ᠪᠥᠬᠥ ᠣᠷᠣᠨ᠎ᠤ ᠤᠯᠤᠰ᠎ᠤᠨ ᠥᠮᠴᠢᠯᠡᠯᠲᠦ ᠮᠦᠽᠧᠶ ᠵᠢᠨ ᠬᠠᠳᠠᠭ᠋ᠠᠯᠠᠮᠵᠢ ᠵᠢ ᠡᠯᠰᠡᠨ ᠴᠤᠭᠯᠠᠭᠤᠯᠬᠤ ᠠᠵᠢᠯ᠎ᠢ ᠤᠯᠠᠮ ᠨᠢᠭᠡ ᠠᠯᠬᠤᠮ ᠵᠢᠷᠤᠮᠵᠢᠭᠤᠯᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠎ᠨᠢ ᠬᠠᠮᠢᠶ᠎ᠠ ᠪᠥᠬᠥᠶ ᠬᠠᠤᠯᠢ ᠲᠣᠭᠲᠠᠭ᠋ᠠᠯ ᠪᠠ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢᠯᠡᠰ᠎ᠤᠨ ᠲᠣᠪᠴᠢᠶ᠎ᠠ᠂ ᠡᠳ᠋᠎ᠤᠨ ᠵᠠᠰᠠᠭ᠎ᠤᠨ ᠶᠠᠮᠤᠨ᠎ᠤ ᠳᠠᠷᠤᠮᠠᠯᠯᠠᠨ ᠲᠠᠷᠬᠠᠭ᠋ᠠᠭᠰᠠᠨ 《ᠤᠯᠤᠰ᠎ᠤᠨ ᠥᠮᠴᠢᠯᠡᠯᠲᠦ ᠮᠦᠽᠧᠶ ᠵᠢᠨ ᠬᠠᠳᠠᠭ᠋ᠠᠯᠠᠮᠵᠢ ᠵᠢ ᠡᠯᠰᠡᠨ ᠴᠤᠭᠯᠠᠭᠤᠯᠬᠤ ᠲᠦᠷᠢᠮ ᠲᠣᠭᠲᠠᠭ᠋ᠠᠯ》᠎ᠢ ᠦᠨᠳᠦᠰᠦᠯᠡᠨ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯᠲᠦ ᠮᠦᠽᠧᠶ ᠵᠢᠨ ᠬᠠᠳᠠᠭ᠋ᠠᠯᠠᠮᠵᠢ ᠵᠢ ᠡᠯᠰᠡᠨ ᠴᠤᠭᠯᠠᠭᠤᠯᠬᠤ ᠲᠦᠷᠢᠮ ᠢ ᠬᠡᠷᠡᠭᠵᠢᠭᠦᠯᠬᠦ ᠨᠠᠷᠢᠨ ᠲᠦᠷᠢᠮ》᠎ᠢ ᠬᠠᠮᠲᠤᠷᠠᠨ ᠲᠣᠭᠲᠠᠭ᠋ᠠᠵᠤ ᠳᠠᠷᠤᠮᠠᠯᠯᠠᠨ ᠲᠠᠷᠬᠠᠭ᠋ᠠᠪᠠ ᠃
ᠨᠢᠭᠡ᠂ ᠲᠣᠭᠲᠠᠭ᠋ᠠᠬᠤ ᠴᠢᠬᠤᠯᠠ ᠴᠢᠨᠠᠷ
ᠤᠯᠤᠰ᠎ᠤᠨ ᠥᠮᠴᠢᠯᠡᠯᠲᠦ ᠮᠦᠽᠧᠶ ᠵᠢᠨ ᠬᠠᠳᠠᠭ᠋ᠠᠯᠠᠮᠵᠢ ᠵᠢ ᠡᠯᠰᠡᠨ ᠴᠤᠭᠯᠠᠭᠤᠯᠬᠤ ᠠᠵᠢᠯ᠎ᠢ ᠵᠢᠷᠤᠮᠵᠢᠭᠤᠯᠬᠤ ᠵᠢᠨ ᠲᠤᠰᠠᠳᠠ᠂ 《ᠤᠯᠤᠰ᠎ᠤᠨ ᠥᠮᠴᠢᠯᠡᠯᠲᠦ ᠮᠦᠽᠧᠶ ᠵᠢᠨ ᠬᠠᠳᠠᠭ᠋ᠠᠯᠠᠮᠵᠢ ᠵᠢ ᠡᠯᠰᠡᠨ ᠴᠤᠭᠯᠠᠭᠤᠯᠬᠤ ᠳᠦᠷᠢᠮ》᠎ᠤᠨ ᠶᠣᠰᠣᠭ᠋ᠠᠷ᠂ ᠡᠯ᠎ᠡ ᠭᠠᠵᠠᠷ᠎ᠤᠨ ᠲᠡᠦᠬᠡ ᠵᠢᠨ ᠳᠤᠷᠠᠰᠬᠠᠯᠲᠤ ᠵᠦᠢᠯᠡᠰ᠎ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠢ ᠱᠠᠭ᠋ᠠᠷᠳᠠᠵᠤ ᠪᠠᠢ᠌ᠭ᠋ᠠᠳ ᠳᠦᠷᠢᠮ ᠲᠣᠭᠲᠠᠭ᠋ᠠᠯ ᠶᠣᠰᠣᠭ᠋ᠠᠷ᠂ ᠠᠵᠢᠯ᠎ᠤᠨ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ᠂ ᠲᠤᠰ ᠭᠠᠵᠠᠷ ᠣᠷᠣᠨ᠎ᠤ ᠬᠠᠳᠠᠭ᠋ᠠᠯᠠᠮᠵᠢ ᠵᠢᠨ ᠠᠵᠢᠯ᠎ᠤᠨ ᠬᠠᠮᠢᠶᠠᠷᠤᠯᠲᠠ ᠵᠢᠨ ᠠᠷᠭ᠎ᠠ ᠪᠤᠶᠤ ᠬᠡᠷᠡᠭᠵᠢᠭᠦᠯᠬᠦ ᠨᠠᠷᠢᠨ ᠳᠦᠷᠢᠮ᠎ᠢ ᠲᠣᠭᠲᠠᠭ᠋ᠠᠪᠠ ᠃
ᠬᠣᠶᠠᠷ᠂ ᠭᠣᠤᠯ ᠦᠨᠳᠦᠰᠦᠯᠡᠯ ᠵᠢᠴᠢ ᠬᠠᠤᠯᠢ᠎ᠳᠤ ᠬᠣᠯᠪᠣᠭᠳᠠᠬᠤ ᠠᠭᠤᠯᠭ᠎ᠠ
(ᠨᠢᠭᠡ) 《ᠪᠦᠬᠦᠳᠠ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠵᠤ ᠬᠠᠤᠯᠢ》᠃
(ᠬᠣᠶᠠᠷ) 《ᠮᠦᠽᠧᠢ ᠵᠢᠨ ᠲᠦᠷᠢᠮ》 (ᠲᠦᠷᠦ ᠵᠢᠨ ᠶᠠᠪᠤᠳᠠᠯ᠎ᠤᠨ ᠬᠣᠷᠢᠶᠠᠨ᠎ᠤ 659 ᠳ᠋ᠦ᠍ᠭᠡᠷ ᠵᠠᠷᠯᠢᠭ) ᠃
(ᠭᠤᠷᠪᠠ) 《ᠮᠦᠽᠧᠢ ᠵᠢᠨ ᠬᠠᠳᠠᠭ᠋ᠠᠯᠠᠮᠵᠢ ᠵᠢ ᠬᠠᠮᠢᠶᠠᠷᠬᠤ ᠠᠷᠭ᠎ᠠ》 (ᠰᠣᠶᠣᠯ᠎ᠤᠨ ᠶᠠᠮᠤᠨ᠎ᠤ 35 ᠳ᠋ᠤᠭ᠋ᠠᠷ ᠵᠠᠷᠯᠢᠭ)᠃
