᠵᠦᠢ᠍ᠯ ᠥᠪᠥᠷ ᠮᠣᠩᠭᠤᠯ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠨᠢ ᠲᠣᠰ ᠨᠠᠷᠢᠨ ᠳᠦᠷᠢᠮ᠎ᠠᠴᠠ ᠵᠥᠷᠢᠴᠡᠭᠰᠡᠨ ᠠᠵᠢᠯᠯᠠᠭ᠎ᠠ ᠵᠢᠨ ᠰᠦᠪᠡᠭᠴᠢ ᠵᠢ ᠣᠯᠵᠤ ᠮᠡᠳᠡᠪᠡᠯ᠂ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠳᠤ ᠴᠠᠭ ᠲᠤᠬᠠᠢᠳᠤᠨᠢ ᠰᠢᠯᠵᠢᠭᠦᠯᠦᠨ ᠬᠦᠷᠭᠡᠵᠦ ᠰᠢᠢ᠍ᠳᠪᠦᠷᠢᠯᠡᠭᠦᠯᠬᠦ ᠬᠡᠷᠡᠭᠲᠡᠢ᠃
ᠳᠥᠴᠢ ᠶᠢᠰᠦᠳᠦᠭᠡᠷ ᠵᠦᠢ᠍ᠯ ᠠᠵᠢᠯᠯᠠᠨ ᠡᠵᠡᠩᠨᠡᠬᠦ ᠪᠠᠶ᠋ᠢᠭᠤᠯᠤᠮᠵᠢ᠎ᠨᠢ ᠬᠠᠤᠯᠢ ᠲᠣᠭᠲᠠᠭ᠋ᠠᠯ᠎ᠠᠴᠠ ᠵᠥᠷᠢᠴᠡᠨ ᠡᠵᠡᠩᠨᠡᠭᠰᠡᠨ ᠪᠤᠶᠤ ᠬᠦᠨᠳᠦ ᠶᠡᠭᠡ ᠲᠦᠭᠰᠢᠭᠦᠷᠢ ᠭᠠᠷᠴᠤ᠂ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠳᠤ ᠬᠦᠨᠳᠦ ᠨᠣᠴᠢᠲᠠᠢ ᠬᠤᠣᠷ ᠬᠥᠨᠥᠭᠡᠯ ᠤᠴᠠᠷᠠᠭᠤᠯᠵᠤ᠂ ᠪᠡᠯᠡ ᠣᠷᠣᠭᠤᠯᠤᠭᠴᠢᠳ᠎ᠤᠨ ᠠᠰᠢᠭ ᠲᠤᠰᠠ ᠵᠢ ᠬᠤᠬᠢᠷᠠᠭᠤᠯᠤᠭᠰᠠᠨ ᠪᠠᠶ᠋ᠢᠪᠠᠯ᠂ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠠᠴᠠ ᠵᠠᠷᠯᠢᠭᠳᠠᠵᠤ ᠪᠠᠶ᠋ᠢᠭ᠋ᠠᠳ ᠠᠵᠢᠯ᠎ᠢ᠎ᠨᠢ ᠵᠣᠭᠰᠣᠭ᠋ᠠᠨ ᠴᠡᠭᠴᠡᠯᠡᠭᠦᠯᠬᠦ ᠵᠢᠨ ᠬᠠᠮᠲᠤ ᠬᠤᠯᠪᠣᠭᠳᠠᠯ ᠪᠦᠬᠦᠢ ᠬᠠᠷᠢᠭᠤᠴᠠᠯᠭ᠋ᠠᠲᠠᠨ᠎ᠢ᠎ᠨᠢ ᠰᠣᠯᠢᠭᠤᠯᠬᠤ ᠬᠡᠷᠡᠭᠲᠡᠢ᠃
ᠲᠠᠪᠢᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠠᠴᠠ ᠠᠵᠢᠯᠯᠠᠨ ᠡᠵᠡᠩᠨᠡᠬᠦ ᠪᠠᠶ᠋ᠢᠭᠤᠯᠤᠮᠵᠢ᠂ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠬᠤᠯᠪᠣᠭᠳᠠᠯ ᠪᠦᠬᠦᠢ ᠣᠷᠣᠯᠴᠠᠭᠴᠢ ᠵᠢᠴᠢ ᠬᠠᠮᠢᠶ᠎ᠠ ᠪᠦᠬᠦᠢ ᠬᠥᠮᠥᠰ᠎ᠲᠤ 《ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠤᠷᠰᠢᠨ ᠬᠡᠷᠡᠭᠵᠢᠭᠦᠯᠬᠦ ᠠᠷᠭ᠎ᠠ》 ᠪᠠ ᠲᠣᠰ ᠨᠠᠷᠢᠨ ᠳᠦᠷᠢᠮ᠎ᠠᠴᠠ ᠵᠥᠷᠢᠴᠡᠭᠰᠡᠨ ᠦᠶᠯᠡ ᠠᠵᠢᠯᠯᠠᠭ᠎ᠠ ᠣᠷᠣᠰᠢᠵᠤ ᠪᠠᠶ᠋ᠢᠬᠤ ᠵᠢ ᠣᠯᠵᠤ ᠮᠡᠳᠡᠪᠡᠯ᠂ ᠬᠠᠤᠯᠢ ᠲᠣᠭᠲᠠᠭ᠋ᠠᠯ ᠶᠣᠰᠣᠭ᠋ᠠᠷ ᠲᠡᠭᠦᠨ᠎ᠢ ᠵᠠᠷᠯᠢᠭᠳᠠᠨ ᠵᠠᠯᠠᠷᠠᠭᠤᠯᠤᠭᠤᠯᠬᠤ᠂ ᠬᠢᠨᠠᠨ ᠬᠠᠮᠢᠶᠠᠷᠴᠤ ᠶᠠᠷᠢᠯᠴᠠᠬᠤ᠂ ᠰᠡᠷᠡᠮᠵᠢᠯᠡᠭᠦᠯᠬᠦ ᠵᠠᠬᠢᠳᠠᠯ ᠭᠠᠷᠭ᠋ᠠᠬᠤ᠂ ᠵᠠᠷᠯᠢᠭᠳᠠᠵᠤ ᠪᠠᠶ᠋ᠢᠭ᠋ᠠᠳ ᠪᠣᠯᠪᠠᠰᠤᠷᠠᠯ᠎ᠳᠤ ᠣᠷᠣᠯᠴᠠᠭᠤᠯᠬᠤ᠂ ᠵᠠᠷᠯᠢᠭᠳᠠᠵᠤ ᠪᠠᠶ᠋ᠢᠭ᠋ᠠᠳ ᠲᠣᠭᠲᠠᠮᠠᠯ ᠬᠤᠭᠤᠴᠠᠭ᠎ᠠ᠎ᠲᠠᠢ᠎ᠪᠠᠷ ᠮᠡᠳᠡᠭᠦᠯᠦᠭᠦᠯᠬᠦ᠂ ᠲᠣᠬᠢᠷᠠᠮᠵᠢ ᠦᠭᠡᠢ ᠵᠢᠱ᠌ᠢᠭᠳᠡᠭᠴᠢ᠎ᠪᠠᠷ ᠮᠠᠭ᠋ᠠᠳᠯᠠᠨ ᠲᠣᠭᠲᠠᠭ᠋ᠠᠬᠤ ᠵᠡᠷᠭᠡ ᠬᠢᠨᠠᠯᠲᠠ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠠᠪᠬᠤ ᠬᠡᠷᠡᠭᠲᠡᠢ; ᠬᠢᠨᠠᠯᠲᠠ ᠬᠠᠮᠢᠶᠠᠷᠤᠯᠲᠠ ᠵᠢᠨ ᠳᠤᠮᠳᠠ ᠢᠯᠡᠷᠡᠭᠦᠯᠦᠭᠰᠡᠨ ᠥᠪᠡᠷ᠎ᠢ᠎ᠪᠠᠨ ᠱᠠᠭ᠋ᠠᠷᠳᠠᠬᠤ ᠬᠢᠨᠠᠯᠲᠠ ᠬᠠᠮᠢᠶᠠᠷᠤᠯᠲᠠ ᠵᠢᠨ ᠠᠢ᠎ᠳᠤ ᠬᠤᠯᠪᠣᠭᠳᠠᠭᠰᠠᠨ ᠠᠰᠠᠭᠤᠳᠠᠯ᠎ᠢ ᠠᠵᠢᠯᠯᠠᠨ ᠡᠵᠡᠩᠨᠡᠬᠦ ᠪᠠᠶ᠋ᠢᠭᠤᠯᠤᠮᠵᠢ᠎ᠳᠤ ᠰᠢᠯᠵᠢᠭᠦᠯᠦᠨ ᠲᠤᠰᠢᠶᠠᠵᠤ ᠰᠢᠢ᠍ᠳᠪᠦᠷᠢᠯᠡᠭᠦᠯᠦᠨ᠎ᠡ; ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ ᠰᠢᠢ᠍ᠳᠬᠡᠯ ᠥᠭᠬᠦ ᠶᠣᠰᠣᠲᠠᠢ ᠵᠢ᠎ᠨᠢ ᠳᠣᠩᠭᠤᠳᠬᠤ ᠵᠢᠨ ᠬᠠᠮᠲᠤ᠂ 3 ᠲᠦᠮᠡᠨ ᠲᠥᠭᠦᠷᠢᠭ᠎ᠠᠴᠠ ᠳᠣᠷᠣᠭᠰᠢᠬᠢ ᠵᠣᠭᠤᠰ ᠵᠶ᠋ᠠᠷ ᠲᠣᠷᠭ᠋ᠠᠨ᠎ᠠ᠃
ᠲᠤᠰ ᠨᠠᠷᠢᠨ ᠳᠦᠷᠢᠮ᠎ᠤᠨ ᠲᠣᠭᠲᠠᠭ᠋ᠠᠯ᠎ᠠᠴᠠ ᠵᠥᠷᠢᠴᠡᠭᠰᠡᠨ ᠥᠢ᠍ᠯᠡ ᠠᠵᠢᠯᠯᠠᠭ᠎ᠠ᠎ᠳᠤ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠲᠣᠭᠲᠠᠭ᠋ᠠᠯ ᠳᠦᠷᠢᠮ᠎ᠳᠤ ᠠᠰᠲᠠᠭ᠋ᠠᠨ ᠲᠣᠭᠲᠠᠭ᠋ᠠᠯ᠎ᠲᠠᠢ ᠪᠠᠶ᠋ᠢᠪᠠᠯ᠂ ᠲᠡᠷᠡ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠨ᠎ᠡ᠃
ᠲᠠᠪᠢᠨ ᠨᠢᠭᠡᠳᠦᠭᠡᠷ ᠵᠦᠢ᠍ᠯ ᠲᠤᠰ ᠨᠠᠷᠢᠨ ᠳᠦᠷᠢᠮ᠎ᠤᠨ ᠲᠣᠭᠲᠠᠭ᠋ᠠᠯ᠎ᠠᠴᠠ ᠵᠥᠷᠢᠴᠡᠨ ᠲᠡᠮᠳᠡᠭᠲᠦ ᠲᠠᠷᠬᠠᠭ᠋ᠠᠬᠤ ᠪᠠ ᠰᠢᠯᠵᠢᠭᠦᠯᠦᠨ ᠥᠭᠬᠦ ᠠᠵᠢᠯᠯᠠᠭ᠎ᠠ ᠵᠢ ᠵᠣᠬᠢᠶᠠᠨ ᠪᠠᠶ᠋ᠢᠭᠤᠯᠤᠭᠰᠠᠨ᠂ ᠡᠰᠡᠬᠦᠯ᠎ᠡ ᠲᠤᠰ ᠨᠠᠷᠢᠨ ᠳᠦᠷᠢᠮ᠎ᠤᠨ ᠲᠣᠭᠲᠠᠭ᠋ᠠᠯ᠎ᠠᠴᠠ ᠵᠥᠷᠢᠴᠡᠨ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠠᠬᠢ ᠠᠵᠢᠯᠯᠠᠭ᠎ᠠ ᠵᠢ ᠳᠤᠷ᠎ᠠ᠎ᠪᠠᠷ ᠵᠶ᠋ᠠᠨ ᠵᠣᠬᠢᠶᠠᠨ ᠪᠠᠶ᠋ᠢᠭᠤᠯᠵᠤ ᠥᠷᠨᠢᠭᠦᠯᠦᠭᠰᠡᠨ᠎ᠳᠤ 《ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠤᠷᠰᠢᠨ ᠬᠡᠷᠡᠭᠵᠢᠭᠦᠯᠬᠦ ᠠᠷᠭ᠎ᠠ》 ᠵᠢᠨ ᠲᠣᠭᠲᠠᠭ᠋ᠠᠯ ᠶᠣᠰᠣᠭ᠋ᠠᠷ ᠢᠯᠭ᠋ᠠᠷᠠᠭᠤᠯᠤᠨ ᠴᠡᠪᠡᠷᠯᠡᠬᠦ ᠵᠢᠨ ᠬᠠᠮᠲᠤ᠂ ᠬᠠᠤᠯᠢ ᠶᠣᠰᠣᠭ᠋ᠠᠷ ᠬᠠᠤᠯᠢ ᠴᠠᠭ᠋ᠠᠵᠠ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
ᠲᠠᠪᠢᠨ ᠬᠤᠶᠠᠳᠤᠭ᠋ᠠᠷ ᠵᠦᠢ᠍ᠯ ᠥᠪᠥᠷ ᠮᠣᠩᠭᠤᠯ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠨᠢ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠠᠮᠤᠷ ᠲᠦᠪᠰᠢᠨ ᠵᠢᠷᠤᠮᠵᠢᠯ᠎ᠲᠠᠢ ᠠᠵᠢᠯᠯᠠᠭ᠋ᠠᠨ᠎ᠤ ᠪᠠᠶ᠋ᠢᠳᠠᠯ᠂ ᠲᠦᠭᠰᠢᠭᠦᠷᠢ ᠵᠢᠨ ᠬᠠᠮᠢᠶᠠᠷᠤᠯᠲᠠ ᠵᠢᠨ ᠴᠢᠳᠠᠪᠤᠷᠢ ᠵᠡᠷᠭᠡ᠎ᠳᠤ ᠬᠢᠨᠠᠨ ᠰᠢᠨᠵᠢᠯᠡᠵᠦ ᠦᠨᠡᠯᠡᠨ ᠵᠢᠱ᠌ᠢᠯᠲᠡ ᠬᠢᠵᠦ ᠪᠣᠯᠣᠨ᠎ᠠ᠃ ᠦᠨᠡᠯᠡᠨ ᠵᠢᠱ᠌ᠢᠭᠰᠡᠨ ᠦᠷ᠎ᠡ ᠳ᠋ᠦᠩ᠎ᠢ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠤᠷᠢᠳ ᠵᠶ᠋ᠠᠷ ᠬᠡᠷᠡᠭᠵᠢᠭᠦᠯᠦᠨ ᠤᠷᠢᠳ ᠵᠶ᠋ᠠᠷ ᠲᠤᠷᠰᠢᠬᠤ ᠬᠠᠮᠢᠶ᠎ᠠ ᠪᠦᠬᠦᠢ ᠲᠤᠬᠠᠶ᠋ᠢᠯᠠᠭᠰᠠᠨ ᠠᠵᠢᠯ᠎ᠢ ᠥᠷᠨᠢᠭᠦᠯᠬᠦ ᠵᠢᠨ ᠬᠢᠴᠢᠶᠡᠮᠵᠢ ᠪᠣᠯᠭᠤᠮᠵᠢᠲᠠᠢ ᠨᠥᠬᠦᠴᠡᠯ ᠪᠣᠯᠭ᠋ᠠᠬᠤ ᠬᠡᠷᠡᠭᠲᠡᠢ᠃
ᠳᠣᠯᠣᠳᠤᠭ᠋ᠠᠷ ᠪᠦᠯᠦᠭ ᠵᠠᠬ᠎ᠠ ᠳᠡᠯᠭᠡᠭᠦᠷ᠎ᠤᠨ ᠥᠪᠡᠷ᠎ᠢ᠎ᠪᠠᠨ ᠱᠠᠭ᠋ᠠᠷᠳᠠᠬᠤ
ᠲᠠᠪᠢᠨ ᠭᠤᠷᠪᠠᠳᠤᠭ᠋ᠠᠷ ᠵᠦᠢ᠍ᠯ ᠠᠵᠢᠯᠯᠠᠨ ᠡᠵᠡᠩᠨᠡᠬᠦ ᠪᠠᠶ᠋ᠢᠭᠤᠯᠤᠮᠵᠢ᠎ᠨᠢ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠢᠲᠡᠭᠡᠮᠵᠢ ᠵᠢᠨ ᠲᠠᠩᠰᠠ ᠡᠪᠬᠡᠮᠡᠯ ᠪᠠᠶ᠋ᠢᠭᠤᠯᠬᠤ ᠵᠢᠨ ᠬᠠᠮᠲᠤ ᠲᠣᠭᠲᠠᠭ᠋ᠠᠯ ᠶᠣᠰᠣᠭ᠋ᠠᠷ ᠢᠲᠡᠭᠡᠮᠵᠢ ᠵᠢᠨ ᠮᠡᠳᠡᠭᠡ ᠵᠠᠩᠭᠢ ᠵᠢ ᠪᠠᠶ᠋ᠢᠴᠠᠭ᠋ᠠᠨ ᠯᠠᠪᠯᠠᠬᠤ ᠪᠠ ᠨᠡᠶ᠋ᠢᠲᠡ᠎ᠳᠤ ᠵᠠᠷᠯᠠᠬᠤ ᠵᠢ ᠬᠠᠩᠭ᠋ᠠᠬᠤ ᠬᠡᠷᠡᠭᠲᠡᠢ᠃
ᠠᠵᠢᠯᠯᠠᠨ ᠡᠵᠡᠩᠨᠡᠬᠦ ᠪᠠᠶ᠋ᠢᠭᠤᠯᠤᠮᠵᠢ᠂ ᠳᠡᠩᠰᠡᠯᠡᠵᠦ ᠳ᠋ᠦᠩᠨᠡᠨ ᠪᠤᠳᠤᠬᠤ ᠪᠠᠶ᠋ᠢᠭᠤᠯᠤᠮᠵᠢ ᠪᠣᠯᠣᠨ ᠪᠤᠰᠤᠳ ᠣᠷᠣᠯᠴᠠᠭᠴᠢ ᠵᠢᠴᠢ ᠬᠠᠮᠢᠶ᠎ᠠ ᠪᠦᠬᠦᠢ ᠬᠥᠮᠥᠰ᠎ᠤᠨ ᠢᠲᠡᠭᠡᠮᠵᠢ ᠵᠢᠨ ᠮᠡᠳᠡᠭᠡ ᠵᠠᠩᠭᠢ ᠵᠢ ᠬᠠᠮᠲᠤᠳᠤᠨᠢ ᠲᠣᠭᠲᠠᠭ᠋ᠠᠯ ᠶᠣᠰᠣᠭ᠋ᠠᠷ ᠳᠤᠮᠳᠠᠳᠤ ᠤᠯᠤᠰ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠤᠨ ᠲᠡᠮᠳᠡᠭᠲᠦ ᠵᠢᠨ ᠬᠤᠭᠤᠴᠠᠭ᠋ᠠᠲᠤ ᠪᠠᠷᠠᠭ᠋ᠠᠨ᠎ᠤ ᠵᠠᠬ᠎ᠠ ᠳᠡᠯᠭᠡᠭᠦᠷ᠎ᠤᠨ ᠢᠲᠡᠭᠡᠮᠵᠢ ᠵᠢᠨ ᠲᠠᠩᠰᠠ ᠡᠪᠬᠡᠮᠡᠯ᠎ᠤᠨ ᠳ᠋ᠠᠶ᠋ᠢᠲ᠋ᠠ ᠬᠥᠮᠥᠷᠭᠡ᠎ᠳᠤ ᠲᠡᠮᠳᠡᠭᠯᠡᠨ ᠣᠷᠣᠭᠤᠯᠬᠤ ᠬᠡᠷᠡᠭᠲᠡᠢ᠃
