ᠲᠥᠷᠥ ᠵᠢᠨ ᠶᠠᠪᠤᠳᠠᠯᠤᠨ ᠬᠣᠷᠢᠶᠠᠨᠤ 《ᠰᠠᠢ᠌ᠨ ᠳᠤᠷ᠎ᠠ ᠵᠢᠨ ᠦᠢᠯᠡᠴᠢᠯᠡᠭᠡᠨᠤ ᠳᠦᠷᠢᠮ》᠂ ᠥᠪᠡᠷᠲᠡᠭᠡᠨ ᠵᠠᠰᠠᠬᠤ ᠣᠷᠣᠨᠤ ᠨᠠᠮᠤᠨ ᠬᠣᠷᠢᠶᠠᠨᠤ ᠤᠬᠠᠭᠤᠯᠬᠤ ᠬᠡᠯᠲᠡᠰ᠂ ᠣᠶᠤᠨᠤ ᠪᠣᠯᠪᠠᠰᠤᠨᠤ ᠠᠯᠪᠠᠨ ᠬᠡᠷᠤᠨ《ᠥᠪᠥᠷ ᠮᠣᠩᠭᠣᠯᠤᠨ ᠥᠪᠡᠷᠲᠡᠭᠡᠨ ᠵᠠᠰᠠᠬᠤ ᠣᠷᠣᠨᠤ ᠰᠠᠢ᠌ᠨ ᠳᠤᠷ᠎ᠠ ᠵᠢᠨ ᠦᠢᠯᠡᠴᠢᠯᠡᠭᠡᠨᠤ ᠬᠠᠮᠢᠶᠠᠷᠤᠯᠲᠠ ᠵᠢᠨ ᠠᠷᠭ᠎ᠠ》 ᠵᠡᠷᠭᠡ ᠪᠢᠴᠢᠭ ᠮᠠᠲ᠋ᠧᠷᠢᠶᠠᠯᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠲᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨᠤ ᠰᠣᠶᠣᠯ ᠪᠠ ᠵᠢᠭᠤᠯᠴᠢᠯᠠᠯᠤᠨ ᠰᠠᠢ᠌ᠨ ᠳᠤᠷ᠎ᠠ ᠵᠢᠨ ᠦᠢᠯᠡᠴᠢᠯᠡᠭᠡ ᠵᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠪᠠᠢ᠌ᠳᠠᠯᠳᠤ ᠵᠤᠬᠢᠴᠠᠭᠤᠯᠤᠨ᠂ ᠪᠦᠬᠦ ᠣᠷᠣᠨᠤ ᠰᠣᠶᠣᠯ ᠪᠠ ᠵᠢᠭᠤᠯᠴᠢᠯᠠᠯᠤᠨ ᠰᠠᠢ᠌ᠨ ᠳᠤᠷ᠎ᠠ ᠵᠢᠨ ᠦᠢᠯᠡᠴᠢᠯᠡᠭᠡᠨᠤ ᠠᠵᠢᠯᠯᠠᠭ᠎ᠠ ᠵᠢ ᠥᠷᠭᠡᠨ ᠵᠶ᠋ᠡᠷ ᠥᠷᠨᠢᠭᠦᠯᠬᠦ ᠵᠢ ᠵᠣᠷᠢᠭᠵᠢᠭᠤᠯᠬᠤ ᠪᠠ ᠬᠥᠲᠥᠯᠥᠨ ᠵᠢᠯᠤᠭᠤᠳᠴᠤ᠂ ᠤᠳᠤ ᠦᠶ᠎ᠡ ᠵᠢᠨ ᠰᠣᠶᠣᠯ ᠪᠠ ᠵᠢᠭᠤᠯᠴᠢᠯᠠᠯᠤᠨ ᠤᠯᠠᠨ ᠨᠡᠢ᠌ᠲᠡ ᠵᠢᠨ ᠦᠢ᠍ᠯᠡᠴᠢᠯᠡᠭᠡᠨᠤ ᠰᠢᠰᠲ᠋ᠧᠮᠳᠤᠬᠢ ᠰᠠᠢ᠍ᠢ᠍ᠨ ᠳᠤᠷ᠎ᠠ ᠵᠢᠨ ᠦᠢ᠍ᠯᠡᠴᠢᠯᠡᠭᠡᠨᠤ ᠢᠳᠡᠪᠬᠢ ᠦᠢ᠍ᠯᠡᠳᠦᠯᠢ ᠨᠡᠩ ᠰᠠᠢ᠌ᠲᠤᠷ ᠪᠠᠲᠠᠷᠠᠭᠤᠯᠬᠤ ᠵᠢᠨ ᠲᠦᠯᠦᠭᠡ᠂ ᠥᠪᠡᠷᠲᠡᠭᠡᠨ ᠵᠠᠰᠠᠬᠤ ᠣᠷᠣᠨᠤ ᠰᠣᠶᠣᠯ ᠪᠠ ᠵᠢᠭᠤᠯᠴᠢᠯᠠᠯᠤᠨ ᠲᠢᠩᠬᠢᠮ 《ᠥᠪᠥᠷ ᠮᠣᠩᠭᠣᠯᠤᠨ ᠥᠪᠡᠷᠲᠡᠭᠡᠨ ᠵᠠᠰᠠᠬᠤ ᠣᠷᠣᠨᠤ ᠰᠣᠶᠣᠯ ᠪᠠ ᠵᠢᠭᠤᠯᠴᠢᠯᠠᠯᠤᠨ ᠰᠠᠢ᠌ᠨ ᠳᠤᠷ᠎ᠠ ᠵᠢᠨ ᠦᠢᠯᠡᠴᠢᠯᠡᠭᠡᠨᠤ ᠬᠠᠮᠢᠶᠠᠷᠤᠯᠲᠠ ᠵᠢᠨ ᠠᠷᠭ᠎ᠠ》ᠵᠢ ᠲᠣᠭᠲᠠᠭ᠋ᠠᠪᠠ᠂ ᠤᠳᠤ ᠬᠣᠯᠪᠣᠭᠳᠠᠯ ᠪᠦᠬᠦᠢ ᠠᠭᠤᠯᠭ᠎ᠠ ᠵᠢᠨ ᠲᠤᠬᠠᠢ ᠳᠣᠣᠷᠠᠬᠢ ᠮᠡᠲᠦ ᠲᠠᠢ᠌ᠯᠪᠤᠷᠢᠯᠠᠶᠠ᠄
ᠨᠢᠭᠡ᠂ ᠶᠠᠭᠤᠨᠳᠤ 《ᠬᠠᠮᠢᠶᠠᠷᠤᠯᠲᠠ ᠵᠢᠨ ᠠᠷᠭ᠎ᠠ》 ᠲᠣᠭᠲᠠᠭ᠋ᠠᠬᠤ ᠪᠣᠶ?
ᠰᠣᠶᠣᠯ ᠪᠠ ᠵᠢᠭᠤᠯᠴᠢᠯᠠᠯᠤᠨ ᠰᠠᠢ᠌ᠨ ᠲᠤᠷᠠᠴᠤᠳᠢ ᠡᠯᠰᠡᠬᠦ᠂ ᠪᠣᠯᠪᠠᠰᠤᠷᠠᠭᠤᠯᠬᠤ᠂ ᠬᠠᠮᠢᠶᠠᠷᠬᠤ᠂ ᠰᠢᠯᠭ᠋ᠠᠨ ᠬᠢᠨᠠᠬᠤ ᠵᠡᠷᠭᠡ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠪᠥᠬᠥ ᠣᠷᠣᠨᠤ ᠰᠠᠢ᠌ᠨ ᠳᠤᠷ᠎ᠠ ᠵᠢᠨ ᠦᠢᠯᠡᠴᠢᠯᠡᠭᠡᠨᠤ ᠠᠵᠢᠯᠯᠠᠭ᠎ᠠ ᠵᠢ ᠭᠦᠨᠵᠡᠭᠡᠶ ᠥᠷᠨᠢᠭᠦᠯᠬᠦ᠂ ᠵᠢᠷᠤᠮᠵᠢᠯᠲᠠᠢ ᠡᠮᠬᠢ ᠵᠢᠷᠤᠮᠲᠠᠢ ᠥᠷᠨᠢᠭᠦᠯᠬᠦ ᠵᠢ ᠬᠥᠲᠥᠯᠦᠨ ᠵᠢᠯᠣᠭᠣᠳᠬᠤ ᠪᠠ ᠠᠬᠢᠭᠤᠯᠵᠤ᠂ ᠰᠣᠶᠣᠯ ᠪᠠ ᠵᠢᠭᠤᠯᠴᠢᠯᠠᠯᠤᠨ ᠠᠭᠤᠰᠤᠯᠴᠠᠨ ᠬᠥᠭᠵᠢᠬᠦ ᠬᠡᠷᠡᠭᠴᠡᠭᠡᠳᠤ ᠵᠣᠬᠢᠴᠠᠭᠤᠯᠬᠤ ᠵᠢᠨ ᠲᠤᠰᠠᠳᠠ᠂ ᠮᠠᠨᠤ ᠲᠢᠩᠬᠢᠮᠠᠴᠠ 2017 ᠣᠨᠤ ᠤᠤᠯᠤᠨ ᠥᠪᠡᠷᠲᠡᠭᠡᠨ ᠵᠠᠰᠠᠬᠤ ᠣᠷᠣᠨᠤ ᠰᠣᠶᠣᠯᠤᠨ ᠲᠢᠩᠬᠢᠮᠤᠨ《ᠥᠪᠥᠷ ᠮᠣᠩᠭᠣᠯᠤᠨ ᠥᠪᠡᠷᠲᠡᠭᠡᠨ ᠵᠠᠰᠠᠬᠤ ᠣᠷᠣᠨᠤ ᠰᠣᠶᠣᠯᠤᠨ ᠰᠠᠢ᠌ᠨ ᠲᠤᠷᠠᠴᠣᠳᠤᠨ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》ᠳᠤ ᠵᠠᠰᠠᠪᠤᠷᠢ ᠣᠷᠣᠭᠤᠯᠪᠠ ᠃
ᠬᠣᠶᠠᠷ᠂ ᠶᠠᠭᠤ ᠵᠢ ᠰᠣᠶᠣᠯ ᠪᠠ ᠵᠢᠭᠤᠯᠴᠢᠯᠠᠯᠤᠨ ᠰᠠᠢ᠌ᠨ ᠲᠤᠷᠠᠴᠣᠳ ᠭᠡᠬᠦ ᠪᠤᠢ?
ᠰᠣᠶᠣᠯ ᠪᠠ ᠵᠢᠭᠤᠯᠴᠢᠯᠠᠯᠤᠨ ᠰᠠᠢ᠍ᠢ᠍ᠨ ᠲᠤᠷᠠᠴᠣᠳ ᠭᠡᠳᠡᠭᠨᠢ ᠥᠪᠡᠷᠤᠨ ᠴᠠᠭ᠂ ᠮᠡᠳᠡᠯᠭᠡ᠂ ᠤᠷ᠎ᠠ ᠴᠢᠳᠠᠪᠤᠷᠢ ᠵᠡᠷᠭᠡᠪᠠᠨ ᠠᠰᠢᠭᠯᠠᠨ᠂ ᠰᠠᠢ᠍ᠢ᠍ᠨ ᠳᠤᠷᠠᠠᠴᠠᠪᠠᠨ ᠨᠡᠢ᠌ᠭᠡᠮ ᠪᠤᠶᠤ ᠪᠤᠰᠤᠳ ᠬᠦᠮᠦᠰᠲᠤ ᠨᠡᠢ᠌ᠲᠡ ᠵᠢᠨ ᠠᠰᠠᠷᠠᠮᠵᠢ ᠵᠢᠨ ᠴᠢᠨᠠᠷᠲᠠᠢ ᠰᠣᠶᠣᠯ ᠪᠠ ᠵᠢᠭᠤᠯᠴᠢᠯᠠᠯᠤᠨ ᠦᠢ᠍ᠯᠡᠴᠢᠯᠡᠭᠡ ᠵᠢ ᠦᠨ᠎ᠡ ᠲᠥᠯᠥᠪᠦᠷᠢ ᠦᠭᠡᠢ᠎ᠪᠠᠷ ᠬᠠᠩᠭ᠋ᠠᠬᠤ ᠬᠤᠪᠢ ᠬᠥᠮᠦᠨᠢ ᠵᠢᠭ᠋ᠠᠵᠤ ᠪᠠᠢ᠌ᠨ᠎ᠠ ᠃
ᠭᠤᠷᠪᠠ᠂ ᠶᠠᠭᠤ ᠵᠢ ᠰᠣᠶᠣᠯ ᠪᠠ ᠵᠢᠭᠤᠯᠴᠢᠯᠠᠯᠤᠨ ᠰᠠᠢ᠌ᠨ ᠳᠤᠷ᠎ᠠ ᠵᠢᠨ ᠦᠢᠯᠡᠴᠢᠯᠡᠭᠡᠨᠤ ᠵᠣᠬᠢᠶᠠᠨ ᠪᠠᠢ᠌ᠭᠤᠯᠤᠯᠲᠠ ᠭᠡᠬᠦ ᠪᠣᠶ?
ᠰᠣᠶᠣᠯ ᠪᠠ ᠵᠢᠭᠤᠯᠴᠢᠯᠠᠯᠤᠨ ᠰᠠᠢ᠍ᠢ᠍ᠨ ᠳᠤᠷ᠎ᠠ ᠵᠢᠨ ᠦᠢ᠍ᠯᠡᠴᠢᠯᠡᠭᠡᠨᠤ ᠵᠣᠬᠢᠶᠠᠨ ᠪᠠᠢ᠌ᠭᠤᠯᠤᠯᠲᠠ ᠭᠡᠳᠡᠭᠨᠢ ᠰᠣᠶᠣᠯ ᠪᠠ ᠵᠢᠭᠤᠯᠴᠢᠯᠠᠯᠤᠨ ᠰᠠᠢ᠍ᠢ᠍ᠨ ᠳᠤᠷ᠎ᠠ ᠵᠢᠨ ᠦᠢ᠍ᠯᠡᠴᠢᠯᠡᠭᠡ ᠵᠢ ᠥᠷᠨᠢᠭᠦᠯᠬᠦᠪᠠᠷ ᠵᠣᠷᠢᠯᠲᠠ ᠪᠣᠯᠭ᠋ᠠᠭᠰᠠᠨ ᠠᠰᠢᠭ ᠬᠣᠨᠵᠢᠪᠣᠷᠢ ᠵᠢᠨ ᠪᠤᠰᠤ ᠴᠢᠨᠠᠷᠲᠠᠢ ᠨᠡᠢ᠌ᠭᠡᠮᠤᠨ ᠵᠣᠬᠢᠶᠠᠨ ᠪᠠᠢ᠌ᠭᠤᠯᠤᠯᠲᠠ ᠵᠢ ᠵᠢᠭ᠋ᠠᠵᠤ ᠪᠠᠢ᠌ᠨ᠎ᠠ ᠃
ᠳᠥᠷᠪᠡ᠂ ᠰᠣᠶᠣᠯ ᠪᠠ ᠵᠢᠭᠤᠯᠴᠢᠯᠠᠯᠤᠨ ᠰᠠᠢ᠌ᠨ ᠳᠤᠷ᠎ᠠ ᠵᠢᠨ ᠦᠢᠯᠡᠴᠢᠯᠡᠭᠡᠨᠤ ᠠᠵᠢᠯᠢ ᠬᠡᠷᠬᠢᠨ ᠬᠠᠮᠢᠶᠠᠷᠬᠤ ᠪᠣᠶ?
