ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠭᠠᠮᠰᠢᠭ᠎ᠠᠴᠠ ᠠᠪᠤᠷᠠᠨ ᠲᠤᠰᠠᠯᠠᠬᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠥᠯ (2024 ᠣᠨ᠎ᠤ ᠬᠡᠪᠯᠡᠯ)》᠎ᠤᠨ ᠲᠠᠶ᠋ᠢᠯᠤᠮᠵᠢ
ᠨᠡᠶᠢᠲᠡᠯᠡᠭᠰᠡᠨ ᠴᠠᠭ᠄ 2024-06-27


    ᠣᠶ᠋ᠢᠷ᠎ᠠ᠎ᠳᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ ᠰᠢᠨ᠎ᠡ᠎ᠪᠠᠷ ᠵᠠᠰᠠᠪᠤᠷᠢᠯᠠᠭᠰᠠᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠭᠠᠮᠰᠢᠭ᠎ᠠᠴᠠ ᠠᠪᠤᠷᠠᠨ ᠲᠤᠰᠠᠯᠠᠬᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠥᠯ (2024 ᠬᠡᠪᠯᠡᠯ)》 (ᠳᠣᠷᠣᠭᠰᠢ 《ᠪᠡᠯᠡᠳᠬᠡᠯ ᠲᠥᠰᠥᠯ》 ᠭᠡᠵᠦ ᠲᠣᠪᠴᠢᠯᠠᠪᠠ)᠎ᠢ ᠳᠠᠷᠤᠮᠠᠯᠯᠠᠨ ᠲᠠᠷᠬᠠᠭ᠋ᠠᠪᠠ᠃ ᠲᠣᠰ ᠤᠳᠠᠭ᠎ᠠ 《ᠪᠡᠯᠡᠳᠬᠡᠯ ᠲᠥᠰᠥᠯ》᠎ᠳᠤ ᠵᠠᠰᠠᠪᠤᠷᠢ ᠣᠷᠣᠭᠤᠯᠬᠤ᠎ᠳᠤ᠎ᠪᠠᠨ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠭᠠᠮᠰᠢᠭ᠎ᠢ ᠰᠡᠷᠭᠡᠶ᠋ᠢᠯᠡᠬᠦ ᠭᠠᠮᠰᠢᠭ᠎ᠢ ᠪᠠᠭ᠋ᠠᠰᠬᠠᠬᠤ ᠭᠠᠮᠰᠢᠭ᠎ᠠᠴᠠ ᠠᠪᠤᠷᠠᠬᠤ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ᠂ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠪᠠ ᠵᠠᠰᠠᠭ᠎ᠤᠨ ᠣᠷᠳᠣᠨ᠎ᠤ ᠠᠵᠢᠯ᠎ᠤᠨ ᠱᠠᠭ᠋ᠠᠷᠳᠠᠯᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠵᠶ᠋ᠠᠨ ᠭᠤᠣᠯ ᠰᠢᠵᠢᠮ ᠪᠣᠯᠭ᠋ᠠᠬᠤ ᠵᠢ ᠪᠠᠷᠢᠮᠲᠠᠯᠠᠵᠤ᠂ ᠣᠶ᠋ᠢᠷ᠎ᠠ ᠵᠢᠨ ᠵᠢᠯ᠎ᠤᠳ᠎ᠤᠨ ᠪᠠᠶ᠋ᠢᠭ᠋ᠠᠯᠢ ᠵᠢᠨ ᠭᠠᠮᠰᠢᠭ᠎ᠠᠴᠠ ᠠᠪᠤᠷᠠᠨ ᠲᠤᠰᠠᠯᠠᠭᠰᠠᠨ ᠲᠤᠷᠰᠢᠯᠭ᠎ᠠ ᠪᠠ ᠠᠷᠭ᠎ᠠ ᠬᠢᠳᠡᠯ᠎ᠨᠦᠭᠦᠳ᠎ᠢ ᠨᠠᠷᠢᠨ ᠬᠢᠨᠠᠮᠠᠭ᠋ᠠᠢ ᠳ᠋ᠦᠩᠨᠡᠵᠦ᠂ ᠰᠢᠨ᠎ᠡ ᠴᠠᠭ ᠦᠶ᠎ᠡ ᠵᠢᠨ ᠪᠠᠶ᠋ᠢᠭ᠋ᠠᠯᠢ ᠵᠢᠨ ᠭᠠᠮᠰᠢᠭ᠎ᠤᠨ ᠪᠠᠶ᠋ᠢᠳᠠᠯ ᠪᠠ ᠭᠠᠮᠰᠢᠭ᠎ᠠᠴᠠ ᠠᠪᠤᠷᠠᠨ ᠲᠤᠰᠠᠯᠠᠬᠤ ᠠᠵᠢᠯ᠎ᠤᠨ ᠡᠭᠦᠷᠭᠡ ᠵᠢᠨ ᠱᠠᠭ᠋ᠠᠷᠳᠠᠯᠭ᠎ᠠ ᠵᠢ ᠴᠢᠩᠭ᠎ᠠ ᠠᠩᠬᠠᠷᠴᠤ᠂ ᠭᠠᠮᠰᠢᠭᠳᠠᠭᠰᠠᠨ ᠣᠯᠠᠨ ᠲᠦᠮᠡᠨ᠎ᠤ ᠦᠨᠳᠦᠰᠦᠨ ᠠᠮᠢᠳᠤᠷᠠᠯ᠎ᠢ ᠪᠠᠲᠤᠯᠠᠬᠤ ᠰᠢᠨ᠎ᠡ ᠬᠡᠷᠡᠭᠴᠡᠭᠡ ᠵᠢ ᠠᠩᠬᠠᠷᠴᠤ᠂ ᠭᠤᠣᠯᠳᠠᠭᠤ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠭᠠᠮᠰᠢᠭ᠎ᠠᠴᠠ ᠠᠪᠤᠷᠠᠨ ᠲᠤᠰᠠᠯᠠᠬᠤ ᠠᠵᠢᠯ᠎ᠤᠨ ᠲᠣᠭᠲᠠᠴᠠ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠠᠵᠢᠯᠯᠠᠭ᠎ᠠ ᠡᠬᠢᠯᠡᠭᠦᠯᠬᠦ᠂ ᠡᠭᠦᠷᠭᠡ ᠬᠠᠷᠢᠭᠤᠴᠠᠯᠭ᠎ᠠ ᠵᠢᠨ ᠬᠤᠪᠢᠶᠠᠷᠢᠯᠠᠯ᠂ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠡᠷᠭᠡ ᠵᠢ ᠪᠥᠬᠦ ᠲᠠᠯ᠎ᠠ᠎ᠪᠠᠷ ᠵᠢᠷᠤᠮᠵᠢᠭᠤᠯᠤᠨ ᠲᠡᠭᠦᠯᠳᠡᠷᠵᠢᠭᠦᠯᠪᠡ᠃
    ᠨᠢᠭᠡ᠂ ᠵᠣᠬᠢᠶᠠᠨ ᠪᠠᠶ᠋ᠢᠭᠤᠯᠵᠤ ᠵᠢᠯᠤᠭᠤᠳᠬᠤ ᠲᠣᠭᠲᠠᠯᠴᠠᠭ᠎ᠠ ᠵᠢ ᠴᠢᠨᠠᠭᠰᠢᠳᠠ ᠤᠯᠠᠮ ᠲᠡᠭᠦᠯᠳᠡᠷᠵᠢᠭᠦᠯᠪᠡ᠃ 《ᠪᠡᠯᠡᠳᠬᠡᠯ ᠲᠥᠰᠥᠯ》᠎ᠳᠤ ᠥᠪᠡᠷᠲᠡᠭᠡᠨ ᠵᠠᠰᠠᠬᠤ ᠣᠷᠣᠨ᠎ᠤ ᠭᠠᠮᠰᠢᠭ᠎ᠢ ᠰᠡᠷᠭᠡᠶ᠋ᠢᠯᠡᠬᠦ ᠭᠠᠮᠰᠢᠭ᠎ᠢ ᠪᠠᠭ᠋ᠠᠰᠬᠠᠬᠤ ᠭᠠᠮᠰᠢᠭ᠎ᠠᠴᠠ ᠠᠪᠤᠷᠠᠬᠤ ᠺᠣᠮᠢᠰ᠎ᠤᠨ ᠡᠭᠦᠷᠭᠡ ᠴᠢᠳᠠᠮᠵᠢ ᠵᠢ ᠲᠣᠳᠣᠷᠬᠠᠶ᠋ᠢᠯᠠᠨ᠂ ᠲᠡᠭᠦᠨ᠎ᠤ ᠪᠦᠬᠦ ᠣᠷᠣᠨ᠎ᠤ ᠭᠠᠮᠰᠢᠭ᠎ᠢ ᠰᠡᠷᠭᠡᠶ᠋ᠢᠯᠡᠬᠦ ᠭᠠᠮᠰᠢᠭ᠎ᠢ ᠪᠠᠭ᠋ᠠᠰᠬᠠᠬᠤ ᠭᠠᠮᠰᠢᠭ᠎ᠠᠴᠠ ᠠᠪᠤᠷᠠᠬᠤ ᠠᠵᠢᠯ᠎ᠢ ᠲᠦᠷᠦᠭᠦᠯᠡᠨ ᠶᠡᠷᠦᠩᠬᠡᠶ᠋ᠢᠯᠡᠨ ᠠᠳᠬᠤᠬᠤ᠂ ᠶᠡᠷᠦᠩᠬᠡᠶ᠋ᠢᠯᠡᠨ ᠨᠢᠭᠡᠳᠦᠯᠲᠡᠢ ᠲᠥᠯᠥᠪᠯᠡᠬᠦ᠂ ᠵᠢᠯᠣᠭᠤᠳᠤᠨ ᠰᠢᠮᠳᠠᠭᠤᠯᠬᠤ ᠦᠢ᠍ᠯᠡᠳᠦᠯ᠎ᠢ᠎ᠨᠢ ᠭᠦᠢ᠍ᠴᠡᠳ ᠪᠠᠳᠠᠷᠠᠭᠤᠯᠵᠠᠢ᠂ ᠪᠠᠰᠠ ᠬᠤᠯᠪᠣᠭᠳᠠᠯ ᠪᠦᠬᠦᠢ ᠪᠦᠷᠢᠯᠳᠦᠭᠦᠨ ᠨᠢᠭᠡᠴᠢ᠎ᠨᠦᠭᠦᠳ᠎ᠤᠨ ᠲᠤᠰᠬᠠᠢ ᠮᠡᠷᠭᠡᠵᠢᠯ᠎ᠤᠨ ᠳᠠᠪᠠᠭᠤᠯᠢᠭ᠂ ᠠᠵᠢᠯ ᠲᠦᠷᠦᠯ᠎ᠤᠨ ᠳᠠᠪᠠᠭᠤᠯᠢᠭ ᠵᠶ᠋ᠠᠨ ᠪᠠᠳᠠᠷᠠᠭᠤᠯᠬᠤ ᠵᠢ᠎ᠨᠢ ᠠᠬᠢᠭᠤᠯᠵᠤ᠂ ᠵᠥᠪᠳᠡᠯᠴᠡᠨ ᠰᠤᠳᠤᠯᠤᠨ ᠮᠠᠭ᠋ᠠᠳᠯᠠᠬᠤ᠂ ᠠᠵᠢᠯᠯᠠᠭ᠎ᠠ ᠡᠬᠢᠯᠡᠭᠦᠯᠬᠦ ᠵᠡᠷᠭᠡ ᠡᠭᠦᠷᠭᠡ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠨ᠂ ᠨᠢᠭᠡᠳᠦᠯᠲᠡᠢ ᠵᠢᠯᠤᠭᠤᠳᠬᠤ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠂ ᠭᠠᠮᠰᠢᠭ᠎ᠲᠤ ᠬᠤᠯᠪᠤᠭᠳᠠᠬᠤ ᠡᠯ᠎ᠡ ᠰᠠᠯᠠᠭ᠎ᠠ ᠮᠥᠴᠢᠷ ᠨᠢᠭᠡᠴᠢ᠎ᠨᠦᠭᠦᠳ᠎ᠤᠨ ᠵᠣᠬᠢᠴᠠᠭᠤᠯᠤᠨ ᠬᠥᠳᠡᠯᠦᠯᠴᠡᠬᠦ᠂ ᠬᠠᠮᠲᠤᠷᠠᠨ ᠠᠷᠭ᠋ᠠᠴᠠᠵᠤ ᠵᠢᠯᠤᠭᠤᠳᠬᠤ ᠲᠣᠭᠲᠠᠴᠠ ᠵᠢ ᠪᠠᠶ᠋ᠢᠭᠤᠯᠵᠠᠢ᠃ 《ᠪᠡᠯᠡᠳᠬᠡᠯ ᠲᠥᠰᠥᠯ》᠎ᠳᠤ ᠥᠪᠡᠷᠲᠡᠭᠡᠨ ᠵᠠᠰᠠᠬᠤ ᠣᠷᠣᠨ᠎ᠤ ᠭᠠᠮᠰᠢᠭ᠎ᠢ ᠰᠡᠷᠭᠡᠶ᠋ᠢᠯᠡᠬᠦ ᠭᠠᠮᠰᠢᠭ᠎ᠢ ᠪᠠᠭ᠋ᠠᠰᠬᠠᠬᠤ ᠭᠠᠮᠰᠢᠭ᠎ᠠᠴᠠ ᠠᠪᠤᠷᠠᠬᠤ ᠺᠣᠮᠢᠰ᠎ᠤᠨ ᠠᠯᠪᠠᠨ ᠭᠡᠷ᠎ᠤᠨ ᠵᠣᠬᠢᠶᠠᠨ ᠪᠠᠶ᠋ᠢᠭᠤᠯᠵᠤ ᠵᠣᠬᠢᠴᠠᠭᠤᠯᠬᠤ ᠡᠭᠦᠷᠭᠡ ᠴᠢᠳᠠᠮᠵᠢ ᠵᠢ ᠲᠣᠳᠣᠷᠬᠠᠶ᠋ᠢᠯᠠᠭᠰᠠᠨ ᠮᠥᠷᠲᠡᠭᠡᠨ ᠠᠯᠪᠠᠨ ᠭᠡᠷ᠎ᠤᠨ ᠲᠤᠰᠢᠶᠠᠯ ᠬᠠᠷᠢᠭᠤᠴᠠᠯᠭ᠎ᠠ ᠵᠢ ᠲᠤᠰᠬᠠᠢ ᠲᠣᠭᠲᠠᠭ᠋ᠠᠭᠰᠠᠨ᠎ᠨᠢ ᠪᠦᠬᠦ᠋ᠢ᠍ᠯᠡ ᠵᠣᠬᠢᠶᠠᠨ ᠪᠠᠶ᠋ᠢᠭᠤᠯᠵᠤ ᠵᠢᠯᠤᠭᠤᠳᠬᠤ ᠲᠣᠭᠲᠠᠯᠴᠠᠭ᠎ᠠ ᠵᠢ ᠨᠡᠩ ᠪᠦᠷᠢᠨ ᠲᠡᠭᠦᠯᠳᠡᠷᠵᠢᠭᠦᠯᠪᠡ᠃
