ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠠᠵᠢᠯ ᠠᠯᠳᠠᠭᠰᠠᠨ ᠳᠠᠭ᠋ᠠᠳᠬᠠᠯ᠎ᠤᠨ ᠮᠥᠩᠭᠦ ᠠᠪᠴᠤ ᠥᠩᠭᠡᠷᠡᠭᠰᠡᠨ ᠪᠣᠯ ᠬᠤᠶ᠋ᠢᠰᠢ᠎ᠳᠠᠬᠢ ᠨᠠᠰᠤᠵᠢᠯ᠎ᠤᠨ ᠠᠰᠠᠷᠠᠮᠵᠢ ᠵᠢᠨ ᠮᠥᠩᠭᠦ ᠵᠢ ᠨᠥᠯᠥᠭᠡᠯᠡᠬᠦ ᠤᠤ?
ᠨᠡᠶᠢᠲᠡᠯᠡᠭᠰᠡᠨ ᠴᠠᠭ᠄ 2024-05-23


    ᠬᠦᠳᠡᠯᠮᠦᠷᠢᠴᠢᠳ ᠠᠵᠢᠯ᠎ᠤᠨ ᠪᠠᠶ᠋ᠢᠷᠢᠨ᠎ᠳᠤ ᠪᠠᠶ᠋ᠢᠬᠤ ᠬᠤᠭᠤᠴᠠᠭ᠋ᠠᠨ᠎ᠳᠤ᠎ᠪᠠᠨ ᠠᠵᠢᠯ ᠠᠯᠳᠠᠭᠰᠠᠳ᠎ᠤᠨ ᠳᠠᠭ᠋ᠠᠳᠬᠠᠯ᠎ᠳᠤ ᠣᠷᠣᠯᠴᠠᠵᠤ᠂ ᠠᠵᠢᠯ ᠠᠯᠳᠠᠭᠰᠠᠨ᠎ᠤ ᠳᠠᠷᠠᠭ᠎ᠠ ᠬᠤᠯᠪᠣᠭᠳᠠᠯ ᠪᠦᠬᠦᠢ ᠨᠥᠬᠦᠴᠡᠯ᠎ᠳᠤ ᠨᠡᠶ᠋ᠢᠴᠡᠭᠰᠡᠨ ᠪᠠᠶ᠋ᠢᠪᠠᠯ᠂ ᠠᠵᠢᠯ ᠠᠯᠳᠠᠭᠰᠠᠨ ᠳᠠᠭ᠋ᠠᠳᠬᠠᠯ᠎ᠤᠨ ᠮᠥᠩᠭᠦ ᠠᠪᠴᠤ ᠪᠣᠯᠣᠨ᠎ᠠ᠃
    ᠭᠤᠶᠤᠴᠢᠯᠠᠨ ᠠᠪᠬᠤ ᠨᠥᠬᠦᠴᠡᠯ ᠵᠢᠴᠢ ᠪᠠᠷᠢᠮᠵᠢᠶ᠎ᠠ
   1 ᠵᠢᠯ᠎ᠠᠴᠠ ᠳᠡᠭᠡᠭᠰᠢ ᠳᠠᠭ᠋ᠠᠳᠬᠠᠯ᠎ᠤᠨ ᠰᠦᠢ᠍ᠳᠬᠡᠯ ᠲᠤᠰᠢᠶᠠᠭᠰᠠᠨ ᠪᠠᠶ᠋ᠢᠬᠤ
    ᠲᠤᠰ ᠬᠥᠮᠥᠨ᠎ᠤ ᠰᠠᠨᠠᠭ᠋ᠠᠨ᠎ᠠᠴᠠ ᠪᠤᠰᠤ ᠰᠢᠯᠲᠠᠭ᠋ᠠᠨ ᠵᠶ᠋ᠠᠷ ᠠᠵᠢᠯ ᠵᠶ᠋ᠠᠨ ᠲᠠᠰᠤᠯᠳᠠᠭᠤᠯᠤᠭᠰᠠᠨ
    ᠬᠥᠮᠥᠨ ᠬᠡᠷᠡᠭᠯᠡᠬᠦ ᠨᠢᠭᠡᠴᠢ ᠪᠠ ᠬᠤᠪᠢ ᠬᠥᠮᠥᠨ ᠳᠠᠭ᠋ᠠᠳᠬᠠᠯ᠎ᠤᠨ ᠰᠦᠢ᠍ᠳᠬᠡᠯ ᠲᠤᠰᠢᠶᠠᠭ᠋ᠠᠳ ᠨᠡᠶ᠋ᠢᠲᠡ ᠪᠦᠬᠦᠯᠢ 1 ᠵᠢᠯ ᠪᠣᠯᠣᠭᠰᠠᠨ ᠪᠣᠯᠪᠠᠴᠤ 5 ᠵᠢᠯ ᠪᠣᠯᠤᠭ᠎ᠠ ᠦᠭᠡᠢ ᠪᠣᠯ ᠬᠠᠮᠤᠭ ᠤᠷᠲᠤ᠎ᠳᠤ᠎ᠪᠠᠨ 12 ᠰᠠᠷ᠎ᠠ ᠠᠵᠢᠯ ᠠᠯᠳᠠᠭᠰᠠᠨ ᠳᠠᠭ᠋ᠠᠳᠬᠠᠯ᠎ᠤᠨ ᠮᠥᠩᠭᠦ ᠠᠪᠴᠤ ᠪᠣᠯᠣᠨ᠎ᠠ; ᠰᠦᠢ᠍ᠳᠬᠡᠯ ᠲᠤᠰᠢᠶᠠᠭ᠋ᠠᠳ ᠨᠡᠶ᠋ᠢᠲᠡ ᠪᠦᠬᠦᠯᠢ 5 ᠵᠢᠯ ᠪᠣᠯᠤᠭᠰᠠᠨ ᠪᠣᠯᠪᠠᠴᠤ 10 ᠵᠢᠯ ᠪᠣᠯᠤᠭ᠎ᠠ ᠦᠭᠡᠢ ᠪᠣᠯ ᠬᠠᠮᠤᠭ ᠤᠷᠲᠤ᠎ᠳᠤ᠎ᠪᠠᠨ 18 ᠰᠠᠷ᠎ᠠ ᠠᠵᠢᠯ ᠠᠯᠳᠠᠭᠰᠠᠨ ᠳᠠᠭ᠋ᠠᠳᠬᠠᠯ᠎ᠤᠨ ᠮᠥᠩᠭᠦ ᠠᠪᠴᠤ ᠪᠣᠯᠣᠨ᠎ᠠ; ᠨᠡᠶ᠋ᠢᠲᠡ 10 ᠵᠢᠯ᠎ᠠᠴᠠ ᠳᠡᠭᠡᠭᠰᠢ ᠰᠦᠢ᠍ᠳᠬᠡᠯ ᠲᠤᠰᠢᠶᠠᠭᠰᠠᠨ ᠪᠣᠯ ᠬᠠᠮᠤᠭ ᠤᠷᠲᠤ᠎ᠳᠤ᠎ᠪᠠᠨ 24 ᠰᠠᠷ᠎ᠠ ᠠᠵᠢᠯ ᠠᠯᠳᠠᠭᠰᠠᠨ ᠳᠠᠭ᠋ᠠᠳᠬᠠᠯ᠎ᠤᠨ ᠮᠥᠩᠭᠦ ᠠᠪᠴᠤ ᠪᠣᠯᠣᠨ᠎ᠠ᠃ ᠪᠢ ᠠᠵᠢᠯ ᠠᠯᠳᠠᠭᠰᠠᠨ ᠳᠠᠭ᠋ᠠᠳᠬᠠᠯ᠎ᠤᠨ ᠮᠥᠩᠭᠦ ᠠᠪᠴᠤ ᠥᠩᠭᠡᠷᠡᠵᠡᠢ᠂ ᠬᠤᠶ᠋ᠢᠰᠢ᠎ᠳᠠᠬᠢ ᠨᠠᠰᠤᠵᠢᠯ᠎ᠤᠨ ᠠᠰᠠᠷᠠᠮᠵᠢ ᠵᠢᠨ ᠮᠥᠩᠭᠦ ᠵᠢ ᠨᠥᠯᠥᠭᠡᠯᠡᠬᠦ ᠦᠦ?
    ᠠᠵᠢᠯ᠎ᠠᠴᠠ᠎ᠪᠠᠨ ᠠᠮᠠᠷᠠᠭᠰᠠᠨ ᠠᠵᠢᠯᠲᠠᠨ᠎ᠤ ᠨᠠᠰᠤᠵᠢᠯ᠎ᠤᠨ ᠠᠰᠠᠷᠠᠮᠵᠢ ᠵᠢᠨ ᠮᠥᠩᠭᠦ ᠵᠢ ᠪᠣᠳᠣᠬᠤ᠎ᠳᠤ᠂ ᠰᠦᠢ᠍ᠳᠬᠡᠯ ᠲᠤᠰᠢᠶᠠᠬᠤ ᠰᠠᠭᠤᠷᠢ ᠲᠤᠭ᠎ᠠ᠂ ᠰᠦᠢ᠍ᠳᠬᠡᠯ ᠲᠤᠰᠢᠶᠠᠬᠤ ᠬᠠᠷᠢᠴᠠᠯ᠂ ᠰᠦᠢ᠍ᠳᠬᠡᠯ ᠲᠤᠰᠢᠶᠠᠭᠰᠠᠨ ᠬᠤᠭᠤᠴᠠᠭ᠎ᠠ ᠬᠢᠭᠡᠳ ᠠᠵᠢᠯ᠎ᠠᠴᠠ᠎ᠪᠠᠨ ᠠᠮᠠᠷᠠᠬᠤ᠎ᠠᠴᠠ ᠡᠮᠦᠨᠡᠬᠢ ᠨᠢᠭᠡ ᠵᠢᠯ᠎ᠤᠨ ᠠᠵᠢᠯᠯᠠᠵᠤ ᠪᠠᠶ᠋ᠢᠭ᠎ᠠ ᠠᠵᠢᠯᠲᠠᠨ᠎ᠤ ᠰᠠᠷ᠎ᠠ ᠵᠢᠨ ᠳᠤᠮᠳᠠᠴᠢ ᠴᠠᠯᠢᠩ ᠵᠡᠷᠭᠡ ᠬᠦᠴᠦᠨ ᠵᠦᠢ᠍ᠯ᠎ᠤᠳ᠎ᠲᠠᠢ ᠬᠤᠯᠪᠣᠭᠳᠠᠵᠤ᠂ ᠠᠵᠢᠯ ᠠᠯᠳᠠᠭᠰᠠᠨ ᠳᠠᠭ᠋ᠠᠳᠬᠠᠯ᠎ᠤᠨ ᠮᠥᠩᠭᠦ ᠠᠪᠤᠭᠰᠠᠨ ᠡᠰᠡᠬᠦ᠎ᠲᠠᠢ ᠬᠤᠯᠪᠣᠭᠳᠠᠬᠤ ᠦᠭᠡᠢ᠃
