ᠨᠢᠭᠡ᠂ 《ᠥᠪᠥᠷ ᠮᠣᠩᠭᠣᠯ᠎ᠤᠨ ᠤᠯᠤᠰ᠎ᠤᠨ ᠥᠮᠴᠢᠯᠡᠯᠲᠦ ᠪᠤᠰᠤ ᠮᠦᠽᠧᠢ ᠵᠢᠨ ᠬᠠᠮᠢᠶᠠᠷᠤᠯᠲᠠ ᠵᠢᠨ ᠠᠷᠭ᠎ᠠ》 (ᠲᠤᠷᠰᠢᠨ ᠬᠡᠷᠡᠭᠵᠢᠭᠦᠯᠬᠦ) ᠵᠢ ᠲᠣᠭᠲᠠᠭ᠋ᠠᠭᠰᠠᠨ ᠵᠣᠷᠢᠯᠭ᠎ᠠ᠎ᠨᠢ ᠶᠠᠭᠤ ᠪᠣᠶ?
ᠣᠳᠣᠬᠠᠨ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠠᠩᠰᠠᠯᠠᠭᠤᠯᠤᠨ ᠪᠦᠷᠢᠳᠬᠡᠭᠦᠯᠦᠭᠰᠡᠨ ᠤᠯᠤᠰ᠎ᠤᠨ ᠥᠮᠴᠢᠯᠡᠯᠲᠦ ᠪᠤᠰᠤ ᠮᠦᠽᠧᠢ 40 ᠪᠠᠢ᠌ᠵᠤ᠂ ᠪᠥᠬᠥ ᠣᠷᠣᠨ᠎ᠤ ᠳᠠᠩᠰᠠᠯᠠᠭᠤᠯᠤᠭᠰᠠᠨ ᠮᠦᠽᠧᠢ ᠵᠢᠨ ᠶᠡᠷᠦᠩᠬᠡᠢ ᠲᠣᠭ᠋ᠠᠨ᠎ᠤ ᠳᠥᠷᠪᠡᠨ᠎ᠤ ᠨᠢᠭᠡ᠎ᠠᠴᠠ ᠳᠠᠪᠠᠵᠠᠢ᠃ ᠤᠯᠤᠰ᠎ᠤᠨ ᠥᠮᠴᠢᠯᠡᠯᠲᠦ ᠪᠤᠰᠤ ᠮᠦᠽᠧᠢ ᠲᠦᠷᠭᠡᠨ ᠬᠥᠭᠵᠢᠵᠦ᠂ ᠪᠥᠬᠥ ᠣᠷᠣᠨ᠎ᠤ ᠮᠦᠽᠧᠢ ᠵᠢᠨ ᠰᠢᠰᠲᠸᠮ᠎ᠳᠤ ᠠᠮᠢᠳᠤ ᠬᠦᠴᠦᠨ ᠠᠪᠴᠢᠷᠠᠬᠤ ᠵᠢᠨ ᠬᠠᠮᠲᠤ ᠪᠠᠰᠠ ᠮᠠᠰᠢ ᠣᠯᠠᠨ ᠠᠰᠠᠭᠤᠳᠠᠯ ᠣᠷᠣᠰᠢᠵᠤ᠂ ᠵᠢᠷᠤᠮᠵᠢᠭᠤᠯᠤᠨ ᠬᠠᠮᠢᠶᠠᠷᠬᠤ ᠵᠢ ᠲᠤᠯᠭ᠋ᠠᠮ᠎ᠠ ᠱᠠᠭ᠋ᠠᠷᠳᠠᠵᠤ ᠪᠠᠢ᠌ᠨ᠎ᠠ᠃ 《ᠥᠪᠥᠷ ᠮᠣᠩᠭᠣᠯ᠎ᠤᠨ ᠤᠯᠤᠰ᠎ᠤᠨ ᠥᠮᠴᠢᠯᠡᠯᠲᠦ ᠪᠤᠰᠤ ᠮᠦᠽᠧᠢ ᠵᠢᠨ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 (ᠳᠣᠷᠣᠭᠰᠢ 《ᠠᠷᠭ᠎ᠠ》 ᠭᠡᠵᠦ ᠲᠣᠪᠴᠢᠯᠠᠨ᠎ᠠ) ᠵᠢ ᠨᠡᠢ᠌ᠲᠡᠯᠡᠬᠦ᠎ᠪᠠᠷ ᠳᠠᠮᠵᠢᠭᠤᠯᠤᠨ ᠦᠢ᠍ᠯᠡᠴᠢᠯᠡᠭᠡ ᠪᠠ ᠬᠠᠮᠢᠶᠠᠷᠤᠯᠲᠠ ᠵᠢ ᠴᠢᠩᠭ᠋ᠠᠷᠠᠭᠤᠯᠬᠤ ᠪᠣᠯ ᠪᠥᠬᠥ ᠣᠷᠣᠨ᠎ᠤ ᠤᠯᠤᠰ᠎ᠤᠨ ᠥᠮᠴᠢᠯᠡᠯᠲᠦ ᠪᠤᠰᠤ ᠮᠦᠽᠧᠢ ᠵᠢᠨ ᠦᠷᠭᠦᠯᠵᠢᠯᠡᠨ ᠬᠥᠭᠵᠢᠬᠦ ᠵᠢ ᠲᠦᠯᠬᠢᠨ ᠠᠬᠢᠭᠤᠯᠬᠤ ᠪᠣᠳᠠᠲᠤ ᠬᠡᠷᠡᠭᠴᠡᠭᠡ ᠪᠣᠯᠬᠤ ᠪᠥᠭᠡᠳ ᠪᠠᠰᠠ ᠴᠤ᠌ ᠪᠥᠬᠥ ᠣᠷᠣᠨ᠎ᠤ ᠮᠦᠽᠧᠢ ᠵᠢᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠲᠦᠯᠬᠢᠨ ᠠᠬᠢᠭᠤᠯᠬᠤ ᠴᠢᠬᠤᠯᠠ ᠠᠷᠭ᠎ᠠ ᠪᠠᠷᠢᠯ ᠪᠣᠯᠣᠨ᠎ᠠ᠃
ᠬᠣᠶᠠᠷ᠂ 《ᠠᠷᠭ᠎ᠠ》 ᠵᠢ ᠲᠣᠭᠲᠠᠭ᠋ᠠᠭᠰᠠᠨ ᠶᠠᠪᠤᠴᠠ᠎ᠨᠢ ᠶᠠᠭᠤ ᠪᠤᠢ?
