ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮᠲᠤ ᠬᠠᠤᠯᠢᠵᠢᠯ᠎ᠤᠨ ᠲᠣᠭᠲᠠᠯᠴᠠᠭ᠎ᠠ ᠵᠢ ᠲᠡᠭᠦᠯᠳᠡᠷᠵᠢᠭᠦᠯᠦᠶ᠎ᠡ (ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯᠳᠤᠭ᠋ᠠᠨ᠎ᠤ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠤᠶ᠎ᠠ) ③
ᠨᠡᠶᠢᠲᠡᠯᠡᠭᠰᠡᠨ ᠴᠠᠭ᠄ 2024-08-10


      ᠭᠤᠷᠪᠠ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮᠲᠤ ᠬᠠᠤᠯᠢᠵᠢᠯ᠎ᠤᠨ ᠲᠣᠭᠲᠠᠯᠴᠠᠭ᠎ᠠ ᠵᠢ ᠲᠡᠭᠦᠯᠳᠡᠷᠵᠢᠭᠦᠯᠬᠦ ᠵᠥᠪ ᠴᠢᠭᠯᠡᠯ᠎ᠢ ᠣᠨᠣᠪᠴᠢᠲᠠᠶ ᠡᠵᠡᠮᠳᠡᠨ᠎ᠡ
          ᠬᠠᠤᠯᠢ ᠶᠣᠰᠣᠭ᠋ᠠᠷ ᠤᠯᠤᠰ ᠵᠶ᠋ᠠᠨ ᠵᠠᠰᠠᠬᠤ ᠵᠢ ᠪᠦᠬᠦ ᠲᠠᠯ᠎ᠠ᠎ᠪᠠᠷ ᠠᠬᠢᠭᠤᠯᠬᠤ ᠶᠡᠭᠡ ᠶᠠᠪᠤᠳᠠᠯ᠎ᠢ ᠰᠠᠶ᠋ᠢᠲᠤᠷ ᠬᠢᠵᠦ ᠳᠡᠶ᠋ᠢᠯᠬᠦ ᠡᠰᠡᠬᠦ ᠵᠢᠨ ᠬᠠᠮᠤᠭ᠎ᠤᠨ ᠵᠠᠩᠭᠢᠯᠠᠭ᠎ᠠ᠎ᠨᠢ ᠴᠢᠭᠯᠡᠯ ᠵᠥᠪ ᠪᠠᠶ᠋ᠢᠬᠤ ᠡᠰᠡᠬᠦ᠂ ᠤᠯᠤᠰ ᠲᠦᠷᠦ ᠵᠢᠨ ᠪᠠᠲᠤᠯᠠᠭ᠎ᠠ ᠴᠢᠩᠭ᠎ᠠ ᠬᠦᠴᠦᠲᠡᠢ ᠪᠠᠶ᠋ᠢᠬᠤ ᠡᠰᠡᠬᠦ᠎ᠳᠤ ᠪᠤᠢ᠃ ᠢᠮᠠᠭᠲᠠ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ᠎ᠪᠠᠷ ᠦᠨᠳᠦᠰᠦᠨ ᠵᠢᠷᠤᠮᠯᠠᠯ ᠪᠠ ᠠᠵᠢᠯᠯᠠᠭ᠋ᠠᠨ᠎ᠤ ᠵᠦᠭᠯᠡᠭᠦᠷ ᠪᠣᠯᠭ᠋ᠠᠵᠤ᠂ ᠤᠯᠤᠰ ᠲᠦᠷᠦ ᠵᠢᠨ ᠵᠣᠭᠰᠣᠯᠲᠠ᠎ᠪᠠᠨ ᠪᠠᠲᠤᠳᠬᠠᠵᠤ᠂ ᠵᠥᠪ ᠴᠢᠭᠯᠡᠯ᠎ᠢ ᠪᠠᠷᠢᠮᠲᠠᠯᠠᠨ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮᠲᠤ ᠬᠠᠤᠯᠢᠵᠢᠯ᠎ᠤᠨ ᠲᠣᠭᠲᠠᠯᠴᠠᠭ᠋ᠠᠨ᠎ᠤ ᠪᠠᠶ᠋ᠢᠭᠤᠯᠤᠯᠲᠠ ᠵᠢᠨ ᠲᠣᠭᠲᠠᠭᠤᠨ ᠪᠦᠭᠡᠳ ᠤᠳᠠᠭ᠋ᠠᠨ ᠬᠥᠭᠵᠢᠬᠦ ᠵᠢ ᠦᠨᠡᠨ ᠬᠦ᠌ ᠪᠠᠲᠤᠯᠠᠨ᠎ᠠ᠃
         (ᠨᠢᠭᠡ) ᠨᠠᠮ᠎ᠤᠨ ᠬᠠᠷᠢᠴᠠᠯᠠᠰᠢ ᠦᠭᠡᠢ ᠤᠳᠤᠷᠢᠳᠤᠯᠭ᠎ᠠ ᠵᠢ ᠪᠠᠷᠢᠮᠲᠠᠯᠠᠨ᠎ᠠ᠃ ᠨᠠᠮ᠎ᠤᠨ ᠤᠳᠤᠷᠢᠳᠤᠯᠭ᠎ᠠ ᠪᠣᠯ ᠮᠠᠨ᠎ᠤ ᠤᠯᠤᠰ᠎ᠤᠨ ᠨᠡᠶ᠋ᠢᠭᠡᠮ ᠵᠢᠷᠤᠮᠲᠤ ᠬᠠᠤᠯᠢᠵᠢᠯ᠎ᠤᠨ ᠰᠦᠭ ᠰᠦᠨᠡᠰᠦ ᠮᠥᠨ᠂ ᠮᠠᠨ᠎ᠤ ᠤᠯᠤᠰ᠎ᠤᠨ ᠬᠠᠤᠯᠢᠵᠢᠯ ᠬᠢᠭᠡᠳ ᠥᠷᠥᠨᠡᠳᠠᠬᠢᠨ᠎ᠤ ᠬᠥᠷᠥᠩᠭᠡᠲᠦ ᠤᠯᠤᠰ᠎ᠤᠨ ᠬᠠᠤᠯᠢᠵᠢᠯ᠎ᠤᠨ ᠬᠠᠮᠤᠭ᠎ᠤᠨ ᠶᠡᠭᠡ ᠢᠯᠭ᠋ᠠᠭ᠎ᠠ ᠪᠣᠯᠣᠨ᠎ᠠ᠃ ᠭᠠᠭᠴᠠ ᠬᠦ᠌ ᠳᠤᠮᠳᠠᠳᠤ ᠤᠯᠤᠰ᠎ᠤᠨ ᠡᠪ ᠬᠠᠮᠲᠤ ᠨᠠᠮ ᠰᠠᠶᠢ ᠠᠷᠠᠳ ᠲᠦᠮᠡᠨ᠎ᠢ ᠤᠳᠤᠷᠢᠳᠤᠨ ᠬᠠᠤᠯᠢ ᠶᠣᠰᠣᠭ᠋ᠠᠷ ᠤᠯᠤᠰ ᠵᠶ᠋ᠠᠨ ᠵᠠᠰᠠᠬᠤ ᠵᠢ ᠪᠦᠬᠦ ᠲᠠᠯ᠎ᠠ᠎ᠪᠠᠷ ᠠᠬᠢᠭᠤᠯᠬᠤ ᠲᠡᠦᠬᠡᠲᠦ ᠡᠭᠦᠷᠭᠡ ᠪᠠ ᠴᠠᠭ ᠦᠶ᠎ᠡ ᠵᠢᠨ ᠬᠦᠨᠳᠦ ᠡᠭᠦᠷᠭᠡ ᠵᠢ ᠡᠭᠦᠷᠭᠡᠯᠡᠵᠦ ᠴᠢᠳᠠᠨ᠎ᠠ᠂ ᠭᠠᠭᠴᠠ ᠬᠦ᠌ ᠨᠠᠮ᠎ᠤᠨ ᠤᠳᠤᠷᠢᠳᠤᠯᠭ᠎ᠠ ᠳᠣᠣᠷ᠎ᠠ ᠬᠠᠤᠯᠢ ᠶᠣᠰᠣᠭ᠋ᠠᠷ ᠤᠯᠤᠰ ᠵᠶ᠋ᠠᠨ ᠵᠠᠰᠠᠵᠤ᠂ ᠬᠠᠤᠯᠢᠵᠢᠯ᠎ᠢ ᠴᠢᠩᠭ᠎ᠠ ᠬᠡᠷᠡᠭᠵᠢᠭᠦᠯᠪᠡᠯ ᠰᠠᠶᠢ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ ᠵᠢ ᠭᠦᠢ᠍ᠴᠡᠳ ᠪᠡᠶᠡᠯᠡᠭᠦᠯᠦᠨ᠂ ᠤᠯᠤᠰ ᠭᠦᠷᠦᠨ ᠪᠠ ᠨᠡᠶ᠋ᠢᠭᠡᠮ᠎ᠤᠨ ᠠᠮᠢᠳᠤᠷᠠᠯ᠎ᠤᠨ ᠬᠠᠤᠯᠢᠵᠢᠯᠲᠠ ᠵᠢ ᠰᠠᠶᠢ ᠡᠮᠬᠢ ᠵᠢᠷᠤᠮ᠎ᠲᠠᠢ᠎ᠪᠠᠷ ᠠᠬᠢᠭᠤᠯᠵᠤ ᠴᠢᠳᠠᠨ᠎ᠠ ᠭᠡᠳᠡᠭ᠎ᠢ ᠦᠢ᠍ᠯᠡᠳᠦᠯᠭᠡ ᠭᠡᠷᠡᠴᠢᠯᠡᠭᠰᠡᠨ ᠪᠠᠶ᠋ᠢᠨ᠎ᠠ᠃ ᠪᠦᠬᠦ ᠲᠠᠯ᠎ᠠ᠎ᠪᠠᠷ ᠬᠠᠤᠯᠢ ᠶᠣᠰᠣᠭ᠋ᠠᠷ ᠤᠯᠤᠰ ᠵᠶ᠋ᠠᠨ ᠵᠠᠰᠠᠬᠤ᠎ᠳᠤ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠬᠤ ᠵᠢᠨ ᠬᠠᠮᠤᠭ᠎ᠤᠨ ᠴᠢᠬᠤᠯᠠ᠎ᠨᠢ 《ᠬᠤᠶᠠᠷ᠎ᠢ ᠲᠣᠭᠲᠠᠭ᠋ᠠᠭᠰᠠᠨ》᠎ᠤ ᠰᠢᠢ᠍ᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ᠎ᠢ ᠭᠦᠨᠵᠡᠭᠡᠢ ᠣᠶ᠋ᠢᠯᠠᠭ᠋ᠠᠵᠤ᠂ 《ᠲᠦᠷᠪᠡᠨ ᠤᠬᠠᠮᠰᠠᠷ》 ᠵᠶ᠋ᠠᠨ ᠴᠢᠩᠭ᠋ᠠᠳᠬᠠᠨ᠂ 《ᠲᠦᠷᠪᠡᠨ ᠢᠲᠡᠭᠡᠯ》 ᠵᠶ᠋ᠠᠨ ᠪᠠᠲᠤᠳᠬᠠᠵᠤ᠂ 《ᠬᠤᠶᠠᠷ᠎ᠢ ᠬᠠᠮᠠᠭ᠋ᠠᠯᠠᠬᠤ》 ᠵᠢ ᠪᠡᠶᠡᠯᠡᠭᠦᠯᠦᠨ᠂ ᠤᠯᠤᠰ ᠲᠦᠷᠦ ᠵᠢᠨ ᠮᠠᠭ᠋ᠠᠳᠯᠠᠬᠤ ᠴᠢᠳᠠᠪᠤᠷᠢ᠂ ᠤᠯᠤᠰ ᠲᠦᠷᠦ ᠵᠢᠨ ᠣᠶ᠋ᠢᠯᠠᠭ᠋ᠠᠬᠤ ᠴᠢᠳᠠᠪᠤᠷᠢ᠂ ᠤᠯᠤᠰ ᠲᠦᠷᠦ ᠵᠢᠨ ᠭᠦᠢ᠍ᠴᠡᠳᠬᠡᠬᠦ ᠴᠢᠳᠠᠪᠤᠷᠢ᠎ᠪᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠨᠠᠮ᠎ᠤᠨ ᠵᠣᠷᠢᠯᠲᠠ ᠵᠢ ᠬᠠᠤᠯᠢ ᠶᠣᠰᠣᠭ᠋ᠠᠷ ᠤᠯᠤᠰ ᠵᠶ᠋ᠠᠨ ᠵᠠᠰᠠᠬᠤ ᠵᠢᠨ ᠪᠦᠬᠦ ᠶᠠᠪᠤᠴᠠ ᠪᠠ ᠡᠯ᠎ᠡ ᠲᠠᠯ᠎ᠠ᠎ᠳᠤ ᠲᠤᠭᠤᠰᠢᠯᠠᠭᠤᠯᠵᠤ ᠴᠢᠳᠠᠨ᠎ᠠ᠃
        (ᠬᠤᠶᠠᠷ) ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ ᠭᠡᠬᠦ ᠡᠨᠡ ᠬᠦ᠌ ᠲᠣᠭᠲᠠᠯ ᠴᠢᠨᠠᠷ᠎ᠢ ᠪᠠᠷᠢᠮᠲᠠᠯᠠᠨ᠎ᠠ᠃ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮᠲᠤ ᠬᠠᠤᠯᠢᠵᠢᠯ᠎ᠤᠨ ᠲᠣᠭᠲᠠᠯᠴᠠᠭ᠎ᠠ ᠪᠣᠯ ᠳᠤᠮᠳᠠᠳᠤ ᠤᠯᠤᠰ᠎ᠤᠨ ᠰᠣᠶᠣᠯ᠎ᠳᠤ ᠦᠨᠳᠦᠰᠦᠯᠡᠵᠦ᠂ ᠳᠤᠮᠳᠠᠳᠤ ᠤᠯᠤᠰ᠎ᠤᠨ ᠤᠯᠤᠰ᠎ᠤᠨ ᠪᠠᠶ᠋ᠢᠳᠠᠯ᠎ᠳᠤ ᠰᠠᠭᠤᠷᠢᠯᠠᠨ᠂ ᠳᠤᠮᠳᠠᠳᠤ ᠤᠯᠤᠰ᠎ᠤᠨ ᠠᠰᠠᠭᠤᠳᠠᠯ᠎ᠢ ᠰᠢᠢ᠍ᠳᠪᠦᠷᠢᠯᠡᠬᠦ ᠬᠠᠤᠯᠢᠵᠢᠯ᠎ᠤᠨ ᠲᠣᠭᠲᠠᠯᠴᠠᠭ᠎ᠠ ᠪᠣᠯᠣᠨ᠎ᠠ᠂ ᠮᠠᠨ᠎ᠤ ᠨᠠᠮ᠎ᠠᠴᠠ ᠳᠤᠮᠳᠠᠳᠤ ᠤᠯᠤᠰ᠎ᠤᠨ ᠠᠷᠠᠳ ᠲᠦᠮᠡᠨ᠎ᠢ ᠤᠳᠤᠷᠢᠳᠤᠨ ᠬᠠᠤᠯᠢᠵᠢᠯ᠎ᠤᠨ ᠬᠦᠷᠢᠶᠡᠨ᠎ᠳᠤ ᠶᠠᠪᠤᠭᠤᠯᠤᠭᠰᠠᠨ ᠠᠭᠤᠤ ᠶᠡᠭᠡ ᠲᠡᠦᠬᠡᠨ ᠦᠢ᠍ᠯᠡᠳᠦᠯᠭᠡ ᠪᠣᠯᠣᠨ᠎ᠠ᠂ ᠨᠡᠶ᠋ᠢᠭᠡᠮ ᠵᠢᠷᠤᠮ᠎ᠤᠨ ᠪᠠᠶ᠋ᠢᠵᠤ ᠪᠣᠯᠬᠤ᠎ᠠᠴᠠ ᠪᠢᠰᠢ ᠬᠠᠷᠢᠨ ᠥᠭᠡᠷ᠎ᠡ ᠬᠠᠤᠯᠢᠵᠢᠯ᠎ᠤᠨ ᠲᠣᠭᠲᠠᠯᠴᠠᠭ᠎ᠠ ᠪᠠᠶ᠋ᠢᠵᠤ ᠪᠣᠯᠬᠤ ᠦᠭᠡᠢ᠃ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ ᠭᠡᠬᠦ ᠡᠨᠡ ᠬᠦ᠌ ᠲᠣᠭᠲᠠᠯ ᠴᠢᠨᠠᠷ᠎ᠢ ᠪᠠᠲᠤ ᠡᠵᠡᠮᠳᠡᠨ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮᠲᠤ ᠬᠠᠤᠯᠢᠵᠢᠯ ᠵᠠᠮ ᠵᠶ᠋ᠠᠷ ᠡᠷᠡᠰ ᠭᠤᠶ᠋ᠢᠪᠢᠰᠢ ᠦᠭᠡᠢ ᠵᠠᠮᠨᠠᠨ᠎ᠠ᠂ ᠥᠷᠥᠨᠡᠳᠠᠬᠢᠨ᠎ᠤ ᠪᠤᠷᠤᠭᠤ ᠦᠵᠡᠯ ᠰᠠᠨᠠᠭ᠋ᠠᠨ᠎ᠤ ᠤᠷᠤᠰᠬᠠᠯ᠎ᠳᠤ ᠪᠤᠷᠤᠭᠤ᠎ᠪᠠᠷ ᠬᠥᠲᠥᠯᠥᠭᠳᠡᠵᠦ ᠶᠠᠭ᠋ᠠᠬᠢᠭᠰᠠᠨ ᠴᠤ᠌ ᠪᠣᠯᠬᠤ ᠦᠭᠡᠢ᠂ ᠪᠤᠰᠤᠳ ᠤᠯᠤᠰ᠎ᠤᠨ ᠬᠡᠪ ᠵᠠᠭᠪᠤᠷ ᠪᠠ ᠠᠷᠭ᠎ᠠ ᠬᠢᠳᠡᠯ᠎ᠢ ᠲᠡᠷᠡ ᠬᠡᠪ ᠵᠶ᠋ᠠᠷ᠎ᠨᠢ ᠨᠡᠭᠦᠯᠭᠡᠨ ᠬᠡᠷᠡᠭᠯᠡᠵᠦ ᠶᠠᠭ᠋ᠠᠬᠢᠭᠰᠠᠨ ᠴᠤ᠌ ᠪᠣᠯᠬᠤ ᠦᠭᠡᠢ᠂ ᠥᠷᠥᠨᠡᠳᠠᠬᠢᠨ᠎ᠤ 《ᠦᠨᠳᠦᠰᠦᠨ ᠬᠠᠤᠯᠢᠲᠤ ᠵᠠᠰᠠᠭ》᠂ 《ᠭᠤᠷᠪᠠᠨ ᠡᠷᠬᠡ ᠵᠢ ᠲᠤᠰᠠᠭ᠋ᠠᠷᠯᠠᠭᠤᠯᠬᠤ》᠂ 《ᠪᠡᠶ᠎ᠡ᠎ᠪᠠᠨ ᠳᠠᠭ᠋ᠠᠭ᠋ᠠᠨ ᠬᠠᠤᠯᠢ ᠪᠠᠷᠢᠬᠤ》 ᠵᠠᠮ ᠵᠶ᠋ᠠᠷ ᠶᠠᠭ᠋ᠠᠬᠢᠭᠰᠠᠨ ᠴᠤ᠌ ᠶᠠᠪᠤᠵᠤ ᠪᠣᠯᠬᠤ ᠦᠭᠡᠢ ᠶᠤᠮ᠃
