ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠠᠵᠤ ᠠᠬᠤᠢ ᠵᠢᠨ ᠦᠷᠭᠦᠯᠵᠢᠯᠡᠨ ᠳᠡᠭᠡᠭᠰᠢᠯᠡᠯᠲᠡ ᠵᠢᠨ ᠳᠤᠮᠳᠠ ᠰᠠᠶ᠋ᠢᠵᠢᠷᠠᠬᠤ ᠵᠢ ᠠᠬᠢᠭᠤᠯᠤᠨ᠎ᠠ
ᠨᠡᠶᠢᠲᠡᠯᠡᠭᠰᠡᠨ ᠴᠠᠭ᠄ 2024-10-10


    ᠣᠶ᠋ᠢᠷ᠎ᠠ ᠵᠢᠨ ᠬᠤᠭᠤᠴᠠᠭ᠋ᠠᠨ᠎ᠳᠤ ᠠᠵᠤ ᠠᠬᠤᠶ ᠵᠢᠨ ᠬᠠᠮ ᠲᠥᠷᠥ ᠵᠢᠨ ᠪᠣᠳᠣᠯᠭ᠎ᠠ ᠵᠢ ᠲᠥᠪᠯᠡᠷᠡᠭᠦᠯᠦᠨ ᠨᠡᠶ᠋ᠢᠲᠡᠯᠡᠪᠡ
    ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠬᠠᠳᠠᠭ᠋ᠠᠯᠠᠮᠵᠢ ᠵᠢᠨ ᠪᠡᠯᠡᠳᠬᠡᠯ ᠮᠥᠩᠭᠦᠨ᠎ᠤ ᠨᠣᠷᠮ᠎ᠠ ᠵᠢ 0.5 ᠵᠠᠭᠤᠨ᠎ᠤ ᠴᠡᠭ ᠵᠶ᠋ᠠᠷ ᠪᠠᠭᠤᠷᠠᠭᠤᠯᠪᠠ
  ᠳᠤᠮᠳᠠᠳᠤ ᠤᠯᠤᠰ᠎ᠤᠨ ᠠᠷᠠᠳ᠎ᠤᠨ ᠪᠠᠩᠭᠢ 27᠎ᠤ ᠡᠳᠦᠷ᠎ᠲᠤ ᠨᠡᠶ᠋ᠢᠲᠡᠯᠡᠭᠰᠡᠨ ᠵᠶ᠋ᠠᠷ᠂ 2024 ᠣᠨ᠎ᠤ 9 ᠳ᠋ᠦ᠍ᠭᠡᠷ ᠰᠠᠷ᠎ᠠ ᠵᠢᠨ 27᠎ᠤ ᠡᠳᠦᠷ᠎ᠠᠴᠠ ᠡᠬᠢᠯᠡᠨ᠂ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠬᠠᠳᠠᠭ᠋ᠠᠯᠠᠮᠵᠢ ᠵᠢᠨ ᠪᠡᠯᠡᠳᠬᠡᠯ ᠮᠥᠩᠭᠦᠨ᠎ᠤ ᠨᠤᠷᠮ᠎ᠠ ᠵᠢ 0.5 ᠵᠠᠭᠤᠨ᠎ᠤ ᠴᠡᠭ ᠵᠶ᠋ᠠᠷ ᠪᠠᠭᠤᠷᠠᠭᠤᠯᠬᠤ᠎ᠪᠠᠷ ᠳᠣᠭᠲᠠᠪᠠ
    ᠤᠷᠲᠤ ᠬᠤᠭᠤᠴᠠᠭ᠋ᠠᠨ᠎ᠤ ᠬᠦᠳᠡᠯᠦᠩᠭᠦᠢ ᠴᠢᠨᠠᠷ᠎ᠢ ᠪᠠᠷᠤᠭ 1 ᠲᠦᠮᠡᠨ ᠳ᠋ᠦᠩᠰᠢᠭᠤᠷ ᠲᠥᠭᠦᠷᠢᠭ ᠰᠤᠯᠠᠯᠠᠬᠤ᠎ᠪᠠᠷ ᠵᠢᠱ᠌ᠢᠵᠦ ᠪᠣᠢ
    ᠢᠯᠡ ᠵᠠᠬ᠎ᠠ ᠳᠡᠯᠭᠡᠭᠦᠷ᠎ᠤᠨ 7 ᠡᠳᠦᠷ᠎ᠤᠨ ᠬᠤᠭᠤᠴᠠᠭ᠎ᠠ᠎ᠲᠠᠢ ᠰᠥᠷᠭᠡᠦ᠎ᠪᠠᠷ ᠡᠭᠡᠭᠦᠯᠦᠨ ᠬᠤᠳᠠᠯᠳᠤᠨ ᠠᠪᠬᠤ ᠠᠵᠢᠯᠯᠠᠭ᠎ᠠ ᠵᠢᠨ ᠬᠦᠦ ᠵᠢᠨ ᠨᠤᠷᠮ᠎ᠠ 20 ᠰᠠᠭᠤᠷᠢ ᠴᠡᠭ ᠪᠠᠭᠤᠷᠠᠪᠠ
   9 ᠳ᠋ᠦ᠍ᠭᠡᠷ ᠰᠠᠷ᠎ᠠ ᠵᠢᠨ 27᠎ᠤ ᠡᠳᠦᠷ᠎ᠠᠴᠠ ᠡᠬᠢᠯᠡᠨ᠂ ᠢᠯᠡ ᠵᠠᠬ᠎ᠠ ᠳᠡᠯᠭᠡᠭᠦᠷ᠎ᠤᠨ 7 ᠡᠳᠦᠷ᠎ᠤᠨ ᠬᠤᠭᠤᠴᠠᠭ᠎ᠠ᠎ᠲᠠᠢ ᠰᠥᠷᠭᠡᠦ᠎ᠪᠠᠷ ᠡᠭᠡᠭᠦᠯᠦᠨ ᠬᠤᠳᠠᠯᠳᠤᠨ ᠠᠪᠬᠤ ᠠᠵᠢᠯᠯᠠᠭ᠎ᠠ ᠵᠢᠨ ᠬᠦᠦ ᠵᠢᠨ ᠨᠣᠷᠮ᠎ᠠ ᠵᠢ ᠤᠤᠯ᠎ᠤᠨ 1.70% ᠪᠠᠶ᠋ᠢᠭᠰᠠᠨ᠎ᠠᠴᠠ 1.50% ᠪᠣᠯᠭ᠋ᠠᠨ ᠲᠣᠬᠢᠷᠠᠭᠤᠯᠵᠤ᠂ 20 ᠰᠠᠭᠤᠷᠢ ᠴᠡᠭ ᠪᠠᠭᠤᠷᠠᠭᠤᠯᠪᠠ
    ᠲᠤᠰ ᠤᠳᠠᠭ᠋ᠠᠨ᠎ᠤ ᠲᠦᠷᠦ ᠵᠢᠨ ᠪᠣᠳᠣᠯᠭ᠎ᠠ ᠵᠢᠨ ᠬᠦᠦ ᠵᠢᠨ ᠨᠤᠷᠮ᠎ᠠ ᠵᠢᠨ ᠳᠣᠷᠣᠭᠰᠢᠯᠠᠭᠤᠯᠤᠭᠰᠠᠨ ᠬᠡᠮᠵᠢᠶ᠎ᠡ᠎ᠨᠢ ᠣᠶ᠋ᠢᠷ᠎ᠠ ᠵᠢᠨ ᠳᠦᠷᠪᠡᠨ ᠵᠢᠯ᠎ᠳᠠᠬᠢ ᠬᠠᠮᠤᠭ᠎ᠤᠨ ᠶᠡᠭᠡ ᠨᠢᠭᠡ ᠤᠳᠠᠭ᠋ᠠᠨ᠎ᠤ ᠲᠣᠬᠢᠷᠠᠭᠤᠯᠤᠯᠲᠠ ᠪᠣᠯᠪᠠ
    ᠦᠯᠡᠳᠡᠭᠡᠯ ᠣᠷᠣᠨ ᠰᠠᠭᠤᠴᠠ ᠵᠢᠨ ᠵᠢᠭᠡᠯᠡᠯᠭᠡ ᠵᠢᠨ ᠬᠦᠦ ᠵᠢᠨ ᠨᠤᠷᠮ᠎ᠠ ᠵᠢ ᠰᠢᠨ᠎ᠡ᠎ᠪᠠᠷ ᠲᠠᠯᠪᠢᠭᠰᠠᠨ ᠵᠢᠭᠡᠯᠡᠯᠭᠡ ᠵᠢᠨ ᠬᠦᠦ ᠵᠢᠨ ᠨᠤᠷᠮ᠎ᠠ ᠣᠷᠴᠢᠮ᠎ᠳᠤ ᠬᠦᠷᠲᠡᠯ᠎ᠡ ᠪᠠᠭᠤᠷᠠᠭᠤᠯᠤᠨ᠎ᠠ
    ᠳᠤᠮᠳᠠᠴᠢ᠎ᠪᠠᠷ 0.5 ᠵᠠᠭᠤᠨ᠎ᠤ ᠴᠡᠭ ᠣᠷᠴᠢᠮ ᠪᠠᠭᠤᠷᠠᠭᠤᠯᠬᠤ᠎ᠪᠠᠷ ᠵᠢᠱ᠌ᠢᠵᠦ ᠪᠣᠢ
    ᠬᠤᠳᠠᠯᠳᠤᠭ᠋ᠠᠨ᠎ᠤ ᠪᠠᠩᠭᠢ ᠵᠢ ᠬᠦᠲᠦᠯᠦᠨ ᠵᠢᠯᠤᠭᠤᠳᠴᠤ ᠪᠠᠶ᠋ᠢᠭ᠋ᠠᠳ ᠦᠯᠡᠳᠡᠭᠡᠯ ᠣᠷᠣᠨ ᠰᠠᠭᠤᠴᠠ ᠵᠢᠨ ᠵᠢᠭᠡᠯᠡᠯᠭᠡ ᠵᠢᠨ ᠬᠦᠦ ᠵᠢᠨ ᠨᠤᠷᠮ᠎ᠠ ᠵᠢ ᠰᠢᠨ᠎ᠡ᠎ᠪᠠᠷ ᠲᠠᠯᠪᠢᠭᠰᠠᠨ ᠵᠢᠭᠡᠯᠡᠯᠭᠡ ᠵᠢᠨ ᠬᠦᠦ ᠵᠢᠨ ᠨᠤᠷᠮ᠎ᠠ ᠣᠷᠴᠢᠮ᠎ᠳᠤ ᠬᠦᠷᠲᠡᠯ᠎ᠡ ᠪᠠᠭᠤᠷᠠᠭᠤᠯᠵᠤ᠂ ᠳᠤᠮᠳᠠᠴᠢ᠎ᠪᠠᠷ 0.5 ᠵᠠᠭᠤᠨ᠎ᠤ ᠴᠡᠭ ᠣᠷᠴᠢᠮ ᠪᠠᠭᠤᠷᠠᠭᠤᠯᠬᠤ᠎ᠪᠠᠷ ᠵᠢᠱ᠌ᠢᠵᠦ ᠪᠣᠢ
    ᠡᠨᠡ ᠬᠦ᠌ ᠳᠦᠷᠤ ᠵᠢᠨ ᠪᠤᠲᠣᠯᠭ᠎ᠠ᠎ᠨᠢ 5000 ᠳᠦᠮᠠᠨ ᠡᠷᠣᠭᠡ ᠬᠡᠷ ᠪᠦᠯᠢ᠂ 1.5 ᠳ᠋ᠦᠩᠰᠢᠭᠤᠷ ᠬᠥᠮᠥᠨ ᠠᠮᠠ᠎ᠳᠤ ᠠᠰᠢᠭ ᠬᠦᠷᠲᠡᠭᠡᠵᠦ᠂ ᠬᠡᠷ ᠪᠦᠯᠢ ᠵᠢᠨ ᠬᠦᠦ ᠮᠦᠩᠭᠦᠠ᠎ᠤ ᠵᠠᠷᠣᠯᠭ᠎ᠠ ᠵᠢᠨ ᠶᠡᠷᠦᠩᠬᠡᠢ ᠳᠤᠭ᠎ᠠ ᠵᠢ ᠳᠤᠮᠳᠠᠴᠢ᠎ᠪᠠᠷ ᠵᠢᠯ ᠪᠦᠷᠢ 1500 ᠳ᠋ᠦᠩᠰᠢᠭᠤᠷ ᠳᠦᠭᠦᠷᠢᠭ ᠣᠷᠴᠢᠮ ᠪᠠᠭ᠋ᠠᠰᠬᠠᠬᠤ᠎ᠪᠠᠷ ᠵᠢᠱ᠌ᠢᠵᠦ ᠪᠣᠢ
