ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ《ᠠᠷᠪᠠᠨ ᠳᠥᠷᠪᠡᠳᠦᠭᠡᠷ ᠲᠠᠪᠤᠨ ᠵᠢᠯ》᠎ᠤᠨ ᠤᠷᠠᠯᠢᠭ᠎ᠤᠨ ᠵᠣᠬᠢᠶᠠᠨ ᠪᠦᠲᠦᠭᠡᠯᠭᠡ ᠵᠢᠨ ᠲᠥᠯᠥᠪᠵᠢᠭᠦᠯᠭᠡ
ᠨᠡᠶᠢᠲᠡᠯᠡᠭᠰᠡᠨ ᠴᠠᠭ᠄ 2021-11-27


     《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢ᠌ᠭᠡᠮ᠎ᠤᠨ ᠬᠥᠭᠵᠢᠯᠲᠡ ᠵᠢᠨ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠪᠠ 2035 ᠣᠨ᠎ᠤ ᠠᠯᠤᠰ᠎ᠤᠨ ᠬᠠᠷᠠᠯᠲᠠ ᠵᠢᠨ ᠬᠥᠲᠥᠯᠪᠦᠷᠢ》 ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢᠨ ᠲᠤᠰᠠᠳᠠ᠂ ᠰᠣᠶᠣᠯ ᠪᠠ ᠵᠢᠭᠤᠯᠴᠢᠯᠠᠯ᠎ᠤᠨ ᠶᠠᠮᠤᠨ᠎ᠤ《ᠠᠷᠪᠠᠨ ᠳᠥᠷᠪᠡᠳᠦᠭᠡᠷ ᠲᠠᠪᠤᠨ ᠵᠢᠯ》᠎ᠤᠨ ᠤᠷᠠᠯᠢᠭ᠎ᠤᠨ ᠵᠣᠬᠢᠶᠠᠨ ᠪᠦᠲᠦᠭᠡᠬᠦ ᠲᠥᠯᠥᠪᠵᠢᠭᠦᠯᠭᠡ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠯᠪᠠᠨ ᠲᠢᠩᠬᠢᠮ᠂ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ《ᠤᠯᠤᠰ᠎ᠤᠨ ᠥᠮᠴᠢᠯᠡᠯᠲᠦ ᠤᠳᠬ᠎ᠠ ᠤᠷᠠᠯᠢᠭ᠎ᠤᠨ ᠬᠦᠷᠢᠶᠡᠯᠡᠩ ᠪᠦᠯᠬᠦᠮ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠲᠤᠬᠠᠶ ᠬᠡᠷᠡᠭᠵᠢᠭᠦᠯᠬᠦ ᠰᠠᠨᠠᠯ》᠎ᠤᠨ ᠱᠠᠭ᠋ᠠᠷᠳᠠᠯᠭ᠎ᠠ ᠶᠣᠰᠣᠭ᠋ᠠᠷ᠂ ᠮᠠᠨ᠎ᠤ ᠣᠷᠣᠨ᠎ᠤ ᠲᠠᠢ᠌ᠰᠠᠨ᠎ᠤ ᠤᠷᠠᠯᠢᠭ᠎ᠤᠨ ᠦᠢᠯᠡᠰ᠎ᠤᠨ ᠦᠷᠭᠦᠯᠵᠢᠯᠡᠨ ᠴᠡᠴᠡᠭᠯᠡᠨ ᠬᠥᠭᠵᠢᠬᠦ ᠵᠢ ᠠᠬᠢᠭᠤᠯᠬᠤ ᠵᠢᠨ ᠲᠤᠰᠠᠳᠠ ᠲᠣᠰ ᠲᠥᠯᠥᠪᠵᠢᠭᠦᠯᠭᠡ ᠵᠢ ᠨᠠᠢ᠌ᠷᠠᠭᠤᠯᠤᠨ ᠲᠣᠭᠲᠠᠭ᠋ᠠᠪᠠ᠃