ᠪᠦᠬᠦ ᠣᠷᠣᠨ᠎ᠤ ᠤᠯᠤᠰ᠎ᠤᠨ ᠥᠮᠴᠢᠯᠡᠯᠲᠦ ᠪᠤᠰᠤ ᠮᠦᠽᠧᠢ ᠵᠢᠨ ᠡᠷᠡᠭᠦᠯ ᠵᠶ᠋ᠠᠷ ᠦᠷᠬᠦᠯᠵᠢᠯᠡᠨ ᠬᠥᠭᠵᠢᠬᠦ ᠵᠢ ᠠᠬᠢᠭᠤᠯᠬᠤ ᠵᠢᠨ ᠲᠥᠯᠥᠭᠡ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯ᠎ᠤᠨ ᠲᠣᠪᠴᠢᠶ᠎ᠠ ᠤᠯᠤᠰ᠎ᠤᠨ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠦᠨᠳᠦᠰᠦᠯᠡᠵᠦ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯ᠎ᠤᠨ ᠲᠣᠪᠴᠢᠶ᠎ᠠ᠂ ᠬᠠᠮᠢᠶ᠎ᠠ ᠪᠦᠬᠦᠢ ᠶᠠᠮᠤᠨ ᠬᠤᠷᠢᠶᠠᠨ᠎ᠤ ᠨᠡᠢ᠌ᠲᠡᠯᠡᠭᠰᠡᠨ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ ᠢ ᠪᠦᠬᠦ ᠣᠷᠣᠨ᠎ᠤ ᠤᠯᠤᠰ᠎ᠤᠨ ᠥᠮᠴᠢᠯᠡᠯᠲᠦ ᠪᠤᠰᠤ ᠮᠦᠽᠧᠢ ᠵᠢᠨ ᠬᠠᠮᠢᠶᠠᠷᠤᠯᠲᠠ ᠵᠢᠨ ᠠᠵᠢᠯ᠎ᠤᠨ ᠪᠣᠳᠠᠲᠤ ᠪᠠᠢ᠌ᠳᠠᠯ᠎ᠲᠠᠢ ᠤᠶᠠᠯᠳᠤᠭᠤᠯᠤᠨ 《ᠠᠷᠭ᠎ᠠ》 ᠵᠢ ᠲᠤᠭᠤᠷᠪᠢᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠂ ᠬᠠᠤᠯᠢ ᠴᠠᠭ᠋ᠠᠵᠠ᠂ ᠡᠳ᠋᠎ᠤᠨ ᠵᠠᠰᠠᠭ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ᠂ ᠡᠯ᠎ᠡ ᠠᠢ᠌ᠮᠠᠭ ᠬᠣᠲᠠ ᠵᠢᠨ ᠰᠣᠶᠣᠯ ᠵᠢᠭᠤᠯᠴᠢᠯᠠᠯ᠎ᠤᠨ ᠲᠣᠪᠴᠢᠶ᠎ᠠ᠂ ᠥᠪᠥᠷ ᠮᠣᠩᠭᠣᠯ᠎ᠤᠨ ᠮᠦᠽᠧᠢ ᠵᠢᠴᠢ ᠬᠡᠰᠡᠭ ᠤᠯᠤᠰ᠎ᠤᠨ ᠥᠮᠴᠢᠯᠡᠯᠲᠦ ᠪᠤᠰᠤ ᠮᠦᠽᠧᠢ ᠵᠡᠷᠭᠡ ᠬᠠᠮᠢᠶ᠎ᠠ ᠪᠦᠬᠦᠢ ᠨᠢᠭᠡᠴᠢ᠎ᠠᠴᠠ ᠰᠠᠨᠠᠯ ᠬᠤᠷᠢᠶᠠᠭᠰᠠᠨ ᠪᠥᠭᠡᠳ ᠰᠦᠯᠵᠢᠶᠡᠨ ᠳᠡᠭᠡᠷ᠎ᠡ ᠢᠯᠡ᠎ᠪᠠᠷ ᠰᠠᠨᠠᠯ ᠬᠤᠷᠢᠶᠠᠪᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ ᠡᠯ᠎ᠡ ᠲᠠᠯ᠎ᠠ ᠵᠢᠨ ᠵᠠᠰᠠᠪᠤᠷᠢ ᠣᠷᠣᠭᠤᠯᠬᠤ ᠰᠠᠨᠠᠯ ᠪᠠ ᠰᠠᠨᠠᠭᠤᠯᠭ᠎ᠠ ᠵᠢ ᠶᠡᠷᠦᠩᠬᠡᠢ᠌ᠯᠡᠵᠦ 《ᠠᠷᠭ᠎ᠠ》᠎ᠳᠤ ᠵᠠᠰᠠᠪᠤᠷᠢ ᠣᠷᠣᠭᠤᠯᠪᠠ᠃ ᠡᠭᠦᠨ᠎ᠤ ᠬᠠᠮᠲᠤ 《ᠠᠷᠭ᠎ᠠ》᠎ᠳᠤ ᠲᠤᠰᠬᠠᠢ ᠮᠡᠷᠭᠡᠵᠢᠯᠲᠡᠨ᠎ᠤ ᠨᠤᠲᠠᠯᠠᠯᠲᠠ᠂ ᠠᠶᠤᠯ ᠲᠦᠭᠰᠢᠭᠦᠷᠢ ᠵᠢᠨ ᠦᠨᠡᠯᠡᠯᠲᠡ᠂ ᠬᠠᠤᠯᠢ ᠶᠣᠰᠣᠴᠢ ᠴᠢᠨᠠᠷ᠎ᠤᠨ ᠬᠢᠨᠠᠨ ᠬᠠᠷᠭᠤᠭᠤᠯᠤᠯᠲᠠ ᠵᠢᠴᠢ ᠭᠣᠥᠯᠴᠢ ᠥᠷᠢᠰᠦᠯᠳᠦᠭᠡᠨ᠎ᠤ ᠬᠢᠨᠠᠨ ᠪᠠᠢ᠌ᠴᠠᠭ᠋ᠠᠯᠲᠠ ᠬᠢᠵᠦ᠂ ᠲᠤᠪᠴᠢᠶᠠᠨ᠎ᠤ ᠶᠠᠪᠤᠳᠠᠯ᠎ᠤᠨ ᠬᠤᠷᠠᠯ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ᠎ᠳᠤ ᠮᠡᠳᠡᠭᠦᠯᠦᠨ ᠰᠤᠳᠤᠯᠤᠨ ᠬᠢᠨᠠᠨ ᠶᠠᠷᠢᠯᠴᠠᠭᠤᠯᠤᠭ᠋ᠠᠳ ᠡᠴᠦᠰ ᠲᠤ᠎ᠪᠠᠨ 《ᠠᠷᠭ᠎ᠠ》 ᠵᠢ ᠪᠣᠶ ᠪᠣᠯᠭ᠋ᠠᠪᠠ᠃
ᠭᠤᠷᠪᠠ᠂ 《ᠠᠷᠭ᠎ᠠ》 ᠵᠢᠨ ᠭᠣᠣᠯ ᠠᠭᠤᠯᠭ᠎ᠠ᠎ᠨᠢ ᠶᠠᠭᠤ ᠶᠠᠭᠤ ᠪᠤᠢ?
