ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠬᠠᠤᠯᠢ
ᠨᠡᠶᠢᠲᠡᠯᠡᠭᠰᠡᠨ ᠴᠠᠭ᠄ 2020-12-23

     (2000 ᠣᠨ᠎ᠤ 10 ᠰᠠᠷ᠎ᠠ ᠵᠢᠨ 31᠎ᠤ ᠡᠳᠦᠷ ᠶᠢᠰᠦᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ ᠠᠷᠪᠠᠨ ᠨᠠᠢ᠍ᠮᠠᠳᠤᠭ᠋ᠠᠷ ᠬᠤᠷᠠᠯᠳᠤᠭ᠋ᠠᠨ᠎ᠠᠴᠠ ᠪᠠᠲᠤᠯᠠᠪᠠ
     2000 ᠣᠨ᠎ᠤ 10 ᠰᠠᠷ᠎ᠠ ᠵᠢᠨ 31᠎ᠤ ᠡᠳᠦᠷ ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠡᠷᠢᠭᠦᠯᠡᠭᠴᠢ ᠵᠢᠨ 37 ᠳ᠋ᠤᠭ᠋ᠠᠷ ᠵᠠᠷᠯᠢᠭ ᠵᠶ᠋ᠠᠷ ᠨᠡᠶ᠋ᠢᠲᠡᠯᠡᠪᠡ
     2001 ᠣᠨ᠎ᠤ 1 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ)

      ᠨᠢᠭᠡᠳᠦᠭᠡᠷ ᠪᠦᠯᠦᠭ ᠶᠡᠷᠦᠩᠬᠡᠶ ᠲᠦᠷᠢᠮ

      ᠨᠢᠭᠡᠳᠦᠭᠡᠷ ᠵᠦᠢ᠍ᠯ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠳᠦᠷᠢᠮᠵᠢᠭᠦᠯᠦᠯᠲᠡ᠂ ᠪᠠᠷᠢᠮᠵᠢᠶᠡᠵᠢᠭᠤᠯᠤᠯᠲᠠ ᠵᠢᠴᠢ ᠲᠡᠭᠦᠨ᠎ᠤ ᠡᠷᠡᠭᠦᠯ ᠵᠶ᠋ᠠᠷ ᠬᠥᠭᠵᠢᠬᠦ ᠵᠢ ᠲᠦᠯᠬᠢᠨ ᠠᠬᠢᠭᠤᠯᠵᠤ᠂ ᠨᠡᠶ᠋ᠢᠭᠡᠮ᠎ᠤᠨ ᠠᠮᠢᠳᠤᠷᠠᠯ ᠳᠤᠮᠳᠠ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠦᠢ᠍ᠯᠡᠳᠦᠯ᠎ᠢ ᠨᠠᠩ ᠰᠠᠶ᠋ᠢᠨ ᠪᠠᠳᠠᠷᠠᠭᠤᠯᠵᠤ᠂ ᠡᠯ᠎ᠡ ᠦᠨᠳᠦᠰᠦᠲᠡᠨ᠂ ᠡᠯ᠎ᠡ ᠭᠠᠵᠠᠷ ᠣᠷᠣᠨ᠎ᠤ ᠠᠵᠤ ᠠᠬᠤᠶ ᠰᠣᠶᠣᠯ᠎ᠤᠨ ᠰᠣᠯᠢᠯᠴᠠᠭ᠎ᠠ ᠵᠢ ᠠᠬᠢᠭᠤᠯᠬᠤ ᠵᠢᠨ ᠲᠥᠯᠦᠭᠡ᠂ ᠦᠨᠳᠦᠰᠦᠨ ᠬᠠᠤᠯᠢ ᠵᠢ ᠦᠨᠳᠦᠰᠦᠯᠡᠨ ᠲᠤᠰ ᠬᠠᠤᠯᠢ ᠵᠢ ᠲᠣᠭᠲᠠᠭ᠋ᠠᠪᠠ᠃
      ᠬᠤᠶᠠᠳᠤᠭ᠋ᠠᠷ ᠵᠦᠢ᠍ᠯ ᠲᠤᠰ ᠬᠠᠤᠯᠢ᠎ᠳᠤ ᠬᠡᠯᠡᠵᠦ ᠪᠠᠶ᠋ᠢᠭ᠎ᠠ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠤᠢ᠍ᠰᠦᠭ ᠪᠢᠴᠢᠭ ᠭᠡᠳᠡᠭ ᠪᠣᠯ ᠨᠡᠶ᠋ᠢᠲᠡᠯᠢᠭ ᠬᠡᠯᠡ ᠪᠠ ᠳᠦᠷᠢᠮᠵᠢᠭᠰᠡᠨ ᠬᠢᠲᠠᠳ ᠤᠢ᠍ᠰᠦᠭ᠎ᠢ ᠵᠢᠭ᠋ᠠᠵᠤ ᠪᠠᠶ᠋ᠢᠨ᠎ᠠ᠃
      ᠭᠤᠷᠪᠠᠳᠤᠭ᠋ᠠᠷ ᠵᠦᠢ᠍ᠯ ᠤᠯᠤᠰ᠎ᠠᠴᠠ ᠨᠡᠶ᠋ᠢᠲᠡᠯᠢᠭ ᠬᠡᠯᠡ ᠵᠢ ᠲᠦᠭᠡᠮᠡᠯᠵᠢᠭᠦᠯᠵᠦ᠂ ᠳᠦᠷᠢᠮᠵᠢᠭᠰᠡᠨ ᠬᠢᠲᠠᠳ ᠤᠢ᠍ᠰᠦᠭ᠎ᠢ ᠳᠡᠯᠭᠡᠷᠡᠭᠦᠯᠦᠨ᠎ᠡ᠃
      ᠳᠥᠷᠪᠡᠳᠦᠭᠡᠷ ᠵᠦᠢ᠍ᠯ ᠠᠷᠠᠳ ᠢᠷᠭᠡᠳ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠤᠢ᠍ᠰᠦᠭ ᠪᠢᠴᠢᠭ᠎ᠢ ᠰᠤᠷᠤᠯᠴᠠᠬᠤ ᠪᠠ ᠬᠡᠷᠡᠭᠯᠡᠬᠦ ᠡᠷᠬᠡ᠎ᠲᠠᠢ᠃
      ᠤᠯᠤᠰ᠎ᠠᠴᠠ ᠠᠷᠠᠳ ᠢᠷᠭᠡᠳ᠎ᠲᠤ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠤᠷᠤᠯᠴᠠᠬᠤ ᠪᠠ ᠬᠡᠷᠡᠭᠯᠡᠬᠦ᠎ᠳᠤ ᠨᠥᠬᠦᠴᠡᠯ ᠬᠠᠩᠭ᠋ᠠᠨ᠎ᠠ᠃
      ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠲᠡᠭᠦᠨ᠎ᠤ ᠬᠤᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠨᠡᠶ᠋ᠢᠲᠡᠯᠢᠭ ᠬᠡᠯᠡ ᠪᠠ ᠳᠦᠷᠢᠮᠵᠢᠭᠰᠡᠨ ᠬᠢᠲᠠᠳ ᠦᠰᠦᠭ᠎ᠢ ᠲᠥᠭᠡᠮᠡᠯᠵᠢᠭᠦᠯᠬᠦ ᠬᠡᠷᠡᠭᠲᠡᠶ᠃
      ᠲᠠᠪᠤᠳᠤᠭ᠋ᠠᠷ ᠵᠦᠢ᠍ᠯ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠬᠡᠷᠡᠭᠯᠡᠯᠲᠡ᠎ᠨᠢ ᠤᠯᠤᠰ᠎ᠤᠨ ᠡᠷᠬᠡ ᠮᠡᠳᠡᠯ ᠪᠠ ᠦᠨᠳᠦᠰᠦᠲᠡᠨ᠎ᠤ ᠨᠡᠷ᠎ᠡ ᠬᠦᠨᠳᠦ ᠵᠢ ᠬᠠᠮᠠᠭ᠋ᠠᠯᠠᠬᠤ᠎ᠳᠤ ᠠᠰᠢᠭᠲᠠᠶ᠂ ᠤᠯᠤᠰ ᠣᠷᠣᠨ᠎ᠤ ᠨᠢᠭᠡᠳᠦᠯ ᠪᠠ ᠦᠨᠳᠦᠰᠦᠲᠡᠨ᠎ᠤ ᠪᠦᠯᠬᠦᠮᠳᠡᠯ᠎ᠳᠤ ᠠᠰᠢᠭᠲᠠᠶ᠂ ᠨᠡᠶ᠋ᠢᠭᠡᠮ ᠵᠢᠷᠤᠮ᠎ᠤᠨ ᠪᠣᠳᠠᠰ᠎ᠤᠨ ᠪᠣᠯᠪᠠᠰᠤᠨ᠎ᠤ ᠪᠠᠶ᠋ᠢᠭᠤᠯᠤᠯᠲᠠ ᠪᠠ ᠤᠶᠤᠨ᠎ᠤ ᠪᠣᠯᠪᠠᠰᠤᠨ᠎ᠤ ᠪᠠᠶ᠋ᠢᠭᠤᠯᠤᠯᠲᠠ᠎ᠳᠤ ᠠᠰᠢᠭᠲᠠᠶ ᠪᠠᠶ᠋ᠢᠬᠤ ᠬᠡᠷᠡᠭᠲᠡᠢ᠃
      ᠵᠢᠷᠭᠤᠳᠤᠭ᠋ᠠᠷ ᠵᠦᠢ᠍ᠯ ᠤᠯᠤᠰ᠎ᠠᠴᠠ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠳᠦᠷᠢᠮᠵᠢᠯ ᠪᠠ ᠪᠠᠷᠢᠮᠵᠢᠶ᠎ᠠ ᠵᠢ ᠨᠡᠶ᠋ᠢᠲᠡᠯᠡᠵᠦ᠂ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠨᠡᠶ᠋ᠢᠭᠡᠮ᠎ᠤᠨ ᠬᠡᠷᠡᠭᠯᠡᠯᠲᠡ ᠵᠢ ᠬᠠᠮᠢᠶᠠᠷᠴᠤ᠂ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠵᠢᠭ᠋ᠠᠨ ᠰᠤᠷᠭ᠋ᠠᠯᠲᠠ ᠪᠠ ᠰᠢᠨᠵᠢᠯᠡᠬᠦ ᠤᠬᠠᠭ᠋ᠠᠨ᠎ᠤ ᠰᠣᠳᠤᠯᠭ᠋ᠠᠨ᠎ᠢ ᠳᠡᠮᠵᠢᠵᠦ᠂ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠳᠦᠷᠢᠮᠵᠢᠯ᠂ ᠪᠠᠶᠠᠯᠢᠭᠵᠢᠯ ᠪᠠ ᠬᠥᠭᠵᠢᠯ᠎ᠢ ᠠᠬᠢᠭᠤᠯᠤᠨ᠎ᠠ᠃
      ᠳᠣᠯᠣᠳᠤᠭ᠋ᠠᠷ ᠵᠦᠢ᠍ᠯ ᠤᠯᠤᠰ᠎ᠠᠴᠠ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠤᠢ᠍ᠰᠦᠭ ᠪᠢᠴᠢᠭ᠎ᠤᠨ ᠦᠢ᠍ᠯᠡᠰ᠎ᠲᠤ ᠲᠤᠪᠦ᠋ᠢ᠍ᠮ᠎ᠠ ᠬᠤᠪᠢ ᠨᠡᠮᠡᠷᠢ ᠦᠵᠡᠭᠦᠯᠦᠭᠰᠡᠨ ᠵᠣᠬᠢᠶᠠᠨ ᠪᠠᠶ᠋ᠢᠭᠤᠯᠤᠯᠲᠠ ᠪᠠ ᠬᠤᠪᠢ ᠬᠥᠮᠦᠨ᠎ᠢ ᠬᠥᠬᠢᠭᠦᠯᠦᠨ ᠱᠠᠩᠨᠠᠨ᠎ᠠ᠃
      ᠨᠠᠢ᠍ᠮᠠᠳᠤᠭ᠋ᠠᠷ ᠵᠦᠢ᠍ᠯ ᠦᠨᠳᠦᠰᠦᠲᠡᠨ᠎ᠨᠦᠭᠦᠳ ᠴᠥᠮ ᠥᠪᠡᠷ᠎ᠤᠨ ᠦᠭᠡ ᠬᠡᠯᠡ ᠤᠢ᠍ᠰᠦᠭ ᠪᠢᠴᠢᠭ ᠵᠶ᠋ᠠᠨ ᠬᠡᠷᠡᠭᠯᠡᠵᠦ ᠬᠥᠭᠵᠢᠭᠦᠯᠬᠦ ᠡᠷᠬᠡ ᠴᠢᠯᠥᠭᠡ᠎ᠲᠠᠢ᠃
      ᠴᠥᠭᠡᠨ ᠲᠣᠭ᠋ᠠᠲᠤ ᠦᠨᠳᠦᠰᠦᠲᠡᠨ᠎ᠤ ᠦᠭᠡ ᠬᠡᠯᠡ ᠦᠰᠦᠭ ᠪᠢᠴᠢᠭ᠎ᠤᠨ ᠬᠡᠷᠡᠭᠯᠡᠯᠲᠡ᠎ᠨᠢ ᠦᠨᠳᠦᠰᠦᠨ ᠬᠠᠤᠯᠢ᠂ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠬᠠᠤᠯᠢ ᠬᠢᠭᠡᠳ ᠪᠤᠰᠤᠳ ᠬᠠᠤᠯᠢ ᠴᠠᠭ᠋ᠠᠵᠠ ᠵᠢᠨ ᠬᠤᠯᠪᠣᠭᠳᠠᠯ ᠪᠦᠬᠦᠢ ᠲᠣᠭᠲᠠᠭ᠋ᠠᠯ ᠵᠶ᠋ᠠᠷ ᠦᠨᠳᠦᠰᠦ ᠪᠠᠷᠢᠮᠲᠠ ᠪᠣᠯᠭ᠋ᠠᠨ᠎ᠠ᠃

      ᠬᠤᠶᠠᠳᠤᠭ᠋ᠠᠷ ᠪᠦᠯᠦᠭ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠤᠢ᠍ᠰᠦᠭ ᠪᠢᠴᠢᠭ᠎ᠤᠨ ᠬᠡᠷᠡᠭᠯᠡᠯᠲᠡ

      ᠶᠢᠰᠦᠳᠦᠭᠡᠷ ᠵᠦᠢ᠍ᠯ ᠲᠦᠷᠦ ᠵᠢᠨ ᠪᠠᠶ᠋ᠢᠭᠤᠯᠭ᠎ᠠ᠎ᠨᠤᠭᠤᠳ ᠨᠡᠶ᠋ᠢᠲᠡᠯᠢᠭ ᠬᠡᠯᠡ ᠪᠠ ᠳᠦᠷᠢᠮᠵᠢᠭᠰᠡᠨ ᠬᠢᠲᠠᠳ ᠦᠰᠦᠭ ᠵᠶ᠋ᠠᠷ ᠠᠯᠪᠠᠨ ᠠᠵᠢᠯ᠎ᠤᠨ ᠵᠶ᠋ᠠᠨ ᠬᠡᠷᠡᠭᠯᠡᠭᠡᠨ᠎ᠤ ᠬᠡᠯᠡ ᠬᠡᠷᠡᠭᠯᠡᠭᠡᠨ᠎ᠤ ᠦᠰᠦᠭ ᠪᠣᠯᠭ᠋ᠠᠨ᠎ᠠ᠃ ᠬᠠᠤᠯᠢ ᠴᠠᠭ᠋ᠠᠵᠠ᠎ᠳᠤ ᠠᠰᠲᠠᠭ᠋ᠠᠨ ᠲᠣᠭᠲᠠᠭ᠋ᠠᠯ᠎ᠲᠠᠢ᠎ᠨᠢ ᠡᠭᠦᠨ᠎ᠳᠤ ᠪᠠᠭᠲᠠᠬᠤ ᠦᠭᠡᠢ᠃
