8 ᠰᠠᠷ᠎ᠠ ᠵᠢᠨ 13᠎ᠤ ᠡᠳᠦᠷ᠂ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠦᠭᠦᠳᠠ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠶ᠋ᠢᠯᠪᠤᠷᠢᠯᠠᠬᠤ ᠪᠦᠯᠭᠦᠮ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ ᠵᠢᠨ ᠪᠠᠶ᠋ᠢᠭᠤᠯᠭ᠎ᠠ ᠪᠣᠯᠣᠨ ᠰᠢᠯᠢ ᠵᠢᠨ ᠭᠤᠣᠯ ᠠᠶ᠋ᠢᠮᠠᠭ᠎ᠲᠤ ᠭᠦᠨᠵᠡᠭᠡᠶ᠋ᠢᠷᠡᠨ ᠤᠬᠠᠭᠤᠯᠤᠨ ᠲᠠᠶ᠋ᠢᠯᠪᠤᠷᠢᠯᠠᠪᠠ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ ᠵᠢᠨ ᠪᠠᠶ᠋ᠢᠭᠤᠯᠭ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠶ᠋ᠢᠯᠪᠤᠷᠢᠯᠠᠬᠤ ᠪᠦᠯᠭᠦᠮ᠎ᠤᠨ ᠪᠦᠷᠢᠯᠳᠦᠭᠦᠨ᠂ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠬᠢᠨᠠᠨ ᠪᠠᠶ᠋ᠢᠴᠠᠭ᠋ᠠᠬᠤ ᠵᠥᠪᠯᠡᠯ᠎ᠤᠨ ᠳᠡᠳ᠋ ᠡᠷᠭᠢᠯᠡᠭᠴᠢ ᠴᠧᠨ ᠵᠢᠢ ᠴᠢᠩ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠴᠢᠬᠤᠯᠠ ᠶᠡᠭᠡ ᠠᠴᠢ ᠬᠤᠯᠪᠣᠭᠳᠠᠯ᠂ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠣᠶ᠋ᠢᠯᠠᠭ᠋ᠠᠬᠤ᠂ 《ᠲᠣᠭᠲᠠᠭ᠋ᠠᠯ》᠎ᠳᠤ ᠳᠤᠷᠠᠳᠤᠭᠰᠠᠨ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠵᠢ ᠪᠦᠭᠦ ᠲᠠᠯ᠎ᠠ᠎ᠪᠠᠷ ᠣᠨᠣᠪᠴᠢᠲᠠᠶ ᠣᠶ᠋ᠢᠯᠠᠭ᠋ᠠᠬᠤ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠨᠠᠢ᠍ᠮᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠤᠯ᠎ᠤᠨ ᠰᠢᠨ᠎ᠡ ᠬᠠᠭᠤᠳᠠᠰᠤ ᠵᠢ ᠪᠢᠴᠢᠭᠯᠡᠬᠦ ᠵᠡᠷᠭᠡ 4 ᠲᠠᠯ᠎ᠠ᠎ᠠᠴᠠ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢᠨ ᠲᠤᠬᠠᠢ ᠭᠦᠨᠵᠡᠭᠡᠢ ᠨᠠᠷᠢᠯᠢᠭ ᠲᠠᠶ᠋ᠢᠯᠪᠤᠷᠢᠯᠠᠯᠲᠠ ᠬᠢᠵᠡᠢ᠃ ᠤᠬᠠᠭᠤᠯᠤᠨ ᠲᠠᠶ᠋ᠢᠯᠪᠤᠷᠢᠯᠠᠬᠤ ᠮᠡᠳᠡᠭᠦᠯᠦᠯᠲᠡ᠎ᠨᠢ ᠭᠤᠣᠯ ᠰᠡᠳᠦᠪ᠎ᠤᠨ ᠲᠣᠭᠤᠷᠢᠨ᠎ᠳᠤ᠂ ᠠᠯᠤᠰ ᠭᠡᠳᠦ ᠵᠢᠨ ᠵᠣᠷᠢᠯᠲᠠ᠎ᠲᠠᠢ᠂ ᠪᠦᠭᠦ ᠲᠠᠯ᠎ᠠ ᠵᠢᠨ ᠰᠢᠰᠲ᠋ᠧᠮ᠎ᠲᠠᠢ᠂ ᠭᠤᠣᠯᠳᠠᠯᠭ᠎ᠠ ᠲᠣᠪᠣᠶ᠋ᠢᠮ᠎ᠠ ᠪᠠᠶ᠋ᠢᠵᠤ᠂ ᠡᠯᠪᠡᠭ ᠪᠠᠶᠠᠯᠢᠭ ᠠᠭᠤᠯᠭ᠎ᠠ᠎ᠪᠠᠷ ᠶᠠᠪᠤᠭᠳᠠᠵᠠᠢ᠃
ᠮᠡᠳᠡᠭᠦᠯᠦᠯᠲᠡ ᠵᠢ ᠰᠣᠨᠣᠰᠤᠭᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ ᠵᠢᠨ ᠰᠤᠳᠤᠯᠬᠤ ᠲᠠᠰᠤᠭ᠎ᠤᠨ ᠺᠠᠳ᠋ᠷ ᠯᠢᠦ ᠵᠢᠶᠠ ᠶᠤᠸᠠᠨ᠂ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠳᠤ 《ᠪᠦᠭᠦ ᠶᠠᠪᠤᠴᠠ ᠵᠢᠨ ᠠᠷᠠᠳ᠎ᠤᠨ ᠠᠷᠠᠳᠴᠢᠯᠠᠯ᠎ᠢ ᠬᠥᠭᠵᠢᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠬᠦ》 ᠵᠢ 《ᠳᠤᠯᠤᠭ᠋ᠠᠨ ᠠᠩᠬᠠᠷᠤᠯ ᠵᠶ᠋ᠠᠨ ᠲᠥᠪᠯᠡᠷᠡᠭᠦᠯᠬᠦ》 ᠵᠢᠨ ᠨᠢᠭᠡ ᠪᠣᠯᠭ᠋ᠠᠵᠠᠢ᠃ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠭᠤᠯᠭ᠎ᠠ ᠵᠢᠨ ᠨᠢᠭᠡᠨ ᠵᠠᠯᠠᠭᠤ ᠺᠠᠳ᠋ᠷ ᠪᠣᠯᠤᠭᠰᠠᠨ᠎ᠤ ᠬᠤᠪᠢ᠎ᠳᠤ᠂ ᠡᠭᠦᠷᠭᠡ ᠢᠷᠠᠭᠤ ᠠᠯᠳᠠᠷᠲᠠᠢ᠂ ᠬᠠᠷᠢᠭᠤᠴᠠᠯᠭ᠎ᠠ ᠬᠦᠨᠳᠦ ᠶᠡᠭᠡ ᠭᠡᠳᠡᠭ᠎ᠢ ᠭᠦᠨᠵᠡᠭᠡᠢ ᠮᠡᠳᠡᠷᠡᠵᠦ ᠪᠠᠶ᠋ᠢᠨ᠎ᠠ᠃ ᠬᠤᠶ᠋ᠢᠰᠢᠳᠠ ᠵᠢᠨ ᠠᠵᠢᠯ ᠳᠤᠮᠳᠠ᠂ ᠡᠭᠦᠷᠭᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭ᠋ᠠᠢ ᠭᠦᠢ᠍ᠴᠡᠳᠬᠡᠵᠦ᠂ ᠢᠳᠡᠪᠬᠢᠲᠡᠢ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠵᠤ᠂ ᠪᠦᠭᠦ ᠶᠠᠪᠤᠴᠠ ᠵᠢᠨ ᠠᠷᠠᠳ᠎ᠤᠨ ᠠᠷᠠᠳᠴᠢᠯᠠᠯ᠎ᠢ ᠯᠠᠪᠳᠠᠭᠤᠨ ᠪᠠᠲᠤᠲᠠᠢ ᠠᠬᠢᠭᠤᠯᠵᠤ᠂ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠬᠤ᠂ ᠰᠠᠶ᠋ᠢᠲᠤᠷ ᠤᠬᠠᠭᠤᠯᠬᠤ᠂ ᠰᠠᠶ᠋ᠢᠲᠤᠷ ᠲᠤᠭᠤᠰᠢᠯᠠᠭᠤᠯᠬᠤ᠎ᠳᠤ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠢᠯᠡᠳᠬᠡᠪᠡ᠃
ᠰᠢᠯᠢ ᠵᠢᠨ ᠭᠤᠣᠯ ᠠᠶ᠋ᠢᠮᠠᠭ᠎ᠲᠤ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠶ᠋ᠢᠯᠪᠤᠷᠢᠯᠠᠬᠤ ᠪᠦᠯᠭᠦᠮ᠎ᠤᠨ ᠪᠦᠷᠢᠯᠳᠦᠭᠦᠨ᠂ ᠦᠢ᠍ᠯᠡᠳᠦᠯᠭᠡ ᠰᠡᠳᠬᠦᠯ᠎ᠤᠨ ᠬᠤᠷᠢᠶ᠎ᠠ ᠵᠢᠨ ᠶᠡᠷᠦᠩᠬᠡᠢ ᠨᠠᠶ᠋ᠢᠷᠠᠭᠤᠯᠤᠭᠴᠢ ᠵᠠᠩ ᠢ ᠮᠢᠨ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠶᠡᠷᠦᠩᠬᠡᠢ ᠪᠠᠶ᠋ᠢᠳᠠᠯ᠂ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠣᠶ᠋ᠢᠯᠠᠭ᠋ᠠᠬᠤ᠂ 《ᠲᠣᠭᠲᠠᠭ᠋ᠠᠯ》᠎ᠳᠤ ᠳᠤᠷᠠᠳᠤᠭᠰᠠᠨ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠤᠯᠠᠨ ᠨᠢᠭᠡ ᠠᠯᠬᠤᠮ ᠭᠦᠨᠵᠡᠭᠡᠶ᠋ᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠵᠢ ᠪᠦᠭᠦ ᠲᠠᠯ᠎ᠠ᠎ᠪᠠᠷ ᠣᠨᠣᠪᠴᠢᠲᠠᠶ ᠣᠶ᠋ᠢᠯᠠᠭ᠋ᠠᠬᠤ᠂ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠪᠦᠭᠦ ᠬᠦᠴᠦᠨ ᠵᠶ᠋ᠠᠷ ᠵᠶ᠋ᠠᠨ ᠰᠠᠶ᠋ᠢᠲᠤᠷ ᠠᠳᠬᠤᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠨᠠᠢ᠍ᠮᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠤᠯ᠎ᠤᠨ ᠰᠢᠨ᠎ᠡ ᠬᠠᠭᠤᠳᠠᠰᠤ ᠵᠢ ᠪᠢᠴᠢᠭᠯᠡᠬᠦ ᠵᠡᠷᠭᠡ 4 ᠲᠠᠯ᠎ᠠ᠎ᠪᠠᠷ ᠲᠠᠶ᠋ᠢᠯᠤᠮᠵᠢ ᠬᠢᠪᠡ᠃
ᠰᠢᠯᠢ ᠵᠢᠨ ᠭᠤᠣᠯ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠦᠷᠦ ᠤᠨᠤᠯ᠎ᠤᠨ ᠬᠡᠯᠲᠡᠰ᠎ᠤᠨ ᠳᠡᠳ᠋ ᠫᠷᠤᠹᠧᠰᠰᠤᠷ ᠮᠢ ᠡᠯ ᠸᠧᠨ ᠤᠬᠠᠭᠤᠯᠤᠨ ᠲᠠᠶ᠋ᠢᠯᠪᠤᠷᠢᠯᠠᠬᠤ ᠵᠢ ᠨᠠᠷᠢᠨ ᠬᠢᠨᠠᠮᠠᠭ᠋ᠠᠢ ᠰᠣᠨᠣᠰᠤᠭᠰᠠᠨ᠎ᠤ ᠳᠠᠷᠠᠭ᠎ᠠ᠄ 《ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ᠎ᠤᠨ ᠪᠠᠭᠰᠢ ᠪᠠ ᠦᠨᠳᠦᠰᠦᠨ ᠱᠠᠲᠤᠨ᠎ᠤ ᠤᠨᠤᠯ᠎ᠤᠨ ᠤᠬᠠᠭᠤᠯᠤᠨ ᠲᠠᠶ᠋ᠢᠯᠪᠤᠷᠢᠯᠠᠭᠴᠢ ᠪᠣᠯᠤᠭᠰᠠᠨ᠎ᠤ ᠬᠤᠪᠢ᠎ᠳᠤ᠂ ᠬᠤᠶ᠋ᠢᠰᠢᠳᠠ ᠪᠢ ᠪᠦᠭᠦᠳᠠ ᠬᠤᠷᠠᠯ᠎ᠤᠨ ᠵᠣᠷᠢᠭ ᠰᠠᠨᠠᠭ᠎ᠠ ᠵᠢᠨ ᠰᠤᠷᠤᠯᠴᠠᠯᠭ᠎ᠠ᠎ᠪᠠᠨ ᠦᠷᠭᠦᠯᠵᠢᠯᠡᠨ ᠴᠢᠩᠭ᠋ᠠᠳᠬᠠᠵᠤ᠂ ᠦᠨᠳᠦᠰᠦᠨ ᠱᠠᠲᠤᠨ᠎ᠤ ᠤᠬᠠᠭᠤᠯᠤᠨ ᠲᠠᠶ᠋ᠢᠯᠪᠤᠷᠢᠯᠠᠬᠤ ᠠᠵᠢᠯ᠎ᠢ ᠰᠠᠶ᠋ᠢᠲᠤᠷ ᠬᠢᠬᠦ ᠵᠢᠨ ᠬᠠᠮᠲᠤ ᠵᠢᠭ᠋ᠠᠨ ᠰᠤᠷᠭ᠋ᠠᠯᠲᠠ ᠳᠤᠮᠳᠠ᠎ᠪᠠᠨ ᠡᠷᠳᠡᠮ ᠰᠢᠨᠵᠢᠯᠡᠭᠡᠨ᠎ᠤ ᠴᠢᠨᠠᠷ ᠪᠠ ᠦᠵᠡᠯ ᠰᠠᠨᠠᠭ᠋ᠠᠴᠢ ᠴᠢᠨᠠᠷ᠎ᠢ ᠤᠶᠠᠯᠳᠤᠭᠤᠯᠵᠤ᠂ ᠤᠨᠤᠯ᠎ᠤᠨ ᠴᠢᠨᠠᠷ ᠪᠠ ᠦᠢ᠍ᠯᠡᠳᠦᠯᠭᠡ ᠵᠢᠨ ᠴᠢᠨᠠᠷ᠎ᠢ ᠤᠶᠠᠯᠳᠤᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠤᠯ᠎ᠤᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ᠎ᠳᠤ ᠥᠪᠡᠷ᠎ᠤᠨ ᠬᠦᠴᠦᠨ ᠴᠢᠳᠠᠯ ᠵᠶ᠋ᠠᠨ ᠡᠷᠭᠦᠨ᠎ᠡ》 ᠭᠡᠪᠡ᠃
