ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
《〈ᠵᠤᠭ᠎ᠠ ᠴᠡᠩᠭᠡᠯ᠎ᠤᠨ ᠭᠠᠵᠠᠷ᠎ᠤᠨ ᠬᠠᠮᠢᠶᠠᠷᠤᠯᠲᠠ ᠵᠢᠨ ᠠᠷᠭ᠎ᠠ〉᠎ᠳᠤ ᠵᠠᠰᠠᠪᠤᠷᠢ ᠣᠷᠣᠭᠤᠯᠬᠤ ᠲᠤᠬᠠᠶ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠲᠣᠭᠲᠠᠭ᠋ᠠᠯ》᠎ᠤᠨ ᠬᠣᠯᠪᠣᠭᠳᠠᠯ ᠪᠦᠬᠦᠢ ᠠᠰᠠᠭᠤᠳᠠᠯ᠎ᠤᠨ ᠲᠠᠢ᠌ᠯᠤᠮᠵᠢ
ᠨᠡᠶᠢᠲᠡᠯᠡᠭᠰᠡᠨ ᠴᠠᠭ᠄ 2022-05-20

      ᠣᠢ᠌ᠷ᠎ᠠ᠎ᠳᠤ᠂ ᠰᠣᠶᠣᠯ   ᠪᠠ ᠵᠢᠭᠤᠯᠴᠢᠯᠠᠯ᠎ᠤᠨ ᠶᠠᠮᠤᠨ 《〈ᠵᠤᠭ᠎ᠠ ᠴᠡᠩᠭᠡᠯ᠎ᠤᠨ ᠭᠠᠵᠠᠷ᠎ᠤᠨ ᠬᠠᠮᠢᠶᠠᠷᠤᠯᠲᠠ ᠵᠢᠨ ᠠᠷᠭ᠎ᠠ〉᠎ᠳᠤ ᠵᠠᠰᠠᠪᠤᠷᠢ ᠣᠷᠣᠭᠤᠯᠬᠤ ᠲᠤᠬᠠᠶ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠲᠣᠭᠲᠠᠭ᠋ᠠᠯ》᠎ᠢ ᠳᠠᠷᠤᠮᠠᠯᠯᠠᠨ ᠲᠠᠷᠬᠠᠭ᠋ᠠᠵᠤ᠂ 《ᠵᠤᠭ᠎ᠠ ᠴᠡᠩᠭᠡᠯ᠎ᠤᠨ   ᠭᠠᠵᠠᠷ᠎ᠤᠨ ᠬᠠᠮᠢᠶᠠᠷᠤᠯᠲᠠ ᠵᠢᠨ ᠠᠷᠭ᠎ᠠ》 (ᠳᠣᠷᠣᠭᠰᠢ 《ᠠᠷᠭ᠎ᠠ》 ᠭᠡᠵᠦ ᠲᠣᠪᠴᠢᠯᠠᠨ᠎ᠠ) ᠵᠢᠨ ᠬᠡᠰᠡᠭ ᠵᠦᠢᠯ ᠵᠤᠷᠪᠤᠰ᠎ᠲᠤ ᠵᠠᠰᠠᠪᠤᠷᠢ ᠣᠷᠣᠭᠤᠯᠪᠠ  ᠃
      ᠨᠢᠭᠡ᠂ 《ᠠᠷᠭ᠎ᠠ》᠎ᠳᠤ ᠵᠠᠰᠠᠪᠤᠷᠢ ᠣᠷᠣᠭᠤᠯᠤᠭᠰᠠᠨ ᠠᠬᠤᠶ ᠪᠠᠢ᠌ᠳᠠᠯ᠎ᠨᠢ ᠶᠠᠭᠤ ᠪᠣᠶ?
      ᠣᠲᠣ ᠵᠢᠨ ᠬᠡᠷᠡᠭᠵᠢᠭᠦᠯᠵᠦ ᠪᠠᠢ᠌ᠭ᠎ᠠ 《ᠠᠷᠭ᠎ᠠ》 ᠪᠣᠯ 《ᠵᠤᠭ᠎ᠠ ᠴᠡᠩᠭᠡᠯ᠎ᠤᠨ ᠭᠠᠵᠠᠷ᠎ᠤᠨ ᠬᠠᠮᠢᠶᠠᠷᠤᠯᠲᠠ ᠵᠢᠨ ᠲᠦᠷᠢᠮ》᠎ᠢ   ᠲᠤᠭᠤᠰᠢᠯᠠᠭᠤᠯᠬᠤ ᠵᠢᠨ ᠲᠥᠯᠥᠭᠡ ᠲᠣᠭᠲᠠᠭ᠋ᠠᠭᠰᠠᠨ ᠰᠠᠯᠠᠭ᠎ᠠ ᠮᠥᠴᠢᠷ᠎ᠤᠨ ᠲᠦᠷᠢᠮ ᠲᠣᠭᠲᠠᠭ᠋ᠠᠯ ᠪᠣᠯᠤᠨ᠎ᠠ᠂ 2013 ᠣᠨ᠎ᠠᠴᠠ ᠡᠬᠢᠯᠡᠨ ᠬᠡᠷᠡᠭᠵᠢᠭᠦᠯᠦᠭᠡᠳ ᠣᠲᠣ ᠪᠣᠯᠲᠠᠯ᠎ᠠ ᠨᠢᠭᠡᠨᠲᠡ ᠶᠢᠰᠦᠨ ᠵᠢᠯ ᠪᠣᠯᠵᠣ ᠪᠠᠢ᠌ᠨ᠎ᠠ᠂ 2017 ᠣᠨ᠎ᠤ ᠰᠣᠶᠣᠯ᠎ᠤᠨ ᠶᠠᠮᠤᠨ᠎ᠤ ᠵᠠᠷᠯᠢᠭ 57 ᠳ᠋ᠤᠭ᠋ᠠᠷ ᠲᠣᠭ᠋ᠠᠲᠤ᠎ᠳᠤ ᠲᠡᠭᠦᠨ᠎ᠤ ᠬᠡᠰᠡᠭ ᠵᠦᠢᠯ ᠵᠤᠷᠪᠤᠰ᠎ᠲᠤ ᠵᠠᠰᠠᠪᠤᠷᠢ ᠣᠷᠣᠭᠤᠯᠪᠠ  ᠃ 《ᠠᠷᠭ᠎ᠠ》   ᠵᠢᠨ ᠬᠡᠷᠡᠭᠵᠢᠭᠦᠯᠦᠯᠲᠡ᠎ᠨᠢ ᠵᠤᠭ᠎ᠠ ᠴᠡᠩᠭᠡᠯ᠎ᠤᠨ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠵᠢᠷᠤᠮᠵᠢᠭᠤᠯᠵᠤ᠂ ᠵᠤᠭ᠎ᠠ ᠴᠡᠩᠭᠡᠯ᠎ᠤᠨ ᠵᠠᠬ᠎ᠠ ᠳᠡᠯᠭᠡᠭᠦᠷ᠎ᠤᠨ ᠴᠡᠴᠡᠭᠯᠡᠨ ᠬᠥᠭᠵᠢᠬᠦ ᠵᠢ ᠠᠬᠢᠭᠤᠯᠬᠤ᠎ᠳᠤ ᠴᠢᠬᠤᠯᠠ ᠦᠢᠯᠡᠳᠦᠯ ᠦᠵᠡᠭᠦᠯᠪᠡ  ᠃ ᠣᠢ᠌ᠷ᠎ᠠ ᠵᠢᠨ ᠵᠢᠯ᠎ᠤᠳ᠎ᠲᠤ᠂ ᠵᠤᠭ᠎ᠠ ᠴᠡᠩᠭᠡᠯ᠎ᠤᠨ ᠵᠠᠬ᠎ᠠ ᠳᠡᠯᠭᠡᠭᠦᠷ᠎ᠤᠨ ᠬᠥᠭᠵᠢᠯᠲᠡ ᠬᠤᠪᠢᠷᠠᠯᠲᠠ ᠵᠢ ᠳᠠᠭ᠋ᠠᠯᠳᠤᠨ᠂ ᠬᠢᠨᠠᠯᠲᠠ ᠬᠠᠮᠢᠶᠠᠷᠤᠯᠲᠠ ᠵᠢᠨ ᠶᠠᠪᠤᠴᠠ᠎ᠳᠤ ᠣᠷᠣᠰᠢᠵᠤ ᠪᠠᠢ᠌ᠭ᠎ᠠ ᠴᠠᠭ᠋ᠠᠵᠠᠯᠠᠬᠤ᠎ᠳᠤ ᠬᠦᠴᠢᠷᠲᠡᠶ ᠵᠡᠷᠭᠡ ᠪᠣᠳᠠᠲᠠᠶ ᠠᠰᠠᠭᠤᠳᠠᠯ᠎ᠳᠤ 《ᠠᠷᠭ᠎ᠠ》᠎ᠳᠤ ᠵᠠᠰᠠᠪᠤᠷᠢ ᠣᠷᠣᠭᠤᠯᠵᠤ ᠬᠢᠨᠠᠯᠲᠠ ᠬᠠᠮᠢᠶᠠᠷᠤᠯᠲᠠ ᠵᠢᠨ ᠠᠷᠭ᠎ᠠ ᠪᠠᠷᠢᠯ ᠪᠠ ᠠᠷᠭ᠎ᠠ ᠬᠡᠮᠵᠢᠶ᠎ᠡ ᠣᠯᠭᠣᠬᠤ ᠴᠢᠬᠤᠯᠠᠲᠠᠶ ᠪᠣᠯᠵᠠᠶ  ᠃ ᠡᠭᠦᠨ᠎ᠤ ᠬᠠᠮᠲᠤ᠂ ᠤᠯᠤᠰ᠎ᠠᠴᠠ ᠵᠤᠭ᠎ᠠ ᠴᠡᠩᠭᠡᠯ᠎ᠤᠨ ᠭᠠᠵᠠᠷ᠎ᠤᠨ ᠬᠠᠮᠢᠶᠠᠷᠤᠯᠲᠠ᠎ᠲᠠᠢ ᠬᠣᠯᠪᠣᠭᠳᠠᠬᠤ ᠨᠢᠭᠡ ᠪᠦᠯᠦᠭ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠨᠡᠢ᠌ᠲᠡᠯᠡᠭᠰᠡᠨ ᠪᠤᠶᠤ ᠰᠢᠨ᠎ᠡ᠎ᠪᠠᠷ ᠵᠠᠰᠠᠪᠤᠷᠢ ᠣᠷᠣᠭᠤᠯᠵᠤ᠂ ᠭᠠᠯ ᠰᠡᠷᠭᠡᠢ᠌ᠯᠡᠬᠦ ᠭᠠᠯ ᠤᠨᠲᠠᠷᠠᠭ᠋ᠠᠬᠤ᠂ ᠣᠷᠴᠢᠨ ᠲᠣᠭᠣᠷᠢᠨ᠎ᠢ ᠬᠠᠮᠠᠭ᠋ᠠᠯᠠᠬᠤ ᠵᠡᠷᠭᠡ ᠲᠠᠯ᠎ᠠ ᠵᠢᠨ ᠥᠭᠡᠷᠡᠴᠢᠯᠡᠯᠲᠡ ᠵᠢ ᠴᠦ᠍ ᠠᠯᠬᠤᠮ ᠠᠯᠬᠤᠮ ᠵᠶ᠋ᠠᠷ ᠬᠥᠨᠵᠡᠭᠡᠢ᠌ᠷᠡᠬᠦᠯᠪᠡ᠃ 《ᠠᠷᠭ᠎ᠠ》 ᠵᠢ ᠡᠭᠦᠨ᠎ᠲᠠᠢ ᠵᠣᠯᠭ᠋ᠠᠭᠤᠯᠵᠤ᠂ 《ᠲᠠᠯᠪᠢᠬᠤ ᠬᠠᠮᠢᠶᠠᠷᠬᠤ ᠦᠢᠯᠡᠴᠢᠯᠡᠬᠦ》 ᠥᠭᠡᠷᠡᠴᠢᠯᠡᠯᠲᠡ ᠵᠢᠨ ᠠᠰᠢᠭ᠎ᠢ ᠪᠣᠳᠠᠲᠠᠶ᠎ᠳᠤ ᠨᠠᠢ᠌ᠳᠠᠪᠤᠷᠢᠵᠢᠭᠤᠯᠬᠤ ᠴᠢᠬᠤᠯᠠᠲᠠᠶ ᠪᠠᠢ᠌ᠨ᠎ᠠ  ᠃
      ᠬᠣᠶᠠᠷ᠂ 《ᠠᠷᠭ᠎ᠠ》᠎ᠳᠤ ᠵᠠᠰᠠᠪᠤᠷᠢ ᠣᠷᠣᠭᠤᠯᠤᠭᠰᠠᠨ ᠭᠣᠤᠯ ᠠᠭᠤᠯᠭ᠎ᠠ᠎ᠨᠢ ᠶᠠᠭᠤ ᠪᠣᠶ?
      ᠨᠢᠭᠡ᠎ᠳᠤ᠂ ᠳᠡᠭᠡᠳᠦ ᠪᠠᠢ᠌ᠷᠢ ᠵᠢᠨ ᠬᠠᠤᠯᠢ᠎ᠲᠠᠢ ᠦᠯᠦ ᠨᠡᠢ᠌ᠴᠡᠬᠦ ᠵᠦᠢ᠍ᠯ ᠪᠠᠳᠠᠭ᠎ᠲᠤ ᠵᠠᠰᠠᠪᠤᠷᠢ ᠤᠷᠤᠭᠤᠯᠪᠠ  ᠃ ᠵᠢᠱ᠌ᠢᠶᠡᠯᠡᠪᠡᠯ᠂ 《ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠬᠠᠤᠯᠢ》᠎ᠳᠤ ᠰᠢᠨ᠎ᠡ᠎ᠪᠠᠷ ᠨᠡᠮᠡᠭᠰᠡᠨ 《ᠬᠡᠦᠬᠡᠳ᠎ᠤᠨ ᠴᠡᠴᠡᠷᠯᠢᠭ᠎ᠤᠨ ᠡᠷᠬᠢᠨ ᠲᠣᠭᠣᠷᠢᠨ᠎ᠳᠤ ᠵᠤᠭ᠎ᠠ ᠴᠡᠩᠭᠡᠯ᠎ᠤᠨ ᠲᠠᠯᠠᠪᠤᠷ ᠭᠠᠵᠠᠷ ᠭᠠᠷᠭ᠋ᠠᠵᠤ ᠪᠣᠯᠬᠤ ᠥᠬᠡᠶ》 ᠭᠡᠬᠦ ᠲᠣᠭᠲᠠᠭ᠋ᠠᠯ᠎ᠢ ᠨᠠᠢ᠌ᠳᠠᠪᠤᠷᠢᠵᠢᠭᠤᠯᠵᠤ᠂ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠵᠤᠭ᠎ᠠ ᠴᠡᠩᠭᠡᠯ᠎ᠤᠨ ᠭᠠᠵᠠᠷ  ᠎ᠤᠨ ᠬᠠᠮᠢᠶᠠᠷᠤᠯᠲᠠ ᠵᠢᠨ ᠲᠦᠷᠢᠮ》᠎ᠳᠤ᠎ᠬᠢ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠵᠤᠭ᠎ᠠ ᠴᠡᠩᠭᠡᠯ᠎ᠤᠨ ᠲᠠᠯᠠᠪᠤᠷ᠎ᠲᠤ ᠪᠡᠯᠡ ᠤᠷᠤᠭᠤᠯᠬᠤ ᠵᠢ ᠬᠢᠵᠠᠭ᠋ᠠᠷᠯᠠᠬᠤ ᠵᠢ ᠪᠥᠬᠥ ᠲᠠᠯ᠎ᠠ᠎ᠪᠠᠷ ᠬᠦᠴᠦᠨ ᠥᠬᠡᠶ ᠪᠣᠯᠭ᠋ᠠᠬᠤ ᠵᠡᠷᠭᠡ ᠵᠢ   ᠨᠠᠢ᠌ᠳᠠᠪᠤᠷᠢᠵᠢᠭᠤᠯᠪᠠ᠃ ᠬᠣᠶᠠᠷ᠎ᠲᠤ᠂ 《ᠲᠠᠯᠪᠢᠬᠤ ᠬᠠᠮᠢᠶᠠᠷᠬᠤ ᠦᠢᠯᠡᠴᠢᠯᠡᠬᠦ》 ᠥᠭᠡᠷᠡᠴᠢᠯᠡᠯᠲᠡ ᠵᠢ ᠤᠯᠠᠮ ᠴᠢᠨᠠᠭᠰᠢᠳᠠ ᠭᠦᠨᠵᠡᠭᠡᠢ᠌ᠷᠡᠭᠦᠯᠬᠦ ᠵᠢᠨ ᠬᠠᠮᠲᠤ ᠬᠣᠯᠪᠣᠭᠳᠠᠯ ᠪᠥᠬᠥᠶ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ᠎ᠯᠦᠭᠡ ᠲᠥᠷᠥ ᠵᠢᠨ ᠪᠣᠳᠣᠯᠭ᠎ᠠ ᠵᠢᠨ ᠵᠣᠯᠭ᠋ᠠᠯᠴᠠᠭ᠎ᠠ ᠵᠢ ᠰᠠᠢ᠌ᠲᠤᠷ ᠬᠢᠪᠡ᠃ ᠭᠠᠯ ᠤᠨᠲᠠᠷᠠᠭ᠋ᠠᠬᠤ᠂ ᠣᠷᠴᠢᠨ ᠲᠣᠭᠣᠷᠢᠨ᠎ᠢ ᠬᠠᠮᠠᠭ᠋ᠠᠯᠠᠬᠤ ᠥᠭᠡᠷᠡᠴᠢᠯᠡᠯᠲᠡ᠎ᠯᠦᠭᠡ ᠰᠠᠢ᠌ᠲᠤᠷ ᠵᠣᠯᠭ᠋ᠠᠯᠳᠤᠭᠤᠯᠵᠤ᠂ ᠭᠠᠯ ᠤᠨᠲᠠᠷᠠᠭ᠋ᠠᠬᠤ ᠵᠥᠪᠰᠢᠶᠡᠷᠡᠯ ᠣᠯᠬᠤ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠪᠠᠷᠢᠮᠵᠢᠶ᠎ᠠ᠎ᠳᠤ ᠬᠦᠷᠦᠭᠦᠯᠬᠦ ᠶᠠᠪᠤᠳᠠᠯ᠎ᠢ ᠰᠣᠶᠣᠯ ᠪᠠ ᠵᠢᠭᠤᠯᠴᠢᠯᠠᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠵᠤᠭ᠎ᠠ ᠴᠡᠩᠭᠡᠯ᠎ᠤᠨ ᠭᠠᠵᠠᠷ᠎ᠢ ᠬᠢᠨᠠᠨ ᠵᠥᠪᠰᠢᠶᠡᠷᠡᠬᠦ ᠤᠷᠢᠳᠠᠴᠢ ᠨᠥᠬᠥᠴᠡᠯ ᠪᠣᠯᠭ᠋ᠠᠬᠤ ᠦᠭᠡᠶ; ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠭᠤᠯᠤᠮᠵᠢ ᠵᠢᠨ ᠥᠭᠡᠷᠡᠴᠢᠯᠡᠯᠲᠡ᠎ᠳᠤ ᠬᠣᠯᠪᠣᠭᠳᠠᠭᠰᠠᠨ ᠶᠠᠮᠤᠨ ᠵᠥᠪᠯᠡᠯ᠎ᠤᠨ ᠨᠡᠷᠡᠢ᠌ᠳᠦᠯ᠎ᠢ ᠬᠤᠪᠢᠷᠠᠭᠤᠯᠬᠤ ᠠᠵᠢᠯ᠎ᠲᠠᠢ ᠰᠠᠢ᠌ᠲᠤᠷ ᠵᠣᠯᠭ᠋ᠠᠭᠤᠯᠵᠤ᠂ ᠬᠠᠮᠢᠶ᠎ᠠ ᠪᠥᠬᠥᠶ ᠰᠠᠯᠠᠭ᠎ᠠ ᠮᠥᠴᠢᠷ᠎ᠤᠨ ᠨᠡᠷᠡᠢ᠌ᠳᠦᠯ᠎ᠳᠤ ᠵᠠᠰᠠᠪᠤᠷᠢ ᠤᠷᠤᠭᠤᠯᠪᠠ; ᠲᠥᠷᠥ ᠵᠢᠨ ᠶᠠᠪᠤᠳᠠᠯ᠎ᠤᠨ ᠬᠣᠷᠢᠶᠠᠨ᠎ᠤ ᠡᠯ᠎ᠡ ᠲᠥᠷᠥᠯ᠎ᠤᠨ ᠭᠡᠷᠡᠴᠢᠯᠡᠬᠦ ᠵᠦᠢᠯᠡᠰ᠎ᠢ ᠬᠦᠴᠦᠨ ᠥᠬᠡᠶ ᠪᠣᠯᠭ᠋ᠠᠬᠤ ᠥᠭᠡᠷᠡᠴᠢᠯᠡᠯᠲᠡ᠎ᠲᠠᠢ ᠰᠠᠢ᠌ᠲᠤᠷ   ᠵᠤᠯᠭ᠋ᠠᠭᠤᠯᠪᠠ; ᠢᠲᠡᠭᠡᠮᠵᠢ ᠵᠢᠨ ᠬᠠᠮᠢᠶᠠᠷᠤᠯᠲᠠ ᠵᠢᠨ ᠥᠭᠡᠷᠡᠴᠢᠯᠡᠯᠲᠡ᠎ᠲᠠᠢ ᠰᠠᠢ᠌ᠲᠤᠷ ᠵᠤᠯᠭ᠋ᠠᠭᠤᠯᠪᠠ᠃ ᠭᠤᠷᠪᠠ᠎ᠳᠤ᠂ ᠬᠠᠤᠯᠢ ᠬᠡᠷᠡᠭᠵᠢᠭᠦᠯᠬᠦ ᠦᠢᠯᠡᠳᠦᠯᠭᠡ ᠵᠢᠨ ᠳᠤᠮᠳᠠ ᠭᠡᠷᠡᠴᠢ ᠦᠨᠡᠮᠯᠡᠯ ᠥᠬᠡᠶ ᠵᠤᠭ᠎ᠠ ᠴᠡᠩᠭᠡᠯ᠎ᠤᠨ ᠭᠠᠵᠠᠷ᠎ᠢ ᠴᠠᠭ᠋ᠠᠵᠠᠯᠠᠬᠤ᠎ᠳᠤ ᠬᠦᠴᠢᠷᠲᠡᠶ ᠪᠠᠢ᠌ᠬᠤ ᠠᠰᠠᠭᠤᠳᠠᠯ᠎ᠢ ᠰᠢᠢᠳᠪᠦᠷᠢᠯᠡᠵᠦ᠂ ᠰᠢᠨ᠎ᠡ᠎ᠪᠠᠷ ᠨᠡᠢ᠌ᠲᠡᠯᠡᠭᠰᠡᠨ 《ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠬᠠᠤᠯᠢ》 ᠵᠡᠷᠭᠡ ᠬᠣᠯᠪᠣᠭᠳᠠᠯ ᠪᠥᠬᠥᠶ ᠲᠣᠭᠲᠠᠭ᠋ᠠᠯ᠎ᠢ ᠦᠨᠳᠦᠰᠦᠯᠡᠨ ᠵᠤᠭ᠎ᠠ ᠴᠡᠩᠭᠡᠯ᠎ᠤᠨ   ᠭᠠᠵᠠᠷ᠎ᠤᠨ ᠳᠤᠷ᠎ᠠ᠎ᠪᠠᠷ ᠵᠶ᠋ᠠᠨ ᠡᠵᠡᠩᠨᠡᠯᠲᠡ ᠵᠢᠨ ᠠᠵᠢᠯᠯᠠᠭ᠎ᠠ   ᠡᠷᠬᠢᠯᠡᠭᠰᠡᠨ᠂ ᠲᠣᠭᠲᠠᠭ᠋ᠠᠯ᠎ᠢ ᠵᠥᠷᠢᠴᠡᠭᠰᠡᠨ ᠦᠢᠯᠡ ᠠᠵᠢᠯᠯᠠᠭ᠎ᠠ᠎ᠳᠤ   ᠰᠢᠢ᠍ᠳᠬᠡᠯ ᠥᠭᠬᠦ ᠵᠦᠢᠯ ᠵᠤᠷᠪᠤᠰ ᠭᠠᠷᠭ᠋ᠠᠪᠠ  ᠃
      ᠭᠤᠷᠪᠠ᠂ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠵᠤᠭ᠎ᠠ ᠴᠡᠩᠭᠡᠯ᠎ᠤᠨ ᠭᠠᠵᠠᠷ᠎ᠲᠤ ᠪᠠᠯᠠ ᠣᠷᠣᠭᠤᠯᠬᠤ ᠲᠤᠬᠠᠶ ᠬᠡᠷᠬᠢᠨ ᠲᠣᠭᠲᠠᠭ᠋ᠠᠭᠰᠠᠨ ᠪᠣᠶ?
     2020 ᠣᠨ᠎ᠤ 11 ᠰᠠᠷ᠎ᠠ᠎ᠳᠤ᠂ 《ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠡᠰᠡᠭ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠵᠠᠰᠠᠪᠤᠷᠢ ᠣᠷᠣᠭᠤᠯᠬᠤ ᠪᠠ ᠬᠦᠴᠦᠨ ᠥᠬᠡᠶ ᠪᠣᠯᠭ᠋ᠠᠬᠤ ᠲᠤᠬᠠᠶ ᠲᠣᠭᠲᠠᠭ᠋ᠠᠯ》᠎ᠳᠤ 《ᠵᠤᠭ᠎ᠠ ᠴᠡᠩᠭᠡᠯ᠎ᠤᠨ ᠭᠠᠵᠠᠷ᠎ᠤᠨ ᠬᠠᠮᠢᠶᠠᠷᠤᠯᠲᠠ ᠵᠢᠨ ᠲᠦᠷᠢᠮ》᠎ᠤᠨ ᠵᠢᠷᠭᠤᠳᠤᠭ᠋ᠠᠷ ᠵᠦᠢᠯ᠎ᠢ 《ᠭᠠᠳᠠᠭ᠋ᠠᠳᠤ ᠵᠢᠨ ᠪᠠᠯᠠ ᠣᠷᠣᠭᠤᠯᠤᠭᠴᠢᠳ ᠳᠤᠮᠳᠠᠳᠤ ᠤᠯᠤᠰ᠎ᠤᠨ ᠬᠢᠯᠢ ᠳᠣᠲᠣᠷ᠎ᠠ ᠵᠤᠭ᠎ᠠ ᠴᠡᠩᠭᠡᠯ᠎ᠤᠨ ᠭᠠᠵᠠᠷ᠎ᠢ ᠬᠠᠤᠯᠢ ᠶᠣᠰᠣᠭ᠋ᠠᠷ ᠪᠠᠢ᠌ᠭᠤᠯᠵᠤ ᠪᠣᠯᠤᠨ᠎ᠠ》 ᠭᠡᠵᠦ ᠵᠠᠰᠠᠪᠤᠷᠢ ᠣᠷᠣᠭᠤᠯᠪᠠ; ᠶᠢᠰᠦᠳᠦᠭᠡᠷ ᠵᠦᠢ᠍ᠯ᠎ᠤᠨ ᠨᠢᠭᠡᠳᠦᠭᠡᠷ ᠪᠠᠳᠠᠭ  ᠎ᠲᠤ᠎ᠬᠢ《ᠳᠤᠮᠳᠠᠳᠤ ᠭᠠᠳᠠᠭ᠋ᠠᠳᠤ ᠵᠢᠨ ᠪᠡᠯᠡ ᠨᠡᠢ᠌ᠯᠡᠭᠦᠯᠦᠨ ᠡᠵᠡᠩᠨᠡᠬᠦ᠂ ᠳᠤᠮᠳᠠᠳᠤ ᠭᠠᠳᠠᠭ᠋ᠠᠳᠤ ᠵᠢᠨ ᠬᠤᠷᠰᠢᠨ ᠡᠵᠡᠩᠨᠡᠬᠦ》 ᠭᠡᠳᠡᠭ᠎ᠢ 《ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠤᠯᠲᠠ》 ᠭᠡᠵᠦ ᠵᠠᠰᠠᠪᠠ  ᠃ ᠡᠭᠦᠨ᠎ᠢ ᠦᠨᠳᠦᠰᠦᠯᠡᠪᠡᠯ᠂ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠠᠯᠠ ᠣᠷᠣᠭᠤᠯᠵᠤ ᠪᠠᠢ᠌ᠭᠤᠯᠤᠭᠰᠠᠨ ᠲᠠᠯᠠᠪᠤᠷ ᠭᠠᠵᠠᠷ᠎ᠲᠤ ᠪᠠᠯᠠ ᠣᠷᠣᠭᠤᠯᠬᠤ ᠬᠠᠷᠢᠴᠠᠯ᠎ᠤᠨ ᠬᠢᠵᠠᠭ᠋ᠠᠷᠯᠠᠯ ᠨᠢᠭᠡᠨᠲᠡ ᠥᠬᠡᠶ ᠪᠣᠯᠵᠠᠶ  ᠃ 《ᠠᠷᠭ᠎ᠠ》 ᠵᠢᠨ ᠶᠢᠰᠦᠳᠦᠭᠡᠷ ᠵᠦᠢᠯ᠂ ᠠᠷᠪᠠᠨ ᠨᠢᠭᠡᠳᠦᠭᠡᠷ ᠵᠦᠢᠯ᠎ᠳᠤ᠂ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠤᠷᠤᠭᠤᠯᠤᠭᠰᠠᠨ ᠵᠤᠭ᠎ᠠ ᠴᠡᠩᠭᠡᠯ᠎ᠤᠨ ᠭᠠᠵᠠᠷ ᠵᠤᠭ᠎ᠠ ᠴᠡᠩᠭᠡᠯ᠎ᠤᠨ ᠭᠠᠵᠠᠷ ᠎ᠤᠨ ᠡᠵᠡᠩᠨᠡᠯᠲᠡ ᠵᠢᠨ ᠠᠵᠢᠯᠯᠠᠭ᠎ᠠ   ᠡᠷᠬᠢᠯᠡᠬᠦ᠎ᠪᠠᠷ ᠭᠤᠶᠤᠴᠢᠯᠠᠬᠤ   ᠦᠶ᠎ᠡ ᠵᠢᠨ   ᠬᠢᠨᠠᠨ ᠵᠥᠪᠰᠢᠶᠡᠷᠡᠬᠦ ᠲᠠᠰ ᠵᠡᠷᠭᠡ ᠵᠢ ᠲᠣᠳᠣᠷᠬᠠᠢ᠌ᠯᠠᠵᠤ᠂ ᠬᠤᠳᠠᠯᠳᠤᠭ᠋ᠠᠨ᠎ᠤ ᠶᠠᠪᠤᠳᠠᠯ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠵᠥᠪᠰᠢᠶᠡᠷᠡᠭᠰᠡᠨ ᠪᠢᠴᠢᠭ ᠮᠠᠲ᠋ᠧᠷᠢᠶᠠᠯ᠎ᠢ ᠲᠤᠰᠢᠶᠠᠬᠤ ᠬᠡᠷᠡᠭᠲᠡᠢ ᠵᠡᠷᠭᠡ ᠬᠠᠮᠢᠶ᠎ᠠ ᠪᠥᠬᠥᠶ ᠱᠠᠭ᠋ᠠᠷᠳᠠᠯᠭ᠎ᠠ ᠵᠢ ᠬᠦᠴᠦᠨ ᠥᠬᠡᠶ   ᠪᠤᠯᠭ᠋ᠠᠪᠠ  ᠃ ᠣᠳᠣᠬᠠᠨ᠎ᠳᠤ᠂ ᠭᠠᠳᠠᠭ᠋ᠠᠳᠤ ᠵᠢᠨ ᠪᠡᠯᠡ ᠣᠷᠣᠭᠤᠯᠤᠭᠴᠢᠳ᠎ᠤᠨ ᠳᠤᠮᠳᠠᠳᠤ ᠤᠯᠤᠰ᠎ᠤᠨ ᠬᠢᠯᠢ ᠳᠣᠲᠣᠷ᠎ᠠ ᠬᠠᠤᠯᠢ ᠶᠣᠰᠣᠭ᠋ᠠᠷ ᠵᠤᠭ᠎ᠠ ᠴᠡᠩᠭᠡᠯ᠎ᠤᠨ ᠭᠠᠵᠠᠷ ᠪᠠᠢ᠌ᠭᠤᠯᠬᠤ ᠵᠢ ᠵᠥᠪᠰᠢᠶᠡᠷᠡᠵᠦ᠂ ᠪᠡᠯᠡ ᠣᠷᠣᠭᠤᠯᠤᠯᠲᠠ ᠵᠢᠨ ᠬᠠᠷᠢᠴᠠᠯ᠎ᠤᠨ ᠬᠢᠵᠠᠭ᠋ᠠᠷᠯᠠᠯ ᠪᠠᠢ᠌ᠬᠤ ᠦᠭᠡᠢ᠂ ᠭᠤᠶᠤᠴᠢᠯᠠᠬᠤ ᠮᠠᠲ᠋ᠧᠷᠢᠶᠠᠯ᠂ ᠪᠠᠢ᠌ᠭᠤᠯᠬᠤ ᠨᠥᠬᠥᠴᠡᠯ ᠪᠠ ᠵᠢᠷᠤᠮ᠎ᠨᠢ ᠡᠬᠡ ᠬᠠᠭᠤᠷᠠᠢ ᠵᠢᠨ ᠪᠡᠯᠡ᠎ᠲᠠᠢ᠎ᠪᠠᠨ ᠨᠢᠭᠡᠳᠦᠯᠲᠡᠢ  ᠃ ᠡᠭᠦᠨ᠎ᠠᠴᠠ ᠭᠠᠳᠠᠨ᠎ᠠ᠂ ᠰᠢᠶᠠᠩᠭ᠋ᠠᠩ ᠣᠣᠮᠧᠨ ᠲᠠᠢ᠌ᠸᠠᠨ᠎ᠤ ᠪᠡᠯᠡ ᠣᠷᠣᠭᠤᠯᠤᠯᠲᠠ᠎ᠳᠤ ᠲᠤᠰ ᠲᠦᠷᠦ ᠵᠢᠨ ᠪᠤᠳᠤᠯᠭ᠎ᠠ ᠵᠢ ᠯᠠᠪᠯᠠᠯᠲᠠ ᠪᠣᠯᠭ᠋ᠠᠨ ᠬᠡᠷᠡᠭᠵᠢᠭᠦᠯᠦᠨ᠎ᠡ  ᠃
    ᠳᠥᠷᠪᠡ᠂ 《ᠠᠷᠭ᠎ᠠ》᠎ᠳᠤ ᠵᠠᠰᠠᠪᠤᠷᠢ ᠣᠷᠣᠭᠤᠯᠤᠭᠰᠠᠨ᠎ᠤ ᠳᠠᠷᠠᠭ᠎ᠠ᠂ ᠵᠤᠭ᠎ᠠ ᠴᠡᠩᠭᠡᠯ᠎ᠤᠨ ᠭᠠᠵᠠᠷ ᠵᠤᠭ᠎ᠠ ᠴᠡᠩᠭᠡᠯ᠎ᠤᠨ ᠭᠠᠵᠠᠷ᠎ᠤᠨ ᠡᠵᠡᠩᠨᠡᠯᠲᠡ ᠵᠢᠨ ᠠᠵᠢᠯᠯᠠᠭ᠎ᠠ ᠡᠷᠭᠢᠯᠡᠬᠦ᠎ᠪᠠᠷ ᠭᠤᠶᠤᠴᠢᠯᠠᠬᠤ᠎ᠳᠤ ᠠᠮᠢ ᠠᠬᠤᠶ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠨ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠪᠤᠶᠤ ᠳᠠᠩᠰᠠᠯᠠᠭᠤᠯᠤᠭᠰᠠᠨ ᠭᠡᠷᠡᠴᠢ ᠬᠠᠩᠭ᠋ᠠᠬᠤ ᠴᠢᠬᠤᠯᠠ ᠥᠬᠡᠶ ᠪᠣᠯᠤᠭᠰᠠᠨ ᠤᠤ?