ᠥᠪᠡᠷᠲᠡᠭᠡᠨ ᠵᠠᠰᠠᠬᠤ ᠣᠷᠣᠨᠤ ᠡᠯ᠎ᠡ ᠱᠠᠲᠤᠨᠤ ᠰᠣᠶᠣᠯ ᠪᠠ ᠵᠢᠭᠤᠯᠴᠢᠯᠠᠯᠤᠨ ᠵᠠᠰᠠᠭ ᠵᠠᠬᠢᠷᠭ᠋ᠠᠨᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠣᠰ ᠱᠠᠲᠤᠨᠤ ᠰᠣᠶᠣᠯ ᠪᠠ ᠵᠢᠭᠤᠯᠴᠢᠯᠠᠯᠤᠨ ᠰᠠᠢ᠌ᠨ ᠳᠤᠷ᠎ᠠ ᠵᠢᠨ ᠦᠢᠯᠡᠴᠢᠯᠡᠭᠡᠨᠤ ᠠᠵᠢᠯᠤᠨ ᠬᠠᠮᠢᠶᠠᠷᠤᠯᠲᠠ ᠵᠢᠨ ᠠᠯᠪᠠᠨ ᠬᠡᠷ ᠪᠠᠢ᠌ᠭᠤᠯᠵᠤ᠂ ᠲᠣᠰ ᠵᠠᠰᠠᠭ ᠵᠠᠬᠢᠷᠭ᠋ᠠᠨᠤ ᠣᠷᠣᠨᠤ ᠳᠣᠲᠣᠷᠠᠬᠢ ᠰᠠᠢ᠌ᠨ ᠳᠤᠷ᠎ᠠ ᠵᠢᠨ ᠦᠢᠯᠡᠴᠢᠯᠡᠭᠡᠨᠤ ᠬᠠᠮᠢᠶᠠᠷᠤᠯᠲᠠ ᠵᠢᠨ ᠠᠵᠢᠯᠢ ᠬᠠᠷᠢᠭᠤᠴᠠᠨ᠎ᠠ ᠃ ᠥᠪᠡᠷᠲᠡᠭᠡᠨ ᠵᠠᠰᠠᠬᠤ ᠣᠷᠣᠨᠤ ᠰᠣᠶᠣᠯ ᠪᠠ ᠵᠢᠭᠤᠯᠴᠢᠯᠠᠯᠤᠨ ᠰᠠᠢ᠌ᠨ ᠳᠤᠷ᠎ᠠ ᠵᠢᠨ ᠦᠢ᠍ᠯᠡᠴᠢᠯᠡᠭᠡᠨᠤ ᠠᠵᠢᠯᠤᠨ ᠬᠠᠮᠢᠶᠠᠷᠤᠯᠲᠠ ᠵᠢᠨ ᠠᠯᠪᠠᠨ ᠭᠡᠷᠢ ᠥᠪᠡᠷᠲᠡᠭᠡᠨ ᠵᠠᠰᠠᠬᠤ ᠣᠷᠣᠨᠤ ᠰᠣᠶᠣᠯ ᠪᠠ ᠵᠢᠭᠤᠯᠴᠢᠯᠠᠯᠤᠨ ᠲᠢᠩᠬᠢᠮᠤᠨ ᠣᠯᠠᠨ ᠨᠡᠢ᠌ᠲᠡ ᠵᠢᠨ ᠦᠢ᠍ᠯᠡᠴᠢᠯᠡᠭᠡᠨᠤ ᠭᠠᠵᠠᠷ᠎ᠲᠤ ᠲᠣᠬᠢᠷᠠᠭᠤᠯᠵᠤ᠂ ᠪᠦᠬᠦ ᠣᠷᠣᠨᠤ ᠰᠣᠶᠣᠯ ᠪᠠ ᠵᠢᠭᠤᠯᠴᠢᠯᠠᠯᠤᠨ ᠰᠠᠢ᠌ᠨ ᠳᠤᠷ᠎ᠠ ᠵᠢᠨ ᠦᠢ᠍ᠯᠡᠴᠢᠯᠡᠭᠡᠨᠤ ᠠᠵᠢᠯᠢ ᠵᠢᠭ᠋ᠠᠨ ᠵᠢᠯᠣᠭᠣᠳᠬᠤ᠂ ᠬᠠᠮᠢᠶᠠᠷᠬᠤ᠂ ᠨᠢᠭᠡᠳᠦᠯᠲᠡᠶ ᠲᠥᠯᠥᠪᠯᠡᠬᠦ ᠵᠢ ᠬᠠᠷᠢᠭᠤᠴᠠᠨ᠎ᠠ ᠃
ᠥᠪᠡᠷᠲᠡᠭᠡᠨ ᠵᠠᠰᠠᠬᠤ ᠣᠷᠣᠨ᠂ ᠠᠢ᠌ᠮᠠᠭ ᠬᠣᠲᠠ᠂ ᠬᠣᠰᠢᠭᠤ ᠰᠢᠶᠠᠨᠤ ᠰᠣᠶᠣᠯ ᠪᠠ ᠵᠢᠭᠤᠯᠴᠢᠯᠠᠯᠤᠨ ᠦᠢᠯᠡᠴᠢᠯᠡᠭᠡᠨᠤ ᠨᠢᠭᠡᠴᠢ ᠲᠤᠰ ᠲᠤᠰ ᠰᠣᠶᠣᠯ ᠪᠠ ᠵᠢᠭᠤᠯᠴᠢᠯᠠᠯᠤᠨ ᠰᠠᠢ᠌ᠨ ᠳᠤᠷ᠎ᠠ ᠵᠢᠨ ᠦᠢᠯᠡᠴᠢᠯᠡᠭᠡᠨᠤ ᠶᠡᠷᠦᠩᠬᠡᠶ ᠠᠩᠭᠢ᠂ ᠰᠠᠯᠪᠤᠷᠢ ᠠᠩᠭᠢ᠂ ᠬᠤᠪᠢᠶᠠᠷᠢ ᠠᠩᠭᠢ ᠵᠢ ᠵᠣᠬᠢᠶᠠᠨ ᠪᠠᠢ᠌ᠭᠤᠯᠵᠤ᠂ ᠲᠤᠰ ᠭᠠᠵᠠᠷ ᠣᠷᠣᠨᠤ ᠰᠣᠶᠣᠯ ᠪᠠ ᠵᠢᠭᠤᠯᠴᠢᠯᠠᠯᠤᠨ ᠰᠠᠢ᠌ᠨ ᠳᠤᠷ᠎ᠠ ᠵᠢᠨ ᠦᠢᠯᠡᠴᠢᠯᠡᠭᠡᠨᠤ ᠠᠵᠢᠯᠢ ᠬᠠᠷᠢᠭᠤᠴᠠᠨ᠎ᠠ ᠃ ᠥᠪᠡᠷᠲᠡᠭᠡᠨ ᠵᠠᠰᠠᠬᠤ ᠣᠷᠣᠨᠤ ᠰᠣᠶᠣᠯ ᠪᠠ ᠵᠢᠭᠤᠯᠴᠢᠯᠠᠯᠤᠨ ᠲᠢᠩᠬᠢᠮᠠᠴᠠ ᠰᠣᠶᠣᠯ ᠪᠠ ᠵᠢᠭᠤᠯᠴᠢᠯᠠᠯᠤᠨ ᠰᠠᠢ᠌ᠨ ᠳᠤᠷ᠎ᠠ ᠵᠢᠨ ᠦᠢᠯᠡᠴᠢᠯᠡᠭᠡᠨᠤ ᠶᠡᠷᠦᠩᠬᠡᠶ ᠠᠩᠭᠢ ᠵᠢ ᠪᠠᠢ᠌ᠭᠤᠯᠵᠤ᠂ ᠥᠪᠡᠷᠲᠡᠭᠡᠨ ᠵᠠᠰᠠᠬᠤ ᠣᠷᠣᠨᠤ ᠲᠠᠰ᠂ ᠠᠢ᠌ᠮᠠᠭ ᠬᠣᠲᠠ ᠵᠢᠨ ᠲᠠᠰᠤᠨ ᠰᠣᠶᠣᠯ ᠵᠢᠭᠤᠯᠴᠢᠯᠠᠯᠤᠨ ᠦᠢᠯᠡᠴᠢᠯᠡᠭᠡᠨᠤ ᠨᠢᠭᠡᠴᠢ ᠳᠤ ᠰᠣᠶᠣᠯ ᠪᠠ ᠵᠢᠭᠤᠯᠴᠢᠯᠠᠯᠤᠨ ᠰᠠᠢ᠌ᠨ ᠳᠤᠷ᠎ᠠ ᠵᠢᠨ ᠦᠢᠯᠡᠴᠢᠯᠡᠭᠡᠨᠤ ᠰᠠᠯᠪᠤᠷᠢ ᠠᠩᠭᠢ ᠵᠢ ᠪᠠᠢ᠌ᠭᠤᠯᠤᠨ᠎ᠠ᠃ ᠬᠣᠰᠢᠭᠤ ᠰᠢᠶᠠᠨᠤ ᠱᠠᠲᠤᠨᠤ ᠰᠣᠶᠣᠯ ᠵᠢᠭᠤᠯᠴᠢᠯᠠᠯᠤᠨ ᠨᠢᠭᠡᠴᠢ ᠰᠣᠶᠣᠯ ᠪᠠ ᠵᠢᠭᠤᠯᠴᠢᠯᠠᠯᠤᠨ ᠰᠠᠢ᠌ᠨ ᠳᠤᠷ᠎ᠠ ᠵᠢᠨ ᠦᠢᠯᠡᠴᠢᠯᠡᠭᠡᠨᠤ ᠬᠤᠪᠢᠶᠠᠷᠢ ᠠᠩᠭᠢ ᠪᠠᠢ᠌ᠭᠤᠯᠤᠨ᠎ᠠ ᠃
ᠲᠠᠪᠤ᠂ 《ᠬᠠᠮᠢᠶᠠᠷᠤᠯᠲᠠ ᠵᠢᠨ ᠠᠷᠭ᠎ᠠ》ᠳᠤ ᠶᠠᠮᠠᠷ ᠶᠠᠮᠠᠷ ᠪᠠᠲᠤᠯᠠᠬᠤ ᠪᠠ ᠤᠷᠮᠠᠰᠢᠭᠤᠯᠬᠤ ᠠᠷᠭ᠎ᠠ ᠬᠡᠮᠵᠢᠶ᠎ᠡ ᠵᠢ ᠳᠤᠷᠠᠳᠤᠭᠰᠠᠨ ᠪᠣᠶ?
ᠰᠣᠶᠣᠯ ᠪᠠ ᠵᠢᠭᠤᠯᠴᠢᠯᠠᠯᠤᠨ ᠰᠠᠢ᠌ᠨ ᠲᠤᠷᠠᠴᠤᠳᠤᠨ ᠡᠷᠬᠡ ᠵᠢ ᠪᠠᠲᠤᠯᠠᠬᠤ ᠵᠢᠨ ᠲᠥᠯᠥᠭᠡ᠂ ᠬᠠᠮᠢᠶᠠᠷᠤᠯᠲᠠ ᠵᠢᠨ ᠠᠷᠭ᠎ᠠ ᠵᠢᠨ ᠱᠠᠭ᠋ᠠᠷᠳᠠᠯᠭ᠎ᠠ ᠶᠤᠰᠤᠪᠠᠷ ᠰᠣᠶᠣᠯ ᠪᠠ ᠵᠢᠭᠤᠯᠴᠢᠯᠠᠯᠤᠨ ᠰᠠᠢ᠌ᠨ ᠳᠤᠷ᠎ᠠ ᠵᠢᠨ ᠦᠢᠯᠡᠴᠢᠯᠡᠭᠡ ᠥᠷᠨᠢᠭᠦᠯᠦᠨ᠎ᠡ ᠃
ᠨᠠᠩ ᠣᠯᠠᠨ ᠨᠠᠷᠢᠨ ᠪᠠᠢ᠌ᠳᠠᠯᠢ wlt . nmg . gov . cn ᠰᠦᠯᠵᠢᠶᠡᠨᠠᠴᠠ ᠦᠵᠡᠭᠡᠷᠡᠢ᠃