《ᠠᠷᠭ᠎ᠠ》᠎ᠨᠢ ᠨᠡᠶ᠋ᠢᠲᠡ 6 ᠪᠦᠯᠦᠭ 45 ᠵᠦᠢ᠍ᠯ᠎ᠲᠠᠢ᠃ ᠡᠯ᠎ᠡ ᠪᠦᠯᠦᠭ ᠬᠡᠰᠡᠭ᠎ᠤᠨ ᠠᠭᠤᠯᠭ᠎ᠠ᠎ᠨᠢ ᠳᠣᠣᠷᠠᠬᠢ ᠮᠡᠲᠦ᠄
ᠨᠢᠭᠡᠳᠦᠭᠡᠷ ᠪᠦᠯᠦᠭ᠄ ᠶᠡᠷᠦᠩᠬᠡᠢ ᠳᠦᠷᠢᠮ (1 — 7 ᠳ᠋ᠤᠭ᠋ᠠᠷ ᠵᠦᠢ᠍ᠯ)᠂ ᠨᠡᠶ᠋ᠢᠲᠡ 7 ᠵᠦᠢ᠍ᠯ ᠪᠠᠢ᠌ᠵᠤ᠂ ᠲᠣᠰ ᠠᠷᠭ᠎ᠠ᠎ᠳᠤ ᠲᠣᠭᠲᠠᠭ᠋ᠠᠭᠰᠠᠨ ᠬᠠᠤᠯᠢ ᠲᠣᠭᠲᠠᠭ᠋ᠠᠬᠤ ᠦᠨᠳᠦᠰᠦᠯᠡᠯ᠎ᠢ ᠲᠣᠳᠣᠷᠬᠠᠢ᠌ᠯᠠᠵᠤ ᠬᠡᠷᠡᠭᠯᠡᠬᠦ ᠬᠡᠪᠴᠢᠶ᠎ᠡ᠂ ᠲᠣᠮᠢᠶᠠᠯᠠᠯ᠎ᠤᠨ ᠠᠢ᠂ ᠬᠥᠭᠵᠢᠯᠲᠡ ᠵᠢᠨ ᠤᠳᠤᠷᠢᠳᠤᠮᠵᠢ ᠵᠡᠷᠭᠡ ᠠᠭᠤᠯᠭ᠎ᠠ ᠵᠢ ᠲᠣᠳᠣᠷᠬᠠᠢ᠌ᠯᠠᠪᠠ᠃
ᠬᠣᠶᠠᠳᠤᠭ᠋ᠠᠷ ᠪᠦᠯᠦᠭ᠄ ᠪᠠᠶ᠋ᠢᠭᠤᠯᠬᠤ᠂ ᠬᠤᠪᠢᠷᠠᠭᠤᠯᠬᠤ ᠪᠠ ᠡᠴᠦᠰᠯᠡᠬᠦᠯᠬᠦ (8 - 14 ᠳ᠋ᠤᠭᠡᠷ ᠵᠦᠢ᠍ᠯ)᠂ ᠨᠡᠶ᠋ᠢᠲᠡ 7 ᠵᠤᠷᠪᠤᠰ᠎ᠲᠠᠢ᠂ ᠤᠯᠤᠰ᠎ᠤᠨ ᠥᠮᠴᠢᠯᠡᠯᠲᠦ ᠮᠦᠽᠧᠢ ᠵᠢ ᠪᠠᠶ᠋ᠢᠭᠤᠯᠬᠤ ᠨᠥᠬᠥᠴᠡᠯ᠂ ᠬᠠᠮᠢᠶᠠᠷᠤᠯᠲᠠ ᠵᠢᠨ ᠳᠦᠷᠢᠮ᠂ ᠨᠡᠷᠡᠢ᠌ᠳᠦᠯ᠎ᠤᠨ ᠲᠣᠭᠲᠠᠭ᠋ᠠᠯ᠂ ᠭᠤᠶᠤᠴᠢᠯᠠᠬᠤ ᠮᠠᠲ᠋ᠧᠷᠢᠶᠠᠯ᠂ ᠡᠴᠦᠰᠯᠡᠬᠦᠯᠬᠦ ᠨᠥᠬᠥᠴᠡᠯ ᠵᠡᠷᠭᠡ ᠠᠭᠤᠯᠭ᠎ᠠ ᠵᠢ ᠲᠣᠭᠲᠠᠭ᠋ᠠᠵᠤ᠂ ᠤᠯᠤᠰ᠎ᠤᠨ ᠥᠮᠴᠢᠯᠡᠯᠲᠦ ᠪᠤᠰᠤ ᠮᠦᠽᠧᠢ ᠵᠢ ᠪᠠᠶ᠋ᠢᠭᠤᠯᠬᠤ᠂ ᠬᠤᠪᠢᠷᠠᠭᠤᠯᠬᠤ ᠪᠠ ᠳᠠᠩᠰᠠᠯᠠᠭᠤᠯᠬᠤ ᠵᠢ ᠡᠴᠦᠰᠯᠡᠬᠦᠯᠬᠦ ᠱᠠᠭ᠋ᠠᠷᠳᠠᠯᠭ᠎ᠠ ᠵᠢᠴᠢ ᠭᠦᠢ᠍ᠴᠡᠳᠬᠡᠬᠦ ᠵᠢᠷᠤᠮ᠎ᠢ ᠲᠣᠳᠣᠷᠬᠠᠢ᠌ᠯᠠᠭᠰᠠᠨ᠎ᠤ ᠬᠠᠮᠲᠤ ᠬᠠᠳᠠᠭ᠋ᠠᠯᠠᠵᠤ ᠪᠠᠢ᠌ᠭ᠎ᠠ ᠡᠳ᠋᠎ᠨᠢ ᠡᠷᠲᠡᠨ᠎ᠤ ᠠᠮᠢᠳᠤ ᠪᠣᠳᠠᠰ᠎ᠤᠨ ᠴᠢᠯᠠᠭᠤᠵᠢᠮᠠᠯ᠎ᠳᠤ ᠲᠣᠭ᠋ᠠᠴᠠᠭᠳᠠᠬᠤ ᠤᠯᠤᠰ᠎ᠤᠨ ᠥᠮᠴᠢᠯᠡᠯᠲᠦ ᠪᠤᠰᠤ ᠮᠦᠽᠧᠢ ᠵᠡᠷᠭᠡ ᠣᠨᠴᠠᠭ᠋ᠠᠶ ᠪᠠᠢ᠌ᠳᠠᠯ᠎ᠳᠤ ᠲᠣᠭᠲᠠᠭ᠋ᠠᠯ ᠭᠠᠷᠭ᠋ᠠᠵᠠᠢ᠃
