ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠡᠳ᠋᠎ᠤᠨ ᠵᠠᠰᠠᠭ᠎ᠤᠨ ᠶᠠᠮᠤᠨ᠂ ᠰᠤᠷᠭ᠋ᠠᠨ ᠬᠥᠮᠦᠵᠢᠯ᠎ᠤᠨ ᠶᠠᠮᠤᠨ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ᠎ᠤ ᠬᠤᠯᠪᠣᠭᠳᠠᠯ ᠪᠦᠬᠦᠢ ᠵᠤᠷᠭ᠋ᠠᠨ ᠲᠣᠪᠴᠢᠶᠠᠨ᠎ᠤ ᠬᠠᠷᠢᠭᠤᠴᠠᠯᠭ᠋ᠠᠲᠠᠳ ᠰᠣᠷᠣᠭᠴᠢᠳ᠎ᠢ ᠡᠳ᠋ ᠮᠥᠩᠭᠦ᠎ᠪᠠᠷ ᠲᠤᠰᠠᠯᠠᠬᠤ ᠲᠥᠷᠥ ᠵᠢᠨ ᠪᠣᠳᠣᠯᠭ᠎ᠠ᠎ᠳᠤ ᠲᠣᠬᠢᠷᠠᠭᠤᠯᠤᠯᠲᠠ ᠬᠢᠭᠰᠡᠨ ᠲᠤᠬᠠᠢ ᠰᠤᠷᠪᠤᠯᠵᠢᠯᠠᠭᠴᠢ ᠵᠢᠨ ᠬᠤᠯᠪᠣᠭᠳᠠᠯ ᠪᠦᠬᠦᠢ ᠠᠰᠠᠭᠤᠯᠲᠠ᠎ᠨᠤᠭᠤᠳ᠎ᠢ ᠬᠠᠷᠢᠭᠤᠯᠪᠠ
ᠨᠡᠶᠢᠲᠡᠯᠡᠭᠰᠡᠨ ᠴᠠᠭ᠄ 2024-11-04


    ᠨᠠᠮ᠎ᠤᠨ ᠬᠤᠷᠢᠳᠤᠭ᠋ᠠᠷ ᠶᠡᠭᠡ ᠬᠤᠷᠠᠯ ᠪᠠ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠬᠤᠶᠠᠳᠤᠭ᠋ᠠᠷ᠂ ᠭᠤᠷᠪᠠᠳᠤᠭ᠋ᠠᠷ ᠪᠥᠬᠦᠳᠡ ᠬᠤᠷᠠᠯᠳᠤᠭ᠋ᠠᠨ᠎ᠤ ᠵᠣᠷᠢᠭ ᠰᠠᠨᠠᠭ᠎ᠠ ᠵᠢ ᠪᠥᠬᠦ ᠲᠠᠯ᠎ᠠ᠎ᠪᠠᠷ ᠲᠤᠭᠤᠰᠢᠯᠠᠭᠤᠯᠵᠤ᠂ ᠪᠥᠬᠦ ᠰᠤᠷᠤᠯᠭ᠎ᠠ ᠵᠢᠨ ᠬᠤᠭᠤᠴᠠᠭ᠋ᠠᠨ᠎ᠳᠠᠬᠢ ᠰᠣᠷᠣᠭᠴᠢᠳ᠎ᠢ ᠡᠳ᠋ ᠮᠥᠩᠭᠦ᠎ᠪᠠᠷ ᠲᠤᠰᠠᠯᠠᠬᠤ ᠲᠣᠭᠲᠠᠯᠴᠠᠭ᠎ᠠ ᠵᠢ ᠲᠡᠭᠦᠯᠳᠡᠷᠵᠢᠭᠦᠯᠬᠦ ᠵᠢᠨ ᠲᠥᠯᠥᠭᠡ᠂ ᠡᠳ᠋᠎ᠤᠨ ᠵᠠᠰᠠᠭ᠎ᠤᠨ ᠶᠠᠮᠤᠨ᠂ ᠰᠤᠷᠭ᠋ᠠᠨ ᠬᠥᠮᠦᠵᠢᠯ᠎ᠤᠨ ᠶᠠᠮᠤᠨ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ 《ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠱᠠᠲᠤ ᠦᠶ᠎ᠡ ᠪᠠ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤ ᠦᠶ᠎ᠡ᠎ᠳᠠᠬᠢ ᠤᠯᠤᠰ᠎ᠤᠨ ᠰᠤᠷᠤᠯᠭ᠎ᠠ ᠵᠢᠨ ᠱᠠᠩᠨᠠᠯ᠎ᠤᠨ ᠮᠥᠩᠭᠦ ᠪᠠ ᠰᠤᠷᠤᠯᠭ᠎ᠠ ᠵᠢᠨ ᠳᠡᠳᠬᠦᠪᠦᠷᠢ ᠵᠢᠨ ᠮᠥᠩᠭᠦᠨ᠎ᠤ ᠲᠥᠷᠥ ᠵᠢᠨ ᠪᠣᠳᠣᠯᠭ᠎ᠠ᠎ᠳᠤ ᠲᠣᠬᠢᠷᠠᠭᠤᠯᠤᠯᠲᠠ ᠬᠢᠬᠦ ᠲᠤᠬᠠᠢ ᠮᠡᠳᠡᠭᠳᠡᠯ》 (ᠡᠳ᠋ ᠰᠤᠷᠭ᠋ᠠᠨ [2024] 181 ᠳ᠋ᠦ᠍ᠭᠡᠷ ᠲᠣᠭ᠋ᠠᠲᠤ᠂ ᠳᠣᠷᠣᠭᠰᠢ 《ᠮᠡᠳᠡᠭᠳᠡᠯ》 ᠭᠡᠵᠦ ᠲᠣᠪᠴᠢᠯᠠᠪᠠ)᠎ᠢ ᠳᠠᠷᠤᠮᠠᠯᠯᠠᠨ ᠶᠠᠪᠤᠭᠤᠯᠪᠠ᠃ ᠣᠶ᠋ᠢᠷ᠎ᠠ᠎ᠳᠤ᠂ ᠡᠳ᠋᠎ᠤᠨ ᠵᠠᠰᠠᠭ᠎ᠤᠨ ᠶᠠᠮᠤᠨ᠂ ᠰᠤᠷᠭ᠋ᠠᠨ ᠬᠥᠮᠦᠵᠢᠯ᠎ᠤᠨ ᠶᠠᠮᠤᠨ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ᠎ᠤ ᠬᠤᠯᠪᠣᠭᠳᠠᠯ ᠪᠦᠬᠦᠢ ᠵᠤᠷᠭ᠋ᠠᠨ ᠲᠣᠪᠴᠢᠶᠠᠨ᠎ᠤ ᠬᠠᠷᠢᠭᠤᠴᠠᠯᠭ᠋ᠠᠲᠠᠳ ᠰᠣᠷᠣᠭᠴᠢᠳ᠎ᠢ ᠡᠳ᠋ ᠮᠥᠩᠭᠦ᠎ᠪᠠᠷ ᠲᠤᠰᠠᠯᠠᠬᠤ ᠲᠥᠷᠥ ᠵᠢᠨ ᠪᠣᠳᠣᠯᠭ᠎ᠠ᠎ᠳᠠᠬᠢ ᠲᠣᠰ ᠤᠳᠠᠭ᠋ᠠᠨ᠎ᠤ ᠲᠣᠬᠢᠷᠠᠭᠤᠯᠤᠯᠲᠠ ᠵᠢᠨ ᠠᠬᠤᠢ ᠪᠠᠶ᠋ᠢᠳᠠᠯ ᠪᠠ ᠠᠴᠢ ᠬᠤᠯᠪᠣᠭᠳᠠᠯ᠂ ᠳᠣᠬᠢᠷᠠᠭᠤᠯᠬᠤ ᠵᠠᠷᠴᠢᠮ᠂ ᠭᠤᠣᠯ ᠠᠭᠤᠯᠭ᠎ᠠ᠂ ᠨᠠᠶ᠋ᠢᠳᠠᠪᠤᠷᠢᠵᠢᠭᠤᠯᠬᠤ ᠱᠠᠭ᠋ᠠᠷᠳᠠᠯᠭ᠎ᠠ ᠵᠡᠷᠭᠡ ᠠᠰᠠᠭᠤᠳᠠᠯ᠎ᠤᠨ ᠲᠠᠯ᠎ᠠ᠎ᠪᠠᠷ ᠰᠤᠷᠪᠤᠯᠵᠢᠯᠠᠭᠴᠢ ᠵᠢᠨ ᠠᠰᠠᠭᠤᠯᠲᠠ᠎ᠨᠤᠭᠤᠳ᠎ᠢ ᠬᠠᠷᠢᠭᠤᠯᠵᠠᠢ᠃
    ᠨᠢᠭᠡ᠂ ᠲᠣᠰ ᠤᠳᠠᠭ᠋ᠠᠨ᠎ᠤ ᠲᠥᠷᠥ ᠵᠢᠨ ᠪᠣᠳᠣᠯᠭ᠎ᠠ᠎ᠳᠤ ᠲᠣᠬᠢᠷᠠᠭᠤᠯᠤᠯᠲᠠ ᠬᠢᠭᠰᠡᠨ ᠠᠬᠤᠢ ᠪᠠᠶ᠋ᠢᠳᠠᠯ ᠪᠠ ᠠᠴᠢ ᠬᠤᠯᠪᠣᠭᠳᠠᠯ᠎ᠨᠢ ᠶᠠᠭᠤ ᠪᠣᠶ?
    ᠬᠠᠷᠢᠭᠤᠯᠲᠠ᠄ ᠣᠳᠣᠬᠠᠨ᠎ᠳᠤ᠂ ᠮᠠᠨ᠎ᠤ ᠤᠯᠤᠰ ᠨᠢᠭᠡᠨᠲᠡ ᠰᠣᠷᠣᠭᠴᠢᠳ᠎ᠢ ᠡᠳ᠋ ᠮᠥᠩᠭᠦ᠎ᠪᠠᠷ ᠲᠤᠰᠠᠯᠠᠬᠤ ᠳᠡᠯᠡᠬᠡᠢ ᠳᠡᠭᠡᠷᠡᠬᠢ ᠬᠠᠮᠤᠭ᠎ᠤᠨ ᠶᠡᠭᠡ ᠬᠡᠪᠴᠢᠶᠡᠲᠡᠢ ᠲᠣᠭᠲᠠᠯᠴᠠᠭ᠎ᠠ ᠵᠢ ᠪᠠᠶ᠋ᠢᠭᠤᠯᠤᠭ᠋ᠠᠳ᠂ ᠬᠡᠪᠴᠢᠶᠡᠨ᠎ᠤ ᠲᠠᠯ᠎ᠠ᠎ᠪᠠᠷ ᠪᠦᠬᠦᠶ᠋ᠢᠯᠡ ᠰᠤᠷᠤᠯᠭ᠎ᠠ ᠵᠢᠨ ᠱᠠᠲᠤ ᠦᠶ᠎ᠡ᠂ ᠪᠦᠬᠦᠶ᠋ᠢᠯᠡ ᠰᠤᠷᠭ᠋ᠠᠭᠤᠯᠢ᠂ ᠪᠦᠬᠦᠶ᠋ᠢᠯᠡ ᠭᠡᠷ᠎ᠤᠨ ᠠᠮᠢᠳᠤᠷᠠᠯ᠎ᠨᠢ ᠬᠦᠴᠢᠷᠳᠡᠯ᠎ᠲᠠᠢ ᠰᠤᠷᠤᠭᠴᠢᠳ ᠪᠦᠬᠦᠨ᠎ᠢ ᠬᠠᠮᠤᠷᠴᠤ᠂ ᠣᠷᠣᠭᠤᠯᠤᠯᠲᠠ ᠵᠢᠨ ᠲᠠᠯ᠎ᠠ᠎ᠪᠠᠷ ᠡᠯ᠎ᠡ ᠱᠠᠲᠤᠨ᠎ᠤ ᠡᠳ᠋᠎ᠤᠨ ᠵᠠᠰᠠᠭ ᠰᠣᠷᠣᠭᠴᠢᠳ᠎ᠢ ᠡᠳ᠋ ᠮᠥᠩᠭᠦ᠎ᠪᠠᠷ ᠲᠤᠰᠠᠯᠠᠬᠤ ᠨᠥᠬᠦᠪᠦᠷᠢ ᠵᠢᠨ ᠵᠠᠷᠤᠳᠠᠯ᠎ᠢ ᠡᠩ ᠲᠡᠷᠢᠭᠦᠨ᠎ᠳᠤ ᠪᠠᠲᠤᠯᠠᠵᠤ᠂ ᠳᠦᠷᠢᠮ᠎ᠤᠨ ᠲᠠᠯ᠎ᠠ᠎ᠪᠠᠷ ᠨᠢᠭᠡ ᠰᠤᠷᠤᠭᠴᠢ ᠵᠢ ᠴᠤ᠌ ᠭᠡᠷ᠎ᠤᠨ ᠠᠮᠢᠳᠤᠷᠠᠯ᠎ᠨᠢ ᠬᠦᠴᠢᠷᠳᠡᠯᠲᠡᠢ᠎ᠠᠴᠠ ᠪᠣᠯᠵᠤ ᠰᠤᠷᠤᠯᠭ᠎ᠠ ᠠᠯᠳᠠᠭᠤᠯᠬᠤ ᠦᠭᠡᠢ ᠪᠠᠶ᠋ᠢᠯᠭ᠋ᠠᠨ᠂ ᠴᠢᠳᠠᠮᠵᠢ ᠵᠢᠨ ᠲᠠᠯ᠎ᠠ᠎ᠪᠠᠷ ᠰᠢᠨᠵᠢᠯᠡᠬᠦ ᠤᠬᠠᠭ᠋ᠠᠨ ᠰᠤᠷᠭ᠋ᠠᠨ ᠬᠥᠮᠦᠵᠢᠯ ᠵᠶ᠋ᠠᠷ ᠤᠯᠤᠰ ᠵᠶ᠋ᠠᠨ ᠮᠠᠨᠳᠤᠭᠤᠯᠬᠤ ᠪᠠᠶ᠋ᠢᠯᠳᠤᠬᠤ ᠪᠣᠳᠣᠯᠭ᠎ᠠ ᠵᠢ ᠭᠦᠨᠵᠡᠭᠡᠢ ᠬᠡᠷᠡᠭᠵᠢᠭᠦᠯᠬᠦ᠂ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠤ ᠢᠯᠠᠯᠲᠠ ᠵᠢ ᠡᠷᠡᠰ ᠣᠯᠬᠤ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠬᠦ᠎ᠳᠤ ᠬᠦᠴᠢᠷᠳᠡᠯᠲᠡᠢ ᠵᠢ ᠲᠤᠰᠠᠯᠠᠬᠤ᠂ ᠰᠢᠯᠢᠳᠡᠭ᠎ᠢ ᠱᠠᠩᠨᠠᠬᠤ᠂ ᠬᠥᠲᠥᠯᠥᠨ ᠵᠢᠯᠤᠭᠤᠳᠬᠤ᠂ ᠬᠥᠮᠥᠨ ᠬᠥᠮᠥᠵᠢᠭᠦᠯᠬᠦ ᠴᠢᠬᠤᠯᠠ ᠦᠢ᠍ᠯᠡᠳᠦᠯ ᠭᠠᠷᠭ᠋ᠠᠪᠠ᠃
    ᠣᠶ᠋ᠢᠷ᠎ᠠ ᠵᠢᠨ ᠵᠢᠯ᠎ᠤᠳ᠎ᠲᠤ᠂ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠶᠣᠰᠣᠭ᠋ᠠᠷ᠂ ᠡᠳ᠋᠎ᠤᠨ ᠵᠠᠰᠠᠭ᠎ᠤᠨ ᠶᠠᠮᠤᠨ᠎ᠨᠢ ᠰᠤᠷᠭ᠋ᠠᠨ ᠬᠥᠮᠦᠵᠢᠯ᠎ᠤᠨ ᠶᠠᠮᠤᠨ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ᠂ ᠰᠣᠷᠣᠭᠴᠢᠳ᠎ᠢ ᠡᠳ᠋ ᠮᠥᠩᠭᠦ᠎ᠪᠠᠷ ᠲᠤᠰᠠᠯᠠᠬᠤ ᠤᠯᠤᠰ᠎ᠤᠨ ᠲᠥᠷᠥ ᠵᠢᠨ ᠪᠣᠳᠣᠯᠭ᠎ᠠ ᠵᠢᠨ ᠲᠣᠭᠲᠠᠯᠴᠠᠭ᠎ᠠ ᠵᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠤᠯᠤᠰ᠎ᠤᠨ ᠡᠳ᠋ ᠮᠥᠩᠭᠦ᠎ᠪᠠᠷ ᠲᠤᠰᠠᠯᠠᠬᠤ ᠪᠠᠷᠢᠮᠵᠢᠶᠠᠨ᠎ᠳᠤ ᠵᠣᠬᠢᠰᠲᠠᠢ ᠴᠠᠭ᠎ᠲᠤ᠎ᠨᠢ ᠬᠥᠳᠡᠯᠦᠩᠭᠦᠢ ᠲᠣᠬᠢᠷᠠᠭᠤᠯᠤᠯᠲᠠ ᠬᠢᠵᠦ᠂ ᠡᠳ᠋᠎ᠤᠨ ᠵᠠᠰᠠᠭ᠎ᠤᠨ ᠣᠷᠣᠭᠤᠯᠤᠯᠲᠠ ᠵᠢᠨ ᠡᠷᠴᠢᠮ ᠵᠶ᠋ᠠᠨ ᠦᠷᠭᠦᠯᠵᠢᠯᠡᠨ ᠴᠢᠩᠭ᠋ᠠᠷᠠᠭᠤᠯᠤᠭ᠋ᠠᠳ ᠤᠯᠤᠰ᠎ᠤᠨ ᠡᠳ᠋ ᠮᠥᠩᠭᠦ᠎ᠪᠠᠷ ᠲᠤᠰᠠᠯᠠᠬᠤ ᠬᠢᠷᠢ ᠲᠦᠪᠰᠢᠨ᠎ᠢ ᠠᠯᠬᠤᠮ ᠠᠯᠬᠤᠮ ᠵᠶ᠋ᠠᠷ ᠳᠡᠭᠡᠭᠰᠢᠯᠡᠭᠦᠯᠪᠡ᠃ 2023 ᠣᠨ᠎ᠳᠤ᠂ ᠪᠥᠬᠦ ᠤᠯᠤᠰ᠎ᠲᠤ ᠡᠯ᠎ᠡ ᠰᠤᠷᠤᠯᠭ᠎ᠠ ᠵᠢᠨ ᠱᠠᠲᠤᠨ᠎ᠤ ᠰᠣᠷᠣᠭᠴᠢᠳ᠎ᠢ ᠨᠡᠶ᠋ᠢᠲᠡ 1.6 ᠳ᠋ᠦᠩᠰᠢᠭᠤᠷ ᠬᠥᠮᠥᠨ ᠤᠳᠠᠭ᠎ᠠ ᠡᠳ᠋ ᠮᠥᠩᠭᠦ᠎ᠪᠠᠷ ᠲᠤᠰᠠᠯᠠᠵᠤ᠂ ᠲᠤᠰᠠᠯᠠᠭᠰᠠᠨ ᠵᠣᠭᠤᠰᠤᠨ᠎ᠤ ᠲᠤᠭ᠎ᠠ ᠨᠡᠶ᠋ᠢᠲᠡ 3111 ᠳ᠋ᠦᠩᠰᠢᠭᠤᠷ ᠲᠥᠭᠦᠷᠢᠭ᠎ᠲᠤ ᠬᠦᠷᠴᠡᠢ᠃ ᠡᠭᠦᠨ᠎ᠳᠤ᠂ ᠪᠦᠬᠦ ᠤᠯᠤᠰ᠎ᠤᠨ ᠡᠳ᠋᠎ᠤᠨ ᠵᠠᠰᠠᠭ᠎ᠠᠴᠠ 2161 ᠳ᠋ᠦᠩᠰᠢᠭᠤᠷ ᠲᠥᠭᠦᠷᠢᠭ᠎ᠤᠨ ᠪᠡᠯᠡ ᠣᠷᠣᠭᠤᠯᠤᠭᠰᠠᠨ᠎ᠨᠢ ᠪᠠᠷᠤᠭ ᠡᠳ᠋ ᠮᠥᠩᠭᠦ᠎ᠪᠠᠷ ᠲᠤᠰᠠᠯᠠᠭᠰᠠᠨ ᠪᠦᠬᠦ ᠵᠣᠭᠤᠰᠤᠨ᠎ᠤ ᠲᠣᠭ᠋ᠠᠨ᠎ᠤ 69% ᠵᠢ ᠡᠵᠡᠯᠡᠵᠦ᠂ ᠭᠡᠷ᠎ᠤᠨ ᠠᠮᠢᠳᠤᠷᠠᠯ᠎ᠨᠢ ᠬᠦᠴᠢᠷᠳᠡᠯᠲᠡᠢ ᠰᠤᠷᠤᠭᠴᠢᠳ᠎ᠤᠨ ᠠᠵᠤ ᠠᠬᠤᠢ ᠵᠢᠨ ᠳᠠᠷᠤᠭ᠋ᠠᠰᠤ ᠵᠢ ᠶᠡᠭᠡ᠎ᠪᠠᠷ ᠬᠥᠩᠭᠡᠷᠡᠭᠦᠯᠦᠨ᠂ ᠲᠡᠳᠡᠨ᠎ᠤ ᠰᠤᠷᠭ᠋ᠠᠭᠤᠯᠢ᠎ᠳᠤ ᠤᠷᠤᠭᠰᠢᠲᠠᠢ ᠣᠷᠣᠬᠤ᠂ ᠰᠡᠳᠬᠢᠯ ᠠᠮᠤᠷ ᠰᠤᠷᠤᠯᠴᠠᠬᠤ ᠵᠢ᠎ᠨᠢ ᠪᠠᠲᠤᠯᠠᠵᠤ᠂ ᠰᠤᠷᠤᠯᠭ᠎ᠠ᠎ᠳᠤ᠎ᠪᠠᠨ ᠠᠮᠵᠢᠯᠲᠠ ᠣᠯᠵᠤ᠂ ᠪᠦᠬᠦ ᠲᠠᠯ᠎ᠠ᠎ᠪᠠᠷ ᠬᠥᠭᠵᠢᠬᠦ ᠵᠢ᠎ᠨᠢ ᠤᠷᠮᠠᠰᠢᠭᠤᠯᠤᠨ ᠵᠣᠷᠢᠭᠵᠢᠭᠤᠯᠪᠠ᠃
    ᠨᠡᠶ᠋ᠢᠭᠡᠮ ᠠᠵᠤ ᠠᠬᠤᠢ ᠵᠢᠨ ᠬᠥᠭᠵᠢᠯᠲᠡ ᠵᠢᠨ ᠬᠢᠷᠢ ᠲᠦᠪᠰᠢᠨ᠎ᠤ ᠳᠡᠭᠡᠭᠰᠢᠯᠡᠬᠦ ᠪᠠ ᠰᠤᠷᠭ᠋ᠠᠭᠤᠯᠢ᠎ᠳᠤ ᠪᠠᠶ᠋ᠢᠭ᠎ᠠ ᠰᠤᠷᠤᠭᠴᠢᠳ᠎ᠤᠨ ᠲᠤᠭ᠎ᠠ ᠨᠡᠮᠡᠭᠳᠡᠬᠦ ᠵᠢ ᠳᠠᠭ᠋ᠠᠯᠳᠤᠨ᠂ ᠤᠯᠤᠰ᠎ᠤᠨ ᠰᠤᠷᠤᠯᠭ᠎ᠠ ᠵᠢᠨ ᠱᠠᠩᠨᠠᠯ᠎ᠤᠨ ᠮᠥᠩᠭᠦ᠎ᠪᠠᠷ ᠱᠠᠩᠨᠠᠬᠤ ᠣᠷᠣᠨ ᠲᠤᠭ᠎ᠠ ᠵᠢ ᠵᠣᠬᠢᠬᠤ ᠬᠡᠮᠵᠢᠶ᠎ᠡ᠎ᠪᠠᠷ ᠨᠡᠮᠡᠭᠳᠡᠭᠦᠯᠵᠦ᠂ ᠤᠯᠤᠰ᠎ᠤᠨ ᠰᠤᠷᠤᠯᠭ᠎ᠠ ᠵᠢᠨ ᠳᠡᠳᠬᠦᠪᠦᠷᠢ ᠵᠢᠨ ᠮᠥᠩᠭᠦ᠎ᠪᠠᠷ ᠲᠤᠰᠠᠯᠠᠬᠤ ᠪᠠᠷᠢᠮᠵᠢᠶ᠎ᠠ ᠵᠢ ᠵᠣᠬᠢᠰᠲᠠᠢ᠎ᠪᠠᠷ ᠳᠡᠭᠡᠭᠰᠢᠯᠡᠭᠦᠯᠬᠦ ᠬᠡᠷᠡᠭᠲᠡᠢ ᠬᠡᠮᠡᠨ ᠬᠡᠰᠡᠭ ᠭᠠᠵᠠᠷ ᠣᠷᠣᠨ ᠪᠠ ᠰᠤᠷᠭ᠋ᠠᠭᠤᠯᠢ᠎ᠨᠤᠭᠤᠳ ᠲᠤᠰᠬᠠᠭᠰᠠᠨ ᠪᠠᠶ᠋ᠢᠨ᠎ᠠ᠃ ᠲᠣᠰ ᠤᠳᠠᠭ᠋ᠠᠨ᠎ᠤ ᠰᠣᠷᠣᠭᠴᠢᠳ᠎ᠢ ᠡᠳ᠋ ᠮᠥᠩᠭᠦ᠎ᠪᠠᠷ ᠲᠤᠰᠠᠯᠠᠬᠤ ᠲᠥᠷᠥ ᠵᠢᠨ ᠪᠣᠳᠣᠯᠭ᠎ᠠ᠎ᠳᠠᠬᠢ ᠲᠣᠬᠢᠷᠠᠭᠤᠯᠤᠯᠲᠠ ᠪᠣᠯ ᠲᠥᠪ ᠬᠤᠷᠢᠶᠠᠨ᠎ᠤ ᠤᠯᠤᠰ ᠲᠥᠷᠥ ᠵᠢᠨ ᠲᠣᠪᠴᠢᠶᠠᠨ᠎ᠤ ᠪᠠᠶ᠋ᠢᠩᠭᠤ ᠵᠢᠨ ᠬᠤᠷᠢᠶᠠᠨ᠎ᠤ ᠬᠤᠷᠠᠯᠳᠤᠭ᠋ᠠᠨ᠂ ᠲᠥᠪ ᠬᠤᠷᠢᠶᠠᠨ᠎ᠤ ᠤᠯᠤᠰ ᠲᠥᠷᠥ ᠵᠢᠨ ᠲᠣᠪᠴᠢᠶᠠᠨ᠎ᠤ ᠬᠤᠷᠠᠯᠳᠤᠭ᠋ᠠᠨ᠎ᠤ ᠨᠡᠮᠡᠭᠳᠡᠯ᠎ᠤᠨ ᠬᠠᠮ ᠲᠥᠷᠥ ᠵᠢᠨ ᠪᠣᠳᠣᠯᠭ᠎ᠠ ᠵᠢᠨ ᠲᠤᠬᠠᠢ ᠪᠠᠶ᠋ᠢᠷᠢᠯᠠᠭᠤᠯᠤᠯᠲᠠ ᠵᠢᠨ ᠴᠢᠬᠤᠯᠠ ᠠᠷᠭ᠎ᠠ ᠪᠠᠷᠢᠯ ᠪᠣᠯᠣᠨ᠎ᠠ᠂ ᠲᠣᠰ ᠳᠣᠬᠢᠷᠠᠭᠤᠯᠤᠯᠲᠠ᠎ᠨᠢ ᠨᠡᠩ ᠶᠡᠭᠡ ᠡᠷᠴᠢᠮ ᠵᠶ᠋ᠠᠷ ᠰᠢᠯᠢᠳᠡᠭ᠎ᠢ ᠱᠠᠩᠨᠠᠨ ᠬᠦᠴᠢᠷᠳᠡᠯᠲᠡᠢ ᠵᠢ ᠲᠤᠰᠠᠯᠠᠬᠤ᠂ ᠨᠡᠩ ᠣᠯᠠᠨ ᠰᠤᠷᠤᠭᠴᠢᠳ᠎ᠢ ᠬᠠᠮᠤᠷᠬᠤ᠎ᠪᠠᠷ ᠳᠠᠮᠵᠢᠭᠤᠯᠤᠨ᠂ ᠥᠷᠭᠡᠨ ᠤᠯᠠᠨ ᠰᠤᠷᠤᠭᠴᠢᠳ᠎ᠤᠨ ᠰᠢᠷᠭ᠋ᠠᠭᠤ ᠰᠤᠷᠤᠯᠴᠠᠬᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠳᠤ ᠰᠢᠮᠳᠠᠬᠤ ᠵᠢ᠎ᠨᠢ ᠤᠷᠮᠠᠰᠢᠭᠤᠯᠤᠨ ᠬᠥᠭᠵᠢᠭᠡᠵᠦ᠂ ᠰᠢᠨ᠎ᠡ ᠵᠢ ᠡᠭᠦᠳᠬᠦ ᠣᠷᠣᠶ᠋ᠢᠯᠠᠭᠰᠠᠨ ᠴᠢᠳᠠᠪᠤᠷᠢᠲᠠᠳ᠂ ᠪᠠᠴᠢᠮ ᠱᠠᠭ᠋ᠠᠷᠳᠠᠭᠳᠠᠵᠤ ᠪᠠᠶ᠋ᠢᠭ᠎ᠠ ᠴᠢᠳᠠᠪᠤᠷᠢᠲᠠᠳ ᠬᠥᠮᠥᠵᠢᠭᠳᠡᠬᠦ ᠵᠢ ᠨᠡᠩ ᠪᠦᠲᠦᠮᠵᠢᠲᠡᠢ ᠠᠬᠢᠭᠤᠯᠬᠤ ᠪᠣᠯᠣᠨ᠎ᠠ; ᠲᠡᠷᠡᠴᠢᠯᠡᠨ᠂ ᠭᠡᠷ᠎ᠤᠨ ᠠᠮᠢᠳᠤᠷᠠᠯ᠎ᠨᠢ ᠬᠦᠴᠢᠷᠳᠡᠯᠲᠡᠢ ᠰᠤᠷᠤᠭᠴᠢᠳ᠎ᠤᠨ ᠰᠡᠳᠬᠢᠯ ᠠᠮᠤᠷ ᠰᠤᠷᠤᠯᠴᠠᠬᠤ᠂ ᠰᠤᠷᠤᠯᠭ᠎ᠠ᠎ᠪᠠᠨ ᠤᠷᠤᠭᠰᠢᠲᠠᠢ ᠲᠡᠭᠦᠰᠬᠡᠬᠦ ᠵᠢ ᠨᠡᠩ ᠰᠠᠶ᠋ᠢᠲᠤᠷ ᠪᠠᠲᠤᠯᠠᠵᠤ᠂ ᠰᠤᠷᠭ᠋ᠠᠨ ᠬᠥᠮᠦᠵᠢᠯ᠎ᠤᠨ ᠭᠤᠣᠯᠴᠢ ᠪᠠᠶ᠋ᠢᠬᠤ ᠵᠢ ᠨᠡᠩ ᠪᠦᠲᠦᠮᠵᠢᠲᠡᠶ ᠠᠬᠢᠭᠤᠯᠤᠨ᠂ ᠤᠯᠤᠰ ᠵᠶ᠋ᠠᠨ ᠬᠦᠴᠦᠷᠬᠡᠭᠵᠢᠭᠦᠯᠬᠦ ᠪᠦᠲᠦᠭᠡᠨ ᠪᠠᠶ᠋ᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢ ᠠᠬᠢᠭᠤᠯᠬᠤ᠎ᠳᠤ ᠪᠠᠲᠤ ᠲᠦᠰᠢᠭ ᠲᠤᠯᠭ᠋ᠠᠭᠤᠷᠢ ᠪᠣᠯᠬᠤ ᠪᠣᠯᠣᠨ᠎ᠠ᠃
    ᠬᠤᠶᠠᠷ᠂ ᠲᠣᠰ ᠤᠳᠠᠭ᠋ᠠᠨ᠎ᠤ ᠲᠥᠷᠥ ᠵᠢᠨ ᠪᠣᠳᠣᠯᠭ᠎ᠠ ᠵᠢᠨ ᠲᠣᠬᠢᠷᠠᠭᠤᠯᠤᠯᠲᠠ᠎ᠳᠤ ᠶᠠᠭᠤ ᠵᠢ ᠶᠡᠷᠦᠩᠬᠡᠶ᠋ᠢᠯᠡᠨ ᠪᠣᠳᠣᠯᠬᠢᠯᠠᠭᠰᠠᠨ ᠪᠣᠶ?
