ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠰᠢᠯᠢᠳᠡᠭᠵᠢᠭᠦᠯᠬᠦ 40 ᠵᠤᠷᠪᠤᠰ ᠪᠣᠳᠠᠲᠠᠢ ᠠᠷᠭ᠎ᠠ ᠬᠡᠮᠵᠢᠶ᠎ᠡ ᠵᠢ ᠨᠡᠶ᠋ᠢᠲᠡᠯᠡᠪᠡ!
ᠨᠡᠶᠢᠲᠡᠯᠡᠭᠰᠡᠨ ᠴᠠᠭ᠄ 2024-09-04


   ● 9 ᠳ᠋ᠦ᠍ᠭᠡᠷ ᠰᠠᠷ᠎ᠠ ᠵᠢᠨ 3᠎ᠤ ᠡᠳᠦᠷ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶ᠎ᠠ 《ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠡᠵᠡᠩᠨᠡᠨ ᠬᠤᠳᠠᠯᠳᠤᠭ᠋ᠠᠯᠠᠬᠤ ᠣᠷᠴᠢᠨ ᠨᠦᠬᠦᠴᠡᠯ᠎ᠢ ᠰᠢᠯᠢᠳᠡᠭᠵᠢᠭᠦᠯᠬᠦ ᠭᠤᠣᠯᠳᠠᠯᠭ᠎ᠠ ᠪᠣᠯᠬᠤ ᠠᠷᠭ᠎ᠠ ᠬᠡᠮᠵᠢᠶ᠎ᠡ (2024 ᠣᠨ᠎ᠤ ᠪᠠᠷᠯᠠᠯ)》 ᠵᠢ ᠨᠡᠶ᠋ᠢᠲᠡᠯᠡᠪᠡ᠃
   ● ᠠᠵᠤ ᠠᠬᠤᠶ᠋ᠢᠯᠠᠯ᠎ᠤᠨ ᠣᠷᠣᠨ ᠬᠡᠪᠴᠢᠶ᠎ᠡ ᠠᠯᠤᠰᠯᠠᠨ ᠨᠡᠭᠦᠨ ᠰᠢᠯᠵᠢᠬᠦ ᠵᠢ ᠬᠢᠵᠠᠭ᠋ᠠᠷᠯᠠᠬᠤ᠂ ᠪᠤᠰᠤᠳ᠎ᠤᠨ ᠨᠡᠷ᠎ᠡ᠎ᠪᠠᠷ ᠳᠠᠩᠰᠠᠯᠠᠨ ᠲᠡᠮᠳᠡᠭᠯᠡᠭᠦᠯᠬᠦ᠂ ᠲᠤᠰᠬᠠᠢ ᠲᠥᠯᠥᠪᠦᠷᠢ ᠨᠡᠬᠡᠬᠦ ᠵᠡᠷᠭᠡ ᠠᠰᠠᠭᠤᠳᠠᠯ᠎ᠳᠤ ᠴᠢᠭᠯᠡᠭᠦᠯᠦᠨ᠂ ᠡᠵᠡᠩᠨᠡᠯᠲᠡ ᠵᠢᠨ ᠭᠤᠣᠯ ᠴᠣᠭᠴᠠ ᠵᠢᠨ ᠠᠩᠬᠠᠷᠴᠤ ᠪᠠᠶ᠋ᠢᠭ᠎ᠠ ᠵᠦᠢ᠍ᠯ᠎ᠳᠤ ᠰᠠᠨᠠᠭ᠋ᠠᠴᠢᠯᠠᠭ᠎ᠠ᠎ᠠᠴᠠ᠎ᠪᠠᠨ ᠬᠠᠷᠢᠭᠤ ᠥᠭᠴᠦ᠂ ᠠᠵᠤ ᠠᠬᠤᠶ᠋ᠢᠯᠠᠯ᠎ᠤᠨ ᠣᠨᠳᠣᠣ ᠭᠠᠵᠠᠷ᠎ᠲᠤ ᠨᠡᠭᠦᠨ ᠰᠢᠯᠵᠢᠬᠦ᠎ᠳᠤ ᠰᠢᠯᠵᠢᠨ ᠣᠷᠣᠬᠤ ᠭᠠᠵᠠᠷ᠎ᠲᠤ᠎ᠪᠠᠨ ᠬᠦᠷᠴᠦ ᠰᠢᠭᠤᠳ ᠳᠠᠩᠰᠠᠯᠠᠨ ᠲᠡᠮᠳᠡᠭᠯᠡᠭᠦᠯᠬᠦ᠂ ᠠᠵᠤ ᠠᠬᠤᠶ᠋ᠢᠯᠠᠯ᠎ᠤᠨ ᠦᠨᠡᠨ ᠨᠡᠷ᠎ᠡ᠎ᠪᠠᠷ ᠵᠶ᠋ᠠᠨ ᠳᠠᠩᠰᠠᠯᠠᠨ ᠲᠡᠮᠳᠡᠭᠯᠡᠭᠦᠯᠬᠦ ᠲᠣᠭᠲᠠᠴᠠ ᠪᠠ ᠶᠠᠪᠤᠴᠠ ᠵᠢ᠎ᠨᠢ ᠲᠡᠭᠦᠯᠳᠡᠷᠵᠢᠭᠦᠯᠬᠦ᠂ ᠲᠤᠰᠬᠠᠢ ᠲᠥᠯᠥᠪᠦᠷᠢ ᠨᠡᠬᠡᠬᠦ ᠠᠵᠢᠯᠯᠠᠭ᠎ᠠ ᠵᠢ᠎ᠨᠢ ᠬᠠᠤᠯᠢ ᠶᠣᠰᠣᠭ᠋ᠠᠷ ᠳᠦᠷᠢᠮᠵᠢᠭᠦᠯᠬᠦ ᠵᠡᠷᠭᠡ ᠪᠣᠳᠠᠲᠠᠢ ᠵᠢ ᠡᠷᠬᠢᠮᠯᠡᠭᠰᠡᠨ ᠠᠷᠭ᠎ᠠ ᠬᠡᠮᠵᠢᠶ᠎ᠡ ᠵᠢ ᠳᠤᠷᠠᠳᠪᠠ᠃
   ● ᠴᠢᠩᠭ᠎ᠠ ᠵᠢᠷᠤᠮᠵᠢᠭᠤᠨ ᠪᠦᠭᠡᠳ ᠭᠤᠣᠯᠴᠢ ᠪᠣᠯᠪᠠᠰᠤᠨ ᠵᠶ᠋ᠠᠷ ᠬᠠᠤᠯᠢ ᠬᠡᠷᠡᠭᠵᠢᠭᠦᠯᠬᠦ ᠵᠢ ᠲᠦᠯᠬᠢᠨ ᠠᠬᠢᠭᠤᠯᠬᠤ ᠲᠠᠯ᠎ᠠ᠎ᠪᠠᠷ᠂ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ ᠵᠢᠨ ᠰᠢᠨᠵᠢ ᠴᠢᠨᠠᠷ᠂ ᠦᠢ᠍ᠯᠡ ᠪᠠᠶ᠋ᠢᠳᠠᠯ᠂ ᠨᠡᠶ᠋ᠢᠭᠡᠮ᠎ᠳᠤ ᠤᠴᠠᠷᠠᠭᠤᠯᠤᠭᠰᠠᠨ ᠬᠤᠣᠷ ᠬᠥᠨᠥᠭᠡᠯ᠎ᠤᠨ ᠬᠡᠮᠵᠢᠶ᠎ᠡ᠎ᠲᠠᠢ᠎ᠨᠢ ᠤᠶᠠᠯᠳᠤᠭᠤᠯᠤᠨ᠂ ᠬᠠᠤᠯᠢ ᠴᠠᠭ᠋ᠠᠵᠠ ᠵᠢᠨ ᠬᠡᠷᠡᠭᠵᠢᠭᠦᠯᠦᠯᠲᠡ ᠵᠢᠨ ᠦᠷ᠎ᠡ ᠪᠦᠲᠦᠮᠵᠢ ᠵᠢ ᠨᠥᠯᠥᠭᠡᠯᠡᠬᠦ ᠬᠦᠴᠦᠨ ᠵᠦᠢ᠍ᠯ᠎ᠢ᠎ᠨᠢ ᠶᠡᠷᠦᠩᠬᠡᠶ᠋ᠢᠯᠡᠨ ᠪᠣᠳᠣᠯᠬᠢᠯᠠᠵᠤ᠂ ᠰᠢᠢ᠍ᠳᠬᠡᠯ ᠲᠣᠷᠭ᠋ᠠᠭᠤᠯᠢ ᠵᠢᠨ ᠲᠦᠷᠦᠯ ᠪᠠ ᠬᠡᠮᠵᠢᠶ᠎ᠡ ᠵᠢ᠎ᠨᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠨ᠎ᠠ ᠭᠡᠵᠦ ᠳᠤᠷᠠᠳᠤᠨ ᠭᠠᠷᠭ᠋ᠠᠪᠠ᠃
   ● ᠲᠣᠮᠣ ᠬᠡᠯᠪᠡᠷᠢ ᠵᠢᠨ ᠠᠵᠤ ᠠᠬᠤᠶ᠋ᠢᠯᠠᠯ᠎ᠤᠨ ᠬᠤᠭᠤᠴᠠᠭ᠎ᠠ ᠬᠡᠲᠦᠷᠡᠭᠰᠡᠨ ᠠᠲᠠᠯ᠎ᠠ ᠲᠥᠯᠥᠭᠡᠳᠦᠢ ᠳᠤᠮᠳᠠ ᠵᠢᠵᠢᠭ ᠠᠵᠤ ᠠᠬᠤᠶ᠋ᠢᠯᠠᠯ᠎ᠤᠨ ᠵᠣᠭᠤᠰᠤᠨ᠎ᠤ ᠵᠦᠢ᠍ᠯ᠎ᠤᠨ ᠭᠡᠷ᠎ᠡ ᠵᠢᠨ ᠲᠤᠭ᠎ᠠ ᠬᠡᠮᠵᠢᠶ᠎ᠡ᠂ ᠵᠣᠭᠤᠰᠤᠨ᠎ᠤ ᠲᠤᠭ᠎ᠠ ᠵᠡᠷᠭᠡ ᠮᠡᠳᠡᠭᠡ ᠵᠠᠩᠭᠢ ᠵᠢ ᠠᠵᠤ ᠠᠬᠤᠶ᠋ᠢᠯᠠᠯ᠎ᠤᠨ ᠣᠨ᠎ᠤ ᠮᠡᠳᠡᠭᠦᠯᠦᠯᠲᠡ᠎ᠳᠤ ᠣᠷᠣᠭᠤᠯᠵᠤ᠂ ᠤᠯᠤᠰ᠎ᠤᠨ ᠠᠵᠤ ᠠᠬᠤᠶ᠋ᠢᠯᠠᠯ᠎ᠤᠨ ᠢᠲᠡᠭᠡᠮᠵᠢ ᠵᠢᠨ ᠮᠡᠳᠡᠭᠡ ᠵᠠᠩᠭᠢ ᠵᠢ ᠢᠯᠡ ᠨᠡᠶ᠋ᠢᠲᠡᠯᠡᠬᠦ ᠰᠢᠰᠲ᠋ᠧᠮ ᠵᠶ᠋ᠠᠷ ᠳᠠᠮᠵᠢᠭᠤᠯᠤᠨ ᠨᠡᠶ᠋ᠢᠭᠡᠮ ᠨᠡᠶ᠋ᠢᠲᠡ᠎ᠳᠤ ᠢᠯᠡ ᠨᠡᠶ᠋ᠢᠲᠡᠯᠡᠬᠦ ᠱᠠᠭ᠋ᠠᠷᠳᠠᠯᠭ᠎ᠠ ᠵᠢ ᠰᠠᠶ᠋ᠢᠲᠤᠷ ᠨᠠᠶ᠋ᠢᠳᠠᠪᠤᠷᠢᠵᠢᠭᠤᠯᠤᠨ᠎ᠠ᠃
   ● ᠤᠯᠠᠨ ᠨᠡᠶ᠋ᠢᠲᠡ ᠵᠢᠨ ᠠᠮᠤᠷ ᠲᠦᠪᠰᠢᠨ᠎ᠳᠤ ᠬᠤᠣᠷ ᠬᠥᠨᠥᠭᠡᠯ ᠤᠴᠠᠷᠠᠭᠤᠯᠤᠭᠰᠠᠨ᠂ ᠬᠠᠭᠤᠷᠮᠠᠭ ᠵᠦᠢ᠍ᠯ ᠦᠢ᠍ᠯᠡᠳᠴᠦ ᠪᠣᠷᠣᠯᠠᠭᠤᠯᠤᠭᠰᠠᠨ᠂ ᠡᠷᠬᠡ᠎ᠳᠤ ᠬᠠᠯᠳᠠᠵᠤ ᠬᠠᠭᠤᠷᠮᠠᠭᠯᠠᠭᠰᠠᠨ᠂ ᠵᠢᠩ ᠯᠠᠩ ᠳᠤᠲᠠᠭᠤᠳᠠᠭᠰᠠᠨ᠂ ᠭᠤᠣᠯᠴᠢ ᠥᠷᠢᠰᠦᠯᠳᠦᠭᠡᠨ᠎ᠢ ᠡᠪᠳᠡᠭᠰᠡᠨ᠂ ᠬᠡᠷᠡᠭᠯᠡᠭᠴᠢᠳ᠎ᠤᠨ ᠬᠠᠤᠯᠢ ᠶᠣᠰᠣᠨ᠎ᠤ ᠡᠷᠬᠡ ᠠᠰᠢᠭ᠎ᠲᠤ ᠬᠠᠯᠳᠠᠭᠰᠠᠨ ᠵᠡᠷᠭᠡ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠡᠪᠳᠡᠭᠰᠡᠨ ᠦᠢ᠍ᠯᠡ ᠠᠵᠢᠯᠯᠠᠭ᠎ᠠ ᠵᠢ ᠬᠠᠤᠯᠢ ᠶᠣᠰᠣᠭ᠋ᠠᠷ ᠴᠢᠩᠭ᠎ᠠ ᠰᠢᠢ᠍ᠳᠬᠡᠨ᠎ᠡ᠃
   ● ᠬᠤᠯᠪᠣᠭᠳᠠᠯ ᠪᠦᠬᠦᠢ ᠰᠠᠯᠠᠭ᠎ᠠ ᠮᠥᠴᠢᠷ᠎ᠯᠦᠭᠡ ᠬᠠᠮᠲᠤᠷᠠᠨ ᠰᠤᠷᠭ᠋ᠠᠭᠤᠯᠢ ᠵᠢᠨ ᠬᠦᠷᠢᠶᠡᠨ᠎ᠳᠠᠬᠢ ᠢᠳᠡᠭᠡᠨ᠎ᠤ ᠠᠮᠤᠷ ᠲᠦᠪᠰᠢᠨ᠎ᠢ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠥᠷᠨᠢᠭᠦᠯᠵᠦ᠂ ᠰᠤᠷᠭ᠋ᠠᠭᠤᠯᠢ ᠵᠢᠨ ᠬᠦᠷᠢᠶᠡᠨ᠎ᠳᠠᠬᠢ ᠢᠳᠡᠭᠡᠨ᠎ᠤ ᠠᠮᠤᠷ ᠲᠦᠪᠰᠢᠨ᠎ᠢ ᠴᠢᠩᠭ᠋ᠠᠳᠬᠠᠬᠤ ᠳᠦᠷᠢᠮ ᠪᠠ ᠲᠦᠷᠦ ᠵᠢᠨ ᠪᠣᠳᠣᠯᠭ᠎ᠠ ᠵᠢ ᠲᠣᠭᠲᠠᠭ᠋ᠠᠨ᠎ᠠ᠃