ᠨᠢᠭᠡ᠂ ᠵᠢᠯᠣᠭᠣᠳᠬᠤ ᠦᠵᠡᠯ ᠰᠠᠨᠠᠭ᠎ᠠ
      ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠤᠳᠬ᠎ᠠ ᠤᠷᠠᠯᠢᠭ᠎ᠤᠨ ᠠᠵᠢᠯ ᠪᠠ ᠤᠯᠠᠭ᠋ᠠᠨᠮᠥ᠋ᠴᠢᠷ᠎ᠤᠨ ᠦᠢᠯᠡᠰ᠎ᠤᠨ ᠬᠥᠭᠵᠢᠯᠲᠡ ᠵᠢᠨ ᠲᠤᠬᠠᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠡᠢ᠌ᠭᠡᠮ ᠵᠢᠷᠤᠮ᠎ᠤᠨ ᠭᠣᠤᠯᠯᠠᠭᠴᠢ ᠥᠷᠲᠡᠭ᠎ᠤᠨ ᠦᠵᠡᠯᠲᠡ᠎ᠪᠠᠷ ᠤᠳᠤᠷᠢᠳᠤᠮᠵᠢ ᠪᠤᠯᠭ᠋ᠠᠨ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠠᠳᠠᠷᠠᠭᠤᠯᠬᠤ᠎ᠪᠠᠷ ᠦᠨᠳᠦᠰᠦ ᠰᠤᠷᠪᠤᠯᠵᠢ   ᠪᠤᠯᠭ᠋ᠠᠵᠤ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ᠎ᠪᠠᠷ ᠬᠥᠳᠡᠯᠭᠡᠬᠦ ᠬᠦᠴᠦᠨ   ᠪᠤᠯᠭ᠋ᠠᠨ᠂ ᠤᠯᠤᠰ ᠲᠥᠷᠥ ᠵᠢᠨ ᠴᠢᠭᠯᠡᠯ ᠪᠠ ᠦᠵᠡᠯ ᠤᠬᠠᠮᠰᠠᠷ᠎ᠤᠨ ᠬᠡᠯᠪᠡᠷᠢ ᠵᠢᠨ ᠪᠣᠭᠣᠮᠲᠠ ᠵᠢ ᠰᠠᠢ᠌ᠲᠤᠷ ᠠᠳᠬᠤᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠲᠠᠰᠤᠷᠠᠯᠲᠠ ᠦᠭᠡᠢ ᠪᠠᠲᠤ ᠴᠤᠭᠴᠠᠯᠠᠨ᠂ ᠨᠢᠭᠡ ᠪᠦᠯᠦᠭ《ᠳᠤᠮᠳᠠᠳᠤ ᠵᠢᠨ ᠵᠡᠭᠦᠳᠦ》 ᠰᠡᠳᠦᠪ᠂   ᠪᠣᠳᠠᠲᠤ ᠠᠬᠤᠢ ᠵᠢᠨ ᠰᠡᠳᠦᠪ᠂ ᠡᠬᠡ ᠣᠷᠣᠨᠴᠢ ᠦᠵᠡᠯ ᠪᠠ ᠬᠤᠪᠢᠰᠬᠠᠯ᠎ᠤᠨ ᠲᠡᠦᠬᠡᠨ ᠰᠡᠳᠦᠪ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠰᠡᠳᠦᠪ ᠵᠡᠷᠭᠡ ᠢᠳᠡᠪᠬᠢ ᠬᠦᠴᠦᠨ᠎ᠢ ᠳᠠᠮᠵᠢᠭᠤᠯᠬᠤ᠂ ᠴᠠᠭ ᠦᠶ᠎ᠡ ᠵᠢᠨ ᠵᠣᠷᠢᠭ ᠰᠠᠨᠠᠭ᠎ᠠ ᠵᠢ ᠢᠯᠡᠷᠡᠭᠦᠯᠦᠭᠰᠡᠨ ᠭᠣᠤᠯᠳᠠᠯᠭ᠎ᠠ᠎ᠲᠠᠢ ᠭᠣᠤᠯ ᠰᠡᠳᠦᠪᠲᠦ ᠤᠷᠠᠯᠢᠭ᠎ᠤᠨ ᠰᠣᠳᠣᠨ ᠪᠦᠲᠦᠭᠡᠯ ᠎ᠢ ᠵᠣᠬᠢᠶᠠᠨ ᠪᠥᠲᠦᠭᠡᠵᠦ᠂ ᠨᠢᠭᠡ ᠪᠦᠯᠦᠭ ᠤᠷᠠᠯᠢᠭ᠎ᠤᠨ ᠰᠢᠯᠢᠳᠡᠭ ᠴᠢᠳᠠᠪᠤᠷᠢᠲᠠᠨ᠎ᠢ ᠬᠥᠮᠦᠵᠢᠭᠦᠯᠦᠨ᠂ ᠠᠷᠠᠳ ᠣᠯᠠᠨ᠎ᠤ ᠨᠠᠩ ᠲᠡᠭᠦᠯᠳᠡᠷ᠂ ᠨᠠᠩ ᠪᠠᠶᠠᠯᠢᠭ᠂ ᠨᠡᠩ ᠴᠢᠨᠠᠷᠯᠢᠭ ᠤᠶᠤᠨ᠎ᠤ ᠪᠠ ᠰᠣᠶᠣᠯ᠎ᠤᠨ ᠠᠮᠢᠳᠤᠷᠠᠯ᠎ᠢ ᠡᠳ᠋ᠯᠡᠬᠦ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ᠃
ᠬᠣᠶᠠᠷ᠂ ᠦᠨᠳᠦᠰᠦᠨ ᠵᠠᠷᠴᠢᠮ
      ᠨᠠᠮ᠎ᠤᠨ ᠤᠳᠬ᠎ᠠ ᠤᠷᠠᠯᠢᠭ᠎ᠤᠨ ᠠᠵᠢᠯ᠎ᠳᠤ᠎ᠬᠢ ᠪᠦᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠨ᠎ᠠ᠃
      ᠨᠡᠢ᠌ᠭᠡᠮ ᠵᠢᠷᠤᠮ᠎ᠤᠨ ᠭᠣᠤᠯᠯᠠᠭᠴᠢ ᠥᠷᠲᠡᠭ᠎ᠤᠨ ᠦᠵᠡᠯᠲᠡ᠎ᠪᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠨ᠎ᠠ᠃
      ᠠᠷᠠᠳ ᠲᠦᠮᠡᠨ ᠵᠶ᠋ᠡᠷ ᠭᠣᠤᠯ ᠪᠣᠯᠭ᠋ᠠᠭᠰᠠᠨ ᠵᠣᠬᠢᠶᠠᠨ ᠪᠦᠲᠦᠭᠡᠬᠦ ᠤᠳᠤᠷᠢᠳᠤᠮᠵᠢ ᠵᠢ ᠪᠠᠷᠢᠮᠲᠠᠯᠠᠨ᠎ᠠ᠃
      ᠤᠷᠠᠯᠢᠭ᠎ᠤᠨ ᠪᠦᠲᠦᠭᠡᠯ᠎ᠤᠨ ᠶᠠᠰᠤ ᠴᠢᠨᠠᠷ᠎ᠢ ᠪᠦᠬᠦ ᠲᠠᠯ᠎ᠠ᠎ᠪᠠᠷ ᠳᠡᠭᠡᠭᠰᠢᠯᠡᠭᠦᠯᠬᠦ ᠵᠢ ᠪᠠᠷᠢᠮᠲᠠᠯᠠᠨ᠎ᠠ᠃
      ᠥᠭᠡᠷᠡᠴᠢᠯᠡᠯᠲᠡ᠎ᠪᠠᠷ ᠬᠥᠭᠵᠢᠯᠲᠡ ᠵᠢ ᠠᠬᠢᠭᠤᠯᠬᠤ ᠵᠢ ᠪᠠᠷᠢᠮᠲᠠᠯᠠᠨ᠎ᠠ᠃
      ᠨᠡᠢ᠌ᠭᠡᠮ᠎ᠤᠨ ᠦᠷ᠎ᠡ ᠠᠰᠢᠭ ᠪᠠ ᠠᠵᠤ ᠠᠬᠤᠢ ᠵᠢᠨ ᠦᠷ᠎ᠡ ᠠᠰᠢᠭ᠎ᠢ ᠨᠢᠭᠡᠳᠬᠡᠬᠦ ᠵᠢ ᠪᠠᠷᠢᠮᠲᠠᠯᠠᠨ᠎ᠠ᠃
ᠭᠤᠷᠪᠠ᠂ ᠬᠥᠭᠵᠢᠯᠲᠡ ᠵᠢᠨ ᠬᠠᠷᠠᠯᠲᠠ
      ᠠᠯᠢ ᠣᠯᠠᠨ ᠰᠢᠨ᠎ᠡ ᠵᠢ ᠡᠭᠦᠳᠦᠭᠰᠡᠨ ᠤᠷᠠᠯᠢᠭ᠎ᠤᠨ ᠰᠢᠯᠢᠳᠡᠭ ᠪᠦᠲᠦᠭᠡᠯ ᠴᠣᠯᠭᠣᠷᠠᠨ ᠭᠠᠷᠬᠤ ᠲᠥᠷᠥ ᠵᠢᠨ ᠪᠣᠳᠣᠯᠭ᠎ᠠ᠂ ᠲᠦᠷᠢᠮ ᠪᠠ ᠤᠷᠮᠠᠰᠢᠭᠤᠯᠬᠤ ᠲᠣᠭᠲᠠᠴᠠ ᠵᠢ ᠪᠠᠢ᠌ᠭᠤᠯᠵᠤ᠂ ᠵᠣᠬᠢᠶᠠᠨ ᠪᠦᠲᠦᠭᠡᠭᠴᠢ ᠵᠢᠨ ᠵᠣᠬᠢᠶᠠᠨ ᠪᠦᠲᠦᠭᠡᠬᠦ ᠤᠷᠮ᠎ᠠ ᠵᠣᠷᠢᠭ  ᠎ᠢ ᠦᠷᠭᠦᠯᠵᠢᠯᠡᠨ ᠪᠠᠳᠠᠷᠠᠭᠤᠯᠵᠤ᠂ ᠵᠣᠬᠢᠶᠠᠨ ᠪᠦᠲᠦᠭᠡᠬᠦ ᠴᠢᠳᠠᠪᠤᠷᠢ ᠵᠢ ᠲᠠᠰᠤᠷᠠᠯᠲᠠ ᠥᠬᠡᠶ ᠴᠢᠩᠭ᠋ᠠᠷᠠᠭᠤᠯᠤᠨ᠎ᠠ; ᠮᠣᠷᠠᠯ ᠤᠷᠠᠯᠢᠭ ᠬᠣᠣᠰᠯᠠᠭᠰᠠᠨ ᠨᠢᠭᠡ ᠪᠦᠯᠦᠭ ᠥᠨᠳᠥᠷ ᠬᠢᠷᠢ ᠲᠦᠪᠰᠢᠨ ᠪᠦᠬᠦᠢ ᠤᠷᠠᠯᠢᠭ᠎ᠤᠨ ᠰᠢᠯᠢᠳᠡᠭ ᠴᠢᠳᠠᠪᠤᠷᠢᠲᠠᠨ ᠪᠣᠯᠤᠨ ᠤᠷᠠᠯᠢᠭ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠮᠠᠶᠢᠭ᠎ᠤᠨ ᠴᠢᠳᠠᠪᠤᠷᠢᠲᠠᠨ᠎ᠢ ᠬᠥᠮᠦᠵᠢᠭᠦᠯᠦᠨ ᠪᠣᠢ᠌ᠵᠢᠭᠤᠯᠵᠤ᠂ ᠲᠡᠰ ᠳᠠᠪᠬᠤᠷᠭ᠎ᠠ᠎ᠨᠢ ᠨᠡᠩ ᠲᠣᠳᠣᠷᠬᠠᠢ᠂ ᠲᠤᠰᠬᠠᠢ ᠮᠡᠷᠭᠡᠵᠢᠯ᠎ᠨᠢ ᠨᠡᠩ ᠪᠦᠷᠢᠨ ᠲᠦᠬᠦᠷ ᠴᠢᠳᠠᠪᠤᠷᠢᠲᠠᠨ᠎ᠤ ᠰᠢᠰᠲ᠋ᠧᠮ᠎ᠢ ᠪᠦᠷᠢᠯᠳᠦᠭᠦᠯᠦᠨ᠎ᠡ; ᠨᠡᠩ ᠰᠢᠨᠵᠢᠯᠡᠬᠦ ᠤᠬᠠᠭ᠋ᠠᠨᠴᠢ ᠤᠷᠠᠯᠢᠭ᠎ᠤᠨ ᠦᠨᠡᠯᠡᠯᠲᠡ ᠵᠢᠨ ᠰᠢᠰᠲ᠋ᠧᠮ ᠪᠠ ᠤᠷᠠᠯᠢᠭ᠎ᠤᠨ ᠰᠢᠭᠦᠮᠵᠢ ᠵᠢᠨ ᠲᠦᠷᠢᠮ᠎ᠢ ᠪᠠᠢ᠌ᠭᠤᠯᠵᠤ᠂ ᠤᠷᠠᠯᠢᠭ᠎ᠤᠨ ᠵᠣᠬᠢᠶᠠᠨ ᠪᠦᠲᠦᠭᠡᠯᠭᠡ ᠵᠢ ᠵᠢᠯᠣᠭᠣᠳᠬᠤ᠎ᠳᠤ ᠨᠡᠩ ᠡᠷᠬᠡ ᠰᠦᠷ᠎ᠲᠠᠢ᠂ ᠨᠡᠩ ᠲᠤᠰᠬᠠᠢ ᠮᠡᠷᠭᠡᠵᠢᠯ᠎ᠲᠠᠢ ᠪᠣᠯᠭ᠋ᠠᠨ᠎ᠠ; ᠴᠠᠭ ᠦᠶ᠎ᠡ ᠵᠢᠨ ᠬᠢᠷᠢ ᠲᠦᠪᠰᠢᠨ ᠪᠠ ᠣᠷᠣᠨ ᠨᠤᠲᠤᠭ᠎ᠤᠨ ᠣᠨᠴᠠᠯᠢᠭ᠎ᠢ ᠢᠯᠡᠷᠡᠭᠦᠯᠦᠭᠰᠡᠨ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠨᠥᠯᠥᠭᠡᠯᠡᠬᠦ ᠬᠦᠴᠦᠨ᠎ᠲᠠᠢ ᠨᠢᠭᠡ ᠪᠦᠯᠦᠭ ᠰᠢᠯᠢᠳᠡᠭ ᠤᠷᠠᠯᠢᠭ᠎ᠤᠨ ᠪᠦᠲᠦᠭᠡᠯ᠎ᠢ ᠵᠣᠬᠢᠶᠠᠨ ᠪᠦᠲᠦᠭᠡᠵᠦ᠂ ᠤᠯᠤᠰ᠎ᠤᠨ《ᠸᠸᠨ ᠬᠤᠸᠠ ᠱᠠᠩᠨᠠᠯ》᠂《ᠲᠠᠪᠤᠨ ᠨᠢᠭᠡ ᠢᠨᠵᠧᠨᠧᠷᠢᠩ᠎ᠤᠨ ᠱᠠᠩᠨᠠᠯ》᠂《ᠤᠯᠤᠰ᠎ᠤᠨ ᠲᠠᠢ᠌ᠰᠠᠨ᠎ᠤ ᠤᠷᠠᠯᠢᠭ᠎ᠤᠨ ᠰᠣᠳᠣᠨ ᠪᠦᠲᠦᠭᠡᠯ᠎ᠢ ᠵᠣᠬᠢᠶᠠᠨ ᠪᠦᠲᠦᠭᠡᠬᠦ ᠢᠨᠵᠧᠨᠧᠷᠢᠩ》᠂《ᠤᠯᠤᠰ᠎ᠤᠨ ᠤᠷᠠᠯᠢᠭ᠎ᠤᠨ ᠰᠠᠭᠤᠷᠢ ᠮᠥᠩᠭᠥ》 ᠵᠡᠷᠭᠡ ᠪᠥᠬᠥ ᠤᠯᠤᠰ᠎ᠤᠨ ᠴᠢᠨᠠᠷᠲᠠᠶ   ᠤᠷᠠᠯᠢᠭ᠎ᠤᠨ ᠴᠢᠬᠤᠯᠠ ᠰᠢᠯᠭ᠋ᠠᠷᠠᠭᠤᠯᠤᠯᠲᠠ᠂ ᠦᠨᠡᠯᠡᠯᠲᠡ᠂ ᠤᠷᠤᠯᠳᠤᠭ᠋ᠠᠨ᠎ᠳᠤ ᠳᠠᠬᠢᠨᠲᠠ ᠰᠢᠯᠢᠳᠡᠭ ᠠᠮᠵᠢᠯᠲᠠ ᠣᠯᠵᠤ᠂   ᠪᠠᠷᠠᠭᠤᠨ ᠬᠡᠰᠡᠭ ᠪᠠ ᠴᠥᠭᠡᠨ ᠲᠣᠭ᠋ᠠᠲᠤ ᠦᠨᠳᠦᠰᠦᠲᠡᠨ᠎ᠤ ᠭᠠᠵᠠᠷ ᠣᠷᠣᠨ᠎ᠤ ᠤᠷᠠᠯᠢᠭ᠎ᠤᠨ ᠵᠣᠬᠢᠶᠠᠨ ᠪᠦᠲᠦᠭᠡᠯᠭᠡ ᠵᠢᠨ ᠡᠮᠦᠨ᠎ᠡ ᠡᠩᠨᠡᠭᠡᠨ᠎ᠳᠤ ᠣᠷᠣᠬᠤ ᠵᠢ ᠠᠬᠢᠭᠤᠯᠤᠨ᠂ ᠮᠠᠨ᠎ᠤ ᠣᠷᠣᠨ᠎ᠤ ᠤᠷᠠᠯᠢᠭ᠎ᠤᠨ《ᠥᠨᠳᠥᠷᠯᠢᠭ》᠎ᠠᠴᠠ《ᠣᠷᠭᠢᠯ》ᠲᠡᠢ᠌ᠰᠢ ᠳᠠᠪᠰᠢᠬᠤ ᠳᠠᠪᠠᠯᠲᠠ ᠵᠢ ᠪᠡᠶᠡᠯᠡᠭᠦᠯᠦᠨ᠎ᠡ᠃
ᠳᠥᠷᠪᠡ᠂ ᠵᠣᠬᠢᠶᠠᠨ ᠪᠦᠲᠦᠭᠡᠯᠭᠡ ᠵᠢᠨ ᠭᠣᠣᠯ ᠰᠡᠳᠦᠪ  
      ᠳᠤᠮᠳᠠᠳᠤ ᠤᠯᠤᠰ᠎ᠤᠨ ᠡᠪ ᠬᠠᠮᠲᠤ ᠨᠠᠮ ᠪᠠᠢ᠌ᠭᠤᠯᠤᠭᠳᠠᠭᠰᠠᠨ 100 ᠵᠢᠯ᠎ᠤᠨ ᠣᠶ᠂ ᠨᠡᠢ᠌ᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ᠎ᠤᠨ ᠰᠢᠨ᠎ᠡ ᠠᠶᠠᠯᠠᠯ ᠎ᠢ ᠪᠦᠬᠦ ᠲᠠᠯ᠎ᠠ᠎ᠪᠠᠷ ᠡᠬᠢᠯᠡᠬᠦᠯᠦᠭᠰᠡᠨ᠂ ᠨᠠᠮ᠎ᠤᠨ ᠬᠣᠷᠢᠳᠤᠭ᠋ᠠᠷ ᠶᠡᠬᠡ ᠬᠤᠷᠠᠯ᠂ ᠰᠢᠨ᠎ᠡ ᠳᠤᠮᠳᠠᠳᠤ ᠤᠯᠤᠰ ᠪᠠᠢ᠌ᠭᠤᠯᠤᠭᠳᠠᠭᠰᠠᠨ 75 ᠵᠢᠯ᠎ᠤᠨ ᠣᠶ᠂ ᠳᠤᠮᠳᠠᠳᠤ ᠤᠯᠤᠰ᠎ᠤᠨ ᠠᠷᠠᠳ ᠲᠦᠮᠡᠨ᠎ᠤ ᠶᠠᠫᠣᠨ᠎ᠢ ᠡᠰᠡᠷᠭᠦᠴᠡᠭᠰᠡᠨ ᠳᠠᠢ᠌ᠨ ᠵᠢᠴᠢ ᠳᠡᠯᠡᠬᠡᠶ ᠵᠢᠨ ᠹᠠᠱ᠌ᠢᠰ᠎ᠢ ᠡᠰᠡᠷᠭᠦᠴᠡᠭᠰᠡᠨ ᠳᠠᠢ᠌ᠨ ᠢᠯᠠᠯᠲᠠ ᠣᠯᠤᠭᠰᠠᠨ 80 ᠵᠢᠯ᠎ᠤᠨ ᠣᠶ ᠵᠡᠷᠭᠡ ᠴᠢᠬᠤᠯᠠ ᠴᠠᠭ ᠬᠤᠭᠤᠴᠠᠭ᠋ᠠᠨ᠎ᠤ ᠵᠠᠩᠭᠢᠶᠠᠰᠤ ᠵᠢᠨ ᠲᠣᠭᠣᠷᠢᠨ᠎ᠳᠤ᠂ ᠠᠬᠤᠢ᠌ᠴᠢ ᠰᠡᠳᠦᠪᠲᠦ ᠵᠣᠬᠢᠶᠠᠨ ᠪᠦᠲᠦᠭᠡᠯᠭᠡ ᠵᠢ ᠭᠣᠣᠯᠳᠠᠯᠭ᠎ᠠ᠎ᠲᠠᠢ ᠰᠠᠢ᠌ᠲᠤᠷ ᠠᠳᠬᠤᠵᠤ᠂ ᠨᠠᠮ᠎ᠤᠨ ᠲᠡᠦᠬᠡ᠂ ᠰᠢᠨ᠎ᠡ ᠳᠤᠮᠳᠠᠳᠤ ᠤᠯᠤᠰ᠎ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ ᠵᠢᠨ ᠲᠡᠦᠬᠡ᠂ ᠨᠡᠢ᠌ᠭᠡᠮ ᠵᠢᠷᠤᠮ᠎ᠤᠨ ᠬᠥᠭᠵᠢᠯᠲᠡ ᠵᠢᠨ ᠲᠡᠦᠬᠡ ᠵᠡᠷᠭᠡ ᠲᠣᠭᠣᠷᠢᠨ᠎ᠳᠤ ᠵᠣᠬᠢᠶᠠᠨ ᠪᠦᠲᠦᠭᠡᠯᠭᠡ ᠵᠢᠨ ᠲᠥᠯᠥᠪᠵᠢᠭᠦᠯᠭᠡ ᠵᠢ ᠨᠢᠭᠡᠳᠦᠯᠲᠡᠶ ᠲᠥᠯᠥᠪᠵᠢᠭᠦᠯᠦᠨ᠂ ᠭᠣᠣᠯᠳᠠᠯᠭ᠎ᠠ᠎ᠲᠠᠢ ᠰᠡᠳᠦᠪ᠎ᠢ ᠰᠢᠯᠢᠨ ᠰᠣᠩᠭᠣᠵᠤ᠂ ᠪᠦᠬᠦ ᠣᠷᠣᠨ᠎ᠤ ᠡᠯ᠎ᠡ ᠤᠳᠬ᠎ᠠ ᠤᠷᠠᠯᠢᠭ᠎ᠤᠨ ᠬᠦᠷᠢᠶᠡᠯᠡᠩ ᠪᠦᠯᠬᠦᠮ᠂ ᠶᠡᠬᠡ ᠳᠡᠭᠡᠳᠦ ᠰᠤᠷᠭ᠋ᠠᠭᠤᠯᠢ ᠪᠣᠯᠤᠨ ᠤᠷᠠᠯᠢᠭ᠎ᠤᠨ ᠵᠣᠬᠢᠶᠠᠨ ᠪᠦᠲᠦᠭᠡᠯᠭᠡ ᠵᠢᠨ ᠪᠠᠢ᠌ᠭᠤᠯᠤᠮᠵᠢ ᠵᠢ ᠵᠣᠬᠢᠶᠠᠨ ᠪᠠᠢ᠌ᠭᠤᠯᠵᠤ ᠨᠢᠭᠡ ᠪᠦᠯᠦᠭ ᠰᠣᠳᠣᠨ ᠪᠦᠲᠦᠭᠡᠯ᠎ᠢ ᠵᠣᠬᠢᠶᠠᠨ ᠪᠥᠲᠦᠭᠡᠨ᠎ᠡ᠃
     — ᠨᠠᠮ᠎ᠤᠨ ᠬᠤᠪᠢᠰᠬᠠᠯ᠂ ᠪᠦᠲᠦᠭᠡᠨ ᠪᠠᠢ᠌ᠭᠤᠯᠤᠯᠲᠠ᠂ ᠥᠭᠡᠷᠡᠴᠢᠯᠡᠯᠲᠡ ᠵᠢᠨ ᠦᠶ᠎ᠡ᠎ᠳᠤ ᠪᠦᠷᠢᠯᠳᠦᠭᠰᠡᠨ ᠴᠢᠬᠤᠯᠠ ᠵᠣᠷᠢᠭ ᠰᠠᠨᠠᠭ᠎ᠠ  
     — ᠤᠯᠤᠰ᠎ᠤᠨ ᠴᠢᠬᠤᠯᠠ ᠶᠡᠬᠡ ᠪᠠᠢ᠌ᠯᠳᠤᠬᠤ ᠪᠣᠳᠣᠯᠭ᠎ᠠ ᠵᠢᠴᠢ ᠥᠪᠡᠷᠲᠡᠭᠡᠨ ᠵᠠᠰᠠᠬᠤ ᠣᠷᠣᠨ᠎ᠤ ᠴᠢᠬᠤᠯᠠ ᠪᠠᠢ᠌ᠷᠢᠯᠠᠭᠤᠯᠤᠯᠲᠠ  
     — ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠤᠭᠴᠠᠯᠠᠬᠤ
ᠲᠠᠪᠤ᠂ ᠭᠤᠤᠯᠳᠠᠯᠭ᠋ᠠᠲᠤ ᠡᠭᠦᠷᠭᠡ
     (ᠨᠢᠭᠡ)《ᠦᠨᠳᠦᠰᠦᠨ ᠱᠠᠲᠤᠨ᠎ᠳᠤ ᠦᠨᠳᠦᠰᠦᠯᠡᠵᠦ᠂ ᠠᠷᠠᠳ ᠲᠦᠮᠡᠨ᠎ᠢ ᠬᠠᠯᠠᠮᠵᠢᠯᠠᠬᠤ》 ᠭᠣᠤᠯ ᠰᠡᠳᠦᠪᠲᠦ ᠦᠢᠯᠡᠳᠦᠯᠭᠡ ᠵᠢᠨ ᠠᠵᠢᠯᠯᠠᠭ᠎ᠠ ᠵᠢ ᠠᠬᠢᠭᠤᠯᠤᠨ᠎ᠠ᠃
