ᠰᠢᠨᠬᠤᠸᠠ ᠬᠤᠷᠢᠶᠠᠨ᠎ᠤ ᠪᠡᠭᠡᠵᠢᠩ᠎ᠤᠨ 8 ᠰᠠᠷ᠎ᠠ ᠵᠢᠨ 7᠎ᠤ ᠴᠠᠬᠢᠯᠭ᠋ᠠᠨ ᠮᠡᠳᠡᠭᠡ
ᠰᠡᠳᠦᠪ᠄ ᠬᠠᠮᠤᠭ᠎ᠤᠨ ᠬᠦᠴᠢᠷ ᠪᠡᠷᠬᠡᠰᠢᠶᠡᠯ᠎ᠲᠠᠢ ᠭᠠᠵᠠᠷ᠎ᠠᠴᠠ ᠰᠢᠪᠲᠤᠯᠤᠯᠲᠠ ᠭᠠᠷᠭ᠋ᠠᠵᠤ᠂ ᠬᠠᠮᠤᠭ᠎ᠤᠨ ᠠᠯᠤᠰ ᠬᠡᠲᠦ ᠵᠢᠨ ᠬᠠᠷᠠᠯᠲᠠ ᠵᠢ ᠬᠥᠭᠡᠭᠡᠴᠡᠯᠳᠦᠨ᠎ᠡ
ᠰᠢᠨᠬᠤᠸᠠ ᠬᠤᠷᠢᠶᠠᠨ᠎ᠤ ᠰᠤᠷᠪᠤᠯᠵᠢᠯᠠᠭᠴᠢ ᠯᠢᠶᠠᠩ ᠵᠢᠶᠠᠨ ᠴᠢᠶᠠᠩ
《ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠲᠣᠭᠲᠠᠭ᠋ᠠᠯ》᠎ᠳᠤ 300 ᠭᠠᠷᠤᠢ ᠵᠦᠢ᠍ᠯ᠎ᠤᠨ ᠥᠭᠡᠷᠡᠴᠢᠯᠡᠯᠲᠡ ᠵᠢᠨ ᠴᠢᠬᠤᠯᠠ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠵᠠᠢ᠃ ᠡᠳᠡᠭᠡᠷ ᠥᠭᠡᠷᠡᠴᠢᠯᠡᠯᠲᠡ ᠵᠢᠨ ᠠᠷᠭ᠎ᠠ ᠪᠠᠷᠢᠯ᠎ᠢ ᠪᠤᠲᠠᠲᠠᠶ᠋ᠢᠵᠢᠭᠤᠯᠤᠨ ᠨᠠᠶ᠋ᠢᠳᠠᠪᠤᠷᠢᠵᠢᠭᠤᠯᠬᠤ᠎ᠳᠤ᠂ ᠶᠡᠷᠦᠩᠬᠡᠢ ᠱᠦᠵᠢ ᠰᠢ ᠵᠢᠨ ᠫᠢᠩ᠎ᠤᠨ ᠱᠠᠭ᠋ᠠᠷᠳᠠᠯᠭ᠎ᠠ — ᠬᠠᠮᠤᠭ᠎ᠤᠨ ᠬᠦᠴᠢᠷ ᠪᠡᠷᠬᠡᠰᠢᠶᠡᠯ᠎ᠲᠠᠢ ᠭᠠᠵᠠᠷ᠎ᠠᠴᠠ ᠰᠢᠪᠲᠤᠯᠤᠯᠲᠠ ᠭᠠᠷᠭ᠋ᠠᠵᠤ᠂ ᠬᠠᠮᠤᠭ᠎ᠤᠨ ᠠᠯᠤᠰ ᠬᠡᠲᠦ ᠵᠢᠨ ᠬᠠᠷᠠᠯᠲᠠ ᠵᠢ ᠬᠦᠭᠡᠭᠡᠴᠡᠯᠳᠦᠬᠦ ᠵᠢ ᠡᠷᠡᠰ ᠨᠠᠶ᠋ᠢᠳᠠᠪᠤᠷᠢᠵᠢᠭᠤᠯᠪᠠᠯ ᠵᠣᠬᠢᠨ᠎ᠠ᠃