ᠵᠠᠩ ᠢ ᠮᠢᠨ ᠪᠠᠰᠠ ᠰᠢᠯᠢᠩᠬᠤᠲᠠ ᠵᠢᠨ ᠬᠠᠮ ᠵᠠᠭᠤᠴᠢᠯᠠᠭᠤᠷ᠎ᠤᠨ ᠲᠥᠪ᠎ᠲᠤ ᠬᠦᠷᠴᠦ᠂ ᠰᠣᠨᠢᠨ ᠮᠡᠳᠡᠭᠡᠨ᠎ᠤ ᠠᠵᠢᠯᠲᠠᠳ᠎ᠲᠤ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠦᠭᠦᠳᠠ ᠬᠤᠷᠠᠯ᠎ᠤᠨ ᠵᠣᠷᠢᠭ ᠰᠠᠨᠠᠭ᠎ᠠ ᠵᠢ ᠤᠬᠠᠭᠤᠯᠤᠨ ᠲᠠᠶ᠋ᠢᠯᠪᠤᠷᠢᠯᠠᠬᠤ ᠵᠢᠨ ᠬᠠᠮᠲᠤ ᠭᠤᠣᠯ ᠵᠠᠭᠤᠴᠢᠯᠠᠭᠤᠷ᠎ᠤᠨ ᠰᠢᠰᠲ᠋ᠧᠮ᠎ᠳᠦ ᠴᠢᠨᠠᠷᠲᠠᠢ ᠬᠤᠪᠢᠰᠤᠯᠲᠠ ᠵᠢ ᠬᠡᠷᠬᠢᠨ ᠠᠬᠢᠭᠤᠯᠬᠤ ᠵᠡᠷᠭᠡ ᠠᠰᠠᠭᠤᠳᠠᠯ᠎ᠤᠨ ᠲᠤᠬᠠᠢ ᠤᠯᠠᠨ᠎ᠲᠠᠢ ᠰᠠᠨᠠᠯ ᠵᠶ᠋ᠠᠨ ᠰᠣᠯᠢᠯᠴᠠᠵᠤ᠂ ᠲᠤᠬᠠᠢ ᠵᠢᠨ ᠲᠠᠯᠠᠪᠠᠢ ᠵᠢᠨ ᠠᠭᠤᠷ ᠠᠮᠢᠰᠬᠤᠯ ᠮᠠᠰᠢ ᠬᠥᠭᠵᠢᠶᠡᠨ᠎ᠲᠠᠢ ᠪᠠᠶ᠋ᠢᠯ᠎ᠠ᠃
《ᠬᠤᠶ᠋ᠢᠰᠢᠳᠠ ᠵᠢᠨ ᠠᠵᠢᠯ᠎ᠤᠨ ᠳᠤᠮᠳᠠ᠎ᠪᠠᠨ ᠪᠢ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠪᠠᠷ ᠵᠢᠯᠣᠭᠤᠳᠤᠯᠭ᠎ᠠ ᠪᠤᠯᠭ᠋ᠠᠵᠤ᠂ ᠴᠠᠭ ᠢᠮᠠᠭᠲᠠ ᠰᠣᠨᠢᠨ ᠮᠡᠳᠡᠭᠡᠨ᠎ᠤ ᠰᠡᠷᠭᠡᠭ ᠮᠡᠳᠡᠷᠡᠮᠵᠢ᠎ᠲᠠᠢ ᠪᠠᠶ᠋ᠢᠵᠤ᠂ ᠴᠠᠭ ᠦᠶ᠎ᠡ ᠵᠢᠨ ᠬᠤᠪᠢᠷᠠᠯᠲᠠ ᠵᠢ ᠲᠤᠰᠬᠠᠭᠰᠠᠨ᠂ ᠥᠭᠡᠷᠡᠴᠢᠯᠡᠯᠲᠡ ᠵᠢᠨ ᠦᠷ᠎ᠡ ᠪᠦᠲᠦᠮᠵᠢ ᠵᠢ ᠢᠯᠡᠷᠡᠭᠦᠯᠦᠭᠰᠡᠨ ᠰᠣᠨᠢᠨ ᠮᠡᠳᠡᠭᠡᠨ᠎ᠤ ᠪᠣᠷᠣ ᠮᠠᠲ᠋ᠧᠷᠢᠶᠠᠯ᠎ᠢ ᠭᠦᠨᠵᠡᠭᠡᠢ ᠠᠭᠤᠳᠠᠯᠵᠤ᠂ ᠥᠭᠡᠷᠡᠴᠢᠯᠡᠯᠲᠡ᠎ᠳᠤ ᠰᠠᠶ᠋ᠢᠨ ᠰᠠᠶ᠋ᠢᠬᠠᠨ ᠶᠠᠷᠢᠶ᠎ᠠ ᠬᠡᠯᠡᠯᠴᠡᠭᠡᠨ᠎ᠤ ᠠᠭᠤᠷ ᠠᠮᠢᠰᠬᠤᠯ᠎ᠢ ᠪᠤᠶ ᠪᠤᠯᠭ᠋ᠠᠬᠤ᠎ᠪᠠᠷ ᠴᠢᠷᠮᠠᠶ᠋ᠢᠨ᠎ᠠ》 ᠭᠡᠵᠦ ᠰᠢᠯᠢᠩᠬᠤᠲᠠ ᠵᠢᠨ ᠬᠠᠮ ᠵᠠᠭᠤᠴᠢᠯᠠᠭᠤᠷ᠎ᠤᠨ ᠲᠥᠪ᠎ᠤᠨ ᠶᠡᠷᠦᠩᠬᠡᠢ ᠨᠠᠶ᠋ᠢᠷᠠᠭᠤᠯᠤᠭᠴᠢ ᠵᠢᠨ ᠠᠯᠪᠠᠨ ᠭᠡᠷ᠎ᠤᠨ ᠳᠡᠳ᠋ ᠡᠷᠭᠢᠯᠡᠭᠴᠢ ᠮᠧᠨ ᠵᠢᠩ ᠬᠡᠯᠡᠪᠡ᠃