ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠪᠦᠭᠦᠳᠡ ᠬᠤᠷᠠᠯᠳᠤᠭ᠋ᠠᠨ᠎ᠤ 《ᠲᠣᠭᠲᠠᠭ᠋ᠠᠯ》᠎ᠳᠠᠬᠢ ᠡᠳᠡᠭᠡᠷ ᠨᠡᠷ᠎ᠡ ᠦᠭᠡᠰ᠎ᠢ ᠣᠶ᠋ᠢᠯᠠᠭ᠋ᠠᠶ᠎ᠠ (ᠲᠠᠪᠤ)
ᠨᠡᠶᠢᠲᠡᠯᠡᠭᠰᠡᠨ ᠴᠠᠭ᠄ 2024-10-06


         《ᠤᠬᠠᠭᠳᠠᠬᠤᠨ᠎ᠢ ᠰᠢᠯᠭ᠋ᠠᠨ ᠨᠤᠲᠠᠯᠠᠬᠤ》
        ᠤᠬᠠᠭᠳᠠᠬᠤᠨ᠎ᠢ ᠰᠢᠯᠭ᠋ᠠᠨ ᠨᠤᠲᠠᠯᠠᠬᠤ ᠭᠡᠳᠡᠭ᠎ᠨᠢ ᠮᠡᠷᠭᠡᠵᠢᠯ᠂ ᠵᠠᠬ᠎ᠠ ᠳᠡᠯᠭᠡᠭᠦᠷ᠂ ᠠᠵᠤ ᠦᠢ᠍ᠯᠡᠰ ᠵᠡᠷᠭᠡ ᠲᠠᠯ᠎ᠠ᠎ᠠᠴᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠰᠢᠯᠭ᠋ᠠᠨ ᠪᠠᠲᠤᠯᠠᠵᠤ᠂ ᠮᠡᠷᠭᠡᠵᠢᠯ᠎ᠤᠨ ᠪᠣᠯᠤᠮᠵᠢᠲᠤ ᠴᠢᠨᠠᠷ᠎ᠢ ᠰᠢᠯᠭ᠋ᠠᠨ ᠨᠤᠲᠠᠯᠠᠬᠤ ᠵᠢᠨ ᠬᠠᠮᠲᠤ ᠬᠤᠳᠠᠯᠳᠤᠭ᠋ᠠᠨ᠎ᠤ ᠥᠷᠲᠡᠭ᠎ᠢ᠎ᠨᠢ ᠮᠠᠭ᠋ᠠᠳᠯᠠᠵᠤ᠂ ᠵᠠᠬ᠎ᠠ ᠳᠡᠯᠭᠡᠭᠦᠷ᠎ᠤᠨ ᠳᠠᠯᠳᠠ ᠬᠦᠴᠦᠨ᠎ᠢ᠎ᠨᠢ ᠦᠨᠡᠯᠡᠨ ᠵᠢᠱ᠌ᠢᠬᠦ ᠵᠣᠷᠢᠯᠲᠠ᠎ᠲᠠᠢ ᠪᠠᠶ᠋ᠢᠵᠤ᠂ ᠨᠡᠶ᠋ᠢᠭᠡᠮ᠎ᠤᠨ ᠬᠥᠷᠥᠩᠭᠡ ᠵᠢ ᠲᠠᠲᠠᠭ᠋ᠠᠳ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠦᠢ᠍ᠯᠡᠳᠬᠦᠨ ᠪᠣᠯᠭ᠋ᠠᠬᠤ᠂ ᠵᠠᠬ᠎ᠠ ᠳᠡᠯᠭᠡᠭᠦᠷᠴᠢᠯᠡᠭᠰᠡᠨ ᠠᠵᠤ ᠦᠢ᠍ᠯᠡᠰᠵᠢᠯᠲᠡ ᠵᠢᠨ ᠬᠡᠷᠡᠭᠯᠡᠯᠲᠡ ᠵᠢᠨ ᠱᠠᠲᠤᠨ᠎ᠳᠤ ᠣᠷᠣᠬᠤ ᠵᠢ ᠠᠬᠢᠭᠤᠯᠬᠤ ᠵᠢᠨ ᠴᠢᠬᠤᠯᠠ ᠭᠤᠭᠴᠤᠭ᠎ᠠ ᠪᠣᠯᠤᠨ᠎ᠠ᠃
        《ᠤᠯᠤᠰ᠎ᠤᠨ ᠬᠤᠷᠸ᠎ᠠ ᠪᠡᠯᠡ ᠬᠥᠷᠥᠩᠭᠡ ᠵᠢᠨ ᠥᠷᠢ ᠰᠢᠷᠢ ᠵᠢᠨ ᠬᠦᠰᠦᠨᠦᠭᠲᠦ》
        ᠤᠯᠤᠰ᠎ᠤᠨ ᠬᠤᠷᠸ᠎ᠠ ᠪᠡᠯᠡ ᠬᠥᠷᠥᠩᠭᠡ ᠵᠢᠨ ᠥᠷᠢ ᠰᠢᠷᠢ ᠵᠢᠨ ᠬᠦᠰᠦᠨᠦᠭᠲᠦ ᠪᠣᠯ ᠨᠢᠭᠡ ᠤᠯᠤᠰ ᠪᠤᠶᠤ ᠭᠠᠵᠠᠷ ᠣᠷᠣᠨ᠎ᠤ ᠣᠨᠴᠠ ᠲᠣᠭᠲᠠᠭᠰᠠᠨ ᠴᠠᠭ ᠬᠤᠭᠤᠴᠠᠭ᠋ᠠᠨ᠎ᠳᠤ ᠡᠵᠡᠮᠰᠢᠵᠦ ᠪᠠᠶ᠋ᠢᠭ᠎ᠠ ᠡᠳ᠋ ᠬᠥᠷᠥᠩᠭᠡ᠂ ᠥᠷᠢ ᠰᠢᠷᠢ ᠵᠢᠨ ᠶᠡᠷᠦᠩᠬᠡᠶ ᠬᠡᠮᠵᠢᠶ᠎ᠡ ᠵᠢᠴᠢ ᠪᠦᠲᠦᠴᠡ ᠵᠢ ᠶᠡᠷᠦᠩᠬᠡᠶ᠋ᠢᠯᠡᠨ ᠲᠤᠰᠬᠠᠬᠤ ᠪᠦᠷᠢᠳᠬᠡᠯ᠎ᠤᠨ ᠬᠦᠰᠦᠨᠦᠭᠲᠦ ᠪᠣᠯᠣᠨ᠎ᠠ᠂ ᠡᠭᠦᠨ᠎ᠳᠤ ᠵᠠᠰᠠᠭ᠎ᠤᠨ ᠣᠷᠳᠣᠨ᠂ ᠰᠠᠭᠤᠭ᠋ᠠᠯᠢ ᠡᠷᠦᠬᠡ᠂ ᠮᠥᠩᠭᠦᠨ ᠭᠦᠢ᠍ᠯᠭᠡᠭᠡᠨ᠎ᠤ ᠪᠤᠰᠤ ᠠᠵᠤ ᠠᠬᠤᠶ᠋ᠢᠯᠠᠯ᠂ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠡᠷᠭᠡ ᠡᠯ᠎ᠡ ᠰᠠᠯᠠᠭ᠎ᠠ ᠮᠥᠴᠢᠷ ᠪᠠᠶ᠋ᠢᠭᠤᠯᠤᠮᠵᠢ ᠵᠢᠨ ᠡᠵᠡᠮᠰᠢᠵᠦ ᠪᠠᠶ᠋ᠢᠭ᠎ᠠ ᠡᠳ᠋ ᠬᠥᠷᠥᠩᠭᠡ ᠬᠢᠭᠡᠳ ᠥᠷᠢ ᠰᠢᠷᠢ ᠵᠢᠨ ᠬᠡᠪᠴᠢᠶ᠎ᠡ ᠪᠠ ᠪᠦᠲᠦᠴᠡ ᠪᠠᠭᠲᠠᠨ᠎ᠠ᠃ ᠤᠯᠤᠰ᠎ᠤᠨ ᠬᠤᠷᠸ᠎ᠠ ᠪᠡᠯᠡ ᠬᠥᠷᠥᠩᠭᠡ ᠵᠢᠨ ᠥᠷᠢ ᠰᠢᠷᠢ ᠵᠢᠨ ᠬᠦᠰᠦᠨᠦᠭᠲᠦ᠎ᠨᠢ ᠨᠢᠭᠡ ᠤᠯᠤᠰ᠎ᠤᠨ ᠣᠯᠠᠨ ᠵᠢᠯ᠎ᠤᠨ ᠠᠵᠤ ᠠᠬᠤᠢ ᠵᠢᠨ ᠨᠡᠮᠡᠭᠳᠡᠯ᠎ᠠᠴᠠ ᠪᠤᠢ ᠪᠣᠯᠣᠭᠰᠠᠨ ᠡᠳ᠋ ᠪᠠᠶᠠᠯᠢᠭ᠎ᠤᠨ ᠬᠤᠷᠠᠮᠳᠤᠭᠤᠯᠭ᠎ᠠ ᠵᠢ ᠬᠡᠮᠵᠢᠵᠦ ᠪᠣᠯᠬᠤ ᠪᠥᠭᠡᠳ᠂ ᠤᠯᠤᠰ᠎ᠤᠨ ᠠᠵᠤ ᠠᠬᠤᠢ ᠵᠢᠨ ᠬᠤᠪᠢᠷᠠᠯᠲᠠ ᠵᠢᠨ ᠬᠠᠨᠳᠤᠰᠢ ᠪᠠ ᠡᠷᠡᠭᠦᠯ ᠮᠡᠨᠳᠦ ᠵᠢᠨ ᠪᠠᠶ᠋ᠢᠳᠠᠯ᠎ᠢ ᠦᠯᠡᠳᠡᠭᠡᠯ ᠬᠠᠷᠠᠭ᠋ᠠᠰᠤ᠎ᠠᠴᠠ ᠵᠠᠳᠠᠯᠬᠤ᠎ᠳᠤ ᠬᠡᠷᠡᠭᠯᠡᠨ᠎ᠡ᠃
         《ᠵᠢᠱ᠌ᠢᠯᠲᠡ ᠵᠢᠨ ᠬᠠᠮᠢᠶᠠᠷᠤᠯᠲᠠ》
        ᠵᠢᠱ᠌ᠢᠯᠲᠡ ᠵᠢᠨ ᠬᠠᠮᠢᠶᠠᠷᠤᠯᠲᠠ ᠪᠣᠯ ᠬᠤᠷᠸ᠎ᠠ ᠠᠵᠤ ᠠᠬᠤᠶ ᠵᠢᠨ ᠵᠠᠰᠠᠯᠲᠠ ᠵᠢᠨ ᠴᠢᠬᠤᠯᠠ ᠠᠭᠤᠯᠭ᠎ᠠ ᠪᠠᠶ᠋ᠢᠵᠤ᠂ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠤᠳ ᠲᠥᠷᠥ ᠵᠢᠨ ᠪᠣᠳᠣᠯᠭ᠎ᠠ ᠵᠢ ᠲᠠᠶ᠋ᠢᠯᠬᠤ᠂ ᠮᠡᠳᠡᠭᠡ ᠵᠠᠩᠭᠢ ᠵᠢ ᠢᠯᠡ ᠪᠣᠯᠭ᠋ᠠᠬᠤ᠂ ᠰᠣᠨᠢᠨ ᠮᠡᠳᠡᠭᠡ ᠨᠡᠶ᠋ᠢᠲᠡᠯᠡᠬᠦ ᠵᠡᠷᠭᠡ ᠠᠷᠭ᠎ᠠ ᠮᠠᠶᠢᠭ ᠵᠶ᠋ᠠᠷ ᠣᠯᠠᠨ ᠨᠡᠶ᠋ᠢᠲᠡ᠎ᠯᠦᠭᠡ ᠵᠢᠨ ᠮᠡᠳᠡᠭᠡ ᠵᠠᠩᠭᠢ ᠵᠢᠨ ᠨᠡᠪᠲᠡᠷᠡᠯᠴᠡᠭᠡ᠎ᠪᠠᠨ ᠴᠢᠩᠭ᠋ᠠᠳᠬᠠᠵᠤ᠂ ᠨᠡᠶ᠋ᠢᠭᠡᠮ᠎ᠤᠨ ᠵᠢᠱ᠌ᠢᠯᠲᠡ ᠵᠢ ᠪᠦᠲᠦᠮᠵᠢᠲᠡᠶ ᠬᠥᠲᠥᠯᠦᠨ ᠵᠢᠯᠣᠭᠤᠳᠬᠤ᠂ ᠵᠣᠬᠢᠴᠠᠭᠤᠯᠬᠤ ᠪᠠ ᠲᠣᠭᠲᠠᠪᠤᠷᠢᠵᠢᠭᠤᠯᠵᠤ ᠪᠠᠶ᠋ᠢᠭ᠋ᠠᠳ᠂ ᠲᠥᠷᠥ ᠵᠢᠨ ᠪᠣᠳᠣᠯᠭ᠎ᠠ ᠵᠢ ᠶᠠᠮᠠᠷ ᠨᠢᠭᠡᠨ ᠬᠡᠮᠵᠢᠶᠡᠨ ᠳᠡᠭᠡᠷ᠎ᠡ ᠤᠷᠢᠳᠴᠢᠯᠠᠨ ᠮᠡᠳᠡᠬᠦ ᠪᠠ ᠣᠶ᠋ᠢᠯᠠᠭ᠋ᠠᠭᠤᠯᠵᠤ᠂ ᠲᠥᠷᠥ ᠵᠢᠨ ᠪᠣᠳᠣᠯᠭ᠎ᠠ ᠵᠢᠨ ᠦᠢ᠍ᠯᠡᠳᠦᠯ᠎ᠢ ᠬᠠᠮᠤᠭ᠎ᠤᠨ ᠶᠡᠭᠡ ᠪᠣᠯᠭ᠋ᠠᠵᠤ᠂ ᠲᠥᠷᠥ ᠵᠢᠨ ᠪᠣᠳᠣᠯᠭ᠎ᠠ ᠵᠢᠨ ᠬᠡᠷᠡᠭᠵᠢᠭᠦᠯᠦᠯᠲᠡ ᠵᠢ ᠵᠢᠱ᠌ᠢᠭᠰᠡᠨ ᠦᠢ᠍ᠯᠡᠳᠦᠯ᠎ᠳᠤ᠎ᠨᠢ ᠬᠦᠷᠦᠭᠦᠯᠬᠦ ᠵᠢ ᠦᠨᠡᠨ ᠬᠦ᠌ ᠪᠠᠲᠤᠯᠠᠬᠤ᠎ᠪᠠᠨ ᠵᠢᠭ᠋ᠠᠵᠤ ᠪᠠᠶ᠋ᠢᠨ᠎ᠠ᠃ ᠵᠢᠱ᠌ᠢᠯᠲᠡ ᠵᠢᠨ ᠬᠠᠮᠢᠶᠠᠷᠤᠯᠲᠠ᠎ᠨᠢ ᠵᠠᠬ᠎ᠠ ᠳᠡᠯᠭᠡᠭᠦᠷ᠎ᠢ ᠲᠣᠭᠲᠠᠪᠤᠷᠢᠵᠢᠭᠤᠯᠬᠤ᠂ ᠲᠥᠷᠥ ᠵᠢᠨ ᠪᠣᠳᠣᠯᠭ᠎ᠠ ᠵᠢᠨ ᠦᠢ᠍ᠯᠡᠳᠦᠯ᠎ᠢ ᠳᠡᠭᠡᠭᠰᠢᠯᠡᠭᠦᠯᠬᠦ᠎ᠳᠤ ᠴᠢᠬᠤᠯᠠ ᠠᠴᠢ ᠬᠤᠯᠪᠣᠭᠳᠠᠯ᠎ᠲᠠᠢ ᠪᠠᠶ᠋ᠢᠵᠤ᠂ ᠪᠦᠲᠦᠮᠵᠢᠲᠡᠶ ᠵᠢᠱ᠌ᠢᠯᠲᠡ ᠵᠢᠨ ᠬᠠᠮᠢᠶᠠᠷᠤᠯᠲᠠ᠎ᠪᠠᠷ ᠵᠠᠬ᠎ᠠ ᠳᠡᠯᠭᠡᠭᠦᠷ᠎ᠲᠤ ᠣᠷᠣᠯᠴᠠᠭᠰᠠᠳ᠎ᠤᠨ ᠦᠢ᠍ᠯᠡ ᠠᠵᠢᠯᠯᠠᠭ᠎ᠠ ᠵᠢ ᠬᠥᠲᠥᠯᠥᠨ ᠵᠢᠯᠣᠭᠤᠳᠴᠤ᠂ ᠵᠠᠬ᠎ᠠ ᠳᠡᠯᠭᠡᠭᠦᠷ᠎ᠤᠨ ᠬᠡᠯᠪᠡᠯᠵᠡᠯ᠎ᠢ ᠪᠠᠭ᠋ᠠᠰᠬᠠᠨ᠂ ᠲᠥᠷᠥ ᠵᠢᠨ ᠪᠣᠳᠣᠯᠭ᠎ᠠ ᠵᠢᠨ ᠬᠡᠷᠡᠭᠵᠢᠭᠦᠯᠬᠦ ᠪᠦᠲᠦᠮᠵᠢ ᠪᠠ ᠦᠢ᠍ᠯᠡᠳᠦᠯ᠎ᠢ ᠳᠡᠭᠡᠭᠰᠢᠯᠡᠭᠦᠯᠬᠦ ᠪᠣᠯᠣᠨ᠎ᠠ᠃

