ᠬᠥᠬᠡᠮᠥ᠋ᠷᠡᠨ᠎ᠳᠤ ᠠᠷᠪᠠᠨ ᠵᠢᠯ ᠵᠢᠭ᠋ᠠᠰᠤ ᠠᠩᠨᠠᠬᠤ ᠵᠢ ᠴᠠᠭ᠋ᠠᠵᠠᠯᠠᠭᠰᠠᠨ᠎ᠠᠴᠠ ᠨᠠᠭ᠋ᠠᠰᠢ᠂ ᠤᠰᠤᠨ᠎ᠤ ᠠᠮᠢᠳᠤ ᠪᠣᠳᠠᠰ᠎ᠤᠨ ᠡᠬᠢ ᠪᠠᠶᠠᠯᠢᠭ᠎ᠤᠨ ᠰᠡᠷᠭᠦᠯᠲᠡ ᠰᠠᠶ᠋ᠢᠵᠢᠷᠠᠪᠠ᠃ ᠡᠭᠦᠨ᠎ᠤ ᠵᠡᠷᠭᠡ᠎ᠳᠤ᠂ ᠬᠥᠬᠡᠮᠥ᠋ᠷᠡᠨ᠎ᠤ ᠭᠤᠣᠯ᠎ᠢ ᠬᠠᠰᠢᠵᠤ ᠬᠠᠰᠢᠯᠭ᠎ᠠ ᠪᠠᠷᠢᠬᠤ᠂ ᠤᠰᠤᠨ ᠵᠠᠮ᠎ᠢ ᠵᠠᠰᠠᠬᠤ᠂ ᠬᠠᠶ᠋ᠢᠷ ᠮᠠᠯᠲᠠᠵᠤ ᠴᠢᠯᠠᠭᠤ ᠭᠠᠷᠭ᠋ᠠᠬᠤ ᠵᠡᠷᠭᠡ ᠬᠥᠮᠥᠨ ᠲᠥᠷᠥᠯᠬᠢᠲᠡᠨ᠎ᠤ ᠠᠵᠢᠯᠯᠠᠭ᠎ᠠ ᠮᠥᠨ ᠯᠡ ᠨᠡᠯᠢᠶᠡᠳ ᠤᠯᠠᠨ ᠪᠠᠶ᠋ᠢᠵᠤ᠂ ᠮᠥᠬᠦᠬᠦ ᠰᠢᠬᠠᠭᠰᠠᠨ ᠬᠤᠪᠣᠷ ᠴᠤᠬᠠᠭ ᠪᠣᠳᠠᠰ᠎ᠤᠨ ᠳᠦᠷᠰᠦ ᠵᠢᠨ ᠣᠷᠣᠰᠢᠨ ᠠᠮᠢᠳᠤᠷᠠᠬᠤ ᠣᠷᠴᠢᠨ ᠨᠥᠬᠦᠴᠡᠯ ᠬᠠᠷᠠᠬᠠᠨ ᠦᠨᠳᠦᠰᠦᠨ᠎ᠠᠴᠠ᠎ᠪᠠᠨ ᠰᠠᠶ᠋ᠢᠵᠢᠷᠠᠭ᠋ᠠᠳᠤᠢ ᠪᠠᠶ᠋ᠢᠭᠰᠠᠭ᠋ᠠᠷ᠃ ᠳᠠᠷᠠᠭ᠋ᠠᠴᠢ᠎ᠪᠠᠷ᠂ ᠮᠠᠨ᠎ᠤ ᠤᠯᠤᠰ ᠭᠤᠷᠪᠠᠨ ᠲᠠᠯ᠎ᠠ ᠵᠢᠨ ᠬᠠᠨᠳᠤᠯᠭ᠋ᠠᠲᠤ ᠴᠢᠨᠠᠷᠲᠠᠢ ᠠᠷᠭ᠎ᠠ ᠬᠡᠮᠵᠢᠶ᠎ᠡ ᠠᠪᠴᠤ᠂ ᠬᠥᠬᠡᠮᠥ᠋ᠷᠡᠨ᠎ᠤ ᠮᠥᠬᠦᠬᠦ ᠰᠢᠬᠠᠭᠰᠠᠨ ᠬᠤᠪᠣᠷ ᠴᠤᠬᠠᠭ ᠪᠣᠳᠠᠰ᠎ᠤᠨ ᠳᠦᠷᠰᠦ ᠵᠢᠨ ᠬᠠᠮᠠᠭ᠋ᠠᠯᠠᠯᠲᠠ ᠵᠢ ᠴᠢᠩᠭ᠋ᠠᠳᠬᠠᠬᠤ᠎ᠪᠠᠷ ᠪᠤᠢ᠃