     《ᠠᠷᠭ᠎ᠠ》 ᠵᠢᠨ ᠤᠤᠯ᠎ᠤᠨ ᠠᠷᠪᠠᠨ ᠨᠢᠭᠡᠳᠦᠭᠡᠷ ᠵᠦᠢᠯ᠎ᠳᠤ ᠲᠣᠭᠲᠠᠭ᠋ᠠᠭᠰᠠᠨ ᠭᠠᠯ ᠰᠡᠷᠭᠡᠢ᠌ᠯᠡᠯᠲᠡ ᠵᠢᠨ ᠰᠠᠯᠠᠭ᠎ᠠ ᠮᠥᠴᠢᠷ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠠᠯᠠᠭ᠎ᠠ ᠮᠥᠴᠢᠷ᠎ᠤᠨ   ᠵᠥᠪᠰᠢᠶᠡᠷᠡᠯ᠎ᠤᠨ ᠪᠢᠴᠢᠭ ᠮᠠᠲ᠋ᠧᠷᠢᠶᠠᠯ ᠪᠤᠶᠤ ᠳᠠᠩᠰᠠᠯᠠᠭᠤᠯᠤᠭᠰᠠᠨ ᠭᠡᠷᠡᠴᠢ ᠵᠢ ᠡᠷᠬᠡᠪᠰᠢ ᠲᠤᠰᠢᠶᠠᠬᠤ ᠬᠡᠷᠡᠭᠲᠡᠢ ᠭᠡᠳᠡᠭ ᠎ᠢ《ᠬᠣᠯᠪᠣᠭᠳᠠᠯ ᠪᠥᠬᠥᠶ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠭᠠᠯ ᠰᠡᠷᠭᠡᠢ᠌ᠯᠡᠯᠲᠡ ᠵᠢᠨ ᠰᠠᠯᠠᠭ᠎ᠠ ᠮᠥᠴᠢᠷ᠂ ᠡᠷᠡᠭᠦᠯ ᠬᠠᠮᠠᠭ᠋ᠠᠯᠠᠯ᠂ ᠠᠮᠢ ᠠᠬᠤᠶ ᠵᠢᠨ ᠣᠷᠴᠢᠨ ᠲᠣᠭᠣᠷᠢᠨ ᠵᠡᠷᠭᠡ ᠵᠢᠨ ᠬᠢᠨᠠᠨ ᠵᠥᠪᠰᠢᠶᠡᠷᠡᠬᠦ ᠭᠠᠷᠳᠠᠮ᠎ᠢ ᠭᠦᠢᠴᠡᠳᠬᠡᠬᠦ ᠴᠢᠬᠤᠯᠠᠲᠠᠶ ᠪᠠᠢ᠌ᠪᠠᠯ ᠲᠡᠷᠡ ᠲᠣᠭᠲᠠᠭ᠋ᠠᠯ ᠵᠶ᠋ᠠᠷ᠎ᠨᠢ ᠬᠡᠷᠡᠭᠵᠢᠭᠦᠯᠦᠨ᠎ᠡ》 ᠭᠡᠵᠦ ᠵᠠᠰᠠᠪᠤᠷᠢ ᠣᠷᠣᠭᠤᠯᠪᠠ  ᠃ ᠨᠢᠭᠡ᠎ᠳᠤ᠂《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠲᠠᠭᠤ ᠱᠤᠤᠭᠢᠶᠠᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠬᠠᠤᠯᠢ》 ᠵᠢ 2021 ᠣᠨ᠎ᠤ 12 ᠰᠠᠷ᠎ᠠ ᠵᠢᠨ 24᠎ᠤ ᠡᠳᠦᠷ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠪᠠᠲᠤᠯᠠᠵᠤ᠂ 2022 ᠣᠨ᠎ᠤ 6 ᠰᠠᠷ᠎ᠠ ᠵᠢᠨ 5᠎ᠤ ᠡᠳᠦᠷ᠎ᠠᠴᠠ ᠡᠬᠢᠯᠡᠵᠦ   ᠬᠡᠷᠡᠭᠵᠢᠬᠦᠯᠦᠨ᠂ 《ᠣᠷᠴᠢᠨ ᠲᠣᠭᠣᠷᠢᠨ᠎ᠤ ᠲᠠᠭᠤ ᠱᠤᠤᠭᠢᠶᠠᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠬᠠᠤᠯᠢ》 ᠵᠢ ᠬᠠᠮᠲᠤ ᠎ᠳᠤ᠎ᠨᠢ ᠬᠦᠴᠦᠨ ᠥᠬᠡᠶ ᠪᠣᠯᠭ᠋ᠠᠨ᠎ᠠ᠃ ᠵᠤᠭ᠎ᠠ ᠴᠡᠩᠭᠡᠯ᠎ᠤᠨ ᠭᠠᠵᠠᠷ᠎ᠤᠨ ᠣᠷᠴᠢᠨ ᠲᠣᠭᠣᠷᠢᠨ᠎ᠤ ᠲᠠᠭᠤ ᠱᠤᠤᠭᠢᠶᠠᠨ᠎ᠢ ᠪᠠᠷᠢᠮᠵᠢᠶ᠎ᠠ᠎ᠳᠤ ᠬᠦᠷᠭᠡᠬᠦ᠎ᠨᠢ ᠰᠣᠶᠣᠯ ᠪᠠ ᠵᠢᠭᠤᠯᠴᠢᠯᠠᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠵᠤᠭ᠎ᠠ ᠴᠡᠩᠭᠡᠯ᠎ᠤᠨ ᠭᠠᠵᠠᠷ᠎ᠢ ᠬᠢᠨᠠᠨ ᠵᠥᠪᠰᠢᠶᠡᠷᠡᠬᠦ ᠤᠷᠢᠳᠠᠴᠢ ᠨᠥᠬᠥᠴᠡᠯ ᠪᠢᠰᠢ ᠪᠣᠯᠤᠨ᠎ᠠ  ᠃ ᠬᠣᠶᠠᠷ᠎ᠲᠤ᠂ 2021 ᠣᠨ᠎ᠤ 1 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠬᠦᠯᠦᠭᠰᠡᠨ《ᠪᠥᠲᠥᠭᠡᠨ ᠪᠠᠢ᠌ᠭᠤᠯᠤᠯᠲᠠ ᠵᠢᠨ ᠲᠥᠷᠥᠯ ᠵᠦᠢᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠢ ᠦᠨᠡᠯᠡᠬᠦ ᠲᠥᠷᠥᠯ ᠬᠤᠪᠢᠶᠠᠭᠰᠠᠨ ᠬᠠᠮᠢᠶᠠᠷᠤᠯᠲᠠ ᠵᠢᠨ ᠨᠡᠷᠡᠰ (2021 ᠣᠨ᠎ᠤ ᠬᠡᠪᠯᠡᠯ)》᠎ᠳᠤ᠂ ᠵᠤᠭ᠎ᠠ ᠴᠡᠩᠭᠡᠯ᠎ᠤᠨ ᠭᠠᠵᠠᠷ᠎ᠢ ᠪᠥᠲᠥᠭᠡᠨ ᠪᠠᠢ᠌ᠭᠤᠯᠬᠤ ᠎ᠳᠤ ᠣᠷᠴᠢᠨ ᠲᠣᠭᠣᠷᠢᠨ᠎ᠤ ᠨᠥᠯᠥᠭᠡᠯᠡᠯ᠎ᠢ ᠦᠨᠡᠯᠡᠬᠦ ᠳᠡᠩᠰᠡᠯᠡᠯᠲᠡ ᠵᠢᠨ ᠬᠦᠰᠦᠨᠦᠭᠲᠦ ᠵᠢ ᠲᠠᠭᠯᠠᠨ ᠮᠡᠳᠡᠭᠦᠯᠬᠦ ᠱᠠᠭ᠋ᠠᠷᠳᠠᠯᠭ᠎ᠠ ᠵᠢ ᠨᠢᠭᠡᠨᠲᠡ ᠬᠦᠴᠦᠨ ᠥᠬᠡᠶ ᠪᠣᠯᠭ᠋ᠠᠪᠠ᠃ ᠡᠭᠦᠨ᠎ᠢ ᠦᠨᠳᠦᠰᠦᠯᠡᠪᠡᠯ᠂ ᠵᠤᠭ᠎ᠠ ᠴᠡᠩᠭᠡᠯ᠎ᠤᠨ ᠭᠠᠵᠠᠷ᠎ᠢ ᠪᠠᠢ᠌ᠭᠤᠯᠬᠤ ᠦᠶ᠎ᠡ᠎ᠳᠤ ᠠᠮᠢ ᠠᠬᠤᠶ ᠵᠢᠨ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠨ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠪᠤᠶᠤ ᠳᠠᠩᠰᠠᠯᠠᠭᠤᠯᠤᠭᠰᠠᠨ ᠭᠡᠷᠡᠴᠢ ᠪᠢᠴᠢᠭ ᠬᠠᠩᠭ᠋ᠠᠬᠤ ᠵᠢ ᠳᠠᠭᠢᠵᠤ ᠱᠠᠭ᠋ᠠᠷᠳᠠᠬᠤ ᠥᠬᠡᠶ᠃《ᠵᠤᠭ᠎ᠠ ᠴᠡᠩᠭᠡᠯ᠎ᠤᠨ ᠭᠠᠵᠠᠷ᠎ᠤᠨ ᠬᠠᠮᠢᠶᠠᠷᠤᠯᠲᠠ ᠵᠢᠨ ᠲᠦᠷᠢᠮ》᠎ᠲᠠᠢ ᠨᠢᠭᠡᠳᠦᠯᠲᠡᠶ ᠪᠠᠢ᠌ᠯᠭ᠋ᠠᠬᠤ ᠵᠢᠨ ᠲᠥᠯᠥᠭᠡ᠂ 《ᠬᠣᠯᠪᠣᠭᠳᠠᠯ ᠪᠥᠬᠥᠶ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠭᠠᠯ ᠤᠨᠲᠠᠷᠠᠭ᠋ᠠᠬᠤ᠂ ᠡᠷᠡᠭᠦᠯ ᠬᠠᠮᠠᠭ᠋ᠠᠯᠠᠯ᠂ ᠠᠮᠢ ᠠᠬᠤᠶ ᠵᠢᠨ ᠣᠷᠴᠢᠨ ᠲᠣᠭᠣᠷᠢᠨ ᠵᠡᠷᠭᠡ ᠵᠢ ᠬᠢᠨᠠᠨ ᠵᠥᠪᠰᠢᠶᠡᠷᠡᠭᠦᠯᠬᠦ ᠭᠠᠷ ᠭᠦᠢᠴᠡᠳᠬᠡᠯ ᠬᠢᠬᠦ ᠴᠢᠬᠤᠯᠠᠲᠠᠶ ᠭᠡᠵᠦ ᠲᠣᠭᠲᠠᠭ᠋ᠠᠭᠰᠠᠨ ᠪᠠᠢ᠌ᠪᠠᠯ ᠲᠡᠷᠡ ᠲᠣᠭᠲᠠᠭ᠋ᠠᠯ᠎ᠢ ᠵᠢᠷᠤᠮᠯᠠᠨ᠎ᠠ》 ᠭᠡᠵᠦ ᠵᠠᠰᠠᠪᠤᠷᠢ ᠣᠷᠣᠭᠤᠯᠪᠠ  ᠃
    ᠲᠠᠪᠤ᠂ 《ᠠᠷᠭ᠎ᠠ》᠎ᠳᠤ ᠵᠠᠰᠠᠪᠤᠷᠢ ᠣᠷᠣᠭᠤᠯᠤᠭᠰᠠᠨ᠎ᠤ ᠳᠠᠷᠠᠭ᠎ᠠ᠂ ᠵᠤᠭ᠎ᠠ ᠴᠡᠩᠭᠡᠯ᠎ᠤᠨ ᠭᠠᠵᠠᠷ᠎ᠨᠢ ᠵᠤᠭ᠎ᠠ ᠴᠡᠩᠭᠡᠯ᠎ᠤᠨ ᠭᠠᠵᠠᠷ᠎ᠤᠨ ᠡᠵᠡᠩᠨᠡᠯᠲᠡ ᠵᠢᠨ ᠠᠵᠢᠯᠯᠠᠭ᠎ᠠ ᠡᠷᠭᠢᠯᠡᠬᠦ᠎ᠪᠠᠷ ᠭᠤᠶᠤᠴᠢᠯᠠᠬᠤ᠎ᠳᠤ ᠭᠠᠯ ᠤᠨᠲᠠᠷᠠᠭ᠋ᠠᠬᠤ ᠠᠪᠤᠷᠠᠨ ᠲᠤᠰᠠᠯᠠᠬᠤ ᠪᠠᠢ᠌ᠭᠤᠯᠤᠮᠵᠢ ᠵᠢᠨ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠪᠤᠶᠤ ᠳᠠᠩᠰᠠᠯᠠᠭᠤᠯᠤᠭᠰᠠᠨ ᠭᠡᠷᠡᠴᠢ ᠪᠢᠴᠢᠭ ᠬᠠᠩᠭ᠋ᠠᠬᠤ ᠵᠢ ᠱᠠᠭ᠋ᠠᠷᠳᠠᠬᠤ ᠥᠬᠡᠶ ᠤᠤ?
      ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠭᠠᠯ ᠤᠨᠲᠠᠷᠠᠭ᠋ᠠᠬᠤ ᠬᠠᠤᠯᠢ》  ᠎ᠨᠢ ᠣᠯᠠᠨ ᠨᠡᠢ᠌ᠲᠡ ᠴᠤᠭᠯᠠᠷᠠᠬᠤ ᠭᠠᠵᠠᠷ ᠲᠠᠯᠠᠪᠤᠷ᠎ᠲᠤ ᠠᠰᠢᠭᠯᠠᠯᠲᠠ᠎ᠳᠤ ᠣᠷᠣᠭᠤᠯᠬᠤ᠂ ᠡᠵᠡᠩᠨᠡᠬᠦ᠎ᠠᠴᠠ ᠡᠮᠦᠨ᠎ᠡ ᠭᠠᠯ ᠤᠨᠲᠠᠷᠠᠭ᠋ᠠᠵᠤ ᠠᠶᠤᠯ᠎ᠠᠴᠠ ᠬᠠᠮᠠᠭ᠋ᠠᠯᠠᠬᠤ ᠪᠠᠢ᠌ᠴᠠᠭ᠋ᠠᠯᠲᠠ ᠵᠢ ᠮᠡᠳᠡᠭᠳᠡᠬᠦ ᠠᠮᠠᠯᠠᠯᠲᠠ ᠵᠢᠨ ᠬᠠᠮᠢᠶᠠᠷᠤᠯᠲᠠ ᠵᠢ ᠬᠡᠷᠡᠭᠵᠢᠭᠦᠯᠦᠨ᠎ᠡ  ᠃ ᠤᠯᠠᠨ ᠨᠡᠢ᠌ᠲᠡ ᠵᠢᠨ ᠬᠤᠷᠠᠨ ᠴᠤᠭᠯᠠᠷᠠᠬᠤ ᠲᠠᠯᠠᠪᠤᠷ ᠭᠠᠵᠠᠷ᠎ᠢ ᠠᠰᠢᠭᠯᠠᠯᠲᠠ᠎ᠳᠤ ᠣᠷᠣᠭᠤᠯᠤᠨ ᠬᠡᠷᠡᠭᠯᠡᠬᠦ᠂ ᠡᠵᠡᠩᠨᠡᠬᠦ᠎ᠠᠴᠠ ᠡᠮᠦᠨ᠎ᠡ᠂ ᠪᠦᠳᠦᠭᠡᠨ ᠪᠠᠢ᠌ᠭᠤᠯᠬᠤ ᠨᠢᠭᠡᠴᠢ ᠪᠤᠶᠤ ᠬᠡᠷᠡᠭᠯᠡᠬᠦ ᠨᠢᠭᠡᠴᠢ᠎ᠨᠢ ᠲᠠᠯᠠᠪᠤᠷ ᠭᠠᠵᠠᠷ᠎ᠤᠨ ᠪᠠᠢ᠌ᠭ᠎ᠠ ᠭᠠᠵᠠᠷ᠎ᠤᠨ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠭᠠᠯ ᠰᠡᠷᠭᠡᠢ᠌ᠯᠡᠨ ᠤᠨᠲᠠᠷᠠᠭ᠋ᠠᠬᠤ ᠠᠪᠤᠷᠠᠨ ᠲᠤᠰᠠᠯᠠᠬᠤ ᠪᠠᠢ᠌ᠭᠤᠯᠤᠮᠵᠢ᠎ᠳᠤ ᠭᠠᠯ ᠰᠡᠷᠭᠡᠢ᠌ᠯᠡᠨ ᠤᠨᠲᠠᠷᠠᠭ᠋ᠠᠬᠤ ᠠᠶᠤᠯ ᠦᠭᠡᠢ ᠵᠢᠨ ᠪᠠᠢ᠌ᠴᠠᠭ᠋ᠠᠯᠲᠠ ᠬᠢᠯᠭᠡᠬᠦ᠎ᠪᠠᠷ ᠭᠤᠶᠤᠴᠢᠯᠠᠬᠤ ᠬᠡᠷᠡᠭᠲᠡᠢ  ᠃ ᠵᠤᠭ᠎ᠠ ᠴᠡᠩᠭᠡᠯ᠎ᠤᠨ ᠭᠠᠵᠠᠷ ᠵᠡᠷᠭᠡ ᠣᠯᠠᠨ ᠨᠡᠢ᠌ᠲᠡ ᠵᠢᠨ ᠴᠤᠭᠯᠠᠷᠠᠬᠤ ᠭᠠᠵᠠᠷ ᠲᠠᠯᠠᠪᠤᠷ᠎ᠨᠢ ᠭᠠᠯ ᠤᠨᠲᠠᠷᠠᠭ᠋ᠠᠵᠤ ᠠᠪᠤᠷᠠᠨ ᠲᠤᠰᠠᠯᠠᠬᠤ ᠪᠠᠢ᠌ᠭᠤᠯᠤᠮᠵᠢ ᠵᠢᠨ ᠵᠥᠪᠰᠢᠶᠡᠷᠡᠯ᠎ᠢ ᠣᠯᠤᠭ᠋ᠠᠳᠤᠶ ᠪᠣᠯ ᠠᠰᠢᠭᠯᠠᠯᠲᠠ᠎ᠳᠤ ᠣᠷᠣᠭᠤᠯᠤᠨ ᠬᠡᠷᠡᠭᠯᠡᠵᠦ᠂ ᠡᠵᠡᠩᠨᠡᠵᠦ ᠪᠣᠯᠬᠤ ᠦᠭᠡᠶ  ᠃ ᠡᠭᠦᠨ᠎ᠤ ᠬᠠᠮᠲᠤ᠂ ᠣᠯᠠᠨ ᠨᠡᠢ᠌ᠲᠡ ᠵᠢᠨ ᠴᠤᠭᠯᠠᠷᠠᠬᠤ ᠭᠠᠵᠠᠷ ᠲᠠᠯᠠᠪᠤᠷ᠎ᠨᠢ ᠭᠠᠯ ᠤᠨᠲᠠᠷᠠᠭ᠋ᠠᠵᠤ ᠠᠪᠤᠷᠠᠨ ᠲᠤᠰᠠᠯᠠᠬᠤ ᠪᠠᠢ᠌ᠭᠤᠯᠤᠮᠵᠢ ᠵᠢᠨ ᠵᠥᠪᠰᠢᠶᠡᠷᠡᠯ ᠦᠭᠡᠶ᠎ᠪᠠᠷ ᠳᠤᠷ᠎ᠠ᠎ᠪᠠᠷ ᠵᠶ᠋ᠠᠨ ᠬᠡᠷᠡᠭᠯᠡᠯᠲᠡ᠂ ᠡᠵᠡᠩᠨᠡᠯᠲᠡ᠎ᠳᠤ ᠣᠷᠣᠭᠤᠯᠤᠭᠰᠠᠨ ᠪᠣᠯ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠭᠠᠯ ᠤᠨᠲᠠᠷᠠᠭ᠋ᠠᠵᠤ ᠠᠪᠤᠷᠠᠨ ᠲᠤᠰᠠᠯᠠᠬᠤ ᠪᠠᠢ᠌ᠭᠤᠯᠤᠮᠵᠢ ᠲᠤᠰ ᠲᠤᠰ᠎ᠤᠨ ᠡᠷᠬᠡ ᠲᠤᠰᠢᠶᠠᠯ᠎ᠤᠨ ᠵᠶ᠋ᠠᠨ ᠶᠣᠰᠣᠭ᠋ᠠᠷ ᠪᠠᠷᠢᠯᠭ᠎ᠠ ᠪᠠᠷᠢᠬᠤ ᠵᠢ᠎ᠨᠢ ᠵᠠᠷᠯᠢᠭᠳᠠᠨ ᠵᠣᠭᠰᠣᠭ᠋ᠠᠵᠤ᠂ ᠬᠡᠷᠡᠭᠯᠡᠬᠦ ᠵᠢ᠎ᠨᠢ ᠵᠣᠭᠰᠣᠭ᠋ᠠᠬᠤ ᠪᠤᠶᠤ ᠦᠢ᠍ᠯᠡᠳᠪᠦᠷᠢᠯᠡᠯ ᠠᠵᠢᠯ᠎ᠢ᠎ᠨᠢ ᠵᠣᠭᠰᠣᠭ᠋ᠠᠬᠤ ᠵᠢᠨ ᠬᠠᠮᠲᠤ ᠭᠤᠷᠪᠠᠨ ᠲᠦᠮᠡᠨ ᠲᠥᠭᠥᠷᠢᠭ᠎ᠠᠴᠠ ᠳᠡᠭᠡᠭᠰᠢ ᠭᠤᠴᠢᠨ ᠲᠦᠮᠡᠨ ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠨ᠎ᠠ  ᠃ ᠭᠠᠯ ᠤᠨᠲᠠᠷᠠᠭ᠋ᠠᠬᠤ ᠥᠭᠡᠷᠡᠴᠢᠯᠡᠯᠲᠡ ᠵᠢᠨ ᠬᠡᠷᠡᠭᠴᠡᠭᠡ᠎ᠳᠤ ᠵᠣᠬᠢᠴᠠᠭᠤᠯᠬᠤ ᠵᠢᠨ ᠬᠠᠮᠲᠤ 《  ᠵᠤᠭ᠎ᠠ ᠴᠡᠩᠭᠡᠯ᠎ᠤᠨ ᠭᠠᠵᠠᠷ᠎ᠤᠨ ᠬᠠᠮᠢᠶᠠᠷᠤᠯᠲᠠ ᠵᠢᠨ ᠳᠦᠷᠢᠮ》᠎ᠲᠠᠢ ᠨᠢᠭᠡᠳᠦᠯᠲᠡᠶ ᠪᠠᠢ᠌ᠯᠭ᠋ᠠᠬᠤ ᠵᠢᠨ ᠲᠤᠰᠠᠳᠠ᠂ ᠰᠣᠶᠣᠯ ᠪᠠ ᠵᠢᠭᠤᠯᠴᠢᠯᠠᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠵᠤᠭ᠎ᠠ ᠴᠡᠩᠭᠡᠯ᠎ᠤᠨ ᠭᠠᠵᠠᠷ᠎ᠢ ᠬᠢᠨᠠᠨ ᠵᠥᠪᠰᠢᠶᠡᠷᠡᠬᠦ᠎ᠳᠤ ᠭᠠᠯ ᠤᠨᠲᠠᠷᠠᠭ᠋ᠠᠬᠤ ᠵᠥᠪᠰᠢᠶᠡᠷᠡᠯ᠎ᠤᠨ ᠪᠢᠴᠢᠭ ᠮᠠᠲ᠋ᠧᠷᠢᠶᠠᠯ ᠪᠤᠶᠤ ᠳᠠᠩᠰᠠᠯᠠᠭᠤᠯᠤᠭᠰᠠᠨ ᠭᠡᠷᠡᠴᠢ ᠬᠠᠩᠭ᠋ᠠᠬᠤ᠎ᠪᠠᠷ ᠱᠠᠭ᠋ᠠᠷᠳᠠᠬᠤ ᠦᠭᠡᠶ  ᠃
    ᠵᠢᠷᠭᠤᠭ᠎ᠠ᠂ 《ᠠᠷᠭ᠎ᠠ》᠎ᠳᠤ ᠵᠠᠰᠠᠪᠤᠷᠢ ᠣᠷᠣᠭᠤᠯᠤᠭᠰᠠᠨ᠎ᠤ ᠳᠠᠷᠠᠭ᠎ᠠ᠂ ᠳᠤᠷ᠎ᠠ᠎ᠪᠠᠷ ᠵᠶ᠋ᠠᠨ ᠵᠤᠭ᠎ᠠ ᠴᠡᠩᠭᠡᠯ᠎ᠤᠨ ᠭᠠᠵᠠᠷ᠎ᠤᠨ ᠡᠵᠡᠩᠨᠡᠯᠲᠡ ᠵᠢᠨ ᠠᠵᠢᠯᠯᠠᠭ᠎ᠠ ᠬᠢᠬᠦ ᠵᠢ ᠬᠢᠨᠠᠨ ᠬᠠᠮᠢᠶᠠᠷᠬᠤ ᠡᠷᠴᠢᠮ ᠴᠢᠩᠭ᠋ᠠᠷᠠᠭᠰᠠᠨ ᠡᠰᠡᠬᠦ  ?