    ᠠᠩᠬᠠᠳᠠᠭᠴᠢ ᠢᠵᠢ ᠣᠷᠣᠨ ᠰᠠᠭᠤᠴᠠ᠂ ᠬᠤᠶᠠᠳᠤᠭ᠋ᠠᠷ ᠢᠵᠢ ᠣᠷᠣᠨ ᠰᠠᠭᠤᠴᠠ ᠭᠡᠵᠦ ᠳᠠᠬᠢᠵᠤ ᠢᠯᠭ᠋ᠠᠬᠤ ᠦᠭᠡᠢ
    ᠠᠩᠬ᠎ᠠ ᠲᠤᠰᠢᠶᠠᠬᠤ ᠵᠣᠭᠤᠰ᠎ᠤᠨ ᠬᠠᠷᠢᠴᠠᠯ᠎ᠢ ᠬᠠᠮᠤᠭ᠎ᠤᠨ ᠳᠣᠣᠷ᠎ᠠ᠎ᠳᠤ᠎ᠪᠠᠨ 15%᠎ᠠᠴᠠ ᠳᠣᠣᠷ᠎ᠠ ᠪᠠᠶ᠋ᠢᠯᠭ᠋ᠠᠬᠤ ᠦᠭᠡᠢ
    ᠬᠤᠪᠢ ᠬᠦᠮᠦᠨ᠎ᠤ ᠣᠷᠣᠨ ᠰᠠᠭᠤᠴᠠ ᠵᠢᠨ ᠵᠢᠭᠡᠯᠡᠯᠭᠡ ᠵᠢᠨ ᠠᠩᠬ᠎ᠠ ᠲᠤᠰᠢᠶᠠᠬᠤ ᠵᠤᠭᠤᠰ᠎ᠤᠨ ᠬᠠᠷᠢᠴᠠᠯ᠎ᠢ ᠬᠠᠮᠤᠭ᠎ᠤᠨ ᠳᠣᠣᠷ᠎ᠠ ᠪᠠᠶ᠋ᠢᠯᠭ᠋ᠠᠬᠤ ᠲᠥᠷᠥ ᠵᠢᠨ ᠪᠣᠳᠣᠯᠭ᠎ᠠ ᠵᠢ ᠰᠢᠯᠢᠳᠡᠭᠵᠢᠭᠦᠯᠬᠦ ᠲᠤᠬᠠᠢ ᠳᠤᠮᠳᠠᠳᠤ ᠤᠯᠤᠰ᠎ᠤᠨ ᠠᠷᠠᠳ᠎ᠤᠨ ᠪᠠᠩᠭᠢ᠂ ᠤᠯᠤᠰ᠎ᠤᠨ ᠮᠦᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶᠠᠨ᠎ᠤ ᠮᠡᠳᠡᠭᠳᠡᠯ᠎ᠳᠤ᠂ ᠵᠢᠭᠡᠯᠡᠯᠭᠡ᠎ᠪᠠᠷ ᠣᠷᠣᠨ ᠰᠠᠭᠤᠴᠠ ᠬᠤᠳᠠᠯᠳᠤᠨ ᠠᠪᠤᠭᠰᠠᠨ ᠰᠠᠭᠤᠭ᠋ᠠᠯᠢ ᠠᠷᠠᠳ᠎ᠤᠨ ᠭᠡᠷ ᠪᠦᠯᠢ᠎ᠳᠤ᠂ ᠬᠤᠳᠠᠯᠳᠣᠭ᠋ᠠᠨ᠎ᠤ ᠴᠢᠨᠠᠷᠲᠠᠢ ᠬᠤᠪᠢ ᠬᠦᠮᠦᠨ᠎ᠤ ᠣᠷᠣᠨ ᠰᠠᠭᠤᠴᠠ ᠵᠢᠨ ᠵᠢᠭᠡᠯᠡᠯᠭᠡ ᠵᠢ ᠠᠩᠬᠠᠳᠠᠭᠴᠢ ᠢᠵᠢ ᠪᠠ ᠬᠤᠶᠠᠳᠤᠭ᠋ᠠᠷ ᠢᠵᠢ ᠣᠷᠣᠨ ᠰᠠᠭᠤᠴᠠ ᠭᠡᠵᠦ ᠳᠠᠬᠢᠵᠤ ᠢᠯᠭ᠋ᠠᠬᠤ ᠦᠭᠡᠢ᠎ᠪᠠᠷ ᠠᠩᠬ᠎ᠠ ᠲᠤᠰᠢᠶᠠᠬᠤ ᠵᠣᠭᠤᠰ᠎ᠤᠨ ᠬᠠᠷᠢᠴᠠᠯ᠎ᠢ ᠬᠠᠮᠤᠭ᠎ᠤᠨ ᠳᠣᠣᠷ᠎ᠠ᠎ᠳᠤ᠎ᠪᠠᠨ 15%᠎ᠠᠴᠠ ᠳᠣᠣᠷ᠎ᠠ ᠪᠠᠶ᠋ᠢᠯᠭ᠋ᠠᠬᠤ ᠦᠭᠡᠢ ᠭᠡᠵᠡᠢ
    ᠭᠡᠷ ᠪᠠᠶ᠋ᠢᠰᠢᠩ ᠭᠠᠵᠠᠷ ᠬᠦᠷᠦᠩᠭᠡ᠎ᠳᠤ ᠬᠤᠯᠪᠣᠭᠳᠠᠬᠤ ᠬᠤᠶᠠᠷ ᠵᠦᠢ᠍ᠯ᠎ᠤᠨ ᠮᠦᠩᠭᠦᠨ ᠭᠦᠢ᠍ᠯᠭᠡᠭᠡᠨ᠎ᠤ ᠲᠦᠷᠦ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ᠎ᠤᠨ ᠬᠦᠴᠦᠨ᠎ᠲᠠᠢ ᠬᠤᠭᠤᠴᠠᠭ᠎ᠠ ᠵᠢ ᠤᠷᠲᠤᠳᠬᠠᠪᠠ
    ᠡᠨᠡ ᠵᠢᠯ᠎ᠤᠨ ᠰᠡᠭᠦᠯᠴᠢ᠎ᠠᠴᠠ ᠡᠮᠦᠨ᠎ᠡ ᠬᠤᠭᠤᠴᠠᠭ᠎ᠠ᠎ᠨᠢ ᠳᠠᠭᠤᠰᠬᠤ ᠡᠵᠡᠩᠨᠡᠯᠲᠡ ᠵᠢᠨ ᠴᠢᠨᠠᠷᠲᠠᠢ ᠠᠳᠠᠯ ᠠᠬᠤᠢ ᠵᠢᠨ ᠵᠢᠭᠡᠯᠡᠯᠭᠡ ᠪᠠ 《ᠮᠥᠩᠭᠦᠨ ᠭᠦᠢ᠍ᠯᠭᠡᠭᠡᠨ᠎ᠤ 16 ᠵᠤᠷᠪᠤᠰ》 ᠡᠨᠡ ᠬᠤᠶᠠᠷ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ᠎ᠢ 2026 ᠣᠨ᠎ᠤ ᠡᠴᠦᠰ ᠪᠣᠯᠲᠠᠯ᠎ᠠ ᠤᠷᠲᠤᠳᠬᠠᠨ᠎ᠠ
    ᠪᠠᠲᠤᠯᠠᠭ᠎ᠠ ᠵᠢᠨ ᠴᠢᠨᠠᠷᠲᠠᠢ ᠣᠷᠣᠨ ᠰᠠᠭᠤᠴᠠ ᠵᠢᠨ ᠳᠠᠬᠢᠨᠲᠠ ᠵᠢᠭᠡᠯᠡᠯᠭᠡ ᠲᠠᠯᠪᠢᠬᠤ ᠲᠦᠷᠦ ᠵᠢᠨ ᠪᠣᠳᠣᠯᠭ᠎ᠠ ᠵᠢ ᠰᠢᠯᠢᠳᠡᠭᠵᠢᠭᠦᠯᠦᠨ᠎ᠡ
   5 ᠳ᠋ᠤᠭ᠋ᠠᠷ ᠰᠠᠷ᠎ᠠ᠎ᠳᠤ ᠠᠷᠠᠳ᠎ᠤᠨ ᠪᠠᠩᠭᠢ ᠵᠢᠨ ᠪᠠᠶ᠋ᠢᠭᠤᠯᠤᠭᠰᠠᠨ 3000 ᠳ᠋ᠦᠩᠰᠢᠭᠤᠷ ᠲᠦᠭᠦᠷᠢᠭ᠎ᠤᠨ ᠪᠠᠲᠤᠯᠠᠭ᠎ᠠ ᠵᠢᠨ ᠴᠢᠨᠠᠷᠲᠠᠢ ᠣᠷᠣᠨ ᠰᠠᠭᠤᠴᠠ ᠵᠢᠨ ᠳᠠᠬᠢᠨᠲᠠ ᠵᠢᠭᠡᠯᠡᠯᠭᠡ ᠲᠠᠯᠪᠢᠬᠤ᠎ᠳᠤ ᠲᠥᠪ᠎ᠤᠨ ᠪᠠᠩᠭᠢ ᠵᠢᠨ ᠪᠡᠯᠡ ᠮᠥᠩᠭᠦᠨ᠎ᠤ ᠳᠡᠮᠵᠢᠯᠭᠡ ᠵᠢᠨ ᠬᠠᠷᠢᠴᠠᠯ᠎ᠢ ᠤᠤᠯ᠎ᠤᠨ 60% ᠪᠠᠶ᠋ᠢᠭᠰᠠᠨ᠎ᠠᠴᠠ 100%᠎ᠳᠤ ᠬᠦᠷᠲᠡᠯ᠎ᠡ ᠳᠡᠭᠡᠭᠰᠢᠯᠡᠭᠦᠯᠦᠨ᠎ᠡ
    ᠭᠡᠷ ᠪᠠᠶ᠋ᠢᠰᠢᠩ ᠭᠠᠵᠠᠷ ᠬᠥᠷᠥᠩᠭᠡ ᠵᠢᠨ ᠠᠵᠤ ᠠᠬᠤᠶ᠋ᠢᠯᠠᠯ᠎ᠤᠨ ᠦᠯᠡᠳᠡᠭᠡᠯ ᠭᠠᠵᠠᠷ ᠰᠢᠷᠣᠢ ᠵᠢ ᠬᠤᠳᠠᠯᠳᠤᠨ ᠠᠪᠬᠤ ᠵᠢ ᠳᠡᠮᠵᠢᠨ᠎ᠡ
