ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
ᠥᠪᠥᠷ ᠵᠠᠰᠠᠭ ᠠᠯᠪᠠᠨ ᠲᠠᠷᠬᠠᠭ᠋ᠠᠭᠰᠠᠨ [2023] 58 ᠳ᠋ᠤᠭ᠋ᠠᠷ ᠲᠣᠭ᠋ᠠᠲᠤ
ᠰᠦ ᠰᠠᠭ᠋ᠠᠯᠢ ᠵᠢᠨ ᠠᠵᠤ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ᠎ᠨᠦᠭᠦᠳ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
ᠡᠳᠦᠭᠡ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠦ ᠰᠠᠭ᠋ᠠᠯᠢ ᠵᠢᠨ ᠠᠵᠤ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ᠎ᠨᠦᠭᠦᠳ》᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠲᠤᠭ᠋ᠠᠢ᠃
2023 ᠣᠨ᠎ᠤ 9 ᠳ᠋ᠦ᠍ᠭᠡᠷ ᠰᠠᠷ᠎ᠠ ᠵᠢᠨ 18᠎ᠤ ᠡᠳᠦᠷ
(ᠲᠣᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠦ ᠰᠠᠭ᠋ᠠᠯᠢ ᠵᠢᠨ ᠠᠵᠤ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ᠎ᠨᠦᠭᠦᠳ
《ᠰᠦ ᠰᠠᠭ᠋ᠠᠯᠢ ᠵᠢᠨ ᠦᠢ᠍ᠯᠡᠰ᠎ᠤᠨ ᠬᠥᠭᠵᠢᠨ ᠮᠠᠨᠳᠤᠬᠤ ᠵᠢ ᠠᠬᠢᠭᠤᠯᠵᠤ ᠰᠦ ᠴᠠᠭ᠋ᠠᠨ ᠢᠳᠡᠭᠡᠨ᠎ᠤ ᠴᠢᠨᠠᠷ ᠴᠢᠨᠰᠠᠭ᠎ᠠ ᠵᠢᠨ ᠠᠮᠤᠷ ᠲᠦᠪᠰᠢᠨ᠎ᠢ ᠪᠠᠲᠤᠯᠠᠬᠤ ᠲᠤᠬᠠᠢ ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠤᠨ ᠰᠠᠨᠠᠯ》 (ᠲᠥᠷᠥ ᠠᠯᠪᠠᠨ ᠲᠠᠷᠬᠠᠭ᠋ᠠᠭᠰᠠᠨ [2018] 43 ᠳ᠋ᠤᠭ᠋ᠠᠷ ᠲᠣᠭ᠋ᠠᠲᠤ)᠂ 《ᠮᠠᠯ ᠠᠵᠤ ᠠᠬᠤᠢ ᠵᠢᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠲᠤᠬᠠᠢ ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠤᠨ ᠰᠠᠨᠠᠯ》 (ᠲᠥᠷᠥ ᠠᠯᠪᠠᠨ ᠲᠠᠷᠬᠠᠭ᠋ᠠᠭᠰᠠᠨ [2020] 31 ᠳ᠋ᠦ᠍ᠭᠡᠷ ᠲᠣᠭ᠋ᠠᠲᠤ) ᠵᠡᠷᠭᠡ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠤᠯᠤᠰ᠎ᠤᠨ ᠴᠢᠬᠤᠯᠠ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠢ ᠪᠦᠲᠦᠭᠡᠨ ᠪᠠᠶ᠋ᠢᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠪᠠ ᠵᠠᠰᠠᠭ᠎ᠤᠨ ᠣᠷᠳᠣᠨ᠎ᠤ ᠠᠵᠢᠯ᠎ᠤᠨ ᠪᠠᠶ᠋ᠢᠷᠢᠯᠠᠭᠤᠯᠤᠯᠲᠠ ᠶᠣᠰᠣᠭ᠋ᠠᠷ᠂ ᠣᠳᠣᠬᠠᠨ᠎ᠳᠠᠬᠢ ᠰᠦ ᠰᠠᠭ᠋ᠠᠯᠢ ᠵᠢᠨ ᠦᠢ᠍ᠯᠡᠰ᠎ᠤᠨ ᠦᠢ᠍ᠯᠡᠳᠪᠦᠷᠢᠯᠡᠯ᠎ᠤᠨ ᠥᠪᠡᠷ᠎ᠤᠨ ᠥᠷᠳᠡᠭ ᠥᠨᠳᠥᠷ᠂ ᠦᠢ᠍ᠯᠡᠳᠪᠦᠷᠢᠯᠡᠯ ᠪᠣᠷᠤᠯᠠᠭᠤᠯᠭ᠎ᠠ ᠵᠢ ᠵᠣᠯᠭ᠋ᠠᠯᠳᠤᠭᠤᠯᠬᠤ᠎ᠨᠢ ᠠᠪᠴᠠᠯᠳᠤᠩᠭᠤᠢ ᠪᠤᠰᠤ᠂ ᠪᠦᠲᠦᠭᠡᠭᠳᠡᠬᠦᠨ᠎ᠤ ᠪᠦᠲᠦᠴᠡ ᠵᠣᠬᠢᠰ ᠦᠭᠡᠢ᠂ ᠠᠵᠤ ᠦᠢ᠍ᠯᠡᠰ᠎ᠤᠨ ᠬᠥᠭᠵᠢᠯᠲᠡ ᠵᠢᠨ ᠴᠢᠨᠠᠷ᠎ᠨᠢ ᠠᠨᠠᠶ᠋ᠢᠬᠠᠨ ᠵᠡᠷᠭᠡ ᠠᠰᠠᠭᠤᠳᠠᠯ᠎ᠢ ᠰᠢᠢ᠍ᠳᠪᠦᠷᠢᠯᠡᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠰᠦ ᠰᠠᠭ᠋ᠠᠯᠢ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢᠨ ᠡᠷᠴᠢᠮ᠎ᠢ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠰᠦ ᠰᠠᠭ᠋ᠠᠯᠢ ᠵᠢᠨ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠵᠤ ᠳᠡᠰ ᠳᠡᠪᠰᠢᠬᠦ ᠵᠢ ᠲᠦᠷᠭᠡᠳᠬᠡᠵᠦ᠂ 《ᠰᠢᠷᠬᠡᠭ ᠡᠪᠡᠰᠦ᠎ᠠᠴᠠ ᠠᠶᠠᠭ᠎ᠠ ᠰᠦ ᠬᠦᠷᠲᠡᠯᠡᠬᠢ》 ᠪᠥᠬᠦ ᠠᠵᠤ ᠦᠢ᠍ᠯᠡᠰ᠎ᠤᠨ ᠬᠡᠯᠬᠢᠶᠡᠨ᠎ᠤ ᠴᠢᠨᠠᠷ ᠰᠠᠶ᠋ᠢᠲᠠᠢ ᠬᠥᠭᠵᠢᠯᠲᠡ ᠵᠢᠨ ᠰᠢᠨ᠎ᠡ ᠪᠠᠶ᠋ᠢᠷᠢᠰᠢᠯ᠎ᠢ ᠪᠥᠬᠦ ᠬᠦᠴᠦᠨ ᠵᠶ᠋ᠠᠷ ᠵᠶ᠋ᠠᠨ ᠴᠣᠭᠴᠠᠯᠠᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠤᠨ᠂ ᠳᠣᠣᠷᠠᠬᠢ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠲᠣᠭᠲᠠᠭ᠋ᠠᠪᠠ᠃
ᠨᠢᠭᠡ᠂ 《ᠡᠪᠡᠰᠦᠨ᠎ᠤ ᠢᠷᠡᠯᠲᠡ》 ᠵᠢᠨ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠠᠷᠠᠴᠢᠯᠠᠨ ᠲᠡᠵᠢᠭᠡᠬᠦ ᠥᠪᠡᠷ᠎ᠤᠨ ᠥᠷᠳᠡᠭ᠎ᠢ ᠪᠠᠭᠤᠷᠠᠭᠤᠯᠤᠨ᠎ᠠ
1. ᠮᠠᠯᠯᠠᠨ ᠲᠥᠯᠵᠢᠭᠦᠯᠬᠦ᠎ᠳᠤ ᠵᠣᠷᠢᠭᠤᠯᠵᠤ ᠲᠠᠷᠢᠬᠤ᠂ ᠲᠠᠷᠢᠵᠤ ᠮᠠᠯᠯᠠᠬᠤ ᠵᠢ ᠤᠶᠠᠯᠳᠤᠭᠤᠯᠬᠤ ᠵᠢ ᠪᠠᠷᠢᠮᠲᠠᠯᠠᠵᠤ᠂ ᠬᠠᠳᠤᠨ ᠭᠤᠣᠯ᠂ ᠨᠣᠨ ᠮᠥᠷᠡᠨ᠂ ᠪᠠᠷᠠᠭᠤᠨ ᠯᠢᠶᠥᠥ ᠾᠧ ᠭᠤᠣᠯ᠎ᠤᠨ ᠰᠠᠪᠠ ᠭᠠᠵᠠᠷ ᠪᠠ ᠬᠥᠯᠥᠨ ᠪᠤᠶ᠋ᠢᠷ᠂ ᠰᠢᠯᠢ ᠵᠢᠨ ᠭᠤᠣᠯ᠎ᠤᠨ ᠲᠠᠯ᠎ᠠ ᠨᠤᠲᠤᠭ᠎ᠤᠨ ᠲᠠᠪᠤᠨ ᠶᠡᠭᠡ ᠰᠦ ᠵᠢᠨ ᠢᠷᠡᠯᠲᠡ ᠵᠢᠨ ᠰᠠᠭᠤᠷᠢᠨ ᠭᠠᠵᠠᠷ᠎ᠲᠤ ᠴᠢᠨᠠᠷ ᠰᠠᠶ᠋ᠢᠲᠠᠢ ᠲᠡᠵᠢᠭᠡᠯ ᠡᠪᠡᠰᠦ ᠲᠠᠷᠢᠵᠤ ᠤᠷᠭᠤᠭᠤᠯᠬᠤ ᠵᠢ ᠳᠡᠮᠵᠢᠵᠦ᠂ ᠳᠠᠷᠤᠰᠢᠭᠤᠯᠤᠭᠰᠠᠨ ᠡᠷᠳᠡᠨᠢ ᠰᠢᠰᠢ ᠵᠡᠷᠭᠡ ᠲᠡᠵᠢᠭᠡᠯ ᠡᠪᠡᠰᠦ ᠪᠣᠷᠳᠤᠭ᠎ᠠ ᠵᠢ ᠲᠤᠬᠠᠢ ᠵᠢᠨ ᠭᠠᠵᠠᠷ᠎ᠲᠤᠨᠢ ᠣᠶ᠋ᠢᠷ᠎ᠠ ᠬᠠᠪᠢ᠎ᠠᠴᠠ᠎ᠪᠠᠨ ᠬᠤᠷᠢᠶᠠᠨ ᠬᠠᠳᠠᠭ᠋ᠠᠯᠠᠵᠤ ᠪᠠᠶ᠋ᠢᠭ᠎ᠠ ᠰᠠᠭ᠋ᠠᠯᠢ ᠵᠢᠨ ᠮᠠᠯ ᠲᠡᠵᠢᠭᠡᠨ ᠦᠷᠡᠵᠢᠭᠦᠯᠬᠦ ᠲᠠᠯᠠᠪᠠᠢ ᠪᠠ ᠰᠠᠭ᠋ᠠᠯᠢ ᠵᠢᠨ ᠲᠠᠷᠢᠶᠠᠴᠢᠳ᠎ᠤᠨ ᠬᠤᠷᠰᠢᠶᠠᠵᠢᠯ᠎ᠳᠤ ᠰᠠᠭ᠋ᠠᠯᠢ ᠵᠢᠨ ᠦᠨᠢᠶ᠎ᠡ ᠪᠦᠷᠢ 5.5 ᠲᠣᠨ᠂ ᠲᠣᠨ ᠪᠦᠷᠢ 50 ᠲᠥᠭᠦᠷᠢᠭ (ᠥᠪᠡᠷᠲᠡᠭᠡᠨ ᠵᠠᠰᠠᠬᠤ ᠣᠷᠣᠨ 30 ᠲᠥᠭᠦᠷᠢᠭ᠎ᠤᠨ ᠨᠡᠮᠡᠭᠦᠷᠢ ᠥᠭᠴᠦ᠂ ᠠᠶ᠋ᠢᠮᠠᠭ ᠬᠤᠲᠠ 20 ᠲᠥᠭᠦᠷᠢᠭ᠎ᠤᠨ ᠨᠡᠮᠡᠭᠦᠷᠢ ᠥᠭᠭᠦᠨ᠎ᠡ)᠎ᠤᠨ ᠪᠠᠷᠢᠮᠵᠢᠶ᠎ᠠ ᠶᠣᠰᠣᠭ᠋ᠠᠷ ᠳᠠᠷᠤᠰᠢᠭᠤᠯᠤᠭᠰᠠᠨ ᠡᠷᠳᠡᠨᠢ ᠰᠢᠰᠢ ᠵᠢᠨ ᠬᠤᠷᠢᠶᠠᠨ ᠬᠠᠳᠠᠭ᠋ᠠᠯᠠᠬᠤ ᠨᠡᠮᠡᠭᠦᠷᠢ ᠣᠯᠭᠤᠵᠤ᠂ ᠳᠠᠷᠤᠰᠢᠭᠤᠯᠤᠭᠰᠠᠨ ᠴᠠᠷᠭ᠋ᠠᠰᠤ᠂ ᠬᠠᠳᠠᠭ᠋ᠠᠭᠰᠠᠨ ᠡᠪᠡᠰᠦ ᠵᠢ ᠬᠠᠷᠢᠴᠠᠯ ᠵᠶ᠋ᠠᠷ ᠨᠤᠭᠤᠯᠤᠨ ᠪᠣᠳᠣᠵᠤ᠂ ᠰᠠᠭ᠋ᠠᠯᠢ ᠵᠢᠨ ᠢᠮᠠᠭ᠎ᠠ᠂ ᠰᠠᠭ᠋ᠠᠯᠢ ᠵᠢᠨ ᠢᠩᠭᠡ᠂ ᠰᠠᠭ᠋ᠠᠯᠢ ᠵᠢᠨ ᠭᠡᠭᠦᠦ ᠵᠢ ᠬᠠᠷᠢᠴᠠᠯ ᠵᠶ᠋ᠠᠷ ᠨᠤᠭᠤᠯᠤᠨ ᠪᠣᠳᠣᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ; ᠬᠤᠷᠢᠳᠤᠭ᠋ᠠᠷ ᠵᠦᠢ᠍ᠯ᠎ᠠᠴᠠ ᠪᠤᠰᠤᠳ᠂ ᠳᠣᠣᠷᠠᠬᠢ ᠡᠯ᠎ᠡ ᠵᠦᠢ᠍ᠯ᠎ᠤᠨ ᠡᠭᠦᠷᠭᠡ ᠵᠢ ᠪᠦᠷ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠨᠠᠶ᠋ᠢᠳᠠᠪᠤᠷᠢᠵᠢᠭᠤᠯᠬᠤ ᠬᠡᠷᠡᠭᠲᠡᠢ ᠪᠣᠯᠬᠤᠷ ᠳᠠᠬᠢᠵᠤ ᠠᠰᠲᠠᠭ᠋ᠠᠨ ᠵᠢᠭᠰᠠᠭ᠋ᠠᠬᠤ ᠦᠭᠡᠢ)
2. ᠰᠠᠭ᠋ᠠᠯᠢ ᠵᠢᠨ ᠦᠨᠢᠶ᠎ᠡ ᠲᠡᠵᠢᠭᠡᠨ ᠦᠷᠡᠵᠢᠭᠦᠯᠬᠦ ᠳᠠᠪᠠᠭᠤᠯᠢᠭ ᠣᠷᠣᠨ᠎ᠳᠠᠬᠢ ᠤᠯᠤᠰ᠎ᠤᠨ ᠭᠠᠷᠤᠯᠲᠠᠲᠤ ᠰᠠᠶ᠋ᠢᠨ ᠡᠭᠦᠯᠳᠡᠷ᠎ᠤᠨ ᠴᠠᠷᠭ᠋ᠠᠰᠤ ᠵᠢᠨ ᠴᠢᠨᠠᠷ᠎ᠢ᠎ᠨᠢ ᠰᠠᠶ᠋ᠢᠵᠢᠷᠠᠭᠤᠯᠵᠤ ᠭᠠᠷᠤᠯᠲᠠ ᠵᠢ᠎ᠨᠢ ᠨᠡᠮᠡᠭᠳᠡᠭᠦᠯᠬᠦ ᠵᠢ ᠠᠬᠢᠭᠤᠯᠵᠤ᠂ ᠲᠥᠪᠯᠡᠷᠡᠭᠦᠯᠦᠨ ᠵᠠᠯᠭ᠋ᠠᠯᠳᠤᠭᠤᠯᠵᠤ ᠪᠠᠷᠢᠮᠵᠢᠶᠠᠵᠢᠭᠤᠯᠤᠨ ᠲᠠᠷᠢᠭᠰᠠᠨ ᠲᠠᠯᠠᠪᠠᠢ᠎ᠨᠢ 500 ᠮᠦ᠍᠎ᠠᠴᠠ ᠳᠡᠭᠡᠭᠰᠢ ᠬᠥᠷᠥᠭᠰᠡᠨ ᠪᠥᠭᠡᠳ ᠲᠡᠵᠢᠭᠡᠨ ᠦᠷᠡᠵᠢᠭᠦᠯᠬᠦ ᠲᠠᠯᠠᠪᠠᠢ (ᠡᠷᠦᠬᠡ)᠎ᠯᠤᠭ᠎ᠠ ᠲᠡᠵᠢᠭᠡᠯ ᠡᠪᠡᠰᠦ ᠬᠤᠳᠠᠯᠳᠤᠨ ᠠᠪᠬᠤ ᠪᠠ ᠪᠣᠷᠣᠯᠠᠭᠤᠯᠬᠤ ᠭᠡᠷ᠎ᠡ ᠲᠣᠭᠲᠠᠭᠰᠠᠨ ᠴᠠᠷᠭ᠋ᠠᠰᠤ ᠲᠠᠷᠢᠭᠰᠠᠨ ᠭᠤᠣᠯ ᠴᠣᠭᠴᠠ᠎ᠳᠤ᠂ 3 ᠵᠢᠯ ᠬᠤᠪᠢᠶᠠᠨ ᠮᠦ᠍ ᠪᠦᠷᠢ᠎ᠳᠤ᠎ᠨᠢ 1000 ᠲᠥᠭᠦᠷᠢᠭ᠎ᠤᠨ ᠨᠡᠮᠡᠭᠦᠷᠢ ᠣᠯᠭᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠣᠢ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
3. ᠴᠠᠷᠭ᠋ᠠᠰᠤᠨᠤ ᠦᠷ᠎ᠡ ᠦᠷᠡᠵᠢᠭᠦᠯᠦᠨ ᠪᠤᠶ᠋ᠢᠵᠢᠭᠤᠯᠬᠤ ᠰᠠᠭᠤᠷᠢᠨ ᠭᠠᠵᠠᠷ᠎ᠢ ᠪᠦᠲᠦᠭᠡᠨ ᠪᠠᠶ᠋ᠢᠭᠤᠯᠬᠤ᠎ᠳᠤ ᠨᠡᠮᠡᠭᠦᠷᠢ ᠥᠭᠬᠦ ᠪᠣᠳᠣᠯᠭ᠎ᠠ ᠵᠢ ᠬᠡᠷᠡᠭᠵᠢᠭᠦᠯᠵᠦ᠂ ᠦᠷᠡᠵᠢᠭᠦᠯᠦᠨ ᠪᠤᠶ᠋ᠢᠵᠢᠭᠤᠯᠬᠤ ᠰᠠᠭᠤᠷᠢᠨ ᠭᠠᠵᠠᠷ᠎ᠢ ᠰᠢᠨ᠎ᠡ᠎ᠪᠠᠷ ᠪᠠᠶ᠋ᠢᠭᠤᠯᠤᠭᠰᠠᠨ ᠠᠩᠬᠠᠨ᠎ᠤ ᠵᠢᠯ᠎ᠳᠤ ᠮᠦ᠍ ᠪᠦᠷᠢ᠎ᠳᠤ᠎ᠨᠢ 500 ᠲᠥᠭᠦᠷᠢᠭ᠎ᠤᠨ ᠨᠡᠮᠡᠭᠦᠷᠢ ᠣᠯᠭᠤᠵᠤ᠂ ᠲᠣᠭᠲᠠᠭᠰᠠᠨ ᠭᠠᠷᠤᠯᠲᠠ ᠵᠢᠨ ᠬᠡᠮᠵᠢᠶ᠎ᠡ᠎ᠳᠤ ᠬᠥᠷᠥᠭᠰᠡᠨ᠎ᠤ ᠰᠡᠭᠦᠯᠡᠷ ᠵᠢᠯ᠎ᠳᠤ ᠮᠦ᠍ ᠪᠦᠷᠢ᠎ᠳᠤ᠎ᠨᠢ 300 ᠲᠥᠭᠦᠷᠢᠭ᠎ᠤᠨ ᠪᠠᠷᠢᠮᠵᠢᠶ᠎ᠠ᠎ᠪᠠᠷ ᠨᠡᠮᠡᠭᠦᠷᠢ ᠣᠯᠭᠤᠨ᠎ᠠ᠃ 《ᠴᠢᠨᠠᠷ ᠰᠠᠶ᠋ᠢᠲᠠᠢ ᠴᠠᠷᠭ᠋ᠠᠰᠤ ᠵᠢᠨ ᠰᠢᠨ᠎ᠡ ᠦᠷ᠎ᠡ ᠡᠭᠦᠯᠳᠡᠷ᠎ᠢ ᠰᠣᠩᠭᠤᠨ ᠪᠤᠶ᠋ᠢᠵᠢᠭᠤᠯᠬᠤ ᠵᠢᠴᠢ ᠠᠵᠤ ᠦᠢ᠍ᠯᠡᠰ᠎ᠤᠨ ᠵᠢᠱ᠌ᠢᠶ᠎ᠡ ᠦᠵᠡᠭᠦᠯᠬᠦ》 ᠲᠠᠯ᠎ᠠ᠎ᠪᠠᠷ ᠵᠠᠷᠯᠠᠯ ᠨᠡᠶ᠋ᠢᠲᠡᠯᠡᠵᠦ ᠬᠤᠰᠢᠭᠤᠷᠠᠨ ᠠᠵᠢᠯᠯᠠᠬᠤ ᠲᠥᠷᠥᠯ ᠵᠦᠢ᠍ᠯ᠎ᠢ ᠬᠡᠷᠡᠭᠵᠢᠭᠦᠯᠵᠦ᠂ ᠠᠳᠠᠯᠢ ᠪᠤᠰᠤ ᠣᠷᠣᠨ ᠪᠦᠰᠡ ᠵᠢᠨ ᠣᠷᠴᠢᠨ ᠨᠥᠬᠦᠴᠡᠯ᠎ᠳᠤ ᠲᠣᠬᠢᠷᠠᠬᠤ ᠰᠢᠨ᠎ᠡ ᠦᠷ᠎ᠡ ᠡᠭᠦᠯᠳᠡᠷ ᠪᠠ ᠥᠨᠳᠥᠷ ᠤᠭᠤᠷᠠᠭᠲᠤ ᠴᠠᠷᠭ᠋ᠠᠰᠤ ᠵᠢᠨ ᠰᠢᠨ᠎ᠡ ᠦᠷ᠎ᠡ ᠡᠭᠦᠯᠳᠡᠷ᠎ᠢ ᠪᠤᠶ᠋ᠢᠵᠢᠭᠤᠯᠵᠤ᠂ ᠤᠯᠤᠰ᠎ᠤᠨ ᠭᠠᠷᠤᠯᠲᠠᠲᠤ ᠮᠠᠭᠤᠵᠢᠷᠠᠮᠠᠯ ᠦᠷ᠎ᠡ ᠡᠭᠦᠯᠳᠡᠷ᠎ᠤᠨ ᠴᠠᠷᠭ᠋ᠠᠰᠤ ᠵᠢ ᠴᠡᠪᠡᠷᠵᠢᠭᠦᠯᠦᠨ ᠢᠳᠡᠷᠬᠡᠭᠵᠢᠭᠦᠯᠦᠨᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠣᠢ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
ᠬᠤᠶᠠᠷ᠂ 《ᠦᠷ᠎ᠡ ᠡᠭᠦᠯᠳᠡᠷ᠎ᠤᠨ ᠢᠷᠡᠯᠲᠡ》 ᠵᠢᠨ ᠲᠠᠯ᠎ᠠ᠎ᠪᠠᠷ ᠥᠪᠡᠷ᠎ᠢ᠎ᠪᠠᠨ ᠬᠠᠩᠭ᠋ᠠᠬᠤ ᠴᠢᠳᠠᠪᠤᠷᠢ ᠵᠢ ᠳᠡᠭᠡᠭᠰᠢᠯᠡᠭᠦᠯᠵᠦ᠂ ᠰᠠᠭ᠋ᠠᠯᠢ ᠵᠢᠨ ᠮᠠᠯ᠎ᠤᠨ ᠰᠠᠶ᠋ᠢᠨ ᠡᠭᠦᠯᠳᠡᠷ᠎ᠢ ᠦᠷᠡᠵᠢᠭᠦᠯᠦᠨ ᠪᠤᠶ᠋ᠢᠵᠢᠭᠤᠯᠬᠤ᠎ᠪᠠᠨ ᠴᠢᠩᠭ᠋ᠠᠳᠬᠠᠨ᠎ᠠ
4. ᠦᠵᠦᠭᠦᠷᠯᠡᠬᠦ ᠳᠡᠰ᠎ᠤᠨ ᠦᠷ᠎ᠡ ᠡᠭᠦᠯᠳᠡᠷ᠎ᠤᠨ ᠪᠤᠬ᠎ᠠ ᠪᠤᠶ᠋ᠢᠵᠢᠭᠤᠯᠬᠤ ᠵᠢ ᠳᠡᠮᠵᠢᠵᠦ᠂ ᠡᠭᠦᠯᠳᠡᠷ ᠲᠥᠯᠵᠢᠭᠦᠯᠬᠦ ᠴᠢᠳᠠᠪᠤᠷᠢ ᠵᠢᠨ ᠦᠨᠡᠯᠡᠯᠲᠡ ᠵᠢᠴᠢ ᠬᠠᠮᠢᠶ᠎ᠠ ᠪᠦᠬᠦᠢ ᠬᠥᠬᠢᠭᠦᠯᠦᠨ ᠱᠠᠩᠨᠠᠬᠤ ᠠᠷᠭ᠎ᠠ ᠵᠢ ᠦᠨᠳᠦᠰᠦᠯᠡᠨ᠂ ᠡᠭᠦᠯᠳᠡᠷ ᠲᠥᠯᠵᠢᠭᠦᠯᠬᠦ ᠴᠢᠳᠠᠪᠤᠷᠢ ᠵᠢ᠎ᠨᠢ ᠦᠨᠡᠯᠡᠭᠰᠡᠨ ᠦᠷ᠎ᠡ ᠳ᠋ᠦᠩ᠎ᠨᠢ ᠰᠠᠶ᠋ᠢᠨ ᠵᠡᠷᠭᠡ ᠳᠡᠰ᠎ᠠᠴᠠ ᠳᠡᠭᠡᠭᠰᠢ᠎ᠳᠤ ᠬᠥᠷᠥᠭᠰᠡᠨ ᠰᠠᠭ᠋ᠠᠯᠢ ᠵᠢᠨ ᠦᠨᠢᠶᠡᠨ᠎ᠤ ᠡᠭᠦᠯᠳᠡᠷ ᠲᠥᠯᠵᠢᠭᠦᠯᠬᠦ ᠠᠵᠤ ᠠᠬᠤᠶ᠋ᠢᠯᠠᠯ᠎ᠳᠤ 100 ᠲᠦᠮᠡᠨ ᠲᠥᠭᠦᠷᠢᠭ᠎ᠤᠨ ᠰᠠᠭᠤᠷᠢ ᠵᠢᠨ ᠴᠢᠨᠠᠷᠲᠠᠢ ᠱᠠᠩᠨᠠᠯ ᠣᠯᠭᠤᠵᠤ᠂ ᠡᠭᠦᠨ᠎ᠤ ᠰᠠᠭᠤᠷᠢᠨ ᠳᠡᠭᠡᠷ᠎ᠡ᠂ ᠵᠢᠯ ᠪᠦᠷᠢ ᠵᠢᠨ ᠨᠡᠷᠡᠰ᠎ᠤᠨ ᠵᠢᠭᠰᠠᠭ᠋ᠠᠯᠲᠠ ᠵᠢᠨ ᠳ᠋ᠦᠩ᠎ᠢ ᠦᠨᠳᠦᠰᠦᠯᠡᠨ᠂ ᠳᠡᠯᠡᠬᠡᠢ ᠵᠢᠨ ᠡᠮᠦᠨ᠎ᠡ 200 ᠨᠡᠷᠡᠰ ᠪᠤᠶᠤ ᠤᠯᠤᠰ᠎ᠤᠨ ᠳᠣᠲᠣᠭ᠋ᠠᠳᠤ᠎ᠳᠤ᠎ᠪᠠᠨ ᠡᠮᠦᠨ᠎ᠡ 50 ᠨᠡᠷᠡᠰ᠎ᠲᠤ ᠲᠣᠳᠣᠷᠠᠭᠰᠠᠨ ᠬᠤᠰᠲ᠋ᠠᠨ ᠰᠠᠭ᠋ᠠᠯᠢ ᠵᠢᠨ ᠦᠨᠢᠶ᠎ᠡ ᠵᠢ ᠪᠤᠶ᠋ᠢᠵᠢᠭᠤᠯᠤᠭᠰᠠᠨ ᠡᠭᠦᠯᠳᠡᠷ ᠲᠥᠯᠵᠢᠭᠦᠯᠬᠦ ᠠᠵᠤ ᠠᠬᠤᠶ᠋ᠢᠯᠠᠯ᠎ᠳᠤ ᠲᠣᠯᠣᠭ᠋ᠠᠢ ᠪᠦᠷᠢ᠎ᠳᠤ᠎ᠨᠢ 100 ᠲᠦᠮᠡᠨ ᠲᠥᠭᠦᠷᠢᠭ ᠱᠠᠩᠨᠠᠵᠤ᠂ 50 (ᠪᠠᠭᠲᠠᠭ᠋ᠠᠬᠤ ᠦᠭᠡᠢ) – 100 ᠨᠡᠷᠡᠰ᠎ᠲᠤ ᠲᠣᠳᠣᠷᠠᠭᠰᠠᠨ ᠪᠣᠯ ᠲᠣᠯᠣᠭ᠋ᠠᠢ ᠪᠦᠷᠢ᠎ᠳᠤ᠎ᠨᠢ 50 ᠲᠦᠮᠡᠨ ᠲᠥᠭᠦᠷᠢᠭ ᠱᠠᠩᠨᠠᠨ᠎ᠠ; ᠤᠯᠤᠰ᠎ᠤᠨ ᠳᠣᠲᠣᠭ᠋ᠠᠳᠤ᠎ᠳᠤ᠎ᠪᠠᠨ ᠡᠮᠦᠨ᠎ᠡ 100 ᠨᠡᠷᠡᠰ᠎ᠲᠤ ᠲᠣᠳᠣᠷᠠᠭᠰᠠᠨ ᠰᠢᠮᠧᠨ᠋ᠲᠠᠷ ᠦᠬᠡᠷ᠎ᠢ ᠪᠤᠶ᠋ᠢᠵᠢᠭᠤᠯᠤᠭᠰᠠᠨ ᠡᠭᠦᠯᠳᠡᠷ ᠲᠥᠯᠵᠢᠭᠦᠯᠬᠦ ᠠᠵᠤ ᠠᠬᠤᠶ᠋ᠢᠯᠠᠯ᠎ᠳᠤ ᠲᠣᠯᠣᠭ᠋ᠠᠢ ᠪᠦᠷᠢ᠎ᠳᠤ᠎ᠨᠢ 50 ᠲᠦᠮᠡᠨ ᠲᠥᠭᠦᠷᠢᠭ ᠱᠠᠩᠨᠠᠨ᠎ᠠ; ᠤᠯᠤᠰ᠎ᠤᠨ ᠳᠣᠲᠣᠭ᠋ᠠᠳᠤ᠎ᠳᠤ᠎ᠪᠠᠨ ᠡᠮᠦᠨ᠎ᠡ 5 ᠨᠡᠷᠡᠰ᠎ᠲᠤ ᠲᠣᠳᠣᠷᠠᠭᠰᠠᠨ ᠰᠠᠨ ᠾᠧ ᠦᠬᠡᠷ᠎ᠢ ᠪᠤᠶ᠋ᠢᠵᠢᠭᠤᠯᠤᠭᠰᠠᠨ ᠡᠭᠦᠯᠳᠡᠷ ᠲᠥᠯᠵᠢᠭᠦᠯᠬᠦ ᠠᠵᠤ ᠠᠬᠤᠶ᠋ᠢᠯᠠᠯ᠎ᠳᠤ ᠲᠣᠯᠣᠭ᠋ᠠᠢ ᠪᠦᠷᠢ᠎ᠳᠤ᠎ᠨᠢ 50 ᠲᠦᠮᠡᠨ ᠲᠥᠭᠦᠷᠢᠭ ᠱᠠᠩᠨᠠᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂ ᠡᠳ᠋᠎ᠤᠨ ᠵᠠᠰᠠᠭ᠎ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
5. ᠰᠠᠭ᠋ᠠᠯᠢ ᠵᠢᠨ ᠦᠨᠢᠶ᠎ᠡ᠂ ᠰᠠᠭ᠋ᠠᠯᠢ ᠵᠢᠨ ᠢᠮᠠᠭ᠋ᠠᠨ᠎ᠤ ᠭᠤᠣᠯᠯᠠᠭᠴᠢ ᠡᠭᠦᠯᠳᠡᠷ ᠲᠥᠯᠵᠢᠭᠦᠯᠬᠦ ᠲᠠᠯᠠᠪᠠᠢ ᠵᠢ ᠪᠦᠲᠦᠭᠡᠨ ᠪᠠᠶ᠋ᠢᠭᠤᠯᠬᠤ ᠵᠢ ᠳᠡᠮᠵᠢᠵᠦ᠂ ᠰᠢᠨ᠎ᠡ᠎ᠪᠠᠷ ᠡᠭᠦᠳᠦᠨ ᠪᠠᠶ᠋ᠢᠭᠤᠯᠤᠭᠰᠠᠨ ᠤᠯᠤᠰ᠎ᠤᠨ ᠳᠡᠰ᠎ᠤᠨ ᠭᠤᠣᠯᠯᠠᠭᠴᠢ ᠡᠭᠦᠯᠳᠡᠷ ᠲᠥᠯᠵᠢᠭᠦᠯᠬᠦ ᠲᠠᠯᠠᠪᠠᠢ᠎ᠳᠤ ᠨᠢᠭᠡ ᠯᠡ ᠤᠳᠠᠭ᠎ᠠ᠎ᠳᠤ 300 ᠲᠦᠮᠡᠨ ᠲᠥᠭᠦᠷᠢᠭ ᠱᠠᠩᠨᠠᠵᠤ᠂ ᠥᠪᠡᠷᠲᠡᠭᠡᠨ ᠵᠠᠰᠠᠬᠤ ᠣᠷᠣᠨ᠎ᠤ ᠳᠡᠰ᠎ᠲᠤ ᠨᠢᠭᠡ ᠯᠡ ᠤᠳᠠᠭ᠎ᠠ᠎ᠳᠤ 200 ᠲᠦᠮᠡᠨ ᠲᠥᠭᠦᠷᠢᠭ ᠱᠠᠩᠨᠠᠨ᠎ᠠ᠃ ᠰᠠᠭ᠋ᠠᠯᠢ ᠵᠢᠨ ᠮᠣᠩᠭᠤᠯ ᠮᠣᠷᠢ᠂ ᠬᠤᠣᠰ ᠪᠥᠬᠦᠲᠦ ᠲᠡᠮᠡᠭᠡᠨ᠎ᠤ ᠦᠷ᠎ᠡ ᠡᠭᠦᠯᠳᠡᠷ᠎ᠢ ᠰᠣᠩᠭᠤᠨ ᠪᠤᠶ᠋ᠢᠵᠢᠭᠤᠯᠬᠤ ᠵᠢ ᠵᠣᠷᠢᠭᠵᠢᠭᠤᠯᠵᠤ᠂ ᠰᠦ ᠭᠠᠷᠬᠤ ᠴᠢᠳᠠᠮᠵᠢ ᠵᠢ ᠳᠡᠭᠡᠭᠰᠢᠯᠡᠭᠦᠯᠦᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂ ᠡᠳ᠋᠎ᠤᠨ ᠵᠠᠰᠠᠭ᠎ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
6. ᠰᠢᠯᠢᠳᠡᠭ ᠡᠭᠦᠯᠳᠡᠷ ᠦᠷᠡᠵᠢᠭᠦᠯᠦᠨ ᠪᠤᠶ᠋ᠢᠵᠢᠭᠤᠯᠬᠤ ᠮᠡᠷᠭᠡᠵᠢᠯ᠎ᠢ ᠳᠡᠯᠭᠡᠷᠡᠭᠦᠯᠦᠨ᠂ ᠰᠠᠭ᠋ᠠᠯᠢ ᠵᠢᠨ ᠦᠨᠢᠶᠡᠨ᠎ᠤ ᠬᠦᠢ᠍ᠰᠦ ᠵᠢᠨ ᠢᠯᠭ᠋ᠠᠯ ᠪᠦᠬᠦᠢ ᠬᠥᠪᠥᠷᠡᠯᠢ ᠬᠡᠷᠡᠭᠯᠡᠵᠦ᠂ ᠴᠢᠳᠠᠪᠬᠢ ᠵᠢᠨ ᠢᠯᠡᠳᠬᠡᠭᠴᠢ ᠵᠢ᠎ᠨᠢ ᠦᠨᠳᠦᠰᠦᠯᠡᠨ᠂ ᠬᠥᠪᠥᠷᠡᠯ ᠪᠦᠷᠢ᠎ᠳᠤ 1500 ᠲᠥᠭᠦᠷᠢᠭ᠂ 2500 ᠲᠥᠭᠦᠷᠢᠭ᠂ 3500 ᠲᠥᠭᠦᠷᠢᠭ ᠵᠶ᠋ᠠᠷ ᠳᠡᠰ ᠬᠤᠪᠢᠶᠠᠨ ᠨᠡᠮᠡᠭᠦᠷᠢ ᠥᠭᠭᠦᠨ᠎ᠡ; ᠰᠠᠭ᠋ᠠᠯᠢ ᠵᠢᠨ ᠦᠨᠢᠶᠡᠨ᠎ᠤ ᠬᠦᠢ᠍ᠰᠦ ᠵᠢᠨ ᠢᠯᠭ᠋ᠠᠯ ᠪᠦᠬᠦᠢ ᠢᠴᠡᠭᠡᠯ ᠦᠷ᠎ᠡ ᠵᠢ ᠬᠡᠷᠡᠭᠯᠡᠪᠡᠯ ᠲᠣᠯᠣᠭ᠋ᠠᠢ ᠪᠦᠷᠢ᠎ᠳᠤ 120 ᠲᠥᠭᠦᠷᠢᠭ᠎ᠤᠨ ᠨᠡᠮᠡᠭᠦᠷᠢ ᠥᠭᠭᠦᠨ᠎ᠡ; ᠰᠠᠭ᠋ᠠᠯᠢ ᠵᠢᠨ ᠢᠮᠠᠭ᠋ᠠᠨ᠎ᠤ ᠢᠴᠡᠭᠡᠯ ᠦᠷ᠎ᠡ ᠵᠢ ᠬᠡᠷᠡᠭᠯᠡᠪᠡᠯ ᠲᠣᠯᠣᠭ᠋ᠠᠢ ᠪᠦᠷᠢ᠎ᠳᠤ 60 ᠲᠥᠭᠦᠷᠢᠭ᠎ᠤᠨ ᠨᠡᠮᠡᠭᠦᠷᠢ ᠥᠭᠭᠦᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂ ᠡᠳ᠋᠎ᠤᠨ ᠵᠠᠰᠠᠭ᠎ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
7. ᠰᠠᠭ᠋ᠠᠯᠢ ᠵᠢᠨ ᠦᠨᠢᠶᠡᠨ᠎ᠤ ᠦᠢ᠍ᠯᠡᠳᠪᠦᠷᠢᠯᠡᠯ᠎ᠤᠨ ᠴᠢᠨᠰᠠᠭ᠎ᠠ ᠵᠢ ᠬᠡᠮᠵᠢᠨ ᠲᠣᠭᠲᠠᠭ᠋ᠠᠬᠤ ᠲᠤᠭ᠎ᠠ ᠵᠢ ᠥᠷᠭᠡᠳᠬᠡᠵᠦ᠂ ᠦᠢ᠍ᠯᠡᠳᠪᠦᠷᠢᠯᠡᠯ᠎ᠤᠨ ᠴᠢᠨᠰᠠᠭ᠎ᠠ ᠵᠢ ᠬᠡᠮᠵᠢᠨ ᠲᠣᠭᠲᠠᠭ᠋ᠠᠬᠤ ᠲᠥᠪ᠎ᠨᠢ ᠨᠢᠭᠡ ᠰᠠᠭ᠋ᠠᠯᠢ ᠵᠢᠨ ᠦᠨᠢᠶ᠎ᠡ ᠬᠡᠮᠵᠢᠨ ᠲᠣᠭᠲᠠᠭ᠋ᠠᠭ᠋ᠠᠳ ᠪᠦᠲᠦᠮᠵᠢᠲᠡᠢ ᠲᠤᠭ᠎ᠠ ᠪᠠᠷᠢᠮᠲᠠ ᠵᠢ᠎ᠨᠢ ᠳᠡᠭᠡᠭᠰᠢ ᠳᠠᠮᠵᠢᠭᠤᠯᠬᠤ ᠪᠦᠷᠢ 70 ᠲᠥᠭᠦᠷᠢᠭ᠎ᠤᠨ ᠨᠡᠮᠡᠭᠦᠷᠢ ᠥᠭᠴᠦ᠂ ᠳᠡᠭᠡᠷ᠎ᠡ ᠣᠨ᠎ᠤ᠎ᠬᠢ᠎ᠲᠠᠢ ᠬᠠᠷᠢᠴᠠᠭᠤᠯᠪᠠᠯ ᠰᠢᠨ᠎ᠡ᠎ᠪᠠᠷ ᠨᠡᠮᠡᠭᠳᠡᠭᠰᠡᠨ ᠬᠡᠮᠵᠢᠨ ᠲᠣᠭᠲᠠᠭ᠋ᠠᠭᠰᠠᠨ ᠪᠦᠲᠦᠮᠵᠢᠲᠡᠢ ᠲᠤᠭ᠎ᠠ ᠪᠠᠷᠢᠮᠲᠠ᠎ᠨᠢ 3 ᠲᠦᠮᠡᠨ ᠲᠣᠯᠣᠭ᠋ᠠᠢ᠎ᠠᠴᠠ ᠳᠠᠪᠠᠭᠰᠠᠨ ᠪᠠᠶ᠋ᠢᠪᠠᠯ᠂ ᠨᠢᠭᠡ ᠯᠡ ᠤᠳᠠᠭ᠎ᠠ᠎ᠪᠠᠷ 100 ᠲᠦᠮᠡᠨ ᠲᠥᠭᠦᠷᠢᠭ ᠱᠠᠩᠨᠠᠵᠤ᠂ ᠪᠠᠶ᠋ᠢᠴᠠᠭ᠋ᠠᠨ ᠬᠡᠮᠵᠢᠬᠦ ᠲᠥᠬᠦᠭᠡᠷᠦᠮᠵᠢ ᠬᠤᠳᠠᠯᠳᠤᠨ ᠠᠪᠬᠤ᠎ᠳᠤ ᠬᠡᠷᠡᠭᠯᠡᠭᠦᠯᠦᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂ ᠡᠳ᠋᠎ᠤᠨ ᠵᠠᠰᠠᠭ᠎ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
