ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠥᠰᠥᠭ ᠪᠢᠴᠢᠭ ᠵᠶ᠋ᠠᠷ ᠥᠭᠦᠯᠡᠬᠦᠢ᠄ 《ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢᠨ ᠬᠤᠯᠪᠣᠭᠳᠠᠯ ᠪᠥᠬᠦᠶ ᠠᠵᠢᠯ᠎ᠢ ᠦᠷᠭᠦᠯᠵᠢᠯᠡᠨ ᠠᠬᠢᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》᠎ᠤᠨ ᠲᠠᠶ᠋ᠢᠯᠤᠮᠵᠢ
ᠨᠡᠶᠢᠲᠡᠯᠡᠭᠰᠡᠨ ᠴᠠᠭ᠄ 2024-04-29


      ᠨᠢᠭᠡ᠂ ᠨᠡᠶ᠋ᠢᠲᠡᠯᠡᠭᠰᠡᠨ ᠠᠬᠤᠶ ᠪᠠᠶ᠋ᠢᠳᠠᠯ
      ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠪᠣᠬᠢᠷᠲᠤᠯ ᠥᠬᠡᠶ ᠠᠭᠤᠷᠬᠠᠶ ᠵᠢᠨ ᠦᠢ᠍ᠯᠡᠰ᠎ᠢ ᠬᠥᠭᠵᠢᠭᠦᠯᠬᠦ ᠪᠠ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢ ᠤᠷᠢᠳ ᠬᠤᠵᠢᠳ ᠤᠯᠤᠰ᠎ᠤᠨ 《13 · 5》 《14 · 5》 ᠵᠢᠨ ᠬᠥᠲᠥᠯᠪᠦᠷᠢ ᠵᠢᠴᠢ 《ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠠᠨᠠᠯ》 ᠵᠡᠷᠭᠡ ᠴᠢᠬᠤᠯᠠ ᠪᠢᠴᠢᠭ ᠮᠠᠲ᠋ᠧᠷᠢᠶᠠᠯ᠎ᠳᠤ ᠪᠢᠴᠢᠨ ᠣᠷᠣᠭᠤᠯᠪᠠ᠃ 2017 ᠣᠨ᠎ᠤ 3 ᠳ᠋ᠤᠭ᠋ᠠᠷ ᠰᠠᠷ᠎ᠠ᠎ᠳᠤ᠂ ᠤᠤᠯ᠎ᠤᠨ ᠤᠯᠤᠰ᠎ᠤᠨ ᠨᠤᠲᠤᠭ ᠳᠡᠪᠢᠰᠬᠡᠷ᠎ᠤᠨ ᠡᠬᠢ ᠪᠠᠶᠠᠯᠢᠭ᠎ᠤᠨ ᠶᠠᠮᠤᠨ᠂ ᠡᠳ᠋᠎ᠤᠨ ᠵᠠᠰᠠᠭ᠎ᠤᠨ ᠶᠠᠮᠤᠨ ᠵᠡᠷᠭᠡ 6 ᠶᠠᠮᠤᠨ ᠵᠥᠪᠯᠡᠯ ᠬᠠᠮᠲᠤᠷᠠᠨ 《ᠪᠣᠬᠢᠷᠲᠤᠯ ᠥᠬᠡᠶ ᠠᠭᠤᠷᠬᠠᠶ ᠵᠢ ᠲᠦᠷᠭᠡᠪᠴᠢᠯᠡᠨ ᠪᠠᠶ᠋ᠢᠭᠤᠯᠬᠤ ᠲᠤᠬᠠᠶ ᠬᠡᠷᠡᠭᠵᠢᠭᠦᠯᠬᠦ ᠰᠠᠨᠠᠯ》 (ᠤᠯᠤᠰ ᠨᠤᠲᠤᠭ ᠡᠬᠢ ᠲᠣᠭᠲᠠᠭ᠋ᠠᠯ [2017] 4 ᠳ᠋ᠦ᠍ᠭᠡᠷ ᠲᠣᠭ᠋ᠠᠲᠤ)᠎ᠢ ᠳᠠᠷᠤᠮᠠᠯᠯᠠᠨ ᠲᠠᠷᠬᠠᠭ᠋ᠠᠪᠠ᠃ 2020 ᠣᠨ᠎ᠤ 11 ᠳ᠋ᠦ᠍ᠭᠡᠷ ᠰᠠᠷ᠎ᠠ᠎ᠳᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢᠨ ᠲᠥᠰᠦᠯ》 (ᠥᠪᠥᠷ ᠵᠠᠰᠠᠭ ᠲᠠᠷᠬᠠᠭ᠋ᠠᠭᠰᠠᠨ [2020] 18 ᠳ᠋ᠤᠭ᠋ᠠᠷ ᠲᠣᠭ᠋ᠠᠲᠤ)᠎ᠢ ᠳᠠᠷᠤᠮᠠᠯᠯᠠᠨ ᠲᠠᠷᠬᠠᠭ᠋ᠠᠵᠤ᠂ ᠪᠥᠬᠦ ᠣᠷᠣᠨ᠎ᠤ ᠰᠢᠨ᠎ᠡ᠎ᠪᠠᠷ ᠪᠠᠶ᠋ᠢᠭᠤᠯᠬᠤ᠂ ᠦᠢ᠍ᠯᠡᠳᠪᠦᠷᠢᠯᠡᠯ᠎ᠤᠨ ᠠᠭᠤᠷᠬᠠᠶ ᠵᠢᠨ ᠪᠣᠬᠢᠷᠲᠤᠯ ᠦᠭᠡᠢ ᠪᠥᠲᠥᠭᠡᠨ ᠪᠠᠶ᠋ᠢᠭᠤᠯᠤᠯᠲᠠ ᠵᠢ ᠡᠷᠴᠢᠮᠵᠢᠭᠦᠯᠬᠦ ᠬᠡᠷᠡᠭᠲᠡᠶ ᠭᠡᠵᠦ ᠱᠠᠭ᠋ᠠᠷᠳᠠᠪᠠ᠃ 2024 ᠣᠨ᠎ᠤ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠳᠤ 《ᠪᠣᠬᠢᠷᠲᠤᠯ ᠥᠬᠡᠶ ᠠᠭᠤᠷᠬᠠᠶ ᠵᠢ ᠨᠡᠩ ᠣᠯᠠᠨ ᠪᠦᠲᠦᠭᠡᠨ ᠪᠠᠶ᠋ᠢᠭᠤᠯᠬᠤ ᠬᠡᠷᠡᠭᠲᠡᠶ》 ᠭᠡᠵᠦ ᠱᠠᠭ᠋ᠠᠷᠳᠠᠪᠠ᠃ 2024 ᠣᠨ᠎ᠤ ᠪᠥᠬᠦ ᠤᠯᠤᠰ᠎ᠤᠨ ᠬᠤᠶᠠᠷ ᠬᠤᠷᠠᠯ᠎ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠤᠨ ᠰᠢᠨ᠎ᠡ ᠵᠣᠷᠢᠭ ᠰᠠᠨᠠᠭ᠎ᠠ᠂ ᠰᠢᠨ᠎ᠡ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠵᠤ᠂ ᠣᠷᠣᠨ ᠨᠤᠲᠤᠭ᠎ᠤᠨ ᠪᠣᠬᠢᠷᠲᠤᠯ ᠥᠬᠡᠶ ᠠᠭᠤᠷᠬᠠᠶ ᠵᠢ ᠰᠢᠯᠢᠨ ᠰᠣᠩᠭᠤᠬᠤ ᠪᠠ ᠬᠢᠨᠠᠨ ᠬᠠᠮᠢᠶᠠᠷᠬᠤ ᠠᠵᠢᠯ᠎ᠢ ᠨᠠᠩ ᠰᠠᠶ᠋ᠢᠨ ᠥᠷᠨᠢᠭᠦᠯᠬᠦ ᠵᠢ ᠵᠢᠷᠤᠮᠵᠢᠭᠤᠯᠤᠨ ᠵᠢᠯᠣᠭᠤᠳᠬᠤ ᠵᠢᠨ ᠲᠥᠯᠥᠭᠡ 《ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢᠨ ᠬᠤᠯᠪᠣᠭᠳᠠᠯ ᠪᠥᠬᠦᠶ ᠠᠵᠢᠯ᠎ᠢ ᠦᠷᠭᠦᠯᠵᠢᠯᠡᠨ ᠠᠬᠢᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》 (ᠳᠣᠷᠣᠭᠰᠢ 《ᠮᠡᠳᠡᠭᠳᠡᠯ》 ᠭᠡᠵᠦ ᠲᠣᠪᠴᠢᠯᠠᠪᠠ)᠎ᠢ ᠲᠣᠭᠲᠠᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢᠨ ᠬᠠᠷᠠᠯᠲᠠ᠂ ᠪᠥᠲᠥᠭᠡᠨ ᠪᠠᠶ᠋ᠢᠭᠤᠯᠤᠯᠲᠠ ᠵᠢᠨ ᠪᠠᠷᠢᠮᠵᠢᠶ᠎ᠠ᠂ ᠦᠨᠡᠯᠡᠬᠦ ᠭᠦᠢ᠍ᠴᠡᠳᠬᠡᠯ ᠲᠤᠭ᠎ᠠ᠂ ᠭᠤᠶᠤᠴᠢᠯᠠᠨ ᠮᠡᠳᠡᠭᠦᠯᠵᠦ ᠦᠨᠡᠯᠡᠨ ᠵᠢᠱ᠌ᠢᠵᠦ ᠰᠢᠯᠢᠨ ᠰᠣᠩᠭᠤᠬᠤ ᠴᠤᠪᠤᠷᠠᠯ ᠪᠠ ᠱᠠᠭ᠋ᠠᠷᠳᠠᠯᠭ᠎ᠠ ᠵᠢ ᠲᠣᠳᠣᠷᠬᠠᠶ᠋ᠢᠯᠠᠵᠤ᠂ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠤᠳᠤᠷᠢᠳᠬᠤ ᠬᠠᠷᠢᠭᠤᠴᠠᠯᠭ᠎ᠠ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠎ᠤᠳ᠎ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠪᠣᠳᠠᠲᠠᠶ᠋ᠢᠵᠢᠭᠤᠯᠪᠠ᠃
