ᠥᠪᠡᠷᠲᠡᠭᠡᠨ ᠵᠠᠰᠠᠬᠤ ᠣᠷᠣᠨ᠎ᠤ ᠰᠥᠨᠢ ᠵᠢᠨ ᠰᠣᠶᠣᠯ ᠵᠢᠭᠤᠯᠴᠢᠯᠠᠯ᠎ᠤᠨ ᠬᠡᠷᠡᠭᠯᠡᠭᠡᠨ᠎ᠤ ᠲᠥᠪᠯᠡᠷᠡᠯ᠎ᠤᠨ ᠣᠷᠣᠨ᠎ᠤ ᠪᠦᠲᠦᠭᠡᠨ ᠪᠠᠢ᠌ᠭᠤᠯᠤᠯᠲᠠ ᠵᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠥᠨᠢ ᠵᠢᠨ ᠰᠣᠶᠣᠯ ᠪᠠ ᠵᠢᠭᠤᠯᠴᠢᠯᠠᠯ᠎ᠤᠨ ᠬᠡᠷᠡᠭᠯᠡᠭᠡᠨ᠎ᠤ ᠲᠥᠪᠯᠡᠷᠡᠭᠰᠡᠨ ᠣᠷᠣᠨ᠎ᠤ ᠪᠦᠲᠦᠭᠡᠨ ᠪᠠᠢ᠌ᠭᠤᠯᠤᠯᠲᠠ ᠵᠢᠨ ᠵᠦᠭᠯᠡᠭᠦᠷ》《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠥᠨᠢ ᠵᠢᠨ ᠰᠣᠶᠣᠯ ᠪᠠ ᠵᠢᠭᠤᠯᠴᠢᠯᠠᠯ᠎ᠤᠨ ᠬᠡᠷᠡᠭᠯᠡᠭᠡᠨ᠎ᠤ ᠲᠥᠪᠯᠡᠷᠡᠭᠰᠡᠨ ᠣᠷᠣᠨ᠎ᠤ ᠬᠤᠪᠢ ᠲᠣᠭᠲᠠᠭ᠋ᠠᠬᠤ ᠨᠠᠷᠢᠨ ᠳᠦᠷᠢᠮ》᠎ᠢ ᠲᠤᠭᠤᠷᠪᠢᠪᠠ ᠃ ᠤᠳᠤ ᠬᠣᠯᠪᠣᠭᠳᠠᠯ ᠪᠦᠬᠦᠢ ᠠᠭᠤᠯᠭ᠎ᠠ ᠵᠢᠨ ᠲᠤᠬᠠᠢ ᠳᠣᠣᠷᠠᠬᠢ ᠮᠡᠲᠦ ᠲᠠᠢ᠌ᠯᠪᠤᠷᠢᠯᠠᠶ᠎ᠠ᠄
ᠨᠢᠭᠡ᠂ ᠶᠠᠭᠤᠨ᠎ᠳᠤ 《ᠪᠦᠲᠦᠭᠡᠨ ᠪᠠᠢ᠌ᠭᠤᠯᠤᠯᠲᠠ ᠵᠢᠨ ᠵᠦᠭᠯᠡᠭᠦᠷ》 ᠵᠢᠴᠢ 《ᠬᠤᠪᠢ ᠲᠣᠭᠲᠠᠭ᠋ᠠᠬᠤ ᠨᠠᠷᠢᠨ ᠳᠦᠷᠢᠮ》᠎ᠢ ᠲᠣᠭᠲᠠᠭ᠋ᠠᠬᠤ ᠬᠡᠷᠡᠭᠲᠡᠶ ᠪᠤᠶ?
ᠡᠨᠡ ᠵᠢᠯ᠎ᠤᠨ 7 ᠳ᠋ᠤᠭ᠋ᠠᠷ ᠰᠠᠷ᠎ᠠ᠎ᠳᠤ᠂ ᠰᠣᠶᠣᠯ ᠪᠠ ᠵᠢᠭᠤᠯᠴᠢᠯᠠᠯ᠎ᠤᠨ ᠶᠠᠮᠤᠨ ᠮᠡᠳᠡᠭᠳᠡᠯ ᠪᠠᠭᠤᠯᠭ᠋ᠠᠵᠤ᠂ ᠨᠢᠭᠡᠳᠦᠭᠡᠷ ᠪᠦᠯᠦᠭ᠎ᠤᠨ ᠤᠯᠤᠰ᠎ᠤᠨ ᠲᠠᠰ᠎ᠤᠨ ᠰᠥᠨᠢ ᠵᠢᠨ ᠰᠣᠶᠣᠯ ᠪᠠ ᠵᠢᠭᠤᠯᠴᠢᠯᠠᠯ᠎ᠤᠨ ᠬᠡᠷᠡᠭᠯᠡᠭᠡᠨ᠎ᠤ ᠲᠥᠪᠯᠡᠷᠡᠭᠰᠡᠨ ᠣᠷᠣᠨ᠎ᠢ ᠬᠢᠨᠠᠨ ᠲᠣᠭᠲᠠᠭ᠋ᠠᠬᠤ ᠠᠵᠢᠯ᠎ᠢ ᠥᠷᠨᠢᠭᠦᠯᠵᠦ᠂ ᠮᠠᠨ᠎ᠤ ᠣᠷᠣᠨ᠎ᠤ ᠬᠥᠬᠡᠬᠣᠲᠠ ᠵᠢᠨ ᠪᠤᠭᠤᠮᠲᠠ ᠵᠢᠨ ᠭᠠᠲᠠᠨᠠᠬᠢ ᠬᠠᠭᠤᠴᠢᠨ ᠵᠡᠭᠡᠯᠢ ᠵᠢᠨ ᠲᠡᠦᠬᠡ ᠰᠣᠶᠣᠯ᠎ᠤᠨ ᠵᠡᠭᠡᠯᠢ ᠲᠣᠭᠣᠷᠢᠭ᠂ ᠣᠷᠳᠣᠰ ᠬᠣᠲᠠ ᠵᠢᠨ ᠬᠢᠶ᠎ᠠ ᠪᠠᠭᠰᠢ ᠤᠯᠠᠭ᠋ᠠᠨᠮᠦ᠋ᠷᠡᠨ ᠰᠣᠶᠣᠯ ᠪᠠ ᠵᠢᠭᠤᠯᠴᠢᠯᠠᠯ᠎ᠤᠨ ᠵᠡᠭᠡᠯᠢ ᠲᠣᠭᠣᠷᠢᠭ᠂ ᠮᠠᠨᠵᠤᠤᠷ ᠬᠣᠲᠠ ᠵᠢᠨ ᠳᠤᠮᠳᠠᠳᠤ ᠣᠷᠣᠰ᠎ᠤᠨ ᠬᠢᠯᠢ ᠵᠢᠨ ᠵᠢᠭᠤᠯᠴᠢᠯᠠᠯ᠎ᠤᠨ ᠣᠷᠣᠨ᠎ᠤ ᠬᠡᠦᠬᠡᠯᠳᠡᠶ ᠵᠢᠨ ᠦᠵᠡᠮᠵᠢ ᠵᠢᠨ ᠣᠷᠣᠨ᠎ᠨᠢ ᠨᠢᠭᠡᠳᠦᠭᠡᠷ ᠪᠦᠯᠦᠭ᠎ᠤᠨ ᠤᠯᠤᠰ᠎ᠤᠨ ᠲᠠᠰ᠎ᠤᠨ ᠰᠥᠨᠢ ᠵᠢᠨ ᠰᠣᠶᠣᠯ ᠪᠠ ᠵᠢᠭᠤᠯᠴᠢᠯᠠᠯ᠎ᠤᠨ ᠬᠡᠷᠡᠭᠯᠡᠭᠡᠨ᠎ᠤ ᠲᠥᠪᠯᠡᠷᠡᠭᠰᠡᠨ ᠤᠷᠤᠨ᠎ᠳᠤ ᠠᠮᠵᠢᠯᠲᠠ᠎ᠲᠠᠢ ᠰᠣᠩᠭᠣᠭᠳᠠᠪᠠ ᠃ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ᠂ ᠮᠠᠨ᠎ᠤ ᠣᠷᠣᠨ ᠪᠠᠰᠠ ᠨᠢᠭᠡ ᠪᠦᠯᠦᠭ ᠰᠣᠶᠣᠯ ᠪᠠ ᠵᠢᠭᠤᠯᠴᠢᠯᠠᠯ᠎ᠤᠨ ᠦᠢᠯᠡᠰ᠎ᠤᠨ ᠡᠵᠡᠩᠨᠡᠯᠲᠡ ᠵᠢᠨ ᠬᠡᠯᠪᠡᠷᠢ᠎ᠨᠢ ᠲᠦᠪᠯᠡᠷᠡᠭᠰᠡᠨ᠂ ᠣᠯᠠᠨ ᠨᠡᠢ᠌ᠲᠡ ᠵᠢᠨ ᠦᠢᠯᠡᠴᠢᠯᠡᠭᠡᠨᠢ ᠲᠡᠭᠦᠯᠳᠡᠷ᠂ ᠲᠥᠷᠥᠯ ᠲᠡᠮᠳᠡᠭ᠎ᠤᠨ ᠠᠯᠳᠠᠷᠰᠢᠯ᠎ᠨᠢ ᠥᠨᠳᠥᠷ᠂ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠨᠢ ᠵᠢᠷᠤᠮᠵᠢᠯ᠎ᠲᠠᠢ᠂ ᠲᠥᠷᠥ ᠵᠢᠨ ᠪᠣᠳᠣᠯᠭ᠎ᠠ ᠵᠢᠨ ᠣᠷᠴᠢᠨ ᠲᠣᠭᠣᠷᠢᠨ᠎ᠨᠢ ᠰᠠᠢ᠌ᠨ ᠪᠠᠢ᠌ᠬᠤ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠥᠨᠢ ᠵᠢᠨ ᠰᠣᠶᠣᠯ ᠪᠠ ᠵᠢᠭᠤᠯᠴᠢᠯᠠᠯ᠎ᠤᠨ ᠬᠡᠷᠡᠭᠯᠡᠭᠡᠨ᠎ᠤ ᠴᠤᠭᠯᠠᠷᠠᠯ᠎ᠤᠨ ᠣᠷᠣᠨ᠎ᠢ ᠭᠣᠤᠯᠳᠠᠯᠭ᠎ᠠ᠎ᠲᠠᠢ ᠪᠥᠲᠥᠭᠡᠨ ᠪᠠᠢ᠌ᠭᠤᠯᠤᠨ᠎ᠠ ᠃ ᠰᠢᠯᠭ᠋ᠠᠷᠠᠭᠤᠯᠤᠯᠲᠠ ᠵᠢ ᠵᠢᠷᠤᠮᠵᠢᠭᠤᠨ᠂ ᠲᠥᠪ ᠭᠣᠤᠯᠴᠢ ᠪᠠᠢ᠌ᠯᠭ᠋ᠠᠬᠤ ᠵᠢᠨ ᠲᠥᠯᠥᠭᠡ᠂ 《ᠪᠥᠲᠥᠭᠡᠨ ᠪᠠᠢ᠌ᠭᠤᠯᠤᠯᠲᠠ ᠵᠢᠨ ᠵᠦᠭᠯᠡᠭᠦᠷ》᠂《ᠬᠤᠪᠢ ᠲᠣᠭᠲᠠᠭ᠋ᠠᠬᠤ ᠨᠠᠷᠢᠨ ᠲᠦᠷᠢᠮ》᠎ᠢ ᠲᠣᠭᠲᠠᠭ᠋ᠠᠬᠤ᠎ᠨᠢ ᠲᠤᠢ᠌ᠯ᠎ᠤᠨ ᠴᠢᠬᠤᠯᠠ ᠶᠤᠮ ᠃
ᠬᠣᠶᠠᠷ᠂ 《ᠪᠥᠲᠥᠭᠡᠨ ᠪᠠᠢ᠌ᠭᠤᠯᠤᠯᠲᠠ ᠵᠢᠨ ᠵᠦᠭᠯᠡᠭᠦᠷ》 ᠵᠢᠴᠢ 《ᠬᠤᠪᠢ ᠲᠣᠭᠲᠠᠭ᠋ᠠᠬᠤ ᠨᠠᠷᠢᠨ ᠲᠦᠷᠢᠮ》᠎ᠢ ᠨᠠᠢ᠌ᠷᠠᠭᠤᠯᠤᠨ ᠵᠣᠬᠢᠶᠠᠬᠤ ᠦᠨᠳᠦᠰᠦᠯᠡᠯ᠎ᠨᠢ ᠶᠠᠭᠤ ᠪᠣᠶ?
《ᠰᠣᠶᠣᠯ ᠪᠠ ᠵᠢᠭᠤᠯᠴᠢᠯᠠᠯ᠎ᠤᠨ ᠬᠡᠷᠡᠭᠯᠡᠭᠡ ᠵᠢᠨ ᠳᠠᠯᠳᠠ ᠬᠦᠴᠦᠨ᠎ᠢ ᠤᠯᠠᠮ ᠨᠢᠭᠡ ᠠᠯᠬᠤᠮ ᠬᠥᠭᠵᠢᠭᠡᠬᠦ ᠲᠤᠬᠠᠶ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠠᠯᠪᠠᠨ ᠲᠢᠩᠬᠢᠮ᠎ᠤᠨ ᠰᠠᠨᠠᠯ》᠂ 《ᠠᠩᠬᠠᠳᠠᠭᠴᠢ ᠪᠦᠯᠦᠭ ᠤᠯᠤᠰ᠎ᠤᠨ ᠲᠠᠰ᠎ᠤᠨ ᠰᠥᠨᠢ ᠵᠢᠨ ᠰᠣᠶᠣᠯ ᠪᠠ ᠵᠢᠭᠤᠯᠴᠢᠯᠠᠯ᠎ᠤᠨ ᠬᠡᠷᠡᠭᠯᠡᠭᠡ ᠵᠢᠨ ᠲᠥᠪᠯᠡᠷᠡᠭᠰᠡᠨ ᠣᠷᠣᠨ᠎ᠤ ᠪᠥᠲᠥᠭᠡᠨ ᠪᠠᠢ᠌ᠭᠤᠯᠤᠯᠲᠠ ᠵᠢᠨ ᠠᠵᠢᠯ᠎ᠢ ᠥᠷᠨᠢᠭᠦᠯᠬᠦ ᠲᠤᠬᠠᠶ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠠᠯᠪᠠᠨ ᠲᠢᠩᠬᠢᠮ᠎ᠤᠨ ᠮᠡᠳᠡᠭᠳᠡᠯ》᠂ ᠮᠠᠨ᠎ᠤ ᠣᠷᠣᠨ᠎ᠤ ᠰᠥᠨᠢ ᠵᠢᠨ ᠰᠣᠶᠣᠯ ᠪᠠ ᠵᠢᠭᠤᠯᠴᠢᠯᠠᠯ᠎ᠤᠨ ᠬᠡᠷᠡᠭᠯᠡᠭᠡ ᠵᠢᠨ ᠪᠣᠳᠠᠲᠠᠶ᠎ᠲᠠᠢ᠎ᠪᠠᠨ ᠤᠶᠠᠯᠳᠤᠭᠤᠯᠤᠨ᠂ 《ᠪᠥᠲᠥᠭᠡᠨ ᠪᠠᠢ᠌ᠭᠤᠯᠤᠯᠲᠠ ᠵᠢᠨ ᠵᠦᠭᠯᠡᠭᠦᠷ》 ᠪᠠ 《ᠬᠤᠪᠢ ᠲᠣᠭᠲᠠᠭ᠋ᠠᠬᠤ ᠨᠠᠷᠢᠨ ᠲᠦᠷᠢᠮ》᠎ᠢ ᠨᠠᠢ᠌ᠷᠠᠭᠤᠯᠤᠨ ᠵᠤᠬᠢᠶᠠᠪᠠ ᠃
ᠭᠤᠷᠪᠠ᠂ 《ᠪᠥᠲᠥᠭᠡᠨ ᠪᠠᠢ᠌ᠭᠤᠯᠤᠯᠲᠠ ᠵᠢᠨ ᠵᠦᠭᠯᠡᠭᠦᠷ》 ᠵᠢᠴᠢ 《ᠬᠤᠪᠢ ᠲᠣᠭᠲᠠᠭ᠋ᠠᠬᠤ ᠨᠠᠷᠢᠨ ᠲᠦᠷᠢᠮ》᠎ᠢ ᠶᠠᠮᠠᠷ ᠵᠢᠷᠤᠮ ᠵᠶ᠋ᠠᠷ ᠳᠡᠮᠵᠢᠨ ᠲᠣᠭᠲᠠᠭ᠋ᠠᠭᠰᠠᠨ ᠪᠣᠶ?
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠰᠣᠶᠣᠯ ᠵᠢᠭᠤᠯᠴᠢᠯᠠᠯ᠎ᠤᠨ ᠶᠠᠮᠤᠨ᠎ᠤ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠰᠥᠨᠢ ᠵᠢᠨ ᠰᠣᠶᠣᠯ ᠪᠠ ᠵᠢᠭᠤᠯᠴᠢᠯᠠᠯ᠎ᠤᠨ ᠬᠡᠷᠡᠭᠯᠡᠭᠡᠨ᠎ᠤ ᠲᠥᠪᠯᠡᠷᠡᠭᠰᠡᠨ ᠣᠷᠣᠨ᠎ᠤ ᠬᠥᠭᠵᠢᠯᠲᠡ ᠵᠢᠨ ᠪᠣᠳᠠᠲᠠᠶ᠎ᠲᠠᠢ ᠤᠶᠠᠯᠳᠤᠭᠤᠯᠤᠨ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠥᠨᠢ ᠵᠢᠨ ᠰᠣᠶᠣᠯ ᠪᠠ ᠵᠢᠭᠤᠯᠴᠢᠯᠠᠯ᠎ᠤᠨ ᠬᠡᠷᠡᠭᠯᠡᠭᠡ ᠲᠥᠪᠯᠡᠷᠡᠭᠰᠡᠨ ᠣᠷᠣᠨ᠎ᠤ ᠪᠥᠲᠥᠭᠡᠨ ᠪᠠᠢ᠌ᠭᠤᠯᠤᠯᠲᠠ ᠵᠢᠨ ᠵᠦᠭᠯᠡᠭᠦᠷ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠥᠨᠢ ᠵᠢᠨ ᠰᠣᠶᠣᠯ ᠪᠠ ᠵᠢᠭᠤᠯᠴᠢᠯᠠᠯ᠎ᠤᠨ ᠬᠡᠷᠡᠭᠯᠡᠭᠡ ᠲᠥᠪᠯᠡᠷᠡᠭᠰᠡᠨ ᠣᠷᠣᠨ᠎ᠤ ᠬᠤᠪᠢ ᠲᠣᠭᠲᠠᠭ᠋ᠠᠬᠤ ᠨᠠᠷᠢᠨ ᠲᠦᠷᠢᠮ》᠎ᠢ ᠲᠤᠭᠤᠷᠪᠢᠨ᠂ 2021 ᠣᠨ᠎ᠤ 10 ᠳ᠋ᠤᠭ᠋ᠠᠷ ᠰᠠᠷ᠎ᠠ ᠵᠢᠨ 27᠎ᠤ ᠡᠳᠦᠷ᠎ᠠᠴᠠ 11 ᠳ᠋ᠦ᠍ᠭᠡᠷ ᠰᠠᠷ᠎ᠠ ᠵᠢᠨ 15᠎ᠤ ᠡᠳᠦᠷ ᠪᠣᠯᠲᠠᠯ᠎ᠠ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠠᠯᠪᠠᠨ᠎ᠤ ᠰᠦᠯᠵᠢᠶᠡᠨ ᠳᠡᠭᠡᠷ᠎ᠡ ᠨᠡᠢ᠌ᠭᠡᠮ ᠨᠡᠢ᠌ᠲᠡ᠎ᠠᠴᠠ ᠢᠯᠡ᠎ᠪᠠᠷ ᠰᠠᠨᠠᠯ ᠬᠤᠷᠢᠶᠠᠪᠠ᠃ ᠡᠭᠦᠨ᠎ᠤ ᠬᠠᠮᠲᠤ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠡᠯ᠎ᠡ ᠠᠢ᠌ᠮᠠᠭ ᠬᠣᠲᠠ ᠵᠢᠨ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ᠂ ᠲᠢᠩᠬᠢᠮ᠎ᠤᠨ ᠪᠠᠢ᠌ᠭᠤᠯᠭ᠎ᠠ ᠵᠢᠨ ᠡᠯ᠎ᠡ ᠲᠤᠬᠠᠢ᠌ᠯᠠᠭᠰᠠᠨ ᠠᠵᠢᠯ᠎ᠤᠨ ᠭᠠᠵᠠᠷ ᠲᠠᠰᠤᠭ ᠵᠠᠬᠢᠳᠠᠯ ᠢᠯᠡᠭᠡᠵᠦ ᠰᠠᠨᠠᠯ ᠬᠤᠷᠢᠶᠠᠪᠠ᠃ 11 ᠳ᠋ᠦ᠍ᠭᠡᠷ ᠰᠠᠷ᠎ᠠ ᠵᠢᠨ 23᠎ᠤ ᠡᠳᠦᠷ 《ᠪᠥᠲᠥᠭᠡᠨ ᠪᠠᠢ᠌ᠭᠤᠯᠤᠯᠲᠠ ᠵᠢᠨ ᠵᠦᠭᠯᠡᠭᠦᠷ》᠂ 《ᠬᠤᠪᠢ ᠲᠣᠭᠲᠠᠭ᠋ᠠᠬᠤ ᠨᠠᠷᠢᠨ ᠲᠦᠷᠢᠮ》᠎ᠢ ᠨᠠᠢ᠌ᠷᠠᠭᠤᠯᠤᠨ ᠵᠣᠬᠢᠶᠠᠬᠤ ᠲᠤᠬᠠᠶ ᠶᠠᠷᠢᠯᠴᠠᠬᠤ ᠬᠤᠷᠠᠯ ᠬᠤᠷᠠᠯᠳᠤᠭᠤᠯᠵᠤ᠂ ᠬᠠᠮᠢᠶ᠎ᠠ ᠪᠦᠬᠦᠢ ᠠᠵᠤ ᠠᠬᠤᠢ᠌ᠯᠠᠯ᠎ᠠᠴᠠ ᠰᠠᠨᠠᠯ ᠬᠤᠷᠢᠶᠠᠪᠠ ᠃ ᠬᠠᠷᠢᠭᠤ ᠲᠤᠰᠬᠠᠭᠰᠠᠨ ᠰᠠᠨᠠᠯ᠎ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠠᠴᠠ 《ᠪᠥᠲᠥᠭᠡᠨ ᠪᠠᠢ᠌ᠭᠤᠯᠤᠯᠲᠠ ᠵᠢᠨ ᠵᠦᠭᠯᠡᠭᠦᠷ》 ᠵᠢᠴᠢ 《ᠬᠤᠪᠢ ᠲᠣᠭᠲᠠᠭ᠋ᠠᠬᠤ ᠨᠠᠷᠢᠨ ᠲᠦᠷᠢᠮ》᠎ᠳᠤ ᠵᠣᠬᠢᠬᠤ ᠵᠠᠰᠠᠪᠤᠷᠢ ᠣᠷᠣᠭᠤᠯᠵᠤ᠂ ᠡᠴᠦᠰ᠎ᠲᠤ᠎ᠪᠠᠨ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠥᠨᠢ ᠵᠢᠨ ᠰᠣᠶᠣᠯ ᠪᠠ ᠵᠢᠭᠤᠯᠴᠢᠯᠠᠯ᠎ᠤᠨ ᠬᠡᠷᠡᠭᠯᠡᠭᠡ ᠲᠥᠪᠯᠡᠷᠡᠭᠰᠡᠨ ᠣᠷᠣᠨ᠎ᠤ ᠪᠥᠲᠥᠭᠡᠨ ᠪᠠᠢ᠌ᠭᠤᠯᠤᠯᠲᠠ ᠵᠢᠨ ᠵᠦᠭᠯᠡᠭᠦᠷ》 (ᠬᠢᠨᠠᠭᠤᠯᠬᠤ ᠨᠣᠤᠷᠠᠭ)᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠥᠨᠢ ᠵᠢᠨ ᠰᠣᠶᠣᠯ ᠪᠠ ᠵᠢᠭᠤᠯᠴᠢᠯᠠᠯ᠎ᠤᠨ ᠬᠡᠷᠡᠭᠯᠡᠭᠡ ᠲᠥᠪᠯᠡᠷᠡᠭᠰᠡᠨ ᠣᠷᠣᠨ᠎ᠤ ᠬᠤᠪᠢ ᠲᠣᠭᠲᠠᠭ᠋ᠠᠬᠤ ᠨᠠᠷᠢᠨ ᠲᠦᠷᠢᠮ》 (ᠬᠢᠨᠠᠭᠤᠯᠬᠤ ᠨᠣᠤᠷᠠᠭ)᠎ᠢ ᠪᠦᠷᠢᠯᠳᠦᠭᠦᠯᠪᠡ ᠃ ᠥᠪᠥᠷ ᠮᠣᠩᠭᠣᠯ᠎ᠤᠨ ᠮᠸᠩ ᠶᠤᠸᠠᠨ ᠬᠠᠤᠯᠢᠴᠢ ᠵᠢᠨ ᠬᠡᠷᠡᠭ ᠡᠷᠬᠢᠯᠡᠬᠦ ᠭᠠᠵᠠᠷ ᠪᠠ ᠲᠢᠩᠬᠢᠮ᠎ᠤᠨ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠭᠠᠵᠠᠷ᠎ᠤᠨ᠎ᠬᠢ ᠬᠠᠤᠯᠢ ᠶᠣᠰᠣᠴᠢ ᠴᠢᠨᠠᠷ᠎ᠢ ᠬᠢᠨᠠᠨ ᠪᠠᠢ᠌ᠴᠠᠭ᠋ᠠᠭ᠋ᠠᠳ᠂ 《ᠬᠡᠷᠡᠭᠵᠢᠭᠦᠯᠬᠦ ᠨᠠᠷᠢᠨ ᠲᠦᠷᠢᠮ》᠎ᠢ ᠲᠣᠭᠲᠠᠭ᠋ᠠᠬᠤ ᠪᠡᠶᠡᠴᠢ ᠴᠣᠭᠴᠠ᠂ ᠦᠨᠳᠦᠰᠦᠯᠡᠯ᠂ ᠡᠷᠬᠡ ᠵᠢᠨ ᠬᠡᠪᠴᠢᠶ᠎ᠡ᠂ ᠭᠣᠤᠯ ᠠᠭᠤᠯᠭ᠎ᠠ᠎ᠨᠢ ᠬᠠᠤᠯᠢ᠎ᠳᠤ ᠨᠡᠢ᠌ᠴᠡᠨ᠎ᠡ ᠭᠡᠵᠦ ᠦᠵᠡᠪᠡ ᠃ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ 12 ᠳ᠋ᠤᠭ᠋ᠠᠷ ᠰᠠᠷ᠎ᠠ ᠵᠢᠨ 8᠎ᠤ ᠡᠳᠦᠷ᠎ᠤᠨ 49 ᠳ᠋ᠦ᠍ᠭᠡᠷ ᠤᠳᠠᠭ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ ᠳᠡᠭᠡᠷ᠎ᠡ ᠰᠤᠳᠤᠯᠤᠨ ᠵᠥᠪᠰᠢᠶᠡᠷᠡᠵᠦ᠂ 12 ᠳ᠋ᠤᠭ᠋ᠠᠷ ᠰᠠᠷ᠎ᠠ ᠵᠢᠨ 20᠎ᠤ ᠡᠳᠦᠷ ᠳᠠᠷᠤᠮᠠᠯᠯᠠᠨ ᠲᠠᠷᠬᠠᠭ᠋ᠠᠪᠠ ᠃
ᠳᠥᠷᠪᠡ᠂ 《ᠪᠥᠲᠥᠭᠡᠨ ᠪᠠᠢ᠌ᠭᠤᠯᠤᠯᠲᠠ ᠵᠢᠨ ᠵᠦᠭᠯᠡᠭᠦᠷ》 ᠵᠢᠴᠢ 《ᠬᠤᠪᠢ ᠲᠣᠭᠲᠠᠭ᠋ᠠᠬᠤ ᠨᠠᠷᠢᠨ ᠲᠦᠷᠢᠮ》᠎ᠤᠨ ᠭᠣᠤᠯ ᠠᠭᠤᠯᠭ᠎ᠠ᠎ᠨᠢ ᠶᠠᠭᠤ ᠪᠣᠶ?
《ᠪᠦᠲᠦᠭᠡᠨ ᠪᠠᠢ᠌ᠭᠤᠯᠤᠯᠲᠠ ᠵᠢᠨ ᠵᠦᠭᠯᠡᠭᠦᠷ》 ᠪᠠ 《ᠬᠤᠪᠢ ᠲᠣᠭᠲᠠᠭ᠋ᠠᠬᠤ ᠨᠠᠷᠢᠨ ᠳᠦᠷᠢᠮ》᠎ᠤᠨ ᠠᠭᠤᠯᠭ᠎ᠠ᠎ᠨᠢ ᠬᠠᠷᠢᠯᠴᠠᠨ ᠵᠣᠬᠢᠴᠠᠯᠳᠤᠨ ᠨᠢᠭᠡᠳᠦᠯᠲᠡᠶ ᠪᠠᠢ᠌ᠵᠤ᠂ 《ᠪᠦᠲᠦᠭᠡᠨ ᠪᠠᠢ᠌ᠭᠤᠯᠤᠯᠲᠠ ᠵᠢᠨ ᠵᠦᠭᠯᠡᠭᠦᠷ》 ᠵᠶ᠋ᠡᠷ ᠬᠠᠷᠠᠯᠲᠠ ᠵᠢᠨ ᠴᠢᠨᠠᠷᠲᠠᠶ ᠳᠦᠷᠰᠦᠯᠡᠯ ᠪᠣᠯᠭ᠋ᠠᠵᠤ᠂ 《ᠬᠤᠪᠢ ᠲᠣᠭᠲᠠᠭ᠋ᠠᠬᠤ ᠨᠠᠷᠢᠨ ᠳᠦᠷᠢᠮ》 ᠵᠶ᠋ᠡᠷ ᠪᠣᠳᠠᠲᠠᠶ ᠲᠣᠭ᠎ᠠ ᠬᠡᠮᠵᠢᠭᠳᠡᠯ᠎ᠢ ᠮᠠᠭ᠋ᠠᠳᠯᠠᠬᠤ ᠦᠨᠳᠦᠰᠦᠯᠡᠯ ᠪᠠ ᠬᠤᠪᠢ ᠣᠯᠭᠣᠬᠤ ᠪᠠᠷᠢᠮᠵᠢᠶ᠎ᠠ ᠪᠣᠯᠭ᠋ᠠᠨ᠎ᠠ ᠃ 《ᠬᠤᠪᠢ ᠲᠣᠭᠲᠠᠭ᠋ᠠᠬᠤ ᠨᠠᠷᠢᠨ ᠲᠦᠷᠢᠮ》᠎ᠳᠤ ᠨᠡᠢ᠌ᠲᠡ 30 ᠭᠦᠢᠴᠡᠳᠬᠡᠯ ᠲᠣᠭ᠎ᠠ ᠲᠣᠬᠢᠷᠠᠭᠤᠯᠪᠠ᠂ ᠶᠡᠷᠦᠩᠬᠡᠶ ᠬᠤᠪᠢ᠎ᠨᠢ 100 ᠬᠤᠪᠢ᠂ 《ᠤᠯᠤᠰ ᠲᠥᠷᠥ ᠵᠢᠨ ᠤᠳᠤᠷᠢᠳᠤᠮᠵᠢ ᠂ ᠰᠣᠶᠣᠯ᠎ᠤᠨ ᠴᠢᠭᠯᠡᠯ᠂ ᠠᠮᠤᠷ ᠲᠦᠪᠰᠢᠨ ᠣᠷᠴᠢᠨ ᠲᠣᠭᠣᠷᠢᠨ᠎ᠤ ᠬᠠᠮᠠᠭ᠋ᠠᠯᠠᠯᠲᠠ》 ᠵᠡᠷᠭᠡ 《ᠨᠢᠭᠡ ᠪᠢᠯᠧᠲ ᠵᠶ᠋ᠡᠷ ᠦᠭᠡᠢ᠌ᠰᠬᠡᠬᠦ》1 ᠭᠦᠢᠴᠡᠳᠬᠡᠯ ᠲᠣᠭ᠎ᠠ᠂ ᠴᠤᠭᠯᠠᠷᠠᠯ ᠲᠣᠭᠣᠷᠢᠭ᠎ᠤᠨ ᠭᠤᠶᠤᠴᠢᠯᠠᠨ ᠮᠡᠳᠡᠭᠦᠯᠬᠦ ᠪᠡᠶᠡᠴᠢ ᠴᠣᠭᠴᠠ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠬᠠᠷᠢᠭᠤᠴᠠᠯᠭ᠎ᠠ ᠵᠢᠨ ᠳᠦᠷᠢᠮ᠎ᠢ ᠪᠦᠲᠦᠮᠵᠢᠲᠡᠶ ᠨᠠᠢ᠌ᠳᠠᠪᠤᠷᠢᠵᠢᠭᠤᠯᠵᠤ ᠴᠢᠳᠠᠭᠰᠠᠨ ᠦᠭᠡᠢ᠂ ᠣᠷᠣᠨ᠎ᠤ ᠳᠣᠲᠣᠷᠠᠬᠢ ᠠᠵᠤ ᠠᠬᠤᠢ᠌ᠯᠠᠯ ᠪᠤᠶᠤ ᠬᠤᠳᠠᠯᠳᠤᠭ᠋ᠠᠨ᠎ᠤ ᠡᠷᠦᠬᠡ ᠴᠤᠭᠯᠠᠷᠠᠵᠤ ᠠᠵᠢᠯᠯᠠᠭ᠎ᠠ᠂ ᠦᠢ᠍ᠯᠡᠳᠬᠦᠨ ᠪᠤᠶᠤ ᠦᠢ᠍ᠯᠡᠴᠢᠯᠡᠭᠡ ᠬᠠᠩᠭ᠋ᠠᠬᠤ᠂ ᠤᠬᠠᠭᠤᠯᠭ᠎ᠠ ᠶᠠᠷᠢᠶ᠎ᠠ ᠬᠡᠯᠡᠯᠴᠡᠭᠡ ᠵᠡᠷᠭᠡ ᠲᠠᠯ᠎ᠠ᠎ᠪᠠᠷ ᠬᠦᠨᠳᠦ ᠨᠣᠴᠢᠲᠠᠶ ᠤᠯᠤᠰ ᠲᠥᠷᠥ ᠵᠢᠨ ᠤᠳᠤᠷᠢᠳᠤᠮᠵᠢ ᠂ ᠥᠷᠲᠡᠭ᠎ᠤᠨ ᠬᠠᠨᠳᠤᠰᠢ ᠪᠠ ᠶᠠᠷᠢᠶ᠎ᠠ ᠬᠡᠯᠡᠯᠴᠡᠭᠡᠨ᠎ᠤ ᠴᠢᠭᠯᠡᠯ᠎ᠤᠨ ᠪᠤᠷᠤᠭᠤ᠂ ᠡᠰᠡᠬᠦᠯ᠎ᠡ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠬᠣᠬᠢᠷᠠᠭᠤᠯᠬᠤ ᠦᠢ᠍ᠯᠡ ᠠᠵᠢᠯᠯᠠᠭ᠎ᠠ ᠭᠠᠷᠤᠭᠰᠠᠨ᠂ ᠲᠥᠪᠯᠡᠷᠡᠭᠰᠡᠨ ᠣᠷᠣᠨ᠎ᠳᠤ ᠨᠡᠯᠢᠶᠡᠳ ᠶᠡᠬᠡ ᠦᠢᠯᠡᠳᠪᠦᠷᠢᠯᠡᠯ᠎ᠤᠨ ᠠᠮᠤᠷ ᠲᠦᠪᠰᠢᠨ᠎ᠤ ᠡᠨᠳᠡᠯ ᠪᠤᠶᠤ ᠣᠷᠴᠢᠨ ᠲᠣᠭᠣᠷᠢᠨ᠎ᠤ ᠪᠣᠬᠢᠷᠲᠤᠯ᠎ᠤᠨ ᠡᠨᠳᠡᠯ ᠭᠠᠷᠤᠭᠰᠠᠨ ᠪᠠᠢ᠌ᠳᠠᠯ᠎ᠳᠤ᠂ ᠨᠢᠭᠡ ᠪᠢᠯᠧᠲ ᠵᠶ᠋ᠡᠷ ᠦᠭᠡᠢ᠌ᠰᠬᠡᠬᠦ ᠵᠢ ᠬᠡᠷᠡᠭᠵᠢᠭᠦᠯᠦᠨ᠎ᠡ ᠃ ᠪᠤᠰᠤᠳ 29 ᠭᠦᠢᠴᠡᠳᠬᠡᠯ ᠲᠣᠭ᠎ᠠ᠎ᠨᠢ ᠬᠤᠪᠢ ᠤᠯᠬᠤ ᠭᠦᠢᠴᠡᠳᠬᠡᠯ ᠲᠣᠭ᠎ᠠ ᠪᠠᠢ᠌ᠵᠤ᠂ ᠲᠣᠰ ᠲᠣᠰ 《ᠦᠨᠳᠦᠰᠦᠨ ᠨᠥᠬᠥᠴᠡᠯ》᠂ 《ᠲᠥᠪᠯᠡᠷᠡᠭᠰᠡᠨ ᠣᠷᠣᠨ᠎ᠤ ᠰᠣᠶᠣᠯ ᠪᠠ ᠵᠢᠭᠤᠯᠴᠢᠯᠠᠯ᠎ᠤᠨ ᠡᠵᠡᠩᠨᠡᠯᠲᠡ ᠵᠢᠨ ᠪᠠᠢ᠌ᠳᠠᠯ ᠲᠥᠯᠥᠪ》᠂ 《ᠲᠥᠪᠯᠡᠷᠡᠭᠰᠡᠨ ᠣᠷᠣᠨ᠎ᠤ ᠣᠯᠠᠨ ᠨᠡᠢ᠌ᠲᠡ ᠵᠢᠨ ᠦᠢᠯᠡᠴᠢᠯᠡᠭᠡ》᠂ 《 ᠲᠥᠪᠯᠡᠷᠡᠭᠰᠡᠨ ᠣᠷᠣᠨ᠎ᠤ ᠨᠠᠷᠠᠲᠤ ᠲᠥᠷᠥᠯ ᠲᠡᠮᠳᠡᠭᠲᠦ ᠵᠢᠨ ᠠᠯᠳᠠᠷᠰᠢᠯ》᠂ 《ᠲᠥᠪᠯᠡᠷᠡᠭᠰᠡᠨ ᠣᠷᠣᠨ᠎ᠤ ᠵᠠᠬ᠎ᠠ ᠳᠡᠯᠭᠡᠭᠦᠷ᠎ᠤᠨ ᠡᠮᠬᠢ ᠳᠢᠭᠯᠢᠮ》᠂ 《ᠲᠥᠪᠯᠡᠷᠡᠭᠰᠡᠨ ᠣᠷᠣᠨ᠎ᠤ ᠪᠠᠢ᠌ᠭ᠎ᠠ ᠭᠠᠵᠠᠷ᠎ᠤᠨ ᠵᠠᠰᠠᠭ᠎ᠤᠨ ᠣᠷᠳᠣᠨ᠎ᠤ ᠳᠡᠮᠵᠢᠯᠭᠡ》 ᠵᠡᠷᠭᠡ 6 ᠲᠠᠯ᠎ᠠ᠎ᠪᠠᠷ ᠦᠨᠡᠯᠡᠯᠲᠡ ᠬᠢᠨ᠎ᠠ ᠃ ᠡᠭᠦᠨ᠎ᠳᠤ 《ᠦᠨᠳᠦᠰᠦᠨ ᠨᠥᠬᠥᠴᠡᠯ》᠎ᠤᠨ ᠭᠣᠤᠯ ᠦᠨᠡᠯᠡᠯᠲᠡ᠎ᠨᠢ ᠲᠥᠪᠯᠡᠷᠡᠭᠰᠡᠨ ᠣᠷᠣᠨ᠎ᠢ ᠮᠡᠳᠡᠭᠦᠯᠬᠦ ᠦᠨᠳᠦᠰᠦᠨ ᠵᠠᠷᠴᠢᠮ ᠪᠠ ᠱᠠᠭ᠋ᠠᠷᠳᠠᠯᠭ᠎ᠠ ᠵᠢ ᠲᠤᠰᠬᠠᠨ᠎ᠠ᠂ 《ᠲᠥᠪᠯᠡᠷᠡᠭᠰᠡᠨ ᠣᠷᠣᠨ᠎ᠤ ᠰᠣᠶᠣᠯ ᠪᠠ ᠵᠢᠭᠤᠯᠴᠢᠯᠠᠯ᠎ᠤᠨ ᠡᠵᠡᠩᠨᠡᠯᠲᠡ ᠵᠢᠨ ᠬᠡᠯᠪᠡᠷᠢ ᠪᠠᠢ᠌ᠳᠠᠯ》᠎ᠨᠢ ᠭᠣᠤᠯᠳᠠᠭᠤ ᠴᠤᠭᠯᠠᠷᠠᠯ᠎ᠤᠨ ᠣᠷᠣᠨ᠎ᠤ ᠰᠣᠶᠣᠯ ᠵᠢᠭᠤᠯᠴᠢᠯᠠᠯ᠎ᠤᠨ ᠡᠬᠢ ᠪᠠᠶᠠᠯᠢᠭ᠂ ᠣᠷᠣᠨ ᠨᠤᠲᠤᠭ᠎ᠤᠨ ᠰᠣᠶᠣᠯ᠎ᠤᠨ ᠣᠨᠴᠠᠯᠢᠭ᠂ ᠰᠣᠶᠣᠯ ᠵᠢᠭᠤᠯᠴᠢᠯᠠᠯ᠎ᠤᠨ ᠦᠢᠯᠡᠳᠬᠦᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠬᠢᠷᠢ ᠲᠦᠪᠰᠢᠨ᠂ ᠰᠥᠨᠢ ᠵᠢᠨ ᠨᠡᠭᠡᠭᠡᠯᠲᠡ ᠪᠠ ᠬᠡᠷᠡᠭᠯᠡᠭᠡᠨ᠎ᠤ ᠬᠡᠮᠵᠢᠶ᠎ᠡ ᠵᠡᠷᠭᠡ ᠪᠠᠢ᠌ᠳᠠᠯ᠎ᠢ ᠦᠨᠡᠯᠡᠨ᠎ᠡ᠂ 《ᠲᠥᠪᠯᠡᠷᠡᠭᠰᠡᠨ ᠣᠷᠣᠨ᠎ᠤ ᠣᠯᠠᠨ ᠨᠡᠢ᠌ᠲᠡ ᠵᠢᠨ ᠦᠢᠯᠡᠴᠢᠯᠡᠭᠡ》᠎ᠨᠢ ᠭᠣᠤᠯᠳᠠᠭᠤ ᠲᠥᠪᠯᠡᠷᠡᠭᠰᠡᠨ ᠣᠷᠣᠨ᠎ᠤ ᠳᠣᠲᠣᠷᠠᠬᠢ ᠰᠠᠭᠤᠷᠢ ᠲᠦᠭᠦᠭᠡᠷᠦᠮᠵᠢ ᠪᠠ ᠡᠷᠬᠢᠨ ᠲᠣᠭᠣᠷᠢᠨ᠎ᠤ ᠣᠯᠠᠨ ᠨᠡᠢ᠌ᠲᠡ ᠵᠢᠨ ᠦᠢᠯᠡᠴᠢᠯᠡᠭᠡ ᠵᠢᠨ ᠪᠠᠢ᠌ᠳᠠᠯ᠎ᠢ ᠦᠨᠡᠯᠡᠨ᠎ᠡ᠂ 《 ᠲᠥᠪᠯᠡᠷᠡᠭᠰᠡᠨ ᠣᠷᠣᠨ᠎ᠤ ᠲᠦᠷᠦᠯ ᠲᠡᠮᠳᠡᠭ᠎ᠤᠨ ᠠᠯᠳᠠᠷᠰᠢᠯ》᠎ᠳᠤ ᠭᠣᠣᠯᠳᠠᠭᠤ ᠲᠥᠪᠯᠡᠷᠡᠭᠰᠡᠨ ᠣᠷᠣᠨ᠎ᠤ ᠲᠦᠷᠦᠯ ᠲᠡᠮᠳᠡᠭ᠎ᠤᠨ ᠠᠯᠳᠠᠷᠰᠢᠯ ᠪᠣᠯᠤᠨ ᠰᠣᠶᠣᠯ ᠵᠢᠭᠤᠯᠴᠢᠯᠠᠯ᠎ᠤᠨ ᠬᠡᠷᠡᠭᠯᠡᠭᠡᠨ᠎ᠤ ᠬᠢᠷᠢ ᠬᠡᠮᠵᠢᠶ᠎ᠡ ᠵᠢᠨ ᠪᠠᠢ᠌ᠳᠠᠯ᠎ᠳᠤ ᠦᠨᠡᠯᠡᠯᠲᠡ ᠬᠢᠨ᠎ᠡ᠂ 《ᠲᠥᠪᠯᠡᠷᠡᠭᠰᠡᠨ ᠣᠷᠣᠨ᠎ᠤ ᠵᠠᠬ᠎ᠠ ᠳᠡᠯᠭᠡᠭᠦᠷ᠎ᠤᠨ ᠡᠮᠬᠢ ᠳᠢᠭᠯᠢᠮ》᠎ᠨᠢ ᠭᠣᠣᠯᠳᠠᠭᠤ ᠲᠥᠪᠯᠡᠷᠡᠭᠰᠡᠨ ᠣᠷᠣᠨ᠎ᠤ ᠵᠠᠬ᠎ᠠ ᠳᠡᠯᠭᠡᠭᠦᠷ᠎ᠤᠨ ᠬᠠᠮᠢᠶᠠᠷᠤᠯᠲᠠ ᠪᠣᠯᠤᠨ ᠠᠶᠤᠯ ᠦᠭᠡᠶ ᠦᠢ᠍ᠯᠡᠳᠪᠦᠷᠢᠯᠡᠯ᠎ᠤᠨ ᠪᠠᠢ᠌ᠳᠠᠯ᠎ᠢ ᠦᠨᠡᠯᠡᠨ᠎ᠡ᠂ 《ᠲᠥᠪᠯᠡᠷᠡᠭᠰᠡᠨ ᠣᠷᠣᠨ᠎ᠤ ᠪᠠᠢ᠌ᠭ᠎ᠠ ᠭᠠᠵᠠᠷ᠎ᠤᠨ ᠵᠠᠰᠠᠭ᠎ᠤᠨ ᠣᠷᠳᠣᠨ᠎ᠤ ᠳᠡᠮᠵᠢᠯᠭᠡ》 ᠵᠢᠨ ᠮᠡᠳᠡᠭᠦᠯᠬᠦ ᠭᠣᠤᠯ ᠴᠣᠭᠴᠠ ᠵᠢᠨ ᠰᠥᠨᠢ ᠵᠢᠨ ᠰᠣᠶᠣᠯ ᠪᠠ ᠵᠢᠭᠤᠯᠴᠢᠯᠠᠯ᠎ᠤᠨ ᠬᠡᠷᠡᠭᠯᠡᠭᠡᠨ᠎ᠤ ᠲᠥᠪᠯᠡᠷᠡᠭᠰᠡᠨ ᠣᠷᠣᠨ᠎ᠤ ᠠᠵᠢᠯ᠎ᠢ ᠴᠢᠬᠤᠯᠠᠴᠢᠯᠠᠭᠰᠠᠨ ᠬᠡᠮᠵᠢᠶ᠎ᠡ ᠪᠠ ᠳᠡᠮᠵᠢᠭᠰᠡᠨ ᠪᠠᠢ᠌ᠳᠠᠯ᠎ᠢ ᠭᠤᠤᠯᠯᠠᠨ ᠦᠨᠡᠯᠡᠨ᠎ᠡ ᠃
ᠲᠠᠪᠤ᠂ ᠬᠢᠨᠠᠨ ᠲᠣᠭᠲᠠᠭ᠋ᠠᠬᠤ ᠬᠢᠷᠢ ᠲᠡᠩᠴᠡᠭᠦ ᠬᠤᠪᠢ ᠵᠢᠨ ᠱᠤᠭᠤᠮ᠎ᠨᠢ ᠬᠡᠳᠦᠶ ᠪᠣᠶ?