ᠭᠤᠷᠪᠠ᠂ 《ᠰᠦ ᠵᠢᠨ ᠢᠷᠡᠯᠲᠡ》 ᠵᠢᠨ ᠬᠠᠩᠭ᠋ᠠᠯᠭ᠎ᠠ ᠵᠢᠨ ᠪᠠᠲᠤᠯᠠᠭ᠎ᠠ ᠵᠢ ᠲᠣᠭᠲᠠᠪᠤᠷᠢᠵᠢᠭᠤᠯᠵᠤ᠂ ᠠᠵᠤ ᠦᠢ᠍ᠯᠡᠰ᠎ᠤᠨ ᠬᠥᠭᠵᠢᠯᠲᠡ ᠵᠢᠨ ᠰᠠᠭᠤᠷᠢ ᠵᠢ ᠪᠠᠬᠢᠵᠢᠭᠦᠯᠦᠨ᠎ᠡ
8. ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠲᠠᠯᠠᠪᠠᠢ᠎ᠳᠤ ᠨᠡᠮᠡᠭᠦᠷᠢ ᠥᠭᠬᠦ ᠲᠥᠷᠥ ᠵᠢᠨ ᠪᠣᠳᠣᠯᠭ᠎ᠠ ᠵᠢᠨ ᠦᠷᠭᠦᠯᠵᠢ ᠵᠢᠨ ᠴᠢᠨᠠᠷ᠎ᠢ ᠪᠠᠷᠢᠮᠲᠠᠯᠠᠵᠤ᠂ ᠪᠠᠶ᠋ᠢᠳᠠᠯ᠎ᠤᠨ ᠬᠤᠪᠢᠷᠠᠯᠲᠠ᠎ᠳᠤ ᠵᠣᠬᠢᠴᠠᠭᠤᠯᠤᠨ᠂ 2019 ᠣᠨ᠎ᠠᠴᠠ ᠰᠡᠭᠦᠯᠡᠷ᠂ ᠲᠣᠰ ᠲᠥᠷᠥ ᠵᠢᠨ ᠪᠣᠳᠣᠯᠭ᠎ᠠ ᠵᠢ ᠨᠡᠶ᠋ᠢᠲᠡᠯᠡᠬᠦ᠎ᠠᠴᠠ ᠡᠮᠦᠨ᠎ᠡ ᠨᠢᠭᠡᠨᠲᠡ ᠠᠵᠢᠯ ᠡᠬᠢᠯᠡᠭᠦᠯᠦᠨ ᠪᠠᠶ᠋ᠢᠭᠤᠯᠵᠤ ᠪᠠᠶ᠋ᠢᠭ᠎ᠠ ᠲᠥᠷᠥᠯ ᠵᠦᠢ᠍ᠯ ᠪᠠ ᠨᠢᠭᠡᠨᠲᠡ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠵᠥᠪᠯᠡᠯᠴᠡᠭᠡᠷ ᠲᠣᠭᠲᠠᠭᠰᠠᠨ ᠬᠡᠪᠴᠢᠶᠡᠵᠢᠭᠰᠡᠨ ᠰᠠᠭ᠋ᠠᠯᠢ ᠵᠢᠨ ᠦᠨᠢᠶᠡᠨ᠎ᠤ ᠲᠡᠵᠢᠭᠡᠨ ᠦᠷᠡᠵᠢᠭᠦᠯᠬᠦ ᠲᠠᠯᠠᠪᠠᠢ ᠵᠢᠨ ᠲᠡᠵᠢᠭᠡᠵᠦ ᠪᠠᠶ᠋ᠢᠭ᠎ᠠ ᠰᠠᠭ᠋ᠠᠯᠢ ᠵᠢᠨ ᠦᠨᠢᠶᠡᠨ᠎ᠤ ᠲᠤᠭ᠎ᠠ ᠲᠣᠯᠣᠭ᠋ᠠᠢ᠎ᠨᠢ 3000᠎ᠳᠤ ᠬᠥᠷᠥᠭᠰᠡᠨ ᠪᠣᠯ 600 ᠲᠦᠮᠡᠨ ᠲᠥᠭᠦᠷᠢᠭ᠎ᠤᠨ ᠨᠡᠮᠡᠭᠦᠷᠢ ᠥᠭᠴᠦ᠂ 500 ᠲᠣᠯᠣᠭ᠋ᠠᠢ ᠨᠡᠮᠡᠭᠳᠡᠬᠦ ᠪᠦᠷᠢ ᠠᠬᠢᠭ᠋ᠠᠳ 100 ᠲᠦᠮᠡᠨ ᠲᠥᠭᠦᠷᠢᠭ᠎ᠤᠨ ᠨᠡᠮᠡᠭᠦᠷᠢ ᠥᠭᠭᠦᠨ᠎ᠡ᠂ ᠨᠡᠮᠡᠭᠦᠷᠢ ᠪᠡᠯᠡ ᠮᠥᠩᠭᠦ ᠵᠢ ᠭᠤᠣᠯᠳᠠᠭᠤ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠲᠠᠯᠠᠪᠠᠢ ᠵᠢᠨ 《ᠭᠤᠷᠪᠠ ᠵᠢ ᠨᠠᠪᠲᠠᠷᠡᠭᠦᠯᠵᠦ ᠨᠢᠭᠡ ᠵᠢ ᠲᠡᠭᠰᠢᠯᠡᠬᠦ》᠂ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ᠂ ᠲᠥᠬᠦᠭᠡᠷᠦᠮᠵᠢ ᠬᠤᠳᠠᠯᠳᠤᠨ ᠠᠪᠬᠤ ᠪᠠ 《ᠲᠣᠭ᠋ᠠᠵᠢᠭᠤᠯᠤᠨ ᠣᠶᠤᠨᠴᠢᠯᠠᠭᠰᠠᠨ》 ᠮᠠᠯᠵᠢᠯ᠎ᠤᠨ ᠲᠠᠯᠠᠪᠠᠢ ᠵᠢᠨ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠨ᠎ᠡ᠃ ᠭᠠᠳᠠᠭ᠋ᠠᠳᠤ᠎ᠠᠴᠠ ᠣᠷᠣᠭᠤᠯᠤᠭᠰᠠᠨ ᠰᠠᠭ᠋ᠠᠯᠢ ᠵᠢᠨ ᠦᠨᠢᠶ᠎ᠡ ᠵᠢᠨ ᠲᠣᠯᠣᠭ᠋ᠠᠢ ᠪᠦᠷᠢ᠎ᠳᠤ 5000 ᠲᠥᠭᠦᠷᠢᠭ᠎ᠤᠨ ᠨᠡᠮᠡᠭᠦᠷᠢ ᠥᠭᠭᠦᠨ᠎ᠡ᠂ ᠡᠭᠦᠨ᠎ᠳᠤ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠠᠴᠠ 3000 ᠲᠥᠭᠦᠷᠢᠭ᠎ᠤᠨ ᠨᠡᠮᠡᠭᠦᠷᠢ ᠥᠭᠴᠦ᠂ ᠠᠶ᠋ᠢᠮᠠᠭ ᠬᠤᠲᠠ ᠵᠢᠨ ᠡᠳ᠋᠎ᠤᠨ ᠵᠠᠰᠠᠭ᠎ᠠᠴᠠ 2000 ᠲᠥᠭᠦᠷᠢᠭ᠎ᠤᠨ ᠨᠡᠮᠡᠭᠦᠷᠢ ᠥᠭᠭᠦᠨ᠎ᠡ᠃ ᠰᠡᠭᠦᠯᠡᠷ ᠰᠢᠨ᠎ᠡ᠎ᠪᠠᠷ ᠪᠠᠶ᠋ᠢᠭᠤᠯᠬᠤ ᠪᠤᠰᠤᠳ ᠲᠡᠵᠢᠭᠡᠨ ᠦᠷᠡᠵᠢᠭᠦᠯᠬᠦ ᠲᠠᠯᠠᠪᠠᠢ᠎ᠳᠤ᠂ ᠠᠶ᠋ᠢᠮᠠᠭ ᠬᠤᠲᠠ ᠵᠢᠨ ᠠᠵᠤ ᠦᠢ᠍ᠯᠡᠰ᠎ᠤᠨ ᠬᠥᠭᠵᠢᠯᠲᠡ ᠵᠢᠨ ᠲᠥᠯᠦᠪᠵᠢᠭᠦᠯᠭᠡ ᠵᠢᠴᠢ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠬᠡᠷᠡᠭᠴᠡᠭᠡ ᠵᠢᠨ ᠪᠠᠶ᠋ᠢᠳᠠᠯ᠎ᠢ ᠦᠨᠳᠦᠰᠦᠯᠡᠨ 《ᠨᠢᠭᠡ ᠲᠠᠯᠠᠪᠠᠢ᠎ᠳᠤ ᠨᠢᠭᠡ ᠪᠣᠳᠣᠯᠭ᠎ᠠ ᠬᠡᠷᠡᠭᠵᠢᠭᠦᠯᠬᠦ》᠎ᠪᠠᠷ ᠳᠡᠮᠵᠢᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂ ᠡᠳ᠋᠎ᠤᠨ ᠵᠠᠰᠠᠭ᠎ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
9. ᠭᠡᠷ ᠪᠦᠯᠢ ᠵᠢᠨ ᠮᠠᠯᠵᠢᠯ᠎ᠤᠨ ᠲᠠᠯᠠᠪᠠᠢ ᠪᠠ ᠰᠠᠭ᠋ᠠᠯᠢ ᠵᠢᠨ ᠲᠠᠷᠢᠶᠠᠴᠢᠳ᠎ᠤᠨ ᠬᠤᠷᠰᠢᠶ᠎ᠠ ᠵᠡᠷᠭᠡ ᠰᠢᠨ᠎ᠡ ᠬᠡᠯᠪᠡᠷᠢ ᠵᠢᠨ ᠡᠵᠡᠩᠨᠡᠯᠲᠡ ᠵᠢᠨ ᠭᠤᠣᠯ ᠴᠣᠭᠴᠠ ᠵᠢᠨ ᠡᠵᠡᠩᠨᠡᠯᠲᠡ ᠵᠢᠨ ᠬᠢᠷᠢ ᠲᠦᠪᠰᠢᠨ᠎ᠢ ᠳᠡᠭᠡᠭᠰᠢᠯᠡᠭᠦᠯᠵᠦ᠂ ᠬᠤᠰᠲ᠋ᠠᠨ ᠵᠡᠷᠭᠡ ᠢᠪᠢᠯᠬᠦ᠎ᠳᠤ ᠲᠤᠰᠬᠠᠢ ᠬᠡᠷᠡᠭᠯᠡᠬᠦ ᠰᠠᠭ᠋ᠠᠯᠢ ᠵᠢᠨ ᠦᠨᠢᠶ᠎ᠡ ᠵᠢ ᠲᠡᠵᠢᠭᠡᠨ ᠦᠷᠡᠵᠢᠭᠦᠯᠬᠦ᠂ ᠮᠠᠯ᠎ᠤᠨ ᠲᠤᠭ᠎ᠠ ᠲᠣᠯᠣᠭ᠋ᠠᠢ᠎ᠨᠢ 100 – 3000᠎ᠳᠤ ᠬᠥᠷᠥᠭᠰᠡᠨ ᠲᠡᠵᠢᠭᠡᠨ ᠦᠷᠡᠵᠢᠭᠦᠯᠬᠦ ᠭᠤᠣᠯ ᠴᠣᠭᠴᠠ᠎ᠳᠤ᠂ ᠲᠣᠯᠣᠭ᠋ᠠᠢ ᠪᠦᠷᠢ᠎ᠳᠤ 400 ᠲᠥᠭᠦᠷᠢᠭ᠎ᠠᠴᠠ ᠳᠠᠪᠠᠭᠤᠯᠬᠤ ᠦᠭᠡᠢ ᠪᠠᠷᠢᠮᠵᠢᠶ᠎ᠠ᠎ᠪᠠᠷ ᠨᠡᠮᠡᠭᠦᠷᠢ ᠥᠭᠴᠦ᠂ ᠦᠢ᠍ᠯᠡᠳᠪᠦᠷᠢᠯᠡᠨ ᠡᠵᠡᠩᠨᠡᠬᠦ ᠴᠢᠳᠠᠪᠤᠷᠢ᠎ᠪᠠᠨ ᠳᠡᠭᠡᠭᠰᠢᠯᠡᠭᠦᠯᠬᠦ᠂ ᠲᠡᠵᠢᠭᠡᠬᠦ ᠪᠡᠯᠡᠳᠬᠡᠮᠵᠢ ᠲᠣᠨᠣᠭᠯᠠᠯ ᠵᠶ᠋ᠠᠨ ᠥᠭᠡᠷᠡᠴᠢᠯᠡᠨ ᠰᠢᠨᠡᠳᠬᠡᠵᠦ ᠳᠡᠰ ᠳᠡᠪᠰᠢᠭᠦᠯᠬᠦ᠂ ᠦᠢ᠍ᠯᠡᠳᠪᠦᠷᠢᠯᠡᠯ᠎ᠤᠨ ᠥᠪᠡᠷ᠎ᠤᠨ ᠥᠷᠳᠡᠭ ᠵᠶ᠋ᠠᠨ ᠪᠠᠭᠤᠷᠠᠭᠤᠯᠬᠤ᠎ᠳᠤ ᠬᠡᠷᠡᠭᠯᠡᠭᠦᠯᠦᠨ᠎ᠡ᠃ ᠨᠡᠶ᠋ᠢᠭᠡᠮᠴᠢᠯᠡᠭᠰᠡᠨ ᠦᠢ᠍ᠯᠡᠴᠢᠯᠡᠭᠡ᠎ᠪᠠᠷ ᠳᠠᠮᠵᠢᠭᠤᠯᠵᠤ ᠲᠡᠵᠢᠭᠡᠯ ᠪᠣᠷᠳᠣᠭ᠋ᠠᠨ᠎ᠤ ᠰᠢᠮ᠎ᠡ ᠲᠡᠵᠢᠭᠡᠯ᠂ ᠡᠭᠦᠯᠳᠡᠷ ᠰᠣᠩᠭᠤᠵᠤ ᠬᠡᠭᠡᠯᠲᠦᠭᠦᠯᠬᠦ᠂ ᠡᠷᠡᠭᠦᠯ ᠵᠶ᠋ᠠᠷ ᠲᠡᠵᠢᠭᠡᠨ ᠦᠷᠡᠵᠢᠭᠦᠯᠬᠦ᠂ ᠲᠡᠵᠢᠭᠡᠨ ᠪᠣᠷᠳᠣᠬᠤ ᠬᠠᠮᠢᠶᠠᠷᠤᠯᠲᠠ᠂ ᠬᠢᠵᠢᠭ ᠡᠪᠡᠳᠴᠢᠨ᠎ᠤ ᠰᠡᠷᠭᠡᠶ᠋ᠢᠯᠡᠯᠲᠡ ᠡᠵᠡᠮᠳᠡᠯ ᠪᠠ ᠣᠷᠴᠢᠨ ᠲᠣᠭᠤᠷᠢᠨ᠎ᠤ ᠡᠵᠡᠮᠳᠡᠯ᠎ᠤᠨ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂ ᠡᠳ᠋᠎ᠤᠨ ᠵᠠᠰᠠᠭ᠎ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
10. ᠣᠨᠴᠠᠭ᠋ᠠᠢ ᠲᠥᠷᠥᠯ᠎ᠤᠨ ᠰᠠᠭ᠋ᠠᠯᠢ ᠵᠢᠨ ᠮᠠᠯ᠎ᠢ ᠲᠡᠵᠢᠭᠡᠨ ᠦᠷᠡᠵᠢᠭᠦᠯᠬᠦ ᠵᠢ ᠳᠡᠮᠵᠢᠵᠦ᠂ 2022 ᠣᠨ (ᠪᠠᠭᠲᠠᠨ᠎ᠠ)᠎ᠠᠴᠠ ᠰᠡᠭᠦᠯᠡᠷ ᠰᠢᠨ᠎ᠡ᠎ᠪᠠᠷ ᠪᠠᠶ᠋ᠢᠭᠤᠯᠤᠭᠰᠠᠨ 5000 ᠲᠣᠯᠣᠭ᠋ᠠᠢ᠎ᠠᠴᠠ ᠳᠡᠭᠡᠭᠰᠢᠬᠢ ᠰᠠᠭ᠋ᠠᠯᠢ ᠵᠢᠨ ᠢᠮᠠᠭ᠋ᠠᠨ᠎ᠤ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠲᠠᠯᠠᠪᠠᠢ᠎ᠳᠤ 200 ᠲᠦᠮᠡᠨ ᠲᠥᠭᠦᠷᠢᠭ᠎ᠤᠨ ᠨᠡᠮᠡᠭᠦᠷᠢ ᠥᠭᠴᠦ᠂ 5000 ᠲᠣᠯᠣᠭ᠋ᠠᠢ ᠨᠡᠮᠡᠭᠳᠡᠬᠦ ᠪᠦᠷᠢ 200 ᠲᠦᠮᠡᠨ ᠲᠥᠭᠦᠷᠢᠭ᠎ᠤᠨ ᠨᠡᠮᠡᠭᠦᠷᠢ ᠥᠭᠭᠦᠨ᠎ᠡ᠃ 2022 ᠣᠨ (ᠪᠠᠭᠲᠠᠨ᠎ᠠ)᠎ᠠᠴᠠ ᠰᠡᠭᠦᠯᠡᠷ ᠰᠢᠨ᠎ᠡ᠎ᠪᠠᠷ ᠪᠠᠶ᠋ᠢᠭᠤᠯᠤᠭᠰᠠᠨ 200᠎ᠠᠴᠠ ᠳᠡᠭᠡᠭᠰᠢᠬᠢ ᠲᠡᠮᠡᠭᠡᠨ᠎ᠤ ᠲᠡᠵᠢᠭᠡᠨ ᠦᠷᠡᠵᠢᠭᠦᠯᠬᠦ ᠲᠠᠯᠠᠪᠠᠢ (ᠵᠢᠯ᠎ᠤᠨ ᠰᠦ ᠭᠠᠷᠬᠤ ᠬᠡᠮᠵᠢᠶ᠎ᠡ᠎ᠨᠢ 50 ᠲᠣᠨ᠎ᠠᠴᠠ ᠳᠣᠣᠷ᠎ᠠ ᠦᠭᠡᠢ)᠎ᠳᠤ 40 ᠲᠦᠮᠡᠨ ᠲᠥᠭᠦᠷᠢᠭ᠎ᠤᠨ ᠨᠡᠮᠡᠭᠦᠷᠢ ᠥᠭᠴᠦ᠂ ᠥᠭᠡᠷᠡᠴᠢᠯᠡᠨ ᠰᠢᠨᠡᠳᠬᠡᠵᠦ ᠳᠡᠰ ᠳᠡᠪᠰᠢᠭᠦᠯᠦᠭᠰᠡᠨ ᠪᠠᠶ᠋ᠢᠪᠠᠯ 20 ᠲᠦᠮᠡᠨ ᠲᠥᠭᠦᠷᠢᠭ᠎ᠤᠨ ᠨᠡᠮᠡᠭᠦᠷᠢ ᠥᠭᠭᠦᠨ᠎ᠡ᠂ ᠰᠢᠨ᠎ᠡ᠎ᠪᠠᠷ ᠪᠠᠶ᠋ᠢᠭᠤᠯᠤᠭᠰᠠᠨ 50᠎ᠠᠴᠠ ᠳᠡᠭᠡᠭᠰᠢ ᠠᠳᠤᠭᠤ᠎ᠲᠠᠢ ᠮᠠᠯᠵᠢᠯ᠎ᠤᠨ ᠲᠠᠯᠠᠪᠠᠢ (ᠵᠢᠯ᠎ᠤᠨ ᠰᠦ ᠭᠠᠷᠬᠤ ᠬᠡᠮᠵᠢᠶ᠎ᠡ᠎ᠨᠢ 10 ᠲᠣᠨ᠎ᠠᠴᠠ ᠳᠣᠣᠷ᠎ᠠ ᠦᠭᠡᠢ)᠎ᠳᠤ 10 ᠲᠦᠮᠡᠨ ᠲᠥᠭᠦᠷᠢᠭ᠎ᠤᠨ ᠨᠡᠮᠡᠭᠦᠷᠢ ᠥᠭᠴᠦ᠂ ᠥᠭᠡᠷᠡᠴᠢᠯᠡᠨ ᠰᠢᠨᠡᠳᠬᠡᠵᠦ ᠳᠡᠰ ᠳᠡᠪᠰᠢᠭᠦᠯᠦᠭᠰᠡᠨ ᠪᠠᠶ᠋ᠢᠪᠠᠯ 5 ᠲᠦᠮᠡᠨ ᠲᠥᠭᠦᠷᠢᠭ᠎ᠤᠨ ᠨᠡᠮᠡᠭᠦᠷᠢ ᠥᠭᠭᠦᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂ ᠡᠳ᠋᠎ᠤᠨ ᠵᠠᠰᠠᠭ᠎ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
11. ᠲᠦᠭᠦᠬᠡᠢ ᠰᠦ ᠬᠤᠳᠠᠯᠳᠤᠨ ᠠᠪᠬᠤ ᠪᠠ ᠪᠣᠷᠣᠯᠠᠭᠤᠯᠬᠤ ᠭᠡᠷ᠎ᠡ ᠲᠣᠭᠲᠠᠬᠤ ᠨᠣᠷᠮ᠎ᠠ ᠵᠢ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠰᠦ ᠴᠠᠭ᠋ᠠᠨ ᠢᠳᠡᠭᠡ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶ᠋ᠢᠯᠠᠯ᠂ ᠣᠷᠣᠨ ᠨᠤᠲᠤᠭ᠎ᠤᠨ ᠣᠨᠴᠠᠯᠢᠭ᠎ᠲᠠᠢ ᠰᠦ ᠴᠠᠭ᠋ᠠᠨ ᠢᠳᠡᠭᠡᠨ᠎ᠤ ᠵᠢᠵᠢᠭ ᠬᠡᠯᠪᠡᠷᠢ ᠵᠢᠨ ᠦᠢ᠍ᠯᠡᠳᠬᠡᠯᠤᠨᠬᠢᠨᠤ ᠥᠪᠡᠷᠲᠡᠭᠡᠨ ᠵᠠᠰᠠᠬᠤ ᠣᠷᠣᠨ᠎ᠤ ᠬᠡᠪᠴᠢᠶᠡᠨ᠎ᠳᠠᠬᠢ 12 ᠰᠠᠷ᠎ᠠ ᠳᠠᠷᠠᠭ᠋ᠠᠯᠠᠨ ᠬᠠᠮᠲᠤᠷᠠᠯᠴᠠᠭ᠋ᠠᠨ᠎ᠤ ᠪᠠᠲᠤᠯᠠᠭ᠎ᠠ ᠦᠭᠡᠢ ᠬᠤᠰᠲ᠋ᠠᠨ ᠰᠠᠭ᠋ᠠᠯᠢ ᠵᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠢᠯᠤᠭᠠ 2 ᠵᠢᠯ᠎ᠠᠴᠠ ᠳᠡᠭᠡᠭᠰᠢᠬᠢ ᠬᠤᠳᠠᠯᠳᠤᠨ ᠠᠪᠬᠤ ᠪᠠ ᠪᠣᠷᠣᠯᠠᠭᠤᠯᠬᠤ ᠭᠡᠷ᠎ᠡ ᠲᠣᠭᠲᠠᠬᠤ ᠵᠢ ᠵᠣᠷᠢᠭᠵᠢᠭᠤᠯᠵᠤ᠂ 1 ᠲᠡᠵᠢᠭᠡᠨ ᠦᠷᠡᠵᠢᠭᠦᠯᠬᠦ ᠲᠠᠯᠠᠪᠠᠢ᠎ᠲᠠᠢ ᠰᠢᠨ᠎ᠡ᠎ᠪᠠᠷ ᠭᠡᠷ᠎ᠡ ᠲᠣᠭᠲᠠᠬᠤ ᠵᠢᠨ ᠬᠠᠮᠲᠤ ᠡᠳᠦᠷ᠎ᠲᠤ ᠲᠦᠭᠦᠬᠡᠢ ᠰᠦ ᠵᠢ 1 ᠲᠣᠨ᠎ᠠᠴᠠ ᠳᠡᠭᠡᠭᠰᠢ ᠬᠤᠳᠠᠯᠳᠤᠨ ᠠᠪᠬᠤ ᠪᠦᠷᠢ᠂ 《ᠤᠷᠢᠳ ᠵᠶ᠋ᠠᠷ ᠭᠡᠷ᠎ᠡ ᠲᠣᠭᠲᠠᠵᠤ ᠳᠠᠷᠠᠭ᠎ᠠ᠎ᠳᠤ᠎ᠨᠢ ᠨᠡᠮᠡᠭᠦᠷᠢ ᠥᠭᠬᠦ᠂ ᠤᠷᠢᠳ ᠵᠶ᠋ᠠᠷ ᠬᠤᠳᠠᠯᠳᠤᠨ ᠠᠪᠴᠤ ᠳᠠᠷᠠᠭ᠎ᠠ᠎ᠳᠤ᠎ᠨᠢ ᠨᠡᠮᠡᠭᠦᠷᠢ ᠥᠭᠬᠦ》 ᠬᠡᠯᠪᠡᠷᠢ᠎ᠪᠠᠷ᠂ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶ᠋ᠢᠯᠠᠯ (ᠵᠢᠵᠢᠭ ᠬᠡᠯᠪᠡᠷᠢ ᠵᠢᠨ ᠦᠢ᠍ᠯᠡᠳᠬᠡᠯ)᠎ᠳᠤ ᠨᠢᠭᠡ ᠯᠡ ᠤᠳᠠᠭ᠎ᠠ᠎ᠪᠠᠷ 10 ᠲᠦᠮᠡᠨ ᠲᠥᠭᠦᠷᠢᠭ᠎ᠤᠨ ᠨᠡᠮᠡᠭᠦᠷᠢ ᠥᠭᠭᠦᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
12. ᠲᠡᠵᠢᠭᠡᠨ ᠦᠷᠡᠵᠢᠭᠦᠯᠬᠦ ᠲᠠᠯᠠᠪᠠᠢ ᠵᠢᠨ ᠲᠣᠭ᠋ᠠᠵᠢᠭᠤᠯᠤᠨ ᠣᠶᠤᠨᠴᠢᠯᠠᠭᠰᠠᠨ ᠪᠠ ᠪᠣᠬᠢᠷᠲᠤᠯ ᠦᠭᠡᠢ ᠬᠥᠭᠵᠢᠯᠲᠡ ᠵᠢ ᠳᠡᠮᠵᠢᠵᠦ᠂ ᠤᠯᠤᠰ᠎ᠤᠨ ᠰᠦ ᠵᠢᠨ ᠦᠢ᠍ᠯᠡᠰ᠎ᠤᠨ ᠦᠢ᠍ᠯᠡᠳᠪᠦᠷᠢᠯᠡᠬᠦ ᠴᠢᠳᠠᠪᠤᠷᠢ ᠵᠢ ᠳᠡᠭᠡᠭᠰᠢᠯᠡᠭᠦᠯᠬᠦ ᠲᠥᠷᠥᠯ ᠵᠦᠢ᠍ᠯ᠎ᠢ ᠬᠡᠷᠡᠭᠵᠢᠭᠦᠯᠬᠦ᠎ᠪᠠᠷ ᠳᠠᠮᠵᠢᠭᠤᠯᠤᠨ᠂ ᠵᠢᠯ ᠪᠦᠷᠢ 5000 ᠲᠦᠮᠡᠨ ᠲᠥᠭᠦᠷᠢᠭ᠎ᠠᠴᠠ ᠳᠡᠭᠡᠭᠰᠢᠬᠢ ᠪᠡᠯᠡ ᠮᠥᠩᠭᠦ ᠲᠣᠬᠢᠷᠠᠭᠤᠯᠵᠤ᠂ ᠲᠡᠵᠢᠭᠡᠨ ᠪᠣᠷᠳᠣᠬᠤ᠂ ᠰᠦ ᠰᠠᠭ᠋ᠠᠬᠤ᠂ ᠡᠷᠡᠭᠦᠯᠵᠢᠭᠦᠯᠬᠦ᠂ ᠬᠢᠵᠢᠭ᠎ᠢ ᠰᠡᠷᠭᠡᠶ᠋ᠢᠯᠡᠬᠦ ᠵᠡᠷᠭᠡ ᠵᠠᠩᠭᠢᠯᠠᠭ᠎ᠠ ᠵᠢᠨ ᠭᠤᠭᠴᠣᠭ᠋ᠠᠨ᠎ᠤ ᠪᠡᠯᠡᠳᠬᠡᠮᠵᠢ ᠲᠥᠬᠦᠭᠡᠷᠦᠮᠵᠢ ᠵᠢ ᠳᠡᠰ ᠳᠡᠪᠰᠢᠭᠦᠯᠵᠦ ᠥᠭᠡᠷᠡᠴᠢᠯᠡᠨ ᠰᠢᠨᠡᠳᠬᠡᠵᠦ᠂ ᠨᠢᠭᠡ ᠪᠦᠯᠦᠭ ᠥᠨᠳᠥᠷ ᠲᠦᠪᠰᠢᠨ ᠪᠦᠬᠦᠢ ᠵᠣᠬᠢᠬᠤ ᠬᠡᠮᠵᠢᠶ᠎ᠡ᠎ᠪᠠᠷ ᠬᠡᠪᠴᠢᠶᠡᠵᠢᠭᠰᠡᠨ ᠣᠳᠣᠬᠢᠴᠢ ᠣᠶᠤᠨᠯᠢᠭ ᠮᠠᠯᠵᠢᠯ᠎ᠤᠨ ᠲᠠᠯᠠᠪᠠᠢ ᠵᠢ ᠪᠦᠲᠦᠭᠡᠨ ᠪᠠᠶ᠋ᠢᠭᠤᠯᠵᠤ᠂ ᠲᠡᠵᠢᠭᠡᠨ ᠦᠷᠡᠵᠢᠭᠦᠯᠬᠦ ᠬᠠᠮᠢᠶᠠᠷᠤᠯᠲᠠ ᠵᠢᠨ ᠲᠣᠭ᠋ᠠᠵᠢᠭᠤᠯᠤᠯᠲᠠ᠂ ᠣᠶᠤᠨᠴᠢᠯᠠᠯᠲᠠ ᠵᠢ ᠪᠡᠶᠡᠯᠡᠭᠦᠯᠦᠨ᠎ᠡ᠃ ᠲᠡᠵᠢᠭᠡᠨ ᠦᠷᠡᠵᠢᠭᠦᠯᠬᠦ ᠲᠠᠯᠠᠪᠠᠢ ᠵᠢᠨ ᠰᠢᠯᠢᠳᠡᠭ ᠰᠠᠶ᠋ᠢᠨ ᠲᠠᠷᠢᠶᠠᠯᠠᠩ᠎ᠤᠨ ᠵᠢᠷᠤᠮᠵᠢᠯ᠎ᠤᠨ ᠭᠡᠷᠡᠴᠢᠯᠡᠯᠲᠡ (GAP) ᠵᠢ ᠥᠷᠨᠢᠭᠦᠯᠬᠦ ᠵᠢ ᠳᠡᠮᠵᠢᠵᠦ᠂ ᠭᠡᠷᠡᠴᠢᠯᠡᠯᠲᠡ᠎ᠪᠠᠷ ᠪᠠᠲᠤᠯᠠᠭᠳᠠᠭᠰᠠᠨ᠎ᠳᠤᠨᠢ ᠨᠢᠭᠡ ᠯᠡ ᠤᠳᠠᠭ᠎ᠠ᠎ᠳᠤ 5 ᠲᠦᠮᠡᠨ ᠲᠥᠭᠦᠷᠢᠭ᠎ᠤᠨ ᠱᠠᠩᠨᠠᠯ ᠣᠯᠭᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂ ᠡᠳ᠋᠎ᠤᠨ ᠵᠠᠰᠠᠭ᠎ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
ᠳᠥᠷᠪᠡ᠂ ᠰᠦ ᠴᠠᠭ᠋ᠠᠨ ᠢᠳᠡᠭᠡ ᠡᠳ᠋ᠰᠢᠭᠦᠯᠦᠨ ᠪᠣᠯᠪᠠᠰᠤᠷᠠᠭᠤᠯᠬᠤ ᠵᠢ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠠᠵᠤ ᠦᠢ᠍ᠯᠡᠰ᠎ᠤᠨ ᠳᠡᠰ ᠳᠡᠪᠰᠢᠬᠦ ᠵᠢ ᠠᠬᠢᠭᠤᠯᠤᠨ᠎ᠠ
13. ᠰᠦ ᠴᠠᠭ᠋ᠠᠨ ᠢᠳᠡᠭᠡ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶ᠋ᠢᠯᠠᠯ᠎ᠤᠨ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ᠎ᠪᠠᠷ ᠬᠥᠭᠵᠢᠭᠦᠯᠬᠦ ᠵᠢ ᠳᠡᠮᠵᠢᠵᠦ᠂ ᠬᠤᠯᠢᠴᠠ ᠦᠭᠡᠢ ᠪᠢᠰᠢᠯᠠᠭ᠂ ᠰᠢᠷᠠᠰᠣ᠂ ᠰᠦᠨ ᠲᠡᠮᠦᠷᠲᠦ ᠤᠭᠤᠷᠠᠭ ᠵᠡᠷᠭᠡ ᠰᠦ ᠴᠠᠭ᠋ᠠᠨ ᠢᠳᠡᠭᠡ ᠵᠢ ᠦᠢ᠍ᠯᠡᠳᠪᠦᠷᠢᠯᠡᠬᠦ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠲᠥᠷᠥᠯ ᠵᠦᠢ᠍ᠯ᠎ᠢ ᠰᠢᠨ᠎ᠡ᠎ᠪᠠᠷ ᠪᠠᠶ᠋ᠢᠭᠤᠯᠤᠭᠰᠠᠨ ᠪᠤᠶᠤ ᠥᠭᠡᠷᠡᠴᠢᠯᠡᠵᠦ ᠥᠷᠭᠡᠳᠬᠡᠨ ᠪᠠᠶ᠋ᠢᠭᠤᠯᠤᠭᠰᠠᠨ ᠠᠵᠤ ᠠᠬᠤᠶ᠋ᠢᠯᠠᠯ᠎ᠳᠤ᠂ ᠲᠥᠬᠦᠭᠡᠷᠦᠮᠵᠢ ᠵᠢᠨ ᠪᠡᠯᠡ ᠣᠷᠤᠯᠠᠭᠤᠯᠤᠯᠲᠠ ᠵᠢᠨ ᠶᠡᠷᠦᠩᠬᠡᠢ ᠲᠣᠭ᠋ᠠᠨ᠎ᠤ 10%᠎ᠪᠠᠷ ᠬᠠᠮᠤᠭ ᠶᠡᠭᠡᠳᠤ᠎ᠪᠠᠨ 5000 ᠲᠦᠮᠡᠨ ᠲᠥᠭᠦᠷᠢᠭ᠎ᠤᠨ ᠨᠡᠮᠡᠭᠦᠷᠢ ᠣᠯᠭᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
14. ᠣᠷᠣᠨ ᠨᠤᠲᠤᠭ᠎ᠤᠨ ᠣᠨᠴᠠᠯᠢᠭ᠎ᠲᠠᠢ ᠰᠦ ᠴᠠᠭ᠋ᠠᠨ ᠢᠳᠡᠭᠡᠨ᠎ᠤ ᠠᠵᠤ ᠦᠢ᠍ᠯᠡᠰ᠎ᠤᠨ ᠳᠡᠰ ᠳᠡᠪᠰᠢᠬᠦ ᠵᠢ ᠵᠣᠷᠢᠭᠵᠢᠭᠤᠯᠵᠤ᠂ ᠵᠢᠵᠢᠭ ᠬᠡᠯᠪᠡᠷᠢ ᠵᠢᠨ ᠦᠢ᠍ᠯᠡᠳᠬᠡᠯ᠎ᠨᠢ ᠰᠦ ᠴᠠᠭ᠋ᠠᠨ ᠢᠳᠡᠭᠡ ᠡᠳ᠋ᠰᠢᠭᠦᠯᠵᠦ ᠪᠣᠯᠪᠠᠰᠤᠷᠠᠭᠤᠯᠬᠤ ᠠᠵᠤ ᠠᠬᠤᠶ᠋ᠢᠯᠠᠯ ᠪᠣᠯᠵᠤ ᠳᠡᠰ ᠳᠡᠪᠰᠢᠭᠰᠡᠨ ᠪᠣᠯ ᠨᠢᠭᠡ ᠯᠡ ᠤᠳᠠᠭ᠎ᠠ᠎ᠪᠠᠷ 50 ᠲᠦᠮᠡᠨ ᠲᠥᠭᠦᠷᠢᠭ ᠱᠠᠩᠨᠠᠨ᠎ᠠ᠃ ᠣᠷᠣᠨ ᠨᠤᠲᠤᠭ᠎ᠤᠨ ᠣᠨᠴᠠᠯᠢᠭ᠎ᠲᠠᠢ ᠰᠦ ᠴᠠᠭ᠋ᠠᠨ ᠢᠳᠡᠭᠡᠨ᠎ᠤ ᠵᠢᠵᠢᠭ ᠬᠡᠯᠪᠡᠷᠢ ᠵᠢᠨ ᠦᠢ᠍ᠯᠡᠳᠬᠡᠯ ᠪᠠ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶ᠋ᠢᠯᠠᠯ᠎ᠤᠨ ᠢᠳᠡᠭᠡᠨ᠎ᠤ ᠬᠦᠷᠢᠶᠡᠯᠡᠩ ᠲᠣᠭᠤᠷᠢᠭ ᠲᠡᠶ᠋ᠢᠰᠢ ᠲᠥᠪᠯᠡᠷᠡᠬᠦ ᠵᠢ ᠳᠡᠮᠵᠢᠵᠦ᠂ ᠬᠡᠪᠴᠢᠶᠡᠵᠢᠭᠦᠯᠦᠨ ᠡᠵᠡᠩᠨᠡᠵᠦ᠂ ᠨᠢᠭᠡᠳᠦᠯᠲᠡᠢ ᠬᠠᠮᠢᠶᠠᠷᠬᠤ ᠵᠢ ᠪᠡᠶᠡᠯᠡᠭᠦᠯᠦᠨ᠎ᠡ᠃ ᠣᠷᠣᠨ ᠨᠤᠲᠤᠭ᠎ᠤᠨ ᠣᠨᠴᠠᠯᠢᠭ᠎ᠲᠠᠢ ᠰᠦ ᠴᠠᠭ᠋ᠠᠨ ᠢᠳᠡᠭᠡᠨ᠎ᠤ ᠵᠢᠵᠢᠭ ᠬᠡᠯᠪᠡᠷᠢ ᠵᠢᠨ ᠦᠢ᠍ᠯᠡᠳᠬᠡᠯ ᠬᠦᠷᠢᠶᠡᠯᠡᠩ ᠲᠣᠭᠤᠷᠢᠭ᠎ᠲᠤ ᠣᠷᠣᠪᠠᠯ ᠨᠢᠭᠡ ᠯᠡ ᠤᠳᠠᠭ᠎ᠠ᠎ᠪᠠᠷ 10 ᠲᠦᠮᠡᠨ ᠲᠥᠭᠦᠷᠢᠭ ᠱᠠᠩᠨᠠᠵᠤ᠂ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶ᠋ᠢᠯᠠᠯ ᠬᠦᠷᠢᠶᠡᠯᠡᠩ ᠲᠣᠭᠤᠷᠢᠭ᠎ᠲᠤ ᠣᠷᠣᠪᠠᠯ ᠨᠢᠭᠡ ᠯᠡ ᠤᠳᠠᠭ᠎ᠠ᠎ᠪᠠᠷ 50 ᠲᠦᠮᠡᠨ ᠲᠥᠭᠦᠷᠢᠭ ᠱᠠᠩᠨᠠᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
15. ᠰᠦ ᠴᠠᠭ᠋ᠠᠨ ᠢᠳᠡᠭᠡ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶ᠋ᠢᠯᠠᠯ᠎ᠤᠨ ᠪᠢᠰᠢᠯᠠᠭ ᠦᠢ᠍ᠯᠡᠳᠪᠦᠷᠢᠯᠡᠬᠦ ᠴᠢᠳᠠᠪᠤᠷᠢ᠎ᠪᠠᠨ ᠳᠡᠭᠡᠭᠰᠢᠯᠡᠭᠦᠯᠬᠦ ᠵᠢ ᠳᠡᠮᠵᠢᠵᠦ᠂ ᠰᠦ ᠴᠠᠭ᠋ᠠᠨ ᠢᠳᠡᠭᠡ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶ᠋ᠢᠯᠠᠯ᠎ᠤᠨ ᠲᠦᠭᠦᠬᠡᠢ ᠰᠦ᠎ᠪᠠᠷ ᠬᠤᠯᠢᠴᠠ ᠦᠭᠡᠢ ᠪᠢᠰᠢᠯᠠᠭ ᠬᠢᠭᠰᠡᠨ᠂ ᠳᠡᠭᠡᠷ᠎ᠡ ᠣᠨ᠎ᠤ ᠲᠦᠭᠦᠬᠡᠢ ᠰᠦ᠎ᠪᠠᠷ ᠬᠤᠯᠢᠴᠠ ᠦᠭᠡᠢ ᠪᠢᠰᠢᠯᠠᠭ ᠬᠢᠭᠰᠡᠨ ᠬᠡᠮᠵᠢᠶ᠎ᠡ᠎ᠪᠠᠷ ᠰᠠᠭᠤᠷᠢ ᠲᠤᠭ᠎ᠠ ᠪᠣᠯᠭ᠋ᠠᠵᠤ᠂ 1 ᠲᠣᠨ ᠨᠡᠮᠡᠭᠳᠡᠬᠦ ᠪᠦᠷᠢ 2000 ᠲᠥᠭᠦᠷᠢᠭ᠎ᠤᠨ ᠨᠡᠮᠡᠭᠦᠷᠢ ᠥᠭᠭᠦᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
