ᠬᠤᠶᠠᠷ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮᠲᠤ ᠬᠠᠤᠯᠢᠵᠢᠯ᠎ᠤᠨ ᠲᠣᠭᠲᠠᠯᠴᠠᠭ᠎ᠠ ᠵᠢᠨ ᠪᠠᠶ᠋ᠢᠭᠤᠯᠤᠯᠲᠠ ᠵᠢᠨ ᠠᠭᠤᠤ ᠶᠡᠭᠡ ᠠᠮᠵᠢᠯᠲᠠ ᠵᠢ ᠬᠢᠨᠠᠮᠠᠭ᠋ᠠᠶ ᠳ᠋ᠦᠩᠨᠡᠪᠡ
ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠰᠢ ᠵᠢᠨ ᠫᠢᠩ ᠨᠥᠬᠦᠷ ᠵᠶ᠋ᠠᠷ ᠭᠤᠣᠯᠯᠠᠭᠤᠯᠤᠭᠰᠠᠨ ᠨᠠᠮ᠎ᠤᠨ ᠲᠥᠪ ᠬᠤᠷᠢᠶ᠎ᠠ᠎ᠨᠢ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠢ ᠪᠠᠷᠢᠮᠲᠠᠯᠠᠨ ᠬᠥᠭᠵᠢᠭᠦᠯᠬᠦ ᠪᠦᠬᠦ ᠲᠠᠯ᠎ᠠ ᠪᠣᠯᠤᠨ ᠪᠠᠶ᠋ᠢᠯᠳᠤᠬᠤ ᠪᠤᠳᠤᠯᠭ᠎ᠠ ᠵᠢᠨ ᠦᠨᠳᠦᠷᠴᠡ᠎ᠠᠴᠠ ᠬᠠᠤᠯᠢᠵᠢᠯ᠎ᠤᠨ ᠪᠠᠶ᠋ᠢᠷᠢ ᠲᠣᠭᠲᠠᠭ᠋ᠠᠯᠲᠠ᠂ ᠬᠠᠤᠯᠢᠵᠢᠯ᠎ᠤᠨ ᠪᠠᠶ᠋ᠢᠷᠢᠯᠠᠭᠤᠯᠤᠯᠲᠠ᠂ ᠬᠠᠤᠯᠢᠵᠢᠯ᠎ᠤᠨ ᠬᠡᠷᠡᠭᠵᠢᠭᠦᠯᠦᠯᠲᠡ ᠬᠢᠵᠦ᠂ ᠪᠦᠬᠦ ᠲᠠᠯ᠎ᠠ᠎ᠪᠠᠷ ᠬᠠᠤᠯᠢ ᠶᠤᠰᠤᠭ᠋ᠠᠷ ᠤᠯᠤᠰ ᠵᠶ᠋ᠠᠨ ᠵᠠᠰᠠᠬᠤ ᠵᠢ 《ᠲᠦᠷᠪᠡᠨ ᠪᠦᠬᠦ ᠲᠠᠯ᠎ᠠ》 ᠵᠢᠨ ᠪᠠᠶ᠋ᠢᠯᠳᠤᠬᠤ ᠪᠤᠳᠤᠯᠭ᠎ᠠ ᠵᠢᠨ ᠪᠠᠶ᠋ᠢᠷᠢᠯᠠᠯ᠎ᠳᠤ ᠣᠷᠣᠭᠤᠯᠤᠨ ᠬᠦᠴᠦᠲᠡᠢ ᠠᠬᠢᠭᠤᠯᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮᠲᠤ ᠬᠠᠤᠯᠢᠵᠢᠯ᠎ᠤᠨ ᠲᠣᠭᠲᠠᠯᠴᠠᠭ᠎ᠠ ᠵᠢᠨ ᠪᠠᠶ᠋ᠢᠭᠤᠯᠤᠯᠲᠠ᠎ᠳᠤ ᠲᠡᠦᠬᠡᠲᠦ ᠴᠢᠨᠠᠷᠲᠠᠢ ᠠᠮᠵᠢᠯᠲᠠ ᠤᠯᠬᠤ ᠵᠢ ᠠᠬᠢᠭᠤᠯᠤᠨ ᠠᠵᠤ ᠠᠬᠤᠢ ᠵᠢᠨ ᠲᠦᠷᠭᠡᠨ ᠬᠥᠭᠵᠢᠯᠲᠡ ᠪᠣᠯᠤᠨ ᠨᠡᠶ᠋ᠢᠭᠡᠮ᠎ᠤᠨ ᠤᠷᠳᠤ ᠬᠤᠭᠤᠴᠠᠭ᠋ᠠᠨ᠎ᠤ ᠲᠣᠭᠲᠠᠭᠤᠨ ᠪᠠᠶ᠋ᠢᠬᠤ ᠬᠤᠶᠠᠷ ᠶᠡᠭᠡ ᠭᠠᠶ᠋ᠢᠬᠠᠮᠰᠢᠭ᠎ᠤᠨ ᠰᠢᠨ᠎ᠡ ᠬᠠᠭᠤᠳᠠᠰᠤ ᠵᠢ ᠪᠢᠴᠢᠭᠯᠡᠬᠦ᠎ᠳᠤ ᠬᠦᠴᠦᠲᠡᠢ ᠪᠠᠲᠤᠯᠠᠭ᠎ᠠ ᠬᠠᠩᠭ᠋ᠠᠪᠠ᠃
(ᠨᠢᠭᠡ) ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠪᠦᠷᠢᠯᠳᠦᠪᠡ᠃ ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠪᠢᠳᠡ ᠨᠡᠶ᠋ᠢᠭᠡᠮ ᠵᠢᠷᠤᠮᠲᠤ ᠬᠠᠤᠯᠢᠵᠢᠯ᠎ᠤᠨ ᠪᠠᠶ᠋ᠢᠭᠤᠯᠤᠯᠲᠠ ᠵᠢᠨ ᠲᠠᠯ᠎ᠠ᠎ᠪᠠᠷ ᠣᠯᠤᠭᠰᠠᠨ ᠬᠠᠮᠤᠭ᠎ᠤᠨ ᠴᠢᠬᠤᠯᠠ ᠠᠮᠵᠢᠯᠲᠠ ᠪᠦᠲᠦᠮᠵᠢ ᠪᠣᠯ ᠳᠠᠷᠤᠢ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠪᠦᠷᠢᠯᠳᠦᠭᠰᠡᠨ ᠶᠠᠪᠤᠳᠠᠯ ᠪᠣᠯᠤᠨ᠎ᠠ᠃ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ᠎ᠨᠢ ᠮᠠᠷᠺᠰ᠎ᠤᠨ ᠦᠵᠡᠯ᠎ᠤᠨ ᠬᠠᠤᠯᠢᠵᠢᠯ᠎ᠤᠨ ᠤᠨᠤᠯ᠎ᠢ ᠳᠤᠮᠳᠠᠳᠤ ᠤᠯᠤᠰ᠎ᠤᠨ ᠬᠠᠤᠯᠢᠵᠢᠯ᠎ᠤᠨ ᠪᠠᠶ᠋ᠢᠭᠤᠯᠤᠯᠲᠠ ᠵᠢᠨ ᠪᠣᠳᠠᠲᠤ ᠪᠠᠶ᠋ᠢᠳᠠᠯᠯᠤᠭᠠ ᠤᠶᠠᠯᠳᠤᠭᠤᠯᠵᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠬᠠᠤᠯᠢ ᠴᠠᠭ᠋ᠠᠵᠠ ᠵᠢᠨ ᠰᠣᠶᠣᠯᠯᠤᠭᠠ ᠤᠶᠠᠯᠳᠤᠭᠤᠯᠵᠤ᠂ ᠢᠯᠡ ᠲᠣᠳᠣ ᠤᠨᠤᠯ᠎ᠤᠨ ᠰᠢᠨ᠎ᠡ ᠵᠢ ᠡᠭᠦᠳᠬᠦ ᠣᠨᠴᠠ ᠴᠢᠨᠠᠷ᠂ ᠴᠠᠭ ᠦᠶ᠎ᠡ ᠵᠢᠨ ᠣᠨᠴᠠᠯᠢᠭ ᠪᠠ ᠦᠨᠳᠦᠰᠦᠲᠡᠨ᠎ᠤ ᠣᠨᠴᠠᠯᠢᠭ᠎ᠲᠠᠢ ᠪᠠᠶ᠋ᠢᠵᠤ᠂ ᠤᠯᠤᠰ ᠵᠶ᠋ᠠᠨ ᠬᠦᠴᠦᠷᠬᠡᠭᠵᠢᠭᠦᠯᠬᠦ ᠪᠠᠶ᠋ᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠰᠢᠨ᠎ᠡ ᠠᠶᠠᠨ᠎ᠳᠤ ᠪᠦᠬᠦ ᠲᠠᠯ᠎ᠠ᠎ᠪᠠᠷ ᠬᠠᠤᠯᠢ ᠶᠤᠰᠤᠭ᠋ᠠᠷ ᠤᠯᠤᠰ ᠵᠶ᠋ᠠᠨ ᠵᠠᠰᠠᠬᠤ ᠵᠢ ᠠᠬᠢᠭᠤᠯᠬᠤ᠎ᠳᠤ ᠰᠢᠨᠵᠢᠯᠡᠬᠦ ᠤᠬᠠᠭ᠋ᠠᠨᠴᠢ ᠠᠵᠢᠯᠯᠠᠭ᠋ᠠᠨ᠎ᠤ ᠵᠦᠭᠯᠡᠭᠦᠷ ᠬᠠᠩᠭ᠋ᠠᠵᠤ᠂ ᠰᠢᠨ᠎ᠡ ᠬᠡᠯᠪᠡᠷᠢ ᠪᠦᠬᠦᠢ ᠤᠯᠠᠨ ᠤᠯᠤᠰ᠎ᠤᠨ ᠬᠠᠤᠯᠢᠵᠢᠯ᠎ᠤᠨ ᠡᠮᠬᠢ ᠳᠢᠭᠯᠢᠮ᠎ᠢ ᠪᠠᠶ᠋ᠢᠭᠤᠯᠬᠤ᠂ ᠬᠥᠮᠦᠨ ᠲᠥᠷᠥᠯᠬᠢᠲᠡᠨ᠎ᠤ ᠬᠠᠤᠯᠢᠵᠢᠯ᠎ᠤᠨ ᠪᠣᠯᠪᠠᠰᠤᠨ᠎ᠤ ᠲᠠᠪᠰᠢᠯᠳᠠ ᠵᠢ ᠠᠬᠢᠭᠤᠯᠬᠤ᠎ᠳᠤ ᠳᠤᠮᠳᠠᠳᠤ ᠤᠯᠤᠰ᠎ᠤᠨ ᠤᠶᠤᠨ ᠤᠬᠠᠭ᠋ᠠᠨ ᠵᠶ᠋ᠠᠨ ᠨᠡᠮᠡᠷᠢᠯᠡᠭᠰᠡᠨ ᠪᠠᠶ᠋ᠢᠨ᠎ᠠ᠃
(ᠬᠤᠶᠠᠷ) ᠬᠠᠤᠯᠢᠵᠢᠯ᠎ᠤᠨ ᠪᠠᠶ᠋ᠢᠭᠤᠯᠤᠯᠲᠠ᠎ᠳᠠᠬᠢ ᠨᠠᠮ᠎ᠤᠨ ᠤᠳᠤᠷᠢᠳᠤᠯᠭ᠎ᠠ ᠨᠡᠩ ᠴᠢᠩᠭ᠋ᠠᠷᠠᠪᠠ᠃ ᠨᠠᠮ᠎ᠤᠨ ᠲᠥᠪ ᠬᠤᠷᠢᠶ᠎ᠠ᠎ᠠᠴᠠ ᠲᠥᠪ᠎ᠤᠨ ᠪᠦᠬᠦ ᠲᠠᠯ᠎ᠠ᠎ᠪᠠᠷ ᠬᠠᠤᠯᠢ ᠶᠤᠰᠤᠭ᠋ᠠᠷ ᠤᠯᠤᠰ ᠵᠶ᠋ᠠᠨ ᠵᠠᠰᠠᠬᠤ ᠬᠤᠷᠢᠶ᠎ᠠ ᠵᠢ ᠪᠠᠶ᠋ᠢᠭᠤᠯᠵᠤ᠂ 《ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮᠲᠤ ᠬᠠᠤᠯᠢᠵᠢᠯ᠎ᠤᠨ ᠲᠣᠭᠲᠠᠯᠴᠠᠭ᠎ᠠ ᠵᠢ ᠪᠠᠶ᠋ᠢᠭᠤᠯᠬᠤ》 ᠵᠢ ᠨᠠᠮ᠎ᠤᠨ ᠳᠦᠷᠢᠮ᠎ᠳᠤ ᠪᠢᠴᠢᠨ ᠣᠷᠣᠭᠤᠯᠵᠤ᠂ ᠨᠠᠮ᠎ᠠᠴᠠ ᠬᠠᠤᠯᠢ ᠲᠣᠭᠲᠠᠭ᠋ᠠᠬᠤ ᠵᠢ ᠤᠳᠤᠷᠢᠳᠬᠤ᠂ ᠬᠠᠤᠯᠢ ᠬᠡᠷᠡᠭᠵᠢᠭᠦᠯᠬᠦ ᠵᠢ ᠪᠠᠲᠤᠯᠠᠬᠤ᠂ ᠬᠠᠤᠯᠢ ᠪᠠᠷᠢᠬᠤ ᠵᠢ ᠳᠡᠮᠵᠢᠬᠦ᠂ ᠲᠦᠷᠦᠭᠦᠯᠡᠨ ᠬᠠᠤᠯᠢ ᠵᠢ ᠰᠠᠬᠢᠬᠤ ᠳᠦᠷᠢᠮ᠎ᠤᠨ ᠴᠢᠨᠠᠷᠲᠠᠢ ᠲᠣᠬᠢᠷᠠᠭᠤᠯᠤᠯᠲᠠ ᠵᠢ ᠪᠦᠷᠢᠯᠳᠦᠭᠦᠯᠪᠡ᠃ ᠨᠠᠮ᠎ᠤᠨ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠳᠥᠷᠪᠡᠳᠦᠭᠡᠷ ᠪᠦᠬᠦᠳᠡ ᠬᠤᠷᠠᠯᠳᠤᠭ᠋ᠠᠨ ᠪᠣᠯᠤᠨ ᠲᠥᠪ᠎ᠤᠨ ᠪᠦᠬᠦ ᠲᠠᠯ᠎ᠠ᠎ᠪᠠᠷ ᠬᠠᠤᠯᠢ ᠶᠤᠰᠤᠭ᠋ᠠᠷ ᠤᠯᠤᠰ ᠵᠶ᠋ᠠᠨ ᠵᠠᠰᠠᠬᠤ ᠠᠵᠢᠯ᠎ᠤᠨ ᠬᠤᠷᠠᠯ ᠵᠶ᠋ᠠᠷ ᠪᠦᠬᠦ ᠲᠠᠯ᠎ᠠ᠎ᠪᠠᠷ ᠬᠠᠤᠯᠢ ᠶᠤᠰᠤᠭ᠋ᠠᠷ ᠤᠯᠤᠰ ᠵᠶ᠋ᠠᠨ ᠵᠠᠰᠠᠬᠤ ᠠᠰᠠᠭᠤᠳᠠᠯ᠎ᠢ ᠲᠤᠰᠬᠠᠢ ᠰᠡᠳᠦᠪ ᠵᠶ᠋ᠠᠷ ᠰᠤᠳᠤᠯᠤᠭᠰᠠᠨ᠎ᠤ ᠬᠠᠮᠲᠤ ᠪᠦᠬᠦ ᠲᠠᠯ᠎ᠠ ᠵᠢᠨ ᠪᠠᠶ᠋ᠢᠷᠢᠯᠠᠭᠤᠯᠤᠯᠲᠠ ᠬᠢᠵᠦ᠂ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠤᠷᠢᠶᠠᠨ᠎ᠤ ᠳᠥᠷᠪᠡᠳᠦᠭᠡᠷ ᠪᠦᠬᠦᠳᠡ ᠬᠤᠷᠠᠯᠳᠤᠭ᠋ᠠᠨ ᠵᠶ᠋ᠠᠷ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮᠲᠤ ᠬᠠᠤᠯᠢᠵᠢᠯ᠎ᠤᠨ ᠲᠣᠭᠲᠠᠯᠴᠠᠭ᠎ᠠ ᠵᠢ ᠪᠠᠷᠢᠮᠲᠠᠯᠠᠨ ᠲᠡᠭᠦᠯᠳᠡᠷᠵᠢᠭᠦᠯᠬᠦ᠎ᠳᠤ ᠲᠤᠰᠬᠠᠢ ᠪᠦᠯᠦᠭ ᠵᠶ᠋ᠠᠷ ᠪᠠᠶ᠋ᠢᠷᠢᠯᠠᠭᠤᠯᠤᠯᠲᠠ ᠬᠢᠵᠡᠢ᠃ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠯᠤᠰ ᠲᠦᠷᠦ ᠬᠠᠤᠯᠢ ᠴᠠᠭ᠋ᠠᠵᠠ ᠵᠢᠨ ᠠᠵᠢᠯ᠎ᠤᠨ ᠳᠦᠷᠢᠮ》᠎ᠢ ᠲᠣᠭᠲᠠᠭ᠋ᠠᠵᠤ᠂ ᠬᠠᠤᠯᠢᠵᠢᠯ᠎ᠤᠨ ᠳᠤᠮᠳᠠᠳᠤ ᠤᠯᠤᠰ᠎ᠤᠨ ᠪᠠᠶ᠋ᠢᠭᠤᠯᠤᠯᠲᠠ ᠵᠢᠨ ᠲᠥᠯᠥᠪᠵᠢᠭᠦᠯᠭᠡ ᠪᠣᠯᠤᠨ ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢᠨ ᠬᠡᠷᠡᠭᠵᠢᠭᠦᠯᠬᠦ ᠬᠥᠲᠥᠯᠪᠦᠷᠢ᠂ ᠬᠠᠤᠯᠢᠵᠢᠯ᠎ᠤᠨ ᠨᠡᠶ᠋ᠢᠭᠡᠮ᠎ᠤᠨ ᠪᠠᠶ᠋ᠢᠭᠤᠯᠤᠯᠲᠠ ᠵᠢᠨ ᠬᠡᠷᠡᠭᠵᠢᠭᠦᠯᠬᠦ ᠬᠥᠲᠥᠯᠪᠦᠷᠢ ᠵᠢ ᠲᠣᠭᠲᠠᠭ᠋ᠠᠨ ᠬᠡᠷᠡᠭᠵᠢᠭᠦᠯᠵᠦ᠂ ᠨᠠᠮ᠎ᠠᠴᠠ ᠬᠠᠤᠯᠢᠵᠢᠯ᠎ᠤᠨ ᠠᠷᠭ᠎ᠠ ᠬᠡᠯᠪᠡᠷᠢ᠎ᠪᠠᠷ ᠤᠯᠤᠰ᠎ᠢ ᠤᠳᠤᠷᠢᠳᠬᠤ ᠪᠠ ᠵᠠᠰᠠᠬᠤ ᠴᠢᠳᠠᠪᠤᠷᠢ᠎ᠪᠠᠨ ᠢᠯᠡᠳᠲᠡ ᠴᠢᠩᠭ᠋ᠠᠳᠬᠠᠪᠠ᠃
(ᠭᠤᠷᠪᠠ) ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮᠲᠤ ᠬᠠᠤᠯᠢ ᠴᠠᠭ᠋ᠠᠵᠠ ᠵᠢᠨ ᠲᠣᠭᠲᠠᠯᠴᠠᠭ᠎ᠠ ᠡᠳᠦᠷ ᠢᠷᠡᠬᠦᠶ᠎ᠡ ᠲᠡᠭᠦᠯᠳᠡᠷᠵᠢᠪᠡ᠃ ᠦᠨᠳᠦᠰᠦᠨ ᠬᠠᠤᠯᠢ᠎ᠳᠤ ᠵᠠᠰᠠᠪᠤᠷᠢ ᠣᠷᠣᠭᠤᠯᠬᠤ ᠲᠥᠰᠥᠯ ᠵᠶ᠋ᠠᠷ ᠳᠠᠮᠵᠢᠭᠤᠯᠤᠨ᠂ ᠢᠷᠭᠡᠨ᠎ᠤ ᠬᠠᠤᠯᠢ ᠵᠢᠨ ᠪᠢᠴᠢᠭ᠎ᠢ ᠨᠡᠶ᠋ᠢᠲᠡᠯᠡᠵᠦ᠂ ᠰᠢᠶᠠᠩᠭ᠋ᠠᠩ᠎ᠤᠨ ᠵᠠᠰᠠᠭ ᠵᠠᠬᠢᠷᠭ᠋ᠠᠨ᠎ᠤ ᠣᠨᠴᠠᠭ᠋ᠠᠶ ᠣᠷᠣᠨ᠎ᠤ ᠤᠯᠤᠰ᠎ᠤᠨ ᠠᠮᠤᠷ ᠲᠦᠪᠰᠢᠨ᠎ᠢ ᠬᠠᠮᠠᠭ᠋ᠠᠯᠠᠬᠤ ᠬᠠᠤᠯᠢ ᠪᠠ ᠤᠯᠤᠰ᠎ᠤᠨ ᠠᠮᠤᠷ ᠲᠦᠪᠰᠢᠨ᠎ᠢ ᠬᠠᠮᠠᠭ᠋ᠠᠯᠠᠬᠤ ᠳᠦᠷᠢᠮ᠎ᠢ ᠲᠣᠭᠲᠠᠭ᠋ᠠᠵᠤ᠂ ᠤᠯᠤᠰ ᠪᠠ ᠨᠡᠶ᠋ᠢᠭᠡᠮ᠎ᠤᠨ ᠠᠮᠢᠳᠤᠷᠠᠯ᠎ᠤᠨ ᠡᠯ᠎ᠡ ᠲᠠᠯ᠎ᠠ᠎ᠳᠤ ᠵᠢᠷᠤᠮᠯᠠᠬᠤ ᠬᠠᠤᠯᠢ᠎ᠲᠠᠢ ᠪᠠᠶ᠋ᠢᠬᠤ ᠵᠢ ᠶᠡᠷᠦᠩᠬᠡᠢ᠎ᠳᠤ᠎ᠪᠠᠨ ᠪᠡᠶᠡᠯᠡᠭᠦᠯᠪᠡ᠃ 2024 ᠣᠨ᠎ᠤ 6 ᠳ᠋ᠤᠭ᠋ᠠᠷ ᠰᠠᠷ᠎ᠠ ᠪᠣᠯᠬᠤ᠎ᠳᠤ᠂ ᠮᠠᠨ᠎ᠤ ᠤᠯᠤᠰ᠎ᠤᠨ ᠣᠲᠣ ᠵᠢᠨ ᠬᠡᠷᠡᠭᠵᠢᠭᠦᠯᠵᠦ ᠪᠠᠶ᠋ᠢᠭ᠎ᠠ ᠬᠦᠴᠦᠨ ᠪᠥᠬᠦᠶ ᠬᠠᠤᠯᠢ ᠴᠠᠭ᠋ᠠᠵᠠ᠎ᠨᠢ 303᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠨᠢ 598᠂ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭᠲᠠᠭ᠋ᠠᠯ᠎ᠨᠢ 1.4 ᠲᠦᠮᠡ ᠭᠠᠷᠤᠶ ᠪᠣᠯᠪᠠ᠃ ᠣᠳᠣ ᠵᠢᠨ ᠬᠡᠷᠡᠭᠵᠢᠭᠦᠯᠵᠦ ᠪᠠᠶ᠋ᠢᠭ᠎ᠠ ᠲᠥᠪ᠎ᠤᠨ ᠨᠠᠮ᠎ᠤᠨ ᠳᠣᠲᠣᠭ᠋ᠠᠳᠤ ᠵᠢᠨ ᠬᠦᠴᠦᠨ ᠪᠦᠬᠦᠢ ᠬᠠᠤᠯᠢ ᠲᠣᠭᠲᠠᠭ᠋ᠠᠯ᠎ᠨᠢ 225᠂ ᠶᠠᠮᠤᠨ ᠵᠥᠪᠯᠡᠯ᠎ᠤᠨ ᠨᠠᠮ᠎ᠤᠨ ᠳᠣᠲᠣᠭ᠋ᠠᠳᠤ ᠵᠢᠨ ᠬᠠᠤᠯᠢ ᠲᠣᠭᠲᠠᠭ᠋ᠠᠯ᠎ᠨᠢ 227᠂ ᠣᠷᠣᠨ ᠨᠤᠲᠤᠭ᠎ᠤᠨ ᠨᠠᠮ᠎ᠤᠨ ᠳᠣᠲᠣᠭ᠋ᠠᠳᠤ ᠵᠢᠨ ᠬᠠᠤᠯᠢ ᠲᠣᠭᠲᠠᠭ᠋ᠠᠯ᠎ᠨᠢ 3485 ᠪᠣᠯᠵᠤ᠂ ᠨᠠᠮ᠎ᠤᠨ ᠳᠣᠲᠣᠭ᠋ᠠᠳᠤ ᠵᠢᠨ ᠬᠠᠤᠯᠢ ᠲᠣᠭᠲᠠᠭ᠋ᠠᠯ᠎ᠤᠨ ᠨᠡᠯᠢᠶᠡᠳ ᠪᠦᠷᠢᠨ ᠲᠡᠭᠦᠯᠳᠡᠷ ᠲᠣᠭᠲᠠᠯᠴᠠᠭ᠎ᠠ ᠵᠢ ᠪᠦᠷᠢᠯᠳᠦᠭᠦᠯᠪᠡ᠃
