ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠶ᠋ᠢᠯᠪᠤᠷᠢᠯᠠᠬᠤ ᠪᠦᠯᠭᠦᠮ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠵᠣᠬᠢᠶᠠᠨ ᠪᠠᠶ᠋ᠢᠭᠤᠯᠬᠤ ᠬᠡᠯᠲᠡᠰ᠎ᠤᠨ ᠪᠠᠶ᠋ᠢᠭᠤᠯᠭ᠎ᠠ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠬᠥᠯᠥᠨ ᠪᠤᠶ᠋ᠢᠷ ᠬᠤᠲᠠ ᠬᠢᠩᠭ᠋ᠠᠨ ᠠᠶ᠋ᠢᠮᠠᠭ᠎ᠲᠤ ᠤᠬᠠᠭᠤᠯᠤᠨ ᠲᠠᠶ᠋ᠢᠯᠪᠤᠷᠢᠯᠠᠪᠠ
ᠨᠡᠶᠢᠲᠡᠯᠡᠭᠰᠡᠨ ᠴᠠᠭ᠄ 2024-08-16


       8 ᠰᠠᠷ᠎ᠠ ᠵᠢᠨ 14᠎ᠤ ᠡᠳᠦᠷ᠂ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠭᠤᠷᠪᠠᠳᠤᠭ᠋ᠠᠷ ᠪᠦᠭᠦᠳᠠ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠶ᠋ᠢᠯᠪᠤᠷᠢᠯᠠᠬᠤ ᠪᠦᠯᠭᠦᠮ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠵᠣᠬᠢᠶᠠᠨ ᠪᠠᠶ᠋ᠢᠭᠤᠯᠬᠤ ᠬᠡᠯᠲᠡᠰ᠎ᠤᠨ ᠪᠠᠶ᠋ᠢᠭᠤᠯᠭ᠎ᠠ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠬᠥᠯᠥᠨ ᠪᠤᠶ᠋ᠢᠷ ᠬᠤᠳᠠ᠂ ᠬᠢᠩᠭ᠋ᠠᠨ ᠠᠶ᠋ᠢᠮᠠᠭ᠎ᠲᠤ ᠬᠦᠷᠴᠦ ᠤᠬᠠᠭᠤᠯᠤᠨ ᠲᠠᠶ᠋ᠢᠯᠪᠤᠷᠢᠯᠠᠪᠠ᠃
        ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠵᠣᠬᠢᠶᠠᠨ ᠪᠠᠶ᠋ᠢᠭᠤᠯᠬᠤ ᠬᠡᠯᠲᠡᠰ᠎ᠤᠨ ᠪᠠᠶ᠋ᠢᠭᠤᠯᠭ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠶ᠋ᠢᠯᠪᠤᠷᠢᠯᠠᠬᠤ ᠪᠦᠯᠭᠦᠮ᠎ᠤᠨ ᠪᠦᠷᠢᠯᠳᠦᠭᠦᠨ᠂ ᠥᠪᠥᠷ ᠮᠣᠩᠭᠤᠯ᠎ᠤᠨ ᠨᠠᠮ᠎ᠤᠨ ᠰᠤᠷᠭ᠋ᠠᠭᠤᠯᠢ (ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ) ᠵᠢᠨ ᠨᠢᠭᠡᠳᠦᠭᠡᠷ ᠳᠡᠳ᠋ ᠵᠠᠬᠢᠷᠤᠯ ᠭᠤᠤ ᠽᠦ᠍ ᠭᠦᠢ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠭᠤᠷᠪᠠᠳᠤᠭ᠋ᠠᠷ ᠪᠦᠭᠦᠳᠠ ᠬᠤᠷᠠᠯ ᠬᠤᠷᠠᠯᠳᠤᠭᠰᠠᠨ ᠴᠢᠬᠤᠯᠠ ᠶᠡᠭᠡ ᠠᠴᠢ ᠬᠤᠯᠪᠣᠭᠳᠠᠯ᠎ᠢ ᠭᠦᠨᠵᠡᠭᠡᠢ ᠲᠠᠨᠢᠬᠤ᠂ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠣᠶ᠋ᠢᠯᠠᠭ᠋ᠠᠬᠤ᠂ ᠪᠦᠭᠦᠳᠡ ᠬᠤᠷᠠᠯ᠎ᠤᠨ 《ᠲᠣᠭᠲᠠᠭ᠋ᠠᠯ》᠎ᠳᠤ ᠳᠤᠷᠠᠳᠤᠭᠰᠠᠨ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠵᠢ ᠪᠦᠭᠦ ᠲᠠᠯ᠎ᠠ᠎ᠪᠠᠷ ᠣᠨᠣᠪᠴᠢᠲᠠᠶ ᠣᠶ᠋ᠢᠯᠠᠭ᠋ᠠᠬᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠨᠠᠢ᠍ᠮᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠤᠯ᠎ᠤᠨ ᠰᠢᠨ᠎ᠡ ᠬᠠᠭᠤᠳᠠᠰᠤ ᠵᠢ ᠪᠢᠴᠢᠭᠯᠡᠬᠦ ᠵᠡᠷᠭᠡ 4 ᠲᠠᠯ᠎ᠠ᠎ᠠᠴᠠ ᠭᠦᠨᠵᠡᠭᠡᠢ ᠪᠥᠭᠡᠳ ᠠᠮᠢᠳᠤᠯᠢᠭ ᠬᠠᠪᠰᠤᠷᠤᠨ ᠵᠢᠯᠤᠭᠤᠳᠬᠤ ᠮᠡᠳᠡᠭᠦᠯᠦᠯᠲᠡ ᠬᠢᠪᠡ᠃ ᠮᠡᠳᠡᠭᠦᠯᠦᠯᠲᠡ᠎ᠨᠢ ᠯᠣᠭᠢᠭ ᠴᠢᠨᠠᠷ ᠵᠶ᠋ᠠᠷ ᠨᠢᠭᠲᠠ ᠴᠢᠩᠭ᠎ᠠ᠂ ᠠᠭᠤᠯᠤᠭᠳᠠᠬᠤᠨ᠎ᠨᠢ ᠭᠦᠨ ᠭᠦᠨᠵᠡᠭᠡᠢ᠂ ᠭᠢᠯᠪᠠᠷ ᠣᠶ᠋ᠢᠯᠠᠭ᠋ᠠᠮᠵᠢᠲᠠᠢ ᠪᠠᠶ᠋ᠢᠵᠤ᠂ ᠮᠠᠰᠢ ᠴᠢᠩᠭ᠎ᠠ ᠬᠠᠨᠳᠤᠯᠭ᠋ᠠᠲᠤ ᠴᠢᠨᠠᠷ ᠪᠠ ᠵᠢᠯᠤᠭᠤᠳᠬᠤ ᠴᠢᠨᠠᠷ᠎ᠲᠠᠢ ᠪᠣᠯᠵᠠᠢ᠃
        ᠮᠡᠳᠡᠭᠦᠯᠦᠯᠲᠡ ᠵᠢ ᠰᠣᠨᠣᠰᠤᠭᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠵᠣᠬᠢᠶᠠᠨ ᠪᠠᠶ᠋ᠢᠭᠤᠯᠬᠤ ᠬᠡᠯᠲᠡᠰ᠎ᠤᠨ ᠪᠠᠶ᠋ᠢᠭᠤᠯᠭ᠎ᠠ ᠵᠢᠨ ᠨᠠᠮ᠎ᠤᠨ ᠬᠤᠷᠢᠶ᠎ᠠ (ᠠᠵᠢᠯᠲᠠᠨ᠎ᠤ ᠶᠠᠪᠤᠳᠠᠯ᠎ᠤᠨ ᠭᠠᠵᠠᠷ) ᠵᠢᠨ ᠭᠤᠷᠪᠠᠳᠤᠭ᠋ᠠᠷ ᠳᠡᠰ᠎ᠤᠨ ᠡᠷᠭᠢᠯᠡᠭᠴᠢ ᠭᠡᠰᠢᠭᠦᠴᠢ ᠶᠤᠸᠠᠨ ᠢ ᠵᠢᠨ ᠮᠠᠰᠢ ᠭᠦᠨ ᠲᠥᠷᠥᠭᠳᠡᠯ᠎ᠲᠠᠢ ᠪᠣᠯᠵᠠᠢ᠃ ᠲᠡᠷᠡ᠂ ᠵᠣᠬᠢᠶᠠᠨ ᠪᠠᠶ᠋ᠢᠭᠤᠯᠬᠤ ᠠᠵᠢᠯ᠎ᠤᠨ ᠵᠠᠯᠠᠭᠤ ᠺᠠᠳ᠋ᠷ ᠪᠣᠯᠤᠭᠰᠠᠨ᠎ᠤ ᠬᠤᠪᠢ᠎ᠳᠤ᠂ ᠦᠵᠡᠯ ᠰᠠᠨᠠᠭ᠎ᠠ ᠲᠠᠨᠢᠯᠲᠠ᠎ᠪᠠᠨ ᠲᠠᠰᠤᠷᠠᠯᠲᠠ ᠦᠭᠡᠢ ᠭᠦᠨᠵᠡᠭᠡᠶ᠋ᠢᠷᠡᠭᠦᠯᠵᠦ᠂ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠵᠢ ᠰᠢᠨ᠎ᠡ ᠴᠠᠭ ᠦᠶ᠎ᠡ ᠵᠢᠨ ᠨᠠᠮ᠎ᠤᠨ ᠵᠣᠬᠢᠶᠠᠨ ᠪᠠᠶ᠋ᠢᠭᠤᠯᠬᠤ ᠱᠤᠭᠤᠮ᠎ᠢ ᠰᠤᠷᠤᠯᠴᠠᠨ ᠲᠤᠭᠤᠰᠢᠯᠠᠭᠤᠯᠬᠤ᠎ᠲᠠᠢ ᠣᠷᠭ᠋ᠠᠨᠢᠭ ᠵᠶ᠋ᠠᠷ ᠤᠶᠠᠯᠳᠤᠭᠤᠯᠵᠤ᠂ 《ᠲᠡᠮᠦᠷ᠎ᠢ ᠳᠠᠪᠲᠠᠬᠤ᠎ᠳᠤ ᠥᠪᠡᠷ ᠵᠶ᠋ᠠᠨ ᠵᠠᠪᠠᠯ ᠬᠠᠲᠠᠭᠤ ᠪᠠᠶ᠋ᠢᠬᠤ》 ᠬᠠᠷᠢᠭᠤᠴᠠᠯᠭ᠋ᠠᠲᠤ ᠤᠬᠠᠮᠰᠠᠷ᠎ᠢ ᠦᠷᠭᠦᠯᠵᠢᠯᠡᠨ ᠴᠢᠩᠭ᠋ᠠᠳᠬᠠᠵᠤ᠂ ᠥᠭᠡᠷᠡᠴᠢᠯᠡᠯᠲᠡ ᠵᠢᠨ ᠵᠣᠷᠢᠭ ᠰᠠᠨᠠᠭ᠎ᠠ᠎ᠪᠠᠷ ᠵᠣᠬᠢᠶᠠᠨ ᠪᠠᠶ᠋ᠢᠭᠤᠯᠬᠤ ᠠᠵᠢᠯ᠎ᠤᠨ ᠰᠢᠨ᠎ᠡ ᠵᠢ ᠡᠭᠦᠳᠴᠦ ᠲᠡᠷᠢᠭᠦᠨ᠎ᠤ᠎ᠬᠢ ᠪᠤᠯᠬᠤ ᠵᠢ ᠠᠬᠢᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠭᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠬᠤᠶᠠᠷ ᠶᠡᠭᠡ ᠶᠠᠪᠤᠳᠠᠯ᠎ᠢ ᠴᠢᠷᠮᠠᠶ᠋ᠢᠨ ᠰᠠᠶ᠋ᠢᠲᠤᠷ ᠪᠡᠶᠡᠯᠡᠭᠦᠯᠬᠦ ᠵᠢᠨ ᠲᠥᠯᠥᠭᠡ ᠬᠦᠴᠦᠨ ᠴᠢᠳᠠᠯ ᠵᠶ᠋ᠠᠨ ᠡᠷᠭᠦᠨ᠎ᠡ ᠭᠡᠵᠡᠢ᠃
        ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠶ᠋ᠢᠯᠪᠤᠷᠢᠯᠠᠬᠤ ᠪᠦᠯᠭᠦᠮ᠎ᠤᠨ ᠪᠦᠷᠢᠯᠳᠦᠭᠦᠨ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠳᠠᠷᠤᠭ᠎ᠠ ᠦ᠋ ᠵᠧᠨ ᠴᠢᠩ 《ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ ᠵᠢ ᠡᠴᠦᠰ᠎ᠲᠤᠨᠢ ᠲᠤᠯᠲᠠᠯ᠎ᠠ ᠬᠢᠵᠦ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠠ ᠳᠦᠷᠢᠮ᠎ᠤᠨ ᠪᠠᠲᠤᠯᠠᠭ᠎ᠠ ᠬᠠᠩᠭ᠋ᠠᠶ᠎ᠠ》 ᠭᠡᠬᠦ ᠰᠡᠳᠦᠪ ᠵᠶ᠋ᠠᠷ᠂ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠭᠤᠷᠪᠠᠳᠤᠭ᠋ᠠᠷ ᠪᠦᠭᠦᠳᠡ ᠬᠤᠷᠠᠯ᠎ᠤᠨ ᠴᠢᠬᠤᠯᠠ ᠶᠡᠭᠡ ᠠᠴᠢ ᠬᠤᠯᠪᠣᠭᠳᠠᠯ᠂ ᠵᠣᠷᠢᠭ ᠰᠠᠨᠠᠭ᠋ᠠᠨ᠎ᠤ ᠠᠭᠤᠯᠤᠭᠳᠠᠬᠤᠨ᠂ ᠥᠭᠡᠷᠡᠴᠢᠯᠡᠯᠲᠡ ᠵᠢᠨ ᠪᠠᠶ᠋ᠢᠷᠢᠯᠠᠭᠤᠯᠤᠯᠲᠠ ᠵᠢ ᠭᠦᠨᠵᠡᠭᠡᠢ ᠲᠠᠨᠢᠬᠤ ᠵᠡᠷᠭᠡ ᠲᠠᠯ᠎ᠠ᠎ᠪᠠᠷ ᠭᠦᠨᠵᠡᠭᠡᠢ ᠰᠢᠰᠲ᠋ᠧᠮ᠎ᠲᠠᠢ ᠤᠬᠠᠭᠤᠯᠤᠨ ᠲᠠᠶ᠋ᠢᠯᠪᠤᠷᠢᠯᠠᠵᠤ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ᠎ᠬᠢᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠨᠠᠢ᠍ᠮᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠬᠡᠷᠬᠢᠨ ᠨᠠᠶ᠋ᠢᠳᠠᠪᠤᠷᠢᠵᠢᠭᠤᠯᠬᠤ ᠲᠤᠬᠠᠢ ᠰᠡᠳᠬᠢᠴᠡ ᠠᠷᠭ᠎ᠠ ᠬᠡᠮᠵᠢᠶ᠎ᠡ ᠳᠤᠷᠠᠳᠴᠠᠢ᠃ ᠤᠬᠠᠭᠤᠯᠤᠨ ᠲᠠᠶ᠋ᠢᠯᠪᠤᠷᠢᠯᠠᠬᠤ ᠮᠡᠳᠡᠭᠦᠯᠦᠯᠲᠡ ᠵᠢᠨ ᠰᠢᠰᠲ᠋ᠧᠮ᠎ᠨᠢ ᠪᠦᠭᠦ ᠲᠠᠯ᠎ᠠ ᠵᠢᠨ᠂ ᠭᠤᠣᠯᠳᠠᠯᠭ᠎ᠠ᠎ᠨᠢ ᠲᠣᠪᠣᠶ᠋ᠢᠮ᠎ᠠ ᠪᠠᠶ᠋ᠢᠵᠤ᠂ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠦᠭᠦᠳᠠ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠣᠶ᠋ᠢᠯᠠᠭ᠋ᠠᠬᠤ᠎ᠳᠤ ᠮᠠᠰᠢ ᠴᠢᠩᠭ᠎ᠠ ᠪᠣᠳᠠᠲᠠᠢ ᠵᠢᠯᠤᠭᠤᠳᠬᠤ ᠴᠢᠨᠠᠷ᠎ᠲᠠᠢ ᠪᠣᠯᠵᠤ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠦᠷᠢᠶ᠎ᠡ ᠴᠠᠷᠠᠭ᠎ᠠ᠂ ᠲᠤᠬᠠᠶ᠋ᠢᠯᠠᠭᠰᠠᠨ ᠠᠵᠢᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ᠎ᠳᠤ ᠮᠠᠰᠢ ᠴᠢᠩᠭ᠎ᠠ ᠦᠢ᠍ᠯᠡᠳᠦᠯᠭᠡ ᠵᠢᠨ ᠬᠡᠷᠡᠭᠵᠢᠭᠦᠯᠬᠦᠶ᠋ᠢᠴᠡ ᠴᠢᠨᠠᠷ᠎ᠲᠠᠢ ᠪᠣᠯᠵᠠᠢ᠃
        ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠶᠠᠰᠤ ᠴᠢᠨᠠᠷ᠎ᠤᠨ ᠬᠥᠭᠵᠢᠭᠦᠯᠦᠯᠲᠡ ᠵᠢᠨ ᠲᠣᠪᠴᠢᠶ᠎ᠠ ᠵᠢᠨ ᠨᠢᠭᠡᠳᠦᠭᠡᠷ ᠳᠡᠰ᠎ᠤᠨ ᠡᠷᠭᠢᠯᠡᠭᠴᠢ ᠭᠡᠰᠢᠭᠦᠴᠢ ᠳ᠋ᠦᠩ ᠪᠧᠢ᠄ 《ᠤᠬᠠᠭᠤᠯᠤᠨ ᠲᠠᠶ᠋ᠢᠯᠪᠤᠷᠢᠯᠠᠬᠤ ᠮᠡᠳᠡᠭᠦᠯᠦᠯᠲᠡ ᠵᠢ ᠰᠣᠨᠣᠰᠤᠭ᠋ᠠᠳ᠂ ᠪᠢ ᠥᠭᠡᠷᠡᠴᠢᠯᠡᠯᠲᠡ ᠵᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠬᠦ ᠲᠤᠬᠠᠢ ᠨᠠᠩ ᠭᠦᠨ ᠭᠦᠨᠵᠡᠭᠡᠢ ᠣᠶ᠋ᠢᠯᠠᠭ᠋ᠠᠯᠲᠠ᠎ᠲᠠᠢ ᠪᠣᠯᠵᠠᠢ᠃ ᠪᠢ ᠲᠤᠬᠠᠶ᠋ᠢᠯᠠᠭᠰᠠᠨ ᠠᠵᠢᠯ᠎ᠳᠠᠭᠠᠨ ᠰᠠᠭᠤᠷᠢᠯᠠᠵᠤ᠂ ᠠᠵᠤ ᠠᠬᠤᠶ᠋ᠢᠯᠠᠯ ᠪᠠ ᠠᠵᠤ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢᠨ ᠬᠡᠷᠡᠭᠴᠡᠭᠡ ᠱᠠᠭ᠋ᠠᠷᠳᠠᠯᠭ᠎ᠠ᠎ᠲᠠᠢ ᠨᠢᠭᠲᠠ ᠤᠶᠠᠯᠳᠤᠭᠤᠯᠵᠤ᠂ ᠠᠵᠤ ᠠᠬᠤᠶ᠋ᠢᠯᠠᠯ᠎ᠤᠨ ᠶᠠᠰᠤ ᠴᠢᠨᠠᠷ᠎ᠤᠨ ᠴᠢᠳᠠᠪᠤᠷᠢᠲᠠᠨ᠎ᠢ ᠬᠥᠮᠥᠵᠢᠭᠦᠯᠬᠦ᠂ ᠣᠯᠠᠨ ᠲᠦᠮᠡᠨᠴᠢ ᠴᠢᠨᠠᠷᠲᠠᠢ ᠶᠠᠰᠤ ᠴᠢᠨᠠᠷ᠎ᠤᠨ ᠠᠵᠢᠯᠯᠠᠭ᠎ᠠ ᠥᠷᠨᠢᠭᠦᠯᠬᠦ ᠵᠢ ᠠᠬᠢᠭᠤᠯᠬᠤ ᠵᠡᠷᠭᠡ ᠰᠠᠭᠤᠷᠢ ᠠᠵᠢᠯ᠎ᠢ ᠰᠠᠶ᠋ᠢᠲᠤᠷ ᠬᠢᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠤᠯ᠎ᠤᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ᠎ᠳᠤ ᠥᠪᠡᠷ᠎ᠤᠨ ᠬᠦᠴᠦᠨ ᠴᠢᠳᠠᠯ ᠵᠶ᠋ᠠᠨ ᠡᠷᠭᠦᠨ᠎ᠡ》 ᠭᠡᠪᠡ᠃