    ᠲᠦᠷᠦ ᠵᠢᠨ ᠪᠣᠳᠣᠯᠭ᠎ᠠ ᠵᠢᠨ ᠴᠢᠨᠠᠷᠲᠠᠢ ᠪᠠᠩᠭᠢ ᠪᠠ ᠬᠤᠳᠠᠯᠳᠤᠭ᠋ᠠᠨ᠎ᠤ ᠪᠠᠩᠭᠢ᠎ᠨᠢ ᠨᠦᠬᠦᠴᠡᠯ᠎ᠲᠠᠢ ᠠᠵᠤ ᠠᠬᠤᠶ᠋ᠢᠯᠠᠯ᠎ᠤᠳ᠎ᠤᠨ ᠭᠡᠷ ᠪᠠᠶ᠋ᠢᠰᠢᠩ ᠭᠠᠵᠠᠷ ᠬᠥᠷᠥᠩᠭᠡ ᠵᠢᠨ ᠠᠵᠤ ᠠᠬᠤᠶ᠋ᠢᠯᠠᠯ᠎ᠤᠨ ᠭᠠᠵᠠᠷ ᠰᠢᠷᠤᠢ ᠵᠢ ᠵᠠᠬ᠎ᠠ ᠳᠡᠯᠭᠡᠭᠦᠷᠴᠢᠯᠡᠨ ᠬᠤᠳᠠᠯᠳᠤᠨ ᠠᠪᠬᠤ᠎ᠳᠤ ᠵᠢᠭᠡᠯᠡᠯᠭᠡ᠎ᠪᠠᠷ ᠳᠡᠮᠵᠢᠬᠦ ᠵᠢ ᠰᠤᠳᠤᠯᠤᠨ ᠵᠥᠪᠰᠢᠶᠡᠷᠡᠵᠦ᠂ ᠦᠯᠡᠳᠡᠭᠡᠯ ᠭᠠᠵᠠᠷ ᠰᠢᠷᠤᠢ ᠵᠢ ᠴᠢᠯᠦᠭᠡᠲᠡᠢ ᠭᠦᠢ᠍ᠯᠭᠡᠭᠡᠵᠦ᠂ ᠭᠡᠷ ᠪᠠᠶ᠋ᠢᠰᠢᠩ᠎ᠤᠨ ᠠᠵᠤ ᠠᠬᠤᠶ᠋ᠢᠯᠠᠯ᠎ᠤᠨ ᠪᠡᠯᠡ ᠮᠥᠩᠭᠦᠨ᠎ᠤ ᠳᠠᠷᠤᠭ᠋ᠠᠰᠤ ᠵᠢ᠎ᠨᠢ ᠬᠦᠩᠭᠡᠷᠡᠭᠦᠯᠦᠨ᠎ᠡ
    ᠦᠨᠡᠲᠦ ᠲᠡᠮᠳᠡᠭᠲᠦ᠂ ᠰᠠᠭᠤᠷᠢ ᠮᠥᠩᠭᠦ᠂ ᠳᠠᠭ᠋ᠠᠳᠬᠠᠯ᠎ᠤᠨ ᠺᠣᠮᠫᠠᠨᠢ ᠬᠤᠭᠤᠷᠣᠨᠳᠤ᠎ᠪᠠᠨ ᠳᠥᠭᠦᠮᠯᠡᠵᠦ ᠰᠣᠯᠢᠯᠴᠠᠬᠤ ᠵᠢ᠎ᠨᠢ ᠴᠣᠭᠴᠠᠯᠠᠨ ᠪᠠᠶ᠋ᠢᠭᠤᠯᠤᠨ᠎ᠠ
    ᠨᠥᠬᠦᠴᠡᠯ᠎ᠳᠤ ᠨᠡᠶ᠋ᠢᠴᠡᠬᠦ ᠦᠨᠡᠲᠦ ᠲᠡᠮᠳᠡᠭᠲᠦ᠂ ᠰᠠᠭᠤᠷᠢ ᠮᠥᠩᠭᠦ᠂ ᠳᠠᠭ᠋ᠠᠳᠬᠠᠯ᠎ᠤᠨ ᠺᠣᠮᠫᠠᠨᠢ ᠵᠢᠨ ᠡᠳ᠋ ᠬᠥᠷᠥᠩᠭᠡ ᠳᠠᠨᠵᠢᠯᠠᠬᠤ᠎ᠪᠠᠷ ᠳᠠᠮᠵᠢᠨ᠂ ᠲᠥᠪ᠎ᠤᠨ ᠪᠠᠩᠬᠢ᠎ᠠᠴᠠ ᠬᠥᠳᠡᠯᠦᠩᠭᠦᠢ ᠴᠢᠨᠠᠷ ᠣᠯᠵᠤ ᠠᠪᠬᠤ ᠵᠢ᠎ᠨᠢ ᠳᠡᠮᠵᠢᠨ᠎ᠡ
    ᠠᠩᠬᠠᠨ᠎ᠤ ᠬᠤᠭᠤᠴᠠᠭ᠋ᠠᠨ᠎ᠤ ᠠᠵᠢᠯᠯᠠᠭ᠋ᠠᠨ᠎ᠤ ᠬᠡᠪᠴᠢᠶ᠎ᠡ᠎ᠨᠢ 5000 ᠳ᠋ᠦᠩᠰᠢᠭᠤᠷ ᠲᠥᠭᠦᠷᠢᠭ ᠪᠣᠯᠤᠨ᠎ᠠ
    ᠰᠲ᠋ᠣᠺ᠎ᠢ ᠡᠭᠡᠭᠦᠯᠦᠨ ᠬᠤᠳᠠᠯᠳᠤᠨ ᠠᠪᠬᠤ ᠵᠢ ᠴᠣᠭᠴᠠᠯᠠᠨ ᠪᠠᠶ᠋ᠢᠭᠤᠯᠤᠨ᠂ ᠲᠤᠰᠬᠠᠶ ᠵᠦᠢ᠍ᠯ ᠵᠶ᠋ᠠᠷ ᠳᠠᠬᠢᠨᠲᠠ ᠵᠢᠭᠡᠯᠡᠯᠭᠡ ᠲᠠᠯᠪᠢᠬᠤ ᠵᠢ᠎ᠨᠢ ᠨᠡᠮᠡᠭᠳᠡᠭᠦᠯᠪᠡ
    ᠬᠤᠳᠠᠯᠳᠣᠭ᠋ᠠᠨ᠎ᠤ ᠪᠠᠩᠭᠢ ᠵᠢ ᠬᠥᠲᠥᠯᠥᠨ ᠵᠢᠯᠣᠭᠤᠳᠴᠤ ᠪᠠᠶ᠋ᠢᠭ᠋ᠠᠳ ᠰᠲ᠋ᠣᠺ᠎ᠤᠨ ᠵᠠᠬ᠎ᠠ᠎ᠳᠤ ᠭᠠᠷᠤᠭᠰᠠᠨ ᠺᠣᠮᠫᠠᠨᠢ ᠪᠤᠯᠤᠨ ᠭᠤᠤᠯ ᠬᠤᠪᠢ ᠤᠷᠤᠭᠤᠯᠤᠭᠴᠢ᠎ᠳᠤ ᠵᠢᠭᠡᠯᠡᠯᠭᠡ ᠬᠠᠩᠭ᠋ᠠᠵᠤ᠂ ᠰᠲ᠋ᠣᠺ᠎ᠤᠨ ᠵᠠᠬ᠎ᠠ᠎ᠳᠤ ᠭᠠᠷᠤᠭᠰᠠᠨ ᠺᠣᠮᠫᠠᠨᠢ ᠵᠢᠨ ᠰᠲ᠋ᠤᠺ᠎ᠢ ᠡᠭᠡᠭᠦᠯᠦᠨ ᠬᠤᠳᠠᠯᠳᠤᠨ ᠠᠪᠬᠤ ᠪᠠ ᠨᠡᠮᠡᠵᠤ ᠠᠪᠬᠤ᠎ᠳᠤ ᠬᠡᠷᠡᠭᠯᠡᠨ᠎ᠡ
    ᠠᠩᠬᠠᠨ᠎ᠤ ᠬᠤᠭᠤᠴᠠᠭ᠋ᠠᠨ᠎ᠤ ᠵᠣᠭᠤᠰ᠎ᠤᠨ ᠲᠤᠭ᠎ᠠ᠎ᠨᠢ 3000 ᠳ᠋ᠦᠩᠰᠢᠭᠤᠷ ᠲᠦᠭᠦᠷᠢᠭ
    ᠳᠤᠮᠳᠠ ᠤᠷᠲᠤ ᠬᠤᠭᠤᠴᠠᠭ᠋ᠠᠨ᠎ᠤ ᠪᠡᠯᠡ ᠮᠥᠩᠭᠦ ᠵᠢ ᠵᠠᠬ᠎ᠠ ᠳᠡᠯᠭᠡᠭᠦᠷ᠎ᠲᠤ ᠣᠷᠤᠭᠤᠯᠬᠤ ᠵᠢ ᠶᠡᠭᠡ᠎ᠪᠠᠷ ᠬᠦᠲᠦᠯᠦᠨ ᠵᠢᠯᠤᠭᠤᠳᠤᠨ᠎ᠠ
   9 ᠳ᠋ᠦ᠍ᠭᠡᠷ ᠰᠠᠷ᠎ᠠ ᠵᠢᠨ 26᠎ᠤ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠬᠤᠷᠠᠯᠳᠤᠭ᠋ᠠᠨ ᠵᠶ᠋ᠠᠷ ᠬᠥᠷᠥᠩᠭᠡ ᠵᠢᠨ ᠵᠠᠬ᠎ᠠ ᠳᠡᠯᠭᠡᠭᠦᠷ᠎ᠢ ᠴᠢᠷᠮᠠᠶ᠋ᠢᠨ ᠬᠥᠭᠵᠢᠭᠡᠵᠦ᠂ ᠳᠤᠮᠳᠠ ᠤᠷᠳᠤ ᠬᠤᠭᠤᠴᠠᠭ᠋ᠠᠨ᠎ᠤ ᠪᠡᠯᠡ ᠮᠥᠩᠭᠦ ᠵᠢ ᠵᠠᠬ᠎ᠠ ᠳᠡᠯᠭᠡᠭᠦᠷ᠎ᠲᠤ ᠣᠷᠣᠭᠤᠯᠬᠤ ᠵᠢ ᠶᠡᠭᠡ᠎ᠪᠠᠷ ᠬᠦᠳᠦᠯᠦᠨ ᠵᠢᠯᠣᠭᠤᠳᠴᠤ᠂ ᠨᠡᠶ᠋ᠢᠭᠡᠮ᠎ᠤᠨ ᠪᠠᠲᠤᠯᠠᠭ᠎ᠠ᠂ ᠳᠠᠭ᠋ᠠᠳᠬᠠᠯ᠂ ᠡᠳ᠋᠎ᠤᠨ ᠶᠠᠪᠤᠳᠠᠯ᠎ᠢ ᠬᠠᠮᠢᠶᠠᠷᠬᠤ ᠵᠡᠷᠭᠡ ᠪᠡᠯᠡ ᠮᠥᠩᠭᠦ ᠵᠢᠨ ᠵᠠᠬ᠎ᠠ ᠳᠡᠯᠭᠡᠭᠦᠷ᠎ᠲᠤ ᠣᠷᠣᠬᠤ ᠲᠦᠭᠵᠢᠷᠡᠯ᠎ᠢ ᠨᠡᠪᠲᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ
    ᠲᠥᠪ᠎ᠤᠨ ᠮᠥᠩᠭᠦᠨ ᠭᠦᠢ᠍ᠯᠭᠡᠭᠡᠨ᠎ᠤ ᠠᠵᠢᠯ᠎ᠤᠨ ᠠᠯᠪᠠᠨ ᠭᠡᠷ᠎ᠨᠢ ᠳᠤᠮᠳᠠᠳᠤ ᠤᠯᠤᠰ᠎ᠤᠨ ᠦᠨᠡᠲᠦ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠡᠪᠯᠡᠯ᠎ᠯᠦᠭᠡ ᠬᠤᠯᠪᠣᠭ᠋ᠠᠯᠠᠨ 《ᠳᠤᠮᠳᠠ ᠤᠷᠲᠤ ᠬᠤᠭᠤᠴᠠᠭ᠋ᠠᠨ᠎ᠤ ᠪᠡᠯᠡ ᠮᠥᠩᠭᠦ ᠵᠢ ᠵᠠᠬ᠎ᠠ ᠳᠡᠯᠭᠡᠭᠦᠷ᠎ᠲᠤ ᠣᠷᠣᠭᠤᠯᠬᠤ ᠵᠢ ᠠᠬᠢᠭᠤᠯᠬᠤ ᠲᠤᠬᠠᠶ ᠵᠢᠯᠣᠭᠤᠳᠬᠤ ᠰᠠᠨᠠᠯ》᠎ᠢ ᠳᠠᠷᠤᠮᠠᠯᠯᠠᠨ ᠲᠠᠷᠬᠠᠭ᠋ᠠᠪᠠ
    ᠤᠷᠲᠤ ᠬᠤᠭᠤᠴᠠᠭ᠋ᠠᠨ᠎ᠤ ᠪᠡᠯᠡ ᠣᠷᠣᠭᠤᠯᠤᠯᠲᠠ ᠵᠢ ᠵᠣᠷᠢᠭᠵᠢᠭᠤᠯᠬᠤ ᠬᠥᠷᠥᠩᠭᠡ ᠵᠢᠨ ᠵᠠᠬ᠎ᠠ ᠳᠡᠯᠭᠡᠭᠦᠷ᠎ᠤᠨ ᠠᠮᠢ ᠠᠬᠤᠶ ᠵᠢ ᠪᠦᠲᠦᠭᠡᠨ ᠪᠠᠶ᠋ᠢᠭᠤᠯᠵᠤ ᠪᠤᠶ᠋ᠢᠵᠢᠭᠤᠯᠤᠨ᠎ᠠ
    ᠡᠷᠭᠡ ᠠᠰᠢᠭ᠎ᠤᠨ ᠲᠥᠷᠥᠯ᠎ᠤᠨ ᠢᠯᠡ᠎ᠪᠠᠷ ᠴᠤᠭᠯᠠᠭᠤᠯᠬᠤ ᠰᠠᠭᠤᠷᠢ ᠮᠥᠩᠭᠦ ᠵᠢ ᠶᠡᠭᠡ᠎ᠪᠠᠷ ᠬᠥᠭᠵᠢᠭᠦᠯᠵᠦ᠂ ᠬᠤᠪᠢ᠎ᠪᠠᠷ ᠵᠶ᠋ᠠᠨ ᠴᠤᠭᠯᠠᠭᠤᠯᠬᠤ ᠦᠨᠡᠲᠦ ᠲᠡᠮᠳᠡᠭᠲᠦ ᠵᠢᠨ ᠪᠡᠯᠡ ᠣᠷᠣᠭᠤᠯᠤᠯᠲᠠ ᠵᠢᠨ ᠰᠠᠭᠤᠷᠢ ᠮᠥᠩᠭᠦᠨ᠎ᠤ ᠲᠣᠭᠲᠠᠭᠤᠨ ᠵᠶ᠋ᠠᠷ ᠬᠥᠭᠵᠢᠬᠦ ᠵᠢ ᠳᠡᠮᠵᠢᠨ᠎ᠡ
    ᠡᠯ᠎ᠡ ᠲᠥᠷᠥᠯ᠎ᠤᠨ ᠳᠤᠮᠳᠠ ᠤᠷᠲᠤ ᠬᠤᠭᠤᠴᠠᠭ᠋ᠠᠨ᠎ᠤ ᠪᠡᠯᠡ ᠮᠥᠩᠭᠦᠨ᠎ᠤ ᠵᠠᠬ᠎ᠠ ᠳᠡᠯᠭᠡᠭᠦᠷ᠎ᠲᠤ ᠣᠷᠣᠬᠤ ᠢᠵᠢ ᠪᠦᠷᠢᠳᠦᠭᠰᠡᠨ ᠲᠥᠷᠥ ᠵᠢᠨ ᠪᠣᠳᠣᠯᠭ᠎ᠠ ᠵᠢᠨ ᠳᠦᠷᠢᠮ᠎ᠢ ᠬᠦᠴᠦᠯᠡᠨ ᠲᠡᠭᠦᠯᠳᠡᠷᠵᠢᠭᠦᠯᠦᠨ᠎ᠡ
    ᠵᠢᠵᠢᠭ ᠪᠢᠴᠢᠯ ᠠᠵᠤ ᠠᠬᠤᠶ᠋ᠢᠯᠠᠯ᠎ᠤᠨ ᠭᠠᠷᠳᠠᠮ᠎ᠤᠨ ᠰᠦᠢ᠍ᠳᠭᠡᠯ᠎ᠢ ᠪᠠᠭᠤᠷᠠᠭᠤᠯᠬᠤ ᠵᠢ ᠵᠤᠷᠢᠭᠵᠢᠭᠤᠯᠤᠨ᠎ᠠ
   9 ᠳ᠋ᠦ᠍ᠭᠡᠷ ᠰᠠᠷ᠎ᠠ ᠵᠢᠨ 29᠎ᠤ ᠡᠳᠦᠷ᠂ ᠳᠤᠮᠳᠠᠳᠤ ᠤᠯᠤᠰ᠎ᠤᠨ ᠲᠣᠭ᠋ᠠᠴᠠᠭ᠎ᠠ ᠬᠢᠬᠦ ᠢᠯᠭ᠋ᠠᠷᠠᠭᠤᠯᠤᠨ ᠪᠤᠳᠤᠬᠤ ᠨᠡᠶ᠋ᠢᠭᠡᠮᠯᠢᠭ᠂ ᠳᠤᠮᠳᠠᠳᠤ ᠤᠯᠤᠰ᠎ᠤᠨ ᠪᠠᠩᠬᠢ ᠵᠢᠨ ᠦᠢ᠍ᠯᠡᠰ᠎ᠤᠨ ᠨᠡᠶ᠋ᠢᠭᠡᠮᠯᠢᠭ 《ᠵᠢᠵᠢᠭ ᠪᠢᠴᠢᠯ ᠠᠵᠤ ᠠᠬᠤᠶ᠋ᠢᠯᠠᠯ᠎ᠤᠨ ᠲᠣᠭ᠋ᠠᠴᠠᠭ᠎ᠠ ᠬᠢᠬᠦ ᠭᠠᠷ ᠭᠦᠢ᠍ᠴᠡᠳᠬᠡᠯ᠎ᠤᠨ ᠰᠦᠢ᠍ᠳᠬᠡᠯ᠎ᠢ ᠪᠠᠭᠤᠷᠠᠭᠤᠯᠬᠤ ᠵᠢ ᠵᠣᠷᠢᠭᠵᠢᠭᠤᠯᠬᠤ ᠲᠤᠬᠠᠶ ᠰᠠᠨᠠᠭ᠋ᠠᠴᠢᠯᠠᠭ᠎ᠠ》 ᠵᠢ ᠨᠡᠶ᠋ᠢᠲᠡᠯᠡᠵᠦ᠂ ᠵᠢᠵᠢᠭ ᠪᠢᠴᠢᠯ ᠠᠵᠤ ᠠᠬᠤᠶ᠋ᠢᠯᠠᠯ᠎ᠤᠨ ᠲᠣᠭ᠋ᠠᠴᠠᠭ᠎ᠠ ᠬᠢᠬᠦ ᠭᠠᠷ ᠭᠦᠢ᠍ᠴᠡᠳᠬᠡᠯ᠎ᠤᠨ ᠵᠠᠷᠤᠳᠠᠯ᠎ᠢ ᠪᠠᠭᠤᠷᠠᠭᠤᠯᠬᠤ ᠵᠢ ᠵᠣᠷᠢᠭᠵᠢᠭᠤᠯᠪᠠ
   2000 ᠳ᠋ᠦᠩᠰᠢᠭᠤᠷ ᠲᠦᠭᠦᠷᠢᠭ᠎ᠤᠨ ᠵᠢᠭᠡᠯᠡᠯᠭᠡ ᠵᠢᠨ ᠪᠡᠯᠡ ᠮᠥᠩᠭᠦ ᠵᠢ ᠲᠤᠰᠬᠠᠶ᠋ᠢᠯᠠᠨ ᠨᠠᠮᠤᠷ᠎ᠤᠨ ᠠᠮᠤ ᠪᠤᠳᠠᠭ᠎ᠠ ᠬᠤᠳᠠᠯᠳᠤᠨ ᠠᠪᠬᠤ᠎ᠳᠤ ᠬᠡᠷᠡᠭᠯᠡᠭᠦᠯᠦᠨ᠎ᠡ
    ᠡᠨᠡ ᠵᠢᠯ᠎ᠤᠨ ᠨᠠᠮᠤᠷ᠎ᠤᠨ ᠠᠮᠤ ᠪᠤᠳᠠᠭ᠎ᠠ ᠬᠤᠳᠠᠯᠳᠤᠨ ᠠᠪᠬᠤ ᠵᠢ ᠪᠦᠬᠦ ᠬᠦᠴᠦ᠎ᠪᠠᠷ ᠪᠠᠲᠤᠯᠠᠬᠤ ᠵᠢᠨ ᠲᠥᠯᠥᠭᠡ᠂ ᠳᠤᠮᠳᠠᠳᠤ ᠤᠯᠤᠰ᠎ᠤᠨ ᠲᠠᠷᠢᠶᠠᠯᠠᠩ᠎ᠤᠨ ᠬᠥᠭᠵᠢᠭᠦᠯᠦᠯᠲᠡ ᠵᠢᠨ ᠪᠠᠩᠭᠢ ᠤᠷᠢᠳ ᠵᠶ᠋ᠠᠷ 2000 ᠳ᠋ᠦᠩᠰᠢᠭᠤᠷ ᠲᠦᠭᠦᠷᠢᠭ᠎ᠤᠨ ᠵᠢᠭᠡᠯᠡᠯᠭᠡ ᠵᠢᠨ ᠪᠡᠯᠡ ᠮᠦᠩᠭᠦ ᠵᠢ ᠲᠤᠰᠬᠠᠶ᠋ᠢᠯᠠᠨ ᠨᠠᠮᠤᠷ᠎ᠤᠨ ᠠᠮᠤ ᠪᠤᠳᠠᠭ᠎ᠠ ᠬᠤᠳᠠᠯᠳᠤᠨ ᠠᠪᠬᠤ᠎ᠳᠤ ᠬᠡᠷᠡᠭᠯᠡᠬᠦᠯᠬᠦ᠎ᠪᠠᠷ ᠳᠤᠬᠢᠷᠠᠭᠤᠯᠵᠤ᠂ ᠳᠠᠷᠠᠭ᠎ᠠ᠎ᠪᠠᠷ ᠬᠤᠳᠠᠯᠳᠤᠨ ᠠᠪᠬᠤ ᠬᠡᠷᠡᠭᠴᠡᠭᠡ ᠱᠠᠭ᠋ᠠᠷᠳᠠᠯᠭ᠎ᠠ᠎ᠪᠠᠨ ᠦᠨᠳᠦᠰᠦᠯᠡᠨ ᠴᠠᠭ ᠳᠤᠬᠠᠢ᠎ᠳᠤ᠎ᠨᠢ ᠪᠡᠯᠡ ᠮᠦᠩᠭᠦ ᠳᠤᠬᠢᠷᠠᠭᠤᠯᠵᠤ᠂ ᠳᠠᠷᠢᠶᠠᠴᠢᠳ᠎ᠤᠨ 《ᠠᠮᠤ ᠪᠤᠳᠠᠭ᠎ᠠ ᠵᠢ᠎ᠨᠢ ᠬᠤᠳᠠᠯᠳᠤᠵᠤ ᠭᠠᠷᠭ᠋ᠠᠬᠤ᠂ ᠵᠤᠭᠤᠰ᠎ᠢ᠎ᠨᠢ ᠭᠠᠷ᠎ᠲᠤ᠎ᠨᠢ ᠠᠳᠬᠤᠭᠤᠯᠬᠤ》 ᠵᠢ᠎ᠨᠢ ᠪᠠᠳᠤᠯᠠᠨ᠎ᠠ
    ᠳᠥᠷᠪᠡᠳᠦᠭᠡᠷ ᠤᠯᠠᠷᠢᠯ᠎ᠳᠤ ᠤᠯᠤᠰ᠎ᠠᠴᠠ ᠣᠨᠴᠠᠭ᠋ᠠᠶ᠋ᠢᠯᠠᠨ ᠬᠡᠷᠡᠭᠯᠡᠭᠦᠯᠬᠦ ᠣᠨᠴᠠ ᠤᠷᠲᠤ ᠬᠤᠭᠤᠴᠠᠭ᠋ᠠᠨ᠎ᠤ ᠵᠢᠭᠡᠯᠡᠯᠭᠡ ᠵᠢ 6 ᠬᠤᠪᠢ ᠦᠷᠭᠦᠯᠵᠢᠯᠡᠨ ᠲᠠᠷᠬᠠᠭ᠋ᠠᠬᠤ᠎ᠪᠠᠷ ᠲᠥᠯᠥᠪᠯᠡᠵᠦ ᠪᠠᠶ᠋ᠢᠨ᠎ᠠ
   9 ᠳ᠋ᠦ᠍ᠭᠡᠷ ᠰᠠᠷ᠎ᠠ ᠵᠢᠨ 30᠎ᠤ ᠡᠳᠦᠷ᠂ ᠡᠳ᠋᠎ᠤᠨ ᠵᠠᠰᠠᠭ᠎ᠤᠨ ᠶᠠᠮᠤᠨ 2024 ᠣᠨ᠎ᠤ ᠳᠥᠷᠪᠡᠳᠦᠭᠡᠷ ᠤᠯᠠᠷᠢᠯ᠎ᠤᠨ ᠤᠯᠤᠰ᠎ᠤᠨ ᠵᠢᠭᠡᠯᠡᠯᠭᠡ ᠵᠢ ᠲᠠᠷᠬᠠᠭ᠋ᠠᠬᠤ ᠬᠤᠯᠪᠣᠭᠳᠠᠯ ᠪᠥᠬᠦᠶ ᠲᠣᠬᠢᠷᠠᠭᠤᠯᠤᠯᠲᠠ ᠵᠢ ᠨᠡᠶ᠋ᠢᠲᠡᠯᠡᠵᠦ᠂ ᠳᠥᠷᠪᠡᠳᠦᠭᠡᠷ ᠤᠯᠠᠷᠢᠯ᠎ᠳᠤ ᠤᠯᠤᠰ᠎ᠠᠴᠠ ᠣᠨᠴᠠᠭ᠋ᠠᠶ᠋ᠢᠯᠠᠨ ᠬᠡᠷᠡᠭᠯᠡᠭᠦᠯᠬᠦ ᠣᠨᠴᠠ ᠣᠷᠳᠣ ᠬᠤᠭᠤᠴᠠᠭ᠋ᠠᠨ᠎ᠤ ᠵᠢᠭᠡᠯᠡᠯᠭᠡ ᠵᠢ 6 ᠬᠤᠪᠢ ᠦᠷᠭᠦᠯᠵᠢᠯᠡᠨ ᠲᠠᠷᠬᠠᠭ᠋ᠠᠬᠤ᠎ᠪᠠᠷ ᠲᠥᠯᠥᠪᠯᠡᠵᠦ ᠪᠠᠶ᠋ᠢᠨ᠎ᠠ
