ᠣᠢ᠌ᠷ᠎ᠠ ᠵᠢᠨ ᠬᠡᠳᠦᠨ ᠡᠳᠦᠷ᠂ ᠬᠦᠷᠢᠶ᠎ᠡ ᠬᠣᠰᠢᠭᠤᠨ᠎ᠤ ᠬᠣᠰᠢᠭᠤᠨ ᠲᠡᠰ᠎ᠤᠨ ᠪᠣᠳᠠᠰ᠎ᠤᠨ ᠪᠤᠰᠤ ᠰᠣᠶᠣᠯ᠎ᠤᠨ ᠥᠪ ᠠᠨᠳᠠᠢ ᠪᠥᠵᠢᠭ᠎ᠤᠨ ᠲᠥᠯᠥᠭᠡᠯᠡᠬᠦ ᠴᠢᠨᠠᠷᠲᠠᠢ ᠤᠯᠠᠮᠵᠢᠯᠠᠭᠴᠢ ᠯᠢᠦ ᠬᠠᠰᠤᠨᠴᠢᠮᠡᠭ ᠪᠣᠯᠣᠨ ᠶᠠᠩᠰᠢᠪ ᠨᠡᠢ᠌ᠭᠡᠮ ᠲᠣᠭᠣᠷᠢᠭ᠎ᠤᠨ ᠰᠢ ᠶᠠᠩ ᠬᠤᠩ ᠤᠷᠠᠨ ᠰᠠᠢ᠌ᠬᠠᠨ᠎ᠤ ᠠᠩᠭᠢ ᠵᠢᠨ ᠭᠡᠰᠢᠭᠦᠳ ᠶᠠᠭ᠋ᠠᠷᠠᠯᠲᠠᠢ ᠪᠠᠷ ᠠᠨᠳᠠᠢ ᠪᠥᠵᠢᠭ ᠪᠣᠯᠪᠠᠰᠤᠷᠠᠵᠤ᠂ ᠨᠡᠢ᠌ᠭᠡᠮ ᠲᠣᠭᠣᠷᠢᠭ᠎ᠤᠨ ᠵᠢᠡᠨ ᠲᠤᠰᠬᠠᠢ ᠤᠷᠠᠨ ᠰᠠᠢ᠌ᠬᠠᠨ᠎ᠤ ᠲᠣᠬᠯᠠᠯᠲᠠ᠎ᠳᠤ ᠣᠷᠤᠯᠴᠠᠬᠤ᠎ᠪᠠᠷ ᠪᠡᠯᠡᠳᠬᠡᠵᠦ ᠪᠠᠢ᠌ᠯ᠎ᠠ᠃ ᠯᠢᠦ ᠬᠠᠰᠤᠨᠴᠢᠮᠡᠭ 2016 ᠣᠨ᠎ᠳᠤ ᠬᠣᠰᠢᠭᠤᠨ ᠲᠠᠰ᠎ᠤᠨ ᠠᠨᠳᠠᠢ ᠪᠥᠵᠢᠭ᠎ᠤᠨ ᠤᠯᠠᠮᠵᠢᠯᠠᠭᠴᠢ᠎ᠪᠠᠷ ᠰᠣᠩᠭᠣᠭᠳᠠᠭᠰᠠᠨ᠎ᠠᠴᠠ ᠨᠠᠭ᠋ᠠᠰᠢ᠂ ᠡᠳᠦᠷ ᠪᠣᠯᠭ᠋ᠠᠨ ᠶᠠᠩᠰᠢᠪ ᠨᠡᠢ᠌ᠭᠡᠮ ᠲᠣᠭᠣᠷᠢᠭ᠎ᠤᠨ ᠠᠵᠢᠯᠯᠠᠭ᠋ᠠᠨ᠎ᠤ ᠲᠥᠪ᠎ᠲᠤ ᠬᠦᠷᠴᠦ ᠰᠠᠭᠤᠭ᠋ᠠᠯᠢ ᠠᠷᠠᠳ᠎ᠲᠤ ᠠᠨᠳᠠᠢ ᠪᠥᠵᠢᠭ ᠵᠢᠭ᠋ᠠᠳᠠᠭ᠃ 《ᠠᠨᠳᠠᠢ ᠪᠥᠵᠢᠭ ᠪᠣᠯ ᠪᠣᠳᠠᠰ᠎ᠤᠨ ᠪᠤᠰᠤ ᠰᠣᠶᠣᠯ᠎ᠤᠨ ᠥᠪ ᠮᠥᠨ᠂ ᠪᠢᠳᠡ ᠴᠥᠮ ᠪᠥᠵᠢᠭᠯᠡᠬᠦ ᠳᠤᠷᠠᠲᠠᠢ᠂ ᠤᠯᠠᠮᠵᠢᠯᠠᠭᠴᠢ ᠵᠢᠨ ᠲᠤᠰᠬᠠᠢ ᠮᠡᠷᠭᠡᠵᠢᠯ᠎ᠤᠨ ᠵᠢᠯᠣᠭᠣᠳᠤᠯᠭ᠎ᠠ᠎ᠲᠠᠢ ᠪᠣᠯᠤᠭᠰᠠᠨ᠎ᠠᠴᠠ ᠬᠥᠳᠡᠯᠦᠯ ᠪᠠᠷᠢᠯ᠎ᠤᠨ ᠲᠠᠯ᠎ᠠ᠎ᠪᠠᠷ ᠨᠡᠡᠭ ᠳᠦᠷᠢᠮᠵᠢᠭᠦᠨ ᠪᠣᠯᠤᠭᠰᠠᠨ ᠶᠤᠮ᠂ ᠠᠨᠳᠠᠢ ᠪᠥᠵᠢᠭ ᠪᠥᠵᠢᠭᠯᠡᠬᠦ᠎ᠪᠠᠷ ᠳᠠᠮᠵᠢᠭ᠋ᠠᠳ ᠠᠵᠢᠯ᠎ᠤᠨ ᠴᠢᠯᠦᠭᠡᠨ᠎ᠤ ᠠᠮᠢᠳᠤᠷᠠᠯ ᠵᠢᠡᠨ ᠪᠠᠶᠠᠯᠢᠭᠵᠢᠭᠤᠯᠤᠭᠰᠠᠨ ᠵᠶ᠋ᠠᠷ ᠪᠠᠷᠠᠬᠤ ᠦᠭᠡᠢ ᠪᠠᠰᠠ ᠪᠡᠶ᠎ᠡ ᠮᠠᠬᠠᠪᠤᠳ ᠵᠶ᠋ᠠᠨ ᠳᠠᠪᠲᠠᠨ ᠪᠣᠯᠪᠠᠰᠤᠷᠠᠭᠤᠯᠵᠠᠢ᠂ ᠪᠢᠳᠡ ᠬᠡᠳᠦᠢ᠌ᠪᠡᠷ ᠪᠦᠷ 60 ᠭᠠᠷᠤᠭᠰᠠᠨ ᠪᠤᠯᠪᠠᠴᠤ ᠪᠡᠶ᠎ᠡ ᠮᠠᠬᠠᠪᠤᠳ ᠮᠠᠰᠢ ᠰᠠᠢ᠌ᠨ ᠪᠠᠢ᠌ᠨ᠎ᠠ》 ᠭᠡᠵᠦ ᠤᠳᠬ᠎ᠠ ᠤᠷᠠᠯᠢᠭ᠎ᠤᠨ ᠠᠩᠭᠢ ᠵᠢᠨ ᠭᠡᠰᠢᠭᠦᠨ ᠬᠦᠴᠦᠲᠦ ᠪᠠᠶᠠᠷᠲᠠᠢ᠌ᠬᠠᠨ ᠶᠠᠷᠢᠨ᠎ᠠ᠃