ᠬᠠᠮᠤᠭ᠎ᠤᠨ ᠬᠦᠴᠢᠷ ᠪᠡᠷᠬᠡᠰᠢᠶᠡᠯ᠎ᠲᠠᠢ ᠭᠠᠵᠠᠷ᠎ᠠᠴᠠ ᠰᠢᠪᠲᠤᠯᠤᠯᠲᠠ ᠭᠠᠷᠭ᠋ᠠᠵᠤ᠂ ᠠᠰᠠᠭᠤᠳᠠᠯ ᠵᠶ᠋ᠠᠷ ᠬᠦᠨᠳᠦ ᠨᠣᠴᠢᠲᠠᠢ ᠣᠷᠣᠨ᠎ᠳᠤ ᠵᠣᠷᠢᠭᠲᠠᠢ ᠪᠠᠶ᠋ᠢᠯᠳᠤᠵᠤ᠂ ᠬᠦᠮᠦᠨ ᠠᠷᠠᠳ᠎ᠤᠨ ᠬᠦᠨᠳᠦᠭᠳᠡᠭᠡ ᠦᠭᠡᠢ ᠣᠷᠣᠨ ᠵᠶ᠋ᠠᠷ ᠭᠠᠪᠰᠢᠭ᠋ᠠᠶ᠋ᠢᠯᠠᠨ ᠰᠢᠭᠤᠷᠬᠠᠶ᠋ᠢᠯᠠᠵᠤ᠂ ᠬᠠᠮᠢᠭ᠋ᠠᠬᠢ ᠵᠢᠨ ᠵᠥᠷᠢᠴᠡᠯ ᠪᠠ ᠠᠰᠠᠭᠤᠳᠠᠯ᠎ᠨᠢ ᠬᠠᠮᠤᠭ᠎ᠤᠨ ᠲᠣᠪᠣᠶ᠋ᠢᠮ᠎ᠠ ᠪᠠᠶ᠋ᠢᠵᠤ᠂ ᠵᠠᠩᠭᠢᠷᠠᠭ᠎ᠠ ᠵᠢ᠎ᠨᠢ ᠠᠯᠳᠠᠷᠠᠭ᠋ᠠᠬᠤ᠎ᠳᠤ ᠬᠠᠮᠤᠭ᠎ᠤᠨ ᠬᠦᠴᠢᠷᠲᠡᠢ ᠪᠠᠶ᠋ᠢᠪᠠᠯ ᠥᠭᠡᠷᠡᠴᠢᠯᠡᠯᠲᠡ ᠵᠢ ᠲᠡᠷᠡ ᠲᠡᠶ᠋ᠢᠰᠢ᠎ᠨᠢ ᠴᠢᠭᠯᠡᠭᠦᠯᠦᠨ᠎ᠡ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ᠎ᠳᠤ᠎ᠪᠠᠨ ᠰᠢᠢ᠍ᠳᠪᠦᠷᠢᠯᠡᠬᠦ ᠴᠢᠬᠤᠯᠠᠲᠠᠢ ᠴᠢᠬᠤᠯᠠ ᠶᠡᠭᠡ ᠪᠠᠶ᠋ᠢᠭᠤᠯᠤᠯ ᠲᠣᠭᠲᠠᠴᠠ ᠵᠢᠨ ᠠᠰᠠᠭᠤᠳᠠᠯ᠂ ᠭᠦᠨ ᠳᠠᠪᠬᠤᠷᠭ᠎ᠠ ᠵᠢᠨ ᠵᠥᠷᠢᠴᠡᠯ ᠪᠠ ᠠᠰᠠᠭᠤᠳᠠᠯ᠎ᠢ ᠠᠳᠬᠤᠵᠤ᠂ ᠥᠭᠡᠷᠡᠴᠢᠯᠡᠯᠲᠡ ᠵᠢᠨ ᠪᠠᠶ᠋ᠢᠯᠳᠤᠬᠤ ᠪᠣᠳᠣᠯᠭ᠎ᠠ ᠵᠢᠨ ᠭᠤᠣᠯᠳᠠᠯᠭ᠎ᠠ᠂ ᠲᠡᠷᠢᠭᠦᠯᠡᠬᠦ ᠲᠡᠰ ᠳᠠᠷᠠᠭ᠋ᠠᠯᠠᠯ᠂ ᠰᠢᠪᠲᠤᠯᠤᠯᠲᠠ ᠵᠢᠨ ᠭᠤᠣᠯ ᠴᠢᠭᠯᠡᠯ᠂ ᠠᠵᠢᠯ᠎ᠤᠨ ᠲᠣᠭᠲᠠᠴᠠ᠂ ᠠᠬᠢᠭᠤᠯᠬᠤ ᠠᠷᠭ᠎ᠠ ᠮᠠᠶᠢᠭ᠎ᠢ ᠰᠢᠨᠵᠢᠯᠡᠬᠦ ᠤᠬᠠᠭ᠋ᠠᠨᠴᠢ᠎ᠪᠠᠷ ᠲᠦᠰᠦᠪᠯᠡᠨ᠂ ᠡᠯ᠎ᠡ ᠵᠦᠢ᠍ᠯ᠎ᠤᠨ ᠥᠭᠡᠷᠡᠴᠢᠯᠡᠯᠲᠡ ᠵᠢᠨ ᠠᠷᠭ᠎ᠠ ᠪᠠᠷᠢᠯ᠎ᠢ ᠣᠨᠣᠴᠠᠲᠠᠢ ᠬᠦᠴᠦᠯᠡᠬᠦ᠂ ᠵᠣᠬᠢᠴᠠᠯᠳᠤᠭᠤᠯᠤᠨ ᠬᠦᠴᠦᠯᠡᠬᠦ᠂ ᠦᠷᠭᠦᠯᠵᠢᠯᠡᠨ ᠬᠦᠴᠦᠯᠡᠬᠦ ᠵᠢ ᠲᠦᠯᠬᠢᠨ ᠠᠬᠢᠭᠤᠯᠤᠨ᠎ᠠ᠃