    ᠠᠵᠢᠯ ᠠᠯᠳᠠᠭᠰᠠᠳ ᠬᠡᠷᠪᠡ ᠨᠡᠶ᠋ᠢᠭᠡᠮ᠎ᠤᠨ ᠳᠠᠭ᠋ᠠᠳᠬᠠᠯ᠎ᠤᠨ ᠰᠦᠢ᠍ᠳᠬᠡᠯ ᠲᠤᠰᠢᠶᠠᠬᠤ᠎ᠪᠠᠨ ᠲᠠᠰᠤᠯᠳᠠᠭᠤᠯᠬᠤ ᠦᠭᠡᠢ ᠭᠡᠪᠡᠯ ᠬᠤᠪᠢ ᠬᠥᠮᠥᠨ᠎ᠤ ᠬᠢᠷᠢ ᠭᠡᠮ ᠵᠶ᠋ᠠᠷ ᠦᠨᠳᠦᠰᠦᠨ ᠨᠠᠰᠤᠵᠢᠯ᠎ᠤᠨ ᠳᠠᠭ᠋ᠠᠳᠬᠠᠯ᠎ᠤᠨ ᠰᠦᠢ᠍ᠳᠬᠡᠯ᠎ᠢ ᠲᠤᠰᠢᠶᠠᠵᠤ ᠪᠣᠯᠣᠨ᠎ᠠ
    ᠬᠠᠮᠢᠶ᠎ᠠ ᠪᠦᠬᠦᠢ ᠪᠢᠴᠢᠭ ᠮᠠᠲ᠋ᠧᠷᠢᠶᠠᠯ᠎ᠤᠨ ᠲᠣᠭᠲᠠᠭ᠋ᠠᠯ᠎ᠢ ᠦᠨᠳᠦᠰᠦᠯᠡᠪᠡᠯ᠂ ᠠᠵᠢᠯ ᠠᠯᠳᠠᠭᠰᠠᠳ ᠠᠵᠢᠯ ᠠᠯᠳᠠᠭᠰᠠᠨ ᠳᠠᠭ᠋ᠠᠳᠬᠠᠯ᠎ᠤᠨ ᠮᠥᠩᠭᠦ ᠠᠪᠬᠤ ᠬᠤᠭᠤᠴᠠᠭ᠋ᠠᠨ᠎ᠳᠤ᠎ᠪᠠᠨ ᠬᠤᠪᠢ ᠬᠥᠮᠥᠨ᠎ᠤ ᠬᠢᠷᠢ ᠭᠡᠮ ᠵᠶ᠋ᠠᠷ ᠦᠨᠳᠦᠰᠦᠨ ᠨᠠᠰᠤᠵᠢᠯ᠎ᠤᠨ ᠳᠠᠭ᠋ᠠᠳᠬᠠᠯ᠎ᠤᠨ ᠰᠦᠢ᠍ᠳᠬᠡᠯ ᠲᠤᠰᠢᠶᠠᠵᠤ ᠪᠣᠯᠣᠨ᠎ᠠ᠂ ᠠᠵᠢᠯ ᠠᠯᠳᠠᠭᠰᠠᠨ ᠳᠠᠭ᠋ᠠᠳᠬᠠᠯ᠎ᠤᠨ ᠮᠥᠩᠭᠦ ᠵᠢ ᠬᠠᠤᠯᠢ ᠶᠣᠰᠣᠭ᠋ᠠᠷ ᠠᠪᠬᠤ᠎ᠪᠠᠨ ᠵᠣᠭᠰᠤᠭ᠋ᠠᠬᠤ ᠬᠡᠷᠡᠭᠲᠡᠢ ᠪᠠᠶ᠋ᠢᠳᠠᠯ ᠭᠠᠷᠤᠭᠰᠠᠨ ᠦᠭᠡᠢ ᠪᠠᠶ᠋ᠢᠪᠠᠯ ᠭᠠᠷᠳᠠᠨ ᠭᠦᠢ᠍ᠴᠡᠳᠬᠡᠬᠦ ᠪᠠᠶ᠋ᠢᠭᠤᠯᠤᠮᠵᠢ᠎ᠨᠢ ᠠᠵᠢᠯ ᠠᠯᠳᠠᠭᠰᠠᠨ ᠳᠠᠭ᠋ᠠᠳᠬᠠᠯ᠎ᠤᠨ ᠣᠯᠭᠤᠮᠵᠢ ᠵᠢ᠎ᠨᠢ ᠵᠣᠭᠰᠣᠭ᠋ᠠᠵᠤ ᠪᠣᠯᠬᠤ ᠦᠭᠡᠢ᠃
    ᠲᠤᠬᠠᠶ᠋ᠢᠯᠠᠪᠠᠯ᠂ ᠠᠵᠢᠯ ᠠᠯᠳᠠᠭᠰᠠᠨ ᠳᠠᠭ᠋ᠠᠳᠬᠠᠯ᠎ᠤᠨ ᠮᠥᠩᠭᠦ ᠠᠪᠬᠤ᠎ᠨᠢ ᠠᠵᠢᠯ ᠠᠯᠳᠠᠭᠰᠠᠳ᠎ᠤᠨ ᠬᠤᠪᠢ ᠬᠥᠮᠥᠨ᠎ᠤ ᠬᠢᠷᠢ ᠭᠡᠮ ᠵᠶ᠋ᠠᠷ ᠨᠠᠰᠤᠵᠢᠯ᠎ᠤᠨ ᠳᠠᠭ᠋ᠠᠳᠬᠠᠯ᠎ᠤᠨ ᠰᠦᠢ᠍ᠳᠬᠡᠯ᠎ᠢ ᠦᠷᠭᠦᠯᠵᠢᠯᠡᠨ ᠲᠤᠰᠢᠶᠠᠬᠤ ᠵᠢ ᠨᠥᠯᠥᠭᠡᠯᠡᠬᠦ ᠦᠭᠡᠢ ᠪᠥᠭᠡᠳ ᠬᠤᠪᠢ ᠬᠥᠮᠥᠨ᠎ᠤ ᠬᠢᠷᠢ ᠭᠡᠮ ᠵᠶ᠋ᠠᠷ ᠨᠠᠰᠤᠵᠢᠯ᠎ᠤᠨ ᠳᠠᠭ᠋ᠠᠳᠬᠠᠯ᠎ᠳᠤ ᠣᠷᠣᠯᠴᠠᠭᠰᠠᠨ᠎ᠠᠴᠠ ᠪᠣᠯᠵᠤ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠣᠯᠭᠤᠮᠵᠢ ᠣᠯᠭᠤᠬᠤ ᠵᠢ ᠵᠣᠭᠰᠤᠭ᠋ᠠᠬᠤ ᠦᠭᠡᠢ ᠶᠤᠮ᠃ ᠲᠡᠭᠡᠪᠡᠯ ᠠᠵᠢᠯ ᠠᠯᠳᠠᠭᠰᠠᠨ ᠬᠤᠭᠤᠴᠠᠭ᠋ᠠᠨ᠎ᠳᠤ ᠨᠠᠰᠤᠵᠢᠯ᠎ᠤᠨ ᠳᠠᠭ᠋ᠠᠳᠬᠠᠯ᠎ᠤᠨ ᠰᠦᠢ᠍ᠳᠬᠡᠯ ᠲᠤᠰᠢᠶᠠᠬᠤ᠎ᠪᠠᠨ ᠲᠠᠰᠤᠯᠳᠠᠭᠤᠯᠬᠤ᠎ᠠᠴᠠ ᠬᠡᠷᠬᠢᠨ ᠵᠠᠶ᠋ᠢᠯᠠᠰᠬᠢᠬᠤ ᠪᠤᠢ?
    ᠠᠵᠢᠯ ᠠᠯᠳᠠᠭᠰᠠᠳ ᠠᠵᠢᠯ ᠠᠯᠳᠠᠭᠰᠠᠨ ᠳᠠᠭ᠋ᠠᠳᠬᠠᠯ᠎ᠤᠨ ᠮᠥᠩᠭᠦ ᠠᠪᠬᠤ ᠬᠤᠭᠤᠴᠠᠭ᠋ᠠᠨ᠎ᠳᠤ ᠠᠵᠢᠯ ᠠᠯᠳᠠᠭᠰᠠᠳ᠎ᠤᠨ ᠳᠠᠭ᠋ᠠᠳᠬᠠᠯ᠎ᠢ ᠭᠠᠷᠳᠠᠨ ᠭᠦᠢ᠍ᠴᠡᠳᠬᠡᠬᠦ ᠪᠠᠶ᠋ᠢᠭᠤᠯᠤᠮᠵᠢ᠎ᠨᠢ ᠲᠡᠭᠦᠨ᠎ᠳᠤ ᠦᠨᠳᠦᠰᠦᠨ ᠡᠮᠴᠢᠯᠡᠭᠡᠨ᠎ᠤ ᠳᠠᠭ᠋ᠠᠳᠬᠠᠯ (ᠦᠷᠡᠵᠢᠯ᠎ᠤᠨ ᠳᠠᠭ᠋ᠠᠳᠬᠠᠯ ᠪᠠᠭᠲᠠᠨ᠎ᠠ)᠎ᠤᠨ ᠰᠦᠢ᠍ᠳᠬᠡᠯ᠎ᠢ ᠣᠷᠣᠯᠠᠨ ᠲᠤᠰᠢᠶᠠᠵᠤ ᠥᠭᠭᠦᠨ᠎ᠡ᠃ ᠬᠤᠪᠢ ᠬᠥᠮᠥᠨ ᠠᠮᠢᠳᠤᠯᠢᠭ ᠵᠶ᠋ᠠᠷ ᠠᠵᠢᠯ ᠣᠯᠣᠭᠰᠠᠳ᠎ᠤᠨ ᠬᠢᠷᠢ ᠭᠡᠮ ᠵᠶ᠋ᠠᠷ ᠬᠤᠲᠠ ᠪᠠᠯᠭ᠋ᠠᠰᠤᠨ᠎ᠤ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠳᠠᠭ᠋ᠠᠳᠬᠠᠯ᠎ᠤᠨ ᠰᠦᠢ᠍ᠳᠬᠡᠯ ᠲᠤᠰᠢᠶᠠᠵᠤ᠂ ᠲᠤᠰᠢᠶᠠᠬᠤ᠎ᠪᠠᠨ ᠲᠠᠰᠤᠯᠳᠠᠭᠤᠯᠬᠤ᠎ᠠᠴᠠ ᠵᠠᠶ᠋ᠢᠯᠠᠰᠬᠢᠵᠤ ᠪᠣᠯᠣᠨ᠎ᠠ᠃
    ᠠᠵᠢᠯ ᠠᠯᠳᠠᠭᠰᠠᠳ ᠠᠵᠢᠯ ᠠᠯᠳᠠᠭᠰᠠᠨ ᠳᠠᠭ᠋ᠠᠳᠬᠠᠯ᠎ᠤᠨ ᠮᠥᠩᠭᠦ ᠠᠪᠬᠤ ᠬᠤᠭᠤᠴᠠᠭ᠋ᠠᠨ᠎ᠳᠤ ᠬᠤᠪᠢ ᠬᠦᠮᠦᠨ᠎ᠤ ᠬᠢᠷᠢ ᠭᠡᠮ ᠵᠶ᠋ᠠᠷ ᠦᠨᠳᠦᠰᠦᠨ ᠨᠠᠰᠤᠵᠢᠯ᠎ᠤᠨ ᠳᠠᠭ᠋ᠠᠳᠬᠠᠯ᠎ᠤᠨ ᠰᠦᠢ᠍ᠳᠬᠡᠯ ᠲᠤᠰᠢᠶᠠᠬᠤ᠎ᠨᠢ ᠲᠡᠭᠦᠨ᠎ᠤ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠣᠯᠭᠤᠮᠵᠢ ᠬᠦᠷᠲᠡᠬᠦ ᠵᠢ ᠨᠦᠯᠦᠭᠡᠯᠡᠬᠦ ᠦᠭᠡᠢ ᠶᠤᠮ᠃
    ᠡᠷᠦᠬᠡ ᠠᠮᠠ ᠵᠢᠨ ᠳᠠᠩᠰᠠ ᠪᠠᠶ᠋ᠢᠭ᠎ᠠ ᠭᠠᠵᠠᠷ᠎ᠲᠤ᠎ᠪᠠᠨ ᠠᠵᠢᠯ ᠠᠯᠳᠠᠭᠰᠠᠨ ᠳᠠᠭ᠋ᠠᠳᠬᠠᠯ᠎ᠤᠨ ᠮᠥᠩᠭᠦ ᠠᠪᠤᠭᠰᠠᠨ ᠪᠣᠯ ᠨᠠᠰᠤᠵᠢᠯ᠎ᠤᠨ ᠳᠠᠭ᠋ᠠᠳᠬᠠᠯ᠎ᠢ ᠡᠷᠬᠡᠪᠰᠢ ᠡᠷᠦᠬᠡ ᠠᠮᠠ ᠵᠢᠨ ᠳᠠᠩᠰᠠ ᠪᠠᠶ᠋ᠢᠭ᠎ᠠ ᠭᠠᠵᠠᠷ᠎ᠲᠤ᠎ᠪᠠᠨ ᠬᠠᠮᠲᠤ ᠰᠢᠯᠵᠢᠭᠦᠯᠬᠦ ᠬᠡᠷᠡᠭᠲᠡᠢ ᠤᠤ?
    ᠴᠢᠬᠤᠯᠠ ᠦᠭᠡᠢ᠂ 《ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠬᠠᠷᠢᠴᠠᠭ᠎ᠠ ᠵᠢ ᠮᠤᠵᠢ ᠠᠯᠤᠰᠯᠠᠨ ᠰᠢᠯᠵᠢᠭᠦᠯᠦᠨ ᠦᠷᠭᠦᠯᠵᠢᠯᠡᠭᠦᠯᠬᠦ ᠲᠤᠬᠠᠢ ᠮᠡᠳᠡᠭᠳᠡᠯ》᠎ᠳᠤ᠂ ᠳᠠᠭ᠋ᠠᠳᠬᠠᠯ᠎ᠳᠤ ᠣᠷᠣᠯᠴᠠᠭᠰᠠᠨ ᠠᠵᠢᠯ ᠠᠯᠳᠠᠭᠰᠠᠳ ᠠᠵᠢᠯ ᠠᠯᠳᠠᠭᠰᠠᠨ ᠳᠠᠭ᠋ᠠᠳᠬᠠᠯ᠎ᠤᠨ ᠮᠥᠩᠭᠦ ᠠᠪᠬᠤ ᠨᠥᠬᠦᠴᠡᠯ᠎ᠳᠤ ᠨᠡᠶ᠋ᠢᠴᠡᠭᠰᠡᠨ ᠪᠠᠶ᠋ᠢᠪᠠᠯ᠂ ᠬᠠᠮᠤᠭ ᠡᠴᠦᠰ᠎ᠲᠤ ᠳᠠᠭ᠋ᠠᠳᠬᠠᠯ᠎ᠳᠤ ᠣᠷᠣᠯᠴᠠᠭᠰᠠᠨ ᠭᠠᠵᠠᠷ᠎ᠲᠤ᠎ᠪᠠᠨ ᠠᠵᠢᠯ ᠠᠯᠳᠠᠭᠰᠠᠨ ᠳᠠᠭ᠋ᠠᠳᠬᠠᠯ᠎ᠤᠨ ᠮᠥᠩᠭᠦ ᠵᠢᠴᠢ ᠪᠤᠰᠤᠳ ᠬᠠᠮᠢᠶ᠎ᠠ ᠪᠦᠬᠦᠢ ᠣᠯᠭᠤᠮᠵᠢ ᠭᠤᠶᠤᠴᠢᠯᠠᠵᠤ ᠪᠣᠯᠣᠨ᠎ᠠ᠂ ᠪᠠᠰᠠ ᠡᠷᠦᠬᠡ ᠠᠮᠠ ᠵᠢᠨ ᠳᠠᠩᠰᠠ ᠪᠠᠶ᠋ᠢᠭ᠎ᠠ ᠭᠠᠵᠠᠷ᠎ᠲᠤ᠎ᠪᠠᠨ ᠪᠤᠴᠠᠵᠤ ᠭᠤᠶᠤᠴᠢᠯᠠᠨ ᠠᠪᠬᠤ ᠵᠢ ᠰᠣᠩᠭᠤᠵᠤ ᠪᠣᠯᠣᠨ᠎ᠠ ᠭᠡᠵᠦ ᠲᠣᠳᠣᠷᠬᠠᠢ ᠲᠣᠭᠲᠠᠭ᠋ᠠᠵᠠᠢ᠃
