ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠮᠠᠰᠢᠨᠲᠤ ᠲᠡᠷᠭᠡᠨ᠎ᠤ ᠡᠵᠡᠳ ᠵᠠᠮᠨᠠᠬᠤ ᠥᠨᠡᠮᠯᠡᠯ᠎ᠤᠨ ᠡᠯᠧᠺᠳ᠋ᠷᠣᠨᠴᠢᠯᠠᠯᠲᠠ ᠵᠢ ᠪᠦᠬᠦ ᠲᠠᠯ᠎ᠠ᠎ᠪᠠᠷ ᠬᠡᠷᠡᠭᠵᠢᠭᠦᠯᠦᠨ᠎ᠡ
ᠨᠡᠶᠢᠲᠡᠯᠡᠭᠰᠡᠨ ᠴᠠᠭ᠄ 2024-12-02


    ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠠᠴᠠ ᠰᠤᠷᠪᠤᠯᠵᠢᠯᠠᠭᠴᠢ ᠵᠢᠨ ᠣᠶ᠋ᠢᠯᠠᠭ᠋ᠠᠭᠰᠠᠨ ᠵᠶ᠋ᠠᠷ᠂ ᠡᠨᠡ ᠵᠢᠯ᠎ᠤᠨ 12 ᠳ᠋ᠤᠭ᠋ᠠᠷ ᠰᠠᠷ᠎ᠠ ᠵᠢᠨ 2᠎ᠤᠨ ᠡᠳᠦᠷ᠎ᠠᠴᠠ ᠡᠬᠢᠯᠡᠨ᠂ ᠮᠠᠰᠢᠨ ᠲᠡᠷᠭᠡᠨ᠎ᠤ ᠵᠠᠮᠨᠠᠬᠤ ᠦᠨᠡᠮᠯᠡᠯ᠎ᠤᠨ ᠡᠯᠧᠺᠳ᠋ᠷᠣᠨᠴᠢᠯᠠᠯᠲᠠ ᠵᠢ ᠪᠥᠬᠦ ᠤᠯᠤᠰ᠎ᠲᠤ ᠪᠥᠬᠦ ᠲᠠᠯ᠎ᠠ᠎ᠪᠠᠷ ᠬᠡᠷᠡᠭᠵᠢᠭᠦᠯᠵᠦ᠂ ᠪᠦᠬᠦ ᠤᠯᠤᠰ᠎ᠤᠨ ᠪᠣᠢ ᠪᠦᠬᠦᠢ ᠲᠤᠰᠬᠠᠢ ᠣᠷᠣᠨ᠎ᠤ ᠳᠡᠰ᠎ᠤᠨ ᠬᠤᠲᠠ ᠵᠢᠨ ᠲᠡᠷᠭᠡᠨ᠎ᠤ ᠡᠵᠡᠳ ᠴᠥᠮ 《ᠵᠠᠮ ᠬᠠᠷᠢᠯᠴᠠᠭ᠋ᠠᠨ᠎ᠤ ᠬᠠᠮᠢᠶᠠᠷᠤᠯᠲᠠ 12123》 APP ᠵᠶ᠋ᠠᠷ ᠵᠠᠮᠨᠠᠬᠤ ᠡᠯᠧᠺᠳ᠋ᠷᠣᠨ ᠦᠨᠡᠮᠯᠡᠯ ᠭᠤᠶᠤᠴᠢᠯᠠᠨ ᠠᠪᠴᠤ ᠪᠣᠯᠤᠨ᠎ᠠ᠃
    ᠵᠠᠮᠨᠠᠬᠤ ᠡᠯᠧᠺᠳ᠋ᠷᠣᠨ ᠦᠨᠡᠮᠯᠡᠯ᠎ᠢ ᠤᠷᠤᠭᠰᠢᠲᠠᠶ ᠳᠡᠯᠭᠡᠷᠡᠭᠦᠯᠦᠨ ᠬᠡᠷᠡᠭᠯᠡᠬᠦ ᠵᠢ ᠪᠠᠲᠤᠯᠠᠬᠤ ᠵᠢᠨ ᠲᠥᠯᠥᠭᠡ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠲᠣᠪᠴᠢᠶ᠎ᠠ ᠲᠤᠰᠬᠠᠶ ᠰᠡᠳᠦᠪ ᠵᠶ᠋ᠠᠷ ᠪᠠᠶ᠋ᠢᠷᠢᠯᠠᠭᠤᠯᠤᠨ ᠠᠬᠢᠭᠤᠯᠵᠤ᠂ ᠢᠵᠢ ᠪᠦᠷᠢᠳᠦᠭᠦᠯᠦᠭᠰᠡᠨ ᠲᠥᠰᠦᠯ ᠲᠣᠭᠲᠠᠭ᠋ᠠᠨ᠂ ᠰᠢᠰᠲ᠋ᠧᠮ᠎ᠢ ᠵᠣᠬᠢᠶᠠᠨ ᠪᠠᠶ᠋ᠢᠭᠤᠯᠵᠤ ᠪᠠᠶ᠋ᠢᠭ᠋ᠠᠳ ᠲᠠᠰ ᠳᠡᠪᠰᠢᠭᠦᠯᠵᠦ᠂ ᠡᠯ᠎ᠡ ᠭᠠᠵᠠᠷ᠎ᠤᠨ ᠳᠣᠲᠣᠭ᠋ᠠᠳᠤ ᠵᠢ ᠬᠠᠮᠠᠭ᠋ᠠᠯᠠᠬᠤ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠲᠥᠰᠦᠯ᠎ᠢ ᠨᠠᠷᠢᠯᠢᠬ᠍ᠵᠢᠭᠤᠯᠤᠨ ᠨᠠᠷᠢᠨ ᠨᠢᠮᠪᠠᠶ ᠵᠣᠬᠢᠶᠠᠨ ᠪᠠᠶ᠋ᠢᠭᠤᠯᠵᠤ᠂ ᠡᠨᠡ ᠵᠢᠯ᠎ᠤᠨ 7 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠨᠠᠭ᠋ᠠᠰᠢ 8600 ᠭᠠᠷᠤᠶ ᠲᠦᠮᠡᠨ ᠲᠡᠷᠭᠡᠨ᠎ᠤ ᠡᠵᠡᠳ᠎ᠲᠤ ᠵᠠᠮᠨᠠᠬᠤ ᠡᠯᠧᠺᠳ᠋ᠷᠣᠨ ᠦᠨᠡᠮᠯᠡᠯ ᠣᠯᠭᠤᠵᠤ᠂ ᠣᠯᠠᠨ ᠲᠦᠮᠡᠨ᠎ᠳᠤ ᠰᠦᠯᠵᠢᠶ᠎ᠡ᠎ᠪᠠᠷ 《ᠦᠨᠡᠮᠯᠡᠯ ᠭᠠᠷᠳᠠᠭᠤᠯᠬᠤ》 《ᠺᠣᠳ᠋᠎ᠢ᠎ᠨᠢ ᠦᠵᠡᠭᠦᠯᠬᠦ》 ᠦᠢ᠍ᠯᠡᠴᠢᠯᠡᠭᠡ ᠬᠠᠩᠭ᠋ᠠᠪᠠ᠃
    ᠵᠠᠮᠨᠠᠬᠤ ᠡᠯᠧᠺᠳ᠋ᠷᠣᠨ ᠦᠨᠡᠮᠯᠡᠯ᠎ᠨᠢ ᠭᠤᠣᠯᠳᠠᠭᠤ 3 ᠣᠨᠴᠠᠯᠢᠭ᠎ᠲᠠᠢ᠄
    ᠨᠢᠭᠡ᠎ᠳᠤ᠂ ᠭᠤᠶᠤᠴᠢᠯᠠᠨ ᠠᠪᠴᠤ ᠬᠡᠷᠡᠭᠯᠡᠬᠦ᠎ᠳᠤ ᠳᠥᠭᠦᠮᠯᠡᠪᠡ᠃ ᠮᠠᠰᠢᠨ ᠲᠡᠷᠭᠡᠨ᠎ᠤ ᠥᠮᠴᠢᠯᠡᠭᠴᠢ 《ᠵᠠᠮ ᠬᠠᠷᠢᠯᠴᠠᠭ᠋ᠠᠨ᠎ᠤ ᠬᠠᠮᠢᠶᠠᠷᠤᠯᠲᠠ 12123》 APP᠎ᠠᠴᠠ ᠵᠠᠮᠨᠠᠬᠤ ᠡᠯᠧᠺᠳ᠋ᠷᠣᠨ ᠦᠨᠡᠮᠯᠡᠯ᠎ᠢ ᠰᠢᠭᠤᠳ ᠭᠤᠶᠤᠴᠢᠯᠠᠨ ᠠᠪᠴᠤ ᠪᠣᠯᠤᠨ᠎ᠠ᠃ ᠵᠠᠮᠨᠠᠬᠤ ᠡᠯᠧᠺᠳ᠋ᠷᠣᠨ ᠦᠨᠡᠮᠯᠡᠯ᠎ᠤᠨ ᠦᠯᠢᠭᠡᠷ ᠬᠡᠪ᠎ᠨᠢ ᠪᠥᠬᠦ ᠤᠯᠤᠰ᠎ᠲᠤ ᠨᠢᠭᠡᠳᠦᠯᠲᠡᠶ ᠪᠠᠶ᠋ᠢᠵᠤ᠂ ᠣᠯᠠᠨ ᠲᠦᠮᠡᠨ ᠲᠡᠷᠭᠡ ᠬᠥᠰᠬᠡ ᠳᠠᠩᠰᠠᠯᠠᠭᠤᠯᠬᠤ᠂ ᠬᠠᠤᠯᠢ᠎ᠠᠴᠠ ᠵᠥᠷᠢᠴᠡᠭᠰᠡᠨ ᠵᠶ᠋ᠠᠨ ᠰᠢᠢ᠍ᠳᠪᠦᠷᠢᠯᠡᠭᠦᠯᠬᠦ᠂ ᠠᠳᠡᠯ᠎ᠢ ᠰᠢᠢ᠍ᠳᠪᠦᠷᠢᠯᠡᠭᠦᠯᠬᠦ ᠵᠡᠷᠭᠡ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠴᠣᠩᠬᠤᠪᠴᠢ ᠵᠢᠨ ᠲᠤᠬᠠᠶ᠋ᠢᠯᠠᠭᠰᠠᠨ ᠠᠵᠢᠯ ᠵᠶ᠋ᠠᠨ ᠭᠦᠢ᠍ᠴᠡᠳᠬᠡᠬᠦ᠎ᠳᠤ ᠦᠵᠡᠭᠦᠯᠦᠨ ᠬᠡᠷᠡᠭᠯᠡᠵᠦ ᠪᠣᠯᠣᠨ᠎ᠠ᠂ ᠮᠠᠰᠢᠨ ᠲᠡᠷᠭᠡᠨ᠎ᠤ ᠥᠮᠴᠢᠯᠡᠭᠴᠢ ᠪᠤᠰᠤᠳ᠎ᠲᠤ ᠡᠷᠬᠡ ᠣᠯᠭᠤᠨ ᠬᠡᠷᠡᠭᠯᠡᠭᠦᠯᠬᠦ ᠵᠢ ᠳᠡᠮᠵᠢᠵᠦ᠂ ᠪᠤᠰᠤᠳ ᠬᠥᠮᠦᠨ᠎ᠳᠤ ᠨᠠᠶ᠋ᠢᠳᠠᠵᠤ ᠲᠤᠬᠠᠶ᠋ᠢᠯᠠᠭᠰᠠᠨ ᠠᠵᠢᠯ᠎ᠢ ᠣᠷᠣᠯᠠᠨ ᠭᠦᠢ᠍ᠴᠡᠳᠬᠡᠬᠦ᠎ᠳᠤ ᠳᠥᠭᠦᠮᠯᠡᠪᠡ᠃ ᠡᠭᠦᠨ᠎ᠤ ᠬᠠᠮᠲᠤ᠂ ᠠᠶᠠᠨᠴᠢᠳ᠎ᠤᠨ ᠪᠠ ᠪᠠᠷᠠᠭ᠎ᠠ ᠵᠢᠨ ᠲᠡᠭᠡᠭᠡᠪᠦᠷᠢ ᠵᠢᠨ ᠦᠨᠡᠮᠯᠡᠯ᠂ ᠳᠠᠭ᠋ᠠᠳᠬᠠᠯ᠎ᠤᠨ ᠲᠥᠯᠥᠪᠦᠷᠢ ᠵᠡᠷᠭᠡ ᠬᠡᠷᠡᠭᠯᠡᠯᠲᠡ ᠵᠢᠨ ᠪᠠᠶ᠋ᠢᠳᠠᠯ ᠬᠦᠷᠲᠡᠯ᠎ᠡ ᠥᠷᠭᠡᠳᠬᠡᠵᠦ ᠪᠣᠯᠤᠨ᠎ᠠ᠃
    ᠬᠤᠶᠠᠷ᠎ᠲᠤ᠂ ᠴᠠᠭ ᠲᠤᠬᠠᠢ᠎ᠳᠤ᠎ᠨᠢ ᠬᠥᠳᠡᠯᠦᠩᠭᠦᠢ᠎ᠪᠠᠷ ᠰᠢᠨᠡᠳᠬᠡᠨ᠎ᠡ᠃ ᠵᠠᠮᠨᠠᠬᠤ ᠡᠯᠧᠺᠳ᠋ᠷᠣᠨ ᠦᠨᠡᠮᠯᠡᠯ᠎ᠢ ᠪᠥᠬᠦ ᠤᠯᠤᠰ᠎ᠤᠨ ᠳᠣᠲᠣᠭ᠋ᠠᠳᠤ ᠵᠢ ᠬᠠᠮᠠᠭ᠋ᠠᠯᠠᠬᠤ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠡᠯᠧᠺᠳ᠋ᠷᠣᠨ ᠦᠨᠡᠮᠯᠡᠯ᠎ᠤᠨ ᠰᠢᠰᠲ᠋ᠧᠮ ᠪᠣᠶ ᠪᠣᠯᠭ᠋ᠠᠵᠤ᠂ ᠮᠠᠰᠢᠨᠲᠤ ᠲᠡᠷᠭᠡ ᠵᠢ ᠰᠢᠯᠭ᠋ᠠᠨ ᠪᠠᠶ᠋ᠢᠴᠠᠭ᠋ᠠᠬᠤ᠂ ᠪᠠᠷᠢᠴᠠᠭ᠋ᠠᠯᠠᠬᠤ᠂ ᠵᠠᠮ ᠬᠠᠷᠢᠯᠴᠠᠭ᠋ᠠᠨ᠎ᠤ ᠬᠠᠤᠯᠢ᠎ᠠᠴᠠ ᠵᠥᠷᠢᠴᠡᠭᠰᠡᠨ ᠪᠠ ᠵᠠᠮ ᠬᠠᠷᠢᠯᠴᠠᠭ᠋ᠠᠨ᠎ᠤ ᠠᠳᠡᠯ᠎ᠢ ᠰᠢᠢ᠍ᠳᠪᠦᠷᠢᠯᠡᠭᠰᠡᠨ ᠪᠠᠶ᠋ᠢᠳᠠᠯ ᠵᠡᠷᠭᠡ ᠪᠠᠶ᠋ᠢᠳᠠᠯ᠎ᠢ ᠬᠥᠳᠡᠯᠦᠩᠭᠦᠶ᠎ᠪᠠᠷ ᠢᠯᠡᠷᠡᠭᠦᠯᠵᠦ᠂ ᠴᠠᠭ ᠲᠤᠬᠠᠶ᠎ᠳᠤ᠎ᠨᠢ ᠪᠠᠶ᠋ᠢᠴᠠᠭ᠋ᠠᠨ ᠯᠠᠪᠯᠠᠬᠤ᠂ ᠴᠠᠭ ᠲᠤᠬᠠᠶ᠎ᠳᠤ᠎ᠨᠢ ᠭᠠᠷᠭ᠋ᠠᠨ ᠦᠵᠡᠭᠦᠯᠬᠦ᠂ ᠴᠠᠭ ᠲᠤᠬᠠᠶ᠎ᠳᠤ᠎ᠨᠢ ᠬᠢᠨᠠᠨ ᠰᠢᠯᠭ᠋ᠠᠬᠤ᠎ᠳᠤ ᠳᠥᠭᠦᠮᠯᠡᠵᠦ᠂ ᠲᠡᠷᠭᠡ ᠬᠥᠰᠬᠡ ᠵᠢ ᠪᠠᠷᠢᠴᠠᠭ᠋ᠠᠯᠠᠬᠤ᠂ ᠭᠠᠷ ᠳᠠᠮᠵᠢᠭᠰᠠᠨ ᠮᠠᠰᠢᠨ ᠲᠡᠷᠭᠡ ᠵᠢ ᠠᠷᠠᠯᠵᠢᠶᠠᠯᠠᠬᠤ ᠵᠡᠷᠭᠡ ᠪᠠᠶ᠋ᠢᠳᠠᠯ᠎ᠳᠤ ᠬᠡᠷᠡᠭᠯᠡᠬᠦ᠎ᠳᠤ ᠳᠥᠭᠦᠮᠯᠡᠪᠡ᠃
    ᠭᠤᠷᠪᠠ᠎ᠳᠤ᠂ ᠠᠮᠤᠷ ᠲᠦᠪᠰᠢᠨ ᠪᠦᠲᠦᠮᠵᠢᠲᠡᠢ ᠨᠠᠶ᠋ᠢᠳᠠᠪᠤᠷᠢᠲᠠᠢ᠃ ᠵᠠᠮᠨᠠᠬᠤ ᠡᠯᠧᠺᠳ᠋ᠷᠣᠨ ᠦᠨᠡᠮᠯᠡᠯ᠎ᠨᠢ ᠪᠥᠬᠦ ᠤᠯᠤᠰ᠎ᠤᠨ ᠳᠣᠲᠣᠭ᠋ᠠᠳᠤ ᠵᠢ ᠬᠠᠮᠠᠭ᠋ᠠᠯᠠᠬᠤ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠡᠯᠧᠺᠳ᠋ᠷᠣᠨ ᠦᠨᠡᠮᠯᠡᠯ᠎ᠤᠨ ᠡᠬᠢ ᠪᠠᠶᠠᠯᠢᠭ᠎ᠤᠨ ᠬᠥᠮᠥᠷᠭᠡ ᠵᠢᠨ ᠰᠢᠯᠭ᠋ᠠᠨ ᠨᠤᠲᠠᠯᠠᠯᠲᠠ ᠵᠢᠨ ᠬᠠᠷᠢᠴᠠᠭᠤᠯᠤᠯ ᠵᠶ᠋ᠠᠷ ᠳᠠᠮᠵᠢᠭᠤᠯᠤᠨ᠂ ᠭᠠᠷ᠎ᠤᠨ ᠦᠰᠦᠭ᠎ᠤᠨ ᠳ᠋ᠢᠭᠢᠲ ᠮᠡᠷᠭᠡᠵᠢᠯ ᠵᠶ᠋ᠠᠷ ᠬᠠᠭᠤᠷᠮᠠᠭᠯᠠᠬᠤ ᠵᠢ ᠰᠡᠷᠭᠡᠶ᠋ᠢᠯᠡᠬᠦ ᠮᠡᠷᠭᠡᠵᠢᠯ᠎ᠢ ᠬᠡᠷᠡᠭᠯᠡᠨ᠂ ᠬᠤᠪᠢᠷᠠᠭᠤᠯᠬᠤ᠂ ᠬᠠᠭᠤᠷᠮᠠᠭ ᠵᠶ᠋ᠠᠷ ᠵᠣᠬᠢᠶᠠᠬᠤ ᠵᠢ ᠪᠦᠲᠦᠮᠵᠢᠲᠡᠶ ᠰᠡᠷᠭᠡᠶ᠋ᠢᠯᠡᠵᠦ᠂ ᠵᠠᠮᠨᠠᠬᠤ ᠡᠯᠧᠺᠳ᠋ᠷᠣᠨ ᠦᠨᠡᠮᠯᠡᠯ᠎ᠤᠨ ᠦᠨᠡᠨ ᠪᠣᠳᠠᠲᠠᠶ ᠪᠥᠭᠡᠳ ᠬᠦᠴᠦᠨ᠎ᠲᠠᠢ ᠪᠠᠶ᠋ᠢᠬᠤ ᠵᠢ ᠪᠠᠲᠤᠯᠠᠨ᠂ ᠭᠠᠷ ᠳᠠᠮᠵᠢᠭᠰᠠᠨ ᠮᠠᠰᠢᠨ ᠲᠡᠷᠭᠡᠨ᠎ᠤ ᠠᠷᠠᠯᠵᠢᠶ᠎ᠠ ᠵᠡᠷᠭᠡ ᠠᠬᠤᠶ ᠲᠠᠯᠠᠪᠠᠶ᠎ᠳᠤ ᠮᠡᠳᠡᠭᠡ ᠵᠠᠩᠭᠢ ᠴᠤᠭᠯᠠᠭᠤᠯᠬᠤ ᠬᠡᠷᠡᠭᠯᠡᠯᠲᠡ᠎ᠳᠤ ᠳᠥᠭᠦᠮᠯᠡᠬᠦ ᠵᠢ ᠪᠠᠲᠤᠯᠠᠭᠰᠠᠨ᠎ᠤ ᠬᠠᠮᠲᠤ ᠬᠥᠳᠡᠯᠦᠩᠭᠦᠶ ᠬᠤᠶᠠᠷ ᠬᠡᠮᠵᠢᠯᠳᠦ ᠺᠣᠳ᠋᠂ ᠳ᠋ᠠᠶ᠋ᠢᠲ᠋ᠠ ᠵᠢᠨ ᠰᠡᠷᠭᠡᠭ᠎ᠢ ᠦᠭᠡᠶ᠋ᠢᠳᠡᠭᠦᠯᠬᠦ᠂ ᠳ᠋ᠠᠶ᠋ᠢᠲ᠋ᠠ ᠨᠢᠭᠤᠴᠠᠯᠠᠬᠤ᠂ ᠪᠣᠳᠠᠲᠤ ᠬᠥᠮᠦᠨ ᠭᠡᠷᠡᠴᠢᠯᠡᠬᠦ ᠵᠡᠷᠭᠡ ᠮᠡᠷᠭᠡᠵᠢᠯ᠎ᠢ ᠬᠡᠷᠡᠭᠯᠡᠨ ᠬᠤᠪᠢ ᠬᠥᠮᠦᠨ᠎ᠤ ᠮᠡᠳᠡᠭᠡ ᠵᠠᠩᠭᠢ ᠵᠢᠨ ᠠᠮᠤᠷ ᠲᠦᠪᠰᠢᠨ᠎ᠢ ᠬᠠᠮᠠᠭ᠋ᠠᠯᠠᠪᠠ᠃
    ᠲᠣᠳᠣᠷᠬᠠᠶ᠋ᠢᠯᠠᠬᠤ ᠴᠢᠬᠤᠯᠠᠲᠠᠶ᠎ᠨᠢ᠂ 《ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠠᠤᠯᠢ》 ᠵᠢᠨ ᠲᠣᠭᠲᠠᠭ᠋ᠠᠯ ᠶᠣᠰᠣᠭ᠋ᠠᠷ᠂ ᠵᠠᠮᠨᠠᠬᠤ ᠦᠨᠡᠮᠯᠡᠯ᠎ᠤᠨ ᠴᠠᠭ᠋ᠠᠰᠤᠨ ᠦᠨᠡᠮᠯᠡᠯ ᠵᠶ᠋ᠠᠨ ᠲᠡᠷᠭᠡᠨ᠎ᠳᠤ᠎ᠪᠠᠨ ᠠᠪᠴᠤ ᠶᠠᠪᠤᠬᠤ ᠬᠡᠷᠡᠭᠲᠡᠶ; ᠵᠠᠮᠨᠠᠬᠤ ᠡᠯᠧᠺᠳ᠋ᠷᠣᠨ ᠦᠨᠡᠮᠯᠡᠯ᠎ᠢ ᠭᠤᠤᠯᠳᠠᠭᠤ ᠬᠠᠮᠢᠶ᠎ᠠ ᠪᠥᠬᠦᠶ ᠴᠣᠩᠬᠤᠪᠴᠢ ᠵᠢᠨ ᠲᠤᠬᠠᠶ᠋ᠢᠯᠠᠭᠰᠠᠨ ᠠᠵᠢᠯ᠎ᠢ ᠭᠦᠢ᠍ᠴᠡᠳᠬᠡᠬᠦ᠎ᠳᠤ ᠬᠡᠷᠡᠭᠯᠡᠨ᠎ᠡ᠃