    ᠬᠠᠷᠢᠭᠤᠯᠲᠠ᠄ ᠲᠣᠰ ᠤᠳᠠᠭ᠋ᠠᠨ᠎ᠤ ᠲᠥᠷᠥ ᠵᠢᠨ ᠪᠣᠳᠣᠯᠭ᠎ᠠ ᠵᠢᠨ ᠲᠣᠬᠢᠷᠠᠭᠤᠯᠤᠯᠲᠠ᠎ᠳᠤ 《ᠭᠤᠷᠪᠠ ᠵᠢ ᠨᠢᠭᠡᠳᠦᠯᠲᠡᠢ ᠲᠥᠯᠥᠪᠯᠡᠨ ᠪᠣᠳᠣᠯᠬᠢᠯᠠᠬᠤ》 ᠵᠢ ᠪᠠᠷᠢᠮᠲᠠᠯᠠᠪᠠ᠃ ᠨᠢᠭᠡ᠎ᠳᠤ ᠤᠯᠤᠰ᠎ᠤᠨ ᠪᠠᠶ᠋ᠢᠯᠳᠤᠬᠤ ᠪᠣᠳᠣᠯᠭ᠎ᠠ᠎ᠳᠤ ᠦᠢ᠍ᠯᠡᠴᠢᠯᠡᠬᠦ ᠪᠠ ᠠᠷᠠᠳ᠎ᠤᠨ ᠠᠮᠢᠳᠤᠷᠠᠯ᠎ᠤᠨ ᠬᠡᠷᠡᠭᠴᠡᠭᠡ ᠵᠢ ᠬᠠᠩᠭ᠋ᠠᠬᠤ ᠵᠢ ᠨᠢᠭᠡᠳᠦᠯᠲᠡᠢ ᠲᠥᠯᠥᠪᠯᠡᠨ ᠪᠣᠳᠣᠯᠬᠢᠯᠠᠪᠠ᠃ ᠤᠯᠤᠰ᠎ᠤᠨ ᠰᠤᠷᠤᠯᠭ᠎ᠠ ᠵᠢᠨ ᠱᠠᠩᠨᠠᠯ᠎ᠤᠨ ᠮᠥᠩᠭᠦ᠎ᠪᠠᠷ ᠱᠠᠩᠨᠠᠬᠤ ᠣᠷᠣᠨ ᠲᠤᠭ᠎ᠠ ᠵᠢ ᠶᠡᠭᠡ᠎ᠪᠠᠷ ᠨᠡᠮᠡᠭᠳᠡᠭᠦᠯᠵᠦ᠂ ᠰᠤᠷᠤᠯᠭ᠎ᠠ ᠵᠢᠨ ᠱᠠᠩᠨᠠᠯ᠎ᠤᠨ ᠮᠥᠩᠭᠦ᠎ᠪᠠᠷ ᠱᠠᠩᠨᠠᠬᠤ ᠪᠠᠷᠢᠮᠵᠢᠶ᠎ᠠ ᠵᠢ ᠳᠡᠭᠡᠭᠰᠢᠯᠡᠭᠦᠯᠦᠨ᠂ ᠮᠣᠷᠠᠯ ᠰᠤᠷᠤᠯᠭ᠎ᠠ ᠬᠤᠣᠰᠯᠠᠭᠰᠠᠨ ᠰᠣᠷᠣᠭᠴᠢᠳ᠎ᠢ ᠱᠠᠩᠨᠠᠬᠤ ᠡᠷᠴᠢᠮ ᠵᠶ᠋ᠠᠨ ᠴᠢᠩᠭ᠋ᠠᠷᠠᠭᠤᠯᠪᠠ; ᠪᠠᠰᠠ ᠤᠯᠤᠰ᠎ᠤᠨ ᠰᠤᠷᠤᠯᠭ᠎ᠠ ᠵᠢᠨ ᠳᠡᠳᠬᠦᠪᠦᠷᠢ ᠵᠢᠨ ᠮᠥᠩᠭᠦ᠎ᠪᠠᠷ ᠲᠤᠰᠠᠯᠠᠬᠤ ᠪᠠᠷᠢᠮᠵᠢᠶ᠎ᠠ ᠵᠢ ᠵᠣᠬᠢᠬᠤ ᠬᠡᠮᠵᠢᠶ᠎ᠡ᠎ᠪᠠᠷ ᠳᠡᠭᠡᠭᠰᠢᠯᠡᠭᠦᠯᠦᠨ᠂ ᠭᠡᠷ᠎ᠤᠨ ᠠᠮᠢᠳᠤᠷᠠᠯ᠎ᠨᠢ ᠬᠦᠴᠢᠷᠳᠡᠯᠲᠡᠢ ᠰᠤᠷᠤᠭᠴᠢᠳ᠎ᠢ ᠬᠠᠪᠰᠤᠷᠤᠨ ᠠᠮᠢᠳᠤᠷᠠᠯ᠎ᠤᠨ ᠬᠦᠴᠢᠷᠳᠡᠯ᠎ᠢ᠎ᠨᠢ ᠨᠡᠩ ᠰᠠᠶ᠋ᠢᠨ ᠰᠢᠢ᠍ᠳᠪᠦᠷᠢᠯᠡᠵᠦ᠂ ᠤᠯᠤᠰ᠎ᠤᠨ ᠡᠯ᠎ᠡ ᠲᠦᠷᠦᠯ᠎ᠤᠨ ᠰᠤᠷᠤᠯᠭ᠎ᠠ ᠵᠢᠨ ᠱᠠᠩᠨᠠᠯ᠎ᠤᠨ ᠮᠥᠩᠭᠦ ᠪᠠ ᠰᠤᠷᠤᠯᠭ᠎ᠠ ᠵᠢᠨ ᠳᠡᠳᠬᠦᠪᠦᠷᠢ ᠵᠢᠨ ᠮᠥᠩᠭᠦ ᠵᠢᠨ ᠤᠷᠮᠠᠰᠢᠭᠤᠯᠤᠨ ᠵᠣᠷᠢᠭᠵᠢᠭᠤᠯᠬᠤ ᠪᠠ ᠪᠠᠲᠤᠯᠠᠬᠤ ᠦᠢ᠍ᠯᠡᠳᠦᠯ᠎ᠢ᠎ᠨᠢ ᠨᠡᠩ ᠰᠠᠶ᠋ᠢᠲᠤᠷ ᠪᠠᠳᠠᠷᠠᠭᠤᠯᠬᠤ ᠪᠣᠯᠭ᠋ᠠᠪᠠ᠃ ᠬᠤᠶᠠᠷ᠎ᠲᠤ ᠪᠠᠷᠢᠮᠵᠢᠶ᠎ᠠ ᠵᠢ ᠳᠡᠭᠡᠭᠰᠢᠯᠡᠭᠦᠯᠬᠦ ᠪᠠ ᠬᠡᠪᠴᠢᠶ᠎ᠡ ᠵᠢ ᠥᠷᠭᠡᠳᠬᠡᠬᠦ ᠵᠢ ᠨᠢᠭᠡᠳᠦᠯᠲᠡᠢ ᠲᠥᠯᠥᠪᠯᠡᠨ ᠪᠣᠳᠣᠯᠬᠢᠯᠠᠪᠠ᠃ ᠳᠡᠭᠡᠳᠦ ᠵᠡᠷᠭᠡ ᠵᠢᠨ ᠰᠤᠷᠭ᠋ᠠᠭᠤᠯᠢ ᠵᠢᠨ ᠵᠢᠩᠬᠢᠨᠢ ᠠᠩᠭᠢ ᠲᠤᠰᠬᠠᠢ ᠮᠡᠷᠭᠡᠵᠢᠯ᠎ᠤᠨ ᠠᠩᠭᠢ ᠵᠢᠨ ᠰᠣᠷᠣᠭᠴᠢᠳ᠎ᠲᠤ ᠣᠯᠭᠤᠬᠤ ᠤᠯᠤᠰ᠎ᠤᠨ ᠰᠤᠷᠤᠯᠭ᠎ᠠ ᠵᠢᠨ ᠱᠠᠩᠨᠠᠯ᠎ᠤᠨ ᠮᠥᠩᠭᠦ᠂ ᠤᠯᠤᠰ᠎ᠤᠨ ᠤᠷᠮᠠᠰᠢᠭᠤᠯᠤᠨ ᠵᠣᠷᠢᠭᠵᠢᠭᠤᠯᠬᠤ ᠱᠠᠩᠨᠠᠯ᠎ᠤᠨ ᠮᠥᠩᠭᠦ ᠪᠠ ᠰᠤᠳᠤᠯᠬᠤ ᠰᠣᠷᠣᠭᠴᠢᠳ᠎ᠢ ᠰᠤᠷᠤᠯᠭ᠎ᠠ ᠵᠢᠨ ᠱᠠᠩᠨᠠᠯ᠎ᠤᠨ ᠮᠥᠩᠭᠦ᠎ᠪᠠᠷ ᠱᠠᠩᠨᠠᠬᠤ ᠪᠠᠷᠢᠮᠵᠢᠶ᠎ᠠ ᠵᠢ᠎ᠨᠢ ᠵᠣᠬᠢᠬᠤ ᠬᠡᠮᠵᠢᠶ᠎ᠡ᠎ᠪᠠᠷ ᠳᠡᠭᠡᠭᠰᠢᠯᠡᠭᠦᠯᠵᠦ᠂ ᠳᠡᠭᠡᠳᠦ ᠵᠡᠷᠭᠡ ᠵᠢᠨ ᠰᠤᠷᠭ᠋ᠠᠭᠤᠯᠢ ᠵᠢᠨ ᠵᠢᠩᠬᠢᠨᠢ ᠠᠩᠭᠢ ᠲᠤᠰᠬᠠᠢ ᠮᠡᠷᠭᠡᠵᠢᠯ᠎ᠤᠨ ᠠᠩᠭᠢ ᠵᠢᠨ ᠰᠣᠷᠣᠭᠴᠢᠳ᠎ᠲᠤ ᠣᠯᠭᠤᠬᠤ ᠪᠠ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤ ᠦᠶ᠎ᠡ᠎ᠳᠠᠬᠢ ᠤᠯᠤᠰ᠎ᠤᠨ ᠲᠡᠳᠬᠦᠮᠵᠢ ᠵᠢᠨ ᠮᠥᠩᠭᠦ᠎ᠪᠠᠷ ᠲᠤᠰᠠᠯᠠᠬᠤ ᠪᠠᠷᠢᠮᠵᠢᠶ᠎ᠠ ᠵᠢ ᠳᠡᠭᠡᠭᠰᠢᠯᠡᠭᠦᠯᠪᠡ; ᠪᠠᠰᠠ ᠶᠡᠭᠡ ᠳᠡᠭᠡᠳᠦ ᠰᠤᠷᠭ᠋ᠠᠭᠤᠯᠢ ᠵᠢᠨ ᠤᠯᠤᠰ᠎ᠤᠨ ᠰᠤᠷᠤᠯᠭ᠎ᠠ ᠵᠢᠨ ᠱᠠᠩᠨᠠᠯ᠎ᠤᠨ ᠮᠥᠩᠭᠦ᠎ᠪᠠᠷ ᠱᠠᠩᠨᠠᠬᠤ ᠣᠷᠣᠨ ᠲᠤᠭ᠎ᠠ ᠵᠢ ᠶᠡᠭᠡ᠎ᠪᠠᠷ ᠨᠡᠮᠡᠭᠳᠡᠭᠦᠯᠵᠦ᠂ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ (ᠮᠡᠷᠭᠡᠵᠢᠯ᠎ᠤᠨ ᠠᠵᠢᠯᠴᠢᠨ᠎ᠤ ᠳᠡᠭᠡᠳᠦ ᠰᠤᠷᠭ᠋ᠠᠭᠤᠯᠢ ᠵᠢ ᠪᠠᠭᠲᠠᠭ᠋ᠠᠨ᠎ᠠ᠂ ᠳᠣᠷᠣᠭᠰᠢ ᠠᠳᠠᠯᠢ) ᠵᠢᠨ ᠰᠣᠷᠣᠭᠴᠢᠳ᠎ᠲᠤ ᠣᠯᠭᠤᠬᠤ ᠤᠯᠤᠰ᠎ᠤᠨ ᠰᠤᠷᠤᠯᠭ᠎ᠠ ᠵᠢᠨ ᠳᠡᠳᠬᠦᠪᠦᠷᠢ ᠵᠢᠨ ᠮᠥᠩᠭᠦ ᠵᠢᠨ ᠬᠠᠮᠤᠷᠬᠤ ᠬᠡᠪᠴᠢᠶ᠎ᠡ ᠵᠢ ᠥᠷᠭᠡᠳᠬᠡᠨ᠂ ᠰᠤᠷᠤᠭᠴᠢ ᠪᠠ ᠰᠤᠷᠭ᠋ᠠᠭᠤᠯᠢ ᠵᠢᠨ ᠪᠣᠳᠠᠲᠤ ᠬᠡᠷᠡᠭᠴᠡᠭᠡ᠎ᠳᠤ ᠨᠡᠩ ᠢᠯᠡᠭᠦᠦ ᠨᠡᠶ᠋ᠢᠴᠡᠭᠦᠯᠪᠡ᠃ ᠭᠤᠷᠪᠠ᠎ᠳᠤ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ ᠪᠠ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠤᠷᠭ᠋ᠠᠨ ᠬᠥᠮᠦᠵᠢᠯ᠎ᠢ ᠨᠢᠭᠡᠳᠦᠯᠲᠡᠢ ᠲᠥᠯᠥᠪᠯᠡᠨ ᠪᠣᠳᠣᠯᠬᠢᠯᠠᠪᠠ᠃ ᠥᠨᠥ ᠵᠢᠯ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠰᠣᠷᠣᠭᠴᠢᠳ᠎ᠢ ᠡᠳ᠋ ᠮᠥᠩᠭᠦ᠎ᠪᠠᠷ ᠲᠤᠰᠠᠯᠠᠬᠤ ᠲᠥᠷᠥ ᠵᠢᠨ ᠪᠣᠳᠣᠯᠭ᠎ᠠ᠎ᠳᠤ ᠭᠤᠣᠯᠳᠠᠯᠭ᠎ᠠ᠎ᠲᠠᠢ ᠲᠣᠬᠢᠷᠠᠭᠤᠯᠤᠯᠲᠠ ᠬᠢᠭᠰᠡᠨ ᠮᠥᠷᠲᠡᠭᠡᠨ ᠢᠷᠡᠬᠦ ᠵᠢᠯ ᠪᠠᠰᠠ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠣᠷᠣᠭᠴᠢᠳ᠎ᠢ ᠡᠳ᠋ ᠮᠥᠩᠭᠦ᠎ᠪᠠᠷ ᠲᠤᠰᠠᠯᠠᠬᠤ ᠲᠥᠷᠥ ᠵᠢᠨ ᠪᠣᠳᠣᠯᠭ᠎ᠠ᠎ᠳᠤ ᠲᠣᠬᠢᠷᠠᠭᠤᠯᠤᠯᠲᠠ ᠬᠢᠬᠦ ᠵᠢ ᠬᠠᠮᠲᠤ᠎ᠳᠤ᠎ᠨᠢ ᠬᠠᠷᠠᠭ᠋ᠠᠯᠵᠠᠵᠤ᠂ ᠡᠩ᠎ᠤᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠪᠠ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠰᠣᠷᠣᠭᠴᠢᠳ᠎ᠲᠤ ᠣᠯᠭᠤᠬᠤ ᠤᠯᠤᠰ᠎ᠤᠨ ᠰᠤᠷᠤᠯᠭ᠎ᠠ ᠵᠢᠨ ᠳᠡᠳᠬᠦᠪᠦᠷᠢ ᠵᠢᠨ ᠮᠥᠩᠭᠦ᠎ᠪᠠᠷ ᠲᠤᠰᠠᠯᠠᠬᠤ ᠪᠠᠷᠢᠮᠵᠢᠶ᠎ᠠ ᠵᠢ ᠳᠡᠭᠡᠭᠰᠢᠯᠡᠭᠦᠯᠦᠨ᠂ ᠨᠥᠬᠦᠴᠡᠯ᠎ᠳᠤ ᠨᠡᠶ᠋ᠢᠴᠡᠬᠦ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠭᠤᠷᠪᠠᠳᠤᠭ᠋ᠠᠷ ᠣᠨ᠎ᠤ ᠰᠤᠷᠭ᠋ᠠᠭᠤᠯᠢ᠎ᠳᠤ ᠪᠠᠶ᠋ᠢᠭ᠎ᠠ ᠰᠣᠷᠣᠭᠴᠢᠳ᠎ᠢ ᠤᠯᠤᠰ᠎ᠤᠨ ᠰᠤᠷᠤᠯᠭ᠎ᠠ ᠵᠢᠨ ᠳᠡᠳᠬᠦᠪᠦᠷᠢ ᠵᠢᠨ ᠮᠥᠩᠭᠦ᠎ᠪᠠᠷ ᠲᠤᠰᠠᠯᠠᠬᠤ ᠬᠡᠪᠴᠢᠶᠡᠨ᠎ᠳᠤ ᠣᠷᠣᠭᠤᠯᠵᠤ᠂ ᠨᠠᠩ ᠣᠯᠠᠨ ᠰᠣᠷᠣᠭᠴᠢᠳ᠎ᠲᠤ ᠡᠳ᠋ ᠮᠥᠩᠭᠦ᠎ᠪᠠᠷ ᠲᠤᠰᠠᠯᠠᠬᠤ ᠲᠥᠷᠥ ᠵᠢᠨ ᠪᠣᠳᠣᠯᠭ᠎ᠠ ᠵᠢᠨ ᠴᠡᠪᠡᠷ ᠠᠰᠢᠭ᠎ᠢ ᠬᠦᠷᠲᠡᠭᠡᠬᠦ ᠪᠣᠯᠭ᠋ᠠᠪᠠ᠃
    ᠭᠤᠷᠪᠠ᠂ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠱᠠᠲᠤᠨ᠎ᠤ ᠰᠣᠷᠣᠭᠴᠢᠳ᠎ᠢ ᠡᠳ᠋ ᠮᠥᠩᠭᠦ᠎ᠪᠠᠷ ᠲᠤᠰᠠᠯᠠᠬᠤ ᠲᠥᠷᠥ ᠵᠢᠨ ᠪᠣᠳᠣᠯᠭ᠎ᠠ᠎ᠳᠤ ᠲᠣᠬᠢᠷᠠᠭᠤᠯᠤᠯᠲᠠ ᠬᠢᠭᠰᠡᠨ᠎ᠤ ᠭᠤᠣᠯ ᠠᠭᠤᠯᠭ᠎ᠠ᠎ᠨᠢ ᠶᠠᠭᠤ ᠶᠠᠭᠤ ᠪᠠᠶ᠋ᠢᠬᠤ ᠪᠣᠶ?
    ᠬᠠᠷᠢᠭᠤᠯᠲᠠ᠄ ᠨᠢᠭᠡ᠎ᠳᠤ᠂ ᠵᠢᠩᠬᠢᠨᠢ ᠠᠩᠭᠢ ᠲᠤᠰᠬᠠᠢ ᠮᠡᠷᠭᠡᠵᠢᠯ᠎ᠤᠨ ᠠᠩᠭᠢ ᠵᠢᠨ ᠰᠣᠷᠣᠭᠴᠢᠳ᠎ᠢ ᠤᠯᠤᠰ᠎ᠤᠨ ᠰᠤᠷᠤᠯᠭ᠎ᠠ ᠵᠢᠨ ᠱᠠᠩᠨᠠᠯ᠎ᠤᠨ ᠮᠥᠩᠭᠦ᠎ᠪᠠᠷ ᠱᠠᠩᠨᠠᠬᠤ ᠣᠷᠣᠨ ᠲᠤᠭ᠎ᠠ ᠵᠢ ᠳᠠᠬᠢᠨ ᠵᠶ᠋ᠠᠷ ᠨᠡᠮᠡᠭᠳᠡᠭᠦᠯᠵᠦ᠂ ᠱᠠᠩᠨᠠᠬᠤ ᠪᠠᠷᠢᠮᠵᠢᠶ᠎ᠠ ᠵᠢ ᠴᠤ᠌ ᠳᠡᠭᠡᠭᠰᠢᠯᠡᠭᠦᠯᠪᠡ᠃ 2024 ᠣᠨ᠎ᠠᠴᠠ ᠡᠬᠢᠯᠡᠨ᠂ ᠵᠢᠩᠬᠢᠨᠢ ᠠᠩᠭᠢ ᠲᠤᠰᠬᠠᠢ ᠮᠡᠷᠭᠡᠵᠢᠯ᠎ᠤᠨ ᠠᠩᠭᠢ ᠵᠢᠨ ᠰᠣᠷᠣᠭᠴᠢᠳ᠎ᠢ ᠤᠯᠤᠰ᠎ᠤᠨ ᠰᠤᠷᠤᠯᠭ᠎ᠠ ᠵᠢᠨ ᠱᠠᠩᠨᠠᠯ᠎ᠤᠨ ᠮᠥᠩᠭᠦ᠎ᠪᠠᠷ ᠱᠠᠩᠨᠠᠬᠤ ᠣᠷᠣᠨ ᠲᠤᠭ᠎ᠠ ᠵᠢ ᠵᠢᠯ ᠪᠦᠷᠢ 6 ᠲᠦᠮᠡᠨ ᠬᠥᠮᠥᠨ ᠪᠠᠶ᠋ᠢᠭᠰᠠᠨ᠎ᠠᠴᠠ ᠨᠡᠮᠡᠭᠳᠡᠭᠦᠯᠦᠭᠡᠳ 12 ᠲᠦᠮᠡᠨ ᠬᠥᠮᠥᠨ ᠪᠣᠯᠭ᠋ᠠᠵᠤ᠂ ᠱᠠᠩᠨᠠᠯ᠎ᠤᠨ ᠪᠠᠷᠢᠮᠵᠢᠶ᠎ᠠ ᠵᠢ ᠰᠣᠷᠣᠭᠴᠢ ᠨᠢᠵᠡᠭᠡᠳ᠎ᠲᠤ ᠵᠢᠯ ᠪᠦᠷᠢ 8000 ᠲᠥᠭᠦᠷᠢᠭ ᠣᠯᠭᠤᠳᠠᠭ ᠪᠠᠶ᠋ᠢᠭᠰᠠᠨ᠎ᠠᠴᠠ ᠨᠡᠮᠡᠭᠳᠡᠭᠦᠯᠦᠭᠡᠳ 10000 ᠲᠥᠭᠦᠷᠢᠭ ᠣᠯᠭᠤᠬᠤ ᠪᠣᠯᠭ᠋ᠠᠵᠠᠢ᠃ ᠬᠤᠶᠠᠷ᠎ᠲᠤ ᠰᠤᠳᠤᠯᠬᠤ ᠰᠣᠷᠣᠭᠴᠢᠳ᠎ᠢ ᠤᠯᠤᠰ᠎ᠤᠨ ᠰᠤᠷᠤᠯᠭ᠎ᠠ ᠵᠢᠨ ᠱᠠᠩᠨᠠᠯ᠎ᠤᠨ ᠮᠥᠩᠭᠦ᠎ᠪᠠᠷ ᠱᠠᠩᠨᠠᠬᠤ ᠣᠷᠣᠨ ᠲᠤᠭ᠎ᠠ ᠵᠢ ᠳᠠᠬᠢᠨ ᠵᠶ᠋ᠠᠷ ᠨᠡᠮᠡᠭᠳᠡᠭᠦᠯᠪᠡ᠃ 2024 ᠣᠨ᠎ᠠᠴᠠ ᠡᠬᠢᠯᠡᠨ᠂ ᠰᠤᠳᠤᠯᠬᠤ ᠰᠣᠷᠣᠭᠴᠢᠳ᠎ᠢ ᠤᠯᠤᠰ᠎ᠤᠨ ᠰᠤᠷᠤᠯᠭ᠎ᠠ ᠵᠢᠨ ᠱᠠᠩᠨᠠᠯ᠎ᠤᠨ ᠮᠥᠩᠭᠦ᠎ᠪᠠᠷ ᠱᠠᠩᠨᠠᠬᠤ ᠣᠷᠣᠨ ᠲᠤᠭ᠎ᠠ ᠵᠢ ᠵᠢᠯ ᠪᠦᠷᠢ 4.5 ᠲᠦᠮᠡᠨ ᠬᠥᠮᠥᠨ ᠪᠠᠶ᠋ᠢᠭᠰᠠᠨ᠎ᠠᠴᠠ ᠨᠡᠮᠡᠭᠳᠡᠭᠦᠯᠦᠭᠡᠳ 9 ᠲᠦᠮᠡᠨ ᠬᠥᠮᠥᠨ ᠪᠣᠯᠭ᠋ᠠᠵᠠᠢ᠂ ᠡᠭᠦᠨ᠎ᠳᠤ ᠠᠰᠫᠢᠷᠠᠨᠲ᠎ᠢ 3.5 ᠲᠦᠮᠡᠨ ᠬᠥᠮᠥᠨ ᠪᠠᠶ᠋ᠢᠭᠰᠠᠨ᠎ᠠᠴᠠ ᠨᠡᠮᠡᠭᠳᠡᠭᠦᠯᠦᠭᠡᠳ 7 ᠲᠦᠮᠡᠨ ᠬᠥᠮᠥᠨ᠂ ᠳ᠋ᠣᠺᠲ᠋ᠣᠷᠠᠨᠲ᠎ᠢ 1 ᠲᠦᠮᠡᠨ ᠬᠥᠮᠥᠨ ᠪᠠᠶ᠋ᠢᠭᠰᠠᠨ᠎ᠠᠴᠠ ᠨᠡᠮᠡᠭᠳᠡᠭᠦᠯᠦᠭᠡᠳ 2 ᠲᠦᠮᠡᠨ ᠬᠥᠮᠥᠨ ᠪᠣᠯᠭ᠋ᠠᠭᠰᠠᠨ ᠪᠠᠶ᠋ᠢᠨ᠎ᠠ᠃ ᠭᠤᠷᠪᠠ᠎ᠳᠤ ᠳᠡᠭᠡᠳᠦ ᠵᠡᠷᠭᠡ ᠵᠢᠨ ᠵᠢᠩᠬᠢᠨᠢ ᠠᠩᠭᠢ ᠲᠤᠰᠬᠠᠢ ᠮᠡᠷᠭᠡᠵᠢᠯ᠎ᠤᠨ ᠠᠩᠭᠢ ᠵᠢᠨ ᠰᠣᠷᠣᠭᠴᠢᠳ᠎ᠢ ᠤᠯᠤᠰ᠎ᠤᠨ ᠤᠷᠮᠠᠰᠢᠭᠤᠯᠤᠨ ᠵᠣᠷᠢᠭᠵᠢᠭᠤᠯᠬᠤ ᠰᠤᠷᠤᠯᠭ᠎ᠠ ᠵᠢᠨ ᠱᠠᠩᠨᠠᠯ᠎ᠤᠨ ᠮᠥᠩᠭᠦ᠎ᠪᠠᠷ ᠱᠠᠩᠨᠠᠬᠤ ᠪᠠᠷᠢᠮᠵᠢᠶ᠎ᠠ ᠵᠢ ᠳᠡᠭᠡᠭᠰᠢᠯᠡᠭᠦᠯᠪᠡ᠃ 2024 ᠣᠨ᠎ᠠᠴᠠ ᠡᠬᠢᠯᠡᠨ᠂ ᠵᠢᠩᠬᠢᠨᠢ ᠠᠩᠭᠢ ᠲᠤᠰᠬᠠᠢ ᠮᠡᠷᠭᠡᠵᠢᠯ᠎ᠤᠨ ᠠᠩᠭᠢ ᠵᠢᠨ ᠰᠣᠷᠣᠭᠴᠢᠳ᠎ᠢ ᠤᠯᠤᠰ᠎ᠤᠨ ᠤᠷᠮᠠᠰᠢᠭᠤᠯᠤᠨ ᠵᠣᠷᠢᠭᠵᠢᠭᠤᠯᠬᠤ ᠰᠤᠷᠤᠯᠭ᠎ᠠ ᠵᠢᠨ ᠱᠠᠩᠨᠠᠯ᠎ᠤᠨ ᠮᠥᠩᠭᠦ᠎ᠪᠠᠷ ᠱᠠᠩᠨᠠᠬᠤ ᠪᠠᠷᠢᠮᠵᠢᠶ᠎ᠠ ᠵᠢ ᠰᠣᠷᠣᠭᠴᠢ ᠨᠢᠵᠡᠭᠡᠳ᠎ᠲᠤ ᠵᠢᠯ ᠪᠦᠷᠢ 5000 ᠲᠥᠭᠦᠷᠢᠭ ᠣᠯᠭᠤᠳᠠᠭ ᠪᠠᠶ᠋ᠢᠭᠰᠠᠨ᠎ᠠᠴᠠ ᠨᠡᠮᠡᠭᠳᠡᠭᠦᠯᠦᠭᠡᠳ 6000 ᠲᠥᠭᠦᠷᠢᠭ ᠣᠯᠭᠤᠬᠤ ᠪᠣᠯᠭ᠋ᠠᠵᠠᠢ᠃ ᠳᠥᠷᠪᠡ᠎ᠳᠤ ᠵᠢᠩᠬᠢᠨᠢ ᠠᠩᠭᠢ ᠲᠤᠰᠬᠠᠢ ᠮᠡᠷᠭᠡᠵᠢᠯ᠎ᠤᠨ ᠠᠩᠭᠢ ᠵᠢᠨ ᠰᠤᠷᠤᠭᠴᠢᠳ᠎ᠢ ᠤᠯᠤᠰ᠎ᠤᠨ ᠰᠤᠷᠤᠯᠭ᠎ᠠ ᠵᠢᠨ ᠳᠡᠳᠬᠦᠪᠦᠷᠢ ᠵᠢᠨ ᠮᠥᠩᠭᠦ᠎ᠪᠠᠷ ᠲᠤᠰᠠᠯᠠᠬᠤ ᠪᠠᠷᠢᠮᠵᠢᠶ᠎ᠠ ᠵᠢ ᠳᠡᠭᠡᠭᠰᠢᠯᠡᠭᠦᠯᠪᠡ᠃ 2024 ᠣᠨ᠎ᠤ ᠨᠠᠮᠤᠷ᠎ᠤᠨ ᠤᠯᠠᠷᠢᠯ᠎ᠤᠨ ᠰᠤᠷᠤᠯᠭ᠎ᠠ ᠵᠢᠨ ᠬᠤᠭᠤᠴᠠᠭ᠎ᠠ᠎ᠠᠴᠠ ᠡᠬᠢᠯᠡᠨ᠂ ᠵᠢᠩᠬᠢᠨᠢ ᠠᠩᠭᠢ ᠲᠤᠰᠬᠠᠢ ᠮᠡᠷᠭᠡᠵᠢᠯ᠎ᠤᠨ ᠠᠩᠭᠢ ᠵᠢᠨ ᠰᠣᠷᠣᠭᠴᠢᠳ (ᠪᠡᠯᠡᠳᠬᠡᠯ ᠠᠩᠭᠢ ᠵᠢᠨ ᠰᠣᠷᠣᠭᠴᠢ ᠵᠢ ᠪᠠᠭᠲᠠᠭ᠋ᠠᠨ᠎ᠠ᠂ ᠴᠡᠷᠢᠭ᠎ᠤᠨ ᠠᠯᠪᠠᠨ᠎ᠠᠴᠠ ᠬᠠᠯᠠᠭᠳᠠᠭᠰᠠᠨ ᠪᠠᠶ᠋ᠢᠯᠳᠤᠭᠴᠢ ᠰᠣᠷᠣᠭᠴᠢ ᠵᠢ ᠪᠠᠭᠲᠠᠭ᠋ᠠᠬᠤ ᠦᠭᠡᠢ)᠎ᠢ ᠤᠯᠤᠰ᠎ᠤᠨ ᠰᠤᠷᠤᠯᠭ᠎ᠠ ᠵᠢᠨ ᠳᠡᠳᠬᠦᠪᠦᠷᠢ ᠵᠢᠨ ᠮᠥᠩᠭᠦ᠎ᠪᠠᠷ ᠲᠤᠰᠠᠯᠠᠬᠤ ᠳᠤᠮᠳᠠᠴᠢ ᠪᠠᠷᠢᠮᠵᠢᠶ᠎ᠠ ᠵᠢ ᠰᠣᠷᠣᠭᠴᠢ ᠨᠢᠵᠡᠭᠡᠳ᠎ᠲᠤ ᠵᠢᠯ ᠪᠦᠷᠢ 3300 ᠲᠥᠭᠦᠷᠢᠭ ᠣᠯᠭᠤᠳᠠᠭ ᠪᠠᠶ᠋ᠢᠭᠰᠠᠨ᠎ᠠᠴᠠ ᠨᠡᠮᠡᠭᠳᠡᠭᠦᠯᠦᠭᠡᠳ 3700 ᠲᠥᠭᠦᠷᠢᠭ ᠣᠯᠭᠤᠬᠤ ᠪᠣᠯᠭ᠋ᠠᠪᠠ᠂ ᠪᠣᠳᠠᠲᠠᠢ ᠪᠠᠷᠢᠮᠵᠢᠶ᠎ᠠ ᠵᠢ ᠰᠣᠷᠣᠭᠴᠢ ᠨᠢᠵᠡᠭᠡᠳ᠎ᠲᠤ ᠵᠢᠯ ᠪᠦᠷᠢ 2500᠎ᠠᠴᠠ 5000 ᠲᠥᠭᠦᠷᠢᠭ᠎ᠤᠨ ᠬᠡᠪᠴᠢᠶᠡᠨ ᠳᠣᠲᠣᠷ᠎ᠠ ᠶᠡᠭᠡ ᠳᠡᠭᠡᠳᠦ ᠰᠤᠷᠭ᠋ᠠᠭᠤᠯᠢ᠎ᠨᠤᠭᠤᠳ ᠥᠪᠡᠰᠦᠪᠡᠨ ᠲᠣᠭᠲᠠᠭ᠋ᠠᠬᠤ ᠪᠥᠭᠡᠳ 2᠎ᠠᠴᠠ 3 ᠲᠠᠰ ᠬᠤᠪᠢᠶᠠᠵᠤ ᠪᠣᠯᠣᠨ᠎ᠠ᠃ ᠪᠦᠬᠦᠯᠢ ᠡᠳᠦᠷ᠎ᠤᠨ ᠳᠦᠷᠢᠮᠲᠦ ᠰᠤᠷᠭ᠋ᠠᠭᠤᠯᠢ᠎ᠳᠤ ᠪᠠᠶ᠋ᠢᠭ᠎ᠠ ᠴᠡᠷᠢᠭ᠎ᠤᠨ ᠠᠯᠪᠠᠨ᠎ᠠᠴᠠ ᠬᠠᠯᠠᠭᠳᠠᠭᠰᠠᠨ ᠪᠠᠶ᠋ᠢᠯᠳᠤᠭᠴᠢ ᠰᠣᠷᠣᠭᠴᠢᠳ ᠴᠥᠮ ᠵᠢᠩᠬᠢᠨᠢ ᠠᠩᠭᠢ ᠲᠤᠰᠬᠠᠢ ᠮᠡᠷᠭᠡᠵᠢᠯ᠎ᠤᠨ ᠠᠩᠭᠢ ᠵᠢᠨ ᠰᠣᠷᠣᠭᠴᠢᠳ᠎ᠲᠤ ᠣᠯᠭᠤᠬᠤ ᠤᠯᠤᠰ᠎ᠤᠨ ᠰᠤᠷᠤᠯᠭ᠎ᠠ ᠵᠢᠨ ᠳᠡᠳᠬᠦᠪᠦᠷᠢ ᠵᠢᠨ ᠮᠥᠩᠭᠦ ᠵᠢ ᠬᠦᠷᠲᠡᠨ᠎ᠡ᠂ ᠲᠤᠰᠠᠯᠠᠬᠤ ᠪᠠᠷᠢᠮᠵᠢᠶ᠎ᠠ ᠵᠢ ᠰᠣᠷᠣᠭᠴᠢ ᠨᠢᠵᠡᠭᠡᠳ᠎ᠲᠤ ᠵᠢᠯ ᠪᠦᠷᠢ 3300 ᠲᠥᠭᠦᠷᠢᠭ ᠣᠯᠭᠤᠳᠠᠭ ᠪᠠᠶ᠋ᠢᠭᠰᠠᠨ᠎ᠠᠴᠠ ᠨᠡᠮᠡᠭᠳᠡᠭᠦᠯᠦᠭᠡᠳ 3700 ᠲᠥᠭᠦᠷᠢᠭ ᠣᠯᠭᠤᠬᠤ ᠪᠣᠯᠭ᠋ᠠᠪᠠ᠃ ᠲᠠᠪᠤ᠎ᠳᠤ ᠰᠤᠳᠤᠯᠬᠤ ᠰᠣᠷᠣᠭᠴᠢᠳ᠎ᠢ ᠰᠤᠷᠤᠯᠭ᠎ᠠ ᠵᠢᠨ ᠱᠠᠩᠨᠠᠯ᠎ᠤᠨ ᠮᠥᠩᠭᠦ᠎ᠪᠠᠷ ᠳᠡᠮᠵᠢᠬᠦ ᠪᠠᠷᠢᠮᠵᠢᠶ᠎ᠠ ᠵᠢ ᠳᠡᠭᠡᠭᠰᠢᠯᠡᠭᠦᠯᠪᠡ᠃ 2025 ᠣᠨ᠎ᠠᠴᠠ ᠡᠬᠢᠯᠡᠨ᠂ ᠲᠥᠪ᠎ᠤᠨ ᠰᠢᠭᠤᠳ ᠬᠠᠷᠢᠶᠠᠲᠤ ᠶᠡᠭᠡ ᠳᠡᠭᠡᠳᠦ ᠰᠤᠷᠭ᠋ᠠᠭᠤᠯᠢ᠎ᠨᠤᠭᠤᠳ᠎ᠤᠨ ᠰᠤᠳᠤᠯᠬᠤ ᠰᠣᠷᠣᠭᠴᠢᠳ᠎ᠲᠤ ᠣᠯᠭᠤᠬᠤ ᠰᠤᠷᠤᠯᠭ᠎ᠠ ᠵᠢᠨ ᠱᠠᠩᠨᠠᠯ᠎ᠤᠨ ᠮᠥᠩᠭᠦ᠎ᠳᠠᠬᠢ ᠲᠥᠪ᠎ᠤᠨ ᠡᠳ᠋᠎ᠤᠨ ᠵᠠᠰᠠᠭ᠎ᠤᠨ ᠳᠡᠮᠵᠢᠯᠭᠡ ᠵᠢᠨ ᠪᠠᠷᠢᠮᠵᠢᠶ᠎ᠠ ᠵᠢ ᠳᠡᠭᠡᠭᠰᠢᠯᠡᠭᠦᠯᠪᠡ᠂ ᠡᠭᠦᠨ᠎ᠳᠤ᠄ ᠠᠰᠫᠢᠷᠠᠨᠲ ᠨᠢᠵᠡᠭᠡᠳ᠎ᠲᠤ ᠵᠢᠯ ᠪᠦᠷᠢ 8000 ᠲᠥᠭᠦᠷᠢᠭ ᠣᠯᠭᠤᠳᠠᠭ ᠪᠠᠶ᠋ᠢᠭᠰᠠᠨ᠎ᠠᠴᠠ ᠨᠡᠮᠡᠭᠳᠡᠭᠦᠯᠦᠭᠡᠳ 10000 ᠲᠥᠭᠦᠷᠢᠭ᠂ ᠳ᠋ᠣᠺᠲ᠋ᠣᠷᠠᠨᠲ ᠨᠢᠵᠡᠭᠡᠳ᠎ᠲᠤ ᠵᠢᠯ ᠪᠦᠷᠢ 10000 ᠲᠥᠭᠦᠷᠢᠭ ᠣᠯᠭᠤᠳᠠᠭ ᠪᠠᠶ᠋ᠢᠭᠰᠠᠨ᠎ᠠᠴᠠ ᠨᠡᠮᠡᠭᠳᠡᠭᠦᠯᠦᠭᠡᠳ 12000 ᠲᠥᠭᠦᠷᠢᠭ ᠣᠯᠭᠤᠬᠤ ᠪᠣᠯᠭ᠋ᠠᠪᠠ᠃ ᠲᠥᠪ᠎ᠤᠨ ᠰᠢᠭᠤᠳ ᠬᠠᠷᠢᠶᠠᠲᠤ ᠶᠡᠭᠡ ᠳᠡᠭᠡᠳᠦ ᠰᠤᠷᠭ᠋ᠠᠭᠤᠯᠢ᠎ᠨᠤᠭᠤᠳ ᠰᠤᠳᠤᠯᠬᠤ ᠰᠣᠷᠣᠭᠴᠢᠳ᠎ᠤᠨ ᠰᠤᠷᠤᠯᠭ᠎ᠠ ᠵᠢᠨ ᠬᠢᠷᠢ ᠪᠦᠲᠦᠮᠵᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠷ᠎ᠡ ᠪᠦᠲᠦᠭᠡᠯ᠂ ᠨᠡᠶ᠋ᠢᠭᠡᠮ᠎ᠤᠨ ᠦᠢ᠍ᠯᠡᠴᠢᠯᠡᠭᠡ ᠵᠡᠷᠭᠡ ᠬᠦᠴᠦᠨ ᠵᠦᠢ᠍ᠯ᠎ᠢ ᠦᠨᠳᠦᠰᠦᠯᠡᠨ᠂ ᠠᠰᠫᠢᠷᠠᠨᠲ᠎ᠤᠨ ᠰᠤᠷᠤᠯᠭ᠎ᠠ ᠵᠢᠨ ᠱᠠᠩᠨᠠᠯ᠎ᠤᠨ ᠮᠥᠩᠭᠦ ᠵᠢᠨ ᠬᠠᠮᠤᠷᠬᠤ ᠬᠡᠪᠴᠢᠶ᠎ᠡ᠂ ᠵᠡᠷᠭᠡ ᠲᠠᠰ᠂ ᠱᠠᠩᠨᠠᠯ᠎ᠤᠨ ᠪᠠᠷᠢᠮᠵᠢᠶ᠎ᠠ ᠵᠢ ᠳᠣᠭᠲᠠᠭ᠋ᠠᠨ᠎ᠠ᠂ ᠱᠠᠩᠨᠠᠯ᠎ᠤᠨ ᠪᠠᠷᠢᠮᠵᠢᠶ᠎ᠠ ᠵᠢ ᠲᠠᠰ ᠬᠤᠪᠢᠶᠠᠨ ᠲᠣᠭᠲᠠᠭ᠋ᠠᠵᠤ ᠪᠣᠯᠣᠨ᠎ᠠ᠂ ᠲᠡᠭᠡᠬᠦ᠎ᠳᠤ᠎ᠪᠠᠨ ᠠᠰᠫᠢᠷᠠᠨᠲ ᠨᠢᠵᠡᠭᠡᠳ᠎ᠲᠤ ᠵᠢᠯ ᠪᠦᠷᠢ 20000 ᠲᠥᠭᠦᠷᠢᠭ᠂ ᠳ᠋ᠣᠺᠲ᠋ᠣᠷᠠᠨᠲ ᠨᠢᠵᠡᠭᠡᠳ᠎ᠲᠤ ᠵᠢᠯ ᠪᠦᠷᠢ 30000 ᠲᠥᠭᠦᠷᠢᠭ᠎ᠠᠴᠠ ᠬᠡᠲᠦᠷᠡᠭᠦᠯᠵᠦ ᠪᠣᠯᠬᠤ ᠦᠭᠡᠢ᠃ ᠰᠤᠳᠤᠯᠬᠤ ᠰᠣᠷᠣᠭᠴᠢᠳ᠎ᠢ ᠰᠤᠷᠤᠯᠭ᠎ᠠ ᠵᠢᠨ ᠱᠠᠩᠨᠠᠯ᠎ᠤᠨ ᠮᠥᠩᠭᠦ᠎ᠪᠠᠷ ᠱᠠᠩᠨᠠᠬᠤ ᠣᠷᠣᠨ ᠲᠤᠭ᠎ᠠ ᠵᠢᠨ ᠬᠤᠪᠢᠶᠠᠷᠢᠯᠠᠯᠲᠠ ᠵᠢ ᠰᠠᠭᠤᠷᠢ ᠰᠢᠨᠵᠢᠯᠡᠭᠡᠨ᠎ᠤ ᠰᠠᠯᠠᠭ᠎ᠠ ᠪᠠ ᠤᠯᠤᠰ᠎ᠤᠨ ᠪᠠᠴᠢᠮ ᠱᠠᠭ᠋ᠠᠷᠳᠠᠭᠳᠠᠬᠤ ᠰᠢᠨᠵᠢᠯᠡᠭᠡᠨ᠎ᠤ ᠰᠠᠯᠠᠭ᠎ᠠ (ᠲᠤᠰᠬᠠᠢ ᠮᠡᠷᠭᠡᠵᠢᠯ᠂ ᠴᠢᠭᠯᠡᠯ) ᠲᠡᠶ᠋ᠢᠰᠢ᠂ ᠰᠢᠨ᠎ᠡ ᠵᠢ ᠡᠭᠦᠳᠬᠦ ᠣᠷᠣᠶ᠋ᠢᠯᠠᠭᠰᠠᠨ ᠴᠢᠳᠠᠪᠤᠷᠢᠲᠠᠨ᠂ ᠪᠠᠴᠢᠮ ᠱᠠᠭ᠋ᠠᠷᠳᠠᠭᠳᠠᠬᠤ ᠪᠠ ᠳᠤᠲᠠᠭᠳᠠᠵᠤ ᠪᠠᠶ᠋ᠢᠭ᠎ᠠ ᠴᠢᠳᠠᠪᠤᠷᠢᠲᠠᠨ ᠲᠡᠶ᠋ᠢᠰᠢ᠂ ᠡᠷᠳᠡᠮ ᠰᠢᠨᠵᠢᠯᠡᠭᠡᠨ᠎ᠤ ᠬᠡᠯᠪᠡᠷᠢ ᠵᠢᠨ ᠰᠤᠳᠤᠯᠬᠤ ᠰᠣᠷᠣᠭᠴᠢ ᠲᠡᠶ᠋ᠢᠰᠢ ᠬᠡᠯᠪᠡᠶ᠋ᠢᠯᠭᠡᠬᠦ ᠬᠡᠷᠡᠭᠲᠡᠢ᠃
    ᠳᠥᠷᠪᠡ᠂ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠣᠷᠣᠭᠴᠢᠳ᠎ᠢ ᠡᠳ᠋ ᠮᠥᠩᠭᠦ᠎ᠪᠠᠷ ᠲᠤᠰᠠᠯᠠᠬᠤ ᠲᠥᠷᠥ ᠵᠢᠨ ᠪᠣᠳᠣᠯᠭ᠎ᠠ᠎ᠳᠤ ᠲᠣᠬᠢᠷᠠᠭᠤᠯᠤᠯᠲᠠ ᠬᠢᠭᠰᠡᠨ᠎ᠤ ᠭᠤᠣᠯ ᠠᠭᠤᠯᠭ᠎ᠠ᠎ᠨᠢ ᠶᠠᠭᠤ ᠶᠠᠭᠤ ᠪᠠᠶ᠋ᠢᠬᠤ ᠪᠣᠶ?
    ᠬᠠᠷᠢᠭᠤᠯᠲᠠ᠄ ᠨᠢᠭᠡ᠎ᠳᠤ ᠡᠩ᠎ᠤᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠣᠷᠣᠭᠴᠢᠳ᠎ᠲᠤ ᠣᠯᠭᠤᠬᠤ ᠤᠯᠤᠰ᠎ᠤᠨ ᠰᠤᠷᠤᠯᠭ᠎ᠠ ᠵᠢᠨ ᠳᠡᠳᠬᠦᠪᠦᠷᠢ ᠵᠢᠨ ᠮᠥᠩᠭᠦᠨ᠎ᠤ ᠪᠠᠷᠢᠮᠵᠢᠶ᠎ᠠ ᠵᠢ ᠳᠡᠭᠡᠭᠰᠢᠯᠡᠭᠦᠯᠪᠡ᠃ 2025 ᠣᠨ᠎ᠤ ᠬᠠᠪᠤᠷ᠎ᠤᠨ ᠤᠯᠠᠷᠢᠯ᠎ᠤᠨ ᠰᠤᠷᠤᠯᠭ᠎ᠠ ᠵᠢᠨ ᠬᠤᠭᠤᠴᠠᠭ᠎ᠠ᠎ᠠᠴᠠ ᠡᠬᠢᠯᠡᠨ᠂ ᠡᠩ᠎ᠤᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠣᠷᠣᠭᠴᠢᠳ᠎ᠲᠤ ᠣᠯᠭᠤᠬᠤ ᠤᠯᠤᠰ᠎ᠤᠨ ᠰᠤᠷᠤᠯᠭ᠎ᠠ ᠵᠢᠨ ᠳᠡᠳᠬᠦᠪᠦᠷᠢ ᠵᠢᠨ ᠮᠥᠩᠭᠦ ᠵᠢᠨ ᠳᠤᠮᠳᠠᠴᠢ ᠲᠤᠰᠠᠯᠠᠬᠤ ᠪᠠᠷᠢᠮᠵᠢᠶ᠎ᠠ ᠵᠢ ᠰᠣᠷᠣᠭᠴᠢ ᠨᠢᠵᠡᠭᠡᠳ᠎ᠲᠤ ᠵᠢᠯ ᠪᠦᠷᠢ 2000 ᠲᠥᠭᠦᠷᠢᠭ ᠣᠯᠭᠤᠳᠠᠭ ᠪᠠᠶ᠋ᠢᠭᠰᠠᠨ᠎ᠠᠴᠠ ᠨᠡᠮᠡᠭᠳᠡᠭᠦᠯᠦᠭᠡᠳ 2300 ᠲᠥᠭᠦᠷᠢᠭ ᠣᠯᠭᠤᠬᠤ ᠪᠣᠯᠭ᠋ᠠᠪᠠ᠂ ᠪᠣᠳᠠᠲᠠᠢ ᠪᠠᠷᠢᠮᠵᠢᠶ᠎ᠠ ᠵᠢ ᠡᠯ᠎ᠡ ᠭᠠᠵᠠᠷ᠎ᠤᠨ᠎ᠬᠢᠨ ᠪᠣᠳᠠᠲᠠᠢ ᠪᠠᠶ᠋ᠢᠳᠠᠯ᠎ᠲᠠᠢ᠎ᠪᠠᠨ ᠤᠶᠠᠯᠳᠤᠭᠤᠯᠤᠨ 1200᠎ᠠᠴᠠ 3500 ᠲᠥᠭᠦᠷᠢᠭ᠎ᠤᠨ ᠬᠡᠪᠴᠢᠶᠡᠨ᠎ᠳᠤ ᠲᠣᠭᠲᠠᠭ᠋ᠠᠬᠤ ᠪᠥᠭᠡᠳ 2᠎ᠠᠴᠠ 3 ᠲᠠᠰ ᠬᠤᠪᠢᠶᠠᠵᠤ ᠪᠣᠯᠣᠨ᠎ᠠ᠃ ᠬᠤᠶᠠᠷ᠎ᠲᠤ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠰᠣᠷᠣᠭᠴᠢᠳ᠎ᠲᠤ ᠣᠯᠭᠤᠬᠤ ᠤᠯᠤᠰ᠎ᠤᠨ ᠰᠤᠷᠤᠯᠭ᠎ᠠ ᠵᠢᠨ ᠳᠡᠳᠬᠦᠪᠦᠷᠢ ᠵᠢᠨ ᠮᠥᠩᠭᠦᠨ᠎ᠤ ᠬᠠᠮᠤᠷᠬᠤ ᠬᠡᠪᠴᠢᠶ᠎ᠡ ᠵᠢ ᠥᠷᠭᠡᠳᠬᠡᠨ᠂ ᠲᠤᠰᠠᠯᠠᠬᠤ ᠪᠠᠷᠢᠮᠵᠢᠶ᠎ᠠ ᠵᠢ ᠳᠡᠭᠡᠭᠰᠢᠯᠡᠭᠦᠯᠪᠡ᠃ 2025 ᠣᠨ᠎ᠤ ᠬᠠᠪᠤᠷ᠎ᠤᠨ ᠤᠯᠠᠷᠢᠯ᠎ᠤᠨ ᠰᠤᠷᠤᠯᠭ᠎ᠠ ᠵᠢᠨ ᠬᠤᠭᠤᠴᠠᠭ᠎ᠠ᠎ᠠᠴᠠ ᠡᠬᠢᠯᠡᠨ᠂ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠪᠦᠬᠦᠯᠢ ᠡᠳᠦᠷ᠎ᠤᠨ ᠳᠦᠷᠢᠮᠲᠦ ᠰᠤᠷᠤᠯᠭ᠎ᠠ ᠵᠢᠨ ᠨᠠᠮᠲᠠᠷ᠎ᠲᠠᠢ ᠰᠤᠷᠭ᠋ᠠᠨ ᠬᠥᠮᠦᠵᠢᠯ᠎ᠤᠨ ᠵᠢᠩᠬᠢᠨᠢ ᠰᠤᠷᠤᠯᠭ᠎ᠠ ᠵᠢᠨ ᠬᠠᠷᠢᠶ᠎ᠠ ᠪᠦᠬᠦᠢ ᠭᠤᠷᠪᠠᠳᠤᠭ᠋ᠠᠷ ᠣᠨ᠎ᠤ ᠰᠤᠷᠭ᠋ᠠᠭᠤᠯᠢ᠎ᠳᠤ ᠪᠠᠶ᠋ᠢᠭ᠎ᠠ ᠮᠥᠷᠲᠡᠭᠡᠨ ᠲᠠᠷᠢᠶᠠᠯᠠᠩ᠎ᠳᠤ ᠬᠤᠯᠪᠣᠭᠳᠠᠬᠤ ᠲᠤᠰᠬᠠᠢ ᠮᠡᠷᠭᠡᠵᠢᠯ᠎ᠲᠠᠢ ᠰᠣᠷᠣᠭᠴᠢᠳ ᠬᠢᠭᠡᠳ ᠲᠠᠷᠢᠶᠠᠯᠠᠩ᠎ᠳᠤ ᠡᠰᠡ ᠬᠤᠯᠪᠣᠭᠳᠠᠬᠤ ᠲᠤᠰᠬᠠᠢ ᠮᠡᠷᠭᠡᠵᠢᠯ᠎ᠲᠠᠢ ᠭᠡᠷ ᠪᠦᠯᠢ ᠵᠢᠨ ᠠᠵᠤ ᠠᠬᠤᠢ᠎ᠨᠢ ᠬᠦᠴᠢᠷᠳᠡᠯᠲᠡᠢ ᠰᠣᠷᠣᠭᠴᠢᠳ᠎ᠢ ᠤᠯᠤᠰ᠎ᠤᠨ ᠰᠤᠷᠤᠯᠭ᠎ᠠ ᠵᠢᠨ ᠳᠡᠳᠬᠦᠪᠦᠷᠢ ᠵᠢᠨ ᠮᠥᠩᠭᠦ᠎ᠪᠠᠷ ᠲᠤᠰᠠᠯᠠᠬᠤ ᠬᠡᠪᠴᠢᠶᠡᠨ ᠣᠷᠣᠭᠤᠯᠤᠨ᠎ᠠ᠃ ᠯᠢᠦ ᠫᠠᠨ ᠱᠠᠨ ᠠᠭᠤᠯᠠᠷᠬᠠᠭ ᠣᠷᠣᠨ ᠵᠡᠷᠭᠡ ᠤᠤᠯ᠎ᠤᠨ ᠵᠠᠯᠭ᠋ᠠᠯᠳᠤᠭᠰᠠᠨ ᠣᠨᠴᠠ ᠬᠦᠴᠢᠷᠳᠡᠯᠲᠡᠢ 11 ᠭᠠᠵᠠᠷ ᠣᠷᠣᠨ ᠪᠠ ᠲᠥᠪᠡᠳ᠎ᠤᠨ ᠥᠪᠡᠷᠲᠡᠭᠡᠨ ᠵᠠᠰᠠᠬᠤ ᠣᠷᠣᠨ᠂ ᠰᠧᠴᠤᠸᠠᠨ ᠶᠦᠨᠨᠠᠨ ᠭᠠᠨᠰᠤ ᠬᠥᠬᠡᠨᠠᠭᠤᠷ ᠳᠥᠷᠪᠡᠨ ᠮᠤᠵᠢ ᠵᠢᠨ ᠲᠥᠪᠡᠳ ᠦᠨᠳᠦᠰᠦᠲᠡᠨ ᠬᠢᠭᠡᠳ ᠪᠤᠰᠤᠳ ᠦᠨᠳᠦᠰᠦᠲᠡᠨ᠎ᠤ ᠬᠠᠮᠲᠤ᠎ᠪᠠᠷ ᠰᠠᠭᠤᠷᠢᠰᠢᠵᠤ ᠪᠠᠶ᠋ᠢᠭ᠎ᠠ ᠥᠪᠡᠷᠲᠡᠭᠡᠨ ᠵᠠᠰᠠᠬᠤ ᠵᠧᠦ ᠰᠢᠶᠠᠨ᠂ ᠰᠢᠨᠵᠢᠶᠠᠩ᠎ᠤᠨ ᠡᠮᠦᠨᠡᠲᠦ ᠬᠡᠰᠡᠭ᠎ᠤᠨ ᠳᠦᠷᠪᠡᠨ ᠲᠤᠰᠬᠠᠢ ᠣᠷᠣᠨ᠎ᠤ ᠳᠡᠰ᠎ᠤᠨ ᠣᠷᠣᠨ ᠵᠧᠦ ᠵᠢᠨ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠭᠤᠷᠪᠠᠳᠤᠭ᠋ᠠᠷ ᠣᠨ᠎ᠤ ᠬᠥᠳᠡᠭᠡ ᠲᠣᠰᠬᠤᠨ᠎ᠠᠴᠠ ᠢᠷᠡᠯᠲᠡᠢ ᠰᠣᠷᠣᠭᠴᠢᠳ (ᠰᠢᠶᠠᠨ᠎ᠤ ᠬᠤᠲᠠ ᠵᠢ ᠪᠠᠭᠲᠠᠭ᠋ᠠᠬᠤ ᠦᠭᠡᠢ)᠎ᠢ ᠴᠥᠮ ᠤᠯᠤᠰ᠎ᠤᠨ ᠰᠤᠷᠤᠯᠭ᠎ᠠ ᠵᠢᠨ ᠳᠡᠳᠬᠦᠪᠦᠷᠢ ᠵᠢᠨ ᠮᠥᠩᠭᠦ᠎ᠪᠠᠷ ᠲᠤᠰᠠᠯᠠᠬᠤ ᠬᠡᠪᠴᠢᠶᠡᠨ᠎ᠳᠤ ᠣᠷᠣᠭᠤᠯᠪᠠ᠃ ᠡᠳ᠋ ᠮᠥᠩᠭᠦ᠎ᠪᠠᠷ ᠲᠤᠰᠠᠯᠠᠬᠤ ᠳᠤᠮᠳᠠᠴᠢ ᠪᠠᠷᠢᠮᠵᠢᠶ᠎ᠠ ᠵᠢ ᠰᠣᠷᠣᠭᠴᠢ ᠨᠢᠵᠡᠭᠡᠳ᠎ᠲᠤ ᠵᠢᠯ ᠪᠦᠷᠢ 2000 ᠲᠥᠭᠦᠷᠢᠭ ᠣᠯᠭᠤᠳᠠᠭ ᠪᠠᠶ᠋ᠢᠭᠰᠠᠨ᠎ᠠᠴᠠ ᠨᠡᠮᠡᠭᠳᠡᠭᠦᠯᠦᠭᠡᠳ 2300 ᠲᠥᠭᠦᠷᠢᠭ ᠣᠯᠭᠤᠬᠤ ᠪᠣᠯᠭ᠋ᠠᠵᠠᠢ᠂ ᠪᠣᠳᠠᠲᠠᠢ ᠪᠠᠷᠢᠮᠵᠢᠶ᠎ᠠ ᠵᠢ ᠡᠯ᠎ᠡ ᠭᠠᠵᠠᠷ᠎ᠤᠨ᠎ᠬᠢᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ 1200᠎ᠠᠴᠠ 3500 ᠲᠥᠭᠦᠷᠢᠭ᠎ᠤᠨ ᠬᠡᠪᠴᠢᠶᠡᠨ ᠳᠣᠲᠣᠷ᠎ᠠ ᠳᠣᠭᠲᠠᠭ᠋ᠠᠬᠤ ᠪᠥᠭᠡᠳ 2᠎ᠠᠴᠠ 3 ᠲᠠᠰ ᠬᠤᠪᠢᠶᠠᠵᠤ ᠪᠣᠯᠣᠨ᠎ᠠ᠃
    ᠲᠠᠪᠤ᠂ 《ᠮᠡᠳᠡᠭᠳᠡᠯ》᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ᠎ᠪᠠᠨ ᠬᠡᠷᠬᠢᠨ ᠪᠠᠲᠤᠯᠠᠬᠤ ᠪᠤᠢ?
    ᠬᠠᠷᠢᠭᠤᠯᠲᠠ᠄ ᠰᠢᠨ᠎ᠡ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠤᠨ ᠪᠣᠲᠠᠲᠠᠶ᠋ᠢᠵᠢᠭᠤᠯᠬᠤ ᠵᠢ ᠦᠨᠡᠨ ᠬᠦ᠌ ᠪᠠᠲᠤᠯᠠᠬᠤ ᠵᠢᠨ ᠲᠥᠯᠥᠭᠡ᠂ ᠡᠳ᠋᠎ᠤᠨ ᠵᠠᠰᠠᠭ᠎ᠤᠨ ᠶᠠᠮᠤᠨ᠎ᠨᠢ ᠰᠤᠷᠭ᠋ᠠᠨ ᠬᠥᠮᠦᠵᠢᠯ᠎ᠤᠨ ᠶᠠᠮᠤᠨ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ ᠳᠥᠷᠪᠡᠨ ᠲᠠᠯ᠎ᠠ ᠵᠢᠨ ᠠᠵᠢᠯ᠎ᠢ ᠭᠤᠣᠯᠳᠠᠯᠭ᠎ᠠ᠎ᠲᠠᠢ ᠥᠷᠨᠢᠭᠦᠯᠬᠦ ᠪᠣᠯᠣᠨ᠎ᠠ᠄ ᠨᠢᠭᠡ᠎ᠳᠤ ᠵᠣᠬᠢᠶᠠᠨ ᠪᠠᠶ᠋ᠢᠭᠤᠯᠵᠤ ᠤᠳᠤᠷᠢᠳᠬᠤ᠎ᠪᠠᠨ ᠴᠢᠩᠭ᠋ᠠᠳᠬᠠᠨ᠎ᠠ᠃ ᠡᠯ᠎ᠡ ᠭᠠᠵᠠᠷ᠎ᠤᠨ ᠡᠳ᠋᠎ᠤᠨ ᠵᠠᠰᠠᠭ᠂ ᠰᠤᠷᠭ᠋ᠠᠨ ᠬᠥᠮᠦᠵᠢᠯ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠰᠤᠷᠭ᠋ᠠᠭᠤᠯᠢ᠎ᠨᠤᠭᠤᠳ᠎ᠤᠨ ᠵᠣᠬᠢᠶᠠᠨ ᠪᠠᠶ᠋ᠢᠭᠤᠯᠵᠤ ᠤᠳᠤᠷᠢᠳᠬᠤ᠎ᠪᠠᠨ ᠦᠨᠡᠨ ᠬᠦ᠌ ᠴᠢᠩᠭ᠋ᠠᠳᠬᠠᠬᠤ ᠵᠢ᠎ᠨᠢ ᠠᠬᠢᠭᠤᠯᠵᠤ᠂ ᠡᠨᠡ ᠬᠦ᠌ ᠲᠥᠷᠥ ᠵᠢᠨ ᠪᠣᠳᠣᠯᠭ᠎ᠠ ᠵᠢᠨ ᠲᠣᠬᠢᠷᠠᠭᠤᠯᠤᠯᠲᠠ ᠵᠢᠨ ᠠᠵᠢᠯ᠎ᠢ ᠴᠠᠭ ᠲᠤᠬᠠᠢ᠎ᠳᠤ᠎ᠨᠢ ᠲᠦᠯᠬᠢᠨ ᠠᠬᠢᠭᠤᠯᠵᠤ᠂ ᠲᠣᠰ ᠭᠠᠵᠠᠷ ᠣᠷᠣᠨ ᠲᠣᠰ ᠰᠤᠷᠭ᠋ᠠᠭᠤᠯᠢ ᠵᠢᠨ ᠵᠶ᠋ᠠᠨ ᠰᠤᠷᠤᠯᠭ᠎ᠠ ᠵᠢᠨ ᠱᠠᠩᠨᠠᠯ᠎ᠤᠨ ᠮᠥᠩᠭᠦ ᠪᠠ ᠰᠤᠷᠤᠯᠭ᠎ᠠ ᠵᠢᠨ ᠳᠡᠳᠬᠦᠪᠦᠷᠢ ᠵᠢᠨ ᠮᠥᠩᠭᠦ ᠵᠢᠨ ᠲᠥᠷᠥ ᠵᠢᠨ ᠪᠣᠳᠣᠯᠭ᠎ᠠ᠎ᠳᠤ ᠵᠠᠰᠠᠪᠤᠷᠢ ᠣᠷᠣᠭᠤᠯᠤᠨ᠂ 2024 ᠣᠨ᠎ᠳᠠᠬᠢ ᠤᠯᠤᠰ᠎ᠤᠨ ᠰᠤᠷᠤᠯᠭ᠎ᠠ ᠵᠢᠨ ᠱᠠᠩᠨᠠᠯ᠎ᠤᠨ ᠮᠥᠩᠭᠦ᠎ᠪᠠᠷ ᠱᠠᠩᠨᠠᠬᠤ ᠣᠷᠣᠨ ᠲᠤᠭ᠎ᠠ ᠵᠢ ᠨᠡᠮᠡᠵᠦ ᠨᠥᠬᠦᠪᠦᠷᠢᠯᠡᠬᠦ ᠪᠠ ᠤᠯᠤᠰ᠎ᠤᠨ ᠰᠤᠷᠤᠯᠭ᠎ᠠ ᠵᠢᠨ ᠲᠡᠳᠬᠦᠮᠵᠢ ᠵᠢᠨ ᠮᠥᠩᠭᠦ ᠵᠢ ᠣᠯᠭᠤᠬᠤ ᠠᠵᠢᠯ᠎ᠢ ᠦᠨᠡᠨ ᠬᠦ᠌ ᠰᠠᠶ᠋ᠢᠲᠤᠷ ᠬᠢᠨ᠎ᠡ᠃ ᠬᠤᠶᠠᠷ᠎ᠲᠤ ᠪᠡᠯᠡ ᠮᠥᠩᠭᠦᠨ᠎ᠤ ᠪᠠᠲᠤᠯᠠᠭ᠎ᠠ ᠵᠢ ᠴᠢᠩᠭ᠋ᠠᠷᠠᠭᠤᠯᠤᠨ᠎ᠠ᠃ ᠲᠣᠰ ᠤᠳᠠᠭ᠋ᠠᠨ᠎ᠤ ᠲᠥᠷᠥ ᠵᠢᠨ ᠪᠣᠳᠣᠯᠭ᠎ᠠ ᠵᠢᠨ ᠲᠣᠬᠢᠷᠠᠭᠤᠯᠤᠯᠲᠠ᠎ᠳᠤ ᠬᠡᠷᠡᠭᠰᠡᠬᠦ ᠪᠡᠯᠡ ᠮᠥᠩᠭᠦ ᠵᠢ ᠲᠥᠪ᠎ᠤᠨ ᠡᠳ᠋᠎ᠤᠨ ᠵᠠᠰᠠᠭ ᠪᠠ ᠣᠷᠣᠨ ᠨᠤᠲᠤᠭ᠎ᠤᠨ ᠡᠳ᠋᠎ᠤᠨ ᠵᠠᠰᠠᠭ᠎ᠠᠴᠠ ᠣᠲᠣ ᠵᠢᠨ ᠬᠡᠷᠡᠭᠵᠢᠭᠦᠯᠵᠦ ᠪᠠᠶ᠋ᠢᠭ᠎ᠠ ᠠᠷᠭ᠎ᠠ ᠵᠠᠮ ᠪᠠ ᠬᠤᠪᠢᠳᠠᠨ ᠡᠭᠦᠷᠭᠡᠯᠡᠬᠦ ᠠᠷᠭ᠎ᠠ ᠮᠠᠶᠢᠭ ᠵᠶ᠋ᠠᠷ ᠦᠷᠭᠦᠯᠵᠢᠯᠡᠨ ᠬᠠᠮᠲᠤ᠎ᠳᠤ᠎ᠪᠠᠨ ᠡᠭᠦᠷᠭᠡᠯᠡᠨ᠎ᠡ᠃ ᠭᠤᠷᠪᠠᠨ ᠰᠠᠯᠠᠭ᠎ᠠ ᠮᠥᠴᠢᠷ᠎ᠠᠴᠠ ᠡᠯ᠎ᠡ ᠭᠠᠵᠠᠷ᠎ᠤᠨ᠎ᠬᠢᠨ᠎ᠤ ᠪᠡᠯᠡ ᠮᠥᠩᠭᠦ ᠵᠢ ᠨᠢᠭᠡᠳᠦᠯᠲᠡᠢ ᠲᠥᠯᠥᠪᠯᠡᠨ ᠳᠣᠬᠢᠷᠠᠭᠤᠯᠬᠤ ᠵᠢ ᠰᠢᠮᠳᠠᠭᠤᠯᠵᠤ᠂ ᠲᠥᠰᠥᠪ᠎ᠢ ᠴᠠᠭ ᠲᠤᠬᠠᠢ᠎ᠳᠤ᠎ᠨᠢ ᠪᠠᠭᠤᠯᠭ᠋ᠠᠨ᠂ ᠪᠡᠯᠡ ᠮᠥᠩᠭᠦ ᠵᠢ ᠬᠡᠷᠡᠭᠯᠡᠭᠰᠡᠨ ᠪᠠ ᠲᠦᠷᠦ ᠵᠢᠨ ᠪᠣᠳᠣᠯᠭ᠎ᠠ ᠵᠢ ᠬᠡᠷᠡᠭᠵᠢᠭᠦᠯᠦᠭᠰᠡᠨ ᠪᠠᠶ᠋ᠢᠳᠠᠯ᠎ᠳᠤ ᠬᠢᠨᠠᠯᠲᠠ ᠬᠠᠮᠢᠶᠠᠷᠤᠯᠲᠠ ᠬᠢᠨ᠎ᠡ᠃ ᠭᠤᠷᠪᠠ᠎ᠳᠤ ᠪᠣᠯᠪᠠᠰᠤᠷᠠᠭᠤᠯᠬᠤ ᠵᠢᠭ᠋ᠠᠨ ᠵᠢᠯᠤᠭᠤᠳᠬᠤ ᠵᠢ ᠴᠢᠩᠭ᠋ᠠᠳᠬᠠᠨ᠎ᠠ᠃ ᠪᠥᠬᠦ ᠤᠯᠤᠰ᠎ᠤᠨ ᠰᠣᠷᠣᠭᠴᠢᠳ᠎ᠢ ᠡᠳ᠋ ᠮᠥᠩᠭᠦ᠎ᠪᠠᠷ ᠲᠤᠰᠠᠯᠠᠬᠤ ᠬᠠᠮᠢᠶᠠᠷᠤᠯᠲᠠ ᠵᠢᠨ ᠲᠥᠪ ᠪᠠ ᠪᠥᠬᠦ ᠤᠯᠤᠰ᠎ᠤᠨ ᠮᠡᠷᠭᠡᠵᠢᠯ᠎ᠤᠨ ᠠᠵᠢᠯᠴᠢᠨ᠎ᠤ ᠳᠡᠭᠡᠳᠦ ᠰᠤᠷᠭ᠋ᠠᠭᠤᠯᠢ᠎ᠨᠤᠭᠤᠳ᠎ᠤᠨ ᠰᠣᠷᠣᠭᠴᠢᠳ᠎ᠢ ᠡᠳ᠋ ᠮᠥᠩᠭᠦ᠎ᠪᠠᠷ ᠲᠤᠰᠠᠯᠠᠬᠤ ᠬᠠᠮᠢᠶᠠᠷᠤᠯᠲᠠ ᠵᠢᠨ ᠠᠵᠢᠯ᠎ᠤᠨ ᠠᠯᠪᠠᠨ ᠭᠡᠷ᠎ᠠᠴᠠ ᠡᠯ᠎ᠡ ᠭᠠᠵᠠᠷ ᠡᠯ᠎ᠡ ᠰᠤᠷᠭ᠋ᠠᠭᠤᠯᠢ᠎ᠳᠤ ᠬᠠᠨᠳᠤᠭᠤᠯᠤᠨ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠯ᠎ᠢ ᠥᠷᠭᠡᠨ ᠵᠶ᠋ᠠᠷ ᠥᠷᠨᠢᠭᠦᠯᠵᠦ᠂ ᠲᠥᠷᠥ ᠵᠢᠨ ᠪᠣᠳᠣᠯᠭ᠎ᠠ ᠵᠢᠨ ᠲᠠᠯ᠎ᠠ᠎ᠪᠠᠷ᠎ᠬᠢ ᠪᠣᠯᠪᠠᠰᠤᠷᠠᠯ ᠬᠢᠬᠦ ᠠᠷᠭ᠎ᠠ ᠵᠠᠮ᠎ᠢ ᠥᠷᠭᠡᠳᠬᠡᠨ᠂ ᠲᠥᠷᠥ ᠵᠢᠨ ᠪᠣᠳᠣᠯᠭ᠎ᠠ ᠵᠢᠨ ᠠᠭᠤᠯᠭ᠎ᠠ ᠵᠢ ᠨᠠᠷᠢᠯᠢᠭ ᠲᠠᠶ᠋ᠢᠯᠪᠤᠷᠢᠯᠠᠵᠤ᠂ ᠲᠥᠷᠥ ᠵᠢᠨ ᠪᠣᠳᠣᠯᠭ᠎ᠠ ᠵᠢᠨ ᠬᠡᠷᠡᠭᠵᠢᠭᠦᠯᠦᠯᠲᠡ ᠵᠢ ᠵᠢᠷᠤᠮᠵᠢᠭᠤᠯᠤᠨ ᠪᠣᠲᠠᠲᠠᠶ᠋ᠢᠵᠢᠭᠤᠯᠬᠤ ᠵᠢ ᠪᠠᠲᠤᠯᠠᠨ᠎ᠠ᠃ ᠳᠥᠷᠪᠡ᠎ᠳᠤ ᠤᠬᠠᠭᠤᠯᠬᠤ ᠡᠷᠴᠢᠮ ᠵᠶ᠋ᠠᠨ ᠴᠢᠩᠭ᠋ᠠᠷᠠᠭᠤᠯᠤᠨ᠎ᠠ᠃ ᠲᠥᠷᠥ ᠵᠢᠨ ᠪᠣᠳᠣᠯᠭ᠎ᠠ ᠵᠢ ᠤᠬᠠᠭᠤᠯᠬᠤ ᠠᠷᠭ᠎ᠠ ᠮᠠᠶᠢᠭ᠎ᠲᠤ ᠰᠢᠨ᠎ᠡ ᠵᠢ ᠡᠭᠦᠳᠴᠦ᠂ ᠭᠤᠣᠯ ᠵᠠᠭᠤᠴᠢᠯᠠᠭᠤᠷ᠂ ᠫᠤᠷᠲ᠋ᠧᠯ ᠰᠦᠯᠵᠢᠶ᠎ᠡ᠂ ᠸᠢᠴᠠᠲ ᠣᠯᠠᠨ ᠨᠡᠶ᠋ᠢᠲᠠ ᠵᠢᠨ ᠲᠠᠪᠴᠠᠩ ᠵᠡᠷᠭᠡ ᠣᠯᠠᠨ ᠠᠷᠭ᠎ᠠ ᠵᠠᠮ ᠵᠶ᠋ᠠᠷ ᠤᠬᠠᠭᠤᠯᠤᠨ ᠲᠠᠶ᠋ᠢᠯᠪᠤᠷᠢᠯᠠᠵᠤ᠂ ᠲᠥᠷᠥ ᠵᠢᠨ ᠪᠣᠳᠣᠯᠭ᠎ᠠ᠎ᠪᠠᠷ ᠥᠷᠭᠡᠨ ᠣᠯᠠᠨ ᠰᠣᠷᠣᠭᠴᠢᠳ᠎ᠲᠤ ᠳᠠᠷᠤᠶ᠋ᠢᠬᠠᠨ ᠠᠰᠢᠭ ᠬᠦᠷᠲᠡᠭᠡᠨ᠂ ᠰᠣᠷᠣᠭᠴᠢᠳ᠎ᠢ ᠡᠳ᠋ ᠮᠥᠩᠭᠦ᠎ᠪᠠᠷ ᠲᠤᠰᠠᠯᠠᠬᠤ ᠲᠥᠷᠥ ᠵᠢᠨ ᠪᠣᠳᠣᠯᠭ᠎ᠠ᠎ᠪᠠᠷ ᠬᠦᠴᠢᠷᠳᠡᠯᠲᠡᠢ ᠵᠢ ᠲᠤᠰᠠᠯᠠᠬᠤ᠂ ᠰᠢᠯᠢᠳᠡᠭ᠎ᠢ ᠱᠠᠩᠨᠠᠬᠤ᠂ ᠬᠥᠲᠥᠯᠥᠨ ᠵᠢᠯᠤᠭᠤᠳᠬᠤ᠂ ᠬᠥᠮᠥᠨ ᠬᠥᠮᠥᠵᠢᠭᠦᠯᠬᠦ ᠴᠢᠳᠠᠮᠵᠢ ᠵᠢ᠎ᠨᠢ ᠦᠨᠡᠨ ᠬᠦ᠌ ᠰᠠᠶ᠋ᠢᠲᠤᠷ ᠪᠠᠳᠠᠷᠠᠭᠤᠯᠤᠨ᠎ᠠ᠃

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠠᠵᠤ ᠠᠬᠤᠢ ᠵᠢᠨ ᠦᠷᠭᠦᠯᠵᠢᠯᠡᠨ ᠳᠡᠭᠡᠭᠰᠢᠯᠡᠯᠲᠡ ᠵᠢᠨ ᠳᠤᠮᠳᠠ ᠰᠠᠶ᠋ᠢᠵᠢᠷᠠᠬᠤ ᠵᠢ ᠠᠬᠢᠭᠤᠯᠤᠨ᠎ᠠ
ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠰᠢᠯᠢᠳᠡᠭᠵᠢᠭᠦᠯᠬᠦ 40 ᠵᠤᠷᠪᠤᠰ ᠪᠣᠳᠠᠲᠠᠢ ᠠᠷᠭ᠎ᠠ ᠬᠡᠮᠵᠢᠶ᠎ᠡ ᠵᠢ ᠨᠡᠶ᠋ᠢᠲᠡᠯᠡᠪᠡ!
5 ᠲᠠᠯ᠎ᠠ ᠵᠢᠨ 20 ᠭᠤᠣᠯᠳᠠᠯᠭ᠎ᠠ᠎ᠲᠠᠢ ᠡᠭᠦᠷᠭᠡ! ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ ᠬᠠᠮᠤᠭ᠎ᠤᠨ ᠰᠢᠨ᠎ᠡ᠎ᠪᠠᠷ ᠳᠠᠷᠤᠮᠠᠯᠯᠠᠨ ᠲᠠᠷᠬᠠᠭ᠋ᠠᠪᠠ
ᠰᠤᠷᠭ᠋ᠠᠨ ᠬᠥᠮᠦᠵᠢᠯ᠎ᠤᠨ ᠲᠢᠩᠬᠢᠮ᠎ᠤᠨ ᠶᠡᠭᠡ ᠳᠤᠮᠳᠠᠳᠤ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠰᠤᠷᠭ᠋ᠠᠨ ᠬᠥᠮᠦᠵᠢᠯ᠎ᠢ ᠨᠢᠭᠡ ᠴᠣᠭᠴᠠᠵᠢᠭᠤᠯᠬᠤ ᠵᠢ ᠠᠬᠢᠭᠤᠯᠬᠤ ᠠᠵᠢᠯ ᠱᠠᠲᠤ ᠦᠶ᠎ᠡ ᠵᠢᠨ ᠴᠢᠨᠠᠷᠲᠠᠢ ᠦᠷ᠎ᠡ ᠪᠦᠲᠦᠮᠵᠢ ᠣᠯᠪᠠ
ᠴᠢᠨᠠᠷ ᠰᠠᠶ᠋ᠢᠲᠠᠢ ᠰᠣᠶᠣᠯ᠎ᠤᠨ ᠡᠬᠢ ᠪᠠᠶᠠᠯᠢᠭ᠎ᠢ ᠦᠨᠳᠦᠰᠦᠨ ᠱᠠᠲᠤᠨ᠎ᠳᠤ ᠰᠢᠭᠤᠳ ᠬᠦᠷᠭᠡᠬᠦ ᠲᠣᠭᠲᠠᠴᠠ ᠵᠢ ᠪᠠᠶ᠋ᠢᠭᠤᠯᠬᠤ ᠵᠢ ᠬᠡᠷᠬᠢᠨ ᠣᠶ᠋ᠢᠯᠠᠭ᠋ᠠᠬᠤ ᠪᠤᠢ
 
            