ᠨᠢᠭᠡ᠂ ᠵᠣᠷᠢᠯᠲᠠ
ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭ᠋ᠠᠯᠠᠯᠲᠠ ᠪᠠ ᠬᠠᠮᠢᠶᠠᠷᠤᠯᠲᠠ ᠵᠢ ᠤᠯᠠᠮ ᠨᠢᠭᠡ ᠠᠯᠬᠤᠮ ᠵᠢᠷᠤᠮᠵᠢᠭᠤᠯᠤᠨ ᠴᠢᠩᠭ᠋ᠠᠳᠬᠠᠵᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠥᠨᠳᠥᠷ ᠬᠢᠷᠢ ᠲᠦᠪᠰᠢᠨ ᠪᠥᠬᠥᠶ ᠬᠠᠮᠠᠭ᠋ᠠᠯᠠᠯᠲᠠ ᠪᠠ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠤᠨ᠂ ᠪᠣᠳᠠᠰ᠎ᠤᠨ ᠪᠤᠰᠤ ᠰᠣᠶᠣᠯ᠎ᠤᠨ ᠥᠪ᠎ᠢ ᠦᠪᠯᠡᠨ ᠤᠯᠠᠮᠵᠢᠯᠠᠬᠤ ᠠᠮᠢᠵᠢᠷᠠᠯ᠎ᠤᠨ ᠬᠦᠴᠦᠨ᠎ᠢ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ᠎ᠤᠨ ᠲᠥᠯᠥᠭᠡᠯᠡᠬᠦ ᠴᠢᠨᠠᠷᠲᠠᠶ ᠦᠪᠯᠡᠨ ᠤᠯᠠᠮᠵᠢᠯᠠᠭᠴᠢ (ᠳᠣᠷᠣᠭᠰᠢ 《ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠦᠪᠯᠡᠨ ᠤᠯᠠᠮᠵᠢᠯᠠᠭᠴᠢ》 ᠭᠡᠵᠦ ᠲᠣᠪᠴᠢᠯᠠᠨ᠎ᠠ) ᠵᠢᠨ ᠬᠠᠮᠢᠶᠠᠷᠤᠯᠲᠠ ᠵᠢ ᠵᠢᠷᠤᠮᠵᠢᠭᠤᠯᠬᠤ ᠵᠢᠨ ᠲᠤᠰᠠᠳᠠ ᠶᠤᠮ᠃
ᠬᠣᠶᠠᠷ᠂ ᠦᠨᠳᠦᠰᠦᠯᠡᠯ
《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠤᠯᠢ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭ᠋ᠠᠯᠠᠯᠲᠠ ᠵᠢᠨ ᠳᠦᠷᠢᠮ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠦᠨᠳᠦᠰᠦᠯᠡᠨ᠂ 《ᠤᠯᠤᠰ᠎ᠤᠨ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠦᠪᠯᠡᠨ ᠤᠯᠠᠮᠵᠢᠯᠠᠭᠴᠢ ᠵᠢ ᠲᠣᠭᠲᠠᠭ᠋ᠠᠬᠤ ᠪᠠ ᠬᠠᠮᠢᠶᠠᠷᠬᠤ ᠠᠷᠭ᠎ᠠ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠦᠪᠯᠡᠨ ᠤᠯᠠᠮᠵᠢᠯᠠᠭᠴᠢ ᠵᠢ ᠲᠣᠭᠲᠠᠭ᠋ᠠᠬᠤ ᠪᠠ ᠬᠠᠮᠢᠶᠠᠷᠬᠤ ᠠᠷᠭ᠎ᠠ》 ᠵᠡᠷᠭᠡ ᠲᠣᠭᠲᠠᠭ᠋ᠠᠯ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭ᠋ᠠᠯᠠᠯᠲᠠ ᠵᠢᠨ ᠠᠵᠢᠯ᠎ᠤᠨ ᠪᠣᠳᠠᠲᠤ ᠪᠠᠢ᠌ᠳᠠᠯ᠎ᠲᠠᠢ ᠤᠶᠠᠯᠳᠤᠭᠤᠯᠵᠠᠢ᠃