    ᠬᠢᠯᠢ᠎ᠠᠴᠠ ᠭᠠᠷᠬᠤ ᠠᠶᠠᠨᠴᠢᠳ ᠬᠤᠲᠠ ᠵᠢᠨ ᠳᠣᠲᠣᠷᠠᠬᠢ ᠭᠠᠶ᠋ᠢᠯᠢ ᠵᠢ ᠬᠡᠯᠲᠦᠷᠢᠭᠦᠯᠬᠦ ᠳᠡᠯᠭᠡᠭᠦᠷ᠎ᠠᠴᠠ ᠭᠠᠶ᠋ᠢᠯᠢ ᠵᠢ ᠬᠡᠯᠲᠦᠷᠢᠭᠦᠯᠦᠭᠰᠡᠨ ᠪᠠᠷᠠᠭ᠎ᠠ ᠬᠤᠳᠠᠯᠳᠤᠨ ᠠᠪᠬᠤ᠎ᠳᠤ ᠲᠣᠭᠲᠠᠭᠰᠠᠨ ᠲᠤᠭ᠎ᠠ ᠭᠡᠵᠦ ᠦᠭᠡᠢ
    ᠪᠤᠭᠤᠮᠲᠠ ᠵᠢᠨ ᠶᠡᠷᠦᠩᠭᠡᠢ ᠵᠠᠭᠢᠷᠭ᠎ᠠ ᠤᠷᠴᠢᠮᠬᠠᠨ 《ᠪᠦᠭᠦᠲᠡ ᠨᠠᠶ᠋ᠢᠷᠠᠮᠲᠠᠬᠤ ᠲᠤᠮᠲᠠᠲᠤ ᠠᠷᠠᠳ ᠤᠯᠤᠰ᠎ᠤᠨ ᠪᠣᠭᠤᠮᠲᠠ ᠬᠤᠲᠠ ᠵᠢᠨ ᠳᠣᠲᠣᠷᠠᠬᠢ ᠭᠠᠶ᠋ᠢᠯᠢ᠎ᠠᠴᠠ ᠬᠡᠯᠲᠤᠷᠢᠭᠦᠯᠭᠦ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠠᠷᠭ᠎ᠠ》 ᠵᠢ ᠨᠡᠶ᠋ᠢᠲᠡᠯᠡᠪᠡ᠃ ᠬᠢᠯᠢ᠎ᠠᠴᠠ ᠭᠠᠷᠬᠤ ᠠᠶᠠᠨᠴᠢᠳ ᠬᠤᠲᠠ ᠵᠢᠨ ᠳᠣᠲᠣᠷᠠᠬᠢ ᠭᠠᠶ᠋ᠢᠯᠢ ᠵᠢ ᠬᠡᠯᠲᠦᠷᠢᠭᠦᠯᠬᠦ ᠳᠡᠯᠭᠡᠭᠦᠷ᠎ᠠᠴᠠ ᠭᠠᠶ᠋ᠢᠯᠢ ᠵᠢ ᠬᠡᠯᠲᠦᠷᠢᠭᠦᠯᠦᠭᠰᠡᠨ ᠪᠠᠷᠠᠭ᠎ᠠ ᠬᠤᠳᠠᠯᠳᠤᠨ ᠠᠪᠬᠤ᠎ᠳᠤ᠎ᠨᠢ ᠪᠠᠷᠠᠭ᠎ᠠ ᠬᠤᠳᠠᠯᠳᠤᠨ ᠠᠪᠬᠤ ᠲᠣᠭᠲᠠᠭᠰᠠᠨ ᠲᠤᠭ᠎ᠠ ᠲᠣᠭᠲᠠᠭ᠋ᠠᠬᠤ ᠦᠭᠡᠢ᠂ ᠭᠡᠪᠡᠴᠦ ᠠᠶᠠᠨᠴᠢᠳ᠎ᠤᠨ ᠠᠪᠴᠤ ᠶᠠᠪᠤᠭ᠎ᠠ ᠡᠳ᠋ ᠪᠠᠷᠠᠭ᠎ᠠ᠎ᠨᠢ ᠬᠢᠯᠢ᠎ᠪᠠᠷ ᠣᠷᠣᠭᠤᠯᠵᠤ ᠭᠠᠷᠭ᠋ᠠᠬᠤ᠎ᠳᠤ ᠥᠪᠡᠷᠲᠡᠭᠡᠨ ᠬᠡᠷᠡᠭᠯᠡᠬᠦ᠂ ᠵᠦᠢ ᠵᠣᠬᠢᠰᠲᠠᠢ ᠲᠤᠭ᠎ᠠ᠎ᠪᠠᠷ ᠬᠢᠵᠠᠭ᠋ᠠᠷᠯᠠᠬᠤ ᠪᠣᠭᠤᠳᠠᠯ ᠪᠠᠭᠯᠠᠭ᠎ᠠ ᠵᠢᠨ ᠲᠣᠭᠲᠠᠭ᠋ᠠᠯ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠢ
    ᠪᠡᠭᠡᠵᠢᠩ
    ᠭᠡᠷ ᠪᠠᠶ᠋ᠢᠰᠢᠩ ᠭᠠᠵᠠᠷ ᠬᠦᠷᠦᠩᠭᠡ ᠵᠢᠨ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠲᠣᠬᠢᠷᠠᠭᠤᠯᠪᠠ
    ᠬᠤᠶᠠᠳᠤᠭ᠋ᠠᠷ ᠢᠵᠢ ᠭᠡᠷ ᠪᠠᠶ᠋ᠢᠰᠢᠩ᠎ᠤᠨ ᠬᠤᠳᠠᠯᠳᠤᠭ᠋ᠠᠨ᠎ᠤ ᠵᠢᠭᠡᠯᠡᠯᠭᠡ ᠵᠢᠨ ᠠᠩᠬ᠎ᠠ ᠲᠤᠰᠢᠶᠠᠬᠤ ᠮᠥᠩᠭᠦ ᠵᠢ ᠬᠠᠮᠤᠭ᠎ᠤᠨ ᠳᠣᠣᠷ᠎ᠠ᠎ᠳᠤ᠎ᠪᠠᠨ 20%᠎ᠠᠴᠠ ᠳᠣᠣᠷ᠎ᠠ ᠪᠠᠶ᠋ᠢᠯᠭ᠋ᠠᠬᠤ ᠦᠭᠡᠢ
    ᠪᠡᠭᠡᠵᠢᠩ᠎ᠠᠴᠠ ᠪᠤᠰᠤᠳ ᠡᠷᠦᠬᠡ ᠠᠮᠠ᠎ᠲᠠᠢ ᠬᠥᠮᠥᠨ ᠭᠡᠷ ᠪᠠᠶ᠋ᠢᠰᠢᠩ ᠬᠤᠳᠠᠯᠳᠤᠨ ᠠᠪᠬᠤ᠎ᠳᠤ ᠨᠡᠶ᠋ᠢᠭᠡᠮ᠎ᠤᠨ ᠪᠠᠲᠤᠯᠠᠭ᠎ᠠ ᠲᠤᠰᠢᠶᠠᠬᠤ ᠬᠤᠭᠤᠴᠠᠭ᠎ᠠ ᠵᠢ᠎ᠨᠢ ᠳᠣᠷᠣᠭᠰᠢᠯᠠᠭᠤᠯᠪᠠ
    ᠪᠡᠭᠡᠵᠢᠩ᠎ᠤᠨ ᠡᠷᠦᠬᠡ ᠠᠮᠠ᠎ᠲᠠᠢ ᠬᠤᠶᠠᠷ᠎ᠠᠴᠠ ᠳᠡᠭᠡᠭᠰᠢ ᠬᠡᠤᠬᠡᠳ᠎ᠲᠠᠢ ᠭᠡᠷ ᠪᠦᠯᠢ᠎ᠨᠢ ᠭᠡᠷ ᠪᠠᠶ᠋ᠢᠰᠢᠩ ᠬᠤᠳᠠᠯᠳᠤᠨ ᠠᠪᠬᠤ᠎ᠳᠤ᠂ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠦᠨ᠎ᠤ ᠵᠢᠭᠡᠯᠡᠯᠭᠡ ᠥᠭᠬᠦ ᠬᠡᠮᠵᠢᠶ᠎ᠡ ᠵᠢ 40 ᠲᠦᠮᠡᠨ ᠲᠦᠭᠦᠷᠢᠭ ᠥᠰᠬᠡᠪᠡ
   1000 ᠲᠦᠮᠡᠨ ᠲᠥᠭᠦᠷᠢᠭ᠎ᠤᠨ ᠺᠢᠨᠣ᠋ ᠦᠵᠡᠬᠦ ᠨᠥᠬᠦᠪᠥᠷᠢ ᠣᠯᠭᠤᠨ᠎ᠠ
    ᠪᠦᠬᠦ ᠬᠤᠲᠠ ᠵᠢᠨ 250 ᠭᠠᠷᠣᠢ ᠡᠵᠡᠩᠨᠡᠵᠦ ᠪᠠᠶ᠋ᠢᠭ᠎ᠠ ᠺᠢᠨᠣ᠋ ᠲᠢᠶᠠᠳ᠋ᠷ᠎ᠢ ᠬᠠᠮᠤᠷᠴᠤ᠂ 100 ᠲᠦᠮᠡ ᠰᠢᠬᠠᠮ ᠬᠦᠮᠦᠨ ᠣᠳᠠᠭ᠎ᠠ᠎ᠳᠤ ᠠᠰᠢᠭ ᠬᠦᠷᠳᠡᠭᠡᠬᠦ᠎ᠪᠠᠷ ᠵᠢᠱ᠌ᠢᠵᠦ ᠪᠣᠢ
    ᠱᠠᠩᠬᠠᠢ
    ᠭᠡᠷ ᠪᠠᠶ᠋ᠢᠰᠢᠩ ᠭᠠᠵᠠᠷ ᠬᠦᠷᠦᠩᠭᠡ ᠵᠢᠨ ᠵᠠᠬ᠎ᠠ ᠳᠡᠯᠭᠡᠭᠦᠷ᠎ᠤᠨ ᠲᠦᠷᠦ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠤᠯᠠᠮ ᠨᠢᠭᠡ ᠠᠯᠬᠤᠮ ᠰᠢᠯᠢᠳᠡᠭᠵᠢᠭᠦᠯᠪᠡ
    ᠱᠠᠩᠬᠠᠢ᠎ᠠᠴᠠ ᠪᠤᠰᠤᠳ ᠡᠷᠦᠬᠡ ᠠᠮᠠ᠎ᠲᠠᠢ ᠰᠠᠭᠤᠭ᠋ᠠᠯᠢ ᠠᠷᠠᠳ ᠭᠠᠳᠠᠷ ᠴᠠᠭ᠋ᠠᠷᠢᠭ᠎ᠠᠴᠠ ᠭᠠᠳᠠᠨᠠᠬᠢ ᠣᠷᠣᠨ ᠰᠠᠭᠤᠴᠠ ᠵᠢ ᠬᠤᠳᠠᠯᠳᠤᠨ ᠠᠪᠬᠤ᠎ᠳᠤ ᠬᠡᠷᠡᠭᠰᠡᠬᠦ ᠨᠡᠶ᠋ᠢᠭᠡᠮ᠎ᠤᠨ ᠪᠠᠲᠤᠯᠠᠭ᠎ᠠ ᠪᠤᠶᠤ ᠬᠤᠪᠢ ᠬᠥᠮᠦᠨ᠎ᠤ ᠣᠯᠵᠠᠪᠤᠷᠢ ᠵᠢᠨ ᠭᠠᠶ᠋ᠢᠯᠢ ᠵᠢᠨ ᠣᠨ᠎ᠤ ᠬᠢᠵᠠᠭ᠋ᠠᠷ᠎ᠢ᠎ᠨᠢ ᠪᠣᠭᠤᠨᠢᠰᠬᠠᠪᠠ
