ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠪᠦᠬᠦ ᠤᠯᠤᠰ᠎ᠲᠤ ᠨᠢᠭᠡᠳᠦᠯᠲᠡᠢ ᠬᠥᠮᠥᠨ ᠠᠮᠠ ᠵᠢᠨ ᠬᠠᠮᠢᠶᠠᠷᠤᠯᠲᠠ ᠵᠢᠨ ᠳᠦᠷᠢᠮ᠎ᠢ ᠰᠦᠪᠡᠭᠴᠢᠯᠡᠨ ᠪᠠᠢ᠌ᠭᠤᠯᠤᠨ᠎ᠠ
ᠨᠡᠶᠢᠲᠡᠯᠡᠭᠰᠡᠨ ᠴᠠᠭ᠄ 2024-07-29

      ᠰᠢᠨᠬᠤᠸᠠ ᠬᠣᠷᠢᠶᠠᠨ᠎ᠤ 7 ᠳ᠋ᠤᠭ᠋ᠠᠷ ᠰᠠᠷ᠎ᠠ ᠵᠢᠨ 21᠎ᠤ ᠡᠳᠦᠷ᠎ᠤᠨ ᠴᠠᠬᠢᠯᠭ᠋ᠠᠨ ᠮᠡᠳᠡᠭᠡ   《ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠥᠬᠥ ᠲᠠᠯ᠎ᠠ᠎ᠪᠠᠷ   ᠭᠦᠨᠵᠡᠭᠡᠢ᠌ᠷᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ   ᠬᠣᠷᠢᠶᠠᠨ᠎ᠤ ᠲᠣᠭᠲᠠᠭ᠋ᠠᠯ》᠎ᠢ 21᠎ᠤ ᠡᠳᠦᠷ ᠨᠡᠢ᠌ᠲᠡᠯᠡᠪᠡ᠂ ᠲᠣᠭᠲᠠᠭ᠋ᠠᠯ᠎ᠳᠤ ᠪᠥᠬᠥ ᠤᠯᠤᠰ᠎ᠲᠤ ᠨᠢᠭᠡᠳᠦᠯᠲᠡᠢ ᠬᠥᠮᠥᠨ ᠠᠮᠠ ᠵᠢᠨ ᠬᠠᠮᠢᠶᠠᠷᠤᠯᠲᠠ ᠵᠢᠨ ᠳᠦᠷᠢᠮ᠎ᠢ   ᠰᠦᠪᠡᠭᠴᠢᠯᠡᠨ ᠪᠠᠶ᠋ᠢᠭᠤᠯᠬᠤ᠂ ᠨᠡᠢ᠌ᠭᠡᠮ᠎ᠤᠨ ᠠᠵᠢᠯᠲᠠᠨ᠎ᠤ ᠡᠩᠨᠡᠭᠡ ᠵᠢᠨ ᠪᠠᠢ᠌ᠭᠤᠯᠤᠯᠲᠠ ᠵᠢ ᠴᠢᠩᠭ᠋ᠠᠳᠬᠠᠬᠤ᠂ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ   ᠲᠣᠭᠲᠠᠯᠴᠠᠭ᠎ᠠ ᠵᠢᠨ ᠪᠠᠢ᠌ᠭᠤᠯᠤᠯᠲᠠ ᠵᠢ ᠠᠬᠢᠭᠤᠯᠬᠤ᠂ ᠬᠣᠲᠠ ᠵᠢᠨ ᠬᠡᠪᠴᠢᠶᠡᠨ᠎ᠳᠠᠬᠢ ᠨᠡᠢ᠌ᠭᠡᠮ᠎ᠤᠨ ᠵᠠᠰᠠᠯᠲᠠ ᠵᠢᠨ ᠴᠢᠳᠠᠪᠤᠷᠢ ᠵᠢ ᠳᠡᠭᠡᠭᠰᠢᠯᠡᠭᠦᠯᠬᠦ ᠵᠡᠷᠭᠡ ᠵᠢ   ᠪᠠᠭᠲᠠᠭ᠋ᠠᠭᠰᠠᠨ ᠨᠡᠢ᠌ᠭᠡᠮ᠎ᠤᠨ ᠵᠠᠰᠠᠯᠲᠠ ᠵᠢᠨ ᠲᠣᠭᠲᠠᠯᠴᠠᠭ᠋ᠠᠨ᠎ᠤ ᠥᠭᠡᠷᠡᠴᠢᠯᠡᠯᠲᠡ ᠵᠢᠨ ᠲᠠᠯ᠎ᠠ᠎ᠪᠠᠷ᠎ᠬᠢ ᠠᠯᠢ ᠣᠯᠠᠨ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠪᠠ᠃    
      ᠬᠥᠮᠥᠨ ᠠᠮᠠ ᠵᠢᠨ ᠬᠠᠮᠢᠶᠠᠷᠤᠯᠲᠠ ᠪᠣᠯ ᠨᠡᠢ᠌ᠭᠡᠮ᠎ᠤᠨ ᠵᠠᠰᠠᠯᠲᠠ ᠵᠢᠨ ᠨᠢᠭᠡ ᠵᠦᠢ᠍ᠯ᠎ᠤᠨ ᠰᠠᠭᠤᠷᠢ ᠪᠣᠯᠬᠤ ᠴᠢᠨᠠᠷᠲᠠᠢ ᠠᠵᠢᠯ ᠪᠣᠯᠣᠨ᠎ᠠ᠃ ᠲᠣᠭᠲᠠᠭ᠋ᠠᠯ᠎ᠳᠤ᠂   ᠪᠦᠬᠦ ᠤᠯᠤᠰ᠎ᠲᠤ ᠨᠢᠭᠡᠳᠦᠯᠲᠡᠢ ᠬᠥᠮᠥᠨ ᠠᠮᠠ ᠵᠢᠨ ᠬᠠᠮᠢᠶᠠᠷᠤᠯᠲᠠ ᠵᠢᠨ ᠳᠦᠷᠢᠮ᠎ᠢ ᠰᠦᠪᠡᠭᠴᠢᠯᠡᠨ ᠪᠠᠢ᠌ᠭᠤᠯᠤᠨ᠎ᠠ ᠭᠡᠵᠦ ᠳᠤᠷᠠᠳᠴᠠᠢ᠃ ᠳᠤᠮᠳᠠᠳᠤ ᠤᠯᠤᠰ᠎ᠤᠨ   ᠠᠷᠠᠳ᠎ᠤᠨ ᠳᠣᠲᠣᠭ᠋ᠠᠳᠤ ᠵᠢ ᠬᠠᠮᠠᠭ᠋ᠠᠯᠠᠬᠤ ᠶᠡᠬᠡ ᠰᠤᠷᠭ᠋ᠠᠭᠤᠯᠢ ᠵᠢᠨ ᠠᠮᠤᠷ᠎ᠢ ᠬᠠᠮᠠᠭ᠋ᠠᠯᠠᠬᠤ ᠳᠡᠭᠡᠳᠦ ᠰᠤᠷᠭ᠋ᠠᠭᠤᠯᠢ ᠵᠢᠨ ᠫᠷᠤᠹᠸᠰᠰᠤᠷ ᠦ᠋ ᠰᠢᠶᠠᠨ ᠵᠢᠶᠠᠩ᠂ ᠪᠥᠬᠥ   ᠤᠯᠤᠰ᠎ᠲᠤ ᠨᠢᠭᠡᠳᠦᠯᠲᠡᠢ ᠬᠥᠮᠥᠨ ᠠᠮᠠ ᠵᠢᠨ ᠬᠠᠮᠢᠶᠠᠷᠤᠯᠲᠠ ᠵᠢᠨ ᠳᠦᠷᠢᠮ᠎ᠨᠢ ᠬᠥᠮᠥᠨ ᠠᠮᠠ ᠵᠢᠨ ᠳᠠᠩᠰᠠᠯᠠᠯᠲᠠ ᠵᠢᠨ ᠬᠠᠮᠢᠶᠠᠷᠤᠯᠲᠠ᠂ ᠬᠥᠮᠥᠨ ᠠᠮᠠ ᠵᠢᠨ   ᠮᠡᠳᠡᠭᠡ ᠵᠠᠩᠭᠢ ᠵᠢᠨ ᠬᠠᠮᠢᠶᠠᠷᠤᠯᠲᠠ᠂ ᠬᠥᠮᠥᠨ ᠠᠮᠠ ᠵᠢᠨ ᠦᠢ᠍ᠯᠡᠴᠢᠯᠡᠭᠡᠨ᠎ᠤ ᠬᠠᠮᠢᠶᠠᠷᠤᠯᠲᠠ ᠵᠡᠷᠭᠡ ᠳᠦᠷᠢᠮ᠎ᠢ ᠬᠠᠮᠤᠷᠴᠤ ᠪᠠᠢ᠌ᠨ᠎ᠠ᠃ ᠤᠯᠤᠰ᠎ᠤᠨ ᠲᠠᠯ᠎ᠠ᠎ᠠᠴᠠ   ᠬᠥᠮᠥᠨ ᠠᠮᠠ ᠵᠢᠨ ᠬᠠᠮᠢᠶᠠᠷᠤᠯᠲᠠ ᠵᠢᠨ ᠳᠦᠷᠢᠮ᠎ᠢ ᠨᠢᠭᠡᠳᠦᠯᠲᠡᠢ ᠲᠦᠯᠦᠪᠯᠡᠬᠦ᠎ᠨᠢ ᠠᠷᠠᠳ ᠢᠷᠭᠡᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠨᠡᠩ ᠰᠠᠢ᠌ᠲᠤᠷ   ᠪᠠᠲᠤᠯᠠᠵᠤ᠂ ᠠᠷᠠᠳ ᠢᠷᠭᠡᠳ᠎ᠤᠨ ᠨᠡᠢ᠌ᠭᠡᠮ᠎ᠤᠨ ᠠᠮᠢᠳᠤᠷᠠᠯ᠎ᠳᠤ ᠳᠥᠭᠥᠮ ᠦᠵᠡᠭᠦᠯᠵᠦ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠢᠷᠢ ᠲᠦᠪᠰᠢᠨ᠎ᠢ ᠪᠦᠬᠦ   ᠲᠠᠯ᠎ᠠ᠎ᠪᠠᠷ ᠳᠡᠭᠡᠭᠰᠢᠯᠡᠭᠦᠯᠦᠨ᠂ ᠠᠵᠤ ᠠᠬᠤᠢ ᠨᠡᠢ᠌ᠭᠡᠮ᠎ᠤᠨ ᠬᠥᠭᠵᠢᠯᠲᠡ ᠵᠢ ᠠᠬᠢᠭᠤᠯᠬᠤ ᠵᠢᠨ ᠵᠡᠷᠭᠡ᠎ᠪᠠᠷ ᠨᠡᠢ᠌ᠭᠡᠮ᠎ᠤᠨ ᠵᠠᠰᠠᠯᠲᠠ᠂ ᠤᠯᠤᠰ᠎ᠤᠨ ᠠᠮᠤᠷ   ᠲᠦᠪᠰᠢᠨ᠎ᠳᠤ ᠰᠠᠭᠤᠷᠢᠯᠠᠬᠤ ᠴᠢᠨᠠᠷᠲᠠᠢ ᠲᠤᠯᠭ᠋ᠠᠭᠤᠷᠢᠯᠠᠯ ᠬᠠᠩᠭ᠋ᠠᠬᠤ ᠪᠣᠯᠣᠨ᠎ᠠ ᠭᠡᠵᠦ ᠦᠵᠡᠪᠡ᠃    
      ᠲᠣᠭᠲᠠᠭ᠋ᠠᠯ᠎ᠳᠤ᠂ ᠨᠡᠢ᠌ᠭᠡᠮ᠎ᠤᠨ ᠠᠵᠢᠯᠲᠠᠨ᠎ᠤ ᠡᠩᠨᠡᠭᠡ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ   ᠲᠣᠭᠲᠠᠯᠴᠠᠭ᠎ᠠ ᠵᠢᠨ ᠪᠠᠢ᠌ᠭᠤᠯᠤᠯᠲᠠ ᠵᠢ ᠠᠬᠢᠭᠤᠯᠤᠨ᠎ᠠ ᠭᠡᠵᠦ ᠲᠣᠳᠣᠷᠬᠠᠢ ᠲᠣᠭᠲᠠᠭ᠋ᠠᠵᠠᠢ᠃ ᠲᠥᠪ᠎ᠤᠨ ᠨᠡᠢ᠌ᠭᠡᠮ᠎ᠤᠨ ᠠᠵᠢᠯ᠎ᠤᠨ ᠶᠠᠮᠤᠨ᠎ᠤ ᠬᠣᠯᠪᠣᠭᠳᠠᠯ ᠪᠦᠬᠦᠢ   ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠥᠷ ᠢᠯᠡᠷᠬᠡᠢ᠌ᠯᠡᠬᠦ᠎ᠳᠤ᠎ᠪᠠᠨ᠂ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ   ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠨᠡᠢ᠌ᠭᠡᠮ᠎ᠤᠨ ᠠᠵᠢᠯᠲᠠᠨ᠎ᠤ ᠡᠩᠨᠡᠭᠡ ᠪᠠ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠲᠣᠭᠲᠠᠯᠴᠠᠭ᠎ᠠ ᠵᠢᠨ   ᠪᠠᠢ᠌ᠭᠤᠯᠤᠯᠲᠠ ᠵᠢ ᠴᠢᠩᠭ᠋ᠠᠳᠬᠠᠬᠤ ᠲᠠᠯ᠎ᠠ᠎ᠪᠠᠷ ᠬᠦᠴᠦᠯᠡᠨ ᠥᠭᠡᠷᠡᠴᠢᠯᠡᠯᠲᠡ ᠬᠢᠵᠦ ᠰᠢᠨ᠎ᠡ ᠵᠢ ᠡᠭᠦᠳᠦᠨ᠎ᠡ᠂ ᠬᠣᠯᠪᠣᠭᠳᠠᠯ ᠪᠦᠬᠦᠢ ᠲᠠᠯ᠎ᠠ ᠵᠢᠨ᠎ᠬᠢᠨ᠎ᠲᠠᠢ ᠬᠠᠮᠲᠤᠷᠠᠨ   ᠨᠡᠢ᠌ᠭᠡᠮ᠎ᠤᠨ ᠠᠵᠢᠯᠲᠠᠨ᠎ᠤ ᠡᠩᠨᠡᠭᠡ ᠵᠢ ᠪᠣᠯᠪᠠᠰᠤᠷᠠᠭᠤᠯᠬᠤ᠂ ᠦᠨᠡᠯᠡᠬᠦ᠂ ᠬᠡᠷᠡᠭᠯᠡᠬᠦ ᠪᠠ ᠤᠷᠮᠠᠰᠢᠭᠤᠯᠬᠤ ᠪᠠᠲᠤᠯᠠᠭ᠎ᠠ ᠵᠢᠨ ᠳᠦᠷᠢᠮ ᠵᠶ᠋ᠠᠨ ᠲᠡᠭᠦᠯᠳᠡᠷᠵᠢᠭᠦᠯᠵᠦ᠂   ᠨᠡᠢ᠌ᠭᠡᠮ᠎ᠤᠨ ᠠᠵᠢᠯᠲᠠᠨ᠎ᠤ ᠡᠩᠨᠡᠭᠡ᠎ᠪᠠᠨ ᠲᠤᠰᠬᠠᠢ᠌ᠵᠢᠭᠤᠯᠬᠤ᠂ ᠠᠵᠢᠯ ᠮᠡᠷᠭᠡᠵᠢᠭᠦᠯᠬᠦ ᠪᠠᠢ᠌ᠭᠤᠯᠤᠯᠲᠠ ᠵᠢ ᠲᠦᠯᠬᠢᠨ ᠠᠬᠢᠭᠤᠯᠵᠤ᠂ ᠰᠠᠢ᠌ᠨ ᠳᠤᠷ᠎ᠠ ᠵᠢᠨ ᠵᠣᠷᠢᠭ   ᠰᠠᠨᠠᠭ᠎ᠠ ᠵᠢ ᠶᠡᠬᠡ᠎ᠪᠠᠷ ᠪᠠᠳᠠᠷᠠᠭᠤᠯᠤᠨ᠂ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠬᠦᠷᠢᠶ᠎ᠡ ᠵᠢ ᠥᠷᠭᠡᠳᠬᠡᠵᠦ᠂ ᠳᠡᠮᠵᠢᠨ ᠪᠠᠲᠤᠯᠠᠬᠤ ᠠᠷᠭ᠎ᠠ ᠬᠡᠮᠵᠢᠶ᠎ᠡ ᠵᠢ   ᠲᠡᠭᠦᠯᠳᠡᠷᠵᠢᠭᠦᠯᠵᠦ᠂ ᠨᠡᠷᠡᠲᠦ ᠲᠡᠮᠳᠡᠭ᠎ᠤᠨ ᠪᠠᠢ᠌ᠭᠤᠯᠤᠯᠲᠠ ᠵᠢ ᠴᠢᠩᠭ᠋ᠠᠳᠬᠠᠨ᠂ ᠴᠢᠨᠠᠷ ᠰᠠᠢ᠌ᠲᠠᠢ ᠬᠠᠩᠭ᠋ᠠᠯᠭ᠎ᠠ ᠵᠢ ᠨᠡᠮᠡᠭᠳᠡᠭᠦᠯᠵᠦ᠂ ᠨᠡᠩ ᠤᠯᠠᠨ ᠬᠦᠮᠦᠰ᠎ᠲᠤ   ᠣᠷᠣᠯᠴᠠᠬᠤ ᠠᠷᠭ᠎ᠠ ᠵᠠᠮ᠎ᠲᠠᠢ᠂ ᠠᠴᠢᠶᠠᠯᠠᠪᠤᠷᠢ᠎ᠲᠠᠢ᠂ ᠪᠠᠢ᠌ᠩᠭᠤ ᠵᠢᠨ ᠪᠠᠢ᠌ᠳᠠᠯ᠎ᠲᠠᠢ ᠪᠣᠯᠭ᠋ᠠᠨ᠎ᠠ ᠭᠡᠵᠡᠢ᠃    
      ᠲᠣᠭᠲᠠᠭ᠋ᠠᠯ᠎ᠳᠤ᠂ ᠬᠣᠲᠠ ᠵᠢᠨ ᠬᠡᠪᠴᠢᠶᠡᠨ᠎ᠳᠠᠬᠢ ᠨᠡᠢ᠌ᠭᠡᠮ᠎ᠤᠨ ᠵᠠᠰᠠᠯᠲᠠ ᠵᠢᠨ ᠴᠢᠳᠠᠪᠤᠷᠢ ᠵᠢ ᠳᠡᠭᠡᠭᠰᠢᠯᠡᠭᠦᠯᠵᠦ᠂ ᠬᠣᠲᠠ ᠵᠢᠨ ᠠᠷᠠᠳ᠎ᠤᠨ ᠬᠠᠯᠠᠮᠰᠢᠯ   ᠤᠲᠠᠰᠤ ᠵᠡᠷᠭᠡ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠤᠨ ᠴᠢᠳᠠᠮᠵᠢ ᠵᠢ ᠴᠢᠩᠭ᠋ᠠᠷᠠᠭᠤᠯᠤᠨ᠂ 《ᠥᠨᠳᠥᠷ ᠪᠦᠲᠦᠮᠵᠢᠲᠡᠶ᠎ᠪᠠᠷ ᠨᠢᠭᠡ ᠠᠵᠢᠯ ᠶᠠᠪᠤᠳᠠᠯ᠎ᠢ   ᠭᠦᠢ᠍ᠴᠡᠳᠬᠡᠬᠦ》 ᠭᠣᠣᠯᠳᠠᠯᠭ᠎ᠠ ᠪᠣᠯᠬᠤ ᠵᠦᠢ᠍ᠯᠡᠰ᠎ᠤᠨ ᠲᠣᠳᠣᠷᠬᠠᠢ ᠬᠠᠭᠤᠳᠠᠰᠤ ᠵᠢᠨ ᠬᠠᠮᠢᠶᠠᠷᠤᠯᠲᠠ ᠵᠢᠨ ᠲᠣᠭᠲᠠᠴᠠ ᠪᠠ ᠪᠠᠢ᠌ᠩᠭᠤᠵᠢᠭᠤᠯᠤᠨ ᠠᠬᠢᠭᠤᠯᠬᠤ   ᠲᠣᠭᠲᠠᠴᠠ ᠵᠢ ᠪᠦᠷᠢᠨᠰᠢᠭᠦᠯᠦᠨ᠎ᠡ ᠭᠡᠵᠦ ᠳᠤᠷᠠᠳᠴᠠᠢ᠃      
    ᠤᠮᠠᠷᠠᠲᠤ ᠵᠢᠨ ᠠᠵᠤ ᠦᠢ᠍ᠯᠡᠳᠪᠦᠷᠢ ᠵᠢᠨ ᠶᠡᠬᠡ ᠰᠤᠷᠭ᠋ᠠᠭᠤᠯᠢ ᠵᠢᠨ ᠬᠦᠮᠦᠨ ᠰᠣᠶᠣᠯ ᠪᠠ ᠬᠠᠤᠯᠢ ᠴᠠᠭ᠋ᠠᠵᠠ ᠵᠢᠨ ᠳᠡᠭᠡᠳᠦ ᠰᠤᠷᠭ᠋ᠠᠭᠤᠯᠢ ᠵᠢᠨ ᠵᠠᠬᠢᠷᠤᠯ ᠯᠢᠦ   ᠽᠧ ᠵᠢᠶᠦ᠋ᠨ᠂ ᠬᠤᠳᠠ ᠵᠢᠨ ᠬᠡᠪᠴᠢᠶᠡᠨ᠎ᠤ ᠨᠡᠢ᠌ᠭᠡᠮ᠎ᠤᠨ ᠵᠠᠰᠠᠯᠲᠠ᠎ᠨᠢ ᠲᠦᠭ ᠲᠦᠮᠡᠨ ᠠᠢ᠌ᠯ ᠡᠷᠦᠬᠡ ᠵᠢᠨ ᠲᠤᠰ ᠪᠡᠶ᠎ᠡ ᠵᠢᠨ ᠠᠰᠢᠭ ᠲᠤᠰᠠ᠎ᠯᠤᠭ᠎ᠠ   ᠬᠣᠯᠪᠣᠭᠳᠠᠵᠤ ᠪᠠᠢ᠌ᠭ᠎ᠠ ᠪᠣᠯᠬᠣᠷ᠂ ᠪᠣᠳᠠᠲᠠᠢ ᠪᠥᠭᠡᠳ ᠬᠦᠴᠦᠲᠡᠢ ᠠᠷᠭ᠎ᠠ ᠬᠡᠮᠵᠢᠶ᠎ᠡ᠎ᠪᠠᠷ ᠭᠠᠷᠳᠠᠴᠠ ᠪᠣᠯᠭ᠋ᠠᠬᠤ ᠴᠢᠬᠤᠯᠠᠲᠠᠢ᠂ ᠤᠯᠠᠨ ᠨᠡᠶ᠋ᠢᠲᠡ ᠵᠢᠨ   ᠦᠢ᠍ᠯᠡᠴᠢᠯᠡᠭᠡᠨ᠎ᠤ ᠲᠠᠪᠴᠠᠩ᠎ᠤᠨ ᠴᠢᠳᠠᠮᠵᠢ ᠵᠢ ᠴᠢᠩᠭ᠋ᠠᠳᠬᠠᠬᠤ᠎ᠪᠠᠷ ᠳᠠᠮᠵᠢᠭᠤᠯᠵᠤ᠂ ᠭᠣᠣᠯᠳᠠᠯᠭ᠎ᠠ ᠪᠣᠯᠬᠤ ᠵᠦᠢ᠍ᠯᠡᠰ᠎ᠤᠨ ᠲᠣᠳᠣᠷᠬᠠᠢ ᠬᠠᠭᠤᠳᠠᠰᠤ ᠵᠢ ᠪᠣᠳᠠᠲᠠᠢ᠎ᠳᠤ   ᠨᠠᠢ᠌ᠳᠠᠪᠤᠷᠢᠵᠢᠭᠤᠯᠤᠨ᠂ ᠪᠠᠢ᠌ᠩᠭᠤᠵᠢᠭᠤᠯᠤᠨ ᠠᠬᠢᠭᠤᠯᠬᠤ ᠲᠣᠭᠲᠠᠴᠠ ᠵᠢ ᠪᠦᠷᠢᠨᠰᠢᠭᠦᠯᠵᠦ᠂ ᠠᠷᠠᠳ ᠤᠯᠠᠨ᠎ᠳᠤ ᠦᠨᠡᠨ ᠬᠦ᠌ ᠥᠭᠡᠷᠡᠴᠢᠯᠡᠯᠲᠡ ᠵᠢᠨ ᠬᠦᠷᠲᠡᠮᠵᠢ ᠵᠢᠨ   ᠲᠥᠷᠥᠭᠳᠡᠯ᠎ᠲᠠᠢ ᠪᠣᠯᠭ᠋ᠠᠨ᠎ᠠ ᠭᠡᠵᠦ ᠦᠵᠡᠪᠡ᠃  

ᠢᠷᠡᠯᠲᠡ᠄ ᠦᠪᠦᠷ ᠮᠣᠩᠭᠣᠯ᠎ᠤᠨ ᠦᠪᠡᠷᠳᠡᠭᠡᠨ ᠵᠠᠰᠠᠬᠣ ᠣᠷᠣᠨ᠎ᠤ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠬᠦᠷᠢᠶ᠎ᠡ ᠬᠣᠰᠢᠭᠤ᠄ ᠠᠨᠳᠠᠢ ᠰᠣᠶᠣᠯ᠎ᠢ ᠬᠠᠮᠠᠭ᠋ᠠᠯᠠᠨ ᠤᠯᠠᠮᠵᠢᠯᠠᠵᠤ ᠤᠮᠠᠷᠠᠲᠤ ᠬᠢᠯᠢ ᠵᠢᠨ ᠰᠣᠶᠣᠯ᠎ᠤᠨ ᠲᠦᠷᠦᠯ ᠲᠡᠮᠳᠡᠭ᠎ᠢ ᠭᠠᠢ᠌ᠬᠠᠭᠤᠯᠤᠨ᠎ᠠ
ᠠᠮᠤ ᠳᠤᠰᠤᠨ᠎ᠤ ᠲᠠᠷᠢᠮᠠᠯ᠎ᠤᠨ ᠨᠢᠭᠡᠴᠢ ᠲᠠᠯᠠᠪᠠᠢ ᠵᠢᠨ ᠤᠨᠠᠯᠲᠠ ᠵᠢ ᠶᠡᠭᠡ ᠬᠡᠪᠴᠢᠶ᠎ᠡ᠎ᠪᠠᠷ ᠨᠡᠮᠡᠭᠳᠡᠭᠦᠯᠬᠦ ᠵᠢ ᠬᠡᠷᠬᠢᠨ ᠠᠬᠢᠭᠤᠯᠬᠤ ᠪᠤᠢ (ᠲᠦᠷᠦ ᠵᠢᠨ ᠪᠣᠳᠣᠯᠭ᠎ᠠ ᠵᠢᠨ ᠠᠰᠠᠭᠤᠯᠲᠠ ᠬᠠᠷᠢᠭᠤᠯᠲᠠ · ᠬᠥᠳᠡᠭᠡ ᠲᠣᠰᠬᠤᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠤᠨ᠎ᠠ)
ᠳ᠋ᠦᠩᠰᠢᠭᠤᠷ ᠰᠢᠬᠠᠮ ᠣᠯᠠᠨ ᠲᠦᠮᠡᠨ᠎ᠳᠤ ᠠᠰᠢᠭ ᠬᠦᠷᠲᠡᠭᠡᠵᠦ᠂ ᠬᠥᠮᠥᠨ ᠳᠤᠮᠳᠠᠴᠢ ᠵᠢᠨ ᠳᠠᠷᠤᠭ᠋ᠠᠰᠤ ᠵᠢ ᠪᠠᠷᠤᠭ 8000 ᠲᠥᠭᠦᠷᠢᠭ ᠬᠥᠩᠭᠡᠯᠡᠪᠡ – ᠬᠦᠨᠳᠦ ᠡᠪᠡᠳᠴᠢᠨ᠎ᠤ ᠳᠠᠭ᠋ᠠᠳᠬᠠᠯ᠎ᠢ ᠬᠡᠷᠬᠢᠨ ᠳᠠᠩᠰᠠ ᠲᠠᠶ᠋ᠢᠯᠬᠤ ᠪᠣᠶ
ᠥᠰᠥᠭ ᠪᠢᠴᠢᠭ ᠵᠶ᠋ᠠᠷ ᠥᠭᠦᠯᠡᠬᠦᠢ᠄ 《ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢᠨ ᠬᠤᠯᠪᠣᠭᠳᠠᠯ ᠪᠥᠬᠦᠶ ᠠᠵᠢᠯ᠎ᠢ ᠦᠷᠭᠦᠯᠵᠢᠯᠡᠨ ᠠᠬᠢᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》᠎ᠤᠨ ᠲᠠᠶ᠋ᠢᠯᠤᠮᠵᠢ
《ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠴᠢᠨᠠᠷ ᠰᠠᠶ᠋ᠢᠲᠠᠢ ᠠᠬᠢᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》᠎ᠤᠨ ᠲᠠᠶ᠋ᠢᠯᠤᠮᠵᠢ
 
            