     (ᠬᠣᠶᠠᠷ) ᠰᠢᠨ᠎ᠡ ᠴᠠᠭ ᠦᠶ᠎ᠡ ᠵᠢᠨ ᠤᠷᠠᠯᠢᠭ᠎ᠤᠨ ᠰᠣᠳᠣᠨ ᠪᠦᠲᠦᠭᠡᠯ᠎ᠢ ᠵᠣᠬᠢᠶᠠᠨ ᠪᠦᠲᠦᠭᠡᠬᠦ ᠵᠢ ᠰᠠᠢ᠌ᠲᠤᠷ ᠠᠳᠬᠤᠨ᠎ᠠ᠃
     (ᠭᠤᠷᠪᠠ) ᠥᠪᠥᠷ ᠮᠣᠩᠭᠣᠯ᠎ᠤᠨ ᠤᠳᠬ᠎ᠠ ᠤᠷᠠᠯᠢᠭ᠎ᠤᠨ ᠪᠦᠲᠦᠭᠡᠯ᠎ᠤᠨ ᠶᠠᠰᠤ ᠴᠢᠨᠠᠷ᠎ᠢ ᠳᠡᠭᠡᠭᠰᠢᠯᠡᠭᠦᠯᠬᠦ ᠢᠨᠵᠧᠨᠧᠷᠢᠩ᠎ᠢ ᠬᠡᠷᠡᠭᠵᠢᠭᠦᠯᠦᠨ᠎ᠡ᠃
     (ᠳᠥᠷᠪᠡ) ᠤᠯᠠᠭ᠋ᠠᠨᠮᠥ᠋ᠴᠢᠷ᠎ᠤᠨ ᠵᠣᠬᠢᠶᠠᠨ ᠪᠦᠲᠦᠭᠡᠯᠭᠡ ᠵᠢ ᠳᠡᠭᠡᠭᠰᠢᠯᠡᠭᠦᠯᠬᠦ ᠢᠨᠵᠧᠨᠧᠷᠢᠩ᠎ᠢ ᠬᠡᠷᠡᠭᠵᠢᠭᠦᠯᠦᠨ᠎ᠡ᠃
     (ᠲᠠᠪᠤ) ᠤᠷᠠᠯᠢᠭ᠎ᠤᠨ ᠵᠣᠬᠢᠶᠠᠨ ᠪᠦᠲᠦᠭᠡᠬᠦ ᠴᠢᠳᠠᠪᠤᠷᠢᠲᠠᠨ᠎ᠤ ᠡᠩᠨᠡᠭᠡᠨ᠎ᠤ ᠪᠠᠢ᠌ᠭᠤᠯᠤᠯᠲᠠ ᠵᠢ ᠴᠢᠩᠭ᠋ᠠᠳᠬᠠᠨ᠎ᠠ᠃
     (ᠵᠢᠷᠭᠤᠭ᠎ᠠ) ᠤᠷᠠᠯᠢᠭ᠎ᠤᠨ ᠤᠨᠤᠯ᠎ᠤᠨ ᠰᠤᠳᠤᠯᠭ᠋ᠠᠨ ᠪᠠ ᠤᠷᠠᠯᠢᠭ᠎ᠤᠨ ᠰᠢᠭᠦᠮᠵᠢ ᠵᠢ ᠴᠢᠩᠭ᠋ᠠᠳᠬᠠᠨ᠎ᠠ᠃
     (ᠳᠣᠯᠣᠭ᠎ᠠ) ᠤᠯᠤᠰ᠎ᠤᠨ ᠦᠮᠴᠢᠯᠡᠯᠲᠦ ᠤᠳᠬ᠎ᠠ ᠤᠷᠠᠯᠢᠭ᠎ᠤᠨ ᠬᠦᠷᠢᠶᠡᠯᠡᠩ ᠪᠦᠯᠬᠦᠮ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ᠎ᠡ᠃
ᠵᠢᠷᠭᠤᠭ᠎ᠠ᠂ ᠪᠠᠲᠤᠯᠠᠭ᠎ᠠ ᠵᠢᠨ ᠠᠷᠭ᠎ᠠ ᠬᠡᠮᠵᠢᠶ᠎ᠡ
     (ᠨᠢᠭᠡ) ᠵᠣᠬᠢᠶᠠᠨ ᠪᠠᠢ᠌ᠭᠤᠯᠤᠯᠲᠠ᠂ ᠤᠳᠤᠷᠢᠳᠤᠯᠭ᠎ᠠ᠎ᠪᠠᠨ ᠴᠢᠩᠭ᠋ᠠᠳᠬᠠᠬᠤ ᠬᠡᠷᠡᠭᠲᠡᠶ᠃
     (ᠬᠣᠶᠠᠷ) ᠪᠠᠯᠠ ᠮᠥᠩᠭᠥ ᠵᠢᠨ ᠪᠠᠲᠤᠯᠠᠭ᠎ᠠ ᠵᠢ ᠴᠢᠩᠭ᠋ᠠᠷᠠᠭᠤᠯᠤᠨ᠎ᠠ᠃
     (ᠭᠤᠷᠪᠠ) ᠡᠭᠦᠷᠭᠡ ᠵᠢᠨ ᠨᠠᠢ᠌ᠳᠠᠪᠤᠷᠢᠵᠢᠭᠤᠯᠤᠯᠲᠠ ᠵᠢ ᠴᠢᠩᠭ᠋ᠠᠷᠠᠭᠤᠯᠤᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠰᠤᠶᠤᠯ ᠪᠠ ᠵᠢᠭᠤᠯᠴᠢᠯᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠰᠤᠶᠤᠯ ᠵᠢᠭᠤᠯᠴᠢᠯᠠᠯ᠎ᠤᠨ ᠲᠢᠩᠬᠢᠮ᠎ᠤᠨ ᠦᠶᠡᠷ᠎ᠤᠨ ᠬᠤᠭᠤᠴᠠᠭ᠋ᠠᠨ᠎ᠤ ᠵᠢᠭᠤᠯᠴᠢᠯᠠᠯ᠎ᠤᠨ ᠲᠤᠬᠠᠢ ᠠᠮᠤᠷ ᠲᠦᠪᠰᠢᠨ᠎ᠤ ᠰᠠᠨᠠᠭᠤᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠦᠪᠯᠡᠨ ᠤᠯᠠᠮᠵᠢᠯᠠᠭᠴᠢ ᠵᠢᠨ ᠦᠪᠯᠡᠨ ᠤᠯᠠᠮᠵᠢᠯᠠᠬᠤ ᠠᠵᠢᠯᠯᠠᠭ᠎ᠠ ᠵᠢ ᠦᠨᠡᠯᠡᠨ ᠵᠢᠱ᠌ᠢᠵᠦ ᠬᠡᠷᠡᠭᠵᠢᠭᠦᠯᠬᠦ ᠨᠠᠷᠢᠨ ᠲᠦᠷᠢᠮ》᠎ᠤᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯᠲᠦ ᠮᠦᠽᠧᠶ ᠵᠢᠨ ᠬᠠᠳᠠᠭ᠋ᠠᠯᠠᠮᠵᠢ ᠵᠢ ᠡᠯᠰᠡᠨ ᠴᠤᠭᠯᠠᠭᠤᠯᠬᠤ ᠲᠦᠷᠢᠮ᠎ᠢ ᠬᠡᠷᠡᠭᠵᠢᠭᠦᠯᠬᠦ ᠨᠠᠷᠢᠨ ᠲᠦᠷᠢᠮ》᠎ᠤᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠰᠠᠢ᠌ᠨ ᠳᠤᠷ᠎ᠠ ᠵᠢᠨ ᠦᠢᠯᠡᠴᠢᠯᠡᠭᠡᠨ᠎ᠤ ᠬᠠᠮᠢᠶᠠᠷᠤᠯᠲᠠ ᠵᠢᠨ ᠠᠷᠭ᠎ᠠ》 ᠵᠢᠨ ᠲᠠᠢ᠌ᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠣᠤᠯᠳᠠᠯᠭ᠎ᠠ᠎ᠲᠠᠢ ᠪᠣᠢ᠌ᠵᠢᠭᠤᠯᠬᠤ ᠰᠣᠶᠣᠯ᠎ᠤᠨ ᠠᠵᠤ ᠦᠢᠯᠡᠰ᠎ᠤᠨ ᠬᠦᠷᠢᠶᠡᠯᠡᠩ ᠲᠣᠭᠣᠷᠢᠭ᠎ᠤᠨ ᠪᠥᠲᠥᠭᠡᠨ ᠪᠠᠢ᠌ᠭᠤᠯᠤᠯᠲᠠ ᠵᠢᠨ ᠵᠦᠭᠯᠡᠭᠦᠷ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠣᠤᠯᠳᠠᠯᠭ᠎ᠠ᠎ᠲᠠᠢ ᠪᠣᠢ᠌ᠵᠢᠭᠤᠯᠬᠤ ᠰᠣᠶᠣᠯ᠎ᠤᠨ ᠠᠵᠤ ᠦᠢᠯᠡᠰ᠎ᠤᠨ ᠬᠦᠷᠢᠶᠡᠯᠡᠩ ᠲᠣᠭᠣᠷᠢᠭ᠎ᠤᠨ ᠬᠤᠪᠢ ᠲᠣᠭᠲᠠᠭ᠋ᠠᠬᠤ ᠨᠠᠷᠢᠨ ᠲᠦᠷᠢᠮ》᠎ᠤᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
 
            