ᠡᠨᠡ ᠪᠣᠯ ᠰᠤᠷᠪᠤᠯᠵᠢᠯᠠᠭᠴᠢ ᠵᠢᠨ 2᠎ᠤᠨ ᠡᠳᠦᠷ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠣᠨᠢᠨ ᠮᠡᠳᠡᠭᠡᠨ᠎ᠤ ᠠᠯᠪᠠᠨ ᠭᠡᠷ᠎ᠤᠨ ᠡᠷᠭᠢᠯᠡᠭᠰᠡᠨ ᠲᠥᠷᠥ ᠵᠢᠨ ᠶᠠᠪᠤᠳᠠᠯ᠎ᠤᠨ ᠬᠤᠷᠢᠶᠠᠨ᠎ᠤ ᠲᠥᠷᠥ ᠵᠢᠨ ᠪᠣᠳᠣᠯᠭ᠎ᠠ ᠨᠡᠶ᠋ᠢᠲᠡᠯᠡᠬᠦ ᠵᠣᠷᠰᠢᠯ᠎ᠲᠦ ᠬᠤᠷᠠᠯ᠎ᠠᠴᠠ ᠣᠶ᠋ᠢᠯᠠᠭ᠋ᠠᠭᠰᠠᠨ ᠮᠡᠳᠡᠭᠡ ᠪᠣᠯᠣᠨ᠎ᠠ᠃
ᠲᠠᠷᠢᠶᠠᠯᠠᠩ ᠬᠥᠳᠡᠭᠡ ᠲᠣᠰᠬᠤᠨ᠎ᠤ ᠶᠠᠮᠤᠨ᠎ᠤ ᠰᠠᠶ᠋ᠢᠳ ᠲᠠᠩ ᠷᠧᠨ ᠵᠢᠶᠠᠨ ᠬᠤᠷᠠᠯ ᠳᠡᠭᠡᠷ᠎ᠡ ᠢᠯᠡᠷᠬᠡᠶ᠋ᠢᠯᠡᠬᠦ᠎ᠳᠤ᠎ᠪᠠᠨ᠂ ᠬᠥᠬᠡᠮᠥ᠋ᠷᠡᠨ᠎ᠤ ᠰᠠᠪᠠ ᠭᠠᠵᠠᠷ ᠪᠣᠯ ᠳᠡᠯᠡᠬᠡᠢ ᠳᠡᠭᠡᠷᠡᠬᠢ ᠤᠰᠤᠨ᠎ᠤ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ ᠵᠶ᠋ᠠᠷ ᠬᠠᠮᠤᠭ᠎ᠤᠨ ᠡᠯᠪᠡᠭ ᠣᠷᠣᠨ ᠪᠦᠰᠡ᠎ᠨᠦᠭᠦᠳ᠎ᠤᠨ ᠨᠢᠭᠡ ᠪᠠᠶ᠋ᠢᠵᠤ᠂ 400 ᠭᠠᠷᠤᠢ ᠵᠢᠭ᠋ᠠᠰᠤᠨ᠎ᠤ ᠲᠥᠷᠥᠯ ᠲᠠᠷᠬᠠᠵᠤ ᠪᠠᠶ᠋ᠢᠨ᠎ᠠ᠃ 2021 ᠣᠨ᠎ᠳᠤ ᠵᠢᠭ᠋ᠠᠰᠤ ᠠᠩᠨᠠᠬᠤ ᠵᠢ ᠴᠠᠭ᠋ᠠᠵᠠᠯᠠᠭᠰᠠᠨ᠎ᠠᠴᠠ ᠨᠠᠭ᠋ᠠᠰᠢ᠂ ᠵᠢᠭ᠋ᠠᠰᠤᠨ᠎ᠤ ᠲᠥᠷᠥᠯ᠎ᠤᠨ ᠡᠬᠢ ᠪᠠᠶᠠᠯᠢᠭ ᠡᠬᠢᠯᠡᠨ ᠰᠡᠷᠭᠦᠵᠦ᠂ 2022 ᠣᠨ᠎ᠳᠤ ᠪᠡᠯᠭᠡ ᠲᠡᠮᠳᠡᠭ᠎ᠤᠨ ᠴᠢᠨᠠᠷᠲᠠᠢ ᠪᠣᠳᠠᠰ᠎ᠤᠨ ᠳᠦᠷᠰᠦ ᠪᠣᠯᠬᠤ ᠬᠦᠬᠡᠮᠦ᠋ᠷᠡᠨ᠎ᠤ ᠭᠠᠭ᠍ᠠᠢ ᠬᠠᠯᠢᠮᠤ ᠵᠢᠨ ᠳᠦᠷᠰᠦ ᠵᠢᠨ ᠰᠦᠷᠦᠭ 1249᠎ᠳᠤ ᠬᠦᠷᠴᠦ᠂ ᠲᠡᠦᠬᠡᠲᠦ ᠴᠢᠨᠠᠷᠲᠠᠢ᠎ᠪᠠᠷ ᠪᠠᠭᠤᠷᠠᠬᠤ᠎ᠪᠠᠨ ᠵᠣᠭᠰᠣᠵᠤ ᠳᠠᠬᠢᠨ ᠳᠡᠭᠡᠭᠰᠢᠯᠡᠵᠡᠢ ᠭᠡᠪᠡ᠃
《ᠭᠡᠪᠡᠴᠦ ᠡᠭᠦᠨ᠎ᠤ ᠵᠡᠷᠭᠡ᠎ᠳᠤ ᠪᠢᠳᠡ ᠪᠠᠰᠠ ᠣᠳᠣᠬᠠᠨ᠎ᠳᠤ ᠬᠥᠬᠡᠮᠥ᠋ᠷᠡᠨ᠎ᠤ ᠭᠤᠣᠯ᠎ᠢ ᠬᠠᠰᠢᠵᠤ ᠬᠠᠰᠢᠯᠭ᠎ᠠ ᠪᠠᠷᠢᠬᠤ᠂ ᠤᠰᠤᠨ ᠵᠠᠮ᠎ᠢ ᠵᠠᠰᠠᠬᠤ᠂ ᠬᠠᠶ᠋ᠢᠷ ᠮᠠᠯᠲᠠᠵᠤ ᠴᠢᠯᠠᠭᠤ ᠭᠠᠷᠭ᠋ᠠᠬᠤ ᠵᠡᠷᠭᠡ ᠬᠥᠮᠥᠨ ᠲᠥᠷᠥᠯᠬᠢᠲᠡᠨ᠎ᠤ ᠠᠵᠢᠯᠯᠠᠭ᠎ᠠ ᠮᠥᠨ ᠬᠦ᠌ ᠨᠡᠯᠢᠶᠡᠳ ᠣᠯᠠᠨ ᠪᠠᠶ᠋ᠢᠵᠤ᠂ ᠮᠥᠬᠦᠬᠦ ᠰᠢᠬᠠᠭᠰᠠᠨ ᠬᠤᠪᠣᠷ ᠴᠤᠬᠠᠭ ᠪᠣᠳᠠᠰ᠎ᠤᠨ ᠳᠦᠷᠰᠦ ᠵᠢᠨ ᠣᠷᠣᠰᠢᠨ ᠠᠮᠢᠳᠤᠷᠠᠬᠤ ᠣᠷᠴᠢᠨ ᠨᠥᠬᠦᠴᠡᠯ ᠪᠠᠰᠠ ᠦᠨᠳᠦᠰᠦᠨ᠎ᠠᠴᠠ᠎ᠪᠠᠨ ᠰᠠᠶ᠋ᠢᠵᠢᠷᠠᠭ᠋ᠠᠳᠤᠢ ᠪᠥᠭᠡᠳ ᠡᠳᠡᠭᠡᠷ ᠮᠥᠬᠦᠬᠦ ᠰᠢᠬᠠᠭᠰᠠᠨ ᠪᠣᠳᠠᠰ᠎ᠤᠨ ᠳᠦᠷᠰᠦ ᠵᠢᠨ ᠦᠰᠦᠯᠲᠡ ᠵᠢᠨ ᠦᠶᠡᠯᠡᠯ᠎ᠤᠨ ᠬᠤᠭᠤᠴᠠᠭ᠎ᠠ ᠤᠷᠲᠤ᠂ ᠦᠷᠡᠵᠢᠯ᠎ᠤᠨ ᠬᠦᠴᠢᠷᠳᠡᠯ ᠶᠡᠭᠡ᠂ ᠬᠠᠮᠠᠭ᠋ᠠᠯᠠᠯᠲᠠ ᠵᠢᠨ ᠪᠠᠶ᠋ᠢᠳᠠᠯ ᠮᠥᠨ ᠬᠦ᠌ ᠲᠡᠶ᠋ᠢᠮᠦ ᠰᠠᠶ᠋ᠢᠨ ᠪᠢᠰᠢ ᠪᠠᠶ᠋ᠢᠬᠤ ᠵᠢ ᠰᠡᠷᠭᠡᠭ ᠵᠶ᠋ᠠᠷ ᠣᠯᠵᠤ ᠬᠠᠷᠠᠬᠤ ᠬᠡᠷᠡᠭᠲᠡᠢ᠃》 ᠭᠡᠵᠦ ᠲᠠᠩ ᠷᠧᠨ ᠵᠢᠶᠠᠨ ᠬᠡᠯᠡᠪᠡ᠃
ᠲᠠᠨᠢᠯᠴᠠᠭᠤᠯᠤᠭᠰᠠᠨ ᠵᠶ᠋ᠠᠷ᠂ ᠲᠠᠷᠠᠭ᠋ᠠᠴᠢ᠎ᠪᠠᠷ ᠮᠠᠨ᠎ᠤ ᠤᠯᠤᠰ ᠭᠤᠷᠪᠠᠨ ᠲᠠᠯ᠎ᠠ ᠵᠢᠨ ᠬᠠᠨᠳᠤᠯᠭ᠋ᠠᠲᠤ ᠴᠢᠨᠠᠷᠲᠠᠢ ᠠᠷᠭ᠎ᠠ ᠬᠡᠮᠵᠢᠶ᠎ᠡ ᠠᠪᠴᠤ᠂ ᠬᠥᠬᠡᠮᠥ᠋ᠷᠡᠨ᠎ᠤ ᠮᠥᠬᠦᠬᠦ ᠰᠢᠬᠠᠭᠰᠠᠨ ᠬᠤᠪᠣᠷ ᠴᠤᠬᠠᠭ ᠪᠣᠳᠠᠰ᠎ᠤᠨ ᠳᠦᠷᠰᠦ ᠵᠢᠨ ᠬᠠᠮᠠᠭ᠋ᠠᠯᠠᠯᠲᠠ ᠵᠢ ᠰᠠᠶ᠋ᠢᠲᠤᠷ ᠠᠳᠬᠤᠬᠤ ᠪᠣᠯᠣᠨ᠎ᠠ᠄
ᠨᠢᠭᠡ᠎ᠳᠤ ᠬᠥᠮᠥᠨ᠎ᠤ ᠬᠦᠴᠦ᠎ᠪᠠᠷ ᠡᠭᠦᠯᠳᠡᠷ ᠬᠠᠮᠠᠭ᠋ᠠᠯᠠᠬᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠡᠷᠬᠡ ᠰᠡᠳᠦᠪ᠎ᠢ ᠰᠢᠢ᠍ᠳᠪᠦᠷᠢᠯᠡᠬᠦ᠎ᠪᠠᠨ ᠴᠢᠩᠭ᠋ᠠᠳᠬᠠᠨ᠎ᠠ᠃ ᠣᠳᠣᠬᠠᠨ᠎ᠳᠤ ᠮᠠᠨ᠎ᠤ ᠤᠯᠤᠰ ᠨᠢᠭᠡᠨᠲᠡ ᠨᠢᠭᠡ ᠪᠦᠯᠦᠭ ᠳᠤᠮᠳᠠᠳᠤ ᠵᠢᠨ ᠬᠢᠯᠢᠮ᠎ᠡ᠂ ᠬᠦᠬᠡᠮᠦ᠋ᠷᠡᠨ᠎ᠤ ᠬᠢᠯᠢᠮ᠎ᠡ ᠵᠢᠨ ᠡᠭᠦᠯᠳᠡᠷ᠎ᠢ ᠬᠥᠮᠥᠨ᠎ᠤ ᠬᠦᠴᠦ᠎ᠪᠠᠷ ᠬᠠᠮᠠᠭ᠋ᠠᠯᠠᠬᠤ ᠲᠠᠯᠠᠪᠠᠶ ᠪᠠᠶ᠋ᠢᠭᠤᠯᠵᠤ᠂ ᠵᠣᠬᠢᠬᠤ ᠬᠡᠪᠴᠢᠶᠡᠨ᠎ᠤ ᠡᠴᠢᠭᠡ ᠪᠡᠶ᠎ᠡ ᠡᠬᠡ ᠪᠡᠶ᠎ᠡ ᠵᠢᠨ ᠬᠥᠮᠥᠷᠭᠡ᠎ᠲᠠᠢ ᠪᠣᠯᠵᠤ᠂ ᠬᠡᠪᠴᠢᠶᠡᠵᠢᠭᠰᠡᠨ ᠬᠥᠮᠥᠨ᠎ᠤ ᠬᠦᠴᠦ᠎ᠪᠠᠷ ᠦᠷᠡᠵᠢᠭᠦᠯᠦᠨ ᠪᠣᠶ᠋ᠢᠵᠢᠭᠤᠯᠬᠤ ᠮᠡᠷᠭᠡᠵᠢᠯ᠎ᠤᠨ ᠪᠡᠷᠬᠡ ᠰᠡᠳᠦᠪ᠎ᠢ ᠰᠢᠢ᠍ᠳᠪᠦᠷᠢᠯᠡᠭᠰᠡᠨ ᠪᠠᠶ᠋ᠢᠨ᠎ᠠ᠃ ᠳᠠᠷᠠᠭ᠋ᠠᠴᠢ᠎ᠪᠠᠷ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠡᠷᠬᠡ ᠰᠡᠳᠦᠪ᠎ᠢ ᠰᠢᠢ᠍ᠳᠪᠦᠷᠢᠯᠡᠬᠦ᠎ᠪᠠᠨ ᠦᠷᠭᠦᠯᠵᠢᠯᠡᠨ ᠴᠢᠩᠭ᠋ᠠᠳᠬᠠᠵᠤ᠂ ᠡᠭᠦᠯᠳᠡᠷ ᠬᠠᠮᠠᠭ᠋ᠠᠯᠠᠬᠤ ᠲᠠᠯᠠᠪᠠᠢ ᠵᠢᠨ ᠬᠥᠮᠥᠨ᠎ᠤ ᠬᠦᠴᠦ᠎ᠪᠠᠷ ᠦᠷᠡᠵᠢᠭᠦᠯᠦᠨ ᠪᠣᠶ᠋ᠢᠵᠢᠭᠤᠯᠬᠤ ᠴᠢᠳᠠᠪᠤᠷᠢ ᠵᠢ ᠳᠡᠭᠡᠭᠰᠢᠯᠡᠭᠦᠯᠵᠦ᠂ ᠪᠠᠶ᠋ᠢᠭ᠋ᠠᠯᠢ ᠵᠢᠨ ᠦᠷᠡᠵᠢᠯᠲᠡ᠂ ᠠᠮᠢᠳᠤᠷᠠᠯ᠎ᠤᠨ ᠣᠷᠴᠢᠨ᠎ᠢ ᠰᠡᠷᠭᠦᠭᠡᠬᠦ ᠵᠡᠷᠭᠡ ᠵᠠᠩᠭᠢᠯᠠᠭ᠎ᠠ ᠵᠢᠨ ᠮᠡᠷᠭᠡᠵᠢᠯ᠎ᠢ ᠲᠦᠷᠭᠡᠨ ᠰᠢᠪᠲᠤᠯᠬᠤ᠎ᠪᠠᠷ ᠴᠢᠷᠮᠠᠶ᠋ᠢᠨ᠎ᠠ᠃