ᠦᠨᠡᠯᠡᠨ ᠲᠣᠭᠲᠠᠭ᠋ᠠᠬᠤ ᠶᠠᠪᠤᠴᠠ᠎ᠳᠤ᠂ ᠦᠨᠡᠯᠡᠨ ᠲᠣᠭᠲᠠᠭ᠋ᠠᠬᠤ ᠬᠤᠪᠢ᠎ᠨᠢ 60 ᠬᠤᠪᠢ᠎ᠠᠴᠠ ᠳᠡᠭᠡᠭᠰᠢ ᠲᠥᠪᠯᠡᠷᠡᠭᠰᠡᠨ ᠣᠷᠣᠨ᠎ᠢ 《ᠬᠢᠷᠢ ᠲᠡᠩᠴᠡᠭᠰᠡᠨ》 ᠵᠶ᠋ᠡᠷ ᠲᠣᠭᠲᠠᠭ᠋ᠠᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠥᠨᠢ ᠵᠢᠨ ᠰᠣᠶᠣᠯ ᠪᠠ ᠵᠢᠭᠤᠯᠴᠢᠯᠠᠯ᠎ᠤᠨ ᠬᠡᠷᠡᠭᠯᠡᠭᠡᠨ᠎ᠤ ᠲᠥᠪᠯᠡᠷᠡᠭᠰᠡᠨ ᠣᠷᠣᠨ ᠵᠶ᠋ᠠᠷ ᠨᠡᠷᠡᠢ᠌ᠳᠴᠦ ᠪᠣᠯᠤᠨ᠎ᠠ᠃ ᠬᠢᠨᠠᠨ ᠲᠣᠭᠲᠠᠭ᠋ᠠᠬᠤ ᠬᠤᠪᠢ᠎ᠨᠢ 60 ᠬᠤᠪᠢ᠎ᠠᠴᠠ ᠳᠣᠷᠣᠭᠰᠢ ᠲᠥᠪᠯᠡᠷᠡᠭᠰᠡᠨ ᠣᠷᠣᠨ᠎ᠢ 《ᠬᠢᠷᠢ ᠲᠡᠩᠴᠡᠬᠦ ᠦᠭᠡᠶ》᠎ᠪᠠᠷ ᠲᠣᠭᠲᠠᠭ᠋ᠠᠵᠤ᠂ 《ᠨᠢᠭᠡ ᠪᠢᠯᠧᠲ ᠵᠶ᠋ᠡᠷ ᠦᠭᠡᠢ᠌ᠰᠬᠡᠬᠦ》 ᠭᠦᠢ᠍ᠴᠡᠳᠬᠡᠬᠦ ᠲᠣᠭ᠎ᠠ ᠳᠡᠭᠡᠷ᠎ᠡ ᠠᠰᠠᠭᠤᠳᠠᠯ ᠭᠠᠷᠪᠠᠯ ᠴᠥᠮ 《ᠬᠢᠷᠢ ᠲᠡᠩᠴᠡᠬᠦ ᠦᠭᠡᠶ》᠎ᠪᠠᠷ ᠲᠣᠭᠲᠠᠭ᠋ᠠᠬᠤ ᠬᠡᠷᠡᠭᠲᠡᠶ ᠃
ᠵᠢᠷᠭᠤᠭ᠎ᠠ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠥᠨᠢ ᠵᠢᠨ ᠰᠣᠶᠣᠯ ᠪᠠ ᠵᠢᠭᠤᠯᠴᠢᠯᠠᠯ᠎ᠤᠨ ᠬᠡᠷᠡᠭᠯᠡᠭᠡᠨ᠎ᠤ ᠲᠥᠪᠯᠡᠷᠡᠭᠰᠡᠨ ᠣᠷᠣᠨ ᠵᠶ᠋ᠠᠷ ᠦᠨᠡᠯᠡᠭᠳᠡᠭᠰᠡᠨ ᠨᠢᠭᠡᠴᠢ᠎ᠳᠤ ᠶᠠᠮᠠᠷ ᠱᠠᠩᠨᠠᠬᠤ ᠲᠥᠷᠥ ᠵᠢᠨ ᠪᠣᠳᠣᠯᠭ᠎ᠠ ᠪᠠᠢ᠌ᠬᠤ ᠪᠣᠶ?