    ᠬᠤᠶᠠᠳᠤᠭ᠋ᠠᠷ ᠢᠵᠢ ᠤᠷᠤᠨ ᠰᠠᠭᠤᠴᠠ ᠵᠢᠨ ᠵᠢᠭᠡᠯᠡᠯᠭᠡ ᠵᠢᠨ ᠠᠩᠬ᠎ᠠ ᠲᠤᠰᠢᠶᠠᠬᠤ ᠵᠤᠭᠤᠰ᠎ᠤᠨ ᠬᠠᠷᠢᠴᠠᠯ᠎ᠢ 《25%᠎ᠠᠴᠠ ᠲᠤᠤᠷ᠎ᠠ ᠪᠠᠶ᠋ᠢᠯᠭ᠋ᠠᠬᠤ ᠦᠭᠡᠢ》 ᠭᠡᠵᠦ ᠲᠤᠬᠢᠷᠠᠭᠤᠯᠪᠠ
    ᠬᠤᠪᠢ ᠬᠦᠮᠦᠨ᠎ᠤ ᠭᠠᠳᠠᠭᠰᠢ ᠪᠣᠷᠤᠯᠠᠭᠤᠯᠤᠭᠰᠠᠨ ᠣᠷᠣᠨ ᠰᠠᠭᠤᠴᠠ ᠵᠢᠨ ᠥᠷᠲᠡᠭ ᠨᠡᠮᠡᠭᠳᠡᠯ᠎ᠤᠨ ᠭᠠᠶ᠋ᠢᠯᠢ ᠲᠠᠲᠠᠪᠤᠷᠢᠯᠠᠬᠤ ᠵᠢᠯ᠎ᠤᠨ ᠬᠢᠵᠠᠭ᠋ᠠᠷ᠎ᠢ 5 ᠵᠢᠯ ᠪᠠᠶ᠋ᠢᠭᠰᠠᠨ᠎ᠠᠴᠠ 2 ᠵᠢᠯ ᠪᠣᠯᠭ᠋ᠠᠨ ᠲᠣᠬᠢᠷᠠᠭᠤᠯᠪᠠ
    ᠲᠣᠰ ᠬᠤᠲᠠ ᠵᠢᠨ ᠮᠠᠰᠢᠨ ᠲᠡᠷᠭᠡᠨ᠎ᠤ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠢ᠎ᠨᠢ ᠬᠦᠴᠦᠯᠡᠨ ᠳᠡᠮᠵᠢᠨ᠎ᠡ
    ᠮᠠᠰᠢᠨ ᠲᠡᠷᠭᠡᠨ᠎ᠤ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠢ᠎ᠨᠢ ᠲᠠᠮᠵᠢᠵᠤ᠂ ᠬᠠᠮᠤᠭ᠎ᠤᠨ ᠥᠨᠳᠥᠷ᠎ᠲᠤ᠎ᠪᠠᠨ 2 ᠲᠦᠮᠡᠨ ᠲᠦᠭᠦᠷᠢᠭ᠎ᠤᠨ ᠨᠦᠬᠦᠪᠦᠷᠢ ᠣᠯᠭᠤᠨ᠎ᠠ
    ᠬᠥᠬᠡᠨᠠᠭᠤᠷ ᠮᠤᠵᠢ
    ᠡᠯ᠎ᠡ ᠬᠤᠲᠠ ᠵᠢᠨ ᠵᠠᠰᠠᠭ᠎ᠤᠨ ᠣᠷᠳᠣᠨ᠎ᠤ ᠭᠤᠣᠯ ᠴᠣᠭᠴᠠ ᠭᠡᠷ ᠪᠠᠶ᠋ᠢᠰᠢᠩ ᠬᠤᠳᠠᠯᠳᠤᠨ ᠠᠪᠬᠤ᠎ᠳᠤ ᠨᠦᠬᠦᠪᠦᠷᠢ ᠣᠯᠭᠤᠬᠤ ᠲᠦᠷᠦ ᠵᠢᠨ ᠪᠣᠳᠣᠯᠭ᠎ᠠ ᠳᠣᠭᠲᠠᠭ᠋ᠠᠬᠤ ᠵᠢ ᠵᠣᠷᠢᠭᠵᠢᠭᠤᠯᠵᠤ᠂ ᠰᠢᠨ᠎ᠡ᠎ᠪᠠᠷ ᠪᠠᠶ᠋ᠢᠭᠤᠯᠤᠭᠰᠠᠨ ᠲᠠᠸᠠᠷ᠎ᠤᠨ ᠣᠷᠣᠨ ᠰᠠᠭᠤᠴᠠ ᠬᠤᠳᠠᠯᠳᠤᠨ ᠠᠪᠬᠤ ᠭᠡᠷ ᠪᠦᠯᠢ᠎ᠳᠤ ᠨᠦᠬᠦᠪᠦᠷᠢ ᠣᠯᠭᠤᠨ᠎ᠠ
    ᠹᠦᠵᠢᠶᠠᠨ ᠮᠤᠵᠢ
    ᠡᠯ᠎ᠡ ᠬᠤᠲᠠ ᠵᠢᠨ ᠣᠷᠣᠨ ᠰᠠᠭᠤᠴᠠ ᠬᠤᠳᠠᠯᠳᠤᠨ ᠠᠪᠬᠤ ᠵᠢ ᠬᠢᠵᠠᠭ᠋ᠠᠷᠯᠠᠬᠤ᠂ ᠬᠤᠳᠠᠯᠳᠤᠬᠤ ᠵᠢ ᠬᠢᠵᠠᠭ᠋ᠠᠷᠯᠠᠬᠤ᠂ ᠦᠨ᠎ᠡ ᠵᠢ ᠬᠢᠵᠠᠭ᠋ᠠᠷᠯᠠᠬᠤ ᠵᠢ ᠴᠤᠴᠠᠯᠬᠤ ᠵᠢ ᠳᠡᠮᠵᠢᠵᠦ᠂ ᠨᠢᠭᠡᠨᠲᠡ ᠴᠤᠴᠠᠯᠤᠭᠰᠠᠨ᠎ᠢ᠎ᠨᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠴᠤᠴᠠᠯᠤᠭ᠋ᠠᠳᠤᠢ ᠵᠢ᠎ᠨᠢ ᠰᠢᠮᠳᠠᠭᠤᠯᠤᠨ ᠦᠨᠡᠯᠡᠨ᠎ᠡ
    ᠨᠥᠬᠦᠴᠡᠯ᠎ᠲᠠᠢ ᠬᠤᠲᠠ ᠵᠢᠨ ᠣᠷᠣᠨ ᠰᠠᠭᠤᠴᠠ ᠬᠤᠳᠠᠯᠳᠤᠨ ᠠᠪᠬᠤ ᠨᠥᠬᠦᠪᠥᠷᠢ ᠣᠯᠭᠤᠬᠤ ᠵᠢ᠎ᠨᠢ ᠳᠡᠮᠵᠢᠵᠦ᠂ ᠭᠡᠷ ᠪᠠᠶ᠋ᠢᠰᠢᠩ ᠭᠠᠵᠠᠷ ᠬᠥᠷᠥᠩᠭᠡ ᠵᠢᠨ ᠠᠵᠤ ᠠᠬᠤᠶ᠋ᠢᠯᠠᠯ᠎ᠤᠳ ᠪᠦᠯᠬᠦᠮ ᠵᠶ᠋ᠠᠷ ᠬᠤᠳᠠᠯᠳᠤᠨ ᠠᠪᠬᠤ᠎ᠳᠤ ᠬᠠᠷᠠᠭ᠋ᠠᠯᠵᠠᠯ ᠦᠵᠡᠭᠦᠯᠬᠦ ᠵᠢ᠎ᠨᠢ ᠵᠣᠷᠢᠭᠵᠢᠭᠤᠯᠤᠨ᠎ᠠ
    ᠰᠢᠶᠠᠮᠧᠨ
    ᠣᠷᠣᠨ ᠰᠠᠭᠤᠴᠠ ᠬᠤᠳᠠᠯᠳᠤᠬᠤ ᠵᠢᠨ ᠬᠢᠵᠠᠭ᠋ᠠᠷᠯᠠᠯ᠎ᠢ ᠪᠦᠬᠦ ᠲᠠᠯ᠎ᠠ᠎ᠪᠠᠷ ᠴᠤᠴᠠᠯᠪᠠ
    ᠣᠷᠣᠨ ᠰᠠᠭᠤᠴᠠ ᠵᠢᠨ ᠢᠵᠢ ᠲᠤᠭ᠎ᠠ ᠵᠢ ᠣᠷᠣᠨ ᠰᠠᠭᠤᠴᠠ ᠬᠤᠳᠠᠯᠳᠤᠨ ᠠᠪᠬᠤ᠎ᠪᠠᠷ ᠪᠠᠶ᠋ᠢᠭ᠎ᠠ ᠭᠠᠵᠠᠷ᠎ᠤᠨ ᠲᠣᠭᠤᠷᠢᠭ᠎ᠤᠨ ᠬᠡᠪᠴᠢᠶᠡᠨ᠎ᠳᠤ ᠦᠨᠡᠮᠰᠢᠨ᠎ᠡ
    ᠾᠧᠨᠠᠨ ᠮᠤᠵᠢ
    ᠬᠤᠳᠠᠯᠳᠤᠨ ᠠᠪᠬᠤ ᠬᠢᠵᠠᠭ᠋ᠠᠷᠯᠠᠯ᠎ᠢ ᠪᠥᠬᠦ ᠲᠠᠯ᠎ᠠ᠎ᠪᠠᠷ ᠴᠤᠴᠠᠯᠪᠠ
    ᠡᠯ᠎ᠡ ᠭᠠᠵᠠᠷ᠎ᠤᠨ᠎ᠬᠢᠨ ᠪᠡᠶ᠎ᠡ᠎ᠪᠠᠨ ᠳᠠᠭ᠋ᠠᠭ᠋ᠠᠵᠤ ᠨᠦᠬᠦᠪᠦᠷᠢ ᠣᠯᠭᠤᠬᠤ ᠠᠷᠭ᠎ᠠ ᠬᠡᠮᠵᠢᠶ᠎ᠡ ᠳᠣᠭᠲᠠᠭ᠋ᠠᠬᠤ ᠵᠢ᠎ᠨᠢ ᠵᠣᠷᠢᠭᠵᠢᠭᠤᠯᠵᠤ᠂ ᠬᠠᠭᠤᠴᠢᠨ ᠭᠡᠷ ᠪᠠᠶ᠋ᠢᠰᠢᠩ᠎ᠢ ᠵᠠᠰᠠᠵᠤ ᠴᠢᠮᠡᠬᠦ᠂ ᠲᠣᠭᠤᠭ᠋ᠠᠨ ᠭᠡᠷ ᠵᠣᠷᠯᠣᠩ ᠵᠡᠷᠭᠡ ᠬᠡᠰᠡᠭ ᠭᠠᠵᠠᠷ᠎ᠢ ᠥᠭᠡᠷᠡᠴᠢᠯᠡᠨ ᠵᠠᠰᠠᠬᠤ ᠪᠠ ᠨᠠᠰᠤᠵᠢᠯᠲᠠ᠎ᠳᠤ ᠲᠣᠬᠢᠷᠠᠭᠤᠯᠤᠨ ᠥᠭᠡᠷᠡᠴᠢᠯᠡᠨ ᠵᠠᠰᠠᠬᠤ ᠵᠡᠷᠭᠡ᠎ᠳᠤ ᠬᠡᠷᠡᠭᠰᠡᠬᠦ ᠡᠳ᠋ ᠪᠤᠳᠠᠰ ᠪᠣᠯᠣᠨ ᠮᠠᠲ᠋ᠧᠷᠢᠶᠠᠯ᠎ᠳᠤ ᠨᠦᠬᠦᠪᠦᠷᠢ ᠣᠯᠭᠤᠵᠤ᠂ ᠢᠵᠢ ᠪᠦᠷᠢ᠎ᠳᠤ ᠬᠠᠮᠤᠭ᠎ᠤᠨ ᠥᠨᠳᠥᠷ᠎ᠲᠤ᠎ᠪᠠᠨ 2 ᠲᠦᠮᠡᠨ ᠲᠥᠭᠦᠷᠢᠭ᠎ᠠᠴᠠ ᠬᠡᠲᠦᠷᠡᠭᠦᠯᠬᠦ ᠦᠭᠡᠢ
