8 ᠰᠠᠷ᠎ᠠ ᠵᠢᠨ 12᠎ᠤᠨ ᠡᠳᠦᠷ᠂ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠦᠭᠦᠳᠠ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠶ᠋ᠢᠯᠪᠤᠷᠢᠯᠠᠬᠤ ᠪᠦᠯᠭᠦᠮ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠬᠢᠨᠠᠨ ᠪᠠᠶ᠋ᠢᠴᠠᠭ᠋ᠠᠬᠤ ᠵᠥᠪᠯᠡᠯ᠎ᠤᠨ ᠪᠠᠶ᠋ᠢᠭᠤᠯᠭ᠎ᠠ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠂ ᠣᠷᠳᠣᠰ ᠬᠤᠳᠠ᠎ᠳᠤ ᠭᠦᠨᠵᠡᠭᠡᠶ᠋ᠢᠷᠡᠨ ᠤᠬᠠᠭᠤᠯᠤᠨ ᠲᠠᠶ᠋ᠢᠯᠪᠤᠷᠢᠯᠠᠪᠠ᠃
ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠬᠢᠨᠠᠨ ᠪᠠᠶ᠋ᠢᠴᠠᠭ᠋ᠠᠬᠤ ᠵᠥᠪᠯᠡᠯ᠎ᠤᠨ ᠪᠠᠶ᠋ᠢᠭᠤᠯᠭ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠶ᠋ᠢᠯᠪᠤᠷᠢᠯᠠᠬᠤ ᠪᠦᠯᠭᠦᠮ᠎ᠤᠨ ᠪᠦᠷᠢᠯᠳᠦᠭᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠨᠠᠮ᠎ᠤᠨ ᠲᠡᠦᠬᠡ ᠪᠠ ᠣᠷᠣᠨ ᠨᠤᠲᠤᠭ᠎ᠤᠨ ᠣᠶ᠋ᠢᠯᠠᠯᠭ᠎ᠠ ᠰᠤᠳᠤᠯᠬᠤ ᠲᠠᠰᠤᠭ᠎ᠤᠨ ᠡᠷᠭᠢᠯᠡᠭᠴᠢ ᠳ᠋ᠦ᠋ ᠢ ᠰᠢᠨ᠎ᠠᠴᠠ 《ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠰᠠᠶ᠋ᠢᠲᠤᠷ ᠡᠵᠡᠮᠳᠡᠵᠦ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠦᠶ᠎ᠡ》 ᠭᠡᠬᠦ ᠰᠡᠳᠦᠪ ᠵᠶ᠋ᠠᠷ 《ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠭᠤᠣᠯ ᠰᠡᠳᠦᠪ᠎ᠢ ᠭᠦᠨᠵᠡᠭᠡᠢ ᠣᠶ᠋ᠢᠯᠠᠭ᠋ᠠᠵᠤ ᠡᠵᠡᠮᠰᠢᠬᠦ》᠂ 《ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ ᠵᠢᠨ ᠴᠢᠬᠤᠯᠠ ᠶᠡᠭᠡ ᠠᠴᠢ ᠬᠤᠯᠪᠣᠭᠳᠠᠯ᠂ ᠵᠢᠯᠤᠭᠤᠳᠬᠤ ᠦᠵᠡᠯ ᠰᠠᠨᠠᠭ᠎ᠠ᠂ ᠬᠠᠷᠠᠯᠲᠠ ᠵᠠᠷᠴᠢᠮ᠂ ᠴᠢᠬᠤᠯᠠ ᠠᠷᠭ᠎ᠠ ᠬᠡᠮᠵᠢᠶ᠎ᠡ ᠵᠢ ᠭᠦᠨᠵᠡᠭᠡᠢ ᠣᠶ᠋ᠢᠯᠠᠭ᠋ᠠᠵᠤ ᠡᠵᠡᠮᠰᠢᠬᠦ》᠂ 《ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠨᠠᠢ᠍ᠮᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠬᠤ》᠂ 《ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠤᠯ᠎ᠤᠨ ᠰᠢᠨ᠎ᠡ ᠬᠠᠭᠤᠳᠠᠰᠤ ᠵᠢ ᠪᠢᠴᠢᠭᠯᠡᠬᠦ》 ᠵᠡᠷᠭᠡ ᠲᠠᠯ᠎ᠠ᠎ᠪᠠᠷ᠂ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠰᠢᠰᠲ᠋ᠧᠮ᠎ᠲᠠᠢ ᠭᠦᠨᠵᠡᠭᠡᠢ ᠲᠠᠶ᠋ᠢᠯᠪᠤᠷᠢᠯᠠᠪᠠ᠃ ᠤᠬᠠᠭᠤᠯᠤᠨ ᠲᠠᠶ᠋ᠢᠯᠪᠤᠷᠢᠯᠠᠬᠤ ᠮᠡᠳᠡᠭᠦᠯᠦᠯᠲᠡ᠎ᠨᠢ ᠤᠨᠤᠯ᠎ᠤᠨ ᠥᠨᠳᠥᠷᠴᠡ᠎ᠲᠠᠢ ᠪᠥᠭᠡᠳ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠨᠢᠭᠲᠠ ᠤᠶᠠᠯᠳᠤᠵᠤ᠂ ᠮᠠᠰᠢ ᠴᠢᠩᠭ᠎ᠠ ᠦᠵᠡᠯ ᠰᠠᠨᠠᠭ᠋ᠠᠴᠢ ᠴᠢᠨᠠᠷ᠂ ᠬᠠᠨᠳᠤᠯᠭ᠋ᠠᠲᠤ ᠴᠢᠨᠠᠷ ᠪᠠ ᠦᠢ᠍ᠯᠡᠳᠦᠯᠭᠡ᠎ᠲᠦ ᠴᠢᠨᠠᠷᠲᠠᠢ ᠪᠣᠯᠵᠠᠢ᠃
ᠤᠬᠠᠭᠤᠯᠤᠨ ᠲᠠᠶ᠋ᠢᠯᠪᠤᠷᠢᠯᠠᠬᠤ ᠵᠢ ᠰᠣᠨᠣᠰᠤᠭᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠬᠢᠨᠠᠨ ᠪᠠᠶ᠋ᠢᠴᠠᠭ᠋ᠠᠬᠤ ᠵᠥᠪᠯᠡᠯ᠎ᠤᠨ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ ᠰᠤᠳᠤᠯᠬᠤ ᠲᠠᠰᠤᠭ (ᠥᠭᠡᠷᠡᠴᠢᠯᠡᠯᠲᠡ ᠵᠢᠨ ᠠᠯᠪᠠᠨ ᠭᠡᠷ)᠎ᠤᠨ ᠨᠢᠭᠡᠳᠦᠭᠡᠷ ᠳᠡᠰ᠎ᠤᠨ ᠡᠷᠭᠢᠯᠡᠭᠴᠢ ᠭᠡᠰᠢᠭᠦᠴᠢ ᠾᠧᠦ ᠰᠢ ᠭᠤᠸᠠᠩ᠂ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠠᠴᠠ 《ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠶ᠋ᠢᠭᠤᠯᠤᠯᠲᠠ ᠪᠣᠯᠣᠨ ᠢᠯᠵᠢᠷᠡᠯ᠎ᠢ ᠡᠰᠡᠷᠭᠦᠴᠡᠬᠦ ᠲᠡᠮᠡᠴᠡᠯ᠎ᠢ ᠭᠦᠨᠵᠡᠭᠡᠢ ᠠᠬᠢᠭᠤᠯᠬᠤ》 ᠲᠤᠬᠠᠢ ᠴᠢᠬᠤᠯᠠ ᠪᠠᠶ᠋ᠢᠷᠢᠯᠠᠭᠤᠯᠤᠯᠲᠠ ᠬᠢᠪᠡ᠂ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠺᠠᠳ᠋ᠷ ᠪᠣᠯᠤᠭᠰᠠᠨ᠎ᠤ ᠬᠤᠪᠢ᠎ᠳᠤ᠂ ᠪᠢᠳᠡ ᠨᠠᠷᠢᠨ ᠬᠢᠨᠠᠮᠠᠭ᠋ᠠᠢ ᠰᠤᠷᠤᠯᠴᠠᠨ ᠣᠶ᠋ᠢᠯᠠᠭ᠋ᠠᠵᠤ᠂ ᠶᠡᠷᠦᠩᠬᠡᠢ ᠱᠦᠵᠢ ᠰᠢ ᠵᠢᠨ ᠫᠢᠩ ᠪᠣᠯᠣᠨ ᠨᠠᠮ᠎ᠤᠨ ᠲᠥᠪ ᠬᠤᠷᠢᠶ᠎ᠠ ᠵᠢᠨ ᠴᠢᠬᠤᠯᠠ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠵᠢ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠠᠵᠢᠯ ᠳᠤᠮᠳᠠ᠎ᠪᠠᠨ ᠨᠠᠶ᠋ᠢᠳᠠᠪᠤᠷᠢᠵᠢᠭᠤᠯᠵᠤ᠂ ᠴᠢᠨᠠᠷ ᠰᠠᠶ᠋ᠢᠲᠠᠢ᠎ᠪᠠᠷ ᠬᠢᠨᠠᠯᠲᠠ ᠲᠠᠯᠪᠢᠬᠤ ᠰᠠᠬᠢᠯᠭ᠎ᠠ ᠪᠠᠲᠤ ᠬᠡᠷᠡᠭᠵᠢᠭᠦᠯᠬᠦ ᠬᠠᠤᠯᠢ ᠬᠡᠷᠡᠭᠵᠢᠭᠦᠯᠬᠦ᠎ᠪᠠᠷ ᠳᠠᠮᠵᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠪᠠᠲᠤᠯᠠᠨ᠎ᠠ ᠭᠡᠵᠦ ᠢᠯᠡᠳᠬᠡᠪᠡ᠃
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠳᠤ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠶ᠋ᠢᠯᠪᠤᠷᠢᠯᠠᠬᠤ ᠪᠦᠯᠭᠦᠮ᠎ᠤᠨ ᠪᠦᠷᠢᠯᠳᠦᠭᠦᠨ᠂ ᠥᠪᠥᠷ ᠮᠣᠩᠭᠤᠯ᠎ᠤᠨ ᠨᠠᠮ᠎ᠤᠨ ᠰᠤᠷᠭ᠋ᠠᠭᠤᠯᠢ (ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ) ᠵᠢᠨ ᠳᠡᠳ᠋ ᠵᠠᠬᠢᠷᠤᠯ ᠠᠨ ᠵᠢᠩ ᠽᠧ᠂ 《ᠰᠢᠨ᠎ᠡ ᠠᠶᠠᠨ᠎ᠳᠤ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ ᠠᠵᠢᠯᠯᠠᠭ᠋ᠠᠨ᠎ᠤ ᠬᠥᠲᠥᠯᠪᠦᠷᠢ — ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠤᠶ᠎ᠠ》 ᠭᠡᠬᠦ ᠰᠡᠳᠦᠪ ᠵᠶ᠋ᠠᠷ᠂ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠦᠨᠳᠦᠰᠦᠨ ᠪᠠᠶ᠋ᠢᠳᠠᠯ᠎ᠢ ᠨᠠᠷᠢᠨ ᠲᠠᠨᠢᠯᠴᠠᠭᠤᠯᠵᠤ᠂ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠬᠤᠶᠠᠳᠤᠭ᠋ᠠᠷ ᠪᠦᠭᠦᠳᠡ ᠬᠤᠷᠠᠯ᠎ᠠᠴᠠ ᠨᠠᠭ᠋ᠠᠰᠢᠬᠢ ᠨᠠᠮ ᠪᠠ ᠤᠯᠤᠰ᠎ᠤᠨ ᠠᠵᠢᠯ ᠦᠢ᠍ᠯᠡᠰ᠎ᠤᠨ ᠣᠯᠣᠭᠰᠠᠨ ᠴᠢᠬᠤᠯᠠ ᠶᠡᠭᠡ ᠠᠮᠵᠢᠯᠲᠠ ᠪᠦᠲᠦᠮᠵᠢ ᠵᠢ ᠰᠢᠰᠲ᠋ᠧᠮ᠎ᠲᠠᠢ ᠳ᠋ᠦᠩᠨᠡᠵᠦ᠂ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠭᠤᠣᠯ ᠰᠡᠳᠦᠪ ᠵᠢᠴᠢ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ ᠵᠢᠨ ᠴᠢᠬᠤᠯᠠ ᠴᠢᠨᠠᠷ ᠪᠠ ᠵᠠᠶ᠋ᠢᠯᠠᠰᠢ ᠦᠭᠡᠢ ᠴᠢᠨᠠᠷ᠂ ᠴᠢᠬᠤᠯᠠ ᠶᠡᠭᠡ ᠵᠠᠷᠴᠢᠮ᠂ ᠴᠢᠬᠤᠯᠠ ᠶᠡᠭᠡ ᠠᠷᠭ᠎ᠠ ᠬᠡᠮᠵᠢᠶ᠎ᠡ ᠵᠢ ᠭᠦᠨᠵᠡᠭᠡᠢ ᠲᠣᠳᠣᠷᠬᠠᠶ᠋ᠢᠯᠠᠨ ᠥᠭᠦᠯᠡᠵᠦ᠂ ᠥᠭᠡᠷᠡᠴᠢᠯᠡᠯᠲᠡ ᠵᠢ ᠠᠬᠢᠭᠤᠯᠬᠤ ᠳᠤᠮᠳᠠ ᠡᠵᠡᠮᠰᠢᠬᠦ ᠴᠢᠬᠤᠯᠠᠲᠠᠢ ᠴᠢᠬᠤᠯᠠ ᠶᠡᠭᠡ ᠠᠰᠠᠭᠤᠳᠠᠯ᠎ᠢ ᠭᠤᠣᠯᠳᠠᠯᠭ᠎ᠠ᠎ᠲᠠᠢ ᠵᠠᠳᠠᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠨᠠᠢ᠍ᠮᠠᠳᠤᠭ᠋ᠠᠷ ᠪᠦᠭᠦᠳᠡ ᠬᠤᠷᠠᠯ᠎ᠠᠴᠠ ᠲᠣᠭᠲᠠᠭ᠋ᠠᠭᠰᠠᠨ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠲᠣᠬᠢᠷᠠᠭᠤᠯᠤᠯᠲᠠ ᠵᠢ ᠪᠦᠭᠦ ᠲᠠᠯ᠎ᠠ᠎ᠪᠠᠷ ᠲᠠᠶ᠋ᠢᠯᠪᠤᠷᠢᠯᠠᠵᠤ᠂ ᠤᠬᠠᠭᠤᠯᠤᠨ ᠲᠠᠶ᠋ᠢᠯᠪᠤᠷᠢᠯᠠᠭᠰᠠᠨ ᠠᠭᠤᠯᠭ᠎ᠠ᠎ᠨᠢ ᠨᠠᠷᠢᠨ ᠪᠣᠳᠠᠲᠠᠢ᠂ ᠡᠬᠢ ᠠᠳᠠᠭ ᠲᠣᠳᠣᠷᠬᠠᠢ᠂ ᠠᠭᠤᠯᠤᠭᠳᠠᠬᠤᠨ᠎ᠨᠢ ᠭᠦᠨ ᠭᠦᠨᠵᠡᠭᠡᠢ ᠪᠣᠯᠵᠠᠢ᠃
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠡ ᠵᠠᠩᠭᠢ ᠪᠠᠶ᠋ᠢᠴᠠᠭ᠋ᠠᠨ ᠰᠤᠳᠤᠯᠬᠤ ᠭᠠᠵᠠᠷ᠎ᠤᠨ ᠳᠡᠳ᠋ ᠳᠠᠷᠤᠭ᠎ᠠ ᠰᠢᠦᠢ ᠪᠦ᠋ ᠴᠢᠶᠠᠩ ᠤᠬᠠᠭᠤᠯᠤᠨ ᠲᠠᠶ᠋ᠢᠯᠪᠤᠷᠢᠯᠠᠬᠤ ᠵᠢ ᠰᠣᠨᠣᠰᠤᠭᠰᠠᠨ᠎ᠤ ᠲᠠᠷᠠᠭ᠎ᠠ ᠰᠡᠳᠬᠢᠭᠳᠡᠯ ᠭᠦᠨ ᠪᠠᠶ᠋ᠢᠯ᠎ᠠ᠃ ᠲᠡᠷᠡ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭᠤᠯᠭ᠎ᠠ ᠵᠢᠨ ᠨᠠᠮ᠎ᠤᠨ ᠭᠡᠰᠢᠭᠦᠨ ᠺᠠᠳ᠋ᠷ ᠪᠣᠯᠤᠭᠰᠠᠨ᠎ᠤ ᠬᠤᠪᠢ᠎ᠳᠤ᠂ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ᠎ᠪᠠᠨ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠲᠠᠢ ᠳᠡᠭᠡᠳᠦ ᠬᠡᠮᠵᠢᠶ᠎ᠡ᠎ᠪᠠᠷ ᠨᠢᠭᠡᠳᠬᠡᠵᠦ᠂ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠨᠠᠢ᠍ᠮᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠬᠢᠨᠠᠮᠠᠭ᠋ᠠᠢ ᠰᠤᠷᠤᠯᠴᠠᠵᠦ᠂ ᠠᠵᠢᠯ᠎ᠤᠨ ᠪᠠᠶ᠋ᠢᠷᠢ᠎ᠳᠠᠭᠠᠨ ᠰᠠᠭᠤᠷᠢᠯᠠᠨ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠨ᠂ ᠰᠤᠷᠤᠯᠴᠠᠯᠭ᠎ᠠ ᠵᠢᠨ ᠦᠷ᠎ᠡ ᠪᠦᠲᠦᠮᠵᠢ᠎ᠪᠠᠨ ᠡᠬᠡ ᠪᠢᠴᠢᠭ ᠪᠢᠴᠢᠬᠦ᠂ ᠪᠠᠶ᠋ᠢᠴᠠᠭ᠋ᠠᠨ ᠰᠤᠳᠤᠯᠤᠯᠲᠠ ᠬᠢᠬᠦ ᠵᠡᠷᠭᠡ ᠡᠯ᠎ᠡ ᠵᠦᠢ᠍ᠯ᠎ᠤᠨ ᠪᠣᠳᠠᠲᠤ ᠠᠵᠢᠯ᠎ᠤᠨ ᠳᠤᠮᠳᠠ ᠢᠯᠡᠷᠡᠭᠦᠯᠵᠦ᠂ 《ᠭᠤᠷᠪᠠ᠎ᠳᠤ ᠦᠢ᠍ᠯᠡᠴᠢᠯᠡᠬᠦ》 ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠤᠯ᠎ᠤᠨ ᠰᠢᠨ᠎ᠡ ᠬᠠᠭᠤᠳᠠᠰᠤ ᠵᠢ ᠪᠢᠴᠢᠭᠯᠡᠬᠦ᠎ᠳᠤ ᠬᠦᠴᠦᠨ ᠴᠢᠳᠠᠯ ᠵᠶ᠋ᠠᠨ ᠡᠷᠭᠦᠨ᠎ᠡ ᠭᠡᠪᠡ᠃
ᠣᠷᠳᠣᠰ ᠬᠤᠲᠠ᠎ᠳᠤ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠳᠡᠳ᠋ ᠨᠠᠷᠢᠨ ᠪᠢᠴᠢᠭ᠎ᠤᠨ ᠳᠠᠷᠤᠭ᠎ᠠ᠂ ᠵᠠᠰᠠᠭ᠎ᠤᠨ ᠣᠷᠳᠣᠨ᠎ᠤ ᠰᠤᠳᠤᠯᠬᠤ ᠲᠠᠰᠤᠭ (ᠵᠥᠪᠳᠡᠭᠴᠢ ᠵᠢᠨ ᠲᠠᠰᠤᠭ)᠎ᠤᠨ ᠡᠷᠭᠢᠯᠡᠭᠴᠢ ᠯᠢ ᠵᠥᠩ ᠺᠠᠢ᠂ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠴᠢᠬᠤᠯᠠ ᠶᠡᠭᠡ ᠠᠴᠢ ᠬᠤᠯᠪᠣᠭᠳᠠᠯ᠎ᠢ ᠭᠦᠨᠵᠡᠭᠡᠢ ᠲᠠᠨᠢᠬᠤ᠂ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠣᠶ᠋ᠢᠯᠠᠭ᠋ᠠᠬᠤ᠂ 《ᠲᠣᠭᠲᠠᠭ᠋ᠠᠯ》᠎ᠳᠤ ᠳᠤᠷᠠᠳᠤᠭᠰᠠᠨ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠵᠢ ᠪᠦᠭᠦ ᠲᠠᠯ᠎ᠠ᠎ᠪᠠᠷ ᠣᠨᠣᠪᠴᠢᠲᠠᠶ ᠣᠶ᠋ᠢᠯᠠᠭ᠋ᠠᠬᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠨᠠᠢ᠍ᠮᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠡᠷᠭᠡ ᠲᠠᠯ᠎ᠠ᠎ᠪᠠᠷ ᠰᠢᠰᠲ᠋ᠧᠮ᠎ᠲᠠᠢ ᠲᠣᠳᠣᠷᠬᠠᠶ᠋ᠢᠯᠠᠨ ᠲᠠᠶ᠋ᠢᠯᠪᠤᠷᠢᠯᠠᠪᠠ᠃ ᠮᠡᠳᠡᠭᠦᠯᠦᠯᠲᠡ ᠵᠢᠨ ᠭᠤᠣᠯ ᠰᠡᠳᠦᠪ᠎ᠨᠢ ᠢᠯᠡ ᠲᠣᠳᠣ᠂ ᠠᠭᠤᠯᠬᠤᠨ ᠭᠦᠨᠵᠡᠭᠡᠢ ᠪᠠᠶ᠋ᠢᠵᠤ᠂ ᠰᠣᠨᠣᠰᠤᠭᠴᠢᠳ᠎ᠤᠨ ᠬᠠᠯᠠᠭᠤᠨ ᠠᠯᠠᠭ᠎ᠠ ᠲᠡᠰᠢᠯᠲᠡ ᠵᠢ ᠣᠯᠪᠠ᠃