    ᠨᠠᠮ᠎ᠤᠨ ᠬᠤᠷᠢᠳᠤᠭ᠋ᠠᠷ ᠶᠡᠭᠡ ᠬᠤᠷᠠᠯ ᠪᠠ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠥᠬᠦᠳᠡ ᠬᠤᠷᠠᠯᠳᠤᠭ᠋ᠠᠨ᠎ᠤ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠰᠢᠯᠢᠳᠡᠭᠵᠢᠭᠦᠯᠬᠦ ᠲᠤᠬᠠᠢ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠬᠠᠮᠤᠭ᠎ᠤᠨ ᠰᠢᠨ᠎ᠡ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠪᠥᠬᠦ ᠲᠠᠯ᠎ᠠ᠎ᠪᠠᠷ ᠨᠠᠶ᠋ᠢᠳᠠᠪᠤᠷᠢᠵᠢᠭᠤᠯᠬᠤ ᠵᠢᠨ ᠲᠥᠯᠥᠭᠡ᠂ 9 ᠳ᠋ᠦ᠍ᠭᠡᠷ ᠰᠠᠷ᠎ᠠ ᠵᠢᠨ 3᠎ᠤ ᠡᠳᠦᠷ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶ᠎ᠠ 《ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠰᠢᠯᠢᠳᠡᠭᠵᠢᠭᠦᠯᠬᠦ ᠭᠤᠣᠯᠳᠠᠯᠭ᠎ᠠ ᠪᠣᠯᠬᠤ ᠠᠷᠭ᠎ᠠ ᠬᠡᠮᠵᠢᠶ᠎ᠡ (2024 ᠣᠨ᠎ᠤ ᠪᠠᠷᠯᠠᠯ)》 (ᠳᠣᠷᠣᠭᠰᠢ 《ᠭᠤᠣᠯᠳᠠᠯᠭ᠎ᠠ ᠪᠣᠯᠬᠤ ᠠᠷᠭ᠎ᠠ ᠬᠡᠮᠵᠢᠶ᠎ᠡ》 ᠭᠡᠵᠦ ᠲᠣᠪᠴᠢᠯᠠᠪᠠ) ᠵᠢ ᠨᠡᠶ᠋ᠢᠲᠡᠯᠡᠪᠡ᠃
   《ᠭᠤᠣᠯᠳᠠᠯᠭ᠎ᠠ ᠪᠣᠯᠬᠤ ᠠᠷᠭ᠎ᠠ ᠬᠡᠮᠵᠢᠶ᠎ᠡ》᠎ᠨᠢ ᠵᠠᠬ᠎ᠠ ᠳᠡᠯᠭᠡᠭᠦᠷᠴᠢᠯᠡᠭᠰᠡᠨ᠂ ᠬᠠᠤᠯᠢ᠎ᠪᠠᠷ ᠵᠠᠰᠠᠵᠢᠭᠰᠠᠨ᠂ ᠳᠡᠯᠡᠬᠡᠶ᠋ᠢᠴᠢᠯᠡᠭᠰᠡᠨ ᠲᠡᠷᠢᠭᠦᠨ᠎ᠤ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠦᠷᠭᠦᠯᠵᠢᠯᠡᠨ ᠪᠦᠲᠦᠭᠡᠨ ᠪᠠᠶ᠋ᠢᠭᠤᠯᠬᠤ ᠵᠢᠨ ᠲᠦᠯᠦᠭᠡ᠂ ᠪᠦᠬᠦᠯᠢ ᠴᠣᠭᠴᠠ᠎ᠪᠠᠷ᠎ᠨᠢ ᠰᠢᠯᠢᠳᠡᠭᠵᠢᠭᠦᠯᠬᠦ ᠬᠠᠷᠠᠯᠲᠠ ᠵᠢᠨ ᠲᠣᠭᠤᠷᠢᠨ᠎ᠳᠤ᠂ 《ᠴᠢᠯᠦᠭᠡᠲᠡᠢ ᠲᠠᠯᠪᠢᠬᠤ》 ᠮᠥᠷᠲᠡᠭᠡᠨ ᠪᠠᠰᠠ 《ᠬᠠᠮᠢᠶᠠᠷᠴᠤ ᠳᠡᠶ᠋ᠢᠯᠬᠦ》 ᠱᠠᠭ᠋ᠠᠷᠳᠠᠯᠭ᠎ᠠ ᠶᠣᠰᠣᠭ᠋ᠠᠷ᠂ ᠣᠳᠣᠬᠠᠨ᠎ᠤ ᠪᠠ ᠬᠤᠶ᠋ᠢᠰᠢᠳᠠ ᠵᠢᠨ ᠬᠡᠰᠡᠭ ᠬᠤᠭᠤᠴᠠᠭ᠋ᠠᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠦᠷᠢᠶᠡᠨ᠎ᠳᠠᠬᠢ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠰᠢᠯᠢᠳᠡᠭᠵᠢᠭᠦᠯᠬᠦ ᠵᠢᠨ ᠭᠤᠣᠯᠳᠠᠯᠭ᠎ᠠ ᠪᠣᠯᠬᠤ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠪᠠ᠃ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠰᠢᠯᠢᠳᠡᠭᠵᠢᠭᠦᠯᠬᠦ ᠵᠢ ᠠᠬᠢᠭᠤᠯᠬᠤ ᠲᠠᠯ᠎ᠠ᠎ᠪᠠᠷ 《ᠭᠤᠣᠯᠳᠠᠯᠭ᠎ᠠ ᠪᠣᠯᠬᠤ ᠠᠷᠭ᠎ᠠ ᠬᠡᠮᠵᠢᠶ᠎ᠡ》᠎ᠨᠢ ᠳᠣᠣᠷᠠᠬᠢ ᠮᠡᠲᠦ ᠣᠨᠴᠠᠯᠢᠭ᠎ᠲᠠᠢ᠄
    ᠨᠢᠭᠡ᠎ᠳᠤ
    ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠣᠳᠣᠬᠠᠨ᠎ᠤ ᠡᠵᠡᠩᠨᠡᠯᠲᠡ ᠵᠢᠨ ᠭᠤᠣᠯ ᠴᠣᠭᠴᠠ ᠵᠢᠨ ᠲᠤᠰᠬᠠᠯ ᠵᠶ᠋ᠠᠷ ᠴᠢᠩᠭ᠎ᠠ ᠪᠠᠶ᠋ᠢᠭ᠎ᠠ᠂ ᠲᠡᠷᠢᠭᠦᠨ᠎ᠤ ᠡᠵᠡᠩᠨᠡᠨ ᠬᠤᠳᠠᠯᠳᠤᠭ᠋ᠠᠯᠠᠬᠤ ᠣᠷᠴᠢᠨ ᠨᠦᠬᠦᠴᠡᠯ᠎ᠤᠨ ᠪᠦᠲᠦᠭᠡᠨ ᠪᠠᠶ᠋ᠢᠭᠤᠯᠤᠯᠲᠠ ᠵᠢ ᠨᠥᠯᠥᠭᠡᠯᠡᠵᠦ ᠪᠠᠶ᠋ᠢᠭ᠎ᠠ ᠭᠤᠣᠯᠳᠠᠯᠭ᠎ᠠ ᠪᠣᠯᠬᠤ ᠬᠦᠴᠢᠷᠳᠡᠯ ᠪᠠ ᠲᠦᠭᠵᠢᠷᠡᠯ᠎ᠤᠨ ᠠᠰᠠᠭᠤᠳᠠᠯ᠎ᠯᠤᠭ᠎ᠠ ᠨᠢᠭᠲᠠ ᠤᠶᠠᠯᠳᠤᠭᠤᠯᠤᠨ᠂ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠤᠬᠠᠭ᠋ᠠᠯᠠᠨ ᠳᠤᠷᠠᠳᠴᠤ᠂ ᠡᠵᠡᠩᠨᠡᠯᠲᠡ ᠵᠢᠨ ᠭᠤᠣᠯ ᠴᠣᠭᠴᠠ ᠵᠢᠨ ᠬᠥᠭᠵᠢᠯᠲᠡ᠎ᠳᠤ ᠪᠠᠲᠤᠯᠠᠭ᠎ᠠ ᠬᠠᠩᠭ᠋ᠠᠨ᠎ᠠ᠃ ᠠᠵᠤ ᠠᠬᠤᠶ᠋ᠢᠯᠠᠯ᠎ᠤᠨ ᠣᠷᠣᠨ ᠬᠡᠪᠴᠢᠶ᠎ᠡ ᠠᠯᠤᠰᠯᠠᠨ ᠨᠡᠭᠦᠨ ᠰᠢᠯᠵᠢᠬᠦ ᠵᠢ ᠬᠢᠵᠠᠭ᠋ᠠᠷᠯᠠᠬᠤ᠂ ᠪᠤᠰᠤᠳ᠎ᠤᠨ ᠨᠡᠷ᠎ᠡ᠎ᠪᠠᠷ ᠳᠠᠩᠰᠠᠯᠠᠨ ᠲᠡᠮᠳᠡᠭᠯᠡᠭᠦᠯᠬᠦ᠂ ᠲᠤᠰᠬᠠᠢ ᠲᠥᠯᠥᠪᠦᠷᠢ ᠨᠡᠬᠡᠬᠦ ᠵᠡᠷᠭᠡ ᠠᠰᠠᠭᠤᠳᠠᠯ᠎ᠳᠤ ᠴᠢᠭᠯᠡᠭᠦᠯᠦᠨ᠂ ᠡᠵᠡᠩᠨᠡᠯᠲᠡ ᠵᠢᠨ ᠭᠤᠣᠯ ᠴᠣᠭᠴᠠ ᠵᠢᠨ ᠠᠩᠬᠠᠷᠴᠤ ᠪᠠᠶ᠋ᠢᠭ᠎ᠠ ᠵᠦᠢ᠍ᠯ᠎ᠳᠤ ᠰᠠᠨᠠᠭ᠋ᠠᠴᠢᠯᠠᠭ᠎ᠠ᠎ᠠᠴᠠ᠎ᠪᠠᠨ ᠬᠠᠷᠢᠭᠤ ᠥᠭᠴᠦ᠂ ᠠᠵᠤ ᠠᠬᠤᠶ᠋ᠢᠯᠠᠯ᠎ᠤᠨ ᠣᠨᠳᠣᠣ ᠭᠠᠵᠠᠷ᠎ᠲᠤ ᠨᠡᠭᠦᠨ ᠰᠢᠯᠵᠢᠬᠦ᠎ᠳᠤ ᠰᠢᠯᠵᠢᠨ ᠣᠷᠣᠬᠤ ᠭᠠᠵᠠᠷ᠎ᠲᠤ᠎ᠪᠠᠨ ᠬᠦᠷᠴᠦ ᠰᠢᠭᠤᠳ ᠳᠠᠩᠰᠠᠯᠠᠨ ᠲᠡᠮᠳᠡᠭᠯᠡᠭᠦᠯᠬᠦ᠂ ᠠᠵᠤ ᠠᠬᠤᠶ᠋ᠢᠯᠠᠯ᠎ᠤᠨ ᠦᠨᠡᠨ ᠨᠡᠷ᠎ᠡ᠎ᠪᠠᠷ ᠵᠶ᠋ᠠᠨ ᠳᠠᠩᠰᠠᠯᠠᠨ ᠲᠡᠮᠳᠡᠭᠯᠡᠭᠦᠯᠬᠦ ᠲᠣᠭᠲᠠᠴᠠ ᠪᠠ ᠶᠠᠪᠤᠴᠠ ᠵᠢ᠎ᠨᠢ ᠲᠡᠭᠦᠯᠳᠡᠷᠵᠢᠭᠦᠯᠬᠦ᠂ ᠲᠤᠰᠬᠠᠢ ᠲᠥᠯᠥᠪᠦᠷᠢ ᠨᠡᠬᠡᠬᠦ ᠠᠵᠢᠯᠯᠠᠭ᠎ᠠ ᠵᠢ᠎ᠨᠢ ᠬᠠᠤᠯᠢ ᠶᠣᠰᠣᠭ᠋ᠠᠷ ᠳᠦᠷᠢᠮᠵᠢᠭᠦᠯᠬᠦ ᠵᠡᠷᠭᠡ ᠪᠣᠳᠠᠲᠠᠢ ᠵᠢ ᠡᠷᠬᠢᠮᠯᠡᠭᠰᠡᠨ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠪᠠ᠃
    ᠬᠤᠶᠠᠷ᠎ᠲᠤ
    ᠲᠥᠪ ᠶᠣᠰᠤ ᠵᠢ ᠰᠠᠬᠢᠨ ᠰᠢᠨ᠎ᠡ ᠵᠢ ᠡᠭᠦᠳᠬᠦ ᠵᠢ ᠪᠠᠷᠢᠮᠲᠠᠯᠠᠵᠤ᠂ ᠰᠢᠨ᠎ᠡ ᠬᠥᠭᠵᠢᠯᠲᠡ ᠵᠢᠨ ᠪᠠᠶ᠋ᠢᠳᠠᠯ ᠪᠠ ᠥᠭᠡᠷᠡᠴᠢᠯᠡᠯᠲᠡ ᠵᠢᠨ ᠡᠭᠦᠷᠭᠡ᠎ᠯᠦᠭᠡ ᠤᠶᠠᠯᠳᠤᠭᠤᠯᠤᠨ᠂ ᠡᠵᠡᠩᠨᠡᠨ ᠬᠤᠳᠠᠯᠳᠤᠭ᠋ᠠᠯᠠᠬᠤ ᠣᠷᠴᠢᠨ ᠨᠦᠬᠦᠴᠡᠯ᠎ᠤᠨ ᠪᠦᠲᠦᠭᠡᠨ ᠪᠠᠶ᠋ᠢᠭᠤᠯᠤᠯᠲᠠ ᠵᠢᠨ ᠦᠷ᠎ᠡ ᠪᠦᠲᠦᠮᠵᠢ ᠵᠢ ᠪᠠᠬᠢᠵᠢᠭᠦᠯᠦᠨ ᠳᠡᠭᠡᠭᠰᠢᠯᠡᠭᠦᠯᠵᠦ᠂ ᠰᠢᠨ᠎ᠡ ᠵᠢ ᠡᠭᠦᠳᠬᠦ ᠰᠢᠨ᠎ᠡ ᠠᠷᠭ᠎ᠠ ᠬᠡᠮᠵᠢᠶ᠎ᠡ ᠵᠢ ᠯᠠᠪᠳᠠᠭᠤᠨ ᠪᠣᠯᠭᠤᠮᠵᠢᠲᠠᠢ᠎ᠪᠠᠷ ᠭᠠᠷᠭ᠋ᠠᠨ᠎ᠠ᠃ ᠴᠢᠩᠭ᠎ᠠ ᠵᠢᠷᠤᠮᠵᠢᠭᠤᠨ ᠪᠦᠭᠡᠳ ᠭᠤᠣᠯᠴᠢ ᠪᠣᠯᠪᠠᠰᠤᠨ ᠵᠶ᠋ᠠᠷ ᠬᠠᠤᠯᠢ ᠬᠡᠷᠡᠭᠵᠢᠭᠦᠯᠬᠦ ᠵᠢ ᠲᠦᠯᠬᠢᠨ ᠠᠬᠢᠭᠤᠯᠬᠤ ᠲᠠᠯ᠎ᠠ᠎ᠪᠠᠷ᠂ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ ᠵᠢᠨ ᠰᠢᠨᠵᠢ ᠴᠢᠨᠠᠷ᠂ ᠦᠢ᠍ᠯᠡ ᠪᠠᠶ᠋ᠢᠳᠠᠯ᠂ ᠨᠡᠶ᠋ᠢᠭᠡᠮ᠎ᠳᠤ ᠤᠴᠠᠷᠠᠭᠤᠯᠤᠭᠰᠠᠨ ᠬᠤᠣᠷ ᠬᠥᠨᠥᠭᠡᠯ᠎ᠤᠨ ᠬᠡᠮᠵᠢᠶ᠎ᠡ᠎ᠲᠠᠢ᠎ᠨᠢ ᠤᠶᠠᠯᠳᠤᠭᠤᠯᠤᠨ᠂ ᠬᠠᠤᠯᠢ ᠴᠠᠭ᠋ᠠᠵᠠ ᠵᠢᠨ ᠬᠡᠷᠡᠭᠵᠢᠭᠦᠯᠦᠯᠲᠡ ᠵᠢᠨ ᠦᠷ᠎ᠡ ᠪᠦᠲᠦᠮᠵᠢ ᠵᠢ ᠨᠥᠯᠥᠭᠡᠯᠡᠬᠦ ᠬᠦᠴᠦᠨ ᠵᠦᠢ᠍ᠯ᠎ᠢ ᠶᠡᠷᠦᠩᠬᠡᠶ᠋ᠢᠯᠡᠨ ᠪᠣᠳᠣᠯᠬᠢᠯᠠᠵᠤ᠂ ᠰᠢᠢ᠍ᠳᠬᠡᠯ ᠲᠣᠷᠭ᠋ᠠᠭᠤᠯᠢ ᠵᠢᠨ ᠲᠦᠷᠦᠯ ᠪᠠ ᠬᠡᠮᠵᠢᠶ᠎ᠡ ᠵᠢ᠎ᠨᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠨ᠎ᠠ ᠭᠡᠵᠦ ᠳᠤᠷᠠᠳᠤᠨ ᠭᠠᠷᠭ᠋ᠠᠪᠠ᠃ ᠴᠢᠨᠠᠷ ᠰᠠᠶ᠋ᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ᠎ᠢ ᠨᠢᠭᠡᠳᠦᠯᠲᠡᠢ ᠲᠦᠯᠦᠪᠯᠡᠬᠦ ᠥᠨᠳᠥᠷᠴᠡ᠎ᠠᠴᠠ ᠠᠮᠤᠷ ᠲᠦᠪᠰᠢᠨ᠎ᠢ ᠡᠵᠡᠩᠨᠡᠨ ᠬᠤᠳᠠᠯᠳᠤᠭ᠋ᠠᠯᠠᠬᠤ ᠣᠷᠴᠢᠨ ᠨᠦᠬᠦᠴᠡᠯ ᠵᠶ᠋ᠠᠨ ᠰᠢᠯᠢᠳᠡᠭᠵᠢᠭᠦᠯᠬᠦ ᠵᠢᠨ ᠰᠠᠭᠤᠷᠢ ᠪᠣᠯᠭ᠋ᠠᠵᠤ᠂ ᠢᠳᠡᠭᠡᠨ᠎ᠤ ᠠᠮᠤᠷ ᠲᠦᠪᠰᠢᠨ᠎ᠤ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠲᠣᠭᠲᠠᠯᠴᠠᠭ᠎ᠠ ᠵᠢ᠎ᠨᠢ ᠪᠦᠷᠢᠨᠰᠢᠭᠦᠯᠬᠦ ᠵᠡᠷᠭᠡ ᠠᠯᠢ ᠤᠯᠠᠨ ᠬᠢᠨᠠᠯᠲᠠ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠵᠢ ᠳᠤᠷᠠᠳᠴᠠᠢ᠃
