ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠲᠠᠷᠢᠶᠠᠴᠢᠳ᠎ᠤᠨ ᠣᠷᠣᠯᠭ᠎ᠠ ᠵᠢᠨ ᠨᠡᠮᠡᠭᠳᠡᠯ᠎ᠢ ᠠᠬᠢᠭᠤᠯᠬᠤ ᠠᠵᠢᠯᠯᠠᠭ᠎ᠠ ᠵᠢ ᠬᠡᠷᠬᠢᠨ ᠬᠡᠷᠡᠭᠵᠢᠭᠦᠯᠬᠦ ᠪᠣᠶ (ᠲᠥᠷᠥ ᠵᠢᠨ ᠪᠣᠳᠣᠯᠭ᠎ᠠ ᠵᠢᠨ ᠠᠰᠠᠭᠤᠯᠲᠠ ᠬᠠᠷᠢᠭᠤᠯᠲᠠ · ᠬᠥᠳᠡᠭᠡ ᠲᠣᠰᠬᠤᠨ᠎ᠢ ᠪᠥᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠤᠨ᠎ᠠ)
ᠨᠡᠶᠢᠲᠡᠯᠡᠭᠰᠡᠨ ᠴᠠᠭ᠄ 2024-04-18


    ᠲᠠᠷᠢᠶᠠᠴᠢᠳ᠎ᠤᠨ ᠣᠷᠣᠯᠭ᠎ᠠ ᠵᠢ ᠬᠡᠷᠬᠢᠨ ᠦᠷᠭᠦᠯᠵᠢᠯᠡᠨ ᠨᠡᠮᠡᠭᠳᠡᠭᠦᠯᠬᠦ ᠪᠤᠢ? ᠡᠨᠡ ᠵᠢᠯ᠎ᠤᠨ ᠲᠥᠪ᠎ᠤᠨ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ᠎ᠳᠤ ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠭᠦᠯᠬᠦ ᠠᠷᠭ᠎ᠠ ᠪᠠᠷᠢᠯ᠎ᠢ ᠴᠢᠩᠭ᠋ᠠᠳᠬᠠᠬᠤ ᠶᠠᠪᠤᠳᠠᠯ᠎ᠢ ᠲᠣᠪᠣᠶ᠋ᠢᠮ᠎ᠠ ᠪᠠᠶ᠋ᠢᠷᠢᠨ᠎ᠳᠤ ᠲᠠᠯᠪᠢᠵᠤ᠂ ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠭᠦᠯᠬᠦ ᠵᠢ ᠠᠬᠢᠭᠤᠯᠬᠤ ᠠᠵᠢᠯᠯᠠᠭ᠎ᠠ ᠦᠷᠨᠢᠭᠦᠯᠬᠦ ᠵᠢ ᠳᠤᠷᠠᠳᠪᠠ᠃
    ᠲᠠᠷᠢᠶᠠᠯᠠᠩ ᠬᠥᠳᠡᠭᠡ ᠲᠣᠰᠬᠤᠨ᠎ᠤ ᠶᠠᠮᠤᠨ᠎ᠤ ᠲᠥᠷᠥ ᠵᠢᠨ ᠪᠣᠳᠣᠯᠭ᠎ᠠ ᠬᠢᠭᠡᠳ ᠥᠭᠡᠷᠡᠴᠢᠯᠡᠯᠲᠡ ᠵᠢᠨ ᠵᠤᠷᠭ᠋ᠠᠨ᠎ᠤ ᠨᠢᠭᠡᠳᠦᠭᠡᠷ ᠳᠡᠰ᠎ᠤᠨ ᠲᠣᠭᠤᠷᠢᠨ ᠪᠠᠶ᠋ᠢᠴᠠᠭ᠋ᠠᠭᠴᠢ ᠵᠣᠣ ᠴᠠᠩ ᠪᠦᠦ ᠲᠠᠨᠢᠯᠴᠠᠭᠤᠯᠬᠤ᠎ᠳᠤ᠎ᠪᠠᠨ᠂ ᠲᠠᠷᠢᠶᠠᠯᠠᠩ ᠬᠥᠳᠡᠭᠡ ᠲᠣᠰᠬᠤᠨ᠎ᠤ ᠶᠠᠮᠤᠨ 《ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ》᠎ᠤ ᠠᠵᠢᠯ᠎ᠤᠨ ᠲᠤᠬᠠᠢ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠰᠠᠯᠠᠭ᠎ᠠ ᠮᠥᠴᠢᠷ᠎ᠤᠨ ᠡᠭᠦᠷᠭᠡ ᠴᠢᠳᠠᠪᠤᠷᠢ᠎ᠳᠤ᠎ᠪᠠᠨ ᠰᠠᠭᠤᠷᠢᠯᠠᠨ ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ᠎ᠢ ᠭᠤᠣᠯᠳᠠᠭᠤ 4 ᠲᠠᠯ᠎ᠠ᠎ᠪᠠᠷ ᠥᠷᠭᠡᠳᠬᠡᠨ᠎ᠡ ᠭᠡᠵᠡᠢ᠃
    ᠬᠥᠳᠡᠭᠡ ᠲᠣᠰᠬᠤᠨ᠎ᠤ ᠠᠵᠤ ᠦᠢ᠍ᠯᠡᠰ᠎ᠤᠨ ᠬᠠᠷᠢᠴᠠᠭᠤᠯᠤᠭᠰᠠᠨ ᠦᠷ᠎ᠡ ᠠᠰᠢᠭ᠎ᠢ ᠳᠡᠭᠡᠭᠰᠢᠯᠡᠭᠦᠯᠦᠨ᠎ᠡ᠃ ᠲᠠᠷᠢᠶᠠᠯᠠᠩ᠎ᠤᠨ ᠳᠡᠮᠵᠢᠯᠭᠡ ᠬᠠᠮᠠᠭ᠋ᠠᠯᠠᠯᠲᠠ ᠵᠢᠨ ᠳᠦᠷᠢᠮ᠎ᠢ ᠠᠬᠢᠭᠤᠯᠤᠨ ᠲᠡᠭᠦᠯᠳᠡᠷᠵᠢᠭᠦᠯᠵᠦ᠂ ᠠᠮᠤ ᠪᠤᠳᠠᠭ᠎ᠠ ᠲᠠᠷᠢᠬᠤ ᠲᠠᠷᠢᠶᠠᠴᠢᠳ᠎ᠤᠨ ᠠᠰᠢᠭ ᠣᠷᠣᠯᠭ᠎ᠠ ᠵᠢ ᠪᠠᠲᠤᠯᠠᠬᠤ ᠲᠣᠭᠲᠠᠴᠠ ᠵᠢ ᠪᠦᠷᠢᠨᠰᠢᠭᠦᠯᠦᠨ᠂ ᠲᠠᠷᠢᠶᠠᠴᠢᠳ᠎ᠤᠨ ᠠᠮᠤ ᠪᠤᠳᠠᠭ᠎ᠠ ᠲᠠᠷᠢᠪᠠᠯ ᠵᠣᠭᠤᠰ ᠣᠯᠵᠤ᠂ ᠢᠯᠡᠭᠦᠦ ᠠᠰᠢᠭ ᠣᠯᠬᠤ ᠵᠢ ᠦᠨᠡᠨ ᠬᠦ᠌ ᠪᠠᠲᠤᠯᠠᠨ᠎ᠠ᠃ ᠬᠥᠳᠡᠭᠡ ᠲᠣᠰᠬᠤᠨ᠎ᠤ ᠨᠢᠭᠡᠳᠦᠭᠡᠷ ᠬᠤᠶᠠᠳᠤᠭ᠋ᠠᠷ ᠭᠤᠷᠪᠠᠳᠤᠭ᠋ᠠᠷ ᠠᠵᠤ ᠦᠢ᠍ᠯᠡᠰ᠎ᠤᠨ ᠠᠭᠤᠰᠤᠯᠴᠠᠨ ᠬᠥᠭᠵᠢᠬᠦ ᠵᠢ ᠠᠬᠢᠭᠤᠯᠵᠤ᠂ ᠲᠠᠷᠢᠶᠠᠴᠢᠳ᠎ᠲᠠᠢ ᠬᠤᠯᠪᠣᠭ᠋ᠠᠯᠠᠵᠤ ᠲᠠᠷᠢᠶᠠᠴᠢᠳ᠎ᠢ ᠲᠠᠶ᠋ᠢᠴᠢᠯᠠᠨ ᠲᠠᠷᠢᠶᠠᠴᠢᠳ᠎ᠲᠤ ᠠᠰᠢᠭ ᠬᠦᠷᠲᠡᠭᠡᠬᠦ ᠲᠣᠭᠲᠠᠴᠠ ᠵᠢ ᠲᠡᠭᠦᠯᠳᠡᠷᠵᠢᠭᠦᠯᠵᠦ᠂ ᠠᠵᠤ ᠦᠢ᠍ᠯᠡᠰ᠎ᠤᠨ ᠦᠷᠳᠡᠭ ᠨᠡᠮᠡᠭᠳᠡᠯ᠎ᠤᠨ ᠠᠰᠢᠭ ᠣᠷᠣᠯᠭ᠎ᠠ ᠵᠢ ᠬᠥᠳᠡᠭᠡ ᠲᠣᠰᠬᠤᠨ᠂ ᠲᠠᠷᠢᠶᠠᠴᠢᠳ᠎ᠲᠤ ᠨᠡᠩ ᠢᠯᠡᠭᠦᠦ ᠦᠯᠡᠳᠡᠭᠡᠨ᠎ᠡ᠃
    ᠬᠥᠳᠡᠭᠡ ᠲᠣᠰᠬᠤᠨ᠎ᠤ ᠬᠥᠳᠡᠯᠮᠦᠷᠢ ᠬᠦᠴᠦᠨ᠎ᠤ ᠴᠢᠨᠠᠷ ᠰᠠᠶ᠋ᠢᠲᠠᠢ ᠠᠵᠢᠯ ᠣᠯᠭᠤᠯᠲᠠ ᠵᠢ ᠠᠬᠢᠭᠤᠯᠤᠨ᠎ᠠ᠃ ᠠᠵᠢᠯ ᠣᠯᠭᠤᠯᠲᠠ ᠵᠢᠨ ᠪᠠᠭᠲᠠᠭ᠋ᠠᠮᠵᠢ᠎ᠪᠠᠷ ᠶᠡᠭᠡ ᠰᠢᠶᠠᠨ᠎ᠤ ᠬᠡᠪᠴᠢᠶᠡᠨ᠎ᠤ ᠠᠷᠠᠳ᠎ᠢ ᠪᠠᠶᠠᠵᠢᠭᠤᠯᠬᠤ ᠠᠵᠤ ᠦᠢ᠍ᠯᠡᠰ᠎ᠤᠨ ᠬᠥᠭᠵᠢᠯᠲᠡ ᠵᠢ ᠠᠬᠢᠭᠤᠯᠵᠤ᠂ ᠲᠠᠷᠢᠶᠠᠴᠢᠳ᠎ᠲᠤ ᠨᠡᠩ ᠤᠯᠠᠨ ᠳᠡᠷᠭᠡᠳᠡᠬᠢ ᠠᠵᠢᠯ᠎ᠤᠨ ᠵᠠᠪᠰᠢᠶᠠᠨ ᠬᠠᠩᠭ᠋ᠠᠨ᠎ᠠ᠃ ᠥᠨᠳᠥᠷ ᠬᠡᠪ ᠴᠢᠨᠠᠷ ᠪᠦᠬᠦᠢ ᠲᠠᠷᠢᠶᠠᠴᠢᠳ᠎ᠢ ᠬᠥᠮᠥᠵᠢᠭᠦᠯᠬᠦ ᠲᠥᠯᠥᠪᠯᠡᠭᠡ ᠵᠢ ᠦᠷᠭᠦᠯᠵᠢᠯᠡᠨ ᠬᠡᠷᠡᠭᠵᠢᠭᠦᠯᠵᠦ᠂ ᠬᠥᠳᠡᠭᠡ ᠲᠣᠰᠬᠤᠨ᠎ᠤ ᠦᠢ᠍ᠯᠡᠰ ᠪᠤᠰᠬᠠᠬᠤ ᠵᠢ ᠳᠡᠮᠵᠢᠵᠦ᠂ ᠲᠠᠷᠢᠶᠠᠴᠢᠳ᠎ᠤᠨ ᠥᠪᠡᠷ᠎ᠢ᠎ᠪᠠᠨ ᠬᠥᠭᠵᠢᠭᠦᠯᠬᠦ ᠴᠢᠳᠠᠪᠤᠷᠢ ᠵᠢ ᠳᠡᠭᠡᠭᠰᠢᠯᠡᠭᠦᠯᠦᠨ᠎ᠡ᠃
    ᠤᠳᠤ ᠦᠶ᠎ᠡ ᠵᠢᠨ ᠬᠥᠳᠡᠭᠡ ᠲᠣᠰᠬᠤᠨ᠎ᠤ ᠥᠮᠴᠢᠯᠡᠯ᠎ᠤᠨ ᠡᠷᠬᠡ ᠵᠢᠨ ᠳᠦᠷᠢᠮ᠎ᠢ ᠲᠡᠭᠦᠯᠳᠡᠷᠵᠢᠭᠦᠯᠦᠨ᠎ᠡ᠃ ᠡᠷᠬᠡ ᠵᠢ ᠨᠤᠲᠠᠯᠠᠨ ᠲᠣᠭᠲᠠᠭ᠋ᠠᠬᠤ ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠵᠦ᠂ ᠡᠷᠬᠡ ᠣᠯᠭᠤᠬᠤ ᠵᠢ ᠯᠠᠪᠳᠠᠭᠤᠨ ᠵᠶ᠋ᠠᠷ ᠠᠬᠢᠭᠤᠯᠵᠤ᠂ ᠡᠷᠬᠡ ᠵᠢ ᠠᠮᠢᠳᠤᠯᠢᠭᠵᠢᠭᠤᠯᠬᠤ ᠵᠢ ᠡᠮᠬᠢ ᠵᠢᠷᠤᠮ᠎ᠲᠠᠢ᠎ᠪᠠᠷ ᠪᠡᠶᠡᠯᠡᠭᠦᠯᠵᠦ᠂ ᠬᠥᠳᠡᠭᠡ ᠲᠣᠰᠬᠤᠨ᠎ᠤ ᠭᠠᠵᠠᠷ ᠰᠢᠷᠣᠢ ᠵᠢᠨ ᠳᠦᠷᠢᠮ ᠪᠠ ᠬᠠᠮᠲᠤ ᠵᠢᠨ ᠥᠮᠴᠢᠯᠡᠯ᠎ᠤᠨ ᠡᠷᠬᠡ ᠵᠢᠨ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ᠂ ᠬᠥᠳᠡᠭᠡ ᠲᠣᠰᠬᠤᠨ᠎ᠤ ᠰᠢᠨ᠎ᠡ ᠮᠠᠶᠢᠭ᠎ᠤᠨ ᠬᠠᠮᠲᠤ ᠵᠢᠨ ᠠᠵᠤ ᠠᠬᠤᠢ ᠵᠢ ᠬᠥᠭᠵᠢᠭᠦᠯᠵᠦ᠂ ᠬᠥᠳᠡᠭᠡ ᠲᠣᠰᠬᠤᠨ᠎ᠤ ᠥᠮᠴᠢᠯᠡᠯ᠎ᠤᠨ ᠡᠷᠬᠡ ᠵᠢ ᠰᠢᠯᠵᠢᠭᠦᠯᠦᠨ ᠠᠷᠠᠯᠵᠢᠶᠠᠯᠠᠬᠤ ᠵᠢᠷᠤᠮᠵᠢᠭᠰᠠᠨ ᠪᠠᠶ᠋ᠢᠭᠤᠯᠤᠯᠲᠠ ᠵᠢ ᠠᠬᠢᠭᠤᠯᠵᠤ᠂ ᠲᠠᠷᠢᠶᠠᠴᠢᠳ᠎ᠲᠤ ᠨᠡᠩ ᠭᠦᠢ᠍ᠴᠡᠳ ᠡᠳ᠋ ᠬᠥᠷᠥᠩᠭᠡ ᠵᠢᠨ ᠡᠷᠬᠡ ᠠᠰᠢᠭ ᠣᠯᠭᠤᠨ᠎ᠠ᠃
    ᠬᠥᠳᠡᠭᠡ ᠲᠣᠰᠬᠤᠨ᠎ᠤ ᠣᠷᠣᠯᠭ᠎ᠠ ᠪᠠᠭ᠋ᠠᠲᠠᠢ ᠬᠥᠮᠥᠨ ᠠᠮᠠ ᠵᠢ ᠪᠠᠶ᠋ᠢᠩᠭᠤᠰᠢᠭᠤᠯᠤᠨ ᠬᠠᠪᠰᠤᠷᠤᠨ ᠲᠡᠳᠬᠦᠬᠦ ᠠᠵᠢᠯ᠎ᠢ ᠴᠢᠩᠭ᠋ᠠᠳᠬᠠᠨ᠎ᠠ᠃ ᠳᠠᠬᠢᠨ ᠶᠠᠳᠠᠭᠤᠷᠠᠬᠤ ᠵᠢ ᠰᠡᠷᠭᠡᠶ᠋ᠢᠯᠡᠬᠦ ᠬᠥᠳᠡᠯᠦᠩᠭᠦᠢ ᠬᠢᠨᠠᠨ ᠰᠢᠨᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠵᠢ ᠰᠠᠶ᠋ᠢᠲᠤᠷ ᠠᠵᠢᠯᠯᠠᠭᠤᠯᠵᠤ᠂ ᠬᠢᠨᠠᠨ ᠰᠢᠨᠵᠢᠯᠲᠡ ᠵᠢ ᠴᠠᠭ ᠲᠤᠬᠠᠢ᠎ᠳᠤ᠎ᠨᠢ ᠪᠣᠳᠠᠲᠠᠶ᠋ᠢᠵᠢᠭᠤᠯᠵᠤ᠂ ᠬᠠᠪᠰᠤᠷᠤᠨ ᠲᠡᠳᠬᠦᠬᠦ ᠵᠢ ᠨᠠᠷᠢᠯᠢᠭ ᠣᠨᠣᠴᠠᠲᠠᠢ ᠪᠣᠳᠠᠲᠠᠶ᠋ᠢᠵᠢᠭᠤᠯᠤᠨ᠎ᠠ᠃ ᠬᠠᠪᠰᠤᠷᠤᠨ ᠲᠡᠳᠬᠦᠬᠦ ᠠᠵᠤ ᠦᠢ᠍ᠯᠡᠰ᠎ᠤᠨ ᠬᠥᠭᠵᠢᠯᠲᠡ ᠵᠢ ᠲᠦᠷᠦᠯ ᠬᠤᠪᠢᠶᠠᠨ ᠠᠬᠢᠭᠤᠯᠵᠤ᠂ ᠲᠠᠬᠢᠨ ᠶᠠᠳᠠᠭᠤᠷᠠᠬᠤ ᠵᠢ ᠰᠡᠷᠭᠡᠶ᠋ᠢᠯᠡᠬᠦ ᠠᠵᠢᠯ ᠣᠯᠭᠤᠯᠲᠠ ᠵᠢᠨ ᠰᠢᠪᠲᠤᠯᠤᠯᠲᠠ ᠵᠢᠨ ᠠᠵᠢᠯᠯᠠᠭ᠎ᠠ ᠵᠢ ᠭᠦᠨᠵᠡᠭᠡᠢ ᠬᠡᠷᠡᠭᠵᠢᠭᠦᠯᠵᠦ᠂ ᠶᠠᠳᠠᠭᠤ᠎ᠠᠴᠠ ᠠᠩᠭᠢᠵᠢᠷᠠᠭᠰᠠᠨ ᠬᠥᠳᠡᠯᠮᠦᠷᠢ ᠬᠦᠴᠦᠨ᠎ᠤ ᠣᠷᠣᠯᠭ᠎ᠠ ᠵᠢ ᠦᠷᠭᠦᠯᠵᠢᠯᠡᠨ ᠲᠣᠭᠲᠠᠭᠤᠨ ᠵᠶ᠋ᠠᠷ ᠨᠡᠮᠡᠭᠳᠡᠭᠦᠯᠬᠦ᠎ᠳᠤ ᠬᠦᠴᠦᠨ ᠨᠡᠮᠡᠷᠢᠯᠡᠨ᠎ᠡ᠃ ᠡᠯ᠎ᠡ ᠲᠥᠷᠥᠯ᠎ᠤᠨ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠠᠵᠢᠯ᠎ᠤᠨ ᠪᠠᠶ᠋ᠢᠷᠢ᠂ ᠬᠠᠪᠰᠤᠷᠤᠨ ᠲᠡᠳᠬᠦᠬᠦ ᠦᠢ᠍ᠯᠡᠳᠪᠦᠷᠢ ᠵᠢᠨ ᠲᠠᠰᠤᠭ᠎ᠢ ᠰᠠᠶ᠋ᠢᠲᠤᠷ ᠠᠰᠢᠭᠯᠠᠵᠤ᠂ ᠠᠵᠢᠯ ᠣᠯᠭᠤᠬᠤ᠎ᠪᠠᠷ ᠲᠡᠳᠬᠦᠬᠦ ᠵᠢ ᠣᠷᠣᠯᠠᠭᠤᠯᠬᠤ ᠲᠥᠷᠥ ᠵᠢᠨ ᠪᠣᠳᠣᠯᠭ᠎ᠠ ᠵᠢᠨ ᠨᠠᠶ᠋ᠢᠳᠠᠪᠤᠷᠢᠵᠢᠭᠤᠯᠤᠯᠲᠠ ᠵᠢ ᠠᠬᠢᠭᠤᠯᠵᠤ᠂ ᠬᠡᠪᠴᠢᠶᠡᠲᠦ ᠴᠢᠨᠠᠷᠲᠠᠢ ᠳᠠᠬᠢᠨ ᠶᠠᠳᠠᠭᠤᠷᠠᠬᠤ ᠵᠢᠨ ᠬᠤᠷᠢᠭ᠎ᠠ ᠱᠤᠭᠤᠮ᠎ᠢ ᠡᠷᠡᠰ ᠰᠠᠬᠢᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠳ᠎ᠲᠠᠢ ᠬᠠᠮᠲᠤᠷᠠᠨ ᠬᠥᠳᠡᠭᠡ ᠲᠣᠰᠬᠤᠨ᠎ᠤ ᠣᠷᠣᠯᠭ᠎ᠠ ᠪᠠᠭ᠋ᠠᠲᠠᠢ ᠬᠥᠮᠥᠨ ᠠᠮᠠ ᠪᠠ ᠬᠥᠭᠵᠢᠭᠡᠳᠦᠢ ᠭᠠᠵᠠᠷ ᠣᠷᠣᠨ᠎ᠤ ᠪᠠᠶ᠋ᠢᠩᠭᠤᠰᠢᠭᠤᠯᠤᠨ ᠬᠠᠪᠰᠤᠷᠤᠨ ᠲᠡᠳᠬᠦᠬᠦ ᠲᠣᠭᠲᠠᠴᠠ ᠵᠢ ᠰᠤᠳᠤᠯᠤᠨ ᠰᠦᠪᠡᠭᠴᠢᠯᠡᠵᠦ᠂ ᠲᠡᠭᠦᠨ᠎ᠤ ᠳᠣᠲᠣᠭ᠋ᠠᠳᠤ ᠵᠢᠨ ᠬᠥᠭᠵᠢᠯᠲᠡ ᠵᠢᠨ ᠬᠥᠳᠡᠯᠭᠡᠬᠦ ᠬᠦᠴᠦᠨ᠎ᠢ ᠴᠢᠩᠭ᠋ᠠᠷᠠᠭᠤᠯᠤᠨ᠎ᠠ᠃
   《ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠭᠦᠯᠬᠦ ᠪᠣᠯ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ᠎ᠤ ᠠᠵᠢᠯ᠎ᠤᠨ ᠭᠤᠣᠯ ᠡᠭᠦᠷᠭᠡ ᠮᠥᠨ ᠪᠣᠯᠬᠤᠷ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠵᠦ᠂ ᠵᠣᠬᠢᠴᠠᠯᠳᠤᠭᠤᠯᠤᠨ ᠠᠬᠢᠭᠤᠯᠬᠤ ᠬᠡᠷᠡᠭᠲᠡᠢ᠂ ᠠᠵᠤ ᠦᠢ᠍ᠯᠡᠰ ᠵᠶ᠋ᠠᠷ ᠳᠠᠶ᠋ᠢᠴᠢᠯᠠᠬᠤ᠂ ᠠᠵᠢᠯ ᠣᠯᠭᠤᠯᠲᠠ᠎ᠪᠠᠷ ᠳᠠᠶ᠋ᠢᠴᠢᠯᠠᠬᠤ᠂ ᠥᠭᠡᠷᠡᠴᠢᠯᠡᠯᠲᠡ᠎ᠪᠠᠷ ᠠᠬᠢᠭᠤᠯᠬᠤ᠎ᠪᠠᠷ ᠳᠠᠮᠵᠢᠭᠤᠯᠤᠨ ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ᠎ᠢ ᠲᠠᠰᠤᠷᠠᠯᠲᠠ ᠦᠭᠡᠢ ᠥᠷᠭᠡᠳᠬᠡᠵᠦ᠂ ᠥᠭᠡᠷᠡᠴᠢᠯᠡᠯᠲᠡ ᠬᠥᠭᠵᠢᠯᠲᠡ ᠵᠢᠨ ᠦᠷ᠎ᠡ ᠪᠦᠲᠦᠭᠡᠯ᠎ᠢ ᠥᠷᠭᠡᠨ ᠣᠯᠠᠨ ᠲᠠᠷᠢᠶᠠᠴᠢᠳ᠎ᠲᠤ ᠬᠥᠷᠲᠡᠭᠡᠬᠦ ᠬᠡᠷᠡᠭᠲᠡᠢ᠃》 ᠭᠡᠵᠦ ᠵᠤᠤ ᠴᠠᠩ ᠪᠦᠦ ᠬᠡᠯᠡᠪᠡ᠃
   

ᠢᠷᠡᠯᠲᠡ᠄ ᠦᠪᠦᠷ ᠮᠤᠩᠭᠤᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
ᠥᠰᠥᠭ ᠪᠢᠴᠢᠭ ᠵᠶ᠋ᠠᠷ ᠥᠭᠦᠯᠡᠬᠦᠢ᠄ 《ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢᠨ ᠬᠤᠯᠪᠣᠭᠳᠠᠯ ᠪᠥᠬᠦᠶ ᠠᠵᠢᠯ᠎ᠢ ᠦᠷᠭᠦᠯᠵᠢᠯᠡᠨ ᠠᠬᠢᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》᠎ᠤᠨ ᠲᠠᠶ᠋ᠢᠯᠤᠮᠵᠢ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠭᠠᠮᠰᠢᠭ᠎ᠠᠴᠠ ᠠᠪᠤᠷᠠᠨ ᠲᠤᠰᠠᠯᠠᠬᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠥᠯ (2024 ᠣᠨ᠎ᠤ ᠬᠡᠪᠯᠡᠯ)》᠎ᠤᠨ ᠲᠠᠶ᠋ᠢᠯᠤᠮᠵᠢ
ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠣᠶᠠᠳᠤᠭ᠋ᠠᠷ ᠤᠳᠠᠭ᠋ᠠᠨ᠎ᠤ ᠬᠤᠷᠠᠯ᠎ᠤᠨ 532 ᠳ᠋ᠤᠭ᠋ᠠᠷ ᠲᠣᠭ᠋ᠠᠲᠤ ᠰᠠᠨᠠᠭᠤᠯᠭ᠎ᠠ ᠵᠢᠨ ᠲᠤᠬᠠᠶ ᠬᠠᠷᠢᠭᠤᠯᠲᠠ
ᠲᠦᠩᠯᠢᠶᠣᠤ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ 2019 《ᠤᠪᠤᠭ᠋ᠠᠨ᠎ᠳᠠᠬᠢ ᠠᠭᠤᠯᠵᠠᠯᠲᠠ》 ᠭᠣᠤᠯ ᠰᠡᠳᠦᠪᠲᠦ ᠠᠵᠢᠯᠯᠠᠭ᠎ᠠ ᠡᠷᠬᠢᠯᠡᠬᠦ ᠵᠢ ᠵᠥᠪᠰᠢᠶᠡᠷᠡᠬᠦ ᠲᠤᠬᠠᠶ ᠴᠣᠬᠣᠯᠠᠪᠤᠷᠢ
ᠪᠤᠭᠤᠲᠤ ᠬᠣᠲᠠ ᠵᠢᠨ ᠳᠣᠯᠣᠳᠤᠭ᠋ᠠᠷ ᠬᠤᠭᠤᠴᠠᠭ᠋ᠠᠨ᠎ᠤ ᠨᠡᠭᠦᠲᠡᠯ ᠮᠠᠯᠵᠢᠯ᠎ᠤᠨ ᠰᠣᠶᠣᠯ ᠵᠢᠭᠤᠯᠴᠢᠯᠠᠯ᠎ᠤᠨ ᠨᠠᠶ᠋ᠢᠷ ᠡᠷᠬᠢᠯᠡᠬᠦ ᠵᠢ ᠵᠥᠪᠰᠢᠶᠡᠷᠡᠬᠦ ᠲᠤᠬᠠᠶ ᠴᠣᠬᠣᠯᠠᠪᠤᠷᠢ
 
            