2029 ᠣᠨ ᠪᠣᠯᠬᠤ᠎ᠳᠤ᠂ ᠲᠣᠭᠲᠠᠭ᠋ᠠᠯ᠎ᠳᠤ ᠳᠤᠷᠠᠳᠤᠭᠰᠠᠨ ᠥᠭᠡᠷᠡᠴᠢᠯᠡᠯᠲᠡ ᠵᠢᠨ ᠡᠭᠦᠷᠭᠡ ᠵᠢ ᠪᠡᠶᠡᠯᠡᠭᠦᠯᠦᠨ᠎ᠡ; 2035 ᠣᠨ ᠪᠣᠯᠬᠤ᠎ᠳᠤ᠂ ᠨᠡᠶ᠋ᠢᠭᠡᠮ ᠵᠢᠷᠤᠮᠲᠤ ᠣᠳᠣᠬᠢᠴᠢᠯᠠᠯᠲᠠ ᠵᠢ ᠦᠨᠳᠦᠰᠦᠨ᠎ᠳᠤ᠎ᠪᠠᠨ ᠪᠡᠶᠡᠯᠡᠭᠦᠯᠦᠨ᠎ᠡ; ᠲᠤᠰ ᠵᠠᠭᠤᠨ᠎ᠤ ᠳᠤᠮᠳᠠᠴᠢ ᠪᠣᠯᠬᠤ᠎ᠳᠤ᠂ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠤᠨ᠎ᠠ ᠁ ᠭᠠᠭᠴᠠ ᠬᠦ᠌ ᠥᠭᠡᠷᠡᠴᠢᠯᠡᠯᠲᠡ ᠵᠢᠨ ᠬᠠᠷᠠᠯᠲᠠ᠎ᠨᠢ ᠶᠠᠭᠤᠨ᠎ᠤ ᠲᠦᠯᠦᠭᠡ ᠭᠡᠳᠡᠭ᠎ᠢ ᠣᠶ᠋ᠢᠯᠠᠭ᠋ᠠᠪᠠᠯ ᠰᠠᠶᠢ ᠶᠠᠭᠤ ᠵᠢ ᠥᠭᠡᠷᠡᠴᠢᠯᠡᠬᠦ᠂ ᠶᠠᠭ᠋ᠠᠬᠢᠵᠤ ᠥᠭᠡᠷᠡᠴᠢᠯᠡᠬᠦ ᠭᠡᠳᠡᠭ᠎ᠲᠤ ᠳᠣᠲᠣᠷ᠎ᠠ᠎ᠪᠠᠨ ᠲᠤᠭ᠎ᠠ᠎ᠲᠠᠢ ᠪᠣᠯᠵᠤ ᠴᠢᠳᠠᠨ᠎ᠠ᠃ ᠬᠠᠮᠤᠭ᠎ᠤᠨ ᠠᠯᠤᠰ ᠬᠡᠳᠦ ᠵᠢᠨ ᠬᠠᠷᠠᠯᠲᠠ ᠵᠢ ᠬᠥᠭᠡᠭᠡᠴᠡᠯᠳᠦᠵᠦ᠂ ᠥᠭᠡᠷᠡᠴᠢᠯᠡᠯᠲᠡ ᠵᠢᠨ ᠬᠦᠴᠦᠨ ᠵᠶ᠋ᠠᠷ ᠴᠠᠭ ᠦᠶ᠎ᠡ ᠵᠢᠨ ᠰᠡᠳᠦᠪ᠎ᠢ ᠲᠠᠶ᠋ᠢᠯᠵᠤ᠂ ᠠᠷᠠᠳ ᠲᠦᠮᠡᠨ᠎ᠤ ᠤᠷᠢᠶᠠᠯᠠᠭ᠎ᠠ᠎ᠳᠤ ᠬᠠᠷᠢᠭᠤ ᠥᠭᠴᠦ᠂ ᠥᠭᠡᠷᠡᠴᠢᠯᠡᠯᠲᠡ ᠵᠢ ᠡᠴᠦᠰ᠎ᠲᠤᠨᠢ ᠲᠤᠯᠲᠠᠯ᠎ᠠ ᠬᠢᠬᠦ ᠡᠷᠡᠰ ᠵᠣᠷᠢᠭ ᠵᠶ᠋ᠠᠨ ᠪᠠᠲᠤᠳᠬᠠᠵᠤ᠂ ᠠᠤᠭ᠎ᠠ ᠲᠦᠰᠥᠪᠢ ᠡᠴᠦᠰ᠎ᠲᠤᠨᠢ ᠲᠤᠯᠲᠠᠯ᠎ᠠ ᠵᠢᠷᠤᠭᠯᠠᠵᠤ ᠴᠢᠳᠠᠨ᠎ᠠ᠃