ᠭᠤᠷᠪᠠᠳᠤᠭ᠋ᠠᠷ ᠪᠦᠯᠦᠭ᠄ ᠬᠢᠨᠠᠯᠲᠠ ᠬᠠᠮᠢᠶᠠᠷᠤᠯᠲᠠ (15 — 32 ᠳ᠋ᠤᠭ᠋ᠠᠷ ᠵᠦᠢ᠍ᠯ)᠂ ᠨᠡᠶ᠋ᠢᠲᠡ 18 ᠵᠦᠢ᠍ᠯ᠎ᠲᠠᠢ᠂ ᠮᠦᠽᠧᠢ ᠵᠢᠨ ᠭᠠᠳᠠᠭ᠋ᠠᠳᠤ ᠨᠡᠭᠡᠭᠡᠯᠲᠡ᠂ ᠦᠵᠡᠰᠬᠦᠯᠡᠩ᠎ᠤᠨ ᠳᠠᠩᠰᠠᠯᠠᠯᠲᠠ᠂ ᠬᠠᠳᠠᠭ᠋ᠠᠯᠠᠮᠵᠢ ᠵᠢᠨ ᠡᠳ᠋᠎ᠤᠨ ᠬᠠᠮᠢᠶᠠᠷᠤᠯᠲᠠ ᠵᠡᠷᠭᠡ ᠲᠠᠯ᠎ᠠ᠎ᠪᠠᠷ ᠤᠯᠤᠰ᠎ᠤᠨ ᠥᠮᠴᠢᠯᠡᠯᠲᠦ ᠪᠤᠰᠤ ᠮᠦᠽᠧᠢ ᠵᠢᠨ ᠬᠠᠮᠢᠶᠠᠷᠤᠯᠲᠠ ᠵᠢᠨ ᠦᠨᠳᠦᠰᠦᠨ ᠱᠠᠭ᠋ᠠᠷᠳᠠᠯᠭ᠎ᠠ ᠪᠠ ᠵᠢᠷᠤᠮᠵᠢᠯ᠎ᠢ ᠲᠣᠳᠣᠷᠬᠠᠢ᠌ᠯᠠᠪᠠ᠃
ᠳᠥᠷᠪᠡᠳᠦᠭᠡᠷ ᠪᠦᠯᠦᠭ᠄ ᠲᠥᠷᠥ ᠵᠢᠨ ᠪᠣᠳᠣᠯᠭ᠎ᠠ ᠵᠢᠨ ᠳᠡᠮᠵᠢᠯᠭᠡ (33 — 37 ᠳ᠋ᠤᠭ᠋ᠠᠷ ᠵᠦᠢ᠍ᠯ)᠂ ᠨᠡᠶ᠋ᠢᠲᠡ 5 ᠵᠦᠢ᠍ᠯ᠎ᠲᠠᠢ᠂ ᠭᠡᠷ ᠪᠠᠢ᠌ᠰᠢᠩ᠎ᠤᠨ ᠪᠦᠲᠦᠭᠡᠨ ᠪᠠᠢ᠌ᠭᠤᠯᠤᠯᠲᠠ᠂ ᠭᠠᠢ᠌ᠯᠢ ᠲᠠᠲᠠᠪᠤᠷᠢ ᠵᠢᠨ ᠳᠡᠮᠵᠢᠯᠭᠡ᠂ ᠬᠤᠷᠰᠢᠨ ᠬᠠᠪᠰᠤᠷᠤᠨ ᠲᠡᠳᠬᠦᠬᠦ ᠵᠡᠷᠭᠡ ᠲᠠᠯ᠎ᠠ᠎ᠪᠠᠷ ᠵᠠᠰᠠᠭ᠎ᠤᠨ ᠣᠷᠳᠣᠨ ᠵᠢᠴᠢ ᠲᠡᠭᠦᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ ᠤᠨ ᠤᠯᠤᠰ᠎ᠤᠨ ᠥᠮᠴᠢᠯᠡᠯᠲᠦ ᠪᠤᠰᠤ ᠮᠦᠽᠧᠢ ᠵᠢ ᠳᠡᠮᠵᠢᠬᠦ ᠵᠢ ᠲᠣᠳᠣᠷᠬᠠᠢ᠌ᠯᠠᠪᠠ᠃
ᠲᠠᠪᠤᠳᠤᠭ᠋ᠠᠷ ᠪᠦᠯᠦᠭ᠄ ᠱᠠᠩᠨᠠᠬᠤ ᠪᠠ ᠲᠣᠷᠭ᠋ᠠᠬᠤ (38 — 41 ᠳ᠋ᠤᠭᠡᠷ ᠵᠦᠢ᠍ᠯ)᠂ ᠨᠡᠶ᠋ᠢᠲᠡ 4 ᠵᠦᠢ᠍ᠯ᠎ᠲᠠᠢ᠂ ᠤᠯᠤᠰ ᠤᠨ ᠥᠮᠴᠢᠯᠡᠯᠲᠦ ᠪᠤᠰᠤ ᠮᠦᠽᠧᠢ ᠵᠢᠨ ᠱᠠᠩᠨᠠᠯ ᠭᠥᠷᠳᠡᠵᠦ ᠪᠣᠯᠬᠤ ᠪᠠᠢ᠌ᠳᠠᠯ ᠵᠢᠴᠢ ᠲᠣᠷᠭ᠋ᠠᠬᠤ ᠪᠠᠢ᠌ᠳᠠᠯ᠎ᠢ ᠳᠤᠳᠤᠷᠬᠠᠢ᠌ᠯᠠᠪᠠ᠃
ᠵᠢᠷᠭᠤᠳᠤᠭ᠋ᠠᠷ ᠪᠦᠯᠦᠭ᠄ ᠳᠠᠭ᠋ᠠᠯᠳᠤᠭᠤᠯᠤᠭᠰᠠᠨ ᠳᠦᠷᠢᠮ (42 — 45 ᠳ᠋ᠤᠭ᠋ᠠᠷ ᠵᠦᠢ᠍ᠯ)᠂ ᠨᠡᠶ᠋ᠢᠲᠡ 4 ᠵᠦᠢ᠍ᠯ᠎ᠲᠠᠢ᠂ 《ᠠᠷᠭ᠎ᠠ》 ᠵᠢᠨ ᠭᠦᠢ᠍ᠴᠡᠳᠬᠡᠭᠰᠡᠨ ᠦᠭᠡᠢ ᠵᠦᠢ᠍ᠯᠡᠰ᠎ᠲᠤ ᠲᠣᠭᠲᠠᠭ᠋ᠠᠭᠰᠠᠨ ᠪᠠᠢ᠌ᠳᠠᠯ᠂ ᠬᠡᠷᠡᠭᠵᠢᠭᠦᠯᠦᠭᠰᠡᠨ ᠡᠳᠦᠷ ᠬᠤᠭᠤᠴᠠᠭ᠎ᠠ ᠵᠢᠴᠢ ᠲᠠᠢ᠌ᠯᠪᠤᠷᠢᠯᠠᠬᠤ ᠡᠷᠬᠡ᠎ᠪᠠᠷ ᠯᠠᠪᠯᠠᠯᠲᠠ ᠪᠣᠯᠭ᠋ᠠᠵᠤ ᠲᠣᠳᠣᠷᠬᠠᠢ᠌ᠯᠠᠯᠲᠠ ᠬᠢᠪᠡ᠃
ᠳᠥᠷᠪᠡ᠂ ᠮᠦᠽᠧᠢ ᠪᠠᠶ᠋ᠢᠭᠤᠯᠬᠤ᠎ᠳᠤ ᠳᠠᠩᠰᠠᠯᠠᠭᠤᠯᠬᠤ ᠶᠠᠮᠠᠷ ᠶᠠᠮᠠᠷ ᠮᠠᠲ᠋ᠧᠷᠢᠶᠠᠯ ᠬᠡᠷᠡᠭᠰᠡᠬᠦ ᠪᠤᠢ?
(ᠨᠢᠭᠡ) ᠪᠠᠶ᠋ᠢᠭᠤᠯᠬᠤ ᠵᠢ ᠳᠠᠩᠰᠠᠯᠠᠭᠤᠯᠬᠤ ᠭᠤᠶᠤᠴᠢᠯᠠᠯ᠎ᠤᠨ ᠪᠢᠴᠢᠭ
(ᠬᠣᠶᠠᠷ) ᠤᠯᠤᠰ᠎ᠤᠨ ᠥᠮᠴᠢᠯᠡᠯᠲᠦ ᠪᠤᠰᠤ ᠮᠦᠽᠧᠢ ᠵᠢᠨ ᠳᠥᠷᠢᠮ᠎ᠤᠨ ᠲᠥᠰᠥᠯ
(ᠭᠤᠷᠪᠠ) ᠭᠡᠷ ᠪᠠᠢ᠌ᠰᠢᠩ᠎ᠤᠨ ᠥᠮᠴᠢᠯᠡᠬᠦ ᠡᠷᠬᠡ ᠪᠤᠶᠤ ᠬᠡᠷᠡᠭᠯᠡᠬᠦ ᠡᠷᠬᠡ ᠵᠢᠨ ᠭᠡᠷᠡᠴᠢᠯᠡᠯ᠂ ᠳᠡᠯᠭᠡᠨ ᠦᠵᠡᠭᠦᠯᠬᠦ ᠲᠢᠩᠬᠢᠮ (ᠦᠷᠦᠭᠡ) ᠪᠠ ᠬᠠᠳᠠᠭ᠋ᠠᠯᠠᠮᠵᠢ ᠵᠢᠨ ᠡᠳ᠋᠎ᠢ ᠬᠠᠳᠠᠭ᠋ᠠᠯᠠᠨ ᠬᠠᠮᠢᠶᠠᠷᠬᠤ ᠲᠠᠯᠠᠪᠤᠷ᠎ᠤᠨ ᠣᠷᠴᠢᠨ ᠲᠣᠭᠣᠷᠢᠨ᠎ᠤ ᠨᠥᠬᠥᠴᠡᠯ᠎ᠨᠢ ᠬᠠᠳᠠᠭ᠋ᠠᠯᠠᠮᠵᠢ ᠵᠢᠨ ᠡᠳ᠋᠎ᠢ ᠳᠡᠯᠭᠡᠨ ᠦᠵᠡᠭᠦᠯᠬᠦ᠂ ᠬᠠᠮᠠᠭ᠋ᠠᠯᠠᠬᠤ᠂ ᠬᠠᠮᠢᠶᠠᠷᠬᠤ ᠬᠡᠷᠡᠭᠴᠡᠭᠡ᠎ᠳᠤ ᠨᠡᠢ᠌ᠴᠡᠭᠰᠡᠨ ᠨᠤᠲᠠᠯᠠᠯᠲᠠ ᠵᠢᠨ ᠮᠠᠲ᠋ᠧᠷᠢᠶᠠᠯ;
(ᠳᠥᠷᠪᠡ) ᠬᠠᠳᠠᠭ᠋ᠠᠯᠠᠵᠤ ᠪᠠᠢ᠌ᠭ᠎ᠠ ᠡᠳ᠋᠎ᠤᠨ ᠨᠠᠷᠢᠨ ᠲᠡᠡᠭᠰᠠ ᠬᠢᠭᠡᠳ ᠬᠠᠤᠯᠢ ᠶᠣᠰᠣᠨ᠎ᠤ ᠢᠷᠡᠯᠲᠡ ᠵᠢᠨ ᠲᠣᠳᠣᠷᠬᠠᠢ᠌ᠯᠠᠯᠲᠠ᠂ ᠠᠯᠪᠠᠨ ᠭᠡᠷᠡᠴᠢᠯᠡᠭᠡ ᠵᠢᠨ ᠪᠠᠢ᠌ᠭᠤᠯᠭ᠎ᠠ᠎ᠠᠴᠠ ᠭᠠᠷᠭ᠋ᠠᠵᠤ ᠥᠭᠭᠦᠭᠰᠡᠨ ᠬᠠᠳᠠᠭ᠋ᠠᠯᠠᠵᠤ ᠪᠠᠢ᠌ᠭ᠎ᠠ ᠡᠳ᠋᠎ᠤᠨ ᠨᠠᠷᠢᠨ ᠲᠡᠡᠭᠰᠠᠳᠤᠬᠢ ᠪᠦᠬᠦ ᠡᠳ᠋ ᠪᠣᠳᠠᠰ᠎ᠢ ᠴᠥᠮ ᠪᠠᠶ᠋ᠢᠭᠤᠯᠬᠤ᠎ᠪᠠᠷ ᠪᠠᠢ᠌ᠭ᠎ᠠ ᠮᠦᠽᠧᠢ ᠵᠢᠨ ᠲᠣᠭᠲᠠᠮᠠᠯ ᠬᠥᠷᠥᠩᠭᠡ ᠪᠤᠯᠭ᠋ᠠᠬᠤ᠎ᠪᠠᠷ ᠲᠤᠭᠲᠠᠭᠰᠠᠨ ᠠᠯᠪᠠᠨ ᠭᠡᠷᠡᠴᠢᠯᠡᠭᠡ ᠵᠢᠨ ᠪᠢᠴᠢᠭ ᠬᠠᠷ᠎ᠠ;
(ᠲᠠᠪᠤ) ᠳᠡᠯᠭᠡᠨ ᠦᠵᠡᠬᠦᠯᠬᠦ ᠲᠥᠰᠥᠯ (ᠲᠤᠰᠬᠠᠢ ᠮᠡᠷᠭᠡᠵᠢᠯᠲᠡᠨ᠎ᠤ ᠨᠤᠲᠠᠯᠠᠭᠰᠠᠨ ᠰᠠᠨᠠᠯ᠎ᠢ ᠪᠠᠭᠲᠠᠭ᠋ᠠᠨ᠎ᠠ)
(ᠵᠢᠷᠭᠤᠭ᠎ᠠ) ᠬᠠᠤᠯᠢ ᠶᠣᠰᠣᠨ᠎ᠤ ᠬᠦᠴᠦᠨ ᠪᠦᠬᠦᠢ ᠮᠥᠽᠸᠢ ᠡᠷᠭᠢᠯᠡᠬᠦ ᠪᠡᠯᠡ ᠮᠥᠩᠭᠥ (50 ᠲᠦᠮᠡᠨ ᠲᠥᠭᠥᠷᠢᠭ᠎ᠠᠴᠠ ᠳᠣᠣᠷ᠎ᠠ ᠦᠭᠡᠢ) ᠵᠢᠨ ᠭᠡᠷᠡᠴᠢᠯᠡᠬᠦ ᠮᠠᠲ᠋ᠧᠷᠢᠶᠠᠯ᠂ ᠡᠷᠭᠢᠯᠡᠨ ᠬᠢᠭᠴᠢ ᠤᠯᠤᠰ᠎ᠤᠨ ᠥᠮᠴᠢᠯᠡᠯᠲᠦ ᠪᠤᠰᠤ ᠮᠦᠽᠧᠢ ᠵᠢᠨ ᠣᠷᠣᠰᠢᠨ ᠦᠷᠭᠦᠯᠵᠢᠯᠡᠬᠦ ᠬᠤᠭᠤᠴᠠᠭ᠋ᠠᠨ᠎ᠳᠤ ᠳᠠᠩᠰᠠᠯᠠᠭᠤᠯᠤᠭᠰᠠᠨ ᠪᠡᠯᠡ ᠮᠥᠩᠭᠥ᠎ᠪᠠᠨ ᠲᠠᠲᠠᠨ ᠵᠠᠢ᠌ᠯᠠᠭᠤᠯᠬᠤ ᠦᠭᠡᠢ ᠭᠡᠰᠡᠨ ᠠᠮᠠᠯᠠᠯᠲᠠ ᠵᠢᠨ ᠪᠢᠴᠢᠭ ᠪᠠ ᠲᠣᠭᠲᠠᠪᠤᠷᠢᠲᠠᠢ ᠠᠵᠢᠯᠯᠠᠭ᠋ᠠᠨ᠎ᠤ ᠵᠠᠷᠤᠳᠠᠯ᠎ᠤᠨ ᠢᠷᠡᠯᠲᠡ ᠵᠢᠨ ᠲᠣᠳᠣᠷᠬᠠᠢ᠌ᠯᠠᠯᠲᠠ;
