ᠬᠦᠯᠢᠴᠡᠩᠭᠦᠢ ᠬᠥᠷᠥᠩᠭᠡ
ᠬᠦᠯᠢᠴᠡᠩᠭᠦᠢ ᠬᠥᠷᠥᠩᠭᠡ ᠪᠣᠯ ᠤᠷᠲᠤ ᠬᠤᠭᠤᠴᠠᠭ᠋ᠠᠨ᠎ᠤ ᠪᠡᠯᠡ ᠣᠷᠣᠭᠤᠯᠤᠯᠲᠠ᠎ᠳᠤ ᠠᠩᠬᠠᠷᠤᠯ ᠲᠠᠯᠪᠢᠭᠰᠠᠨ ᠨᠢᠭᠡ ᠵᠦᠢ᠍ᠯ᠎ᠤᠨ ᠬᠥᠷᠥᠩᠭᠡ ᠵᠢᠨ ᠬᠡᠯᠪᠡᠷᠢ ᠪᠠᠶ᠋ᠢᠵᠤ᠂ ᠣᠬᠤᠷ ᠬᠤᠭᠤᠴᠠᠭ᠋ᠠᠨ᠎ᠤ ᠠᠰᠢᠭ ᠣᠷᠣᠯᠭ᠎ᠠ ᠬᠥᠭᠡᠭᠡᠴᠡᠯᠳᠦᠬᠦ᠎ᠪᠠᠷ ᠲᠡᠷᠢᠭᠦᠨ ᠴᠢᠬᠤᠯᠠ ᠬᠠᠷᠠᠯᠲᠠ᠎ᠪᠠᠨ ᠪᠣᠯᠭ᠋ᠠᠭᠰᠠᠨ ᠦᠭᠡᠶ᠂ ᠬᠠᠷᠢᠨ ᠤᠷᠲᠤ ᠬᠤᠭᠤᠴᠠᠭ᠋ᠠᠨ᠎ᠤ ᠲᠤᠷᠰᠢᠬᠢ ᠬᠠᠷᠢᠭᠤ ᠠᠰᠢᠭ ᠬᠦᠷᠲᠡᠭᠡᠯ᠎ᠲᠦ ᠲᠥᠷᠥᠯ ᠵᠦᠢ᠍ᠯ ᠪᠤᠶᠤ ᠪᠡᠯᠡ ᠣᠷᠣᠭᠤᠯᠤᠯᠲᠠ ᠵᠢᠨ ᠠᠵᠢᠯᠯᠠᠭ᠎ᠠ ᠵᠢ ᠨᠡᠩ ᠢᠯᠡᠭᠦᠦ ᠴᠢᠬᠤᠯᠠᠴᠢᠯᠠᠵᠤ᠂ ᠶᠡᠷᠦ ᠵᠢᠨ ᠪᠠᠶ᠋ᠢᠳᠠᠯ᠎ᠳᠤ ᠵᠠᠬ᠎ᠠ ᠳᠡᠯᠭᠡᠭᠦᠷ᠎ᠤᠨ ᠣᠬᠤᠷ ᠬᠤᠭᠤᠴᠠᠭ᠋ᠠᠨ᠎ᠤ ᠬᠡᠯᠪᠡᠯᠵᠡᠯ᠎ᠤᠨ ᠬᠠᠷᠰᠢᠯᠠᠯ᠎ᠳᠤ ᠨᠥᠯᠥᠭᠡᠯᠡᠭᠳᠡᠬᠦ ᠦᠭᠡᠶ ᠪᠠᠶ᠋ᠢᠵᠤ᠂ ᠬᠥᠷᠥᠩᠭᠡ ᠵᠢᠨ ᠬᠠᠷᠢᠭᠤ ᠠᠰᠢᠭ ᠬᠦᠷᠲᠡᠭᠡᠯ᠎ᠢ ᠨᠡᠯᠢᠶᠡᠳ ᠤᠷᠲᠤ ᠬᠤᠭᠤᠴᠠᠭ᠎ᠠ᠎ᠪᠠᠷ ᠪᠠᠷᠠᠯᠬᠢᠯᠠᠳᠠᠭ ᠮᠥᠷᠲᠡᠭᠡᠨ ᠲᠦᠭᠰᠢᠭᠦᠷᠢ ᠵᠢ ᠳᠠᠭ᠋ᠠᠭ᠋ᠠᠬᠤ ᠨᠡᠯᠢᠶᠡᠳ ᠥᠨᠳᠥᠷ ᠲᠡᠰᠪᠦᠷᠢᠲᠠᠢ ᠬᠥᠷᠥᠩᠭᠡ ᠪᠣᠯᠤᠨ᠎ᠠ᠃ ᠪᠥᠬᠦ ᠪᠥᠮᠪᠥᠷᠴᠡᠭ᠎ᠤᠨ ᠦᠢ᠍ᠯᠡᠳᠦᠯᠭᠡ᠎ᠠᠴᠠ ᠦᠵᠡᠪᠡᠯ᠂ ᠬᠦᠯᠢᠴᠡᠩᠭᠦᠶ ᠬᠥᠷᠥᠩᠭᠡ᠎ᠨᠢ ᠭᠤᠤᠯᠳᠠᠭᠤ ᠵᠠᠰᠠᠭ᠎ᠤᠨ ᠣᠷᠳᠣᠨ᠎ᠤ ᠪᠠᠯᠠ ᠣᠷᠣᠭᠤᠯᠤᠯᠲᠠ ᠵᠢᠨ ᠰᠠᠭᠤᠷᠢ ᠮᠥᠩᠭᠦ᠂ ᠨᠠᠰᠤᠵᠢᠯ᠎ᠤᠨ ᠰᠠᠭᠤᠷᠢ ᠮᠥᠩᠭᠦ (ᠨᠡᠶ᠋ᠢᠭᠡᠮ᠎ᠤᠨ ᠪᠠᠲᠤᠯᠠᠭ᠎ᠠ ᠵᠢᠨ ᠰᠠᠭᠤᠷᠢ ᠮᠥᠩᠭᠦ᠂ ᠠᠵᠤ ᠠᠬᠤᠶ᠋ᠢᠯᠠᠯ᠎ᠤᠨ ᠣᠨ᠎ᠤ ᠮᠥᠩᠭᠦ᠂ ᠬᠤᠪᠢ ᠬᠥᠮᠦᠨ᠎ᠤ ᠨᠠᠰᠤᠵᠢᠯ᠎ᠤᠨ ᠠᠰᠠᠷᠠᠮᠵᠢ ᠵᠢᠨ ᠮᠥᠩᠭᠦ ᠵᠡᠷᠭᠡ ᠵᠢ ᠪᠠᠭᠲᠠᠭ᠋ᠠᠨ᠎ᠠ)᠂ ᠳᠠᠭ᠋ᠠᠳᠬᠠᠯ᠎ᠤᠨ ᠬᠥᠷᠥᠩᠭᠡ ᠮᠥᠩᠭᠦ ᠵᠡᠷᠭᠡ᠎ᠠᠴᠠ ᠢᠷᠡᠯᠲᠡ᠎ᠲᠠᠢ ᠪᠠᠶ᠋ᠢᠵᠤ᠂ ᠬᠤᠪᠢ ᠬᠥᠮᠥᠨ ᠵᠶ᠋ᠠᠷ ᠴᠤᠭᠯᠠᠭᠤᠯᠬᠤ ᠦᠢ᠍ᠯᠡᠰ ᠪᠣᠰᠬᠠᠬᠤ ᠪᠠᠯᠠ ᠣᠷᠣᠭᠤᠯᠤᠯᠲᠠ ᠵᠢᠨ ᠰᠠᠭᠤᠷᠢ ᠮᠥᠩᠭᠦ᠂ ᠢᠯᠡ᠎ᠪᠠᠷ ᠴᠤᠭᠯᠠᠭᠤᠯᠬᠤ ᠰᠠᠭᠤᠷᠢ ᠮᠥᠩᠭᠦ ᠵᠡᠷᠭᠡ ᠳᠤᠮᠳᠠ ᠣᠷᠳᠣ ᠬᠤᠭᠤᠴᠠᠭ᠋ᠠᠨ᠎ᠤ ᠪᠠᠯᠠ ᠮᠥᠩᠭᠦ ᠵᠢ ᠣᠷᠣᠭᠤᠯᠤᠨ ᠠᠪᠴᠢᠷᠠᠬᠤ ᠵᠢᠨ ᠴᠢᠬᠤᠯᠠ ᠢᠷᠡᠯᠲᠡ ᠪᠠᠶ᠋ᠢᠵᠤ᠂ ᠪᠠᠯᠠ ᠣᠷᠣᠭᠤᠯᠤᠯᠲᠠ ᠵᠢᠨ ᠲᠥᠷᠥᠯ ᠵᠦᠢ᠍ᠯ᠂ ᠬᠥᠷᠥᠩᠭᠡ ᠵᠢᠨ ᠵᠠᠬ᠎ᠠ ᠳᠡᠯᠭᠡᠭᠦᠷ᠎ᠲᠤ ᠣᠷᠳᠣ ᠬᠤᠭᠤᠴᠠᠭ᠋ᠠᠨ᠎ᠤ ᠲᠣᠭᠲᠠᠭᠤᠨ ᠪᠠᠯᠠ ᠮᠥᠩᠭᠦ ᠵᠢᠨ ᠳᠡᠮᠵᠢᠯᠭᠡ ᠬᠠᠩᠭ᠋ᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ ᠪᠠ ᠠᠵᠤ ᠦᠢ᠍ᠯᠡᠰ᠎ᠤᠨ ᠰᠢᠨ᠎ᠡ ᠡᠭᠦᠳᠦᠯᠲᠡ ᠵᠢᠨ ᠵᠠᠩᠭᠢᠯᠠᠭ᠎ᠠ ᠵᠢᠨ ᠬᠦᠴᠦᠨ ᠵᠦᠢ᠍ᠯ᠎ᠤᠨ ᠪᠠᠲᠤᠯᠠᠭ᠎ᠠ ᠪᠣᠯᠵᠤ᠂ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠵᠢᠨ ᠴᠢᠬᠤᠯᠠ ᠨᠥᠬᠦᠴᠡᠯ ᠪᠠ ᠲᠦᠯᠬᠢᠴᠡ ᠬᠦᠴᠦᠨ ᠪᠣᠯᠣᠭᠰᠠᠨ ᠶᠤᠮ᠃
ᠠᠵᠢᠯ ᠮᠡᠷᠭᠡᠵᠢᠯ᠎ᠤᠨ ᠪᠠ ᠡᠩ᠎ᠤᠨ ᠰᠤᠷᠭ᠋ᠠᠨ ᠬᠥᠮᠥᠵᠢᠯ᠎ᠢ ᠠᠭᠤᠰᠤᠯᠴᠠᠭᠤᠯᠤᠨ ᠨᠡᠪᠲᠡᠷᠡᠭᠦᠯᠬᠦ
ᠠᠵᠢᠯ ᠮᠡᠷᠭᠡᠵᠢᠯ᠎ᠤᠨ ᠪᠠ ᠡᠩ᠎ᠤᠨ ᠰᠤᠷᠭ᠋ᠠᠨ ᠬᠥᠮᠦᠵᠢᠯ᠎ᠢ ᠠᠭᠤᠰᠤᠯᠴᠠᠭᠤᠯᠤᠨ ᠨᠡᠪᠲᠡᠷᠡᠭᠦᠯᠬᠦ ᠭᠡᠳᠡᠭ ᠪᠣᠯ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ ᠪᠠ ᠡᠩ᠎ᠤᠨ ᠰᠤᠷᠭ᠋ᠠᠨ ᠬᠥᠮᠦᠵᠢᠯ᠎ᠨᠢ ᠵᠢᠭ᠋ᠠᠨ ᠰᠤᠷᠭ᠋ᠠᠯᠲᠠ ᠵᠢᠨ ᠡᠬᠢ ᠪᠠᠶᠠᠯᠢᠭ᠎ᠢ ᠬᠠᠮᠲᠤ᠎ᠳᠤ᠎ᠪᠠᠨ ᠬᠦᠷᠲᠡᠬᠦ᠂ ᠬᠥᠮᠦᠵᠢᠭᠦᠯᠦᠭᠰᠡᠨ ᠦᠷ᠎ᠡ ᠪᠦᠲᠦᠭᠡᠯ᠎ᠢ ᠬᠠᠷᠢᠯᠴᠠᠨ ᠮᠡᠳᠡᠷᠡᠬᠦ᠂ ᠬᠥᠭᠵᠢᠯᠲᠡ ᠵᠢᠨ ᠠᠷᠭ᠎ᠠ ᠵᠠᠮ᠎ᠢ ᠨᠡᠪᠲᠡᠷᠡᠭᠦᠯᠬᠦ ᠵᠡᠷᠭᠡ ᠠᠷᠭ᠎ᠠ ᠮᠠᠶᠢᠭ ᠵᠶ᠋ᠠᠷ ᠴᠢᠳᠠᠪᠤᠷᠢᠲᠠᠨ ᠬᠥᠮᠦᠵᠢᠭᠦᠯᠬᠦ ᠵᠠᠭᠪᠤᠷ᠎ᠤᠨ ᠥᠭᠡᠷᠡᠴᠢᠯᠡᠯᠲᠡ ᠵᠢ ᠠᠬᠢᠭᠤᠯᠵᠤ᠂ ᠰᠤᠷᠤᠭᠴᠢᠳ᠎ᠤᠨ ᠦᠰᠦᠨ ᠪᠣᠶ᠋ᠢᠵᠢᠵᠤ ᠴᠢᠳᠠᠪᠤᠷᠢᠲᠠᠨ ᠪᠣᠯᠬᠤ᠎ᠳᠤᠨᠢ ᠣᠯᠠᠨ ᠶᠠᠩᠵᠤᠲᠤ ᠰᠣᠩᠭᠤᠯᠲᠠ ᠬᠠᠩᠭ᠋ᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ᠎ᠳᠤ ᠥᠨᠳᠥᠷ ᠬᠡᠪ ᠪᠣᠯᠪᠠᠰᠤᠷᠠᠯ᠎ᠲᠠᠢ ᠬᠠᠮ ᠬᠡᠯᠪᠡᠷᠢ ᠪᠦᠬᠦᠢ ᠮᠡᠷᠭᠡᠵᠢᠯ ᠮᠡᠷᠭᠡᠰᠢᠯ᠎ᠤᠨ ᠴᠢᠳᠠᠪᠤᠷᠢᠲᠠᠨ ᠬᠠᠩᠭ᠋ᠠᠬᠤ ᠵᠢ ᠵᠢᠭ᠋ᠠᠵᠤ ᠪᠣᠶ᠃
ᠰᠦᠢ᠍ᠳᠬᠡᠯ ᠦᠯᠦ ᠬᠤᠷᠢᠶᠠᠬᠤ ᠰᠤᠷᠭ᠋ᠠᠨ ᠬᠥᠮᠦᠵᠢᠯ
ᠰᠦᠢ᠍ᠳᠬᠡᠯ ᠦᠯᠦ ᠬᠤᠷᠢᠶᠠᠬᠤ ᠰᠤᠷᠭ᠋ᠠᠨ ᠬᠥᠮᠦᠵᠢᠯ ᠭᠡᠳᠡᠭ᠎ᠨᠢ ᠰᠤᠷᠭ᠋ᠠᠨ ᠬᠥᠮᠦᠵᠢᠯ᠎ᠨᠢ ᠰᠣᠷᠣᠭᠴᠢᠳ (ᠬᠡᠦᠬᠡᠳ ᠪᠠᠭ᠋ᠠᠴᠤᠳ)᠎ᠠᠴᠠ ᠰᠤᠷᠤᠯᠭ᠎ᠠ ᠵᠢᠨ ᠰᠦᠢ᠍ᠳᠬᠡᠯ᠂ ᠰᠤᠯᠠ ᠵᠠᠷᠤᠳᠠᠯ ᠵᠢᠴᠢ ᠠᠰᠠᠷᠠᠵᠤ ᠪᠣᠶ᠋ᠢᠵᠢᠭᠤᠯᠬᠤ ᠰᠦᠢ᠍ᠳᠬᠡᠯ᠎ᠢ ᠬᠤᠷᠢᠶᠠᠬᠤ ᠦᠭᠡᠶ ᠪᠠᠶ᠋ᠢᠬᠤ ᠵᠢ ᠵᠢᠭ᠋ᠠᠵᠤ ᠪᠤᠶ᠃ ᠰᠦᠢ᠍ᠳᠬᠡᠯ ᠦᠯᠦ ᠬᠤᠷᠢᠶᠠᠬᠤ ᠰᠤᠷᠭ᠋ᠠᠨ ᠬᠥᠮᠦᠵᠢᠯ᠎ᠤᠨ ᠵᠠᠷᠤᠳᠠᠯ᠎ᠢ ᠲᠥᠪ᠎ᠤᠨ ᠪᠠ ᠣᠷᠣᠨ ᠨᠤᠲᠤᠭ᠎ᠤᠨ ᠡᠳ᠋᠎ᠤᠨ ᠵᠠᠰᠠᠭ᠎ᠠᠴᠠ ᠰᠤᠷᠭ᠋ᠠᠨ ᠬᠥᠮᠦᠵᠢᠯ᠎ᠤᠨ ᠬᠦᠷᠢᠶᠡᠨ᠎ᠳᠠᠬᠢ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠶᠣᠰᠣᠭ᠋ᠠᠷ ᠬᠤᠪᠢᠶᠠᠨ ᠡᠭᠦᠷᠭᠡᠯᠡᠨ᠎ᠡ᠃ ᠣᠳᠣᠬᠠᠨ᠎ᠳᠤ᠂ ᠮᠠᠨ᠎ᠤ ᠤᠯᠤᠰ ᠶᠢᠰᠦᠨ ᠵᠢᠯ᠎ᠤᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠳᠤ ᠰᠦᠢ᠍ᠳᠬᠡᠯ ᠦᠯᠦ ᠬᠤᠷᠢᠶᠠᠬᠤ ᠪᠠᠶ᠋ᠢᠬᠤ ᠵᠢ ᠬᠡᠷᠡᠭᠵᠢᠭᠦᠯᠵᠦ᠂ ᠡᠭᠦᠨ᠎ᠤ ᠬᠠᠮᠲᠤ ᠤᠯᠤᠰ᠎ᠠᠴᠠ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠰᠤᠷᠤᠯᠭ᠎ᠠ ᠵᠢᠨ ᠰᠤᠯᠠ ᠵᠠᠷᠤᠳᠠᠯ᠎ᠢ ᠬᠡᠯᠲᠦᠷᠢᠭᠦᠯᠬᠦ ᠵᠢ ᠠᠯᠬᠤᠮ ᠠᠯᠬᠤᠮ ᠵᠶ᠋ᠠᠷ ᠲᠥᠷᠥᠯ ᠠᠩᠭᠢᠯᠠᠨ ᠠᠬᠢᠭᠤᠯᠵᠤ᠂ ᠡᠩ᠎ᠤᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠳᠠᠩᠰᠠᠯᠠᠵᠤ ᠺᠠᠷᠳ᠋ᠯᠠᠭᠰᠠᠨ ᠵᠡᠷᠭᠡ ᠭᠡᠷ ᠪᠦᠯᠢ ᠵᠢᠨ ᠠᠵᠤ ᠠᠬᠤᠶ᠎ᠨᠢ ᠬᠦᠴᠢᠷᠳᠡᠯᠲᠡᠶ ᠰᠤᠷᠤᠭᠴᠢᠳ᠎ᠤᠨ ᠰᠤᠷᠤᠯᠭ᠎ᠠ ᠵᠢᠨ ᠰᠤᠯᠠ ᠵᠠᠷᠤᠳᠠᠯ᠎ᠢ ᠬᠡᠯᠲᠦᠷᠢᠭᠦᠯᠵᠦ᠂ ᠰᠤᠷᠭ᠋ᠠᠨ ᠬᠥᠮᠦᠵᠢᠯ᠎ᠢ ᠲᠦᠭᠡᠮᠡᠯᠵᠢᠭᠦᠯᠬᠦ ᠬᠢᠷᠢ ᠲᠦᠪᠰᠢᠨ᠎ᠢ ᠳᠡᠭᠡᠭᠰᠢᠯᠡᠭᠦᠯᠬᠦ᠂ ᠰᠤᠷᠭ᠋ᠠᠨ ᠬᠥᠮᠦᠵᠢᠯ᠎ᠤᠨ ᠡᠷᠬᠡ ᠲᠡᠭᠰᠢ ᠪᠠᠶ᠋ᠢᠬᠤ ᠵᠢ ᠠᠬᠢᠭᠤᠯᠬᠤ᠂ ᠦᠨᠳᠦᠰᠦᠨ ᠣᠯᠠᠨ ᠨᠡᠶ᠋ᠢᠲᠡ ᠵᠢᠨ ᠰᠤᠷᠭ᠋ᠠᠨ ᠬᠥᠮᠦᠵᠢᠯ᠎ᠤᠨ ᠦᠢ᠍ᠯᠡᠴᠢᠯᠡᠭᠡᠨ᠎ᠤ ᠲᠡᠩᠴᠡᠭᠦᠷᠢᠰᠢᠯ᠎ᠢ ᠠᠬᠢᠭᠤᠯᠬᠤ ᠵᠡᠷᠭᠡ ᠲᠠᠯ᠎ᠠ᠎ᠪᠠᠷ ᠴᠢᠬᠤᠯᠠ ᠦᠢ᠍ᠯᠡᠳᠦᠯ ᠵᠶ᠋ᠠᠨ ᠦᠵᠡᠭᠦᠯᠪᠡ᠃ ᠰᠦᠢ᠍ᠳᠬᠡᠯ ᠦᠯᠦ ᠬᠤᠷᠢᠶᠠᠬᠤ ᠰᠤᠷᠭ᠋ᠠᠨ ᠬᠥᠮᠥᠵᠢᠯ᠎ᠤᠨ ᠬᠡᠪᠴᠢᠶ᠎ᠡ ᠵᠢ ᠠᠯᠬᠤᠮ ᠠᠯᠬᠤᠮ ᠵᠶ᠋ᠠᠷ ᠥᠷᠭᠡᠳᠬᠡᠬᠦ᠎ᠨᠢ ᠰᠤᠷᠭ᠋ᠠᠨ ᠬᠥᠮᠦᠵᠢᠯ᠎ᠢ ᠲᠦᠭᠡᠮᠡᠯᠵᠢᠭᠦᠯᠬᠦ ᠬᠢᠷᠢ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠬᠦ᠂ ᠬᠥᠮᠦᠨ᠎ᠤ ᠬᠦᠴᠦᠨ᠎ᠤ ᠡᠬᠢ ᠪᠠᠶᠠᠯᠢᠭ᠎ᠢ ᠨᠡᠭᠡᠭᠡᠬᠦ ᠬᠢᠷᠢ ᠲᠦᠪᠰᠢᠨ᠎ᠢ ᠳᠡᠭᠡᠭᠰᠢᠯᠡᠭᠦᠯᠬᠦ᠂ ᠬᠤᠲᠠ ᠬᠥᠳᠡᠭᠡ᠂ ᠣᠷᠣᠨ ᠪᠦᠰᠡ᠂ ᠰᠤᠷᠭ᠋ᠠᠭᠤᠯᠢ᠎ᠨᠤᠭᠤᠳ᠎ᠤᠨ ᠬᠤᠭᠤᠷᠣᠨᠳᠤᠬᠢ ᠪᠠ ᠨᠡᠶ᠋ᠢᠲᠡ ᠴᠣᠭᠴᠠ᠎ᠳᠤ ᠬᠤᠯᠪᠣᠭᠳᠠᠭᠰᠠᠨ ᠰᠤᠷᠭ᠋ᠠᠨ ᠬᠥᠮᠥᠵᠢᠯ᠎ᠤᠨ ᠵᠥᠷᠢᠶ᠎ᠡ ᠵᠢ ᠤᠯᠠᠮ ᠨᠢᠭᠡ ᠠᠯᠬᠤᠮ ᠪᠠᠭ᠋ᠠᠰᠬᠠᠵᠤ᠂ ᠭᠡᠷ ᠪᠦᠯᠢ ᠵᠢᠨ ᠰᠤᠷᠭ᠋ᠠᠨ ᠬᠥᠮᠦᠵᠢᠯ᠎ᠤᠨ ᠳᠠᠷᠤᠭ᠋ᠠᠰᠤ ᠵᠢ ᠤᠯᠠᠮ ᠨᠢᠭᠡ ᠠᠯᠬᠤᠮ ᠬᠥᠩᠭᠡᠯᠡᠵᠦ᠂ ᠵᠣᠬᠢᠬᠤ ᠨᠠᠰᠤᠨ᠎ᠤ ᠬᠡᠦᠬᠡᠳ ᠪᠠᠭ᠋ᠠᠴᠤᠳ᠎ᠤᠨ ᠰᠤᠷᠭ᠋ᠠᠨ ᠬᠥᠮᠦᠵᠢᠯ ᠬᠦᠷᠲᠡᠬᠦ ᠵᠠᠪᠰᠢᠶᠠᠨ᠎ᠢ᠎ᠨᠢ ᠭᠦᠢ᠍ᠴᠡᠳ ᠪᠠᠲᠤᠯᠠᠬᠤ᠂ ᠠᠷᠠᠳ᠎ᠤᠨ ᠠᠮᠢᠳᠤᠷᠠᠯ᠎ᠤᠨ ᠪᠤᠶᠠᠨ ᠵᠢᠷᠭ᠋ᠠᠯ᠎ᠢ ᠨᠡᠮᠡᠭᠳᠡᠭᠦᠯᠬᠦ᠂ ᠬᠠᠮᠲᠤ᠎ᠪᠠᠷ ᠪᠠᠶᠠᠵᠢᠬᠤ ᠵᠢ ᠠᠬᠢᠭᠤᠯᠬᠤ᠎ᠳᠤ ᠠᠰᠢᠭᠲᠠᠶ ᠶᠤᠮ᠃