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠥᠨᠢ ᠵᠢᠨ ᠰᠣᠶᠣᠯ ᠪᠠ ᠵᠢᠭᠤᠯᠴᠢᠯᠠᠯ᠎ᠤᠨ ᠬᠡᠷᠡᠭᠯᠡᠭᠡ ᠲᠥᠪᠯᠡᠷᠡᠭᠰᠡᠨ ᠣᠷᠣᠨ ᠵᠶ᠋ᠠᠷ ᠨᠡᠷᠡᠢ᠌ᠳᠦᠭᠰᠡᠨ ᠨᠢᠭᠡᠴᠢ᠎ᠳᠤ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠠᠴᠠ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠵᠢᠴᠢ ᠬᠣᠯᠪᠣᠭᠳᠠᠯ ᠪᠥᠬᠥᠶ ᠰᠠᠯᠠᠭ᠎ᠠ ᠮᠥᠴᠢᠷ᠎ᠤᠨ ᠲᠣᠭᠲᠠᠭ᠋ᠠᠯ ᠶᠣᠰᠣᠭ᠋ᠠᠷ ᠲᠥᠷᠥ ᠵᠢᠨ ᠪᠣᠳᠣᠯᠭ᠎ᠠ᠂ ᠪᠠᠯᠠ ᠮᠥᠩᠭᠥ᠂ ᠴᠢᠳᠠᠪᠤᠷᠢᠲᠠᠨ ᠬᠥᠮᠦᠵᠢᠭᠦᠯᠬᠦ ᠵᠡᠷᠭᠡ ᠲᠠᠯ᠎ᠠ᠎ᠪᠠᠷ ᠳᠡᠮᠵᠢᠯᠭᠡ ᠦᠵᠡᠭᠦᠯᠦᠨ᠎ᠡ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠥᠨᠢ ᠵᠢᠨ ᠰᠣᠶᠣᠯ ᠪᠠ ᠵᠢᠭᠤᠯᠴᠢᠯᠠᠯ᠎ᠤᠨ ᠬᠡᠷᠡᠭᠯᠡᠭᠡᠨ᠎ᠤ ᠲᠥᠪᠯᠡᠷᠡᠭᠰᠡᠨ ᠣᠷᠣᠨ᠎ᠢ ᠤᠷᠢᠳ ᠵᠶ᠋ᠠᠷ ᠤᠯᠤᠰ᠎ᠤᠨ ᠲᠠᠰ᠎ᠤᠨ ᠰᠥᠨᠢ ᠵᠢᠨ ᠰᠣᠶᠣᠯ ᠪᠠ ᠵᠢᠭᠤᠯᠴᠢᠯᠠᠯ᠎ᠤᠨ ᠬᠡᠷᠡᠭᠯᠡᠭᠡᠨ᠎ᠤ ᠲᠥᠪᠯᠡᠷᠡᠭᠰᠡᠨ ᠣᠷᠣᠨ ᠵᠶ᠋ᠠᠷ ᠲᠡᠪᠰᠢᠭᠦᠯᠦᠨ ᠮᠡᠲᠡᠭᠦᠯᠦᠨ᠎ᠡ᠃
ᠳᠣᠯᠣᠭ᠎ᠠ᠂ ᠨᠡᠷᠡᠰ᠎ᠤᠨ ᠲᠠᠢ᠌ᠯᠪᠤᠷᠢ
ᠰᠥᠨᠢ ᠵᠢᠨ ᠰᠣᠶᠣᠯ ᠪᠠ ᠵᠢᠭᠤᠯᠴᠢᠯᠠᠯ᠎ᠤᠨ ᠬᠡᠷᠡᠭᠯᠡᠭᠡᠨ᠎ᠤ ᠲᠥᠪᠯᠡᠷᠡᠭᠰᠡᠨ ᠣᠷᠣᠨ᠄ ᠰᠥᠨᠢ ᠵᠢᠨ ᠰᠣᠶᠣᠯ ᠪᠠ ᠵᠢᠭᠤᠯᠴᠢᠯᠠᠯ᠎ᠤᠨ ᠬᠡᠷᠡᠭᠯᠡᠭᠡᠨ᠎ᠤ ᠲᠥᠪᠯᠡᠷᠡᠭᠰᠡᠨ ᠣᠷᠣᠨ ᠭᠡᠳᠡᠭ᠎ᠨᠢ ᠣᠨᠴᠠᠯᠢᠭᠲᠤ ᠰᠣᠶᠣᠯ᠎ᠤᠨ ᠵᠡᠭᠡᠯᠢ ᠲᠣᠭᠣᠷᠢᠭ᠂ ᠰᠣᠶᠣᠯ ᠪᠡᠶ᠎ᠡ ᠵᠢᠨ ᠲᠠᠮᠢᠷ ᠬᠤᠳᠠᠯᠳᠤᠭ᠎ᠠ ᠵᠢᠭᠤᠯᠴᠢᠯᠠᠯ᠎ᠤᠨ ᠶᠡᠷᠦᠩᠬᠡᠢ᠌ᠯᠡᠭᠰᠡᠨ ᠴᠤᠭᠴᠠ᠂ ᠵᠢᠭᠤᠯᠴᠢᠯᠠᠯ᠎ᠤᠨ ᠦᠵᠡᠮᠵᠢ ᠵᠢᠨ ᠣᠷᠣᠨ ᠪᠤᠶᠤ ᠰᠣᠶᠣᠯ᠎ᠤᠨ ᠠᠵᠤ ᠦᠢᠯᠡᠰ᠎ᠤᠨ ᠵᠢᠱ᠌ᠢᠶ᠎ᠡ ᠦᠵᠡᠭᠦᠯᠬᠦ ᠬᠦᠷᠢᠶᠡᠯᠡᠩ ᠲᠣᠭᠣᠷᠢᠭ ᠵᠡᠷᠭᠡ ᠣᠷᠣᠨ ᠪᠦᠰᠡ ᠵᠢᠨ ᠣᠷᠣᠨ ᠵᠠᠶ᠎ᠳᠤ ᠲᠦᠰᠢᠭᠯᠡᠨ᠂ ᠰᠣᠶᠣᠯ᠎ᠤᠨ ᠲᠠᠯᠠᠪᠤᠷ ᠣᠷᠳᠣᠨ᠂ ᠵᠤᠭ᠎ᠠ ᠴᠡᠩᠭᠡᠯ᠎ᠤᠨ ᠲᠠᠯᠠᠪᠤᠷ ᠭᠠᠵᠠᠷ᠂ ᠮᠦᠽᠧᠶ᠂ ᠨᠣᠮ᠎ᠤᠨ ᠳᠡᠯᠭᠡᠭᠦᠷ᠂ ᠲᠢᠶᠠᠲᠷ ᠺᠢᠨᠣ᠋ ᠵᠢᠨ ᠣᠷᠳᠣᠨ᠂ ᠢᠳᠡᠭᠡᠨ ᠤᠮᠳᠠᠭ᠋ᠠᠨ᠂ ᠪᠠᠭᠤᠳᠠᠯ ᠵᠡᠷᠭᠡ ᠰᠣᠶᠣᠯ ᠵᠢᠭᠤᠯᠴᠢᠯᠠᠯ᠎ᠤᠨ ᠲᠠᠯᠠᠪᠤᠷ ᠭᠠᠵᠠᠷ᠎ᠲᠠᠢ ᠤᠶᠠᠯᠳᠤᠭᠤᠯᠤᠨ᠂ ᠰᠣᠶᠣᠯ ᠵᠢᠭᠤᠯᠴᠢᠯᠠᠯ ᠬᠤᠳᠠᠯᠳᠤᠭ᠎ᠠ ᠵᠢᠨ ᠡᠬᠢ ᠪᠠᠶᠠᠯᠢᠭ᠎ᠢ ᠣᠷᠭ᠋ᠠᠨᠢᠭ ᠵᠶ᠋ᠠᠷ ᠬᠠᠮᠲᠤᠷᠠᠨ ᠬᠥᠳᠡᠯᠦᠯᠴᠡᠬᠦ᠂ ᠡᠷᠴᠢᠮᠵᠢᠭᠦᠯᠦᠨ ᠠᠰᠢᠭᠯᠠᠬᠤ ᠵᠢ ᠪᠡᠶᠡᠯᠡᠭᠦᠯᠵᠦ᠂ ᠰᠥᠨᠢ (18 ᠴᠠᠭ᠎ᠠᠴᠠ ᠳᠠᠷᠠᠭ᠎ᠠ ᠡᠳᠦᠷᠤᠨᠬᠢᠨᠢ 6 ᠴᠠᠭ ᠬᠦᠷᠲᠡᠯ᠎ᠡ) ᠬᠡᠷᠡᠭᠯᠡᠭᠡᠨ᠎ᠤ ᠵᠠᠬ᠎ᠠ ᠳᠡᠯᠭᠡᠭᠦᠷ᠎ᠢ ᠬᠥᠭᠵᠢᠭᠡᠨ᠎ᠲᠠᠢ ᠪᠣᠯᠭ᠋ᠠᠬᠤ ᠣᠷᠣᠨ ᠪᠦᠰᠡ ᠵᠢ ᠵᠢᠭ᠋ᠠᠵᠤ ᠪᠤᠶ ᠃