(ᠲᠤᠯᠤᠭ᠎ᠠ) ᠪᠠᠢ᠌ᠭᠤᠯᠵᠤ ᠳᠠᠩᠰᠠᠯᠠᠭᠤᠯᠬᠤ᠎ᠳᠤ ᠡᠭᠦᠷᠢᠳᠡ ᠵᠢᠨ ᠴᠢᠨᠠᠷ ᠵᠶ᠋ᠠᠷ ᠬᠠᠷᠠᠯᠲᠠ ᠪᠣᠯᠭ᠋ᠠᠵᠤ᠂ ᠠᠵᠤ ᠠᠬᠤᠢ ᠵᠢᠨ ᠬᠠᠷᠢᠭᠤ ᠬᠠᠷᠠᠮᠵᠢ ᠣᠯᠬᠤ᠎ᠪᠠᠷ ᠱᠠᠭ᠋ᠠᠷᠳᠠᠬᠤ ᠦᠭᠡᠢ (ᠮᠦᠽᠧᠢ ᠵᠢᠨ ᠠᠰᠢᠭ ᠲᠤᠰᠠ ᠵᠢ ᠬᠤᠪᠢᠶᠠᠷᠢᠯᠠᠵᠤ ᠪᠣᠯᠬᠤ ᠦᠭᠡᠢ) ᠠᠮᠠᠯᠠᠯᠲᠠ ᠵᠢᠨ ᠪᠢᠴᠢᠭ;
(ᠨᠠᠢ᠍ᠮᠠ) ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ᠂ ᠲᠤᠰᠬᠠᠢ ᠮᠡᠷᠭᠡᠵᠢᠯ᠎ᠤᠨ ᠠᠵᠢᠯᠲᠠᠨ ᠪᠠ ᠬᠠᠮᠢᠶᠠᠷᠤᠯᠲᠠ ᠵᠢᠨ ᠠᠵᠢᠯᠲᠠᠨ᠎ᠤ ᠦᠨᠳᠦᠰᠦᠨ ᠪᠠᠢ᠌ᠳᠠᠯ᠎ᠤᠨ ᠲᠣᠳᠣᠷᠬᠠᠢ᠌ᠯᠠᠯᠲᠠ ᠵᠢᠴᠢ ᠭᠡᠷᠡᠴᠢᠯᠡᠬᠦ ᠮᠠᠲ᠋ᠧᠷᠢᠶᠠᠯ;
(ᠶᠢᠰᠦ) ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠪᠤᠶᠤ ᠪᠤᠰᠤᠳ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ᠎ᠤᠨ ᠭᠠᠷᠭ᠋ᠠᠭᠰᠠᠨ 《ᠠᠷᠠᠳ᠎ᠠᠴᠠ ᠡᠷᠭᠢᠯᠡᠭᠰᠡᠨ ᠠᠵᠤ ᠠᠬᠤᠢ᠌ᠯᠠᠯ᠎ᠤᠨ ᠪᠤᠰᠤ ᠨᠢᠭᠡᠴᠢ ᠵᠢᠨ ᠨᠡᠷᠡᠢ᠌ᠳᠦᠯ᠎ᠢ ᠤᠷᠢᠳᠴᠢᠯᠠᠨ ᠳᠠᠩᠰᠠᠯᠠᠭᠤᠯᠬᠤ ᠮᠡᠳᠡᠭᠳᠡᠯ᠎ᠤᠨ ᠪᠢᠴᠢᠭ》;
(ᠠᠷᠪᠠ) ᠳᠣᠲᠣᠭ᠋ᠠᠳᠤ ᠵᠢ ᠬᠠᠮᠠᠭ᠋ᠠᠯᠠᠬᠤ ᠰᠠᠯᠠᠭ᠎ᠠ ᠮᠥᠴᠢᠷ᠎ᠤᠨ ᠬᠢᠵᠦ ᠥᠭᠭᠦᠭᠰᠡᠨ ᠮᠥᠽᠸᠢ ᠡᠷᠬᠢᠯᠡᠬᠦ ᠲᠠᠯᠠᠪᠤᠷ᠎ᠤᠨ ᠠᠶᠤᠯ ᠦᠭᠡᠢ ᠵᠢᠨ ᠰᠢᠯᠭ᠋ᠠᠨ ᠠᠪᠤᠯᠲᠠ᠎ᠳᠤ ᠬᠢᠷᠢ ᠲᠡᠩᠴᠡᠭᠰᠡᠨ ᠭᠡᠷᠡᠴᠢ; ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠰᠠᠯᠠᠭ᠎ᠠ ᠮᠥᠴᠢᠷ᠎ᠤᠨ ᠭᠠᠷᠭ᠋ᠠᠭᠰᠠᠨ ᠤᠨᠴᠠᠭ᠋ᠠᠢ ᠪᠦᠲᠦᠭᠡᠨ ᠪᠠᠢ᠌ᠭᠤᠯᠤᠯᠲᠠ ᠵᠢᠨ ᠪᠠᠷᠢᠯᠭ᠎ᠠ ᠵᠢᠨ ᠭᠠᠯ ᠤᠨᠲᠠᠷᠠᠭ᠋ᠠᠯᠲᠠ ᠵᠢᠨ ᠰᠢᠯᠭ᠋ᠠᠨ ᠠᠪᠬᠤ ᠰᠠᠨᠠᠯ᠎ᠤᠨ ᠪᠢᠴᠢᠭ ᠪᠤᠶᠤ ᠭᠠᠯ ᠤᠨᠲᠠᠷᠠᠭ᠋ᠠᠯᠲᠠ ᠵᠢᠨ ᠰᠢᠯᠭ᠋ᠠᠨ ᠠᠪᠬᠤ ᠵᠢ ᠳᠠᠩᠰᠠᠯᠠᠭᠤᠯᠤᠭᠰᠠᠨ ᠭᠡᠷᠡᠴᠢ ᠪᠠᠷᠢᠮᠲᠠ᠂ ᠭᠠᠯ ᠤᠨᠲᠠᠷᠠᠭ᠋ᠠᠯᠲᠠ ᠵᠢᠨ ᠰᠢᠯᠭ᠋ᠠᠨ ᠠᠪᠬᠤ ᠵᠢ ᠳᠡᠩᠰᠡᠯᠡᠵᠦ ᠰᠤᠭᠤᠴᠢᠨ ᠪᠠᠢ᠌ᠴᠠᠭ᠋ᠠᠭᠰᠠᠨ/ ᠳᠠᠬᠢᠨ ᠪᠠᠢ᠌ᠴᠠᠭ᠋ᠠᠭᠰᠠᠨ ᠦᠷ᠎ᠡ ᠳ᠋ᠦᠩ᠎ᠤᠨ ᠮᠡᠳᠡᠭᠳᠡᠯ᠎ᠤᠨ ᠪᠢᠴᠢᠭ ᠵᠡᠷᠭᠡ ᠪᠢᠴᠢᠭ ᠮᠠᠲ᠋ᠧᠷᠢᠶᠠᠯ;