16. ᠰᠦ ᠴᠠᠭ᠋ᠠᠨ ᠢᠳᠡᠭᠡ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶ᠋ᠢᠯᠠᠯ᠎ᠤᠨ ᠡᠳ᠋ᠰᠢᠭᠦᠯᠦᠨ ᠪᠣᠯᠪᠠᠰᠤᠷᠠᠭᠤᠯᠬᠤ ᠬᠡᠮᠵᠢᠶ᠎ᠡ᠎ᠪᠠᠨ ᠥᠷᠭᠡᠳᠬᠡᠬᠦ ᠵᠢ ᠳᠡᠮᠵᠢᠵᠦ᠂ ᠳᠡᠭᠡᠷ᠎ᠡ ᠣᠨ᠎ᠤ ᠲᠦᠭᠦᠬᠡᠢ ᠰᠦ ᠵᠢ ᠡᠳ᠋ᠰᠢᠭᠦᠯᠦᠨ ᠪᠣᠯᠪᠠᠰᠤᠷᠠᠭᠤᠯᠤᠭᠰᠠᠨ ᠬᠡᠮᠵᠢᠶ᠎ᠡ᠎ᠪᠠᠷ ᠰᠠᠭᠤᠷᠢ ᠲᠤᠭ᠎ᠠ ᠪᠣᠯᠭ᠋ᠠᠵᠤ᠂ 1 ᠲᠣᠨ ᠨᠡᠮᠡᠭᠳᠡᠬᠦ ᠪᠦᠷᠢ 200 ᠲᠥᠭᠦᠷᠢᠭ᠎ᠤᠨ ᠨᠡᠮᠡᠭᠦᠷᠢ ᠥᠭᠴᠦ᠂ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠤᠲᠠ ᠲᠣᠰ ᠲᠣᠰ 50% ᠵᠢ᠎ᠨᠢ ᠡᠭᠦᠷᠭᠡᠯᠡᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
17. ᠰᠦ ᠴᠠᠭ᠋ᠠᠨ ᠢᠳᠡᠭᠡ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶ᠋ᠢᠯᠠᠯ᠎ᠨᠢ 3 – 5 ᠳ᠋ᠤᠭ᠋ᠠᠷ ᠰᠠᠷ᠎ᠠ ᠵᠢᠨ ᠪᠣᠷᠤᠯᠠᠭᠤᠯᠭ᠎ᠠ ᠬᠥᠭᠵᠢᠶᠡᠨ ᠦᠭᠡᠢ ᠤᠯᠠᠷᠢᠯ᠎ᠳᠤ ᠭᠦᠢ᠍ᠴᠡᠳ ᠲᠤᠭ᠎ᠠ᠎ᠪᠠᠷ ᠰᠦ ᠬᠤᠳᠠᠯᠳᠤᠨ ᠠᠪᠴᠤ᠂ ᠲᠦᠭᠦᠬᠡᠢ ᠰᠦ ᠵᠢ ᠰᠡᠪᠰᠡᠵᠦ ᠨᠤᠨᠳᠠᠭᠯᠠᠪᠠᠯ᠂ ᠬᠤᠳᠠᠯᠳᠤᠨ ᠠᠪᠬᠤ ᠲᠣᠭ᠋ᠠᠨ᠎ᠤ 10%᠎ᠪᠠᠷ᠂ ᠲᠣᠨ ᠪᠦᠷᠢ᠎ᠳᠤ᠎ᠨᠢ 1000 ᠲᠥᠭᠦᠷᠢᠭ᠎ᠤᠨ ᠨᠡᠮᠡᠭᠦᠷᠢ ᠥᠭᠴᠦ᠂ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠤᠲᠠ ᠲᠣᠰ ᠲᠣᠰ 50% ᠵᠢ᠎ᠨᠢ ᠡᠭᠦᠷᠭᠡᠯᠡᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
ᠲᠠᠪᠤ᠂ ᠨᠡᠷᠡᠲᠦ ᠲᠡᠮᠳᠡᠭ᠎ᠢ ᠪᠣᠢ ᠪᠣᠯᠭ᠋ᠠᠬᠤ ᠵᠢ ᠴᠢᠩᠭ᠋ᠠᠳᠬᠠᠵᠤ᠂ ᠠᠵᠤ ᠦᠢ᠍ᠯᠡᠰ᠎ᠤᠨ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠦᠨ᠎ᠡ
18. ᠡᠬᠢ ᠪᠠᠶᠠᠯᠢᠭ᠎ᠤᠨ ᠳᠠᠪᠠᠭᠤᠯᠢᠭ᠎ᠲᠤ ᠲᠦᠰᠢᠭᠯᠡᠨ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠡᠷᠡᠲᠦ ᠲᠡᠮᠳᠡᠭ᠎ᠢ ᠴᠣᠭᠴᠠᠯᠠᠵᠤ᠂ ᠰᠢᠯᠢ ᠵᠢᠨ ᠭᠤᠣᠯ᠎ᠤᠨ ᠪᠢᠰᠢᠯᠠᠭ᠂ ᠬᠥᠯᠥᠨ ᠪᠦᠷ᠎ᠤᠨ ᠦᠨᠢᠶᠡᠨ ᠰᠦ ᠵᠡᠷᠭᠡ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠡᠷᠡᠲᠦ ᠲᠡᠮᠳᠡᠭ᠎ᠤᠨ ᠪᠠᠶ᠋ᠢᠭᠤᠯᠤᠯᠲᠠ ᠵᠢ ᠳᠡᠮᠵᠢᠵᠦ᠂ ᠭᠠᠵᠠᠷ ᠵᠦᠢ ᠵᠢᠨ ᠰᠢᠨᠵᠢ ᠲᠡᠮᠳᠡᠭᠲᠦ ᠰᠦ ᠴᠠᠭ᠋ᠠᠨ ᠢᠳᠡᠭᠡ ᠵᠢ ᠬᠠᠮᠠᠭ᠋ᠠᠯᠠᠬᠤ ᠢᠨᠵᠧᠨᠧᠷᠢᠩ᠎ᠢ ᠬᠡᠷᠡᠭᠵᠢᠭᠦᠯᠵᠦ᠂ ᠲᠦᠭᠦᠬᠡᠢ ᠰᠦ ᠵᠢᠴᠢ ᠲᠡᠭᠦᠨ ᠵᠶ᠋ᠠᠷ ᠬᠢᠭᠰᠡᠨ ᠡᠳ᠋ᠰᠢᠭᠦᠯᠦᠨ ᠪᠣᠯᠪᠠᠰᠤᠷᠠᠭᠤᠯᠤᠭᠰᠠᠨ ᠪᠦᠲᠦᠭᠡᠭᠳᠡᠭᠦᠨ᠎ᠤ ᠲᠣᠭᠤᠷᠢᠨ᠎ᠳᠤ᠂ 《ᠥᠪᠥᠷ ᠮᠣᠩᠭᠤᠯ》 ᠨᠡᠷᠡᠮᠵᠢᠲᠦ ᠲᠡᠮᠳᠡᠭ᠎ᠤᠨ ᠭᠡᠷᠡᠴᠢᠯᠡᠬᠦ ᠪᠠᠷᠢᠮᠵᠢᠶ᠎ᠠ ᠵᠢ ᠲᠣᠭᠲᠠᠭ᠋ᠠᠨ᠎ᠠ; 《ᠥᠪᠥᠷ ᠮᠣᠩᠭᠤᠯ》 ᠨᠡᠷᠡᠮᠵᠢᠲᠦ ᠲᠡᠮᠳᠡᠭ᠎ᠤᠨ ᠭᠡᠷᠡᠴᠢᠯᠡᠭᠡ ᠵᠢ ᠥᠷᠨᠢᠭᠦᠯᠵᠦ᠂ ᠭᠠᠵᠠᠷ ᠵᠦᠢ ᠵᠢᠨ ᠲᠡᠮᠳᠡᠭᠲᠦ ᠰᠦ ᠴᠠᠭ᠋ᠠᠨ ᠢᠳᠡᠭᠡᠨ᠎ᠤ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠡᠷᠡᠲᠦ ᠲᠡᠮᠳᠡᠭ᠎ᠢ ᠰᠢᠯᠢᠳᠡᠭᠵᠢᠭᠦᠯᠵᠦ ᠬᠦᠴᠦᠷᠬᠡᠭᠵᠢᠭᠦᠯᠦᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠡᠳ᠋᠎ᠤᠨ ᠵᠠᠰᠠᠭ᠎ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
19. ᠠᠵᠤ ᠦᠢ᠍ᠯᠡᠰ᠎ᠤᠨ ᠥᠪᠡᠷᠮᠢᠴᠡ ᠣᠨᠴᠠᠯᠢᠭᠲᠤ ᠲᠦᠰᠢᠭᠯᠡᠨ ᠠᠵᠤ ᠠᠬᠤᠢ᠍ᠯᠠᠯ᠎ᠤᠨ ᠨᠡᠷᠡᠲᠦ ᠲᠡᠮᠳᠡᠭ᠎ᠢ ᠴᠣᠭᠴᠠᠯᠠᠵᠤ᠂ ᠰᠦ ᠴᠠᠭ᠋ᠠᠨ ᠢᠳᠡᠭᠡᠨ᠎ᠤ ᠦᠢ᠍ᠯᠡᠳᠪᠦᠷᠢᠯᠡᠯ᠎ᠤᠨ ᠠᠵᠤ ᠠᠬᠤᠢ᠍ᠯᠠᠯ᠎ᠢ ᠬᠥᠲᠥᠯᠥᠨ ᠵᠢᠯᠣᠭᠤᠳᠴᠤ ᠪᠠᠶ᠋ᠢᠭ᠋ᠠᠳ ᠪᠦᠲᠦᠭᠡᠭᠳᠡᠭᠦᠨ᠎ᠤ ᠴᠢᠨᠠᠷ ᠴᠢᠨᠰᠠᠭ᠎ᠠ ᠪᠠ ᠨᠡᠷᠡᠲᠦ ᠲᠡᠮᠳᠡᠭ᠎ᠤᠨ ᠳᠦᠷᠢ ᠲᠥᠷᠬᠦ᠎ᠪᠠᠨ ᠴᠣᠭᠴᠠᠯᠠᠬᠤ ᠵᠢ ᠴᠢᠩᠭ᠋ᠠᠳᠬᠠᠵᠤ᠂ ᠢᠮᠠᠭ᠋ᠠᠨ᠎ᠤ ᠰᠦ᠂ ᠢᠩᠭᠡᠨ᠎ᠤ ᠰᠦ᠂ ᠰᠠᠭ᠋ᠠᠮᠠ ᠵᠡᠷᠭᠡ ᠥᠪᠡᠷᠮᠢᠴᠡ ᠣᠨᠴᠠᠯᠢᠭ᠎ᠲᠠᠢ ᠰᠦ ᠴᠠᠭ᠋ᠠᠨ ᠢᠳᠡᠭᠡᠨ᠎ᠤ ᠰᠢᠨ᠎ᠡ ᠨᠡᠷᠡᠲᠦ ᠲᠡᠮᠳᠡᠭ᠎ᠢ ᠪᠣᠢ ᠪᠣᠯᠭ᠋ᠠᠵᠤ᠂ ᠠᠵᠤ ᠦᠢ᠍ᠯᠡᠰ᠎ᠤᠨ ᠬᠡᠯᠬᠢᠶᠡᠨ᠎ᠤ ᠭᠤᠣᠯᠯᠠᠬᠤ ᠠᠵᠤ ᠠᠬᠤᠢ᠍ᠯᠠᠯ᠎ᠤᠨ ᠨᠡᠷ᠎ᠡ ᠠᠯᠳᠠᠷ᠎ᠢ ᠳᠡᠯᠡᠬᠡᠢ ᠵᠢᠨ ᠬᠡᠪᠴᠢᠶᠡᠨ᠎ᠳᠤ ᠳᠠᠭᠤᠷᠢᠰᠤᠭᠤᠯᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠡᠳ᠋᠎ᠤᠨ ᠵᠠᠰᠠᠭ᠎ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
20. ᠳᠡᠯᠡᠬᠡᠢ ᠵᠢᠨ ᠰᠦ ᠰᠠᠭ᠋ᠠᠯᠢ ᠵᠢᠨ ᠦᠢ᠍ᠯᠡᠰ᠎ᠤᠨ ᠶᠡᠭᠡ ᠬᠤᠷᠠᠯ᠎ᠢ ᠰᠠᠢ᠍ᠲᠤᠷ ᠡᠷᠬᠢᠯᠡᠵᠦ᠂ ᠥᠪᠥᠷ ᠮᠣᠩᠭᠤᠯ᠎ᠤᠨ ᠰᠦ ᠰᠠᠭ᠋ᠠᠯᠢ ᠵᠢᠨ ᠦᠢ᠍ᠯᠡᠰ᠎ᠤᠨ ᠴᠢᠨᠠᠷ ᠰᠠᠢ᠍ᠲᠠᠢ ᠬᠥᠭᠵᠢᠯᠲᠡ ᠵᠢᠨ ᠠᠮᠵᠢᠯᠲᠠ ᠪᠦᠲᠦᠭᠡᠯ᠎ᠢ ᠭᠦᠢ᠍ᠴᠡᠳ ᠢᠯᠡᠷᠡᠭᠦᠯᠦᠨ᠎ᠡ᠃ ᠢᠯᠢ ᠣᠳᠣ ᠦᠶ᠎ᠡ ᠵᠢᠨ ᠣᠶᠤᠨᠯᠢᠭ ᠡᠷᠡᠭᠦᠯ ᠮᠡᠨᠳᠦ ᠵᠢᠨ ᠵᠢᠯᠠᠭ᠎ᠠ᠂ ᠮᠧᠩ ᠨᠢᠦ ᠵᠢᠨ ᠳᠤᠮᠳᠠᠳᠤ ᠤᠯᠤᠰ᠎ᠤᠨ ᠰᠦ ᠵᠢᠨ ᠦᠢ᠍ᠯᠡᠰ᠎ᠤᠨ ᠠᠵᠤ ᠦᠢ᠍ᠯᠡᠰ᠎ᠤᠨ ᠬᠦᠷᠢᠶᠡᠯᠡᠩ ᠬᠡᠮᠡᠬᠦ ᠬᠤᠶᠠᠷ ᠶᠡᠭᠡ ᠮᠢᠩᠭ᠋ᠠᠨ ᠳ᠋ᠦᠩᠰᠢᠭᠤᠷ᠎ᠤᠨ ᠳᠡᠰ᠎ᠤᠨ 《ᠠᠵᠤ ᠦᠢ᠍ᠯᠡᠰ ᠪᠠ ᠬᠤᠲᠠ ᠵᠢᠨ ᠠᠭᠤᠰᠤᠯᠴᠠᠭ᠎ᠠ》 ᠵᠢᠨ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢ ᠳᠡᠮᠵᠢᠵᠦ᠂ ᠪᠥᠬᠦ ᠪᠥᠮᠪᠥᠷᠴᠡᠭ᠎ᠤᠨ ᠰᠦ ᠰᠠᠭ᠋ᠠᠯᠢ ᠵᠢᠨ ᠦᠢ᠍ᠯᠡᠰ᠎ᠤᠨ ᠴᠢᠨᠠᠷ ᠰᠠᠢ᠍ᠲᠠᠢ ᠬᠥᠭᠵᠢᠯᠲᠡ ᠵᠢᠨ ᠥᠨᠳᠥᠷ ᠲᠦᠪᠰᠢᠨᠲᠦ ᠭᠠᠵᠠᠷ ᠣᠷᠣᠨ᠎ᠢ ᠴᠣᠭᠴᠠᠯᠠᠨ᠎ᠠ᠃ (ᠬᠠᠷᠢᠭᠤᠴᠠᠯᠭ᠋ᠠᠲᠤ ᠨᠢᠭᠡᠴᠢ᠄ ᠬᠥᠬᠡᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
ᠵᠢᠷᠭᠤᠭ᠎ᠠ᠂ ᠬᠡᠷᠡᠭᠯᠡᠭᠡ ᠵᠢ ᠬᠥᠲᠥᠯᠥᠨ ᠵᠢᠯᠣᠭᠤᠳᠬᠤ᠎ᠪᠠᠨ ᠴᠢᠩᠭ᠋ᠠᠳᠬᠠᠵᠤ᠂ ᠰᠦ ᠴᠠᠭ᠋ᠠᠨ ᠢᠳᠡᠭᠡᠨ᠎ᠤ ᠪᠣᠷᠣᠯᠠᠭᠤᠯᠭ᠎ᠠ ᠵᠢᠨ ᠬᠡᠮᠵᠢᠶ᠎ᠡ ᠵᠢ ᠥᠷᠭᠡᠳᠬᠡᠨ᠎ᠡ
21. ᠰᠦ ᠰᠠᠭ᠋ᠠᠯᠢ ᠵᠢᠨ ᠦᠢ᠍ᠯᠡᠰ᠎ᠢ ᠤᠬᠠᠭᠤᠯᠬᠤ ᠡᠷᠴᠢᠮ ᠵᠶ᠋ᠠᠨ ᠴᠢᠩᠭ᠋ᠠᠳᠬᠠᠵᠤ᠂ ᠰᠦ ᠴᠠᠭ᠋ᠠᠨ ᠢᠳᠡᠭᠡᠨ᠎ᠤ ᠰᠢᠮ᠎ᠡ ᠲᠡᠵᠢᠭᠡᠯ᠎ᠤᠨ ᠮᠡᠳᠡᠯᠭᠡ ᠵᠢ ᠲᠦᠭᠡᠮᠡᠯᠵᠢᠭᠦᠯᠵᠦ᠂ ᠣᠯᠠᠨ ᠶᠠᠩᠵᠤ ᠵᠢᠨ᠂ ᠣᠷᠣᠨ ᠨᠤᠲᠤᠭᠵᠢᠭᠰᠠᠨ ᠬᠡᠷᠡᠭᠯᠡᠭᠡᠨ᠎ᠤ ᠳᠠᠳᠬᠠᠯ᠎ᠢ ᠪᠣᠢ ᠪᠣᠯᠭ᠋ᠠᠨ᠎ᠠ᠃ ᠰᠦ ᠴᠠᠭ᠋ᠠᠨ ᠢᠳᠡᠭᠡ ᠦᠢ᠍ᠯᠡᠳᠪᠦᠷᠢᠯᠡᠵᠦ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠢ᠍ᠯᠠᠯ᠎ᠤᠨ ᠬᠡᠷᠡᠭᠯᠡᠭᠡᠨ᠎ᠤ ᠵᠦᠢ᠍ᠯ᠎ᠤᠨ ᠦᠵᠡᠰᠭᠦᠯᠡᠩ᠎ᠤᠨ ᠴᠤᠭᠯᠠᠭ᠋ᠠᠨ᠂ ᠪᠣᠬᠢᠷᠲᠤᠯ ᠦᠭᠡᠢ ᠢᠳᠡᠭᠡᠨ᠎ᠤ ᠵᠦᠢ᠍ᠯ᠎ᠤᠨ ᠦᠵᠡᠰᠭᠦᠯᠡᠩ᠎ᠤᠨ ᠴᠤᠭᠯᠠᠭ᠋ᠠᠨ ᠵᠡᠷᠭᠡ ᠤᠯᠤᠰ᠎ᠤᠨ ᠳᠣᠲᠣᠭ᠋ᠠᠳᠤ᠎ᠳᠠᠬᠢ ᠨᠡᠷᠡᠲᠦ ᠳᠡᠯᠭᠡᠨ ᠪᠣᠷᠣᠯᠠᠭᠤᠯᠬᠤ ᠴᠤᠭᠯᠠᠭ᠋ᠠᠨ᠎ᠳᠤ ᠣᠷᠣᠯᠴᠠᠬᠤ᠂ ᠳᠡᠯᠭᠡᠨ ᠪᠣᠷᠣᠯᠠᠭᠤᠯᠬᠤ ᠠᠵᠢᠯᠯᠠᠭ᠎ᠠ ᠥᠷᠨᠢᠭᠦᠯᠬᠦ ᠵᠢ ᠳᠡᠮᠵᠢᠵᠦ᠂ ᠰᠦ ᠴᠠᠭ᠋ᠠᠨ ᠢᠳᠡᠭᠡᠨ᠎ᠤ ᠵᠠᠬ᠎ᠠ ᠳᠡᠯᠭᠡᠭᠦᠷ᠎ᠢ ᠤᠯᠠᠮ ᠨᠢᠭᠡ ᠠᠯᠬᠤᠮ ᠥᠷᠭᠡᠳᠬᠡᠨ᠎ᠡ᠃ ᠶᠠᠷᠢᠶ᠎ᠠ ᠬᠡᠯᠡᠯᠴᠡᠭᠡᠨ᠎ᠤ ᠪᠠᠢ᠍ᠳᠠᠯ᠎ᠳᠤ ᠬᠢᠨᠠᠯᠲᠠ ᠲᠠᠯᠪᠢᠬᠤ ᠵᠢ ᠴᠢᠩᠭ᠋ᠠᠳᠬᠠᠵᠤ᠂ ᠨᠡᠢ᠍ᠭᠡᠮ᠎ᠤᠨ ᠬᠠᠯᠠᠮᠵᠢᠯᠠᠨ ᠠᠩᠬᠠᠷᠴᠤ ᠪᠠᠶ᠋ᠢᠭ᠎ᠠ ᠵᠦᠢ᠍ᠯ᠎ᠳᠤ ᠴᠠᠭ ᠲᠤᠬᠠᠢᠳᠤᠨᠢ ᠬᠠᠷᠢᠭᠤ ᠥᠭᠴᠦ᠂ ᠥᠪᠥᠷ ᠮᠣᠩᠭᠤᠯ᠎ᠤᠨ ᠰᠦ ᠰᠠᠭ᠋ᠠᠯᠢ ᠵᠢᠨ ᠦᠢ᠍ᠯᠡᠰ᠎ᠤᠨ ᠰᠠᠢ᠍ᠨ ᠰᠠᠶ᠋ᠢᠬᠠᠨ ᠳᠦᠷᠢ ᠲᠥᠷᠬᠦ ᠵᠢ ᠬᠠᠮᠠᠭ᠋ᠠᠯᠠᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂ ᠨᠠᠮ᠎ᠤᠨ ᠬᠤᠷᠢᠶᠠᠨ᠎ᠤ ᠰᠦᠯᠵᠢᠶᠡᠨ᠎ᠤ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠲᠠ ᠵᠢᠨ ᠬᠤᠷᠢᠶᠠᠨ᠎ᠤ ᠠᠯᠪᠠᠨ ᠭᠡᠷ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
