ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ᠎ᠤᠨ ᠪᠦᠲᠦᠭᠡᠨ ᠪᠠᠢ᠌ᠭᠤᠯᠤᠯᠲᠠ ᠵᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠪᠣᠢ᠌ᠵᠢᠭᠤᠯᠬᠤ ᠰᠣᠶᠣᠯ᠎ᠤᠨ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ᠎ᠤᠨ ᠪᠦᠲᠦᠭᠡᠨ ᠪᠠᠢ᠌ᠭᠤᠯᠤᠯᠲᠠ ᠵᠢᠨ ᠵᠦᠭᠯᠡᠭᠦᠷ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠪᠣᠢ᠌ᠵᠢᠭᠤᠯᠬᠤ ᠰᠣᠶᠣᠯ᠎ᠤᠨ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ᠎ᠤᠨ ᠬᠤᠪᠢ ᠲᠣᠭᠲᠠᠭ᠋ᠠᠬᠤ ᠨᠠᠷᠢᠨ ᠳᠦᠷᠢᠮ》᠎ᠢ ᠲᠤᠭᠤᠷᠪᠢᠪᠠ᠃ ᠤᠳᠤ ᠬᠣᠯᠪᠣᠭᠳᠠᠯ ᠪᠦᠬᠦᠢ ᠠᠭᠤᠯᠭ᠎ᠠ ᠵᠢᠨ ᠲᠤᠬᠠᠢ ᠲᠠᠢ᠌ᠯᠪᠤᠷᠢᠯᠠᠶ᠎ᠠ᠄
ᠨᠢᠭᠡ᠂ ᠶᠠᠭᠤᠨ᠎ᠳᠤ 《ᠪᠦᠲᠦᠭᠡᠨ ᠪᠠᠢ᠌ᠭᠤᠯᠤᠯᠲᠠ ᠵᠢᠨ ᠵᠦᠭᠯᠡᠭᠦᠷ》 ᠵᠢᠴᠢ 《ᠬᠤᠪᠢ ᠲᠣᠭᠲᠠᠭ᠋ᠠᠬᠤ ᠨᠠᠷᠢᠨ ᠳᠦᠷᠢᠮ》᠎ᠢ ᠲᠣᠭᠲᠠᠭ᠋ᠠᠬᠤ ᠬᠡᠷᠡᠭᠲᠡᠶ ᠪᠤᠶ?
ᠰᠣᠶᠣᠯ᠎ᠤᠨ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ ᠪᠣᠯ ᠰᠣᠶᠣᠯ᠎ᠤᠨ ᠠᠵᠤ ᠦᠢ᠍ᠯᠡᠰ᠎ᠢ ᠬᠥᠭᠵᠢᠭᠦᠯᠬᠦ ᠴᠢᠬᠤᠯᠠ ᠭᠠᠷᠳᠠᠴᠠ ᠪᠣᠯᠬᠤ ᠪᠥᠭᠡᠳ ᠠᠵᠤ ᠦᠢ᠍ᠯᠡᠰ᠎ᠤᠨ ᠬᠥᠭᠵᠢᠯᠲᠡ ᠵᠢᠨ ᠦᠷ᠎ᠡ ᠪᠦᠲᠦᠭᠡᠯ᠎ᠢ ᠢᠯᠡᠷᠡᠭᠦᠯᠬᠦ ᠴᠢᠬᠤᠯᠠ ᠴᠤᠩᠬᠤᠪᠴᠢ ᠪᠣᠯᠤᠨ᠎ᠠ᠃ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠨᠡᠢ᠌ᠲᠡᠯᠡᠭᠰᠡᠨ ᠬᠣᠶᠠᠷ ᠪᠦᠯᠦᠭ ᠤᠯᠤᠰ᠎ᠤᠨ ᠲᠠᠰ᠎ᠤᠨ ᠰᠣᠶᠣᠯ᠎ᠤᠨ ᠠᠵᠤ ᠦᠢᠯᠡᠰ᠎ᠤᠨ ᠵᠢᠱ᠌ᠢᠶ᠎ᠡ ᠦᠵᠡᠭᠦᠯᠬᠦ ᠬᠦᠷᠢᠶᠡᠯᠡᠩ ᠲᠣᠭᠣᠷᠢᠭ᠎ᠢ ᠡᠭᠦᠳᠦᠨ ᠪᠠᠢ᠌ᠭᠤᠯᠬᠤ ᠨᠡᠷᠡᠰ᠎ᠤᠨ ᠳᠣᠲᠣᠷ᠎ᠠ᠂ ᠮᠠᠨ᠎ᠤ ᠣᠷᠣᠨ᠎ᠤ ᠬᠦᠷᠢᠶᠡᠯᠡᠩ ᠲᠣᠭᠣᠷᠢᠭ ᠬᠠᠷᠠᠬᠠᠨ ᠰᠣᠩᠭᠣᠭᠳᠠᠭ᠋ᠠᠳᠤᠶ᠃ ᠡᠮᠦᠨᠡᠬᠢ ᠬᠤᠭᠤᠴᠠᠭ᠋ᠠᠨ᠎ᠤ ᠬᠠᠮᠢᠶ᠎ᠠ ᠪᠦᠬᠦᠢ ᠰᠣᠶᠣᠯ᠎ᠤᠨ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ᠎ᠲᠤ ᠪᠠᠢ᠌ᠴᠠᠭ᠋ᠠᠨ ᠰᠤᠳᠤᠯᠤᠯᠲᠠ ᠬᠢᠭᠰᠡᠨ᠎ᠢ ᠦᠨᠳᠦᠰᠦᠯᠡᠪᠡᠯ᠂ ᠤᠯᠤᠰ᠎ᠤᠨ ᠳᠣᠲᠣᠭ᠋ᠠᠳᠤ ᠵᠢᠨ ᠡᠭᠦᠳᠦᠨ ᠪᠠᠢ᠌ᠭᠤᠯᠬᠤ ᠬᠢᠷᠢ ᠬᠡᠮ ᠣᠯᠤᠭᠰᠠᠨ ᠤᠯᠤᠰ᠎ᠤᠨ ᠲᠠᠰ᠎ᠤᠨ ᠰᠣᠶᠣᠯ᠎ᠤᠨ ᠠᠵᠤ ᠦᠢ᠍ᠯᠡᠰ᠎ᠤᠨ ᠵᠢᠱ᠌ᠢᠶ᠎ᠡ ᠦᠵᠡᠭᠦᠯᠬᠦ ᠬᠦᠷᠢᠶᠡᠯᠡᠩ ᠲᠣᠭᠣᠷᠢᠭ᠎ᠯᠤᠭ᠎ᠠ ᠬᠠᠷᠢᠴᠠᠭᠤᠯᠪᠠᠯ᠂ ᠮᠠᠨ᠎ᠤ ᠣᠷᠣᠨ᠎ᠤ ᠰᠣᠶᠣᠯ᠎ᠤᠨ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ᠎ᠲᠤ ᠪᠠᠭ᠎ᠠ ᠪᠤᠰᠤ ᠵᠥᠷᠢᠶ᠎ᠡ ᠣᠷᠣᠰᠢᠵᠤ ᠪᠠᠢ᠌ᠨ᠎ᠠ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠰᠣᠶᠣᠯ ᠪᠠ ᠵᠢᠭᠤᠯᠴᠢᠯᠠᠯ᠎ᠢ ᠠᠭᠤᠰᠤᠯᠴᠠᠭᠤᠯᠤᠨ ᠬᠥᠭᠵᠢᠭᠦᠯᠬᠦ ᠲᠥᠯᠥᠪᠵᠢᠭᠦᠯᠭᠡ》 ᠶᠣᠰᠣᠭ᠋ᠠᠷ᠂ ᠮᠠᠨ᠎ᠤ ᠣᠷᠣᠨ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠳᠤ ᠤᠯᠤᠰ᠎ᠤᠨ ᠲᠠᠰ᠎ᠤᠨ ᠰᠣᠶᠣᠯ᠎ᠤᠨ ᠠᠵᠤ ᠦᠢᠯᠡᠰ᠎ᠤᠨ ᠵᠢᠱ᠌ᠢᠶ᠎ᠡ ᠦᠵᠡᠭᠦᠯᠬᠦ ᠬᠦᠷᠢᠶᠡᠯᠡᠩ ᠲᠣᠭᠣᠷᠢᠭ᠎ᠢ ᠡᠭᠦᠳᠦᠨ ᠪᠠᠢ᠌ᠭᠤᠯᠬᠤ ᠵᠢ ᠬᠦᠴᠦᠯᠡᠨ ᠠᠬᠢᠭᠤᠯᠬᠤ ᠵᠢᠨ ᠬᠠᠮᠲᠤ ᠨᠢᠭᠡ ᠪᠦᠯᠦᠭ ᠥᠪᠡᠷᠲᠡᠭᠡᠨ ᠵᠠᠰᠠᠬᠤ ᠣᠷᠣᠨ᠎ᠤ ᠭᠣᠤᠯᠳᠠᠯᠭ᠎ᠠ᠎ᠲᠠᠢ ᠪᠣᠢ᠌ᠵᠢᠭᠤᠯᠬᠤ ᠰᠣᠶᠣᠯ᠎ᠤᠨ ᠠᠵᠤ ᠦᠢᠯᠡᠰ᠎ᠤᠨ ᠬᠦᠷᠢᠶᠡᠯᠡᠩ ᠲᠣᠭᠣᠷᠢᠭ᠎ᠢ ᠰᠢᠯᠭ᠋ᠠᠷᠠᠭᠤᠯᠤᠨ ᠰᠣᠩᠭᠣᠨ᠎ᠠ᠃ ᠰᠢᠯᠭ᠋ᠠᠷᠠᠭᠤᠯᠤᠯᠲᠠ ᠵᠢ ᠵᠢᠷᠤᠮᠵᠢᠭᠤᠨ᠂ ᠲᠥᠪ ᠭᠣᠤᠯᠴᠢ ᠪᠣᠯᠭ᠋ᠠᠬᠤ ᠵᠢᠨ ᠲᠥᠯᠥᠭᠡ᠂ 《ᠪᠥᠲᠥᠭᠡᠨ ᠪᠠᠢ᠌ᠭᠤᠯᠤᠯᠲᠠ ᠵᠢᠨ ᠵᠦᠭᠯᠡᠭᠦᠷ》᠂ 《ᠬᠤᠪᠢ ᠲᠣᠭᠲᠠᠭ᠋ᠠᠬᠤ ᠨᠠᠷᠢᠨ ᠲᠦᠷᠢᠮ》᠎ᠢ ᠲᠣᠭᠲᠠᠭ᠋ᠠᠬᠤ᠎ᠨᠢ ᠮᠠᠰᠢ ᠴᠢᠬᠤᠯᠠ ᠶᠤᠮ ᠃
ᠬᠣᠶᠠᠷ᠂ 《ᠪᠥᠲᠥᠭᠡᠨ ᠪᠠᠢ᠌ᠭᠤᠯᠤᠯᠲᠠ ᠵᠢᠨ ᠵᠦᠭᠯᠡᠭᠦᠷ》 ᠵᠢᠴᠢ 《ᠬᠤᠪᠢ ᠲᠣᠭᠲᠠᠭ᠋ᠠᠬᠤ ᠨᠠᠷᠢᠨ ᠲᠦᠷᠢᠮ》᠎ᠢ ᠨᠠᠢ᠌ᠷᠠᠭᠤᠯᠤᠨ ᠵᠣᠬᠢᠶᠠᠬᠤ ᠦᠨᠳᠦᠰᠦᠯᠡᠯ᠎ᠨᠢ ᠶᠠᠭᠤ ᠪᠣᠶ?
《ᠤᠯᠤᠰ᠎ᠤᠨ ᠲᠠᠰ᠎ᠤᠨ ᠰᠣᠶᠣᠯ᠎ᠤᠨ ᠠᠵᠤ ᠦᠢᠯᠡᠰ᠎ᠤᠨ ᠵᠢᠱ᠌ᠢᠶ᠎ᠡ ᠦᠵᠡᠭᠦᠯᠬᠦ ᠬᠦᠷᠢᠶᠡᠯᠡᠩ ᠲᠣᠭᠣᠷᠢᠭ᠎ᠢ ᠡᠭᠦᠳᠦᠨ ᠪᠠᠢ᠌ᠭᠤᠯᠬᠤ ᠠᠵᠢᠯ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠶ ᠰᠣᠶᠣᠯ᠎ᠤᠨ ᠶᠠᠮᠤᠨ᠎ᠤ ᠠᠯᠪᠠᠨ ᠲᠢᠩᠬᠢᠮ᠎ᠤᠨ ᠮᠡᠳᠡᠭᠳᠡᠯ》 (ᠠᠯᠪᠠᠨ ᠦᠢᠯᠡᠳᠪᠦᠷᠢᠯᠡᠯ ᠵᠠᠬᠢᠳᠠᠯ [2016] 320 ᠳ᠋ᠤᠭ᠋ᠠᠷ ᠲᠣᠭ᠋ᠠᠲᠤ)᠂ 《〈ᠤᠯᠤᠰ᠎ᠤᠨ ᠲᠠᠰ᠎ᠤᠨ ᠰᠣᠶᠣᠯ᠎ᠤᠨ ᠠᠵᠤ ᠦᠢᠯᠡᠰ᠎ᠤᠨ ᠵᠢᠱ᠌ᠢᠶ᠎ᠡ ᠦᠵᠡᠭᠦᠯᠬᠦ ᠬᠦᠷᠢᠶᠡᠯᠡᠩ ᠲᠣᠭᠣᠷᠢᠭ᠎ᠤᠨ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)〉 ᠵᠢ ᠳᠠᠷᠤᠮᠠᠯᠯᠠᠨ ᠶᠠᠪᠤᠭᠤᠯᠬᠤ ᠲᠤᠬᠠᠶ ᠰᠣᠶᠣᠯ᠎ᠤᠨ ᠶᠠᠮᠤᠨ᠎ᠤ ᠠᠯᠪᠠᠨ ᠲᠢᠩᠬᠢᠮ᠎ᠤᠨ ᠮᠡᠳᠡᠭᠳᠡᠯ》 (ᠠᠯᠪᠠᠨ ᠦᠢᠯᠡᠳᠪᠦᠷᠢᠯᠡᠯ ᠲᠠᠷᠬᠠᠭ᠋ᠠᠭᠰᠠᠨ [2010] 19 ᠳ᠋ᠦ᠍ᠭᠡᠷ ᠲᠣᠭ᠋ᠠᠲᠤ)᠂ 《〈ᠤᠯᠤᠰ᠎ᠤᠨ ᠲᠠᠰ᠎ᠤᠨ ᠰᠣᠶᠣᠯ᠎ᠤᠨ ᠠᠵᠤ ᠦᠢᠯᠡᠰ᠎ᠤᠨ ᠵᠢᠱ᠌ᠢᠶ᠎ᠡ ᠦᠵᠡᠭᠦᠯᠬᠦ ᠬᠦᠷᠢᠶᠡᠯᠡᠩ ᠲᠣᠭᠣᠷᠢᠭ᠎ᠢ ᠡᠭᠦᠳᠦᠨ ᠪᠠᠢ᠌ᠭᠤᠯᠵᠤ ᠰᠢᠯᠭ᠋ᠠᠨ ᠠᠪᠬᠤ ᠪᠠᠷᠢᠮᠵᠢᠶ᠎ᠠ (ᠲᠤᠷᠰᠢᠨ ᠬᠡᠷᠡᠭᠵᠢᠭᠦᠯᠬᠦ)〉 ᠵᠢ ᠳᠠᠷᠤᠮᠠᠯᠯᠠᠨ ᠲᠠᠷᠬᠠᠭ᠋ᠠᠬᠤ ᠲᠤᠬᠠᠶ ᠰᠣᠶᠣᠯ᠎ᠤᠨ ᠶᠠᠮᠤᠨ᠎ᠤ ᠠᠯᠪᠠᠨ ᠲᠢᠩᠬᠢᠮ᠎ᠤᠨ ᠮᠡᠳᠡᠭᠳᠡᠯ》 (ᠠᠯᠪᠠᠨ ᠦᠢᠯᠡᠳᠪᠦᠷᠢᠯᠡᠯ ᠵᠠᠬᠢᠳᠠᠯ [2018] 60 ᠳ᠋ᠤᠭ᠋ᠠᠷ ᠲᠣᠭ᠋ᠠᠲᠤ)᠎ᠢ ᠦᠨᠳᠦᠰᠦᠯᠡᠨ᠂ ᠮᠠᠨ᠎ᠤ ᠣᠷᠣᠨ᠎ᠤ ᠰᠣᠶᠣᠯ᠎ᠤᠨ ᠠᠵᠤ ᠦᠢᠯᠡᠰ᠎ᠤᠨ ᠬᠦᠷᠢᠶᠡᠯᠡᠩ ᠲᠣᠭᠣᠷᠢᠭ᠎ᠤᠨ ᠣᠳᠣᠬᠢ ᠪᠠᠢ᠌ᠳᠠᠯ᠎ᠲᠠᠢ ᠤᠶᠠᠯᠳᠤᠭᠤᠯᠵᠤ 《ᠪᠥᠲᠥᠭᠡᠨ ᠪᠠᠢ᠌ᠭᠤᠯᠤᠯᠲᠠ ᠵᠢᠨ ᠵᠦᠭᠯᠡᠭᠦᠷ》 ᠵᠢᠴᠢ 《ᠬᠤᠪᠢ ᠲᠣᠭᠲᠠᠭ᠋ᠠᠬᠤ ᠨᠠᠷᠢᠨ ᠲᠦᠷᠢᠮ》᠎ᠢ ᠨᠠᠢ᠌ᠷᠠᠭᠤᠯᠤᠨ ᠵᠤᠬᠢᠶᠠᠪᠠ᠃
ᠭᠤᠷᠪᠠ᠂ 《ᠪᠥᠲᠥᠭᠡᠨ ᠪᠠᠢ᠌ᠭᠤᠯᠤᠯᠲᠠ ᠵᠢᠨ ᠵᠦᠭᠯᠡᠭᠦᠷ》 ᠵᠢᠴᠢ 《ᠬᠤᠪᠢ ᠲᠣᠭᠲᠠᠭ᠋ᠠᠬᠤ ᠨᠠᠷᠢᠨ ᠲᠦᠷᠢᠮ》᠎ᠢ ᠶᠠᠮᠠᠷ ᠵᠢᠷᠤᠮ ᠵᠶ᠋ᠠᠷ ᠳᠡᠮᠵᠢᠨ ᠲᠣᠭᠲᠠᠭ᠋ᠠᠭᠰᠠᠨ ᠪᠣᠶ?
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ᠎ᠤᠨ ᠬᠥᠭᠵᠢᠯᠲᠡ ᠵᠢᠨ ᠪᠣᠳᠠᠲᠠᠶ᠎ᠲᠠᠢ ᠤᠶᠠᠯᠳᠤᠭᠤᠯᠤᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠪᠣᠢ᠌ᠵᠢᠭᠤᠯᠬᠤ ᠰᠣᠶᠣᠯ᠎ᠤᠨ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ᠎ᠤᠨ ᠪᠦᠲᠦᠭᠡᠨ ᠪᠠᠢ᠌ᠭᠤᠯᠤᠯᠲᠠ ᠵᠢᠨ ᠵᠦᠭᠯᠡᠭᠦᠷ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠪᠣᠢ᠌ᠵᠢᠭᠤᠯᠬᠤ ᠰᠣᠶᠣᠯ᠎ᠤᠨ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ᠎ᠤᠨ ᠬᠤᠪᠢ ᠲᠣᠭᠲᠠᠭ᠋ᠠᠬᠤ ᠨᠠᠷᠢᠨ ᠳᠦᠷᠢᠮ》᠎ᠢ ᠲᠤᠭᠤᠷᠪᠢᠭᠰᠠᠨ ᠪᠦᠭᠡᠳ 2021 ᠣᠨ᠎ᠤ 10 ᠳ᠋ᠤᠭ᠋ᠠᠷ ᠰᠠᠷ᠎ᠠ ᠵᠢᠨ 27᠎ᠤ ᠡᠳᠦᠷ᠎ᠠᠴᠠ 11 ᠳ᠋ᠦ᠍ᠭᠡᠷ ᠰᠠᠷ᠎ᠠ ᠵᠢᠨ 15᠎ᠤ ᠡᠳᠦᠷ ᠪᠣᠯᠲᠠᠯ᠎ᠠ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠠᠯᠪᠠᠨ᠎ᠤ ᠰᠦᠯᠵᠢᠶᠡᠨ ᠳᠡᠭᠡᠷ᠎ᠡ ᠨᠡᠢ᠌ᠭᠡᠮ ᠨᠡᠢ᠌ᠲᠡ᠎ᠠᠴᠠ ᠢᠯᠡ᠎ᠪᠠᠷ ᠰᠠᠨᠠᠯ ᠬᠤᠷᠢᠶᠠᠪᠠ᠂ ᠡᠭᠦᠨ᠎ᠤ ᠬᠠᠮᠲᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠢᠩᠬᠢᠮ᠂ ᠡᠯ᠎ᠡ ᠠᠢ᠌ᠮᠠᠭ ᠬᠣᠲᠠ ᠵᠢᠨ ᠰᠣᠶᠣᠯ ᠵᠢᠭᠤᠯᠴᠢᠯᠠᠯ᠎ᠤᠨ ᠲᠣᠪᠴᠢᠶ᠎ᠠ᠂ ᠲᠢᠩᠬᠢᠮ᠎ᠤᠨ ᠪᠠᠢ᠌ᠭᠤᠯᠭ᠎ᠠ ᠵᠢᠨ ᠡᠯ᠎ᠡ ᠲᠤᠬᠠᠢ᠌ᠯᠠᠭᠰᠠᠨ ᠠᠵᠢᠯ᠎ᠤᠨ ᠭᠠᠵᠠᠷ ᠲᠠᠰᠤᠭ᠎ᠲᠤ ᠵᠠᠬᠢᠳᠠᠯ ᠶᠠᠪᠤᠭᠤᠯᠵᠤ ᠰᠠᠨᠠᠯ ᠬᠤᠷᠢᠶᠠᠪᠠ᠃ 11 ᠳ᠋ᠣᠭᠡᠷ ᠰᠠᠷ᠎ᠠ ᠵᠢᠨ 23᠎ᠤ ᠡᠳᠦᠷ 《ᠪᠥᠲᠥᠭᠡᠨ ᠪᠠᠢ᠌ᠭᠤᠯᠤᠯᠲᠠ ᠵᠢᠨ ᠵᠦᠭᠯᠡᠭᠦᠷ》᠂ 《ᠬᠤᠪᠢ ᠲᠣᠭᠲᠠᠭ᠋ᠠᠬᠤ ᠨᠠᠷᠢᠨ ᠲᠦᠷᠢᠮ》᠎ᠢ ᠨᠠᠢ᠌ᠷᠠᠭᠤᠯᠤᠨ ᠵᠣᠬᠢᠶᠠᠬᠤ ᠲᠤᠬᠠᠶ ᠰᠠᠭᠤᠳᠠᠯ᠎ᠤᠨ ᠬᠤᠷᠠᠯ ᠬᠤᠷᠠᠯᠳᠤᠭᠤᠯᠵᠤ᠂ ᠠᠵᠤ ᠠᠬᠤᠢ᠌ᠯᠠᠯ᠎ᠳᠤ ᠴᠢᠭᠯᠡᠭᠦᠯᠦᠨ ᠰᠠᠨᠠᠯ ᠬᠤᠷᠢᠶᠠᠪᠠ᠃ ᠬᠠᠷᠢᠭᠤ ᠲᠤᠰᠬᠠᠭᠰᠠᠨ ᠰᠠᠨᠠᠯ᠎ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠠᠴᠠ 《ᠪᠥᠲᠥᠭᠡᠨ ᠪᠠᠢ᠌ᠭᠤᠯᠤᠯᠲᠠ ᠵᠢᠨ ᠵᠦᠭᠯᠡᠭᠦᠷ》 ᠵᠢᠴᠢ 《ᠬᠤᠪᠢ ᠲᠣᠭᠲᠠᠭ᠋ᠠᠬᠤ ᠨᠠᠷᠢᠨ ᠲᠦᠷᠢᠮ》᠎ᠳᠤ ᠵᠣᠬᠢᠬᠤ ᠵᠠᠰᠠᠪᠤᠷᠢ ᠣᠷᠣᠭᠤᠯᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠣᠤᠯᠳᠠᠯᠭ᠎ᠠ᠎ᠲᠠᠢ ᠪᠣᠢ᠌ᠵᠢᠭᠤᠯᠬᠤ ᠰᠣᠶᠣᠯ᠎ᠤᠨ ᠠᠵᠤ ᠦᠢᠯᠡᠰ᠎ᠤᠨ ᠬᠦᠷᠢᠶᠡᠯᠡᠩ ᠲᠣᠭᠣᠷᠢᠭ᠎ᠤᠨ ᠪᠥᠲᠥᠭᠡᠨ ᠪᠠᠢ᠌ᠭᠤᠯᠤᠯᠲᠠ ᠵᠢᠨ ᠵᠦᠭᠯᠡᠭᠦᠷ》 (ᠬᠢᠨᠠᠭᠤᠯᠬᠤ ᠨᠣᠤᠷᠠᠭ)᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠣᠤᠯᠳᠠᠯᠭ᠎ᠠ᠎ᠲᠠᠢ ᠪᠣᠢ᠌ᠵᠢᠭᠤᠯᠬᠤ ᠰᠣᠶᠣᠯ᠎ᠤᠨ ᠠᠵᠤ ᠦᠢᠯᠡᠰ᠎ᠤᠨ ᠬᠦᠷᠢᠶᠡᠯᠡᠩ ᠲᠣᠭᠣᠷᠢᠭ᠎ᠤᠨ ᠬᠤᠪᠢ ᠲᠣᠭᠲᠠᠭ᠋ᠠᠬᠤ ᠨᠠᠷᠢᠨ ᠲᠦᠷᠢᠮ》 (ᠬᠢᠨᠠᠭᠤᠯᠬᠤ ᠨᠣᠤᠷᠠᠭ)᠎ᠢ ᠪᠦᠷᠢᠯᠳᠦᠭᠦᠯᠪᠡ᠃ ᠥᠪᠥᠷ ᠮᠣᠩᠭᠣᠯ᠎ᠤᠨ ᠮᠸᠩ ᠶᠤᠸᠠᠨ ᠬᠠᠤᠯᠢᠴᠢ ᠵᠢᠨ ᠬᠡᠷᠡᠭ ᠡᠷᠬᠢᠯᠡᠬᠦ ᠭᠠᠵᠠᠷ ᠪᠠ ᠲᠢᠩᠬᠢᠮ᠎ᠤᠨ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠭᠠᠵᠠᠷ᠎ᠠᠴᠠ ᠬᠠᠤᠯᠢ ᠶᠣᠰᠣᠴᠢ ᠴᠢᠨᠠᠷ᠎ᠢ ᠬᠢᠨᠠᠨ ᠪᠠᠢ᠌ᠴᠠᠭ᠋ᠠᠭ᠋ᠠᠳ᠂ 《ᠬᠡᠷᠡᠭᠵᠢᠭᠦᠯᠬᠦ ᠨᠠᠷᠢᠨ ᠲᠦᠷᠢᠮ》᠎ᠢ ᠲᠤᠭᠲᠠᠭ᠋ᠠᠭᠰᠠᠨ ᠪᠡᠶᠡᠴᠢ ᠴᠣᠭᠴᠠ᠂ ᠦᠨᠳᠦᠰᠦᠯᠡᠯ᠂ ᠡᠷᠬᠡ ᠵᠢᠨ ᠬᠡᠪᠴᠢᠶ᠎ᠡ᠂ ᠭᠣᠤᠯ ᠠᠭᠤᠯᠭ᠎ᠠ᠎ᠨᠢ ᠬᠠᠤᠯᠢ᠎ᠳᠤ ᠨᠡᠢ᠌ᠴᠡᠨ᠎ᠡ ᠭᠡᠵᠦ ᠦᠵᠡᠪᠡ᠃ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ 12 ᠳ᠋ᠤᠭ᠋ᠠᠷ ᠰᠠᠷ᠎ᠠ ᠵᠢᠨ 8᠎ᠤ ᠡᠳᠦᠷ᠎ᠤᠨ 49 ᠳ᠋ᠦ᠍ᠭᠡᠷ ᠤᠳᠠᠭ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ ᠳᠡᠭᠡᠷ᠎ᠡ ᠰᠤᠳᠤᠯᠤᠨ ᠵᠥᠪᠰᠢᠶᠡᠷᠡᠵᠦ᠂ 12 ᠳ᠋ᠤᠭ᠋ᠠᠷ ᠰᠠᠷ᠎ᠠ ᠵᠢᠨ 21᠎ᠤ ᠡᠳᠦᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ ᠵᠢᠨ ᠤᠬᠠᠭᠤᠯᠬᠤ ᠬᠡᠯᠲᠡᠰ᠎ᠲᠠᠢ ᠭᠠᠷᠤᠨ ᠥᠰᠥᠭ ᠵᠢᠷᠤᠵᠤ ᠳᠠᠷᠤᠮᠠᠯᠯᠠᠨ ᠲᠠᠷᠬᠠᠭ᠋ᠠᠪᠠ᠃
ᠳᠥᠷᠪᠡ᠂ 《ᠪᠥᠲᠥᠭᠡᠨ ᠪᠠᠢ᠌ᠭᠤᠯᠤᠯᠲᠠ ᠵᠢᠨ ᠵᠦᠭᠯᠡᠭᠦᠷ》 ᠵᠢᠴᠢ 《ᠬᠤᠪᠢ ᠲᠣᠭᠲᠠᠭ᠋ᠠᠬᠤ ᠨᠠᠷᠢᠨ ᠲᠦᠷᠢᠮ》᠎ᠤᠨ ᠭᠣᠤᠯ ᠠᠭᠤᠯᠭ᠎ᠠ᠎ᠨᠢ ᠶᠠᠭᠤ ᠪᠣᠶ?
《ᠪᠦᠲᠦᠭᠡᠨ ᠪᠠᠢ᠌ᠭᠤᠯᠤᠯᠲᠠ ᠵᠢᠨ ᠵᠦᠭᠯᠡᠭᠦᠷ》 ᠪᠠ 《ᠬᠤᠪᠢ ᠲᠣᠭᠲᠠᠭ᠋ᠠᠬᠤ ᠨᠠᠷᠢᠨ ᠳᠦᠷᠢᠮ》᠎ᠤᠨ ᠠᠭᠤᠯᠭ᠎ᠠ᠎ᠨᠢ ᠬᠠᠷᠢᠯᠴᠠᠨ ᠵᠣᠬᠢᠴᠠᠯᠳᠤᠨ ᠨᠢᠭᠡᠳᠦᠯᠲᠡᠶ ᠪᠠᠢ᠌ᠵᠤ᠂ 《ᠪᠦᠲᠦᠭᠡᠨ ᠪᠠᠢ᠌ᠭᠤᠯᠤᠯᠲᠠ ᠵᠢᠨ ᠵᠦᠭᠯᠡᠭᠦᠷ》 ᠵᠶ᠋ᠡᠷ ᠬᠠᠷᠠᠯᠲᠠ ᠵᠢᠨ ᠴᠢᠨᠠᠷᠲᠠᠶ ᠳᠦᠷᠰᠦᠯᠡᠯ ᠪᠣᠯᠭ᠋ᠠᠵᠤ᠂ 《ᠬᠤᠪᠢ ᠲᠣᠭᠲᠠᠭ᠋ᠠᠬᠤ ᠨᠠᠷᠢᠨ ᠳᠦᠷᠢᠮ》 ᠵᠶ᠋ᠡᠷ ᠪᠣᠳᠠᠲᠠᠶ ᠲᠣᠭ᠎ᠠ ᠬᠡᠮᠵᠢᠭᠳᠡᠯ᠎ᠢ ᠮᠠᠭ᠋ᠠᠳᠯᠠᠬᠤ ᠦᠨᠳᠦᠰᠦᠯᠡᠯ ᠪᠠ ᠬᠤᠪᠢ ᠣᠯᠭᠣᠬᠤ ᠪᠠᠷᠢᠮᠵᠢᠶ᠎ᠠ ᠪᠣᠯᠭ᠋ᠠᠨ᠎ᠠ᠃ 《ᠬᠤᠪᠢ ᠲᠣᠭᠲᠠᠭ᠋ᠠᠬᠤ ᠨᠠᠷᠢᠨ ᠲᠦᠷᠢᠮ》᠎ᠳᠤ ᠨᠡᠢ᠌ᠲᠡ 24 ᠭᠦᠢ᠍ᠴᠡᠳᠭᠡᠬᠦ ᠲᠣᠭ᠎ᠠ ᠲᠣᠬᠢᠷᠠᠭᠤᠯᠵᠤ᠂ ᠶᠡᠷᠦᠩᠬᠡᠶ ᠬᠤᠪᠢ᠎ᠨᠢ 200 ᠬᠤᠪᠢ ᠪᠣᠯᠤᠨ᠎ᠠ ᠃ ᠡᠭᠦᠨ᠎ᠳᠤ 《ᠤᠯᠤᠰ ᠲᠥᠷᠥ ᠵᠢᠨ ᠤᠳᠤᠷᠢᠳᠤᠮᠵᠢ ᠪᠠ ᠰᠣᠶᠣᠯ᠎ᠤᠨ ᠴᠢᠭᠯᠡᠯ》᠂ 《ᠡᠵᠡᠩᠨᠡᠯᠲᠡ ᠵᠢᠨ ᠬᠠᠮᠢᠶᠠᠷᠤᠯᠲᠠ ᠵᠢᠨ ᠪᠠᠢ᠌ᠭᠤᠯᠤᠮᠵᠢ》᠂ 《ᠠᠮᠢ ᠠᠬᠤᠶ ᠵᠢᠨ ᠠᠮᠤᠷ ᠲᠦᠪᠰᠢᠨ ᠪᠠ ᠣᠷᠴᠢᠨ ᠠᠬᠤᠶ ᠵᠢᠨ ᠬᠠᠮᠠᠭ᠋ᠠᠯᠠᠯᠲᠠ》 ᠵᠡᠷᠭᠡ 3 ᠨᠢᠭᠡ ᠪᠢᠯᠧᠲ ᠵᠶ᠋ᠡᠷ ᠦᠭᠡᠢ᠌ᠰᠬᠡᠬᠦ ᠭᠦᠢ᠍ᠴᠡᠳᠭᠡᠬᠦ ᠲᠣᠭ᠎ᠠ ᠪᠠᠭᠲᠠᠵᠤ᠂ ᠰᠣᠶᠣᠯ᠎ᠤᠨ ᠠᠵᠤ ᠦᠢᠯᠡᠰ᠎ᠤᠨ ᠬᠦᠷᠢᠶᠡᠯᠡᠩ ᠲᠣᠭᠣᠷᠢᠭ᠎ᠤᠨ ᠤᠯᠤᠰ ᠲᠥᠷᠥ ᠵᠢᠨ ᠤᠳᠤᠷᠢᠳᠤᠮᠵᠢ ᠪᠠ ᠰᠣᠶᠣᠯ᠎ᠤᠨ ᠴᠢᠭᠯᠡᠯ᠂ ᠡᠵᠡᠩᠨᠡᠯᠲᠡ ᠵᠢᠨ ᠬᠠᠮᠢᠶᠠᠷᠤᠯᠲᠠ ᠵᠢᠨ ᠪᠠᠢ᠌ᠭᠤᠯᠤᠮᠵᠢ ᠵᠢᠨ ᠲᠣᠬᠢᠷᠠᠭᠤᠯᠤᠯᠲᠠ᠂ ᠠᠶᠤᠯ ᠥᠬᠡᠶ ᠦᠢᠯᠡᠳᠪᠦᠷᠢᠯᠡᠯ ᠪᠠ ᠣᠷᠴᠢᠨ ᠠᠬᠤᠶ ᠵᠢᠨ ᠬᠠᠮᠠᠭ᠋ᠠᠯᠠᠯᠲᠠ ᠵᠡᠷᠭᠡ ᠲᠠᠯ᠎ᠠ᠎ᠪᠠᠷ ᠠᠰᠠᠭᠤᠳᠠᠯ ᠭᠠᠷᠪᠠᠯ᠂ ᠨᠢᠭᠡ ᠪᠢᠯᠧᠲ ᠵᠶ᠋ᠡᠷ ᠦᠭᠡᠢ᠌ᠰᠬᠡᠬᠦ ᠵᠢ ᠬᠡᠷᠡᠭᠵᠢᠭᠦᠯᠦᠨ᠎ᠡ᠃ ᠪᠤᠰᠤᠳ 21᠎ᠨᠢ ᠬᠤᠪᠢ ᠣᠯᠬᠤ ᠭᠦᠢ᠍ᠴᠡᠳᠬᠡᠬᠦ ᠲᠣᠭ᠎ᠠ ᠪᠤᠯᠤᠨ᠎ᠠ᠂ ᠲᠤᠰ ᠲᠤᠰ 《ᠨᠡᠢ᠌ᠭᠡᠮ᠎ᠤᠨ ᠦᠷ᠎ᠡ ᠠᠰᠢᠭ》᠂ 《ᠠᠵᠤ ᠠᠬᠤᠶ ᠵᠢᠨ ᠦᠷ᠎ᠡ ᠠᠰᠢᠭ》᠂ 《ᠵᠢᠱ᠌ᠢᠶ᠎ᠡ ᠦᠵᠡᠭᠦᠯᠬᠦ ᠴᠢᠨᠠᠷ ᠪᠣᠯᠤᠨ ᠨᠥᠯᠥᠭᠡᠯᠡᠬᠦ ᠬᠦᠴᠦᠨ》᠂ 《ᠪᠠᠲᠤᠯᠠᠭ᠎ᠠ ᠵᠢᠨ ᠲᠣᠭᠲᠠᠴᠠ ᠪᠣᠯᠤᠨ ᠲᠥᠷᠥ ᠵᠢᠨ ᠪᠣᠳᠣᠯᠭ᠎ᠠ ᠵᠢᠨ ᠲᠠᠯ᠎ᠠ᠎ᠪᠠᠷ ᠲᠡᠳᠬᠦᠬᠦ》 ᠵᠡᠷᠭᠡ 4 ᠲᠠᠯ᠎ᠠ᠎ᠪᠠᠷ ᠦᠨᠡᠯᠡᠨ᠎ᠡ᠂ ᠡᠭᠦᠨ᠎ᠳᠤ 《ᠨᠡᠢ᠌ᠭᠡᠮ᠎ᠤᠨ ᠦᠷ᠎ᠡ ᠠᠰᠢᠭ》 ᠪᠣᠯᠤᠨ 《ᠠᠵᠤ ᠠᠬᠤᠶ ᠵᠢᠨ ᠦᠷ᠎ᠡ ᠠᠰᠢᠭ》᠎ᠨᠢ ᠭᠣᠣᠯᠳᠠᠭᠤ ᠬᠦᠷᠢᠶᠡᠯᠡᠩ ᠲᠣᠭᠣᠷᠢᠭ᠎ᠤᠨ ᠠᠵᠢᠯ᠎ᠤᠨ ᠳᠤᠮᠳᠠ ᠣᠯᠤᠭᠰᠠᠨ ᠪᠣᠳᠠᠲᠠᠶ ᠦᠷ᠎ᠡ ᠪᠦᠲᠦᠮᠵᠢ ᠵᠢ ᠦᠨᠡᠯᠡᠵᠦ᠂ 《ᠵᠢᠱ᠌ᠢᠶ᠎ᠡ ᠦᠵᠡᠭᠦᠯᠬᠦ ᠴᠢᠨᠠᠷ ᠪᠣᠯᠤᠨ ᠨᠥᠯᠥᠭᠡᠯᠡᠬᠦ ᠬᠦᠴᠦᠨ》᠎ᠨᠢ ᠭᠣᠣᠯᠳᠠᠭᠤ ᠬᠦᠷᠢᠶᠡᠯᠡᠩ ᠲᠣᠭᠣᠷᠢᠭ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ᠎ᠬᠢ ᠨᠥᠯᠥᠭᠡᠯᠡᠬᠦ ᠬᠦᠴᠦᠨ᠎ᠢ ᠦᠨᠡᠯᠡᠵᠦ᠂ 《ᠪᠠᠲᠤᠯᠠᠭ᠎ᠠ ᠵᠢᠨ ᠲᠣᠭᠲᠠᠴᠠ ᠪᠣᠯᠤᠨ ᠲᠥᠷᠥ ᠵᠢᠨ ᠪᠣᠳᠣᠯᠭ᠎ᠠ ᠵᠢᠨ ᠲᠠᠯ᠎ᠠ᠎ᠪᠠᠷ ᠲᠡᠳᠬᠦᠬᠦ》᠎ᠨᠢ ᠭᠤᠤᠯᠳᠠᠭᠤ ᠭᠤᠶᠤᠴᠢᠯᠠᠨ ᠮᠡᠳᠡᠭᠦᠯᠦᠭᠰᠡᠨ ᠭᠣᠣᠯ ᠴᠣᠭᠴᠠ᠎ᠠᠴᠠ ᠰᠣᠶᠣᠯ᠎ᠤᠨ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ᠎ᠤᠨ ᠠᠵᠢᠯ᠎ᠢ ᠴᠢᠬᠤᠯᠠᠴᠢᠯᠠᠭᠰᠠᠨ ᠬᠡᠮᠵᠢᠶ᠎ᠡ ᠪᠣᠯᠤᠨ ᠳᠡᠮᠵᠢᠭᠰᠡᠨ ᠪᠠᠢ᠌ᠳᠠᠯ᠎ᠢ ᠦᠨᠡᠯᠡᠨ᠎ᠡ᠃
ᠲᠠᠪᠤ᠂ ᠬᠢᠨᠠᠨ ᠲᠤᠭᠲᠠᠭ᠋ᠠᠯᠲᠠ ᠵᠢᠨ ᠬᠢᠷᠢ ᠲᠡᠩᠴᠡᠭᠦ ᠬᠤᠪᠢ᠎ᠨᠢ ᠬᠡᠳᠦᠶ ᠪᠣᠶ?