ᠭᠤᠷᠪᠠ᠂ ᠵᠠᠷᠴᠢᠮ
ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠦᠪᠯᠡᠨ ᠤᠯᠠᠮᠵᠢᠯᠠᠭᠴᠢ ᠵᠢᠨ ᠦᠪᠯᠡᠨ ᠤᠯᠠᠮᠵᠢᠯᠠᠬᠤ ᠠᠵᠢᠯᠯᠠᠭ᠎ᠠ ᠵᠢ ᠦᠨᠡᠯᠡᠨ ᠵᠢᠱ᠌ᠢᠬᠦ ᠠᠵᠢᠯ (ᠳᠣᠷᠣᠭᠰᠢ 《ᠦᠨᠡᠯᠡᠨ ᠵᠢᠱ᠌ᠢᠬᠦ ᠠᠵᠢᠯ》 ᠭᠡᠵᠦ ᠲᠣᠪᠴᠢᠯᠠᠨ᠎ᠠ)᠎ᠨᠢ ᠡᠷᠬᠡ ᠲᠡᠭᠰᠢ᠂ ᠲᠥᠪ ᠭᠣᠤᠯᠴᠢ᠂ ᠢᠯᠡ ᠪᠠᠢ᠌ᠬᠤ ᠵᠠᠷᠴᠢᠮ᠎ᠢ ᠵᠢᠷᠤᠮᠯᠠᠨ᠂ ᠵᠢᠯ ᠪᠦᠷᠢ ᠨᠢᠭᠡ ᠤᠳᠠᠭ᠎ᠠ ᠦᠷᠨᠢᠭᠦᠯᠦᠨ᠎ᠡ᠃
ᠳᠥᠷᠪᠡ᠂ ᠦᠨᠡᠯᠡᠨ ᠵᠢᠱ᠌ᠢᠵᠦ ᠰᠢᠯᠭ᠋ᠠᠨ ᠠᠪᠬᠤ
(ᠨᠢᠭᠡ) ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠦᠪᠯᠡᠨ ᠤᠯᠠᠮᠵᠢᠯᠠᠭᠴᠢ ᠡᠷᠡᠭᠦᠯ ᠮᠡᠨᠳᠦ ᠪᠤᠶᠤ ᠪᠤᠰᠤᠳ ᠪᠤᠰᠤᠳᠴᠢ ᠰᠢᠯᠲᠠᠭ᠋ᠠᠨ᠎ᠠᠴᠠ ᠪᠣᠯᠵᠤ ᠤᠯᠠᠮᠵᠢᠯᠠᠨ ᠰᠤᠷᠬᠤ ᠡᠭᠦᠷᠭᠡ᠎ᠪᠠᠨ ᠭᠦᠢ᠍ᠴᠡᠳᠬᠡᠬᠦ ᠵᠢ ᠨᠥᠯᠥᠭᠡᠯᠡᠭᠰᠡᠨ ᠪᠣᠯ᠂ ᠠᠢ᠌ᠮᠠᠭ ᠬᠣᠲᠠ ᠵᠢᠨ ᠰᠣᠶᠣᠯ ᠪᠠ ᠵᠢᠭᠤᠯᠴᠢᠯᠠᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠂ ᠥᠪᠡᠷᠲᠡᠭᠡᠨ ᠵᠠᠰᠠᠬᠤ ᠣᠷᠣᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭ᠋ᠠᠯᠠᠯᠲᠠ ᠵᠢᠨ ᠪᠠᠢ᠌ᠭᠤᠯᠤᠮᠵᠢ᠎ᠳᠤ ᠣᠨ᠎ᠤ ᠦᠨᠡᠯᠡᠨ ᠵᠢᠱ᠌ᠢᠬᠦ ᠠᠵᠢᠯ᠎ᠳᠤ ᠦᠯᠦ ᠣᠷᠣᠯᠴᠠᠬᠤ ᠭᠤᠶᠤᠴᠢᠯᠠᠯ ᠵᠶ᠋ᠠᠨ ᠳᠤᠷᠠᠳᠴᠤ᠂ ᠠᠢ᠌ᠮᠠᠭ ᠬᠣᠲᠠ ᠵᠢᠨ ᠰᠣᠶᠣᠯ ᠪᠠ ᠵᠢᠭᠤᠯᠴᠢᠯᠠᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠂ ᠥᠪᠡᠷᠲᠡᠭᠡᠨ ᠵᠠᠰᠠᠬᠤ ᠣᠷᠣᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭ᠋ᠠᠯᠠᠯᠲᠠ ᠵᠢᠨ ᠪᠠᠢ᠌ᠭᠤᠯᠤᠮᠵᠢ ᠬᠢᠨᠠᠨ ᠬᠠᠷᠭᠤᠭᠤᠯᠤᠭᠰᠠᠨ᠎ᠤ ᠳᠠᠷᠠᠭ᠎ᠠ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ ᠬᠡᠷᠡᠭᠲᠡᠶ᠃
