ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
《〈ᠡᠵᠡᠩᠨᠡᠯᠲᠡ ᠵᠢᠨ ᠴᠢᠨᠠᠷᠲᠠᠶ ᠲᠣᠭᠯᠠᠯᠲᠠ ᠵᠢᠨ ᠬᠠᠮᠢᠶᠠᠷᠤᠯᠲᠠ ᠵᠢᠨ ᠲᠦᠷᠢᠮ᠎ᠢ ᠬᠡᠷᠡᠭᠵᠢᠭᠦᠯᠬᠦ ᠨᠠᠷᠢᠨ ᠲᠦᠷᠢᠮ〉᠎ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭ᠋ᠠᠯ》᠎ᠤᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
ᠨᠡᠶᠢᠲᠡᠯᠡᠭᠰᠡᠨ ᠴᠠᠭ᠄ 2022-05-20

      ᠣᠢ᠌ᠷ᠎ᠠ᠎ᠳᠤ᠂ ᠰᠣᠶᠣᠯ   ᠪᠠ ᠵᠢᠭᠤᠯᠴᠢᠯᠠᠯ᠎ᠤᠨ ᠶᠠᠮᠤᠨ 《〈ᠡᠵᠡᠩᠨᠡᠯᠲᠡ ᠵᠢᠨ ᠴᠢᠨᠠᠷᠲᠠᠶ ᠲᠣᠭᠯᠠᠯᠲᠠ ᠵᠢᠨ ᠬᠠᠮᠢᠶᠠᠷᠤᠯᠲᠠ ᠵᠢᠨ ᠲᠦᠷᠢᠮ᠎ᠢ ᠬᠡᠷᠡᠭᠵᠢᠭᠦᠯᠬᠦ ᠨᠠᠷᠢᠨ ᠲᠦᠷᠢᠮ〉᠎ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭ᠋ᠠᠯ》᠎ᠢ ᠳᠠᠷᠤᠮᠠᠯᠯᠠᠨ ᠲᠠᠷᠬᠠᠭ᠋ᠠᠵᠤ᠂ 《ᠡᠵᠡᠩᠨᠡᠯᠲᠡ ᠵᠢᠨ ᠴᠢᠨᠠᠷᠲᠠᠶ ᠲᠣᠭᠯᠠᠯᠲᠠ ᠵᠢᠨ ᠬᠠᠮᠢᠶᠠᠷᠤᠯᠲᠠ ᠵᠢᠨ ᠲᠦᠷᠢᠮ᠎ᠢ ᠬᠡᠷᠡᠭᠵᠢᠭᠦᠯᠬᠦ ᠨᠠᠷᠢᠨ ᠲᠦᠷᠢᠮ》 (ᠳᠣᠷᠣᠭᠰᠢ 《ᠨᠠᠷᠢᠨ ᠲᠦᠷᠢᠮ》 ᠭᠡᠵᠦ ᠲᠣᠪᠴᠢᠯᠠᠨ᠎ᠠ)᠎ᠤᠨ ᠬᠡᠰᠡᠭ ᠵᠤᠷᠪᠤᠰ᠎ᠲᠤ ᠵᠠᠰᠠᠪᠤᠷᠢ ᠣᠷᠣᠭᠤᠯᠪᠠ  ᠃
    ᠨᠢᠭᠡ᠂《ᠨᠠᠷᠢᠨ ᠲᠦᠷᠢᠮ》᠎ᠳᠤ ᠵᠠᠰᠠᠪᠤᠷᠢ ᠣᠷᠣᠭᠤᠯᠤᠭᠰᠠᠨ ᠠᠬᠤᠶ ᠪᠠᠢ᠌ᠳᠠᠯ᠎ᠨᠢ ᠶᠠᠭᠤ ᠪᠣᠶ?
      ᠣᠲᠣ ᠵᠢᠨ ᠬᠡᠷᠡᠭᠵᠢᠭᠦᠯᠵᠦ ᠪᠠᠢ᠌ᠭ᠎ᠠ 《ᠨᠠᠷᠢᠨ ᠲᠦᠷᠢᠮ》 ᠪᠣᠯ 《ᠡᠵᠡᠩᠨᠡᠯᠲᠡ ᠵᠢᠨ ᠴᠢᠨᠠᠷᠲᠠᠶ ᠲᠣᠭᠯᠠᠯᠲᠠ ᠵᠢᠨ ᠬᠠᠮᠢᠶᠠᠷᠤᠯᠲᠠ ᠵᠢᠨ ᠲᠦᠷᠢᠮ》᠎ᠢ   ᠲᠤᠭᠤᠰᠢᠯᠠᠭᠤᠯᠬᠤ ᠵᠢᠨ ᠲᠥᠯᠥᠭᠡ ᠲᠣᠭᠲᠠᠭ᠋ᠠᠭᠰᠠᠨ ᠰᠠᠯᠠᠭ᠎ᠠ ᠮᠥᠴᠢᠷ᠎ᠤᠨ ᠲᠦᠷᠢᠮ ᠲᠣᠭᠲᠠᠭ᠋ᠠᠯ ᠪᠣᠯᠤᠨ᠎ᠠ᠂ 2009 ᠣᠨ᠎ᠠᠴᠠ ᠡᠬᠢᠯᠡᠨ ᠬᠡᠷᠡᠭᠵᠢᠭᠦᠯᠵᠦ᠂ 2017 ᠣᠨ᠎ᠳᠤ ᠬᠡᠰᠡᠭ ᠵᠠᠰᠠᠪᠤᠷᠢ ᠣᠷᠣᠭᠤᠯᠵᠠᠶ  ᠃ 《ᠨᠠᠷᠢᠨ ᠳᠦᠷᠢᠮ》᠎ᠢ ᠬᠡᠷᠡᠭᠵᠢᠭᠦᠯᠦᠭᠰᠡᠨ᠎ᠨᠢ ᠲᠣᠭᠯᠠᠯᠲᠠ ᠵᠢᠨ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠵᠢᠷᠤᠮᠵᠢᠭᠤᠯᠬᠤ᠂ ᠲᠣᠭᠯᠠᠯᠲᠠ ᠵᠢᠨ ᠵᠠᠬ᠎ᠠ ᠳᠡᠯᠭᠡᠭᠦᠷ᠎ᠤᠨ ᠴᠡᠴᠡᠭᠯᠡᠨ ᠬᠥᠭᠵᠢᠬᠦ ᠵᠢ ᠠᠬᠢᠭᠤᠯᠬᠤ᠎ᠳᠤ ᠴᠢᠬᠤᠯᠠ ᠦᠢ᠍ᠯᠡᠳᠦᠯ ᠦᠵᠡᠭᠦᠯᠦᠭᠰᠡᠨ ᠪᠠᠢ᠌ᠨ᠎ᠠ  ᠃ ᠭᠡᠪᠡᠴᠦ ᠬᠣᠯᠪᠣᠭᠳᠠᠯ ᠪᠥᠬᠥᠶ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠵᠠᠰᠠᠪᠤᠷᠢ ᠣᠷᠣᠭᠤᠯᠬᠤ ᠪᠠ ᠲᠣᠭᠯᠠᠯᠲᠠ ᠵᠢᠨ ᠵᠠᠬ᠎ᠠ ᠳᠡᠯᠭᠡᠭᠦᠷ᠎ᠤᠨ ᠬᠥᠭᠵᠢᠯᠲᠡ ᠵᠢ ᠳᠠᠭ᠋ᠠᠯᠳᠤᠨ᠂ 《ᠨᠠᠷᠢᠨ ᠲᠦᠷᠢᠮ》᠎ᠨᠢ 《ᠡᠵᠡᠩᠨᠡᠯᠲᠡ ᠵᠢᠨ ᠴᠢᠨᠠᠷᠲᠠᠶ ᠲᠣᠭᠯᠠᠯᠲᠠ ᠵᠢᠨ ᠬᠠᠮᠢᠶᠠᠷᠤᠯᠲᠠ ᠵᠢᠨ ᠲᠦᠷᠢᠮ》᠂ 《ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠠᠯᠠ ᠣᠷᠣᠭᠤᠯᠤᠯᠲᠠ ᠵᠢᠨ ᠬᠠᠤᠯᠢ》᠂ 《ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠠᠤᠯᠢ》᠂ 《ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠬᠠᠤᠯᠢ》 ᠵᠡᠷᠭᠡ᠎ᠲᠠᠢ ᠲᠥᠷᠥ ᠵᠢᠨ ᠪᠣᠳᠣᠯᠭ᠎ᠠ ᠵᠢᠨ ᠵᠣᠯᠭ᠋ᠠᠯᠳᠤᠯ᠎ᠢ ᠤᠯᠠᠮ ᠨᠢᠭᠡ ᠠᠯᠬᠤᠮ ᠰᠠᠢ᠌ᠲᠤᠷ ᠬᠢᠬᠦ ᠵᠢᠨ ᠬᠠᠮᠲᠤ᠂ 《  ᠳᠠᠯᠪᠢᠬᠤ ᠬᠠᠮᠢᠶᠠᠷᠬᠤ ᠦᠢᠯᠡᠴᠢᠯᠡᠬᠦ》 ᠥᠭᠡᠷᠡᠴᠢᠯᠡᠯᠲᠡ ᠵᠢᠨ ᠱᠠᠭ᠋ᠠᠷᠳᠠᠯᠭ᠎ᠠ ᠶᠣᠰᠣᠭ᠋ᠠᠷ᠂ 《ᠨᠠᠷᠢᠨ ᠲᠦᠷᠢᠮ》᠎ᠤᠨ ᠬᠣᠯᠪᠣᠭᠳᠠᠯ ᠪᠥᠬᠥᠶ ᠵᠦᠢᠯ ᠵᠤᠷᠪᠤᠰ᠎ᠲᠤ ᠵᠠᠰᠠᠪᠤᠷᠢ ᠣᠷᠣᠭᠤᠯᠬᠤ ᠴᠢᠬᠤᠯᠠᠲᠠᠶ ᠪᠠᠢ᠌ᠨ᠎ᠠ  ᠃
    ᠬᠣᠶᠠᠷ᠂《ᠨᠠᠷᠢᠨ ᠲᠦᠷᠢᠮ》᠎ᠳᠤ ᠵᠠᠰᠠᠪᠤᠷᠢ ᠣᠷᠣᠭᠤᠯᠤᠭᠰᠠᠨ ᠭᠣᠤᠯ ᠠᠭᠤᠯᠭ᠎ᠠ᠎ᠨᠢ ᠶᠠᠭᠤ ᠪᠣᠶ?