ᠪᠦᠬᠦ ᠨᠠᠮ ᠵᠶ᠋ᠠᠷ ᠵᠶ᠋ᠠᠨ ᠡᠷᠬᠡᠪᠰᠢ ᠤᠬᠠᠮᠰᠠᠷ᠎ᠠᠴᠠ᠎ᠪᠠᠨ ᠥᠭᠡᠷᠡᠴᠢᠯᠡᠯᠲᠡ ᠵᠢ ᠨᠡᠩ ᠲᠣᠪᠣᠶ᠋ᠢᠮ᠎ᠠ ᠪᠠᠶ᠋ᠢᠷᠢᠨ᠎ᠳᠤ ᠲᠠᠯᠪᠢᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠵᠢᠨ ᠲᠣᠭᠤᠷᠢᠨ᠎ᠳᠤ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠦᠨ᠎ᠡ᠃ ᠥᠭᠡᠷᠡᠴᠢᠯᠡᠯᠲᠡ ᠨᠡᠭᠡᠭᠡᠯᠲᠡ ᠪᠣᠯ ᠨᠢᠭᠡᠨ ᠤᠳᠠᠭ᠋ᠠᠨ᠎ᠤ ᠭᠦᠨ ᠭᠦᠨᠵᠡᠭᠡᠢ ᠬᠤᠪᠢᠰᠬᠠᠯ ᠪᠣᠯᠣᠨ᠎ᠠ᠂ ᠠᠯᠤᠰ ᠬᠡᠳᠤ ᠵᠢᠨ ᠬᠦᠰᠡᠯ ᠵᠣᠷᠢᠯᠲᠠ᠎ᠲᠠᠢ ᠪᠠᠶ᠋ᠢᠬᠤ ᠬᠡᠷᠡᠭᠲᠡᠢ ᠮᠥᠷᠲᠡᠭᠡᠨ ᠯᠠᠪᠳᠠᠭᠤᠨ ᠪᠠᠲᠤᠲᠠᠢ ᠠᠵᠢᠯᠯᠠᠬᠤ ᠬᠡᠷᠡᠭᠲᠡᠢ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠵᠢᠷᠤᠭ ᠲᠥᠰᠥᠪ᠎ᠢ ᠪᠣᠳᠠᠲᠤ ᠶᠠᠪᠤᠳᠠᠯ ᠪᠣᠯᠭ᠋ᠠᠬᠤ᠎ᠳᠤ᠂ ᠵᠥᠪ ᠴᠢᠭᠯᠡᠯ᠎ᠢ ᠪᠠᠷᠢᠮᠲᠠᠯᠠᠵᠤ᠂ ᠲᠦᠭᠰᠢᠭᠦᠷᠢ ᠥᠷᠢᠰᠦᠯᠳᠦᠭᠡᠨ᠎ᠳᠤ ᠰᠢᠭᠤᠳ ᠬᠠᠨᠳᠤᠵᠤ᠂ ᠠᠯᠬᠤᠮ ᠠᠯᠬᠤᠮ ᠵᠶ᠋ᠠᠷ ᠤᠷᠤᠭᠰᠢᠯᠠᠨ᠂ ᠦᠶ᠎ᠡ ᠦᠶ᠎ᠡ ᠵᠢᠨ ᠬᠦᠮᠦᠰ ᠰᠢᠷᠭ᠋ᠠᠭᠤ ᠠᠵᠢᠯᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠳᠤ ᠲᠠᠰᠤᠷᠠᠯᠲᠠ ᠦᠭᠡᠢ ᠠᠮᠢᠵᠢᠷᠠᠯ᠎ᠤᠨ ᠬᠦᠴᠦᠨ᠎ᠢ᠎ᠨᠢ ᠬᠥᠭᠵᠢᠭᠡᠵᠦ᠂ ᠬᠥᠳᠡᠯᠭᠡᠬᠦ ᠬᠦᠴᠦᠨ ᠨᠡᠮᠡᠷᠢᠯᠡᠨ᠎ᠡ᠃