    ᠬᠤᠶᠠᠷ᠂ ᠭᠠᠮᠰᠢᠭ᠎ᠤᠨ ᠪᠠᠶ᠋ᠢᠳᠠᠯ᠎ᠤᠨ ᠮᠡᠳᠡᠭᠡ ᠵᠠᠩᠭᠢ ᠵᠢ ᠮᠡᠳᠡᠭᠦᠯᠬᠦ ᠪᠠ ᠨᠡᠶ᠋ᠢᠲᠡᠯᠡᠬᠦ ᠵᠢ ᠴᠢᠨᠠᠭᠰᠢᠳᠠ ᠤᠯᠠᠮ ᠵᠢᠷᠤᠮᠵᠢᠭᠤᠯᠪᠠ᠃ 《ᠪᠡᠯᠡᠳᠬᠡᠯ ᠲᠥᠰᠥᠯ》᠎ᠤᠨ ᠳᠥᠷᠪᠡᠳᠦᠭᠡᠷ ᠪᠦᠯᠦᠭ᠎ᠢ ᠲᠤᠰᠬᠠᠢ ᠪᠦᠯᠦᠭ ᠪᠣᠯᠭ᠋ᠠᠨ 《ᠭᠠᠮᠰᠢᠭ᠎ᠤᠨ ᠪᠠᠶ᠋ᠢᠳᠠᠯ᠎ᠤᠨ ᠮᠡᠳᠡᠭᠡ ᠵᠠᠩᠭᠢ ᠵᠢ ᠮᠡᠳᠡᠭᠦᠯᠬᠦ ᠪᠠ ᠨᠡᠶ᠋ᠢᠲᠡᠯᠡᠬᠦ》 ᠠᠵᠢᠯ᠎ᠢ ᠳᠣᠭᠲᠠᠭ᠋ᠠᠵᠠᠢ᠃ ᠲᠤᠰ ᠪᠦᠯᠦᠭ᠎ᠲᠤ᠂ ᠭᠠᠮᠰᠢᠭ᠎ᠤᠨ ᠪᠠᠶ᠋ᠢᠳᠠᠯ᠎ᠤᠨ ᠮᠡᠳᠡᠭᠡ ᠵᠠᠩᠭᠢ ᠵᠢ ᠪᠦᠷᠢᠳᠬᠡᠭᠡᠳ ᠮᠡᠳᠡᠭᠦᠯᠦᠨ ᠬᠦᠷᠭᠡᠬᠦ᠂ ᠬᠢᠨᠠᠨ ᠪᠠᠶ᠋ᠢᠴᠠᠭ᠋ᠠᠭ᠋ᠠᠳ ᠦᠨᠡᠯᠡᠨ ᠵᠢᠱ᠌ᠢᠬᠦ᠂ ᠵᠥᠪᠳᠡᠯᠴᠡᠭᠡᠳ ᠬᠢᠨᠠᠨ ᠲᠣᠭᠲᠠᠭ᠋ᠠᠬᠤ᠂ ᠰᠠᠯᠠᠭ᠎ᠠ ᠮᠥᠴᠢᠷ᠎ᠤᠳ ᠬᠤᠭᠤᠷᠤᠨᠳᠤ᠎ᠪᠠᠨ ᠮᠡᠳᠡᠭᠡ ᠵᠠᠩᠭᠢ᠎ᠪᠠᠨ ᠬᠠᠮᠲᠤ᠎ᠪᠠᠷ ᠬᠦᠷᠲᠡᠬᠦ ᠵᠡᠷᠭᠡ ᠠᠵᠢᠯ᠎ᠤᠳ᠎ᠢ ᠰᠠᠶ᠋ᠢᠲᠤᠷ ᠬᠢᠵᠦ᠂ ᠭᠠᠮᠰᠢᠭᠳᠠᠭᠰᠠᠨ ᠭᠠᠵᠠᠷ ᠣᠷᠣᠨ᠎ᠤ ᠭᠠᠮᠰᠢᠭ᠎ᠤᠨ ᠪᠠᠶ᠋ᠢᠳᠠᠯ᠎ᠤᠨ ᠮᠡᠳᠡᠭᠡ ᠵᠠᠩᠭᠢ ᠵᠢ ᠮᠡᠳᠡᠭᠦᠯᠦᠨ ᠬᠦᠷᠭᠡᠬᠦ ᠵᠢᠴᠢ ᠨᠡᠶ᠋ᠢᠲᠡᠯᠡᠬᠦ ᠵᠡᠷᠭᠡ ᠲᠠᠯ᠎ᠠ ᠵᠢᠨ ᠠᠵᠢᠯ᠎ᠤᠳ᠎ᠤᠨ ᠲᠠᠰ ᠳᠠᠷᠠᠭ᠋ᠠᠯᠠᠯ᠂ ᠠᠭᠤᠯᠭ᠎ᠠ ᠵᠢᠨ ᠠᠢ᠂ ᠴᠠᠭ᠎ᠤᠨ ᠬᠢᠵᠠᠭ᠋ᠠᠷ᠎ᠤᠨ ᠱᠠᠭ᠋ᠠᠷᠳᠠᠯᠭ᠎ᠠ ᠵᠡᠷᠭᠡ ᠠᠭᠤᠯᠭ᠎ᠠ᠎ᠨᠤᠭᠤᠳ᠎ᠢ ᠭᠤᠣᠯᠳᠠᠯᠭ᠎ᠠ᠎ᠲᠠᠢ ᠵᠢᠷᠤᠮᠵᠢᠭᠤᠯᠤᠨ᠂ ᠭᠠᠮᠰᠢᠭ᠎ᠤᠨ ᠪᠠᠶ᠋ᠢᠳᠠᠯ᠎ᠢ ᠬᠠᠮᠢᠶᠠᠷᠬᠤ ᠡᠯ᠎ᠡ ᠵᠦᠢ᠍ᠯ᠎ᠤᠨ ᠱᠠᠭ᠋ᠠᠷᠳᠠᠯᠭ᠎ᠠ ᠵᠢ ᠪᠥᠬᠦ ᠲᠠᠯ᠎ᠠ᠎ᠪᠠᠷ ᠵᠢᠷᠤᠮᠵᠢᠭᠤᠯᠵᠤ᠂ ᠣᠷᠣᠨ ᠨᠤᠲᠤᠭ᠎ᠤᠨ ᠭᠠᠮᠰᠢᠭ᠎ᠢ ᠮᠡᠳᠡᠭᠦᠯᠬᠦ ᠭᠤᠣᠯ ᠴᠣᠭᠴᠠ ᠵᠢᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠬᠤ ᠬᠡᠷᠡᠭᠲᠡᠢ ᠭᠡᠵᠦ ᠱᠠᠭ᠋ᠠᠷᠳᠠᠪᠠ᠃
    ᠭᠤᠷᠪᠠ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠠᠵᠢᠯᠯᠠᠭ᠎ᠠ ᠵᠢ ᠴᠢᠨᠠᠭᠰᠢᠳᠠ ᠤᠯᠠᠮ ᠰᠢᠯᠢᠳᠡᠭᠵᠢᠭᠦᠯᠪᠡ᠃ 《ᠪᠡᠯᠡᠳᠬᠡᠯ ᠲᠥᠰᠥᠯ》᠎ᠨᠢ ᠠᠪᠤᠷᠠᠨ ᠲᠤᠰᠠᠯᠠᠬᠤ ᠬᠦᠴᠦᠨ ᠴᠢᠳᠠᠪᠤᠷᠢ᠎ᠪᠠᠨ ᠳᠡᠭᠡᠭᠰᠢᠯᠡᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠭᠠᠮᠰᠢᠭ᠎ᠠᠴᠠ ᠠᠪᠤᠷᠠᠨ ᠲᠤᠰᠠᠯᠠᠬᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠠᠵᠢᠯᠯᠠᠭ᠎ᠠ ᠵᠢ ᠡᠬᠢᠯᠡᠭᠦᠯᠬᠦ ᠨᠥᠬᠦᠴᠡᠯ᠂ ᠡᠬᠢᠯᠡᠭᠦᠯᠬᠦ ᠲᠠᠰ ᠳᠠᠷᠠᠭ᠋ᠠᠯᠠᠯ ᠵᠢᠴᠢ ᠠᠵᠢᠯᠯᠠᠭ᠎ᠠ ᠵᠢᠨ ᠠᠷᠭ᠎ᠠ ᠬᠡᠮᠵᠢᠶ᠎ᠡ ᠵᠢ ᠳᠣᠬᠢᠷᠠᠭᠤᠯᠵᠤ ᠲᠡᠭᠦᠯᠳᠡᠷᠵᠢᠭᠦᠯᠪᠡ᠃ ᠨᠢᠭᠡ᠎ᠳᠤ᠂ ᠠᠵᠢᠯᠯᠠᠭ᠎ᠠ ᠵᠢ ᠡᠬᠢᠯᠡᠭᠦᠯᠬᠦ ᠦᠷ᠎ᠡ ᠪᠦᠲᠦᠮᠵᠢ᠎ᠪᠠᠨ ᠳᠡᠭᠡᠭᠰᠢᠯᠡᠭᠦᠯᠬᠦ ᠵᠢᠨ ᠲᠥᠯᠥᠭᠡ᠂ 《ᠪᠡᠯᠡᠳᠬᠡᠯ ᠲᠥᠰᠥᠯ》᠎ᠳᠤ ᠡᠬᠢᠯᠡᠭᠦᠯᠬᠦ ᠨᠥᠬᠦᠴᠡᠯ᠎ᠤᠨ ᠡᠮᠦᠨ᠎ᠡ 《ᠪᠤᠶᠤ ᠵᠥᠪᠳᠡᠯᠴᠡᠵᠦ ᠰᠤᠳᠤᠯᠤᠨ ᠮᠠᠭ᠋ᠠᠳᠯᠠᠬᠤ᠎ᠪᠠᠷ ᠳᠡᠮᠵᠢᠨ ᠢᠯᠡᠷᠡᠵᠦ ᠮᠡᠳᠡᠬᠦ》 ᠭᠡᠬᠦ ᠥᠭᠦᠯᠡᠯᠲᠡ ᠵᠢ ᠨᠡᠮᠡᠭᠰᠡᠨ᠎ᠤ ᠵᠣᠷᠢᠯᠭ᠎ᠠ᠎ᠨᠢ ᠳᠠᠷᠤᠢ ᠡᠷᠲᠡᠬᠡᠨ ᠡᠬᠢᠯᠡᠭᠦᠯᠵᠦ᠂ ᠡᠷᠲᠡᠬᠡᠨ ᠠᠵᠢᠯᠯᠠᠭ᠎ᠠ ᠠᠪᠴᠤ᠂ ᠡᠷᠲᠡᠬᠡᠨ ᠠᠪᠤᠷᠠᠨ ᠲᠤᠰᠠᠯᠠᠬᠤ ᠵᠢᠨ ᠲᠥᠯᠥᠭᠡ ᠶᠤᠮ᠃ ᠬᠤᠶᠠᠷ᠎ᠲᠤ᠂ ᠭᠠᠮᠰᠢᠭ᠎ᠢ ᠠᠷᠭ᠋ᠠᠴᠠᠨ ᠰᠢᠢ᠍ᠳᠪᠦᠷᠢᠯᠡᠬᠦ ᠭᠤᠭᠴᠣᠭ᠋ᠠᠨ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠪᠠᠶ᠋ᠢᠭ᠋ᠠᠯᠢ ᠵᠢᠨ ᠭᠠᠮᠰᠢᠭ᠎ᠠᠴᠠ ᠠᠪᠤᠷᠠᠨ ᠲᠤᠰᠠᠯᠠᠬᠤ ᠠᠵᠢᠯ᠎ᠤᠨ ᠵᠢᠮ᠎ᠡ ᠶᠣᠰᠣ ᠪᠠ ᠱᠠᠭ᠋ᠠᠷᠳᠠᠯᠭ᠎ᠠ ᠶᠣᠰᠣᠭ᠋ᠠᠷ᠂ ᠡᠯ᠎ᠡ ᠰᠠᠯᠠᠭ᠎ᠠ ᠮᠥᠴᠢᠷ ᠨᠢᠭᠡᠴᠢ᠎ᠨᠦᠭᠦᠳ᠎ᠤᠨ ᠡᠭᠦᠷᠭᠡ ᠬᠠᠷᠢᠭᠤᠴᠠᠯᠭ᠎ᠠ ᠪᠠ ᠠᠵᠢᠯᠯᠠᠭ᠎ᠠ ᠵᠢᠨ ᠠᠷᠭ᠎ᠠ ᠬᠡᠮᠵᠢᠶ᠎ᠡ ᠵᠢ ᠴᠢᠨᠠᠭᠰᠢᠳᠠ ᠤᠯᠠᠮ ᠲᠡᠭᠦᠯᠳᠡᠷᠵᠢᠭᠦᠯᠦᠨ ᠨᠠᠷᠢᠯᠢᠭᠵᠢᠭᠤᠯᠬᠤ ᠵᠢᠨ ᠬᠠᠮᠲᠤ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠬᠤᠷᠢᠶᠠᠩᠭᠤᠶ᠋ᠢᠯᠠᠨ ᠲᠥᠷᠥᠯ ᠠᠩᠭᠢᠯᠠᠭ᠋ᠠᠳ᠂ ᠥᠪᠡᠷᠲᠡᠭᠡᠨ ᠵᠠᠰᠠᠬᠤ ᠣᠷᠣᠨ᠎ᠤ ᠭᠠᠮᠰᠢᠭ᠎ᠢ ᠰᠡᠷᠭᠡᠶ᠋ᠢᠯᠡᠬᠦ ᠭᠠᠮᠰᠢᠭ᠎ᠢ ᠪᠠᠭ᠋ᠠᠰᠬᠠᠬᠤ ᠭᠠᠮᠰᠢᠭ᠎ᠠᠴᠠ ᠠᠪᠤᠷᠠᠬᠤ ᠺᠣᠮᠢᠰ᠎ᠤᠨ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠡᠭᠦᠷᠭᠡ ᠴᠢᠳᠠᠮᠵᠢ ᠵᠢ ᠨᠠᠩ ᠳᠣᠪᠤᠶ᠋ᠢᠯᠭ᠋ᠠᠵᠤ᠂ ᠡᠯ᠎ᠡ ᠰᠠᠯᠠᠭ᠎ᠠ ᠮᠥᠴᠢᠷ᠎ᠤᠳ᠎ᠤᠨ ᠮᠡᠷᠭᠡᠵᠢᠯ ᠪᠠ ᠠᠵᠢᠯ ᠲᠥᠷᠥᠯ᠎ᠤᠨ ᠳᠠᠪᠠᠭᠤᠯᠢᠭ᠎ᠢ᠎ᠨᠢ ᠨᠠᠩ ᠰᠠᠶ᠋ᠢᠲᠤᠷ ᠪᠠᠳᠠᠷᠠᠭᠤᠯᠪᠠ᠃ ᠭᠤᠷᠪᠠ᠎ᠳᠤ᠂ ᠠᠵᠢᠯᠯᠠᠭ᠎ᠠ ᠵᠢᠨ ᠬᠠᠮᠲᠤᠷᠠᠨ ᠬᠥᠳᠡᠯᠦᠯᠴᠡᠬᠦ ᠲᠣᠭᠲᠠᠴᠠ ᠵᠢ ᠳᠣᠬᠢᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠦᠶᠡᠷ ᠤᠰᠤᠳᠤᠯ᠎ᠢ ᠰᠡᠷᠭᠡᠶ᠋ᠢᠯᠡᠨ ᠭᠠᠩ ᠬᠠᠭᠰᠠᠷᠠᠭ᠋ᠠᠨ᠎ᠲᠠᠢ ᠲᠡᠮᠡᠴᠡᠬᠦ᠂ ᠭᠠᠵᠠᠷ ᠬᠥᠳᠡᠯᠦᠯᠲᠡ᠂ ᠭᠠᠵᠠᠷ ᠵᠦᠢ ᠵᠢᠨ ᠭᠠᠢ ᠭᠠᠮᠰᠢᠭ᠂ ᠣᠶ ᠰᠢᠭᠤᠢ ᠨᠤᠲᠤᠭ ᠪᠡᠯᠴᠢᠭᠡᠷ᠎ᠤᠨ ᠭᠠᠯ᠎ᠤᠨ ᠠᠶᠤᠯ᠎ᠳᠤ ᠨᠢᠭᠡᠨᠲᠡ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠠᠵᠢᠯᠯᠠᠭ᠎ᠠ ᠡᠬᠢᠯᠡᠭᠦᠯᠦᠭᠰᠡᠨ ᠪᠠᠶ᠋ᠢᠪᠠᠯ᠂ ᠶᠡᠷᠦᠩᠬᠡᠶ᠋ᠢᠯᠡᠨ ᠵᠥᠪᠳᠡᠯᠴᠡᠵᠦ ᠰᠤᠳᠤᠯᠤᠨ ᠮᠠᠭ᠋ᠠᠳᠯᠠᠬᠤ᠎ᠪᠠᠷ ᠳᠡᠮᠵᠢᠨ᠂ ᠲᠣᠭᠲᠠᠭ᠋ᠠᠯ ᠶᠣᠰᠣᠭ᠋ᠠᠷ ᠭᠠᠮᠰᠢᠭ᠎ᠠᠴᠠ ᠠᠪᠤᠷᠠᠨ ᠲᠤᠰᠠᠯᠠᠬᠤ ᠠᠵᠢᠯᠯᠠᠭ᠎ᠠ᠎ᠪᠠᠨ ᠡᠬᠢᠯᠡᠭᠦᠯᠵᠦ᠂ ᠭᠠᠮᠰᠢᠭ᠎ᠠᠴᠠ ᠠᠪᠤᠷᠠᠨ ᠲᠤᠰᠠᠯᠠᠬᠤ ᠠᠵᠢᠯᠯᠠᠭ᠎ᠠ ᠪᠠ ᠭᠤᠣᠯ ᠭᠠᠮᠰᠢᠭ᠎ᠤᠨ ᠲᠥᠷᠥᠯ᠎ᠤᠨ ᠡᠯ᠎ᠡ ᠪᠡᠯᠡᠳᠬᠡᠯ ᠲᠥᠰᠥᠯ᠎ᠢ ᠵᠣᠬᠢᠴᠠᠭᠤᠯᠤᠨ ᠬᠤᠯᠪᠤᠭ᠋ᠠᠯᠠᠨ ᠬᠥᠳᠡᠯᠦᠯᠴᠡᠬᠦ ᠵᠢ ᠴᠢᠩᠭ᠋ᠠᠳᠬᠠᠵᠤ ᠪᠣᠯᠣᠨ᠎ᠠ᠃ ᠳᠥᠷᠪᠡ᠎ᠳᠤ᠂ ᠣᠶ᠋ᠢᠷ᠎ᠠ ᠵᠢᠨ ᠵᠢᠯ᠎ᠤᠳ᠎ᠲᠠᠬᠢ ᠭᠠᠮᠰᠢᠭ᠎ᠠᠴᠠ ᠠᠪᠤᠷᠠᠨ ᠲᠤᠰᠠᠯᠠᠭᠰᠠᠨ ᠦᠢ᠍ᠯᠡᠳᠦᠯᠭᠡ ᠪᠠ ᠭᠠᠮᠰᠢᠭᠳᠠᠭᠰᠠᠨ ᠣᠯᠠᠨ ᠲᠦᠮᠡᠨ᠎ᠤ ᠪᠠᠴᠢᠮ ᠬᠡᠷᠡᠭᠴᠡᠭᠡ᠎ᠳᠤ ᠴᠢᠭᠯᠡᠭᠦᠯᠦᠨ᠂ ᠭᠠᠮᠰᠢᠭ᠎ᠠᠴᠠ ᠠᠪᠤᠷᠠᠬᠤ ᠪᠡᠯᠡ ᠮᠥᠩᠭᠦ ᠵᠢ ᠲᠦᠷᠭᠡᠨ ᠬᠠᠷᠭᠤᠭᠤᠯᠤᠨ ᠥᠭᠬᠦ ᠲᠣᠭᠲᠠᠴᠠ᠂ ᠭᠠᠮᠰᠢᠭ᠎ᠠᠴᠠ ᠠᠪᠤᠷᠠᠬᠤ ᠠᠮᠢᠳᠤᠷᠠᠯ᠎ᠤᠨ ᠡᠳ᠋ ᠪᠣᠳᠠᠰ᠎ᠢ ᠪᠠᠴᠢᠮ ᠰᠢᠯᠵᠢᠭᠦᠯᠦᠨ ᠥᠭᠬᠦ ᠲᠣᠭᠲᠠᠴᠠ ᠵᠢ ᠪᠠᠶ᠋ᠢᠭᠤᠯᠵᠤ᠂ ᠠᠵᠢᠯᠯᠠᠬᠤ ᠳᠤᠭᠤᠶ᠋ᠢᠯᠠᠩ᠎ᠢ ᠤᠷᠢᠳᠴᠢᠯᠠᠨ ᠲᠣᠮᠢᠯᠠᠵᠤ ᠲᠤᠬᠠᠢ ᠵᠢᠨ ᠭᠠᠵᠠᠷ᠎ᠲᠤ᠎ᠨᠢ ᠵᠢᠭ᠋ᠠᠨ ᠵᠢᠯᠣᠭᠤᠳᠤᠭᠤᠯᠵᠤ᠂ ᠲᠥᠪᠯᠡᠷᠡᠭᠦᠯᠦᠨ ᠲᠥᠪᠬᠢᠨᠡᠭᠦᠯᠬᠦ ᠴᠡᠭ᠎ᠤᠨ ᠬᠠᠮᠢᠶᠠᠷᠤᠯᠲᠠ ᠦᠢ᠍ᠯᠡᠴᠢᠯᠡᠭᠡ ᠵᠢ ᠴᠢᠩᠭ᠋ᠠᠳᠬᠠᠬᠤ ᠵᠡᠷᠭᠡ ᠪᠣᠳᠠᠲᠠᠢ ᠱᠠᠭ᠋ᠠᠷᠳᠠᠯᠭ᠎ᠠ᠎ᠨᠤᠭᠤᠳ᠎ᠢ ᠲᠣᠳᠣᠷᠬᠠᠢ ᠲᠣᠭᠲᠠᠭ᠋ᠠᠪᠠ᠃
    ᠳᠥᠷᠪᠡ᠂ ᠭᠠᠮᠰᠢᠭ᠎ᠤᠨ ᠳᠠᠷᠠᠭ᠎ᠠ ᠠᠪᠤᠷᠠᠨ ᠲᠤᠰᠠᠯᠠᠬᠤ ᠵᠢ ᠴᠢᠨᠠᠭᠰᠢᠳᠠ ᠤᠯᠠᠮ ᠴᠢᠩᠭ᠋ᠠᠷᠠᠭᠤᠯᠪᠠ᠃ ᠨᠢᠭᠡ᠎ᠳᠤ᠂ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ᠎ᠢ ᠦᠨᠳᠦᠰᠦᠯᠡᠨ᠂ 《ᠪᠡᠯᠡᠳᠬᠡᠯ ᠲᠥᠰᠥᠯ》᠎ᠳᠤ ᠰᠢᠯᠵᠢᠯᠲᠡ ᠵᠢᠨ ᠬᠤᠭᠤᠴᠠᠭ᠋ᠠᠨ᠎ᠳᠠᠬᠢ ᠠᠪᠤᠷᠠᠨ ᠲᠤᠰᠠᠯᠠᠬᠤ ᠬᠥᠮᠥᠨ ᠠᠮᠠ ᠵᠢᠨ ᠬᠡᠪᠴᠢᠶ᠎ᠡ ᠵᠢ ᠥᠷᠭᠡᠳᠬᠡᠨ ᠰᠢᠨᠡᠳᠬᠡᠵᠦ᠂ ᠠᠪᠤᠷᠠᠨ ᠲᠤᠰᠠᠯᠠᠬᠤ ᠡᠲᠡᠭᠡᠳ᠎ᠤᠨ ᠬᠡᠪᠴᠢᠶ᠎ᠡ ᠵᠢ ᠥᠷᠭᠡᠳᠬᠡᠪᠡ᠃ ᠬᠤᠶᠠᠷ᠎ᠲᠤ᠂ 《ᠪᠡᠯᠡᠳᠬᠡᠯ ᠲᠥᠰᠥᠯ》᠎ᠳᠤ᠂ ᠬᠤᠳᠠᠯᠳᠤᠭ᠋ᠠᠨ᠎ᠤ ᠳᠠᠭ᠋ᠠᠳᠬᠠᠯ᠎ᠤᠨ ᠠᠵᠤ ᠠᠬᠤᠢ ᠵᠢᠨ ᠨᠥᠬᠦᠪᠦᠷᠢ ᠵᠢᠨ ᠦᠢ᠍ᠯᠡᠳᠦᠯ᠎ᠢ ᠢᠳᠡᠪᠬᠢᠲᠡᠢ ᠪᠠᠳᠠᠷᠠᠭᠤᠯᠤᠨ᠂ ᠬᠤᠲᠠ ᠬᠥᠳᠡᠭᠡᠨ᠎ᠤ ᠰᠠᠭᠤᠭ᠋ᠠᠯᠢ ᠠᠷᠠᠳ᠎ᠤᠨ ᠬᠦᠨᠳᠦ ᠭᠠᠮᠰᠢᠭᠳᠠᠭᠰᠠᠨ ᠣᠷᠣᠨ ᠰᠠᠭᠤᠴᠠ ᠵᠢᠨ ᠳᠠᠭ᠋ᠠᠳᠬᠠᠯ ᠵᠡᠷᠭᠡ ᠬᠠᠮᠢᠶ᠎ᠠ ᠪᠦᠬᠦᠢ ᠳᠠᠭ᠋ᠠᠳᠬᠠᠯ᠎ᠤᠳ᠎ᠢ ᠬᠥᠭᠵᠢᠭᠦᠯᠵᠦ᠂ ᠵᠠᠬ᠎ᠠ ᠳᠡᠯᠭᠡᠭᠦᠷᠴᠢᠯᠡᠭᠰᠡᠨ ᠳᠠᠬᠢᠨ ᠰᠡᠷᠭᠦᠭᠡᠨ ᠪᠠᠶ᠋ᠢᠭᠤᠯᠬᠤ ᠪᠡᠯᠡ ᠮᠥᠩᠭᠦᠨ᠎ᠤ ᠲᠣᠭᠲᠠᠴᠠ ᠵᠢ ᠲᠡᠭᠦᠯᠳᠡᠷᠵᠢᠭᠦᠯᠵᠦ᠂ ᠭᠠᠮᠰᠢᠭᠳᠠᠭᠰᠠᠨ ᠣᠯᠠᠨ ᠲᠦᠮᠡᠨ᠎ᠤ ᠦᠨᠳᠦᠰᠦᠨ ᠣᠷᠣᠨ ᠰᠠᠭᠤᠴᠠ ᠵᠢᠨ ᠠᠰᠠᠭᠤᠳᠠᠯ᠎ᠢ ᠬᠠᠪᠰᠤᠷᠤᠨ ᠰᠢᠢ᠍ᠳᠪᠦᠷᠢᠯᠡᠵᠦ᠂ ᠠᠪᠤᠷᠠᠨ ᠲᠤᠰᠠᠯᠠᠬᠤ ᠬᠦᠷᠢᠶ᠎ᠡ ᠪᠠ ᠠᠷᠭ᠎ᠠ ᠵᠠᠮ ᠵᠶ᠋ᠠᠨ ᠥᠷᠭᠡᠳᠬᠡᠬᠦ ᠵᠢ ᠴᠢᠬᠤᠯᠠᠴᠢᠯᠠᠵᠠᠢ᠃ ᠭᠤᠷᠪᠠ᠎ᠳᠤ᠂ 《ᠪᠡᠯᠡᠳᠬᠡᠯ ᠲᠥᠰᠥᠯ》᠎ᠳᠤ ᠰᠢᠯᠵᠢᠯᠲᠡ ᠵᠢᠨ ᠬᠤᠭᠤᠴᠠᠭ᠋ᠠᠨ᠎ᠳᠠᠬᠢ ᠠᠮᠢᠳᠤᠷᠠᠯ᠎ᠤᠨ ᠠᠪᠤᠷᠠᠨ ᠲᠤᠰᠠᠯᠠᠯᠲᠠ᠂ ᠨᠤᠷᠠᠭᠰᠠᠨ ᠣᠷᠣᠨ ᠰᠠᠭᠤᠴᠠ ᠵᠢ ᠰᠡᠷᠭᠦᠭᠡᠨ ᠪᠠᠶ᠋ᠢᠭᠤᠯᠬᠤ ᠠᠪᠤᠷᠠᠨ ᠲᠤᠰᠠᠯᠠᠯᠲᠠ᠂ ᠡᠪᠦᠯ ᠬᠠᠪᠤᠷ᠎ᠤᠨ ᠠᠪᠤᠷᠠᠨ ᠲᠤᠰᠠᠯᠠᠯᠲᠠ ᠵᠡᠷᠭᠡ ᠡᠯ᠎ᠡ ᠲᠦᠷᠦᠯ᠎ᠤᠨ ᠠᠪᠤᠷᠠᠨ ᠲᠤᠰᠠᠯᠠᠬᠤ ᠬᠡᠪᠴᠢᠶ᠎ᠡ᠂ ᠠᠪᠤᠷᠠᠨ ᠲᠤᠰᠠᠯᠠᠬᠤ ᠲᠡᠰ ᠳᠠᠷᠠᠭ᠋ᠠᠯᠠᠯ᠂ ᠠᠪᠤᠷᠠᠨ ᠲᠤᠰᠠᠯᠠᠬᠤ ᠱᠠᠭ᠋ᠠᠷᠳᠠᠯᠭ᠎ᠠ ᠵᠡᠷᠭᠡ ᠵᠢ ᠲᠣᠳᠣᠷᠬᠠᠶ᠋ᠢᠯᠠᠵᠤ᠂ ᠡᠯ᠎ᠡ ᠲᠦᠷᠦᠯ᠎ᠤᠨ ᠠᠪᠤᠷᠠᠨ ᠲᠤᠰᠠᠯᠠᠬᠤ ᠲᠡᠰ ᠳᠠᠷᠠᠭ᠋ᠠᠯᠠᠯ ᠪᠠ ᠱᠠᠭ᠋ᠠᠷᠳᠠᠯᠭ᠎ᠠ ᠵᠢ ᠴᠢᠨᠠᠭᠰᠢᠳᠠ ᠤᠯᠠᠮ ᠵᠢᠷᠤᠮᠵᠢᠭᠤᠯᠪᠠ᠃ ᠳᠥᠷᠪᠡ᠎ᠳᠤ᠂ 《ᠪᠡᠯᠡᠳᠬᠡᠯ ᠲᠥᠰᠥᠯ》᠎ᠳᠤ ᠦᠷ᠎ᠡ ᠪᠦᠲᠦᠮᠵᠢ ᠵᠢ ᠮᠥᠷᠳᠡᠨ ᠠᠰᠠᠭᠤᠬᠤ ᠪᠠ ᠦᠷ᠎ᠡ ᠳ᠋ᠦᠩ᠎ᠢ ᠵᠠᠷᠯᠠᠨ ᠮᠡᠳᠡᠭᠳᠡᠬᠦ ᠵᠢ ᠴᠢᠬᠤᠯᠠᠴᠢᠯᠠᠵᠤ᠂ ᠠᠵᠢᠯ᠎ᠤᠨ ᠠᠮᠵᠢᠯᠲᠠ ᠪᠦᠲᠦᠮᠵᠢ ᠵᠢ ᠦᠨᠡᠯᠡᠬᠦ ᠲᠣᠭᠲᠠᠴᠠ ᠵᠢ ᠲᠣᠳᠣᠷᠬᠠᠶ᠋ᠢᠯᠠᠨ᠂ ᠬᠢᠨᠠᠯᠲᠠ ᠲᠠᠯᠪᠢᠵᠤ ᠪᠠᠶ᠋ᠢᠴᠠᠭ᠋ᠠᠬᠤ ᠵᠢ ᠴᠢᠩᠭ᠋ᠠᠷᠠᠭᠤᠯᠵᠤ᠂ ᠪᠠᠶ᠋ᠢᠳᠠᠯ᠎ᠢ ᠦᠵᠡᠵᠦ ᠪᠠᠶ᠋ᠢᠭ᠋ᠠᠳ ᠠᠪᠤᠷᠠᠨ ᠲᠤᠰᠠᠯᠠᠬᠤ ᠠᠵᠢᠯ ᠥᠷᠨᠢᠭᠦᠯᠦᠭᠰᠡᠨ ᠪᠠᠶ᠋ᠢᠳᠠᠯ᠎ᠢ ᠮᠡᠳᠡᠭᠡᠯᠡᠵᠦ᠂ ᠭᠠᠮᠰᠢᠭ᠎ᠤᠨ ᠳᠠᠷᠠᠭ᠋ᠠᠬᠢ ᠠᠪᠤᠷᠠᠨ ᠲᠤᠰᠠᠯᠠᠬᠤ ᠠᠵᠢᠯ᠎ᠤᠨ ᠪᠣᠳᠠᠲᠤ ᠦᠷ᠎ᠡ ᠪᠦᠲᠦᠮᠵᠢ ᠣᠯᠬᠤ ᠵᠢ ᠦᠨᠡᠨ ᠬᠦ᠌ ᠪᠠᠲᠤᠯᠠᠪᠠ᠃
    ᠲᠠᠪᠤ᠂ ᠪᠠᠲᠤᠯᠠᠭ᠎ᠠ ᠵᠢᠨ ᠠᠷᠭ᠎ᠠ ᠬᠡᠮᠵᠢᠶ᠎ᠡ᠎ᠪᠠᠨ ᠴᠢᠨᠠᠭᠰᠢᠳᠠ ᠤᠯᠠᠮ ᠨᠠᠷᠢᠯᠢᠭᠵᠢᠭᠤᠯᠪᠠ᠃ ᠵᠢᠱ᠌ᠢᠶᠡᠯᠡᠪᠡᠯ ᠪᠡᠯᠡ ᠮᠦᠩᠭᠦᠨ᠎ᠤ ᠪᠠᠲᠤᠯᠠᠭ᠎ᠠ ᠵᠢᠨ ᠲᠠᠯ᠎ᠠ᠎ᠪᠠᠷ᠂ ᠭᠠᠮᠰᠢᠭ᠎ᠠᠴᠠ ᠠᠪᠤᠷᠠᠬᠤ ᠪᠡᠯᠡ ᠮᠥᠩᠭᠦ ᠵᠢ ᠲᠦᠷᠭᠡᠨ ᠬᠠᠷᠭᠤᠭᠤᠯᠤᠨ ᠥᠭᠬᠦ ᠲᠣᠭᠲᠠᠴᠠ ᠪᠠ ᠤᠷᠢᠳᠴᠢᠯᠠᠨ ᠰᠠᠯᠭ᠋ᠠᠨ ᠥᠭᠴᠦ ᠢᠯᠭ᠋ᠠᠷᠠᠭᠤᠯᠤᠨ ᠪᠣᠳᠣᠬᠤ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠬᠦ ᠵᠡᠷᠭᠡ ᠬᠠᠮᠢᠶ᠎ᠠ ᠪᠦᠬᠦᠢ ᠠᠭᠤᠯᠭ᠎ᠠ ᠵᠢ ᠳᠤᠷᠠᠳᠴᠠᠢ; ᠡᠳ᠋ ᠪᠣᠳᠠᠰ᠎ᠤᠨ ᠪᠠᠲᠤᠯᠠᠭ᠎ᠠ ᠵᠢᠨ ᠲᠠᠯ᠎ᠠ᠎ᠪᠠᠷ᠂ ᠭᠠᠮᠰᠢᠭ᠎ᠠᠴᠠ ᠠᠪᠤᠷᠠᠬᠤ ᠡᠳ᠋ ᠪᠣᠳᠠᠰ᠎ᠤᠨ ᠨᠥᠭᠡᠴᠡ ᠵᠢᠨ ᠬᠥᠮᠥᠷᠭᠡ ᠪᠠ ᠦᠢ᠍ᠯᠡᠳᠪᠦᠷᠢᠯᠡᠬᠦ ᠴᠢᠳᠠᠮᠵᠢ ᠵᠢᠨ ᠪᠠᠶ᠋ᠢᠷᠢᠰᠢᠭᠤᠯᠤᠯᠲᠠ ᠵᠢ ᠰᠢᠯᠢᠳᠡᠭᠵᠢᠭᠦᠯᠵᠦ᠂ ᠨᠥᠭᠡᠴᠡᠯᠡᠬᠦ ᠨᠥᠭᠦᠴᠡᠯ ᠪᠠ ᠪᠡᠯᠡᠳᠬᠡᠮᠵᠢ ᠵᠢᠨ ᠴᠢᠳᠠᠮᠵᠢ ᠵᠢ ᠲᠡᠭᠦᠯᠳᠡᠷᠵᠢᠭᠦᠯᠵᠦ᠂ ᠨᠥᠭᠡᠴᠡᠯᠡᠬᠦ ᠴᠢᠳᠠᠪᠤᠷᠢ ᠵᠢ ᠳᠡᠭᠡᠭᠰᠢᠯᠡᠭᠦᠯᠦᠨ᠂ ᠲᠤᠰ ᠵᠠᠰᠠᠭ ᠵᠠᠬᠢᠷᠭ᠋ᠠᠨ᠎ᠤ ᠣᠷᠣᠨ᠎ᠤ ᠭᠠᠮᠰᠢᠭ᠎ᠠᠴᠠ ᠠᠪᠤᠷᠠᠬᠤ ᠡᠳ᠋ ᠪᠣᠳᠠᠰ᠎ᠤᠨ ᠨᠥᠭᠡᠴᠡᠯᠡᠯᠲᠡ ᠪᠠ ᠪᠠᠲᠤᠯᠠᠭ᠎ᠠ ᠵᠢᠨ ᠱᠠᠭ᠋ᠠᠷᠳᠠᠯᠭ᠎ᠠ ᠵᠢ ᠲᠣᠳᠣᠷᠬᠠᠶ᠋ᠢᠯᠠᠵᠤ᠂ ᠭᠠᠮᠰᠢᠭ᠎ᠠᠴᠠ ᠠᠪᠤᠷᠠᠬᠤ ᠡᠳ᠋ ᠪᠣᠳᠠᠰ᠎ᠢ ᠪᠠᠴᠢᠮ ᠰᠢᠯᠵᠢᠭᠦᠯᠦᠨ ᠥᠭᠬᠦ ᠪᠠ ᠲᠡᠭᠡᠭᠡᠪᠦᠷᠢᠯᠡᠬᠦ ᠳᠦᠷᠢᠮ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠠᠶ᠋ᠢᠳᠠᠯ ᠳᠣᠣᠷ᠎ᠠ ᠲᠥᠪᠯᠡᠷᠡᠭᠦᠯᠦᠨ ᠦᠢ᠍ᠯᠡᠳᠪᠦᠷᠢᠯᠡᠵᠦ ᠲᠣᠬᠢᠷᠠᠭᠤᠯᠬᠤ ᠪᠠ ᠪᠠᠴᠢᠮ ᠬᠤᠳᠠᠯᠳᠤᠨ ᠠᠪᠴᠤ ᠬᠠᠩᠭ᠋ᠠᠬᠤ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠬᠦ ᠵᠢ ᠴᠢᠬᠤᠯᠠᠴᠢᠯᠠᠪᠠ; ᠴᠢᠮᠡᠭᠡ ᠬᠤᠯᠪᠣᠭ᠎ᠠ ᠪᠠ ᠮᠡᠳᠡᠭᠡ ᠵᠠᠩᠭᠢ ᠵᠢᠨ ᠪᠠᠲᠤᠯᠠᠭ᠎ᠠ ᠵᠢᠨ ᠲᠠᠯ᠎ᠠ᠎ᠪᠠᠷ᠂ ᠴᠢᠮᠡᠭᠡ ᠬᠤᠯᠪᠣᠭ᠎ᠠ ᠰᠦᠯᠵᠢᠶᠡᠨ᠎ᠤ ᠭᠠᠮᠰᠢᠭ᠎ᠲᠤ ᠲᠡᠰᠪᠦᠷᠢᠲᠡᠢ ᠴᠢᠨᠠᠷ᠎ᠢ ᠰᠠᠶ᠋ᠢᠵᠢᠷᠠᠭᠤᠯᠵᠤ᠂ ᠦᠨᠳᠦᠰᠦᠨ ᠱᠠᠲᠤᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠴᠢᠮᠡᠭᠡ ᠬᠤᠯᠪᠣᠭ᠋ᠠᠨ᠎ᠤ ᠲᠣᠨᠤᠭ ᠲᠥᠬᠦᠭᠡᠷᠦᠮᠵᠢ ᠵᠢ ᠤᠷᠢᠳᠴᠢᠯᠠᠨ ᠲᠣᠬᠢᠷᠠᠭᠤᠯᠬᠤ ᠵᠢ ᠴᠢᠩᠭ᠋ᠠᠳᠬᠠᠨ᠂ ᠭᠠᠮᠰᠢᠭᠳᠠᠭᠰᠠᠨ ᠭᠠᠵᠠᠷ ᠣᠷᠣᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠴᠢᠮᠡᠭᠡ ᠬᠤᠯᠪᠣᠭ᠎ᠠ ᠵᠢ ᠲᠦᠷᠭᠡᠨ ᠨᠡᠪᠲᠡᠷᠡᠭᠦᠯᠬᠦ᠂ ᠨᠡᠪᠲᠡᠷᠡᠭᠦᠯᠬᠦ ᠵᠢ ᠪᠠᠲᠤᠯᠠᠬᠤ᠂ ᠰᠠᠭ᠋ᠠᠳ ᠦᠭᠡᠢ ᠨᠡᠪᠲᠡᠷᠡᠭᠦᠯᠬᠦ ᠴᠢᠳᠠᠪᠤᠷᠢ ᠵᠢ ᠳᠡᠭᠡᠭᠰᠢᠯᠡᠭᠦᠯᠬᠦ ᠵᠢ ᠳᠤᠷᠠᠳᠴᠠᠢ; ᠲᠣᠨᠤᠭ ᠲᠥᠬᠦᠭᠡᠷᠦᠮᠵᠢ ᠪᠠ ᠪᠡᠯᠡᠳᠬᠡᠮᠵᠢ ᠵᠢᠨ ᠪᠠᠲᠤᠯᠠᠭ᠎ᠠ ᠵᠢᠨ ᠲᠠᠯ᠎ᠠ᠎ᠪᠠᠷ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠪᠠ ᠣᠷᠣᠨ ᠨᠤᠲᠤᠭ᠎ᠤᠨ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ ᠦᠨᠳᠦᠰᠦᠨ ᠱᠠᠲᠤᠨ᠎ᠤ ᠭᠠᠮᠰᠢᠭ᠎ᠠᠴᠠ ᠠᠪᠤᠷᠠᠨ ᠲᠤᠰᠠᠯᠠᠬᠤ ᠲᠣᠨᠤᠭ ᠲᠥᠬᠦᠭᠡᠷᠦᠮᠵᠢ ᠲᠣᠬᠢᠷᠠᠭᠤᠯᠬᠤ ᠠᠵᠢᠯ᠎ᠢ ᠴᠢᠩᠭ᠋ᠠᠳᠬᠠᠬᠤ᠂ ᠦᠨᠳᠦᠰᠦᠨ ᠱᠠᠲᠤᠨ᠎ᠤ ᠥᠪᠡᠷ᠎ᠢ᠎ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠵᠢ ᠳᠡᠭᠡᠭᠰᠢᠯᠡᠭᠦᠯᠬᠦ ᠵᠡᠷᠭᠡ ᠬᠠᠮᠢᠶ᠎ᠠ ᠪᠦᠬᠦᠢ ᠠᠭᠤᠯᠭ᠎ᠠ ᠵᠢ ᠲᠣᠳᠣᠷᠬᠠᠶ᠋ᠢᠯᠠᠪᠠ᠃
   《ᠪᠡᠯᠡᠳᠬᠡᠯ ᠲᠥᠰᠥᠯ》᠎ᠢ ᠬᠡᠷᠡᠭᠵᠢᠭᠦᠯᠬᠦ ᠶᠠᠪᠤᠴᠠ᠎ᠳᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠪᠣᠳᠠᠲᠤ ᠪᠠᠶ᠋ᠢᠳᠠᠯ ᠵᠶ᠋ᠠᠨ ᠦᠨᠳᠦᠰᠦᠯᠡᠨ 《ᠪᠡᠯᠡᠳᠬᠡᠯ ᠲᠥᠰᠥᠯ》᠎ᠤᠨ ᠡᠭᠦᠷᠭᠡ ᠵᠢ ᠨᠠᠶ᠋ᠢᠳᠠᠪᠤᠷᠢᠵᠢᠭᠤᠯᠬᠤ ᠠᠵᠢᠯ᠎ᠤᠨ ᠭᠠᠷ᠎ᠤᠨ ᠠᠪᠤᠯᠭ᠎ᠠ᠂ ᠠᠵᠢᠯᠯᠠᠭ᠋ᠠᠨ᠎ᠤ ᠲᠥᠰᠥᠯ ᠵᠡᠷᠭᠡ ᠵᠢ ᠲᠣᠭᠲᠠᠭ᠋ᠠᠨ ᠨᠠᠶ᠋ᠢᠳᠠᠪᠤᠷᠢᠵᠢᠭᠤᠯᠵᠤ ᠪᠣᠯᠣᠨ᠎ᠠ᠂ ᠲᠡᠷᠡᠴᠢᠯᠡᠨ ᠬᠠᠷᠢᠭᠤᠴᠠᠯᠭ᠎ᠠ ᠵᠢ ᠪᠣᠳᠠᠲᠠᠢ᠎ᠳᠤ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠡᠯ᠎ᠡ ᠭᠠᠵᠠᠷ ᠣᠷᠣᠨ 《ᠪᠡᠯᠡᠳᠬᠡᠯ ᠲᠥᠰᠥᠯ》᠎ᠢ ᠦᠨᠳᠦᠰᠦᠯᠡᠨ ᠲᠤᠰ ᠱᠠᠲᠤᠨ᠎ᠤ᠎ᠪᠠᠨ ᠪᠠᠶ᠋ᠢᠭ᠋ᠠᠯᠢ ᠵᠢᠨ ᠭᠠᠮᠰᠢᠭ᠎ᠠᠴᠠ ᠠᠪᠤᠷᠠᠨ ᠲᠤᠰᠠᠯᠠᠬᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠥᠯ᠎ᠳᠤ ᠵᠠᠰᠠᠪᠤᠷᠢ ᠣᠷᠣᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ᠎ᠨᠢ ᠡᠯ᠎ᠡ ᠱᠠᠲᠤᠨ᠎ᠤ ᠪᠠᠶ᠋ᠢᠭ᠋ᠠᠯᠢ ᠵᠢᠨ ᠭᠠᠮᠰᠢᠭ᠎ᠠᠴᠠ ᠠᠪᠤᠷᠠᠨ ᠲᠤᠰᠠᠯᠠᠬᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠥᠯ᠎ᠢ ᠵᠢᠯᠣᠭᠤᠳᠤᠨ ᠪᠠᠶ᠋ᠢᠴᠠᠭ᠋ᠠᠬᠤ᠎ᠪᠠᠨ ᠴᠢᠩᠭ᠋ᠠᠳᠬᠠᠵᠤ᠂ ᠪᠡᠯᠡᠳᠬᠡᠯ ᠲᠥᠰᠥᠯ᠎ᠢ ᠬᠥᠳᠡᠯᠦᠩᠭᠦᠢ᠎ᠪᠠᠷ ᠲᠡᠭᠦᠯᠳᠡᠷᠵᠢᠭᠦᠯᠬᠦ ᠵᠢ ᠰᠢᠮᠳᠠᠭᠤᠯᠵᠤ᠂ ᠳᠡᠭᠡᠳᠦ ᠳᠣᠣᠷᠠᠳᠤ ᠱᠠᠲᠤ᠎ᠪᠠᠷ ᠵᠶ᠋ᠠᠨ ᠬᠠᠮᠵᠢᠯᠴᠠᠭᠰᠠᠨ᠂ ᠡᠮᠬᠢ ᠵᠢᠷᠤᠮ᠎ᠲᠠᠢ ᠵᠣᠯᠭ᠋ᠠᠭᠤᠯᠤᠭᠰᠠᠨ ᠭᠠᠮᠰᠢᠭ᠎ᠠᠴᠠ ᠠᠪᠤᠷᠠᠨ ᠲᠤᠰᠠᠯᠠᠬᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠥᠯ᠎ᠤᠨ ᠲᠣᠭᠲᠠᠯᠴᠠᠭ᠎ᠠ ᠵᠢ ᠪᠠᠶ᠋ᠢᠭᠤᠯᠬᠤ᠎ᠪᠠᠨ ᠠᠬᠢᠭᠤᠯᠵᠤ᠂ ᠭᠠᠮᠰᠢᠭ᠎ᠠᠴᠠ ᠠᠪᠤᠷᠠᠨ ᠲᠤᠰᠠᠯᠠᠬᠤ ᠠᠵᠢᠯ᠎ᠤᠨ ᠲᠦᠪᠰᠢᠨ ᠵᠶ᠋ᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠪᠣᠯᠣᠨ᠎ᠠ᠃

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠣᠶᠠᠳᠤᠭ᠋ᠠᠷ ᠤᠳᠠᠭ᠋ᠠᠨ᠎ᠤ ᠬᠤᠷᠠᠯ᠎ᠤᠨ 532 ᠳ᠋ᠤᠭ᠋ᠠᠷ ᠲᠣᠭ᠋ᠠᠲᠤ ᠰᠠᠨᠠᠭᠤᠯᠭ᠎ᠠ ᠵᠢᠨ ᠲᠤᠬᠠᠶ ᠬᠠᠷᠢᠭᠤᠯᠲᠠ
ᠲᠦᠩᠯᠢᠶᠣᠤ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ 2019 《ᠤᠪᠤᠭ᠋ᠠᠨ᠎ᠳᠠᠬᠢ ᠠᠭᠤᠯᠵᠠᠯᠲᠠ》 ᠭᠣᠤᠯ ᠰᠡᠳᠦᠪᠲᠦ ᠠᠵᠢᠯᠯᠠᠭ᠎ᠠ ᠡᠷᠬᠢᠯᠡᠬᠦ ᠵᠢ ᠵᠥᠪᠰᠢᠶᠡᠷᠡᠬᠦ ᠲᠤᠬᠠᠶ ᠴᠣᠬᠣᠯᠠᠪᠤᠷᠢ
ᠪᠤᠭᠤᠲᠤ ᠬᠣᠲᠠ ᠵᠢᠨ ᠳᠣᠯᠣᠳᠤᠭ᠋ᠠᠷ ᠬᠤᠭᠤᠴᠠᠭ᠋ᠠᠨ᠎ᠤ ᠨᠡᠭᠦᠲᠡᠯ ᠮᠠᠯᠵᠢᠯ᠎ᠤᠨ ᠰᠣᠶᠣᠯ ᠵᠢᠭᠤᠯᠴᠢᠯᠠᠯ᠎ᠤᠨ ᠨᠠᠶ᠋ᠢᠷ ᠡᠷᠬᠢᠯᠡᠬᠦ ᠵᠢ ᠵᠥᠪᠰᠢᠶᠡᠷᠡᠬᠦ ᠲᠤᠬᠠᠶ ᠴᠣᠬᠣᠯᠠᠪᠤᠷᠢ
ᠰᠢᠯᠢ ᠵᠢᠨ ᠭᠣᠤᠯ ᠠᠶ᠋ᠢᠮᠠᠭ᠎ᠤᠨ ᠠᠩᠬᠠᠳᠤᠭ᠋ᠠᠷ ᠬᠤᠭᠤᠴᠠᠭ᠋ᠠᠨ᠎ᠤ ᠥᠪᠥᠷ ᠮᠣᠩᠭᠣᠯ᠎ᠤᠨ ᠳᠠᠭᠤᠤ ᠬᠥᠭᠵᠢᠮ᠎ᠤᠨ ᠨᠠᠶ᠋ᠢᠷ ᠎ᠢ ᠡᠷᠬᠢᠯᠡᠬᠦ ᠵᠢ ᠵᠥᠪᠰᠢᠶᠡᠷᠡᠬᠦ ᠲᠤᠬᠠᠶ ᠴᠣᠬᠣᠯᠠᠪᠤᠷᠢ
ᠣᠷᠳᠣᠰ ᠬᠣᠲᠠ ᠵᠢᠨ ᠠᠩᠬᠠᠳᠤᠭ᠋ᠠᠷ ᠬᠤᠭᠤᠴᠠᠭ᠋ᠠᠨ᠎ᠤ ᠣᠷᠳᠣᠰ᠎ᠤᠨ ᠲᠠᠯ᠎ᠠ ᠨᠤᠲᠤᠭ᠎ᠤᠨ ᠲᠣᠷᠭ᠋ᠠᠨ ᠵᠠᠮ᠎ᠤᠨ ᠰᠣᠶᠣᠯ ᠵᠢᠭᠤᠯᠴᠢᠯᠠᠯ᠎ᠤᠨ ᠨᠠᠶ᠋ᠢᠷ᠎ᠢ ᠡᠷᠬᠢᠯᠡᠬᠦ ᠵᠢ ᠵᠥᠪᠰᠢᠶᠡᠷᠡᠬᠦ ᠲᠤᠬᠠᠶ ᠴᠣᠬᠣᠯᠠᠪᠤᠷᠢ
 
            