ᠰᠢᠨᠬᠤᠸᠠ ᠬᠤᠷᠢᠶᠠᠨ᠎ᠤ ᠪᠡᠭᠡᠵᠢᠩ᠎ᠤᠨ 10 ᠳ᠋ᠤᠭ᠋ᠠᠷ ᠰᠠᠷ᠎ᠠ ᠵᠢᠨ 13᠎ᠤ ᠡᠳᠦᠷ᠎ᠤᠨ ᠴᠠᠭᠢᠯᠭ᠋ᠠᠨ ᠮᠡᠳᠡᠭᠡ 《ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠲᠣᠭᠲᠠᠭ᠋ᠠᠯ》᠎ᠳᠤ᠄ 《ᠴᠢᠨᠠᠷ ᠰᠠᠶ᠋ᠢᠲᠠᠢ ᠰᠣᠶᠣᠯ᠎ᠤᠨ ᠡᠬᠢ ᠪᠠᠶᠠᠯᠢᠭ᠎ᠢ ᠦᠨᠳᠦᠰᠦᠨ ᠱᠠᠲᠤᠨ᠎ᠳᠤ ᠰᠢᠭᠤᠳ ᠬᠦᠷᠭᠡᠬᠦ ᠲᠣᠭᠲᠠᠴᠠ ᠵᠢ ᠪᠠᠶ᠋ᠢᠭᠤᠯᠤᠨ᠎ᠠ》 ᠭᠡᠵᠦ ᠳᠤᠷᠠᠳᠴᠠᠢ᠃ ᠡᠨᠡ ᠪᠣᠯ ᠰᠢᠨ᠎ᠡ ᠪᠠᠶ᠋ᠢᠳᠠᠯ ᠳᠣᠣᠷᠠᠬᠢ ᠤᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠲᠤᠭᠲᠠᠯᠴᠠᠭ᠋ᠠᠨᠤ ᠪᠠᠶ᠋ᠢᠭᠤᠯᠤᠯᠲᠠ ᠵᠢ ᠴᠢᠩᠭ᠋ᠠᠳᠬᠠᠨ ᠰᠠᠶ᠋ᠢᠵᠢᠷᠠᠭᠤᠯᠬᠤ ᠵᠢᠨ ᠴᠢᠬᠤᠯᠠ ᠠᠷᠭ᠎ᠠ ᠬᠡᠮᠵᠢᠶ᠎ᠡ ᠪᠠᠶ᠋ᠢᠵᠦ᠂ ᠲᠡᠷᠡ᠎ᠨᠢ ᠥᠷᠭᠡᠨ ᠤᠯᠠᠨ ᠠᠷᠠᠳ ᠲᠦᠮᠡᠨ᠎ᠤ ᠡᠳᠦᠷ ᠢᠷᠡᠬᠦᠶ᠎ᠡ ᠨᠡᠮᠡᠭᠳᠡᠵᠦ ᠪᠠᠶ᠋ᠢᠭ᠎ᠠ ᠤᠶᠤᠨ᠎ᠤ ᠪᠠ ᠰᠣᠶᠣᠯ᠎ᠤᠨ ᠬᠡᠷᠡᠭᠴᠡᠭᠡ ᠵᠢ ᠬᠠᠩᠭ᠋ᠠᠬᠤ᠂ ᠠᠷᠠᠳ ᠲᠦᠮᠡᠨ᠎ᠤ ᠤᠶᠤᠨ᠎ᠤ ᠠᠮᠢᠳᠤᠷᠠᠯ᠎ᠢ ᠬᠠᠮᠲᠤ᠎ᠪᠠᠷ ᠴᠢᠨᠡᠭᠡᠯᠢᠭᠵᠢᠭᠦᠯᠬᠦ ᠵᠢ ᠠᠬᠢᠭᠤᠯᠬᠤ᠎ᠳᠤ ᠴᠢᠬᠤᠯᠠ ᠠᠴᠢ ᠬᠤᠯᠪᠣᠭᠳᠠᠯ᠎ᠲᠠᠢ ᠶᠤᠮ᠃
ᠴᠢᠨᠠᠷ ᠰᠠᠶ᠋ᠢᠲᠠᠢ ᠰᠣᠶᠣᠯ᠎ᠤᠨ ᠠᠮᠢᠳᠤᠷᠠᠯ ᠪᠣᠯ ᠠᠷᠠᠳ ᠣᠯᠠᠨ᠎ᠤ ᠰᠠᠶ᠋ᠢᠨ ᠰᠠᠶ᠋ᠢᠬᠠᠨ ᠠᠮᠢᠳᠤᠷᠠᠯ᠎ᠤᠨ ᠴᠢᠬᠤᠯᠠ ᠪᠦᠷᠢᠯᠳᠦᠬᠦᠨ ᠬᠡᠰᠡᠭ ᠮᠥᠨ᠃ ᠮᠠᠨ᠎ᠤ ᠤᠯᠤᠰ᠎ᠤᠨ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠬᠢᠷᠢ ᠲᠦᠪᠰᠢᠨ᠎ᠤ ᠲᠠᠰᠤᠷᠠᠯᠲᠠ ᠦᠭᠡᠢ ᠳᠡᠭᠡᠭᠰᠢᠯᠡᠬᠦ ᠵᠢ ᠳᠠᠭ᠋ᠠᠯᠳᠤᠨ᠂ ᠤᠨᠴᠠᠭ᠋ᠠᠶ᠋ᠢᠯᠠᠨ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠂ ᠨᠢᠭᠡᠳᠦᠭᠡᠷ ᠵᠠᠭᠤᠨ ᠵᠢᠯ᠎ᠤᠨ ᠲᠡᠮᠡᠴᠡᠬᠦ ᠬᠠᠷᠠᠯᠲᠠ ᠵᠢ ᠪᠡᠶᠡᠯᠡᠭᠦᠯᠦᠭᠰᠡᠨ᠎ᠤ ᠳᠠᠷᠠᠭ᠎ᠠ᠂ ᠥᠷᠭᠡᠨ ᠣᠯᠠᠨ ᠠᠷᠠᠳ ᠲᠦᠮᠡᠨ᠎ᠤ ᠣᠶᠤᠨ᠎ᠤ ᠪᠠ ᠰᠣᠶᠣᠯ᠎ᠤᠨ ᠬᠡᠷᠡᠭᠴᠡᠭᠡ ᠱᠠᠭ᠋ᠠᠷᠳᠠᠯᠭ᠎ᠠ ᠨᠡᠩ ᠴᠢᠩᠭ᠎ᠠ᠂ ᠨᠡᠩ ᠪᠠᠶᠠᠯᠢᠭ ᠣᠯᠠᠨ ᠶᠠᠩᠵᠤ ᠵᠢᠨ ᠪᠤᠯᠤᠭᠰᠠᠨ ᠪᠠᠶ᠋ᠢᠨ᠎ᠠ᠃ ᠶᠡᠷᠦᠩᠬᠡᠢ ᠱᠦᠵᠢ ᠰᠢ ᠵᠢᠨ ᠫᠢᠩ ᠬᠠᠮᠲᠤ᠎ᠪᠠᠷ ᠴᠢᠨᠡᠭᠡᠯᠢᠭᠵᠢᠬᠦ ᠵᠢ ᠨᠢᠭᠡᠳᠦᠯᠲᠡᠢ ᠲᠦᠯᠦᠪᠯᠡᠨ ᠯᠠᠪᠳᠠᠭᠤᠨ ᠪᠠᠲᠤᠲᠠᠢ ᠠᠬᠢᠭᠤᠯᠬᠤ ᠠᠵᠢᠯ᠎ᠤᠨ ᠪᠠᠶ᠋ᠢᠷᠢᠰᠢᠭᠤᠯᠤᠯᠲᠠ ᠬᠢᠬᠦ᠎ᠳᠤ᠎ᠪᠠᠨ᠂ ᠴᠠᠭᠲᠤᠨᠢ ᠲᠣᠬᠢᠷᠠᠭᠤᠯᠤᠨ ᠠᠷᠠᠳ ᠲᠦᠮᠡᠨ᠎ᠤ ᠤᠶᠤᠨ᠎ᠤ ᠠᠮᠢᠳᠤᠷᠠᠯ᠎ᠢ ᠬᠠᠮᠲᠤ᠎ᠪᠠᠷ ᠴᠢᠨᠡᠭᠡᠯᠢᠭᠵᠢᠭᠦᠯᠬᠦ ᠵᠢ ᠠᠬᠢᠭᠤᠯᠬᠤ ᠡᠨᠡ ᠬᠦ᠌ ᠴᠢᠬᠤᠯᠠ ᠶᠡᠭᠡ ᠰᠡᠳᠦᠪ᠎ᠢ ᠳᠤᠷᠠᠳᠴᠠᠢ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠤᠨ᠎ᠬᠢᠨ ᠨᠠᠮ᠎ᠤᠨ ᠲᠥᠪ ᠬᠤᠷᠢᠶᠠᠨ᠎ᠤ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠶᠣᠰᠣᠭ᠋ᠠᠷ᠂ ᠤᠯᠠᠨ ᠨᠡᠶ᠋ᠢᠲᠡ ᠵᠢᠨ ᠰᠣᠶᠣᠯ᠎ᠤᠨ ᠦᠢ᠍ᠯᠡᠰ᠎ᠤᠨ ᠣᠷᠣᠭᠤᠯᠤᠯᠲᠠ ᠵᠢ ᠨᠡᠮᠡᠭᠳᠡᠭᠦᠯᠵᠦ᠂ ᠤᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠲᠤᠭᠲᠠᠯᠴᠠᠭ᠎ᠠ ᠵᠢ ᠲᠡᠭᠦᠯᠳᠡᠷᠵᠢᠭᠦᠯᠵᠦ᠂ ᠤᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠵᠤ᠂ ᠠᠷᠠᠳ ᠤᠯᠠᠨ᠎ᠤ ᠦᠨᠳᠦᠰᠦᠨ ᠰᠣᠶᠣᠯ᠎ᠤᠨ ᠡᠷᠬᠡ ᠠᠰᠢᠭ᠎ᠢ ᠪᠠᠲᠤᠯᠠᠵᠤ᠂ ᠬᠠᠮᠢᠶ᠎ᠠ ᠪᠦᠬᠦᠢ ᠠᠵᠢᠯ᠎ᠳᠤ ᠲᠠᠰᠤᠷᠠᠯᠳᠠ ᠦᠭᠡᠢ ᠢᠯᠡᠳᠲᠡ ᠠᠬᠢᠴᠠ ᠪᠠ ᠦᠷ᠎ᠡ ᠪᠦᠲᠦᠮᠵᠢ ᠤᠯᠪᠠ᠃ ᠡᠭᠦᠨ᠎ᠤ ᠬᠠᠮᠲᠤ᠂ ᠵᠠᠷᠢᠮ ᠣᠯᠠᠨ ᠲᠦᠮᠡᠨ ᠪᠠᠰᠠ ᠦᠨᠳᠦᠰᠦᠨ ᠱᠠᠲᠤᠨ᠎ᠤ ᠣᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡ 《ᠣᠮᠳᠠ ᠲᠠᠶ᠋ᠢᠯᠬᠤ》 ᠲᠠᠯ᠎ᠠ᠎ᠪᠠᠷ ᠬᠦᠷᠦᠯᠴᠡᠬᠦ ᠦᠭᠡᠢ᠂ ᠤᠨᠴᠠᠭ᠋ᠠᠶ᠋ᠢᠯᠠᠨ ᠨᠡᠯᠢᠶᠡᠳ ᠴᠢᠨᠠᠷ ᠰᠠᠶ᠋ᠢᠲᠠᠢ ᠰᠣᠶᠣᠯ᠎ᠤᠨ ᠡᠬᠢ ᠪᠠᠶᠠᠯᠢᠭ᠎ᠲᠠᠢ ᠣᠶ᠋ᠢᠷᠠᠳᠬᠤ᠎ᠳᠤ ᠪᠡᠷᠬᠡ ᠪᠠᠶ᠋ᠢᠵᠦ᠂ ᠡᠨᠡ᠎ᠨᠢ ᠪᠠᠰᠠ ᠣᠳᠣᠬᠠᠨ᠎ᠤ ᠡᠯ᠎ᠡ ᠱᠠᠲᠤᠨ᠎ᠤ ᠣᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠲᠤᠭᠲᠠᠯᠴᠠᠭ᠋ᠠᠨᠤ ᠪᠠᠶ᠋ᠢᠭᠤᠯᠤᠯᠲᠠ᠎ᠳᠤ ᠪᠠᠰᠠ ᠭᠤᠤᠯᠳᠠᠯᠭ᠎ᠠ᠎ᠲᠠᠢ ᠵᠦᠢ᠍ᠯᠡᠰ᠎ᠢ ᠳᠣᠷᠣᠭᠰᠢ ᠰᠢᠯᠵᠢᠭᠦᠯᠬᠦ᠂ ᠡᠬᠢ ᠪᠠᠶᠠᠯᠢᠭ᠎ᠢ ᠳᠣᠷᠣᠭᠰᠢ ᠨᠠᠶ᠋ᠢᠳᠠᠪᠤᠷᠢᠵᠢᠭᠤᠯᠬᠤ ᠴᠢᠬᠤᠯᠠᠲᠠᠶ ᠪᠠᠶ᠋ᠢᠬᠤ ᠵᠢ ᠬᠠᠷᠠᠭᠤᠯᠵᠤ ᠪᠤᠢ᠃ ᠴᠢᠨᠠᠷ ᠰᠠᠶ᠋ᠢᠲᠠᠢ ᠰᠣᠶᠣᠯ᠎ᠤᠨ ᠡᠬᠢ ᠪᠠᠶᠠᠯᠢᠭ᠎ᠢ ᠦᠨᠳᠦᠰᠦᠨ ᠱᠠᠲᠤᠨ᠎ᠳᠤ ᠰᠢᠭᠤᠳ ᠬᠦᠷᠭᠡᠬᠦ ᠲᠣᠭᠲᠠᠴᠠ ᠵᠢ ᠪᠠᠶ᠋ᠢᠭᠤᠯᠬᠤ᠎ᠨᠢ ᠴᠢᠨᠠᠷ ᠰᠠᠶ᠋ᠢᠲᠠᠢ ᠰᠣᠶᠣᠯ᠎ᠤᠨ ᠡᠬᠢ ᠪᠠᠶᠠᠯᠢᠭ᠎ᠤᠨ ᠲᠡᠩᠴᠡᠭᠦᠷᠢᠲᠦ ᠴᠢᠨᠠᠷ ᠪᠠ ᠪᠣᠯᠤᠮᠵᠢᠲᠤ ᠴᠢᠨᠠᠷ᠎ᠢ ᠤᠯᠠᠮ ᠨᠢᠭᠡ ᠠᠯᠬᠤᠮ ᠴᠢᠩᠭ᠋ᠠᠳᠬᠠᠵᠤ᠂ ᠠᠷᠠᠳ ᠣᠯᠠᠨ᠎ᠳᠤ ᠨᠡᠩ ᠰᠢᠯᠢᠳᠡᠭ᠂ ᠨᠡᠩ ᠦᠷ᠎ᠡ ᠪᠦᠲᠦᠮᠵᠢᠲᠡᠶ᠂ ᠨᠡᠩ ᠲᠥᠪ ᠭᠤᠤᠯᠴᠢ᠂ ᠨᠡᠩ ᠦᠷᠬᠦᠯᠵᠢᠯᠡᠬᠦᠶ᠋ᠢᠴᠡ ᠤᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡ ᠬᠠᠩᠭ᠋ᠠᠵᠤ᠂ ᠬᠤᠳᠠ ᠬᠥᠳᠡᠭᠡ ᠵᠢᠨ ᠰᠠᠭᠤᠭ᠋ᠠᠯᠢ ᠠᠷᠠᠳ᠎ᠢ ᠰᠣᠶᠣᠯ᠎ᠤᠨ ᠠᠵᠢᠯᠯᠠᠭ᠎ᠠ᠎ᠳᠤ ᠨᠡᠩ ᠰᠠᠶ᠋ᠢᠲᠤᠷ ᠣᠷᠣᠯᠴᠠᠭᠤᠯᠵᠤ᠂ ᠤᠳᠭ᠋᠎ᠠ ᠤᠷᠠᠯᠢᠭ᠎ᠤᠨ ᠤᠷ᠎ᠠ ᠴᠢᠳᠠᠪᠤᠷᠢ ᠵᠢ᠎ᠨᠢ ᠪᠤᠶ᠋ᠢᠵᠢᠭᠤᠯᠵᠤ᠂ ᠰᠣᠶᠣᠯ᠎ᠤᠨ ᠠᠮᠢᠳᠤᠷᠠᠯ᠎ᠢ ᠡᠳ᠋ᠯᠡᠭᠦᠯᠬᠦ᠂ ᠰᠣᠶᠣᠯ᠎ᠤᠨ ᠬᠠᠯᠠᠭᠤᠨ ᠰᠡᠳᠬᠢᠯᠭᠡ ᠵᠢ ᠬᠦᠭᠵᠢᠭᠡᠬᠦ᠂ ᠤᠶᠤᠨ᠎ᠤ ᠬᠦᠴᠦᠨ ᠴᠢᠳᠠᠯ᠎ᠢ᠎ᠨᠢ ᠨᠡᠮᠡᠭᠳᠡᠭᠦᠯᠬᠦ᠎ᠳᠤ ᠠᠰᠢᠭᠲᠠᠢ ᠶᠤᠮ᠃
ᠡᠨᠡ ᠬᠦ᠌ ᠱᠠᠭ᠋ᠠᠷᠳᠠᠯᠭ᠎ᠠ ᠵᠢ ᠣᠶ᠋ᠢᠯᠠᠭ᠋ᠠᠬᠤ ᠪᠠ ᠠᠬᠢᠭᠤᠯᠤᠨ ᠬᠡᠷᠡᠭᠵᠢᠭᠦᠯᠬᠦ ᠳᠤᠮᠳᠠ᠂ ᠳᠣᠤᠷᠠᠬᠢ 4 ᠲᠠᠯ᠎ᠠ ᠵᠢ ᠬᠦᠴᠦᠯᠡᠨ ᠰᠠᠶ᠋ᠢᠲᠤᠷ ᠡᠵᠡᠮᠳᠡᠬᠦ ᠬᠡᠷᠡᠭᠲᠡᠶ᠃