     《ᠠᠷᠭ᠎ᠠ》 ᠵᠢᠨ ᠬᠣᠷᠢᠨ ᠨᠠᠢᠮᠠᠳᠤᠭ᠋ᠠᠷ ᠵᠦᠢᠯ᠎ᠳᠤ᠂ 《ᠬᠦᠴᠦᠨ ᠥᠬᠡᠶ ᠪᠣᠯᠭ᠋ᠠᠬᠤ》᠎ᠳᠤ ᠵᠠᠷᠯᠢᠭᠳᠠᠵᠤ ᠪᠠᠢ᠌ᠭ᠋ᠠᠳ ᠡᠭᠦᠳᠡ ᠵᠢ᠎ᠨᠢ ᠬᠠᠭ᠋ᠠᠯᠭ᠋ᠠᠬᠤ ᠵᠡᠷᠭᠡ ᠪᠣᠳᠠᠲᠠᠶ ᠠᠷᠭ᠎ᠠ ᠬᠡᠮᠵᠢᠶ᠎ᠡ ᠠᠪᠴᠤ ᠪᠣᠯᠬᠤ ᠵᠢ ᠲᠣᠳᠣᠷᠬᠠᠢ᠌ᠯᠠᠭᠰᠠᠨ᠎ᠤ ᠬᠠᠮᠲᠤ᠂ 《ᠵᠠᠰᠠᠭ ᠵᠠᠬᠢᠷᠭ᠋ᠠᠨ᠎ᠤ   ᠰᠢᠢ᠍ᠳᠬᠡᠯ ᠎ᠤᠨ ᠬᠠᠤᠯᠢ》 ᠵᠢᠨ ᠶᠣᠰᠣᠭ᠋ᠠᠷ ᠦᠨᠡᠮᠯᠡᠯ ᠥᠬᠡᠶ᠎ᠪᠠᠷ ᠡᠵᠡᠩᠨᠡᠭᠡᠳ ᠣᠯᠤᠭᠰᠠᠨ ᠬᠠᠤᠯᠢ᠎ᠠᠴᠠ ᠵᠥᠷᠢᠴᠡᠭᠰᠡᠨ ᠠᠰᠢᠭ ᠣᠯᠵᠠᠪᠤᠷᠢ ᠵᠢ᠎ᠨᠢ ᠬᠣᠷᠢᠶᠠᠨ ᠠᠪᠬᠤ᠎ᠪᠠᠷ ᠲᠣᠳᠣᠷᠬᠠᠶ ᠲᠣᠭᠲᠠᠭ᠋ᠠᠪᠠ  ᠃ ᠨᠢᠭᠡ᠎ᠳᠤ᠂   ᠡᠭᠦᠳᠡ ᠵᠢ᠎ᠨᠢ ᠬᠠᠭ᠋ᠠᠯᠭ᠋ᠠᠬᠤ  ᠎ᠪᠠᠷ ᠵᠠᠷᠯᠢᠭᠳᠠᠬᠤ ᠵᠡᠷᠭᠡ ᠠᠷᠭ᠎ᠠ ᠬᠡᠯᠪᠡᠷᠢ᠎ᠪᠠᠷ ᠴᠠᠭ᠋ᠠᠵᠠᠯᠠᠬᠤ ᠵᠢ ᠲᠣᠳᠣᠷᠬᠠᠢ᠌ᠯᠠᠪᠠ  ᠃ 《ᠵᠤᠭ᠎ᠠ ᠴᠡᠩᠭᠡᠯ᠎ᠤᠨ ᠭᠠᠵᠠᠷ᠎ᠤᠨ ᠬᠠᠮᠢᠶᠠᠷᠤᠯᠲᠠ ᠵᠢᠨ ᠲᠦᠷᠢᠮ》᠎ᠤᠨ ᠳᠥᠴᠢᠨ ᠨᠢᠭᠡᠳᠦᠭᠡᠷ ᠵᠦᠢ᠍ᠯ᠎ᠳᠤ᠄ 《ᠲᠤᠰ ᠲᠦᠷᠢᠮ᠎ᠤᠨ ᠲᠣᠭᠲᠠᠭ᠋ᠠᠯ᠎ᠢ ᠵᠥᠷᠢᠴᠡᠵᠦ᠂ ᠵᠤᠭ᠎ᠠ ᠴᠡᠩᠭᠡᠯ᠎ᠤᠨ ᠭᠠᠵᠠᠷ᠎ᠤᠨ ᠡᠵᠡᠩᠨᠡᠯᠲᠡ ᠵᠢᠨ ᠠᠵᠢᠯᠯᠠᠭ᠎ᠠ ᠵᠢ ᠳᠤᠷ᠎ᠠ᠎ᠪᠠᠷ ᠵᠶ᠋ᠠᠨ ᠬᠢᠭᠰᠡᠨ ᠪᠠᠢ᠌ᠪᠠᠯ᠂ ᠰᠣᠶᠣᠯ᠎ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠬᠠᠤᠯᠢ ᠶᠣᠰᠣᠭ᠋ᠠᠷ ᠴᠠᠭ᠋ᠠᠵᠠᠯᠠᠨ᠎ᠠ》 ᠭᠡᠵᠦ ᠲᠣᠭᠲᠠᠭ᠋ᠠᠵᠠᠢ  ᠃ ᠬᠣᠶᠠᠷ᠎ᠲᠤ᠂ ᠬᠠᠤᠯᠢ ᠵᠢ ᠵᠥᠷᠢᠴᠡᠵᠦ ᠣᠯᠤᠭᠰᠠᠨ ᠣᠯᠵᠠ ᠠᠰᠢᠭ᠎ᠢ᠎ᠨᠢ ᠬᠣᠷᠢᠶᠠᠨ ᠠᠪᠬᠤ ᠠᠷᠭ᠎ᠠ ᠮᠠᠶᠢᠭ ᠵᠶ᠋ᠠᠷ ᠵᠠᠰᠠᠭ ᠵᠠᠬᠢᠷᠭ᠋ᠠᠨ᠎ᠤ   ᠰᠢᠢ᠍ᠳᠬᠡᠯ ᠥᠭᠴᠦ ᠪᠣᠯᠤᠨ᠎ᠠ ᠭᠡᠵᠦ ᠲᠣᠳᠣᠷᠬᠠᠶ ᠲᠣᠭᠲᠠᠭ᠋ᠠᠪᠠ  ᠃ 《ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠬᠠᠤᠯᠢ》 ᠵᠢᠨ ᠬᠣᠷᠢᠨ ᠨᠠᠢ᠍ᠮᠠᠳᠤᠭ᠋ᠠᠷ ᠵᠦᠢ᠍ᠯ᠎ᠤᠨ 《ᠵᠠᠰᠠᠭ ᠵᠠᠬᠢᠷᠭ᠋ᠠᠨ᠎ᠤ ᠪᠠᠢ᠌ᠭᠤᠯᠭ᠎ᠠ ᠵᠠᠰᠠᠭ ᠵᠠᠬᠢᠷᠭ᠋ᠠᠨ᠎ᠤ ᠰᠢᠢ᠍ᠳᠬᠡᠯ᠎ᠢ ᠬᠡᠷᠡᠭᠵᠢᠭᠦᠯᠬᠦ ᠎ᠳᠤ᠎ᠪᠠᠨ ᠲᠤᠬᠠᠢ ᠵᠢᠨ ᠬᠥᠮᠦᠨ᠎ᠢ ᠵᠠᠷᠯᠢᠭᠳᠠᠵᠤ ᠪᠠᠢ᠌ᠭ᠋ᠠᠳ ᠬᠠᠤᠯᠢ ᠵᠢ ᠵᠥᠷᠢᠴᠡᠭᠰᠡᠨ ᠠᠵᠢᠯᠯᠠᠭ᠎ᠠ ᠵᠢ᠎ᠨᠢ ᠵᠠᠯᠠᠷᠠᠭᠤᠯᠤᠭᠤᠯᠬᠤ ᠪᠤᠶᠤ ᠬᠤᠭᠤᠴᠠᠭ᠎ᠠ ᠲᠣᠭᠲᠠᠭ᠋ᠠᠨ ᠵᠠᠯᠠᠷᠠᠭᠤᠯᠤᠭᠤᠯᠬᠤ ᠬᠡᠷᠡᠭᠲᠡᠢ  ᠃ ᠲᠤᠬᠠᠢ ᠵᠢᠨ ᠬᠥᠮᠦᠨ᠎ᠨᠢ ᠬᠠᠤᠯᠢ ᠵᠢ ᠵᠥᠷᠢᠴᠡᠵᠦ ᠣᠯᠤᠭᠰᠠᠨ ᠣᠯᠵᠠ ᠠᠰᠢᠭ᠎ᠲᠠᠢ ᠪᠠᠢ᠌ᠪᠠᠯ᠂ ᠬᠠᠤᠯᠢ ᠶᠣᠰᠣᠭ᠋ᠠᠷ ᠪᠤᠴᠠᠭ᠋ᠠᠵᠤ ᠥᠭᠬᠦ ᠪᠠ ᠲᠦᠯᠦᠬᠦ ᠶᠣᠰᠣᠲᠠᠢ᠎ᠠᠴᠠ ᠪᠤᠰᠤᠳ᠎ᠢ᠎ᠨᠢ ᠬᠤᠷᠢᠶᠠᠨ ᠠᠪᠬᠤ ᠬᠡᠷᠡᠭᠲᠡᠢ》 ᠭᠡᠵᠦ ᠵᠠᠰᠠᠪᠠ  ᠃ ᠭᠤᠷᠪᠠ᠎ᠳᠤ᠂ ᠢᠲᠡᠭᠡᠮᠵᠢ ᠵᠢᠨ ᠵᠠᠯᠬᠠᠭ᠋ᠠᠨ ᠴᠡᠭᠡᠷᠯᠡᠭᠦᠯᠬᠦ ᠠᠷᠭ᠎ᠠ ᠬᠡᠮᠵᠢᠶ᠎ᠡ᠎ᠲᠠᠢ ᠵᠣᠯᠭ᠋ᠠᠭᠤᠯᠵᠤ᠂ 《ᠠᠷᠭ᠎ᠠ》 ᠵᠢᠨ ᠬᠣᠷᠢᠨ ᠨᠠᠢᠮᠠᠳᠤᠭ᠋ᠠᠷ ᠵᠦᠢᠯ  ᠎ᠳᠤ᠎ᠬᠢ《ᠬᠠᠤᠯᠢ ᠶᠣᠰᠣᠭ᠋ᠠᠷ ᠰᠣᠶᠣᠯ᠎ᠤᠨ ᠵᠠᠬ᠎ᠠ ᠳᠡᠯᠭᠡᠭᠦᠷ᠎ᠤᠨ ᠬᠠᠷ᠎ᠠ ᠲᠠᠩᠰᠠ᠎ᠳᠤ ᠣᠷᠣᠭᠤᠯᠬᠤ》 ᠵᠢ 《ᠬᠦᠨᠳᠦ ᠨᠣᠴᠢᠲᠠᠶ ᠢᠲᠡᠭᠡᠮᠵᠢ ᠠᠯᠳᠠᠭᠰᠠᠨ ᠭᠣᠤᠯ ᠴᠣᠭᠴᠠ ᠵᠢᠨ ᠪᠠᠢ᠌ᠳᠠᠯ᠎ᠳᠤ ᠨᠡᠢ᠌ᠴᠡᠪᠡᠯ ᠬᠣᠯᠪᠣᠭᠳᠠᠯ ᠪᠥᠬᠥᠶ ᠲᠣᠭᠲᠠᠭ᠋ᠠᠯ ᠶᠣᠰᠣᠭ᠋ᠠᠷ ᠮᠠᠭ᠋ᠠᠳᠯᠠᠨ ᠲᠣᠭᠲᠠᠭ᠋ᠠᠬᠤ ᠵᠢᠨ ᠬᠠᠮᠲᠤ ᠵᠣᠬᠢᠬᠤ ᠢᠲᠡᠭᠡᠮᠵᠢ ᠵᠢᠨ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠵᠢ ᠬᠡᠷᠡᠭᠵᠢᠭᠦᠯᠦᠨ᠎ᠡ》 ᠭᠡᠵᠦ ᠵᠠᠰᠠᠪᠠ  ᠃

ᠢᠷᠡᠯᠲᠡ᠄ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠵᠠᠰᠠᠭ᠎ᠤᠨ ᠣᠷᠳᠣᠨ᠎ᠤ ᠫᠤᠷᠲᠸᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠄ ᠲᠤᠮᠲᠠᠲᠤ ᠵᠢᠨ ᠪᠤᠯᠪᠠᠰᠤᠨ ᠪᠤᠯᠢ ᠦᠨᠲᠦᠰᠦᠲᠡᠨ᠎ᠨᠦᠭᠦᠳ᠎ᠤᠨ ᠰᠢᠯᠢᠳᠡᠭ ᠰᠤᠶᠤᠯ ᠵᠶ᠋ᠠᠷ ᠨᠡᠢ᠌ᠯᠡᠨ ᠪᠦᠷᠢᠯᠲᠦᠭᠰᠡᠨ ᠶᠤᠮ
ᠰᠢ ᠵᠢᠨ ᠫᠢᠩ ᠪᠦᠬᠦ ᠪᠦᠮᠪᠦᠷᠴᠡᠭ᠎ᠤᠨ ᠴᠢᠬᠤᠯᠠ ᠬᠦᠳᠡᠭᠡ ᠠᠵᠤ ᠠᠬᠤᠢ ᠵᠢᠨ ᠰᠣᠶᠣᠯ᠎ᠤᠨ ᠦᠪ᠎ᠤᠨ ᠶᠡᠬᠡ ᠬᠤᠷᠠᠯ᠎ᠳᠤ ᠪᠠᠶᠠᠷ᠎ᠤᠨ ᠵᠠᠬᠢᠳᠠᠯ ᠢᠯᠡᠭᠡᠪᠡ
ᠦᠰᠦᠭ ᠪᠢᠴᠢᠭ ᠵᠶ᠋ᠠᠷ ᠥᠭᠦᠯᠡᠬᠦᠢ᠄ 《ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠪᠠᠷᠢᠮᠵᠢᠶᠠᠵᠢᠭᠤᠯᠬᠤ ᠵᠢᠷᠤᠮᠵᠢᠭᠤᠯᠬᠤ ᠳᠥᠭᠦᠮᠴᠢᠯᠡᠬᠦ ᠵᠢ ᠲᠦᠷᠭᠡᠳᠬᠡᠨ ᠠᠬᠢᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠡᠷᠡᠭᠵᠢᠭᠦᠯᠬᠦ ᠰᠠᠨᠠᠯ》᠎ᠤᠨ ᠲᠠᠶ᠋ᠢᠯᠤᠮᠵᠢ
ᠰᠣᠶᠣᠯ ᠪᠠ ᠵᠢᠭᠤᠯᠴᠢᠯᠠᠯ᠎ᠤᠨ ᠶᠠᠮᠤᠨ 《ᠮᠡᠳᠡᠭᠳᠡᠯ》 ᠳᠠᠷᠤᠮᠠᠯᠯᠠᠨ ᠲᠠᠷᠬᠠᠭ᠋ᠠᠵᠤ ᠰᠣᠶᠣᠯ ᠤᠷᠠᠯᠢᠭ᠎ᠤᠨ ᠲᠥᠷᠥᠯ᠎ᠤᠨ ᠰᠤᠷᠭ᠋ᠠᠭᠤᠯᠢ ᠵᠢᠨ ᠭᠠᠳᠠᠨᠠᠬᠢ ᠪᠤᠯᠪᠠᠰᠤᠷᠠᠯ᠎ᠤᠨ ᠬᠠᠮᠢᠶᠠᠷᠤᠯᠲᠠ ᠵᠢᠨ ᠬᠠᠮᠢᠶ᠎ᠠ ᠪᠦᠬᠦᠢ ᠠᠵᠢᠯ᠎ᠢ ᠰᠠᠢ᠌ᠲᠤᠷ ᠬᠢᠬᠦ ᠬᠡᠷᠡᠭᠲᠡᠢ ᠭᠡᠵᠦ ᠱᠠᠭ᠋ᠠᠷᠳᠠᠪᠠ
《ᠤᠯᠠᠮᠵᠢᠯᠠᠯᠲᠤ ᠭᠠᠷ ᠤᠷᠠᠯᠠᠯ᠎ᠢ ᠴᠢᠨᠠᠷ ᠰᠠᠢ᠌ᠲᠠᠢ ᠤᠯᠠᠮᠵᠢᠯᠠᠨ ᠬᠥᠭᠵᠢᠭᠦᠯᠬᠦ ᠵᠢ ᠠᠬᠢᠭᠤᠯᠬᠤ ᠲᠤᠬᠠᠢ ᠮᠡᠳᠡᠭᠳᠡᠯ》᠎ᠤᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
 
            