ᠬᠢᠨᠠᠨ ᠲᠣᠭᠲᠠᠭ᠋ᠠᠬᠤ ᠶᠠᠪᠤᠴᠠ᠎ᠳᠤ᠂ 《ᠪᠣᠭᠣᠮᠲᠠ ᠵᠢ ᠴᠢᠩᠭ᠎ᠠ ᠠᠳᠬᠤᠬᠤ᠂ ᠣᠨᠴᠠᠯᠢᠭ᠎ᠢ ᠲᠣᠪᠣᠢ᠌ᠯᠭ᠋ᠠᠬᠤ᠂ ᠬᠢᠷᠢ ᠬᠡᠮᠵᠢᠶ᠎ᠡ ᠵᠢ ᠳᠡᠭᠡᠭᠰᠢᠯᠡᠭᠦᠯᠬᠦ》 ᠵᠠᠷᠴᠢᠮ᠎ᠤᠨ ᠶᠣᠰᠣᠭ᠋ᠠᠷ᠂ ᠦᠨᠡᠯᠡᠨ ᠲᠣᠭᠲᠠᠭ᠋ᠠᠬᠤ ᠬᠤᠪᠢ᠎ᠨᠢ 120 ᠬᠤᠪᠢ᠎ᠠᠴᠠ ᠳᠡᠭᠡᠭᠰᠢᠬᠢ ᠬᠦᠷᠢᠶᠡᠯᠡᠩ ᠲᠣᠭᠣᠷᠢᠭ᠎ᠢ 《ᠬᠢᠷᠢ ᠲᠡᠩᠴᠡᠭᠰᠡᠨ》 ᠵᠶ᠋ᠡᠷ ᠲᠣᠭᠲᠠᠭ᠋ᠠᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠪᠣᠢ᠌ᠵᠢᠭᠤᠯᠬᠤ ᠰᠣᠶᠣᠯ᠎ᠤᠨ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ ᠵᠶ᠋ᠠᠷ ᠨᠡᠷᠡᠢ᠌ᠳᠴᠦ ᠪᠣᠯᠤᠨ᠎ᠠ; ᠦᠨᠡᠯᠡᠨ ᠲᠣᠭᠲᠠᠭ᠋ᠠᠭᠰᠠᠨ ᠬᠤᠪᠢ᠎ᠨᠢ 120 ᠬᠤᠪᠢ᠎ᠠᠴᠠ ᠳᠣᠷᠣᠭᠰᠢ ᠬᠦᠷᠢᠶᠡᠯᠡᠩ ᠲᠣᠭᠣᠷᠢᠭ᠎ᠢ 《ᠬᠢᠷᠢ ᠲᠡᠩᠴᠡᠬᠦ ᠦᠭᠡᠶ》᠎ᠪᠠᠷ ᠲᠣᠭᠲᠠᠭ᠋ᠠᠵᠤ᠂ 《ᠨᠢᠭᠡ ᠪᠢᠯᠧᠲ ᠵᠶ᠋ᠡᠷ ᠦᠭᠡᠢ᠌ᠰᠬᠡᠬᠦ》 ᠭᠦᠢ᠍ᠴᠡᠳᠬᠡᠬᠦ ᠲᠣᠭ᠎ᠠ ᠳᠡᠭᠡᠷ᠎ᠡ ᠠᠰᠠᠭᠤᠳᠠᠯ ᠭᠠᠷᠪᠠᠯ ᠴᠥᠮ 《ᠬᠢᠷᠢ ᠲᠡᠩᠴᠡᠬᠦ ᠦᠭᠡᠶ》᠎ᠪᠠᠷ ᠲᠣᠭᠲᠠᠭ᠋ᠠᠬᠤ ᠬᠡᠷᠡᠭᠲᠡᠶ ᠃
ᠵᠢᠷᠭᠤᠭ᠎ᠠ᠂ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠪᠣᠢ᠌ᠵᠢᠭᠤᠯᠬᠤ ᠰᠣᠶᠣᠯ᠎ᠤᠨ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ ᠵᠶ᠋ᠠᠷ ᠰᠢᠯᠭ᠋ᠠᠷᠠᠭᠤᠯᠤᠭᠳᠠᠭᠰᠠᠨ ᠨᠢᠭᠡᠴᠢ᠎ᠳᠤ ᠶᠠᠮᠠᠷ ᠱᠠᠩᠨᠠᠬᠤ ᠲᠥᠷᠥ ᠵᠢᠨ ᠪᠣᠳᠣᠯᠭ᠎ᠠ ᠪᠠᠢ᠌ᠬᠤ ᠪᠤᠶ?