            ᠬᠥᠯᠥᠨ ᠪᠤᠶ᠋ᠢᠷ ᠬᠤᠲᠠ᠎ᠳᠤ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠶ᠋ᠢᠯᠪᠤᠷᠢᠯᠠᠬᠤ ᠪᠦᠯᠭᠦᠮ᠎ᠤᠨ ᠪᠦᠷᠢᠯᠳᠦᠭᠦᠨ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠤᠨ ᠳᠠᠷᠤᠭ᠎ᠠ ᠭᠦᠸᠧ ᠵᠠᠨ ᠵᠢᠶᠠᠩ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠠ 《ᠲᠣᠭᠲᠠᠭ᠋ᠠᠯ》᠎ᠢ ᠭᠦᠨᠵᠡᠭᠡᠢ ᠰᠤᠷᠤᠯᠴᠠᠨ ᠣᠶ᠋ᠢᠯᠠᠭ᠋ᠠᠬᠤ᠎ᠲᠠᠢ ᠨᠢᠭᠲᠠ ᠤᠶᠠᠯᠳᠤᠭᠤᠯᠤᠨ᠂ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ ᠵᠢᠨ ᠴᠢᠬᠤᠯᠠ ᠶᠡᠭᠡ ᠠᠴᠢ ᠬᠤᠯᠪᠣᠭᠳᠠᠯ᠂ ᠵᠢᠯᠤᠭᠤᠳᠬᠤ ᠦᠵᠡᠯ ᠰᠠᠨᠠᠭ᠎ᠠ᠂ ᠬᠠᠷᠠᠯᠲᠠ ᠵᠠᠷᠴᠢᠮ᠂ ᠴᠢᠬᠤᠯᠠ ᠶᠡᠭᠡ ᠠᠷᠭ᠎ᠠ ᠬᠡᠮᠵᠢᠶ᠎ᠡ ᠵᠢ ᠭᠦᠨᠵᠡᠭᠡᠢ ᠲᠠᠶ᠋ᠢᠯᠪᠤᠷᠢᠯᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠨᠠᠢ᠍ᠮᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠬᠤ ᠪᠣᠳᠠᠲᠠᠢ ᠱᠠᠭ᠋ᠠᠷᠳᠠᠯᠭ᠎ᠠ ᠵᠢ ᠲᠣᠳᠣᠷᠬᠠᠶ᠋ᠢᠯᠠᠨ ᠲᠠᠶ᠋ᠢᠯᠪᠤᠷᠢᠯᠠᠪᠠ᠃
        ᠬᠤᠷᠠᠯ᠎ᠳᠤ ᠣᠷᠣᠯᠴᠠᠭᠰᠠᠳ ᠨᠠᠷᠢᠨ ᠬᠢᠨᠠᠮᠠᠭ᠋ᠠᠢ ᠰᠣᠨᠣᠰᠴᠤ᠂ ᠤᠬᠠᠭᠤᠯᠤᠨ ᠲᠠᠶ᠋ᠢᠯᠪᠤᠷᠢᠯᠠᠬᠤ ᠮᠡᠳᠡᠭᠦᠯᠦᠯᠲᠡ ᠵᠢᠨ ᠭᠤᠣᠯ ᠰᠡᠳᠦᠪ᠎ᠨᠢ ᠢᠯᠡ ᠲᠣᠳᠣ᠂ ᠠᠭᠤᠯᠭ᠎ᠠ᠎ᠨᠢ ᠪᠠᠶᠠᠯᠢᠭ᠂ ᠤᠨᠤᠯ᠎ᠤᠨ ᠥᠨᠳᠥᠷᠴᠡ᠎ᠲᠠᠢ ᠪᠥᠭᠡᠳ ᠦᠢ᠍ᠯᠡᠳᠦᠯᠭᠡ ᠵᠢᠨ ᠭᠦᠨᠴᠡ᠎ᠲᠠᠢ ᠪᠣᠯᠵᠤ᠂ ᠪᠦᠭᠦᠳᠠ ᠬᠤᠷᠠᠯ᠎ᠤᠨ ᠵᠣᠷᠢᠭ ᠰᠠᠨᠠᠭ᠎ᠠ ᠵᠢ ᠪᠦᠭᠦ ᠲᠠᠯ᠎ᠠ᠎ᠪᠠᠷ ᠣᠨᠣᠪᠴᠢᠲᠠᠢ ᠣᠶ᠋ᠢᠯᠠᠭ᠋ᠠᠨ ᠡᠵᠡᠮᠰᠢᠵᠦ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠠᠬᠢᠭᠤᠯᠬᠤ᠎ᠳᠤ ᠴᠢᠬᠤᠯᠠ ᠵᠢᠯᠤᠭᠤᠳᠬᠤ ᠠᠴᠢ ᠬᠤᠯᠪᠣᠭᠳᠠᠯ᠎ᠲᠠᠢ ᠭᠡᠵᠦ ᠦᠵᠡᠵᠡᠭᠡᠪᠡ᠃
          ᠬᠥᠯᠥᠨ ᠪᠤᠶ᠋ᠢᠷ ᠬᠤᠳᠠ ᠵᠢᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠣᠪᠴᠢᠶ᠎ᠠ ᠵᠢᠨ ᠳᠡᠳ᠋ ᠳᠠᠷᠤᠭ᠎ᠠ ᠪᠠᠢ ᠶᠧ᠂ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠭᠤᠷᠪᠠᠳᠤᠭ᠋ᠠᠷ ᠪᠦᠭᠦᠳᠠ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠪᠣᠯ ᠣᠳᠣᠬᠠᠨ᠎ᠤ ᠪᠠ ᠬᠤᠶ᠋ᠢᠰᠢᠳᠠ ᠵᠢᠨ ᠬᠡᠰᠡᠭ ᠬᠤᠭᠤᠴᠠᠭ᠋ᠠᠨ᠎ᠤ ᠴᠢᠬᠤᠯᠠ ᠶᠡᠭᠡ ᠤᠯᠤᠰ ᠲᠦᠷᠦ ᠵᠢᠨ ᠡᠭᠦᠷᠭᠡ ᠮᠥᠨ᠂ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠭᠤᠷᠪᠠᠳᠤᠭ᠋ᠠᠷ ᠪᠦᠭᠦᠳᠠ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠣᠶ᠋ᠢᠯᠠᠭ᠋ᠠᠵᠤ᠂ ᠥᠭᠡᠷᠡᠴᠢᠯᠡᠯᠲᠡ ᠵᠢᠨ ᠵᠣᠷᠢᠭ ᠰᠠᠨᠠᠭ᠎ᠠ᠂ ᠠᠷᠭ᠎ᠠ ᠬᠡᠮᠵᠢᠶ᠎ᠡ ᠵᠢ ᠠᠵᠢᠯ᠎ᠤᠨ ᠪᠦᠭᠦ ᠶᠠᠪᠤᠴᠠ᠎ᠳᠤ ᠲᠤᠭᠤᠰᠢᠯᠠᠭᠤᠯᠵᠤ᠂ ᠰᠤᠷᠤᠯᠴᠠᠯᠭ᠎ᠠ ᠵᠢᠨ ᠦᠷ᠎ᠡ ᠪᠦᠲᠦᠮᠵᠢ᠎ᠪᠠᠷ ᠠᠵᠢᠯ ᠵᠶ᠋ᠠᠨ ᠥᠨᠳᠥᠷ ᠪᠦᠳᠦᠮᠵᠢᠳᠡᠢ ᠠᠬᠢᠭᠤᠯᠬᠤ᠎ᠳᠤ ᠵᠢᠯᠣᠭᠤᠳᠤᠯᠭ᠎ᠠ ᠪᠣᠯᠭ᠋ᠠᠨ ᠬᠤᠪᠢᠷᠠᠭᠤᠯᠤᠨ᠎ᠠ ᠭᠡᠪᠡ᠃ ᠮᠡᠳᠡᠭᠦᠯᠦᠯᠲᠡ ᠵᠢᠨ ᠬᠤᠷᠠᠯ᠎ᠠᠴᠠ ᠡᠮᠦᠨ᠎ᠡ᠂ ᠭᠦᠸᠧ ᠵᠠᠨ ᠵᠢᠶᠠᠩ ᠬᠠᠭᠤᠴᠢᠨ ᠪᠠᠷᠭᠤ ᠬᠤᠰᠢᠭᠤᠨ᠎ᠤ ᠪᠠᠶᠠᠨ ᠪᠦᠷᠢᠳᠦ ᠭᠠᠴᠠᠭ᠎ᠠ᠎ᠳᠤ ᠬᠦᠷᠴᠦ᠂ ᠮᠠᠯ ᠠᠵᠤ ᠠᠬᠤᠢ ᠵᠢᠨ ᠨᠡᠶ᠋ᠢᠭᠡᠮᠴᠢᠯᠡᠭᠰᠡᠨ ᠦᠢ᠍ᠯᠡᠴᠢᠯᠡᠭᠡ ᠥᠷᠨᠢᠭᠦᠯᠦᠭᠰᠡᠨ ᠪᠠᠶ᠋ᠢᠳᠠᠯ᠎ᠢ ᠣᠶ᠋ᠢᠯᠠᠭ᠋ᠠᠵᠤ᠂ ᠮᠠᠯᠴᠢᠳ᠎ᠲᠠᠢ ᠨᠢᠭᠤᠷᠳᠠᠨ ᠶᠠᠷᠢᠯᠴᠠᠪᠠ᠃
        ᠬᠢᠩᠭ᠋ᠠᠨ ᠠᠶ᠋ᠢᠮᠠᠭ᠎ᠲᠤ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠶ᠋ᠢᠯᠪᠤᠷᠢᠯᠠᠬᠤ ᠪᠦᠯᠭᠦᠮ᠎ᠤᠨ ᠪᠦᠷᠢᠯᠳᠦᠭᠦᠨ᠂ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠳᠠᠷᠤᠭ᠎ᠠ ᠵᠠᠢ ᠶᠢᠩ ᠵᠢᠶᠦ᠋ᠨ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠦᠭᠦᠳᠠ ᠬᠤᠷᠠᠯ᠎ᠤᠨ ᠴᠢᠬᠤᠯᠠ ᠶᠡᠭᠡ ᠠᠴᠢ ᠬᠤᠯᠪᠣᠭᠳᠠᠯ᠎ᠢ ᠭᠦᠨᠵᠡᠭᠡᠢ ᠲᠠᠨᠢᠬᠤ᠂ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠦᠭᠦᠳᠠ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠣᠶ᠋ᠢᠯᠠᠭ᠋ᠠᠬᠤ᠂ 《ᠲᠣᠭᠲᠠᠭ᠋ᠠᠯ》᠎ᠳᠤ ᠳᠤᠷᠠᠳᠤᠭᠰᠠᠨ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠵᠢ ᠪᠦᠭᠦ ᠲᠠᠯ᠎ᠠ᠎ᠪᠠᠷ ᠣᠨᠣᠪᠴᠢᠲᠠᠢ ᠣᠶ᠋ᠢᠯᠠᠭ᠋ᠠᠬᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠨᠠᠢ᠍ᠮᠠᠳᠤᠭ᠋ᠠᠷ ᠪᠦᠭᠦᠳᠠ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠤᠯ᠎ᠤᠨ ᠰᠢᠨ᠎ᠡ ᠬᠠᠭᠤᠳᠠᠰᠤ ᠵᠢ ᠪᠢᠴᠢᠭᠯᠡᠬᠦ ᠵᠡᠷᠭᠡ 4 ᠲᠠᠯ᠎ᠠ᠎ᠠᠴᠠ ᠰᠢᠰᠲ᠋ᠧᠮ᠎ᠲᠠᠢ ᠲᠠᠶ᠋ᠢᠯᠪᠤᠷᠢᠯᠠᠨ ᠭᠦᠨᠵᠡᠭᠡᠢ ᠲᠣᠳᠣᠷᠬᠠᠶ᠋ᠢᠯᠠᠨ ᠥᠭᠦᠯᠡᠪᠡ᠃ ᠬᠤᠷᠠᠯ᠎ᠳᠤ ᠣᠷᠣᠯᠴᠠᠭᠰᠠᠳ᠂ ᠤᠬᠠᠭᠤᠯᠤᠨ ᠲᠠᠶ᠋ᠢᠯᠪᠤᠷᠢᠯᠠᠬᠤ ᠮᠡᠳᠡᠭᠦᠯᠦᠯᠲᠡ ᠵᠢᠨ ᠭᠤᠣᠯ ᠰᠡᠳᠦᠪ᠎ᠨᠢ ᠢᠯᠡ ᠲᠣᠳᠣ᠂ ᠬᠠᠷᠠᠭ᠋ᠠᠰᠤ᠎ᠨᠢ ᠥᠷᠭᠡᠨ᠂ ᠠᠭᠤᠯᠭ᠎ᠠ᠎ᠨᠢ ᠪᠠᠶᠠᠯᠢᠭ ᠪᠣᠯᠵᠠᠢ ᠭᠡᠵᠦ ᠢᠯᠡᠳᠬᠡᠵᠡᠭᠡᠪᠡ᠃
        ᠮᠡᠳᠡᠭᠦᠯᠦᠯᠲᠡ ᠵᠢᠨ ᠬᠤᠷᠠᠯ᠎ᠤᠨ ᠳᠠᠷᠠᠭ᠎ᠠ᠂ ᠤᠬᠠᠭᠤᠯᠤᠨ ᠲᠠᠶ᠋ᠢᠯᠪᠤᠷᠢᠯᠠᠬᠤ ᠪᠦᠯᠭᠦᠮ᠎ᠤᠨ᠎ᠬᠢᠨ ᠤᠯᠠᠭ᠋ᠠᠨᠬᠤᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠣᠪᠴᠢᠶ᠎ᠠ᠎ᠳᠤ ᠬᠦᠷᠴᠦ᠂ ᠨᠤᠲᠤᠭ᠎ᠲᠠᠭᠠᠨ ᠪᠤᠴᠠᠵᠤ ᠦᠢ᠍ᠯᠡᠰ ᠪᠣᠰᠬᠠᠭᠰᠠᠨ ᠣᠶᠤᠲᠠᠨ᠂ ᠰᠢᠨ᠎ᠡ᠎ᠪᠠᠷ ᠠᠵᠢᠯ ᠣᠯᠣᠭᠰᠠᠨ ᠬᠥᠮᠥᠰ᠎ᠤᠨ ᠲᠥᠯᠥᠭᠡᠯᠡᠭᠴᠢ᠂ ᠦᠨᠳᠦᠰᠦᠨ ᠱᠠᠲᠤᠨ᠎ᠤ ᠭᠦᠳᠡᠯᠮᠦᠷᠢ ᠵᠢᠨ ᠪᠠᠲᠤᠯᠠᠭ᠎ᠠ ᠵᠢᠨ ᠴᠣᠩᠬᠤᠪᠴᠢ ᠵᠢᠨ ᠠᠵᠢᠯᠲᠠᠨ ᠵᠡᠷᠭᠡ᠎ᠲᠠᠢ ᠨᠢᠭᠤᠷᠳᠠᠨ ᠰᠠᠨᠠᠯ ᠵᠶ᠋ᠠᠨ ᠰᠣᠯᠢᠯᠴᠠᠵᠤ᠂ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ᠂ ᠲᠡᠭᠦᠰᠬᠦ ᠣᠶᠤᠲᠠᠳ᠎ᠤᠨ ᠠᠵᠢᠯ ᠣᠯᠵᠤ ᠦᠢ᠍ᠯᠡᠰ ᠪᠣᠰᠬᠠᠬᠤ ᠵᠡᠷᠭᠡ ᠠᠰᠠᠭᠤᠳᠠᠯ᠎ᠤᠨ ᠲᠤᠬᠠᠢ ᠨᠢᠭᠡᠳ ᠨᠢᠭᠡ᠎ᠪᠠᠷ ᠲᠣᠳᠣᠷᠬᠠᠶ᠋ᠢᠯᠠᠨ ᠲᠠᠶ᠋ᠢᠯᠪᠤᠷᠢᠯᠠᠪᠠ᠃ ᠤᠯᠠᠭ᠋ᠠᠨᠬᠤᠲᠠ ᠵᠢᠨ ᠬᠢᠩᠭ᠋ᠠᠨ ᠠᠳᠠᠯ ᠠᠬᠤᠢ ᠵᠢᠨ ᠦᠢ᠍ᠯᠡᠴᠢᠯᠡᠭᠡᠨ᠎ᠤ ᠬᠢᠵᠠᠭ᠋ᠠᠷᠲᠤ ᠺᠤᠮᠫᠠᠨᠢ ᠵᠢᠨ ᠬᠡᠷᠡᠭ ᠮᠡᠳᠡᠭᠴᠢᠳ᠎ᠤᠨ ᠳᠠᠷᠤᠭ᠎ᠠ ᠵᠢᠨ ᠲᠤᠰᠠᠯᠠᠭᠴᠢ ᠸᠠᠩ ᠯᠢ ᠯᠢ ᠤᠬᠠᠭᠤᠯᠤᠨ ᠲᠠᠶ᠋ᠢᠯᠪᠤᠷᠢᠯᠠᠬᠤ ᠵᠢ ᠰᠣᠨᠣᠰᠤᠭ᠋ᠠᠳ᠄ 《ᠮᠠᠰᠢ ᠶᠡᠭᠡ ᠰᠡᠩᠬᠡᠷᠡᠭᠦᠯᠦᠯ ᠣᠯᠵᠤ᠂ ᠮᠠᠰᠢ ᠶᠡᠭᠡ ᠵᠣᠷᠢᠭᠵᠢᠭᠤᠯᠤᠯ ᠬᠦᠷᠲᠡᠵᠡᠢ᠃ ᠠᠳᠠᠯ ᠠᠬᠤᠢ ᠵᠢᠨ ᠠᠵᠢᠯᠯᠠᠭᠴᠢ ᠪᠣᠯᠤᠭᠰᠠᠨ᠎ᠤ ᠬᠤᠪᠢ᠎ᠳᠤ᠂ ᠬᠤᠶ᠋ᠢᠰᠢᠳᠠ ᠮᠡᠷᠭᠡᠵᠢᠯ ᠴᠢᠳᠠᠪᠤᠷᠢ ᠵᠢᠨ ᠪᠣᠯᠪᠠᠰᠤᠷᠠᠯ ᠪᠣᠯᠣᠨ ᠠᠵᠢᠯ᠎ᠤᠨ ᠪᠠᠶ᠋ᠢᠷᠢ᠎ᠳᠤ ᠲᠣᠮᠢᠯᠠᠬᠤ ᠠᠵᠢᠯ ᠣᠯᠭᠤᠬᠤ ᠲᠠᠯ᠎ᠠ᠎ᠪᠠᠷ ᠦᠷᠭᠦᠯᠵᠢᠯᠡᠨ ᠶᠠᠰᠤ ᠴᠢᠨᠠᠷ ᠵᠶ᠋ᠠᠨ ᠳᠡᠭᠡᠭᠰᠢᠯᠡᠭᠦᠯᠦᠨ ᠪᠠᠭᠲᠠᠭ᠋ᠠᠮᠵᠢ ᠵᠢ ᠥᠷᠭᠡᠳᠬᠡᠵᠦ᠂ ᠨᠡᠩ ᠭᠦᠢ᠍ᠴᠡᠳ ᠨᠡᠩ ᠴᠢᠨᠠᠷ ᠰᠠᠶ᠋ᠢᠲᠠᠢ ᠠᠵᠢᠯ ᠣᠯᠭᠤᠯᠲᠠ ᠵᠢ ᠪᠡᠶᠡᠯᠡᠭᠦᠯᠬᠦ᠎ᠳᠤ ᠬᠤᠪᠢ ᠨᠡᠮᠡᠷᠢ ᠦᠵᠡᠭᠦᠯᠦᠨ᠎ᠡ》 ᠭᠡᠯ᠎ᠡ᠃