(ᠬᠣᠶᠠᠷ) ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠦᠨᠡᠯᠡᠨ ᠵᠢᠱ᠌ᠢᠭᠡᠳ ᠬᠢᠷᠢ ᠲᠡᠩᠴᠡᠭᠰᠡᠨ ᠥᠬᠡᠶ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠦᠪᠯᠡᠨ ᠤᠯᠠᠮᠵᠢᠯᠠᠭᠴᠢ᠎ᠳᠤ ᠴᠡᠭᠴᠡᠯᠡᠨ ᠰᠠᠢ᠌ᠵᠢᠷᠠᠭᠤᠯᠬᠤ ᠰᠠᠨᠠᠯ ᠳᠤᠷᠠᠳᠤᠨ᠂ ᠰᠢᠮᠳᠠᠭᠤᠯᠤᠨ ᠴᠡᠭᠴᠡᠯᠡᠨ ᠰᠠᠢ᠌ᠵᠢᠷᠠᠭᠤᠯᠤᠨ᠎ᠠ᠃ ᠴᠡᠭᠴᠡᠯᠡᠨ ᠰᠠᠢ᠌ᠵᠢᠷᠠᠭᠤᠯᠬᠤ ᠬᠢᠵᠠᠭ᠋ᠠᠷ ᠬᠤᠭᠤᠴᠠᠭ᠎ᠠ᠎ᠨᠢ 1 ᠵᠢᠯ᠃
(ᠭᠤᠷᠪᠠ) ᠴᠡᠭᠴᠡᠯᠡᠨ ᠰᠠᠢ᠌ᠵᠢᠷᠠᠭᠤᠯᠤᠭᠰᠠᠨ᠎ᠤ ᠳᠠᠷᠠᠭ᠎ᠠ᠂ ᠦᠨᠡᠯᠡᠨ ᠵᠢᠱ᠌ᠢᠭᠡᠳ ᠮᠥᠨ ᠯᠡ ᠬᠢᠷᠢ ᠲᠡᠩᠴᠡᠭᠰᠡᠨ ᠦᠭᠡᠶ᠎ᠳᠤᠨᠢ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠦᠪᠯᠡᠨ ᠤᠯᠠᠮᠵᠢᠯᠠᠭᠴᠢ ᠵᠢᠨ ᠬᠢᠷᠢ ᠬᠡᠮ᠎ᠢ᠎ᠨᠢ ᠬᠦᠴᠦᠨ ᠦᠭᠡᠶ ᠪᠣᠯᠭ᠋ᠠᠬᠤ ᠵᠢᠨ ᠬᠠᠮᠲᠤ ᠨᠡᠢ᠌ᠲᠡᠯᠡᠨ᠎ᠡ᠃ ᠵᠢᠱ᠌ᠢᠶᠡᠯᠡᠪᠡᠯ᠂ ᠤᠯᠤᠰ᠎ᠤᠨ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠦᠪᠯᠡᠨ ᠤᠯᠠᠮᠵᠢᠯᠠᠭᠴᠢ ᠵᠢ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠰᠣᠶᠣᠯ ᠪᠠ ᠵᠢᠭᠤᠯᠴᠢᠯᠠᠯ᠎ᠤᠨ ᠶᠠᠮᠤᠨ᠎ᠳᠤ ᠮᠡᠳᠡᠭᠦᠯᠦᠨ ᠬᠦᠷᠭᠡᠵᠦ᠂ ᠤᠯᠤᠰ᠎ᠤᠨ ᠲᠠᠰ᠎ᠤᠨ ᠦᠪᠯᠡᠨ ᠤᠯᠠᠮᠵᠢᠯᠠᠭᠴᠢ ᠵᠢᠨ ᠬᠢᠷᠢ ᠬᠡᠮ᠎ᠢ᠎ᠨᠢ ᠬᠦᠴᠦᠨ ᠥᠬᠡᠶ ᠪᠣᠯᠭ᠋ᠠᠬᠤ ᠵᠢ ᠰᠠᠨᠠᠭᠤᠯᠤᠨ᠎ᠠ᠃
(ᠳᠥᠷᠪᠡ) ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠰᠠᠯᠠᠭ᠎ᠠ ᠮᠥᠴᠢᠷ᠂ ᠠᠢ᠌ᠮᠠᠭ ᠬᠣᠲᠠ ᠵᠢᠨ ᠰᠣᠶᠣᠯ ᠪᠠ ᠵᠢᠭᠤᠯᠴᠢᠯᠠᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠰᠠᠯᠠᠭ᠎ᠠ ᠮᠥᠴᠢᠷ ᠪᠦᠬᠦ ᠶᠠᠪᠤᠴᠠ᠎ᠳᠤ ᠦᠨᠡᠯᠡᠨ ᠵᠢᠱ᠌ᠢᠬᠦ ᠠᠵᠢᠯ᠎ᠢ ᠬᠢᠨᠠᠨ᠎ᠠ᠃
ᠨᠠᠩ ᠣᠯᠠᠨ ᠨᠠᠷᠢᠨ ᠪᠠᠢ᠌ᠳᠠᠯ᠎ᠢ wlt . nmg . gov . cn᠎ᠠᠴᠠ ᠬᠠᠷᠠᠭ᠋ᠠᠷᠠᠢ᠃