ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠭᠤᠷᠪᠠᠨ ᠲᠥᠷᠥᠯ᠎ᠤᠨ ᠬᠢᠴᠢᠶᠡᠯ᠎ᠤᠨ ᠨᠢᠭᠡᠳᠦᠯᠲᠡᠶ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠤᠨ ᠬᠡᠷᠡᠭᠯᠡᠯᠲᠡ ᠵᠢ ᠬᠡᠷᠡᠭᠵᠢᠭᠦᠯᠬᠦ ᠪᠠ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠤᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠠᠵᠢᠯ᠎ᠢ ᠪᠥᠬᠦ ᠲᠠᠯ᠎ᠠ᠎ᠪᠠᠷ ᠴᠢᠩᠭ᠋ᠠᠳᠬᠠᠬᠤ ᠲᠤᠬᠠᠢ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ (ᠨᠢᠭᠡᠳᠦᠭᠡᠷ ᠬᠤᠭᠤᠴᠠᠭ᠎ᠠ)
ᠨᠡᠶᠢᠲᠡᠯᠡᠭᠰᠡᠨ ᠴᠠᠭ᠄ 2021-02-08

      ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠭᠤᠷᠪᠠᠨ ᠲᠥᠷᠥᠯ᠎ᠤᠨ ᠬᠢᠴᠢᠶᠡᠯ ᠎ᠤᠨ ᠨᠢᠭᠡᠳᠦᠯᠲᠡᠶ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠤᠨ ᠬᠡᠷᠡᠭᠯᠡᠯᠲᠡ ᠵᠢ ᠬᠡᠷᠡᠭᠵᠢᠭᠦᠯᠬᠦ 《ᠠᠰᠠᠭᠤᠯᠲᠠ᠎ᠳᠤ ᠬᠠᠷᠢᠭᠤᠯᠲᠠ ᠥᠭᠬᠦ》 ᠵᠦᠪᠳᠡᠨ ᠯᠠᠪᠯᠠᠬᠤ ᠲᠠᠪᠴᠠᠩ᠎ᠢ ᠨᠡᠪᠲᠡᠷᠡᠭᠦᠯᠦᠭᠰᠡᠨ᠎ᠤ ᠳᠠᠷᠠᠭ᠎ᠠ᠂ ᠣᠯᠠᠨ ᠲᠦᠮᠡᠨ ᠳᠡᠭᠡᠳᠦ ᠬᠡᠮᠵᠢᠶ᠎ᠡ᠎ᠪᠠᠷ ᠮᠡᠳᠡᠷᠡᠵᠦ᠂ ᠵᠠᠯᠭ᠋ᠠᠭ᠎ᠠ᠎ᠪᠠᠷ ᠲᠠᠪᠴᠠᠩ᠎ᠳᠤ ᠭᠠᠷᠴᠤ ᠮᠠᠭᠲᠠᠨ ᠰᠠᠶ᠋ᠢᠰᠢᠶᠠᠵᠤ᠂ ᠪᠠᠰᠠ ᠣᠯᠠᠨ ᠲᠦᠮᠡᠨ᠎ᠤ ᠨᠡᠯᠢᠶᠡᠳ ᠠᠩᠬᠠᠷᠴᠤ ᠪᠠᠶ᠋ᠢᠭ᠎ᠠ ᠠᠰᠠᠭᠤᠳᠠᠯ᠎ᠢ ᠳᠤᠷᠠᠳᠤᠭᠰᠠᠨ᠎ᠢ ᠨᠠᠷᠢᠨ ᠬᠢᠨᠠᠮᠠᠭ᠋ᠠᠶ ᠡᠮᠬᠢᠯᠡᠨ ᠬᠤᠷᠢᠶᠠᠩᠭᠤᠶ᠋ᠢᠯᠠᠬᠤ᠎ᠪᠠᠷ ᠳᠡᠮᠵᠢᠨ ᠣᠲᠣ 《ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ》 ᠭᠡᠬᠦ ᠲᠤᠰᠬᠠᠶ ᠪᠤᠯᠤᠩ᠎ᠢ ᠭᠠᠷᠭ᠋ᠠᠵᠤ᠂ ᠣᠯᠠᠨ ᠨᠡᠶ᠋ᠢᠲᠡ ᠎ᠳᠤ ᠬᠠᠨᠳᠤᠭᠤᠯᠤᠨ ᠮᠠᠳᠠᠭᠲᠠᠢ ᠠᠰᠠᠭᠤᠳᠠᠯ᠎ᠢ ᠳᠡᠶ᠋ᠢᠯᠵᠦ ᠥᠭᠬᠦ᠎ᠪᠠᠷ ᠪᠠᠶ᠋ᠢᠨ᠎ᠠ᠃
     1. ᠶᠠᠭᠤ ᠵᠢ 《ᠭᠤᠷᠪᠠᠨ ᠲᠥᠷᠥᠯ᠎ᠤᠨ ᠬᠢᠴᠢᠶᠡᠯ᠎ᠤᠨ ᠨᠢᠭᠡᠳᠦᠯᠲᠡᠶ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ》 ᠭᠡᠬᠦ ᠪᠣᠶ?
     ◆ ᠭᠤᠷᠪᠠᠨ ᠲᠥᠷᠥᠯ᠎ᠤᠨ ᠬᠢᠴᠢᠶᠡᠯ᠎ᠤᠨ ᠨᠢᠭᠡᠳᠦᠯᠲᠡᠶ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ ᠭᠡᠳᠡᠭ᠎ᠨᠢ ᠦᠵᠡᠯ ᠰᠠᠨᠠᠭ᠎ᠠ ᠤᠯᠤᠰ ᠲᠥᠷᠥ (ᠶᠣᠰᠣ ᠰᠤᠷᠲᠠᠬᠤᠨ ᠬᠢᠭᠡᠳ ᠬᠠᠤᠯᠢ᠎ᠪᠠᠷ ᠵᠠᠰᠠᠬᠤᠢ)᠂ ᠬᠡᠯᠡ ᠪᠢᠴᠢᠭ᠂ ᠲᠡᠦᠬᠡ ᠵᠢᠨ ᠭᠤᠷᠪᠠᠨ ᠲᠥᠷᠥᠯ᠎ᠤᠨ ᠬᠢᠴᠢᠶᠡᠯ᠎ᠤᠨ ᠵᠢᠭ᠋ᠠᠬᠤ ᠮᠠᠲ᠋ᠧᠷᠢᠶᠠᠯ᠎ᠢ ᠵᠢᠭ᠋ᠠᠵᠤ᠂ ᠤᠯᠤᠰ᠎ᠠᠴᠠ ᠨᠢᠭᠡᠳᠦᠯᠲᠡᠶ ᠨᠠᠶ᠋ᠢᠷᠠᠭᠤᠯᠵᠤ᠂ ᠨᠢᠭᠡᠳᠦᠯᠲᠡᠶ ᠬᠢᠨᠠᠨ ᠪᠠᠶ᠋ᠢᠴᠠᠭ᠋ᠠᠵᠤ᠂ ᠨᠢᠭᠡᠳᠦᠯᠲᠡᠶ ᠬᠡᠷᠡᠭᠯᠡᠬᠦ ᠵᠢ ᠵᠢᠭ᠋ᠠᠵᠤ ᠪᠣᠶ᠃ ᠡᠨᠡ ᠪᠣᠯ ᠰᠢᠨ᠎ᠡ ᠴᠠᠭ ᠦᠶ᠎ᠡ ᠵᠢᠨ ᠰᠤᠷᠭ᠋ᠠᠨ ᠬᠥᠮᠦᠵᠢᠯ᠎ᠤᠨ ᠠᠵᠢᠯ᠎ᠤᠨ ᠲᠤᠬᠠᠶ ᠨᠠᠮ᠎ᠤᠨ ᠲᠥᠪ ᠬᠤᠷᠢᠶᠠᠨ᠎ᠤ ᠴᠢᠬᠤᠯᠠ ᠶᠡᠭᠡ ᠪᠠᠶ᠋ᠢᠷᠢᠯᠠᠭᠤᠯᠤᠯᠲᠠ ᠮᠥᠨ᠃ ᠭᠤᠷᠪᠠᠨ ᠲᠥᠷᠥᠯ᠎ᠤᠨ ᠬᠢᠴᠢᠶᠡᠯ᠎ᠤᠨ ᠨᠢᠭᠡᠳᠦᠯᠲᠡᠶ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ ᠪᠣᠯ ᠰᠢᠨ᠎ᠡ ᠴᠠᠭ ᠦᠶ᠎ᠡ ᠵᠢᠨ ᠶᠣᠰᠣ ᠰᠤᠷᠲᠠᠬᠤᠨ᠎ᠢ ᠪᠣᠢ ᠪᠣᠯᠭ᠋ᠠᠵᠤ ᠬᠥᠮᠦᠨ᠎ᠢ ᠬᠥᠮᠦᠵᠢᠭᠦᠯᠬᠦ ᠦᠨᠳᠦᠰᠦᠨ ᠡᠭᠦᠷᠭᠡ ᠵᠢ ᠨᠠᠶ᠋ᠢᠳᠠᠪᠤᠷᠢᠵᠢᠭᠤᠯᠵᠤ᠂ ᠰᠤᠷᠤᠭᠴᠢᠳ᠎ᠢ ᠬᠥᠲᠥᠯᠥᠨ ᠵᠢᠯᠣᠭᠤᠳᠴᠤ ᠵᠥᠪ ᠶᠢᠷᠲᠢᠨᠴᠦ ᠵᠢᠨ ᠦᠵᠡᠯᠲᠡ᠂ ᠠᠮᠢᠳᠤᠷᠠᠬᠤᠶ ᠵᠢᠨ ᠦᠵᠡᠯᠲᠡ᠂ ᠥᠷᠲᠡᠭ᠎ᠤᠨ ᠦᠵᠡᠯᠲᠡ᠎ᠲᠠᠢ ᠪᠣᠯᠭ᠋ᠠᠬᠤ ᠭᠤᠤᠯ ᠵᠢᠭ᠋ᠠᠬᠤ ᠮᠠᠲ᠋ᠧᠷᠢᠶᠠᠯ ᠪᠣᠯᠤᠨ᠎ᠠ᠃
     2. ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶᠠᠨ᠎ᠠᠴᠠ ᠭᠤᠷᠪᠠᠨ ᠲᠥᠷᠥᠯ᠎ᠤᠨ ᠬᠢᠴᠢᠶᠡᠯ᠎ᠤᠨ ᠨᠢᠭᠡᠳᠦᠯᠲᠡᠶ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠤᠨ ᠬᠡᠷᠡᠭᠯᠡᠯᠲᠡ ᠵᠢ ᠬᠡᠷᠡᠭᠵᠢᠭᠦᠯᠬᠦ ᠵᠢ ᠬᠡᠷᠬᠢᠨ ᠪᠠᠶ᠋ᠢᠷᠢᠯᠠᠭᠤᠯᠤᠭᠰᠠᠨ ᠪᠣᠶ?
     ◆ 2016 ᠣᠨ᠎ᠳᠤ᠂ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠢᠨ᠎ᠡ ᠪᠠᠶ᠋ᠢᠳᠠᠯ᠎ᠳᠠᠬᠢ ᠳᠡᠭᠡᠳᠦ ᠰᠤᠷᠭ᠋ᠠᠭᠤᠯᠢ᠂ ᠳᠤᠮᠳᠠᠳᠤ ᠪᠠᠭ᠎ᠠ ᠰᠤᠷᠭ᠋ᠠᠭᠤᠯᠢ ᠵᠢᠨ ᠵᠢᠭ᠋ᠠᠬᠤ ᠮᠠᠲ᠋ᠧᠷᠢᠶᠠᠯ᠎ᠤᠨ ᠪᠠᠶ᠋ᠢᠭᠤᠯᠤᠯᠲᠠ ᠵᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠶ ᠬᠤᠯᠪᠤᠭᠳᠠᠬᠤ ᠪᠢᠴᠢᠭ ᠮᠠᠲ᠋ᠧᠷᠢᠶᠠᠯ᠎ᠳᠤ ᠳᠤᠮᠳᠠᠳᠤ ᠪᠠᠭ᠎ᠠ ᠰᠤᠷᠭ᠋ᠠᠭᠤᠯᠢ ᠵᠢᠨ ᠶᠣᠰᠣ ᠰᠤᠷᠲᠠᠬᠤᠨ ᠬᠢᠭᠡᠳ ᠬᠠᠤᠯᠢ᠎ᠪᠠᠷ ᠵᠠᠰᠠᠬᠤᠢ᠂ ᠬᠡᠯᠡ ᠪᠢᠴᠢᠭ᠂ ᠲᠡᠦᠬᠡ ᠵᠢᠨ ᠭᠤᠷᠪᠠᠨ ᠲᠥᠷᠥᠯ᠎ᠤᠨ ᠬᠢᠴᠢᠶᠡᠯ᠎ᠤᠨ ᠨᠢᠭᠡᠳᠦᠯᠲᠡᠶ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠨᠢᠭᠡᠳᠦᠯᠲᠡᠶ ᠬᠡᠷᠡᠭᠯᠡᠬᠦ ᠡᠷᠴᠢᠮ᠎ᠢ ᠴᠢᠩᠭ᠋ᠠᠷᠠᠭᠤᠯᠵᠤ᠂ 3 ᠵᠢᠯ᠎ᠤᠨ ᠬᠤᠭᠤᠴᠠᠭ᠋ᠠᠨ᠎ᠳᠤ ᠨᠢᠭᠡᠳᠦᠯᠲᠡᠶ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠨᠡᠶ᠋ᠢᠳᠡᠮ ᠬᠡᠷᠡᠭᠯᠡᠬᠦ ᠵᠢ ᠪᠡᠶᠡᠯᠡᠭᠦᠯᠬᠦ᠎ᠪᠠᠷ ᠬᠦᠴᠦᠯᠡᠨ ᠴᠢᠷᠮᠠᠶ᠋ᠢᠬᠤ ᠬᠡᠷᠡᠭᠲᠡᠢ ᠭᠡᠵᠦ ᠳᠤᠷᠠᠳᠪᠠ᠃
     ◆2019 ᠣᠨ᠎ᠳᠤ᠂ ᠤᠯᠤᠰ᠎ᠤᠨ ᠵᠢᠭ᠋ᠠᠬᠤ ᠮᠠᠲ᠋ᠧᠷᠢᠶᠠᠯ᠎ᠤᠨ ᠵᠥᠪᠯᠡᠯ᠎ᠠᠴᠠ ᠦᠨᠳᠦᠰᠦᠲᠡᠨ᠎ᠤ ᠣᠷᠣᠨ᠎ᠤ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠵᠢᠭ᠋ᠠᠨ ᠰᠤᠷᠭ᠋ᠠᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠵᠤ᠂ 2020 ᠣᠨ ᠪᠠ 2022 ᠣᠨ᠎ᠤ ᠨᠠᠮᠤᠷ᠎ᠤᠨ ᠤᠯᠠᠷᠢᠯ᠎ᠤᠨ ᠰᠤᠷᠤᠯᠭ᠎ᠠ ᠵᠢᠨ ᠬᠤᠭᠤᠴᠠᠭ᠎ᠠ᠎ᠠᠴᠠ ᠡᠬᠢᠯᠡᠨ᠂ ᠦᠨᠳᠦᠰᠦᠲᠡᠨ᠎ᠤ ᠣᠷᠣᠨ᠎ᠤ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠂ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ᠎ᠳᠤ ᠴᠥᠮ ᠭᠤᠷᠪᠠᠨ ᠲᠦᠷᠦᠯ᠎ᠤᠨ ᠬᠢᠴᠢᠶᠡᠯ᠎ᠤᠨ ᠨᠢᠭᠡᠳᠦᠯᠲᠡᠢ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠬᠡᠷᠡᠭᠯᠡᠬᠦ ᠬᠡᠷᠡᠭᠲᠡᠢ ᠭᠡᠵᠦ ᠳᠤᠷᠠᠳᠪᠠ᠃
     ◆ 2019 ᠣᠨ᠎ᠤ 12 ᠰᠠᠷ᠎ᠠ᠎ᠳᠤ᠂ ᠰᠤᠷᠭ᠋ᠠᠨ ᠬᠥᠮᠦᠵᠢᠯ᠎ᠤᠨ ᠶᠠᠮᠤᠨ᠎ᠤ ᠵᠢᠭ᠋ᠠᠬᠤ ᠮᠠᠲ᠋ᠧᠷᠢᠶᠠᠯ᠎ᠤᠨ ᠳᠣᠪᠴᠢᠶᠠᠨ᠎ᠠᠴᠠ ᠳᠠᠷᠤᠮᠠᠯᠯᠠᠨ ᠲᠠᠷᠬᠠᠭ᠋ᠠᠭᠰᠠᠨ 《ᠳᠤᠮᠳᠠᠳᠤ ᠪᠠᠭ᠎ᠠ ᠰᠤᠷᠭ᠋ᠠᠭᠤᠯᠢ ᠵᠢᠨ ᠭᠤᠷᠪᠠᠨ ᠲᠥᠷᠥᠯ᠎ᠤᠨ ᠬᠢᠴᠢᠶᠡᠯ᠎ᠤᠨ ᠨᠢᠭᠡᠳᠦᠯᠲᠡᠶ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠤᠨ 〈ᠰᠦᠭ᠎ᠢ ᠱᠤᠭᠤᠬᠤ ᠢᠨᠵᠧᠨᠧᠷᠢᠩ〉᠎ᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠦᠯ》᠎ᠳᠤ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠭᠤᠷᠪᠠᠨ ᠲᠥᠷᠥᠯ᠎ᠤᠨ ᠬᠢᠴᠢᠶᠡᠯ᠎ᠤᠨ ᠨᠢᠭᠡᠳᠦᠯᠲᠡᠶ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠤᠨ ᠬᠡᠷᠡᠭᠯᠡᠬᠦ ᠬᠡᠪᠴᠢᠶ᠎ᠡ ᠵᠢ ᠪᠠᠬᠢᠵᠢᠭᠦᠯᠵᠦ᠂ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠤᠨ ᠰᠤᠷᠭ᠋ᠠᠨ ᠬᠥᠮᠦᠵᠢᠯ ᠠᠨᠠᠢ ᠭᠠᠵᠠᠷ ᠣᠷᠣᠨ᠎ᠳᠤ ᠭᠤᠷᠪᠠᠨ ᠲᠥᠷᠥᠯ᠎ᠤᠨ ᠬᠢᠴᠢᠶᠡᠯ᠎ᠢ ᠰᠠᠶ᠋ᠢᠲᠤᠷ ᠨᠡᠭᠡᠭᠡᠬᠦ ᠵᠢ ᠪᠥᠬᠦ ᠲᠠᠯ᠎ᠠ᠎ᠪᠠᠷ ᠠᠬᠢᠭᠤᠯᠵᠤ᠂ ᠵᠢᠭ᠋ᠠᠬᠤ ᠮᠠᠲ᠋ᠧᠷᠢᠶᠠᠯ᠎ᠢ ᠰᠠᠶ᠋ᠢᠲᠤᠷ ᠬᠡᠷᠡᠭᠯᠡᠬᠦ ᠬᠡᠷᠡᠭᠲᠡᠢ; ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠭᠤᠷᠪᠠᠨ ᠲᠥᠷᠥᠯ᠎ᠤᠨ ᠬᠢᠴᠢᠶᠡᠯ᠎ᠤᠨ ᠨᠢᠭᠡᠳᠦᠯᠲᠡᠶ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠤᠨ ᠬᠡᠷᠡᠭᠯᠡᠯᠲᠡ ᠵᠢ ᠠᠬᠢᠭᠤᠯᠬᠤ ᠲᠥᠯᠥᠪᠯᠡᠭᠡ ᠵᠢ ᠲᠣᠭᠲᠠᠭ᠋ᠠᠵᠤ᠂ 2022 ᠣᠨ᠎ᠠᠴᠠ ᠡᠮᠦᠨ᠎ᠡ ᠵᠢᠭ᠋ᠠᠬᠤ ᠮᠠᠲ᠋ᠧᠷᠢᠶᠠᠯ᠎ᠢ ᠠᠰᠢᠭᠯᠠᠯᠲᠠ᠎ᠳᠤ ᠣᠷᠣᠭᠤᠯᠬᠤ ᠵᠢ ᠪᠡᠶᠡᠯᠡᠭᠦᠯᠬᠦ ᠬᠡᠷᠡᠭᠲᠡᠢ; 2025 ᠣᠨ ᠪᠣᠯᠬᠤ᠎ᠳᠤ ᠪᠥᠬᠦ ᠤᠯᠤᠰ᠎ᠤᠨ ᠳᠤᠮᠳᠠᠳᠤ ᠪᠠᠭ᠎ᠠ ᠰᠤᠷᠭ᠋ᠠᠭᠤᠯᠢ ᠵᠢᠨ ᠭᠤᠷᠪᠠᠨ ᠲᠥᠷᠥᠯ᠎ᠤᠨ ᠬᠢᠴᠢᠶᠡᠯ᠎ᠤᠨ ᠨᠢᠭᠡᠳᠦᠯᠲᠡᠶ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠨᠡᠶ᠋ᠢᠳᠡᠮ ᠬᠡᠷᠡᠭᠯᠡᠬᠦ ᠵᠢ ᠪᠡᠶᠡᠯᠡᠭᠦᠯᠬᠦ ᠬᠡᠷᠡᠭᠲᠡᠢ ᠭᠡᠵᠦ ᠳᠤᠷᠠᠳᠪᠠ᠃
     3. ᠭᠤᠷᠪᠠᠨ ᠲᠦᠷᠦᠯ᠎ᠤᠨ ᠬᠢᠴᠢᠶᠡᠯ᠎ᠤᠨ ᠨᠢᠭᠡᠳᠦᠯᠲᠡᠢ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠤᠨ ᠬᠡᠷᠡᠭᠯᠡᠯᠲᠡ ᠵᠢ ᠬᠡᠷᠡᠭᠵᠢᠭᠦᠯᠬᠦ ᠵᠢᠨ ᠴᠢᠬᠤᠯᠠ ᠶᠡᠭᠡ ᠠᠴᠢ ᠬᠤᠯᠪᠣᠭᠳᠠᠯ᠎ᠢ ᠬᠡᠷᠬᠢᠨ ᠣᠶ᠋ᠢᠯᠠᠭ᠋ᠠᠬᠤ ᠪᠤᠢ?
     ◆ ᠵᠢᠭ᠋ᠠᠬᠤ ᠮᠠᠲ᠋ᠧᠷᠢᠶᠠᠯ᠎ᠤᠨ ᠪᠠᠶ᠋ᠢᠭᠤᠯᠤᠯᠲᠠ᠎ᠨᠢ ᠠᠷᠠᠳ ᠲᠦᠮᠡᠨ᠎ᠤ ᠠᠩᠬᠠᠷᠴᠤ ᠪᠠᠶ᠋ᠢᠭ᠎ᠠ ᠴᠢᠬᠤᠯᠠ ᠶᠡᠭᠡ ᠠᠰᠠᠭᠤᠳᠠᠯ᠎ᠢ ᠲᠤᠰᠬᠠᠵᠤ᠂ ᠳᠤᠮᠳᠠᠳᠤ ᠵᠢᠨ ᠰᠢᠯᠢᠳᠡᠭ ᠰᠣᠶᠣᠯ ᠪᠠ ᠬᠥᠮᠦᠨ ᠲᠥᠷᠥᠯᠬᠢᠲᠡᠨ᠎ᠤ ᠪᠣᠯᠪᠠᠰᠤᠨ᠎ᠤ ᠲᠡᠷᠢᠭᠦᠨ᠎ᠤ ᠦᠷ᠎ᠡ ᠪᠦᠲᠦᠭᠡᠯ᠎ᠢ ᠤᠯᠠᠮᠵᠢᠯᠠᠬᠤ᠎ᠨᠢ ᠶᠠᠮᠠᠷ ᠬᠥᠮᠦᠨ᠎ᠢ ᠬᠥᠮᠦᠵᠢᠭᠦᠯᠬᠦ᠂ ᠬᠥᠮᠦᠨ᠎ᠢ ᠬᠡᠷᠬᠢᠨ ᠬᠥᠮᠦᠵᠢᠭᠦᠯᠬᠦ᠂ ᠬᠡᠨ᠎ᠤ ᠲᠥᠯᠥᠭᠡ ᠬᠥᠮᠦᠨ᠎ᠢ ᠬᠥᠮᠦᠵᠢᠭᠦᠯᠬᠦ ᠡᠨᠡ ᠬᠦ᠌ ᠦᠨᠳᠦᠰᠦᠨ ᠠᠰᠠᠭᠤᠳᠠᠯ᠎ᠢ ᠰᠢᠢ᠍ᠳᠪᠦᠷᠢᠯᠡᠬᠦ ᠴᠢᠬᠤᠯᠠ ᠠᠴᠢᠶᠠᠯᠠᠪᠤᠷᠢ ᠪᠠᠶ᠋ᠢᠵᠤ᠂ ᠨᠠᠮ᠎ᠤᠨ ᠰᠤᠷᠭ᠋ᠠᠨ ᠬᠥᠮᠦᠵᠢᠯ᠎ᠤᠨ ᠴᠢᠭᠯᠡᠯᠲᠡ ᠵᠢ ᠨᠠᠶ᠋ᠢᠳᠠᠪᠤᠷᠢᠵᠢᠭᠤᠯᠬᠤ ᠪᠠ ᠰᠤᠷᠭ᠋ᠠᠨ ᠬᠥᠮᠦᠵᠢᠯ᠎ᠤᠨ ᠬᠠᠷᠠᠯᠲᠠ ᠵᠢ ᠪᠡᠶᠡᠯᠡᠭᠦᠯᠬᠦ᠎ᠳᠤ ᠰᠢᠭᠤᠳ ᠬᠤᠯᠪᠣᠭᠳᠠᠵᠤ ᠪᠠᠶ᠋ᠢᠳᠠᠭ᠃
     ◆ ᠤᠯᠤᠰ᠎ᠤᠨ ᠨᠢᠭᠡᠳᠦᠯᠲᠡᠢ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ ᠪᠣᠯ ᠤᠯᠤᠰ᠎ᠤᠨ ᠳᠡᠰ᠎ᠤᠨ᠂ ᠥᠨᠳᠥᠷ ᠲᠦᠪᠰᠢᠨ ᠪᠥᠬᠦᠢ᠂ ᠡᠷᠬᠡ ᠰᠦᠷᠲᠦ ᠵᠢᠭ᠋ᠠᠬᠤ ᠮᠠᠲ᠋ᠧᠷᠢᠶᠠᠯ ᠪᠣᠯᠤᠨ᠎ᠠ᠃ ᠤᠯᠤᠰ᠎ᠤᠨ ᠨᠢᠭᠡᠳᠦᠯᠲᠡᠶ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠤᠨ ᠬᠡᠷᠡᠭᠯᠡᠯᠲᠡ ᠵᠢ ᠬᠡᠷᠡᠭᠵᠢᠭᠦᠯᠬᠦ᠎ᠨᠢ ᠦᠨᠳᠦᠰᠦᠲᠡᠨ᠎ᠤ ᠣᠷᠣᠨ᠎ᠤ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠳᠤ ᠨᠠᠩ ᠲᠥᠪ ᠭᠤᠤᠯᠴᠢ᠂ ᠨᠠᠩ ᠴᠢᠨᠠᠷᠯᠢᠭ ᠰᠤᠷᠭ᠋ᠠᠨ ᠬᠥᠮᠦᠵᠢᠯ᠎ᠢ ᠬᠦᠷᠲᠡᠭᠡᠬᠦ᠎ᠳᠤ ᠠᠰᠢᠭᠲᠠᠶ ᠪᠠᠶ᠋ᠢᠵᠤ᠂ ᠴᠢᠬᠤᠯᠠ ᠶᠡᠭᠡ ᠪᠠᠶ᠋ᠢᠯᠳᠤᠬᠤ ᠪᠣᠳᠣᠯᠭ᠎ᠠ ᠵᠢᠨ ᠠᠴᠢ ᠬᠤᠯᠪᠣᠭᠳᠠᠯ᠎ᠲᠠᠢ ᠪᠥᠭᠡᠳ ᠠᠯᠤᠰ ᠬᠡᠲᠦ ᠵᠢᠨ ᠪᠣᠳᠠᠲᠤ ᠠᠴᠢ ᠬᠤᠯᠪᠣᠭᠳᠠᠯ᠎ᠲᠠᠢ ᠶᠤᠮ᠃
     ◆ ᠭᠤᠷᠪᠠᠨ ᠲᠥᠷᠥᠯ᠎ᠤᠨ ᠬᠢᠴᠢᠶᠡᠯ᠎ᠤᠨ ᠨᠢᠭᠡᠳᠦᠯᠲᠡᠶ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠳᠤ ᠨᠡᠶ᠋ᠢᠭᠡᠮ ᠵᠢᠷᠤᠮ᠎ᠤᠨ ᠭᠤᠣᠯᠯᠠᠭᠴᠢ ᠥᠷᠲᠡᠭ᠎ᠤᠨ ᠦᠵᠡᠯᠲᠡ ᠵᠢ ᠪᠠᠳᠠᠷᠠᠭᠤᠯᠬᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠂ ᠬᠤᠪᠢᠰᠬᠠᠯᠲᠤ ᠰᠣᠶᠣᠯ ᠪᠣᠯᠤᠨ ᠨᠡᠶ᠋ᠢᠭᠡᠮ ᠵᠢᠷᠤᠮ᠎ᠤᠨ ᠰᠣᠶᠣᠯ᠎ᠤᠨ ᠬᠥᠮᠦᠵᠢᠯ᠎ᠢ ᠴᠢᠩᠭ᠋ᠠᠳᠬᠠᠬᠤ ᠲᠤᠬᠠᠢ ᠨᠠᠶ᠋ᠢᠷᠠᠭᠤᠯᠤᠨ ᠪᠢᠴᠢᠬᠦ ᠵᠠᠷᠴᠢᠮ ᠲᠤᠭᠤᠰᠢᠯᠠᠠᠭᠳᠠᠵᠤ᠂ ᠵᠠᠯᠠᠭᠤᠴᠤᠳ ᠪᠠᠭ᠋ᠠᠴᠤᠳ᠎ᠢ ᠬᠠᠪᠰᠤᠷᠤᠨ ᠬᠠᠷᠠᠬᠠᠨ ᠪᠠᠭ᠎ᠠ᠎ᠠᠴᠠ᠎ᠨᠢ 《ᠳᠤᠮᠳᠠᠳᠤ᠎ᠪᠠᠨ ᠬᠠᠶ᠋ᠢᠷᠠᠯᠠᠬᠤ᠂ ᠡᠬᠡ ᠤᠯᠤᠰ ᠵᠶ᠋ᠠᠨ ᠬᠠᠶ᠋ᠢᠷᠠᠯᠠᠬᠤ》 ᠰᠡᠳᠬᠢᠯᠭᠡ᠎ᠲᠠᠢ ᠪᠣᠯᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠣᠢ ᠪᠣᠯᠭ᠋ᠠᠵᠤ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠶᠡᠭᠡ ᠡᠭᠦᠷᠭᠡ ᠵᠢ ᠡᠭᠦᠷᠭᠡᠯᠡᠵᠦ ᠳᠡᠶ᠋ᠢᠯᠭᠦᠶ᠋ᠢᠴᠡ ᠴᠠᠭ ᠦᠶ᠎ᠡ ᠵᠢᠨ ᠰᠢᠨ᠎ᠡ ᠬᠥᠮᠦᠨ ᠪᠣᠯᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢᠨ ᠳᠤᠮᠳᠠᠳᠤ ᠵᠢᠨ ᠬᠦᠰᠡᠯ᠎ᠢ ᠪᠡᠶᠡᠯᠡᠭᠦᠯᠬᠦ ᠵᠢᠨ ᠲᠥᠯᠥᠭᠡ᠂ ᠠᠷᠠᠳ ᠣᠯᠠᠨ᠎ᠤ ᠰᠠᠶ᠋ᠢᠨ ᠰᠠᠶ᠋ᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠢ ᠪᠡᠶᠡᠯᠡᠭᠦᠯᠬᠦ ᠵᠢᠨ ᠲᠥᠯᠥᠭᠡ ᠲᠠᠰᠤᠷᠠᠯᠲᠠ ᠥᠬᠡᠶ ᠰᠢᠨ᠎ᠡ ᠬᠤᠪᠢ ᠨᠡᠮᠡᠷᠢ ᠦᠵᠡᠭᠦᠯᠬᠦ ᠪᠣᠯᠭ᠋ᠠᠨ᠎ᠠ᠃
     ◆ ᠭᠤᠷᠪᠠᠨ ᠲᠥᠷᠥᠯ᠎ᠤᠨ ᠬᠢᠴᠢᠶᠡᠯ᠎ᠤᠨ ᠨᠢᠭᠡᠳᠦᠯᠲᠡᠶ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠨᠢ ᠣᠭ ᠰᠠᠨᠠᠭ᠎ᠠ᠎ᠪᠠᠨ ᠥᠯᠥ ᠮᠠᠷᠲᠠᠬᠤ᠂ ᠬᠠᠷᠢ ᠵᠢᠨ᠎ᠬᠢ ᠵᠢ ᠰᠢᠩᠭᠡᠭᠡᠨ ᠠᠪᠬᠤ᠂ ᠢᠷᠡᠭᠡᠳᠦᠶ᠎ᠳᠤ ᠬᠠᠨᠳᠤᠬᠤ ᠱᠠᠭ᠋ᠠᠷᠳᠠᠯᠭ᠎ᠠ ᠶᠣᠰᠤ᠎ᠪᠠᠷ ᠠᠭᠤᠯᠭ᠎ᠠ᠎ᠨᠢ ᠦᠶ᠎ᠡ ᠵᠢᠨ ᠦᠶ᠎ᠡ᠎ᠳᠤ ᠤᠯᠠᠮᠵᠢᠯᠠᠭᠳᠠᠬᠤ ᠵᠢ ᠬᠠᠷᠠᠭᠤᠯᠬᠤ᠎ᠪᠠᠷ ᠪᠠᠷᠠᠬᠤ ᠥᠬᠡᠶ ᠪᠠᠰᠠ ᠴᠠᠭ ᠦᠶᠡᠴᠢ ᠴᠢᠨᠠᠷ᠎ᠢ ᠬᠠᠷᠠᠭᠤᠯᠵᠤ᠂ ᠠᠵᠤ ᠠᠬᠤᠶ ᠨᠡᠶ᠋ᠢᠭᠡᠮ᠎ᠤᠨ ᠬᠥᠭᠵᠢᠯᠲᠡ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠳᠠᠪᠰᠢᠯᠲᠠ ᠪᠠ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠭᠰᠠᠨ ᠬᠠᠮᠤᠭ᠎ᠤᠨ ᠰᠢᠨ᠎ᠡ ᠦᠷ᠎ᠡ ᠪᠦᠲᠦᠭᠡᠯ᠎ᠢ ᠲᠤᠰᠬᠠᠵᠤ᠂ ᠪᠠᠷᠠᠯᠠᠯᠲᠤ ᠴᠢᠨᠠᠷ ᠪᠠ ᠳᠡᠯᠡᠬᠡᠶ ᠵᠢᠨ ᠬᠠᠷᠠᠭ᠋ᠠᠰᠤ᠎ᠲᠠᠢ ᠪᠠᠶ᠋ᠢᠵᠤ᠂ ᠰᠤᠷᠤᠭᠴᠢᠳ᠎ᠢ ᠳᠡᠯᠡᠬᠡᠶ ᠵᠢᠨ ᠬᠠᠷᠠᠴᠠᠲᠠᠢ ᠬᠥᠮᠦᠨ ᠪᠣᠯᠭ᠋ᠠᠨ ᠬᠥᠮᠥᠵᠢᠭᠦᠯᠬᠦ ᠵᠢ ᠲᠤᠰᠬᠠᠪᠠ᠃

     4. ᠭᠤᠷᠪᠠᠨ ᠲᠦᠷᠦᠯ᠎ᠤᠨ ᠬᠢᠴᠢᠶᠡᠯ᠎ᠤᠨ ᠨᠢᠭᠡᠳᠦᠯᠲᠡᠢ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠰᠠᠶ᠋ᠢᠲᠤᠷ ᠰᠤᠷᠬᠤ᠎ᠨᠢ ᠰᠤᠷᠤᠭᠴᠢᠳ᠎ᠲᠤ ᠶᠠᠮᠠᠷ ᠰᠠᠶ᠋ᠢᠨ ᠲᠠᠯ᠎ᠠ᠎ᠲᠠᠢ ᠪᠤᠢ?
     ◆ ᠭᠤᠷᠪᠠᠨ ᠲᠥᠷᠥᠯ᠎ᠤᠨ ᠬᠢᠴᠢᠶᠡᠯ᠎ᠤᠨ ᠨᠢᠭᠡᠳᠦᠯᠲᠡᠶ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠳᠤ ᠵᠠᠯᠠᠭᠤᠴᠤᠳ ᠪᠠᠭ᠋ᠠᠴᠤᠳ᠎ᠤᠨ ᠲᠠᠨᠢᠨ ᠮᠡᠳᠡᠬᠦᠶ ᠵᠢᠨ ᠵᠢᠮ᠎ᠡ ᠶᠣᠰᠣ ᠪᠠ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠵᠢᠮ᠎ᠡ ᠶᠣᠰᠣ ᠵᠢ ᠵᠢᠷᠤᠮᠯᠠᠵᠤ᠂ ᠰᠤᠷᠤᠭᠴᠢᠳ᠎ᠤᠨ ᠦᠵᠡᠯ ᠰᠠᠨᠠᠭ᠎ᠠ᠂ ᠰᠤᠷᠤᠯᠴᠠᠯᠭ᠎ᠠ᠂ ᠠᠮᠢᠳᠤᠷᠠᠯ᠎ᠤᠨ ᠪᠣᠳᠠᠲᠤ ᠪᠠᠶ᠋ᠢᠳᠠᠯ᠎ᠲᠠᠢ ᠣᠶ᠋ᠢᠷᠠᠲᠤᠭᠤᠯᠵᠤ᠂ ᠦᠨᠳᠦᠰᠦᠨ ᠰᠤᠷᠤᠯᠴᠠᠬᠤ ᠠᠭᠤᠯᠭ᠎ᠠ ᠵᠢ ᠨᠠᠷᠢᠨ ᠰᠣᠩᠭᠤᠵᠤ᠂ ᠰᠤᠷᠤᠭᠴᠢᠳ᠎ᠤᠨ ᠪᠥᠬᠦ ᠲᠠᠯ᠎ᠠ᠎ᠪᠠᠷ ᠬᠥᠭᠵᠢᠬᠦ ᠵᠢ ᠠᠩᠬᠠᠷᠤᠭᠰᠠᠨ ᠮᠥᠷᠲᠡᠭᠡᠨ ᠪᠠᠰᠠ ᠰᠤᠷᠤᠭᠴᠢᠳ᠎ᠤᠨ ᠥᠪᠡᠷᠮᠢᠴᠡ ᠴᠢᠨᠠᠷ᠎ᠤᠨ ᠬᠥᠭᠵᠢᠯᠲᠡ ᠵᠢ ᠠᠩᠬᠠᠷᠴᠤ᠂ ᠭᠤᠤᠯᠯᠠᠬᠤ ᠬᠡᠪ ᠪᠣᠯᠪᠠᠰᠤᠷᠠᠯ᠎ᠢ ᠬᠦᠴᠦᠯᠡᠨ ᠬᠥᠭᠵᠢᠭᠦᠯᠵᠦ᠂ ᠶᠡᠷᠦᠩᠬᠡᠶ᠋ᠢᠯᠡᠭᠰᠡᠨ ᠬᠡᠪ ᠴᠢᠨᠠᠷ᠎ᠢ ᠳᠡᠭᠡᠭᠰᠢᠯᠡᠭᠦᠯᠵᠦ᠂ ᠨᠠᠰᠤᠨ ᠲᠤᠷᠰᠢᠳᠠ ᠵᠢᠨ ᠬᠥᠭᠵᠢᠯᠲᠡ ᠵᠢ ᠠᠬᠢᠭᠤᠯᠤᠨ᠎ᠠ᠃