      《ᠨᠠᠷᠢᠨ ᠲᠦᠷᠢᠮ》᠎ᠳᠤ ᠵᠠᠰᠠᠪᠤᠷᠢ ᠣᠷᠣᠭᠤᠯᠬᠤ᠎ᠳᠤ ᠭᠣᠤᠯᠳᠠᠭᠤ ᠳᠥᠷᠪᠡᠨ ᠲᠠᠯ᠎ᠠ ᠵᠢᠨ ᠠᠭᠤᠯᠭ᠎ᠠ ᠪᠠᠭᠲᠠᠨ᠎ᠠ᠄ ᠨᠢᠭᠡ᠎ᠳᠤ᠂ 《ᠡᠵᠡᠩᠨᠡᠯᠲᠡ ᠵᠢᠨ ᠴᠢᠨᠠᠷᠲᠠᠶ ᠲᠣᠭᠯᠠᠯᠲᠠ ᠵᠢᠨ ᠬᠠᠮᠢᠶᠠᠷᠤᠯᠲᠠ ᠵᠢᠨ ᠲᠦᠷᠢᠮ》᠂《ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠠᠯᠠ ᠣᠷᠣᠭᠤᠯᠤᠯᠲᠠ ᠵᠢᠨ ᠬᠠᠤᠯᠢ》᠎ᠳᠤ᠎ᠬᠢ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠠᠯᠠ ᠣᠷᠣᠭᠤᠯᠤᠯᠲᠠ ᠵᠢᠨ ᠲᠤᠬᠠᠶ ᠲᠣᠭᠲᠠᠭ᠋ᠠᠯ᠎ᠢ ᠨᠠᠢ᠌ᠳᠠᠪᠤᠷᠢᠵᠢᠭᠤᠯᠵᠤ᠂ ᠰᠢᠶᠠᠩᠭ᠋ᠠᠩ ᠣᠣᠮᠧᠨ ᠲᠠᠢ᠌ᠸᠠᠨ ᠵᠢᠴᠢ ᠭᠠᠳᠠᠭ᠋ᠠᠳᠤ ᠵᠢᠨ ᠬᠤᠳᠠᠯᠳᠤᠭ᠋ᠠᠴᠢᠨ ᠪᠠᠯᠠ ᠣᠷᠣᠭᠤᠯᠵᠤ ᠲᠣᠭᠯᠠᠯᠲᠠ ᠵᠢᠨ ᠵᠠᠭᠤᠴᠢᠯᠠᠬᠤ ᠪᠠᠢ᠌ᠭᠤᠯᠤᠮᠵᠢ ᠪᠠ ᠲᠣᠭᠯᠠᠯᠲᠠ ᠵᠢᠨ ᠲᠠᠯᠠᠪᠤᠷ ᠭᠠᠵᠠᠷ᠎ᠢ ᠡᠵᠡᠩᠨᠡᠬᠦ ᠨᠢᠭᠡᠴᠢ ᠪᠠᠢ᠌ᠭᠤᠯᠬᠤ᠂ ᠰᠢᠶᠠᠩᠭ᠋ᠠᠩ ᠣᠣᠮᠧᠨ᠎ᠤ ᠪᠠᠯᠠ ᠣᠷᠣᠭᠤᠯᠤᠭᠴᠢ ᠪᠠᠯᠠ ᠣᠷᠣᠭᠤᠯᠵᠤ ᠡᠬᠡ ᠬᠠᠭᠤᠷᠠᠢ ᠵᠢᠨ ᠲᠠᠯ᠎ᠠ ᠵᠢᠨ᠎ᠬᠢᠨ ᠬᠤᠪᠢ ᠡᠵᠡᠮᠳᠡᠭᠰᠡᠨ ᠤᠷᠠᠨ ᠰᠠᠢ᠌ᠬᠠᠨ᠎ᠤ ᠲᠣᠭᠯᠠᠯᠲᠠ ᠵᠢᠨ ᠪᠦᠯᠬᠦᠮ ᠪᠠᠢ᠌ᠭᠤᠯᠬᠤ᠎ᠳᠤ ᠲᠤᠰᠢᠶᠠᠬᠤ ᠴᠢᠬᠤᠯᠠᠲᠠᠶ ᠮᠠᠲ᠋ᠧᠷᠢᠶᠠᠯ᠎ᠢ ᠲᠣᠳᠣᠷᠬᠠᠢ᠌ᠯᠠᠪᠠ  ᠃ ᠬᠣᠶᠠᠷ᠎ᠲᠤ᠂ 《ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠠᠤᠯᠢ》 ᠵᠢᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠢ ᠬᠡᠷᠡᠭᠵᠢᠭᠦᠯᠬᠦ ᠪᠠᠢ᠌ᠭᠤᠯᠭ᠎ᠠ ᠵᠢᠨ ᠲᠤᠬᠠᠶ ᠲᠣᠭᠲᠠᠭ᠋ᠠᠯ᠎ᠲᠠᠢ ᠵᠣᠯᠭ᠋ᠠᠭᠤᠯᠵᠤ᠂ ᠰᠣᠶᠣᠯ ᠪᠠ ᠵᠢᠭᠤᠯᠴᠢᠯᠠᠯ᠎ᠤᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ ᠲᠣᠭᠯᠠᠯᠲᠠ ᠵᠢᠨ ᠵᠠᠭᠤᠴᠢᠯᠠᠭᠴᠢ ᠵᠢᠨ ᠬᠢᠷᠢ ᠬᠡᠮ᠎ᠢ ᠮᠠᠭ᠋ᠠᠳᠯᠠᠨ ᠲᠣᠭᠲᠠᠭ᠋ᠠᠬᠤ᠂ ᠠᠵᠢᠯ ᠡᠷᠭᠢᠯᠡᠬᠦ ᠠᠵᠢᠯᠯᠠᠭ᠎ᠠ᠎ᠳᠤ ᠬᠢᠨᠠᠯᠲᠠ ᠬᠠᠮᠢᠶᠠᠷᠤᠯᠲᠠ ᠶᠠᠪᠤᠭᠤᠯᠬᠤ ᠵᠢ ᠲᠣᠳᠣᠷᠬᠠᠢ᠌ᠯᠠᠪᠠ  ᠃ ᠭᠤᠷᠪᠠ᠎ᠳᠤ᠂ 《ᠵᠠᠰᠠᠭ ᠵᠠᠬᠢᠷᠭ᠋ᠠᠨ᠎ᠤ ᠰᠢᠢᠳᠬᠡᠯ᠎ᠤᠨ ᠬᠠᠤᠯᠢ》 ᠵᠢᠨ ᠵᠠᠰᠠᠭ ᠵᠠᠬᠢᠷᠭ᠋ᠠᠨ᠎ᠤ ᠰᠢᠢᠳᠬᠡᠯ᠎ᠤᠨ ᠲᠥᠷᠥᠯ ᠵᠦᠢᠯ ᠪᠠ ᠲᠣᠭᠲᠠᠭ᠋ᠠᠯ᠎ᠤᠨ ᠲᠤᠬᠠᠶ ᠲᠣᠭᠲᠠᠭ᠋ᠠᠯ᠎ᠲᠠᠢ ᠵᠣᠯᠭ᠋ᠠᠯᠳᠤᠭᠤᠯᠵᠤ᠂ ᠭᠠᠳᠠᠭ᠋ᠠᠳᠤ᠎ᠳᠤ ᠬᠣᠯᠪᠣᠭᠳᠠᠬᠤ ᠲᠣᠭᠯᠠᠯᠲᠠ ᠵᠢᠨ ᠵᠥᠪᠰᠢᠶᠡᠷᠡᠭᠳᠡᠭᠰᠡᠨ ᠬᠤᠭᠤᠴᠠᠭ᠋ᠠᠨ᠎ᠳᠤ ᠲᠣᠭᠯᠠᠯᠲᠠ ᠭᠠᠷᠭ᠋ᠠᠬᠤ ᠭᠠᠵᠠᠷ ᠵᠶ᠋ᠠᠨ ᠨᠡᠮᠡᠬᠦ᠂ ᠲᠣᠭᠯᠠᠯᠲᠠ ᠭᠠᠷᠭ᠋ᠠᠬᠤ ᠭᠠᠵᠠᠷ᠎ᠤᠨ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠣᠶᠣᠯ ᠪᠠ ᠵᠢᠭᠤᠯᠴᠢᠯᠠᠯ᠎ᠤᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ᠎ᠲᠤ ᠬᠦᠷᠴᠦ ᠳᠠᠩᠰᠠᠯᠠᠭᠤᠯᠤᠭᠰᠠᠨ ᠥᠬᠡᠶ ᠦᠶ᠎ᠡ ᠎ᠳᠤ᠎ᠬᠢ ᠰᠢᠢ᠍ᠳᠬᠡᠬᠦ ᠠᠷᠭ᠎ᠠ ᠬᠡᠮᠵᠢᠶ᠎ᠡ ᠵᠢ ᠲᠤᠬᠢᠷᠠᠭᠤᠯᠪᠠ᠃ ᠲᠦᠷᠪᠡ᠎ᠳᠤ᠂ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠨ ᠱᠠᠭ᠋ᠠᠷᠳᠠᠯᠭ᠎ᠠ ᠵᠢ ᠦᠨᠳᠦᠰᠦᠯᠡᠨ᠂ ᠰᠠᠯᠠᠭ᠎ᠠ ᠮᠥᠴᠢᠷ᠎ᠤᠨ ᠨᠡᠷᠡᠢ᠌ᠳᠦᠯ ᠵᠡᠷᠭᠡ ᠥᠭᠦᠯᠡᠯᠲᠡ᠎ᠳᠤ ᠵᠠᠰᠠᠪᠤᠷᠢ ᠣᠷᠣᠭᠤᠯᠬᠤ ᠵᠢᠨ ᠬᠠᠮᠲᠤ ᠬᠡᠰᠡᠭ ᠵᠦᠢ᠍ᠯ ᠵᠤᠷᠪᠤᠰ᠎ᠤᠨ ᠳᠠᠷᠠᠭ᠋ᠠᠯᠠᠯ ᠪᠠ ᠣᠨᠴᠠ ᠵᠠᠷᠢᠮ ᠦᠰᠦᠭ ᠪᠢᠴᠢᠭ᠎ᠲᠤ   ᠵᠤᠬᠢᠬᠤ ᠵᠠᠰᠠᠪᠤᠷᠢ ᠣᠷᠣᠭᠣᠯᠪᠠ᠃
    ᠭᠤᠷᠪᠠ᠂ ᠡᠵᠡᠩᠨᠡᠯᠲᠡ ᠵᠢᠨ ᠴᠢᠨᠠᠷᠲᠠᠶ ᠲᠣᠭᠯᠠᠯᠲᠠ ᠵᠢᠨ ᠬᠦᠷᠢᠶᠡᠨ ᠎ᠳᠤ᠎ᠬᠢ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠵᠦᠢᠯᠡᠰ ᠶᠠᠭᠤ ᠶᠠᠭᠤ ᠪᠠᠢ᠌ᠬᠤ ᠪᠣᠶ? ᠶᠠᠮᠠᠷ   ᠬᠠᠷᠢᠴᠠᠭ᠎ᠠ᠎ᠲᠠᠢ ᠪᠣᠶ?
      ᠣᠳᠣᠬᠠᠨ᠎ᠳᠤ᠂ ᠡᠵᠡᠩᠨᠡᠯᠲᠡ ᠵᠢᠨ ᠴᠢᠨᠠᠷᠲᠠᠶ ᠲᠣᠭᠯᠠᠯᠲᠠ ᠵᠢᠨ ᠬᠦᠷᠢᠶᠡᠨ ᠎ᠳᠤ᠎ᠬᠢ ᠵᠠᠰᠠᠭ ᠵᠠᠬᠢᠷᠭ᠋ᠠᠨ᠎ᠤ ᠵᠥᠪᠰᠢᠶᠡᠷᠡᠯ᠎ᠳᠤ ᠭᠣᠤᠯᠳᠠᠭᠤ ᠭᠤᠷᠪᠠᠨ ᠲᠥᠷᠥᠯ᠎ᠤᠨ ᠭᠣᠤᠯ ᠴᠣᠭᠴᠠ ᠵᠢᠨ ᠬᠢᠨᠠᠨ ᠵᠥᠪᠰᠢᠶᠡᠷᠡᠯ᠂ ᠨᠢᠭᠡᠳᠦᠭᠡᠷ ᠲᠥᠷᠥᠯ᠎ᠤᠨ ᠠᠵᠢᠯᠯᠠᠭ᠎ᠠ ᠵᠢᠨ ᠬᠢᠨᠠᠨ ᠵᠥᠪᠰᠢᠶᠡᠷᠡᠯ ᠪᠠ ᠬᠢᠷᠢ ᠬᠡᠮ᠎ᠤᠨ ᠮᠠᠭ᠋ᠠᠳᠯᠠᠨ ᠲᠣᠭᠲᠠᠭ᠋ᠠᠯᠲᠠ ᠪᠠᠭᠲᠠᠨ᠎ᠠ  ᠃ 《ᠭᠤᠷᠪᠠᠨ ᠲᠥᠷᠥᠯ᠎ᠤᠨ ᠪᠡᠶᠡᠴᠢ ᠴᠣᠭᠴᠠ》 ᠭᠡᠳᠡᠭ᠎ᠨᠢ ᠤᠷᠠᠨ ᠰᠠᠢ᠌ᠬᠠᠨ᠎ᠤ ᠲᠣᠭᠯᠠᠯᠲᠠ ᠵᠢᠨ ᠪᠦᠯᠬᠦᠮ᠂ ᠲᠣᠭᠯᠠᠯᠲᠠ ᠵᠢᠨ ᠵᠠᠭᠤᠴᠢᠯᠠᠬᠤ ᠪᠠᠢ᠌ᠭᠤᠯᠤᠮᠵᠢ᠂ ᠲᠣᠭᠯᠠᠯᠲᠠ ᠵᠢᠨ ᠲᠠᠯᠠᠪᠤᠷ ᠭᠠᠵᠠᠷ᠎ᠢ ᠡᠵᠡᠩᠨᠡᠬᠦ ᠨᠢᠭᠡᠴᠢ ᠵᠢ ᠵᠢᠭ᠋ᠠᠵᠤ ᠪᠠᠢ᠌ᠨ᠎ᠠ᠂ 《ᠠᠵᠢᠯᠯᠠᠭ᠎ᠠ》 ᠭᠡᠳᠡᠭ᠎ᠨᠢ ᠡᠵᠡᠩᠨᠡᠯᠲᠡ ᠵᠢᠨ ᠴᠢᠨᠠᠷᠲᠠᠶ ᠲᠣᠭᠯᠠᠯᠲᠠ ᠵᠢᠨ ᠠᠵᠢᠯᠯᠠᠭ᠎ᠠ ᠵᠢ ᠵᠢᠭ᠋ᠠᠵᠤ ᠪᠠᠢ᠌ᠨ᠎ᠠ᠂ 《ᠬᠢᠷᠢ ᠬᠡᠮ᠎ᠢ ᠮᠠᠭ᠋ᠠᠳᠯᠠᠨ ᠲᠣᠭᠲᠠᠭ᠋ᠠᠬᠤ》 ᠭᠡᠳᠡᠭ᠎ᠨᠢ ᠲᠣᠭᠯᠠᠯᠲᠠ ᠵᠢᠨ ᠵᠠᠭᠤᠴᠢᠯᠠᠭᠴᠢ ᠵᠢᠨ ᠬᠢᠷᠢ ᠬᠡᠮ᠎ᠢ ᠮᠠᠭ᠋ᠠᠳᠯᠠᠨ ᠲᠣᠭᠲᠠᠭ᠋ᠠᠬᠤ ᠵᠢ ᠵᠢᠭ᠋ᠠᠵᠤ ᠪᠠᠢ᠌ᠨ᠎ᠠ  ᠃
      ᠲᠣᠭᠯᠠᠯᠲᠠ ᠵᠢᠨ ᠵᠠᠬ᠎ᠠ ᠳᠡᠯᠭᠡᠭᠦᠷ᠎ᠤᠨ ᠭᠣᠣᠯ ᠴᠣᠭᠴᠠ (ᠤᠷᠠᠨ ᠰᠠᠢ᠌ᠬᠠᠨ᠎ᠤ ᠲᠣᠭᠯᠠᠯᠲᠠ ᠵᠢᠨ ᠪᠦᠯᠬᠦᠮ᠂ ᠲᠣᠭᠯᠠᠯᠲᠠ ᠵᠢᠨ   ᠵᠠᠭᠤᠴᠢᠯᠠᠬᠤ ᠪᠠᠢ᠌ᠭᠤᠯᠤᠮᠵᠢ᠂ ᠲᠣᠭᠯᠠᠯᠲᠠ ᠵᠢᠨ ᠲᠠᠯᠠᠪᠤᠷ ᠡᠵᠡᠩᠨᠡᠬᠦ ᠨᠢᠭᠡᠴᠢ) ᠪᠣᠯᠬᠤ᠎ᠪᠠᠷ ᠵᠥᠪᠰᠢᠶᠡᠷᠡᠭᠳᠡᠬᠦ᠎ᠨᠢ ᠡᠵᠡᠩᠨᠡᠯᠲᠡ ᠵᠢᠨ ᠴᠢᠨᠠᠷᠲᠠᠶ ᠲᠣᠭᠯᠠᠯᠲᠠ ᠵᠢᠨ ᠠᠵᠢᠯᠯᠠᠭ᠎ᠠ ᠡᠷᠬᠢᠯᠡᠬᠦ᠎ᠪᠠᠷ ᠭᠤᠶᠤᠴᠢᠯᠠᠬᠤ ᠵᠢᠨ ᠤᠷᠢᠲᠠᠯ ᠨᠥᠬᠥᠴᠡᠯ ᠪᠣᠯᠤᠨ᠎ᠠ  ᠃ ᠲᠣᠭᠯᠠᠯᠲᠠ ᠵᠢᠨ ᠵᠠᠭᠤᠴᠢᠯᠠᠭᠴᠢ ᠵᠢᠨ ᠠᠵᠢᠯᠯᠠᠭ᠎ᠠ ᠡᠷᠭᠢᠯᠡᠬᠦ ᠬᠤᠪᠢ ᠬᠥᠮᠦᠨ᠎ᠨᠢ ᠲᠣᠭᠯᠠᠯᠲᠠ ᠵᠢᠨ ᠵᠠᠭᠤᠴᠢᠯᠠᠭᠴᠢ ᠵᠢᠨ ᠬᠢᠷᠢ ᠬᠡᠮ᠎ᠲᠠᠢ ᠪᠠᠢ᠌ᠬᠤ ᠬᠡᠷᠡᠭᠲᠡᠶ  ᠃ ᠲᠣᠭᠯᠠᠯᠲᠠ ᠵᠢᠨ ᠵᠠᠭᠤᠴᠢᠯᠠᠬᠤ ᠪᠠᠢ᠌ᠭᠤᠯᠤᠮᠵᠢ᠎ᠨᠢ ᠡᠵᠡᠩᠨᠡᠯᠲᠡ ᠵᠢᠨ ᠴᠢᠨᠠᠷᠲᠠᠶ ᠲᠣᠭᠯᠠᠯᠲᠠ ᠵᠢᠨ ᠡᠵᠡᠩᠨᠡᠯᠲᠡ ᠵᠢᠨ ᠠᠵᠢᠯᠯᠠᠭ᠎ᠠ (ᠲᠣᠭᠯᠠᠯᠲᠠ ᠵᠢᠨ ᠵᠠᠭᠤᠴᠢᠯᠠᠬᠤ ᠪᠠᠢ᠌ᠭᠤᠯᠤᠮᠵᠢ ᠵᠢ ᠪᠠᠢ᠌ᠭᠤᠯᠬᠤ ᠵᠢ ᠬᠢᠨᠠᠨ ᠵᠥᠪᠰᠢᠶᠡᠷᠡᠭᠦᠯᠬᠦ) ᠡᠷᠭᠢᠯᠡᠬᠦ᠎ᠪᠠᠷ ᠭᠤᠶᠤᠴᠢᠯᠠᠬᠤ᠎ᠳᠤ ᠡᠷᠬᠡᠪᠰᠢ 3 ᠲᠤᠰᠬᠠᠶ ᠲᠤᠰᠢᠶᠠᠯᠲᠤ ᠲᠣᠭᠯᠠᠯᠲᠠ ᠵᠢᠨ ᠵᠠᠭᠤᠴᠢᠯᠠᠬᠤ ᠠᠵᠢᠯᠲᠠᠨ᠎ᠲᠠᠢ ᠪᠠᠢ᠌ᠬᠤ ᠬᠡᠷᠡᠭᠲᠡᠶ; ᠲᠣᠭᠯᠠᠯᠲᠠ ᠵᠢᠨ ᠵᠠᠭᠤᠴᠢᠯᠠᠭᠴᠢ ᠪᠠᠢ᠌ᠭᠤᠯᠤᠮᠵᠢ ᠡᠵᠡᠩᠨᠡᠯᠲᠡ ᠵᠢᠨ ᠴᠢᠨᠠᠷᠲᠠᠶ ᠲᠣᠭᠯᠠᠯᠲᠠ ᠵᠢᠨ ᠠᠵᠢᠯᠯᠠᠭ᠎ᠠ ᠡᠷᠬᠢᠯᠡᠬᠦ᠎ᠳᠤ᠂ ᠲᠤᠰᠬᠠᠶ ᠲᠤᠰᠢᠶᠠᠯᠳᠦ ᠲᠣᠭᠯᠠᠯᠲᠠ ᠵᠢᠨ ᠵᠠᠭᠤᠴᠢᠯᠠᠭᠴᠢ ᠲᠣᠬᠢᠷᠠᠭᠤᠯᠵᠤ ᠬᠠᠷᠢᠭᠤᠴᠠᠭᠤᠯᠬᠤ ᠬᠡᠷᠡᠭᠲᠡᠶ  ᠃
      ᠳᠥᠷᠪᠡ᠂ ᠡᠵᠡᠩᠨᠡᠯᠲᠡ ᠵᠢᠨ ᠴᠢᠨᠠᠷᠲᠠᠶ ᠲᠣᠭᠯᠠᠯᠲᠠ ᠵᠢᠨ ᠠᠵᠢᠯᠯᠠᠭ᠎ᠠ ᠡᠷᠭᠢᠯᠡᠬᠦ᠎ᠳᠤ ᠠᠯᠢ ᠰᠠᠯᠠᠭ᠎ᠠ ᠮᠥᠴᠢᠷ᠎ᠲᠤ ᠭᠤᠶᠤᠴᠢᠯᠠᠯ   ᠳᠡᠪᠰᠢᠬᠦᠯᠬᠦ ᠬᠡᠷᠡᠭᠲᠡᠶ ᠪᠣᠶ?