    ᠣᠯᠭᠤᠮᠵᠢ ᠣᠯᠭᠤᠬᠤ ᠬᠤᠭᠤᠴᠠᠭ᠋ᠠᠨ᠎ᠳᠤ ᠣᠯᠭᠤᠬᠤ ᠭᠠᠵᠠᠷ᠎ᠢ ᠳᠤᠮᠳᠠ᠎ᠠᠴᠠ᠎ᠨᠢ ᠬᠤᠪᠢᠷᠠᠭᠤᠯᠵᠤ ᠪᠣᠯᠬᠤ ᠦᠭᠡᠢ!
    ᠣᠳᠣᠬᠠᠨ᠎ᠳᠤ᠂ ᠤᠯᠤᠰ᠎ᠠᠴᠠ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠬᠠᠷᠢᠴᠠᠭ᠎ᠠ ᠵᠢ ᠰᠢᠯᠵᠢᠭᠦᠯᠬᠦ ᠦᠶ᠎ᠡ᠎ᠳᠤ ᠨᠠᠰᠤᠵᠢᠯ᠎ᠤᠨ ᠳᠠᠭ᠋ᠠᠳᠬᠠᠯ᠎ᠤᠨ ᠬᠠᠷᠢᠴᠠᠭ᠎ᠠ ᠵᠢ ᠬᠠᠮᠲᠤ᠎ᠳᠤ᠎ᠨᠢ ᠰᠢᠯᠵᠢᠭᠦᠯᠦᠨ ᠭᠦᠢ᠍ᠴᠡᠳᠬᠡᠬᠦ ᠲᠠᠯ᠎ᠠ᠎ᠪᠠᠷ ᠨᠢᠭᠡᠳᠦᠯᠲᠡᠢ ᠱᠠᠭ᠋ᠠᠷᠳᠠᠯᠭ᠎ᠠ ᠳᠤᠷᠠᠳᠤᠭᠰᠠᠨ ᠦᠭᠡᠢ᠂ ᠡᠷᠦᠬᠡ ᠠᠮᠠ ᠵᠢᠨ ᠳᠠᠩᠰᠠ ᠪᠠᠶ᠋ᠢᠭ᠎ᠠ ᠭᠠᠵᠠᠷ᠎ᠠᠴᠠ᠎ᠪᠠᠨ ᠠᠵᠢᠯ ᠠᠯᠳᠠᠭᠰᠠᠨ ᠳᠠᠭ᠋ᠠᠳᠬᠠᠯ᠎ᠤᠨ ᠮᠥᠩᠭᠦ ᠠᠪᠬᠤ ᠦᠶ᠎ᠡ᠎ᠳᠤ ᠵᠦᠪᠬᠡᠨ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠬᠠᠷᠢᠴᠠᠭ᠎ᠠ ᠵᠢ ᠰᠢᠯᠵᠢᠭᠦᠯᠦᠨ ᠭᠦᠢ᠍ᠴᠡᠳᠬᠡᠬᠦ ᠴᠢᠬᠤᠯᠠᠲᠠᠢ᠃ ᠠᠵᠢᠯ ᠠᠯᠳᠠᠭᠰᠠᠨ ᠵᠶ᠋ᠠᠨ ᠳᠠᠩᠰᠠᠯᠠᠨ ᠲᠡᠮᠳᠡᠭᠯᠡᠭᠦᠯᠪᠡᠯ ᠠᠮᠢᠳᠤᠯᠢᠭ ᠵᠶ᠋ᠠᠷ ᠠᠵᠢᠯ ᠣᠯᠣᠭᠰᠠᠳ᠎ᠤᠨ ᠬᠢᠷᠢ ᠭᠡᠮ ᠵᠶ᠋ᠠᠷ ᠠᠵᠢᠯᠲᠠᠨ ᠠᠵᠢᠯᠴᠢᠨ᠎ᠤ ᠨᠠᠰᠤᠵᠢᠯ᠎ᠤᠨ ᠳᠠᠭ᠋ᠠᠳᠬᠠᠯ᠎ᠳᠤ ᠣᠷᠣᠯᠴᠠᠬᠤ ᠵᠢ ᠨᠦᠯᠦᠭᠡᠯᠡᠨ᠎ᠡ ᠦᠦ?
    ᠣᠳᠣ ᠵᠢᠨ ᠬᠡᠷᠡᠭᠵᠢᠭᠦᠯᠵᠦ ᠪᠠᠶ᠋ᠢᠭ᠎ᠠ ᠬᠤᠯᠪᠣᠭᠳᠠᠯ ᠪᠦᠬᠦᠢ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ ᠶᠣᠰᠣᠭ᠋ᠠᠷ ᠪᠣᠯ᠂ ᠳᠠᠭ᠋ᠠᠳᠬᠠᠯ᠎ᠳᠤ ᠣᠷᠣᠯᠴᠠᠭᠰᠠᠳ ᠠᠵᠢᠯ ᠠᠯᠳᠠᠭᠰᠠᠨ ᠳᠠᠭ᠋ᠠᠳᠬᠠᠯ᠎ᠤᠨ ᠮᠥᠩᠭᠦ ᠪᠤᠶᠤ ᠠᠵᠢᠯ ᠠᠯᠳᠠᠭᠰᠠᠳ᠎ᠤᠨ ᠨᠥᠬᠦᠪᠦᠷᠢ ᠮᠥᠩᠭᠦ ᠠᠪᠬᠤ ᠬᠤᠭᠤᠴᠠᠭ᠋ᠠᠨ᠎ᠳᠤ᠂ ᠠᠮᠢᠳᠤᠯᠢᠭ ᠵᠶ᠋ᠠᠷ ᠠᠵᠢᠯ ᠣᠯᠣᠭᠰᠠᠳ᠎ᠤᠨ ᠬᠢᠷᠢ ᠭᠡᠮ ᠵᠶ᠋ᠠᠷ ᠬᠤᠪᠢ ᠬᠥᠮᠥᠨ ᠠᠵᠤ ᠠᠬᠤᠶ᠋ᠢᠯᠠᠯ᠎ᠤᠨ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠳᠠᠭ᠋ᠠᠳᠬᠠᠯ᠎ᠤᠨ ᠰᠦᠢ᠍ᠳᠬᠡᠯ ᠲᠤᠰᠢᠶᠠᠵᠤ ᠪᠣᠯᠣᠨ᠎ᠠ᠃
    ᠠᠰᠠᠭᠤᠯᠲᠠ᠄ ᠠᠵᠢᠯ ᠠᠯᠳᠠᠭᠰᠠᠨ᠎ᠤ ᠳᠠᠷᠠᠭ᠎ᠠ ᠠᠵᠢᠯ ᠠᠯᠳᠠᠭᠰᠠᠨ ᠳᠠᠭ᠋ᠠᠳᠬᠠᠯ᠎ᠤᠨ ᠮᠥᠩᠭᠦ ᠠᠪᠬᠤ᠎ᠳᠤ ᠴᠠᠭ᠎ᠤᠨ ᠬᠢᠵᠠᠭ᠋ᠠᠷ᠎ᠲᠠᠢ ᠦᠦ?
    ᠬᠠᠷᠢᠭᠤᠯᠲᠠ᠄ ᠠᠪᠬᠤ ᠨᠥᠬᠦᠴᠡᠯ᠎ᠳᠤ ᠨᠡᠶ᠋ᠢᠴᠡᠪᠡᠯ ᠳᠠᠷᠤᠢ ᠭᠤᠶᠤᠴᠢᠯᠠᠨ ᠠᠪᠴᠤ ᠪᠣᠯᠣᠨ᠎ᠠ᠂ ᠴᠠᠭ᠎ᠤᠨ ᠬᠢᠵᠠᠭ᠋ᠠᠷ ᠪᠠᠶ᠋ᠢᠬᠤ ᠦᠭᠡᠢ᠃
    ᠠᠰᠠᠭᠤᠯᠲᠠ᠄ ᠠᠵᠢᠯ ᠠᠯᠳᠠᠭᠰᠠᠨ ᠳᠠᠭ᠋ᠠᠳᠬᠠᠯ᠎ᠤᠨ ᠮᠥᠩᠭᠦ ᠵᠢ ᠤᠳᠠᠭ᠎ᠠ ᠪᠦᠷᠢ ᠬᠠᠮᠤᠭ ᠠᠷᠪᠢᠨ᠎ᠳᠤ᠎ᠪᠠᠨ 24 ᠰᠠᠷ᠎ᠠ ᠠᠪᠴᠤ ᠪᠣᠯᠬᠤ ᠶᠤᠮ ᠦᠦ? ᠡᠰᠡᠬᠦᠯ᠎ᠡ ᠨᠠᠰᠤᠨ ᠲᠤᠷᠰᠢᠲᠠ ᠬᠠᠮᠤᠭ ᠠᠷᠪᠢᠨ᠎ᠳᠤ᠎ᠪᠠᠨ 24 ᠰᠠᠷ᠎ᠠ ᠠᠪᠴᠤ ᠪᠣᠯᠬᠤ ᠶᠤᠮ ᠦᠦ?