      ᠬᠤᠶᠠᠷ᠂ ᠭᠤᠣᠯ ᠠᠭᠤᠯᠭ᠎ᠠ
      《ᠮᠡᠳᠡᠭᠳᠡᠯ》᠎ᠳᠤ 3 ᠬᠡᠰᠡᠭ ᠪᠠ 3 ᠳᠠᠭ᠋ᠠᠯᠳᠤᠭᠤᠯᠤᠯ ᠪᠠᠭᠲᠠᠨ᠎ᠠ᠃
      ᠨᠢᠭᠡᠳᠦᠭᠡᠷ ᠬᠡᠰᠡᠭ᠎ᠲᠤ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢᠨ ᠡᠭᠦᠷᠭᠡ ᠵᠢᠨ ᠬᠠᠷᠠᠯᠲᠠ ᠵᠢ ᠲᠣᠳᠣᠷᠬᠠᠶ᠋ᠢᠯᠠᠵᠤ᠂ ᠡᠭᠦᠨ᠎ᠳᠤ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢᠨ ᠡᠲᠡᠭᠡᠳ᠂ ᠴᠠᠭ᠎ᠤᠨ ᠬᠢᠵᠠᠭ᠋ᠠᠷ ᠪᠠ ᠪᠣᠳᠠᠲᠠᠶ ᠱᠠᠭ᠋ᠠᠷᠳᠠᠯᠭ᠎ᠠ ᠵᠢ ᠪᠠᠭᠲᠠᠭ᠋ᠠᠨ᠎ᠠ;
      ᠬᠤᠶᠠᠳᠤᠭ᠋ᠠᠷ ᠬᠡᠰᠡᠭ᠎ᠨᠢ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢ ᠶᠡᠭᠡ᠎ᠪᠠᠷ ᠠᠬᠢᠭᠤᠯᠬᠤ ᠲᠤᠬᠠᠢ ᠪᠠᠶ᠋ᠢᠵᠤ᠂ ᠡᠭᠦᠨ᠎ᠳᠤ ᠪᠣᠬᠢᠷᠲᠤᠯ ᠥᠬᠡᠶ ᠠᠭᠤᠷᠬᠠᠶ ᠵᠢᠨ ᠠᠵᠢᠯ ᠲᠥᠷᠥᠯ᠎ᠤᠨ ᠪᠠᠷᠢᠮᠵᠢᠶ᠎ᠠ ᠪᠠ ᠦᠨᠡᠯᠡᠬᠦ ᠭᠦᠢ᠍ᠴᠡᠳᠬᠡᠯ ᠲᠤᠭ᠎ᠠ ᠵᠢ ᠪᠠᠶ᠋ᠢᠭᠤᠯᠤᠨ ᠪᠦᠷᠢᠨᠰᠢᠭᠦᠯᠬᠦ᠂ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢᠨ ᠣᠨ᠎ᠤ ᠬᠠᠷᠠᠯᠲᠠᠲᠤ ᠡᠭᠦᠷᠭᠡ ᠵᠢ ᠲᠣᠭᠲᠠᠭ᠋ᠠᠬᠤ᠂ ᠪᠣᠬᠢᠷᠲᠤᠯ ᠥᠬᠡᠶ ᠠᠭᠤᠷᠬᠠᠶ ᠵᠢ ᠮᠡᠳᠡᠭᠦᠯᠵᠦ ᠰᠢᠯᠭ᠋ᠠᠷᠠᠭᠤᠯᠬᠤ ᠴᠤᠪᠤᠷᠠᠯ᠎ᠢ ᠴᠢᠩᠳᠠᠯᠠᠬᠤ᠂ ᠭᠤᠷᠪᠠᠳᠠᠬᠢ ᠡᠲᠡᠭᠡᠳ ᠦᠨᠡᠯᠡᠨ ᠵᠢᠱ᠌ᠢᠬᠦ ᠬᠠᠮᠢᠶᠠᠷᠤᠯᠲᠠ ᠵᠢ ᠴᠢᠩᠭ᠋ᠠᠳᠬᠠᠬᠤ᠂ ᠠᠭᠤᠷᠬᠠᠶ ᠵᠢᠨ ᠠᠵᠤ ᠠᠬᠤᠶ᠋ᠢᠯᠠᠯ᠎ᠤᠨ ᠪᠣᠬᠢᠷᠲᠤᠯ ᠥᠬᠡᠶ ᠠᠭᠤᠷᠬᠠᠶ ᠵᠢ ᠪᠥᠲᠥᠭᠡᠨ ᠪᠠᠶ᠋ᠢᠭᠤᠯᠬᠤ ᠭᠤᠤᠯ ᠴᠣᠭᠴᠠ ᠵᠢᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠬᠤ᠂ ᠰᠢᠯᠢᠳᠡᠭ᠎ᠢ᠎ᠨᠢ ᠰᠣᠩᠭᠤᠵᠤ ᠤᠯᠤᠰ᠎ᠤᠨ ᠲᠠᠰ᠎ᠤᠨ ᠪᠣᠬᠢᠷᠲᠤᠯ ᠥᠬᠡᠶ ᠠᠭᠤᠷᠬᠠᠶ᠎ᠳᠤ ᠲᠠᠨᠢᠯᠴᠠᠭᠤᠯᠬᠤ᠂ ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢᠨ ᠡᠷᠴᠢᠮ᠎ᠢ ᠴᠢᠩᠭ᠋ᠠᠷᠠᠭᠤᠯᠬᠤ ᠵᠡᠷᠭᠡ ᠵᠢ ᠪᠠᠭᠲᠠᠭ᠋ᠠᠨ᠎ᠠ;
      ᠭᠤᠷᠪᠠᠳᠤᠭ᠋ᠠᠷ ᠬᠡᠰᠡᠭ᠎ᠨᠢ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢᠨ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ ᠵᠢ ᠴᠢᠩᠭ᠋ᠠᠳᠬᠠᠬᠤ ᠲᠤᠬᠠᠢ ᠪᠠᠶ᠋ᠢᠵᠤ᠂ ᠡᠭᠦᠨ᠎ᠳᠤ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ ᠵᠢ ᠴᠢᠩᠭ᠋ᠠᠳᠬᠠᠬᠤ᠂ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ᠂ ᠰᠢᠯᠭ᠋ᠠᠨ ᠬᠢᠨᠠᠬᠤ ᠬᠠᠮᠢᠶᠠᠷᠤᠯᠲᠠ ᠵᠢ ᠴᠢᠩᠭ᠋ᠠᠳᠬᠠᠬᠤ ᠵᠡᠷᠭᠡ ᠵᠢ ᠪᠠᠭᠲᠠᠭ᠋ᠠᠨ᠎ᠠ᠃
     3 ᠳᠠᠭ᠋ᠠᠯᠳᠤᠭᠤᠯᠤᠯ᠎ᠳᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢ ᠦᠨᠡᠯᠡᠬᠦ ᠭᠦᠢ᠍ᠴᠡᠳᠬᠡᠯ ᠲᠤᠭ᠎ᠠ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠥᠬᠡᠶ ᠠᠭᠤᠷᠬᠠᠶ ᠵᠢ ᠭᠤᠶᠤᠴᠢᠯᠠᠨ ᠮᠡᠳᠡᠭᠦᠯᠬᠦ ᠦᠨᠡᠯᠡᠨ ᠵᠢᠱ᠌ᠢᠬᠦ ᠰᠢᠯᠢᠨ ᠰᠣᠩᠭᠤᠬᠤ ᠠᠵᠢᠯ᠎ᠤᠨ ᠴᠤᠪᠤᠷᠠᠯ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠎ᠤᠳ᠎ᠤᠨ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠬᠤ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠᠭᠲᠠᠨ᠎ᠠ᠃
      ᠭᠤᠷᠪᠠ᠂ ᠭᠤᠣᠯ ᠣᠨᠴᠠᠯᠢᠭ
      ᠨᠢᠭᠡ᠎ᠳᠤ᠂ ᠵᠠᠰᠠᠭ᠎ᠤᠨ ᠣᠷᠳᠣᠨ ᠵᠶ᠋ᠠᠷ ᠭᠤᠤᠯᠯᠠᠭᠤᠯᠬᠤ᠂ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠬᠦ᠂ ᠠᠵᠤ ᠠᠬᠤᠶ᠋ᠢᠯᠠᠯ ᠭᠤᠤᠯᠯᠠᠨ ᠪᠠᠶ᠋ᠢᠭᠤᠯᠬᠤ᠂ ᠨᠡᠶ᠋ᠢᠭᠡᠮ ᠳᠠᠶᠠᠭ᠋ᠠᠷ ᠬᠢᠨᠠᠯᠲᠠ ᠲᠠᠯᠪᠢᠭᠰᠠᠨ ᠪᠣᠬᠢᠷᠲᠤᠯ ᠥᠬᠡᠶ ᠠᠭᠤᠷᠬᠠᠶ ᠵᠢᠨ ᠦᠢ᠍ᠯᠡᠰ᠎ᠤᠨ ᠬᠥᠭᠵᠢᠯᠲᠡ ᠵᠢᠨ ᠲᠣᠭᠲᠠᠴᠠ ᠵᠢ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠵᠶ᠋ᠠᠷ ᠲᠦᠷᠦᠭᠦᠯᠡᠭᠦᠯᠦᠨ᠂ ᠬᠤᠯᠪᠣᠭᠳᠠᠯ ᠪᠥᠬᠦᠶ ᠭᠤᠤᠯᠴᠢᠯᠠᠨ ᠬᠠᠮᠢᠶᠠᠷᠬᠤ 14 ᠰᠠᠯᠠᠭ᠎ᠠ ᠮᠥᠴᠢᠷ ᠪᠠ ᠨᠢᠭᠡᠴᠢ᠎ᠪᠠᠷ ᠪᠦᠷᠢᠯᠳᠦᠭᠰᠡᠨ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢᠨ ᠵᠣᠬᠢᠴᠠᠭᠤᠯᠬᠤ ᠲᠣᠭᠲᠠᠴᠠ ᠵᠢ ᠲᠣᠳᠣᠷᠬᠠᠶ ᠪᠠᠶ᠋ᠢᠭᠤᠯᠵᠤ᠂ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢᠨ ᠳᠤᠮᠳᠠᠬᠢ ᠴᠢᠬᠤᠯᠠ ᠶᠡᠭᠡ ᠵᠦᠢ᠍ᠯᠡᠰ ᠪᠠ ᠴᠢᠬᠤᠯᠠ ᠶᠡᠭᠡ ᠠᠰᠠᠭᠤᠳᠠᠯ᠎ᠢ ᠬᠠᠮᠲᠤ᠎ᠪᠠᠷ ᠰᠤᠳᠤᠯᠤᠨ ᠰᠢᠢ᠍ᠳᠪᠦᠷᠢᠯᠡᠨ᠎ᠡ᠃
      ᠬᠤᠶᠠᠷ᠎ᠲᠤ᠂ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢᠨ ᠣᠯᠠᠨ ᠵᠢᠯ᠎ᠤᠨ ᠲᠤᠷᠰᠢᠯᠭ᠎ᠠ ᠵᠢ ᠳ᠋ᠦᠩᠨᠡᠭᠰᠡᠨ ᠰᠠᠭᠤᠷᠢᠨ ᠳᠡᠭᠡᠷ᠎ᠡ᠂ ᠪᠣᠬᠢᠷᠲᠤᠯ ᠥᠬᠡᠶ ᠠᠭᠤᠷᠬᠠᠶ ᠵᠢ ᠭᠤᠶᠤᠴᠢᠯᠠᠨ ᠮᠡᠳᠡᠭᠦᠯᠵᠦ ᠰᠢᠯᠭ᠋ᠠᠷᠠᠭᠤᠯᠬᠤ ᠴᠤᠪᠤᠷᠠᠯ ᠪᠠ ᠱᠠᠭ᠋ᠠᠷᠳᠠᠯᠭ᠎ᠠ᠎ᠳᠤ ᠤᠯᠠᠮ ᠨᠢᠭᠡ ᠠᠯᠬᠤᠮ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠠᠯᠠᠭ᠎ᠠ ᠮᠥᠴᠢᠷ ᠲᠦᠷᠦᠭᠦᠯᠡᠨ ᠬᠠᠮᠢᠶ᠎ᠠ ᠪᠥᠬᠦᠶ ᠰᠠᠯᠠᠭ᠎ᠠ ᠮᠥᠴᠢᠷ᠎ᠤᠳ᠎ᠢ ᠵᠣᠬᠢᠶᠠᠨ ᠪᠠᠶ᠋ᠢᠭᠤᠯᠵᠤ ᠬᠤᠯᠪᠣᠭ᠋ᠠᠯᠠᠨ ᠬᠢᠨᠠᠨ ᠪᠠᠶ᠋ᠢᠴᠠᠭ᠋ᠠᠬᠤ ᠵᠢ ᠲᠣᠳᠣᠷᠬᠠᠶ ᠲᠣᠭᠲᠠᠭ᠋ᠠᠵᠤ᠂ ᠠᠶ᠋ᠢᠮᠠᠭ ᠬᠤᠲᠠ ᠵᠢᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠠᠯᠠᠭ᠎ᠠ ᠮᠥᠴᠢᠷ ᠬᠤᠯᠪᠣᠭᠳᠠᠯ ᠪᠥᠬᠦᠶ ᠰᠠᠯᠠᠭ᠎ᠠ ᠮᠥᠴᠢᠷ᠎ᠤᠳ᠎ᠢ ᠵᠣᠬᠢᠶᠠᠨ ᠪᠠᠶ᠋ᠢᠭᠤᠯᠵᠤ ᠵᠠᠰᠠᠭ᠎ᠤᠨ ᠣᠷᠳᠣᠨ ᠦᠢ᠍ᠯᠡᠴᠢᠯᠡᠭᠡ ᠬᠤᠳᠠᠯᠳᠤᠨ ᠠᠪᠬᠤ ᠬᠡᠯᠪᠡᠷᠢ᠎ᠪᠠᠷ ᠭᠤᠷᠪᠠᠳᠠᠬᠢ ᠡᠲᠡᠭᠡᠳ᠎ᠤᠨ ᠦᠨᠡᠯᠡᠨ ᠵᠢᠱ᠌ᠢᠯᠲᠡ ᠵᠢ ᠥᠷᠨᠢᠭᠦᠯᠦᠨ᠎ᠡ᠃
      ᠭᠤᠷᠪᠠ᠎ᠳᠤ᠂ ᠡᠯ᠎ᠡ ᠰᠠᠯᠠᠭ᠎ᠠ ᠮᠥᠴᠢᠷ᠎ᠤᠳ᠎ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠵᠢ ᠦᠨᠳᠦᠰᠦᠯᠡᠨ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠎ᠤᠳ᠎ᠤᠨ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ᠎ᠳᠠᠬᠢ ᠡᠭᠦᠷᠭᠡ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠨᠠᠷᠢᠯᠢᠬ᠍ᠵᠢᠭᠤᠯᠤᠭᠰᠠᠨ᠎ᠤ ᠬᠠᠮᠲᠤ᠂ ᠰᠠᠯᠠᠭ᠎ᠠ ᠮᠥᠴᠢᠷ᠎ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠵᠢ ᠦᠨᠳᠦᠰᠦᠯᠡᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢ ᠦᠨᠡᠯᠡᠬᠦ ᠭᠦᠢ᠍ᠴᠡᠳᠬᠡᠯ ᠲᠤᠭ᠎ᠠ》 ᠵᠢᠨ ᠡᠯ᠎ᠡ ᠵᠦᠢ᠍ᠯ᠎ᠤᠨ ᠭᠦᠢ᠍ᠴᠡᠳᠬᠡᠯ ᠲᠤᠭ᠎ᠠ᠎ᠳᠤ ᠬᠢᠨᠠᠯᠲᠠ ᠬᠠᠮᠢᠶᠠᠷᠤᠯᠲᠠ ᠬᠢᠬᠦ ᠰᠠᠯᠠᠭ᠎ᠠ ᠮᠥᠴᠢᠷ᠎ᠤᠳ᠎ᠢ ᠲᠣᠳᠣᠷᠬᠠᠶ᠋ᠢᠯᠠᠵᠤ᠂ ᠪᠣᠬᠢᠷᠲᠤᠯ ᠥᠬᠡᠶ ᠠᠭᠤᠷᠬᠠᠶ ᠵᠢ ᠠᠩᠬ᠎ᠠ ᠬᠢᠨᠠᠬᠤ᠂ ᠬᠢᠨᠠᠨ ᠪᠠᠶ᠋ᠢᠴᠠᠭ᠋ᠠᠵᠤ ᠦᠨᠡᠯᠡᠨ ᠵᠢᠱ᠌ᠢᠬᠦ᠂ ᠬᠠᠷᠭᠤᠭᠤᠯᠤᠨ ᠪᠠᠶ᠋ᠢᠴᠠᠭ᠋ᠠᠬᠤ ᠪᠠ ᠡᠳᠦᠷ ᠲᠤᠲᠤᠮ ᠬᠥᠳᠡᠯᠦᠩᠭᠦᠶ ᠬᠢᠨᠠᠨ ᠬᠠᠮᠢᠶᠠᠷᠬᠤ ᠵᠡᠷᠭᠡ ᠡᠯ᠎ᠡ ᠭᠤᠭᠴᠤᠭ᠎ᠠ ᠵᠢᠨ ᠠᠵᠢᠯ᠎ᠳᠤ ᠰᠠᠯᠠᠭ᠎ᠠ ᠮᠥᠴᠢᠷ᠎ᠤᠨ ᠠᠵᠢᠯ᠎ᠤᠨ ᠬᠤᠪᠢᠶᠠᠷᠢᠯᠠᠯ᠎ᠢ ᠲᠣᠳᠣᠷᠬᠠᠶ᠋ᠢᠯᠠᠪᠠ᠃
      ᠳᠥᠷᠪᠡ᠎ᠳᠤ᠂ ᠤᠯᠤᠰ᠎ᠤᠨ ᠬᠤᠯᠪᠣᠭᠳᠠᠯ ᠪᠥᠬᠦᠶ ᠲᠣᠭᠲᠠᠭ᠋ᠠᠯ᠎ᠤᠨ ᠰᠠᠭᠤᠷᠢᠨ ᠳᠡᠭᠡᠷ᠎ᠡ ᠪᠣᠬᠢᠷᠲᠤᠯ ᠥᠬᠡᠶ ᠠᠭᠤᠷᠬᠠᠶ᠎ᠳᠤ ᠬᠡᠷᠡᠭᠯᠡᠬᠦ ᠭᠠᠵᠠᠷ ᠠᠭᠤᠷᠬᠠᠶ ᠵᠢ ᠳᠡᠮᠵᠢᠬᠦ ᠪᠠ ᠭᠠᠶ᠋ᠢᠯᠢ ᠲᠠᠲᠠᠪᠤᠷᠢ ᠵᠢᠨ ᠬᠠᠷᠠᠭ᠋ᠠᠯᠵᠠᠯ᠎ᠤᠨ ᠲᠠᠯ᠎ᠠ᠎ᠪᠠᠷ᠎ᠬᠢ ᠨᠠᠶ᠋ᠢᠳᠠᠪᠤᠷᠢᠵᠢᠭᠤᠯᠵᠤ ᠪᠣᠯᠬᠤ᠂ ᠪᠣᠳᠠᠲᠠᠶ ᠬᠡᠷᠡᠭᠵᠢᠭᠦᠯᠬᠦ ᠴᠢᠨᠠᠷ ᠵᠶ᠋ᠠᠷ ᠴᠢᠩᠭ᠎ᠠ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠤᠯᠠᠮ ᠨᠢᠭᠡ ᠠᠯᠬᠤᠮ ᠨᠠᠷᠢᠯᠢᠬ᠍ᠵᠢᠭᠤᠯᠪᠠ᠃
      ᠲᠠᠪᠤ᠎ᠳᠤ᠂ ᠬᠢᠨᠠᠯᠲᠠ ᠲᠠᠯᠪᠢᠵᠤ ᠰᠢᠯᠭ᠋ᠠᠨ ᠬᠢᠨᠠᠬᠤ ᠵᠢ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠎ᠤᠳ ᠡᠭᠦᠳᠦᠨ ᠪᠠᠶ᠋ᠢᠭᠤᠯᠬᠤ ᠵᠢ ᠥᠷᠨᠢᠭᠦᠯᠦᠭᠡᠳᠦᠶ ᠲᠣᠮᠣ ᠳᠤᠮᠳᠠ ᠬᠡᠯᠪᠡᠷᠢ ᠵᠢᠨ ᠠᠭᠤᠷᠬᠠᠶ ᠵᠢ ᠵᠢᠭ᠋ᠠᠨ ᠵᠢᠯᠣᠭᠤᠳᠴᠤ ᠰᠢᠮᠳᠠᠭᠤᠯᠬᠤ ᠡᠷᠴᠢᠮ ᠵᠶ᠋ᠠᠨ ᠴᠢᠩᠭ᠋ᠠᠷᠠᠭᠤᠯᠵᠤ᠂ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢᠨ ᠠᠵᠢᠯ᠎ᠢ ᠬᠤᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠣᠯᠤᠨ ᠠᠶ᠋ᠢᠮᠠᠭ ᠬᠤᠲᠠ ᠵᠢᠨ ᠱᠠᠲᠤᠨ᠎ᠤ ᠬᠤᠯᠪᠣᠭᠳᠠᠯ ᠪᠥᠬᠦᠶ ᠰᠠᠯᠠᠭ᠎ᠠ ᠮᠥᠴᠢᠷ᠎ᠤᠳ᠎ᠤᠨ ᠣᠨ᠎ᠤ ᠰᠢᠯᠭ᠋ᠠᠨ ᠬᠢᠨᠠᠵᠤ ᠦᠨᠡᠯᠡᠬᠦ ᠲᠣᠭᠲᠠᠯᠴᠠᠭ᠎ᠠ᠎ᠳᠤ ᠣᠷᠣᠭᠤᠯᠬᠤ ᠵᠢ ᠴᠢᠬᠤᠯᠠᠴᠢᠯᠠᠪᠠ᠃
      ᠵᠢᠷᠭᠤᠭ᠎ᠠ᠎ᠳᠤ᠂ ᠪᠣᠬᠢᠷᠲᠤᠯ ᠥᠬᠡᠶ ᠠᠭᠤᠷᠬᠠᠶ ᠵᠢᠨ ᠨᠡᠷᠡᠰ᠎ᠤᠨ ᠲᠡᠮᠳᠡᠭᠯᠡᠯ᠎ᠤᠨ ᠬᠥᠳᠡᠯᠦᠩᠭᠦᠶ ᠬᠠᠮᠢᠶᠠᠷᠤᠯᠲᠠ ᠵᠢᠨ ᠠᠭᠤᠯᠭ᠎ᠠ ᠵᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ 《ᠵᠡᠭᠦᠯᠲᠡ ᠬᠠᠳᠠᠬᠤ᠂ ᠬᠤᠭᠤᠴᠠᠭ᠎ᠠ ᠲᠣᠭᠲᠠᠭ᠋ᠠᠨ ᠴᠡᠭᠴᠡᠯᠡᠬᠦ᠂ ᠨᠡᠷᠡᠰ᠎ᠤᠨ ᠵᠢᠭᠰᠠᠭ᠋ᠠᠯᠲᠠ᠎ᠠᠴᠠ ᠭᠠᠷᠭ᠋ᠠᠬᠤ》 ᠪᠠᠶ᠋ᠢᠳᠠᠯ᠎ᠢ ᠨᠡᠮᠡᠪᠡ᠃ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠥᠬᠡᠶ ᠠᠭᠤᠷᠬᠠᠶ ᠵᠢ ᠦᠨᠡᠯᠡᠬᠦ ᠭᠦᠢ᠍ᠴᠡᠳᠬᠡᠯ ᠲᠤᠭ᠎ᠠ᠎ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠭᠦᠢ᠍ᠴᠡᠳᠬᠡᠯ ᠲᠤᠭ᠎ᠠ ᠵᠢᠨ ᠲᠣᠭᠲᠠᠯᠴᠠᠭ᠎ᠠ ᠵᠢ ᠲᠡᠭᠦᠯᠳᠡᠷᠵᠢᠭᠦᠯᠦᠨ᠂ ᠭᠤᠤᠯᠳᠠᠯᠭ᠎ᠠ᠎ᠲᠠᠢ ᠭᠦᠢ᠍ᠴᠡᠳᠬᠡᠯ ᠲᠤᠭ᠎ᠠ ᠵᠢ ᠳᠣᠪᠤᠶ᠋ᠢᠯᠭ᠋ᠠᠵᠤ᠂ ᠬᠠᠶ᠋ᠢᠷ ᠴᠢᠯᠠᠭᠤ ᠰᠢᠷᠣᠶ ᠵᠢᠨ ᠲᠥᠷᠥᠯ᠎ᠤᠨ ᠠᠭᠤᠷᠬᠠᠶ᠎ᠳᠤ᠂ ᠲᠡᠭᠦᠨ᠎ᠤ ᠦᠢ᠍ᠯᠡᠳᠪᠦᠷᠢᠯᠡᠯ᠎ᠤᠨ ᠪᠣᠳᠠᠲᠤ ᠪᠠᠶ᠋ᠢᠳᠠᠯ᠎ᠳᠤ ᠳᠣᠭᠢᠷᠠᠬᠤ ᠪᠣᠬᠢᠷᠲᠤᠯ ᠥᠬᠡᠶ ᠠᠭᠤᠷᠬᠠᠶ ᠵᠢ ᠦᠨᠡᠯᠡᠬᠦ ᠭᠦᠢ᠍ᠴᠡᠳᠬᠡᠯ ᠲᠤᠭ᠎ᠠ ᠲᠣᠭᠲᠠᠭ᠋ᠠᠵᠤ᠂ ᠭᠦᠢ᠍ᠴᠡᠳᠬᠡᠯ ᠲᠤᠭ᠎ᠠ ᠵᠢᠨ ᠬᠡᠷᠡᠭᠯᠡᠬᠦ᠎ᠳᠤ ᠵᠣᠬᠢᠷᠠᠬᠤ ᠴᠢᠨᠠᠷ ᠪᠠ ᠬᠡᠷᠡᠭᠵᠢᠭᠦᠯᠬᠦ᠋ᠢ᠍ᠴᠡ ᠴᠢᠨᠠᠷ᠎ᠢ ᠦᠨᠡᠬᠡᠷ ᠳᠡᠭᠡᠭᠰᠢᠯᠡᠭᠦᠯᠦᠨ᠂ ᠦᠨᠡᠯᠡᠬᠦ ᠭᠦᠢ᠍ᠴᠡᠳᠬᠡᠯ ᠲᠤᠭ᠎ᠠ ᠵᠢ ᠬᠢᠵᠠᠭ᠋ᠠᠷᠯᠠᠬᠤ ᠴᠢᠨᠠᠷᠲᠠᠶ ᠭᠦᠢ᠍ᠴᠡᠳᠬᠡᠯ ᠲᠤᠭ᠎ᠠ ᠪᠠ ᠳᠡᠭᠡᠭᠰᠢᠯᠡᠭᠦᠯᠬᠦ ᠴᠢᠨᠠᠷᠲᠠᠶ ᠭᠦᠢ᠍ᠴᠡᠳᠬᠡᠯ ᠲᠤᠭ᠎ᠠ ᠪᠣᠯᠭ᠋ᠠᠨ ᠳᠣᠭᠢᠷᠠᠭᠤᠯᠵᠤ᠂ ᠬᠢᠵᠠᠭ᠋ᠠᠷᠯᠠᠬᠤ ᠴᠢᠨᠠᠷᠲᠠᠶ ᠭᠦᠢ᠍ᠴᠡᠳᠬᠡᠯ ᠲᠤᠭ᠎ᠠ᠎ᠪᠠᠷ ᠬᠤᠷᠢᠭ᠎ᠠ ᠱᠤᠭᠤᠮ᠎ᠤᠨ ᠱᠠᠭ᠋ᠠᠷᠳᠠᠯᠭ᠎ᠠ ᠪᠣᠯᠭ᠋ᠠᠪᠠ᠃