    ᠡᠯ᠎ᠡ ᠭᠠᠵᠠᠷ᠎ᠤᠨ᠎ᠬᠢᠨ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠯᠭ᠎ᠠ ᠵᠢᠨ ᠮᠥᠩᠭᠦᠨ᠎ᠤ ᠵᠢᠭᠡᠯᠡᠯᠭᠡ ᠵᠢᠨ ᠲᠤᠭ᠎ᠠ ᠵᠢᠨ ᠳᠡᠭᠡᠳᠦ ᠬᠢᠵᠠᠭ᠋ᠠᠷ᠎ᠢ ᠵᠦᠢ ᠵᠣᠬᠢᠰᠲᠠᠢ ᠳᠡᠭᠡᠭᠰᠢᠯᠡᠭᠦᠯᠬᠦ ᠵᠢ᠎ᠨᠢ ᠳᠡᠮᠵᠢᠵᠦ᠂ ᠣᠯᠠᠨ ᠬᠡᠦᠬᠡᠳ᠎ᠲᠠᠢ ᠭᠡᠷ ᠪᠦᠯᠢ᠂ ᠳᠡᠭᠡᠳᠦ ᠳᠡᠰ ᠳᠠᠪᠬᠤᠷᠭ᠎ᠠ ᠵᠢᠨ ᠴᠢᠳᠠᠪᠤᠷᠢᠲᠠᠨ᠎ᠢ ᠣᠷᠢᠨ ᠠᠪᠴᠢᠷᠠᠬᠤ ᠵᠡᠷᠭᠡ᠎ᠳᠤ 20%᠎ᠪᠠᠷ ᠵᠢᠭᠡᠯᠡᠯᠭᠡ ᠵᠢᠨ ᠲᠤᠭ᠎ᠠ ᠵᠢ᠎ᠨᠢ ᠳᠡᠭᠡᠭᠰᠢᠯᠡᠭᠦᠯᠵᠦ ᠪᠣᠯᠤᠨ᠎ᠠ
    ᠭᠤᠸᠠᠩᠳᠦ᠋ᠩ ᠮᠤᠵᠢ
    ᠭᠤᠸᠠᠩᠵᠸᠣ
    ᠪᠦᠬᠦ ᠬᠤᠲᠠ ᠵᠢᠨ ᠬᠡᠪᠴᠢᠶᠡᠨ᠎ᠳᠤ ᠣᠷᠣᠨ ᠰᠠᠭᠤᠴᠠ ᠬᠤᠳᠠᠯᠳᠤᠨ ᠠᠪᠬᠤ᠎ᠳᠤ ᠭᠡᠷ ᠪᠠᠶ᠋ᠢᠰᠢᠩ ᠬᠤᠳᠠᠯᠳᠤᠨ ᠠᠪᠬᠤ ᠬᠢᠷᠢ ᠬᠡᠮ᠎ᠢ᠎ᠨᠢ ᠳᠠᠬᠢᠵᠤ ᠬᠢᠨᠠᠨ ᠬᠠᠷᠭᠤᠭᠤᠯᠬᠤ ᠦᠭᠡᠢ ᠪᠣᠯᠵᠤ᠂ ᠭᠡᠷ ᠪᠠᠶ᠋ᠢᠰᠢᠩ ᠬᠤᠳᠠᠯᠳᠤᠨ ᠠᠪᠬᠤ ᠲᠤᠭ᠎ᠠ ᠵᠢ᠎ᠨᠢ ᠳᠠᠬᠢᠵᠤ ᠬᠢᠵᠠᠭ᠋ᠠᠷᠯᠠᠬᠤ ᠦᠭᠡᠢ ᠪᠣᠯᠪᠠ
    ᠱᠧᠨᠵᠧᠨ
    ᠲᠣᠭᠤᠷᠢᠭ ᠬᠤᠪᠢᠶᠠᠨ ᠣᠷᠣᠨ ᠰᠠᠭᠤᠴᠠ ᠬᠤᠳᠠᠯᠳᠤᠨ ᠠᠪᠬᠤ ᠵᠢ᠎ᠨᠢ ᠬᠢᠵᠠᠭ᠋ᠠᠷᠯᠠᠬᠤ ᠲᠥᠷᠥ ᠵᠢᠨ ᠪᠣᠳᠣᠯᠭ᠎ᠠ ᠵᠢ ᠰᠢᠯᠢᠳᠡᠭᠵᠢᠭᠦᠯᠪᠡ
    ᠲᠠᠸᠠᠷ᠎ᠤᠨ ᠣᠷᠣᠨ ᠰᠠᠭᠤᠴᠠ ᠪᠠ ᠬᠤᠳᠠᠯᠳᠤᠭ᠋ᠠᠨ᠎ᠤ ᠶᠠᠪᠤᠳᠠᠯ᠎ᠤᠨ ᠨᠡᠶ᠋ᠢᠲᠡ ᠵᠢᠨ ᠪᠠᠶ᠋ᠢᠷᠢ ᠵᠢᠨ ᠰᠢᠯᠵᠢᠭᠦᠯᠦᠨ ᠥᠭᠬᠦ ᠬᠢᠵᠠᠭ᠋ᠠᠷᠯᠠᠯ᠎ᠢ ᠴᠤᠴᠠᠯᠪᠠ
    ᠲᠠᠸᠠᠷ᠎ᠤᠨ ᠣᠷᠣᠨ ᠰᠠᠭᠤᠴᠠ ᠪᠠ ᠬᠤᠳᠠᠯᠳᠤᠭ᠋ᠠᠨ᠎ᠤ ᠶᠠᠪᠤᠳᠠᠯ᠎ᠤᠨ ᠨᠡᠶ᠋ᠢᠲᠡ ᠵᠢᠨ ᠪᠠᠶ᠋ᠢᠷᠢ ᠵᠢᠨ ᠦᠨ᠎ᠡ ᠬᠠᠩᠰᠢ ᠵᠢ ᠳᠠᠩᠰᠠᠯᠠᠬᠤ ᠴᠤᠪᠤᠷᠠᠯ᠎ᠢ ᠰᠢᠯᠢᠳᠡᠭᠵᠢᠭᠦᠯᠪᠡ
    ᠬᠤᠪᠢ ᠬᠦᠮᠦᠨ᠎ᠤ ᠣᠷᠣᠨ ᠰᠠᠭᠤᠴᠠ ᠵᠢᠨ ᠰᠢᠯᠵᠢᠭᠦᠯᠦᠨ ᠦᠭᠬᠦ ᠥᠷᠲᠡᠭ ᠨᠡᠮᠡᠭᠳᠡᠯ᠎ᠤᠨ ᠭᠠᠶ᠋ᠢᠯᠢ ᠵᠢᠨ ᠲᠠᠲᠠᠪᠤᠷᠢᠯᠠᠬᠤ᠎ᠠᠴᠠ ᠬᠡᠯᠲᠦᠷᠢᠭᠦᠯᠬᠦ ᠵᠢᠯ᠎ᠤᠨ ᠬᠢᠵᠠᠭ᠋ᠠᠷ᠎ᠢ 5 ᠵᠢᠯ ᠪᠠᠶ᠋ᠢᠭᠰᠠᠨ᠎ᠠᠴᠠ 2 ᠵᠢᠯ ᠪᠣᠯᠭ᠋ᠠᠨ ᠲᠣᠬᠢᠷᠠᠭᠤᠯᠪᠠ
    ᠹᠦᠸᠧ ᠱᠠᠨ
    ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠯᠭ᠎ᠠ ᠵᠢᠨ ᠮᠥᠩᠭᠦ ᠭᠠᠷᠭ᠋ᠠᠨ ᠠᠪᠴᠤ ᠣᠷᠣᠨ ᠰᠠᠭᠤᠴᠠ ᠬᠤᠳᠠᠯᠳᠤᠨ ᠠᠪᠬᠤ ᠠᠩᠬ᠎ᠠ ᠲᠤᠰᠢᠶᠠᠬᠤ ᠵᠣᠭᠤᠰ ᠲᠥᠯᠥᠬᠦ ᠵᠢ᠎ᠨᠢ ᠵᠥᠪᠰᠢᠶᠡᠷᠡᠨ᠎ᠡ
    ᠵᠢᠶᠠᠩᠰᠦ ᠮᠤᠵᠢ
    ᠨᠠᠨᠵᠢᠩ
   20 ᠳ᠋ᠦᠩᠰᠢᠭᠤᠷ ᠲᠦᠭᠦᠷᠢᠭ ᠣᠷᠴᠢᠮ᠎ᠤᠨ ᠡᠳ᠋᠎ᠤᠨ ᠵᠠᠰᠠᠭ᠎ᠤᠨ ᠪᠡᠯᠡ ᠮᠥᠩᠭᠦ ᠵᠢ ᠨᠡᠶ᠋ᠢᠳᠬᠡᠵᠦ ᠮᠠᠰᠢᠨ ᠲᠡᠷᠭᠡ᠂ ᠭᠡᠷ᠎ᠤᠨ ᠴᠠᠬᠢᠯᠭ᠋ᠠᠨ ᠬᠡᠷᠡᠭᠰᠡᠯ ᠵᠡᠷᠭᠡ 9 ᠲᠠᠯ᠎ᠠ ᠵᠢᠨ ᠬᠡᠷᠡᠭᠯᠡᠭᠡᠨ᠎ᠤ ᠵᠦᠢ᠍ᠯᠡᠰ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠢ᠎ᠨᠢ ᠳᠡᠮᠵᠢᠨ᠎ᠡ
    ᠡᠦ ᠰᠢ
    ᠪᠠᠶ᠋ᠢᠭ᠎ᠠ ᠲᠣᠭᠤᠷᠢᠭ ᠵᠶ᠋ᠠᠷ᠎ᠨᠢ ᠠᠩᠬᠠᠳᠠᠭᠴᠢ ᠢᠵᠢ ᠣᠷᠣᠨ ᠰᠠᠭᠤᠴᠠ ᠵᠢ᠎ᠨᠢ ᠦᠨᠡᠮᠰᠢᠨ᠎ᠡ
    ᠲᠤᠷᠰᠢᠯᠲᠠ ᠵᠢᠨ ᠴᠡᠭ᠎ᠨᠢ ᠬᠠᠮᠲᠤ᠎ᠪᠠᠷ ᠥᠮᠴᠢᠯᠡᠬᠦ ᠡᠷᠬᠡ ᠵᠢᠨ ᠬᠡᠯᠪᠡᠷᠢ᠎ᠪᠠᠷ ᠣᠨᠴᠠ ᠲᠣᠭᠲᠠᠭᠰᠠᠨ ᠬᠥᠮᠥᠰ᠎ᠲᠤ ᠲᠠᠸᠠᠷ᠎ᠤᠨ ᠣᠷᠣᠨ ᠰᠠᠭᠤᠴᠠ ᠬᠤᠳᠠᠯᠳᠤᠨ᠎ᠠ
    ᠬᠤᠪᠧᠢ ᠮᠤᠵᠢ
    ᠦᠬᠠᠨ