     ◆ ᠭᠤᠷᠪᠠᠨ ᠲᠥᠷᠥᠯ᠎ᠤᠨ ᠬᠢᠴᠢᠶᠡᠯ᠎ᠤᠨ ᠨᠢᠭᠡᠳᠦᠯᠲᠡᠶ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠬᠡᠷᠡᠭᠯᠡᠬᠦ᠎ᠨᠢ ᠰᠤᠷᠤᠭᠴᠢᠳ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠰᠤᠷᠤᠯᠴᠠᠨ ᠡᠵᠡᠮᠰᠢᠬᠦ᠎ᠳᠤ ᠠᠰᠢᠭᠲᠠᠶ ᠶᠤᠮ᠃ ᠮᠠᠰᠢ ᠤᠯᠠᠨ ᠴᠥᠭᠡᠨ ᠲᠣᠭ᠋ᠠᠲᠤ ᠦᠨᠳᠦᠰᠦᠲᠡᠨ᠎ᠤ ᠤᠯᠠᠨ ᠲᠦᠮᠡᠨ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠮᠡᠳᠡᠬᠦ ᠦᠭᠡᠢ᠎ᠠᠴᠠ ᠪᠤᠯᠵᠤ ᠬᠤᠪᠢ ᠬᠥᠮᠦᠨ᠎ᠤ ᠬᠥᠭᠵᠢᠯᠲᠡ ᠎ᠨᠢ ᠬᠠᠷᠰᠢᠯᠠᠭᠳᠠᠪᠠ᠃ ᠡᠶ᠋ᠢᠮᠦ᠎ᠠᠴᠠ ᠭᠤᠷᠪᠠᠨ ᠲᠥᠷᠥᠯ᠎ᠤᠨ ᠬᠢᠴᠢᠶᠡᠯ᠎ᠤᠨ ᠨᠢᠭᠡᠳᠦᠯᠲᠡᠢ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠬᠠᠷᠠᠬᠠᠨ ᠪᠠᠭ᠎ᠠ᠎ᠠᠴᠠ᠎ᠪᠠᠨ ᠰᠤᠷᠴᠤ᠂ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠶ᠋ᠢᠲᠤᠷ ᠰᠤᠷᠬᠤ᠎ᠨᠢ ᠠᠵᠢᠯ ᠤᠯᠬᠤ᠂ ᠤᠳᠤ ᠦᠶ᠎ᠡ ᠵᠢᠨ ᠰᠢᠨᠵᠢᠯᠡᠬᠦ ᠤᠬᠠᠭ᠋ᠠᠨ ᠰᠣᠶᠣᠯ ᠮᠡᠳᠡᠯᠭᠡ ᠵᠢ ᠬᠦᠯᠢᠶᠡᠨ ᠠᠪᠬᠤ᠂ ᠨᠡᠶ᠋ᠢᠭᠡᠮ᠎ᠳᠤ ᠠᠭᠤᠰᠤᠯᠴᠠᠬᠤ᠎ᠳᠤ ᠴᠥᠮ ᠠᠰᠢᠭᠲᠠᠢ ᠶᠤᠮ᠃
     ◆ ᠭᠤᠷᠪᠠᠨ ᠲᠦᠷᠦᠯ᠎ᠤᠨ ᠬᠢᠴᠢᠶᠡᠯ᠎ᠤᠨ ᠨᠢᠭᠡᠳᠦᠯᠲᠡᠢ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠪᠣᠯ ᠪᠦᠬᠦ ᠤᠯᠤᠰ᠎ᠤᠨ ᠨᠡᠷᠡᠲᠦ ᠲᠤᠰᠬᠠᠢ ᠮᠡᠷᠭᠡᠵᠢᠯᠲᠡᠳ ᠪᠠ ᠡᠷᠳᠡᠮᠲᠡᠳ᠂ ᠨᠢᠭᠡᠳᠦᠭᠡᠷ ᠹᠷᠣᠨᠲ᠎ᠤᠨ ᠭᠤᠣᠯᠯᠠᠭᠴᠢ ᠪᠠᠭᠰᠢ ᠨᠠᠷ᠎ᠢ ᠴᠤᠭᠯᠠᠭᠤᠯᠤᠨ ᠨᠠᠶ᠋ᠢᠷᠠᠭᠤᠯᠤᠨ ᠪᠢᠴᠢᠵᠦ᠂ ᠭᠤᠷᠪᠠᠨ ᠲᠦᠷᠦᠯ᠎ᠤᠨ ᠬᠢᠴᠢᠶᠡᠯ᠎ᠤᠨ ᠥᠭᠡᠷᠡᠴᠢᠯᠡᠯᠲᠡ ᠵᠢᠨ ᠰᠢᠯᠢᠳᠡᠭ ᠦᠷ᠎ᠡ ᠪᠦᠲᠦᠭᠡᠯ᠂ ᠲᠡᠷᠢᠭᠦᠨ᠎ᠤ ᠣᠨᠣᠯᠵᠢᠬᠤᠨ ᠪᠣᠯᠤᠨ ᠠᠮᠵᠢᠯᠲᠠᠲᠠᠢ ᠲᠤᠷᠰᠢᠯᠭ᠎ᠠ ᠵᠢ ᠳ᠋ᠦᠩᠨᠡᠨ ᠰᠢᠩᠭᠡᠭᠡᠵᠦ᠂ ᠵᠢᠭ᠋ᠠᠬᠤ ᠮᠠᠲ᠋ᠧᠷᠢᠶᠠᠯ᠎ᠤᠨ ᠠᠭᠤᠯᠭ᠎ᠠ᠎ᠨᠢ ᠰᠤᠷᠤᠭᠴᠢᠳ᠎ᠤᠨ ᠰᠣᠨᠣᠰᠬᠤ᠂ ᠶᠠᠷᠢᠬᠤ᠂ ᠣᠩᠰᠢᠬᠤ᠂ ᠪᠢᠴᠢᠬᠦ ᠴᠢᠳᠠᠪᠤᠷᠢ ᠵᠢ ᠳᠡᠭᠡᠭᠰᠢᠯᠡᠭᠦᠯᠵᠦ᠂ ᠰᠤᠷᠤᠭᠴᠢᠳ᠎ᠤᠨ ᠰᠡᠳᠬᠢᠬᠦᠢ ᠵᠢ ᠬᠥᠭᠵᠢᠭᠦᠯᠬᠦ᠎ᠠᠴᠠ ᠭᠠᠳᠠᠨ᠎ᠠ ᠪᠠᠰᠠ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠂ ᠨᠡᠶ᠋ᠢᠭᠡᠮ ᠵᠢᠷᠤᠮ᠎ᠤᠨ ᠲᠡᠷᠢᠭᠦᠨ᠎ᠤ ᠰᠣᠶᠣᠯ᠎ᠢ ᠵᠠᠯᠭ᠋ᠠᠮᠵᠢᠯᠠᠵᠤ᠂ ᠦᠨᠳᠦᠰᠦᠲᠡᠨ᠎ᠤ ᠵᠣᠷᠢᠭ ᠰᠠᠨᠠᠭ᠎ᠠ ᠵᠢ ᠪᠠᠳᠠᠷᠠᠭᠤᠯᠵᠤ᠂ ᠬᠦᠰᠡᠯᠡᠩ ᠢᠲᠡᠭᠡᠯ ᠪᠢᠰᠢᠷᠡᠯ᠎ᠢ ᠪᠤᠢ ᠪᠣᠯᠭ᠋ᠠᠨ᠎ᠠ᠃ ᠭᠤᠷᠪᠠᠨ ᠲᠦᠷᠦᠯ᠎ᠤᠨ ᠬᠢᠴᠢᠶᠡᠯ᠎ᠤᠨ ᠨᠢᠭᠡᠳᠦᠯᠲᠡᠢ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠰᠠᠶ᠋ᠢᠲᠤᠷ ᠰᠤᠷᠬᠤ᠎ᠨᠢ ᠰᠤᠷᠤᠭᠴᠢᠳ᠎ᠤᠨ ᠬᠠᠷᠠᠬᠠᠨ ᠪᠠᠭ᠎ᠠ᠎ᠠᠴᠠ᠎ᠪᠠᠨ ᠰᠠᠶ᠋ᠢᠨ ᠰᠠᠶ᠋ᠢᠬᠠᠨ ᠵᠣᠷᠢᠭ ᠰᠠᠨᠠᠭ᠎ᠠ ᠵᠠᠩ ᠴᠢᠨᠠᠷ ᠪᠣᠯᠤᠨ ᠶᠣᠰᠣ ᠰᠤᠷᠲᠠᠬᠤᠨ᠎ᠤ ᠬᠡᠪ ᠴᠢᠨᠠᠷ᠎ᠢ ᠪᠤᠢ ᠪᠣᠯᠭ᠋ᠠᠵᠤ᠂ ᠬᠠᠤᠯᠢ᠎ᠪᠠᠷ ᠵᠠᠰᠠᠬᠤ ᠣᠶ᠋ᠢᠯᠠᠭ᠋ᠠᠭᠳᠠᠬᠤᠨ ᠪᠣᠯᠤᠨ ᠨᠡᠶ᠋ᠢᠭᠡᠮ᠎ᠤᠨ ᠬᠠᠷᠢᠭᠤᠴᠠᠯᠭ᠋ᠠᠲᠤ ᠰᠡᠳᠬᠢᠯᠭᠡ ᠵᠢ ᠪᠤᠢ ᠪᠣᠯᠭ᠋ᠠᠵᠤ᠂ 《ᠲᠦᠷᠪᠡᠨ ᠢᠲᠡᠭᠡᠯ》 ᠪᠣᠯᠤᠨ 《ᠲᠠᠪᠤᠨ ᠬᠠᠮᠲᠤ ᠵᠢᠨ ᠲᠠᠨᠢᠯᠲᠠ》 ᠵᠢ ᠴᠢᠩᠭ᠋ᠠᠳᠬᠠᠬᠤ᠎ᠳᠤ ᠠᠰᠢᠭᠲᠠᠢ ᠶᠤᠮ᠃
     ◆ ᠭᠤᠷᠪᠠᠨ ᠲᠥᠷᠥᠯ᠎ᠤᠨ ᠬᠢᠴᠢᠶᠡᠯ᠎ᠤᠨ ᠨᠢᠭᠡᠳᠦᠯᠲᠡᠶ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠳᠤ ᠲᠦᠢ᠍ᠯ᠎ᠤᠨ ᠴᠢᠬᠤᠯᠠ ᠮᠥᠷᠲᠡᠭᠡᠨ ᠣᠨᠴᠠᠭ᠋ᠠᠶ ᠬᠥᠮᠦᠵᠢᠭᠦᠯᠬᠦ ᠴᠢᠳᠠᠮᠵᠢ᠎ᠲᠠᠢ ᠪᠠᠶ᠋ᠢᠵᠤ᠂ ᠶᠣᠰᠣ ᠰᠤᠷᠲᠠᠬᠤᠨ᠎ᠢ ᠪᠣᠢ ᠪᠣᠯᠭ᠋ᠠᠵᠤ ᠬᠥᠮᠦᠨ᠎ᠢ ᠬᠥᠮᠦᠵᠢᠭᠦᠯᠬᠦ ᠦᠨᠳᠦᠰᠦᠨ ᠡᠭᠦᠷᠭᠡ ᠵᠢ ᠪᠥᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠭᠤᠤᠯ ᠰᠢᠵᠢᠮ᠎ᠢ ᠲᠤᠭᠤᠰᠢᠯᠠᠭᠤᠯᠤᠭᠰᠠᠨ᠂ ᠠᠯᠬᠤᠮ ᠳᠠᠷᠠᠭ᠎ᠠ᠎ᠲᠠᠢ ᠤᠷᠤᠭᠰᠢᠯᠠᠭᠰᠠᠨ᠂ ᠡᠷᠭᠢᠭᠦᠯᠭᠡᠨ ᠬᠡᠯᠪᠡᠷᠢᠲᠡᠢ ᠳᠡᠭᠡᠭᠰᠢᠯᠡᠭᠰᠡᠨ ᠨᠢᠭᠡ ᠴᠣᠭᠴᠠᠵᠢᠭᠰᠠᠨ ᠴᠢᠳᠠᠪᠤᠷᠢᠲᠠᠨ᠎ᠢ ᠬᠥᠮᠦᠵᠢᠭᠦᠯᠬᠦ ᠪᠠᠶ᠋ᠢᠷᠢᠯᠠᠭᠤᠯᠤᠯᠲᠠ᠎ᠢ ᠪᠦᠷᠢᠯᠳᠦᠭᠦᠯᠬᠦ᠎ᠳᠤ ᠠᠰᠢᠭᠲᠠᠶ ᠪᠠᠶ᠋ᠢᠳᠠᠭ᠃
     5. ᠭᠤᠷᠪᠠᠨ ᠲᠥᠷᠥᠯ᠎ᠤᠨ ᠬᠢᠴᠢᠶᠡᠯ᠎ᠤᠨ ᠨᠢᠭᠡᠳᠦᠯᠲᠡᠶ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠬᠡᠷᠡᠭᠯᠡᠭᠰᠡᠨ᠎ᠤ ᠳᠠᠷᠠᠭ᠎ᠠ᠂ ᠦᠨᠳᠦᠰᠦᠲᠡᠨ᠎ᠤ ᠬᠡᠯᠡ᠎ᠪᠠᠷ ᠬᠢᠴᠢᠶᠡᠯᠯᠡᠵᠦ ᠪᠠᠶ᠋ᠢᠭ᠎ᠠ ᠰᠤᠷᠭ᠋ᠠᠭᠤᠯᠢ ᠵᠢᠨ 2023 ᠣᠨ᠎ᠳᠤ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠳᠡᠭᠦᠰᠦᠭᠰᠡᠳ᠎ᠤᠨ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠲᠡᠭᠦᠰᠬᠦ ᠪᠠ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ᠎ᠳᠤ ᠰᠤᠷᠤᠭᠴᠢ ᠡᠯᠰᠡᠬᠦ ᠰᠢᠯᠭ᠋ᠠᠯᠲᠠ᠂ 2025 ᠣᠨ᠎ᠳᠤ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠲᠡᠭᠦᠰᠦᠭᠰᠡᠳ᠎ᠤᠨ ᠡᠩ᠎ᠤᠨ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ᠎ᠳᠤ ᠭᠤᠷᠪᠠᠨ ᠲᠥᠷᠥᠯ᠎ᠤᠨ ᠬᠢᠴᠢᠶᠡᠯ᠎ᠢ ᠴᠥᠮ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠵᠶ᠋ᠠᠷ ᠰᠡᠳᠦᠪ ᠬᠠᠷᠢᠭᠤᠯᠬᠤ᠎ᠨᠢ ᠰᠢᠯᠠᠭ᠋ᠠᠭᠤᠯᠤᠭᠰᠠᠳ᠎ᠢ ᠡᠯᠰᠡᠬᠦ᠎ᠳᠤ ᠨᠥᠯᠥᠭᠡ᠎ᠲᠠᠢ ᠦᠦ?