    ᠭᠤᠷᠪᠠ᠎ᠳᠤ
    ᠬᠥᠭᠵᠢᠯᠲᠡ᠎ᠳᠤ ᠦᠢ᠍ᠯᠡᠴᠢᠯᠡᠬᠦ ᠵᠢ ᠪᠠᠷᠢᠮᠲᠠᠯᠠᠵᠤ᠂ ᠵᠠᠬ᠎ᠠ ᠳᠡᠯᠭᠡᠭᠦᠷ᠎ᠤᠨ ᠠᠵᠤ ᠠᠬᠤᠢ ᠵᠢᠨ ᠰᠠᠭᠤᠷᠢ ᠳᠦᠷᠢᠮ ᠵᠶ᠋ᠠᠨ ᠲᠡᠭᠦᠯᠳᠡᠷᠵᠢᠭᠦᠯᠬᠦ ᠵᠢ ᠨᠡᠩ ᠴᠢᠬᠤᠯᠠ ᠪᠠᠶ᠋ᠢᠷᠢᠨ᠎ᠳᠤ ᠲᠠᠯᠪᠢᠵᠤ᠂ ᠵᠠᠬ᠎ᠠ ᠳᠡᠯᠭᠡᠭᠦᠷ᠎ᠤᠨ ᠵᠢᠱ᠌ᠢᠯᠲᠡ ᠵᠢ ᠲᠣᠭᠲᠠᠪᠤᠷᠢᠵᠢᠭᠤᠯᠤᠨ᠂ ᠡᠵᠡᠩᠨᠡᠯᠲᠡ ᠵᠢᠨ ᠭᠤᠣᠯ ᠴᠣᠭᠴᠠ ᠵᠢᠨ ᠠᠮᠢᠵᠢᠷᠠᠯ᠎ᠤᠨ ᠬᠦᠴᠦᠨ᠎ᠢ ᠬᠥᠭᠵᠢᠭᠡᠨ᠎ᠡ᠃ ᠳᠦᠷᠢᠮ᠎ᠤᠨ ᠪᠠᠲᠤᠯᠠᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠵᠠᠬ᠎ᠠ ᠳᠡᠯᠭᠡᠭᠦᠷ᠎ᠤᠨ ᠠᠵᠤ ᠠᠬᠤᠢ ᠵᠢᠨ ᠰᠠᠭᠤᠷᠢ ᠳᠦᠷᠢᠮ᠎ᠢ ᠦᠷᠭᠦᠯᠵᠢᠯᠡᠨ ᠲᠡᠭᠦᠯᠳᠡᠷᠵᠢᠭᠦᠯᠵᠦ᠂ ᠳᠠᠩᠰᠠᠯᠠᠭᠤᠯᠤᠭᠰᠠᠨ ᠬᠥᠷᠥᠩᠭᠡ ᠵᠢᠨ ᠵᠦᠪᠰᠢᠶᠡᠷᠡᠨ ᠲᠤᠰᠢᠶᠠᠭᠰᠠᠨ ᠵᠶ᠋ᠠᠷ᠎ᠨᠢ ᠳᠠᠩᠰᠠᠯᠠᠨ ᠲᠡᠮᠳᠡᠭᠯᠡᠬᠦ ᠳᠦᠷᠢᠮ᠎ᠢ ᠭᠦᠨᠵᠡᠭᠡᠶ᠋ᠢᠷᠡᠭᠦᠯᠦᠨ᠂ ᠬᠠᠤᠯᠢ ᠶᠣᠰᠣᠭ᠋ᠠᠷ ᠲᠣᠭᠲᠠᠭᠰᠠᠨ ᠬᠤᠭᠤᠴᠠᠭ᠋ᠠᠨ᠎ᠳᠤ᠎ᠪᠠᠨ ᠵᠦᠪᠰᠢᠶᠡᠷᠡᠨ ᠲᠤᠰᠢᠶᠠᠬᠤ ᠵᠢ ᠬᠡᠷᠡᠭᠵᠢᠭᠦᠯᠦᠨ᠎ᠡ; ᠢᠲᠡᠭᠡᠮᠵᠢ ᠵᠢᠨ ᠲᠦᠭᠰᠢᠭᠦᠷᠢ ᠵᠢ ᠲᠦᠷᠦᠯ ᠬᠤᠪᠢᠶᠠᠨ ᠬᠠᠮᠢᠶᠠᠷᠬᠤ ᠵᠢ ᠪᠦᠬᠦ ᠲᠠᠯ᠎ᠠ᠎ᠪᠠᠷ ᠭᠦᠨᠵᠡᠭᠡᠢ ᠲᠦᠯᠬᠢᠨ ᠠᠬᠢᠭᠤᠯᠵᠤ᠂ ᠠᠵᠤ ᠠᠬᠤᠶ᠋ᠢᠯᠠᠯ᠎ᠤᠨ ᠬᠡᠪ᠎ᠤᠨ ᠦᠢ᠍ᠯᠡᠳᠪᠦᠷᠢᠯᠡᠯ ᠡᠵᠡᠩᠨᠡᠯᠲᠡ ᠵᠢᠨ ᠠᠵᠢᠯᠯᠠᠭ᠎ᠠ᠎ᠳᠠᠬᠢ ᠴᠢᠬᠤᠯᠠ ᠪᠤᠰᠤ ᠭᠠᠷ ᠳᠦᠷᠦᠯᠲᠡ ᠵᠢ ᠦᠨᠡᠨ ᠬᠦ᠌ ᠪᠠᠭ᠋ᠠᠰᠬᠠᠨ᠎ᠠ; ᠭᠤᠣᠯᠴᠢ ᠦᠷᠢᠰᠦᠯᠳᠦᠭᠡᠨ᠎ᠤ ᠳᠦᠷᠢᠮ ᠲᠣᠭᠲᠠᠴᠠ ᠵᠢ ᠪᠦᠷᠢᠨᠰᠢᠭᠦᠯᠵᠦ᠂ ᠠᠵᠤ ᠠᠬᠤᠶ᠋ᠢᠯᠠᠯ᠎ᠤᠨ ᠪᠡᠶ᠎ᠡ᠎ᠪᠠᠨ ᠳᠠᠭ᠋ᠠᠭ᠋ᠠᠵᠤ ᠨᠡᠭᠦᠨ ᠰᠢᠯᠵᠢᠬᠦ ᠵᠢ᠎ᠨᠢ ᠬᠢᠵᠠᠭ᠋ᠠᠷᠯᠠᠬᠤ᠂ ᠵᠠᠬ᠎ᠠ ᠳᠡᠯᠭᠡᠭᠦᠷ᠎ᠲᠤ ᠭᠤᠣᠯᠴᠢ᠎ᠪᠠᠷ ᠣᠷᠣᠬᠤ ᠵᠥᠪᠰᠢᠶᠡᠷᠡᠯ᠎ᠢ ᠬᠠᠷᠰᠢᠯᠠᠬᠤ᠂ ᠥᠪᠡᠷ ᠪᠡᠶ᠎ᠡ ᠵᠢᠨ 《ᠪᠠᠭ᠎ᠠ ᠣᠷᠴᠢᠯ》᠎ᠢ ᠪᠤᠢ ᠪᠣᠯᠭ᠋ᠠᠬᠤ ᠵᠡᠷᠭᠡ ᠠᠰᠠᠭᠤᠳᠠᠯ᠎ᠢ ᠭᠤᠣᠯᠳᠠᠯᠭ᠎ᠠ᠎ᠲᠠᠢ ᠠᠷᠢᠯᠭ᠋ᠠᠨ᠎ᠠ ᠭᠡᠵᠦ ᠳᠤᠷᠠᠳᠤᠨ ᠭᠠᠷᠭ᠋ᠠᠪᠠ᠃
    ᠳᠥᠷᠪᠡ᠎ᠳᠤ
