ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
5 ᠲᠠᠯ᠎ᠠ ᠵᠢᠨ 20 ᠭᠤᠣᠯᠳᠠᠯᠭ᠎ᠠ᠎ᠲᠠᠢ ᠡᠭᠦᠷᠭᠡ! ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ ᠬᠠᠮᠤᠭ᠎ᠤᠨ ᠰᠢᠨ᠎ᠡ᠎ᠪᠠᠷ ᠳᠠᠷᠤᠮᠠᠯᠯᠠᠨ ᠲᠠᠷᠬᠠᠭ᠋ᠠᠪᠠ
ᠨᠡᠶᠢᠲᠡᠯᠡᠭᠰᠡᠨ ᠴᠠᠭ᠄ 2024-09-04


    ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ ᠣᠶ᠋ᠢᠷ᠎ᠠ᠎ᠳᠤ 《ᠥᠨᠳᠥᠷ ᠬᠢᠷᠢ ᠲᠦᠪᠰᠢᠨ ᠪᠦᠬᠦᠢ ᠨᠡᠭᠡᠭᠡᠯᠲᠡ᠎ᠪᠠᠷ ᠦᠢ᠍ᠯᠡᠴᠢᠯᠡᠭᠡᠨ᠎ᠤ ᠠᠷᠠᠯᠵᠢᠶᠠᠨ᠎ᠤ ᠴᠢᠨᠠᠷ ᠰᠠᠶ᠋ᠢᠲᠠᠶ ᠬᠥᠭᠵᠢᠯᠲᠡ ᠵᠢ ᠲᠦᠯᠬᠢᠨ ᠠᠬᠢᠭᠤᠯᠬᠤ ᠲᠤᠬᠠᠶ ᠰᠠᠨᠠᠯ》 (ᠳᠣᠷᠣᠭᠰᠢ 《ᠰᠠᠨᠠᠯ》 ᠭᠡᠵᠦ ᠲᠣᠪᠴᠢᠯᠠᠪᠠ)᠎ᠢ ᠳᠠᠷᠤᠮᠠᠯᠯᠠᠨ ᠲᠠᠷᠬᠠᠭ᠋ᠠᠪᠠ᠃
   《ᠰᠠᠨᠠᠯ》᠎ᠳᠤ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠣᠯᠭ᠋ᠠᠵᠤ᠂ ᠨᠠᠮ᠎ᠤᠨ ᠬᠤᠷᠢᠳᠤᠭ᠋ᠠᠷ ᠶᠡᠭᠡ ᠬᠤᠷᠠᠯ ᠪᠣᠯᠣᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠬᠤᠶᠠᠳᠤᠭ᠋ᠠᠷ᠂ ᠭᠤᠷᠪᠠᠳᠤᠭ᠋ᠠᠷ ᠪᠦᠭᠦᠳᠡ ᠬᠤᠷᠠᠯᠳᠤᠭ᠋ᠠᠨ᠎ᠤ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠪᠦᠷᠢᠨ ᠪᠦᠲᠦᠨ ᠵᠥᠪ ᠣᠨᠣᠪᠴᠢᠲᠠᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠴᠢᠨᠠᠷ ᠰᠠᠶ᠋ᠢᠲᠠᠢ ᠬᠥᠭᠵᠢᠯᠲᠡ ᠵᠢ ᠬᠦᠴᠦᠯᠡᠨ ᠠᠬᠢᠭᠤᠯᠵᠤ᠂ ᠬᠥᠭᠵᠢᠯᠲᠡ ᠪᠣᠯᠣᠨ ᠠᠮᠤᠷ ᠲᠦᠪᠰᠢᠨ᠎ᠢ ᠨᠢᠭᠡᠳᠦᠯᠲᠡᠢ ᠲᠥᠯᠥᠪᠯᠡᠵᠦ᠂ ᠨᠡᠭᠡᠭᠡᠯᠲᠡ ᠬᠢᠬᠦ᠎ᠳᠤ ᠦᠢ᠍ᠯᠡᠴᠢᠯᠡᠬᠦ᠎ᠪᠠᠷ ᠪᠠᠭᠲᠠᠭ᠋ᠠᠮᠵᠢᠲᠠᠢ ᠬᠥᠭᠵᠢᠯᠲᠡ ᠵᠢ ᠲᠦᠯᠬᠢᠨ ᠠᠬᠢᠭᠤᠯᠵᠤ᠂ ᠦᠢ᠍ᠯᠡᠴᠢᠯᠡᠭᠡᠨ᠎ᠤ ᠬᠠᠮᠲᠤᠷᠠᠯᠴᠠᠭ᠎ᠠ᠎ᠪᠠᠷ ᠬᠤᠯᠪᠣᠯᠳᠤᠨ ᠨᠡᠪᠲᠡᠷᠡᠯᠴᠡᠬᠦ ᠵᠢ ᠠᠬᠢᠭᠤᠯᠵᠤ᠂ ᠦᠢ᠍ᠯᠡᠴᠢᠯᠡᠭᠡᠨ᠎ᠤ ᠰᠢᠨ᠎ᠡ ᠡᠭᠦᠳᠦᠯᠲᠡ᠎ᠪᠠᠷ ᠬᠥᠭᠵᠢᠯᠲᠡ ᠵᠢᠨ ᠬᠥᠳᠡᠯᠭᠡᠭᠴᠢ ᠬᠦᠴᠦᠨ᠎ᠢ ᠪᠤᠶ᠋ᠢᠵᠢᠭᠤᠯᠵᠤ᠂ ᠦᠢ᠍ᠯᠡᠴᠢᠯᠡᠭᠡ ᠵᠢ ᠬᠠᠮᠲᠤ᠎ᠳᠤ᠎ᠪᠠᠨ ᠬᠦᠷᠲᠡᠬᠦ᠎ᠪᠠᠷ ᠰᠠᠶ᠋ᠢᠨ ᠰᠠᠶ᠋ᠢᠬᠠᠨ ᠢᠷᠡᠭᠡᠳᠦᠢ᠎ᠪᠠᠨ ᠴᠣᠭᠴᠠᠯᠠᠨ ᠪᠠᠶ᠋ᠢᠭᠤᠯᠵᠤ᠂ ᠦᠢ᠍ᠯᠡᠴᠢᠯᠡᠭᠡᠨ᠎ᠤ ᠠᠷᠠᠯᠵᠢᠶᠠᠨ᠎ᠤ ᠲᠣᠭ᠋ᠠᠵᠢᠭᠤᠯᠤᠯᠲᠠ᠂ ᠣᠶᠤᠨᠴᠢᠯᠠᠯᠲᠠ᠂ ᠪᠣᠬᠢᠷᠳᠤᠯ ᠦᠭᠡᠶ᠋ᠢᠵᠢᠭᠦᠯᠬᠦ ᠠᠬᠢᠴᠠ ᠵᠢ ᠲᠦᠷᠭᠡᠳᠬᠡᠨ ᠠᠬᠢᠭᠤᠯᠵᠤ᠂ ᠦᠢ᠍ᠯᠡᠴᠢᠯᠡᠭᠡᠨ᠎ᠤ ᠠᠷᠠᠯᠵᠢᠶᠠᠨ᠎ᠤ ᠬᠡᠪᠴᠢᠶ᠎ᠡ ᠵᠢ ᠨᠡᠮᠡᠭᠳᠡᠭᠦᠯᠬᠦ᠂ ᠪᠦᠲᠦᠴᠡ ᠵᠢ ᠰᠢᠯᠢᠳᠡᠭᠵᠢᠭᠦᠯᠬᠦ᠂ ᠦᠷ᠎ᠡ ᠠᠰᠢᠭ᠎ᠢ ᠳᠡᠭᠡᠭᠰᠢᠯᠡᠭᠦᠯᠬᠦ᠂ ᠪᠣᠳᠠᠲᠤ ᠬᠦᠴᠦᠨ᠎ᠢ᠎ᠨᠢ ᠴᠢᠩᠭ᠋ᠠᠷᠠᠭᠤᠯᠬᠤ ᠵᠢ ᠠᠬᠢᠭᠤᠯᠵᠤ᠂ ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠦ ᠠᠵᠤ ᠠᠬᠤᠢ ᠵᠢᠨ ᠰᠢᠨ᠎ᠡ ᠪᠠᠶ᠋ᠢᠭᠤᠯᠤᠯ᠎ᠢ ᠪᠠᠶ᠋ᠢᠭᠤᠯᠬᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢ ᠯᠠᠪᠳᠠᠭᠤᠨ ᠪᠠᠲᠤᠲᠠᠢ ᠠᠬᠢᠭᠤᠯᠬᠤ᠎ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠦ ᠳᠤᠷᠠᠳᠴᠠᠢ᠃
   《ᠰᠠᠨᠠᠯ》᠎ᠳᠤ 5 ᠲᠠᠯ᠎ᠠ ᠵᠢᠨ 20 ᠭᠤᠣᠯᠳᠠᠯᠭ᠎ᠠ᠎ᠲᠠᠢ ᠡᠭᠦᠷᠭᠡ ᠵᠢ ᠳᠤᠷᠠᠳᠪᠠ᠃
    ᠨᠢᠭᠡ᠎ᠳᠤ᠂ ᠦᠢ᠍ᠯᠡᠴᠢᠯᠡᠭᠡᠨ᠎ᠤ ᠠᠷᠠᠯᠵᠢᠶᠠᠨ᠎ᠤ ᠳᠦᠷᠢᠮᠵᠢᠭᠰᠡᠨ ᠨᠡᠭᠡᠭᠡᠯᠲᠡ ᠵᠢ ᠠᠬᠢᠭᠤᠯᠵᠤ᠂ ᠬᠢᠯᠢ ᠠᠯᠤᠰᠯᠠᠭᠰᠠᠨ ᠦᠢ᠍ᠯᠡᠴᠢᠯᠡᠭᠡᠨ᠎ᠤ ᠠᠷᠠᠯᠵᠢᠶᠠᠨ᠎ᠤ ᠰᠥᠷᠭᠡᠬᠦ ᠲᠠᠯ᠎ᠠ ᠵᠢᠨ ᠨᠠᠷᠢᠨ ᠲᠠᠩᠰᠠ ᠵᠢᠨ ᠬᠠᠮᠢᠶᠠᠷᠤᠯᠲᠠ ᠵᠢᠨ ᠲᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠭᠠᠳᠠᠭ᠋ᠠᠳᠤ ᠨᠡᠭᠡᠭᠡᠯᠲᠡ ᠵᠢᠨ ᠲᠠᠪᠴᠠᠩ᠎ᠤᠨ ᠬᠦᠳᠦᠯᠦᠨ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠵᠤ᠂ ᠲᠦᠷᠢᠮ᠎ᠤᠨ ᠵᠣᠯᠭ᠋ᠠᠯᠴᠠᠭ᠎ᠠ ᠪᠠ ᠲᠦᠷᠢᠮ ᠲᠣᠭᠲᠠᠭ᠋ᠠᠯ᠎ᠤᠨ ᠵᠣᠬᠢᠴᠠᠭᠤᠯᠭ᠎ᠠ ᠵᠢ ᠴᠢᠩᠭ᠋ᠠᠳᠬᠠᠵᠤ᠂ ᠦᠢ᠍ᠯᠡᠴᠢᠯᠡᠭᠡᠨ᠎ᠤ ᠠᠷᠠᠯᠵᠢᠶᠠᠨ᠎ᠤ ᠪᠠᠷᠢᠮᠵᠢᠶᠠᠵᠢᠭᠤᠯᠤᠯᠲᠠ ᠵᠢᠨ ᠲᠦᠪᠰᠢᠨ᠎ᠢ ᠳᠡᠭᠡᠭᠰᠢᠯᠡᠭᠦᠯᠦᠨ᠎ᠡ᠃