ᠨᠢᠭᠡᠳᠦᠭᠡᠷ᠎ᠲᠤ᠂ ᠬᠤᠲᠠ ᠬᠥᠳᠡᠭᠡ ᠵᠢᠨ ᠣᠯᠠᠨ ᠨᠡᠶ᠋ᠢᠲᠡ ᠵᠢᠨ ᠰᠤᠶᠤᠯ᠎ᠤᠨ ᠦᠢ᠍ᠯᠡᠴᠢᠯᠡᠭᠡᠨ᠎ᠤ ᠲᠤᠭᠲᠠᠯᠴᠠᠭ᠎ᠠ ᠵᠢ ᠨᠢᠭᠡ ᠴᠣᠭᠴᠠᠵᠢᠭᠤᠯᠬᠤ ᠪᠠᠶ᠋ᠢᠭᠤᠯᠤᠯᠲᠠ ᠵᠢ ᠠᠬᠢᠭᠤᠯᠤᠨ᠎ᠠ᠃ ᠨᠠᠮ᠎ᠤᠨ ᠤᠳᠤᠷᠢᠳᠤᠯᠭ᠎ᠠ ᠳᠣᠤᠷ᠎ᠠ᠂ ᠵᠠᠰᠠᠭ᠎ᠤᠨ ᠣᠷᠳᠣᠨ ᠵᠶ᠋ᠠᠷ ᠭᠤᠤᠯᠯᠠᠭᠤᠯᠬᠤ᠂ ᠨᠡᠶ᠋ᠢᠭᠡᠮ᠎ᠤᠨ᠎ᠬᠢᠨ᠎ᠢ ᠤᠷᠤᠯᠴᠠᠭᠤᠯᠬᠤ᠂ ᠭᠤᠤᠯᠳᠠᠯᠭ᠎ᠠ᠎ᠲᠠᠢ ᠵᠦᠢ᠍ᠯᠡᠰ᠎ᠢ ᠦᠨᠳᠦᠰᠦᠨ ᠱᠠᠲᠤᠨ᠎ᠳᠤ ᠰᠢᠯᠵᠢᠭᠦᠯᠬᠦ᠂ ᠬᠠᠮᠲᠤ᠎ᠪᠠᠷ ᠪᠠᠶ᠋ᠢᠭᠤᠯᠵᠤ ᠬᠠᠮᠲᠤ᠎ᠪᠠᠷ ᠬᠦᠷᠲᠡᠬᠦ ᠵᠢ ᠪᠠᠷᠢᠮᠲᠠᠯᠠᠨ᠂ ᠣᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠪᠠᠷᠢᠮᠵᠢᠶᠠᠵᠢᠭᠤᠯᠬᠤ ᠪᠠᠶ᠋ᠢᠭᠤᠯᠤᠯᠲᠠ ᠵᠢ ᠭᠦᠨᠵᠡᠭᠡᠶ ᠠᠬᠢᠭᠤᠯᠵᠤ᠂ ᠣᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡᠨ᠎ᠤ 《ᠬᠠᠲᠠᠭᠤ ᠲᠣᠨᠤᠭ》 ᠪᠠ 《ᠵᠥᠭᠡᠯᠡᠨ ᠲᠣᠨᠤᠭ》᠎ᠤᠨ ᠪᠠᠶ᠋ᠢᠭᠤᠯᠤᠯᠲᠠ ᠵᠢ ᠨᠢᠭᠡᠳᠦᠯᠲᠡᠶ ᠲᠥᠯᠥᠪᠯᠡᠨ ᠠᠬᠢᠭᠤᠯᠵᠤ᠂ ᠦᠨᠳᠦᠰᠦᠨ ᠱᠠᠲᠤᠨ᠎ᠤ ᠣᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠲᠣᠤᠷ ᠰᠦᠯᠵᠢᠶ᠎ᠡ ᠵᠢ ᠲᠡᠭᠦᠯᠳᠡᠷᠵᠢᠭᠦᠯᠦᠨ᠎ᠡ᠃ ᠬᠤᠲᠠ ᠬᠥᠳᠡᠭᠡ ᠵᠢᠨ ᠣᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠡᠬᠢ ᠪᠠᠶᠠᠯᠢᠭ᠎ᠢ ᠨᠡᠶ᠋ᠢᠳᠭᠡᠬᠦ ᠵᠢ ᠲᠦᠯᠬᠢᠨ ᠠᠬᠢᠭᠤᠯᠵᠤ᠂ ᠴᠢᠨᠠᠷ ᠰᠠᠶ᠋ᠢᠲᠠᠢ ᠰᠣᠶᠣᠯ᠎ᠤᠨ ᠡᠬᠢ ᠪᠠᠶᠠᠯᠢᠭ᠎ᠢ ᠦᠨᠳᠦᠰᠦᠨ ᠱᠠᠲᠤᠨ᠎ᠤ ᠨᠢᠭᠡᠳᠦᠭᠡᠷ ᠹᠷᠣᠨᠲ ᠲᠡᠶ᠋ᠢᠰᠢ ᠨᠡᠩ ᠢᠯᠡᠭᠦᠦ ᠳᠣᠷᠣᠭᠰᠢ ᠨᠠᠶ᠋ᠢᠳᠠᠪᠤᠷᠢᠵᠢᠭᠤᠯᠵᠤ᠂ ᠬᠥᠳᠡᠭᠡ ᠲᠣᠰᠬᠤᠨ ᠲᠡᠶ᠋ᠢᠰᠢ ᠬᠡᠯᠪᠠᠶ᠋ᠢᠯᠭᠡᠵᠦ᠂ ᠬᠤᠪᠢᠰᠬᠠᠯ᠎ᠤᠨ ᠬᠠᠭᠤᠴᠢᠨ ᠰᠠᠭᠤᠷᠢᠨ ᠭᠠᠵᠠᠷ᠂ ᠦᠨᠳᠦᠰᠦᠲᠡᠨ᠎ᠤ ᠭᠠᠵᠠᠷ ᠣᠷᠣᠨ᠂ ᠬᠢᠯᠢ ᠬᠢᠵᠠᠭ᠋ᠠᠷ ᠣᠷᠣᠨ ᠲᠡᠶ᠋ᠢᠰᠢ ᠬᠡᠯᠪᠠᠶ᠋ᠢᠯᠭᠡᠬᠦ ᠵᠢ ᠬᠥᠲᠥᠯᠥᠨ ᠵᠢᠯᠣᠭᠤᠳᠤᠨ᠎ᠠ᠃ ᠡᠯ᠎ᠡ ᠱᠠᠲᠤᠨ᠎ᠤ ᠡᠯ᠎ᠡ ᠲᠥᠷᠥᠯ᠎ᠤᠨ ᠨᠣᠮ᠎ᠤᠨ ᠰᠠᠩ᠂ ᠰᠣᠶᠣᠯ᠎ᠤᠨ ᠦᠪ᠎ᠤᠨ ᠣᠷᠳᠣᠨ᠂ ᠮᠦᠽᠧᠶ᠂ ᠤᠷᠠᠨ ᠵᠢᠷᠤᠭ᠎ᠤᠨ ᠣᠷᠳᠣᠨ᠂ ᠪᠣᠳᠠᠰ᠎ᠤᠨ ᠪᠤᠰᠤ ᠰᠣᠶᠣᠯ᠎ᠤᠨ ᠣᠷᠳᠣᠨ ᠵᠡᠷᠭᠡ ᠵᠢᠨ ᠬᠠᠮᠲᠤᠷᠠᠨ ᠬᠥᠳᠡᠯᠦᠯᠴᠡᠬᠦ ᠲᠣᠭᠲᠠᠴᠠ ᠵᠢ ᠪᠠᠶ᠋ᠢᠭᠤᠯᠬᠤ ᠵᠢ ᠲᠦᠯᠬᠢᠨ ᠠᠬᠢᠭᠤᠯᠵᠤ᠂ ᠶᠡᠷᠦᠩᠬᠡᠶ ᠬᠤᠪᠢᠶᠠᠷᠢ ᠣᠷᠳᠣᠨ᠎ᠤ ᠳᠦᠷᠢᠮ᠎ᠤᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠬᠤᠲᠠ ᠬᠥᠳᠡᠭᠡ ᠵᠢᠨ ᠰᠣᠶᠣᠯ᠎ᠤᠨ ᠰᠣᠯᠢᠯᠴᠠᠭ᠋ᠠᠨ᠎ᠤ ᠪᠠᠶ᠋ᠢᠩᠭᠤᠰᠢᠭᠤᠯᠤᠭᠰᠠᠨ ᠠᠵᠢᠯ᠎ᠤᠨ ᠲᠣᠭᠲᠠᠴᠠ ᠵᠢ ᠪᠦᠷᠢᠨᠰᠢᠭᠦᠯᠵᠦ᠂ ᠬᠥᠳᠡᠭᠡ ᠲᠣᠰᠬᠤᠨ᠎ᠳᠤ ᠨᠡᠶ᠋ᠢᠲᠡ ᠵᠢᠨ ᠠᠰᠠᠷᠠᠮᠵᠢ ᠵᠢᠨ ᠺᠢᠨᠣ᠋ ᠵᠢ ᠲᠠᠷᠬᠠᠭ᠋ᠠᠨ ᠦᠵᠡᠭᠦᠯᠬᠦ ᠪᠠ 《ᠬᠤᠪᠢᠰᠬᠠᠯᠲᠤ ᠤᠳᠬ᠎ᠠ ᠤᠷᠠᠯᠢᠭ᠎ᠤᠨ ᠬᠥᠩᠭᠡᠨ ᠮᠣᠷᠢᠲᠤ ᠴᠡᠷᠢᠭ》 ᠵᠡᠷᠭᠡ ᠬᠤᠲᠠ ᠬᠥᠳᠡᠭᠡ ᠵᠢᠨ ᠭᠦᠢ᠍ᠯᠭᠡᠮᠡᠯ ᠰᠣᠶᠣᠯ᠎ᠤᠨ ᠦᠢ᠍ᠯᠡᠴᠢᠯᠡᠭᠡᠨ᠎ᠢ ᠶᠡᠭᠡ᠎ᠪᠠᠷ ᠬᠦᠭᠵᠢᠭᠦᠯᠦᠨ᠎ᠡ᠃
ᠬᠤᠶᠠᠳᠤᠭ᠋ᠠᠷ᠎ᠲᠤ᠂ ᠦᠨᠳᠦᠰᠦᠨ ᠱᠠᠲᠤᠨ᠎ᠤ ᠣᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠬᠠᠩᠭ᠋ᠠᠯᠭ᠎ᠠ ᠬᠡᠷᠡᠭᠴᠡᠭᠡ ᠵᠢ ᠵᠣᠯᠭ᠋ᠠᠭᠤᠯᠬᠤ ᠲᠣᠭᠲᠠᠴᠠ ᠵᠢ ᠲᠡᠭᠦᠯᠳᠡᠷᠵᠢᠭᠦᠯᠦᠨ᠎ᠡ᠃ ᠣᠯᠠᠨ ᠲᠦᠮᠡᠨ᠎ᠤ ᠰᠣᠶᠣᠯ᠎ᠤᠨ ᠬᠡᠷᠡᠭᠴᠡᠭᠡ ᠱᠠᠭ᠋ᠠᠷᠳᠠᠯᠭ᠎ᠠ ᠵᠢ ᠴᠤᠭᠯᠠᠭᠤᠯᠬᠤ ᠪᠠ ᠬᠠᠷᠢᠭᠤ ᠲᠤᠰᠬᠠᠬᠤ ᠲᠣᠭᠲᠠᠴᠠ ᠵᠢ ᠪᠠᠶ᠋ᠢᠭᠤᠯᠵᠤ᠂ 《ᠣᠯᠠᠨ ᠲᠦᠮᠡᠨ᠎ᠤ ᠵᠠᠬᠢᠶᠠᠯᠠᠭ᠎ᠠ ᠠᠪᠬᠤ》 ᠪᠠ 《ᠵᠠᠰᠠᠭ᠎ᠤᠨ ᠣᠷᠳᠣᠨ᠎ᠤ ᠲᠤᠭ᠋ᠠᠴᠠᠭ᠎ᠠ ᠬᠢᠬᠦ》 ᠵᠢ ᠨᠠᠩ ᠰᠠᠶ᠋ᠢᠲᠤᠷ ᠵᠣᠯᠭ᠋ᠠᠭᠤᠯᠬᠤ ᠵᠢ ᠠᠬᠢᠭᠤᠯᠵᠤ᠂ ᠰᠣᠶᠣᠯ ᠵᠶ᠋ᠠᠷ ᠠᠷᠠᠳ᠎ᠲᠤ ᠠᠰᠢᠭ ᠬᠦᠷᠲᠡᠭᠡᠬᠦ ᠢᠨᠵᠧᠨᠧᠷᠢᠩ᠎ᠢ ᠰᠢᠨ᠎ᠡ ᠵᠢ ᠡᠭᠦᠳᠦᠨ ᠬᠡᠷᠡᠭᠵᠢᠭᠦᠯᠵᠦ᠂ ᠴᠢᠨᠠᠷ ᠰᠠᠶ᠋ᠢᠲᠠᠢ ᠰᠣᠶᠣᠯ᠎ᠤᠨ ᠡᠬᠢ ᠪᠠᠶᠠᠯᠢᠭ᠎ᠢ ᠬᠤᠲᠠ ᠬᠥᠳᠡᠭᠡ ᠵᠢᠨ ᠣᠯᠠᠨ ᠨᠡᠶ᠋ᠢᠲᠡ ᠵᠢᠨ ᠰᠣᠶᠣᠯ᠎ᠤᠨ ᠣᠷᠣᠨ ᠵᠠᠶ ᠪᠠ ᠣᠯᠠᠨ ᠲᠦᠮᠡᠨ᠎ᠤ ᠡᠳᠦᠷ ᠲᠤᠲᠤᠮ᠎ᠤᠨ ᠠᠮᠢᠳᠤᠷᠠᠯ᠎ᠳᠤ ᠪᠦᠲᠦᠮᠵᠢᠲᠡᠶ ᠠᠭᠤᠰᠤᠯᠴᠠᠬᠤ ᠵᠢ ᠠᠬᠢᠭᠤᠯᠵᠤ᠂ ᠦᠨᠳᠦᠰᠦᠨ ᠱᠠᠲᠤᠨ᠎ᠤ ᠣᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡᠨ᠎ᠤ 《ᠡᠴᠦᠰ᠎ᠤᠨ ᠨᠢᠭᠡ ᠺᠢᠯᠤᠮᠧᠳ᠋ᠷ》᠎ᠢ ᠨᠡᠪᠲᠡᠷᠡᠭᠦᠯᠦᠨ᠎ᠡ᠃ 《ᠳᠤᠤᠷᠠᠲᠦ ᠱᠠᠲᠤ᠎ᠠᠴᠠ ᠳᠡᠭᠡᠳᠦ ᠱᠠᠲᠤ ᠳᠡᠶ᠋ᠢᠰᠢ ᠬᠡᠷᠡᠭᠴᠡᠭᠡ᠎ᠪᠠᠷ ᠬᠠᠩᠭ᠋ᠠᠯᠭ᠎ᠠ ᠵᠢ ᠲᠤᠭᠲᠠᠭ᠋ᠠᠬᠤ》 ᠬᠠᠷᠢᠯᠴᠠᠨ ᠬᠥᠳᠡᠯᠦᠯᠴᠡᠬᠦ ᠮᠠᠶᠢᠭ᠎ᠤᠨ᠂ ᠲᠣᠪᠶᠤᠭ ᠮᠠᠶᠢᠭ᠎ᠤᠨ ᠬᠡᠯᠪᠡᠷᠢ ᠵᠢᠨ ᠣᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡᠨ᠎ᠢ ᠰᠦᠪᠡᠭᠴᠢᠯᠡᠨ ᠥᠷᠨᠢᠭᠦᠯᠵᠦ᠂ ᠲᠥᠪᠯᠡᠷᠡᠭᠦᠯᠦᠨ ᠥᠨᠳᠥᠷ ᠦᠷ᠎ᠡ ᠪᠦᠲᠦᠮᠵᠢᠲᠡᠶ᠎ᠪᠠᠷ ᠲᠣᠬᠢᠷᠠᠭᠤᠯᠤᠨ ᠬᠦᠷᠭᠡᠬᠦ ᠪᠠ ᠠᠵᠢᠯᠯᠠᠭᠤᠯᠬᠤ ᠵᠢ ᠬᠡᠷᠡᠭᠵᠢᠭᠦᠯᠵᠦ᠂ ᠦᠨᠳᠦᠰᠦᠨ ᠱᠠᠲᠤᠨ᠎ᠤ ᠣᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠬᠦᠴᠦᠨ ᠴᠢᠳᠠᠪᠤᠷᠢ ᠵᠢ ᠬᠦᠴᠦᠯᠡᠨ ᠳᠡᠭᠡᠭᠰᠢᠯᠡᠭᠦᠯᠦᠨ᠎ᠡ᠃ ᠨᠡᠶ᠋ᠢᠭᠡᠮ᠎ᠤᠨ ᠬᠦᠴᠦᠨ᠎ᠢ ᠦᠨᠳᠦᠰᠦᠨ ᠱᠠᠲᠤᠨ᠎ᠤ ᠣᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡᠨ᠎ᠳᠤ ᠢᠳᠡᠪᠬᠢᠲᠡᠶ ᠤᠷᠤᠯᠴᠠᠭᠤᠯᠬᠤ ᠵᠢ ᠵᠣᠷᠢᠭᠵᠢᠭᠤᠯᠤᠨ᠂ ᠦᠨᠳᠦᠰᠦᠨ ᠱᠠᠲᠤᠨ᠎ᠤ ᠰᠣᠶᠣᠯ᠎ᠤᠨ ᠪᠡᠯᠡᠳᠬᠡᠮᠵᠢ ᠵᠢᠨ ᠨᠡᠶ᠋ᠢᠭᠡᠮᠴᠢᠯᠡᠭᠰᠡᠨ ᠡᠵᠡᠩᠨᠡᠯᠲᠡ ᠵᠢ ᠯᠠᠪᠳᠠᠭᠤᠨ ᠵᠶ᠋ᠠᠷ ᠲᠦᠯᠬᠢᠨ ᠠᠬᠢᠭᠤᠯᠵᠤ᠂ ᠦᠨᠳᠦᠰᠦᠨ ᠱᠠᠲᠤᠨ᠎ᠤ ᠣᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠲᠠᠰᠤᠷᠠᠯᠲᠠ ᠤᠢ᠍ᠭᠡᠢ ᠨᠡᠮᠡᠭᠳᠡᠭᠦᠯᠦᠨ᠎ᠡ᠃