(ᠳᠥᠷᠪᠡ) ᠶᠡᠭᠡ ᠲᠠᠯ᠎ᠠ᠎ᠳᠤ ᠦᠢ᠍ᠯᠡᠴᠢᠯᠡᠵᠦ ᠪᠠᠲᠤᠯᠠᠬᠤ ᠬᠠᠤᠯᠢᠵᠢᠯ᠎ᠤᠨ ᠦᠢ᠍ᠯᠡᠳᠦᠯ ᠭᠦᠢ᠍ᠴᠡᠳ ᠢᠯᠡᠷᠡᠪᠡ᠃ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠬᠠᠤᠯᠢ ᠶᠣᠰᠣᠭ᠋ᠠᠷ ᠴᠣᠬᠢᠯᠲᠠ ᠥᠭᠴᠦ᠂ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠠᠵᠢᠯ ᠵᠶ᠋ᠠᠨ ᠪᠠᠶ᠋ᠢᠩᠭᠤᠵᠢᠭᠤᠯᠬᠤ ᠵᠢ ᠭᠦᠨᠵᠡᠭᠡᠶ᠋ᠢᠷᠡᠭᠦᠯᠦᠨ ᠠᠬᠢᠭᠤᠯᠵᠤ᠂ 2023 ᠣᠨ᠎ᠳᠤ ᠪᠦᠬᠦ ᠤᠯᠤᠰ᠎ᠤᠨ ᠤᠯᠠᠨ ᠲᠦᠮᠡᠨ᠎ᠤ ᠠᠮᠤᠷ ᠲᠦᠪᠰᠢᠨ᠎ᠤ ᠲᠦᠷᠦᠭᠳᠡᠯ 98.2%᠎ᠲᠤ ᠬᠦᠷᠴᠡᠢ᠂ ᠮᠠᠨ᠎ᠤ ᠤᠯᠤᠰ ᠪᠣᠯ ᠨᠡᠶ᠋ᠢᠲᠡ᠎ᠪᠠᠷ ᠵᠶ᠋ᠠᠨ ᠮᠡᠳᠡᠷᠡᠵᠦ ᠪᠠᠶ᠋ᠢᠭ᠎ᠠ ᠬᠠᠮᠤᠭ᠎ᠤᠨ ᠠᠮᠤᠷ ᠲᠦᠪᠰᠢᠨ ᠤᠯᠤᠰ᠎ᠤᠨ ᠨᠢᠭᠡ ᠪᠣᠯᠤᠨ᠎ᠠ᠃ ᠨᠠᠮ᠎ᠤᠨ ᠬᠤᠷᠢᠶᠠᠨ (ᠨᠠᠮ᠎ᠤᠨ ᠤᠳᠤᠷᠢᠳᠬᠤ ᠳᠤᠭᠤᠶ᠋ᠢᠯᠠᠩ)᠎ᠤ ᠤᠯᠤᠰ᠎ᠤᠨ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠲᠦᠷᠢᠮ᠂ ᠨᠡᠶ᠋ᠢᠭᠡᠮ᠎ᠤᠨ ᠲᠣᠭᠲᠠᠭᠤᠨ ᠪᠠᠶ᠋ᠢᠳᠠᠯ᠎ᠢ ᠬᠠᠮᠠᠭ᠋ᠠᠯᠠᠬᠤ ᠬᠠᠷᠢᠭᠤᠴᠠᠯᠭ᠎ᠠ ᠵᠢᠨ ᠲᠦᠷᠢᠮ᠎ᠢ ᠲᠣᠭᠲᠠᠭ᠋ᠠᠨ ᠬᠡᠷᠡᠭᠵᠢᠭᠦᠯᠵᠦ᠂ ᠬᠦᠨᠳᠦ ᠶᠡᠭᠡ ᠲᠦᠭᠰᠢᠭᠦᠷᠢ ᠵᠢ ᠬᠠᠤᠯᠢᠵᠢᠯ ᠵᠶ᠋ᠠᠷ ᠰᠡᠷᠭᠡᠶ᠋ᠢᠯᠡᠨ ᠠᠷᠢᠯᠭ᠋ᠠᠬᠤ ᠴᠢᠬᠤᠯᠠ ᠦᠢ᠍ᠯᠡᠳᠦᠯ ᠵᠶ᠋ᠠᠨ ᠭᠦᠢ᠍ᠴᠡᠳ ᠪᠠᠳᠠᠷᠠᠭᠤᠯᠪᠠ᠃ ᠰᠢᠨ᠎ᠡ ᠴᠠᠭ ᠦᠶ᠎ᠡ ᠵᠢᠨ 《ᠹᠧᠩ ᠴᠢᠶᠤᠤ ᠵᠢᠨ ᠲᠤᠷᠰᠢᠯᠭ᠎ᠠ》 ᠵᠢ ᠪᠠᠷᠢᠮᠲᠠᠯᠠᠨ ᠬᠥᠭᠵᠢᠭᠦᠯᠵᠦ᠂ ᠤᠷᠢᠳᠴᠢᠯᠠᠨ ᠰᠡᠷᠭᠡᠶ᠋ᠢᠯᠡᠬᠦ᠎ᠳᠤ ᠰᠠᠭᠤᠷᠢᠯᠠᠵᠤ᠂ ᠡᠶᠡᠳᠡᠭᠦᠯᠬᠦ᠎ᠳᠤ ᠰᠠᠭᠤᠷᠢᠯᠠᠵᠤ᠂ ᠬᠠᠤᠯᠢᠵᠢᠯ᠎ᠳᠤ ᠰᠠᠭᠤᠷᠢᠯᠠᠵᠤ᠂ ᠦᠨᠳᠦᠰᠦᠨ ᠱᠠᠲᠤᠨ᠎ᠳᠤ ᠰᠠᠭᠤᠷᠢᠯᠠᠵᠤ᠂ ᠵᠥᠷᠢᠴᠡᠯ ᠵᠠᠭᠤᠷᠠᠯᠳᠤᠭ᠋ᠠᠨ᠎ᠢ ᠤᠷᠢᠳᠴᠢᠯᠠᠨ ᠰᠡᠷᠭᠡᠶ᠋ᠢᠯᠡᠵᠦ ᠠᠷᠢᠯᠭ᠋ᠠᠬᠤ ᠵᠢᠨ ᠬᠠᠤᠯᠢᠵᠢᠯ᠎ᠢ ᠠᠬᠢᠭᠤᠯᠪᠠ᠃ ᠬᠠᠤᠯᠢᠵᠢᠭᠰᠠᠨ ᠬᠤᠳᠠᠯᠳᠤᠭ᠋ᠠᠯᠠᠨ ᠡᠵᠡᠩᠨᠡᠬᠦ ᠣᠷᠴᠢᠨ ᠨᠥᠬᠦᠴᠡᠯ᠎ᠤᠨ ᠪᠠᠶ᠋ᠢᠭᠤᠯᠤᠯᠲᠠ ᠵᠢ ᠭᠦᠨᠵᠡᠭᠡᠶ᠋ᠢᠷᠡᠭᠦᠯᠦᠨ ᠠᠬᠢᠭᠤᠯᠵᠤ᠂ ᠡᠯ᠎ᠡ ᠲᠥᠷᠥᠯ᠎ᠤᠨ ᠡᠵᠡᠩᠨᠡᠯᠲᠡ ᠵᠢᠨ ᠭᠤᠣᠯ ᠴᠣᠭᠴᠠ ᠵᠢ ᠬᠠᠤᠯᠢ ᠶᠣᠰᠣᠭ᠋ᠠᠷ ᠡᠷᠬᠡ ᠲᠡᠭᠰᠢ᠎ᠪᠠᠷ ᠬᠠᠮᠠᠭ᠋ᠠᠯᠠᠵᠤ᠂ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ᠎ᠢ ᠦᠷᠭᠦᠯᠵᠢᠯᠡᠨ ᠬᠥᠭᠵᠢᠭᠡᠪᠡ᠃
(ᠲᠠᠪᠤ) ᠨᠡᠶ᠋ᠢᠭᠡᠮ᠎ᠤᠨ ᠲᠥᠪ ᠭᠤᠣᠯᠴᠢ ᠰᠢᠳᠤᠷᠭᠤ ᠶᠣᠰᠣᠨ᠎ᠤ ᠪᠠᠲᠤᠯᠠᠭ᠎ᠠ ᠨᠡᠩ ᠪᠠᠲᠤᠵᠢᠪᠠ᠃ ᠬᠠᠤᠯᠢ ᠴᠠᠭ᠋ᠠᠵᠠ ᠵᠢᠨ ᠬᠠᠷᠢᠭᠤᠴᠠᠯᠭ᠎ᠠ ᠵᠢᠨ ᠳᠦᠷᠢᠮ᠎ᠤᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠳᠡᠯᠭᠡᠷᠡᠭᠦᠯᠵᠦ᠂ ᠰᠢᠭᠦᠬᠦ ᠲᠤᠰᠢᠶᠠᠯᠲᠠᠨ ᠪᠠ ᠪᠠᠶ᠋ᠢᠴᠠᠭ᠋ᠠᠬᠤ ᠲᠤᠰᠢᠶᠠᠯᠲᠠᠨ᠎ᠤ ᠬᠡᠷᠡᠭ ᠰᠢᠢ᠍ᠳᠪᠦᠷᠢᠯᠡᠬᠦ ᠭᠤᠣᠯ ᠴᠣᠭᠴᠠ ᠵᠢᠨ ᠪᠠᠶ᠋ᠢᠷᠢ ᠰᠠᠭᠤᠷᠢ ᠠᠯᠬᠤᠮ ᠠᠯᠬᠤᠮ ᠵᠶ᠋ᠠᠷ ᠲᠣᠭᠲᠠᠭ᠋ᠠᠭᠳᠠᠵᠤ᠂ 85% ᠵᠢᠨ ᠬᠥᠮᠥᠨ᠎ᠤ ᠬᠦᠴᠦᠨ᠎ᠤ ᠡᠬᠢ ᠪᠠᠶᠠᠯᠢᠭ᠎ᠨᠢ ᠬᠡᠷᠡᠭ ᠰᠢᠢ᠍ᠳᠪᠦᠷᠢᠯᠡᠬᠦ ᠨᠢᠭᠡᠳᠦᠭᠡᠷ ᠹᠷᠣᠨᠲ᠎ᠲᠤ ᠲᠥᠪᠯᠡᠷᠡᠭᠦᠯᠪᠡ᠃ ᠰᠢᠭᠦᠨ ᠲᠠᠰᠤᠯᠬᠤ᠎ᠪᠠᠷ ᠭᠤᠣᠯ ᠪᠣᠯᠭ᠋ᠠᠭᠰᠠᠨ ᠡᠷᠡᠭᠦᠦ ᠵᠢᠨ ᠵᠠᠷᠭᠤ ᠵᠢᠨ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ ᠠᠬᠢᠭᠤᠯᠵᠤ᠂ ᠨᠢᠭᠡ ᠪᠦᠯᠦᠭ ᠬᠦᠨᠳᠦ ᠶᠡᠭᠡ ᠬᠢᠯᠢᠰ ᠪᠤᠷᠤᠭᠤ ᠬᠡᠷᠡᠭ᠎ᠢ ᠬᠠᠤᠯᠢ ᠶᠣᠰᠣᠭ᠋ᠠᠷ ᠵᠠᠯᠠᠷᠠᠭᠤᠯᠵᠤ᠂ ᠬᠠᠤᠯᠢ ᠴᠠᠭ᠋ᠠᠵᠠ᠎ᠳᠤ ᠭᠠᠷ ᠲᠦᠷᠦᠭᠦ ᠵᠢ ᠰᠡᠷᠭᠡᠶ᠋ᠢᠯᠡᠬᠦ 《ᠭᠤᠷᠪᠠᠨ ᠲᠣᠭᠲᠠᠭ᠋ᠠᠯ》᠎ᠢ ᠲᠣᠭᠲᠠᠭ᠋ᠠᠨ ᠬᠡᠷᠡᠭᠵᠢᠭᠦᠯᠵᠦ᠂ ᠠᠷᠠᠳ ᠣᠯᠠᠨ᠎ᠤ ᠲᠤᠰᠬᠠᠯ ᠴᠢᠩᠭ᠎ᠠ ᠪᠠᠶ᠋ᠢᠭ᠎ᠠ ᠬᠡᠷᠡᠭ ᠪᠣᠯᠭ᠋ᠠᠨ ᠳᠠᠩᠰᠠᠯᠠᠬᠤ᠎ᠳᠤ ᠪᠡᠷᠬᠡ᠂ ᠭᠦᠢ᠍ᠴᠡᠳᠬᠡᠬᠦ᠎ᠳᠤ ᠬᠦᠴᠢᠷ ᠵᠡᠷᠭᠡ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠶᠠᠰᠤ ᠴᠢᠨᠠᠷ᠂ ᠦᠷ᠎ᠡ ᠪᠦᠲᠦᠮᠵᠢ ᠪᠠ ᠨᠡᠶ᠋ᠢᠲᠡ᠎ᠳᠤ ᠢᠲᠡᠭᠡᠭᠦᠯᠬᠦ ᠬᠦᠴᠦᠨ ᠵᠶ᠋ᠠᠨ ᠦᠷᠭᠦᠯᠵᠢᠯᠡᠨ ᠳᠡᠭᠡᠭᠰᠢᠯᠡᠭᠦᠯᠪᠡ᠃
(ᠵᠢᠷᠭᠤᠭ᠎ᠠ) ᠪᠦᠬᠦ ᠲᠠᠯ᠎ᠠ᠎ᠪᠠᠷ ᠬᠠᠤᠯᠢ ᠶᠤᠰᠤᠭ᠋ᠠᠷ ᠤᠯᠤᠰ ᠵᠶ᠋ᠠᠨ ᠵᠠᠰᠠᠬᠤ ᠶᠡᠷᠦᠩᠬᠡᠢ ᠪᠠᠶ᠋ᠢᠷᠢᠰᠢᠯ ᠦᠨᠳᠦᠰᠦᠨ᠎ᠳᠤ᠎ᠪᠠᠨ ᠪᠦᠷᠢᠯᠳᠦᠪᠡ᠃ ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠠᠶ᠋ᠢᠭᠤᠯᠤᠯᠲᠠ᠎ᠳᠤ ᠲᠦᠷᠦᠭᠦᠯᠡᠨ ᠰᠢᠪᠲᠤᠯᠤᠯᠲᠠ ᠬᠢᠵᠦ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠶ᠋ᠢᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ ᠠᠬᠢᠭᠤᠯᠵᠤ᠂ ᠴᠢᠩᠭ᠎ᠠ ᠵᠢᠷᠤᠮᠵᠢᠯ᠎ᠲᠠᠢ ᠲᠥᠪ ᠭᠤᠣᠯᠴᠢ ᠪᠣᠯᠪᠠᠰᠤᠨ ᠵᠶ᠋ᠠᠷ ᠬᠠᠤᠯᠢ ᠬᠡᠷᠡᠭᠵᠢᠭᠦᠯᠬᠦ ᠬᠢᠷᠢ ᠲᠦᠪᠰᠢᠨ ᠵᠶ᠋ᠠᠨ ᠨᠡᠶ᠋ᠢᠳᠡᠮ ᠳᠡᠭᠡᠭᠰᠢᠯᠡᠭᠦᠯᠪᠡ᠃ 《ᠨᠠᠢ᠍ᠮᠠᠳᠤᠭ᠋ᠠᠷ ᠲᠠᠪᠤᠨ ᠵᠢᠯ》᠎ᠤᠨ ᠬᠠᠤᠯᠢ ᠲᠦᠭᠡᠮᠡᠯᠵᠢᠭᠦᠯᠬᠦ ᠲᠥᠯᠥᠪᠵᠢᠭᠦᠯᠭᠡ ᠵᠢ ᠡᠬᠢᠯᠡᠭᠦᠯᠦᠨ ᠬᠡᠷᠡᠭᠵᠢᠭᠦᠯᠵᠦ᠂ ᠠᠷᠠᠳ ᠣᠯᠠᠨ᠎ᠤ ᠬᠠᠤᠯᠢᠵᠢᠯ᠎ᠤᠨ ᠤᠬᠠᠮᠰᠠᠷ ᠲᠠᠰᠤᠷᠠᠯᠲᠠ ᠦᠭᠡᠢ ᠴᠢᠩᠭ᠋ᠠᠷᠠᠪᠠ᠃ ᠬᠠᠤᠯᠢᠵᠢᠯ᠎ᠤᠨ ᠠᠵᠢᠯ᠎ᠤᠨ ᠡᠩᠨᠡᠭᠡᠨ᠎ᠤ ᠪᠠᠶ᠋ᠢᠭᠤᠯᠤᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠵᠤ᠂ ᠰᠢᠭᠦᠬᠦ ᠲᠤᠰᠢᠶᠠᠯᠲᠠᠨ᠂ ᠪᠠᠶ᠋ᠢᠴᠠᠭ᠋ᠠᠬᠤ ᠲᠤᠰᠢᠶᠠᠯᠲᠠᠨ᠎ᠤ ᠬᠠᠤᠯᠢ ᠵᠢᠨ ᠤᠬᠠᠭ᠋ᠠᠨ᠎ᠤ ᠲᠤᠰᠬᠠᠶ ᠮᠡᠷᠭᠡᠵᠢᠯ᠎ᠤᠨ ᠭᠠᠷᠤᠯ ᠬᠢᠭᠡᠳ ᠵᠢᠩᠬᠢᠨᠢ ᠠᠩᠭᠢ᠎ᠠᠴᠠ ᠳᠡᠭᠡᠭᠰᠢᠬᠢ ᠰᠤᠷᠤᠯᠭ᠎ᠠ ᠵᠢᠨ ᠨᠠᠮᠲᠠᠷ᠎ᠤᠨ ᠬᠠᠷᠢᠴᠠᠯ ᠴᠥᠮ 95% ᠵᠢ ᠳᠠᠪᠠᠵᠤ᠂ ᠬᠠᠤᠯᠢᠴᠢ ᠵᠢᠨ ᠲᠤᠭ᠎ᠠ 10 ᠭᠠᠷᠤᠢ ᠵᠢᠯ᠎ᠤᠨ ᠲᠤᠷᠰᠢ 30 ᠲᠦᠮᠡ ᠪᠠᠶ᠋ᠢᠭᠰᠠᠨ᠎ᠠᠴᠠ᠎ᠪᠠᠨ 72.5 ᠲᠦᠮᠡ ᠨᠡᠮᠡᠭᠳᠡᠵᠦ᠂ ᠳᠡᠯᠡᠬᠡᠢ ᠳᠡᠭᠡᠷᠡᠬᠢ ᠬᠡᠪᠴᠢᠶ᠎ᠡ᠎ᠪᠠᠷ ᠬᠠᠮᠤᠭ᠎ᠤᠨ ᠶᠡᠭᠡ ᠬᠠᠤᠯᠢ ᠵᠢᠨ ᠤᠬᠠᠭ᠋ᠠᠨ᠎ᠤ ᠰᠤᠷᠭ᠋ᠠᠨ ᠬᠥᠮᠦᠵᠢᠯ᠎ᠤᠨ ᠲᠣᠭᠲᠠᠯᠴᠠᠭ᠎ᠠ ᠵᠢ ᠪᠣᠢ ᠪᠣᠯᠭ᠋ᠠᠵᠤ᠂ ᠵᠢᠯ ᠪᠦᠷᠢ 10 ᠲᠦᠮᠡ ᠭᠠᠷᠤᠢ ᠬᠠᠤᠯᠢᠵᠢᠯ᠎ᠤᠨ ᠲᠤᠰᠬᠠᠶ ᠴᠢᠳᠠᠪᠤᠷᠢᠲᠠᠨ᠎ᠢ ᠬᠦᠮᠦᠵᠢᠭᠦᠯᠪᠡ᠃
