ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
《ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠴᠢᠨᠠᠷ ᠰᠠᠶ᠋ᠢᠲᠠᠢ ᠠᠬᠢᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》᠎ᠤᠨ ᠲᠠᠶ᠋ᠢᠯᠤᠮᠵᠢ
ᠨᠡᠶᠢᠲᠡᠯᠡᠭᠰᠡᠨ ᠴᠠᠭ᠄ 2024-05-07


    ᠨᠢᠭᠡ᠂ ᠲᠥᠷᠥ ᠵᠢᠨ ᠪᠣᠳᠣᠯᠭ᠎ᠠ ᠵᠢᠨ ᠲᠡᠦᠬᠡᠲᠦ ᠠᠬᠤᠢ
   2022 ᠣᠨ᠎ᠳᠤ 《ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠬᠤ ᠠᠷᠪᠠᠨ ᠨᠢᠭᠡᠨ ᠵᠤᠷᠪᠤᠰ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢᠨ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》 (ᠳᠣᠷᠣᠭᠰᠢ 《ᠲᠠᠷᠢᠶᠠᠨ ᠭᠠᠵᠠᠷ᠎ᠤᠨ ᠠᠷᠪᠠᠨ ᠨᠢᠭᠡᠨ ᠵᠤᠷᠪᠤᠰ》 ᠭᠡᠵᠦ ᠲᠣᠪᠴᠢᠯᠠᠪᠠ)᠎ᠢ ᠨᠡᠶ᠋ᠢᠲᠡᠯᠡᠭᠰᠡᠨ᠎ᠤ ᠳᠠᠷᠠᠭ᠎ᠠ᠂ ᠮᠠᠨ᠎ᠤ ᠣᠷᠣᠨ᠎ᠢ ᠤᠳᠤᠷᠢᠳᠤᠨ ᠳᠠᠭ᠋ᠠᠭᠤᠯᠵᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠠᠵᠢᠯ᠎ᠢ ᠪᠥᠬᠦ ᠤᠯᠤᠰ᠎ᠤᠨ ᠡᠮᠦᠨ᠎ᠡ ᠡᠩᠨᠡᠭᠡᠨ᠎ᠳᠤ ᠣᠷᠣᠭᠤᠯᠤᠭ᠋ᠠᠳ ᠲᠠᠷᠢᠶᠠᠯᠠᠩ ᠬᠥᠳᠡᠭᠡ ᠲᠣᠰᠬᠤᠨ᠎ᠤ ᠶᠠᠮᠤᠨ᠎ᠤ ᠭᠦᠢ᠍ᠴᠡᠳ ᠨᠤᠲᠠᠯᠠᠯᠲᠠ ᠵᠢ ᠣᠯᠵᠠᠢ᠃ ᠡᠭᠦᠨ᠎ᠤ ᠬᠠᠮᠲᠤ᠂ ᠨᠠᠮ᠎ᠤᠨ ᠲᠥᠪ ᠬᠤᠷᠢᠶ᠎ᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠲᠤ ᠰᠢᠨ᠎ᠡ ᠱᠠᠭ᠋ᠠᠷᠳᠠᠯᠭ᠎ᠠ ᠳᠤᠷᠠᠳᠴᠤ᠂ ᠮᠠᠨ᠎ᠤ ᠣᠷᠣᠨ᠎ᠤ ᠠᠵᠢᠯ᠎ᠤᠨ ᠳᠤᠮᠳᠠ ᠪᠠᠰᠠ ᠮᠠᠰᠢ ᠣᠯᠠᠨ ᠰᠢᠨ᠎ᠡ ᠵᠠᠭᠪᠤᠷ᠎ᠤᠳ᠎ᠢ ᠳ᠋ᠦᠩᠨᠡᠨ᠂ ᠵᠠᠷᠢᠮ ᠰᠢᠨ᠎ᠡ ᠠᠰᠠᠭᠤᠳᠠᠯ᠎ᠤᠳ᠎ᠢ ᠢᠯᠡᠷᠡᠭᠦᠯᠦᠭᠰᠡᠨ ᠪᠠᠶ᠋ᠢᠨ᠎ᠠ᠃ 《ᠲᠠᠷᠢᠶᠠᠨ ᠭᠠᠵᠠᠷ᠎ᠤᠨ ᠠᠷᠪᠠᠨ ᠨᠢᠭᠡᠨ ᠵᠤᠷᠪᠤᠰ》᠎ᠢ ᠬᠡᠷᠡᠭᠵᠢᠭᠦᠯᠦᠭᠰᠡᠨ ᠦᠷ᠎ᠡ ᠪᠦᠲᠦᠮᠵᠢ ᠵᠢ ᠪᠥᠬᠦ ᠲᠠᠯ᠎ᠠ᠎ᠪᠠᠷ ᠦᠨᠡᠯᠡᠨ ᠵᠢᠱ᠌ᠢᠭᠰᠡᠨ ᠰᠠᠭᠤᠷᠢᠨ ᠳᠡᠭᠡᠷ᠎ᠡ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ 《ᠤᠷᠢᠳ ᠵᠶ᠋ᠠᠷ ᠪᠣᠰᠬᠠᠵᠤ ᠳᠠᠷᠠᠭ᠎ᠠ᠎ᠨᠢ ᠰᠢᠪᠲᠤᠯᠬᠤ》 ᠵᠠᠷᠴᠢᠮ ᠶᠣᠰᠣᠭ᠋ᠠᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ 《ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠴᠢᠨᠠᠷ ᠰᠠᠶ᠋ᠢᠲᠠᠢ ᠠᠬᠢᠭᠤᠯᠬᠤ ᠲᠤᠬᠠᠢ ᠮᠡᠳᠡᠭᠳᠡᠯ》 (ᠳᠣᠷᠣᠭᠰᠢ 《ᠮᠡᠳᠡᠭᠳᠡᠯ》 ᠭᠡᠵᠦ ᠲᠣᠪᠴᠢᠯᠠᠪᠠ)᠎ᠢ ᠳᠠᠷᠤᠮᠠᠯᠯᠠᠨ ᠲᠠᠷᠬᠠᠭ᠋ᠠᠭ᠋ᠠᠳ᠂ 《ᠲᠠᠷᠢᠶᠠᠨ ᠭᠠᠵᠠᠷ᠎ᠤᠨ ᠠᠷᠪᠠᠨ ᠨᠢᠭᠡᠨ ᠵᠤᠷᠪᠤᠰ》᠎ᠢ ᠰᠢᠨᠡᠳᠬᠡᠨ ᠲᠡᠭᠦᠯᠳᠡᠷᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ᠎ᠪᠠᠷ ᠰᠠᠭᠤᠷᠢ ᠪᠣᠯᠭ᠋ᠠᠨ᠂ 《ᠡᠷᠭᠢᠯᠳᠦᠭᠦᠯᠬᠦ — ᠳᠠᠷᠢᠬᠤ — ᠪᠣᠯᠪᠠᠰᠤᠷᠠᠭᠤᠯᠬᠤ — ᠦᠢ᠍ᠯᠡᠴᠢᠯᠡᠬᠦ — ᠡᠵᠡᠩᠨᠡᠨ ᠪᠣᠷᠣᠯᠠᠭᠤᠯᠬᠤ》 ᠪᠥᠬᠦ ᠬᠡᠯᠬᠢᠶ᠎ᠡ ᠵᠢ ᠨᠠᠪᠲᠠᠷᠡᠭᠦᠯᠵᠦ᠂ ᠲᠠᠷᠢᠶᠠᠯᠠᠩ ᠦᠢ᠍ᠯᠡᠳᠪᠦᠷᠢᠯᠡᠯ᠎ᠤᠨ ᠠᠷᠭ᠎ᠠ ᠬᠡᠯᠪᠡᠷᠢ ᠵᠢᠨ ᠶᠡᠭᠡ ᠬᠤᠪᠢᠰᠤᠯᠲᠠ ᠵᠢ ᠠᠬᠢᠭᠤᠯᠵᠠᠢ᠃
    ᠬᠤᠶᠠᠷ᠂ 《ᠲᠠᠷᠢᠶᠠᠨ ᠭᠠᠵᠠᠷ᠎ᠤᠨ ᠠᠷᠪᠠᠨ ᠨᠢᠭᠡᠨ ᠵᠤᠷᠪᠤᠰ》᠎ᠲᠠᠢ ᠬᠠᠷᠢᠴᠠᠭᠤᠯᠪᠠᠯ ᠶᠠᠮᠠᠷ ᠶᠠᠮᠠᠷ ᠬᠤᠪᠢᠷᠠᠯᠲᠠ᠎ᠲᠠᠢ ᠪᠤᠢ?
   《ᠮᠡᠳᠡᠭᠳᠡᠯ》᠎ᠳᠤ 11 ᠵᠦᠢ᠍ᠯ᠎ᠤᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢᠨ ᠲᠤᠭ᠎ᠠ ᠵᠢ ᠬᠤᠪᠢᠷᠠᠭᠤᠯᠬᠤ ᠦᠭᠡᠢ ᠪᠠᠶ᠋ᠢᠬᠤ ᠵᠢ ᠪᠠᠲᠤᠯᠠᠵᠤ᠂ ᠭᠤᠣᠯᠳᠠᠭᠤ ᠲᠥᠷᠥ ᠵᠢᠨ ᠪᠣᠳᠣᠯᠭ᠎ᠠ ᠵᠢᠨ ᠲᠥᠰᠥᠪᠯᠡᠯ᠎ᠤᠨ ᠲᠠᠯ᠎ᠠ᠎ᠪᠠᠷ ᠰᠢᠯᠢᠳᠡᠭᠵᠢᠭᠦᠯᠪᠡ᠃ ᠨᠢᠭᠡ᠎ᠳᠤ ᠦᠨᠡᠯᠡᠨ ᠵᠢᠱ᠌ᠢᠯᠲᠡ᠎ᠳᠤ ᠣᠷᠣᠰᠢᠵᠤ ᠪᠠᠶ᠋ᠢᠭ᠎ᠠ 30 ᠵᠦᠢ᠍ᠯ᠎ᠤᠨ ᠠᠰᠠᠭᠤᠳᠠᠯ᠎ᠢ ᠦᠨᠳᠦᠰᠦᠯᠡᠨ᠂ 34 ᠵᠦᠢ᠍ᠯ᠎ᠤᠨ ᠬᠠᠨᠳᠤᠯᠭ᠋ᠠᠲᠤ ᠴᠢᠨᠠᠷᠲᠠᠢ ᠠᠷᠭ᠎ᠠ ᠬᠡᠮᠵᠢᠶ᠎ᠡ ᠵᠢ ᠨᠡᠮᠡᠪᠡ᠃ ᠬᠤᠶᠠᠷ᠎ᠲᠤ ᠡᠯ᠎ᠡ ᠭᠠᠵᠠᠷ᠎ᠤᠨ ᠨᠡᠶ᠋ᠢᠲᠡᠯᠢᠭ ᠲᠤᠷᠰᠢᠯᠭ᠎ᠠ᠎ᠨᠤᠭᠤᠳ᠎ᠲᠠᠢ ᠤᠶᠠᠯᠳᠤᠭᠤᠯᠤᠨ᠂ ᠠᠵᠢᠯ ᠬᠦᠳᠡᠯᠮᠦᠷᠢ᠎ᠪᠠᠷ ᠲᠡᠳᠬᠦᠮᠵᠢ ᠵᠢ ᠣᠷᠣᠯᠠᠭᠤᠯᠬᠤ᠂ ᠪᠠᠶ᠋ᠢᠭᠤᠯᠬᠤ ᠬᠠᠮᠢᠶᠠᠷᠬᠤ ᠡᠵᠡᠩᠨᠡᠬᠦ ᠵᠢ ᠨᠢᠭᠡ ᠴᠣᠭᠴᠠᠵᠢᠭᠤᠯᠬᠤ ᠵᠡᠷᠭᠡ ᠨᠡᠶ᠋ᠢᠲᠡᠯᠢᠭ ᠵᠠᠭᠪᠤᠷ᠎ᠤᠳ᠎ᠤᠨ ᠣᠯᠠᠰᠢᠷᠠᠬᠤ ᠵᠢ ᠠᠬᠢᠭᠤᠯᠪᠠ᠃ ᠭᠤᠷᠪᠠ᠎ᠳᠤ ᠲᠥᠷᠥ ᠵᠢᠨ ᠪᠣᠳᠣᠯᠭ᠎ᠠ ᠵᠢᠨ ᠬᠤᠭᠤᠴᠠᠭ᠋ᠠᠲᠤ ᠴᠢᠨᠠᠷ᠎ᠢ ᠳᠡᠭᠡᠭᠰᠢᠯᠡᠭᠦᠯᠦᠨ᠂ ᠣᠲᠣ ᠵᠢᠨ ᠬᠡᠷᠡᠭᠵᠢᠭᠦᠯᠵᠦ ᠪᠠᠶ᠋ᠢᠭ᠎ᠠ ᠪᠢᠴᠢᠭ ᠮᠠᠲ᠋ᠧᠷᠢᠶᠠᠯ᠎ᠳᠠᠬᠢ ᠬᠤᠯᠪᠣᠭ᠋ᠠᠲᠤ ᠴᠣᠭᠴᠠ ᠵᠢᠨ ᠳᠠᠭ᠋ᠠᠭ᠋ᠠᠴᠢᠯᠠᠯᠲᠠ ᠬᠦᠯᠢᠶᠡᠬᠦ ᠵᠢ ᠴᠠᠭ᠋ᠠᠵᠠᠯᠠᠬᠤ ᠵᠡᠷᠭᠡ ᠬᠤᠶᠠᠷ ᠵᠦᠢ᠍ᠯ᠎ᠤᠨ ᠠᠷᠭ᠎ᠠ ᠬᠡᠮᠵᠢᠶ᠎ᠡ ᠵᠢ ᠬᠠᠰᠤᠵᠤ᠂ ᠬᠡᠰᠡᠭ ᠬᠠᠷᠢᠭᠤᠴᠠᠬᠤ ᠨᠢᠭᠡᠴᠢ ᠵᠢ ᠲᠣᠬᠢᠷᠠᠭᠤᠯᠪᠠ᠃
    ᠭᠤᠷᠪᠠ᠂ ᠭᠤᠣᠯ ᠠᠭᠤᠯᠭ᠎ᠠ
   《ᠮᠡᠳᠡᠭᠳᠡᠯ》᠎ᠳᠤ ᠨᠡᠶ᠋ᠢᠲᠡ ᠠᠷᠪᠠᠨ ᠨᠢᠭᠡᠨ ᠲᠠᠯ᠎ᠠ ᠵᠢ ᠪᠠᠭᠲᠠᠭ᠋ᠠᠵᠤ᠂ 《ᠳᠥᠷᠪᠡ ᠵᠢ ᠲᠣᠭᠲᠠᠭ᠋ᠠᠬᠤ ᠳᠥᠷᠪᠡ ᠵᠢ ᠠᠳᠬᠤᠬᠤ ᠭᠤᠷᠪᠠ ᠵᠢ ᠪᠠᠲᠤᠯᠠᠬᠤ》 ᠵᠢ ᠢᠯᠡᠷᠡᠭᠦᠯᠪᠡ᠃ 《ᠳᠥᠷᠪᠡ ᠵᠢ ᠲᠣᠭᠲᠠᠭ᠋ᠠᠬᠤ》 ᠪᠣᠯ 《ᠪᠠᠷᠢᠮᠵᠢᠶ᠎ᠠ ᠵᠢ ᠲᠣᠭᠲᠠᠭ᠋ᠠᠬᠤ᠂ ᠵᠠᠭᠪᠤᠷ᠎ᠢ ᠲᠣᠭᠲᠠᠭ᠋ᠠᠬᠤ᠂ ᠬᠠᠷᠢᠭᠤᠴᠠᠯᠭ᠎ᠠ ᠵᠢ ᠲᠣᠭᠲᠠᠭ᠋ᠠᠬᠤ᠂ ᠱᠠᠩᠨᠠᠯ᠎ᠢ ᠲᠣᠭᠲᠠᠭ᠋ᠠᠬᠤ》᠂ 《ᠳᠥᠷᠪᠡ ᠵᠢ ᠠᠳᠬᠤᠬᠤ》 ᠪᠣᠯ 《ᠲᠥᠰᠥᠪᠯᠡᠯ᠎ᠢ ᠠᠳᠬᠤᠬᠤ᠂ ᠳᠠᠭ᠋ᠠᠭ᠋ᠠᠴᠢᠯᠠᠯᠲᠠ ᠵᠠᠷᠯᠠᠬᠤ ᠵᠢ ᠠᠳᠬᠤᠬᠤ᠂ ᠰᠢᠯᠭ᠋ᠠᠨ ᠠᠪᠬᠤ ᠵᠢ ᠠᠳᠬᠤᠬᠤ᠂ ᠬᠠᠮᠢᠶᠠᠷᠤᠨ ᠬᠠᠮᠠᠭ᠋ᠠᠯᠠᠬᠤ ᠵᠢ ᠠᠳᠬᠤᠬᠤ》᠂ 《ᠭᠤᠷᠪᠠ ᠵᠢ ᠪᠠᠲᠤᠯᠠᠬᠤ》 ᠪᠣᠯ 《ᠪᠡᠯᠡ ᠮᠥᠩᠭᠦᠨ᠎ᠤ ᠪᠠᠲᠤᠯᠠᠭ᠎ᠠ᠂ ᠶᠠᠰᠤ ᠴᠢᠨᠠᠷ᠎ᠤᠨ ᠪᠠᠲᠤᠯᠠᠭ᠎ᠠ᠂ ᠲᠣᠭᠲᠠᠴᠠ ᠵᠢᠨ ᠪᠠᠲᠤᠯᠠᠭ᠎ᠠ》 ᠪᠣᠯᠣᠨ᠎ᠠ᠃
   (ᠨᠢᠭᠡ) ᠳᠥᠷᠪᠡ ᠵᠢ ᠲᠣᠭᠲᠠᠭ᠋ᠠᠬᠤ᠃ ᠨᠢᠭᠡ᠎ᠳᠤ ᠪᠠᠷᠢᠮᠵᠢᠶ᠎ᠠ ᠵᠢ ᠲᠣᠭᠲᠠᠭ᠋ᠠᠬᠤ᠂ ᠲᠤᠬᠠᠶ᠋ᠢᠯᠠᠪᠠᠯ 《ᠨᠥᠬᠦᠪᠦᠷᠢ ᠥᠭᠬᠦ ᠪᠠᠷᠢᠮᠵᠢᠶ᠎ᠠ ᠵᠢ ᠵᠦᠢ ᠵᠣᠬᠢᠰᠲᠠᠢ ᠲᠣᠭᠲᠠᠭ᠋ᠠᠵᠤ》᠂ ᠨᠢᠭᠡᠳᠦᠯᠲᠡᠢ ᠲᠥᠯᠥᠪᠯᠡᠬᠦ ᠪᠡᠯᠡ ᠮᠥᠩᠭᠦᠨ᠎ᠤ ᠠᠷᠭ᠎ᠠ ᠵᠠᠮ᠎ᠢ ᠲᠣᠳᠣᠷᠬᠠᠶ᠋ᠢᠯᠠᠨ᠂ ᠬᠤᠲᠠ ᠰᠢᠶᠠᠨ᠎ᠤ ᠢᠵᠢ ᠲᠥᠬᠦᠷ ᠬᠠᠷᠢᠭᠤᠴᠠᠯᠭ᠎ᠠ ᠵᠢ ᠬᠦᠴᠦᠨ ᠦᠭᠡᠢ ᠪᠣᠯᠭ᠋ᠠᠵᠤ᠂ ᠵᠦᠷᠢᠶᠡᠴᠢᠯᠡᠭᠰᠡᠨ ᠨᠥᠬᠦᠪᠦᠷᠢ ᠪᠠ ᠪᠡᠯᠡ ᠴᠤᠭᠯᠠᠭᠤᠯᠤᠨ ᠬᠥᠳᠡᠯᠮᠦᠷᠢ ᠣᠷᠣᠭᠤᠯᠬᠤ ᠵᠢ ᠬᠡᠷᠡᠭᠵᠢᠭᠦᠯᠦᠨ᠂ ᠲᠠᠷᠢᠶᠠᠯᠠᠩ᠎ᠳᠤ ᠬᠤᠯᠪᠣᠭᠳᠠᠬᠤ ᠪᠡᠯᠡ ᠮᠥᠩᠭᠦ ᠪᠠ ᠨᠡᠶ᠋ᠢᠭᠡᠮ᠎ᠤᠨ ᠬᠥᠷᠥᠩᠭᠡ ᠵᠢ ᠨᠡᠶ᠋ᠢᠯᠡᠭᠦᠯᠦᠨ᠎ᠡ᠃ ᠬᠤᠶᠠᠷ᠎ᠲᠤ ᠵᠠᠭᠪᠤᠷ᠎ᠢ ᠲᠣᠭᠲᠠᠭ᠋ᠠᠬᠤ᠂ ᠲᠤᠬᠠᠶ᠋ᠢᠯᠠᠪᠠᠯ 《ᠨᠡᠮᠡᠭᠳᠡᠯ ᠭᠠᠵᠠᠷ᠎ᠤᠨ ᠳᠠᠯᠳᠠ ᠬᠦᠴᠦᠨ᠎ᠢ ᠠᠭᠤᠳᠠᠯᠵᠤ》᠂ 《ᠭᠤᠷᠪᠠ ᠵᠢ ᠬᠦᠴᠦᠨ ᠦᠭᠡᠢ ᠪᠣᠯᠭ᠋ᠠᠬᠤ ᠲᠠᠪᠤ ᠵᠢ ᠨᠢᠭᠡᠳᠬᠡᠬᠦ ᠨᠢᠭᠡ ᠵᠢ ᠰᠢᠨᠡᠳᠬᠡᠬᠦ》 ᠪᠦᠲᠦᠭᠡᠨ ᠪᠠᠶ᠋ᠢᠭᠤᠯᠤᠯᠲᠠ ᠵᠢᠨ ᠵᠠᠭᠪᠤᠷ᠎ᠢ ᠲᠣᠳᠣᠷᠬᠠᠢ ᠳᠡᠯᠭᠡᠷᠡᠭᠦᠯᠦᠨ᠂ 《ᠪᠠᠭ᠎ᠠ ᠲᠠᠷᠢᠶ᠎ᠠ ᠵᠢ ᠶᠡᠭᠡ ᠲᠠᠷᠢᠶ᠎ᠠ ᠪᠣᠯᠭ᠋ᠠᠬᠤ》 ᠵᠢ ᠪᠡᠶᠡᠯᠡᠭᠦᠯᠦᠨ᠎ᠡ᠃ ᠭᠤᠷᠪᠠ᠎ᠳᠤ ᠬᠠᠷᠢᠭᠤᠴᠠᠯᠭ᠎ᠠ ᠵᠢ ᠲᠣᠭᠲᠠᠭ᠋ᠠᠬᠤ᠂ ᠲᠤᠬᠠᠶ᠋ᠢᠯᠠᠪᠠᠯ 《ᠠᠵᠢᠯ᠎ᠤᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠵᠤ》᠂ ᠬᠤᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠭᠤᠣᠯ ᠴᠣᠭᠴᠠ ᠪᠣᠯᠭ᠋ᠠᠬᠤ ᠵᠢ ᠲᠣᠳᠣᠷᠬᠠᠶ᠋ᠢᠯᠠᠨ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠰᠠᠯᠠᠭ᠎ᠠ ᠮᠥᠴᠢᠷ ᠠᠵᠢᠯ ᠲᠥᠷᠥᠯ᠎ᠢ ᠬᠢᠨᠠᠨ ᠬᠠᠮᠢᠶᠠᠷᠴᠤ᠂ ᠣᠯᠠᠨ ᠲᠦᠮᠡᠨ᠎ᠢ ᠤᠳᠤᠷᠢᠳᠤᠨ ᠵᠢᠯᠤᠭᠤᠳᠴᠤ ᠣᠷᠣᠯᠴᠠᠭᠤᠯᠤᠨ᠎ᠠ᠃ ᠳᠥᠷᠪᠡ᠎ᠳᠤ ᠱᠠᠩᠨᠠᠯ᠎ᠢ ᠲᠣᠭᠲᠠᠭ᠋ᠠᠬᠤ᠂ ᠲᠤᠬᠠᠶ᠋ᠢᠯᠠᠪᠠᠯ 《ᠱᠠᠩᠨᠠᠬᠤ ᠲᠣᠭᠲᠠᠴᠠ ᠵᠢ ᠪᠠᠶ᠋ᠢᠭᠤᠯᠵᠤ》᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤ ᠵᠢᠯ ᠪᠦᠷᠢ 2000 ᠲᠦᠮᠡᠨ ᠲᠥᠭᠦᠷᠢᠭ ᠲᠣᠬᠢᠷᠠᠭᠤᠯᠤᠨ᠂ ᠪᠦᠲᠦᠭᠡᠨ ᠪᠠᠶ᠋ᠢᠭᠤᠯᠤᠭᠰᠠᠨ ᠦᠷ᠎ᠡ ᠪᠦᠲᠦᠮᠵᠢ᠎ᠪᠠᠷ ᠰᠠᠶ᠋ᠢᠨ ᠬᠤᠰᠢᠭᠤ ᠰᠢᠶᠠᠨ ᠪᠠ ᠬᠠᠮᠢᠶᠠᠷᠴᠤ ᠬᠠᠮᠠᠭ᠋ᠠᠯᠠᠭᠰᠠᠨ ᠦᠷ᠎ᠡ ᠪᠦᠲᠦᠮᠵᠢ᠎ᠪᠠᠷ ᠰᠠᠶ᠋ᠢᠨ ᠭᠠᠴᠠᠭ᠎ᠠ ᠲᠣᠰᠬᠤᠨ᠎ᠤ ᠬᠠᠮᠲᠤ ᠨᠡᠶ᠋ᠢᠲᠡ ᠵᠢ ᠱᠠᠩᠨᠠᠨ᠎ᠠ᠃
   (ᠬᠤᠶᠠᠷ) ᠳᠥᠷᠪᠡ ᠵᠢ ᠠᠳᠬᠤᠬᠤ᠃ ᠨᠢᠭᠡ᠎ᠳᠤ ᠲᠥᠰᠥᠪᠯᠡᠯ᠎ᠢ ᠠᠳᠬᠤᠬᠤ᠂ ᠲᠤᠬᠠᠶ᠋ᠢᠯᠠᠪᠠᠯ 《ᠡᠮᠦᠨᠡᠬᠢ ᠬᠤᠭᠤᠴᠠᠭ᠋ᠠᠨ᠎ᠤ ᠠᠵᠢᠯ᠎ᠢ ᠰᠢᠯᠢᠳᠡᠭᠵᠢᠭᠦᠯᠵᠦ》᠂ ᠤᠷᠢᠳ ᠵᠶ᠋ᠠᠷ ᠪᠦᠲᠦᠭᠡᠨ ᠪᠠᠶ᠋ᠢᠭᠤᠯᠬᠤ ᠳᠠᠷᠠᠭ᠋ᠠᠯᠠᠯ᠎ᠢ ᠲᠣᠳᠣᠷᠬᠠᠶ᠋ᠢᠯᠠᠨ᠂ ᠤᠷᠢᠳᠴᠢᠯᠠᠨ ᠲᠥᠰᠥᠪᠯᠡᠬᠦ ᠵᠢ ᠠᠬᠢᠭᠤᠯᠵᠤ᠂ 《ᠤᠰᠤ ᠠᠷᠪᠢᠯᠠᠬᠤ ᠵᠢ ᠤᠷᠢᠳ ᠵᠶ᠋ᠠᠷ ᠪᠣᠳᠣᠯᠬᠢᠯᠠᠬᠤ》 ᠵᠢ ᠪᠠᠷᠢᠮᠲᠠᠯᠠᠵᠤ᠂ ᠵᠥᠪᠰᠢᠶᠡᠷᠡᠯ᠎ᠢ ᠬᠢᠨᠠᠨ ᠵᠥᠪᠰᠢᠶᠡᠷᠡᠬᠦ ᠰᠠᠭ᠋ᠠᠳ ᠦᠭᠡᠢ ᠨᠡᠪᠲᠡᠷᠡᠯ᠎ᠢ ᠨᠡᠭᠡᠭᠡᠵᠦ᠂ ᠭᠠᠵᠠᠷ ᠰᠣᠩᠭᠤᠬᠤ ᠲᠥᠰᠥᠪᠯᠡᠯ᠎ᠢ ᠲᠣᠰᠬᠤᠨ᠎ᠤ ᠠᠷᠠᠳ᠎ᠤᠨ ᠬᠤᠷᠠᠯ ᠵᠶ᠋ᠠᠷ ᠬᠢᠨᠠᠨ ᠲᠣᠭᠲᠠᠭ᠋ᠠᠯᠭ᠋ᠠᠬᠤ ᠵᠢ ᠱᠠᠭ᠋ᠠᠷᠳᠠᠨ᠎ᠠ᠃ ᠬᠤᠶᠠᠷ᠎ᠲᠤ ᠳᠠᠭ᠋ᠠᠭ᠋ᠠᠴᠢᠯᠠᠯᠲᠠ ᠵᠠᠷᠯᠠᠬᠤ ᠵᠢ ᠠᠳᠬᠤᠬᠤ᠂ ᠲᠤᠬᠠᠶ᠋ᠢᠯᠠᠪᠠᠯ 《ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠬᠦ ᠵᠢ ᠵᠢᠷᠤᠮᠵᠢᠭᠤᠯᠵᠤ》᠂ ᠪᠠᠷᠢᠯᠭ᠎ᠠ ᠵᠢᠨ ᠠᠵᠢᠯ᠎ᠤᠨ ᠳᠠᠭ᠋ᠠᠭ᠋ᠠᠴᠢᠯᠠᠯᠲᠠ ᠵᠢᠨ ᠬᠡᠰᠡᠭ᠎ᠤᠨ ᠳᠣᠣᠷᠠᠳᠤ ᠬᠢᠵᠠᠭ᠋ᠠᠷ᠎ᠢ ᠲᠣᠳᠣᠷᠬᠠᠶ᠋ᠢᠯᠠᠨ᠂ ᠡᠯᠧᠺᠳ᠋ᠷᠣᠨ ᠳᠠᠭ᠋ᠠᠭ᠋ᠠᠴᠢᠯᠠᠯᠲᠠ ᠵᠠᠷᠯᠠᠬᠤ᠂ ᠣᠨᠳᠣᠣ ᠭᠠᠵᠠᠷ᠎ᠲᠤ ᠳᠠᠭ᠋ᠠᠭ᠋ᠠᠴᠢᠯᠠᠯᠲᠠ ᠦᠨᠡᠯᠡᠬᠦ ᠪᠠ ᠥᠯᠢᠭᠡᠷ ᠬᠡᠪ ᠠᠪᠴᠤ ᠳᠠᠭ᠋ᠠᠭ᠋ᠠᠴᠢᠯᠠᠯᠲᠠ ᠵᠠᠷᠯᠠᠬᠤ ᠵᠢ ᠬᠡᠷᠡᠭᠵᠢᠭᠦᠯᠵᠦ᠂ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠨᠤᠭᠤᠳ᠎ᠲᠤ ᠴᠣᠬᠢᠯᠲᠠ ᠥᠭᠭᠦᠨ᠎ᠡ᠃ ᠭᠤᠷᠪᠠ᠎ᠳᠤ ᠰᠢᠯᠭ᠋ᠠᠨ ᠠᠪᠬᠤ ᠵᠢ ᠠᠳᠬᠤᠬᠤ᠂ ᠲᠤᠬᠠᠶ᠋ᠢᠯᠠᠪᠠᠯ 《ᠰᠢᠯᠭ᠋ᠠᠨ ᠠᠪᠴᠤ ᠬᠥᠮᠥᠷᠭᠡᠯᠡᠬᠦ ᠵᠢ ᠵᠢᠷᠤᠮᠵᠢᠭᠤᠯᠵᠤ》᠂ ᠡᠯ᠎ᠡ ᠱᠠᠲᠤᠨ᠎ᠤ ᠰᠢᠯᠭ᠋ᠠᠨ ᠠᠪᠬᠤ ᠬᠠᠷᠢᠴᠠᠯ᠎ᠢ ᠨᠡᠮᠡᠭᠳᠡᠭᠦᠯᠦᠨ᠂ ᠱᠠᠲᠤ ᠬᠤᠪᠢᠶᠠᠨ ᠵᠢᠷᠤᠭᠴᠢᠯᠠᠨ ᠬᠥᠮᠥᠷᠭᠡᠯᠡᠵᠦ᠂ ᠬᠢᠷᠢ ᠲᠡᠩᠴᠡᠬᠦ ᠦᠭᠡᠢ ᠵᠢ᠎ᠨᠢ ᠬᠤᠰᠢᠭᠤ ᠰᠢᠶᠠᠨ ᠥᠪᠡᠷ ᠵᠶ᠋ᠠᠨ ᠨᠥᠬᠦᠵᠦ ᠪᠠᠶ᠋ᠢᠭᠤᠯᠤᠨ᠎ᠠ᠃ ᠳᠥᠷᠪᠡ᠎ᠳᠤ ᠬᠠᠮᠢᠶᠠᠷᠴᠤ ᠬᠠᠮᠠᠭ᠋ᠠᠯᠠᠬᠤ ᠵᠢ ᠠᠳᠬᠤᠬᠤ᠂ ᠲᠤᠬᠠᠶ᠋ᠢᠯᠠᠪᠠᠯ ᠬᠤᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ ᠶᠡᠷᠦᠩᠬᠡᠢ ᠬᠠᠷᠢᠭᠤᠴᠠᠯᠭ᠎ᠠ ᠵᠢ ᠡᠭᠦᠷᠭᠡᠯᠡᠬᠦ ᠵᠢ ᠲᠣᠳᠣᠷᠬᠠᠶ᠋ᠢᠯᠠᠵᠤ᠂ 《ᠬᠡᠨ ᠬᠡᠷᠡᠭᠯᠡᠪᠡᠯ ᠬᠡᠨ ᠬᠠᠮᠢᠶᠠᠷᠴᠤ ᠬᠠᠮᠠᠭ᠋ᠠᠯᠠᠨ》᠂ ᠬᠠᠮᠢᠶᠠᠷᠴᠤ ᠬᠠᠮᠠᠭ᠋ᠠᠯᠠᠬᠤ ᠪᠡᠯᠡ ᠮᠥᠩᠭᠦ ᠵᠢ ᠣᠯᠠᠨ ᠬᠡᠯᠪᠡᠷᠢ᠎ᠪᠠᠷ ᠴᠤᠭᠯᠠᠭᠤᠯᠵᠤ᠂ ᠬᠤᠳᠳᠤᠭ᠎ᠤᠨ ᠳᠠᠷᠤᠭ᠎ᠠ ᠵᠢᠨ ᠳᠦᠷᠢᠮ᠂ ᠲᠠᠷᠢᠶᠠᠨ ᠭᠠᠵᠠᠷ᠎ᠤᠨ ᠳᠠᠷᠤᠭ᠎ᠠ ᠵᠢᠨ ᠳᠦᠷᠢᠮ᠂ ᠴᠠᠬᠢᠯᠭ᠋ᠠᠨ ᠬᠦᠴᠦᠨ᠎ᠤ ᠪᠡᠯᠡᠳᠬᠡᠮᠵᠢ ᠵᠢ ᠲᠥᠪᠯᠡᠷᠡᠭᠦᠯᠦᠨ ᠬᠠᠮᠢᠶᠠᠷᠴᠤ ᠬᠠᠮᠠᠭ᠋ᠠᠯᠠᠬᠤ ᠵᠡᠷᠭᠡ ᠬᠠᠮᠢᠶᠠᠷᠴᠤ ᠬᠠᠮᠠᠭ᠋ᠠᠯᠠᠬᠤ ᠵᠠᠭᠪᠤᠷ᠎ᠤᠳ᠎ᠢ ᠳᠡᠯᠭᠡᠷᠡᠭᠦᠯᠦᠨ᠎ᠡ᠃