ᠬᠤᠶᠠᠷ᠎ᠲᠤ ᠦᠷᠡᠵᠢᠭᠦᠯᠦᠨ ᠵᠢᠷᠠᠭ᠋ᠠᠬᠠᠢ ᠲᠠᠯᠪᠢᠬᠤ ᠵᠢ ᠡᠷᠴᠢᠮᠵᠢᠭᠦᠯᠦᠨ᠎ᠡ᠃ ᠮᠥᠬᠦᠬᠦ ᠰᠢᠬᠠᠭᠰᠠᠨ ᠬᠤᠪᠣᠷ ᠴᠤᠬᠠᠭ ᠪᠣᠳᠠᠰ᠎ᠤᠨ ᠳᠦᠷᠰᠦ᠎ᠨᠢ ᠵᠥᠪᠬᠡᠨ ᠪᠠᠶ᠋ᠢᠭ᠋ᠠᠯᠢ ᠵᠢᠨ ᠦᠷᠡᠵᠢᠯᠲᠡ᠎ᠳᠤ ᠲᠦᠰᠢᠭᠯᠡᠨ ᠰᠡᠷᠭᠦᠬᠦ᠎ᠳᠤ ᠨᠡᠯᠢᠶᠡᠳ ᠬᠦᠴᠢᠷᠲᠡᠢ᠂ ᠡᠷᠬᠡᠪᠰᠢ ᠦᠷᠡᠵᠢᠭᠦᠯᠬᠦ᠎ᠪᠠᠷ ᠳᠡᠮᠵᠢᠨ ᠬᠡᠭᠡᠷ᠎ᠡ ᠵᠢᠨ ᠰᠦᠷᠦᠭᠵᠢᠯ᠎ᠢ ᠨᠥᠬᠦᠪᠦᠷᠢᠯᠡᠬᠦ ᠬᠡᠷᠡᠭᠲᠡᠢ᠃ ᠡᠨᠡ ᠵᠢᠯ᠎ᠠᠴᠠ ᠡᠬᠢᠯᠡᠨ᠂ ᠲᠠᠷᠢᠶᠠᠯᠠᠩ ᠬᠥᠳᠡᠭᠡ ᠲᠣᠰᠬᠤᠨ᠎ᠤ ᠶᠠᠮᠤᠨ ᠵᠢᠯ ᠪᠦᠷᠢ 5000 ᠲᠦᠮᠡᠨ ᠲᠥᠭᠦᠷᠢᠭ᠎ᠤᠨ ᠲᠤᠰᠬᠠᠢ ᠪᠡᠯᠡ ᠮᠥᠩᠭᠦ ᠲᠣᠬᠢᠷᠠᠭᠤᠯᠵᠤ᠂ 100 ᠲᠦᠮᠡᠨ ᠵᠢᠷᠠᠭ᠋ᠠᠬᠠᠢ ᠲᠠᠯᠪᠢᠬᠤ᠎ᠪᠠᠷ ᠴᠢᠷᠮᠠᠶ᠋ᠢᠵᠤ᠂ ᠬᠤᠶ᠋ᠢᠰᠢᠳᠠ ᠵᠢᠨ ᠭᠤᠷᠪᠠ᠎ᠠᠴᠠ ᠲᠠᠪᠤᠨ ᠵᠢᠯ᠎ᠳᠤ ᠠᠯᠬᠤᠮ ᠠᠯᠬᠤᠮ ᠵᠶ᠋ᠠᠷ 500 ᠲᠦᠮᠡᠨ ᠵᠢᠷᠠᠭ᠋ᠠᠬᠠᠢ ᠲᠠᠯᠪᠢᠬᠤ᠎ᠪᠠᠷ ᠴᠢᠷᠮᠠᠶ᠋ᠢᠨ᠎ᠠ᠃
ᠭᠤᠷᠪᠠ᠎ᠳᠤ ᠭᠤᠣᠯᠳᠠᠯᠭ᠎ᠠ᠎ᠲᠠᠢ ᠤᠰᠤᠨ᠎ᠤ ᠠᠮᠢᠳᠤ ᠪᠣᠳᠠᠰ᠎ᠤᠨ ᠣᠷᠣᠰᠢᠨ ᠠᠮᠢᠳᠤᠷᠠᠬᠤ ᠭᠠᠵᠠᠷ᠎ᠤᠨ ᠬᠠᠮᠠᠭ᠋ᠠᠯᠠᠯᠲᠠ ᠵᠢ ᠴᠢᠩᠭ᠋ᠠᠳᠬᠠᠨ᠎ᠠ᠃ ᠥᠨᠳᠡᠭᠡᠯᠡᠬᠦ ᠭᠠᠵᠠᠷ᠂ ᠥᠭᠶᠥᠭᠡ ᠠᠪᠬᠤ ᠭᠠᠵᠠᠷ᠂ ᠡᠪᠦᠯᠵᠢᠶ᠎ᠡ ᠪᠠ ᠨᠡᠭᠦᠳᠡᠯᠯᠡᠬᠦ ᠵᠠᠮ᠎ᠢ ᠰᠠᠶ᠋ᠢᠲᠤᠷ ᠬᠠᠮᠠᠭ᠋ᠠᠯᠠᠬᠤ ᠬᠡᠷᠡᠭᠲᠡᠢ᠃ ᠲᠠᠷᠢᠶᠠᠯᠠᠩ ᠬᠥᠳᠡᠭᠡ ᠲᠣᠰᠬᠤᠨ᠎ᠤ ᠶᠠᠮᠤᠨ ᠲᠣᠬᠢᠷᠠᠮᠵᠢᠲᠠᠢ ᠤᠰᠤᠨ᠎ᠤ ᠴᠠᠷᠠᠭ᠎ᠠ ᠵᠢ ᠰᠣᠩᠭᠤᠵᠤ᠂ ᠥᠨᠳᠡᠭᠡᠯᠡᠬᠦ ᠲᠠᠯᠠᠪᠠᠶ ᠵᠢ ᠰᠡᠷᠭᠦᠭᠡᠨ ᠳᠠᠬᠢᠨ ᠪᠠᠶ᠋ᠢᠭᠤᠯᠬᠤ ᠵᠢᠨ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠳ᠎ᠲᠠᠢ ᠬᠠᠮᠲᠤᠷᠠᠨ ᠭᠤᠣᠯ᠎ᠢ ᠬᠠᠰᠢᠵᠤ ᠬᠠᠰᠢᠯᠭ᠎ᠠ ᠪᠠᠷᠢᠬᠤ ᠭᠠᠵᠠᠷ᠎ᠲᠤ ᠵᠢᠭ᠋ᠠᠰᠤ ᠥᠩᠭᠡᠷᠡᠬᠦ ᠪᠡᠯᠡᠳᠬᠡᠮᠵᠢ ᠪᠠᠶ᠋ᠢᠭᠤᠯᠬᠤ ᠵᠢ ᠰᠤᠳᠤᠯᠵᠤ᠂ ᠴᠢᠬᠤᠯᠠ ᠣᠷᠣᠰᠢᠨ ᠠᠮᠢᠳᠤᠷᠠᠬᠤ ᠭᠠᠵᠠᠷ᠎ᠤᠨ ᠣᠩᠭᠤᠴᠠ ᠰᠠᠯ᠎ᠤᠨ ᠬᠤᠷᠳᠤᠴᠠ ᠵᠢ ᠬᠢᠵᠠᠭ᠋ᠠᠷᠯᠠᠬᠤ᠂ ᠠᠶᠠᠯᠠᠯ᠎ᠢ ᠬᠢᠵᠠᠭ᠋ᠠᠷᠯᠠᠬᠤ ᠵᠡᠷᠭᠡ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠤᠨ᠂ ᠵᠣᠷᠢᠭᠤᠳᠠ ᠵᠢᠨ ᠨᠥᠯᠥᠭᠡ ᠵᠢ ᠬᠠᠮᠤᠭ᠎ᠤᠨ ᠶᠡᠭᠡ ᠬᠡᠮᠵᠢᠶ᠎ᠡ᠎ᠪᠠᠷ ᠪᠠᠭ᠋ᠠᠰᠬᠠᠨ᠎ᠠ᠃