     ◆ ᠦᠨᠳᠦᠰᠦᠲᠡᠨ᠎ᠤ ᠬᠡᠯᠡ᠎ᠪᠠᠷ ᠬᠢᠴᠢᠶᠡᠯᠯᠡᠵᠦ ᠪᠠᠶ᠋ᠢᠭ᠎ᠠ ᠰᠤᠷᠭ᠋ᠠᠭᠤᠯᠢ ᠵᠢᠨ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ᠂ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠲᠡᠭᠦᠰᠦᠭᠰᠡᠳ 2023 ᠣᠨ᠎ᠳᠤ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠲᠡᠭᠦᠰᠬᠦ ᠪᠠ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ᠎ᠳᠤ ᠰᠤᠷᠤᠭᠴᠢ ᠡᠯᠰᠡᠬᠦ ᠰᠢᠯᠭ᠋ᠠᠯᠲᠠ᠂ 2025 ᠣᠨ᠎ᠳᠤ ᠡᠩ᠎ᠤᠨ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ᠎ᠳᠤ ᠭᠤᠷᠪᠠᠨ ᠲᠥᠷᠥᠯ᠎ᠤᠨ ᠬᠢᠴᠢᠶᠡᠯ᠎ᠢ ᠴᠥᠮ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠵᠶ᠋ᠠᠷ ᠬᠠᠷᠢᠭᠤᠯᠤᠨ᠎ᠠ᠂ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ᠎ᠳᠤ ᠰᠤᠷᠤᠭᠴᠢ ᠡᠯᠰᠡᠬᠦ᠎ᠳᠤ ᠮᠥᠨ ᠬᠦ᠌ ᠰᠠᠭᠤᠭ᠎ᠠ ᠠᠶ᠋ᠢᠮᠠᠭ ᠬᠤᠲᠠ ᠵᠢᠨ ᠠᠳᠠᠯᠢ ᠲᠥᠷᠥᠯ᠎ᠤᠨ ᠰᠢᠯᠭ᠋ᠠᠭᠤᠯᠤᠭᠰᠠᠳ᠎ᠤᠨ ᠨᠡᠷᠡᠰ᠎ᠤᠨ ᠵᠢᠭᠰᠠᠭ᠋ᠠᠯᠲᠠ᠎ᠳᠤ ᠣᠷᠣᠭᠤᠯᠵᠤ ᠡᠯᠰᠡᠨ᠎ᠡ᠂ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ᠎ᠳᠤ ᠴᠦ᠍ ᠪᠥᠬᠦ ᠣᠷᠣᠨ᠎ᠤ ᠠᠳᠠᠯᠢ ᠲᠥᠷᠥᠯ᠎ᠤᠨ ᠰᠢᠯᠭ᠋ᠠᠭᠤᠯᠤᠭᠰᠠᠳ᠎ᠤᠨ ᠨᠡᠷᠡᠰ᠎ᠤᠨ ᠵᠢᠭᠰᠠᠭ᠋ᠠᠯᠲᠠ᠎ᠳᠤ ᠣᠷᠣᠭᠤᠯᠵᠤ ᠡᠯᠰᠡᠨ᠎ᠡ᠃

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠰᠤᠷᠭ᠋ᠠᠨ ᠬᠥᠮᠦᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠭᠤᠷᠪᠠᠨ ᠲᠥᠷᠥᠯ᠎ᠤᠨ ᠬᠢᠴᠢᠶᠡᠯ᠎ᠤᠨ ᠨᠢᠭᠡᠳᠦᠯᠲᠡᠶ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠤᠨ ᠬᠡᠷᠡᠭᠯᠡᠯᠲᠡ ᠵᠢ ᠬᠡᠷᠡᠭᠵᠢᠭᠦᠯᠬᠦ ᠪᠠ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠤᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠠᠵᠢᠯ᠎ᠢ ᠪᠥᠬᠦ ᠲᠠᠯ᠎ᠠ᠎ᠪᠠᠷ ᠴᠢᠩᠭ᠋ᠠᠳᠬᠠᠬᠤ ᠲᠤᠬᠠᠢ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ (ᠬᠤᠶᠠᠳᠤᠭ᠋ᠠᠷ ᠬᠤᠭᠤᠴᠠᠭ᠎ᠠ)
ᠵᠢᠷᠤᠭᠲᠤ ᠲᠠᠶ᠋ᠢᠯᠤᠮᠵᠢ᠄ ᠭᠤᠷᠪᠠᠨ ᠬᠢᠴᠢᠶᠡᠯ ᠲᠦᠷᠦᠯ᠎ᠤᠨ ᠨᠢᠭᠡᠲᠦᠯᠲᠡᠢ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭᠯᠡᠬᠦ ᠪᠠ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠰᠤᠷᠭ᠋ᠠᠨ ᠬᠦᠮᠦᠵᠢᠯ᠎ᠤᠨ ᠵᠢᠭ᠋ᠠᠨ ᠰᠤᠷᠭ᠋ᠠᠯᠲᠠ ᠵᠢᠨ ᠠᠵᠢᠯ᠎ᠢ ᠪᠦᠬᠦ ᠲᠠᠯ᠎ᠠ᠎ᠪᠠᠷ ᠴᠢᠩᠭ᠋ᠠᠳᠬᠠᠬᠤ ᠲᠤᠬᠠᠢ ᠲᠦᠷᠦ ᠵᠢᠨ ᠪᠣᠳᠤᠯᠭ᠎ᠠ ᠵᠢᠨ ᠲᠠᠶ᠋ᠢᠯᠤᠮᠵᠢ (ᠳᠦᠷᠪᠡᠳᠦᠭᠡᠷ ᠬᠤᠭᠤᠴᠠᠭ᠎ᠠ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ《ᠠᠷᠪᠠᠨ ᠳᠥᠷᠪᠡᠳᠦᠭᠡᠷ ᠲᠠᠪᠤᠨ ᠵᠢᠯ》᠎ᠤᠨ ᠤᠷᠠᠯᠢᠭ᠎ᠤᠨ ᠵᠣᠬᠢᠶᠠᠨ ᠪᠦᠲᠦᠭᠡᠯᠭᠡ ᠵᠢᠨ ᠲᠥᠯᠥᠪᠵᠢᠭᠦᠯᠭᠡ
ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠰᠤᠶᠤᠯ ᠵᠢᠭᠤᠯᠴᠢᠯᠠᠯ᠎ᠤᠨ ᠲᠢᠩᠬᠢᠮ᠎ᠤᠨ ᠦᠶᠡᠷ᠎ᠤᠨ ᠬᠤᠭᠤᠴᠠᠭ᠋ᠠᠨ᠎ᠤ ᠵᠢᠭᠤᠯᠴᠢᠯᠠᠯ᠎ᠤᠨ ᠲᠤᠬᠠᠢ ᠠᠮᠤᠷ ᠲᠦᠪᠰᠢᠨ᠎ᠤ ᠰᠠᠨᠠᠭᠤᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠦᠪᠯᠡᠨ ᠤᠯᠠᠮᠵᠢᠯᠠᠭᠴᠢ ᠵᠢᠨ ᠦᠪᠯᠡᠨ ᠤᠯᠠᠮᠵᠢᠯᠠᠬᠤ ᠠᠵᠢᠯᠯᠠᠭ᠎ᠠ ᠵᠢ ᠦᠨᠡᠯᠡᠨ ᠵᠢᠱ᠌ᠢᠵᠦ ᠬᠡᠷᠡᠭᠵᠢᠭᠦᠯᠬᠦ ᠨᠠᠷᠢᠨ ᠲᠦᠷᠢᠮ》᠎ᠤᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
 
            