(ᠠᠷᠪᠠᠨ ᠨᠢᠭᠡ) ᠪᠠᠢ᠌ᠭ᠎ᠠ ᠭᠠᠵᠠᠷ (ᠠᠢ᠌ᠮᠠᠭ ᠬᠣᠲᠠ ᠵᠢᠨ ᠱᠠᠲᠤ ᠪᠤᠶᠤ ᠬᠣᠰᠢᠭᠤ ᠰᠢᠶᠠᠨ᠎ᠤ ᠱᠠᠲᠤ)᠎ᠤᠨ ᠲᠡᠦᠬᠡ ᠵᠢᠨ ᠳᠤᠷᠠᠰᠬᠠᠯᠲᠤ ᠵᠦᠢ᠍ᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠭᠠᠷᠭ᠋ᠠᠭᠰᠠᠨ ᠲᠤᠬᠠᠢ᠌ᠯᠠᠭᠰᠠᠨ ᠠᠵᠢᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠬᠤ ᠵᠢ ᠵᠥᠪᠰᠢᠶᠡᠷᠡᠭᠰᠡᠨ ᠭᠡᠷᠡᠴᠢᠯᠡᠬᠦ ᠪᠢᠴᠢᠭ ᠮᠠᠲ᠋ᠧᠷᠢᠶᠠᠯ;
(ᠠᠷᠪᠠᠨ ᠬᠣᠶᠠᠷ) ᠦᠵᠡᠰᠬᠦᠯᠡᠩ᠎ᠳᠤ ᠬᠡᠷᠡᠭᠯᠡᠬᠦ ᠭᠠᠵᠠᠷ᠎ᠤᠨ ᠵᠢᠷᠤᠭ᠎ᠤᠨ ᠲᠣᠳᠣᠷᠬᠠᠢ᠌ᠯᠠᠯᠲᠠ;
(ᠠᠷᠪᠠᠨ ᠭᠤᠷᠪᠠ) ᠠᠢ᠌ᠮᠠᠭ ᠬᠣᠲᠠ ᠵᠢᠨ ᠱᠠᠲᠤᠨ᠎ᠤ ᠲᠡᠦᠬᠡ ᠵᠢᠨ ᠳᠤᠷᠠᠰᠬᠠᠯᠲᠤ ᠵᠦᠢ᠍ᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠮᠦᠽᠧᠢ ᠵᠢ ᠳᠠᠩᠰᠠᠯᠠᠭᠤᠯᠬᠤ᠎ᠪᠠᠷ ᠭᠤᠶᠤᠴᠢᠯᠠᠭᠰᠠᠨ ᠠᠩᠬ᠎ᠠ ᠬᠢᠨᠠᠭᠰᠠᠨ ᠰᠠᠨᠠᠯ᠎ᠤᠨ ᠲᠤᠬᠠᠢ ᠪᠢᠴᠢᠭ ᠮᠠᠲ᠋ᠧᠷᠢᠶᠠᠯ᠃
ᠬᠠᠮᠢᠶ᠎ᠠ ᠪᠦᠬᠦᠢ ᠪᠣᠳᠠᠲᠠᠢ ᠲᠣᠭᠲᠠᠭ᠋ᠠᠯ ᠵᠢᠴᠢ ᠮᠡᠳᠡᠭᠦᠯᠬᠦ ᠮᠠᠲ᠋ᠧᠷᠢᠶᠠᠯ᠎ᠤᠨ ᠥᠯᠢᠭᠡᠷ ᠳᠡᠪᠲᠡᠷ᠎ᠢ ᠥᠪᠥᠷ ᠮᠣᠩᠭᠣᠯ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠰᠦᠯᠵᠢᠶᠡᠨ᠎ᠤ 《ᠮᠦᠽᠧᠢ ᠵᠢ ᠪᠠᠶ᠋ᠢᠭᠤᠯᠬᠤ᠂ ᠬᠤᠪᠢᠷᠠᠭᠤᠯᠬᠤ᠂ ᠡᠴᠦᠰᠯᠡᠬᠦᠯᠬᠦ᠎ᠳᠤ ᠳᠠᠩᠰᠠᠯᠠᠭᠤᠯᠬᠤ ᠵᠦᠢ᠍ᠯᠡᠰ》᠎ᠤᠨ ᠬᠠᠮᠢᠶ᠎ᠠ ᠪᠦᠬᠦᠢ ᠬᠡᠷᠡᠭ ᠭᠦᠢ᠍ᠴᠡᠳᠬᠡᠬᠦ ᠵᠦᠭᠯᠡᠭᠦᠷ ᠠᠴᠠ ᠯᠠᠪᠯᠠᠭ᠋ᠠᠷᠠᠢ᠃
ᠲᠠᠪᠤ᠂ ᠤᠯᠤᠰ᠎ᠤᠨ ᠥᠮᠴᠢᠯᠡᠯᠲᠦ ᠪᠤᠰᠤ ᠮᠦᠽᠧᠢ᠎ᠳᠤ ᠶᠠᠮᠠᠷ ᠲᠦᠷᠦ ᠵᠢᠨ ᠪᠣᠳᠣᠯᠭ᠎ᠠ ᠵᠢᠨ ᠳᠡᠮᠵᠢᠯᠭᠡ ᠦᠵᠡᠭᠦᠯᠬᠦ ᠪᠤᠢ?