ᠭᠤᠷᠪᠠᠳᠤᠭ᠋ᠠᠷ᠎ᠲᠤ᠂ ᠡᠯ᠎ᠡ ᠱᠠᠲᠤᠨ᠎ᠤ ᠤᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠳ᠋ᠢᠭᠢᠳ᠋ᠴᠢᠯᠡᠭᠰᠡᠨ ᠡᠨᠧᠷᠭᠢ ᠣᠯᠭᠤᠬᠤ ᠵᠢ ᠴᠢᠩᠭ᠋ᠠᠳᠬᠠᠨ᠎ᠠ᠃ ᠳ᠋ᠢᠭᠢᠳ᠋ᠴᠢᠯᠡᠭᠰᠡᠨ ᠮᠡᠷᠭᠡᠵᠢᠯ᠎ᠢ ᠬᠡᠷᠡᠭᠯᠡᠨ ᠰᠣᠶᠣᠯ᠎ᠤᠨ ᠡᠬᠢ ᠪᠠᠶᠠᠯᠢᠭ᠎ᠢ ᠨᠡᠶ᠋ᠢᠳᠭᠡᠵᠦ᠂ ᠡᠯ᠎ᠡ ᠱᠠᠲᠤ ᠳᠠᠪᠬᠤᠷᠭ᠎ᠠ ᠵᠢᠨ ᠣᠯᠠᠨ ᠨᠡᠶ᠋ᠢᠲᠡ ᠵᠢᠨ ᠰᠣᠶᠣᠯ᠎ᠤᠨ ᠳ᠋ᠢᠭᠢᠲ᠋ᠠᠯ ᠡᠬᠢ ᠪᠠᠶᠠᠯᠢᠭ᠎ᠤᠨ ᠬᠥᠮᠥᠷᠭᠡ ᠵᠢᠨ ᠪᠦᠯᠦᠭᠵᠢᠯ᠎ᠢ ᠨᠡᠪᠲᠡᠷᠡᠭᠦᠯᠵᠦ᠂ ᠤᠯᠤᠰ᠎ᠤᠨ ᠰᠣᠶᠣᠯ᠎ᠤᠨ ᠲᠣᠮᠣ ᠳ᠋ᠠᠶ᠋ᠢᠲ᠋ᠠ ᠵᠢᠨ ᠲᠤᠭᠲᠠᠯᠴᠠᠭ᠎ᠠ ᠵᠢ ᠪᠠᠶ᠋ᠢᠭᠤᠯᠵᠤ᠂ ᠤᠶᠤᠨᠲᠤ ᠨᠣᠮ᠎ᠤᠨ ᠰᠠᠩ᠂ ᠤᠶᠤᠨᠲᠤ ᠮᠦᠽᠧᠶ᠂ ᠤᠶᠤᠨᠲᠤ ᠷᠠᠳᠢᠣ᠋ ᠲᠧᠯᠸᠢᠰ ᠵᠡᠷᠭᠡ ᠳ᠋ᠢᠭᠢᠲ᠋ᠠᠯ ᠦᠢ᠍ᠯᠡᠴᠢᠯᠡᠭᠡᠨ᠎ᠤ ᠲᠠᠪᠴᠠᠩ᠎ᠢ ᠪᠠᠶ᠋ᠢᠭᠤᠯᠵᠤ᠂ ᠡᠭᠦᠯᠡᠨ ᠦᠵᠡᠰᠬᠦᠯᠡᠩ᠂ ᠡᠭᠦᠯᠡᠨ ᠤᠩᠰᠢᠯᠭ᠎ᠠ᠂ ᠡᠭᠦᠯᠡᠨ ᠦᠵᠡᠵᠦ ᠰᠣᠨᠣᠰᠬᠤ᠂ ᠡᠭᠦᠯᠡᠨ ᠪᠡᠶᠡᠴᠢᠯᠡᠨ ᠣᠶ᠋ᠢᠯᠠᠭ᠋ᠠᠬᠤ ᠵᠢ ᠢᠳᠡᠪᠬᠢᠲᠡᠢ ᠬᠥᠭᠵᠢᠭᠦᠯᠵᠦ᠂ ᠬᠦᠳᠡᠭᠡ ᠠᠶ᠋ᠢᠯ᠎ᠤᠨ ᠨᠣᠮ᠎ᠤᠨ ᠥᠷᠥᠭᠡ ᠵᠢᠨ ᠳ᠋ᠢᠭᠢᠳ᠋ᠴᠢᠯᠡᠭᠰᠡᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠵᠤ᠂ ᠥᠷᠭᠡᠨ ᠣᠯᠠᠨ ᠠᠷᠠᠳ ᠲᠦᠮᠡᠨ᠎ᠢ 《ᠡᠭᠦᠯᠡᠨ ᠦᠵᠦᠭᠦᠷ》᠂ 《ᠬᠤᠷᠤᠭᠤᠨ ᠦᠵᠦᠭᠦᠷ》 ᠵᠶ᠋ᠠᠷ ᠳᠠᠮᠵᠢᠭᠤᠯᠤᠨ ᠣᠯᠠᠨ ᠶᠠᠩᠵᠤᠴᠢᠯᠠᠭᠰᠠᠨ᠂ ᠣᠨᠣᠪᠴᠢᠯᠠᠭᠰᠠᠨ᠂ ᠴᠢᠨᠠᠷ ᠰᠠᠶ᠋ᠢᠲᠠᠢ ᠣᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡ᠎ᠲᠠᠢ ᠰᠢᠭᠤᠳ ᠵᠣᠯᠭ᠋ᠠᠭᠤᠯᠤᠨ᠎ᠠ᠃