      ᠳᠥᠷᠪᠡ᠂ ᠳᠠᠷᠤᠮᠠᠯᠯᠠᠨ ᠲᠠᠷᠬᠠᠭ᠋ᠠᠵᠤ ᠬᠡᠷᠡᠭᠵᠢᠭᠦᠯᠬᠦ
      《ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠨ ᠬᠡᠷᠡᠭᠵᠢᠭᠦᠯᠵᠦ᠂ ᠬᠦᠴᠦᠨ᠎ᠲᠠᠢ ᠬᠤᠭᠤᠴᠠᠭ᠎ᠠ᠎ᠨᠢ ᠲᠠᠪᠤᠨ ᠵᠢᠯ ᠪᠣᠯᠤᠨ᠎ᠠ᠂ 《ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠬᠤ᠎ᠠᠴᠠ ᠡᠮᠦᠨ᠎ᠡ ᠨᠢᠭᠡᠨᠲᠡ ᠳᠠᠷᠤᠮᠠᠯᠯᠠᠨ ᠲᠠᠷᠬᠠᠭ᠋ᠠᠭᠰᠠᠨ ᠪᠤᠰᠤᠳ ᠪᠢᠴᠢᠭ ᠮᠠᠲ᠋ᠧᠷᠢᠶᠠᠯ᠎ᠨᠢ ᠲᠣᠰ 《ᠮᠡᠳᠡᠭᠳᠡᠯ》᠎ᠤᠨ ᠲᠣᠭᠲᠠᠭ᠋ᠠᠯ᠎ᠯᠤᠭ᠎ᠠ ᠨᠢᠭᠡᠳᠦᠯ ᠥᠬᠡᠶ ᠪᠠᠶ᠋ᠢᠪᠠᠯ᠂ 《ᠮᠡᠳᠡᠭᠳᠡᠯ》 ᠶᠣᠰᠣᠭ᠋ᠠᠷ ᠬᠡᠷᠡᠭᠵᠢᠭᠦᠯᠦᠨ᠎ᠡ᠃
 

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠭᠠᠮᠰᠢᠭ᠎ᠠᠴᠠ ᠠᠪᠤᠷᠠᠨ ᠲᠤᠰᠠᠯᠠᠬᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠥᠯ (2024 ᠣᠨ᠎ᠤ ᠬᠡᠪᠯᠡᠯ)》᠎ᠤᠨ ᠲᠠᠶ᠋ᠢᠯᠤᠮᠵᠢ
ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠣᠶᠠᠳᠤᠭ᠋ᠠᠷ ᠤᠳᠠᠭ᠋ᠠᠨ᠎ᠤ ᠬᠤᠷᠠᠯ᠎ᠤᠨ 532 ᠳ᠋ᠤᠭ᠋ᠠᠷ ᠲᠣᠭ᠋ᠠᠲᠤ ᠰᠠᠨᠠᠭᠤᠯᠭ᠎ᠠ ᠵᠢᠨ ᠲᠤᠬᠠᠶ ᠬᠠᠷᠢᠭᠤᠯᠲᠠ
ᠲᠦᠩᠯᠢᠶᠣᠤ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ 2019 《ᠤᠪᠤᠭ᠋ᠠᠨ᠎ᠳᠠᠬᠢ ᠠᠭᠤᠯᠵᠠᠯᠲᠠ》 ᠭᠣᠤᠯ ᠰᠡᠳᠦᠪᠲᠦ ᠠᠵᠢᠯᠯᠠᠭ᠎ᠠ ᠡᠷᠬᠢᠯᠡᠬᠦ ᠵᠢ ᠵᠥᠪᠰᠢᠶᠡᠷᠡᠬᠦ ᠲᠤᠬᠠᠶ ᠴᠣᠬᠣᠯᠠᠪᠤᠷᠢ
ᠪᠤᠭᠤᠲᠤ ᠬᠣᠲᠠ ᠵᠢᠨ ᠳᠣᠯᠣᠳᠤᠭ᠋ᠠᠷ ᠬᠤᠭᠤᠴᠠᠭ᠋ᠠᠨ᠎ᠤ ᠨᠡᠭᠦᠲᠡᠯ ᠮᠠᠯᠵᠢᠯ᠎ᠤᠨ ᠰᠣᠶᠣᠯ ᠵᠢᠭᠤᠯᠴᠢᠯᠠᠯ᠎ᠤᠨ ᠨᠠᠶ᠋ᠢᠷ ᠡᠷᠬᠢᠯᠡᠬᠦ ᠵᠢ ᠵᠥᠪᠰᠢᠶᠡᠷᠡᠬᠦ ᠲᠤᠬᠠᠶ ᠴᠣᠬᠣᠯᠠᠪᠤᠷᠢ
ᠰᠢᠯᠢ ᠵᠢᠨ ᠭᠣᠤᠯ ᠠᠶ᠋ᠢᠮᠠᠭ᠎ᠤᠨ ᠠᠩᠬᠠᠳᠤᠭ᠋ᠠᠷ ᠬᠤᠭᠤᠴᠠᠭ᠋ᠠᠨ᠎ᠤ ᠥᠪᠥᠷ ᠮᠣᠩᠭᠣᠯ᠎ᠤᠨ ᠳᠠᠭᠤᠤ ᠬᠥᠭᠵᠢᠮ᠎ᠤᠨ ᠨᠠᠶ᠋ᠢᠷ ᠎ᠢ ᠡᠷᠬᠢᠯᠡᠬᠦ ᠵᠢ ᠵᠥᠪᠰᠢᠶᠡᠷᠡᠬᠦ ᠲᠤᠬᠠᠶ ᠴᠣᠬᠣᠯᠠᠪᠤᠷᠢ
 
            