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠪᠦᠭᠦᠳᠡ ᠬᠤᠷᠠᠯᠳᠤᠭ᠋ᠠᠨ᠎ᠤ 《ᠲᠣᠭᠲᠠᠭ᠋ᠠᠯ》᠎ᠳᠠᠬᠢ ᠡᠳᠡᠭᠡᠷ ᠨᠡᠷ᠎ᠡ ᠦᠭᠡᠰ᠎ᠢ ᠣᠶ᠋ᠢᠯᠠᠭ᠋ᠠᠶ᠎ᠠ (ᠳᠥᠷᠪᠡ)
ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠡᠪᠯᠡᠯ᠎ᠤᠨ ᠰᠢᠰᠲ᠋ᠧᠮ᠎ᠤᠨ ᠤᠬᠠᠭᠤᠯᠤᠨ ᠲᠠᠶ᠋ᠢᠯᠪᠤᠷᠢᠯᠠᠬᠤ ᠪᠦᠯᠬᠦᠮ ᠬᠥᠯᠥᠨ ᠪᠣᠶ᠋ᠢᠷ ᠬᠥᠬᠡᠬᠤᠲᠠ᠎ᠳᠤ ᠬᠤᠪᠢᠶᠠᠷᠢᠴᠢᠯᠠᠭᠰᠠᠨ ᠤᠬᠠᠭᠤᠯᠤᠨ ᠲᠠᠶ᠋ᠢᠯᠪᠤᠷᠢᠯᠠᠬᠤ ᠠᠵᠢᠯᠯᠠᠭ᠎ᠠ ᠥᠷᠨᠢᠭᠦᠯᠪᠡ
ᠪᠦᠭᠦᠳᠡ ᠬᠤᠷᠠᠯᠳᠤᠭ᠋ᠠᠨ᠎ᠤ 《ᠲᠣᠭᠲᠠᠭ᠋ᠠᠯ》᠎ᠳᠠᠬᠢ ᠡᠳᠡᠭᠡᠷ ᠨᠡᠷ᠎ᠡ ᠦᠭᠡᠰ᠎ᠢ ᠣᠶ᠋ᠢᠯᠠᠭ᠋ᠠᠶ᠎ᠠ (ᠭᠤᠷᠪᠠ)
ᠪᠥᠬᠦᠳᠡ ᠬᠤᠷᠠᠯᠳᠤᠭ᠋ᠠᠨ᠎ᠤ 《ᠲᠣᠭᠲᠠᠭ᠋ᠠᠯ》᠎ᠳᠠᠬᠢ ᠡᠳᠡᠭᠡᠷ ᠨᠡᠷ᠎ᠡ ᠦᠭᠡᠰ᠎ᠢ ᠣᠶ᠋ᠢᠯᠠᠭ᠋ᠠᠶ᠎ᠠ (ᠨᠢᠭᠡ)
ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠲᠤ ᠭᠦᠨᠵᠡᠭᠡᠶ᠋ᠢᠷᠡᠨ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠤᠬᠠᠭᠤᠯᠤᠨ ᠲᠠᠶ᠋ᠢᠯᠪᠤᠷᠢᠯᠠᠪᠠ
 
            