ᠤᠯᠠᠮᠵᠢᠯᠠᠯᠲᠤ ᠭᠠᠷ ᠤᠷᠠᠯᠠᠯ᠎ᠨᠢ ᠦᠷᠭᠡᠨ ᠤᠯᠠᠨ ᠠᠷᠠᠳ ᠲᠦᠮᠡᠨ᠎ᠤ ᠡᠳᠦᠷ ᠲᠤᠳᠤᠮ᠎ᠤᠨ ᠠᠮᠢᠳᠤᠷᠠᠯ᠎ᠲᠠᠢ ᠨᠢᠭᠲᠠ ᠬᠣᠯᠪᠣᠭ᠎ᠠ᠎ᠲᠠᠢ ᠪᠠᠢ᠌ᠵᠤ᠂ ᠡᠮᠦᠰᠬᠦ᠂ ᠢᠳᠡᠬᠦ᠂ ᠰᠠᠭᠤᠬᠤ᠂ ᠶᠠᠪᠤᠬᠤ ᠵᠡᠷᠭᠡ ᠤᠯᠠᠨ ᠬᠦᠷᠢᠶ᠎ᠡ ᠬᠡᠪᠴᠢᠶ᠎ᠡ᠎ᠲᠠᠢ ᠬᠣᠯᠪᠣᠭᠳᠠᠵᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠴᠢᠬᠤᠯᠠ ᠲᠦᠷᠦᠯ ᠵᠦᠢ᠍ᠯ ᠪᠣᠯᠬᠤ ᠪᠥᠭᠡᠳ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠴᠢᠬᠤᠯᠠ ᠪᠦᠷᠢᠯᠳᠦᠭᠦᠨ ᠬᠡᠰᠡᠭ ᠪᠣᠯᠬᠤ ᠶᠤᠮ᠃ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶ᠎ᠠ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭ᠋ᠠᠯᠠᠵᠤ ᠤᠯᠠᠮᠵᠢᠯᠠᠨ ᠵᠠᠯᠭ᠋ᠠᠮᠵᠢᠯᠠᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠶᠡᠷᠦᠩᠬᠡᠢ ᠱᠦᠵᠢ ᠰᠢ ᠵᠢᠨ ᠫᠢᠩ ᠡᠯ᠎ᠡ ᠭᠠᠵᠠᠷ᠎ᠲᠤ ᠰᠢᠨᠵᠢᠯᠡᠨ ᠪᠠᠢ᠌ᠴᠠᠭ᠋ᠠᠬᠤ ᠪᠠ ᠴᠢᠬᠤᠯᠠ ᠶᠡᠬᠡ ᠲᠦᠷᠦ ᠵᠢᠨ ᠶᠠᠪᠤᠳᠠᠯ᠎ᠤᠨ ᠠᠵᠢᠯᠯᠠᠭ᠎ᠠ ᠳᠤᠮᠳᠠ᠂ ᠤᠯᠠᠮᠵᠢᠯᠠᠯᠲᠤ ᠭᠠᠷ ᠤᠷᠠᠯᠠᠯ᠎ᠤᠨ ᠲᠦᠷᠦᠯ ᠵᠦᠢ᠍ᠯ᠎ᠢ ᠤᠯᠠᠨ ᠤᠳᠠᠭ᠎ᠠ ᠪᠠᠢ᠌ᠴᠠᠭ᠋ᠠᠨ ᠰᠤᠳᠤᠯᠤᠭᠰᠠᠨ ᠪᠥᠭᠡᠳ ᠴᠢᠬᠤᠯᠠ ᠵᠢᠭ᠋ᠠᠪᠤᠷᠢ ᠥᠭᠴᠦ᠂ ᠦᠨᠳᠦᠰᠦᠲᠡᠨ᠎ᠤ ᠰᠣᠶᠣᠯ᠂ ᠤᠯᠠᠮᠵᠢᠯᠠᠯᠲᠤ ᠰᠣᠶᠣᠯ᠎ᠢ ᠵᠠᠯᠭ᠋ᠠᠮᠵᠢᠯᠠᠨ ᠪᠠᠳᠠᠷᠠᠭᠤᠯᠵᠤ᠂ ᠶᠠᠳᠠᠭᠤ ᠵᠢ ᠲᠡᠳᠬᠦᠬᠦ ᠠᠵᠤ ᠦᠢ᠍ᠯᠡᠰ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠪᠡ; ᠨᠡᠢ᠌ᠭᠡᠮ ᠵᠢᠷᠤᠮ᠎ᠤᠨ ᠭᠣᠣᠯᠯᠠᠭᠴᠢ ᠦᠷᠳᠡᠭ᠎ᠤᠨ ᠦᠵᠡᠯᠲᠡ᠎ᠪᠠᠷ ᠵᠢᠯᠣᠭᠣᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠪᠦᠲᠦᠭᠡᠯᠴᠢ ᠴᠢᠨᠠᠷᠲᠠᠢ᠎ᠪᠠᠷ ᠬᠤᠪᠢᠷᠠᠭᠤᠯᠬᠤ᠂ ᠰᠢᠨ᠎ᠡ ᠵᠢ ᠡᠭᠦᠳᠬᠦ ᠴᠢᠨᠠᠷᠲᠠᠢ᠎ᠪᠠᠷ ᠬᠥᠭᠵᠢᠭᠦᠯᠬᠦ ᠵᠢ ᠪᠠᠷᠢᠮᠲᠠᠯᠠᠵᠤ᠂ ᠤᠯᠠᠮᠵᠢᠯᠠᠯᠲᠤ ᠰᠣᠶᠣᠯ ᠪᠣᠯᠣᠨ ᠤᠳᠤ ᠦᠶ᠎ᠡ ᠵᠢᠨ ᠠᠮᠢᠳᠤᠷᠠᠯ᠎ᠤᠨ ᠬᠤᠯᠪᠤᠯᠲᠠ ᠵᠢᠨ ᠴᠡᠭ᠎ᠢ ᠣᠯᠵᠤ᠂ ᠠᠷᠠᠳ ᠲᠦᠮᠡᠨ᠎ᠤ ᠡᠳᠦᠷ ᠢᠷᠡᠬᠦᠶ᠎ᠡ ᠨᠡᠮᠡᠭᠳᠡᠵᠦ ᠪᠠᠢ᠌ᠭ᠎ᠠ ᠰᠠᠢ᠌ᠨ ᠰᠠᠢ᠌ᠬᠠᠨ ᠠᠮᠢᠳᠤᠷᠠᠯ᠎ᠤᠨ ᠬᠡᠷᠡᠭᠴᠡᠭᠡ ᠵᠢ ᠲᠠᠰᠤᠷᠠᠯᠳᠠ ᠦᠭᠡᠢ ᠬᠠᠩᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃
ᠨᠢᠭᠡ᠂ ᠲᠥᠷᠥ ᠵᠢᠨ ᠪᠣᠳᠣᠯᠭ᠎ᠠ ᠵᠢ ᠨᠡᠢ᠌ᠲᠡᠯᠡᠭᠰᠡᠨ ᠲᠡᠦᠬᠡᠨ ᠨᠦᠬᠦᠴᠡᠯ
ᠶᠡᠷᠦᠩᠬᠡᠢ ᠱᠦᠵᠢ ᠰᠢ ᠵᠢᠨ ᠫᠢᠩ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ ᠠᠷᠠᠳ᠎ᠤᠨ ᠠᠵᠤ ᠠᠬᠤᠢ ᠪᠠ ᠨᠡᠢ᠌ᠭᠡᠮ᠎ᠤᠨ ᠬᠥᠭᠵᠢᠯᠲᠡ ᠵᠢᠨ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠦᠪᠵᠢᠭᠦᠯᠭᠡ ᠪᠠ 2035 ᠣᠨ᠎ᠤ ᠠᠯᠤᠰ᠎ᠤᠨ ᠬᠠᠷᠠᠯᠲᠠ ᠵᠢᠨ ᠬᠥᠲᠥᠯᠪᠦᠷᠢ》 ᠳᠤ᠎ᠬᠢ 《ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭ᠋ᠠᠯᠠᠵᠤ ᠤᠯᠠᠮᠵᠢᠯᠠᠨ ᠵᠠᠯᠭ᠋ᠠᠮᠵᠢᠯᠠᠬᠤ ᠰᠢᠰᠲ᠋ᠧᠮ᠎ᠢ ᠲᠡᠭᠦᠯᠳᠡᠷᠵᠢᠭᠦᠯᠵᠦ᠂ ᠦᠨᠳᠦᠰᠦᠲᠡᠨ᠎ᠨᠦᠭᠦᠳ᠎ᠤᠨ ᠰᠢᠯᠢᠳᠡᠭ ᠤᠯᠠᠮᠵᠢᠯᠠᠯᠲᠤ ᠭᠠᠷ ᠤᠷᠠᠯᠠᠯ᠎ᠢ ᠬᠠᠮᠠᠭ᠋ᠠᠯᠠᠵᠤ ᠤᠯᠠᠮᠵᠢᠯᠠᠨ ᠵᠠᠯᠭ᠋ᠠᠮᠵᠢᠯᠠᠬᠤ ᠵᠢ ᠴᠢᠩᠭ᠋ᠠᠳᠬᠠᠬᠤ》 ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠨᠠᠢ᠌ᠳᠠᠪᠤᠷᠢᠵᠢᠭᠤᠯᠵᠤ᠂ ᠤᠯᠠᠮᠵᠢᠯᠠᠯᠲᠤ ᠭᠠᠷ ᠤᠷᠠᠯᠠᠯ᠎ᠢ ᠴᠢᠨᠠᠷ ᠰᠠᠢ᠌ᠲᠠᠢ᠎ᠪᠠᠷ ᠤᠯᠠᠮᠵᠢᠯᠠᠨ ᠬᠥᠭᠵᠢᠭᠦᠯᠬᠦ ᠵᠢ ᠠᠬᠢᠭᠤᠯᠬᠤ ᠵᠢᠨ ᠲᠦᠯᠦᠭᠡ᠂ ᠰᠣᠶᠣᠯ ᠪᠠ ᠵᠢᠭᠤᠯᠴᠢᠯᠠᠯ᠎ᠤᠨ ᠶᠠᠮᠤᠨ᠂ ᠰᠤᠷᠭ᠋ᠠᠨ ᠬᠥᠮᠦᠵᠢᠯ᠎ᠤᠨ ᠶᠠᠮᠤᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠶᠠᠮᠤᠨ᠂ ᠤᠯᠤᠰ᠎ᠤᠨ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠂ ᠡᠳ᠋᠎ᠤᠨ ᠵᠠᠰᠠᠭ᠎ᠤᠨ ᠶᠠᠮᠤᠨ᠂ ᠬᠥᠮᠥᠨ᠎ᠤ ᠬᠦᠴᠦᠨ᠎ᠤ ᠡᠬᠢ ᠪᠠᠶᠠᠯᠢᠭ ᠨᠡᠢ᠌ᠭᠡᠮ᠎ᠤᠨ ᠪᠠᠲᠤᠯᠠᠪᠤᠷᠢ ᠵᠢᠨ ᠶᠠᠮᠤᠨ᠂ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠂ ᠤᠯᠤᠰ᠎ᠤᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠲᠣᠪᠴᠢᠶ᠎ᠠ᠂ ᠤᠯᠤᠰ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠡᠷᠭᠡ 9 ᠰᠠᠯᠠᠭ᠎ᠠ ᠮᠦᠴᠢᠷ ᠲᠤᠰᠬᠠᠢ ᠰᠡᠳᠦᠪᠲᠦ ᠪᠠᠢ᠌ᠴᠠᠭ᠋ᠠᠨ ᠰᠤᠳᠤᠯᠤᠯᠲᠠ᠂ ᠶᠠᠷᠢᠯᠴᠠᠨ ᠰᠤᠳᠤᠯᠬᠤ᠂ ᠲᠤᠰᠬᠠᠢ ᠮᠡᠷᠭᠡᠵᠢᠯᠲᠡᠨ᠎ᠤ ᠨᠤᠲᠠᠯᠠᠯᠲᠠ ᠬᠢᠬᠦ ᠵᠡᠷᠭᠡ ᠶᠡᠬᠡ ᠬᠡᠮᠵᠢᠶᠡᠨ᠎ᠤ ᠠᠵᠢᠯ᠎ᠢ ᠵᠣᠬᠢᠶᠠᠨ ᠪᠠᠢ᠌ᠭᠤᠯᠤᠨ ᠥᠷᠨᠢᠭᠦᠯᠵᠦ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠢ ᠤᠯᠠᠮᠵᠢᠯᠠᠭᠴᠢ᠂ ᠭᠠᠷ ᠤᠷᠠᠯᠠᠯ᠎ᠤᠨ ᠠᠵᠢᠯᠲᠠᠨ᠂ ᠲᠤᠰᠬᠠᠢ ᠮᠡᠷᠭᠡᠵᠢᠯᠲᠡᠨ ᠡᠷᠳᠡᠮᠲᠡᠨ ᠵᠢᠴᠢ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠷᠥᠯ ᠵᠦᠢ᠍ᠯ᠎ᠤᠨ ᠬᠠᠮᠠᠭ᠋ᠠᠯᠠᠯᠲᠠ ᠵᠢᠨ ᠨᠢᠭᠡᠴᠢ᠂ ᠬᠣᠯᠪᠣᠭᠳᠠᠯ ᠪᠦᠬᠦᠢ ᠠᠵᠤ ᠠᠬᠤᠢ᠌ᠯᠠᠯ ᠠᠵᠢᠯ ᠲᠥᠷᠥᠯ᠂ ᠣᠷᠣᠨ ᠨᠤᠲᠤᠭ᠎ᠤᠨ ᠰᠣᠶᠣᠯ ᠪᠠ ᠵᠢᠭᠤᠯᠴᠢᠯᠠᠯ᠎ᠤᠨ ᠰᠠᠯᠠᠭ᠎ᠠ ᠮᠥᠴᠢᠷ ᠵᠡᠷᠭᠡ ᠡᠯ᠎ᠡ ᠲᠠᠯ᠎ᠠ ᠵᠢᠨ ᠰᠠᠨᠠᠯ ᠰᠠᠨᠠᠭᠤᠯᠭ᠎ᠠ ᠵᠢ ᠥᠷᠭᠡᠨ ᠵᠶ᠋ᠡᠷ ᠰᠣᠨᠣᠰᠴᠤ᠂ ᠣᠯᠠᠨ ᠲᠠᠯ᠎ᠠ ᠵᠢᠨ ᠣᠶᠤᠨ ᠤᠬᠠᠭ᠋ᠠᠨ ᠪᠠ ᠬᠠᠮᠲᠤ ᠵᠢᠨ ᠲᠠᠨᠢᠯᠲᠠ ᠵᠢ ᠨᠢᠭᠲᠠᠷᠠᠭᠤᠯᠤᠭᠰᠠᠨ ᠰᠠᠭᠤᠷᠢᠨ ᠳᠡᠭᠡᠷ᠎ᠡ᠂ 《ᠤᠯᠠᠮᠵᠢᠯᠠᠯᠲᠤ ᠭᠠᠷ ᠤᠷᠠᠯᠠᠯ᠎ᠢ ᠴᠢᠨᠠᠷ ᠰᠠᠢ᠌ᠲᠠᠢ ᠤᠯᠠᠮᠵᠢᠯᠠᠨ ᠬᠥᠭᠵᠢᠭᠦᠯᠬᠦ ᠵᠢ ᠠᠬᠢᠭᠤᠯᠬᠤ ᠲᠤᠬᠠᠢ ᠮᠡᠳᠡᠭᠳᠡᠯ》᠎ᠢ ᠨᠠᠢ᠌ᠷᠠᠭᠤᠯᠤᠨ ᠵᠣᠬᠢᠶᠠᠵᠤ᠂ ᠣᠲᠣ 10 ᠰᠠᠯᠠᠭ᠎ᠠ ᠮᠥᠴᠢᠷ ᠵᠢᠩᠬᠢᠨᠢ᠎ᠪᠠᠷ ᠳᠠᠷᠤᠮᠠᠯᠯᠠᠨ ᠲᠠᠷᠬᠠᠭ᠋ᠠᠪᠠ᠃
ᠬᠣᠶᠠᠷ᠂ ᠲᠥᠷᠥ ᠵᠢᠨ ᠪᠣᠳᠣᠯᠭ᠎ᠠ ᠵᠢᠨ ᠭᠣᠣᠯ ᠠᠭᠤᠯᠭ᠎ᠠ
《ᠮᠡᠳᠡᠭᠳᠡᠯ》᠎ᠳᠤ ᠭᠣᠣᠯᠳᠠᠭᠤ ᠶᠡᠷᠦᠩᠬᠡᠢ ᠱᠠᠭ᠋ᠠᠷᠳᠠᠯᠭ᠎ᠠ᠂ ᠭᠣᠣᠯ ᠡᠭᠦᠷᠭᠡ᠂ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠡᠷᠭᠡ ᠭᠤᠷᠪᠠᠨ ᠶᠡᠬᠡ ᠬᠡᠰᠡᠭ᠎ᠢ ᠪᠠᠭᠲᠠᠭ᠋ᠠᠵᠤ᠂ ᠤᠯᠠᠮᠵᠢᠯᠠᠯᠲᠤ ᠭᠠᠷ ᠤᠷᠠᠯᠠᠯ᠎ᠢ ᠴᠢᠨᠠᠷ ᠰᠠᠢ᠌ᠲᠠᠢ ᠤᠯᠠᠮᠵᠢᠯᠠᠨ ᠬᠥᠭᠵᠢᠭᠦᠯᠬᠦ ᠵᠢ ᠲᠦᠯᠬᠢᠨ ᠠᠬᠢᠭᠤᠯᠬᠤ ᠲᠤᠬᠠᠢ ᠪᠣᠳᠠᠲᠠᠢ ᠪᠠᠢ᠌ᠷᠢᠯᠠᠭᠤᠯᠤᠯᠲᠠ ᠬᠢᠪᠡ᠃ 《ᠮᠡᠳᠡᠭᠳᠡᠯ》᠎ᠳᠤ᠂ ᠤᠯᠠᠮᠵᠢᠯᠠᠯᠲᠤ ᠭᠠᠷ ᠤᠷᠠᠯᠠᠯ᠎ᠢ ᠴᠢᠨᠠᠷ ᠰᠠᠢ᠌ᠲᠠᠢ ᠤᠯᠠᠮᠵᠢᠯᠠᠨ ᠬᠥᠭᠵᠢᠭᠦᠯᠬᠦ ᠭᠣᠣᠯ ᠵᠠᠷᠴᠢᠮ᠎ᠢ ᠳᠤᠷᠠᠳᠤᠨ ᠭᠠᠷᠭ᠋ᠠᠪᠠ᠂ ᠲᠠᠷᠤᠢ ᠲᠦᠷᠪᠡ ᠵᠢ ᠪᠠᠷᠢᠮᠲᠠᠯᠠᠬᠤ᠄ ᠠᠷᠠᠳ ᠲᠦᠮᠡᠨ ᠵᠶ᠋ᠡᠷ ᠭᠣᠣᠯ ᠪᠣᠯᠭ᠋ᠠᠬᠤ ᠵᠢ ᠪᠠᠷᠢᠮᠲᠠᠯᠠᠵᠤ᠂ ᠤᠯᠠᠮᠵᠢᠯᠠᠯᠲᠤ ᠭᠠᠷ ᠤᠷᠠᠯᠠᠯ᠎ᠤᠨ ᠬᠥᠭᠵᠢᠯᠲᠡ ᠵᠢᠨ ᠦᠷ᠎ᠡ ᠪᠦᠲᠦᠭᠡᠯ᠎ᠢ ᠠᠷᠠᠳ ᠲᠦᠮᠡᠨ᠎ᠳᠤ ᠬᠠᠮᠲᠤ᠎ᠪᠠᠷ ᠡᠳ᠋ᠯᠡᠭᠦᠯᠬᠦ ᠵᠢ ᠦᠷᠭᠦᠯᠵᠢᠯᠡᠨ ᠠᠬᠢᠭᠤᠯᠤᠨ᠎ᠠ; ᠨᠡᠢ᠌ᠭᠡᠮ ᠵᠢᠷᠤᠮ᠎ᠤᠨ ᠭᠣᠣᠯᠯᠠᠭᠴᠢ ᠦᠷᠳᠡᠭ᠎ᠤᠨ ᠦᠵᠡᠯᠲᠡ᠎ᠪᠠᠷ ᠵᠢᠯᠣᠭᠣᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠨ᠎ᠠ; ᠰᠢᠰᠲ᠋ᠧᠮᠲᠦ ᠴᠢᠨᠠᠷᠲᠠᠢ ᠬᠠᠮᠠᠭ᠋ᠠᠯᠠᠯᠲᠠ ᠵᠢ ᠪᠠᠷᠢᠮᠲᠠᠯᠠᠵᠤ᠂ ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ ᠵᠶ᠋ᠠᠷ ᠤᠯᠠᠮᠵᠢᠯᠠᠯᠲᠤ ᠭᠠᠷ ᠤᠷᠠᠯᠠᠯ᠎ᠢ ᠬᠥᠭᠵᠢᠭᠦᠯᠦᠨ ᠮᠠᠨᠳᠤᠭᠤᠯᠬᠤ ᠪᠦᠬᠦ ᠶᠠᠪᠤᠴᠠ ᠵᠢ ᠬᠥᠲᠥᠯᠥᠨ ᠳᠠᠭ᠋ᠠᠭᠤᠯᠵᠤ᠂ ᠳᠦᠷᠦᠯ ᠬᠤᠪᠢᠶᠠᠨ ᠳᠦᠷᠦ ᠵᠢᠨ ᠪᠣᠳᠣᠯᠭ᠎ᠠ ᠵᠢ ᠬᠡᠷᠡᠭᠵᠢᠭᠦᠯᠵᠦ᠂ ᠰᠢᠨᠵᠢᠯᠡᠬᠦ ᠤᠬᠠᠭ᠋ᠠᠨᠴᠢ᠎ᠪᠠᠷ ᠬᠠᠮᠢᠶᠠᠷᠤᠨ᠎ᠠ; ᠰᠢᠨ᠎ᠡ ᠵᠢ ᠡᠭᠦᠳᠬᠦ ᠵᠢ ᠪᠠᠷᠢᠮᠲᠠᠯᠠᠵᠤ᠂ ᠤᠯᠠᠮᠵᠢᠯᠠᠯᠲᠤ ᠰᠣᠶᠣᠯ ᠪᠠ ᠣᠲᠣ ᠦᠶ᠎ᠡ ᠵᠢᠨ ᠠᠮᠢᠳᠤᠷᠠᠯ᠎ᠤᠨ ᠬᠣᠯᠪᠣᠯᠲᠠ ᠵᠢᠨ ᠴᠡᠭ᠎ᠢ ᠡᠷᠢᠨ ᠣᠯᠵᠤ᠂ ᠤᠯᠠᠮᠵᠢᠯᠠᠯᠲᠤ ᠭᠠᠷ ᠤᠷᠠᠯᠠᠯ᠎ᠢ ᠤᠯᠠᠮᠵᠢᠯᠠᠨ ᠬᠥᠭᠵᠢᠭᠦᠯᠬᠦ᠂ ᠣᠷᠳᠣ ᠬᠤᠭᠤᠴᠠᠭ᠎ᠠ᠎ᠪᠠᠷ ᠬᠠᠮᠠᠭ᠋ᠠᠯᠠᠬᠤ ᠪᠠ ᠥᠨᠢ ᠡᠭᠦᠷᠢᠳᠡ ᠦᠷᠭᠦᠯᠵᠢᠯᠡᠨ ᠠᠰᠢᠭᠯᠠᠬᠤ ᠵᠢ ᠲᠦᠯᠬᠢᠨ ᠠᠬᠢᠭᠤᠯᠤᠨ᠎ᠠ᠃ ᠠᠵᠢᠯ᠎ᠤᠨ ᠬᠠᠷᠠᠯᠲᠠ᠎ᠪᠠᠨ ᠲᠣᠳᠣᠷᠬᠠᠢ᠌ᠯᠠᠵᠤ᠂ 2025 ᠣᠨ ᠪᠣᠯᠬᠤ᠎ᠳᠤ᠂ ᠤᠯᠠᠮᠵᠢᠯᠠᠯᠲᠤ ᠭᠠᠷ ᠤᠷᠠᠯᠠᠯ᠎ᠢ ᠴᠢᠨᠠᠷ ᠰᠠᠢ᠌ᠲᠠᠢ ᠤᠯᠠᠮᠵᠢᠯᠠᠨ ᠬᠥᠭᠵᠢᠭᠦᠯᠬᠦ ᠠᠵᠢᠯ᠎ᠤᠨ ᠲᠣᠭᠲᠠᠴᠠ ᠵᠢ ᠲᠠᠰᠤᠷᠠᠯᠲᠠ ᠦᠭᠡᠢ ᠪᠦᠷᠢᠨᠰᠢᠭᠦᠯᠵᠦ᠂ ᠬᠠᠮᠠᠭ᠋ᠠᠯᠠᠨ ᠵᠠᠯᠭ᠋ᠠᠮᠵᠢᠯᠠᠬᠤ ᠰᠢᠰᠲ᠋ᠧᠮ᠎ᠢ ᠨᠠᠩ ᠲᠡᠭᠦᠯᠳᠡᠷᠵᠢᠭᠦᠯᠦᠨ᠂ ᠦᠨᠳᠦᠰᠦᠲᠡᠨ᠎ᠨᠦᠭᠦᠳ᠎ᠤᠨ ᠰᠢᠯᠢᠳᠡᠭ ᠤᠯᠠᠮᠵᠢᠯᠠᠯᠲᠤ ᠭᠠᠷ ᠤᠷᠠᠯᠠᠯ᠎ᠢ ᠪᠦᠲᠦᠮᠵᠢᠲᠡᠶ ᠬᠠᠮᠠᠭ᠋ᠠᠯᠠᠵᠤ᠂ ᠤᠯᠠᠮᠵᠢᠯᠠᠨ ᠬᠥᠭᠵᠢᠭᠦᠯᠬᠦ ᠵᠠᠭᠪᠤᠷ᠎ᠢ ᠠᠩᠬ᠎ᠠ ᠠᠯᠬᠤᠮ ᠪᠠᠢ᠌ᠭᠤᠯᠤᠨ᠂ ᠠᠵᠢᠯ ᠲᠥᠷᠥᠯ᠎ᠤᠨ ᠬᠥᠭᠵᠢᠯᠲᠡ ᠵᠢᠨ ᠠᠮᠢᠵᠢᠷᠠᠯ᠎ᠤᠨ ᠬᠦᠴᠦᠨ᠎ᠢ ᠢᠯᠡᠳᠲᠡ ᠴᠢᠩᠭ᠋ᠠᠷᠠᠭᠤᠯᠤᠨ᠎ᠠ ᠭᠡᠵᠦ ᠳᠤᠷᠠᠳᠤᠨ ᠭᠠᠷᠭ᠋ᠠᠪᠠ᠃ ᠡᠭᠦᠨ᠎ᠤ ᠬᠠᠮᠲᠤ᠂ ᠤᠯᠠᠮᠵᠢᠯᠠᠯᠲᠤ ᠭᠠᠷ ᠤᠷᠠᠯᠠᠯ᠎ᠤᠨ ᠲᠥᠷᠥᠯ ᠵᠦᠢ᠍ᠯ᠎ᠤᠨ ᠬᠠᠮᠠᠭ᠋ᠠᠯᠠᠯᠲᠠ ᠵᠢ ᠴᠢᠩᠭ᠋ᠠᠳᠬᠠᠬᠤ᠂ ᠥᠨᠳᠥᠷ ᠬᠡᠪ ᠴᠢᠨᠠᠷ ᠪᠦᠬᠦᠢ ᠤᠯᠠᠮᠵᠢᠯᠠᠨ ᠵᠠᠯᠭ᠋ᠠᠮᠵᠢᠯᠠᠬᠤ ᠴᠢᠳᠠᠪᠤᠷᠢᠲᠠᠨ᠎ᠤ ᠡᠩᠨᠡᠭᠡ ᠵᠢ ᠪᠠᠶ᠋ᠢᠭᠤᠯᠬᠤ᠂ ᠤᠯᠠᠮᠵᠢᠯᠠᠯᠲᠤ ᠭᠠᠷ ᠤᠷᠠᠯᠠᠯ᠎ᠤᠨ ᠬᠥᠭᠵᠢᠯᠲᠡ ᠮᠠᠨᠳᠤᠯᠲᠠ ᠵᠢ ᠠᠬᠢᠭᠤᠯᠬᠤ᠂ ᠤᠯᠠᠮᠵᠢᠯᠠᠯᠲᠤ ᠭᠠᠷ ᠤᠷᠠᠯᠠᠯ᠎ᠤᠨ ᠤᠬᠠᠭᠤᠯᠭ᠎ᠠ ᠳᠡᠯᠭᠡᠷᠡᠭᠦᠯᠦᠯᠲᠡ ᠵᠢ ᠴᠢᠩᠭ᠋ᠠᠳᠬᠠᠬᠤ ᠵᠡᠷᠭᠡ 4 ᠲᠠᠯ᠎ᠠ ᠵᠢᠨ ᠭᠣᠣᠯᠳᠠᠯᠭ᠎ᠠ᠎ᠲᠠᠢ ᠡᠭᠦᠷᠭᠡ ᠵᠢ ᠪᠠᠢ᠌ᠷᠢᠯᠠᠭᠤᠯᠪᠠ᠃
ᠭᠤᠷᠪᠠ᠂ ᠲᠥᠷᠥ ᠵᠢᠨ ᠪᠣᠳᠣᠯᠭ᠎ᠠ ᠵᠢᠨ ᠢᠳᠡᠪᠬᠢ ᠦᠢ᠍ᠯᠡᠳᠦᠯ
ᠶᠡᠷᠦᠩᠬᠡᠢ᠎ᠳᠤ᠎ᠨᠢ ᠠᠪᠴᠤ ᠦᠵᠡᠪᠡᠯ᠂ 《ᠮᠡᠳᠡᠭᠳᠡᠯ》᠎ᠳᠤ ᠶᠡᠷᠦᠩᠬᠡᠢ ᠱᠦᠵᠢ ᠰᠢ ᠵᠢᠨ ᠫᠢᠩ᠎ᠤᠨ ᠤᠯᠠᠮᠵᠢᠯᠠᠯᠲᠤ ᠭᠠᠷ ᠤᠷᠠᠯᠠᠯ᠎ᠤᠨ ᠲᠥᠷᠥᠯ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠢ ᠰᠠᠢ᠌ᠲᠤᠷ ᠬᠠᠮᠠᠭ᠋ᠠᠯᠠᠵᠤ᠂ ᠰᠠᠢ᠌ᠲᠤᠷ ᠵᠠᠯᠭ᠋ᠠᠮᠵᠢᠯᠠᠵᠤ᠂ ᠰᠠᠢ᠌ᠲᠤᠷ ᠠᠰᠢᠭᠯᠠᠬᠤ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠤ ᠮᠠᠨ᠎ᠤ ᠤᠯᠤᠰ᠎ᠤᠨ ᠤᠯᠠᠮᠵᠢᠯᠠᠯᠲᠤ ᠭᠠᠷ ᠤᠷᠠᠯᠠᠯ᠎ᠢ ᠴᠢᠨᠠᠷ ᠰᠠᠢ᠌ᠲᠠᠢ ᠤᠯᠠᠮᠵᠢᠯᠠᠨ ᠬᠥᠭᠵᠢᠭᠦᠯᠬᠦ ᠠᠵᠢᠯ᠎ᠢ ᠭᠦᠨᠵᠡᠭᠡᠢ᠌ᠷᠡᠭᠦᠯᠦᠨ ᠠᠬᠢᠭᠤᠯᠬᠤ ᠴᠢᠭᠯᠡᠯ ᠪᠠ ᠠᠷᠭ᠎ᠠ ᠵᠠᠮ᠎ᠢ ᠲᠣᠳᠣᠷᠬᠠᠢ᠌ᠯᠠᠵᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠢ ᠤᠯᠠᠮᠵᠢᠯᠠᠭᠴᠢ᠂ ᠭᠠᠷ ᠤᠷᠠᠯᠠᠯ᠎ᠤᠨ ᠠᠵᠢᠯᠲᠠᠨ᠂ ᠲᠤᠰᠬᠠᠢ ᠮᠡᠷᠭᠡᠵᠢᠯᠲᠡᠨ ᠡᠷᠳᠡᠮᠲᠡᠨ ᠵᠢᠴᠢ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠷᠥᠯ ᠵᠦᠢ᠍ᠯ᠎ᠤᠨ ᠬᠠᠮᠠᠭ᠋ᠠᠯᠠᠯᠲᠠ ᠵᠢᠨ ᠨᠢᠭᠡᠴᠢ᠂ ᠬᠣᠯᠪᠣᠭᠳᠠᠯ ᠪᠦᠬᠦᠢ ᠠᠵᠤ ᠠᠬᠤᠢ᠌ᠯᠠᠯ ᠠᠵᠢᠯ ᠲᠥᠷᠥᠯ᠂ ᠣᠷᠣᠨ ᠨᠤᠲᠤᠭ᠎ᠤᠨ ᠰᠣᠶᠣᠯ ᠪᠠ ᠵᠢᠭᠤᠯᠴᠢᠯᠠᠯ᠎ᠤᠨ ᠰᠠᠯᠠᠭ᠎ᠠ ᠮᠥᠴᠢᠷ ᠵᠡᠷᠭᠡ ᠡᠯ᠎ᠡ ᠲᠠᠯ᠎ᠠ ᠵᠢᠨ᠎ᠬᠢᠨ᠎ᠤ ᠢᠳᠡᠪᠬᠢᠵᠢᠯ᠎ᠢ ᠳᠠᠢ᠌ᠴᠢᠯᠠᠬᠤ᠂ ᠦᠨᠳᠦᠰᠦᠲᠡᠨ᠎ᠨᠦᠭᠦᠳ᠎ᠤᠨ ᠰᠢᠯᠢᠳᠡᠭ ᠤᠯᠠᠮᠵᠢᠯᠠᠯᠲᠤ ᠭᠠᠷ ᠤᠷᠠᠯᠠᠯ᠎ᠤᠨ ᠬᠠᠮᠠᠭ᠋ᠠᠯᠠᠯᠲᠠ ᠪᠠ ᠤᠯᠠᠮᠵᠢᠯᠠᠯ᠎ᠢ ᠴᠢᠩᠭ᠋ᠠᠳᠬᠠᠬᠤ᠂ ᠠᠵᠤ ᠠᠬᠤᠢ ᠨᠡᠢ᠌ᠭᠡᠮ᠎ᠤᠨ ᠴᠢᠨᠠᠷ ᠰᠠᠢ᠌ᠲᠠᠢ ᠬᠥᠭᠵᠢᠯᠲᠡ᠎ᠳᠤ ᠦᠢ᠍ᠯᠡᠴᠢᠯᠡᠬᠦ᠎ᠳᠤ ᠴᠢᠬᠤᠯᠠ ᠠᠬᠢᠭᠤᠯᠬᠤ ᠦᠢ᠍ᠯᠡᠳᠦᠯ᠎ᠲᠠᠢ ᠶᠤᠮ᠃