22. ᠠᠵᠤ ᠦᠢ᠍ᠯᠡᠳᠪᠦᠷᠢ ᠵᠢᠨ ᠵᠢᠭᠤᠯᠴᠢᠯᠠᠯ᠎ᠢ ᠬᠥᠭᠵᠢᠭᠦᠯᠬᠦ ᠵᠢ ᠵᠣᠷᠢᠭᠵᠢᠭᠤᠯᠵᠤ᠂ ᠨᠦᠭᠦᠴᠡᠯ᠎ᠳᠤ ᠨᠡᠶ᠋ᠢᠴᠡᠬᠦ ᠰᠦ ᠰᠠᠭ᠋ᠠᠯᠢ ᠵᠢᠨ ᠠᠵᠤ ᠦᠢ᠍ᠯᠡᠰ᠎ᠤᠨ ᠬᠡᠯᠬᠢᠶᠡᠨ᠎ᠤ ᠠᠵᠤ ᠠᠬᠤᠢ᠍ᠯᠠᠯ᠎ᠤᠨ ᠤᠯᠤᠰ᠎ᠤᠨ ᠠᠵᠤ ᠦᠢ᠍ᠯᠡᠳᠪᠦᠷᠢ ᠵᠢᠨ ᠵᠢᠭᠤᠯᠴᠢᠯᠠᠯ᠎ᠤᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ ᠪᠠ A ᠳᠡᠰ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ᠎ᠢ ᠡᠭᠦᠳᠦᠨ ᠪᠠᠢ᠍ᠭᠤᠯᠬᠤ ᠵᠢ ᠳᠡᠮᠵᠢᠵᠦ᠂ ᠰᠦ ᠴᠠᠭ᠋ᠠᠨ ᠢᠳᠡᠭᠡᠨ᠎ᠤ 《ᠬᠡᠷᠡᠭᠯᠡᠭᠡ + ᠵᠢᠭᠤᠯᠴᠢᠯᠠᠯ》᠎ᠤᠨ ᠰᠢᠨ᠎ᠡ ᠵᠠᠭᠪᠤᠷ᠎ᠢ ᠴᠣᠭᠴᠠᠯᠠᠨ᠎ᠠ᠃ ᠰᠡᠯᠡᠭᠦᠴᠡᠨ ᠵᠤᠭ᠋ᠠᠴᠠᠬᠤ ᠰᠠᠭ᠋ᠠᠯᠢ ᠵᠢᠨ ᠦᠨᠢᠶᠡᠨ᠎ᠤ ᠮᠠᠯᠵᠢᠯ᠎ᠤᠨ ᠲᠠᠯᠠᠪᠠᠢ ᠵᠢ ᠡᠭᠦᠳᠦᠨ ᠪᠠᠢ᠍ᠭᠤᠯᠬᠤ ᠵᠢ ᠵᠣᠷᠢᠭᠵᠢᠭᠤᠯᠵᠤ᠂ ᠠᠮᠵᠢᠯᠲᠠ᠎ᠲᠠᠢ ᠡᠭᠦᠳᠦᠨ ᠪᠠᠶ᠋ᠢᠭᠤᠯᠤᠭᠰᠠᠨ ᠲᠡᠵᠢᠭᠡᠨ ᠦᠷᠡᠵᠢᠭᠦᠯᠬᠦ ᠲᠠᠯᠠᠪᠠᠢ ᠵᠢ ᠲᠠᠷᠢᠶᠠᠯᠠᠩ ᠠᠵᠤ ᠠᠬᠤᠢ ᠪᠠ ᠬᠥᠳᠡᠭᠡ ᠲᠣᠰᠬᠤᠨ᠎ᠤ ᠶᠠᠮᠤᠨ᠎ᠤ 《ᠬᠦᠰᠡᠯ ᠮᠥᠷᠥᠭᠡᠳᠦᠯ ᠪᠦᠬᠦᠢ ᠬᠥᠳᠡᠭᠡ ᠨᠤᠲᠤᠭ᠎ᠤᠨ ᠵᠤᠭ᠋ᠠᠴᠠᠯ》 ᠬᠥᠳᠡᠭᠡ ᠲᠣᠰᠬᠤᠨ᠎ᠤ ᠰᠡᠯᠡᠭᠦᠴᠡᠨ ᠵᠢᠭᠤᠯᠴᠢᠯᠠᠬᠤ ᠰᠦᠯᠵᠢᠶᠡᠨ᠎ᠤ ᠲᠠᠪᠴᠠᠩ᠎ᠳᠤ ᠭᠠᠷᠭ᠋ᠠᠨ ᠳᠡᠯᠭᠡᠷᠡᠭᠦᠯᠦᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
23. ᠡᠯᠧᠺᠳ᠋ᠷᠣᠨ ᠬᠤᠳᠠᠯᠳᠤᠭ᠋ᠠᠨ᠎ᠤ ᠶᠠᠪᠤᠳᠠᠯ᠎ᠤᠨ ᠴᠢᠳᠠᠪᠤᠷᠢᠲᠠᠨ᠎ᠢ ᠬᠥᠮᠥᠵᠢᠭᠦᠯᠬᠦ᠎ᠪᠠᠨ ᠴᠢᠩᠭ᠋ᠠᠳᠬᠠᠵᠤ᠂ ᠰᠦ ᠴᠠᠭ᠋ᠠᠨ ᠢᠳᠡᠭᠡᠨ᠎ᠤ ᠠᠵᠤ ᠠᠬᠤᠶ᠋ᠢᠯᠠᠯ᠂ ᠡᠯ᠎ᠡ ᠲᠥᠷᠥᠯ᠎ᠤᠨ ᠳᠡᠭᠡᠳᠦ ᠰᠤᠷᠭ᠋ᠠᠭᠤᠯᠢ ᠶᠡᠭᠡ ᠰᠤᠷᠭ᠋ᠠᠭᠤᠯᠢ᠂ ᠠᠵᠢᠯ ᠮᠡᠷᠭᠡᠵᠢᠯ᠎ᠤᠨ ᠪᠣᠯᠪᠠᠰᠤᠷᠠᠯ᠎ᠤᠨ ᠪᠠᠶ᠋ᠢᠭᠤᠯᠤᠮᠵᠢ ᠵᠡᠷᠭᠡ ᠵᠢᠨ ᠡᠯᠧᠺᠳ᠋ᠷᠣᠨ ᠬᠤᠳᠠᠯᠳᠤᠭ᠋ᠠᠨ᠎ᠤ ᠶᠠᠪᠤᠳᠠᠯ᠎ᠤᠨ ᠴᠢᠳᠠᠪᠤᠷᠢᠲᠠᠨ ᠬᠥᠮᠥᠵᠢᠭᠦᠯᠬᠦ ᠵᠢ ᠳᠡᠮᠵᠢᠵᠦ᠂ ᠰᠦ ᠴᠠᠭ᠋ᠠᠨ ᠢᠳᠡᠭᠡᠨ᠎ᠤ ᠰᠦᠯᠵᠢᠶᠡᠨ ᠳᠡᠭᠡᠷᠡᠬᠢ ᠪᠣᠷᠣᠯᠠᠭᠤᠯᠭ᠎ᠠ ᠵᠢ ᠠᠬᠢᠭᠤᠯᠤᠨ᠎ᠠ᠃ ᠰᠦ ᠴᠠᠭ᠋ᠠᠨ ᠢᠳᠡᠭᠡᠨ᠎ᠤ ᠠᠵᠤ ᠠᠬᠤᠶ᠋ᠢᠯᠠᠯ ᠪᠠ ᠬᠤᠳᠠᠯᠳᠤᠭ᠋ᠠᠴᠢᠨ ᠡᠷᠦᠬᠡ ᠵᠢᠨ ᠡᠯᠧᠺᠳ᠋ᠷᠣᠨ ᠬᠤᠳᠠᠯᠳᠤᠭ᠋ᠠᠨ᠎ᠤ ᠲᠠᠪᠴᠠᠩ᠎ᠯᠤᠭ᠎ᠠ ᠬᠠᠮᠲᠤᠷᠠᠯᠴᠠᠭ᠎ᠠ᠎ᠪᠠᠨ ᠴᠢᠩᠭ᠋ᠠᠳᠬᠠᠬᠤ ᠵᠢ ᠵᠣᠷᠢᠭᠵᠢᠭᠤᠯᠵᠤ᠂ ᠣᠷᠣᠨ ᠨᠤᠲᠤᠭ᠎ᠤᠨ ᠣᠨᠴᠠᠯᠢᠭ᠎ᠲᠠᠢ ᠣᠷᠳᠣᠨ ᠪᠠ ᠬᠤᠰᠢᠭᠤᠴᠢ ᠳᠡᠯᠭᠡᠭᠦᠷ᠎ᠢ ᠡᠬᠢᠯᠡᠭᠦᠯᠦᠨ ᠨᠡᠭᠡᠭᠡᠯᠭᠡᠵᠦ᠂ ᠨᠡᠷᠡᠲᠦ ᠲᠡᠮᠳᠡᠭ ᠪᠠ ᠴᠢᠨᠠᠷ ᠴᠢᠨᠰᠠᠭ᠎ᠠ ᠵᠢᠨ ᠬᠡᠷᠡᠭᠯᠡᠭᠡ ᠵᠢᠨ ᠰᠦᠯᠵᠢᠶ᠎ᠡ᠎ᠪᠠᠷ ᠬᠤᠳᠠᠯᠳᠤᠨ ᠠᠪᠬᠤ ᠴᠤᠭᠯᠠᠭ᠋ᠠᠨ᠂ ᠰᠦᠯᠵᠢᠶᠡᠨ ᠳᠡᠭᠡᠷᠡᠬᠢ ᠴᠠᠭ᠋ᠠᠨ ᠰᠠᠷ᠎ᠠ ᠵᠢᠨ ᠪᠠᠷᠠᠭ᠋ᠠᠨ᠎ᠤ ᠴᠤᠭᠯᠠᠭ᠋ᠠᠨ ᠵᠡᠷᠭᠡ ᠭᠤᠣᠯ ᠰᠡᠳᠦᠪᠲᠦ ᠪᠠᠶᠠᠷ᠎ᠤᠨ ᠡᠳᠦᠷ ᠵᠶ᠋ᠠᠷ ᠳᠠᠮᠵᠢᠭᠤᠯᠤᠨ ᠲᠥᠪᠯᠡᠷᠡᠭᠦᠯᠵᠦ ᠳᠡᠯᠭᠡᠷᠡᠭᠦᠯᠦᠨ ᠪᠣᠷᠣᠯᠠᠭᠤᠯᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
ᠳᠣᠯᠤᠭ᠎ᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ ᠵᠢ ᠴᠢᠩᠭ᠋ᠠᠳᠬᠠᠵᠤ᠂ ᠦᠷ᠎ᠡ ᠪᠦᠲᠦᠭᠡᠯ᠎ᠢ ᠤᠯᠠᠷᠢᠭᠤᠯᠤᠨ ᠬᠡᠷᠡᠭᠯᠡᠬᠦ ᠵᠢ ᠠᠬᠢᠭᠤᠯᠤᠨ᠎ᠠ
24. ᠤᠯᠤᠰ᠎ᠤᠨ ᠰᠦ ᠵᠢᠨ ᠦᠢ᠍ᠯᠡᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠤᠨ ᠦᠢ᠍ᠯᠡᠳᠦᠯ᠎ᠢ ᠪᠠᠳᠠᠷᠠᠭᠤᠯᠵᠤ᠂ ᠵᠢᠯ ᠪᠦᠷᠢ 1 ᠳ᠋ᠦᠩᠰᠢᠭᠤᠷ ᠲᠥᠭᠦᠷᠢᠭ᠎ᠤᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠪᠡᠯᠡ ᠮᠥᠩᠭᠦ ᠵᠢ ᠲᠣᠬᠢᠷᠠᠭᠤᠯᠵᠤ᠂ ᠰᠦ ᠰᠠᠭ᠋ᠠᠯᠢ ᠵᠢᠨ ᠦᠢ᠍ᠯᠡᠰ᠎ᠤᠨ ᠪᠥᠬᠦ ᠠᠵᠤ ᠦᠢ᠍ᠯᠡᠰ᠎ᠤᠨ ᠬᠡᠯᠬᠢᠶᠡᠨ᠎ᠤ ᠲᠣᠭᠤᠷᠢᠨ᠎ᠳᠤ ᠵᠠᠩᠭᠢᠯᠠᠭ᠎ᠠ ᠵᠢᠨ ᠮᠡᠷᠭᠡᠵᠢᠯ᠎ᠤᠨ ᠪᠣᠭᠤᠮᠲᠠ ᠰᠢᠪᠲᠤᠯᠤᠯᠲᠠ ᠵᠢ ᠥᠷᠨᠢᠭᠦᠯᠵᠦ᠂ ᠨᠢᠭᠡ ᠪᠦᠯᠦᠭ 《ᠪᠣᠭᠤᠮᠢ》 ᠪᠣᠯᠵᠤ ᠪᠠᠶ᠋ᠢᠭ᠎ᠠ ᠮᠡᠷᠭᠡᠵᠢᠯ᠎ᠤᠨ ᠬᠦᠴᠢᠷ ᠠᠰᠠᠭᠤᠳᠠᠯ᠎ᠢ ᠰᠢᠪᠲᠤᠯᠤᠨ᠎ᠠ᠃ ᠰᠦ ᠴᠠᠭ᠋ᠠᠨ ᠢᠳᠡᠭᠡ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶ᠋ᠢᠯᠠᠯ᠎ᠤᠨ ᠥᠨᠳᠥᠷ ᠰᠢᠨᠵᠢᠯᠡᠭᠡ ᠮᠡᠷᠭᠡᠵᠢᠯ᠂ ᠥᠨᠳᠥᠷ ᠴᠢᠨᠠᠷ ᠴᠢᠨᠰᠠᠭ᠎ᠠ᠂ ᠥᠨᠳᠥᠷ ᠳᠠᠭ᠋ᠠᠯᠲᠠ ᠥᠷᠳᠡᠭ᠎ᠲᠠᠢ ᠳᠡᠭᠡᠳᠦ ᠳᠡᠰ ᠳᠠᠪᠬᠤᠷᠭ᠎ᠠ ᠵᠢᠨ ᠰᠦ ᠴᠠᠭ᠋ᠠᠨ ᠢᠳᠡᠭᠡ ᠨᠡᠭᠡᠭᠡᠨ ᠬᠥᠭᠵᠢᠭᠦᠯᠬᠦ ᠵᠢ᠎ᠨᠢ ᠳᠡᠮᠵᠢᠵᠦ᠂ ᠵᠠᠬ᠎ᠠ ᠳᠡᠯᠭᠡᠭᠦᠷ᠎ᠤᠨ ᠵᠦᠷᠢᠶᠡᠴᠢᠯᠡᠭᠰᠡᠨ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
25. ᠡᠪᠡᠰᠦᠨ ᠦᠷ᠎ᠡ ᠵᠢᠨ ᠦᠢ᠍ᠯᠡᠰ᠂ ᠰᠠᠭ᠋ᠠᠯᠢ ᠵᠢᠨ ᠦᠨᠢᠶᠡᠨ᠎ᠤ ᠡᠭᠦᠯᠳᠡᠷ᠎ᠤᠨ ᠦᠢ᠍ᠯᠡᠰ᠎ᠤᠨ ᠰᠢᠨ᠎ᠡ ᠡᠭᠦᠳᠦᠯᠲᠡ ᠵᠡᠷᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠵᠢᠯ ᠪᠦᠷᠢ 《ᠵᠠᠷᠯᠠᠯ ᠨᠡᠢ᠍ᠲᠡᠯᠡᠵᠦ ᠬᠤᠰᠢᠭᠤᠷᠠᠨ ᠠᠵᠢᠯᠯᠠᠬᠤ》 ᠬᠡᠯᠪᠡᠷᠢ᠎ᠪᠠᠷ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠬᠤᠯᠠ ᠶᠡᠭᠡ ᠵᠢᠱ᠌ᠢᠶ᠎ᠡ ᠦᠵᠡᠭᠦᠯᠬᠦ ᠢᠨᠵᠧᠨᠧᠷᠢᠩ᠎ᠤᠨ ᠲᠥᠷᠥᠯ ᠵᠦᠢ᠍ᠯ᠂ ᠥᠪᠡᠷᠲᠡᠭᠡᠨ ᠵᠠᠰᠠᠬᠤ ᠣᠷᠣᠨ᠎ᠤ ᠭᠤᠣᠯᠳᠠᠯᠭ᠎ᠠ᠎ᠲᠠᠢ ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ᠎ᠢ ᠤᠯᠠᠷᠢᠭᠤᠯᠬᠤ ᠲᠥᠷᠥᠯ ᠵᠦᠢ᠍ᠯ᠎ᠤᠳ᠎ᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ᠎ᠳᠤ ᠪᠣᠳᠠᠲᠠᠶ᠋ᠢᠵᠢᠭᠤᠯᠤᠨ ᠤᠯᠠᠷᠢᠭᠤᠯᠤᠭᠰᠠᠨ ᠭᠤᠣᠯᠯᠠᠬᠤ ᠮᠡᠷᠭᠡᠵᠢᠯ᠎ᠤᠨ ᠦᠷ᠎ᠡ ᠪᠦᠲᠦᠭᠡᠯ᠎ᠢ ᠳᠡᠯᠭᠡᠷᠡᠭᠦᠯᠦᠨ ᠬᠡᠷᠡᠭᠯᠡᠭᠰᠡᠨ ᠪᠣᠯ ᠱᠠᠩᠨᠠᠨ ᠬᠥᠬᠢᠭᠦᠯᠦᠨ᠎ᠡ᠃ ᠰᠦ ᠰᠠᠭ᠋ᠠᠯᠢ ᠵᠢᠨ ᠦᠢ᠍ᠯᠡᠰ᠎ᠤᠨ ᠪᠥᠬᠦ ᠠᠵᠤ ᠦᠢ᠍ᠯᠡᠰ᠎ᠤᠨ ᠬᠡᠯᠬᠢᠶᠡᠨ᠎ᠤ ᠬᠦᠷᠢᠶᠡᠨ᠎ᠳᠤ ᠰᠢᠪᠲᠤᠯᠤᠯᠲᠠ ᠵᠢᠨ ᠴᠢᠨᠠᠷᠲᠠᠢ ᠠᠬᠢᠴᠠ᠎ᠲᠠᠢ ᠪᠣᠯᠣᠭᠰᠠᠨ ᠪᠤᠶᠤ ᠵᠠᠩᠭᠢᠯᠠᠭ᠎ᠠ ᠵᠢᠨ ᠭᠤᠣᠯᠯᠠᠬᠤ ᠮᠡᠷᠭᠡᠵᠢᠯ᠎ᠳᠤ ᠰᠢᠪᠲᠤᠯᠤᠯᠲᠠ ᠬᠢᠭᠰᠡᠨ ᠭᠤᠣᠯ ᠴᠣᠭᠴᠠ᠎ᠳᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠥᠷᠥᠯ ᠵᠦᠢ᠍ᠯ᠎ᠤᠨ ᠰᠡᠳᠦᠪ ᠲᠣᠭᠲᠠᠭ᠋ᠠᠬᠤ ᠦᠶ᠎ᠡ᠎ᠳᠤ ᠭᠤᠣᠯᠳᠠᠯᠭ᠎ᠠ᠎ᠲᠠᠢ᠎ᠪᠠᠷ ᠳᠡᠮᠵᠢᠯᠭᠡ ᠦᠵᠡᠭᠦᠯᠦᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
26. ᠪᠥᠬᠦ ᠠᠵᠤ ᠦᠢ᠍ᠯᠡᠰ᠎ᠤᠨ ᠬᠡᠯᠬᠢᠶᠡᠨ᠎ᠤ ᠪᠠᠷᠢᠮᠵᠢᠶᠠᠨ᠎ᠤ ᠲᠣᠭᠲᠠᠯᠴᠠᠭ᠎ᠠ ᠵᠢ ᠲᠡᠭᠦᠯᠳᠡᠷᠵᠢᠭᠦᠯᠵᠦ᠂ ᠬᠤᠯᠪᠣᠭᠳᠠᠯ ᠪᠦᠬᠦᠢ ᠠᠵᠤ ᠠᠬᠤᠶ᠋ᠢᠯᠠᠯ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠂ ᠨᠡᠶ᠋ᠢᠭᠡᠮ᠎ᠤᠨ ᠪᠦᠯᠬᠦᠮ ᠵᠡᠷᠭᠡ ᠵᠢᠨ᠎ᠬᠢᠨ᠎ᠤ ᠣᠷᠣᠨ ᠨᠤᠲᠤᠭ᠂ ᠠᠵᠢᠯ ᠲᠥᠷᠥᠯ᠂ ᠪᠦᠯᠬᠦᠮ ᠨᠡᠶ᠋ᠢᠲᠡ ᠵᠡᠷᠭᠡ ᠵᠢᠨ ᠪᠠᠷᠢᠮᠵᠢᠶ᠎ᠠ ᠵᠢ ᠰᠤᠳᠤᠯᠤᠨ ᠲᠣᠭᠲᠠᠭ᠋ᠠᠬᠤ ᠠᠵᠢᠯ ᠥᠷᠨᠢᠭᠦᠯᠬᠦ ᠵᠢ᠎ᠨᠢ ᠵᠢᠯᠣᠭᠤᠳᠤᠨ᠎ᠠ᠃ ᠰᠦ ᠴᠠᠭ᠋ᠠᠨ ᠢᠳᠡᠭᠡ ᠦᠢ᠍ᠯᠡᠳᠪᠦᠷᠢᠯᠡᠬᠦ ᠠᠵᠤ ᠠᠬᠤᠶ᠋ᠢᠯᠠᠯ᠎ᠤᠨ ᠢᠳᠡᠪᠬᠢᠲᠡᠢ᠎ᠪᠠᠷ ᠤᠯᠤᠰ᠎ᠤᠨ ᠪᠠ ᠭᠠᠵᠠᠷ ᠣᠷᠣᠨ᠎ᠤ ᠪᠠᠷᠢᠮᠵᠢᠶ᠎ᠠ ᠲᠣᠭᠲᠠᠭ᠋ᠠᠬᠤ ᠠᠵᠢᠯ᠎ᠳᠤ ᠣᠷᠣᠯᠴᠠᠬᠤ ᠵᠢ ᠵᠣᠷᠢᠭᠵᠢᠭᠤᠯᠵᠤ᠂ ᠠᠵᠢᠯ ᠲᠥᠷᠥᠯ᠎ᠤᠨ ᠬᠥᠭᠵᠢᠯᠲᠡ ᠵᠢᠨ ᠬᠢᠷᠢ ᠲᠦᠪᠰᠢᠨ᠎ᠢ ᠬᠥᠲᠥᠯᠥᠨ ᠵᠢᠯᠣᠭᠤᠳᠴᠤ ᠳᠡᠭᠡᠭᠰᠢᠯᠡᠭᠦᠯᠦᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
ᠨᠠᠢ᠍ᠮᠠ᠂ ᠬᠢᠨᠠᠯᠲᠠ ᠬᠠᠮᠢᠶᠠᠷᠤᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠵᠦ᠂ ᠰᠦ ᠴᠠᠭ᠋ᠠᠨ ᠢᠳᠡᠭᠡᠨ᠎ᠤ ᠴᠢᠨᠠᠷ ᠴᠢᠨᠰᠠᠭ᠎ᠠ ᠵᠢᠨ ᠠᠮᠤᠷ ᠲᠦᠪᠰᠢᠨ᠎ᠢ ᠪᠠᠲᠤᠯᠠᠨ᠎ᠠ
27. ᠰᠠᠭ᠋ᠠᠯᠢ ᠵᠢᠨ ᠮᠠᠯ᠎ᠤᠨ ᠬᠢᠵᠢᠭ ᠡᠪᠡᠳᠴᠢᠨ᠎ᠢ ᠰᠡᠷᠭᠡᠶ᠋ᠢᠯᠡᠨ ᠡᠵᠡᠮᠳᠡᠬᠦ᠎ᠪᠠᠨ ᠴᠢᠩᠭ᠋ᠠᠳᠬᠠᠵᠤ᠂ ᠪᠷᠦ᠋ᠼᠧᠯ ᠡᠪᠡᠳᠴᠢᠨ᠎ᠤ ᠸᠠᠺᠼᠢᠨ᠎ᠢ ᠨᠢᠭᠡᠳᠦᠯᠲᠡᠢ ᠬᠤᠳᠠᠯᠳᠤᠨ ᠠᠪᠴᠤ᠂ ᠨᠢᠷᠠᠢ ᠲᠣᠭᠤᠯ᠂ ᠰᠢᠨ᠎ᠡ᠎ᠪᠠᠷ ᠨᠡᠮᠡᠭᠳᠡᠭᠦᠯᠦᠭᠰᠡᠨ ᠰᠠᠭ᠋ᠠᠯᠢ ᠵᠢᠨ ᠦᠨᠢᠶ᠎ᠡ ᠪᠠ ᠰᠠᠭ᠋ᠠᠯᠢ ᠵᠢᠨ ᠢᠮᠠᠭᠠᠳᠤ ᠡᠭᠡᠯᠢᠯᠡᠭᠡ ᠬᠢᠨ᠎ᠡ; ᠰᠠᠭ᠋ᠠᠯᠢ ᠵᠢᠨ ᠦᠨᠢᠶᠡᠨ᠎ᠤ ᠬᠡᠪᠴᠢᠶᠡᠵᠢᠭᠰᠡᠨ ᠲᠠᠯᠠᠪᠠᠢ ᠵᠢᠨ ᠰᠦᠷᠢᠶ᠎ᠡ ᠡᠪᠡᠳᠴᠢᠨ᠎ᠢ ᠪᠠᠶ᠋ᠢᠴᠠᠭ᠋ᠠᠨ ᠰᠢᠨᠵᠢᠬᠦ᠎ᠳᠤ ᠦᠨᠢᠶ᠎ᠡ ᠪᠦᠷᠢ᠎ᠳᠤ 15 ᠲᠥᠭᠦᠷᠢᠭ᠎ᠤᠨ ᠨᠡᠮᠡᠭᠦᠷᠢ ᠥᠭᠭᠦᠨ᠎ᠡ; ᠪᠷᠦ᠋ᠼᠧᠯ ᠡᠪᠡᠳᠴᠢᠨ᠂ ᠦᠬᠡᠷ᠎ᠤᠨ ᠰᠦᠷᠢᠶ᠎ᠡ ᠡᠪᠡᠳᠴᠢᠨ ᠵᠡᠷᠭᠡ ᠵᠢ ᠠᠷᠢᠭᠤᠳᠬᠠᠬᠤ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠡᠭᠦᠳᠦᠨ ᠪᠠᠶ᠋ᠢᠭᠤᠯᠤᠭᠰᠠᠨ ᠲᠠᠯᠠᠪᠠᠢ᠎ᠪᠠᠷ ᠦᠨᠡᠯᠡᠨ ᠵᠢᠱ᠌ᠢᠭᠦᠯᠵᠦ ᠪᠠᠲᠤᠯᠠᠭᠳᠠᠭᠰᠠᠨ ᠰᠠᠭ᠋ᠠᠯᠢ ᠵᠢᠨ ᠮᠠᠯ᠎ᠤᠨ ᠲᠡᠵᠢᠭᠡᠨ ᠦᠷᠡᠵᠢᠭᠦᠯᠬᠦ ᠲᠠᠯᠠᠪᠠᠢ᠎ᠳᠤ 50 ᠲᠦᠮᠡᠨ ᠲᠥᠭᠦᠷᠢᠭ ᠱᠠᠩᠨᠠᠵᠤ᠂ ᠤᠯᠤᠰ᠎ᠤᠨ ᠳᠡᠰ᠎ᠤᠨ ᠠᠷᠢᠭᠤᠳᠬᠠᠬᠤ ᠲᠠᠯᠠᠪᠠᠢ ᠪᠤᠶᠤ ᠤᠯᠤᠰ᠎ᠤᠨ ᠳᠡᠰ᠎ᠤᠨ ᠬᠢᠵᠢᠭ ᠦᠭᠡᠢ ᠬᠤᠷᠢᠶᠠᠯᠠᠯ ᠵᠶ᠋ᠠᠷ ᠦᠨᠡᠯᠡᠨ ᠵᠢᠱ᠌ᠢᠭᠦᠯᠵᠦ ᠪᠠᠲᠤᠯᠠᠭᠳᠠᠭᠰᠠᠨ ᠰᠠᠭ᠋ᠠᠯᠢ ᠵᠢᠨ ᠮᠠᠯ᠎ᠤᠨ ᠲᠡᠵᠢᠭᠡᠨ ᠦᠷᠡᠵᠢᠭᠦᠯᠬᠦ ᠲᠠᠯᠠᠪᠠᠢ᠎ᠳᠤ 100 ᠲᠦᠮᠡᠨ ᠲᠥᠭᠦᠷᠢᠭ ᠱᠠᠩᠨᠠᠨ᠎ᠠ᠃ ᠪᠷᠦ᠋ᠼᠧᠯ ᠡᠪᠡᠳᠴᠢᠨ᠂ ᠦᠬᠡᠷ᠎ᠤᠨ ᠰᠦᠷᠢᠶ᠎ᠡ ᠡᠪᠡᠳᠴᠢᠨ ᠵᠡᠷᠭᠡ ᠬᠥᠮᠥᠨ ᠪᠠ ᠮᠠᠯ᠎ᠳᠤ ᠴᠥᠮ ᠲᠣᠰᠳᠠᠭ ᠭᠡᠮ ᠬᠢᠵᠢᠭ ᠪᠠ ᠰᠠᠭ᠋ᠠᠯᠢ ᠵᠢᠨ ᠦᠨᠢᠶᠡᠨ᠎ᠤ ᠦᠷᠭᠦᠯᠵᠢ ᠲᠣᠬᠢᠶᠠᠯᠳᠤᠳᠠᠭ ᠡᠪᠡᠳᠴᠢᠨ᠎ᠤ ᠸᠠᠺᠼᠢᠨ᠎ᠢ ᠰᠤᠳᠤᠯᠤᠨ ᠨᠡᠭᠡᠭᠡᠬᠦ ᠪᠠ ᠳᠡᠯᠭᠡᠷᠡᠭᠦᠯᠦᠨ ᠬᠡᠷᠡᠭᠯᠡᠬᠦ᠎ᠳᠤ ᠳᠡᠮᠵᠢᠯᠭᠡ ᠦᠵᠡᠭᠦᠯᠦᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠡᠪᠡᠳᠴᠢᠨ ᠡᠮᠬᠡᠭ᠎ᠢ ᠰᠡᠷᠭᠡᠶ᠋ᠢᠯᠡᠨ ᠬᠤᠷᠢᠭᠯᠠᠬᠤ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
28. ᠤᠯᠤᠰ᠂ ᠥᠪᠡᠷᠲᠡᠭᠡᠨ ᠵᠠᠰᠠᠬᠤ ᠣᠷᠣᠨ᠎ᠤ ᠲᠦᠭᠦᠬᠡᠢ ᠰᠦ ᠵᠢᠨ ᠴᠢᠨᠠᠷ ᠴᠢᠨᠰᠠᠭ᠎ᠠ ᠵᠢᠨ ᠠᠮᠤᠷ ᠲᠦᠪᠰᠢᠨ᠎ᠤ ᠬᠢᠨᠠᠯᠲᠠ ᠬᠡᠮᠵᠢᠯᠲᠡ ᠵᠢᠨ ᠲᠥᠯᠥᠪᠯᠡᠭᠡ ᠵᠢ ᠨᠠᠶ᠋ᠢᠳᠠᠪᠤᠷᠢᠵᠢᠭᠤᠯᠵᠤ᠂ ᠲᠦᠭᠦᠬᠡᠢ ᠰᠦ ᠬᠤᠳᠠᠯᠳᠤᠨ ᠠᠪᠬᠤ ᠥᠷᠳᠡᠭᠡ ᠪᠠ ᠵᠥᠭᠡᠭᠡᠪᠦᠷᠢᠯᠡᠬᠦ ᠲᠡᠷᠭᠡ ᠬᠥᠰᠭᠡ ᠪᠥᠬᠦᠨ᠎ᠳᠤ ᠬᠢᠨᠠᠯᠲᠠ ᠬᠡᠮᠵᠢᠯᠲᠡ ᠬᠢᠬᠦ ᠵᠢ ᠪᠠᠲᠤᠯᠠᠨ᠎ᠠ᠃ ᠵᠠᠬ᠎ᠠ ᠳᠡᠯᠭᠡᠭᠦᠷ᠎ᠤᠨ ᠬᠠᠩᠭ᠋ᠠᠨ ᠪᠣᠷᠣᠯᠠᠭᠤᠯᠬᠤ ᠡᠮᠬᠢ ᠳᠢᠭᠯᠢᠮ᠎ᠢ ᠡᠪᠳᠡᠬᠦ ᠵᠡᠷᠭᠡ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠬᠢᠷᠢ ᠲᠡᠩᠴᠡᠬᠦ ᠦᠭᠡᠢ ᠦᠢ᠍ᠯᠡᠳᠪᠦᠷᠢᠯᠡᠯ ᠡᠵᠡᠩᠨᠡᠯᠲᠡ ᠵᠢᠨ ᠭᠤᠣᠯ ᠴᠣᠭᠴᠠ ᠵᠢ ᠬᠠᠥᠯᠢ ᠶᠣᠰᠣᠭ᠋ᠠᠷ ᠬᠦᠴᠦᠨ ᠦᠭᠡᠢ ᠪᠣᠯᠭ᠋ᠠᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
ᠶᠢᠰᠦ᠂ ᠠᠵᠢᠯ᠎ᠤᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠤᠨ᠂ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠦᠨ᠎ᠡ
29. ᠵᠣᠬᠢᠶᠠᠨ ᠪᠠᠶ᠋ᠢᠭᠤᠯᠵᠤ ᠤᠳᠤᠷᠢᠳᠬᠤ᠎ᠪᠠᠨ ᠴᠢᠩᠭ᠋ᠠᠳᠬᠠᠵᠤ᠂ 《ᠬᠡᠯᠬᠢᠶᠡᠨ ᠳᠠᠷᠤᠭ᠎ᠠ ᠵᠢᠨ ᠳᠦᠷᠢᠮ》᠎ᠤᠨ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠤᠨ᠎ᠠ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠎ᠨᠢ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠵᠤ᠂ ᠠᠵᠢᠯᠯᠠᠬᠤ ᠡᠷᠴᠢᠮ ᠵᠶ᠋ᠠᠨ ᠴᠢᠩᠭ᠋ᠠᠷᠠᠭᠤᠯᠵᠤ᠂ ᠬᠠᠮᠵᠢᠯᠴᠠᠵᠤ ᠬᠠᠮᠲᠤᠷᠠᠬᠤ᠎ᠪᠠᠨ ᠴᠢᠩᠭ᠋ᠠᠳᠬᠠᠵᠤ᠂ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠵᠢ ᠰᠠᠢ᠍ᠲᠤᠷ ᠬᠢᠨ᠎ᠡ᠃ ᠨᠡᠮᠡᠭᠦᠷᠢ ᠵᠢᠨ ᠲᠥᠷᠥᠯ᠎ᠤᠨ ᠲᠥᠷᠥ ᠵᠢᠨ ᠪᠣᠳᠣᠯᠭ᠎ᠠ᠎ᠳᠤ ᠬᠡᠷᠡᠭᠵᠢᠭᠦᠯᠬᠦ ᠨᠠᠷᠢᠨ ᠳᠦᠷᠢᠮ (ᠲᠥᠰᠥᠯ) ᠲᠣᠭᠲᠠᠭ᠋ᠠᠵᠤ᠂ ᠡᠯ᠎ᠡ ᠬᠠᠷᠢᠭᠤᠴᠠᠯᠭ᠋ᠠᠲᠤ ᠨᠢᠭᠡᠴᠢ᠎ᠨᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠎ᠪᠠᠨ ᠴᠢᠩᠳᠠᠯᠠᠵᠤ᠂ ᠠᠵᠢᠯ᠎ᠤᠨ ᠲᠣᠬᠢᠷᠠᠭᠤᠯᠤᠯᠲᠠ᠎ᠪᠠᠨ ᠴᠢᠩᠭ᠋ᠠᠳᠬᠠᠵᠤ᠂ ᠴᠠᠭ ᠲᠤᠬᠠᠢᠳᠤᠨᠢ ᠠᠵᠢᠯ ᠵᠶ᠋ᠠᠨ ᠰᠤᠳᠤᠯᠵᠤ᠂ ᠡᠭᠦᠷᠭᠡ᠎ᠪᠠᠨ ᠳᠣᠷᠣᠭᠰᠢ ᠳᠡᠯᠭᠡᠨ ᠪᠠᠶ᠋ᠢᠷᠢᠯᠠᠭᠤᠯᠵᠤ᠂ ᠠᠰᠠᠭᠤᠳᠠᠯ᠎ᠢ ᠰᠢᠢ᠍ᠳᠪᠦᠷᠢᠯᠡᠨ᠂ ᠴᠢᠬᠤᠯᠠ ᠶᠡᠭᠡ ᠠᠰᠠᠭᠤᠳᠠᠯ᠎ᠢ ᠴᠠᠭ ᠲᠤᠬᠠᠢᠳᠤᠨᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠪᠣᠯᠣᠨ ᠵᠠᠰᠠᠭ᠎ᠤᠨ ᠣᠷᠳᠣᠨ᠎ᠳᠤ ᠳᠡᠪᠰᠢᠭᠦᠯᠵᠦ ᠰᠤᠳᠤᠯᠤᠭᠤᠯᠬᠤ ᠬᠡᠷᠡᠭᠲᠡᠢ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠯ᠎ᠡ ᠬᠠᠷᠢᠭᠤᠴᠠᠯᠭ᠋ᠠᠲᠤ ᠨᠢᠭᠡᠴᠢ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
30. ᠲᠦᠭᠦᠬᠡᠢ ᠰᠦ ᠵᠢᠨ ᠦᠢ᠍ᠯᠡᠳᠪᠦᠷᠢᠯᠡᠬᠦ ᠥᠪᠡᠷ᠎ᠤᠨ ᠥᠷᠳᠡᠭ᠎ᠢ ᠬᠢᠨᠠᠨ ᠬᠡᠮᠵᠢᠬᠦ ᠠᠵᠢᠯ᠎ᠢ ᠰᠠᠶ᠋ᠢᠲᠤᠷ ᠬᠢᠵᠦ᠂ ᠠᠷᠠᠯᠵᠢᠶᠠᠨ᠎ᠤ ᠯᠠᠪᠯᠠᠯᠲᠠ ᠵᠢᠨ ᠦᠨ᠎ᠡ ᠬᠠᠩᠰᠢ ᠵᠢᠨ ᠬᠡᠪ ᠵᠠᠭᠪᠤᠷ᠎ᠢ ᠰᠢᠨᠵᠢᠯᠡᠬᠦ ᠤᠬᠠᠭ᠋ᠠᠨᠴᠢ᠎ᠪᠠᠷ ᠪᠠᠶ᠋ᠢᠭᠤᠯᠵᠤ᠂ ᠠᠵᠤ ᠠᠬᠤᠶ᠋ᠢᠯᠠᠯ᠎ᠢ ᠬᠥᠲᠥᠯᠥᠨ ᠵᠢᠯᠣᠭᠤᠳᠴᠦ ᠪᠠᠶ᠋ᠢᠭ᠋ᠠᠳ ᠲᠦᠭᠦᠬᠡᠢ ᠰᠦ ᠵᠢᠨ ᠦᠨ᠎ᠡ ᠬᠠᠩᠰᠢ ᠵᠢ ᠵᠥᠪᠳᠡᠯᠴᠡᠬᠦ ᠲᠣᠭᠲᠠᠴᠠ ᠵᠢ ᠨᠠᠶ᠋ᠢᠳᠠᠪᠤᠷᠢᠵᠢᠭᠤᠯᠵᠤ᠂ ᠲᠦᠭᠦᠬᠡᠢ ᠰᠦ ᠪᠣᠷᠣᠯᠠᠭᠤᠯᠬᠤ ᠪᠠ ᠬᠤᠳᠠᠯᠳᠤᠨ ᠠᠪᠬᠤ ᠡᠮᠬᠢ ᠳᠢᠭᠯᠢᠮ᠎ᠢ ᠲᠣᠭᠲᠠᠪᠤᠷᠢᠵᠢᠭᠤᠯᠤᠨ᠎ᠠ᠃ ᠠᠵᠤ ᠦᠢ᠍ᠯᠡᠰ᠎ᠤᠨ ᠲᠥᠷᠥ ᠵᠢᠨ ᠪᠣᠳᠣᠯᠭ᠎ᠠ ᠵᠢᠨ ᠦᠨᠡᠯᠡᠯᠲᠡ ᠵᠢᠱ᠌ᠢᠯᠲᠡ ᠵᠢ ᠢᠳᠡᠪᠬᠢᠲᠡᠢ᠎ᠪᠠᠷ ᠥᠷᠨᠢᠭᠦᠯᠵᠦ᠂ ᠵᠠᠬ᠎ᠠ ᠳᠡᠯᠭᠡᠭᠦᠷ᠎ᠤᠨ ᠰᠡᠷᠡᠮᠵᠢᠯᠡᠭᠦᠯᠬᠦ ᠲᠣᠭᠲᠠᠴᠠ ᠵᠢ ᠰᠦᠪᠡᠭᠴᠢᠯᠡᠨ ᠪᠠᠶ᠋ᠢᠭᠤᠯᠵᠤ᠂ ᠭᠡᠨᠡᠳᠲᠡ ᠵᠢᠨ ᠪᠠᠶ᠋ᠢᠳᠠᠯ᠎ᠢ ᠴᠠᠭ ᠲᠤᠬᠠᠢᠳᠤᠨᠢ ᠰᠢᠢ᠍ᠳᠪᠦᠷᠢᠯᠡᠵᠦ᠂ ᠬᠡᠲᠦᠷᠡᠮᠡᠬᠡᠢ ᠪᠠᠶ᠋ᠢᠳᠠᠯ ᠡᠭᠦᠰᠬᠦ᠎ᠠᠴᠠ ᠰᠡᠷᠭᠡᠶ᠋ᠢᠯᠡᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠨᠠᠮ᠎ᠤᠨ ᠬᠤᠷᠢᠶᠠᠨ᠎ᠤ ᠰᠦᠯᠵᠢᠶᠡᠨ᠎ᠤ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠲᠠ ᠵᠢᠨ ᠬᠤᠷᠢᠶᠠᠨ᠎ᠤ ᠠᠯᠪᠠᠨ ᠭᠡᠷ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