   10 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ 12 ᠳ᠋ᠤᠭ᠋ᠠᠷ ᠰᠠᠷ᠎ᠠ ᠵᠢᠨ 31᠎ᠤ ᠡᠳᠦᠷ ᠪᠣᠯᠲᠠᠯᠠᠬᠢ ᠬᠤᠭᠤᠴᠠᠭ᠋ᠠᠨ᠎ᠳᠤ ᠣᠷᠣᠨ ᠰᠠᠭᠤᠴᠠ ᠬᠤᠳᠠᠯᠳᠤᠨ ᠠᠪᠬᠤ ᠬᠠᠷᠠᠭ᠋ᠠᠯᠵᠠᠯ᠎ᠤᠨ ᠳᠡᠮᠵᠢᠯᠭᠡ ᠦᠵᠡᠭᠦᠯᠵᠦ᠂ ᠠᠩᠬᠠᠳᠠᠭᠴᠢ ᠢᠵᠢ ᠣᠷᠣᠨ ᠰᠠᠭᠤᠴᠠ᠎ᠳᠤ ᠣᠷᠣᠨ ᠰᠠᠭᠤᠴᠠ ᠬᠤᠳᠠᠯᠳᠤᠨ ᠠᠪᠬᠤ ᠭᠡᠷ᠎ᠡ ᠵᠢᠨ ᠭᠠᠶ᠋ᠢᠯᠢ ᠵᠢ ᠬᠠᠮᠤᠭ᠎ᠤᠨ ᠥᠨᠳᠥᠷ᠎ᠲᠤ᠎ᠪᠠᠨ ᠪᠥᠬᠦ ᠲᠤᠭ᠎ᠠ᠎ᠪᠠᠷ᠎ᠨᠢ ᠨᠥᠬᠦᠪᠦᠷᠢᠯᠡᠵᠦ ᠪᠣᠯᠣᠨ᠎ᠠ
    ᠡᠩ᠎ᠤᠨ ᠣᠷᠣᠨ ᠰᠠᠭᠤᠴᠠ ᠪᠣᠯᠤᠨ ᠡᠩ᠎ᠤᠨ ᠪᠤᠰᠤ ᠣᠷᠣᠨ ᠰᠠᠭᠤᠴᠠ ᠵᠢᠨ ᠪᠠᠷᠢᠮᠵᠢᠶ᠎ᠠ ᠵᠢ ᠪᠦᠬᠦ ᠲᠠᠯ᠎ᠠ᠎ᠪᠠᠷ ᠴᠤᠴᠠᠯᠪᠠ
    ᠨᠡᠭᠡᠭᠡᠨ ᠬᠦᠭᠵᠢᠬᠦᠯᠬᠦ ᠠᠵᠦ ᠠᠬᠤᠶ᠋ᠢᠯᠠᠯ᠎ᠤᠳ ᠢᠵᠢ ᠳᠣᠳᠣᠷᠡᠬᠢ ᠳᠡᠯᠡᠪᠡᠢ ᠪᠤᠶᠤ ᠢᠵᠢ᠎ᠪᠠᠷ ᠦᠨ᠎ᠠ ᠪᠤᠳᠣᠬᠤ ᠠᠷᠭ᠎ᠠ ᠮᠠᠶᠢᠭ᠎ᠢ ᠰᠣᠩᠭᠤᠵᠤ ᠳᠡᠸᠡᠷ᠎ᠤᠨ ᠣᠷᠣᠨ ᠰᠠᠭᠤᠴᠠ᠎ᠪᠠᠨ ᠪᠤᠷᠣᠯᠠᠭᠤᠯᠬᠤ ᠵᠢ᠎ᠨᠢ ᠵᠣᠷᠢᠠᠠᠵᠢᠭᠤᠯᠥᠨ᠎ᠠ
    ᠱᠠᠨᠳᠦ᠋ᠩ ᠮᠤᠵᠢ
    ᠵᠢᠨᠠᠨ
    ᠬᠤᠶᠠᠷ ᠵᠢᠴᠢ ᠲᠡᠭᠦᠨ᠎ᠠᠴᠠ ᠳᠡᠭᠡᠭᠰᠢᠬᠢ ᠬᠡᠦᠬᠡᠳ᠎ᠲᠠᠢ ᠭᠡᠷ ᠪᠦᠯᠢ᠎ᠨᠢ ᠵᠢᠨᠠᠨ ᠬᠤᠲᠠ᠎ᠠᠴᠠ ᠥᠪᠡᠰᠦᠪᠡᠨ ᠰᠠᠭᠤᠬᠤ ᠡᠩ᠎ᠤᠨ ᠣᠷᠣᠨ ᠰᠠᠭᠤᠴᠠ ᠬᠤᠳᠠᠯᠳᠤᠨ ᠠᠪᠬᠤ᠎ᠪᠠᠷ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠦᠨ᠎ᠤ ᠵᠢᠭᠡᠯᠡᠯᠭᠡ ᠭᠤᠶᠤᠴᠢᠯᠠᠭᠰᠠᠨ ᠪᠣᠯ᠂ ᠬᠠᠮᠤᠭ᠎ᠤᠨ ᠦᠨᠳᠦᠷ ᠵᠢᠭᠡᠯᠡᠯᠭᠡ ᠵᠢᠨ ᠲᠤᠭ᠎ᠠ ᠵᠢ ᠭᠡᠷ ᠪᠦᠯᠢ ᠵᠢᠨ ᠲᠤᠰ ᠬᠤᠭᠤᠴᠠᠭ᠋ᠠᠨ᠎ᠤ ᠬᠠᠮᠤᠭ᠎ᠤᠨ ᠦᠨᠳᠦᠷ ᠵᠢᠭᠡᠯᠡᠯᠭᠡ ᠵᠢᠨ ᠬᠢᠵᠠᠭ᠋ᠠᠷ ᠲᠤᠭ᠎ᠠ ᠵᠢ ᠦᠨᠳᠦᠰᠦᠯᠡᠨ 30%᠎ᠪᠠᠷ ᠦᠰᠭᠡᠨ᠎ᠡ
    ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠦᠨ᠎ᠤ ᠵᠢᠭᠡᠯᠡᠯᠭᠡ ᠬᠡᠷᠡᠭᠯᠡᠵᠦ ᠥᠩᠭᠡᠷᠡᠭᠰᠡᠨ ᠦᠭᠡᠢ ᠲᠤᠰᠢᠶᠠᠨ ᠬᠠᠳᠠᠭ᠋ᠠᠯᠠᠭᠤᠯᠬᠤ ᠠᠵᠢᠯᠲᠠᠨ ᠠᠵᠢᠯᠴᠢᠨ᠎ᠤ ᠭᠡᠷ ᠪᠦᠯᠢ᠎ᠨᠢ ᠬᠤᠶᠠᠳᠤᠭ᠋ᠠᠷ ᠢᠵᠢ ᠣᠷᠣᠨ ᠰᠠᠭᠤᠴᠠ ᠬᠤᠳᠠᠯᠳᠤᠨ ᠠᠪᠬᠤ᠎ᠪᠠᠷ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠦᠨ᠎ᠤ ᠵᠢᠭᠡᠯᠡᠯᠭᠡ ᠭᠤᠶᠤᠴᠢᠯᠠᠭᠰᠠᠨ ᠪᠣᠯ᠂ ᠠᠩᠬᠠᠳᠠᠭᠴᠢ ᠣᠷᠣᠨ ᠰᠠᠭᠤᠴᠠ᠎ᠪᠠᠷ ᠦᠨᠡᠮᠰᠢᠨ᠎ᠡ

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠰᠢᠯᠢᠳᠡᠭᠵᠢᠭᠦᠯᠬᠦ 40 ᠵᠤᠷᠪᠤᠰ ᠪᠣᠳᠠᠲᠠᠢ ᠠᠷᠭ᠎ᠠ ᠬᠡᠮᠵᠢᠶ᠎ᠡ ᠵᠢ ᠨᠡᠶ᠋ᠢᠲᠡᠯᠡᠪᠡ!
5 ᠲᠠᠯ᠎ᠠ ᠵᠢᠨ 20 ᠭᠤᠣᠯᠳᠠᠯᠭ᠎ᠠ᠎ᠲᠠᠢ ᠡᠭᠦᠷᠭᠡ! ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ ᠬᠠᠮᠤᠭ᠎ᠤᠨ ᠰᠢᠨ᠎ᠡ᠎ᠪᠠᠷ ᠳᠠᠷᠤᠮᠠᠯᠯᠠᠨ ᠲᠠᠷᠬᠠᠭ᠋ᠠᠪᠠ
ᠰᠤᠷᠭ᠋ᠠᠨ ᠬᠥᠮᠦᠵᠢᠯ᠎ᠤᠨ ᠲᠢᠩᠬᠢᠮ᠎ᠤᠨ ᠶᠡᠭᠡ ᠳᠤᠮᠳᠠᠳᠤ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠰᠤᠷᠭ᠋ᠠᠨ ᠬᠥᠮᠦᠵᠢᠯ᠎ᠢ ᠨᠢᠭᠡ ᠴᠣᠭᠴᠠᠵᠢᠭᠤᠯᠬᠤ ᠵᠢ ᠠᠬᠢᠭᠤᠯᠬᠤ ᠠᠵᠢᠯ ᠱᠠᠲᠤ ᠦᠶ᠎ᠡ ᠵᠢᠨ ᠴᠢᠨᠠᠷᠲᠠᠢ ᠦᠷ᠎ᠡ ᠪᠦᠲᠦᠮᠵᠢ ᠣᠯᠪᠠ
ᠴᠢᠨᠠᠷ ᠰᠠᠶ᠋ᠢᠲᠠᠢ ᠰᠣᠶᠣᠯ᠎ᠤᠨ ᠡᠬᠢ ᠪᠠᠶᠠᠯᠢᠭ᠎ᠢ ᠦᠨᠳᠦᠰᠦᠨ ᠱᠠᠲᠤᠨ᠎ᠳᠤ ᠰᠢᠭᠤᠳ ᠬᠦᠷᠭᠡᠬᠦ ᠲᠣᠭᠲᠠᠴᠠ ᠵᠢ ᠪᠠᠶ᠋ᠢᠭᠤᠯᠬᠤ ᠵᠢ ᠬᠡᠷᠬᠢᠨ ᠣᠶ᠋ᠢᠯᠠᠭ᠋ᠠᠬᠤ ᠪᠤᠢ
ᠪᠦᠭᠦᠳᠡ ᠬᠤᠷᠠᠯᠳᠤᠭ᠋ᠠᠨ᠎ᠤ 《ᠲᠣᠭᠲᠠᠭ᠋ᠠᠯ》᠎ᠳᠠᠬᠢ ᠡᠳᠡᠭᠡᠷ ᠨᠡᠷ᠎ᠡ ᠦᠭᠡᠰ᠎ᠢ ᠣᠶ᠋ᠢᠯᠠᠭ᠋ᠠᠶ᠎ᠠ (ᠶᠢᠰᠦ)
 
            