ᠡᠭᠦᠨ᠎ᠤ ᠬᠠᠮᠲᠤ᠂ ᠮᠠᠨ᠎ᠤ ᠤᠯᠤᠰ᠎ᠤᠨ ᠬᠠᠤᠯᠢᠵᠢᠯ᠎ᠤᠨ ᠲᠣᠭᠲᠠᠯᠴᠠᠭ᠎ᠠ ᠵᠢᠨ ᠪᠠᠶ᠋ᠢᠭᠤᠯᠤᠯᠲᠠ᠎ᠳᠤ ᠪᠠᠰᠠ ᠡᠳᠦᠢ ᠲᠡᠳᠦᠢ ᠳᠤᠲᠠᠭᠤᠳᠠᠯ ᠪᠠ ᠬᠦᠷᠦᠯᠴᠡᠬᠦ ᠦᠭᠡᠢ ᠲᠠᠯ᠎ᠠ ᠣᠷᠣᠰᠢᠵᠤ ᠪᠠᠶ᠋ᠢᠨ᠎ᠠ᠂ ᠵᠢᠱ᠌ᠢᠶᠡᠯᠡᠪᠡᠯ ᠬᠠᠤᠯᠢᠵᠢᠯ᠎ᠤᠨ ᠬᠡᠷᠡᠭᠵᠢᠭᠦᠯᠦᠯᠲᠡ ᠵᠢᠨ ᠲᠣᠭᠲᠠᠯᠴᠠᠭ᠎ᠠ ᠪᠠᠰᠠ ᠥᠨᠳᠥᠷ ᠪᠦᠲᠦᠮᠵᠢᠲᠡᠢ ᠪᠢᠰᠢ᠂ ᠬᠠᠤᠯᠢᠵᠢᠯ᠎ᠤᠨ ᠬᠢᠨᠠᠯᠲᠠ ᠲᠠᠯᠪᠢᠯᠲᠠ ᠵᠢᠨ ᠲᠣᠭᠲᠠᠯᠴᠠᠭ᠎ᠠ ᠪᠠᠰᠠ ᠨᠢᠭᠲᠠ ᠴᠢᠩᠭ᠎ᠠ ᠪᠢᠰᠢ᠂ ᠬᠠᠤᠯᠢᠵᠢᠯ᠎ᠤᠨ ᠪᠠᠲᠤᠯᠠᠭ᠎ᠠ ᠵᠢᠨ ᠲᠣᠭᠲᠠᠯᠴᠠᠭ᠎ᠠ ᠪᠠᠰᠠ ᠬᠦᠴᠦᠲᠡᠢ ᠪᠢᠰᠢ᠂ ᠭᠠᠳᠠᠭ᠋ᠠᠳᠤ᠎ᠳᠤ ᠬᠤᠯᠪᠣᠭᠳᠠᠬᠤ ᠬᠠᠤᠯᠢᠵᠢᠯ᠎ᠤᠨ ᠳᠤᠲᠠᠭᠤᠳᠠᠯ ᠪᠠᠰᠠ ᠨᠡᠯᠢᠶᠡᠳ ᠢᠯᠡᠷᠬᠡᠢ ᠪᠠᠶ᠋ᠢᠬᠤ ᠵᠡᠷᠭᠡ ᠪᠣᠯᠣᠨ᠎ᠠ᠃ ᠬᠠᠤᠯᠢᠵᠢᠯ᠎ᠤᠨ ᠲᠣᠭᠲᠠᠯᠴᠠᠭ᠎ᠠ ᠵᠢᠨ ᠪᠠᠶ᠋ᠢᠭᠤᠯᠤᠯᠲᠠ ᠵᠢ ᠠᠬᠢᠭᠤᠯᠬᠤ᠎ᠳᠤ ᠡᠷᠬᠡᠪᠰᠢ ᠭᠤᠣᠯᠳᠠᠯᠭ᠎ᠠ ᠵᠢ ᠠᠳᠬᠤᠵᠤ᠂ ᠰᠤᠯᠠ ᠲᠠᠯ᠎ᠠ᠎ᠪᠠᠨ ᠴᠢᠩᠭ᠋ᠠᠷᠠᠭᠤᠯᠵᠤ᠂ ᠳᠤᠲᠠᠭᠤᠳᠠᠯ ᠵᠶ᠋ᠠᠨ ᠨᠥᠬᠦᠪᠥᠷᠢᠯᠡᠵᠦ᠂ ᠬᠠᠤᠯᠢ ᠴᠠᠭ᠋ᠠᠵᠠ ᠵᠢᠨ ᠵᠢᠷᠤᠮᠵᠢᠯ᠎ᠤᠨ ᠲᠣᠭᠲᠠᠯᠴᠠᠭ᠎ᠠ᠂ ᠨᠠᠮ᠎ᠤᠨ ᠳᠣᠲᠣᠭ᠋ᠠᠳᠤ ᠵᠢᠨ ᠬᠠᠤᠯᠢ ᠲᠣᠭᠲᠠᠭ᠋ᠠᠯ᠎ᠤᠨ ᠲᠣᠭᠲᠠᠯᠴᠠᠭ᠎ᠠ ᠵᠢ ᠦᠷᠭᠦᠯᠵᠢᠯᠡᠨ ᠲᠡᠭᠦᠯᠳᠡᠷᠵᠢᠭᠦᠯᠦᠭᠰᠡᠨ ᠰᠠᠭᠤᠷᠢᠨ ᠳᠡᠭᠡᠷ᠎ᠡ᠂ ᠬᠠᠤᠯᠢᠵᠢᠯ᠎ᠤᠨ ᠬᠡᠷᠡᠭᠵᠢᠭᠦᠯᠦᠯᠲᠡ ᠵᠢᠨ ᠲᠣᠭᠲᠠᠯᠴᠠᠭ᠎ᠠ᠂ ᠬᠠᠤᠯᠢᠵᠢᠯ᠎ᠤᠨ ᠬᠢᠨᠠᠯᠲᠠ ᠲᠠᠯᠪᠢᠯᠲᠠ ᠵᠢᠨ ᠲᠣᠭᠲᠠᠯᠴᠠᠭ᠎ᠠ᠂ ᠬᠠᠤᠯᠢᠵᠢᠯ᠎ᠤᠨ ᠪᠠᠲᠤᠯᠠᠭ᠎ᠠ ᠵᠢᠨ ᠲᠣᠭᠲᠠᠯᠴᠠᠭ᠎ᠠ ᠵᠢᠨ ᠪᠠᠶ᠋ᠢᠭᠤᠯᠤᠯᠲᠠ ᠵᠢ ᠭᠤᠣᠯᠳᠠᠯᠭ᠎ᠠ᠎ᠲᠠᠢ ᠴᠢᠩᠭ᠋ᠠᠳᠬᠠᠵᠤ᠂ ᠬᠠᠤᠯᠢ ᠴᠠᠭ᠋ᠠᠵᠠ ᠵᠢᠨ ᠵᠥᠪ ᠬᠡᠷᠡᠭᠵᠢᠭᠦᠯᠦᠯᠲᠡ ᠵᠢ ᠠᠬᠢᠭᠤᠯᠤᠨ᠎ᠠ᠃
ᠢᠷᠡᠯᠲᠡ᠄