31. ᠰᠠᠯᠭ᠋ᠠᠨ ᠥᠭᠬᠦ ᠲᠣᠭᠲᠠᠴᠠ᠎ᠳᠤ ᠰᠢᠨ᠎ᠡ ᠵᠢ ᠡᠭᠦᠳᠴᠦ᠂ ᠰᠦ ᠰᠠᠭ᠋ᠠᠯᠢ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠲᠥᠷᠥᠯ ᠵᠦᠢ᠍ᠯ᠎ᠤᠨ ᠪᠡᠯᠡ ᠮᠥᠩᠭᠦᠨ᠎ᠤ ᠬᠢᠨᠠᠯᠲᠠ ᠬᠠᠮᠢᠶᠠᠷᠤᠯᠲᠠ ᠵᠢᠨ ᠲᠠᠪᠴᠠᠩ᠎ᠢ ᠪᠠᠶ᠋ᠢᠭᠤᠯᠵᠤ᠂ ᠲᠥᠷᠥᠯ ᠵᠦᠢ᠍ᠯ᠎ᠤᠨ ᠪᠡᠯᠡ ᠮᠥᠩᠭᠦ ᠵᠢ ᠠᠶ᠋ᠢᠮᠠᠭ ᠬᠤᠲᠠ᠎ᠠᠴᠠ ᠬᠡᠷᠡᠭᠵᠢᠭᠦᠯᠬᠦ ᠭᠤᠣᠯ ᠴᠣᠭᠴᠠ᠎ᠳᠤ ᠰᠢᠭᠤᠳ ᠰᠠᠯᠭ᠋ᠠᠨ ᠥᠭᠭᠦᠨ᠎ᠡ᠃ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠨᠢ ᠡᠯ᠎ᠡ ᠲᠦᠷᠦᠭᠦᠯᠡᠨ ᠬᠠᠷᠢᠭᠤᠴᠠᠬᠤ ᠰᠠᠯᠠᠭ᠎ᠠ ᠮᠥᠴᠢᠷ᠎ᠲᠠᠢ ᠬᠠᠮᠲᠤᠷᠠᠨ ᠪᠡᠯᠡ ᠮᠥᠩᠭᠦᠨ᠎ᠤ ᠬᠠᠮᠢᠶᠠᠷᠤᠯᠲᠠ ᠵᠢᠨ ᠠᠷᠭ᠎ᠠ ᠵᠢ ᠲᠣᠭᠲᠠᠭ᠋ᠠᠵᠤ᠂ ᠪᠡᠯᠡ ᠮᠥᠩᠭᠦᠨ᠎ᠤ ᠵᠠᠷᠤᠯᠭ᠎ᠠ ᠵᠢᠨ ᠠᠬᠢᠴᠠ ᠵᠡᠷᠭᠡ ᠪᠠᠶ᠋ᠢᠳᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠲᠣᠬᠢᠷᠠᠭᠤᠯᠵᠤ᠂ ᠪᠡᠯᠡ ᠮᠥᠩᠭᠦ ᠵᠢ ᠴᠠᠭ ᠲᠤᠬᠠᠢᠳᠤᠨᠢ ᠲᠤᠭ᠎ᠠ ᠶᠣᠰᠣᠭ᠋ᠠᠷ ᠭᠦᠢ᠍ᠴᠡᠳ ᠰᠠᠯᠭ᠋ᠠᠨ ᠥᠭᠴᠦ ᠪᠣᠳᠠᠲᠠᠶ᠋ᠢᠵᠢᠭᠤᠯᠬᠤ ᠵᠢ ᠦᠨᠡᠨ ᠬᠦ᠌ ᠪᠠᠲᠤᠯᠠᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
32. ᠰᠠᠭᠤᠷᠢ ᠮᠥᠩᠭᠦᠨ᠎ᠤ ᠵᠢᠭᠡᠯᠡᠯᠭᠡ ᠵᠢᠨ ᠲᠡᠮᠳᠡᠭᠲᠦ᠂ ᠵᠢᠭᠡᠯᠡᠯᠭᠡ ᠵᠢᠨ ᠲᠡᠮᠳᠡᠭᠲᠦ ᠵᠢᠨ ᠪᠡᠯᠡ ᠮᠥᠩᠭᠦ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠠᠵᠤ ᠦᠢ᠍ᠯᠡᠰ᠎ᠤᠨ ᠬᠥᠭᠵᠢᠯᠲᠡ ᠵᠢᠨ ᠰᠠᠭᠤᠷᠢ ᠮᠥᠩᠭᠦ ᠵᠢ ᠰᠠᠶ᠋ᠢᠲᠤᠷ ᠬᠡᠷᠡᠭᠯᠡᠵᠦ ᠨᠦᠬᠡᠴᠡ ᠭᠦᠢ᠍ᠴᠡᠳ ᠮᠥᠷᠲᠡᠭᠡᠨ ᠠᠵᠢᠯ ᠡᠬᠢᠯᠡᠭᠦᠯᠬᠦ ᠨᠦᠭᠦᠴᠡᠯ᠎ᠲᠠᠢ ᠰᠦ ᠰᠠᠭ᠋ᠠᠯᠢ ᠵᠢᠨ ᠠᠵᠤ ᠦᠢ᠍ᠯᠡᠰ᠎ᠤᠨ ᠬᠡᠯᠬᠢᠶᠡᠨ᠎ᠤ ᠴᠢᠨᠠᠷ ᠰᠠᠶ᠋ᠢᠲᠠᠢ ᠬᠥᠭᠵᠢᠯᠲᠡ ᠵᠢᠨ ᠲᠥᠷᠥᠯ ᠵᠦᠢ᠍ᠯ᠎ᠢ ᠤᠷᠢᠳ ᠵᠶ᠋ᠠᠷ ᠳᠡᠮᠵᠢᠨ᠎ᠡ᠃ ᠰᠦ ᠰᠠᠭ᠋ᠠᠯᠢ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ᠎ᠳᠠᠬᠢ ᠪᠡᠯᠡ ᠣᠷᠤᠭᠤᠯᠤᠯᠲᠠ ᠵᠢᠨ ᠪᠡᠯᠡ ᠮᠥᠩᠭᠦ ᠵᠢ ᠰᠠᠶ᠋ᠢᠲᠤᠷ ᠬᠡᠷᠡᠭᠯᠡᠵᠦ᠂ ᠲᠡᠵᠢᠭᠡᠨ ᠦᠷᠡᠵᠢᠭᠦᠯᠬᠦ᠂ ᠡᠪᠡᠰᠦᠨ᠎ᠤ ᠦᠢ᠍ᠯᠡᠰ ᠵᠡᠷᠭᠡ ᠭᠤᠣᠯᠳᠠᠯᠭ᠎ᠠ ᠪᠣᠯᠬᠤ ᠲᠥᠷᠥᠯ ᠵᠦᠢ᠍ᠯ᠎ᠢ ᠤᠷᠢᠳ ᠵᠶ᠋ᠠᠷ ᠳᠡᠮᠵᠢᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
33. ᠮᠥᠩᠭᠦᠨ ᠭᠦᠢ᠍ᠯᠭᠡᠭᠡᠨ᠎ᠤ ᠳᠡᠮᠵᠢᠯᠭᠡ ᠵᠢ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠰ᠎ᠤᠨ ᠵᠠᠬ᠎ᠠ᠎ᠳᠤ ᠭᠠᠷᠴᠤ ᠫᠠᠶ᠋ᠢᠰᠠ ᠡᠯᠭᠦᠬᠦ ᠵᠢ ᠱᠠᠩᠨᠠᠨ ᠨᠥᠬᠦᠪᠦᠷᠢᠯᠡᠬᠦ ᠬᠤᠯᠪᠣᠭᠳᠠᠯ ᠪᠦᠬᠦᠢ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠵᠤ᠂ ᠨᠦᠭᠦᠴᠡᠯ᠎ᠳᠤ ᠨᠡᠶ᠋ᠢᠴᠡᠭᠰᠡᠨ ᠡᠪᠡᠰᠦᠨ᠎ᠤ ᠦᠢ᠍ᠯᠡᠰ᠂ ᠰᠦ ᠵᠢᠨ ᠦᠢ᠍ᠯᠡᠰ ᠵᠡᠷᠭᠡ ᠠᠵᠤ ᠠᠬᠤᠶ᠋ᠢᠯᠠᠯ᠎ᠤᠨ ᠫᠠᠶ᠋ᠢᠰᠠ ᠡᠯᠭᠦᠬᠦ᠂ ᠵᠠᠬ᠎ᠠ᠎ᠳᠤ ᠭᠠᠷᠴᠤ ᠪᠡᠯᠡ ᠲᠣᠬᠢᠷᠠᠭᠤᠯᠬᠤ ᠪᠠ ᠵᠢᠭᠡᠯᠡᠯᠭᠡ ᠵᠢᠨ ᠲᠡᠮᠳᠡᠭᠲᠦ ᠲᠠᠷᠬᠠᠭ᠋ᠠᠬᠤ ᠵᠢ ᠳᠡᠮᠵᠢᠨ᠎ᠡ; 《ᠪᠠᠲᠤᠯᠠᠬᠤ᠎ᠳᠤ ᠲᠤᠰᠠᠯᠠᠬᠤ ᠵᠢᠭᠡᠯᠡᠯᠭᠡ》᠂ 《ᠠᠮᠢᠳᠤ ᠪᠡᠶᠡᠲᠦ ᠵᠢᠨ ᠵᠢᠭᠡᠯᠡᠯᠭᠡ》᠂ 《ᠳᠠᠭ᠋ᠠᠳᠬᠠᠯ᠎ᠤᠨ ᠬᠠᠭᠤᠳᠠᠰᠤ᠎ᠪᠠᠷ ᠳᠠᠨᠵᠢᠯᠠᠬᠤ》᠂ 《ᠬᠥᠬᠡ ᠳᠠᠷᠤᠰᠢ ᠵᠢᠨ ᠵᠢᠭᠡᠯᠡᠯᠭᠡ》 ᠵᠡᠷᠭᠡ ᠮᠥᠩᠭᠦᠨ ᠭᠦᠢ᠍ᠯᠭᠡᠭᠡᠨ᠎ᠤ ᠨᠡᠷᠡᠳᠭᠦᠨ᠎ᠢ ᠶᠡᠭᠡ ᠬᠦᠴᠦᠨ ᠵᠶ᠋ᠠᠷ ᠳᠡᠯᠭᠡᠷᠡᠭᠦᠯᠦᠨ᠎ᠡ; ᠦᠨᠢᠶᠡᠨ ᠰᠦ ᠵᠢᠨ ᠦᠨ᠎ᠡ ᠬᠠᠩᠰᠢ ᠵᠢᠨ ᠳᠠᠭ᠋ᠠᠳᠬᠠᠯ᠎ᠤᠨ ᠲᠤᠷᠰᠢᠯᠲᠠ ᠵᠢᠨ ᠴᠡᠭ᠎ᠢ ᠰᠦᠪᠡᠭᠴᠢᠯᠡᠨ ᠥᠷᠨᠢᠭᠦᠯᠦᠨ᠎ᠡ; ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠲᠡᠵᠢᠭᠡᠨ ᠦᠷᠡᠵᠢᠭᠦᠯᠬᠦ ᠲᠠᠯᠠᠪᠠᠢ ᠵᠢᠨ ᠵᠢᠭᠡᠯᠡᠯᠭᠡ ᠵᠢᠨ ᠬᠤᠭᠤᠴᠠᠭ᠎ᠠ ᠵᠢ ᠵᠣᠬᠢᠰᠲᠠᠢ ᠲᠣᠭᠲᠠᠭ᠋ᠠᠬᠤ ᠵᠢ ᠵᠣᠷᠢᠭᠵᠢᠭᠤᠯᠵᠤ᠂ ᠤᠷᠲᠤᠪᠲᠤᠷ ᠪᠠ ᠤᠷᠳᠤ ᠬᠤᠭᠤᠴᠠᠭ᠋ᠠᠨ᠎ᠤ ᠬᠠᠷᠠᠭ᠋ᠠᠯᠵᠠᠯᠲᠤ ᠬᠦᠦ ᠮᠥᠩᠭᠦᠨ᠎ᠤ ᠨᠣᠷᠮ᠎ᠠ ᠵᠢᠨ ᠵᠢᠭᠡᠯᠡᠯᠭᠡ ᠣᠯᠭᠤᠵᠤ᠂ ᠤᠷᠲᠤᠪᠲᠤᠷ ᠪᠠ ᠤᠷᠳᠤ ᠬᠤᠭᠤᠴᠠᠭ᠋ᠠᠨ᠎ᠤ ᠵᠢᠭᠡᠯᠡᠯᠭᠡ ᠵᠢᠨ ᠡᠵᠡᠯᠡᠬᠦ ᠬᠠᠷᠢᠴᠠᠯ᠎ᠢ ᠳᠡᠭᠡᠭᠰᠢᠯᠡᠭᠦᠯᠵᠦ᠂ ᠲᠠᠷᠢᠶᠠᠯᠠᠩ᠎ᠲᠠᠢ ᠬᠤᠯᠪᠣᠭᠳᠠᠬᠤ ᠵᠢᠭᠡᠯᠡᠯᠭᠡ ᠵᠢᠨ ᠲᠦᠭᠰᠢᠭᠦᠷᠢ ᠵᠢᠨ ᠬᠦᠯᠢᠴᠡᠨ ᠲᠡᠰᠪᠦᠷᠢᠯᠡᠬᠦ ᠪᠠᠶ᠋ᠢᠳᠠᠯ᠎ᠢ ᠵᠣᠬᠢᠬᠤ ᠬᠡᠮᠵᠢᠶ᠎ᠡ᠎ᠪᠠᠷ ᠳᠡᠭᠡᠭᠰᠢᠯᠡᠭᠦᠯᠦᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠂ ᠣᠷᠣᠨ ᠨᠤᠲᠤᠭ᠎ᠤᠨ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠳᠤᠮᠳᠠᠳᠤ ᠤᠯᠤᠰ᠎ᠤᠨ ᠠᠷᠠᠳ᠎ᠤᠨ ᠪᠠᠩᠬᠢ ᠵᠢᠨ ᠥᠪᠥᠷ ᠮᠣᠩᠭᠤᠯ᠎ᠤᠨ ᠬᠤᠪᠢᠶᠠᠷᠢ ᠪᠠᠩᠬᠢ᠂ ᠤᠯᠤᠰ᠎ᠤᠨ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶᠠᠨ᠎ᠤ ᠥᠪᠥᠷ ᠮᠣᠩᠭᠤᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠥᠷ ᠮᠣᠩᠭᠤᠯ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
ᠳᠡᠭᠡᠷᠡᠬᠢ ᠲᠥᠷᠥ ᠵᠢᠨ ᠪᠣᠳᠣᠯᠭ᠎ᠠ ᠵᠢ 2023 ᠣᠨ᠎ᠤ 10 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠵᠦ᠂ 2025 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ ᠪᠣᠯᠲᠠᠯ᠎ᠠ ᠬᠦᠴᠦᠨ᠎ᠲᠠᠢ᠃ 《ᠰᠦ ᠰᠠᠭ᠋ᠠᠯᠢ ᠵᠢᠨ ᠦᠢ᠍ᠯᠡᠰ᠎ᠤᠨ ᠥᠷᠨᠢᠭᠦᠨ ᠬᠥᠭᠵᠢᠯᠲᠡ ᠵᠢ ᠠᠬᠢᠭᠤᠯᠬᠤ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ᠎ᠨᠦᠭᠦᠳ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》 (ᠥᠪᠥᠷ ᠵᠠᠰᠠᠭ ᠠᠯᠪᠠᠨ ᠲᠠᠷᠬᠠᠭ᠋ᠠᠭᠰᠠᠨ [2019] 33 ᠳ᠋ᠤᠭ᠋ᠠᠷ ᠲᠣᠭ᠋ᠠᠲᠤ)᠂ 《ᠰᠦ ᠰᠠᠭ᠋ᠠᠯᠢ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠶᠢᠰᠦᠨ ᠵᠦᠢ᠍ᠯ᠎ᠤᠨ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢᠨ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》 (ᠥᠪᠥᠷ ᠵᠠᠰᠠᠭ ᠠᠯᠪᠠᠨ ᠲᠠᠷᠬᠠᠭ᠋ᠠᠭᠰᠠᠨ [2022] 18 ᠳ᠋ᠤᠭ᠋ᠠᠷ ᠲᠣᠭ᠋ᠠᠲᠤ) ᠪᠠ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠦᠭᠦᠬᠡᠢ ᠰᠦ ᠵᠢ ᠠᠶ᠋ᠢᠮᠠᠭ ᠬᠤᠲᠠ ᠠᠯᠤᠰᠯᠠᠨ ᠰᠢᠯᠵᠢᠭᠦᠯᠦᠨ ᠵᠥᠭᠡᠭᠡᠪᠦᠷᠢᠯᠡᠬᠦ ᠨᠡᠮᠡᠭᠦᠷᠢ ᠵᠢᠨ ᠬᠡᠷᠡᠭᠵᠢᠭᠦᠯᠬᠦ ᠨᠠᠷᠢᠨ ᠳᠦᠷᠢᠮ》 (ᠥᠪᠥᠷ ᠲᠠᠷᠢᠶᠠᠯᠠᠩ ᠮᠠᠯ ᠠᠵᠤ ᠠᠬᠤᠢ ᠲᠠᠷᠬᠠᠭ᠋ᠠᠭᠰᠠᠨ [2022] 507 ᠳ᠋ᠤᠭ᠋ᠠᠷ ᠲᠣᠭ᠋ᠠᠲᠤ)᠎ᠢ ᠲᠣᠰ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠬᠡᠷᠡᠭᠵᠢᠭᠦᠯᠦᠭᠰᠡᠨ ᠡᠳᠦᠷ᠎ᠠᠴᠠ ᠡᠬᠢᠯᠡᠨ ᠬᠠᠮᠲᠤᠳᠤᠨᠢ ᠬᠦᠴᠦᠨ ᠦᠭᠡᠢ ᠪᠣᠯᠭ᠋ᠠᠨ᠎ᠠ᠃
ᠥᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
2023 ᠤᠨ᠎ᠤ 9 ᠳ᠋ᠦ᠍ᠭᠡᠷ ᠰᠠᠷ᠎ᠠ ᠵᠢᠨ 20᠎ᠤ ᠡᠳᠦᠷ ᠳᠠᠷᠤᠮᠠᠯᠯᠠᠨ ᠲᠠᠷᠬᠠᠭ᠋ᠠᠪᠠ