    ᠣᠶ᠋ᠢᠯᠠᠭ᠋ᠠᠭᠰᠠᠨ ᠵᠶ᠋ᠠᠷ᠂ ᠡᠨᠡ ᠵᠢᠯ᠎ᠤᠨ 7 ᠳ᠋ᠤᠭ᠋ᠠᠷ ᠰᠠᠷ᠎ᠠ ᠵᠢᠨ 1᠎ᠤ ᠡᠳᠦᠷ ᠳᠣᠲᠣᠭ᠋ᠠᠳᠤ ᠵᠢ ᠬᠠᠮᠠᠭ᠋ᠠᠯᠠᠬᠤ ᠶᠠᠮᠤᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠥᠭᠡᠷᠡᠴᠢᠯᠡᠯᠲᠡ ᠵᠢᠨ 8 ᠰᠢᠨ᠎ᠡ ᠠᠷᠭ᠎ᠠ ᠬᠡᠮᠵᠢᠶ᠎ᠡ ᠵᠢ ᠭᠠᠷᠭ᠋ᠠᠭᠰᠠᠨ᠎ᠠᠴᠠ ᠨᠠᠭ᠋ᠠᠰᠢ᠂ 1 ᠳ᠋ᠦᠩᠰᠢᠭᠤᠷ ᠭᠠᠷᠤᠶ ᠬᠥᠮᠦᠨ ᠤᠳᠠᠭ᠎ᠠ᠎ᠳᠤ ᠠᠰᠢᠭ ᠬᠦᠷᠲᠡᠭᠡᠵᠦ᠂ ᠣᠯᠠᠨ ᠲᠦᠮᠡᠨ᠎ᠤ ᠪᠠ ᠠᠵᠤ ᠠᠬᠤᠶ᠋ᠢᠯᠠᠯ᠎ᠤᠨ ᠳᠠᠷᠤᠭ᠋ᠠᠰᠤ ᠵᠢ 40 ᠳ᠋ᠦᠩᠰᠢᠭᠤᠷ ᠲᠥᠭᠦᠷᠢᠭ ᠬᠥᠩᠭᠡᠯᠡᠭᠰᠡᠨ ᠪᠠᠶ᠋ᠢᠨ᠎ᠠ᠃
 

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠡᠮᠴᠢᠯᠡᠭᠡᠨ᠎ᠤ ᠪᠠᠶ᠋ᠢᠭᠤᠯᠤᠮᠵᠢ ᠵᠢᠨ ᠪᠠᠶ᠋ᠢᠴᠠᠭ᠋ᠠᠨ ᠰᠢᠯᠭ᠋ᠠᠭᠰᠠᠨ ᠦᠷ᠎ᠡ ᠳ᠋ᠦᠩ᠎ᠢ ᠬᠠᠷᠢᠯᠴᠠᠨ ᠮᠡᠳᠡᠷᠡᠬᠦ ᠵᠢ ᠠᠬᠢᠭᠤᠯᠤᠨ᠎ᠠ! ᠳᠣᠯᠣᠭ᠋ᠠᠨ ᠰᠠᠯᠠᠭ᠎ᠠ ᠮᠥᠴᠢᠷ ᠠᠯᠪᠠᠨ ᠪᠢᠴᠢᠭ ᠳᠠᠷᠤᠮᠠᠯᠯᠠᠨ ᠶᠠᠪᠤᠭᠤᠯᠪᠠ
