ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠲᠤ ᠭᠦᠨᠵᠡᠭᠡᠶ᠋ᠢᠷᠡᠨ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠤᠬᠠᠭᠤᠯᠤᠨ ᠲᠠᠶ᠋ᠢᠯᠪᠤᠷᠢᠯᠠᠪᠠ
ᠨᠡᠶᠢᠲᠡᠯᠡᠭᠰᠡᠨ ᠴᠠᠭ᠄ 2024-09-13


          ᠣᠶ᠋ᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ ᠶᠣᠣ ᠶᠦᠩ ᠪᠦᠸᠧ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ ᠯᠥᠸᠧ ᡁᠢ ᠬᠤ᠌᠂ ᠠᠨ ᠷᠦᠨ ᠱᠧᠩ ᠲᠤᠰ ᠲᠤᠰ ᠪᠤᠭᠤᠲᠤ ᠵᠢᠨ ᠪᠣᠯᠣᠳ ᠲᠡᠮᠦᠷ᠎ᠤᠨ ᠪᠦᠯᠦᠭᠯᠡᠯ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ ᠵᠢᠨ ᠵᠥᠪᠯᠡᠯᠭᠡᠨ᠎ᠤ ᠪᠠᠶ᠋ᠢᠭᠤᠯᠭ᠎ᠠ ᠪᠠ ᠤᠯᠠᠭ᠋ᠠᠨᠴᠠᠪ᠎ᠤᠨ ᠾᠧᠨᠠᠨ᠎ᠤ ᠬᠤᠳᠠᠯᠳᠤᠭ᠋ᠠᠴᠢᠳ᠎ᠤᠨ ᠡᠪᠯᠡᠯ᠎ᠳᠤ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠭᠤᠷᠪᠠᠳᠤᠭ᠋ᠠᠷ ᠪᠦᠭᠦᠳᠠ ᠬᠤᠷᠠᠯ᠎ᠤᠨ ᠵᠣᠷᠢᠭ ᠰᠠᠨᠠᠭ᠎ᠠ ᠵᠢ ᠤᠬᠠᠭᠤᠯᠤᠨ ᠲᠠᠶ᠋ᠢᠯᠪᠤᠷᠢᠯᠠᠪᠠ᠃
          ᠪᠤᠭᠤᠲᠤ ᠵᠢᠨ ᠪᠣᠯᠣᠳ ᠲᠡᠮᠦᠷ᠎ᠤᠨ ᠪᠦᠯᠦᠭᠯᠡᠯ᠎ᠳᠤ᠂ ᠶᠣᠣ ᠶᠦᠩ ᠪᠦᠸᠧ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠰᠠᠨ ᠲᠥᠷᠥᠭᠳᠡᠯ ᠵᠶ᠋ᠠᠨ ᠣᠯᠠᠨ᠎ᠲᠠᠢ ᠬᠤᠪᠢᠶᠠᠯᠴᠠᠪᠠ᠃ ᠶᠣᠣ ᠶᠦᠩ ᠪᠦᠸᠧ᠂ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠭᠤᠷᠪᠠᠳᠤᠭ᠋ᠠᠷ ᠪᠦᠭᠦᠳᠡ ᠬᠤᠷᠠᠯ᠎ᠠᠴᠠ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ ᠥᠭᠡᠷᠡᠴᠢᠯᠡᠯᠲᠡ ᠬᠥᠭᠵᠢᠯᠲᠡ᠎ᠳᠤ ᠤᠷᠤᠭᠰᠢᠯᠠᠬᠤ ᠴᠢᠭᠯᠡᠯ ᠪᠠ ᠦᠨᠳᠦᠰᠦᠨ ᠠᠷᠭ᠎ᠠ ᠵᠠᠮ᠎ᠢ ᠲᠣᠳᠣᠷᠬᠠᠢ ᠵᠢᠭ᠋ᠠᠵᠤ ᠥᠭᠴᠡᠢ᠃ ᠪᠤᠭᠤᠲᠤ ᠵᠢᠨ ᠪᠣᠯᠣᠳ ᠲᠡᠮᠦᠷ᠎ᠤᠨ ᠪᠦᠯᠦᠭᠯᠡᠯ᠎ᠤᠨ᠎ᠬᠢᠨ ᠨᠠᠮ᠎ᠤᠨ ᠲᠥᠪ ᠬᠤᠷᠢᠶ᠎ᠠ ᠵᠢᠨ ᠥᠭᠡᠷᠡᠴᠢᠯᠡᠯᠲᠡ ᠵᠢᠨ ᠪᠠᠶ᠋ᠢᠷᠢᠯᠠᠭᠤᠯᠤᠯᠲᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠰᠠᠨᠠᠭ᠋ᠠᠴᠢᠯᠠᠭ᠎ᠠ᠎ᠠᠴᠠ᠎ᠪᠠᠨ ᠪᠠᠷᠢᠮᠵᠢᠶᠠᠯᠠᠨ ᠬᠠᠷᠭᠤᠭᠤᠯᠵᠤ᠂ 《ᠲᠤᠰ ᠪᠡᠶ᠎ᠡ ᠵᠢᠨ ᠣᠨᠴᠠᠯᠢᠭ ᠪᠦᠬᠦᠢ ᠥᠭᠡᠷᠡᠴᠢᠯᠡᠯᠲᠡ》 ᠵᠢ ᠰᠦᠪᠡᠭᠴᠢᠯᠡᠵᠦ᠂ ᠬᠤᠶᠠᠷ ᠶᠡᠭᠡ ᠶᠠᠪᠤᠳᠠᠯ᠎ᠢ ᠰᠠᠶ᠋ᠢᠲᠤᠷ ᠬᠢᠬᠦ᠂ 《ᠰᠢᠨ᠎ᠡ ᠵᠠᠮ ᠨᠡᠭᠡᠭᠡᠵᠦ ᠳᠤᠮᠳᠠ ᠲᠦᠪᠰᠢᠨ᠎ᠳᠤ ᠣᠷᠣᠬᠤ》 ᠲᠠᠯ᠎ᠠ᠎ᠪᠠᠷ ᠰᠢᠨ᠎ᠡ ᠵᠢᠳᠬᠦᠯ ᠴᠢᠷᠮᠠᠶ᠋ᠢᠯᠭ᠎ᠠ ᠭᠠᠷᠭ᠋ᠠᠬᠤ᠎ᠪᠠᠷ ᠬᠦᠴᠦᠯᠡᠨ ᠴᠢᠷᠮᠠᠶ᠋ᠢᠬᠤ ᠬᠡᠷᠡᠭᠲᠡᠢ᠃ ᠶᠡᠷᠦᠩᠬᠡᠢ ᠱᠦᠵᠢ ᠰᠢ ᠵᠢᠨ ᠫᠢᠩ ᠪᠣᠯᠣᠨ ᠨᠠᠮ᠎ᠤᠨ ᠲᠥᠪ ᠬᠤᠷᠢᠶ᠎ᠠ ᠵᠢᠨ ᠮᠠᠨ᠎ᠤ ᠣᠷᠣᠨ᠎ᠳᠤ ᠲᠣᠭᠲᠠᠭ᠋ᠠᠵᠤ ᠥᠭᠭᠦᠭᠰᠡᠨ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢ ᠲᠣᠭᠲᠠᠭ᠋ᠠᠯᠲᠠ ᠵᠢ ᠪᠠᠲᠤ ᠡᠵᠡᠮᠳᠡᠵᠦ᠂ ᠠᠵᠤ ᠠᠬᠤᠶ᠋ᠢᠯᠠᠯ ᠵᠶ᠋ᠠᠨ ᠦᠨᠡᠨ ᠬᠦ᠌ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭ᠋ᠠᠶ᠋ᠢᠷᠠᠭᠤᠯᠬᠤ ᠬᠡᠷᠡᠭᠲᠡᠢ ᠭᠡᠪᠡ᠃
          ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠪᠠᠶ᠋ᠢᠭᠤᠯᠭ᠎ᠠ᠎ᠳᠤ᠂ ᠯᠥᠸᠧ ᡁᠢ ᠬᠤ᠌ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠭᠤᠷᠪᠠᠳᠤᠭ᠋ᠠᠷ ᠪᠦᠭᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠣᠨ ᠪᠦᠭᠦᠳᠡ ᠬᠤᠷᠠᠯ᠎ᠤᠨ 《ᠲᠣᠭᠲᠠᠭ᠋ᠠᠯ》᠎ᠤᠨ ᠲᠣᠭᠤᠷᠢᠨ᠎ᠳᠤ᠂ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ ᠵᠢᠨ ᠴᠢᠬᠤᠯᠠ ᠶᠡᠭᠡ ᠠᠴᠢ ᠬᠤᠯᠪᠣᠭᠳᠠᠯ᠂ ᠵᠢᠯᠤᠭᠤᠳᠬᠤ ᠦᠵᠡᠯ ᠰᠠᠨᠠᠭ᠎ᠠ᠂ ᠶᠡᠷᠦᠩᠬᠡᠢ ᠬᠠᠷᠠᠯᠲᠠ ᠵᠡᠷᠭᠡ ᠲᠠᠯ᠎ᠠ᠎ᠠᠴᠠ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠤᠬᠠᠭᠤᠯᠤᠨ ᠲᠠᠶ᠋ᠢᠯᠪᠤᠷᠢᠯᠠᠵᠤ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠠᠵᠢᠯ᠎ᠤᠨ ᠪᠣᠳᠠᠲᠠᠢ᠎ᠲᠠᠢ ᠤᠶᠠᠯᠳᠤᠭᠤᠯᠤᠨ 《ᠲᠣᠭᠲᠠᠭ᠋ᠠᠯ》᠎ᠳᠠᠬᠢ ᠤᠯᠤᠰ ᠲᠥᠷᠥ ᠵᠢᠨ ᠵᠥᠪᠯᠡᠯᠭᠡᠨ᠎ᠤ ᠠᠵᠢᠯ᠎ᠤᠨ ᠲᠤᠬᠠᠢ ᠰᠢᠨ᠎ᠡ ᠪᠠᠶ᠋ᠢᠷᠢᠯᠠᠭᠤᠯᠤᠯᠲᠠ ᠰᠢᠨ᠎ᠡ ᠱᠠᠭ᠋ᠠᠷᠳᠠᠯᠭ᠎ᠠ᠎ᠳᠤ ᠭᠦᠨᠵᠡᠭᠡᠢ ᠲᠠᠶ᠋ᠢᠯᠤᠮᠵᠢ ᠬᠢᠭᠰᠡᠨ ᠪᠥᠭᠡᠳ ᠣᠳᠣᠬᠠᠨ᠎ᠤ ᠪᠠ ᠬᠤᠶ᠋ᠢᠰᠢᠳᠠ ᠵᠢᠨ ᠬᠡᠰᠡᠭ ᠬᠤᠭᠤᠴᠠᠭ᠋ᠠᠨ᠎ᠳᠤ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ᠎ᠳᠤ 《ᠲᠠᠪᠤᠨ ᠲᠠᠯ᠎ᠠ᠎ᠪᠠᠷ ᠬᠦᠴᠦᠯᠡᠬᠦ》 ᠱᠠᠭ᠋ᠠᠷᠳᠠᠯᠭ᠎ᠠ ᠳᠤᠷᠠᠳᠴᠠᠢ᠃
          ᠤᠯᠠᠭ᠋ᠠᠨᠴᠠᠪ᠎ᠤᠨ ᠾᠧᠨᠠᠨ᠎ᠤ ᠬᠤᠳᠠᠯᠳᠤᠭ᠋ᠠᠴᠢᠳ᠎ᠤᠨ ᠡᠪᠯᠡᠯ᠎ᠳᠤ᠂ ᠠᠨ ᠷᠦᠨ ᠱᠧᠩ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠭᠤᠷᠪᠠᠳᠤᠭ᠋ᠠᠷ ᠪᠦᠭᠦᠳᠡ ᠬᠤᠷᠠᠯ᠎ᠤᠨ ᠬᠤᠷᠠᠯᠳᠤᠭᠰᠠᠨ ᠠᠬᠤᠢ ᠪᠠᠶ᠋ᠢᠳᠠᠯ᠂ ᠭᠤᠣᠯ ᠠᠭᠤᠯᠭ᠎ᠠ ᠵᠢᠴᠢ ᠠᠷᠠᠳ᠎ᠤᠨ ᠡᠵᠡᠩᠨᠡᠯᠲᠡ ᠵᠢᠨ ᠠᠵᠤ ᠠᠬᠤᠶ᠋ᠢᠯᠠᠯᠲᠠᠳ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠬᠡᠷᠬᠢᠨ ᠵᠥᠪ ᠣᠶ᠋ᠢᠯᠠᠭ᠋ᠠᠬᠤ ᠲᠣᠭᠤᠷᠢᠨ᠎ᠳᠤ᠂ ᠮᠠᠨ᠎ᠤ ᠣᠷᠣᠨ᠎ᠤ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠬᠥᠭᠵᠢᠯᠲᠡ ᠵᠢᠨ ᠣᠳᠣᠬᠢ ᠪᠠᠶ᠋ᠢᠳᠠᠯ ᠪᠠ ᠢᠷᠡᠭᠡᠳᠦᠢ ᠵᠢᠨ ᠬᠥᠭᠵᠢᠯᠲᠡ ᠵᠢᠨ ᠴᠢᠭᠯᠡᠯ᠎ᠲᠠᠢ ᠤᠶᠠᠯᠳᠤᠭᠤᠯᠤᠨ᠂ ᠪᠤᠰᠤᠳᠴᠢ ᠵᠠᠳᠠᠯᠤᠯᠲᠠ ᠪᠠ ᠭᠦᠨᠵᠡᠭᠡᠢ ᠲᠠᠶ᠋ᠢᠯᠤᠮᠵᠢ ᠬᠢᠪᠡ᠃ ᠲᠡᠷᠡ᠂ ᠦᠢ᠍ᠯᠡᠳᠪᠦᠷᠢ ᠬᠤᠳᠠᠯᠳᠤᠭ᠋ᠠᠨ᠎ᠤ ᠬᠤᠯᠪᠤᠭ᠎ᠠ ᠥᠭᠡᠷᠡᠴᠢᠯᠡᠯᠲᠡ ᠵᠢᠨ ᠱᠠᠭ᠋ᠠᠷᠳᠠᠯᠭ᠎ᠠ ᠵᠢ ᠨᠡᠪᠲᠡᠷᠡᠲᠡᠯ᠎ᠡ ᠣᠶ᠋ᠢᠯᠠᠭ᠋ᠠᠵᠤ᠂ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ ᠵᠢ ᠰᠠᠶ᠋ᠢᠲᠤᠷ ᠠᠳᠬᠤᠵᠤ᠂ ᠪᠣᠳᠠᠲᠤ ᠦᠷ᠎ᠡ ᠪᠦᠲᠦᠮᠵᠢ ᠣᠯᠬᠤ ᠲᠠᠯ᠎ᠠ᠎ᠪᠠᠷ ᠦᠷᠭᠦᠯᠵᠢᠯᠡᠨ ᠬᠦᠴᠦᠯᠡᠵᠦ᠂ ᠴᠢᠨᠠᠷ ᠰᠠᠶ᠋ᠢᠲᠠᠢ ᠦᠢ᠍ᠯᠡᠴᠢᠯᠡᠭᠡ᠂ ᠯᠠᠪᠳᠠᠭᠤᠨ ᠪᠠᠲᠤᠲᠠᠢ ᠰᠤᠷᠲᠠᠯ᠂ ᠦᠨᠡᠨ ᠪᠣᠳᠠᠲᠠᠢ ᠠᠷᠭ᠎ᠠ ᠬᠡᠮᠵᠢᠶ᠎ᠡ᠎ᠪᠠᠷ 《ᠬᠤᠶᠠᠷ ᠡᠷᠡᠭᠦᠯ》 ᠠᠵᠢᠯ᠎ᠤᠨ ᠰᠢᠨ᠎ᠡ ᠪᠠᠶ᠋ᠢᠳᠠᠯ᠎ᠢ ᠴᠢᠷᠮᠠᠶ᠋ᠢᠨ ᠡᠭᠦᠳᠴᠦ᠂ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠴᠢᠨᠠᠷ ᠰᠠᠶ᠋ᠢᠲᠠᠢ ᠬᠥᠭᠵᠢᠯᠲᠡ᠎ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠱᠠᠭ᠋ᠠᠷᠳᠠᠪᠠ᠃

   

ᠢᠷᠡᠯᠲᠡ᠄ ᠥᠪᠥᠷ ᠮᠣᠩᠭᠤᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠠᠰᠠᠭᠤᠳᠠᠯ ᠵᠶ᠋ᠠᠷ ᠤᠳᠤᠷᠢᠳᠤᠮᠵᠢ ᠪᠤᠯᠭ᠋ᠠᠬᠤ ᠵᠢ ᠳᠤᠪᠤᠶ᠋ᠢᠯᠭ᠋ᠠᠵᠤ ᠦᠭᠡᠷᠡᠴᠢᠯᠡᠯᠳᠡ ᠵᠢ ᠪᠣᠳᠠᠲᠠᠶ᠋ᠢᠵᠢᠭᠤᠯᠤᠶ᠎ᠠ
ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠶ᠋ᠢᠯᠪᠤᠷᠢᠯᠠᠬᠤ ᠪᠦᠯᠭᠦᠮ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠵᠣᠬᠢᠶᠠᠨ ᠪᠠᠶ᠋ᠢᠭᠤᠯᠬᠤ ᠬᠡᠯᠲᠡᠰ᠎ᠤᠨ ᠪᠠᠶ᠋ᠢᠭᠤᠯᠭ᠎ᠠ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠬᠥᠯᠥᠨ ᠪᠤᠶ᠋ᠢᠷ ᠬᠤᠲᠠ ᠬᠢᠩᠭ᠋ᠠᠨ ᠠᠶ᠋ᠢᠮᠠᠭ᠎ᠲᠤ ᠤᠬᠠᠭᠤᠯᠤᠨ ᠲᠠᠶ᠋ᠢᠯᠪᠤᠷᠢᠯᠠᠪᠠ
ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠶ᠋ᠢᠯᠪᠤᠷᠢᠯᠠᠬᠤ ᠪᠦᠯᠭᠦᠮ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ ᠵᠢᠨ ᠪᠠᠶ᠋ᠢᠭᠤᠯᠭ᠎ᠠ ᠪᠣᠯᠣᠨ ᠰᠢᠯᠢ ᠵᠢᠨ ᠭᠤᠣᠯ ᠠᠶ᠋ᠢᠮᠠᠭ᠎ᠲᠤ ᠤᠬᠠᠭᠤᠯᠤᠨ ᠲᠠᠶ᠋ᠢᠯᠪᠤᠷᠢᠯᠠᠪᠠ
ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠶ᠋ᠢᠯᠪᠤᠷᠢᠯᠠᠬᠤ ᠪᠦᠯᠭᠦᠮ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠬᠢᠨᠠᠨ ᠪᠠᠶ᠋ᠢᠴᠠᠭ᠋ᠠᠬᠤ ᠵᠥᠪᠯᠡᠯ᠎ᠤᠨ ᠪᠠᠶ᠋ᠢᠭᠤᠯᠭ᠎ᠠ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ ᠪᠣᠯᠣᠨ ᠣᠷᠳᠣᠰ ᠬᠤᠲᠠ᠎ᠳᠤ ᠤᠬᠠᠭᠤᠯᠤᠨ ᠲᠠᠶ᠋ᠢᠯᠪᠤᠷᠢᠯᠠᠪᠠ
ᠬᠠᠮᠤᠭ᠎ᠤᠨ ᠬᠦᠴᠢᠷ ᠪᠡᠷᠬᠡᠰᠢᠶᠡᠯ᠎ᠲᠠᠢ ᠭᠠᠵᠠᠷ᠎ᠠᠴᠠ ᠰᠢᠪᠲᠤᠯᠤᠯᠲᠠ ᠭᠠᠷᠭ᠋ᠠᠵᠤ᠂ ᠬᠠᠮᠤᠭ᠎ᠤᠨ ᠠᠯᠤᠰ ᠬᠡᠲᠦ ᠵᠢᠨ ᠬᠠᠷᠠᠯᠲᠠ ᠵᠢ ᠬᠥᠭᠡᠭᠡᠴᠡᠯᠳᠦᠨ᠎ᠡ
 
            