ᠲᠠᠪᠢᠨ ᠳᠥᠷᠪᠡᠳᠦᠭᠡᠷ ᠵᠦᠢ᠍ᠯ ᠠᠵᠢᠯᠯᠠᠨ ᠡᠵᠡᠩᠨᠡᠬᠦ ᠪᠠᠶ᠋ᠢᠭᠤᠯᠤᠮᠵᠢ᠎ᠨᠢ ᠥᠪᠡᠷ᠎ᠢ᠎ᠪᠠᠨ ᠱᠠᠭ᠋ᠠᠷᠳᠠᠬᠤ ᠬᠠᠮᠢᠶᠠᠷᠤᠯᠲᠠ ᠵᠢᠨ ᠳᠦᠷᠢᠮ᠎ᠢ ᠲᠣᠭᠲᠠᠭ᠋ᠠᠬᠤ ᠵᠢᠨ ᠬᠠᠮᠲᠤ ᠬᠡᠷᠡᠭᠵᠢᠭᠦᠯᠵᠦ᠂ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠤ ᠣᠷᠣᠯᠴᠠᠭᠰᠠᠳ᠎ᠤᠨ ᠦᠶᠯᠡ ᠠᠵᠢᠯᠯᠠᠭ᠎ᠠ ᠵᠢ ᠵᠢᠷᠤᠮᠵᠢᠭᠤᠯᠤᠨ᠂ ᠲᠣᠭᠲᠠᠭ᠋ᠠᠯ᠎ᠠᠴᠠ ᠵᠥᠷᠢᠴᠡᠭᠰᠡᠳ᠎ᠲᠤ ᠥᠪᠡᠷ᠎ᠢ᠎ᠪᠠᠨ ᠱᠠᠭ᠋ᠠᠷᠳᠠᠬᠤ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠠᠪᠬᠤ ᠵᠢᠨ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠥᠷ ᠮᠣᠩᠭᠤᠯ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠳᠤ ᠮᠡᠳᠡᠭᠦᠯᠬᠦ ᠬᠡᠷᠡᠭᠲᠡᠢ᠃
ᠲᠠᠪᠢᠨ ᠲᠠᠪᠤᠳᠤᠭ᠋ᠠᠷ ᠵᠦᠢ᠍ᠯ ᠠᠵᠢᠯᠯᠠᠨ ᠡᠵᠡᠩᠨᠡᠬᠦ ᠪᠠᠶ᠋ᠢᠭᠤᠯᠤᠮᠵᠢ᠎ᠨᠢ ᠵᠠᠭ᠋ᠠᠯᠳᠤᠯᠭ᠎ᠠ ᠵᠢ ᠰᠢᠢ᠍ᠳᠪᠦᠷᠢᠯᠡᠬᠦ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠠᠯᠪᠠᠨ᠎ᠤ ᠰᠦᠯᠵᠢᠶᠡᠨ ᠦᠷᠳᠡᠭᠡ ᠵᠢᠨ ᠳᠤᠷᠠᠶ᠋ᠢᠮᠠ ᠣᠷᠣᠨ ᠪᠠᠶ᠋ᠢᠷᠢ᠎ᠳᠤ ᠵᠠᠭ᠋ᠠᠯᠳᠤᠬᠤ ᠤᠲᠠᠰᠤ ᠵᠢᠴᠢ ᠪᠤᠰᠤᠳ ᠵᠠᠭ᠋ᠠᠯᠳᠤᠬᠤ ᠠᠷᠭ᠎ᠠ ᠵᠠᠮ᠎ᠢ ᠢᠯᠡ ᠨᠡᠶ᠋ᠢᠲᠡᠯᠡᠨ᠂ ᠲᠤᠰᠬᠠᠢ ᠬᠥᠮᠥᠨ ᠲᠣᠬᠢᠷᠠᠭᠤᠯᠤᠨ ᠵᠠᠭ᠋ᠠᠯᠳᠤᠯᠭ᠎ᠠ ᠵᠢᠨ ᠵᠦᠢ᠍ᠯᠡᠰ᠎ᠢ ᠬᠦᠯᠢᠶᠡᠨ ᠠᠪᠤᠭᠤᠯᠬᠤ ᠪᠠ ᠰᠢᠢ᠍ᠳᠪᠦᠷᠢᠯᠡᠭᠦᠯᠵᠦ᠂ ᠵᠠᠭ᠋ᠠᠯᠳᠤᠯᠭ᠎ᠠ ᠵᠢᠨ ᠠᠷᠭ᠎ᠠ ᠵᠠᠮ᠎ᠤᠨ ᠰᠠᠭ᠋ᠠᠳ ᠦᠭᠡᠢ ᠨᠡᠪᠲᠡᠷᠡᠬᠦ ᠵᠢ ᠦᠨᠡᠨ ᠬᠦ᠌ ᠪᠠᠲᠤᠯᠠᠨ᠂ ᠵᠠᠭ᠋ᠠᠯᠳᠤᠯᠭ᠎ᠠ ᠵᠢ ᠴᠠᠭ ᠲᠤᠬᠠᠢᠳᠤᠨᠢ ᠲᠣᠬᠢᠲᠠᠢ ᠰᠢᠢ᠍ᠳᠪᠦᠷᠢᠯᠡᠵᠦ᠂ ᠪᠡᠯᠡ ᠣᠷᠣᠭᠤᠯᠤᠭᠴᠢᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠬᠤ ᠬᠡᠷᠡᠭᠲᠡᠢ᠃
ᠨᠠᠢ᠍ᠮᠠᠳᠤᠭ᠋ᠠᠷ ᠪᠦᠯᠦᠭ ᠳᠠᠭ᠋ᠠᠯᠳᠤᠭᠤᠯᠤᠯ ᠳᠦᠷᠢᠮ
ᠲᠠᠪᠢᠨ ᠵᠢᠷᠭᠤᠳᠤᠭ᠋ᠠᠷ ᠵᠦᠢ᠍ᠯ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠨᠢ ᠥᠪᠡᠷᠲᠡᠭᠡᠨ ᠵᠠᠰᠠᠬᠤ ᠣᠷᠣᠨ᠎ᠤ ᠳᠣᠲᠣᠷᠠᠬᠢ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ᠎ᠳᠤ ᠦᠢ᠍ᠯᠡᠴᠢᠯᠡᠭᠡ ᠬᠠᠩᠭ᠋ᠠᠭᠰᠠᠨ ᠪᠠᠶ᠋ᠢᠪᠠᠯ᠂ ᠲᠤᠰ ᠨᠠᠷᠢᠨ ᠳᠦᠷᠢᠮ᠎ᠢ ᠯᠠᠪᠯᠠᠯᠲᠠ ᠪᠣᠯᠭ᠋ᠠᠨ ᠬᠡᠷᠡᠭᠯᠡᠨ᠎ᠡ᠃
ᠲᠠᠪᠢᠨ ᠳᠣᠯᠣ᠋ᠳᠤᠭ᠋ᠠᠷ ᠵᠦᠢ᠍ᠯ ᠲᠣᠰ ᠨᠠᠷᠢᠨ ᠳᠦᠷᠢᠮ᠎ᠢ ᠬᠡᠷᠡᠭᠵᠢᠭᠦᠯᠬᠦ ᠶᠠᠪᠤᠴᠠ᠎ᠳᠠᠬᠢ ᠪᠣᠳᠠᠲᠠᠢ ᠠᠰᠠᠭᠤᠳᠠᠯ᠎ᠢ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠠᠴᠠ ᠬᠠᠷᠢᠭᠤᠴᠠᠨ ᠲᠠᠶ᠋ᠢᠯᠪᠤᠷᠢᠯᠠᠨ᠎ᠠ᠃