      ᠵᠥᠪᠬᠡᠨ ᠳᠣᠲᠣᠷ᠎ᠠ ᠭᠠᠵᠠᠷ (ᠡᠬᠡ ᠬᠠᠭᠤᠷᠠᠶ)᠎ᠤᠨ ᠤᠷᠠᠨ ᠰᠠᠢ᠌ᠬᠠᠨ᠎ᠤ ᠲᠣᠭᠯᠠᠯᠲᠠ ᠵᠢᠨ ᠪᠦᠯᠬᠦᠮ᠂ ᠬᠤᠪᠢ ᠬᠥᠮᠦᠨ ᠣᠷᠣᠯᠴᠠᠭᠰᠠᠨ ᠡᠵᠡᠩᠨᠡᠯᠲᠡ ᠵᠢᠨ ᠴᠢᠨᠠᠷᠲᠠᠶ ᠲᠣᠭᠯᠠᠯᠲᠠ ᠵᠢ ᠡᠷᠬᠢᠯᠡᠬᠦ᠎ᠳᠤ᠂ ᠲᠣᠭᠯᠠᠯᠲᠠ ᠡᠷᠬᠢᠯᠡᠬᠦ   ᠨᠢᠭᠡᠴᠢ᠎ᠨᠢ ᠲᠣᠭᠯᠠᠯᠲᠠ ᠭᠠᠷᠭ᠋ᠠᠬᠤ ᠭᠠᠵᠠᠷ᠎ᠤᠨ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠣᠶᠣᠯ ᠪᠠ ᠵᠢᠭᠤᠯᠴᠢᠯᠠᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠭᠤᠶᠤᠴᠢᠯᠠᠯ ᠵᠶ᠋ᠠᠨ ᠳᠡᠪᠰᠢᠬᠦᠯᠬᠦ   ᠬᠡᠷᠡᠭᠲᠡᠶ  ᠃
      ᠭᠠᠳᠠᠭ᠋ᠠᠳᠤ ᠤᠯᠤᠰ᠂ ᠰᠢᠶᠠᠩᠭ᠋ᠠᠩ᠎ᠤᠨ ᠵᠠᠰᠠᠭ ᠵᠠᠬᠢᠷᠭ᠋ᠠᠨ᠎ᠤ ᠣᠨᠴᠠᠭ᠋ᠠᠢ ᠣᠷᠣᠨ᠂ ᠣᠣᠮᠧᠨ᠎ᠤ ᠵᠠᠰᠠᠭ ᠵᠠᠬᠢᠷᠭ᠋ᠠᠨ᠎ᠤ ᠣᠨᠴᠠᠭ᠋ᠠᠢ ᠣᠷᠣᠨ᠂ ᠲᠠᠢ᠌ᠸᠠᠨ ᠣᠷᠣᠨ᠎ᠤ ᠤᠷᠠᠨ ᠰᠠᠢ᠌ᠬᠠᠨ᠎ᠤ ᠲᠣᠭᠯᠠᠯᠲᠠ ᠵᠢᠨ ᠪᠦᠯᠬᠦᠮ᠂ ᠬᠤᠪᠢ ᠬᠥᠮᠦᠨ᠎ᠤ ᠣᠷᠣᠯᠴᠠᠭᠰᠠᠨ ᠡᠵᠡᠩᠨᠡᠯᠲᠡ ᠵᠢᠨ ᠴᠢᠨᠠᠷᠲᠠᠢ ᠲᠣᠭᠯᠠᠯᠲᠠ   ᠡᠷᠬᠢᠯᠡᠬᠦ᠎ᠳᠤ᠂ ᠲᠣᠭᠯᠠᠯᠲᠠ ᠵᠢ ᠡᠷᠬᠢᠯᠡᠬᠦ ᠨᠢᠭᠡᠴᠢ ᠲᠣᠭᠯᠠᠯᠲᠠ ᠭᠠᠷᠭ᠋ᠠᠬᠤ ᠭᠠᠵᠠᠷ᠎ᠤᠨ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠰᠣᠶᠣᠯ ᠪᠠ ᠵᠢᠭᠤᠯᠴᠢᠯᠠᠯ᠎ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠲᠤ ᠭᠤᠶᠤᠴᠢᠯᠠᠯ   ᠳᠡᠪᠰᠢᠬᠦᠯᠬᠦ ᠬᠡᠷᠡᠭᠲᠡᠢ  ᠃  

ᠢᠷᠡᠯᠲᠡ᠄ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠵᠠᠰᠠᠭ᠎ᠤᠨ ᠣᠷᠳᠣᠨ᠎ᠤ ᠫᠤᠷᠲᠸᠯ ᠰᠦᠯᠵᠢᠶ᠎ᠡ
          