《ᠠᠷᠭ᠎ᠠ》᠎ᠳᠤ ᠭᠡᠷ ᠪᠠᠢ᠌ᠰᠢᠩ᠎ᠤᠨ ᠪᠦᠲᠦᠭᠡᠨ ᠪᠠᠢ᠌ᠭᠤᠯᠤᠯᠲᠠ᠂ ᠭᠠᠢ᠌ᠯᠢ ᠲᠠᠲᠠᠪᠤᠷᠢ ᠵᠢᠨ ᠳᠡᠮᠵᠢᠯᠭᠡ᠂ ᠬᠠᠮᠵᠢᠨ ᠬᠠᠪᠰᠤᠷᠤᠨ ᠲᠡᠳᠬᠦᠬᠦ᠂ ᠲᠤᠰᠬᠠᠢ ᠮᠡᠷᠭᠡᠵᠢᠯ᠎ᠤᠨ ᠠᠵᠢᠯᠲᠠᠨ ᠵᠡᠷᠭᠡ ᠲᠠᠯ᠎ᠠ᠎ᠪᠠᠷ ᠤᠯᠤᠰ᠎ᠤᠨ ᠥᠮᠴᠢᠯᠡᠯᠲᠦ ᠪᠤᠰᠤ ᠮᠦᠽᠧᠢ᠎ᠳᠤ ᠲᠥᠷᠥ ᠵᠢᠨ ᠪᠣᠳᠣᠯᠭ᠎ᠠ ᠵᠢᠨ ᠳᠡᠮᠵᠢᠯᠭᠡ ᠦᠵᠡᠭᠦᠯᠬᠦ ᠵᠢ ᠲᠣᠳᠣᠷᠬᠠᠢ ᠲᠣᠭᠲᠠᠭ᠋ᠠᠵᠠᠢ᠃ ᠵᠢᠱ᠌ᠢᠶᠡᠯᠡᠪᠡᠯ᠄ ᠡᠷᠲᠡᠨ᠎ᠤ ᠠᠢ᠌ᠯ ᠲᠣᠰᠬᠣᠨ᠂ ᠡᠷᠲᠡᠨ᠎ᠤ ᠪᠠᠷᠢᠯᠭ᠎ᠠ᠂ ᠣᠷᠴᠢᠨ ᠤᠳᠤ ᠦᠶ᠎ᠡ ᠵᠢᠨ ᠴᠢᠬᠤᠯᠠ ᠲᠡᠦᠬᠡ ᠵᠢᠨ ᠤᠯᠠ ᠮᠥᠷ ᠵᠢᠴᠢ ᠲᠥᠯᠥᠭᠡᠯᠡᠬᠦ ᠴᠢᠨᠠᠷᠲᠠᠢ ᠪᠠᠷᠢᠯᠭ᠎ᠠ ᠵᠡᠷᠭᠡ ᠵᠢ ᠠᠰᠢᠭᠯᠠᠨ ᠤᠯᠤᠰ᠎ᠤᠨ ᠥᠮᠴᠢᠯᠡᠯᠲᠦ ᠪᠤᠰᠤ ᠮᠦᠽᠧᠢ ᠪᠠᠶ᠋ᠢᠭᠤᠯᠬᠤ ᠵᠢ ᠵᠣᠷᠢᠭᠵᠢᠭᠤᠯᠵᠤ᠂ ᠤᠯᠤᠰ᠎ᠤᠨ ᠥᠮᠴᠢᠯᠡᠯᠲᠦ ᠮᠦᠽᠧᠢ ᠪᠣᠯᠣᠨ ᠤᠯᠤᠰ᠎ᠤᠨ ᠥᠮᠴᠢᠯᠡᠯᠲᠦ ᠪᠤᠰᠤ ᠮᠦᠽᠧᠢ ᠵᠢᠨ ᠬᠠᠷᠢᠯᠴᠠᠨ ᠬᠠᠪᠰᠤᠷᠤᠨ ᠲᠡᠳᠬᠦᠬᠦ ᠵᠢ ᠵᠣᠷᠢᠭᠵᠢᠭᠤᠯᠤᠨ᠎ᠠ; ᠤᠯᠤᠰ᠎ᠤᠨ ᠥᠮᠴᠢᠯᠡᠯᠲᠦ ᠪᠤᠰᠤ ᠮᠦᠽᠧᠢ᠎ᠨᠢ ᠪᠠᠶ᠋ᠢᠭᠤᠯᠬᠤ ᠨᠥᠬᠥᠴᠡᠯ᠂ ᠨᠡᠢ᠌ᠭᠡᠮ᠎ᠤᠨ ᠦᠢ᠍ᠯᠡᠴᠢᠯᠡᠭᠡ ᠬᠠᠩᠭ᠋ᠠᠬᠤ᠂ ᠵᠢᠷᠤᠮᠵᠢᠭᠤᠯᠤᠨ ᠬᠠᠮᠢᠶᠠᠷᠬᠤ᠂ ᠭᠠᠢ᠌ᠯᠢ ᠲᠠᠲᠠᠪᠤᠷᠢ ᠵᠢᠨ ᠲᠡᠳᠬᠦᠨ ᠳᠡᠮᠵᠢᠬᠦ ᠲᠥᠷᠥ ᠵᠢᠨ ᠪᠣᠳᠣᠯᠭ᠎ᠠ ᠵᠡᠷᠭᠡ ᠲᠠᠯ᠎ᠠ᠎ᠪᠠᠷ ᠤᠯᠤᠰ᠎ᠤᠨ ᠥᠮᠴᠢᠯᠡᠯᠲᠦ ᠮᠦᠽᠧᠢ᠎ᠲᠠᠢ ᠠᠳᠠᠯᠢᠬᠠᠨ ᠬᠠᠷᠠᠭ᠋ᠠᠯᠵᠠᠯ ᠭᠥᠷᠳᠡᠨ᠎ᠡ᠃