ᠲᠠᠪᠢᠨ ᠨᠠᠢ᠍ᠮᠠᠳᠤᠭ᠋ᠠᠷ ᠵᠦᠢ᠍ᠯ ᠲᠣᠰ ᠨᠠᠷᠢᠨ ᠳᠦᠷᠢᠮ᠎ᠢ 2023 ᠣᠨ᠎ᠤ 6 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃
ᠬᠠᠭᠤᠯᠤᠨ ᠢᠯᠡᠭᠡᠬᠦ᠎ᠨᠢ᠄
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠡᠯ᠎ᠡ ᠰᠠᠯᠠᠭ᠎ᠠ ᠮᠥᠴᠢᠷ᠂ ᠥᠪᠥᠷ ᠮᠣᠩᠭᠤᠯ᠎ᠤᠨ ᠴᠡᠷᠢᠭ᠎ᠤᠨ ᠲᠣᠭᠤᠷᠢᠭ᠂ ᠵᠡᠪᠰᠡᠭᠲᠦ ᠴᠠᠭᠳᠠᠭ᠎ᠠ ᠵᠢᠨ ᠥᠪᠥᠷ ᠮᠣᠩᠭᠤᠯ᠎ᠤᠨ ᠶᠡᠷᠦᠩᠬᠡᠢ ᠠᠩᠭᠢ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠶ᠋ᠢᠩᠭᠤ ᠬᠤᠷᠢᠶᠠᠨ᠎ᠤ ᠠᠯᠪᠠᠨ ᠲᠢᠩᠬᠢᠮ᠂ ᠤᠯᠤᠰ ᠲᠥᠷᠥ ᠵᠢᠨ ᠵᠥᠪᠯᠡᠯᠭᠡᠨ᠎ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠬᠢᠨᠠᠨ ᠪᠠᠶ᠋ᠢᠴᠠᠭ᠋ᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠤᠷᠢᠶ᠎ᠠ᠂ ᠪᠠᠶ᠋ᠢᠴᠠᠭ᠋ᠠᠬᠤ ᠬᠤᠷᠢᠶ᠎ᠠ᠃
ᠡᠯ᠎ᠡ ᠠᠷᠠᠳ᠎ᠤᠨ ᠪᠦᠯᠬᠦᠮ᠂ ᠰᠣᠨᠢᠨ ᠮᠡᠳᠡᠭᠡᠨ᠎ᠤ ᠨᠢᠭᠡᠴᠢ᠃
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
2023 ᠣᠨ᠎ᠤ 2 ᠳ᠋ᠤᠭ᠋ᠠᠷ ᠰᠠᠷ᠎ᠠ ᠵᠢᠨ 8᠎ᠤ ᠡᠳᠦᠷ ᠳᠠᠷᠤᠮᠠᠯᠯᠠᠨ ᠲᠠᠷᠬᠠᠭ᠋ᠠᠪᠠ