    ᠰᠢᠰᠲ᠋ᠧᠮ᠎ᠤᠨ ᠬᠤᠷᠠᠮᠠᠯ᠎ᠢ ᠴᠢᠩᠭ᠋ᠠᠷᠠᠭᠤᠯᠵᠤ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠦᠷᠢᠶᠡᠨ᠎ᠳᠠᠬᠢ ᠡᠵᠡᠩᠨᠡᠨ ᠬᠤᠳᠠᠯᠳᠤᠭ᠋ᠠᠯᠠᠬᠤ ᠣᠷᠴᠢᠨ ᠨᠦᠬᠦᠴᠡᠯ᠎ᠢ ᠰᠢᠯᠢᠳᠡᠭᠵᠢᠭᠦᠯᠬᠦ ᠠᠵᠢᠯ᠎ᠤᠨ ᠪᠦᠬᠦᠯᠢ ᠴᠣᠭᠴᠠ ᠵᠢᠨ ᠲᠥᠯᠦᠪᠵᠢᠭᠦᠯᠭᠡ ᠪᠠ ᠰᠢᠰᠲ᠋ᠧᠮ᠎ᠤᠨ ᠪᠠᠶ᠋ᠢᠷᠢᠰᠢᠭᠤᠯᠤᠯᠲᠠ ᠵᠢ ᠴᠢᠩᠭ᠋ᠠᠳᠬᠠᠨ᠂ ᠡᠯ᠎ᠡ ᠲᠠᠯ᠎ᠠ ᠵᠢᠨ ᠠᠷᠭ᠎ᠠ ᠬᠡᠮᠵᠢᠶ᠎ᠡ ᠵᠢ ᠬᠠᠷᠢᠯᠴᠠᠨ ᠥᠨᠳᠥᠷ ᠪᠦᠲᠦᠮᠵᠢᠲᠡᠶ ᠬᠠᠮᠵᠢᠯᠴᠠᠭᠤᠯᠵᠤ᠂ ᠲᠥᠷᠥ ᠵᠢᠨ ᠪᠣᠳᠣᠯᠭ᠎ᠠ ᠵᠢᠨ ᠠᠭᠤᠰᠤᠯᠴᠠᠨ ᠨᠡᠶ᠋ᠢᠳᠬᠡᠬᠦ ᠦᠢ᠍ᠯᠡᠳᠦᠯ᠎ᠢ ᠴᠢᠩᠭ᠋ᠠᠷᠠᠭᠤᠯᠤᠨ᠎ᠠ᠃ 《ᠭᠤᠣᠯᠳᠠᠯᠭ᠎ᠠ ᠪᠣᠯᠬᠤ ᠠᠷᠭ᠎ᠠ ᠬᠡᠮᠵᠢᠶ᠎ᠡ》 ᠪᠣᠯ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠡᠵᠡᠩᠨᠡᠨ ᠬᠤᠳᠠᠯᠳᠤᠭ᠋ᠠᠯᠠᠬᠤ ᠣᠷᠴᠢᠨ ᠨᠦᠬᠦᠴᠡᠯ᠎ᠢ ᠰᠢᠯᠢᠳᠡᠭᠵᠢᠭᠦᠯᠬᠦ ᠶᠡᠷᠦᠩᠬᠡᠶ᠋ᠢᠯᠡᠭᠰᠡᠨ ᠴᠢᠨᠠᠷᠲᠠᠢ ᠪᠢᠴᠢᠭ ᠮᠠᠲ᠋ᠧᠷᠢᠶᠠᠯ ᠪᠣᠯᠣᠨ᠎ᠠ᠂ ᠲᠡᠷᠡ᠎ᠨᠢ ᠵᠠᠬ᠎ᠠ ᠳᠡᠯᠭᠡᠭᠦᠷ᠎ᠤᠨ ᠬᠢᠨᠠᠨ ᠬᠠᠮᠢᠶᠠᠷᠤᠯᠲᠠ ᠵᠢᠨ ᠡᠯ᠎ᠡ ᠶᠡᠭᠡ ᠡᠭᠦᠷᠭᠡ ᠴᠢᠳᠠᠪᠤᠷᠢ ᠵᠢᠨ ᠬᠦᠷᠢᠶ᠎ᠡ ᠬᠡᠪᠴᠢᠶ᠎ᠡ ᠵᠢ ᠬᠠᠮᠤᠷᠴᠤ᠂ ᠵᠠᠬ᠎ᠠ ᠳᠡᠯᠭᠡᠭᠦᠷ᠎ᠲᠤ ᠣᠷᠣᠬᠤ ᠵᠦᠪᠰᠢᠶᠡᠷᠡᠯ᠂ ᠭᠤᠣᠯᠴᠢ ᠦᠷᠢᠰᠦᠯᠳᠦᠭᠡᠨ᠂ ᠬᠢᠨᠠᠯᠲᠠ ᠬᠠᠮᠢᠶᠠᠷᠤᠯᠲᠠ ᠵᠢᠨ ᠬᠠᠤᠯᠢ ᠬᠡᠷᠡᠭᠵᠢᠭᠦᠯᠦᠯᠲᠡ᠂ ᠳᠦᠷᠢᠮ᠎ᠤᠨ ᠪᠠᠶ᠋ᠢᠭᠤᠯᠤᠯᠲᠠ᠂ ᠰᠠᠭᠤᠷᠢ ᠲᠤᠯᠭ᠋ᠠᠭᠤᠷᠢᠯᠠᠯ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠡᠷᠭᠡ ᠤᠯᠠᠨ ᠲᠠᠯ᠎ᠠ ᠤᠯᠠᠨ ᠱᠤᠭᠤᠮ᠎ᠤᠨ ᠭᠤᠣᠯᠯᠠᠬᠤ ᠠᠵᠢᠯ᠎ᠢ ᠠᠭᠤᠰᠤᠯᠴᠠᠭᠤᠯᠵᠤ᠂ ᠡᠵᠡᠩᠨᠡᠨ ᠬᠤᠳᠠᠯᠳᠤᠭ᠋ᠠᠯᠠᠬᠤ ᠣᠷᠴᠢᠨ ᠨᠦᠬᠦᠴᠡᠯ᠎ᠢ ᠰᠢᠯᠢᠳᠡᠭᠵᠢᠭᠦᠯᠬᠦ ᠠᠵᠢᠯ᠎ᠤᠨ ᠰᠢᠰᠲ᠋ᠧᠮᠲᠦ ᠴᠢᠨᠠᠷ᠂ ᠪᠦᠬᠦᠯᠢ ᠴᠣᠭᠴᠠᠲᠤ ᠴᠢᠨᠠᠷ ᠪᠠ ᠬᠠᠮᠵᠢᠯᠴᠠᠬᠤ ᠴᠢᠨᠠᠷ᠎ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃
    ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠰᠢᠯᠢᠳᠡᠭᠵᠢᠭᠦᠯᠬᠦ ᠪᠣᠯ ᠠᠵᠤ ᠠᠬᠤᠢ ᠵᠢᠨ ᠪᠠᠭᠤᠷᠠᠯᠲᠠ ᠵᠢᠨ ᠳᠠᠷᠤᠭ᠋ᠠᠰᠤ ᠵᠢ ᠠᠷᠭ᠋ᠠᠴᠠᠬᠤ᠂ ᠡᠵᠡᠩᠨᠡᠯᠲᠡ ᠵᠢᠨ ᠭᠤᠣᠯ ᠴᠣᠭᠴᠠ ᠵᠢᠨ ᠢᠲᠡᠭᠡᠯ᠎ᠢ ᠬᠥᠭᠵᠢᠭᠡᠬᠦ ᠴᠢᠬᠤᠯᠠ ᠠᠷᠭ᠎ᠠ ᠬᠡᠮᠵᠢᠶ᠎ᠡ ᠮᠥᠨ᠂ ᠪᠠᠰᠠ ᠴᠤ᠌ ᠭᠠᠳᠠᠭ᠋ᠠᠳᠤ ᠪᠡᠯᠡ ᠵᠢ ᠦᠷᠭᠦᠯᠵᠢᠯᠡᠨ ᠲᠠᠲᠠᠬᠤ᠂ ᠥᠨᠳᠥᠷ ᠬᠢᠷᠢ ᠲᠦᠪᠰᠢᠨ ᠪᠦᠬᠦᠢ ᠭᠠᠳᠠᠭ᠋ᠠᠳᠤ ᠨᠡᠭᠡᠭᠡᠯᠲᠡ ᠵᠢ ᠲᠦᠯᠬᠢᠨ ᠠᠬᠢᠭᠤᠯᠬᠤ ᠵᠢᠨ ᠵᠠᠶ᠋ᠢᠯᠠᠰᠢ ᠦᠭᠡᠢ ᠱᠠᠭ᠋ᠠᠷᠳᠠᠯᠭ᠎ᠠ ᠪᠣᠯᠣᠨ᠎ᠠ᠃ ᠲᠠᠷᠠᠭ᠋ᠠᠴᠢ᠎ᠪᠠᠷ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶ᠎ᠠ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠰᠢᠯᠢᠳᠡᠭᠵᠢᠭᠦᠯᠬᠦ ᠠᠵᠢᠯ᠎ᠤᠨ ᠲᠣᠭᠲᠠᠴᠠ ᠵᠢ ᠦᠷᠭᠦᠯᠵᠢᠯᠡᠨ ᠲᠡᠭᠦᠯᠳᠡᠷᠵᠢᠭᠦᠯᠵᠦ᠂ ᠡᠵᠡᠩᠨᠡᠯᠲᠡ ᠵᠢᠨ ᠭᠤᠣᠯ ᠴᠣᠭᠴᠠ ᠵᠢᠨ ᠬᠦᠰᠡᠯ ᠱᠠᠭ᠋ᠠᠷᠳᠠᠯᠭ᠎ᠠ᠎ᠪᠠᠨ ᠲᠤᠰᠬᠠᠬᠤ ᠠᠷᠭ᠎ᠠ ᠵᠠᠮ᠎ᠢ ᠰᠢᠯᠤᠭᠤᠳᠬᠠᠵᠤ᠂ ᠣᠷᠣᠨ ᠨᠤᠲᠤᠭ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠢ ᠵᠢᠭ᠋ᠠᠨ ᠵᠢᠯᠣᠭᠤᠳᠴᠤ ᠪᠠᠶ᠋ᠢᠭ᠋ᠠᠳ 《ᠭᠤᠣᠯᠳᠠᠯᠭ᠎ᠠ ᠪᠣᠯᠬᠤ ᠠᠷᠭ᠎ᠠ ᠬᠡᠮᠵᠢᠶ᠎ᠡ》 ᠵᠢᠨ ᠨᠠᠶ᠋ᠢᠳᠠᠪᠤᠷᠢᠵᠢᠭᠤᠯᠤᠯᠲᠠ ᠵᠢ ᠰᠠᠶ᠋ᠢᠲᠤᠷ ᠠᠳᠬᠤᠨ᠎ᠠ᠃

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
5 ᠲᠠᠯ᠎ᠠ ᠵᠢᠨ 20 ᠭᠤᠣᠯᠳᠠᠯᠭ᠎ᠠ᠎ᠲᠠᠢ ᠡᠭᠦᠷᠭᠡ! ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ ᠬᠠᠮᠤᠭ᠎ᠤᠨ ᠰᠢᠨ᠎ᠡ᠎ᠪᠠᠷ ᠳᠠᠷᠤᠮᠠᠯᠯᠠᠨ ᠲᠠᠷᠬᠠᠭ᠋ᠠᠪᠠ
ᠰᠤᠷᠭ᠋ᠠᠨ ᠬᠥᠮᠦᠵᠢᠯ᠎ᠤᠨ ᠲᠢᠩᠬᠢᠮ᠎ᠤᠨ ᠶᠡᠭᠡ ᠳᠤᠮᠳᠠᠳᠤ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠰᠤᠷᠭ᠋ᠠᠨ ᠬᠥᠮᠦᠵᠢᠯ᠎ᠢ ᠨᠢᠭᠡ ᠴᠣᠭᠴᠠᠵᠢᠭᠤᠯᠬᠤ ᠵᠢ ᠠᠬᠢᠭᠤᠯᠬᠤ ᠠᠵᠢᠯ ᠱᠠᠲᠤ ᠦᠶ᠎ᠡ ᠵᠢᠨ ᠴᠢᠨᠠᠷᠲᠠᠢ ᠦᠷ᠎ᠡ ᠪᠦᠲᠦᠮᠵᠢ ᠣᠯᠪᠠ
ᠴᠢᠨᠠᠷ ᠰᠠᠶ᠋ᠢᠲᠠᠢ ᠰᠣᠶᠣᠯ᠎ᠤᠨ ᠡᠬᠢ ᠪᠠᠶᠠᠯᠢᠭ᠎ᠢ ᠦᠨᠳᠦᠰᠦᠨ ᠱᠠᠲᠤᠨ᠎ᠳᠤ ᠰᠢᠭᠤᠳ ᠬᠦᠷᠭᠡᠬᠦ ᠲᠣᠭᠲᠠᠴᠠ ᠵᠢ ᠪᠠᠶ᠋ᠢᠭᠤᠯᠬᠤ ᠵᠢ ᠬᠡᠷᠬᠢᠨ ᠣᠶ᠋ᠢᠯᠠᠭ᠋ᠠᠬᠤ ᠪᠤᠢ
ᠪᠦᠭᠦᠳᠡ ᠬᠤᠷᠠᠯᠳᠤᠭ᠋ᠠᠨ᠎ᠤ 《ᠲᠣᠭᠲᠠᠭ᠋ᠠᠯ》᠎ᠳᠠᠬᠢ ᠡᠳᠡᠭᠡᠷ ᠨᠡᠷ᠎ᠡ ᠦᠭᠡᠰ᠎ᠢ ᠣᠶ᠋ᠢᠯᠠᠭ᠋ᠠᠶ᠎ᠠ (ᠶᠢᠰᠦ)
ᠪᠦᠭᠦᠳᠡ ᠬᠤᠷᠠᠯᠳᠤᠭ᠋ᠠᠨ᠎ᠤ 《ᠲᠣᠭᠲᠠᠭ᠋ᠠᠯ》᠎ᠳᠠᠬᠢ ᠡᠳᠡᠭᠡᠷ ᠨᠡᠷ᠎ᠡ ᠦᠭᠡᠰ᠎ᠢ ᠣᠶ᠋ᠢᠯᠠᠭ᠋ᠠᠶ᠎ᠠ (ᠨᠠᠢ᠍ᠮᠠ)
 
            