ᠣᠢ᠌ᠷ᠎ᠠ᠎ᠳᠤ᠂ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠠᠯᠪᠠᠨ ᠲᠢᠩᠬᠢᠮ 《ᠰᠣᠶᠣᠯ ᠤᠷᠠᠯᠢᠭ᠎ᠤᠨ ᠲᠥᠷᠥᠯ᠎ᠤᠨ ᠰᠤᠷᠭ᠋ᠠᠭᠤᠯᠢ ᠵᠢᠨ ᠭᠠᠳᠠᠨᠠᠬᠢ ᠪᠤᠯᠪᠠᠰᠤᠷᠠᠯ᠎ᠤᠨ ᠬᠠᠮᠢᠶᠠᠷᠤᠯᠲᠠ ᠵᠢᠨ ᠬᠠᠮᠢᠶ᠎ᠠ ᠪᠦᠬᠦᠢ ᠠᠵᠢᠯ᠎ᠢ ᠰᠠᠢ᠌ᠲᠤᠷ ᠬᠢᠬᠦ ᠲᠤᠬᠠᠢ ᠮᠡᠳᠡᠭᠳᠡᠯ》 (《ᠮᠡᠳᠡᠭᠳᠡᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠪᠠ᠃ ᠰᠣᠶᠣᠯ ᠤᠷᠠᠯᠢᠭ᠎ᠤᠨ ᠲᠦᠷᠦᠯ᠎ᠤᠨ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠯ᠎ᠤᠨ ᠬᠠᠮᠢᠶᠠᠷᠤᠯᠲᠠ ᠵᠢ ᠵᠢᠷᠤᠮᠵᠢᠭᠤᠯᠬᠤ ᠪᠠ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠠᠳᠠᠷᠠᠭᠤᠯᠤᠨ ᠤᠯᠠᠮᠵᠢᠯᠠᠬᠤ᠂ ᠪᠣᠳᠠᠰ᠎ᠤᠨ ᠪᠤᠰᠤ ᠰᠣᠶᠣᠯ᠎ᠤᠨ ᠥᠪ᠎ᠢ ᠤᠯᠠᠮᠵᠢᠯᠠᠨ ᠬᠠᠮᠠᠭ᠋ᠠᠯᠠᠬᠤ ᠵᠢ ᠠᠬᠢᠭᠤᠯᠬᠤ᠂ ᠤᠯᠠᠨ ᠲᠦᠮᠡᠨ᠎ᠤ ᠰᠣᠶᠣᠯ ᠤᠷᠠᠯᠢᠭ᠎ᠤᠨ ᠬᠡᠪ ᠴᠢᠨᠠᠷ᠎ᠢ ᠳᠡᠭᠡᠭᠰᠢᠯᠡᠭᠦᠯᠬᠦ᠂ ᠦᠨᠳᠦᠰᠦᠨ ᠱᠠᠲᠤᠨ᠎ᠤ ᠤᠯᠠᠨ ᠲᠦᠮᠡᠨ᠎ᠤ ᠰᠣᠶᠣᠯ᠎ᠤᠨ ᠠᠮᠢᠳᠤᠷᠠᠯ᠎ᠢ ᠪᠠᠶᠠᠯᠢᠭᠵᠢᠭᠤᠯᠬᠤ ᠵᠡᠷᠭᠡ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠪᠣᠳᠣᠯᠬᠢᠯᠠᠬᠤ ᠬᠡᠷᠡᠭᠲᠡᠢ᠂ ᠰᠣᠶᠣᠯ ᠪᠠ ᠵᠢᠭᠤᠯᠴᠢᠯᠠᠯ᠎ᠤᠨ ᠰᠢᠰᠲ᠋ᠧᠮ᠎ᠤᠨ ᠲᠤᠰᠬᠠᠢ ᠮᠡᠷᠭᠡᠵᠢᠯ᠎ᠤᠨ ᠴᠢᠳᠠᠪᠤᠷᠢᠲᠠᠨ᠂ ᠲᠤᠨᠤᠭ ᠲᠥᠬᠦᠭᠡᠷᠦᠮᠵᠢ ᠲᠠᠯᠠᠪᠤᠷ ᠭᠠᠵᠠᠷ᠂ ᠪᠠᠷᠢᠮᠵᠢᠶ᠎ᠠ ᠵᠢᠷᠤᠮᠵᠢᠯ ᠵᠡᠷᠭᠡ ᠰᠣᠶᠣᠯ ᠤᠷᠠᠯᠢᠭ᠎ᠤᠨ ᠡᠬᠢ ᠪᠠᠶᠠᠯᠢᠭ᠎ᠤᠨ ᠨᠡᠢ᠌ᠭᠡᠮ᠎ᠤᠨ ᠦᠷ᠎ᠡ ᠠᠰᠢᠭ᠎ᠢ ᠨᠠᠩ ᠪᠦᠲᠦᠮᠵᠢᠲᠡᠶ ᠪᠠᠳᠠᠷᠠᠭᠤᠯᠵᠤ᠂ ᠠᠷᠠᠳ ᠣᠯᠠᠨ᠎ᠤ ᠰᠢᠯᠢᠳᠡᠭ ᠰᠣᠶᠣᠯ ᠤᠷᠠᠯᠢᠭ᠎ᠤᠨ ᠲᠥᠷᠥᠯ᠎ᠤᠨ ᠰᠤᠷᠭ᠋ᠠᠭᠤᠯᠢ ᠵᠢᠨ ᠭᠠᠳᠠᠨᠠᠬᠢ ᠪᠤᠯᠪᠠᠰᠤᠷᠠᠯ᠎ᠤᠨ ᠡᠬᠢ ᠪᠠᠶᠠᠯᠢᠭ ᠪᠠ ᠴᠢᠨᠠᠷ ᠰᠠᠢ᠌ᠲᠠᠢ ᠰᠣᠶᠣᠯ᠎ᠤᠨ ᠦᠢ᠍ᠯᠡᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠨᠠᠩ ᠰᠠᠢ᠌ᠲᠤᠷ ᠬᠠᠩᠭ᠋ᠠᠬᠤ ᠬᠡᠷᠡᠭᠲᠡᠢ ᠭᠡᠵᠦ ᠲᠣᠳᠣᠷᠬᠠᠢ᠌ᠯᠠᠪᠠ᠃
《ᠮᠡᠳᠡᠭᠳᠡᠯ》᠎ᠳᠤ᠂ ᠲᠤᠰ ᠭᠠᠵᠠᠷ ᠣᠷᠣᠨ᠎ᠤ 《ᠬᠣᠶᠠᠷ᠎ᠢ ᠪᠠᠭ᠋ᠠᠰᠬᠠᠬᠤ》 ᠠᠵᠢᠯ᠎ᠤᠨ ᠶᠡᠷᠦᠩᠬᠡᠢ ᠪᠠᠢ᠌ᠷᠢᠯᠠᠭᠤᠯᠤᠯᠲᠠ ᠪᠠ ᠰᠢᠢ᠍ᠳᠪᠦᠷᠢᠲᠦ ᠪᠣᠳᠣᠯᠭ᠎ᠠ ᠵᠢᠨ ᠲᠣᠬᠢᠷᠠᠭᠤᠯᠤᠯᠲᠠ ᠵᠢ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠰᠣᠶᠣᠯ ᠪᠠ ᠵᠢᠭᠤᠯᠴᠢᠯᠠᠯ᠎ᠤᠨ ᠰᠠᠯᠠᠭ᠎ᠠ ᠮᠥᠴᠢᠷ᠎ᠤᠨ 《ᠬᠣᠶᠠᠷ᠎ᠢ ᠪᠠᠭ᠋ᠠᠰᠬᠠᠬᠤ》 ᠰᠠᠯᠠᠭ᠎ᠠ ᠮᠥᠴᠢᠷ᠎ᠤᠨ ᠡᠭᠦᠷᠭᠡ ᠵᠢᠨ ᠠᠵᠢᠯ᠎ᠤᠨ ᠬᠤᠪᠢᠶᠠᠷᠢᠯᠠᠯ᠎ᠢ ᠨᠠᠢ᠌ᠳᠠᠪᠤᠷᠢᠵᠢᠭᠤᠯᠬᠤ ᠳᠤᠮᠳᠠᠬᠢ ᠬᠠᠷᠢᠭᠤᠴᠠᠯᠭ᠎ᠠ ᠡᠭᠦᠷᠭᠡᠯᠡᠯ᠎ᠢ ᠭᠦᠢ᠍ᠴᠡᠳ ᠢᠯᠡᠷᠡᠭᠦᠯᠵᠦ᠂ ᠡᠭᠦᠷᠭᠡᠯᠡᠵᠦ ᠳᠡᠶ᠋ᠢᠯᠬᠦ ᠪᠦᠬᠦᠨ᠎ᠢ ᠡᠬᠦᠷᠭᠡᠯᠡᠵᠦ᠂ 《ᠶᠣᠰᠣ ᠮᠣᠷᠠᠯ ᠵᠶ᠋ᠠᠷ ᠬᠥᠮᠥᠨ᠎ᠢ ᠬᠥᠮᠥᠵᠢᠭᠦᠯᠬᠦ》 ᠦᠨᠳᠦᠰᠦᠨ ᠡᠭᠦᠷᠭᠡ ᠵᠢ ᠨᠠᠢ᠌ᠳᠠᠪᠤᠷᠢᠵᠢᠭᠤᠯᠤᠨ᠂ ᠨᠡᠢ᠌ᠭᠡᠮ᠎ᠤᠨ ᠦᠷ᠎ᠡ ᠠᠰᠢᠭ᠎ᠢ ᠲᠡᠷᠢᠭᠦᠨ ᠪᠠᠢ᠌ᠷᠢᠨ᠎ᠳᠤ ᠲᠠᠯᠪᠢᠵᠤ᠂ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠬᠠᠷᠢᠭᠤᠴᠠᠯᠭ᠎ᠠ ᠵᠢᠨ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠵᠤ᠂ ᠬᠤᠰᠢᠭᠤᠴᠢᠯᠠᠬᠤ ᠰᠠᠯᠠᠭ᠎ᠠ ᠮᠥᠴᠢᠷ᠎ᠲᠠᠢ ᠪᠥᠬᠥ ᠬᠦᠴᠦᠨ ᠵᠶ᠋ᠡᠷ ᠵᠶ᠋ᠡᠨ ᠬᠠᠮᠵᠢᠯᠴᠠᠨ ᠰᠣᠶᠣᠯ ᠤᠷᠠᠯᠢᠭ᠎ᠤᠨ ᠲᠥᠷᠥᠯ᠎ᠤᠨ ᠰᠤᠷᠭ᠋ᠠᠭᠤᠯᠢ ᠵᠢᠨ ᠭᠠᠳᠠᠨᠠᠬᠢ ᠪᠤᠯᠪᠠᠰᠤᠷᠠᠯ᠎ᠤᠨ ᠬᠦᠷᠢᠶᠡᠨ ᠳᠤ᠎ᠬᠢ ᠬᠢᠨᠠᠯᠲᠠ ᠬᠠᠮᠢᠶᠠᠷᠤᠯᠲᠠ ᠵᠢᠨ ᠠᠵᠢᠯ᠎ᠢ ᠰᠠᠢ᠌ᠲᠤᠷ ᠬᠢᠬᠦ ᠬᠡᠷᠡᠭᠲᠡᠢ; ᠰᠣᠶᠣᠯ ᠤᠷᠠᠯᠢᠭ᠎ᠤᠨ ᠲᠥᠷᠥᠯ᠎ᠤᠨ ᠰᠤᠷᠭ᠋ᠠᠭᠤᠯᠢ ᠵᠢᠨ ᠭᠠᠳᠠᠨᠠᠬᠢ ᠪᠤᠯᠪᠠᠰᠤᠷᠠᠯ᠎ᠤᠨ ᠰᠣᠷᠣᠭᠴᠢ ᠡᠯᠰᠡᠬᠦ ᠤᠬᠠᠭᠤᠯᠭ᠎ᠠ ᠵᠢ ᠴᠢᠩᠭ᠎ᠠ ᠵᠢᠷᠤᠮᠵᠢᠭᠤᠯᠵᠤ᠂ ᠶᠠᠮᠠᠷᠪᠠ ᠬᠡᠯᠪᠡᠷᠢ ᠵᠢᠨ ᠰᠣᠶᠣᠯ ᠤᠷᠠᠯᠢᠭ᠎ᠤᠨ ᠬᠢᠷᠢ ᠬᠡᠮᠵᠢᠶᠡᠨ᠎ᠤ ᠰᠤᠷᠢᠯᠲᠠ᠂ ᠰᠢᠯᠭ᠋ᠠᠯᠲᠠ ᠵᠡᠷᠭᠡ᠎ᠪᠠᠷ ᠳᠠᠮᠵᠢᠭᠤᠯᠤᠨ ᠰᠣᠷᠣᠭᠴᠢ ᠡᠯᠰᠡᠬᠦ ᠵᠢᠨ ᠵᠢᠯᠣᠭᠣᠳᠤᠮᠵᠢ ᠪᠣᠯᠭ᠋ᠠᠵᠤ ᠪᠣᠯᠬᠤ ᠦᠭᠡᠢ᠃ ᠰᠣᠶᠣᠯ ᠪᠠ ᠵᠢᠭᠤᠯᠴᠢᠯᠠᠯ᠎ᠤᠨ ᠰᠠᠯᠠᠭ᠎ᠠ ᠮᠥᠴᠢᠷ ᠵᠶ᠋ᠡᠷ ᠲᠤᠰ ᠭᠠᠵᠠᠷ ᠣᠷᠣᠨ᠎ᠤ ᠰᠣᠶᠣᠯ ᠤᠷᠠᠯᠢᠭ᠎ᠤᠨ ᠲᠥᠷᠥᠯ᠎ᠤᠨ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠯ᠎ᠤᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠭ᠋ᠠᠬᠤ᠎ᠪᠠᠷ ᠲᠣᠳᠣᠷᠬᠠᠢ᠌ᠯᠠᠭᠰᠠᠨ ᠪᠠᠢ᠌ᠪᠠᠯ᠂ ᠡᠯ᠎ᠡ ᠱᠠᠲᠤᠨ᠎ᠤ ᠰᠣᠶᠣᠯ ᠪᠠ ᠵᠢᠭᠤᠯᠴᠢᠯᠠᠯ᠎ᠤᠨ ᠰᠠᠯᠠᠭ᠎ᠠ ᠮᠥᠴᠢᠷ᠎ᠤᠳ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ᠎ᠯᠦᠭᠡ ᠬᠠᠮᠢᠶ᠎ᠠ ᠪᠦᠬᠦᠢ ᠠᠵᠢᠯ ᠵᠶ᠋ᠠᠨ ᠵᠤᠯᠭ᠋ᠠᠭᠤᠯᠬᠤ ᠵᠢ ᠲᠦᠷᠬᠡᠨ ᠪᠡᠶᠡᠯᠡᠭᠦᠯᠵᠦ᠂ ᠠᠵᠢᠯ᠎ᠤᠨ ᠵᠣᠬᠢᠶᠠᠨ ᠪᠠᠢ᠌ᠭᠤᠯᠤᠯᠲᠠ᠂ ᠪᠠᠲᠤᠯᠠᠭ᠎ᠠ ᠪᠠ ᠲᠣᠭᠲᠠᠴᠠ ᠵᠢᠨ ᠪᠠᠢ᠌ᠭᠤᠯᠤᠯᠲᠠ ᠵᠢ ᠴᠢᠩᠭ᠋ᠠᠷᠠᠭᠤᠯᠤᠨ᠂ ᠲᠣᠰ ᠭᠠᠵᠠᠷ ᠣᠷᠣᠨ᠎ᠤ ᠰᠣᠶᠣᠯ ᠤᠷᠠᠯᠢᠭ᠎ᠤᠨ ᠲᠥᠷᠥᠯ᠎ᠤᠨ ᠰᠤᠷᠭ᠋ᠠᠭᠤᠯᠢ ᠵᠢᠨ ᠭᠠᠳᠠᠨᠠᠬᠢ ᠪᠤᠯᠪᠠᠰᠤᠷᠠᠯ᠎ᠤᠨ ᠪᠠᠢ᠌ᠭᠤᠯᠤᠮᠵᠢ ᠵᠢ ᠲᠣᠬᠢᠷᠠᠭᠤᠯᠬᠤ ᠪᠠᠷᠢᠮᠵᠢᠶ᠎ᠠ᠂ ᠬᠢᠨᠠᠨ ᠵᠥᠪᠰᠢᠶᠡᠷᠡᠬᠦ ᠨᠥᠬᠥᠴᠡᠯ ᠪᠠ ᠬᠠᠮᠢᠶᠠᠷᠤᠯᠲᠠ ᠵᠢᠨ ᠠᠷᠭ᠎ᠠ ᠵᠢ ᠱᠠᠯᠠᠪᠳᠠᠨ ᠰᠤᠳᠤᠯᠤᠨ ᠲᠣᠭᠲᠠᠭ᠋ᠠᠬᠤ ᠵᠢᠨ ᠬᠠᠮᠲᠤ ᠮᠤᠵᠢ ᠵᠢᠨ ᠱᠠᠲᠤᠨ᠎ᠤ ᠰᠣᠶᠣᠯ ᠪᠠ ᠵᠢᠭᠤᠯᠴᠢᠯᠠᠯ᠎ᠤᠨ ᠰᠠᠯᠠᠭ᠎ᠠ ᠮᠥᠴᠢᠷ᠎ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠢ ; ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ᠎ᠢ ᠲᠣᠰ ᠭᠠᠵᠠᠷ ᠣᠷᠣᠨ᠎ᠤ ᠰᠣᠶᠣᠯ ᠤᠷᠠᠯᠢᠭ᠎ᠤᠨ ᠲᠥᠷᠥᠯ᠎ᠤᠨ ᠰᠤᠷᠭ᠋ᠠᠭᠤᠯᠢ ᠵᠢᠨ ᠭᠠᠳᠠᠨᠠᠬᠢ ᠪᠤᠯᠪᠠᠰᠤᠷᠠᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠭ᠋ᠠᠬᠤ᠎ᠪᠠᠷ ᠲᠣᠳᠣᠷᠬᠠᠢ᠌ᠯᠠᠭᠰᠠᠨ ᠪᠠᠢ᠌ᠪᠠᠯ᠂ ᠡᠯ᠎ᠡ ᠱᠠᠲᠤᠨ᠎ᠤ ᠰᠣᠶᠣᠯ ᠪᠠ ᠵᠢᠭᠤᠯᠴᠢᠯᠠᠯ᠎ᠤᠨ ᠰᠠᠯᠠᠭ᠎ᠠ ᠮᠥᠴᠢᠷ᠎ᠤᠳ ᠢᠳᠡᠪᠬᠢᠲᠡᠢ᠎ᠪᠠᠷ ᠬᠠᠮᠵᠢᠯᠴᠠᠨ ᠬᠠᠮᠢᠶ᠎ᠠ ᠪᠦᠬᠦᠢ ᠠᠵᠢᠯ᠎ᠢ ᠰᠠᠢ᠌ᠲᠤᠷ ᠬᠢᠬᠦ ᠬᠡᠷᠡᠭᠲᠡᠢ ᠭᠡᠵᠦ ᠱᠠᠭ᠋ᠠᠷᠳᠠᠪᠠ᠃
《ᠮᠡᠳᠡᠭᠳᠡᠯ》᠎ᠳᠤ᠂ ᠲᠤᠰ ᠭᠠᠵᠠᠷ ᠣᠷᠣᠨ᠎ᠤ ᠰᠣᠶᠣᠯ ᠤᠷᠠᠯᠢᠭ᠎ᠤᠨ ᠲᠥᠷᠥᠯ᠎ᠤᠨ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠯ᠎ᠤᠨ ᠦᠨᠳᠦᠰᠦᠨ ᠪᠠᠢ᠌ᠳᠠᠯ᠎ᠤᠨ ᠪᠠᠢ᠌ᠴᠠᠭ᠋ᠠᠯᠲᠠ ᠣᠢ᠌ᠯᠠᠭ᠋ᠠᠯᠲᠠ ᠵᠢ ᠢᠳᠡᠪᠬᠢᠲᠡᠢ ᠥᠷᠨᠢᠭᠦᠯᠵᠦ᠂ ᠪᠣᠯᠪᠠᠰᠤᠷᠠᠯ᠎ᠤᠨ ᠪᠠᠢ᠌ᠭᠤᠯᠤᠮᠵᠢ ᠵᠢᠨ ᠲᠣᠭ᠎ᠠ ᠬᠡᠮᠵᠢᠶ᠎ᠡ᠂ ᠲᠠᠷᠬᠠᠯᠲᠠ᠂ ᠰᠢᠨᠵᠢ ᠴᠢᠨᠠᠷ᠂ ᠬᠡᠪᠴᠢᠶ᠎ᠡ᠂ ᠲᠤᠨᠤᠭ ᠲᠦᠬᠦᠭᠡᠷᠦᠮᠵᠢ ᠵᠢᠨ ᠨᠥᠬᠥᠴᠡᠯ᠂ ᠪᠠᠭᠰᠢ᠂ ᠵᠢᠭ᠋ᠠᠬᠤ ᠮᠠᠲ᠋ᠧᠷᠢᠶᠠᠯ᠂ ᠪᠣᠯᠪᠠᠰᠤᠷᠠᠯ᠎ᠤᠨ ᠠᠭᠤᠯᠭ᠎ᠠ᠂ ᠰᠦᠢ᠍ᠳᠬᠡᠯ ᠬᠤᠷᠢᠶᠠᠯᠲᠠ᠂ ᠦᠨᠡᠯᠡᠯᠲᠡ᠂ ᠣᠷᠣᠰᠢᠵᠤ ᠪᠠᠢ᠌ᠭ᠎ᠠ ᠠᠰᠠᠭᠤᠳᠠᠯ ᠵᠡᠷᠭᠡ ᠪᠠᠢ᠌ᠳᠠᠯ᠎ᠢ ᠭᠦᠨᠵᠡᠭᠡᠢ ᠣᠢ᠌ᠯᠠᠭ᠋ᠠᠵᠤ᠂ ᠰᠣᠶᠣᠯ ᠤᠷᠠᠯᠢᠭ᠎ᠤᠨ ᠲᠥᠷᠥᠯ᠎ᠤᠨ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠯ᠎ᠤᠨ ᠪᠠᠢ᠌ᠭᠤᠯᠤᠮᠵᠢ ᠵᠢ ᠵᠢᠷᠤᠮᠵᠢᠭᠤᠯᠤᠨ ᠬᠠᠮᠢᠶᠠᠷᠬᠤ᠂ ᠰᠣᠶᠣᠯ ᠤᠷᠠᠯᠢᠭ᠎ᠤᠨ ᠲᠥᠷᠥᠯ᠎ᠤᠨ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠯ᠎ᠤᠨ ᠡᠷᠡᠭᠦᠯ ᠵᠶ᠋ᠡᠷ ᠬᠥᠭᠵᠢᠬᠦ ᠵᠢ ᠠᠬᠢᠭᠤᠯᠬᠤ ᠲᠤᠬᠠᠢ ᠦᠨᠳᠦᠰᠦᠨ ᠱᠠᠲᠤᠨ᠎ᠤ ᠰᠣᠶᠣᠯ ᠪᠠ ᠵᠢᠭᠤᠯᠴᠢᠯᠠᠯ᠎ᠤᠨ ᠰᠠᠯᠠᠭ᠎ᠠ ᠮᠥᠴᠢᠷ ᠵᠢᠴᠢ ᠬᠠᠮᠢᠶ᠎ᠠ ᠪᠦᠬᠦᠢ ᠰᠣᠶᠣᠯ ᠤᠷᠠᠯᠢᠭ᠎ᠤᠨ ᠠᠵᠤ ᠠᠬᠤᠢ᠌ᠯᠠᠯ᠂ ᠠᠵᠢᠯ ᠦᠢ᠍ᠯᠡᠰ᠎ᠤᠨ ᠨᠢᠭᠡᠴᠢ ᠵᠡᠷᠭᠡ ᠵᠢᠨ ᠰᠠᠨᠠᠯ ᠰᠠᠨᠠᠭᠤᠯᠭ᠎ᠠ ᠵᠢ ᠥᠷᠭᠡᠨ ᠵᠶ᠋ᠡᠷ ᠰᠤᠨᠤᠰᠬᠤ ᠬᠡᠷᠡᠭᠲᠡᠢ; ᠰᠣᠶᠣᠯ ᠤᠷᠠᠯᠢᠭ᠎ᠤᠨ ᠲᠥᠷᠥᠯ᠎ᠤᠨ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠯ᠎ᠤᠨ ᠪᠠᠢ᠌ᠭᠤᠯᠤᠮᠵᠢ ᠵᠢᠨ ᠲᠣᠬᠢᠷᠠᠭᠤᠯᠤᠯᠲᠠ ᠵᠢᠨ ᠪᠠᠷᠢᠮᠵᠢᠶ᠎ᠠ ᠪᠠ ᠪᠠᠶ᠋ᠢᠭᠤᠯᠬᠤ ᠵᠢ ᠬᠢᠨᠠᠨ ᠵᠥᠪᠰᠢᠶᠡᠷᠡᠬᠦ ᠳᠤᠮᠳᠠᠬᠢ ᠲᠤᠰᠬᠠᠢ ᠮᠡᠷᠭᠡᠵᠢᠯ᠎ᠤᠨ ᠲᠤᠯᠭ᠋ᠠᠭᠤᠷᠢᠯᠠᠯ ᠪᠠ ᠪᠠᠲᠤᠯᠠᠭ᠎ᠠ ᠵᠢᠨ ᠦᠢ᠍ᠯᠡᠳᠦᠯ᠎ᠢ ᠬᠦᠴᠦᠯᠡᠨ ᠪᠠᠳᠠᠷᠠᠭᠤᠯᠵᠤ᠂ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ᠎ᠲᠠᠢ ᠬᠠᠮᠵᠢᠯᠴᠠᠨ ᠵᠠᠯᠠᠭᠤᠴᠤᠳ ᠪᠠᠭ᠋ᠠᠴᠤᠳ᠎ᠤᠨ ᠤᠷᠠᠯᠢᠭ᠎ᠤᠨ ᠪᠣᠶ᠋ᠢᠵᠢᠯᠲᠠ ᠵᠢᠨ ᠵᠢᠮ᠎ᠡ ᠶᠣᠰᠣᠨ᠎ᠤ ᠰᠤᠳᠤᠯᠭ᠋ᠠᠨ᠎ᠢ ᠴᠢᠩᠭ᠋ᠠᠳᠬᠠᠵᠤ᠂ ᠠᠳᠠᠯᠢ ᠪᠤᠰᠤ ᠰᠣᠶᠣᠯ ᠤᠷᠠᠯᠢᠭ᠎ᠤᠨ ᠲᠦᠷᠦᠯ᠎ᠳᠤ ᠬᠣᠯᠪᠣᠭᠳᠠᠭᠰᠠᠨ ᠪᠣᠯᠪᠠᠰᠤᠷᠠᠯ᠎ᠤᠨ ᠲᠠᠯᠠᠪᠤᠷ᠎ᠤᠨ ᠦᠨᠳᠦᠰᠦᠨ ᠲᠤᠨᠤᠭ ᠲᠦᠬᠦᠭᠡᠷᠦᠮᠵᠢ ᠵᠢᠨ ᠨᠥᠬᠥᠴᠡᠯ᠂ ᠪᠣᠯᠪᠠᠰᠤᠷᠠᠯ᠎ᠤᠨ ᠪᠠᠭᠰᠢ ᠵᠢᠨ ᠨᠥᠬᠥᠴᠡᠯ᠂ ᠠᠮᠤᠷ ᠲᠦᠪᠰᠢᠨ᠎ᠤ ᠪᠠᠲᠤᠯᠠᠪᠤᠷᠢ ᠵᠢᠨ ᠠᠷᠭ᠎ᠠ ᠬᠡᠮᠵᠢᠶ᠎ᠡ᠂ ᠬᠢᠴᠢᠶᠡᠯ᠎ᠤᠨ ᠠᠭᠤᠯᠭ᠎ᠠ ᠵᠢᠨ ᠲᠣᠬᠢᠷᠠᠭᠤᠯᠤᠯᠲᠠ ᠵᠡᠷᠭᠡ ᠲᠠᠯ᠎ᠠ᠎ᠪᠠᠷ ᠲᠤᠰᠬᠠᠢ ᠮᠡᠷᠭᠡᠵᠢᠯᠲᠡᠨ᠎ᠤ ᠨᠤᠲᠠᠯᠠᠯᠲᠠ ᠪᠠ ᠲᠤᠰᠬᠠᠢ ᠮᠡᠷᠭᠡᠵᠢᠯ᠎ᠤᠨ ᠪᠣᠭᠣᠮᠲᠠ ᠵᠢ ᠰᠠᠢ᠌ᠲᠤᠷ ᠠᠳᠬᠤᠬᠤ ᠬᠡᠷᠡᠭᠲᠡᠢ ; ᠰᠣᠶᠣᠯ ᠤᠷᠠᠯᠢᠭ᠎ᠤᠨ ᠲᠥᠷᠥᠯ᠎ᠤᠨ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠯ᠎ᠤᠨ ᠬᠠᠮᠢᠶᠠᠷᠤᠯᠲᠠ ᠵᠢᠨ ᠬᠠᠮᠢᠶ᠎ᠠ ᠪᠦᠬᠦᠢ ᠠᠵᠢᠯ᠎ᠢ ᠬᠠᠮᠵᠢᠯᠴᠠᠨ ᠰᠠᠢ᠌ᠲᠤᠷ ᠬᠢᠬᠦ᠎ᠳᠤ ᠬᠠᠤᠯᠢ ᠶᠣᠰᠣᠭ᠋ᠠᠷ ᠵᠠᠰᠠᠭ ᠶᠠᠪᠤᠭᠤᠯᠬᠤ᠂ ᠳᠦᠷᠢᠮ ᠲᠣᠭᠲᠠᠭ᠋ᠠᠯ ᠰᠠᠬᠢᠯᠭ᠎ᠠ ᠪᠠᠲᠤ ᠶᠣᠰᠣᠭ᠋ᠠᠷ ᠠᠵᠢᠯ ᠢ ᠭᠦᠢ᠍ᠴᠡᠳᠬᠡᠬᠦ ᠵᠢ ᠪᠠᠷᠢᠮᠲᠠᠯᠠᠬᠤ ᠬᠡᠷᠡᠭᠲᠡᠢ ᠭᠡᠵᠦ ᠳᠤᠷᠠᠳᠪᠠ ᠃ (ᠰᠤᠶᠤᠯ ᠵᠢᠭᠤᠯᠴᠢᠯᠠᠯ)