ᠣᠷᠳᠣᠰ ᠬᠤᠳᠠ ᠵᠢᠨ ᠨᠠᠮ᠎ᠤᠨ ᠬᠤᠷᠢᠶ᠎ᠠ ᠵᠢᠨ ᠤᠬᠠᠭᠤᠯᠬᠤ ᠬᠡᠯᠲᠡᠰ᠎ᠤᠨ ᠤᠨᠤᠯ᠎ᠤᠨ ᠰᠠᠯᠠᠭ᠎ᠠ ᠵᠢᠨ ᠳᠠᠷᠤᠭ᠎ᠠ ᠾᠧᠦ ᠰᠢᠶᠣᠣ ᠳ᠋ᠦᠩ ᠤᠬᠠᠭᠤᠯᠤᠨ ᠲᠠᠶ᠋ᠢᠯᠪᠤᠷᠢᠯᠠᠬᠤ ᠮᠡᠳᠡᠭᠦᠯᠦᠯᠲᠡ ᠵᠢ ᠰᠣᠨᠣᠰᠤᠭᠰᠠᠨ᠎ᠤ ᠳᠠᠷᠠᠭ᠎ᠠ᠄ 《ᠳᠤᠰ ᠮᠡᠳᠡᠭᠦᠯᠦᠯᠲᠡ ᠨᠠᠳᠠ᠎ᠳᠤ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ ᠵᠢᠨ ᠴᠢᠬᠤᠯᠠ ᠴᠢᠨᠠᠷ᠂ ᠵᠠᠶ᠋ᠢᠯᠠᠰᠢ ᠦᠭᠡᠢ ᠴᠢᠨᠠᠷ᠎ᠤᠨ ᠲᠤᠬᠠᠢ ᠭᠦᠨᠵᠡᠭᠡᠢ ᠲᠠᠨᠢᠯᠲᠠ᠎ᠲᠠᠢ ᠪᠣᠯᠭ᠋ᠠᠵᠠᠢ᠂ ᠦᠨᠳᠦᠰᠦᠨ ᠱᠠᠲᠤᠨ᠎ᠤ ᠤᠨᠤᠯ᠎ᠤᠨ ᠠᠵᠢᠯᠲᠠᠨ ᠪᠣᠯᠤᠭᠰᠠᠨ᠎ᠤ ᠬᠤᠪᠢ᠎ᠳᠤ᠂ ᠪᠢ ᠢᠲᠡᠭᠡᠯ ᠵᠣᠷᠢᠭ ᠵᠶ᠋ᠠᠨ ᠨᠡᠩ ᠪᠠᠲᠤᠳᠬᠠᠵᠤ᠂ ᠪᠦᠭᠦ ᠬᠦᠴᠦᠨ ᠵᠶ᠋ᠠᠷ ᠵᠶ᠋ᠠᠨ ᠴᠢᠷᠮᠠᠶ᠋ᠢᠵᠤ᠂ ᠲᠤᠬᠠᠶ᠋ᠢᠯᠠᠭᠰᠠᠨ ᠠᠵᠢᠯ᠎ᠤᠨ ᠪᠠᠶ᠋ᠢᠷᠢ᠎ᠳᠠᠭᠠᠨ ᠰᠠᠭᠤᠷᠢᠯᠠᠵᠤ᠂ ᠪᠣᠳᠠᠲᠤ ᠠᠵᠢᠯᠯᠠᠭ᠎ᠠ᠎ᠪᠠᠷ ᠵᠶ᠋ᠠᠨ ᠰᠢᠨ᠎ᠡ ᠴᠠᠭ ᠦᠶ᠎ᠡ ᠵᠢᠨ ᠲᠡᠮᠡᠴᠡᠯ᠎ᠤᠨ ᠰᠢᠨ᠎ᠡ ᠬᠠᠭᠤᠳᠠᠰᠤ ᠵᠢ ᠪᠢᠴᠢᠭᠯᠡᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠪᠡᠶᠡᠯᠡᠭᠦᠯᠬᠦ᠎ᠳᠤ ᠬᠦᠴᠦᠨ ᠴᠢᠳᠠᠯ ᠵᠶ᠋ᠠᠨ ᠡᠷᠭᠦᠨ᠎ᠡ》 ᠭᠡᠵᠦ ᠬᠡᠯᠡᠪᠡ᠃
ᠮᠡᠳᠡᠭᠦᠯᠦᠯᠲᠡ ᠵᠢᠨ ᠬᠤᠷᠠᠯ᠎ᠤᠨ ᠳᠠᠷᠠᠭ᠎ᠠ᠂ ᠤᠬᠠᠭᠤᠯᠤᠨ ᠲᠠᠶ᠋ᠢᠯᠪᠤᠷᠢᠯᠠᠬᠤ ᠪᠦᠯᠭᠦᠮ᠎ᠤᠨ᠎ᠬᠢᠨ ᠪᠠᠰᠠ ᠣᠷᠳᠣᠰ ᠬᠤᠳᠠ ᠵᠢᠨ ᠲᠦᠩ ᠬᠤᠢ ᠢᠯᠴᠢ ᠬᠠᠩᠭ᠋ᠠᠬᠤ ᠰᠢᠲᠠᠮᠠᠬᠠᠢ ᠬᠡᠢ ᠵᠢᠨ ᠪᠦᠯᠦᠭᠯᠡᠯ ᠺᠤᠮᠫᠠᠨᠢ᠎ᠳᠤ ᠬᠦᠷᠴᠦ ᠤᠬᠠᠭᠤᠯᠤᠨ ᠲᠠᠶ᠋ᠢᠯᠪᠤᠷᠢᠯᠠᠬᠤ ᠵᠢᠨ ᠬᠠᠮᠲᠤ ᠠᠵᠤ ᠠᠬᠤᠶ᠋ᠢᠯᠠᠯ᠎ᠤᠨ ᠺᠠᠳ᠋ᠷ ᠠᠵᠢᠯᠲᠠᠳ᠎ᠲᠠᠢ ᠰᠠᠨᠠᠯ ᠵᠶ᠋ᠠᠨ ᠰᠣᠯᠢᠯᠴᠠᠪᠠ᠃