   (ᠭᠤᠷᠪᠠ) ᠭᠤᠷᠪᠠᠨ ᠪᠠᠲᠤᠯᠠᠭ᠎ᠠ᠃ ᠨᠢᠭᠡ᠎ᠳᠤ ᠪᠡᠯᠡ ᠮᠥᠩᠭᠦᠨ᠎ᠤ ᠪᠠᠲᠤᠯᠠᠭ᠎ᠠ᠂ ᠳᠠᠷᠤᠢ 《ᠪᠡᠯᠡ ᠮᠥᠩᠭᠦᠨ᠎ᠤ ᠬᠠᠮᠢᠶᠠᠷᠤᠯᠲᠠ ᠵᠢ ᠴᠢᠩᠭ᠋ᠠᠳᠬᠠᠵᠤ》᠂ ᠲᠥᠰᠥᠯ᠎ᠤᠨ ᠪᠡᠯᠡ ᠣᠷᠣᠭᠤᠯᠤᠯᠲᠠ ᠵᠢ 《ᠨᠢᠭᠡ ᠭᠠᠵᠠᠷ᠎ᠢ ᠨᠢᠭᠡ ᠵᠥᠪᠯᠡᠵᠦ》᠂ ᠠᠷᠭ᠎ᠠ ᠬᠡᠮᠵᠢᠶᠡᠨ᠎ᠤ ᠲᠣᠬᠢᠷᠠᠭᠤᠯᠤᠯᠲᠠ᠎ᠳᠤ 《ᠶᠠᠭᠤ ᠳᠤᠲᠠᠪᠠᠯ ᠶᠠᠭᠤ ᠵᠢ ᠨᠥᠬᠦᠪᠦᠷᠢᠯᠡᠵᠦ》᠂ ᠲᠤᠰᠠᠭ᠋ᠠᠷ ᠵᠠᠷᠤᠳᠠᠯ᠎ᠤᠨ ᠳᠡᠭᠡᠳᠦ ᠬᠢᠵᠠᠭ᠋ᠠᠷ᠎ᠢ ᠴᠢᠩᠭ᠎ᠠ ᠡᠵᠡᠮᠳᠡᠨ᠂ ᠠᠬᠢᠴᠠ ᠵᠢᠨ ᠶᠣᠰᠣᠭ᠋ᠠᠷ ᠪᠠᠷᠢᠯᠭ᠎ᠠ ᠵᠢᠨ ᠵᠣᠭᠤᠰ᠎ᠢ ᠱᠠᠲᠤ ᠬᠤᠪᠢᠶᠠᠨ ᠥᠭᠭᠦᠨ᠎ᠡ᠃ ᠬᠤᠶᠠᠷ᠎ᠲᠤ ᠶᠠᠰᠤ ᠴᠢᠨᠠᠷ᠎ᠤᠨ ᠪᠠᠲᠤᠯᠠᠭ᠎ᠠ᠂ ᠲᠤᠬᠠᠶ᠋ᠢᠯᠠᠪᠠᠯ 《ᠪᠦᠲᠦᠭᠡᠨ ᠪᠠᠶ᠋ᠢᠭᠤᠯᠤᠯᠲᠠ ᠵᠢᠨ ᠶᠠᠰᠤ ᠴᠢᠨᠠᠷ᠎ᠢ ᠪᠠᠲᠤᠯᠠᠵᠤ》᠂ ᠵᠠᠰᠠᠭ᠎ᠤᠨ ᠣᠷᠳᠣᠨ᠎ᠤ ᠬᠢᠨᠠᠯᠲᠠ ᠬᠠᠮᠢᠶᠠᠷᠤᠯᠲᠠ᠂ ᠠᠵᠢᠯ ᠲᠥᠷᠥᠯ᠎ᠤᠨ ᠥᠪᠡᠷ᠎ᠤᠨ ᠱᠠᠭ᠋ᠠᠷᠳᠠᠯᠭ᠎ᠠ ᠪᠠ ᠣᠯᠠᠨ ᠲᠦᠮᠡᠨ᠎ᠤ ᠬᠢᠨᠠᠯᠲᠠ ᠲᠠᠯᠪᠢᠯᠲᠠ᠎ᠪᠠᠷ ᠳᠠᠮᠵᠢᠭᠤᠯᠤᠨ 《ᠨᠢᠭᠡ ᠵᠢ ᠪᠠᠶ᠋ᠢᠭᠤᠯᠪᠠᠯ ᠨᠢᠭᠡ ᠵᠢ ᠪᠦᠲᠦᠭᠡᠨ᠎ᠡ》᠃ ᠭᠤᠷᠪᠠ᠎ᠳᠤ ᠲᠣᠭᠲᠠᠴᠠ ᠵᠢᠨ ᠪᠠᠲᠤᠯᠠᠭ᠎ᠠ᠂ ᠲᠤᠬᠠᠶ᠋ᠢᠯᠠᠪᠠᠯ 《ᠥᠭᠡᠷᠡᠴᠢᠯᠡᠯᠲᠡ ᠰᠢᠨᠡᠴᠢᠯᠡᠯᠲᠡ ᠵᠢ ᠭᠦᠨᠵᠡᠭᠡᠶ᠋ᠢᠷᠡᠭᠦᠯᠵᠦ》᠂ ᠲᠠᠷᠢᠶᠠᠨ ᠭᠠᠵᠠᠷ᠎ᠲᠤ ᠴᠠᠬᠢᠯᠭ᠋ᠠᠨ ᠬᠠᠩᠭ᠋ᠠᠬᠤ ᠢᠨᠵᠧᠨᠧᠷᠢᠩ᠎ᠤᠨ 《ᠪᠠᠶ᠋ᠢᠭᠤᠯᠬᠤ ᠬᠠᠮᠢᠶᠠᠷᠬᠤ ᠡᠵᠡᠩᠨᠡᠬᠦ》 ᠵᠢ ᠨᠢᠭᠡ ᠴᠣᠭᠴᠠᠵᠢᠭᠤᠯᠬᠤ ᠵᠢ ᠳᠡᠯᠭᠡᠷᠡᠭᠦᠯᠵᠦ᠂ ᠠᠵᠢᠯ ᠬᠦᠳᠡᠯᠮᠦᠷᠢ᠎ᠪᠠᠷ ᠲᠡᠳᠬᠦᠮᠵᠢ ᠵᠢ ᠣᠷᠣᠯᠠᠭᠤᠯᠬᠤ ᠵᠢ ᠬᠡᠷᠡᠭᠵᠢᠭᠦᠯᠦᠨ᠂ 《ᠤᠷᠢᠳ ᠵᠶ᠋ᠠᠷ ᠪᠠᠶ᠋ᠢᠭᠤᠯᠵᠤ ᠳᠠᠷᠠᠭ᠎ᠠ᠎ᠨᠢ ᠨᠥᠬᠦᠪᠦᠷᠢᠯᠡᠬᠦ》 ᠪᠠ ᠨᠡᠶ᠋ᠢᠭᠡᠮᠴᠢᠯᠡᠭᠰᠡᠨ ᠦᠢ᠍ᠯᠡᠴᠢᠯᠡᠭᠡ ᠵᠢ ᠳᠡᠯᠭᠡᠷᠡᠭᠦᠯᠵᠦ᠂ ᠰᠢᠨ᠎ᠡ ᠮᠡᠷᠭᠡᠵᠢᠯ᠂ ᠰᠢᠨ᠎ᠡ ᠵᠠᠭᠪᠤᠷ᠎ᠤᠨ ᠣᠯᠠᠰᠢᠷᠠᠬᠤ ᠵᠢ ᠠᠬᠢᠭᠤᠯᠤᠨ᠎ᠠ᠃
   《ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠭᠰᠠᠨ᠎ᠤ ᠳᠠᠷᠠᠭ᠎ᠠ᠂ 《ᠲᠠᠷᠢᠶᠠᠨ ᠭᠠᠵᠠᠷ᠎ᠤᠨ ᠠᠷᠪᠠᠨ ᠨᠢᠭᠡᠨ ᠵᠤᠷᠪᠤᠰ》᠎ᠢ ᠵᠡᠷᠭᠡ᠎ᠳᠤ᠎ᠨᠢ ᠬᠦᠴᠦᠨ ᠦᠭᠡᠢ ᠪᠣᠯᠭ᠋ᠠᠨ᠎ᠠ᠃

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
《ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠰᠢᠯᠢᠳᠡᠭᠵᠢᠭᠦᠯᠦᠨ ᠵᠠᠰᠠᠭ ᠵᠠᠬᠢᠷᠭ᠋ᠠᠨ᠎ᠤ ᠴᠢᠳᠠᠮᠵᠢ ᠵᠢ ᠳᠡᠭᠡᠭᠰᠢᠯᠡᠭᠦᠯᠵᠦ 〈ᠥᠨᠳᠥᠷ ᠪᠦᠲᠦᠮᠵᠢᠲᠡᠶ᠎ᠪᠠᠷ ᠨᠢᠭᠡ ᠠᠵᠢᠯ ᠶᠠᠪᠤᠳᠠᠯ᠎ᠢ ᠭᠦᠢ᠍ᠴᠡᠳᠬᠡᠬᠦ〉 ᠵᠢ ᠠᠬᠢᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠡᠷᠡᠭᠵᠢᠭᠦᠯᠬᠦ ᠰᠠᠨᠠᠯ》᠎ᠤᠨ ᠲᠠᠶ᠋ᠢᠯᠤᠮᠵᠢ
ᠠᠵᠢᠯ ᠠᠯᠳᠠᠭᠰᠠᠨ ᠳᠠᠭ᠋ᠠᠳᠬᠠᠯ᠎ᠤᠨ ᠮᠥᠩᠭᠦ ᠠᠪᠴᠤ ᠥᠩᠭᠡᠷᠡᠭᠰᠡᠨ ᠪᠣᠯ ᠬᠤᠶ᠋ᠢᠰᠢ᠎ᠳᠠᠬᠢ ᠨᠠᠰᠤᠵᠢᠯ᠎ᠤᠨ ᠠᠰᠠᠷᠠᠮᠵᠢ ᠵᠢᠨ ᠮᠥᠩᠭᠦ ᠵᠢ ᠨᠥᠯᠥᠭᠡᠯᠡᠬᠦ ᠤᠤ?
《2024 ᠣᠨ᠎ᠤ ᠨᠡᠶ᠋ᠢᠭᠡᠮ᠎ᠤᠨ ᠠᠪᠤᠷᠠᠨ ᠲᠤᠰᠠᠯᠠᠬᠤ ᠪᠠᠷᠢᠮᠵᠢᠶᠠᠨ᠎ᠤ ᠬᠠᠮᠢᠶ᠎ᠠ ᠪᠥᠬᠦᠶ ᠵᠦᠢ᠍ᠯᠡᠰ᠎ᠤᠨ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ》᠎ᠤᠨ ᠲᠠᠶ᠋ᠢᠯᠤᠮᠵᠢ
ᠲᠡᠭᠦᠰᠬᠦ ᠰᠤᠷᠤᠭᠴᠢᠳ ᠳᠠᠩᠰᠠ ᠡᠪᠬᠡᠮᠡᠯ ᠵᠶ᠋ᠠᠨ ᠬᠡᠷᠬᠢᠨ ᠳᠠᠮᠵᠢᠭᠤᠯᠤᠨ ᠬᠦᠷᠭᠡᠬᠦ ᠪᠠ ᠬᠠᠳᠠᠭ᠋ᠠᠯᠠᠬᠤ ᠪᠤᠢ?
ᠠᠵᠤ ᠠᠬᠤᠢ᠌ᠯᠠᠯ᠎ᠤᠨ ᠣᠨ᠎ᠤ ᠮᠦᠩᠬᠦ ᠵᠢ ᠲᠦᠷᠭᠡᠳᠬᠡᠨ ᠬᠦᠭᠵᠢᠭᠦᠯᠬᠦ ᠲᠤᠬᠠᠢ ᠵᠢᠯᠤᠭᠤᠳᠬᠤ ᠰᠠᠨᠠᠯ
 
            