    ᠬᠤᠶᠠᠷ᠎ᠲᠤ᠂ ᠡᠬᠢ ᠪᠠᠶᠠᠯᠢᠭ᠎ᠤᠨ ᠬᠦᠴᠦᠨ ᠵᠦᠢ᠍ᠯ᠎ᠤᠨ ᠬᠢᠯᠢ ᠠᠯᠤᠰᠯᠠᠨ ᠰᠢᠯᠵᠢᠬᠦ ᠵᠢ ᠠᠬᠢᠭᠤᠯᠵᠤ᠂ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠤ ᠬᠢᠯᠢ ᠠᠯᠤᠰᠯᠠᠨ ᠰᠢᠯᠵᠢᠬᠦ᠎ᠳᠤ ᠳᠥᠭᠦᠮᠯᠡᠵᠦ᠂ ᠬᠢᠯᠢ ᠠᠯᠤᠰᠯᠠᠭᠰᠠᠨ ᠪᠡᠯᠡ ᠮᠥᠩᠭᠦᠨ᠎ᠤ ᠭᠦᠢ᠍ᠯᠭᠡᠭᠡᠨ᠎ᠤ ᠬᠠᠮᠢᠶᠠᠷᠤᠯᠲᠠ ᠵᠢ ᠰᠢᠯᠢᠳᠡᠭᠵᠢᠭᠦᠯᠵᠦ᠂ ᠮᠡᠷᠭᠡᠵᠢᠯ᠎ᠤᠨ ᠦᠷ᠎ᠡ ᠪᠦᠲᠦᠭᠡᠯ᠎ᠤᠨ ᠠᠷᠠᠯᠵᠢᠶᠠᠯᠠᠬᠤ ᠪᠠ ᠬᠡᠷᠡᠭᠯᠡᠬᠦ ᠵᠢ ᠠᠬᠢᠭᠤᠯᠵᠤ᠂ ᠳ᠋ᠠᠶ᠋ᠢᠲ᠋ᠠ ᠵᠢᠨ ᠬᠢᠯᠢ ᠠᠯᠤᠰᠯᠠᠭᠰᠠᠨ ᠥᠨᠳᠥᠷ ᠪᠦᠲᠦᠮᠵᠢᠲᠡᠢ ᠳᠥᠭᠦᠮ ᠳᠥᠲᠡ ᠠᠮᠤᠷ ᠲᠦᠪᠰᠢᠨ ᠰᠢᠯᠵᠢᠯᠲᠡ ᠵᠢ ᠠᠬᠢᠭᠤᠯᠤᠨ᠎ᠠ᠃
    ᠭᠤᠷᠪᠠ᠎ᠳᠤ᠂ ᠭᠤᠣᠯᠳᠠᠯᠭ᠎ᠠ᠎ᠲᠠᠢ ᠬᠦᠷᠢᠶᠡᠨ᠎ᠳᠠᠬᠢ ᠰᠢᠨ᠎ᠡ ᠵᠢ ᠡᠭᠦᠳᠬᠦ ᠬᠥᠭᠵᠢᠯᠲᠡ ᠵᠢ ᠠᠬᠢᠭᠤᠯᠵᠤ᠂ ᠤᠯᠠᠨ ᠤᠯᠤᠰ᠎ᠤᠨ ᠲᠡᠭᠡᠭᠡᠪᠦᠷᠢ ᠵᠢᠨ ᠦᠢ᠍ᠯᠡᠴᠢᠯᠡᠭᠡᠨ᠎ᠤ ᠴᠢᠳᠠᠪᠤᠷᠢ ᠵᠢ ᠴᠢᠩᠭ᠋ᠠᠳᠬᠠᠵᠤ᠂ ᠵᠢᠭᠤᠯᠴᠢᠯᠠᠯ᠎ᠤᠨ ᠦᠢ᠍ᠯᠡᠴᠢᠯᠡᠭᠡᠨ᠎ᠤ ᠤᠯᠠᠨ ᠤᠯᠤᠰ᠎ᠤᠨ ᠥᠷᠢᠰᠥᠯᠳᠦᠬᠦ ᠬᠦᠴᠦᠨ᠎ᠢ ᠳᠡᠭᠡᠭᠰᠢᠯᠡᠭᠦᠯᠵᠦ᠂ ᠮᠥᠩᠭᠦᠨ ᠭᠦᠢ᠍ᠯᠭᠡᠭᠡ᠂ ᠵᠥᠪᠯᠡᠯᠭᠡ ᠥᠭᠬᠦ᠂ ᠵᠢᠷᠤᠵᠤ ᠲᠥᠯᠥᠪᠯᠡᠬᠦ᠂ ᠭᠡᠷᠡᠴᠢᠯᠡᠨ ᠮᠡᠳᠡᠷᠡᠬᠦ ᠵᠡᠷᠭᠡ ᠲᠤᠰᠬᠠᠢ ᠮᠡᠷᠭᠡᠵᠢᠯ᠎ᠤᠨ ᠦᠢ᠍ᠯᠡᠴᠢᠯᠡᠭᠡᠨ᠎ᠤ ᠳᠡᠯᠡᠬᠡᠶ᠋ᠢᠵᠢᠯᠲᠡ ᠵᠢᠨ ᠬᠥᠭᠵᠢᠯᠲᠡ ᠵᠢ ᠳᠡᠮᠵᠢᠵᠦ᠂ ᠤᠯᠠᠮᠵᠢᠯᠠᠯᠲᠤ ᠳᠠᠪᠠᠭᠤᠯᠢᠭ ᠦᠢ᠍ᠯᠡᠴᠢᠯᠡᠭᠡᠨ᠎ᠤ ᠭᠠᠳᠠᠭ᠋ᠠᠳᠤ ᠭᠠᠷᠭ᠋ᠠᠯᠲᠠ ᠵᠢ ᠵᠣᠷᠢᠭᠵᠢᠭᠤᠯᠵᠤ᠂ ᠦᠢ᠍ᠯᠡᠴᠢᠯᠡᠭᠡᠨ᠎ᠤ ᠠᠷᠠᠯᠵᠢᠶ᠎ᠠ ᠵᠢ ᠪᠠᠷᠠᠭ᠋ᠠᠨ᠎ᠤ ᠠᠷᠠᠯᠵᠢᠶ᠎ᠠ᠎ᠯᠤᠭ᠎ᠠ ᠠᠭᠤᠰᠤᠯᠴᠠᠭᠤᠯᠤᠨ ᠬᠥᠭᠵᠢᠭᠦᠯᠬᠦ ᠵᠢ ᠠᠬᠢᠭᠤᠯᠵᠤ᠂ ᠴᠢᠨᠠᠷ ᠰᠠᠶ᠋ᠢᠲᠠᠢ ᠦᠢ᠍ᠯᠡᠴᠢᠯᠡᠭᠡ ᠵᠢ ᠭᠠᠳᠠᠭ᠋ᠠᠳᠤ᠎ᠠᠴᠠ ᠣᠷᠣᠭᠤᠯᠬᠤ᠎ᠪᠠᠨ ᠥᠷᠭᠡᠳᠬᠡᠵᠦ᠂ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ᠎ᠳᠤ ᠬᠦᠴᠦᠨ ᠨᠡᠮᠡᠷᠢᠯᠡᠨ᠎ᠡ᠃
    ᠳᠥᠷᠪᠡ᠎ᠳᠤ᠂ ᠣᠯᠠᠨ ᠤᠯᠤᠰ᠎ᠤᠨ ᠵᠠᠬ᠎ᠠ ᠳᠡᠯᠭᠡᠭᠦᠷ᠎ᠤᠨ ᠪᠠᠶ᠋ᠢᠷᠢᠰᠢᠭᠤᠯᠤᠯᠲᠠ ᠵᠢ ᠥᠷᠭᠡᠳᠬᠡᠨ᠂ ᠦᠢ᠍ᠯᠡᠴᠢᠯᠡᠭᠡᠨ᠎ᠤ ᠠᠷᠠᠯᠵᠢᠶᠠᠨ᠎ᠤ ᠣᠯᠠᠨ ᠤᠯᠤᠰ᠎ᠤᠨ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠵᠦ᠂ ᠦᠢ᠍ᠯᠡᠴᠢᠯᠡᠭᠡᠨ᠎ᠤ ᠠᠷᠠᠯᠵᠢᠶ᠎ᠠ ᠵᠢ ᠠᠬᠢᠭᠤᠯᠬᠤ ᠲᠣᠭᠲᠠᠯᠴᠠᠭ᠎ᠠ ᠵᠢ ᠪᠠᠶ᠋ᠢᠭᠤᠯᠤᠨ ᠲᠡᠭᠦᠯᠳᠡᠷᠵᠢᠭᠦᠯᠦᠨ᠎ᠡ᠃
    ᠲᠠᠪᠤ᠎ᠳᠤ᠂ ᠲᠤᠯᠭ᠋ᠠᠭᠤᠷᠢᠯᠠᠬᠤ ᠲᠣᠭᠲᠠᠯᠴᠠᠭ᠎ᠠ ᠵᠢ ᠲᠡᠭᠦᠯᠳᠡᠷᠵᠢᠭᠦᠯᠵᠦ᠂ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ᠎ᠳᠤ ᠰᠢᠨ᠎ᠡ ᠵᠢ ᠡᠭᠦᠳᠬᠦ ᠵᠢ ᠳᠡᠮᠵᠢᠵᠦ᠂ ᠦᠢ᠍ᠯᠡᠴᠢᠯᠡᠭᠡᠨ᠎ᠤ ᠠᠷᠠᠯᠵᠢᠶᠠᠨ᠎ᠤ ᠲᠤᠭ᠎ᠠ ᠪᠦᠷᠢᠳᠬᠡᠯ ᠬᠢᠨᠠᠨ ᠰᠢᠨᠵᠢᠯᠲᠡ ᠵᠢᠨ ᠬᠢᠷᠢ ᠲᠦᠪᠰᠢᠨ᠎ᠢ ᠳᠡᠭᠡᠭᠰᠢᠯᠡᠭᠦᠯᠦᠨ᠂ ᠦᠢ᠍ᠯᠡᠴᠢᠯᠡᠭᠡᠨ᠎ᠤ ᠠᠷᠠᠯᠵᠢᠶᠠᠨ᠎ᠤ ᠣᠷᠣᠨ ᠪᠦᠰᠡ ᠵᠢᠨ ᠬᠠᠮᠲᠤᠷᠠᠯᠴᠠᠭ᠎ᠠ ᠵᠢ ᠴᠢᠩᠭ᠋ᠠᠳᠬᠠᠨ᠎ᠠ᠃
   《ᠰᠠᠨᠠᠯ》᠎ᠳᠤ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠳ ᠦᠢ᠍ᠯᠡᠴᠢᠯᠡᠭᠡᠨ᠎ᠤ ᠠᠷᠠᠯᠵᠢᠶ᠎ᠠ ᠵᠢ ᠶᠡᠭᠡ᠎ᠪᠠᠷ ᠬᠥᠭᠵᠢᠭᠦᠯᠬᠦ ᠵᠢᠨ ᠴᠢᠬᠤᠯᠠ ᠠᠴᠢ ᠬᠤᠯᠪᠣᠭᠳᠠᠯ᠎ᠢ ᠭᠦᠢ᠍ᠴᠡᠳ ᠲᠠᠨᠢᠵᠤ᠂ ᠨᠡᠭᠡᠭᠡᠯᠲᠡ ᠬᠢᠬᠦ ᠵᠢ ᠥᠷᠭᠡᠳᠬᠡᠬᠦ ᠪᠠ ᠰᠢᠨ᠎ᠡ ᠡᠭᠦᠳᠦᠯᠲᠡ ᠵᠢᠨ ᠬᠥᠳᠡᠯᠭᠡᠭᠦᠷ᠎ᠲᠤ ᠲᠦᠰᠢᠭᠯᠡᠨ ᠦᠢ᠍ᠯᠡᠴᠢᠯᠡᠭᠡᠨ᠎ᠤ ᠠᠷᠠᠯᠵᠢᠶᠠᠨ᠎ᠤ ᠬᠥᠭᠵᠢᠯᠲᠡ ᠵᠢᠨ ᠰᠢᠨ᠎ᠡ ᠬᠥᠳᠡᠯᠭᠡᠭᠴᠢ ᠬᠦᠴᠦᠨ᠎ᠢ ᠬᠥᠭᠵᠢᠭᠡᠵᠦ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠰᠠᠶ᠋ᠢᠲᠤᠷ ᠠᠳᠬᠤᠵᠤ᠂ ᠨᠡᠭᠡᠭᠡᠯᠲᠡ ᠬᠢᠬᠦ ᠵᠢ ᠥᠷᠭᠡᠳᠬᠡᠬᠦ᠂ ᠰᠢᠨ᠎ᠡ ᠡᠭᠦᠳᠦᠯᠲᠡ ᠵᠢ ᠵᠣᠷᠢᠭᠵᠢᠭᠤᠯᠬᠤ᠂ ᠡᠷᠬᠡ ᠲᠡᠭᠰᠢ ᠥᠷᠢᠰᠦᠯᠳᠦᠬᠦ᠂ ᠵᠢᠷᠤᠮᠵᠢᠭᠤᠨ ᠡᠮᠬᠢ ᠵᠢᠷᠤᠮ᠎ᠲᠠᠢ ᠦᠢ᠍ᠯᠡᠴᠢᠯᠡᠭᠡᠨ᠎ᠤ ᠠᠷᠠᠯᠵᠢᠶᠠᠨ᠎ᠤ ᠬᠥᠭᠵᠢᠯᠲᠡ ᠵᠢᠨ ᠣᠷᠴᠢᠨ ᠨᠥᠬᠦᠴᠡᠯ᠎ᠢ ᠢᠳᠡᠪᠬᠢᠲᠡᠢ᠎ᠪᠠᠷ ᠡᠭᠦᠳᠬᠦ ᠬᠡᠷᠡᠭᠲᠡᠢ ᠭᠡᠵᠦ ᠱᠠᠭ᠋ᠠᠷᠳᠠᠪᠠ᠃
 

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠰᠤᠷᠭ᠋ᠠᠨ ᠬᠥᠮᠦᠵᠢᠯ᠎ᠤᠨ ᠲᠢᠩᠬᠢᠮ᠎ᠤᠨ ᠶᠡᠭᠡ ᠳᠤᠮᠳᠠᠳᠤ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠰᠤᠷᠭ᠋ᠠᠨ ᠬᠥᠮᠦᠵᠢᠯ᠎ᠢ ᠨᠢᠭᠡ ᠴᠣᠭᠴᠠᠵᠢᠭᠤᠯᠬᠤ ᠵᠢ ᠠᠬᠢᠭᠤᠯᠬᠤ ᠠᠵᠢᠯ ᠱᠠᠲᠤ ᠦᠶ᠎ᠡ ᠵᠢᠨ ᠴᠢᠨᠠᠷᠲᠠᠢ ᠦᠷ᠎ᠡ ᠪᠦᠲᠦᠮᠵᠢ ᠣᠯᠪᠠ
ᠴᠢᠨᠠᠷ ᠰᠠᠶ᠋ᠢᠲᠠᠢ ᠰᠣᠶᠣᠯ᠎ᠤᠨ ᠡᠬᠢ ᠪᠠᠶᠠᠯᠢᠭ᠎ᠢ ᠦᠨᠳᠦᠰᠦᠨ ᠱᠠᠲᠤᠨ᠎ᠳᠤ ᠰᠢᠭᠤᠳ ᠬᠦᠷᠭᠡᠬᠦ ᠲᠣᠭᠲᠠᠴᠠ ᠵᠢ ᠪᠠᠶ᠋ᠢᠭᠤᠯᠬᠤ ᠵᠢ ᠬᠡᠷᠬᠢᠨ ᠣᠶ᠋ᠢᠯᠠᠭ᠋ᠠᠬᠤ ᠪᠤᠢ
ᠪᠦᠭᠦᠳᠡ ᠬᠤᠷᠠᠯᠳᠤᠭ᠋ᠠᠨ᠎ᠤ 《ᠲᠣᠭᠲᠠᠭ᠋ᠠᠯ》᠎ᠳᠠᠬᠢ ᠡᠳᠡᠭᠡᠷ ᠨᠡᠷ᠎ᠡ ᠦᠭᠡᠰ᠎ᠢ ᠣᠶ᠋ᠢᠯᠠᠭ᠋ᠠᠶ᠎ᠠ (ᠶᠢᠰᠦ)
ᠪᠦᠭᠦᠳᠡ ᠬᠤᠷᠠᠯᠳᠤᠭ᠋ᠠᠨ᠎ᠤ 《ᠲᠣᠭᠲᠠᠭ᠋ᠠᠯ》᠎ᠳᠠᠬᠢ ᠡᠳᠡᠭᠡᠷ ᠨᠡᠷ᠎ᠡ ᠦᠭᠡᠰ᠎ᠢ ᠣᠶ᠋ᠢᠯᠠᠭ᠋ᠠᠶ᠎ᠠ (ᠨᠠᠢ᠍ᠮᠠ)
ᠪᠥᠬᠦᠳᠡ ᠬᠤᠷᠠᠯᠳᠤᠭ᠋ᠠᠨ᠎ᠤ 《ᠲᠣᠭᠲᠠᠭ᠋ᠠᠯ》᠎ᠳᠠᠬᠢ ᠡᠳᠡᠭᠡᠷ ᠨᠡᠷ᠎ᠡ ᠦᠭᠡᠰ᠎ᠢ ᠣᠶ᠋ᠢᠯᠠᠭ᠋ᠠᠶ᠎ᠠ (ᠳᠣᠯᠤᠭ᠎ᠠ)
 
            