ᠢᠷᠡᠯᠲᠡ᠄ ᠥᠪᠥᠷ ᠮᠣᠩᠭᠤᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠶ᠋ᠢᠯᠪᠤᠷᠢᠯᠠᠬᠤ ᠪᠦᠯᠭᠦᠮ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ ᠵᠢᠨ ᠪᠠᠶ᠋ᠢᠭᠤᠯᠭ᠎ᠠ ᠪᠣᠯᠣᠨ ᠰᠢᠯᠢ ᠵᠢᠨ ᠭᠤᠣᠯ ᠠᠶ᠋ᠢᠮᠠᠭ᠎ᠲᠤ ᠤᠬᠠᠭᠤᠯᠤᠨ ᠲᠠᠶ᠋ᠢᠯᠪᠤᠷᠢᠯᠠᠪᠠ
ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠶ᠋ᠢᠯᠪᠤᠷᠢᠯᠠᠬᠤ ᠪᠦᠯᠭᠦᠮ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠬᠢᠨᠠᠨ ᠪᠠᠶ᠋ᠢᠴᠠᠭ᠋ᠠᠬᠤ ᠵᠥᠪᠯᠡᠯ᠎ᠤᠨ ᠪᠠᠶ᠋ᠢᠭᠤᠯᠭ᠎ᠠ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ ᠪᠣᠯᠣᠨ ᠣᠷᠳᠣᠰ ᠬᠤᠲᠠ᠎ᠳᠤ ᠤᠬᠠᠭᠤᠯᠤᠨ ᠲᠠᠶ᠋ᠢᠯᠪᠤᠷᠢᠯᠠᠪᠠ
ᠬᠠᠮᠤᠭ᠎ᠤᠨ ᠬᠦᠴᠢᠷ ᠪᠡᠷᠬᠡᠰᠢᠶᠡᠯ᠎ᠲᠠᠢ ᠭᠠᠵᠠᠷ᠎ᠠᠴᠠ ᠰᠢᠪᠲᠤᠯᠤᠯᠲᠠ ᠭᠠᠷᠭ᠋ᠠᠵᠤ᠂ ᠬᠠᠮᠤᠭ᠎ᠤᠨ ᠠᠯᠤᠰ ᠬᠡᠲᠦ ᠵᠢᠨ ᠬᠠᠷᠠᠯᠲᠠ ᠵᠢ ᠬᠥᠭᠡᠭᠡᠴᠡᠯᠳᠦᠨ᠎ᠡ
ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮᠲᠤ ᠬᠠᠤᠯᠢᠵᠢᠯ᠎ᠤᠨ ᠲᠣᠭᠲᠠᠯᠴᠠᠭ᠎ᠠ ᠵᠢ ᠲᠡᠭᠦᠯᠳᠡᠷᠵᠢᠭᠦᠯᠦᠶ᠎ᠡ (ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯᠳᠤᠭ᠋ᠠᠨ᠎ᠤ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠤᠶ᠎ᠠ) ③
ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮᠲᠤ ᠬᠠᠤᠯᠢᠵᠢᠯ᠎ᠤᠨ ᠲᠣᠭᠲᠠᠯᠴᠠᠭ᠎ᠠ ᠵᠢ ᠲᠡᠭᠦᠯᠳᠡᠷᠵᠢᠭᠦᠯᠦᠶ᠎ᠡ (ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠥᠬᠦᠳᠡ ᠬᠤᠷᠠᠯᠳᠤᠭ᠋ᠠᠨ᠎ᠤ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠤᠶ᠎ᠠ) ②
 
            