ᠯᠢᠦ ᠬᠠᠰᠤᠨᠴᠢᠮᠡᠭ ᠥᠪᠡᠷ᠎ᠤᠨ ᠪᠡᠶ᠎ᠡ᠎ᠪᠠᠷ ᠵᠶ᠋ᠡᠨ ᠵᠢᠱ᠌ᠢᠶ᠎ᠡ ᠦᠵᠡᠭᠦᠯᠦᠨ ᠵᠢᠭ᠋ᠠᠨ ᠵᠢᠯᠤᠭᠣᠳᠴᠤ᠂ ᠠᠩᠭᠢ ᠵᠢᠨ ᠭᠡᠰᠢᠭᠦᠳ᠎ᠨᠢ ᠨᠠᠷᠢᠨ ᠬᠢᠨᠠᠮᠠᠭ᠋ᠠᠢ᠎ᠲᠠᠭᠠᠨ ᠰᠤᠷᠤᠯᠴᠠᠵᠤ᠂ ᠲᠣᠷᠭ᠎ᠠ ᠳᠤᠷᠳᠤᠩ ᠵᠶ᠋ᠠᠨ ᠰᠠᠵᠢᠨ ᠠᠶ᠎ᠠ ᠲᠠᠭ᠋ᠠᠷᠠᠭᠤᠯᠤᠨ ᠪᠥᠵᠢᠭᠯᠡᠵᠦ᠂ ᠬᠥᠳᠡᠯᠦᠯ ᠪᠠᠷᠢᠯ ᠪᠦᠭᠦᠨ᠎ᠢ ᠳᠦᠷᠢᠮᠵᠢᠭᠦᠨ ᠲᠡᠭᠰᠢ ᠬᠢᠬᠦ᠎ᠪᠠᠷ ᠴᠢᠷᠮᠠᠢ᠌ᠪᠠ᠃ ᠣᠢ᠌ᠯᠠᠭ᠋ᠠᠭᠰᠠᠨ ᠵᠶ᠋ᠠᠷ᠂ ᠶᠠᠩᠰᠢᠪ ᠨᠡᠢ᠌ᠭᠡᠮ ᠲᠣᠭᠣᠷᠢᠭ᠎ᠤᠨ ᠰᠢ ᠶᠠᠩ ᠬᠤᠩ ᠤᠷᠠᠯᠢᠭ᠎ᠤᠨ ᠪᠦᠯᠭᠦᠮ᠎ᠨᠢ 2014 ᠣᠨ᠎ᠤ 8 ᠰᠠᠷ᠎ᠠ᠎ᠳᠤ ᠪᠠᠢ᠌ᠭᠤᠯᠤᠭᠳᠠᠵᠤ᠂ ᠬᠠᠮᠤᠭ ᠠᠩᠬᠠᠨ᠎ᠤ 4 ᠬᠥᠮᠥᠨ ᠪᠠᠢ᠌ᠭᠰᠠᠨ᠎ᠠᠴᠠ᠎ᠪᠠᠨ ᠣᠲᠣ 48 ᠬᠥᠮᠥᠨ ᠪᠣᠯᠵᠤ ᠬᠥᠭᠵᠢᠵᠡᠢ᠂ ᠣᠯᠠᠨ ᠵᠶ᠋ᠠᠷ ᠵᠶ᠋ᠠᠨ ᠨᠡᠢ᠌ᠭᠡᠮ ᠲᠣᠭᠣᠷᠢᠭ᠎ᠤᠨ ᠰᠣᠶᠣᠯ ᠲᠠᠮᠢᠷ᠎ᠤᠨ ᠬᠥᠳᠡᠯᠭᠡᠭᠡᠨ᠎ᠳᠤ ᠣᠷᠤᠯᠴᠠᠬᠤ᠎ᠠᠴᠠ ᠭᠠᠳᠠᠨ᠎ᠠ ᠪᠠᠰᠠ ᠦᠷᠭᠦᠯᠵᠢ ᠬᠣᠲᠠ᠂ ᠬᠣᠰᠢᠭᠤᠨ᠎ᠤ ᠡᠷᠭᠢᠯᠡᠭᠰᠡᠨ ᠠᠨᠳᠠᠢ ᠪᠥᠵᠢᠭ᠎ᠤᠨ ᠤᠷᠤᠯᠳᠤᠭ᠋ᠠᠨ᠎ᠳᠤ ᠣᠷᠣᠯᠴᠠᠵᠤ᠂ ᠠᠨᠳᠠᠢ ᠪᠥᠵᠢᠭ᠎ᠤᠨ ᠴᠣᠭ ᠵᠢᠪᠬᠤᠭ᠎ᠠ᠎ᠪᠠᠨ ᠭᠠᠢ᠌ᠬᠠᠭᠤᠯᠳᠠᠭ᠃ 《ᠠᠨᠳᠠᠢ ᠪᠥᠵᠢᠭ᠎ᠤᠨ ᠤᠯᠠᠮᠵᠢᠯᠠᠭᠴᠢ ᠪᠣᠯᠤᠭᠰᠠᠨ᠎ᠤ ᠬᠤᠪᠢ᠎ᠳᠤ ᠠᠨᠳᠠᠢ ᠪᠥᠵᠢᠭ᠎ᠢ ᠬᠠᠮᠠᠭ᠋ᠠᠯᠠᠨ ᠤᠯᠠᠮᠵᠢᠯᠠᠬᠤ ᠪᠣᠯ ᠮᠢᠨᠤ ᠬᠠᠷᠢᠭᠤᠴᠠᠯᠭ᠎ᠠ ᠮᠥᠨ᠂ ᠬᠣᠢ᠌ᠰᠢᠳᠠ ᠪᠢ ᠪᠠᠢ᠌ᠭᠤᠯᠭ᠎ᠠ ᠨᠢᠭᠡᠴᠢ᠂ ᠭᠠᠴᠠᠭ᠎ᠠ ᠲᠣᠰᠬᠣᠨ᠂ ᠨᠡᠢ᠌ᠭᠡᠮ ᠲᠣᠭᠣᠷᠢᠭ ᠪᠣᠯᠣᠨ ᠰᠤᠷᠭ᠋ᠠᠭᠤᠯᠢ᠎ᠳᠤ ᠢᠳᠡᠪᠬᠢᠲᠡᠢ᠎ᠪᠠᠷ ᠭᠦᠨᠵᠡᠭᠡᠢ᠌ᠷᠡᠵᠦ᠂ ᠳᠦᠷᠢᠮᠵᠢᠭᠦᠨ ᠬᠥᠳᠡᠯᠦᠯ᠎ᠢ ᠤᠯᠠᠮᠵᠢᠯᠠᠵᠤ᠂ ᠠᠨᠳᠠᠢ ᠪᠥᠵᠢᠭ᠎ᠢ ᠨᠡᠩ ᠰᠠᠢ᠌ᠲᠤᠷ ᠬᠠᠮᠠᠭ᠋ᠠᠯᠠᠨ ᠤᠯᠠᠮᠵᠢᠯᠠᠨ᠎ᠠ》 ᠭᠡᠵᠦ ᠯᠢᠦ ᠬᠠᠰᠤᠨᠴᠢᠮᠡᠭ ᠶᠠᠷᠢᠨ᠎ᠠ᠃
ᠠᠨᠳᠠᠢ ᠤᠷᠠᠯᠢᠭ᠎ᠢ ᠨᠡᠩ ᠥᠷᠭᠡᠨ ᠵᠶ᠋ᠡᠷ ᠤᠯᠠᠮᠵᠢᠯᠠᠬᠤ ᠵᠢᠨ ᠲᠥᠯᠥᠭᠡ᠂ ᠬᠦᠷᠢᠶ᠎ᠡ ᠬᠣᠰᠢᠭᠤ ᠠᠨᠳᠠᠢ ᠪᠥᠵᠢᠭ᠎ᠢ ᠠᠨᠳᠠᠢ ᠪᠡᠶ᠎ᠡ ᠴᠢᠭᠢᠷᠠᠭᠵᠢᠭᠤᠯᠬᠤ ᠲᠠᠮᠢᠷ ᠪᠣᠯᠭ᠋ᠠᠨ ᠥᠭᠡᠷᠡᠴᠢᠯᠡᠨ ᠵᠣᠬᠢᠶᠠᠵᠤ᠂ ᠰᠤᠷᠤᠬ᠍ᠴᠢᠳ᠎ᠤᠨ ᠬᠢᠴᠢᠶᠡᠯ᠎ᠤᠨ ᠵᠠᠪᠰᠠᠷᠯᠠᠭ᠎ᠠ ᠵᠢᠨ ᠲᠠᠮᠢᠷ ᠪᠣᠯᠭ᠋ᠠᠨ ᠪᠦᠭᠦ ᠬᠣᠰᠢᠭᠤᠨ᠎ᠤ ᠡᠯ᠎ᠡ ᠳᠤᠮᠳᠠᠳᠤ ᠪᠠᠭ᠎ᠠ ᠰᠤᠷᠭ᠋ᠠᠭᠤᠯᠢ ᠪᠠ ᠬᠡᠦᠬᠡᠳ᠎ᠤᠨ ᠴᠡᠴᠡᠷᠯᠢᠭ᠎ᠲᠤ ᠳᠡᠯᠭᠡᠷᠡᠭᠦᠯᠵᠡᠢ᠃ ᠬᠦᠷᠢᠶ᠎ᠡ ᠪᠠᠯᠭ᠋ᠠᠰᠤᠨ᠎ᠤ ᠭᠤᠷᠪᠠᠨᠭᠡᠷ ᠰᠤᠷᠭ᠋ᠠᠭᠤᠯᠢ᠎ᠳᠤ᠂ ᠬᠢᠴᠢᠶᠡᠯ᠎ᠤᠨ ᠵᠠᠪᠰᠠᠷᠯᠠᠭ᠎ᠠ ᠵᠢᠨ ᠪᠡᠶ᠎ᠡ ᠵᠢᠨ ᠲᠠᠮᠢᠷ᠎ᠤᠨ ᠴᠠᠭ ᠪᠤᠯᠬᠤ ᠪᠦᠷᠢ ᠰᠤᠷᠤᠬ᠍ᠴᠢᠳ ᠲᠡᠷᠢ ᠲᠡᠭᠰᠢ ᠮᠥᠷᠯᠡᠨ ᠵᠢᠭᠰᠠᠵᠤ᠂ ᠢᠷᠠᠭᠤ ᠰᠠᠢ᠌ᠬᠠᠨ ᠬᠥᠭᠵᠢᠮ᠎ᠤᠨ ᠠᠶ᠎ᠠ ᠵᠢ ᠳᠠᠭ᠋ᠠᠵᠤ᠂ ᠭᠠᠷ᠎ᠲᠠᠬᠢ ᠤᠯᠠᠭ᠋ᠠᠨ ᠲᠣᠷᠭ᠎ᠠ᠎ᠪᠠᠨ ᠬᠤᠷᠤᠢ᠌ᠯᠵᠠᠭᠤᠯᠵᠤ᠂ ᠠᠨᠳᠠᠢ ᠪᠡᠶ᠎ᠡ ᠴᠢᠭᠢᠷᠠᠭᠵᠢᠭᠤᠯᠬᠤ ᠲᠠᠮᠢᠷ᠎ᠢ ᠪᠥᠵᠢᠭᠯᠡᠵᠦ᠂ ᠠᠨᠳᠠᠢ ᠤᠷᠠᠯᠢᠭ᠎ᠤᠨ ᠠᠪᠴᠢᠷᠠᠭᠰᠠᠨ ᠪᠠᠶᠠᠷ ᠪᠠᠶᠠᠰᠤᠯ᠎ᠢ ᠬᠠᠮᠲᠤ᠎ᠪᠠᠷ ᠡᠳ᠋ᠯᠡᠨ᠎ᠡ᠃ ᠰᠤᠷᠤᠬ᠍ᠴᠢ ᠸᠠᠩ ᡁᠢ ᠰᠢᠶᠠ ᠬᠡᠯᠡᠭᠰᠡᠨ᠎ᠨᠢ᠄ 《ᠪᠠᠭ᠎ᠠ ᠰᠤᠷᠭ᠋ᠠᠭᠤᠯᠢ ᠵᠢᠨ ᠨᠢᠭᠡᠳᠦᠭᠡᠷ ᠣᠨ᠎ᠠᠴᠠ ᠡᠬᠢᠯᠡᠭᠡᠳ ᠪᠢᠳᠡ ᠠᠨᠳᠠᠢ ᠪᠥᠵᠢᠭ ᠪᠥᠵᠢᠭᠯᠡᠭᠡᠳ ᠨᠢᠭᠡᠨᠲᠡ 4 ᠵᠢᠯ ᠪᠣᠯᠵᠤ ᠪᠠᠢ᠌ᠨ᠎ᠠ᠂ ᠮᠢᠨᠤ ᠦᠵᠡᠬᠦ᠎ᠪᠠᠷ ᠠᠨᠳᠠᠢ ᠪᠥᠵᠢᠭ ᠪᠥᠵᠢᠭᠯᠡᠬᠦ᠎ᠨᠢ ᠪᠡᠶ᠎ᠡ ᠮᠠᠬᠠᠪᠤᠳ᠎ᠢ ᠪᠤᠯᠪᠠᠰᠤᠷᠠᠭᠤᠯᠬᠤ᠎ᠪᠠᠷ ᠪᠠᠷᠠᠬᠤ ᠦᠭᠡᠢ ᠪᠠᠰᠠ ᠪᠢᠳᠡᠨ᠎ᠳᠤ ᠦᠨᠳᠦᠰᠦᠲᠡᠨ᠎ᠤ ᠰᠣᠶᠣᠯ᠎ᠢ ᠨᠡᠩ ᠰᠠᠢ᠌ᠨ ᠣᠢ᠌ᠯᠠᠭ᠋ᠠᠭᠤᠯᠵᠤ ᠴᠢᠳᠠᠨ᠎ᠠ》 ᠭᠡᠵᠡᠢ᠃
ᠠᠨᠳᠠᠢ ᠪᠥᠵᠢᠭ᠎ᠤᠨ ᠬᠢᠴᠢᠶᠡᠯ᠎ᠤᠨ ᠵᠠᠪᠰᠠᠷᠯᠠᠭ᠎ᠠ ᠵᠢᠨ ᠲᠠᠮᠢᠷ᠎ᠢ ᠳᠡᠯᠭᠡᠷᠡᠭᠦᠯᠬᠦ ᠵᠢᠨ ᠲᠥᠯᠥᠭᠡ᠂ ᠭᠤᠷᠪᠠᠨᠭᠡᠷ ᠰᠤᠷᠭ᠋ᠠᠭᠤᠯᠢ ᠵᠢᠨ᠎ᠬᠢᠨ ᠪᠠᠰᠠ ᠲᠣᠭᠲᠠᠮᠠᠯ ᠬᠤᠭᠤᠴᠠᠭ᠎ᠠ᠎ᠲᠠᠢ᠎ᠪᠠᠷ ᠲᠤᠰᠬᠠᠢ ᠮᠡᠷᠭᠡᠵᠢᠯ᠎ᠤᠨ ᠪᠥᠵᠢᠭ᠎ᠤᠨ ᠪᠠᠭᠰᠢ ᠵᠢ ᠲᠣᠬᠢᠷᠠᠭᠤᠯᠤᠨ ᠰᠤᠷᠤᠬ᠍ᠴᠢᠳ᠎ᠢ ᠬᠠᠪᠰᠤᠷᠤᠨ ᠵᠢᠯᠤᠭᠣᠳᠴᠤ᠂ ᠳᠦᠷᠢᠮᠵᠢᠭᠦᠨ ᠪᠤᠰᠤ ᠬᠥᠳᠡᠯᠦᠯ᠎ᠢ ᠴᠠᠭ ᠲᠤᠬᠠᠢᠳᠤᠨᠢ ᠵᠠᠯᠠᠷᠠᠭᠤᠯᠳᠠᠭ᠃ ᠣᠳᠣᠬᠠᠨ᠎ᠳᠤ᠂ ᠲᠤᠰ ᠰᠤᠷᠭ᠋ᠠᠭᠤᠯᠢ ᠵᠢᠨ ᠰᠤᠷᠤᠬ᠍ᠴᠢᠳ ᠠᠨᠳᠠᠢ ᠪᠥᠵᠢᠭ᠎ᠤᠨ ᠬᠥᠳᠡᠯᠦᠯ ᠪᠠᠷᠢᠯ᠎ᠢ ᠪᠣᠯᠪᠠᠰᠤᠷᠠᠩᠭᠤᠢ ᠡᠵᠡᠮᠰᠢᠵᠦ᠂ ᠡᠨᠡ ᠬᠦ᠌ ᠬᠢᠴᠢᠶᠡᠯ᠎ᠤᠨ ᠵᠠᠪᠰᠠᠷᠯᠠᠭ᠎ᠠ ᠵᠢᠨ ᠲᠠᠮᠢᠷ᠎ᠲᠤ ᠨᠡᠡᠭ ᠳᠤᠷᠠᠲᠠᠢ ᠪᠣᠯᠤᠭᠰᠠᠨ ᠪᠠᠢ᠌ᠨ᠎ᠠ᠃
ᠣᠯᠠᠨ ᠵᠢᠯ᠎ᠤᠨ ᠲᠤᠷᠰᠢ᠂ ᠬᠦᠷᠢᠶ᠎ᠡ ᠬᠣᠰᠢᠭᠤ ᠠᠨᠳᠠᠢ ᠰᠣᠶᠣᠯ᠎ᠤᠨ ᠬᠠᠮᠠᠭ᠋ᠠᠯᠠᠯᠲᠠ ᠪᠠ ᠤᠯᠠᠮᠵᠢᠯᠠᠯ ᠵᠶ᠋ᠠᠨ ᠲᠠᠰᠤᠷᠠᠯᠲᠠ ᠦᠭᠡᠢ ᠴᠢᠩᠭ᠋ᠠᠳᠬᠠᠵᠤ᠂ ᠠᠨᠳᠠᠢ ᠪᠥᠵᠢᠭ᠎ᠤᠨ ᠲᠥᠯᠥᠭᠡᠯᠡᠬᠦ ᠴᠢᠨᠠᠷᠲᠠᠢ ᠤᠯᠠᠮᠵᠢᠯᠠᠭᠴᠢ ᠵᠢᠨ ᠱᠠᠪᠢ ᠡᠯᠰᠡᠬᠦ᠂ ᠱᠠᠪᠢ ᠰᠤᠷᠭ᠋ᠠᠬᠤ ᠵᠢ ᠵᠣᠷᠢᠭᠵᠢᠭᠤᠯᠵᠤ᠂ ᠤᠯᠠᠮᠵᠢᠯᠠᠯ᠎ᠤᠨ ᠴᠢᠨᠠᠷᠲᠠᠢ ᠦᠵᠡᠭᠦᠯᠭᠡ ᠵᠢᠨ ᠲᠣᠬᠯᠠᠯᠲᠠ ᠥᠷᠨᠢᠭᠦᠯᠵᠦ᠂ ᠠᠨᠳᠠᠢ ᠪᠥᠵᠢᠭ᠎ᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ᠂ ᠨᠡᠢ᠌ᠭᠡᠮ ᠲᠣᠭᠣᠷᠢᠭ᠎ᠲᠤ ᠣᠷᠣᠭᠤᠯᠬᠤ᠂ ᠠᠢ᠌ᠯ ᠲᠣᠰᠬᠣᠨ᠎ᠳᠤ ᠣᠷᠣᠭᠤᠯᠬᠤ᠂ ᠠᠭᠤᠳᠠᠮ ᠲᠠᠯᠠᠪᠠᠶ᠎ᠳᠤ ᠣᠷᠣᠭᠤᠯᠬᠤ 《ᠳᠥᠷᠪᠡ᠎ᠳᠤ ᠣᠷᠣᠭᠤᠯᠬᠤ》 ᠠᠵᠢᠯᠯᠠᠭ᠎ᠠ ᠵᠢ ᠯᠠᠪᠳᠠᠭᠤᠨ ᠪᠠᠲᠤᠲᠠᠢ ᠠᠬᠢᠭᠤᠯᠵᠤ᠂ ᠠᠨᠳᠠᠢ ᠪᠥᠵᠢᠭ᠎ᠤᠨ ᠨᠥᠯᠥᠭᠡᠯᠡᠬᠦ ᠬᠦᠴᠦᠨ᠂ ᠤᠯᠠᠮᠵᠢᠯᠠᠬᠤ ᠬᠦᠴᠦᠨ᠎ᠢ ᠤᠯᠠᠮ ᠨᠢᠭᠡ ᠠᠯᠬᠤᠮ ᠥᠷᠭᠡᠳᠬᠡᠨ᠂ ᠠᠨᠳᠠᠢ ᠰᠣᠶᠣᠯ᠎ᠢ ᠤᠯᠠᠮᠵᠢᠯᠠᠨ ᠵᠠᠯᠭ᠋ᠠᠮᠵᠢᠯᠠᠵᠤ ᠰᠢᠨ᠎ᠡ ᠵᠢ ᠡᠭᠦᠳᠬᠦ ᠳᠤᠮᠳᠠ ᠰᠢᠨ᠎ᠡ ᠠᠮᠢᠯᠠᠯ᠎ᠲᠠᠢ ᠪᠤᠯᠭ᠋ᠠᠵᠤ᠂ ᠤᠮᠠᠷᠠᠲᠤ ᠬᠢᠯᠢ ᠵᠢᠨ ᠰᠣᠶᠣᠯ᠎ᠤᠨ ᠨᠠᠷᠠᠲᠤ ᠲᠥᠷᠥᠯ ᠲᠡᠮᠳᠡᠭ᠎ᠢ ᠭᠠᠢ᠌ᠬᠠᠭᠤᠯᠪᠠ᠃
ᠣᠳᠣᠬᠠᠨ᠎ᠳᠤ᠂ ᠲᠣᠰ ᠬᠣᠰᠢᠭᠤᠨ᠎ᠳᠤ ᠤᠯᠤᠰ᠂ ᠥᠪᠡᠷᠲᠡᠭᠡᠨ ᠵᠠᠰᠠᠬᠤ ᠣᠷᠣᠨ᠂ ᠬᠣᠲᠠ᠂ ᠬᠣᠰᠢᠭᠤᠨ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠠᠨᠳᠠᠢ ᠪᠥᠵᠢᠭ᠎ᠤᠨ ᠲᠥᠯᠥᠭᠡᠯᠡᠬᠦ ᠴᠢᠨᠠᠷᠲᠠᠢ ᠤᠯᠠᠮᠵᠢᠯᠠᠭᠴᠢ 50 ᠬᠥᠮᠥᠨ ᠪᠠᠢ᠌ᠵᠤ᠂ ᠠᠨᠳᠠᠢ ᠪᠥᠵᠢᠭ᠎ᠢ ᠤᠯᠠᠮᠵᠢᠯᠠᠨ ᠰᠤᠷᠤᠯᠴᠠᠬᠤ ᠰᠤᠷᠭ᠋ᠠᠭᠤᠯᠢ 17 ᠪᠤᠶ᠃