(ᠳᠥᠷᠪᠡ) 《ᠤᠯᠤᠰ᠎ᠤᠨ ᠥᠮᠴᠢᠯᠡᠯᠲᠦ ᠮᠦᠽᠧᠶ ᠵᠢᠨ ᠲᠡᠦᠬᠡ ᠵᠢᠨ ᠳᠤᠷᠠᠰᠬᠠᠯᠲᠤ ᠵᠦᠢᠯᠡᠰ ᠢ ᠡᠯᠰᠡᠨ ᠴᠤᠭᠯᠠᠭᠤᠯᠬᠤ ᠲᠦᠷᠢᠮ》᠎ᠤᠨ ᠮᠡᠳᠡᠭᠳᠡᠯ (ᠲᠡᠦᠬᠡ ᠵᠢᠨ ᠳᠤᠷᠠᠰᠬᠠᠯᠲᠤ ᠵᠦᠢᠯᠡᠰ᠎ᠤᠨ ᠮᠦᠽᠧᠶ ᠵᠢᠨ ᠲᠠᠷᠬᠠᠭ᠋ᠠᠭᠰᠠᠨ [ 2021 ] 21 ᠳ᠋ᠦ᠍ᠭᠡᠷ ᠲᠣᠭ᠋ᠠᠲᠤ)᠃
(ᠲᠠᠪᠤ) 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢᠯᠡᠰ ᠬᠢᠭᠡᠳ ᠤᠷᠠᠨ ᠵᠢᠷᠤᠭ᠎ᠤᠨ ᠪᠦᠲᠦᠭᠡᠯ᠎ᠢ ᠴᠤᠭᠯᠠᠭᠤᠯᠬᠤ ᠲᠤᠰᠬᠠᠶ ᠪᠠᠯᠠ ᠮᠥᠩᠭᠥ ᠵᠢᠨ ᠬᠠᠮᠢᠶᠠᠷᠤᠯᠲᠠ ᠵᠢᠨ ᠠᠷᠭ᠎ᠠ》 (ᠥᠪᠥᠷ ᠡᠳ᠋ ᠰᠤᠷᠭ᠋ᠠᠨ [ 2012 ] 197 ᠳ᠋ᠤᠭ᠋ᠠᠷ ᠲᠣᠭ᠋ᠠᠲᠤ) ᠃
ᠭᠤᠷᠪᠠ᠂ ᠲᠣᠭᠲᠠᠭ᠋ᠠᠬᠤ ᠵᠢᠷᠤᠮ
ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ᠂ ᠡᠳ᠋᠎ᠤᠨ ᠵᠠᠰᠠᠭ᠎ᠤᠨ ᠶᠠᠮᠤᠨ《ᠤᠯᠤᠰ᠎ᠤᠨ ᠥᠮᠴᠢᠯᠡᠯᠲᠦ ᠮᠦᠽᠧᠶ ᠵᠢᠨ ᠬᠠᠳᠠᠭ᠋ᠠᠯᠠᠮᠵᠢ ᠵᠢ ᠡᠯᠰᠡᠨ ᠴᠤᠭᠯᠠᠭᠤᠯᠬᠤ ᠳᠦᠷᠢᠮ》᠎ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ᠎ᠢ ᠪᠠᠭᠤᠯᠭ᠋ᠠᠭᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠭᠠᠷᠳᠠᠨ ᠲᠤᠭᠤᠷᠪᠢᠬᠤ ᠵᠢᠨ ᠬᠠᠮᠲᠤ ᠡᠯ᠎ᠡ ᠠᠢ᠌ᠮᠠᠭ ᠬᠣᠲᠠ ᠵᠢᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠰᠠᠯᠠᠭ᠎ᠠ ᠮᠥᠴᠢᠷ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠠᠴᠠ ᠲᠤᠰᠬᠠᠢ᠌ᠯᠠᠨ ᠰᠠᠨᠠᠯ ᠬᠤᠷᠢᠶᠠᠵᠤ᠂ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠰᠦᠯᠵᠢᠶ᠎ᠡ᠎ᠪᠠᠷ ᠳᠠᠮᠵᠢᠨ ᠨᠡᠢ᠌ᠭᠡᠮ ᠨᠡᠢ᠌ᠲᠡ᠎ᠠᠴᠠ ᠰᠠᠨᠠᠯ ᠬᠤᠷᠢᠶᠠᠵᠤ᠂ ᠪᠦᠬᠦ ᠣᠷᠣᠨ᠎ᠤ ᠮᠦᠽᠧᠶ ᠵᠢᠨ ᠳᠡᠯᠭᠡᠨ ᠦᠵᠡᠭᠦᠯᠬᠦ ᠠᠵᠢᠯ᠎ᠤᠨ ᠬᠤᠷᠠᠯᠳᠤᠭ᠋ᠠᠨ ᠳᠡᠭᠡᠷ᠎ᠡ ᠬᠤᠷᠠᠯ᠎ᠳᠤ ᠣᠷᠣᠯᠴᠠᠭᠰᠠᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠤᠰᠬᠠᠶ ᠮᠡᠷᠭᠡᠵᠢᠯᠲᠡᠳ᠎ᠤᠨ ᠰᠠᠨᠠᠯ᠎ᠢ ᠬᠤᠷᠢᠶᠠᠪᠠ ᠃ ᠡᠨᠡ ᠬᠦ᠌ ᠰᠠᠭᠤᠷᠢᠨ ᠳᠡᠭᠡᠷ᠎ᠡ᠂ ᠡᠯ᠎ᠡ ᠲᠠᠯ᠎ᠠ ᠵᠢᠨ᠎ᠬᠢᠨ᠎ᠤ ᠰᠠᠨᠠᠯ ᠶᠣᠰᠣᠭ᠋ᠠᠷ ᠵᠠᠰᠠᠪᠤᠷᠢ ᠣᠷᠣᠭᠤᠯᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯᠲᠦ ᠮᠦᠽᠧᠶ ᠵᠢᠨ ᠬᠠᠳᠠᠭ᠋ᠠᠯᠠᠮᠵᠢ ᠵᠢ ᠡᠯᠰᠡᠨ ᠴᠤᠭᠯᠠᠭᠤᠯᠬᠤ ᠳᠦᠷᠢᠮ ᠢ ᠬᠡᠷᠡᠭᠵᠢᠭᠦᠯᠬᠦ ᠨᠠᠷᠢᠨ ᠳᠦᠷᠢᠮ》 (ᠬᠢᠨᠠᠭᠤᠯᠬᠤ ᠡᠬᠡ ᠨᠤᠤᠷᠠᠭ) ᠢ ᠪᠣᠶ ᠪᠣᠯᠭ᠋ᠠᠪᠠ ᠃
ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢᠯᠡᠰ᠎ᠤᠨ ᠲᠣᠪᠴᠢᠶ᠎ᠠ᠎ᠨᠢ 9 ᠳ᠋ᠦ᠍ᠭᠡᠷ ᠰᠠᠷ᠎ᠠ ᠵᠢᠨ 15᠎ᠤ ᠡᠳᠦᠷ ᠲᠣᠪᠴᠢᠶ᠎ᠠ ᠵᠢᠨ ᠶᠠᠪᠤᠳᠠᠯ᠎ᠤᠨ ᠬᠤᠷᠠᠯ ᠬᠤᠷᠠᠯᠳᠤᠭᠤᠯᠵᠤ ᠬᠢᠨᠠᠨ ᠪᠠᠲᠤᠯᠠᠵᠤ᠂ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ 9 ᠳ᠋ᠦ᠍ᠭᠡᠷ ᠰᠠᠷ᠎ᠠ ᠵᠢᠨ 26᠎ᠤ ᠡᠳᠦᠷ᠎ᠤᠨ ᠬᠤᠷᠠᠯ ᠳᠡᠭᠡᠷ᠎ᠡ ᠰᠤᠳᠤᠯᠤᠨ ᠵᠥᠪᠰᠢᠶᠡᠷᠡᠵᠦ᠂ 10 ᠳ᠋ᠤᠭ᠋ᠠᠷ ᠰᠠᠷ᠎ᠠ ᠵᠢᠨ 12᠎ᠤᠨ ᠡᠳᠦᠷ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠲᠠᠢ ᠬᠠᠮᠲᠤᠷᠠᠨ ᠭᠠᠷᠤᠨ ᠥᠰᠥᠭ ᠵᠢᠷᠤᠵᠤ ᠳᠠᠷᠤᠮᠠᠯᠯᠠᠨ ᠲᠠᠷᠬᠠᠭ᠋ᠠᠪᠠ ᠃
ᠳᠥᠷᠪᠡ᠂ ᠭᠣᠤᠯ ᠠᠭᠤᠯᠭ᠎ᠠ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯᠲᠦ ᠮᠦᠽᠧᠶ ᠵᠢᠨ ᠬᠠᠳᠠᠭ᠋ᠠᠯᠠᠮᠵᠢ ᠵᠢ ᠡᠯᠰᠡᠨ ᠴᠤᠭᠯᠠᠭᠤᠯᠬᠤ ᠳᠦᠷᠢᠮ ᠢ ᠬᠡᠷᠡᠭᠵᠢᠭᠦᠯᠬᠦ ᠨᠠᠷᠢᠨ ᠳᠦᠷᠢᠮ》᠎ᠨᠢ ᠨᠡᠢ᠌ᠲᠡ ᠳᠥᠷᠪᠡᠨ ᠪᠦᠯᠦᠭ ᠠᠷᠪᠠᠨ ᠳᠥᠷᠪᠡᠨ ᠵᠦᠢ᠍ᠯ᠎ᠲᠠᠢ ᠃ ᠨᠢᠭᠡᠳᠦᠭᠡᠷ ᠪᠦᠯᠦᠭ ᠶᠡᠷᠦᠩᠬᠡᠢ ᠲᠥᠷᠢᠮ᠎ᠳᠤ ᠭᠣᠣᠯᠳᠠᠭᠤ ᠲᠣᠰ ᠠᠷᠭ᠎ᠠ ᠵᠢ ᠲᠣᠭᠲᠠᠭ᠋ᠠᠭᠰᠠᠨ ᠦᠨᠳᠦᠰᠦᠯᠡᠯ᠂ ᠬᠠᠳᠠᠭ᠋ᠠᠯᠠᠮᠵᠢ ᠵᠢ ᠴᠤᠭᠯᠠᠭᠤᠯᠬᠤ᠂ ᠴᠤᠭᠯᠠᠭᠤᠯᠬᠤ ᠰᠠᠯᠠᠭ᠎ᠠ ᠮᠥᠴᠢᠷ᠂ ᠲᠤᠰᠬᠠᠢ ᠮᠡᠷᠭᠡᠵᠢᠯᠲᠡᠨ᠎ᠤ ᠲᠣᠮᠢᠶᠠᠯᠠᠯ᠂ ᠬᠠᠳᠠᠭ᠋ᠠᠯᠠᠮᠵᠢ ᠵᠢ ᠴᠤᠭᠯᠠᠭᠤᠯᠬᠤ᠎ᠳᠤ ᠵᠢᠷᠤᠮᠯᠠᠬᠤ ᠵᠠᠷᠴᠢᠮ᠎ᠢ ᠥᠭᠦᠯᠡᠵᠦ᠂ ᠬᠠᠷᠢᠭᠤᠴᠠᠯᠭ᠋ᠠᠲᠠᠨ᠎ᠢ ᠲᠣᠳᠣᠷᠬᠠᠢ᠌ᠯᠠᠵᠤ᠂ ᠴᠤᠭᠯᠠᠭᠤᠯᠬᠤ ᠵᠠᠷᠤᠳᠠᠯ ᠵᠠᠷᠤᠯᠭ᠎ᠠ ᠵᠢᠨ ᠠᠭᠤᠯᠭ᠎ᠠ ᠵᠢ ᠲᠤᠳᠤᠷᠬᠠᠢ᠌ᠯᠠᠪᠠ᠃ ᠬᠣᠶᠠᠳᠤᠭ᠋ᠠᠷ ᠪᠦᠯᠦᠭ ᠬᠠᠳᠠᠭ᠋ᠠᠯᠠᠮᠵᠢ ᠵᠢ ᠡᠯᠰᠡᠨ ᠴᠤᠭᠯᠠᠭᠤᠯᠬᠤ᠎ᠳᠤ ᠭᠣᠣᠯᠳᠠᠭᠤ ᠬᠠᠳᠠᠭ᠋ᠠᠯᠠᠮᠵᠢ ᠵᠢ ᠡᠯᠰᠡᠨ ᠴᠤᠭᠯᠠᠭᠤᠯᠬᠤ ᠠᠵᠢᠯ᠎ᠤᠨ ᠵᠢᠷᠤᠮ᠎ᠢ ᠥᠭᠦᠯᠡᠨ ᠲᠣᠭ᠋ᠠᠴᠢᠪᠠ ᠃ ᠭᠤᠷᠪᠠᠳᠤᠭ᠋ᠠᠷ ᠪᠦᠯᠦᠭ ᠬᠢᠨᠠᠯᠲᠠ ᠬᠠᠮᠢᠶᠠᠷᠤᠯᠲᠠ ᠳᠤ ᠭᠣᠤᠯᠳᠠᠭᠤ ᠬᠠᠤᠯᠢ ᠪᠤᠰᠤ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠴᠤᠭᠯᠠᠭᠤᠯᠵᠤ ᠪᠣᠯᠬᠤ ᠦᠭᠡᠶ᠂ ᠪᠤᠰᠤᠳ ᠪᠡᠯᠡ ᠮᠥᠩᠭᠥ ᠵᠢ ᠨᠡᠭᠦᠯᠭᠡᠨ ᠬᠡᠷᠡᠭᠯᠡᠵᠦ ᠪᠤᠯᠬᠤ ᠦᠭᠡᠢ ᠪᠠ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠢᠨᠠᠯᠲᠠ ᠪᠠᠢ᠌ᠴᠠᠭ᠋ᠠᠯᠲᠠ ᠵᠢ ᠬᠦᠯᠢᠶᠡᠬᠦ ᠵᠢ ᠥᠭᠦᠯᠡᠪᠡ ᠃ ᠳᠥᠷᠪᠡᠳᠦᠭᠡᠷ ᠪᠦᠯᠦᠭ ᠳᠠᠭ᠋ᠠᠯᠳᠤᠭᠤᠯᠤᠯ ᠲᠦᠷᠢᠮ ᠳᠤ ᠭᠣᠣᠯᠳᠠᠭᠤ ᠲᠠᠢ᠌ᠯᠪᠤᠷᠢᠯᠠᠬᠤ ᠡᠷᠬᠡ ᠪᠠ ᠬᠡᠷᠡᠭᠵᠢᠭᠦᠯᠬᠦ ᠴᠠᠭ᠎ᠢ ᠥᠭᠦᠯᠡᠪᠡ ᠃
ᠨᠠᠷᠢᠨ ᠪᠠᠢ᠍ᠳᠠᠯ᠎ᠢ wlt . nmg . gov . cn ᠠᠴᠠ ᠦᠵᠡᠭᠡᠷᠡᠢ᠃