ᠰᠢᠠᠬᠤᠧᠠ ᠬᠤᠷᠢᠶᠠᠨ᠎ᠤ ᠰᠣᠷᠪᠤᠯᠵᠢᠯᠠᠬ᠍ᠴᠢ ᠶᠠᠩ ᠰᠧ ᠴᠢ
《ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠲᠣᠭᠲᠠᠭ᠋ᠠᠯ》᠎ᠳᠤ ᠴᠠᠭ ᠦᠶ᠎ᠡ ᠵᠢᠨ ᠠᠯᠬᠤᠭ᠎ᠠ ᠵᠢ ᠰᠠᠯᠤᠯ ᠦᠭᠡᠢ ᠳᠠᠭ᠋ᠠᠵᠤ᠂ ᠦᠢ᠍ᠯᠡᠳᠦᠯᠭᠡ ᠵᠢᠨ ᠬᠥᠭᠵᠢᠯᠲᠡ᠎ᠳᠤ ᠨᠡᠶ᠋ᠢᠴᠡᠭᠦᠯᠦᠨ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠳᠣᠪᠤᠶ᠋ᠢᠯᠭ᠋ᠠᠬᠤ ᠬᠡᠷᠡᠭᠲᠡᠢ ᠭᠡᠵᠦ ᠲᠣᠳᠣᠷᠬᠠᠢ ᠳᠤᠷᠠᠳᠴᠠᠢ᠃ ᠦᠭᠡᠷᠡᠴᠢᠯᠡᠯᠲᠡ ᠵᠢ ᠪᠤᠳᠠᠳᠠᠶ᠋ᠢᠵᠢᠭᠤᠯᠤᠨ ᠨᠠᠶ᠋ᠢᠳᠠᠪᠤᠷᠢᠵᠢᠭᠤᠯᠬᠤ᠎ᠳᠤ ᠶᠡᠷᠦᠩᠬᠡᠢ ᠱᠦᠵᠢ ᠰᠢ ᠵᠢᠨ ᠫᠢᠩ᠎ᠤᠨ ᠵᠢᠯᠤᠭᠤᠳᠤᠭᠰᠠᠨ ᠠᠷᠭ᠎ᠠ ᠵᠢᠨ ᠤᠨᠤᠯ᠎ᠢ ᠪᠤᠳᠠᠳᠠᠢ᠎ᠳᠤ ᠨᠠᠶ᠋ᠢᠳᠠᠪᠤᠷᠢᠵᠢᠭᠤᠯᠤᠨ᠂ ᠪᠤᠳᠠᠳᠠᠢ ᠠᠰᠠᠭᠤᠳᠠᠯ᠎ᠢ ᠰᠢᠢ᠍ᠳᠪᠦᠷᠢᠯᠡᠬᠦ ᠵᠢ ᠦᠭᠡᠷᠡᠴᠢᠯᠡᠯᠳᠡ ᠵᠢᠨ ᠲᠦᠰᠦᠯ ᠲᠤᠭᠳᠠᠭ᠋ᠠᠬᠤ ᠵᠢᠨ ᠭᠠᠷᠳᠠᠴᠠ ᠪᠤᠯᠭ᠋ᠠᠵᠤ᠂ ᠠᠵᠤ ᠠᠬᠤᠢ ᠨᠡᠶ᠋ᠢᠭᠡᠮ᠎ᠤᠨ ᠬᠦᠭᠵᠢᠯᠳᠡ ᠵᠢᠨ ᠪᠦᠬᠦ ᠲᠠᠯ᠎ᠠ᠎ᠳᠤ ᠬᠤᠯᠪᠣᠭᠳᠠᠭᠰᠠᠨ ᠦᠭᠡᠷᠡᠴᠢᠯᠡᠯᠳᠡ᠂ ᠴᠢᠬᠤᠯᠠ ᠶᠡᠭᠡ ᠲᠦᠷᠢᠮ᠎ᠤᠨ ᠰᠢᠨ᠎ᠡ ᠡᠭᠦᠳᠦᠯᠳᠡ᠎ᠳᠤ ᠬᠤᠯᠪᠣᠭᠳᠠᠭᠰᠠᠨ ᠥᠭᠡᠷᠡᠴᠢᠯᠡᠯᠲᠡ᠂ ᠤᠯᠠᠨ ᠲᠦᠮᠡᠨ᠎ᠤ ᠬᠦᠷᠳᠡᠮᠵᠢ ᠵᠢᠨ ᠲᠦᠷᠦᠭᠳᠡᠯ᠎ᠢ ᠳᠡᠭᠡᠭᠰᠢᠯᠡᠭᠦᠯᠬᠦ᠎ᠳᠤ ᠠᠰᠢᠭᠳᠠᠢ ᠦᠭᠡᠷᠡᠴᠢᠯᠡᠯᠳᠠ ᠵᠢ ᠲᠤᠪᠤᠶ᠋ᠢᠮ᠎ᠠ ᠪᠠᠶ᠋ᠢᠷᠢᠨ᠎ᠳᠤ ᠲᠠᠯᠪᠢᠵᠤ᠂ ᠤᠷᠢᠳ ᠵᠶ᠋ᠠᠷ ᠰᠠᠶ᠋ᠢᠳᠤᠷ ᠠᠳᠬᠤᠵᠤ ᠨᠠᠶ᠋ᠢᠳᠠᠪᠤᠷᠢᠵᠢᠭᠤᠯᠤᠨ᠎ᠠ᠃
ᠠᠰᠠᠭᠤᠳᠠᠯ ᠪᠣᠯ ᠴᠠᠭ ᠦᠶ᠎ᠡ ᠵᠢᠨ ᠳᠠᠭᠤᠨ᠂ ᠥᠭᠡᠷᠡᠴᠢᠯᠡᠯᠲᠡ ᠪᠣᠯ ᠬᠥᠭᠵᠢᠯᠲᠡ ᠵᠢᠨ ᠬᠥᠳᠡᠯᠭᠡᠭᠴᠢ ᠬᠦᠴᠦᠨ ᠮᠥᠨ᠃ ᠥᠭᠡᠷᠡᠴᠢᠯᠡᠯᠲᠡ ᠵᠢ ᠲᠦᠯᠬᠢᠨ ᠠᠬᠢᠭᠤᠯᠬᠤ ᠵᠢᠨ ᠦᠨᠳᠦᠰᠦᠨ ᠵᠣᠷᠢᠯᠭ᠎ᠠ ᠪᠣᠯ ᠤᠯᠤᠰ ᠵᠶ᠋ᠠᠨ ᠨᠡᠩ ᠪᠠᠶᠠᠨ ᠬᠦᠴᠦᠷᠬᠡᠭ᠂ ᠨᠡᠶ᠋ᠢᠭᠡᠮ᠎ᠢ ᠨᠡᠩ ᠭᠤᠣᠯᠴᠢ ᠰᠢᠳᠤᠷᠭᠤ᠂ ᠠᠷᠠᠳ ᠲᠦᠮᠡᠨ᠎ᠤ ᠠᠮᠢᠳᠤᠷᠠᠯ᠎ᠢ ᠨᠡᠩ ᠰᠠᠶ᠋ᠢᠬᠠᠨ ᠪᠣᠯᠭ᠋ᠠᠬᠤ ᠵᠢᠨ ᠲᠥᠯᠥᠭᠡ ᠶᠤᠮ᠃ ᠠᠰᠠᠭᠤᠳᠠᠯ᠎ᠤᠨ ᠵᠠᠩᠭᠢᠯᠠᠭ᠎ᠠ ᠵᠢ ᠡᠷᠢᠵᠦ ᠣᠯᠪᠠᠯ ᠰᠠᠶᠢ ᠥᠭᠡᠷᠡᠴᠢᠯᠡᠯᠲᠡ ᠵᠢᠨ ᠭᠠᠷᠳᠠᠬᠤ ᠴᠡᠭ᠎ᠢ ᠣᠨᠣᠪᠴᠢᠲᠠᠢ ᠣᠯᠵᠤ᠂ ᠦᠨᠡᠨ ᠬᠦ᠌ ᠬᠡᠷᠡᠭᠵᠢᠭᠦᠯᠦᠭᠦᠰᠢᠲᠡᠢ ᠥᠭᠡᠷᠡᠴᠢᠯᠡᠯᠲᠡ ᠵᠢᠨ ᠲᠥᠰᠥᠯ᠎ᠢ ᠲᠣᠭᠲᠠᠭ᠋ᠠᠵᠤ ᠴᠢᠳᠠᠨ᠎ᠠ᠃ ᠨᠢᠭᠡ ᠲᠠᠯ᠎ᠠ᠎ᠪᠠᠷ ᠲᠥᠪ ᠬᠤᠷᠢᠶᠠᠨ᠎ᠤ ᠲᠣᠭᠲᠠᠭ᠋ᠠᠭᠰᠠᠨ ᠭᠤᠣᠯᠳᠠᠯᠭ᠋ᠠᠲᠤ ᠥᠭᠡᠷᠡᠴᠢᠯᠡᠯᠲᠡ ᠵᠢᠨ ᠲᠥᠰᠦᠯ᠎ᠢ ᠨᠡᠪᠲᠡᠷᠬᠡᠢ ᠣᠶ᠋ᠢᠯᠠᠭ᠋ᠠᠵᠤ᠂ ᠨᠠᠶ᠋ᠢᠳᠠᠪᠤᠷᠢᠵᠢᠭᠤᠯᠬᠤ ᠲᠣᠭᠲᠠᠴᠠ ᠵᠢ ᠲᠡᠭᠦᠯᠳᠡᠷᠵᠢᠭᠦᠯᠵᠦ᠂ ᠨᠦᠭᠦᠭᠡ ᠲᠠᠯ᠎ᠠ᠎ᠪᠠᠷ ᠡᠷᠬᠡᠪᠰᠢ ᠪᠠᠶ᠋ᠢᠴᠠᠭ᠋ᠠᠨ ᠰᠤᠳᠤᠯᠬᠤ᠎ᠪᠠᠨ ᠴᠢᠩᠭ᠋ᠠᠳᠬᠠᠵᠤ᠂ ᠦᠨᠳᠦᠰᠦᠨ ᠱᠠᠲᠤᠨ᠎ᠳᠤ ᠭᠦᠨᠵᠡᠭᠡᠶ᠋ᠢᠷᠡᠵᠦ᠂ ᠪᠣᠳᠠᠲᠠᠢ᠎ᠳᠤ ᠭᠦᠨᠵᠡᠭᠡᠶ᠋ᠢᠷᠡᠵᠦ᠂ ᠪᠣᠳᠠᠲᠠᠢ᠎ᠠᠴᠠ ᠡᠭᠦᠰᠴᠦ᠂ ᠪᠣᠳᠠᠲᠠᠢ ᠠᠰᠠᠭᠤᠳᠠᠯ᠎ᠠᠴᠠ ᠭᠠᠷᠳᠠᠵᠤ᠂ ᠶᠠᠮᠠᠷ ᠠᠰᠠᠭᠤᠳᠠᠯ᠎ᠨᠢ ᠲᠤᠪᠤᠶ᠋ᠢᠮ᠎ᠠ ᠪᠠᠶ᠋ᠢᠪᠠᠯ ᠲᠡᠭᠦᠨ᠎ᠢ ᠭᠤᠣᠯᠳᠠᠯᠭ᠎ᠠ᠎ᠲᠠᠢ ᠰᠢᠢ᠍ᠳᠪᠦᠷᠢᠯᠡᠵᠦ᠂ ᠶᠠᠮᠠᠷ ᠠᠰᠠᠭᠤᠳᠠᠯ᠎ᠨᠢ ᠲᠤᠯᠭ᠋ᠠᠮ᠎ᠠ ᠪᠣᠯ ᠲᠡᠭᠦᠨ᠎ᠢ ᠰᠢᠮᠳᠠᠭᠤᠯᠤᠨ ᠰᠢᠢ᠍ᠳᠪᠦᠷᠢᠯᠡᠵᠦ᠂ ᠥᠭᠡᠷᠡᠴᠢᠯᠡᠯᠲᠡ ᠵᠢ ᠬᠥᠭᠵᠢᠯᠲᠡ ᠵᠢᠨ ᠬᠡᠷᠡᠭᠴᠡᠭᠡ᠂ ᠦᠨᠳᠦᠰᠦᠨ ᠱᠠᠲᠤᠨ᠎ᠤ ᠬᠦᠰᠡᠯ᠂ ᠠᠷᠠᠳ᠎ᠤᠨ ᠰᠡᠳᠬᠢᠯ᠎ᠤᠨ ᠬᠠᠨᠳᠤᠰᠢᠯᠤᠭᠠ ᠨᠡᠩ ᠣᠨᠣᠪᠴᠢᠲᠠᠢ ᠵᠣᠯᠭ᠋ᠠᠭᠤᠯᠤᠶᠠ᠃
ᠥᠭᠡᠷᠡᠴᠢᠯᠡᠯᠲᠡ᠎ᠨᠢ ᠶᠡᠷᠦ᠎ᠠᠴᠠ ᠳᠤᠮᠳᠠᠳᠤ ᠤᠯᠤᠰ᠎ᠤᠨ ᠪᠣᠳᠠᠲᠤ ᠠᠰᠠᠭᠤᠳᠠᠯ᠎ᠢ ᠰᠢᠢ᠍ᠳᠪᠦᠷᠢᠯᠡᠬᠦ᠎ᠳᠤ ᠵᠣᠷᠢᠭᠤᠯᠤᠭᠰᠠᠨ ᠶᠤᠮ᠃ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢ ᠠᠬᠢᠭᠤᠯᠤᠭᠰᠠᠨ ᠡᠰᠡᠬᠦ᠂ ᠠᠷᠠᠳ ᠣᠯᠠᠨ᠎ᠳᠤ ᠦᠨᠡᠨ ᠪᠣᠳᠠᠲᠠᠶ ᠬᠦᠷᠲᠡᠮᠵᠢ ᠵᠢᠨ ᠲᠥᠷᠥᠭᠳᠡᠯ ᠣᠯᠭᠤᠭᠰᠠᠨ ᠡᠰᠡᠬᠦ ᠪᠣᠯ ᠥᠭᠡᠷᠡᠴᠢᠯᠡᠯᠲᠡ ᠵᠢᠨ ᠦᠷ᠎ᠡ ᠪᠦᠲᠦᠮᠵᠢ ᠵᠢ ᠦᠨᠡᠯᠡᠬᠦ ᠪᠠᠷᠢᠮᠵᠢᠶ᠎ᠠ ᠶᠤᠮ᠃ ᠥᠭᠡᠷᠡᠴᠢᠯᠡᠯᠲᠡ᠎ᠳᠤ ᠬᠢᠨᠠᠯᠲᠠ ᠲᠠᠯᠪᠢᠬᠤ ᠪᠠ ᠦᠨᠡᠯᠡᠨ ᠵᠢᠱ᠌ᠢᠬᠦ ᠵᠢ ᠴᠢᠩᠭ᠋ᠠᠳᠬᠠᠵᠤ᠂ ᠲᠠᠰᠤᠷᠠᠯᠲᠠ ᠦᠭᠡᠢ ᠵᠠᠮ ᠨᠡᠭᠡᠭᠡᠨ ᠰᠢᠨ᠎ᠡ ᠵᠢ ᠡᠭᠦᠳᠴᠦ᠂ ᠲᠤᠷᠰᠢᠯᠭ᠎ᠠ᠎ᠪᠠᠨ ᠳ᠋ᠦᠩᠨᠡᠵᠦ᠂ ᠥᠭᠡᠷᠡᠴᠢᠯᠡᠯᠲᠡ ᠵᠢᠨ ᠦᠷ᠎ᠡ ᠪᠦᠲᠦᠭᠡᠯ᠎ᠢ ᠠᠷᠠᠳ ᠲᠦᠮᠡᠨ᠎ᠳᠤ ᠵᠢᠩᠬᠢᠨᠢ᠎ᠪᠠᠷ ᠬᠦᠷᠲᠡᠭᠡᠬᠦ ᠵᠢ ᠦᠨᠡᠨ ᠬᠦ᠌ ᠪᠠᠲᠤᠯᠠᠵᠤ᠂ ᠨᠡᠶ᠋ᠢᠭᠡᠮ᠎ᠤᠨ ᠳᠠᠪᠰᠢᠯᠲᠠ ᠪᠠ ᠬᠥᠭᠵᠢᠯᠲᠡ ᠵᠢ ᠲᠦᠯᠬᠢᠨ ᠠᠬᠢᠭᠤᠯᠤᠶ᠎ᠠ᠃
ᠥᠭᠡᠷᠡᠴᠢᠯᠡᠯᠲᠡ ᠵᠢᠨ ᠡᠭᠦᠷᠭᠡ ᠬᠠᠲᠠᠭᠤ ᠪᠡᠷᠬᠡ ᠪᠣᠯᠬᠤᠷ ᠲᠠᠰᠤᠷᠠᠯᠲᠠ ᠦᠭᠡᠢ ᠲᠤᠷᠰᠢᠨ ᠰᠦᠪᠡᠭᠴᠢᠯᠡᠬᠦ ᠬᠡᠷᠡᠭᠲᠡᠢ᠃ ᠨᠢᠭᠡ ᠠᠰᠠᠭᠤᠳᠠᠯ᠎ᠢ ᠰᠢᠢ᠍ᠳᠪᠦᠷᠢᠯᠡᠬᠦ ᠪᠥᠷᠢ ᠥᠭᠡᠷᠡᠴᠢᠯᠡᠯᠲᠡ ᠵᠢᠨ ᠬᠠᠷᠠᠯᠲᠠ ᠲᠡᠶ᠋ᠢᠰᠢ ᠤᠯᠠᠮ ᠣᠶ᠋ᠢᠷᠠᠬᠠᠨ ᠪᠣᠯᠳᠠᠭ᠃ ᠬᠦᠴᠢᠷ᠎ᠢ ᠰᠦᠷᠦᠨ᠂ ᠰᠠᠨᠠᠭ᠋ᠠᠴᠢᠯᠠᠭ᠎ᠠ᠎ᠠᠴᠠ᠎ᠪᠠᠨ ᠠᠵᠢᠯᠯᠠᠵᠤ᠂ ᠨᠡᠩ ᠣᠨᠣᠪᠴᠢᠲᠠᠢ᠎ᠪᠠᠷ ᠬᠦᠴᠦᠯᠡᠵᠦ᠂ ᠵᠣᠷᠢᠭᠲᠠᠢ ᠬᠢᠵᠦ ᠴᠢᠳᠠᠮᠠᠭ᠋ᠠᠢ ᠠᠵᠢᠯᠯᠠᠵᠤ᠂ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠶ᠋ᠢᠷᠡᠭᠦᠯᠬᠦ ᠵᠢ ᠲᠦᠯᠬᠢᠨ ᠠᠬᠢᠭᠤᠯᠪᠠᠯ᠂ ᠨᠠᠮ ᠪᠠ ᠲᠥᠷᠥ ᠵᠢᠨ ᠠᠵᠢᠯ ᠦᠢ᠍ᠯᠡᠰ᠎ᠤᠨ ᠲᠣᠭᠲᠠᠭᠤᠨ ᠵᠶ᠋ᠠᠷ ᠬᠤᠯᠠ ᠠᠶᠠᠯᠠᠬᠤ ᠵᠢ ᠲᠦᠯᠬᠢᠨ ᠠᠬᠢᠭᠤᠯᠬᠤ ᠴᠢᠳᠠᠨ᠎ᠠ᠃