ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
《ᠣᠯᠠᠨ ᠨᠡᠶ᠋ᠢᠲᠡ ᠵᠢᠨ ᠨᠣᠮ᠎ᠤᠨ ᠰᠠᠩ᠎ᠳᠤ ᠬᠠᠳᠠᠭ᠋ᠠᠯᠠᠵᠤ ᠪᠠᠢ᠌ᠭ᠎ᠠ ᠰᠤᠷᠪᠤᠯᠵᠢ ᠪᠢᠴᠢᠭ ᠮᠠᠲᠸᠷᠢᠶᠠᠯ᠎ᠢ ᠰᠢᠢ᠍ᠳᠪᠦᠷᠢᠯᠡᠬᠦ ᠬᠠᠮᠢᠶᠠᠷᠤᠯᠲᠠ ᠵᠢᠨ ᠠᠷᠭ᠎ᠠ》 ᠵᠢ ᠳᠠᠷᠤᠮᠠᠯᠯᠠᠨ ᠲᠠᠷᠬᠠᠭ᠋ᠠᠪᠠ
ᠨᠡᠶᠢᠲᠡᠯᠡᠭᠰᠡᠨ ᠴᠠᠭ᠄ 2022-10-14

      ᠣᠯᠠᠨ ᠨᠡᠶ᠋ᠢᠲᠡ ᠵᠢᠨ ᠨᠣᠮ᠎ᠤᠨ ᠰᠠᠩ᠎ᠤᠨ ᠰᠢᠨᠵᠢᠯᠡᠬᠦ ᠤᠬᠠᠭ᠋ᠠᠨᠴᠢᠯᠠᠬᠤ᠂ ᠲᠤᠰᠬᠠᠢ᠌ᠵᠢᠭᠤᠯᠬᠤ ᠪᠠᠢ᠌ᠭᠤᠯᠤᠯᠲᠠ ᠵᠢᠨ ᠬᠢᠷᠢ ᠲᠦᠪᠰᠢᠨ᠂ ᠮᠦᠽᠧᠢ᠎ᠳᠤ ᠬᠠᠳᠠᠭ᠋ᠠᠯᠠᠵᠤ ᠪᠠᠢ᠌ᠭ᠎ᠠ ᠰᠤᠷᠪᠤᠯᠵᠢ ᠪᠢᠴᠢᠭ ᠮᠠᠲᠸᠷᠢᠶᠠᠯ᠎ᠢ ᠬᠠᠳᠠᠭ᠋ᠠᠯᠠᠬᠤ ᠶᠠᠰᠤ ᠴᠢᠨᠠᠷ᠎ᠢ ᠳᠡᠭᠡᠭᠰᠢᠯᠡᠭᠦᠯᠵᠦ᠂ ᠨᠣᠮ᠎ᠤᠨ ᠰᠠᠩ᠎ᠳᠤ ᠬᠠᠳᠠᠭ᠋ᠠᠯᠠᠵᠤ ᠪᠠᠢ᠌ᠭ᠎ᠠ ᠰᠤᠷᠪᠤᠯᠵᠢ ᠪᠢᠴᠢᠭ ᠮᠠᠲᠸᠷᠢᠶᠠᠯ᠎ᠤᠨ ᠬᠡᠷᠡᠭᠯᠡᠭᠡᠨ᠎ᠤ ᠥᠷᠲᠡᠭ᠎ᠢ ᠭᠦᠢ᠍ᠴᠡᠳ ᠪᠠᠳᠠᠷᠠᠭᠤᠯᠵᠤ᠂ ᠣᠯᠠᠨ ᠨᠡᠶ᠋ᠢᠲᠡ   ᠵᠢᠨ ᠨᠣᠮ᠎ᠤᠨ ᠰᠠᠩ᠎ᠤᠨ ᠣᠷᠣᠨ ᠰᠠᠭᠤᠴᠠ   ᠵᠢᠨ ᠣᠷᠣᠨ ᠵᠠᠢ   ᠵᠢ ᠪᠦᠲᠦᠮᠵᠢᠲᠡᠶ ᠠᠰᠢᠭᠯᠠᠬᠤ ᠵᠢᠨ ᠲᠦᠯᠦᠭᠡ᠂ ᠰᠣᠶᠣᠯ ᠪᠠ ᠵᠢᠭᠤᠯᠴᠢᠯᠠᠯ᠎ᠤᠨ ᠶᠠᠮᠤᠨ ᠣᠷᠴᠢᠮᠬᠠᠨ᠎ᠳᠤ 《ᠣᠯᠠᠨ ᠨᠡᠶ᠋ᠢᠲᠡ ᠵᠢᠨ ᠨᠣᠮ᠎ᠤᠨ ᠰᠠᠩ᠎ᠳᠤ ᠬᠠᠳᠠᠭ᠋ᠠᠯᠠᠵᠤ ᠪᠠᠢ᠌ᠭ᠎ᠠ ᠰᠤᠷᠪᠤᠯᠵᠢ ᠪᠢᠴᠢᠭ ᠮᠠᠲᠸᠷᠢᠶᠠᠯ᠎ᠢ ᠰᠢᠢ᠍ᠳᠪᠦᠷᠢᠯᠡᠬᠦ ᠬᠠᠮᠢᠶᠠᠷᠤᠯᠲᠠ ᠵᠢᠨ ᠠᠷᠭ᠎ᠠ》 (《ᠠᠷᠭ᠎ᠠ》 ᠭᠡᠵᠦ ᠲᠣᠪᠴᠢᠯᠠᠨ᠎ᠠ) ᠵᠢᠨ ᠮᠡᠳᠡᠭᠳᠡᠯ  ᠎ᠢ ᠳᠠᠷᠤᠮᠠᠯᠯᠠᠨ ᠲᠠᠷᠬᠠᠭ᠋ᠠᠪᠠ᠂ ᠡᠭᠦᠨ᠎ᠳᠤ ᠵᠢᠩᠬᠢᠨᠢ᠎ᠪᠠᠷ ᠨᠣᠮ᠎ᠤᠨ ᠰᠠᠩ᠎ᠳᠤ ᠬᠠᠳᠠᠭ᠋ᠠᠯᠠᠵᠤ ᠪᠠᠢ᠌ᠭ᠎ᠠ ᠰᠤᠷᠪᠤᠯᠵᠢ ᠪᠢᠴᠢᠭ ᠮᠠᠲᠸᠷᠢᠶᠠᠯ  ᠎ᠤᠨ ᠥᠮᠴᠢᠯᠡᠯ᠎ᠤᠨ ᠡᠷᠬᠡ   ᠵᠢ ᠰᠢᠯᠵᠢᠭᠦᠯᠦᠨ ᠥᠭᠬᠦ ᠪᠤᠶᠤ ᠥᠮᠴᠢᠯᠡᠯ᠎ᠤᠨ ᠡᠷᠬᠡ   ᠵᠢ ᠬᠦᠴᠦᠨ ᠦᠭᠡᠢ ᠪᠣᠯᠭ᠋ᠠᠬᠤ ᠬᠣᠯᠪᠣᠭᠳᠠᠯ ᠪᠦᠬᠦᠢ ᠵᠦᠢ᠍ᠯᠡᠰ  ᠎ᠢ ᠲᠣᠳᠣᠷᠬᠠᠢ   ᠲᠤᠭᠳᠠᠭ᠋ᠠᠪᠠ  ᠃
     《ᠠᠷᠭ᠎ᠠ》᠎ᠳᠤ ᠵᠢᠭ᠋ᠠᠵᠤ ᠭᠠᠷᠭ᠋ᠠᠭᠰᠠᠨ᠎ᠨᠢ᠂ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠣᠯᠠᠨ ᠨᠡᠶ᠋ᠢᠲᠡ ᠵᠢᠨ ᠨᠣᠮ᠎ᠤᠨ ᠰᠠᠩ᠎ᠤᠨ ᠬᠠᠤᠯᠢ》 ᠪᠠ 《ᠵᠠᠰᠠᠭ ᠵᠠᠬᠢᠷᠭ᠎ᠠ ᠠᠵᠢᠯ ᠦᠢ᠍ᠯᠡᠰ᠎ᠤᠨ ᠴᠢᠨᠠᠷᠲᠠᠢ ᠤᠯᠤᠰ᠎ᠤᠨ ᠥᠮᠴᠢᠯᠡᠯ᠎ᠤᠨ ᠡᠳ᠋ ᠬᠥᠷᠥᠩᠭᠡ ᠵᠢᠨ ᠬᠠᠮᠢᠶᠠᠷᠤᠯᠲᠠ ᠵᠢᠨ ᠳᠦᠷᠢᠮ》  ᠂ 《ᠲᠥᠪ᠎ᠤᠨ ᠵᠠᠰᠠᠭ ᠵᠠᠬᠢᠷᠭ᠎ᠠ ᠠᠵᠢᠯ ᠦᠢ᠍ᠯᠡᠰ᠎ᠤᠨ ᠨᠢᠭᠡᠴᠢ ᠵᠢᠨ ᠤᠯᠤᠰ᠎ᠤᠨ ᠥᠮᠴᠢᠯᠡᠯ᠎ᠤᠨ ᠡᠳ᠋ ᠬᠥᠷᠥᠩᠭᠡ ᠵᠢ ᠰᠢᠢ᠍ᠳᠪᠦᠷᠢᠯᠡᠬᠦ ᠬᠠᠮᠢᠶᠠᠷᠤᠯᠲᠠ ᠵᠢᠨ ᠠᠷᠭ᠎ᠠ》 ᠵᠡᠷᠭᠡ ᠬᠣᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ ᠲᠣᠰ ᠠᠷᠭ᠎ᠠ ᠵᠢ ᠲᠣᠭᠲᠠᠭ᠋ᠠᠪᠠ᠃ ᠤᠯᠠᠨ ᠨᠡᠶ᠋ᠢᠲᠡ ᠵᠢᠨ ᠨᠣᠮ᠎ᠤᠨ ᠰᠠᠩ᠎ᠨᠢ ᠨᠣᠮ᠎ᠤᠨ ᠰᠠᠩ ᠪᠠ ᠮᠦᠽᠧᠢ᠎ᠳᠤ ᠬᠠᠳᠠᠭ᠋ᠠᠯᠠᠵᠤ ᠪᠠᠢ᠌ᠭ᠎ᠠ ᠰᠤᠷᠪᠤᠯᠵᠢ ᠪᠢᠴᠢᠭ ᠮᠠᠲᠸᠷᠢᠶᠠᠯ  ᠎ᠢ ᠲᠣᠬᠢᠲᠠᠢ ᠬᠠᠲᠠᠭ᠋ᠠᠯᠠᠵᠤ᠂ ᠳᠤᠷ᠎ᠠ᠎ᠪᠠᠷ ᠵᠶ᠋ᠠᠨ ᠰᠢᠢ᠍ᠳᠪᠦᠷᠢᠯᠡᠵᠦ ᠪᠣᠯᠬᠤ ᠦᠭᠡᠢ᠃ ᠦᠨᠡᠬᠡᠷ ᠰᠢᠢ᠍ᠳᠪᠦᠷᠢᠯᠡᠬᠦ ᠴᠢᠬᠤᠯᠠᠲᠠᠢ ᠪᠠᠢ᠌ᠪᠠᠯ᠂ ᠬᠠᠤᠯᠢ ᠶᠣᠰᠣᠨ᠎ᠤ ᠪᠠ ᠲᠣᠭᠲᠠᠭ᠋ᠠᠯ᠎ᠳᠤ ᠨᠡᠢ᠌ᠴᠡᠭᠦᠯᠬᠦ᠂ ᠱᠠᠲᠤ ᠬᠤᠪᠢᠶᠠᠨ ᠲᠦᠷᠦᠯ ᠬᠤᠪᠢᠶᠠᠬᠤ᠂ ᠰᠢᠨᠵᠢᠯᠡᠬᠦ ᠤᠬᠠᠭ᠋ᠠᠨᠴᠢ᠎ᠪᠠᠷ ᠵᠢᠷᠤᠮᠵᠢᠭᠤᠯᠬᠤ᠂ ᠬᠠᠮᠵᠢᠯᠴᠠᠨ ᠬᠠᠮᠲᠤᠷᠠᠯᠴᠠᠬᠤ ᠵᠠᠷᠴᠢᠮ᠎ᠢ ᠵᠢᠷᠤᠮᠯᠠᠬᠤ ᠬᠡᠷᠡᠭᠲᠡᠢ᠃ ᠨᠣᠮ᠎ᠤᠨ ᠰᠠᠩ ᠪᠠ ᠮᠦᠽᠧᠢ᠎ᠳᠤ ᠬᠠᠳᠠᠭ᠋ᠠᠯᠠᠵᠤ ᠪᠠᠢ᠌ᠭ᠎ᠠ ᠰᠤᠷᠪᠤᠯᠵᠢ ᠪᠢᠴᠢᠭ ᠮᠠᠲᠸᠷᠢᠶᠠᠯ᠎ᠨᠢ ᠲᠡᠦᠬᠡ ᠵᠢᠨ ᠳᠤᠷᠠᠰᠬᠠᠯᠲᠤ ᠵᠦᠢ᠍ᠯᠡᠰ᠂ ᠡᠷᠲᠡᠨ᠎ᠤ ᠨᠣᠮ ᠪᠢᠴᠢᠭ᠂ ᠳᠠᠨᠭ᠌ᠰᠠ ᠡᠪᠬᠡᠮᠡᠯ᠎ᠳᠤ ᠲᠣᠭ᠋ᠠᠴᠠᠭᠳᠠᠬᠤ ᠪᠤᠶᠤ ᠤᠯᠤᠰ᠎ᠤᠨ ᠨᠢᠭᠤᠴᠠ᠎ᠳᠤ ᠬᠤᠯᠪᠤᠭᠳᠠᠪᠠᠯ ᠵᠠᠷᠴᠢᠮ ᠳᠡᠭᠡᠷ᠎ᠡ᠎ᠪᠠᠨ ᠰᠢᠢ᠍ᠳᠪᠦᠷᠢᠯᠡᠬᠦ ᠦᠭᠡᠢ᠂ ᠦᠨᠡᠬᠡᠷ ᠰᠢᠢ᠍ᠳᠪᠦᠷᠢᠯᠡᠬᠦ ᠴᠢᠬᠤᠯᠠᠲᠠᠢ ᠪᠠᠢ᠌ᠪᠠᠯ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ᠂ ᠡᠷᠲᠡᠨ᠎ᠤ ᠨᠣᠮ ᠪᠢᠴᠢᠭ᠎ᠢ ᠬᠠᠮᠢᠶᠠᠷᠬᠤ᠂ ᠳᠠᠨᠭ᠌ᠰᠠ ᠡᠪᠬᠡᠮᠡᠯ᠎ᠢ ᠬᠠᠮᠢᠶᠠᠷᠬᠤ ᠪᠤᠶᠤ ᠤᠯᠤᠰ᠎ᠤᠨ ᠨᠢᠭᠤᠴᠠ ᠵᠢ ᠬᠠᠮᠠᠭ᠋ᠠᠯᠠᠬᠤ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠤᠨ ᠲᠣᠭᠲᠠᠭ᠋ᠠᠯ᠎ᠢ ᠵᠢᠷᠤᠮᠯᠠᠬᠤ ᠬᠡᠷᠡᠭᠲᠡᠢ᠃
     《ᠠᠷᠭ᠎ᠠ》᠎ᠳᠤ ᠨᠣᠮ᠎ᠤᠨ ᠰᠠᠩ ᠪᠠ ᠮᠦᠽᠧᠢ᠎ᠳᠤ ᠬᠠᠳᠠᠭ᠋ᠠᠯᠠᠵᠤ ᠪᠠᠢ᠌ᠭ᠎ᠠ ᠰᠤᠷᠪᠤᠯᠵᠢ ᠪᠢᠴᠢᠭ ᠮᠠᠲᠸᠷᠢᠶᠠᠯ᠎ᠢ ᠰᠢᠢ᠍ᠳᠪᠦᠷᠢᠯᠡᠬᠦ ᠬᠦᠷᠢᠶ᠎ᠡ ᠬᠡᠪᠴᠢᠶ᠎ᠡ ᠵᠢ ᠲᠣᠳᠣᠷᠬᠠᠢ᠌ᠯᠠᠵᠤ᠂ ᠡᠪᠳᠡᠷᠡᠵᠦ ᠰᠦᠢ᠍ᠳᠦᠭᠰᠡᠨ᠎ᠨᠢ ᠬᠦᠨᠳᠦ ᠨᠣᠴᠢᠲᠠᠢ ᠪᠤᠶᠤ ᠬᠠᠳᠠᠭ᠋ᠠᠯᠠᠬᠤ ᠬᠡᠪ ᠵᠠᠭᠪᠤᠷ᠎ᠨᠢ ᠴᠠᠭ᠎ᠠᠴᠠ ᠥᠩᠭᠡᠷᠡᠭᠰᠡᠨ᠂ ᠬᠠᠭᠤᠯᠪᠤᠷᠢ ᠳᠡᠪᠲᠡᠷ᠎ᠤᠨ ᠬᠡᠮᠵᠢᠶ᠎ᠡ᠎ᠨᠢ ᠬᠡᠳᠦ ᠠᠷᠪᠢᠨ᠂ ᠭᠦᠢ᠍ᠯᠭᠡᠭᠡᠨ᠎ᠤ ᠨᠤᠷᠮ᠎ᠠ᠎ᠨᠢ ᠨᠡᠯᠢᠶᠡᠳ ᠳᠣᠣᠷ᠎ᠠ᠂ ᠠᠭᠤᠯᠭ᠎ᠠ᠎ᠨᠢ ᠴᠠᠭ᠎ᠠᠴᠠ ᠥᠩᠭᠡᠷᠡᠭᠰᠡᠨ᠂ ᠪᠦᠷᠢᠳᠬᠡᠯ᠎ᠤᠨ ᠠᠯᠳᠠᠭᠳᠠᠯ ᠵᠢᠴᠢ ᠬᠡᠪ᠎ᠤᠨ ᠪᠤᠰᠤ ᠬᠣᠬᠢᠷᠠᠯ᠎ᠳᠤ ᠬᠣᠯᠪᠣᠭᠳᠠᠭᠰᠠᠨ᠂ ᠪᠠᠢ᠌ᠭ᠋ᠠᠯᠢ ᠵᠢᠨ ᠭᠠᠮᠰᠢᠭ ᠵᠡᠷᠭᠡ ᠡᠰᠡᠷᠭᠦᠴᠡᠰᠢ ᠦᠭᠡᠢ ᠬᠦᠴᠦᠨ᠎ᠠᠴᠠ ᠪᠣᠯᠵᠤ ᠡᠪᠳᠡᠷᠡᠵᠦ ᠰᠦᠢ᠍ᠳᠦᠭᠰᠡᠨ᠂ ᠤᠰᠠᠳᠴᠤ ᠭᠡᠭᠡᠭᠳᠡᠭᠰᠡᠨ᠂ ᠨᠣᠮ᠎ᠤᠨ ᠰᠠᠩ ᠪᠠ ᠮᠦᠽᠧᠢ ᠵᠢᠨ ᠬᠠᠳᠠᠭ᠋ᠠᠯᠠᠮᠵᠢ ᠵᠢ ᠬᠥᠭᠵᠢᠭᠦᠯᠬᠦ ᠠᠷᠭ᠎ᠠ ᠪᠣᠳᠣᠯᠭ᠎ᠠ᠎ᠳᠤ ᠲᠣᠬᠢᠷᠠᠭᠤᠯᠤᠯᠲᠠ ᠬᠢᠭᠰᠡᠨ᠎ᠠᠴᠠ ᠪᠣᠯᠵᠤ ᠰᠢᠢ᠍ᠳᠪᠦᠷᠢᠯᠡᠬᠦ ᠴᠢᠬᠤᠯᠠᠲᠠᠢ ᠪᠣᠯᠤᠭᠰᠠᠨ ᠵᠢᠴᠢ ᠪᠤᠰᠤᠳ ᠰᠢᠯᠲᠠᠭ᠋ᠠᠨ᠎ᠠᠴᠠ ᠪᠣᠯᠵᠤ ᠰᠢᠢ᠍ᠳᠪᠦᠷᠢᠯᠡᠬᠦ ᠴᠢᠬᠤᠯᠠᠲᠠᠢ ᠪᠠᠢ᠌ᠬᠤ ᠵᠢ ᠪᠠᠭᠲᠠᠭ᠋ᠠᠨ᠎ᠠ᠃ ᠤᠷᠳᠤ ᠬᠤᠭᠤᠴᠠᠭ᠎ᠠ᠎ᠪᠠᠷ ᠬᠠᠳᠠᠭ᠋ᠠᠯᠠᠬᠤ ᠴᠢᠬᠤᠯᠠᠲᠠᠢ ᠨᠣᠮ᠎ᠤᠨ ᠰᠠᠩ ᠪᠠ ᠮᠦᠽᠧᠢ᠎ᠳᠤ ᠬᠠᠳᠠᠭ᠋ᠠᠯᠠᠵᠤ ᠪᠠᠢ᠌ᠭ᠎ᠠ ᠰᠤᠷᠪᠤᠯᠵᠢ ᠪᠢᠴᠢᠭ ᠮᠠᠲᠸᠷᠢᠶᠠᠯ᠎ᠢ ᠦᠨᠡᠬᠡᠷ ᠰᠢᠢ᠍ᠳᠪᠦᠷᠢᠯᠡᠬᠦ ᠴᠢᠬᠤᠯᠠᠲᠠᠢ ᠪᠠᠢ᠌ᠪᠠᠯ᠂ ᠰᠢᠢ᠍ᠳᠪᠦᠷᠢᠯᠡᠬᠦ᠎ᠳᠤ᠎ᠪᠠᠨ ᠲᠦᠷᠦᠯ ᠵᠦᠢ᠍ᠯ᠎ᠢ᠎ᠨᠢ ᠦᠯᠡᠳᠡᠭᠡᠬᠦ᠂ ᠬᠠᠭᠤᠯᠪᠤᠷᠢ ᠳᠡᠪᠲᠡᠷ᠎ᠢ᠎ᠨᠢ ᠬᠠᠰᠤᠵᠤ ᠬᠠᠶᠠᠬᠤ ᠵᠠᠷᠴᠢᠮ᠎ᠢ ᠵᠢᠷᠤᠮᠯᠠᠬᠤ ᠬᠡᠷᠡᠭᠲᠡᠢ᠃ ᠬᠠᠨᠳᠢᠪᠯᠡᠨ ᠬᠦᠷᠭᠡᠬᠦ ᠵᠢ ᠭᠥᠯᠢᠶᠡᠨ ᠠᠪᠬᠤ᠎ᠪᠠᠷ ᠲᠠᠮᠵᠢᠨ ᠬᠠᠳᠠᠭ᠋ᠠᠯᠠᠭᠰᠠᠨ ᠨᠣᠮ᠎ᠤᠨ ᠰᠠᠩ ᠪᠠ ᠮᠦᠽᠧᠢ᠎ᠳᠤ ᠬᠠᠳᠠᠭ᠋ᠠᠯᠠᠵᠤ ᠪᠠᠢ᠌ᠭ᠎ᠠ ᠰᠤᠷᠪᠤᠯᠵᠢ ᠪᠢᠴᠢᠭ ᠮᠠᠲᠸᠷᠢᠶᠠᠯ᠎ᠢ ᠰᠢᠢ᠍ᠳᠪᠦᠷᠢᠯᠡᠬᠦ᠎ᠳᠤ᠎ᠪᠠᠨ ᠬᠠᠨᠳᠢᠪᠯᠡᠨ ᠬᠦᠷᠭᠡᠬᠦ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠬᠠᠨᠳᠢᠪᠯᠡᠨ ᠬᠦᠷᠭᠡᠬᠦ ᠬᠡᠯᠡᠯᠴᠡᠭᠡᠷ᠎ᠢ ᠵᠢᠷᠤᠮᠯᠠᠬᠤ ᠬᠡᠷᠡᠭᠲᠡᠢ᠃ ᠣᠯᠠᠨ ᠨᠡᠶ᠋ᠢᠲᠡ ᠵᠢᠨ ᠨᠣᠮ᠎ᠤᠨ ᠰᠠᠩ᠎ᠤᠨ ᠬᠠᠳᠠᠭ᠋ᠠᠯᠠᠵᠤ ᠪᠠᠢ᠌ᠭ᠎ᠠ ᠰᠤᠷᠪᠤᠯᠵᠢ ᠪᠢᠴᠢᠭ᠎ᠤᠨ ᠮᠡᠳᠡᠭᠡ ᠵᠠᠩᠭᠢ ᠵᠢ ᠰᠢᠢ᠍ᠳᠪᠦᠷᠢᠯᠡᠬᠦ᠎ᠳᠤ ᠡᠳ᠋ ᠬᠥᠷᠥᠩᠭᠡ ᠵᠢ ᠦᠨᠡᠯᠡᠨ ᠵᠢᠱ᠌ᠢᠬᠦ᠎ᠳᠤ ᠬᠣᠯᠪᠣᠭᠳᠠᠪᠠᠯ᠂ ᠡᠳ᠋ ᠬᠥᠷᠥᠩᠭᠡ ᠵᠢ ᠦᠨᠡᠯᠡᠨ ᠵᠢᠱ᠌ᠢᠬᠦ ᠬᠠᠮᠢᠶᠠᠷᠤᠯᠲᠠ ᠵᠢᠨ ᠲᠤᠬᠠᠢ ᠤᠯᠤᠰ᠎ᠤᠨ ᠲᠣᠭᠲᠠᠭ᠋ᠠᠯ ᠶᠣᠰᠣᠭ᠋ᠠᠷ ᠬᠡᠷᠡᠭᠵᠢᠭᠦᠯᠬᠦ ᠬᠡᠷᠡᠭᠲᠡᠢ᠃
     《ᠠᠷᠭ᠎ᠠ》᠎ᠳᠤ ᠲᠣᠭᠲᠠᠭ᠋ᠠᠭᠰᠠᠨ᠎ᠨᠢ᠂ ᠣᠯᠠᠨ ᠨᠡᠶ᠋ᠢᠲᠡ ᠵᠢᠨ ᠨᠣᠮ᠎ᠤᠨ ᠰᠠᠩ᠎ᠨᠢ ᠲᠣᠰ ᠪᠡᠶ᠎ᠡ ᠵᠢᠨ ᠴᠢᠳᠠᠮᠵᠢ ᠵᠢᠨ ᠪᠠᠢ᠌ᠷᠢ ᠲᠣᠭᠲᠠᠭ᠋ᠠᠯᠲᠠ᠂ ᠨᠣᠮ᠎ᠤᠨ ᠰᠠᠩ ᠭᠡᠷ ᠪᠠᠢ᠌ᠰᠢᠩ᠎ᠤᠨ ᠨᠥᠬᠥᠴᠡᠯ᠂ ᠤᠩᠰᠢᠭᠴᠢᠳ᠎ᠤᠨ ᠬᠡᠷᠡᠭᠴᠡᠭᠡ᠂ ᠨᠣᠮ᠎ᠤᠨ ᠰᠠᠩ ᠪᠠ ᠮᠦᠽᠧᠢ᠎ᠳᠤ ᠬᠠᠳᠠᠭ᠋ᠠᠯᠠᠵᠤ ᠪᠠᠢ᠌ᠭ᠎ᠠ ᠲᠥᠷᠥᠯ ᠬᠡᠯᠪᠡᠷᠢ ᠵᠡᠷᠭᠡ ᠬᠦᠴᠦᠨ ᠵᠦᠢ᠍ᠯ᠎ᠲᠠᠢ ᠤᠶᠠᠯᠳᠤᠭᠤᠯᠤᠨ᠂ ᠦᠨ᠎ᠡ ᠲᠥᠯᠥᠪᠦᠷᠢ ᠦᠭᠡᠢ᠎ᠪᠠᠷ ᠬᠤᠪᠢᠶᠠᠷᠢᠯᠠᠨ ᠰᠢᠯᠵᠢᠭᠦᠯᠬᠦ᠂ ᠪᠡᠯᠡᠭᠯᠡᠨ ᠬᠦᠷᠭᠡᠬᠦ᠂ ᠰᠣᠯᠢᠬᠤ᠂ ᠰᠢᠯᠵᠢᠭᠦᠯᠦᠨ ᠥᠭᠬᠦ᠂ ᠬᠣᠬᠢᠷᠠᠯ᠎ᠢ ᠮᠡᠳᠡᠭᠦᠯᠬᠦ ᠪᠤᠶᠤ ᠬᠡᠷᠡᠭᠯᠡᠭᠡᠨ᠎ᠠᠴᠠ ᠭᠠᠷᠭ᠋ᠠᠬᠤ ᠵᠡᠷᠭᠡ ᠠᠷᠭ᠎ᠠ ᠮᠠᠶᠢᠭ ᠵᠶ᠋ᠠᠷ ᠨᠣᠮ᠎ᠤᠨ ᠰᠠᠩ ᠪᠠ ᠮᠦᠽᠧᠢ᠎ᠳᠤ ᠬᠠᠳᠠᠭ᠋ᠠᠯᠠᠵᠤ ᠪᠠᠢ᠌ᠭ᠎ᠠ ᠰᠤᠷᠪᠤᠯᠵᠢ ᠪᠢᠴᠢᠭ ᠮᠠᠲᠸᠷᠢᠶᠠᠯ᠎ᠢ ᠰᠢᠢ᠍ᠳᠪᠦᠷᠢᠯᠡᠬᠦ ᠬᠡᠷᠡᠭᠲᠡᠢ᠃ ᠡᠭᠦᠨ᠎ᠳᠤ᠂ ᠲᠥᠯᠥᠪᠦᠷᠢ ᠦᠭᠡᠢ᠎ᠪᠠᠷ ᠬᠤᠪᠢᠶᠠᠷᠢᠯᠠᠨ ᠰᠢᠯᠵᠢᠭᠦᠯᠬᠦ᠂ ᠪᠡᠯᠡᠭᠯᠡᠨ ᠬᠦᠷᠭᠡᠬᠦ ᠪᠠ ᠰᠣᠯᠢᠬᠤ ᠵᠡᠷᠭᠡ ᠰᠢᠢ᠍ᠳᠪᠦᠷᠢᠯᠡᠬᠦ ᠠᠷᠭ᠎ᠠ ᠮᠠᠶᠢᠭ᠎ᠢ ᠡᠩ ᠲᠡᠷᠢᠭᠦᠨ᠎ᠳᠤ ᠰᠣᠩᠭᠣᠬᠤ ᠬᠡᠷᠡᠭᠲᠡᠢ᠃ ᠳᠤᠷᠠᠳᠤᠭᠤᠰᠢᠲᠠᠢ ᠵᠦᠢ᠍ᠯ ᠭᠡᠪᠡᠯ᠂ 《ᠠᠷᠭ᠎ᠠ》᠎ᠳᠤ ᠪᠠᠰᠠ ᠳᠤᠷᠠᠳᠤᠭᠰᠠᠨ᠎ᠨᠢ᠂ ᠣᠯᠠᠨ ᠨᠡᠶ᠋ᠢᠲᠡ ᠵᠢᠨ ᠨᠣᠮ᠎ᠤᠨ ᠰᠠᠩ᠎ᠨᠢ ᠦᠨ᠎ᠡ ᠲᠥᠯᠥᠪᠦᠷᠢ ᠦᠭᠡᠢ᠎ᠪᠠᠷ ᠬᠤᠪᠢᠶᠠᠷᠢᠯᠠᠨ ᠰᠢᠯᠵᠢᠭᠦᠯᠬᠦ ᠪᠤᠶᠤ ᠬᠠᠨᠳᠢᠪᠯᠡᠨ ᠬᠦᠷᠭᠡᠬᠦ ᠠᠷᠭ᠎ᠠ ᠮᠠᠶᠢᠭ ᠵᠶ᠋ᠠᠷ ᠨᠣᠮ᠎ᠤᠨ ᠰᠠᠩ ᠪᠠ ᠮᠦᠽᠧᠢ᠎ᠳᠤ ᠬᠠᠳᠠᠭ᠋ᠠᠯᠠᠵᠤ ᠪᠠᠢ᠌ᠭ᠎ᠠ ᠰᠤᠷᠪᠤᠯᠵᠢ ᠪᠢᠴᠢᠭ ᠮᠠᠲᠸᠷᠢᠶᠠᠯ᠎ᠢ ᠰᠢᠢ᠍ᠳᠪᠦᠷᠢᠯᠡᠬᠦ᠎ᠳᠤ᠎ᠪᠠᠨ ᠬᠤᠪᠢᠰᠬᠠᠯ᠎ᠤᠨ ᠬᠠᠭᠤᠴᠢᠨ ᠰᠠᠭᠤᠷᠢᠨ ᠭᠠᠵᠠᠷ᠂ ᠦᠨᠳᠦᠰᠦᠲᠡᠨ᠎ᠤ ᠭᠠᠵᠠᠷ ᠣᠷᠣᠨ᠂ ᠬᠢᠯᠢ ᠬᠢᠵᠠᠭ᠋ᠠᠷ ᠣᠷᠣᠨ ᠪᠠ ᠬᠥᠭᠵᠢᠭᠡᠳᠦᠢ ᠭᠠᠵᠠᠷ ᠣᠷᠣᠨ᠎ᠤ ᠨᠣᠮ᠎ᠤᠨ ᠰᠠᠩ᠎ᠢ ᠦᠨ᠎ᠡ ᠲᠥᠯᠥᠪᠦᠷᠢ ᠦᠭᠡᠢ᠎ᠪᠠᠷ ᠬᠤᠪᠢᠶᠠᠷᠢᠯᠠᠨ ᠰᠢᠯᠵᠢᠭᠦᠯᠬᠦ ᠪᠤᠶᠤ ᠬᠠᠨᠳᠢᠪᠯᠡᠨ ᠬᠦᠷᠭᠡᠬᠦ ᠡᠲᠡᠭᠡᠳ ᠵᠶ᠋ᠡᠨ ᠪᠣᠯᠭ᠋ᠠᠬᠤ ᠬᠡᠷᠡᠭᠲᠡᠢ᠃

ᠢᠷᠡᠯᠲᠡ᠄ ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠠᠯᠪᠠᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠵᠢᠷᠤᠭᠲᠤ ᠲᠠᠶ᠋ᠢᠯᠤᠮᠵᠢ᠄ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠡᠩ ᠰᠢᠯᠢᠳᠡᠭ ᠡᠵᠡᠩᠨᠡᠨ ᠬᠤᠳᠠᠯᠳᠤᠭ᠋ᠠᠯᠠᠬᠤ ᠣᠷᠴᠢᠨ ᠨᠦᠬᠦᠴᠡᠯ ᠵᠶ᠋ᠠᠷ ᠵᠠᠬ᠎ᠠ ᠳᠡᠯᠭᠡᠭᠦᠷ᠎ᠤᠨ ᠭᠤᠤᠯ ᠴᠣᠭᠴᠠ᠎ᠳᠤ ᠦᠢ᠍ᠯᠡᠴᠢᠯᠡᠬᠦ ᠠᠵᠢᠯᠯᠠᠭ᠋ᠠᠨ᠎ᠤ ᠲᠦᠰᠦᠯ》
ᠵᠢᠷᠤᠭᠲᠤ ᠲᠠᠶ᠋ᠢᠯᠤᠮᠵᠢ᠄ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠲᠠ ᠬᠥᠳᠡᠭᠡ ᠵᠢᠨ ᠠᠮᠢᠳᠤᠷᠠᠯ᠎ᠤᠨ ᠬᠤᠭ ᠨᠣᠪᠰᠢ ᠵᠢᠨ ᠬᠠᠮᠢᠶᠠᠷᠤᠯᠲᠠ ᠵᠢᠨ ᠳᠦᠷᠢᠮ》
ᠵᠢᠷᠤᠭ ᠵᠶ᠋ᠠᠷ ᠥᠭᠦᠯᠡᠬᠦᠢ᠄ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠤ ᠬᠢᠯᠢ ᠵᠢᠨ ᠪᠣᠭᠤᠮᠲᠠ ᠵᠢᠨ ᠬᠥᠭᠵᠢᠯᠲᠡ ᠵᠢᠨ ᠲᠥᠯᠦᠪᠵᠢᠭᠦᠯᠭᠡ》
ᠵᠢᠷᠤᠭ ᠵᠶ᠋ᠠᠷ ᠲᠠᠶ᠋ᠢᠯᠪᠤᠷᠢᠯᠠᠬᠤᠢ᠄ 《〈ᠠᠷᠪᠠᠨ ᠳᠥᠷᠪᠡᠳᠦᠭᠡᠷ ᠲᠠᠪᠤᠨ ᠵᠢᠯ〉᠎ᠤᠨ ᠬᠤᠭᠤᠴᠠᠭ᠋ᠠᠨ᠎ᠳᠠᠬᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠠᠩᠰᠠ ᠡᠪᠬᠡᠮᠡᠯ᠎ᠤᠨ ᠦᠢ᠍ᠯᠡᠰ᠎ᠤᠨ ᠬᠥᠭᠵᠢᠯᠲᠡ ᠵᠢᠨ ᠲᠥᠯᠥᠪᠵᠢᠭᠦᠯᠭᠡ》
ᠵᠢᠷᠤᠭᠲᠤ ᠲᠠᠶ᠋ᠢᠯᠤᠮᠵᠢ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠥᠬᠦ ᠠᠷᠠᠳ᠎ᠤᠨ ᠪᠡᠶ᠎ᠡ ᠴᠢᠬᠢᠷᠠᠭᠵᠢᠭᠤᠯᠤᠯᠲᠠ ᠵᠢᠨ ᠬᠡᠷᠡᠭᠵᠢᠭᠦᠯᠬᠦ ᠲᠦᠯᠦᠪᠯᠡᠭᠡ (2021-2025 ᠣᠨ)
 
            