ᠳᠦᠷᠪᠡᠳᠦᠭᠡᠷ᠎ᠲᠤ᠂ 《ᠰᠤᠶᠤᠯ᠎ᠢ ᠬᠦᠷᠭᠡᠬᠦ》 ᠪᠠ 《ᠰᠤᠶᠤᠯ᠎ᠢ ᠦᠨᠳᠦᠰᠦᠯᠡᠭᠦᠯᠬᠦ》 ᠵᠢ ᠣᠷᠭ᠋ᠠᠨᠢᠭ ᠵᠶ᠋ᠠᠷ ᠤᠶᠠᠯᠳᠤᠭᠤᠯᠬᠤ ᠵᠢ ᠠᠬᠢᠭᠤᠯᠤᠨ᠎ᠠ᠃ ᠦᠨᠳᠦᠰᠦᠨ ᠱᠠᠲᠤᠨ᠎ᠤ ᠣᠯᠠᠨ ᠲᠦᠮᠡᠨ᠎ᠤ ᠰᠣᠶᠣᠯ᠎ᠤᠨ ᠠᠵᠢᠯᠯᠠᠭ᠎ᠠ ᠵᠢ ᠲᠡᠳᠬᠦᠵᠦ ᠬᠥᠲᠥᠯᠥᠨ ᠵᠢᠯᠣᠭᠤᠳᠬᠤ ᠡᠷᠴᠢᠮ ᠵᠶ᠋ᠠᠨ ᠴᠢᠩᠭ᠋ᠠᠷᠠᠭᠤᠯᠵᠤ᠂ ᠤᠷᠠᠯᠢᠭ᠎ᠤᠨ ᠵᠢᠯᠣᠭᠤᠳᠣᠯᠭ᠎ᠠ᠂ ᠲᠠᠯᠠᠪᠤᠷ᠂ ᠠᠮᠤᠷ ᠲᠦᠪᠰᠢᠨ᠂ ᠬᠤᠲᠠ ᠵᠢᠨ ᠬᠠᠮᠢᠶᠠᠷᠤᠯᠲᠠ ᠵᠡᠷᠭᠡ ᠲᠠᠯ᠎ᠠ ᠵᠢᠨ ᠳᠥᠭᠦᠮ ᠳᠦᠳᠡ ᠨᠦᠬᠦᠴᠡᠯ᠎ᠢ ᠢᠳᠡᠪᠬᠢᠲᠡᠶ ᠬᠠᠩᠭ᠋ᠠᠵᠤ᠂ ᠡᠯ᠎ᠡ ᠱᠠᠲᠤᠨ᠎ᠤ ᠡᠯ᠎ᠡ ᠲᠥᠷᠥᠯ᠎ᠤᠨ ᠰᠣᠶᠣᠯ᠎ᠤᠨ ᠨᠢᠭᠡᠴᠢ ᠬᠢᠭᠡᠳ ᠬᠤᠲᠠ ᠬᠥᠳᠡᠭᠡ ᠵᠢᠨ ᠦᠨᠳᠦᠰᠦᠨ ᠱᠠᠲᠤᠯᠤᠭᠠ 《ᠬᠤᠤᠰᠯᠠᠭᠤᠯᠬᠤ᠂ ᠰᠤᠶᠤᠯ᠎ᠢ ᠦᠨᠳᠦᠰᠦᠯᠡᠭᠦᠯᠬᠦ》 ᠠᠵᠢᠯᠯᠠᠭ᠎ᠠ ᠦᠷᠨᠢᠭᠦᠯᠬᠦ ᠵᠢ ᠵᠤᠷᠢᠭᠵᠢᠭᠤᠯᠵᠤ᠂ ᠪᠦᠬᠦ ᠠᠷᠠᠳ᠎ᠲᠤ ᠤᠷᠠᠯᠢᠭ᠎ᠢ ᠲᠦᠭᠡᠮᠡᠯᠵᠢᠭᠦᠯᠵᠦ᠂ ᠦᠨᠳᠦᠰᠦᠨ ᠱᠠᠲᠤᠨ᠎ᠳᠤ ᠦᠨᠳᠦᠰᠦᠯᠡᠭᠰᠡᠨ ᠣᠯᠠᠨ ᠲᠦᠮᠡᠨ᠎ᠤ ᠤᠳᠬ᠎ᠠ ᠤᠷᠠᠯᠢᠭ᠎ᠤᠨ ᠪᠦᠯᠬᠦᠮ᠎ᠢ ᠪᠤᠶ᠋ᠢᠵᠢᠭᠤᠯᠤᠨ᠂ ᠬᠤᠷᠴᠠ ᠴᠢᠳᠠᠮᠠᠭ᠋ᠠᠶ ᠥᠨᠳᠥᠷ ᠪᠦᠲᠦᠮᠵᠢᠲᠡᠶ ᠪᠠᠶ᠋ᠢᠬᠤ ᠦᠨᠳᠦᠰᠦᠨ ᠱᠠᠲᠤᠨ᠎ᠤ ᠰᠣᠶᠣᠯ᠎ᠤᠨ ᠴᠢᠳᠠᠪᠤᠷᠢᠲᠠᠨ᠎ᠤ ᠡᠩᠨᠡᠭᠡ ᠵᠢ ᠪᠠᠶ᠋ᠢᠭᠤᠯᠵᠤ᠂ ᠣᠯᠠᠨ ᠲᠦᠮᠡᠨ᠎ᠤ ᠰᠣᠶᠣᠯ᠎ᠤᠨ ᠠᠵᠢᠯᠯᠠᠭ᠎ᠠ ᠵᠢᠨ ᠨᠡᠷᠡᠲᠦ ᠲᠥᠷᠥᠯ ᠲᠡᠮᠳᠡᠭᠲᠦ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠨ᠂ 《ᠣᠯᠠᠨ ᠣᠳᠣᠨ ᠱᠠᠩᠨᠠᠯ》 ᠵᠡᠷᠭᠡ ᠵᠢᠱ᠌ᠢᠶ᠎ᠡ ᠦᠵᠡᠭᠦᠯᠬᠦ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠣᠯᠠᠨ ᠲᠦᠮᠡᠨ᠎ᠤ ᠤᠳᠬ᠎ᠠ ᠤᠷᠠᠯᠢᠭ᠎ᠤᠨ ᠰᠣᠳᠣᠨ ᠪᠦᠲᠦᠭᠡᠯ ᠵᠣᠬᠢᠶᠠᠨ ᠪᠦᠲᠦᠭᠡᠬᠦ ᠵᠢ ᠠᠬᠢᠭᠤᠯᠵᠤ᠂ ᠬᠤᠲᠠ ᠬᠥᠳᠡᠭᠡ ᠵᠢᠨ ᠦᠨᠳᠦᠰᠦᠨ ᠱᠠᠲᠤᠨ᠎ᠤ ᠰᠣᠶᠣᠯ᠎ᠤᠨ ᠪᠠᠶ᠋ᠢᠭᠤᠯᠤᠯᠲᠠ ᠵᠢᠨ ᠥᠪᠡᠷ᠎ᠢ᠎ᠪᠠᠨ ᠬᠥᠭᠵᠢᠭᠦᠯᠬᠦ᠂ ᠦᠪᠡᠷ᠎ᠤᠨ ᠪᠡᠶ᠎ᠡ᠎ᠳᠤ᠎ᠪᠠᠨ ᠦᠢ᠍ᠯᠡᠴᠢᠯᠡᠬᠦ ᠴᠢᠳᠠᠮᠵᠢ ᠵᠢ᠎ᠨᠢ ᠨᠡᠮᠡᠭᠳᠡᠭᠦᠯᠦᠨ᠎ᠡ᠃