    ᠬᠠᠷᠢᠭᠤᠯᠲᠠ᠄ ᠠᠵᠢᠯ ᠠᠯᠳᠠᠭᠰᠠᠨ ᠳᠠᠭ᠋ᠠᠳᠬᠠᠯ᠎ᠤᠨ ᠮᠥᠩᠭᠦ ᠵᠢ ᠤᠳᠠᠭ᠎ᠠ ᠪᠦᠷᠢ ᠬᠠᠮᠤᠭ᠎ᠤᠨ ᠤᠷᠲᠤ᠎ᠳᠤ᠎ᠪᠠᠨ 24 ᠰᠠᠷ᠎ᠠ ᠠᠪᠴᠤ ᠪᠣᠯᠣᠨ᠎ᠠ᠂ ᠳᠠᠬᠢᠵᠤ ᠠᠵᠢᠯ ᠣᠯᠣᠭᠰᠠᠨ ᠬᠤᠶ᠋ᠢᠨ᠎ᠠ ᠳᠠᠬᠢᠨᠲᠠ ᠠᠵᠢᠯ ᠠᠯᠳᠠᠭᠰᠠᠨ ᠪᠣᠯ᠂ ᠰᠦᠢ᠍ᠳᠬᠡᠯ ᠲᠤᠰᠢᠶᠠᠭᠰᠠᠨ ᠴᠠᠭ᠎ᠢ ᠳᠠᠬᠢᠨ ᠰᠢᠨ᠎ᠡ᠎ᠪᠠᠷ ᠪᠣᠳᠣᠨ᠎ᠠ᠂ ᠬᠡᠷᠪᠡ ᠨᠥᠬᠦᠴᠡᠯ᠎ᠳᠤ ᠨᠡᠶ᠋ᠢᠴᠡᠪᠡᠯ ᠠᠵᠢᠯ ᠠᠯᠳᠠᠭᠰᠠᠨ ᠳᠠᠭ᠋ᠠᠳᠬᠠᠯ᠎ᠤᠨ ᠮᠥᠩᠭᠦ ᠵᠢ ᠦᠷᠭᠦᠯᠵᠢᠯᠡᠨ ᠭᠤᠶᠤᠴᠢᠯᠠᠨ ᠠᠪᠴᠤ ᠪᠣᠯᠣᠨ᠎ᠠ᠃

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
《2024 ᠣᠨ᠎ᠤ ᠨᠡᠶ᠋ᠢᠭᠡᠮ᠎ᠤᠨ ᠠᠪᠤᠷᠠᠨ ᠲᠤᠰᠠᠯᠠᠬᠤ ᠪᠠᠷᠢᠮᠵᠢᠶᠠᠨ᠎ᠤ ᠬᠠᠮᠢᠶ᠎ᠠ ᠪᠥᠬᠦᠶ ᠵᠦᠢ᠍ᠯᠡᠰ᠎ᠤᠨ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ》᠎ᠤᠨ ᠲᠠᠶ᠋ᠢᠯᠤᠮᠵᠢ
ᠲᠡᠭᠦᠰᠬᠦ ᠰᠤᠷᠤᠭᠴᠢᠳ ᠳᠠᠩᠰᠠ ᠡᠪᠬᠡᠮᠡᠯ ᠵᠶ᠋ᠠᠨ ᠬᠡᠷᠬᠢᠨ ᠳᠠᠮᠵᠢᠭᠤᠯᠤᠨ ᠬᠦᠷᠭᠡᠬᠦ ᠪᠠ ᠬᠠᠳᠠᠭ᠋ᠠᠯᠠᠬᠤ ᠪᠤᠢ?
ᠠᠵᠤ ᠠᠬᠤᠢ᠌ᠯᠠᠯ᠎ᠤᠨ ᠣᠨ᠎ᠤ ᠮᠦᠩᠬᠦ ᠵᠢ ᠲᠦᠷᠭᠡᠳᠬᠡᠨ ᠬᠦᠭᠵᠢᠭᠦᠯᠬᠦ ᠲᠤᠬᠠᠢ ᠵᠢᠯᠤᠭᠤᠳᠬᠤ ᠰᠠᠨᠠᠯ
2024 ᠣᠨ ᠨᠢᠭᠡᠨᠲᠡ ᠬᠠᠭ᠋ᠠᠰᠯᠠᠪᠠ! ᠠᠷᠠᠳ᠎ᠤᠨ ᠠᠮᠢᠳᠤᠷᠠᠯ᠎ᠤᠨ ᠲᠤᠬᠠᠢ ᠡᠳᠡᠭᠡᠷ ᠰᠠᠢ᠌ᠨ ᠴᠢᠮᠡᠭᠡ ᠵᠢ ᠲᠠ ᠮᠡᠳᠡᠬᠦ ᠤᠤ?
[ᠵᠢᠷᠤᠭᠲᠤ ᠨᠡᠢ᠌ᠲᠡᠯᠡᠯ] ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠣᠷᠤᠨ᠎ᠤ 《ᠦᠨᠳᠦᠰᠦᠲᠡᠨ᠎ᠤ ᠲᠦᠷᠦ ᠵᠢᠨ ᠪᠤᠳᠤᠯᠭ᠎ᠠ ᠵᠢᠨ ᠤᠬᠠᠭᠤᠯᠭ᠎ᠠ ᠵᠢᠨ ᠰᠠᠷ᠎ᠠ》 ᠦᠨᠦᠳᠦᠰᠦᠲᠡᠨ᠎ᠤ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠭᠠᠷᠠᠭ》
 
            