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠪᠣᠢ᠌ᠵᠢᠭᠤᠯᠬᠤ ᠰᠣᠶᠣᠯ᠎ᠤᠨ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ ᠵᠶ᠋ᠠᠷ ᠨᠡᠷᠡᠢ᠌ᠳᠦᠭᠰᠡᠨ ᠨᠢᠭᠡᠴᠢ᠎ᠳᠤ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠠᠴᠠ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠲᠣᠭᠲᠠᠭ᠋ᠠᠯ ᠶᠣᠰᠣᠭ᠋ᠠᠷ ᠲᠥᠷᠥ ᠵᠢᠨ ᠪᠣᠳᠣᠯᠭ᠎ᠠ᠂ ᠪᠡᠯᠡ ᠮᠥᠩᠭᠥ᠂ ᠴᠢᠳᠠᠪᠤᠷᠢᠲᠠᠨ ᠬᠥᠮᠦᠵᠢᠭᠦᠯᠬᠦ ᠵᠡᠷᠭᠡ ᠲᠠᠯ᠎ᠠ᠎ᠪᠠᠷ ᠳᠡᠮᠵᠢᠯᠭᠡ ᠦᠵᠡᠭᠦᠯᠦᠨ᠎ᠡ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠪᠣᠢ᠌ᠵᠢᠭᠤᠯᠬᠤ ᠰᠣᠶᠣᠯ᠎ᠤᠨ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ᠎ᠢ ᠤᠯᠤᠰ᠎ᠤᠨ ᠲᠠᠰ᠎ᠤᠨ ᠰᠣᠶᠣᠯ᠎ᠤᠨ ᠠᠵᠤ ᠦᠢ᠍ᠯᠡᠰ᠎ᠤᠨ ᠵᠢᠱ᠌ᠢᠶ᠎ᠡ ᠦᠵᠡᠭᠦᠯᠬᠦ ᠬᠦᠷᠢᠶᠡᠯᠡᠩ ᠲᠣᠭᠣᠷᠢᠭ ᠵᠶ᠋ᠠᠷ ᠮᠡᠳᠡᠭᠦᠯᠬᠦ ᠵᠢ ᠡᠩ ᠲᠡᠷᠢᠭᠦᠨ᠎ᠳᠤ ᠪᠠᠲᠤᠯᠠᠨ ᠲᠠᠨᠢᠯᠴᠠᠭᠤᠯᠤᠨ᠎ᠠ᠃
ᠳᠣᠯᠣᠭ᠎ᠠ᠂ ᠨᠡᠷ᠎ᠡ ᠦᠭᠡ ᠵᠢ ᠲᠠᠢ᠌ᠯᠪᠤᠷᠢᠯᠠᠬᠤ
ᠰᠣᠶᠣᠯ᠎ᠤᠨ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ᠄ ᠰᠣᠶᠣᠯ᠎ᠤᠨ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ ᠭᠡᠳᠡᠭ᠎ᠨᠢ ᠰᠣᠨᠢᠨ ᠮᠡᠳᠡᠭᠡᠨ᠎ᠤ ᠮᠡᠳᠡᠭᠡ ᠵᠠᠩᠭᠢ ᠵᠢᠨ ᠦᠢ᠍ᠯᠡᠴᠢᠯᠡᠭᠡᠨ᠂ ᠠᠭᠤᠯᠭ᠎ᠠ ᠵᠣᠬᠢᠶᠠᠨ ᠪᠦᠲᠦᠭᠡᠵᠦ ᠦᠢ᠍ᠯᠡᠳᠪᠦᠷᠢᠯᠡᠬᠦ᠂ ᠪᠦᠲᠦᠭᠡᠯᠴᠢ ᠲᠥᠰᠦᠪᠯᠡᠯ᠎ᠤᠨ ᠵᠢᠷᠤᠭᠯᠠᠨ ᠲᠥᠯᠥᠪᠯᠡᠬᠦ ᠦᠢ᠍ᠯᠡᠴᠢᠯᠡᠭᠡᠨ᠂ ᠰᠣᠶᠣᠯ᠎ᠤᠨ ᠤᠯᠠᠮᠵᠢᠯᠠᠬᠤ ᠠᠷᠭ᠎ᠠ ᠵᠠᠮ᠂ ᠰᠣᠶᠣᠯ᠎ᠤᠨ ᠪᠡᠯᠡ ᠣᠷᠣᠭᠤᠯᠵᠤ ᠡᠵᠡᠩᠨᠡᠬᠦ᠂ ᠰᠣᠶᠣᠯ ᠴᠡᠩᠭᠡᠯ ᠰᠡᠯᠡᠭᠦᠴᠡᠯ᠎ᠤᠨ ᠦᠢ᠍ᠯᠡᠴᠢᠯᠡᠭᠡᠨ᠂ ᠰᠣᠶᠣᠯ᠎ᠤᠨ ᠲᠤᠰᠠᠯᠠᠬᠤ ᠦᠢ᠍ᠯᠡᠳᠪᠦᠷᠢᠯᠡᠯ ᠪᠠ ᠵᠠᠭᠤᠴᠢ ᠦᠢ᠍ᠯᠡᠴᠢᠯᠡᠭᠡᠨ᠂ ᠰᠣᠶᠣᠯ᠎ᠤᠨ ᠲᠣᠨᠣᠭ ᠲᠥᠬᠥᠭᠡᠷᠦᠮᠵᠢ ᠵᠢᠨ ᠦᠢ᠍ᠯᠡᠳᠪᠦᠷᠢᠯᠡᠯ᠂ ᠰᠣᠶᠣᠯ᠎ᠤᠨ ᠬᠡᠷᠡᠭᠯᠡᠭᠡᠨ᠎ᠤ ᠦᠵᠦᠭᠦᠷ᠎ᠤᠨ ᠦᠢ᠍ᠯᠡᠳᠪᠦᠷᠢᠯᠡᠯ ᠵᠡᠷᠭᠡ᠎ᠪᠠᠷ ᠭᠣᠣᠯ ᠦᠢ᠍ᠯᠡᠳᠪᠦᠷᠢᠯᠡᠯ ᠡᠵᠡᠩᠨᠡᠯᠲᠡ ᠵᠢᠨ ᠠᠵᠢᠯᠯᠠᠭ᠎ᠠ ᠪᠣᠯᠭ᠋ᠠᠵᠤ᠂ ᠰᠠᠭᠤᠷᠢ ᠪᠡᠯᠡᠳᠬᠡᠮᠵᠢ᠎ᠨᠢ ᠪᠦᠷᠢᠨ ᠲᠡᠭᠦᠯᠳᠡᠷ᠂ ᠨᠡᠪᠴᠢᠭᠦᠯᠬᠦ ᠦᠢ᠍ᠯᠡᠳᠦᠯ᠎ᠨᠢ ᠲᠣᠪᠣᠢ᠌ᠮ᠎ᠠ᠂ ᠰᠣᠶᠣᠯ᠎ᠤᠨ ᠠᠵᠤ ᠠᠬᠤᠢ᠌ᠯᠠᠯ ᠲᠥᠪᠯᠡᠷᠡᠭᠰᠡᠨ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ᠎ᠢ ᠵᠢᠭ᠋ᠠᠵᠤ ᠪᠤᠶ᠃