ᠬᠠᠮᠢᠶ᠎ᠡ ᠪᠦᠬᠦᠢ ᠰᠣᠨᠢᠨ
《〈ᠵᠤᠭ᠎ᠠ ᠴᠡᠩᠭᠡᠯ᠎ᠤᠨ ᠭᠠᠵᠠᠷ᠎ᠤᠨ ᠬᠠᠮᠢᠶᠠᠷᠤᠯᠲᠠ ᠵᠢᠨ ᠠᠷᠭ᠎ᠠ〉᠎ᠳᠤ ᠵᠠᠰᠠᠪᠤᠷᠢ ᠣᠷᠣᠭᠤᠯᠬᠤ ᠲᠤᠬᠠᠶ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠲᠣᠭᠲᠠᠭ᠋ᠠᠯ》᠎ᠤᠨ ᠬᠣᠯᠪᠣᠭᠳᠠᠯ ᠪᠦᠬᠦᠢ ᠠᠰᠠᠭᠤᠳᠠᠯ᠎ᠤᠨ ᠲᠠᠢ᠌ᠯᠤᠮᠵᠢ
ᠰᠢ ᠵᠢᠨ ᠫᠢᠩ ᠄ ᠲᠤᠮᠲᠠᠲᠤ ᠵᠢᠨ ᠪᠤᠯᠪᠠᠰᠤᠨ ᠪᠤᠯᠢ ᠦᠨᠲᠦᠰᠦᠲᠡᠨ᠎ᠨᠦᠭᠦᠳ᠎ᠤᠨ ᠰᠢᠯᠢᠳᠡᠭ ᠰᠤᠶᠤᠯ ᠵᠶ᠋ᠠᠷ ᠨᠡᠢ᠌ᠯᠡᠨ ᠪᠦᠷᠢᠯᠲᠦᠭᠰᠡᠨ ᠶᠤᠮ
ᠰᠢ ᠵᠢᠨ ᠫᠢᠩ ᠪᠦᠬᠦ ᠪᠦᠮᠪᠦᠷᠴᠡᠭ᠎ᠤᠨ ᠴᠢᠬᠤᠯᠠ ᠬᠦᠳᠡᠭᠡ ᠠᠵᠤ ᠠᠬᠤᠢ ᠵᠢᠨ ᠰᠣᠶᠣᠯ᠎ᠤᠨ ᠦᠪ᠎ᠤᠨ ᠶᠡᠬᠡ ᠬᠤᠷᠠᠯ᠎ᠳᠤ ᠪᠠᠶᠠᠷ᠎ᠤᠨ ᠵᠠᠬᠢᠳᠠᠯ ᠢᠯᠡᠭᠡᠪᠡ
ᠦᠰᠦᠭ ᠪᠢᠴᠢᠭ ᠵᠶ᠋ᠠᠷ ᠥᠭᠦᠯᠡᠬᠦᠢ᠄ 《ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠪᠠᠷᠢᠮᠵᠢᠶᠠᠵᠢᠭᠤᠯᠬᠤ ᠵᠢᠷᠤᠮᠵᠢᠭᠤᠯᠬᠤ ᠳᠥᠭᠦᠮᠴᠢᠯᠡᠬᠦ ᠵᠢ ᠲᠦᠷᠭᠡᠳᠬᠡᠨ ᠠᠬᠢᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠡᠷᠡᠭᠵᠢᠭᠦᠯᠬᠦ ᠰᠠᠨᠠᠯ》᠎ᠤᠨ ᠲᠠᠶ᠋ᠢᠯᠤᠮᠵᠢ
ᠰᠣᠶᠣᠯ ᠪᠠ ᠵᠢᠭᠤᠯᠴᠢᠯᠠᠯ᠎ᠤᠨ ᠶᠠᠮᠤᠨ 《ᠮᠡᠳᠡᠭᠳᠡᠯ》 ᠳᠠᠷᠤᠮᠠᠯᠯᠠᠨ ᠲᠠᠷᠬᠠᠭ᠋ᠠᠵᠤ ᠰᠣᠶᠣᠯ ᠤᠷᠠᠯᠢᠭ᠎ᠤᠨ ᠲᠥᠷᠥᠯ᠎ᠤᠨ ᠰᠤᠷᠭ᠋ᠠᠭᠤᠯᠢ ᠵᠢᠨ ᠭᠠᠳᠠᠨᠠᠬᠢ ᠪᠤᠯᠪᠠᠰᠤᠷᠠᠯ᠎ᠤᠨ ᠬᠠᠮᠢᠶᠠᠷᠤᠯᠲᠠ ᠵᠢᠨ ᠬᠠᠮᠢᠶ᠎ᠠ ᠪᠦᠬᠦᠢ ᠠᠵᠢᠯ᠎ᠢ ᠰᠠᠢ᠌ᠲᠤᠷ ᠬᠢᠬᠦ ᠬᠡᠷᠡᠭᠲᠡᠢ ᠭᠡᠵᠦ ᠱᠠᠭ᠋ᠠᠷᠳᠠᠪᠠ
 
            