ᠣᠶ᠋ᠢᠷ᠎ᠠ᠎ᠳᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ 《ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠰᠢᠯᠢᠳᠡᠭᠵᠢᠭᠦᠯᠦᠨ ᠵᠠᠰᠠᠭ ᠵᠠᠬᠢᠷᠭ᠋ᠠᠨ᠎ᠤ ᠴᠢᠳᠠᠮᠵᠢ ᠵᠢ ᠳᠡᠭᠡᠭᠰᠢᠯᠡᠭᠦᠯᠵᠦ 〈ᠥᠨᠳᠥᠷ ᠪᠦᠲᠦᠮᠵᠢᠲᠡᠶ᠎ᠪᠠᠷ ᠨᠢᠭᠡ ᠠᠵᠢᠯ ᠶᠠᠪᠤᠳᠠᠯ᠎ᠢ ᠭᠦᠢ᠍ᠴᠡᠳᠬᠡᠬᠦ〉 ᠵᠢ ᠠᠬᠢᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠡᠷᠡᠭᠵᠢᠭᠦᠯᠬᠦ ᠰᠠᠨᠠᠯ》 (ᠥᠪᠥᠷ ᠵᠠᠰᠠᠭ ᠲᠠᠷᠬᠠᠭ᠋ᠠᠭᠰᠠᠨ [2024] 15 ᠳ᠋ᠤᠭ᠋ᠠᠷ ᠲᠣᠭ᠋ᠠᠲᠤ᠂ ᠳᠣᠷᠣᠭᠰᠢ 《ᠬᠡᠷᠡᠭᠵᠢᠭᠦᠯᠬᠦ ᠰᠠᠨᠠᠯ》 ᠭᠡᠵᠦ ᠲᠣᠪᠴᠢᠯᠠᠪᠠ)᠎ᠢ ᠳᠠᠷᠤᠮᠠᠯᠯᠠᠨ ᠲᠠᠷᠬᠠᠭ᠋ᠠᠵᠤ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠵᠢᠴᠢ ᠨᠡᠶ᠋ᠢᠭᠡᠮ ᠨᠡᠶ᠋ᠢᠲᠡ ᠬᠠᠮᠢᠶ᠎ᠠ ᠪᠦᠬᠦᠢ ᠠᠭᠤᠯᠭ᠎ᠠ ᠵᠢ ᠨᠠᠩ ᠰᠠᠶ᠋ᠢᠨ ᠣᠶ᠋ᠢᠯᠠᠭ᠋ᠠᠬᠤ᠎ᠳᠤ ᠳᠥᠭᠦᠮᠯᠡᠬᠦ ᠵᠢᠨ ᠲᠥᠯᠥᠭᠡ᠂ 《ᠬᠡᠷᠡᠭᠵᠢᠭᠦᠯᠬᠦ ᠰᠠᠨᠠᠯ》᠎ᠤᠨ ᠬᠠᠮᠢᠶ᠎ᠠ ᠪᠦᠬᠦᠢ ᠠᠭᠤᠯᠭ᠎ᠠ᠎ᠳᠤ ᠳᠠᠷᠠᠭ᠋ᠠᠬᠢ ᠮᠡᠲᠦ ᠲᠠᠶ᠋ᠢᠯᠤᠮᠵᠢ ᠬᠢᠪᠡ᠃
ᠨᠢᠭᠡ᠂ ᠨᠡᠶ᠋ᠢᠲᠡᠯᠡᠭᠰᠡᠨ ᠠᠬᠤᠢ ᠪᠠᠶ᠋ᠢᠳᠠᠯ
2024 ᠣᠨ᠎ᠤ 1 ᠳ᠋ᠦ᠍ᠭᠡᠷ ᠰᠠᠷ᠎ᠠ᠎ᠳᠤ᠂ ᠲᠥᠷᠥ ᠵᠢᠨ ᠶᠠᠪᠤᠳᠠᠯ᠎ᠤᠨ ᠬᠤᠷᠢᠶ᠎ᠠ 《ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠵᠠᠰᠠᠭ ᠵᠠᠬᠢᠷᠭ᠋ᠠᠨ᠎ᠤ ᠴᠢᠳᠠᠮᠵᠢ ᠵᠢ ᠳᠡᠭᠡᠭᠰᠢᠯᠡᠭᠦᠯᠵᠦ 〈ᠥᠨᠳᠥᠷ ᠪᠦᠲᠦᠮᠵᠢᠲᠡᠶ᠎ᠪᠠᠷ ᠨᠢᠭᠡ ᠠᠵᠢᠯ ᠶᠠᠪᠤᠳᠠᠯ᠎ᠢ ᠭᠦᠢ᠍ᠴᠡᠳᠬᠡᠬᠦ〉 ᠵᠢ ᠠᠬᠢᠭᠤᠯᠬᠤ ᠲᠤᠬᠠᠢ ᠵᠢᠯᠤᠭᠤᠳᠬᠤ ᠰᠠᠨᠠᠯ》 (ᠲᠥᠷᠥ ᠲᠠᠷᠬᠠᠭ᠋ᠠᠭᠰᠠᠨ [2024] 3 ᠳ᠋ᠤᠭ᠋ᠠᠷ ᠲᠣᠭ᠋ᠠᠲᠤ)᠎ᠢ ᠳᠠᠷᠤᠮᠠᠯᠯᠠᠨ ᠲᠠᠷᠬᠠᠭ᠋ᠠᠵᠤ᠂ 16 ᠵᠤᠷᠪᠤᠰ ᠭᠤᠣᠯᠳᠠᠯᠭ᠎ᠠ᠎ᠲᠠᠢ ᠡᠭᠦᠷᠭᠡ ᠵᠢ ᠳᠤᠷᠠᠳᠴᠤ᠂ 《ᠥᠨᠳᠥᠷ ᠪᠦᠲᠦᠮᠵᠢᠲᠡᠶ᠎ᠪᠠᠷ ᠨᠢᠭᠡ ᠠᠵᠢᠯ ᠶᠠᠪᠤᠳᠠᠯ᠎ᠢ ᠭᠦᠢ᠍ᠴᠡᠳᠬᠡᠬᠦ》 ᠭᠤᠣᠯᠳᠠᠯᠭ᠎ᠠ᠎ᠲᠠᠢ ᠵᠦᠢ᠍ᠯᠡᠰ᠎ᠤᠨ 13 ᠨᠠᠷᠢᠨ ᠲᠠᠩᠰᠠ ᠵᠢ ᠲᠣᠳᠣᠷᠬᠠᠢ ᠲᠣᠭᠲᠠᠭ᠋ᠠᠪᠠ᠃ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠵᠢ ᠰᠠᠶ᠋ᠢᠲᠤᠷ ᠨᠠᠶ᠋ᠢᠳᠠᠪᠤᠷᠢᠵᠢᠭᠤᠯᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠠᠵᠢᠯ᠎ᠤᠨ ᠲᠣᠬᠢᠷᠠᠭᠤᠯᠤᠯᠲᠠ ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠪᠠ ᠳ᠋ᠠᠶ᠋ᠢᠲ᠋ᠠ ᠵᠢᠨ ᠬᠠᠮᠢᠶᠠᠷᠤᠯᠲᠠ ᠵᠢᠨ ᠲᠣᠪᠴᠢᠶ᠎ᠠ ᠲᠦᠷᠦᠭᠦᠯᠡᠨ 《ᠬᠡᠷᠡᠭᠵᠢᠭᠦᠯᠬᠦ ᠰᠠᠨᠠᠯ》᠎ᠢ ᠰᠤᠳᠤᠯᠤᠨ ᠲᠤᠭᠤᠷᠪᠢᠪᠠ᠃ 《ᠬᠡᠷᠡᠭᠵᠢᠭᠦᠯᠬᠦ ᠰᠠᠨᠠᠯ》᠎ᠳᠤ ᠤᠷᠢᠳ ᠬᠤᠵᠢᠳ 12 ᠠᠶ᠋ᠢᠮᠠᠭ ᠬᠤᠲᠠ᠂ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ 39 ᠰᠠᠯᠠᠭ᠎ᠠ ᠮᠥᠴᠢᠷ᠎ᠤᠨ ᠰᠠᠨᠠᠯ᠎ᠢ ᠬᠤᠷᠢᠶᠠᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ ᠬᠠᠤᠯᠢ ᠶᠣᠰᠣᠴᠢ ᠴᠢᠨᠠᠷ᠎ᠢ᠎ᠨᠢ ᠬᠢᠨᠠᠨ ᠪᠠᠶ᠋ᠢᠴᠠᠭ᠋ᠠᠵᠤ᠂ 2024 ᠣᠨ᠎ᠤ 4 ᠳ᠋ᠦ᠍ᠭᠡᠷ ᠰᠠᠷ᠎ᠠ ᠵᠢᠨ 25᠎ᠤ ᠡᠳᠦᠷ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ 12 ᠳ᠋ᠤᠭ᠋ᠠᠷ ᠤᠳᠠᠭ᠎ᠠ ᠵᠢᠨ ᠪᠠᠶ᠋ᠢᠩᠭᠤ ᠵᠢᠨ ᠬᠤᠷᠠᠯ ᠵᠶ᠋ᠠᠷ ᠬᠢᠨᠠᠨ ᠵᠥᠪᠯᠡᠵᠦ ᠪᠠᠲᠤᠯᠠᠭᠤᠯᠪᠠ᠃
ᠬᠤᠶᠠᠷ᠂ ᠭᠤᠣᠯ ᠠᠭᠤᠯᠭ᠎ᠠ
《ᠬᠡᠷᠡᠭᠵᠢᠭᠦᠯᠬᠦ ᠰᠠᠨᠠᠯ》᠎ᠳᠤ ᠶᠡᠷᠦᠩᠬᠡᠢ ᠬᠠᠷᠠᠯᠲᠠ᠂ ᠭᠤᠣᠯ ᠡᠭᠦᠷᠭᠡ ᠪᠠ ᠵᠣᠬᠢᠶᠠᠨ ᠪᠠᠶ᠋ᠢᠭᠤᠯᠤᠯᠲᠠ ᠵᠢᠨ ᠪᠠᠲᠤᠯᠠᠭ᠎ᠠ ᠵᠡᠷᠭᠡ 3 ᠬᠡᠰᠡᠭ᠎ᠢ ᠪᠠᠭᠲᠠᠭ᠋ᠠᠨ᠎ᠠ᠃
(ᠨᠢᠭᠡ) ᠶᠡᠷᠦᠩᠬᠡᠢ ᠬᠠᠷᠠᠯᠲᠠ᠃ ᠬᠤᠶᠠᠷ ᠱᠠᠲᠤᠨ᠎ᠤ ᠠᠵᠢᠯ᠎ᠤᠨ ᠬᠠᠷᠠᠯᠲᠠ ᠵᠢ ᠳᠤᠷᠠᠳᠪᠠ᠄ 2024 ᠣᠨ᠎ᠳᠤ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ 《ᠨᠢᠭᠡ ᠰᠦᠯᠵᠢᠶ᠎ᠡ᠂ ᠨᠢᠭᠡ ᠰᠠᠯᠠᠭ᠎ᠠ᠂ ᠨᠢᠭᠡ ᠱᠤᠭᠤᠮ》᠎ᠤᠨ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ 《5 + 8 +3+ N》 《ᠨᠢᠭᠡ ᠠᠵᠢᠯ ᠶᠠᠪᠤᠳᠠᠯ》 (《5》᠎ᠨᠢ ᠰᠦᠯᠵᠢᠶᠡᠨ᠎ᠳᠤ ᠣᠷᠣᠭᠤᠯᠤᠭᠰᠠᠨ 5 《ᠨᠢᠭᠡ ᠠᠵᠢᠯ ᠶᠠᠪᠤᠳᠠᠯ》᠎ᠢ ᠳᠡᠰ ᠳᠡᠪᠰᠢᠭᠦᠯᠬᠦ᠂ 《8》᠎ᠨᠢ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠢᠨ᠎ᠡ᠎ᠪᠠᠷ ᠨᠡᠮᠡᠭᠰᠡᠨ 8 《ᠨᠢᠭᠡ ᠠᠵᠢᠯ ᠶᠠᠪᠤᠳᠠᠯ》᠎ᠢ ᠬᠠᠮᠲᠤᠷᠠᠨ ᠰᠢᠢ᠍ᠳᠪᠦᠷᠢᠯᠡᠬᠦ᠂ 《3》᠎ᠨᠢ ᠥᠪᠡᠷᠲᠡᠭᠡᠨ ᠵᠠᠰᠠᠬᠤ ᠣᠷᠣᠨ᠎ᠤ ᠲᠣᠭᠲᠠᠭ᠋ᠠᠭᠰᠠᠨ 3 ᠢᠨᠵᠧᠨᠧᠷᠢᠩ᠎ᠤᠨ ᠬᠦᠷᠢᠶᠡᠨ᠎ᠳᠠᠬᠢ 《ᠨᠢᠭᠡ ᠠᠵᠢᠯ ᠶᠠᠪᠤᠳᠠᠯ》᠎ᠢ ᠬᠦᠴᠦ᠎ᠪᠠᠨ ᠨᠡᠶ᠋ᠢᠯᠡᠭᠦᠯᠦᠨ ᠰᠠᠶ᠋ᠢᠲᠤᠷ ᠠᠳᠬᠤᠬᠤ᠂ 《N》᠎ᠨᠢ ᠡᠯ᠎ᠡ ᠭᠠᠵᠠᠷ ᠣᠷᠣᠨ᠎ᠤ ᠣᠷᠣᠨ ᠨᠤᠲᠤᠭ᠎ᠤᠨ ᠣᠨᠴᠠᠯᠢᠭ᠎ᠲᠠᠢ N 《ᠨᠢᠭᠡ ᠠᠵᠢᠯ ᠶᠠᠪᠤᠳᠠᠯ》᠎ᠢ ᠰᠢᠨ᠎ᠡ ᠵᠢ ᠡᠭᠦᠳᠦᠨ ᠠᠬᠢᠭᠤᠯᠬᠤ ᠵᠢ ᠥᠷᠭᠡᠨ ᠵᠶ᠋ᠠᠷ ᠳᠠᠶ᠋ᠢᠴᠢᠯᠠᠬᠤ)᠎ᠢ ᠥᠨᠳᠥᠷ ᠪᠦᠲᠦᠮᠵᠢᠲᠡᠶ᠎ᠪᠠᠷ ᠭᠦᠢ᠍ᠴᠡᠳᠬᠡᠬᠦ ᠵᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠭᠤᠣᠯᠳᠠᠯᠭ᠎ᠠ᠎ᠲᠠᠢ ᠵᠦᠢ᠍ᠯᠡᠰ᠎ᠤᠨ ᠨᠠᠷᠢᠨ ᠲᠠᠩᠰᠠ ᠵᠢᠨ ᠬᠠᠮᠢᠶᠠᠷᠤᠯᠲᠠ ᠵᠢᠨ ᠲᠣᠭᠲᠠᠴᠠ ᠪᠠ ᠪᠠᠶ᠋ᠢᠩᠭᠤ ᠠᠬᠢᠭᠤᠯᠬᠤ ᠲᠣᠭᠲᠠᠴᠠ ᠵᠢ ᠪᠦᠷᠢᠨᠰᠢᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ᠎ᠠᠴᠠ ᠭᠠᠳᠠᠨᠠᠬᠢ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠴᠢᠳᠠᠮᠵᠢ ᠵᠢ ᠪᠦᠬᠦᠯᠢ ᠴᠣᠭᠴᠠ᠎ᠪᠠᠷ ᠳᠡᠭᠡᠭᠰᠢᠯᠡᠭᠦᠯᠬᠦ ᠵᠢ ᠠᠬᠢᠭᠤᠯᠵᠤ᠂ 12345 ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠷᠠᠳ᠎ᠲᠤ ᠳᠥᠭᠦᠮᠯᠡᠬᠦ ᠬᠠᠯᠠᠮᠰᠢᠯ ᠤᠲᠠᠰᠤ ᠵᠢ ᠰᠠᠭ᠋ᠠᠳ ᠦᠭᠡᠢ ᠪᠥᠭᠡᠳ ᠥᠨᠳᠥᠷ ᠪᠦᠲᠦᠮᠵᠢᠲᠡᠶ᠎ᠪᠠᠷ ᠨᠠᠪᠲᠠᠷᠡᠭᠦᠯᠵᠦ᠂ ᠡᠷᠴᠢᠮᠵᠢᠭᠦᠯᠦᠨ ᠠᠵᠢᠯ ᠶᠠᠪᠤᠳᠠᠯ ᠭᠦᠢ᠍ᠴᠡᠳᠬᠡᠬᠦ᠂ ᠣᠶᠤᠨᠲᠤ ᠦᠢ᠍ᠯᠡᠴᠢᠯᠡᠭᠡᠨ᠎ᠤ ᠲᠠᠯ᠎ᠠ᠎ᠪᠠᠷ ᠰᠢᠨ᠎ᠡ ᠰᠢᠪᠲᠤᠯᠤᠯᠲᠠ᠎ᠲᠠᠢ ᠪᠣᠯᠭ᠋ᠠᠨ᠎ᠠ᠃ 2027 ᠣᠨ ᠪᠣᠯᠬᠤ᠎ᠳᠤ᠂ ᠨᠡᠶ᠋ᠢᠳᠡᠮ ᠬᠦᠷᠲᠡᠬᠦᠶ᠋ᠢᠴᠡ᠂ ᠣᠶᠤᠨᠲᠤ ᠳᠥᠭᠦᠮ᠂ ᠡᠷᠬᠡ ᠲᠡᠭᠰᠢ ᠨᠡᠶ᠋ᠢᠳᠡᠮ᠎ᠳᠤ ᠠᠰᠢᠭᠲᠠᠢ ᠥᠨᠳᠥᠷ ᠦᠷ᠎ᠡ ᠪᠦᠲᠦᠮᠵᠢᠲᠡᠶ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠭᠲᠠᠯᠴᠠᠭ᠎ᠠ ᠵᠢ ᠦᠨᠳᠦᠰᠦᠨ᠎ᠳᠤ᠎ᠪᠠᠨ ᠪᠣᠶ ᠪᠣᠯᠭ᠋ᠠᠵᠤ᠂ 《ᠮᠥᠩᠬᠡ ᠰᠤᠪᠠᠭ》 ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠨᠠᠷᠠᠲᠤ ᠲᠥᠷᠥᠯ ᠲᠡᠮᠳᠡᠭᠲᠦ ᠵᠢ ᠪᠥᠬᠦ ᠲᠠᠯ᠎ᠠ᠎ᠪᠠᠷ ᠡᠬᠢᠯᠡᠭᠦᠯᠵᠦ᠂ ᠠᠵᠤ ᠠᠬᠤᠶ᠋ᠢᠯᠠᠯ ᠪᠠ ᠣᠯᠠᠨ ᠲᠦᠮᠡᠨ᠎ᠤ ᠠᠵᠢᠯ ᠶᠠᠪᠤᠳᠠᠯ ᠭᠦᠢ᠍ᠴᠡᠳᠬᠡᠬᠦ ᠬᠠᠨᠤᠮᠵᠢ ᠪᠠ ᠬᠦᠷᠲᠡᠮᠵᠢ ᠵᠢᠨ ᠲᠥᠷᠥᠭᠳᠡᠯ᠎ᠢ᠎ᠨᠢ ᠶᠡᠭᠡ᠎ᠪᠠᠷ ᠳᠡᠭᠡᠭᠰᠢᠯᠡᠭᠦᠯᠦᠨ᠎ᠡ᠃
(ᠬᠤᠶᠠᠷ) ᠭᠤᠣᠯ ᠡᠭᠦᠷᠭᠡ᠃ 3 ᠲᠠᠯ᠎ᠠ ᠵᠢᠨ 11 ᠵᠤᠷᠪᠤᠰ ᠪᠣᠳᠠᠲᠠᠢ ᠡᠭᠦᠷᠭᠡ ᠵᠢ ᠳᠤᠷᠠᠳᠪᠠ᠄ ᠨᠢᠭᠡ᠎ᠳᠤ᠂ ᠬᠤᠯᠪᠣᠭᠳᠠᠬᠤ ᠵᠦᠢ᠍ᠯᠡᠰ᠎ᠢ ᠲᠥᠪᠯᠡᠷᠡᠭᠦᠯᠦᠨ ᠭᠦᠢ᠍ᠴᠡᠳᠬᠡᠬᠦ ᠵᠢ ᠬᠦᠴᠦᠲᠡᠢ ᠠᠬᠢᠭᠤᠯᠤᠨ᠎ᠠ᠃ 《ᠨᠢᠭᠡ ᠠᠵᠢᠯ ᠶᠠᠪᠤᠳᠠᠯ》᠎ᠤᠨ ᠥᠭᠡᠷᠡᠴᠢᠯᠡᠯᠲᠡ ᠵᠢ ᠳᠡᠰ ᠳᠡᠪᠰᠢᠭᠦᠯᠵᠦ᠂ 《ᠨᠢᠭᠡ ᠠᠵᠢᠯ ᠶᠠᠪᠤᠳᠠᠯ》᠎ᠤᠨ ᠬᠡᠪᠴᠢᠶ᠎ᠡ ᠵᠢ ᠥᠷᠭᠡᠳᠬᠡᠵᠦ᠂ 《ᠨᠢᠭᠡ ᠠᠵᠢᠯ ᠶᠠᠪᠤᠳᠠᠯ》᠎ᠢ ᠭᠦᠢ᠍ᠴᠡᠳᠬᠡᠬᠦ ᠵᠢ ᠥᠨᠳᠥᠷ ᠪᠦᠲᠦᠮᠵᠢᠲᠡᠶ᠎ᠪᠠᠷ ᠠᠬᠢᠭᠤᠯᠵᠤ᠂ ᠬᠤᠯᠪᠣᠭᠳᠠᠯ ᠵᠶ᠋ᠠᠷ ᠴᠢᠩᠭ᠎ᠠ᠂ ᠠᠵᠢᠯ ᠶᠠᠪᠤᠳᠠᠯ ᠭᠦᠢ᠍ᠴᠡᠳᠬᠡᠬᠦ ᠬᠡᠷᠡᠭᠴᠡᠭᠡ᠎ᠪᠠᠷ ᠶᠡᠭᠡ᠂ ᠠᠵᠤ ᠠᠬᠤᠶ᠋ᠢᠯᠠᠯ ᠪᠠ ᠣᠯᠠᠨ ᠲᠦᠮᠡᠨ᠎ᠤ ᠬᠦᠷᠲᠡᠮᠵᠢ ᠵᠢᠨ ᠲᠥᠷᠥᠭᠳᠡᠯ ᠵᠶ᠋ᠠᠷ ᠴᠢᠩᠭ᠎ᠠ ᠰᠠᠯᠠᠭ᠎ᠠ ᠮᠥᠴᠢᠷ ᠠᠯᠤᠰᠯᠠᠭᠰᠠᠨ᠂ ᠲᠠᠰ ᠳᠠᠪᠬᠤᠷᠭ᠎ᠠ ᠠᠯᠤᠰᠯᠠᠭᠰᠠᠨ ᠨᠡᠩ ᠣᠯᠠᠨ ᠵᠦᠢ᠍ᠯᠡᠰ᠎ᠢ ᠲᠥᠪᠯᠡᠷᠡᠭᠦᠯᠦᠨ ᠭᠦᠢ᠍ᠴᠡᠳᠬᠡᠬᠦ ᠵᠢ ᠵᠢᠯ ᠳᠠᠷᠠᠭ᠋ᠠᠯᠠᠨ ᠪᠦᠯᠦᠭ ᠬᠤᠪᠢᠶᠠᠨ ᠠᠬᠢᠭᠤᠯᠤᠨ᠎ᠠ᠃ ᠬᠤᠶᠠᠷ᠎ᠲᠤ᠂ ᠴᠢᠳᠠᠮᠵᠢ ᠵᠢ ᠳᠡᠭᠡᠭᠰᠢᠯᠡᠭᠦᠯᠬᠦ ᠰᠢᠪᠲᠤᠯᠤᠯᠲᠠ ᠵᠢ ᠭᠦᠨᠵᠡᠭᠡᠢ ᠥᠷᠨᠢᠭᠦᠯᠦᠨ᠎ᠡ᠃ ᠵᠠᠰᠠᠭ᠎ᠤᠨ ᠶᠠᠪᠤᠳᠠᠯ᠎ᠤᠨ ᠬᠠᠯᠠᠮᠰᠢᠯ ᠤᠲᠠᠰᠤ ᠵᠢᠨ ᠶᠠᠰᠤ ᠴᠢᠨᠠᠷ ᠦᠷ᠎ᠡ ᠪᠦᠲᠦᠮᠵᠢ ᠵᠢᠨ ᠰᠢᠪᠲᠤᠯᠤᠯᠲᠠ ᠵᠢ ᠳᠡᠭᠡᠭᠰᠢᠯᠡᠭᠦᠯᠵᠦ᠂ ᠳᠥᠭᠦᠮ ᠳᠥᠲᠡ᠂ ᠥᠨᠳᠥᠷ ᠪᠦᠲᠦᠮᠵᠢᠲᠡᠢ᠂ ᠵᠢᠷᠤᠮᠵᠢᠯ᠎ᠲᠠᠢ᠂ ᠣᠶᠤᠨᠲᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ 《ᠶᠡᠷᠦᠩᠬᠡᠢ ᠦᠢ᠍ᠯᠡᠴᠢᠯᠡᠭᠡ》 ᠵᠢ ᠪᠣᠶ ᠪᠣᠯᠭ᠋ᠠᠨ᠎ᠠ᠃ ᠲᠠᠪᠴᠠᠩ᠎ᠤᠨ ᠲᠤᠰᠠᠯᠠᠬᠤ ᠴᠢᠳᠠᠮᠵᠢ ᠵᠢᠨ ᠰᠢᠪᠲᠤᠯᠤᠯᠲᠠ ᠵᠢ ᠴᠢᠩᠭ᠋ᠠᠳᠬᠠᠵᠤ᠂ ᠪᠥᠬᠦ ᠣᠷᠣᠨ᠎ᠤ ᠨᠢᠭᠡ ᠴᠣᠭᠴᠠᠵᠢᠭᠤᠯᠤᠭᠰᠠᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠎ᠢ ᠰᠢᠯᠢᠳᠡᠭᠵᠢᠭᠦᠯᠦᠨ ᠲᠠᠰ ᠳᠡᠪᠰᠢᠭᠦᠯᠵᠦ᠂ ᠪᠥᠬᠦ ᠣᠷᠣᠨ᠎ᠤ ᠨᠢᠭᠡᠳᠦᠯᠲᠡᠢ ᠲᠤᠬᠠᠶ᠋ᠢᠯᠠᠭᠰᠠᠨ ᠠᠵᠢᠯ᠎ᠤᠨ ᠲᠤᠰᠠᠯᠠᠮᠵᠢ ᠵᠢᠨ ᠬᠡᠷᠡᠭᠴᠡᠭᠡ ᠵᠢ ᠨᠠᠩ ᠰᠠᠶ᠋ᠢᠲᠤᠷ ᠬᠠᠩᠭ᠋ᠠᠨ᠎ᠠ᠃ ᠳ᠋ᠢᠭᠢᠲ᠋ᠠᠯ ᠮᠡᠷᠭᠡᠵᠢᠯ ᠵᠶ᠋ᠠᠷ ᠡᠷᠴᠢᠮᠯᠡᠬᠦ ᠰᠢᠪᠲᠤᠯᠤᠯᠲᠠ ᠵᠢ ᠴᠢᠩᠭ᠋ᠠᠳᠬᠠᠵᠤ᠂ ᠳ᠋ᠠᠶ᠋ᠢᠲ᠋ᠠ ᠵᠢᠨ ᠠᠮᠤᠷ ᠲᠦᠪᠰᠢᠨ᠂ ᠡᠮᠬᠢ ᠵᠢᠷᠤᠮ᠎ᠲᠠᠢ᠂ ᠥᠨᠳᠥᠷ ᠪᠦᠲᠦᠮᠵᠢᠲᠡᠢ ᠠᠰᠢᠭᠯᠠᠯᠲᠠ ᠵᠢ ᠠᠬᠢᠭᠤᠯᠤᠨ᠎ᠠ᠃ ᠠᠵᠢᠯ ᠶᠠᠪᠤᠳᠠᠯ ᠭᠦᠢ᠍ᠴᠡᠳᠬᠡᠬᠦ ᠦᠢ᠍ᠯᠡᠴᠢᠯᠡᠭᠡᠨ᠎ᠤ ᠪᠡᠶᠡᠴᠢᠯᠡᠨ ᠥᠩᠭᠡᠷᠡᠭᠦᠯᠬᠦ ᠵᠢᠨ ᠰᠢᠪᠲᠤᠯᠤᠯᠲᠠ ᠵᠢ ᠰᠢᠯᠢᠳᠡᠭᠵᠢᠭᠦᠯᠵᠦ᠂ ᠳᠤᠲᠠᠭᠳᠠᠵᠤ ᠪᠠᠶ᠋ᠢᠭ᠎ᠠ ᠵᠦᠢ᠍ᠯᠡᠰ᠎ᠢ ᠠᠮᠠᠯᠠᠨ ᠭᠦᠢ᠍ᠴᠡᠳᠬᠡᠬᠦ᠂ ᠣᠨᠳᠣᠣ ᠭᠠᠵᠠᠷ᠎ᠤᠨ ᠵᠦᠢ᠍ᠯᠡᠰ᠎ᠢ ᠣᠷᠣᠨ ᠪᠦᠰᠡ ᠠᠯᠤᠰᠯᠠᠨ ᠭᠦᠢ᠍ᠴᠡᠳᠬᠡᠬᠦ᠂ ᠲᠥᠷᠥ ᠵᠢᠨ ᠪᠣᠳᠣᠯᠭ᠎ᠠ ᠵᠢᠨ ᠦᠢ᠍ᠯᠡᠴᠢᠯᠡᠭᠡ ᠵᠢ ᠭᠤᠶᠤᠴᠢᠯᠠᠬᠤ ᠦᠭᠡᠢ᠎ᠪᠠᠷ ᠭᠦᠢ᠍ᠴᠡᠳᠬᠡᠬᠦ ᠵᠢ ᠠᠬᠢᠭᠤᠯᠤᠨ᠎ᠠ᠃ ᠦᠢ᠍ᠯᠡᠴᠢᠯᠡᠭᠡᠨ᠎ᠤ ᠬᠡᠪᠴᠢᠶ᠎ᠡ ᠵᠢ ᠥᠷᠭᠡᠳᠬᠡᠨ ᠦᠷ᠎ᠡ ᠠᠰᠢᠭ᠎ᠢ ᠨᠡᠮᠡᠭᠳᠡᠭᠦᠯᠬᠦ ᠰᠢᠪᠲᠤᠯᠤᠯᠲᠠ ᠵᠢ ᠠᠬᠢᠭᠤᠯᠵᠤ᠂ ᠬᠠᠪᠰᠤᠷᠤᠨ ᠬᠢᠵᠦ ᠣᠷᠣᠯᠠᠨ ᠭᠦᠢ᠍ᠴᠡᠳᠬᠡᠬᠦ ᠴᠢᠳᠠᠮᠵᠢ ᠵᠢ ᠳᠡᠭᠡᠭᠰᠢᠯᠡᠭᠦᠯᠬᠦ᠂ ᠨᠡᠶ᠋ᠢᠲᠡ ᠵᠢᠨ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠪᠠᠶᠠᠯᠢᠭᠵᠢᠭᠤᠯᠬᠤ᠂ ᠦᠷᠳᠡᠭ ᠨᠡᠮᠡᠭᠳᠡᠯ᠎ᠤᠨ ᠦᠢ᠍ᠯᠡᠴᠢᠯᠡᠭᠡᠨ᠎ᠤ ᠠᠭᠤᠯᠭ᠎ᠠ ᠵᠢ ᠥᠷᠭᠡᠳᠬᠡᠬᠦ ᠵᠡᠷᠭᠡ ᠠᠷᠭ᠎ᠠ ᠬᠡᠮᠵᠢᠶ᠎ᠡ᠎ᠨᠦᠭᠦᠳ᠎ᠢ ᠨᠠᠷᠢᠯᠢᠭᠵᠢᠭᠤᠯᠤᠨ ᠳᠤᠷᠠᠳᠪᠠ᠃ ᠭᠤᠷᠪᠠ᠎ᠳᠤ᠂ ᠳᠦᠷᠢᠮ᠎ᠤᠨ ᠪᠠᠷᠢᠮᠵᠢᠶ᠎ᠠ ᠵᠢᠨ ᠵᠢᠷᠤᠮᠵᠢᠯ᠎ᠤᠨ ᠲᠣᠭᠲᠠᠯᠴᠠᠭ᠎ᠠ ᠵᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠤᠨ ᠨᠢᠭᠡᠳᠦᠯᠲᠡᠢ ᠪᠠᠷᠢᠮᠵᠢᠶ᠎ᠠ ᠵᠢ ᠪᠠᠶ᠋ᠢᠭᠤᠯᠵᠤ᠂ ᠠᠳᠠᠯᠢ ᠨᠢᠭᠡᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ ᠪᠥᠬᠦ ᠣᠷᠣᠨ᠎ᠤ ᠬᠡᠪᠴᠢᠶᠡᠨ᠎ᠳᠤ ᠢᠯᠭ᠋ᠠᠭ᠎ᠠ ᠦᠭᠡᠢ ᠭᠥᠯᠢᠶᠡᠨ ᠠᠪᠴᠤ ᠰᠢᠢ᠍ᠳᠪᠦᠷᠢᠯᠡᠬᠦ᠂ ᠠᠳᠠᠯᠢ ᠪᠠᠷᠢᠮᠵᠢᠶ᠎ᠠ᠎ᠪᠠᠷ ᠭᠦᠢ᠍ᠴᠡᠳᠬᠡᠬᠦ ᠵᠢ ᠪᠡᠶᠡᠯᠡᠭᠦᠯᠦᠨ᠎ᠡ᠃ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠯᠠᠪᠤᠷ ᠭᠠᠵᠠᠷ᠎ᠤᠨ ᠠᠵᠢᠯ ᠶᠠᠪᠤᠳᠠᠯ ᠭᠦᠢ᠍ᠴᠡᠳᠬᠡᠬᠦ ᠦᠢ᠍ᠯᠡᠴᠢᠯᠡᠭᠡ ᠵᠢ ᠵᠢᠷᠤᠮᠵᠢᠭᠤᠯᠵᠤ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ 《ᠨᠢᠭᠡ ᠯᠡ ᠡᠭᠦᠳᠡ᠎ᠪᠠᠷ ᠣᠷᠣᠬᠤ》 ᠵᠢ ᠭᠦᠨᠵᠡᠭᠡᠢ ᠠᠬᠢᠭᠤᠯᠵᠤ᠂ ᠨᠢᠭᠡᠳᠦᠯᠲᠡᠢ ᠭᠥᠯᠢᠶᠡᠨ ᠠᠪᠴᠤ ᠰᠢᠢ᠍ᠳᠪᠦᠷᠢᠯᠡᠬᠦ ᠪᠠ ᠨᠢᠭᠡ ᠯᠡ ᠥᠷᠲᠡᠭᠡ᠎ᠪᠠᠷ ᠭᠦᠢ᠍ᠴᠡᠳᠬᠡᠬᠦ ᠵᠢ ᠪᠡᠶᠡᠯᠡᠭᠦᠯᠦᠨ᠎ᠡ᠃ ᠦᠢ᠍ᠯᠡᠴᠢᠯᠡᠭᠡᠨ᠎ᠤ ᠴᠢᠳᠠᠮᠵᠢ ᠵᠢ ᠳᠡᠭᠡᠭᠰᠢᠯᠡᠭᠦᠯᠬᠦ ᠪᠠᠲᠤᠯᠠᠭ᠎ᠠ ᠵᠢᠨ ᠲᠣᠭᠲᠠᠴᠠ ᠵᠢ ᠪᠦᠷᠢᠨᠰᠢᠭᠦᠯᠦᠨ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠴᠣᠩᠬᠤᠨ᠎ᠤ ᠠᠵᠢᠯᠲᠠᠨ᠎ᠢ ᠬᠥᠮᠥᠵᠢᠭᠦᠯᠬᠦ᠂ ᠬᠡᠷᠡᠭᠯᠡᠬᠦ᠂ ᠦᠨᠡᠯᠡᠬᠦ ᠳᠦᠷᠢᠮ᠎ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠳᠦᠷᠢᠮ᠎ᠤᠨ ᠬᠠᠩᠭ᠋ᠠᠯᠭ᠎ᠠ ᠵᠢ ᠴᠢᠩᠭ᠋ᠠᠳᠬᠠᠨ᠎ᠠ᠃
(ᠭᠤᠷᠪᠠ) ᠵᠣᠬᠢᠶᠠᠨ ᠪᠠᠶ᠋ᠢᠭᠤᠯᠤᠯᠲᠠ ᠵᠢᠨ ᠪᠠᠲᠤᠯᠠᠭ᠎ᠠ᠃ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ ᠵᠢ ᠴᠢᠩᠭ᠋ᠠᠳᠬᠠᠬᠤ᠂ ᠨᠠᠷᠢᠨ ᠨᠢᠮᠪᠠᠢ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ᠂ ᠤᠬᠠᠭᠤᠯᠤᠨ ᠳᠡᠯᠭᠡᠷᠡᠭᠦᠯᠬᠦ ᠵᠢ ᠴᠢᠩᠭ᠋ᠠᠳᠬᠠᠬᠤ ᠵᠡᠷᠭᠡ ᠲᠠᠯ᠎ᠠ᠎ᠪᠠᠷ ᠪᠣᠳᠠᠲᠠᠢ ᠠᠷᠭ᠎ᠠ ᠬᠡᠮᠵᠢᠶ᠎ᠡ ᠳᠤᠷᠠᠳᠪᠠ᠃
ᠭᠤᠷᠪᠠ᠂ ᠨᠠᠷᠢᠨ ᠳᠠᠩᠰᠠ ᠵᠢ ᠨᠡᠶ᠋ᠢᠲᠡᠯᠡᠭᠰᠡᠨ᠎ᠨᠢ
《ᠬᠡᠷᠡᠭᠵᠢᠭᠦᠯᠬᠦ ᠰᠠᠨᠠᠯ》᠎ᠢ ᠪᠦᠲᠦᠮᠵᠢᠲᠡᠶ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠪᠠᠲᠤᠯᠠᠬᠤ ᠵᠢᠨ ᠲᠥᠯᠥᠭᠡ᠂ ᠪᠢᠳᠡ 《2024 ᠣᠨ᠎ᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 〈ᠥᠨᠳᠥᠷ ᠪᠦᠲᠦᠮᠵᠢᠲᠡᠶ᠎ᠪᠠᠷ ᠨᠢᠭᠡ ᠠᠵᠢᠯ ᠶᠠᠪᠤᠳᠠᠯ᠎ᠢ ᠭᠦᠢ᠍ᠴᠡᠳᠬᠡᠬᠦ〉 ᠭᠤᠣᠯᠳᠠᠯᠭ᠎ᠠ᠎ᠲᠠᠢ ᠵᠦᠢ᠍ᠯᠡᠰ᠎ᠤᠨ ᠨᠠᠷᠢᠨ ᠳᠠᠩᠰᠠ》 ᠵᠢ ᠢᠵᠢ ᠪᠦᠷᠢᠳᠦᠭᠦᠯᠦᠨ ᠲᠣᠭᠲᠠᠭ᠋ᠠᠵᠤ ᠨᠡᠶ᠋ᠢᠲᠡᠯᠡᠪᠡ᠂ ᠡᠭᠦᠨ᠎ᠳᠤ᠂ 《ᠨᠢᠭᠡ ᠠᠵᠢᠯ ᠶᠠᠪᠤᠳᠠᠯ》᠎ᠤᠨ ᠨᠠᠷᠢᠨ ᠳᠠᠩᠰᠠ》᠎ᠨᠢ 5 ᠵᠦᠢ᠍ᠯ ᠪᠣᠶ᠂ ᠡᠭᠦᠨ᠎ᠳᠤ 《ᠬᠤᠭᠤᠯᠠ ᠤᠮᠳᠠ ᠵᠢᠨ ᠳᠡᠯᠭᠡᠭᠦᠷ》 ᠡᠷᠭᠢᠯᠡᠬᠦ᠂ ᠠᠵᠤ ᠠᠬᠤᠶ᠋ᠢᠯᠠᠯ᠎ᠤᠨ ᠳᠠᠩᠰᠠᠯᠠᠯᠲᠠ ᠵᠢ ᠬᠠᠰᠤᠬᠤ᠂ ᠰᠠᠶᠢ ᠲᠥᠷᠥᠭᠰᠡᠨ ᠬᠡᠦᠬᠡᠳ᠂ ᠵᠡᠮᠳᠡᠭᠴᠦᠳ᠎ᠲᠤ ᠦᠢ᠍ᠯᠡᠴᠢᠯᠡᠬᠦ᠂ ᠠᠵᠢᠯ᠎ᠠᠴᠠ᠎ᠪᠠᠨ ᠠᠮᠠᠷᠠᠬᠤ ᠵᠡᠷᠭᠡ 《ᠨᠢᠭᠡ ᠠᠵᠢᠯ ᠶᠠᠪᠤᠳᠠᠯ》᠎ᠤᠨ ᠨᠠᠷᠢᠨ ᠳᠠᠩᠰᠠ ᠵᠢ ᠪᠠᠭᠲᠠᠭ᠋ᠠᠨ᠎ᠠ; ᠰᠢᠨ᠎ᠡ᠎ᠪᠠᠷ ᠨᠡᠮᠡᠭᠰᠡᠨ ᠪᠦᠲᠦᠭᠡᠨ ᠪᠠᠶ᠋ᠢᠭᠤᠯᠤᠯᠲᠠ ᠵᠢᠨ 《ᠨᠢᠭᠡ ᠠᠵᠢᠯ ᠶᠠᠪᠤᠳᠠᠯ》᠎ᠤᠨ ᠨᠠᠷᠢᠨ ᠳᠠᠩᠰᠠ᠎ᠨᠢ 8 ᠵᠦᠢ᠍ᠯ ᠪᠣᠯᠣᠨ᠎ᠠ᠂ ᠡᠭᠦᠨ᠎ᠳᠤ ᠠᠵᠤ ᠠᠬᠤᠶ᠋ᠢᠯᠠᠯ᠎ᠤᠨ ᠮᠡᠳᠡᠭᠡ ᠵᠠᠩᠭᠢ ᠵᠢ ᠬᠤᠪᠢᠷᠠᠭᠤᠯᠬᠤ᠂ ᠲᠡᠭᠡᠭᠡᠪᠦᠷᠢ ᠵᠢᠨ ᠠᠵᠤ ᠠᠬᠤᠶ᠋ᠢᠯᠠᠯ ᠨᠡᠭᠡᠭᠡᠨ ᠡᠷᠭᠢᠯᠡᠬᠦ᠂ ᠤᠰᠤ ᠴᠠᠬᠢᠯᠭ᠋ᠠᠨ ᠬᠡᠢ ᠳᠤᠯᠠᠭ᠋ᠠᠯᠭ᠎ᠠ ᠰᠦᠯᠵᠢᠶ᠎ᠡ ᠵᠢ ᠬᠠᠮᠲᠤᠷᠠᠨ ᠮᠡᠳᠡᠭᠦᠯᠦᠨ ᠤᠭᠰᠠᠷᠠᠬᠤ᠂ ᠢᠲᠡᠭᠡᠮᠵᠢ ᠵᠢ ᠰᠡᠷᠭᠦᠭᠡᠬᠦ᠂ ᠠᠵᠤ ᠠᠬᠤᠶ᠋ᠢᠯᠠᠯ᠎ᠤᠨ ᠵᠠᠬ᠎ᠠ ᠳᠡᠯᠭᠡᠭᠦᠷ᠎ᠲᠤ ᠭᠠᠷᠬᠤ ᠵᠢᠨ ᠬᠠᠤᠯᠢ ᠲᠣᠭᠲᠠᠭ᠋ᠠᠯ᠎ᠳᠤ ᠨᠡᠶ᠋ᠢᠴᠡᠬᠦ ᠲᠤᠬᠠᠢ ᠮᠡᠳᠡᠭᠡ ᠵᠠᠩᠭᠢ ᠵᠢ ᠬᠠᠷᠭᠤᠭᠤᠯᠤᠨ ᠪᠠᠶ᠋ᠢᠴᠠᠭ᠋ᠠᠬᠤ᠂ ᠠᠵᠤ ᠠᠬᠤᠶ᠋ᠢᠯᠠᠯ᠎ᠤᠨ ᠳᠠᠮᠫᠤᠷᠠᠯ᠎ᠤᠨ ᠮᠡᠳᠡᠭᠡ ᠵᠠᠩᠭᠢ ᠵᠢ ᠬᠠᠷᠭᠤᠭᠤᠯᠤᠨ ᠪᠠᠶ᠋ᠢᠴᠠᠭ᠋ᠠᠬᠤ᠂ ᠰᠤᠷᠭ᠋ᠠᠨ ᠬᠥᠮᠦᠵᠢᠯ ᠰᠤᠷᠭ᠋ᠠᠭᠤᠯᠢ᠎ᠳᠤ ᠣᠷᠣᠬᠤ᠂ ᠨᠡᠶ᠋ᠢᠭᠡᠮ᠎ᠤᠨ ᠪᠠᠲᠤᠯᠠᠭ᠎ᠠ ᠵᠢᠨ ᠺᠠᠷᠲ᠎ᠤᠨ ᠰᠠᠭᠤᠭ᠋ᠠᠯᠢ ᠠᠷᠠᠳ᠎ᠤᠨ ᠦᠢ᠍ᠯᠡᠴᠢᠯᠡᠭᠡ ᠵᠡᠷᠭᠡ ᠪᠠᠭᠲᠠᠨ᠎ᠠ; ᠢᠨᠵᠧᠨᠧᠷᠢᠩ᠎ᠤᠨ ᠬᠦᠷᠢᠶᠡᠨ᠎ᠳᠠᠬᠢ 《ᠨᠢᠭᠡ ᠠᠵᠢᠯ ᠶᠠᠪᠤᠳᠠᠯ》᠎ᠤᠨ ᠨᠠᠷᠢᠨ ᠲᠠᠩᠰᠠ᠎ᠨᠢ 3 ᠵᠦᠢ᠍ᠯ ᠪᠠᠶ᠋ᠢᠵᠤ᠂ ᠡᠭᠦᠨ᠎ᠳᠤ ᠡᠨᠧᠷᠭᠢ᠂ ᠤᠰᠤᠨ ᠠᠰᠢᠭᠯᠠᠯᠲᠠ᠂ ᠵᠠᠮ ᠬᠠᠷᠢᠯᠴᠠᠭ᠎ᠠ ᠪᠠᠭᠲᠠᠨ᠎ᠠ᠃ 《ᠨᠢᠭᠡ ᠠᠵᠢᠯ ᠶᠠᠪᠤᠳᠠᠯ》 ᠨᠢᠭᠡᠪᠦᠷᠢ ᠵᠢᠨ ᠲᠦᠷᠦᠭᠦᠯᠡᠬᠦ ᠰᠠᠯᠠᠭ᠎ᠠ ᠮᠥᠴᠢᠷ ᠪᠠ ᠬᠠᠷᠢᠭᠤᠴᠠᠬᠤ ᠰᠠᠯᠠᠭ᠎ᠠ ᠮᠥᠴᠢᠷ᠎ᠢ ᠤᠯᠠᠮ ᠲᠣᠳᠣᠷᠬᠠᠶ᠋ᠢᠯᠠᠪᠠ᠃