      ᠠᠷᠪᠠᠳᠤᠭ᠋ᠠᠷ ᠵᠦᠢ᠍ᠯ ᠰᠤᠷᠭ᠋ᠠᠭᠤᠯᠢ ᠬᠢᠭᠡᠳ ᠪᠤᠰᠤᠳ ᠰᠤᠷᠭ᠋ᠠᠨ ᠬᠥᠮᠦᠵᠢᠯ᠎ᠤᠨ ᠪᠠᠶ᠋ᠢᠭᠤᠯᠤᠮᠵᠢ᠎ᠨᠤᠭᠤᠳ ᠨᠡᠶ᠋ᠢᠲᠡᠯᠢᠭ ᠬᠡᠯᠡ ᠪᠠ ᠳᠦᠷᠢᠮᠵᠢᠭᠰᠡᠨ ᠬᠢᠲᠠᠳ ᠦᠰᠦᠭ ᠵᠶ᠋ᠠᠷ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠵᠶ᠋ᠠᠨ ᠦᠨᠳᠦᠰᠦᠨ ᠬᠡᠷᠡᠭᠯᠡᠭᠡᠨ᠎ᠤ ᠬᠡᠯᠡ ᠬᠡᠷᠡᠭᠯᠡᠭᠡᠨ᠎ᠤ ᠦᠰᠦᠭ ᠪᠣᠯᠭ᠋ᠠᠨ᠎ᠠ᠃ ᠬᠠᠤᠯᠢ ᠴᠠᠭ᠋ᠠᠵᠠ᠎ᠳᠤ ᠠᠰᠲᠠᠭ᠋ᠠᠨ ᠲᠣᠭᠲᠠᠭ᠋ᠠᠯ ᠎ᠲᠠᠢ᠎ᠨᠢ ᠡᠭᠦᠨ᠎ᠳᠤ ᠪᠠᠭᠲᠠᠬᠤ ᠦᠭᠡᠢ᠃
      ᠰᠤᠷᠭ᠋ᠠᠭᠤᠯᠢ ᠬᠢᠭᠡᠳ ᠪᠤᠰᠤᠳ ᠰᠤᠷᠭ᠋ᠠᠨ ᠬᠥᠮᠦᠵᠢᠯ᠎ᠤᠨ ᠪᠠᠶ᠋ᠢᠭᠤᠯᠤᠮᠵᠢ᠎ᠨᠤᠭᠤᠳ ᠬᠢᠲᠠᠳ ᠬᠡᠯᠡ ᠪᠢᠴᠢᠭ᠎ᠤᠨ ᠬᠢᠴᠢᠶᠡᠯ ᠵᠶ᠋ᠠᠷ ᠳᠠᠮᠵᠢᠭᠤᠯᠵᠤ ᠨᠡᠶ᠋ᠢᠲᠡᠯᠢᠭ ᠬᠡᠯᠡ ᠪᠠ ᠳᠦᠷᠢᠮᠵᠢᠭᠰᠡᠨ ᠬᠢᠲᠠᠳ ᠦᠰᠦᠭ᠎ᠢ ᠵᠢᠭ᠋ᠠᠨ ᠰᠤᠷᠭ᠋ᠠᠨ᠎ᠠ᠃ ᠬᠡᠷᠡᠭᠯᠡᠬᠦ ᠬᠢᠲᠠᠳ ᠬᠡᠯᠡ ᠪᠢᠴᠢᠭ᠎ᠤᠨ ᠵᠢᠭ᠋ᠠᠬᠤ ᠮᠠᠲ᠋ᠧᠷᠢᠶᠠᠯ᠎ᠨᠢ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠳᠦᠷᠢᠮᠵᠢᠯ ᠪᠠ ᠪᠠᠷᠢᠮᠵᠢᠶ᠎ᠠ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ᠃
ᠠᠷᠪᠠᠨ ᠨᠢᠭᠡᠳᠦᠭᠡᠷ ᠵᠦᠢ᠍ᠯ ᠬᠢᠲᠠᠳ ᠬᠡᠯᠡ ᠪᠢᠴᠢᠭ᠎ᠤᠨ ᠬᠡᠪᠯᠡᠭᠳᠡᠬᠦᠨ᠎ᠨᠢ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠳᠦᠷᠢᠮᠵᠢᠯ ᠪᠠ ᠪᠠᠷᠢᠮᠵᠢᠶ᠎ᠠ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ᠃ ᠬᠢᠲᠠᠳ ᠬᠡᠯᠡ ᠪᠢᠴᠢᠭ᠎ᠤᠨ ᠬᠡᠪᠯᠡᠭᠳᠡᠬᠦᠨ᠎ᠳᠤ ᠭᠠᠳᠠᠭ᠋ᠠᠳᠤ ᠤᠯᠤᠰ᠎ᠤᠨ ᠦᠭᠡ ᠬᠡᠯᠡ ᠦᠰᠦᠭ ᠪᠢᠴᠢᠭ᠎ᠢ ᠬᠡᠷᠡᠭᠯᠡᠬᠦ ᠴᠢᠬᠤᠯᠠᠲᠠᠢ ᠪᠠᠶ᠋ᠢᠪᠠᠯ᠂ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠵᠶ᠋ᠠᠷ ᠴᠢᠬᠤᠯᠠ ᠪᠦᠬᠦᠢ ᠲᠠᠶ᠋ᠢᠯᠪᠤᠷᠢ ᠬᠢᠬᠦ ᠬᠡᠷᠡᠭᠲᠡᠶ᠃
      ᠠᠷᠪᠠᠨ ᠬᠤᠶᠠᠳᠤᠭ᠋ᠠᠷ ᠵᠦᠢ᠍ᠯ ᠷᠠᠳᠢᠣ᠋ ᠨᠡᠪᠲᠡᠷᠡᠭᠦᠯᠭᠡ ᠵᠢᠨ ᠬᠤᠷᠢᠶ᠎ᠠ᠂ ᠲᠧᠯᠸᠢᠰ ᠬᠤᠷᠢᠶ᠎ᠠ᠎ᠨᠤᠭᠤᠳ ᠨᠡᠶ᠋ᠢᠲᠡᠯᠢᠭ ᠬᠡᠯᠡ᠎ᠪᠠᠷ ᠨᠡᠪᠲᠡᠷᠡᠭᠦᠯᠭᠡ ᠵᠢᠨ ᠦᠨᠳᠦᠰᠦᠨ ᠬᠡᠷᠡᠭᠯᠡᠭᠡᠨ᠎ᠤ ᠬᠡᠯᠡ ᠪᠣᠯᠭ᠋ᠠᠨ᠎ᠠ᠃
      ᠭᠠᠳᠠᠭ᠋ᠠᠳᠤ ᠤᠯᠤᠰ᠎ᠤᠨ ᠬᠡᠯᠡ ᠵᠢ ᠨᠡᠪᠲᠡᠷᠡᠭᠦᠯᠭᠡ ᠵᠢᠨ ᠬᠡᠷᠡᠭᠯᠡᠭᠡᠨ᠎ᠤ ᠬᠡᠯᠡ ᠪᠣᠯᠭ᠋ᠠᠨ ᠬᠡᠷᠡᠭᠯᠡᠬᠦ ᠴᠢᠬᠤᠯᠠᠲᠠᠶ ᠪᠠᠶ᠋ᠢᠪᠠᠯ ᠡᠷᠬᠡᠪᠰᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠷᠠᠳᠢᠣ᠋ ᠨᠡᠪᠲᠡᠷᠡᠭᠦᠯᠭᠡ ᠲᠧᠯᠸᠢᠰ᠎ᠤᠨ ᠰᠠᠯᠠᠭ᠎ᠠ ᠮᠥᠴᠢᠷ ᠵᠶ᠋ᠠᠷ ᠵᠥᠪᠰᠢᠶᠡᠷᠡᠭᠦᠯᠬᠦ ᠬᠡᠷᠡᠭᠲᠡᠶ᠃
      ᠠᠷᠪᠠᠨ ᠭᠤᠷᠪᠠᠳᠤᠭ᠋ᠠᠷ ᠵᠦᠢ᠍ᠯ ᠤᠯᠡᠠ ᠨᠡᠶ᠋ᠢᠲᠡ ᠵᠢᠨ ᠦᠢ᠍ᠯᠡᠴᠢᠯᠡᠭᠡᠨ᠎ᠤ ᠠᠵᠢᠯ ᠲᠦᠷᠦᠯ᠎ᠨᠢ ᠳᠦᠷᠢᠮᠵᠢᠭᠰᠡᠨ ᠬᠢᠲᠠᠳ ᠤᠢ᠍ᠰᠦᠭ ᠵᠶ᠋ᠠᠷ ᠦᠢ᠍ᠯᠡᠴᠢᠯᠡᠭᠡᠨ᠎ᠤ᠎ᠪᠠᠨ ᠦᠨᠳᠦᠰᠦᠨ ᠬᠡᠷᠡᠭᠯᠡᠭᠡᠨ᠎ᠤ ᠤᠢ᠍ᠰᠦᠭ ᠪᠣᠯᠭ᠋ᠠᠨ᠎ᠠ᠃ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠡᠷᠡᠭᠴᠡᠭᠡ᠎ᠠᠴᠠ ᠪᠣᠯᠵᠤ᠂ ᠬᠤᠳᠠᠯᠳᠤᠭ᠋ᠠᠨ᠎ᠤ ᠫᠠᠶ᠋ᠢᠰᠠ᠂ ᠵᠠᠷ᠂ ᠵᠠᠷᠯᠠᠯ᠂ ᠲᠡᠮᠳᠡᠭ ᠫᠠᠶ᠋ᠢᠰᠠ ᠵᠡᠷᠭᠡ᠎ᠳᠤ ᠭᠠᠳᠠᠭ᠋ᠠᠳᠤ ᠤᠯᠤᠰ᠎ᠤᠨ ᠦᠰᠦᠭ ᠪᠢᠴᠢᠭ᠎ᠢ ᠬᠡᠷᠡᠭᠯᠡᠬᠦ ᠵᠢᠨ ᠬᠠᠮᠲᠤ ᠬᠢᠲᠠᠳ ᠦᠰᠦᠭ᠎ᠢ ᠵᠡᠷᠭᠡ᠎ᠪᠠᠷ ᠬᠡᠷᠡᠭᠯᠡᠬᠦ᠎ᠳᠤ ᠬᠦᠷᠪᠡᠯ ᠳᠦᠷᠢᠮᠵᠢᠭᠰᠡᠨ ᠬᠢᠲᠠᠳ ᠦᠰᠦᠭ᠎ᠢ ᠬᠡᠷᠡᠭᠯᠡᠬᠦ ᠬᠡᠷᠡᠭᠲᠡᠶ᠃
ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠠᠵᠢᠯ ᠲᠦᠷᠦᠯ᠎ᠳᠤ ᠨᠡᠶ᠋ᠢᠲᠡᠯᠢᠭ ᠬᠡᠯᠡ᠎ᠪᠠᠷ ᠦᠢ᠍ᠯᠡᠴᠢᠯᠡᠭᠡᠨ᠎ᠤ ᠬᠡᠷᠡᠭᠯᠡᠭᠡᠨ᠎ᠤ ᠬᠡᠯᠡ ᠪᠣᠯᠭ᠋ᠠᠬᠤ ᠵᠢ ᠰᠠᠨᠠᠭ᠋ᠠᠴᠢᠯᠠᠨ᠎ᠠ᠃
      ᠠᠷᠪᠠᠨ ᠳᠥᠷᠪᠡᠳᠦᠭᠡᠷ ᠵᠦᠢ᠍ᠯ ᠳᠣᠤᠷ᠎ᠠ ᠵᠢᠭᠰᠠᠭ᠋ᠠᠭᠰᠠᠨ ᠪᠠᠶ᠋ᠢᠳᠠᠯ᠎ᠳᠤ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠦᠨᠳᠦᠰᠦᠨ ᠬᠡᠷᠡᠭᠯᠡᠭᠡᠨ᠎ᠤ ᠬᠡᠯᠡ ᠬᠡᠷᠡᠭᠯᠡᠭᠡᠨ᠎ᠤ ᠦᠰᠦᠭ ᠪᠣᠯᠭ᠋ᠠᠬᠤ ᠬᠡᠷᠡᠭᠲᠡᠶ᠄
     (ᠨᠢᠭᠡ) ᠷᠠᠳᠢᠣ᠋ ᠨᠡᠪᠲᠡᠷᠡᠭᠦᠯᠭᠡ᠂ ᠺᠢᠨᠣ᠋᠂ ᠲᠧᠯᠸᠢᠰ᠎ᠤᠨ ᠬᠡᠷᠡᠭᠯᠡᠭᠡᠨ᠎ᠤ ᠬᠡᠯᠡ ᠬᠡᠷᠡᠭᠯᠡᠭᠡᠨ᠎ᠤ ᠤᠢ᠍ᠰᠦᠭ;
     (ᠬᠤᠶᠠᠷ) ᠤᠯᠡᠠ ᠨᠡᠶ᠋ᠢᠲᠡ ᠵᠢᠨ ᠲᠠᠯᠠᠪᠤᠷ᠎ᠲᠤ᠎ᠬᠢ ᠲᠥᠬᠦᠭᠡᠷᠦᠮᠵᠢ ᠵᠢᠨ ᠬᠡᠷᠡᠭᠯᠡᠭᠡᠨ᠎ᠤ ᠤᠢ᠍ᠰᠦᠭ;
     (ᠭᠤᠷᠪᠠ) ᠬᠤᠳᠠᠯᠳᠤᠭ᠋ᠠᠨ᠎ᠤ ᠫᠠᠶ᠋ᠢᠰᠠ᠂ ᠵᠠᠷ᠎ᠤᠨ ᠬᠡᠷᠡᠭᠯᠡᠭᠡᠨ᠎ᠤ ᠦᠰᠦᠭ;
     (ᠲᠦᠷᠪᠡ) ᠠᠵᠤ ᠠᠬᠤᠶ᠋ᠢᠯᠠᠯ ᠠᠵᠢᠯ ᠦᠢ᠍ᠯᠡᠰ᠎ᠤᠨ ᠵᠣᠬᠢᠶᠠᠨ ᠪᠠᠶ᠋ᠢᠭᠤᠯᠤᠯᠲᠠ ᠵᠢᠨ ᠨᠡᠷᠡᠶ᠋ᠢᠳᠦᠯ;
     (ᠲᠠᠪᠤ) ᠬᠢᠯᠢ ᠵᠢᠨ ᠳᠣᠲᠣᠷ᠎ᠠ ᠪᠣᠷᠣᠯᠠᠭᠤᠯᠬᠤ ᠲᠠᠸᠠᠷ᠎ᠤᠨ ᠪᠣᠭᠤᠳᠠᠯ ᠪᠠᠭᠯᠠᠭ᠎ᠠ ᠳᠡᠭᠡᠷᠡᠬᠢ ᠦᠰᠦᠭ᠂ ᠲᠣᠳᠣᠷᠬᠠᠶ᠋ᠢᠯᠠᠯᠲᠠ᠃
      ᠠᠷᠪᠠᠨ ᠲᠠᠪᠤᠳᠤᠭ᠋ᠠᠷ ᠵᠦᠢ᠍ᠯ ᠮᠡᠳᠡᠭᠡ ᠵᠠᠩᠭᠢ ᠵᠢᠨ ᠰᠢᠢ᠍ᠳᠪᠦᠷᠢᠯᠡᠯᠲᠡ ᠪᠠ ᠮᠡᠳᠡᠭᠡ ᠵᠠᠩᠭᠢ ᠵᠢᠨ ᠮᠡᠷᠭᠡᠵᠢᠯ᠎ᠤᠨ ᠦᠢ᠍ᠯᠡᠳᠭᠦᠨ᠎ᠳᠤ ᠬᠡᠷᠡᠭᠯᠡᠬᠦ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠨᠢ ᠤᠯᠤᠰ᠎ᠤᠨ ᠳᠦᠷᠢᠮᠵᠢᠯ ᠪᠠ ᠪᠠᠷᠢᠮᠵᠢᠶ᠎ᠠ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ᠃
      ᠠᠷᠪᠠᠨ ᠵᠢᠷᠭᠤᠳᠤᠭ᠋ᠠᠷ ᠵᠦᠢ᠍ᠯ ᠲᠤᠰ ᠪᠦᠯᠦᠭ᠎ᠤᠨ ᠬᠤᠯᠪᠣᠭᠳᠠᠯ ᠪᠦᠬᠦᠢ ᠲᠣᠭᠲᠠᠭ᠋ᠠᠯ᠎ᠳᠤ ᠳᠣᠤᠷ᠎ᠠ ᠵᠢᠭᠰᠠᠭ᠋ᠠᠭᠰᠠᠨ ᠪᠠᠶ᠋ᠢᠳᠠᠯ᠎ᠲᠠᠢ ᠪᠣᠯ ᠨᠤᠲᠤᠭ᠎ᠤᠨ ᠠᠶᠠᠯᠭᠤ ᠵᠢ ᠬᠡᠷᠡᠭᠯᠡᠵᠦ ᠪᠣᠯᠤᠨ᠎ᠠ᠄
     (ᠨᠢᠭᠡ) ᠲᠦᠷᠦ ᠵᠢᠨ ᠪᠠᠶ᠋ᠢᠭᠤᠯᠭ᠎ᠠ ᠵᠢᠨ ᠠᠵᠢᠯᠳᠡᠠ ᠠᠯᠪᠠᠨ ᠠᠵᠢᠯ ᠭᠦᠢ᠍ᠴᠡᠳᠭᠡᠬᠦ ᠦᠶᠡᠰ᠎ᠳᠤ ᠦᠨᠡᠬᠡᠷ ᠬᠡᠷᠡᠭᠯᠡᠬᠦ ᠴᠢᠬᠤᠯᠠᠲᠠᠶ ᠪᠠᠶ᠋ᠢᠬᠤ;
     (ᠬᠤᠶᠠᠷ) ᠲᠦᠷᠦ ᠵᠢᠨ ᠶᠠᠪᠤᠳᠠᠯ᠎ᠤᠨ ᠬᠤᠷᠢᠶᠠᠨ᠎ᠤ ᠷᠠᠳᠢᠣ᠋ ᠨᠡᠪᠲᠡᠷᠡᠭᠦᠯᠭᠡ ᠲᠧᠯᠸᠢᠰ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ ᠪᠤᠶᠤ ᠮᠤᠵᠢ ᠵᠢᠨ ᠱᠠᠲᠤᠨ᠎ᠤ ᠷᠠᠳᠢᠣ᠋ ᠨᠡᠪᠲᠡᠷᠡᠭᠦᠯᠭᠡ ᠲᠧᠯᠸᠢᠰ᠎ᠤᠨ ᠰᠠᠯᠠᠭ᠎ᠠ ᠮᠥᠴᠢᠷ ᠵᠶ᠋ᠠᠷ ᠵᠥᠪᠰᠢᠶᠡᠷᠡᠭᠦᠯᠦᠭᠰᠡᠨ ᠨᠡᠪᠲᠡᠷᠡᠭᠦᠯᠭᠡ ᠵᠢᠨ ᠬᠡᠷᠡᠭᠯᠡᠭᠡᠨ᠎ᠤ ᠬᠡᠯᠡ;
     (ᠭᠤᠷᠪᠠ) ᠰᠢ ᠵᠦᠴᠦᠭᠡ᠂ ᠺᠢᠨᠣ᠋ ᠲᠧᠯᠸᠢᠰ ᠵᠡᠷᠭᠡ ᠤᠷᠠᠯᠢᠭ᠎ᠤᠨ ᠬᠡᠯᠪᠡᠷᠢ᠎ᠳᠤ ᠬᠡᠷᠡᠭᠯᠡᠬᠦ ᠴᠢᠬᠤᠯᠠᠲᠠᠶ ᠪᠠᠶ᠋ᠢᠬᠤ;
     (ᠲᠦᠷᠪᠡ) ᠬᠡᠪᠯᠡᠯ᠂ ᠵᠢᠭ᠋ᠠᠨ ᠰᠤᠷᠭ᠋ᠠᠯᠲᠠ᠂ ᠰᠤᠳᠤᠯᠭ᠋ᠠᠨ᠎ᠤ ᠳᠤᠮᠳᠠ ᠦᠨᠡᠬᠡᠷ ᠬᠡᠷᠡᠭᠯᠡᠬᠦ ᠴᠢᠬᠤᠯᠠᠲᠠᠶ ᠪᠠᠶ᠋ᠢᠬᠤ᠃
      ᠠᠷᠪᠠᠨ ᠳᠣᠯᠣᠳᠤᠭ᠋ᠠᠷ ᠵᠦᠢ᠍ᠯ ᠲᠤᠰ ᠪᠦᠯᠦᠭ᠎ᠤᠨ ᠬᠤᠯᠪᠣᠭᠳᠠᠯ ᠪᠦᠬᠦᠢ ᠲᠣᠭᠲᠠᠭ᠋ᠠᠯ᠎ᠤᠨ ᠳᠣᠲᠤᠷ᠎ᠠ ᠳᠣᠤᠷ᠎ᠠ ᠵᠢᠭᠰᠠᠭ᠋ᠠᠭᠰᠠᠨ ᠪᠠᠶ᠋ᠢᠳᠠᠯ᠎ᠲᠠᠢ ᠪᠣᠯ ᠪᠢᠴᠢᠯᠭᠡ ᠲᠦᠪᠡᠭᠲᠡᠢ ᠦᠰᠦᠭ᠂ ᠣᠨᠳᠣᠤ ᠪᠢᠴᠢᠯᠭᠡᠲᠦ ᠦᠰᠦᠭ᠎ᠢ ᠦᠯᠡᠳᠡᠭᠡᠬᠦ ᠪᠤᠶᠤ ᠬᠡᠷᠡᠭᠯᠡᠵᠦ ᠪᠣᠯᠤᠨ᠎ᠠ᠄
     (ᠨᠢᠭᠡ) ᠲᠡᠤᠬᠡ ᠵᠢᠨ ᠳᠤᠷᠠᠰᠬᠠᠯᠲᠤ ᠵᠦᠢ᠍ᠯ;
     (ᠬᠤᠶᠠᠷ) ᠤᠪᠦᠬ ᠨᠡᠷ᠎ᠡ ᠵᠢᠨ ᠳᠣᠲᠣᠷᠠᠬᠢ ᠪᠢᠴᠢᠯᠭᠡ ᠣᠨᠳᠣᠤ ᠤᠢ᠍ᠰᠦᠭ;
     (ᠭᠤᠷᠪᠠ) ᠤᠷᠠᠨ ᠪᠢᠴᠢᠯᠭᠡ᠂ ᠲᠠᠮᠠᠭ᠎ᠠ ᠰᠡᠶ᠋ᠢᠯᠦᠮᠡᠯ ᠵᠡᠷᠭᠡ ᠤᠷᠠᠯᠢᠭ᠎ᠤᠨ ᠪᠦᠲᠦᠭᠡᠯ;
     (ᠲᠦᠷᠪᠡ) ᠪᠢᠴᠢᠭᠡᠰᠦ ᠪᠠ ᠬᠤᠳᠠᠯᠳᠤᠭ᠋ᠠᠨ᠎ᠤ ᠫᠠᠶ᠋ᠢᠰᠠ ᠵᠢᠨ ᠳᠡᠭᠡᠷᠡᠬᠢ ᠭᠠᠷ ᠪᠢᠴᠢᠮᠡᠯ ᠤᠢ᠍ᠰᠦᠭ;
     (ᠲᠠᠪᠤ) ᠬᠡᠪᠯᠡᠯ᠂ ᠵᠢᠭ᠋ᠠᠨ ᠰᠤᠷᠭ᠋ᠠᠯᠲᠠ᠂ ᠰᠤᠳᠤᠯᠭ᠋ᠠᠨ᠎ᠤ ᠳᠤᠮᠳᠠ ᠬᠡᠷᠡᠭᠯᠡᠬᠦ ᠴᠢᠬᠤᠯᠠᠲᠠᠶ ᠵᠦᠢ᠍ᠯ;
     (ᠵᠢᠷᠭᠤᠭ᠎ᠠ) ᠲᠦᠷᠦ ᠵᠢᠨ ᠶᠠᠪᠤᠳᠠᠯ᠎ᠤᠨ ᠬᠤᠷᠢᠶᠠᠨ᠎ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠵᠶ᠋ᠠᠷ ᠵᠦᠪᠰᠢᠶᠡᠷᠡᠭᠦᠯᠦᠭᠰᠡᠨ ᠣᠨᠴᠠᠭ᠋ᠠᠶ ᠪᠠᠶ᠋ᠢᠳᠠᠯ᠃
      ᠠᠷᠪᠠᠨ ᠨᠠᠢ᠍ᠮᠠᠳᠤᠭ᠋ᠠᠷ ᠵᠦᠢ᠍ᠯ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ 《ᠬᠢᠲᠠᠳ ᠬᠡᠯᠡᠨ᠎ᠤ ᠠᠪᠢᠶ᠎ᠠ ᠲᠡᠮᠳᠡᠭᠯᠡᠬᠦ ᠲᠥᠰᠦᠯ》 ᠵᠶ᠋ᠠᠷ ᠠᠪᠢᠶᠠᠴᠢᠯᠠᠨ ᠪᠢᠴᠢᠬᠦ ᠪᠠ ᠠᠪᠢᠶ᠎ᠠ ᠬᠠᠳᠠᠬᠤ ᠪᠠᠭ᠋ᠠᠵᠢ ᠬᠡᠷᠡᠭᠯᠡᠭᠦᠷ ᠪᠣᠯᠭ᠋ᠠᠨ᠎ᠠ᠃
     《ᠬᠢᠲᠠᠳ ᠬᠡᠯᠡᠨ᠎ᠤ ᠠᠪᠢᠶ᠎ᠠ ᠲᠡᠮᠳᠡᠭᠯᠡᠬᠦ ᠲᠥᠰᠦᠯ》 ᠪᠣᠯ ᠳᠤᠮᠳᠠᠳᠤ ᠤᠯᠤᠰ᠎ᠤᠨ ᠬᠥᠮᠦᠨ᠎ᠤ ᠨᠡᠷ᠎ᠡ᠂ ᠭᠠᠵᠠᠷ᠎ᠤᠨ ᠨᠡᠷ᠎ᠡ ᠪᠣᠯᠤᠨ ᠬᠢᠲᠠᠳ ᠬᠡᠯᠡᠨ᠎ᠤ ᠰᠤᠷᠪᠤᠯᠵᠢ ᠪᠢᠴᠢᠭ᠎ᠢ ᠷᠣᠮᠠ ᠦᠰᠦᠭ ᠵᠶ᠋ᠠᠷ ᠠᠪᠢᠶᠠᠴᠢᠯᠠᠨ ᠪᠢᠴᠢᠬᠦ ᠠᠷᠭ᠎ᠠ ᠵᠢᠨ ᠨᠢᠭᠡᠳᠦᠯᠲᠡᠢ ᠳᠦᠷᠢᠮᠵᠢᠯ ᠪᠣᠯᠬᠤ ᠪᠥᠭᠡᠳ ᠲᠡᠭᠦᠨ᠎ᠢ ᠬᠢᠲᠠᠳ ᠬᠡᠯᠡ ᠵᠢ ᠬᠡᠷᠡᠭᠯᠡᠬᠦ᠎ᠳᠤ ᠳᠥᠭᠦᠮ ᠦᠭᠡᠢ ᠪᠤᠶᠤ ᠬᠡᠷᠡᠭᠯᠡᠵᠦ ᠪᠣᠯᠬᠤ ᠦᠭᠡᠢ ᠭᠠᠵᠠᠷ᠎ᠲᠤ ᠬᠡᠷᠡᠭᠯᠡᠨ᠎ᠡ᠃
      ᠠᠩᠬ᠎ᠠ ᠵᠡᠷᠭᠡ ᠵᠢᠨ ᠰᠤᠷᠭ᠋ᠠᠨ ᠬᠥᠮᠦᠵᠢᠯ᠎ᠳᠤ ᠬᠢᠲᠠᠳ ᠬᠡᠯᠡᠨ᠎ᠤ ᠠᠪᠢᠶ᠎ᠠ ᠲᠡᠮᠳᠡᠭᠯᠡᠬᠦ ᠵᠢᠭ᠋ᠠᠨ ᠰᠤᠷᠭ᠋ᠠᠯᠲᠠ ᠬᠢᠬᠦ ᠬᠡᠷᠡᠭᠲᠡᠶ᠃
      ᠠᠷᠪᠠ ᠶᠢᠰᠦᠳᠦᠭᠡᠷ ᠵᠦᠢ᠍ᠯ ᠨᠡᠶ᠋ᠢᠲᠡᠯᠢᠭ ᠬᠡᠯᠡ᠎ᠪᠠᠷ ᠠᠵᠢᠯ᠎ᠤᠨ ᠬᠡᠯᠡ ᠪᠣᠯᠭ᠋ᠠᠭᠰᠠᠨ ᠠᠵᠢᠯ᠎ᠤᠨ ᠪᠠᠶ᠋ᠢᠷᠢ ᠪᠥᠬᠦᠨ᠎ᠤ ᠠᠵᠢᠯᠲᠠᠳ ᠨᠡᠶ᠋ᠢᠲᠡᠯᠢᠭ ᠬᠡᠯᠡ ᠵᠢ ᠬᠡᠯᠡᠵᠦ ᠴᠢᠳᠠᠬᠤ ᠴᠢᠳᠠᠪᠤᠷᠢ ᠵᠢ ᠪᠦᠷᠢᠯᠳᠦᠭᠦᠯᠦᠭᠰᠡᠨ ᠪᠠᠶ᠋ᠢᠬᠤ ᠬᠡᠷᠡᠭᠲᠡᠶ᠃
      ᠨᠡᠶ᠋ᠢᠲᠡᠯᠢᠭ ᠬᠡᠯᠡ᠎ᠪᠠᠷ ᠠᠵᠢᠯ᠎ᠤᠨ ᠬᠡᠯᠡ ᠪᠣᠯᠭ᠋ᠠᠭᠰᠠᠨ ᠨᠡᠪᠲᠡᠷᠡᠭᠦᠯᠦᠭᠴᠢ᠂ ᠫᠷᠤᠭ᠌ᠷᠠᠮ᠎ᠤᠨ ᠬᠥᠲᠥᠯᠥᠭᠴᠢ ᠪᠣᠯᠤᠨ ᠺᠢᠨᠣ᠋ ᠲᠧᠯᠸᠢᠰ ᠶᠠᠷᠢᠶᠠᠲᠤ ᠵᠦᠴᠦᠭᠡ ᠵᠢᠨ ᠲᠣᠭᠯᠠᠭᠴᠢ᠂ ᠪᠠᠭᠰᠢ᠂ ᠲᠦᠷᠦ ᠵᠢᠨ ᠪᠠᠶ᠋ᠢᠭᠤᠯᠭ᠎ᠠ ᠵᠢᠨ ᠠᠵᠢᠯᠳᠠᠨ᠎ᠤ ᠨᠡᠶ᠋ᠢᠲᠡᠯᠢᠭ ᠬᠡᠯᠡᠨ᠎ᠤ ᠬᠢᠷᠢ ᠬᠡᠮᠵᠢᠶ᠎ᠡ᠎ᠨᠢ ᠤᠯᠤᠰ᠎ᠤᠨ ᠲᠣᠭᠲᠠᠭ᠋ᠠᠭᠰᠠᠨ ᠳᠡᠰ᠎ᠤᠨ ᠪᠠᠷᠢᠮᠵᠢᠶ᠎ᠠ᠎ᠳᠤ ᠲᠤᠰ ᠲᠤᠰ ᠬᠦᠷᠦᠭᠰᠡᠨ ᠪᠠᠶ᠋ᠢᠬᠤ ᠬᠡᠷᠡᠭᠲᠡᠶ; ᠤᠯᠤᠰ᠎ᠠᠴᠠ ᠲᠣᠭᠲᠠᠭ᠋ᠠᠭᠰᠠᠨ ᠨᠡᠶ᠋ᠢᠲᠡᠯᠢᠭ ᠬᠡᠯᠡᠨ᠎ᠤ ᠳᠡᠰ᠎ᠤᠨ ᠪᠠᠷᠢᠮᠵᠢᠶ᠎ᠠ᠎ᠳᠤ ᠬᠠᠷᠠᠬᠠᠨ ᠬᠦᠷᠦᠭᠡᠳᠦᠢ ᠪᠠᠶ᠋ᠢᠪᠠᠯ ᠪᠠᠶ᠋ᠢᠳᠠᠯ᠎ᠢ᠎ᠨᠢ ᠢᠯᠭ᠋ᠠᠨ ᠦᠵᠡᠵᠦ ᠪᠠᠶ᠋ᠢᠭ᠋ᠠᠳ ᠪᠣᠯᠪᠠᠰᠤᠷᠠᠯ ᠬᠢᠯᠭᠡᠬᠦ ᠬᠡᠷᠡᠭᠲᠡᠶ᠃
      ᠬᠤᠷᠢᠳᠤᠭ᠋ᠠᠷ ᠵᠦᠢ᠍ᠯ ᠭᠠᠳᠠᠭ᠋ᠠᠳᠤ ᠵᠢᠨ ᠬᠥᠮᠦᠨ᠎ᠳᠤ ᠵᠣᠷᠢᠭᠤᠯᠤᠭᠰᠠᠨ ᠬᠢᠲᠠᠳ ᠬᠡᠯᠡᠨ᠎ᠤ ᠵᠢᠭ᠋ᠠᠨ ᠰᠤᠷᠭ᠋ᠠᠯᠲᠠ᠎ᠳᠤ ᠨᠡᠶ᠋ᠢᠲᠡᠯᠢᠭ ᠬᠡᠯᠡ ᠪᠠ ᠳᠦᠷᠢᠮᠵᠢᠭᠰᠡᠨ ᠬᠢᠲᠠᠳ ᠦᠰᠦᠭ᠎ᠢ ᠵᠢᠭ᠋ᠠᠨ ᠰᠤᠷᠭ᠋ᠠᠬᠤ ᠬᠡᠷᠡᠭᠲᠡᠶ᠃

      ᠭᠤᠷᠪᠠᠳᠤᠭ᠋ᠠᠷ ᠪᠦᠯᠦᠭ ᠬᠠᠮᠢᠶᠠᠷᠤᠯᠲᠠ ᠪᠠ ᠬᠢᠨᠠᠯᠲᠠ

      ᠬᠤᠷᠢᠨ ᠨᠢᠭᠡᠳᠦᠭᠡᠷ ᠵᠦᠢ᠍ᠯ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠠᠵᠢᠯ᠎ᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠦᠭᠡ ᠬᠡᠯᠡ ᠦᠰᠦᠭ ᠪᠢᠴᠢᠭ᠎ᠤᠨ ᠠᠵᠢᠯ᠎ᠤᠨ ᠰᠠᠯᠠᠭ᠎ᠠ ᠮᠥᠴᠢᠷ᠎ᠠᠴᠠ ᠬᠠᠷᠢᠭᠤᠴᠠᠨ ᠲᠥᠯᠦᠪᠵᠢᠭᠦᠯᠦᠨ ᠵᠢᠯᠣᠭᠤᠳᠴᠤ᠂ ᠬᠠᠮᠢᠶᠠᠷᠴᠤ ᠬᠢᠨᠠᠨ᠎ᠠ᠃
      ᠲᠦᠷᠦ ᠵᠢᠨ ᠶᠠᠪᠤᠳᠠᠯ᠎ᠤᠨ ᠬᠤᠷᠢᠶᠠᠨ᠎ᠤ ᠬᠤᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠲᠤᠰ ᠰᠢᠰᠲ᠋ᠧᠮ᠎ᠤᠨ ᠵᠶ᠋ᠠᠨ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠬᠡᠷᠡᠭᠯᠡᠯᠲᠡ ᠵᠢ ᠬᠠᠮᠢᠶᠠᠷᠤᠨ᠎ᠠ᠃
      ᠬᠤᠷᠢᠨ ᠬᠤᠶᠠᠳᠤᠭ᠋ᠠᠷ ᠵᠦᠢ᠍ᠯ ᠣᠷᠣᠨ ᠨᠤᠲᠤᠭ᠎ᠤᠨ ᠦᠭᠡ ᠬᠡᠯᠡ ᠤᠢ᠍ᠰᠦᠭ ᠪᠢᠴᠢᠭ᠎ᠤᠨ ᠠᠵᠢᠯ᠎ᠤᠨ ᠰᠠᠯᠠᠭ᠎ᠠ ᠮᠥᠴᠢᠷ ᠪᠣᠯᠤᠨ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠤᠢ᠍ᠰᠦᠭ ᠪᠢᠴᠢᠭ᠎ᠤᠨ ᠬᠡᠷᠡᠭᠯᠡᠯᠲᠡ ᠵᠢ ᠬᠠᠮᠢᠶᠠᠷᠴᠤ ᠬᠢᠨᠠᠨ᠎ᠠ᠃
      ᠬᠤᠷᠢᠨ ᠭᠤᠷᠪᠠᠳᠤᠭ᠋ᠠᠷ ᠵᠦᠢ᠍ᠯ ᠰᠢᠶᠠᠨ᠎ᠤ ᠱᠠᠲᠤᠨ᠎ᠠᠴᠠ ᠳᠡᠭᠡᠭᠰᠢᠬᠢ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠦᠢ᠍ᠯᠡᠳᠪᠦᠷᠢ ᠬᠤᠳᠠᠯᠳᠤᠭ᠋ᠠᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠠᠵᠤ ᠠᠬᠤᠶ᠋ᠢᠯᠠᠯ᠎ᠤᠨ ᠨᠡᠷᠡᠶ᠋ᠢᠳᠦᠯ᠂ ᠲᠠᠸᠠᠷ᠎ᠤᠨ ᠨᠡᠷᠡᠶ᠋ᠢᠳᠦᠯ ᠵᠢᠴᠢ ᠵᠠᠷ᠎ᠤᠨ ᠬᠡᠷᠡᠭᠯᠡᠭᠡᠨ᠎ᠤ ᠬᠡᠯᠡ ᠬᠡᠷᠡᠭᠯᠡᠭᠡᠨ᠎ᠤ ᠦᠰᠦᠭ᠎ᠢ ᠬᠠᠤᠯᠢ ᠶᠣᠰᠤ᠎ᠪᠠᠷ ᠬᠠᠮᠢᠶᠠᠷᠴᠤ ᠬᠢᠨᠠᠨ᠎ᠠ᠃
      ᠬᠤᠷᠢᠨ ᠳᠥᠷᠪᠡᠳᠦᠭᠡᠷ ᠵᠦᠢ᠍ᠯ ᠲᠦᠷᠦ ᠵᠢᠨ ᠶᠠᠪᠤᠳᠠᠯ᠎ᠤᠨ ᠬᠤᠷᠢᠶᠠᠨ᠎ᠤ ᠦᠭᠡ ᠬᠡᠯᠡ ᠦᠰᠦᠭ ᠪᠢᠴᠢᠭ᠎ᠤᠨ ᠠᠵᠢᠯ᠎ᠤᠨ ᠰᠠᠯᠠᠭ᠎ᠠ ᠮᠥᠴᠢᠷ᠎ᠠᠴᠠ ᠨᠡᠶ᠋ᠢᠲᠡᠯᠢᠭ ᠬᠡᠯᠡᠨ᠎ᠤ ᠬᠢᠷᠢ ᠬᠡᠮᠵᠢᠶᠡᠨ᠎ᠤ ᠰᠢᠯᠭ᠋ᠠᠯᠲᠠ ᠵᠢᠨ ᠳᠡᠰ᠎ᠤᠨ ᠪᠠᠷᠢᠮᠵᠢᠶ᠎ᠠ ᠵᠢ ᠨᠡᠶ᠋ᠢᠲᠡᠯᠡᠨ᠎ᠡ᠃
      ᠬᠤᠷᠢᠨ ᠲᠠᠪᠤᠳᠤᠭ᠋ᠠᠷ ᠵᠦᠢ᠍ᠯ ᠭᠠᠳᠠᠭ᠋ᠠᠳᠤ ᠵᠢᠨ ᠬᠥᠮᠦᠨ᠎ᠤ ᠨᠡᠷ᠎ᠡ᠂ ᠭᠠᠵᠠᠷ᠎ᠤᠨ ᠨᠡᠷ᠎ᠡ ᠵᠡᠷᠭᠡ ᠲᠤᠰᠬᠠᠶ ᠨᠡᠷᠡᠰ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠨᠡᠷ᠎ᠡ ᠲᠣᠮᠢᠶ᠎ᠠ ᠵᠢ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠵᠶ᠋ᠠᠷ ᠣᠷᠴᠢᠭᠤᠯᠪᠠᠯ᠂ ᠲᠦᠷᠦ ᠵᠢᠨ ᠶᠠᠪᠤᠳᠠᠯ᠎ᠤᠨ ᠬᠤᠷᠢᠶᠠᠨ᠎ᠤ ᠦᠭᠡ ᠬᠡᠯᠡ ᠦᠰᠦᠭ ᠪᠢᠴᠢᠭ᠎ᠤᠨ ᠠᠵᠢᠯ᠎ᠤᠨ ᠰᠠᠯᠠᠭ᠎ᠠ ᠮᠥᠴᠢᠷ ᠪᠤᠶᠤ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠵᠣᠬᠢᠶᠠᠨ ᠪᠠᠶ᠋ᠢᠭᠤᠯᠵᠤ ᠬᠢᠨᠠᠨ ᠲᠣᠭᠲᠠᠭ᠋ᠠᠨ᠎ᠠ᠃
      ᠬᠤᠷᠢᠨ ᠵᠢᠷᠭᠤᠳᠤᠭ᠋ᠠᠷ ᠵᠦᠢ᠍ᠯ ᠲᠣᠰ ᠬᠠᠤᠯᠢ ᠵᠢᠨ ᠬᠤᠶᠠᠳᠤᠭ᠋ᠠᠷ ᠪᠦᠯᠦᠭ᠎ᠤᠨ ᠬᠤᠯᠪᠣᠭᠳᠠᠯ ᠪᠦᠬᠦᠢ ᠲᠣᠭᠲᠠᠭ᠋ᠠᠯ᠎ᠢ ᠵᠦᠷᠢᠴᠡᠵᠦ᠂ ᠦᠭᠡ ᠬᠡᠯᠡ ᠤᠢ᠍ᠰᠦᠭ ᠪᠢᠴᠢᠭ᠎ᠢ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠤᠢ᠍ᠰᠦᠭ ᠪᠢᠴᠢᠭ᠎ᠤᠨ ᠳᠦᠷᠢᠮᠵᠢᠯ ᠪᠠ ᠪᠠᠷᠢᠮᠵᠢᠶ᠎ᠠ ᠶᠣᠰᠤ᠎ᠪᠠᠷ ᠬᠡᠷᠡᠭᠯᠡᠭᠰᠡᠨ ᠤᠢ᠍ᠭᠡᠢ ᠪᠠᠶ᠋ᠢᠪᠠᠯ᠂ ᠠᠷᠠᠳ ᠢᠷᠭᠡᠨ᠎ᠠᠴᠠ ᠰᠢᠭᠦᠮᠵᠢᠯᠡᠯ ᠪᠠ ᠰᠠᠨᠠᠭᠤᠯᠭ᠎ᠠ ᠳᠤᠷᠠᠳᠴᠤ ᠪᠣᠯᠤᠨ᠎ᠠ᠃ ᠲᠤᠰ ᠬᠠᠤᠯᠢ ᠵᠢᠨ ᠠᠷᠪᠠ ᠶᠢᠰᠦᠳᠦᠭᠡᠷ ᠵᠦᠢ᠍ᠯ᠎ᠤᠨ ᠬᠤᠶᠠᠳᠤᠭ᠋ᠠᠷ ᠵᠤᠷᠪᠤᠰ᠎ᠲᠤ ᠲᠣᠭᠲᠠᠭ᠋ᠠᠭᠰᠠᠨ ᠬᠥᠮᠦᠰ᠎ᠤᠨ ᠬᠡᠷᠡᠭᠯᠡᠬᠦ ᠦᠭᠡ᠎ᠨᠢ ᠲᠤᠰ ᠬᠠᠤᠯᠢ ᠵᠢᠨ ᠬᠤᠶᠠᠳᠤᠭ᠋ᠠᠷ ᠪᠦᠯᠦᠭ᠎ᠤᠨ ᠬᠤᠯᠪᠣᠭᠳᠠᠯ ᠪᠦᠬᠦᠢ ᠲᠣᠭᠲᠠᠭ᠋ᠠᠯ᠎ᠢ ᠵᠥᠷᠢᠴᠡᠭᠰᠡᠨ ᠪᠠᠶ᠋ᠢᠪᠠᠯ ᠬᠤᠯᠪᠣᠭᠳᠠᠯ ᠪᠦᠬᠦᠢ ᠨᠢᠭᠡᠴᠢ ᠵᠢᠨ ᠰᠢᠭᠤᠳ ᠬᠠᠷᠢᠭᠤᠴᠠᠯᠭ᠎ᠠ ᠪᠥᠬᠦᠢ ᠬᠥᠮᠦᠨ᠎ᠢ᠎ᠨᠢ ᠰᠢᠭᠦᠮᠵᠢᠯᠡᠵᠦ ᠰᠤᠷᠭ᠋ᠠᠬᠤ ᠬᠡᠷᠡᠭᠲᠡᠶ; ᠵᠠᠯᠠᠷᠠᠭᠤᠯᠬᠤ ᠵᠢ ᠲᠡᠪᠴᠢᠭᠰᠡᠨ ᠪᠣᠯ ᠬᠤᠯᠪᠣᠭᠳᠠᠯ ᠪᠦᠬᠦᠢ ᠨᠢᠭᠡᠴᠢ᠎ᠠᠴᠠ ᠰᠢᠢ᠍ᠳᠪᠦᠷᠢᠯᠡᠨ᠎ᠡ᠃ ᠬᠤᠲᠠ ᠵᠢᠨ ᠣᠯᠠᠨ ᠨᠡᠶ᠋ᠢᠲᠡ ᠵᠢᠨ ᠲᠠᠯᠠᠪᠤᠷ᠎ᠤᠨ ᠲᠥᠬᠦᠭᠡᠷᠦᠮᠵᠢ ᠪᠠ ᠬᠤᠳᠠᠯᠳᠤᠭ᠋ᠠᠨ᠎ᠤ ᠫᠠᠶ᠋ᠢᠰᠠ᠂ ᠵᠠᠷ᠎ᠤᠨ ᠬᠡᠷᠡᠭᠯᠡᠭᠡᠨ᠎ᠤ ᠦᠰᠦᠭ᠎ᠨᠢ ᠲᠤᠰ ᠬᠠᠤᠯᠢ ᠵᠢᠨ ᠬᠤᠶᠠᠳᠤᠭ᠋ᠠᠷ ᠪᠦᠯᠦᠭ᠎ᠤᠨ ᠬᠤᠯᠪᠣᠭᠳᠠᠯ ᠪᠦᠬᠦᠢ ᠲᠣᠭᠲᠠᠭ᠋ᠠᠯ᠎ᠢ ᠵᠥᠷᠢᠴᠡᠭᠰᠡᠨ ᠪᠠᠶ᠋ᠢᠪᠠᠯ᠂ ᠬᠤᠯᠪᠣᠭᠳᠠᠯ ᠪᠦᠬᠦᠢ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠵᠠᠷᠯᠢᠭᠳᠠᠨ ᠵᠠᠯᠠᠷᠠᠭᠤᠯᠤᠭᠤᠯᠤᠨ᠎ᠠ; ᠵᠠᠯᠠᠷᠠᠭᠤᠯᠬᠤ ᠵᠢ ᠲᠡᠪᠴᠢᠪᠡᠯ ᠳᠣᠩᠭᠤᠳᠬᠤ ᠵᠢᠨ ᠬᠠᠮᠲᠤ ᠬᠤᠭᠤᠴᠠᠭ᠎ᠠ ᠲᠣᠭᠲᠠᠭ᠋ᠠᠨ ᠵᠠᠯᠠᠷᠠᠭᠤᠯᠤᠭᠤᠯᠬᠤ᠎ᠪᠠᠷ ᠰᠢᠪᠠᠲᠠᠨ ᠱᠠᠭ᠋ᠠᠷᠳᠠᠨ᠎ᠠ᠃
      ᠬᠤᠷᠢᠨ ᠳᠣᠯᠣᠳᠤᠭ᠋ᠠᠷ ᠵᠦᠢ᠍ᠯ ᠲᠣᠰ ᠬᠠᠤᠯᠢ ᠲᠣᠭᠲᠠᠭ᠋ᠠᠯ᠎ᠢ ᠵᠥᠷᠢᠴᠡᠵᠦ᠂ ᠪᠤᠰᠤᠳ᠎ᠤᠨ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠤᠷᠤᠯᠴᠠᠬᠤ ᠪᠠ ᠬᠡᠷᠡᠭᠯᠡᠬᠦ ᠵᠢ ᠬᠠᠷᠰᠢᠯᠠᠭᠰᠠᠨ ᠪᠠᠶ᠋ᠢᠪᠠᠯ᠂ ᠬᠤᠯᠪᠣᠭᠳᠠᠯ ᠪᠦᠬᠦᠢ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠵᠠᠷᠯᠢᠭᠳᠠᠵᠤ ᠪᠠᠶ᠋ᠢᠭ᠋ᠠᠳ ᠬᠤᠭᠤᠴᠠᠭ᠎ᠠ ᠲᠣᠭᠲᠠᠭ᠋ᠠᠨ ᠵᠠᠯᠠᠷᠠᠭᠤᠯᠤᠭᠤᠯᠬᠤ ᠵᠢᠨ ᠬᠠᠮᠲᠤ ᠳᠣᠩᠭᠤᠳᠤᠨ᠎ᠠ᠃

      ᠳᠥᠷᠪᠡᠳᠦᠭᠡᠷ ᠪᠦᠯᠦᠭ ᠳᠠᠭ᠋ᠠᠯᠳᠤᠭᠤᠯᠤᠭᠰᠠᠨ ᠲᠦᠷᠢᠮ

      ᠬᠤᠷᠢᠨ ᠨᠠᠢ᠍ᠮᠠᠳᠤᠭ᠋ᠠᠷ ᠵᠦᠢ᠍ᠯ ᠲᠤᠰ ᠬᠠᠤᠯᠢ ᠵᠢ 2001 ᠣᠨ᠎ᠤ 1 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃

ᠢᠷᠡᠯᠲᠡ᠄ ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠣᠷᠤᠨ᠎ᠤ ᠰᠤᠷᠭ᠋ᠠᠨ ᠬᠦᠮᠦᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠭᠤᠷᠪᠠᠨ ᠲᠥᠷᠥᠯ᠎ᠤᠨ ᠬᠢᠴᠢᠶᠡᠯ᠎ᠤᠨ ᠨᠢᠭᠡᠳᠦᠯᠲᠡᠶ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠤᠨ ᠬᠡᠷᠡᠭᠯᠡᠯᠲᠡ ᠵᠢ ᠬᠡᠷᠡᠭᠵᠢᠭᠦᠯᠬᠦ ᠪᠠ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠤᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠠᠵᠢᠯ᠎ᠢ ᠪᠥᠬᠦ ᠲᠠᠯ᠎ᠠ᠎ᠪᠠᠷ ᠴᠢᠩᠭ᠋ᠠᠳᠬᠠᠬᠤ ᠲᠤᠬᠠᠢ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ (ᠨᠢᠭᠡᠳᠦᠭᠡᠷ ᠬᠤᠭᠤᠴᠠᠭ᠎ᠠ)
ᠭᠤᠷᠪᠠᠨ ᠲᠥᠷᠥᠯ᠎ᠤᠨ ᠬᠢᠴᠢᠶᠡᠯ᠎ᠤᠨ ᠨᠢᠭᠡᠳᠦᠯᠲᠡᠶ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠤᠨ ᠬᠡᠷᠡᠭᠯᠡᠯᠲᠡ ᠵᠢ ᠬᠡᠷᠡᠭᠵᠢᠭᠦᠯᠬᠦ ᠪᠠ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠤᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠠᠵᠢᠯ᠎ᠢ ᠪᠥᠬᠦ ᠲᠠᠯ᠎ᠠ᠎ᠪᠠᠷ ᠴᠢᠩᠭ᠋ᠠᠳᠬᠠᠬᠤ ᠲᠤᠬᠠᠢ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ (ᠬᠤᠶᠠᠳᠤᠭ᠋ᠠᠷ ᠬᠤᠭᠤᠴᠠᠭ᠎ᠠ)
ᠵᠢᠷᠤᠭᠲᠤ ᠲᠠᠶ᠋ᠢᠯᠤᠮᠵᠢ᠄ ᠭᠤᠷᠪᠠᠨ ᠬᠢᠴᠢᠶᠡᠯ ᠲᠦᠷᠦᠯ᠎ᠤᠨ ᠨᠢᠭᠡᠲᠦᠯᠲᠡᠢ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭᠯᠡᠬᠦ ᠪᠠ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠰᠤᠷᠭ᠋ᠠᠨ ᠬᠦᠮᠦᠵᠢᠯ᠎ᠤᠨ ᠵᠢᠭ᠋ᠠᠨ ᠰᠤᠷᠭ᠋ᠠᠯᠲᠠ ᠵᠢᠨ ᠠᠵᠢᠯ᠎ᠢ ᠪᠦᠬᠦ ᠲᠠᠯ᠎ᠠ᠎ᠪᠠᠷ ᠴᠢᠩᠭ᠋ᠠᠳᠬᠠᠬᠤ ᠲᠤᠬᠠᠢ ᠲᠦᠷᠦ ᠵᠢᠨ ᠪᠣᠳᠤᠯᠭ᠎ᠠ ᠵᠢᠨ ᠲᠠᠶ᠋ᠢᠯᠤᠮᠵᠢ (ᠳᠦᠷᠪᠡᠳᠦᠭᠡᠷ ᠬᠤᠭᠤᠴᠠᠭ᠎ᠠ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ《ᠠᠷᠪᠠᠨ ᠳᠥᠷᠪᠡᠳᠦᠭᠡᠷ ᠲᠠᠪᠤᠨ ᠵᠢᠯ》᠎ᠤᠨ ᠤᠷᠠᠯᠢᠭ᠎ᠤᠨ ᠵᠣᠬᠢᠶᠠᠨ ᠪᠦᠲᠦᠭᠡᠯᠭᠡ ᠵᠢᠨ ᠲᠥᠯᠥᠪᠵᠢᠭᠦᠯᠭᠡ
ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠰᠤᠶᠤᠯ ᠵᠢᠭᠤᠯᠴᠢᠯᠠᠯ᠎ᠤᠨ ᠲᠢᠩᠬᠢᠮ᠎ᠤᠨ ᠦᠶᠡᠷ᠎ᠤᠨ ᠬᠤᠭᠤᠴᠠᠭ᠋ᠠᠨ᠎ᠤ ᠵᠢᠭᠤᠯᠴᠢᠯᠠᠯ᠎ᠤᠨ ᠲᠤᠬᠠᠢ ᠠᠮᠤᠷ ᠲᠦᠪᠰᠢᠨ᠎ᠤ ᠰᠠᠨᠠᠭᠤᠯᠤᠮᠵᠢ
 
            