ᠡᠳ᠋᠎ᠤᠨ ᠵᠠᠰᠠᠭ᠎ᠤᠨ ᠶᠠᠮᠤᠨ᠂ ᠰᠤᠷᠭ᠋ᠠᠨ ᠬᠥᠮᠦᠵᠢᠯ᠎ᠤᠨ ᠶᠠᠮᠤᠨ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ᠎ᠤ ᠬᠤᠯᠪᠣᠭᠳᠠᠯ ᠪᠦᠬᠦᠢ ᠵᠤᠷᠭ᠋ᠠᠨ ᠲᠣᠪᠴᠢᠶᠠᠨ᠎ᠤ ᠬᠠᠷᠢᠭᠤᠴᠠᠯᠭ᠋ᠠᠲᠠᠳ ᠰᠣᠷᠣᠭᠴᠢᠳ᠎ᠢ ᠡᠳ᠋ ᠮᠥᠩᠭᠦ᠎ᠪᠠᠷ ᠲᠤᠰᠠᠯᠠᠬᠤ ᠲᠥᠷᠥ ᠵᠢᠨ ᠪᠣᠳᠣᠯᠭ᠎ᠠ᠎ᠳᠤ ᠲᠣᠬᠢᠷᠠᠭᠤᠯᠤᠯᠲᠠ ᠬᠢᠭᠰᠡᠨ ᠲᠤᠬᠠᠢ ᠰᠤᠷᠪᠤᠯᠵᠢᠯᠠᠭᠴᠢ ᠵᠢᠨ ᠬᠤᠯᠪᠣᠭᠳᠠᠯ ᠪᠦᠬᠦᠢ ᠠᠰᠠᠭᠤᠯᠲᠠ᠎ᠨᠤᠭᠤᠳ᠎ᠢ ᠬᠠᠷᠢᠭᠤᠯᠪᠠ
ᠠᠵᠤ ᠠᠬᠤᠢ ᠵᠢᠨ ᠦᠷᠭᠦᠯᠵᠢᠯᠡᠨ ᠳᠡᠭᠡᠭᠰᠢᠯᠡᠯᠲᠡ ᠵᠢᠨ ᠳᠤᠮᠳᠠ ᠰᠠᠶ᠋ᠢᠵᠢᠷᠠᠬᠤ ᠵᠢ ᠠᠬᠢᠭᠤᠯᠤᠨ᠎ᠠ
ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠰᠢᠯᠢᠳᠡᠭᠵᠢᠭᠦᠯᠬᠦ 40 ᠵᠤᠷᠪᠤᠰ ᠪᠣᠳᠠᠲᠠᠢ ᠠᠷᠭ᠎ᠠ ᠬᠡᠮᠵᠢᠶ᠎ᠡ ᠵᠢ ᠨᠡᠶ᠋ᠢᠲᠡᠯᠡᠪᠡ!
5 ᠲᠠᠯ᠎ᠠ ᠵᠢᠨ 20 ᠭᠤᠣᠯᠳᠠᠯᠭ᠎ᠠ᠎ᠲᠠᠢ ᠡᠭᠦᠷᠭᠡ! ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ ᠬᠠᠮᠤᠭ᠎ᠤᠨ ᠰᠢᠨ᠎ᠡ᠎ᠪᠠᠷ ᠳᠠᠷᠤᠮᠠᠯᠯᠠᠨ ᠲᠠᠷᠬᠠᠭ᠋ᠠᠪᠠ
 
            