        (ᠭᠤᠷᠪᠠ) ᠠᠷᠠᠳ ᠲᠦᠮᠡᠨ ᠵᠶ᠋ᠠᠷ ᠭᠤᠣᠯ ᠪᠣᠯᠭ᠋ᠠᠬᠤ ᠵᠢ ᠪᠠᠷᠢᠮᠲᠠᠯᠠᠨ᠎ᠠ᠃ ᠮᠠᠨ᠎ᠤ ᠤᠯᠤᠰ᠎ᠤᠨ ᠨᠡᠶ᠋ᠢᠭᠡᠮ ᠵᠢᠷᠤᠮᠲᠤ ᠬᠠᠤᠯᠢᠵᠢᠯ ᠪᠣᠯ ᠠᠷᠠᠳ ᠲᠦᠮᠡᠨ᠎ᠤ ᠬᠠᠤᠯᠢᠵᠢᠯ ᠪᠣᠯᠣᠨ᠎ᠠ᠂ ᠥᠷᠥᠨᠡᠳᠠᠬᠢᠨ᠎ᠤ ᠬᠥᠷᠥᠩᠭᠡᠲᠦ ᠶᠣᠰᠣᠨ᠎ᠤ ᠬᠠᠤᠯᠢᠵᠢᠯ ᠪᠣᠯ ᠬᠥᠷᠥᠩᠭᠡ ᠵᠢᠨ ᠬᠠᠤᠯᠢᠵᠢᠯ ᠪᠣᠯᠣᠨ᠎ᠠ᠃ ᠠᠷᠠᠳ ᠲᠦᠮᠡᠨ ᠵᠶ᠋ᠠᠷ ᠭᠤᠣᠯ ᠪᠣᠯᠭ᠋ᠠᠬᠤ ᠵᠢ ᠪᠠᠷᠢᠮᠲᠠᠯᠠᠬᠤ᠎ᠨᠢ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮᠲᠤ ᠬᠠᠤᠯᠢᠵᠢᠯ᠎ᠢ ᠬᠥᠷᠥᠩᠭᠡᠲᠦ ᠶᠣᠰᠣᠨ᠎ᠤ ᠬᠠᠤᠯᠢᠵᠢᠯ᠎ᠠᠴᠠ ᠢᠯᠭ᠋ᠠᠭ᠎ᠠ᠎ᠲᠠᠢ ᠪᠠᠶ᠋ᠢᠯᠭ᠋ᠠᠬᠤ ᠵᠢᠨ ᠦᠨᠳᠦᠰᠦ ᠰᠠᠭᠤᠷᠢ ᠪᠣᠯᠣᠨ᠎ᠠ᠃ ᠬᠠᠤᠯᠢᠵᠢᠯ᠎ᠤᠨ ᠪᠠᠶ᠋ᠢᠭᠤᠯᠤᠯᠲᠠ᠎ᠪᠠᠨ ᠠᠷᠠᠳ ᠲᠦᠮᠡᠨ᠎ᠤ ᠲᠥᠯᠥᠭᠡ ᠪᠠᠶ᠋ᠢᠯᠭ᠋ᠠᠬᠤ ᠵᠢ ᠢᠮᠠᠭᠲᠠ ᠪᠠᠷᠢᠮᠲᠠᠯᠠᠵᠤ᠂ ᠠᠷᠠᠳ ᠤᠯᠠᠨ᠎ᠤ ᠬᠠᠮᠤᠭ᠎ᠠᠴᠠ ᠬᠠᠯᠠᠮᠵᠢᠯᠠᠵᠤ ᠪᠠᠶ᠋ᠢᠭ᠎ᠠ ᠤᠯᠠᠨ ᠨᠡᠶ᠋ᠢᠲᠡ ᠵᠢᠨ ᠠᠮᠤᠷ ᠲᠦᠪᠰᠢᠨ᠎ᠤ ᠠᠰᠠᠭᠤᠳᠠᠯ᠂ ᠬᠠᠮᠤᠭ᠎ᠠᠴᠠ ᠰᠠᠨᠠᠭ᠋ᠠᠰᠢᠷᠠᠵᠤ ᠪᠠᠶ᠋ᠢᠭ᠎ᠠ ᠡᠷᠬᠡ ᠠᠰᠢᠭ᠎ᠤᠨ ᠪᠠᠲᠤᠯᠠᠭ᠎ᠠ ᠵᠢᠨ ᠠᠰᠠᠭᠤᠳᠠᠯ᠂ ᠬᠠᠮᠤᠭ᠎ᠠᠴᠠ ᠠᠩᠬᠠᠷᠴᠤ ᠪᠠᠶ᠋ᠢᠭ᠎ᠠ ᠲᠥᠪ ᠭᠤᠣᠯᠴᠢ ᠰᠢᠳᠤᠷᠭᠤ ᠶᠣᠰᠣᠨ᠎ᠤ ᠠᠰᠠᠭᠤᠳᠠᠯ᠎ᠢ ᠬᠦᠴᠦᠯᠡᠨ ᠰᠠᠶ᠋ᠢᠲᠤᠷ ᠰᠢᠢ᠍ᠳᠪᠦᠷᠢᠯᠡᠵᠦ᠂ ᠬᠠᠤᠯᠢᠵᠢᠯ ᠵᠶ᠋ᠠᠷ ᠠᠷᠠᠳ ᠲᠦᠮᠡᠨ᠎ᠤ ᠰᠠᠶ᠋ᠢᠨ ᠰᠠᠶ᠋ᠢᠬᠠᠨ ᠠᠮᠢᠳᠤᠷᠠᠯ᠎ᠢ ᠪᠠᠲᠤᠯᠠᠨ᠎ᠠ᠃ ᠬᠠᠤᠯᠢᠵᠢᠯ᠎ᠤᠨ ᠪᠠᠶ᠋ᠢᠭᠤᠯᠤᠯᠲᠠ᠎ᠳᠤ᠎ᠪᠠᠨ ᠠᠷᠠᠳ ᠲᠦᠮᠡᠨ᠎ᠳᠤ ᠲᠦᠰᠢᠭᠯᠡᠬᠦ ᠵᠢ ᠢᠮᠠᠭᠲᠠ ᠪᠠᠷᠢᠮᠲᠠᠯᠠᠵᠤ᠂ ᠠᠷᠠᠳ ᠲᠦᠮᠡᠨ᠎ᠤ ᠢᠳᠡᠪᠬᠢ ᠴᠢᠨᠠᠷ᠂ ᠰᠠᠨᠠᠭ᠋ᠠᠴᠢᠯᠠᠭ᠋ᠠᠲᠤ ᠴᠢᠨᠠᠷ᠂ ᠪᠦᠲᠦᠭᠡᠯᠴᠢ ᠴᠢᠨᠠᠷ᠎ᠢ ᠭᠦᠢ᠍ᠴᠡᠳ ᠲᠠᠶ᠋ᠢᠴᠢᠯᠠᠨ᠂ ᠠᠷᠠᠳ ᠤᠯᠠᠨ᠎ᠤ ᠣᠷᠣᠯᠴᠠᠬᠤ᠂ ᠢᠯᠡᠳᠬᠡᠬᠦ᠂ ᠬᠢᠨᠠᠯᠲᠠ ᠲᠠᠯᠪᠢᠬᠤ ᠠᠷᠭ᠎ᠠ ᠵᠠᠮ᠎ᠢ ᠥᠷᠭᠡᠳᠬᠡᠵᠦ᠂ ᠬᠠᠤᠯᠢᠵᠢᠯ᠎ᠤᠨ ᠪᠠᠶ᠋ᠢᠭᠤᠯᠤᠯᠲᠠ ᠵᠢ ᠠᠷᠠᠳ ᠲᠦᠮᠡᠨ᠎ᠤ ᠪᠦᠲᠦᠭᠡᠯᠴᠢ ᠦᠢ᠍ᠯᠡᠳᠦᠯᠭᠡ᠎ᠳᠤ ᠭᠦᠨ ᠦᠨᠳᠦᠰᠦᠯᠡᠭᠦᠯᠦᠨ᠎ᠡ᠃

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮᠲᠤ ᠬᠠᠤᠯᠢᠵᠢᠯ᠎ᠤᠨ ᠲᠣᠭᠲᠠᠯᠴᠠᠭ᠎ᠠ ᠵᠢ ᠲᠡᠭᠦᠯᠳᠡᠷᠵᠢᠭᠦᠯᠦᠶ᠎ᠡ (ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠥᠬᠦᠳᠡ ᠬᠤᠷᠠᠯᠳᠤᠭ᠋ᠠᠨ᠎ᠤ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠤᠶ᠎ᠠ) ②
ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮᠲᠤ ᠬᠠᠤᠯᠢᠵᠢᠯ᠎ᠤᠨ ᠲᠣᠭᠲᠠᠯᠴᠠᠭ᠎ᠠ ᠵᠢ ᠲᠡᠭᠦᠯᠳᠡᠷᠵᠢᠭᠦᠯᠦᠶ᠎ᠡ (ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠥᠬᠦᠳᠡ ᠬᠤᠷᠠᠯᠳᠤᠭ᠋ᠠᠨ᠎ᠤ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠤᠶ᠎ᠠ)
ᠭᠦᠨᠵᠡᠭᠡᠢ ᠰᠤᠷᠤᠯᠴᠠᠨ ᠨᠠᠷᠢᠯᠢᠭ ᠤᠬᠠᠪᠤᠷᠢᠯᠠᠵᠤ ᠰᠡᠳᠬᠢᠯ᠎ᠳᠡᠭᠡᠨ ᠬᠠᠳᠠᠩᠰᠢᠭᠤᠯᠤᠨ ᠪᠠᠷᠢᠮᠵᠢᠶᠠᠯᠠᠨ ᠬᠠᠷᠭᠤᠭᠤᠯᠵᠤ ᠭᠦᠨᠵᠡᠭᠡᠢ ᠰᠦᠪᠡᠭᠴᠢᠯᠡᠨ ᠪᠣᠳᠠᠲᠠᠢ ᠠᠵᠢᠯᠯᠠᠨ᠎ᠠ — ᠮᠠᠨ᠎ᠤ ᠣᠷᠣᠨ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠪᠤᠢ
ᠥᠭᠡᠷᠡᠴᠢᠯᠡᠯᠲᠡ ᠵᠢᠨ ᠡᠷᠴᠢᠨ᠎ᠳᠤ ᠡᠷᠡᠯᠬᠡᠭᠯᠡᠨ ᠲᠡᠮᠡᠴᠡᠨ ᠡᠷᠡᠮᠡᠬᠡᠶ᠋ᠢᠯᠡᠨ ᠤᠷᠤᠭᠰᠢᠯᠠᠵᠤ ᠪᠣᠳᠠᠲᠠᠢ ᠦᠢ᠍ᠯᠡᠳᠦᠯᠭᠡᠵᠢᠭᠦᠯᠵᠦ ᠰᠢᠨ᠎ᠡ ᠪᠠᠶ᠋ᠢᠳᠠᠯ᠎ᠢ ᠡᠭᠦᠳᠰᠦᠭᠡᠢ — ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠮᠠᠨ᠎ᠤ ᠣᠷᠣᠨ᠎ᠤ ᠠᠵᠤ ᠠᠬᠤᠶ᠋ᠢᠯᠠᠯ ᠪᠣᠯᠣᠨ ᠶᠡᠭᠡ ᠳᠡᠭᠡᠳᠦ ᠰᠤᠷᠭ᠋ᠠᠭᠤᠯᠢ᠎ᠳᠤ ᠬᠠᠯᠠᠭᠤᠨ ᠲᠤᠰᠬᠠᠯ ᠭᠠᠷᠪᠠ
ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠲᠦᠯᠬᠢᠨ ᠠᠬᠢᠭᠤᠯᠬᠤ᠎ᠲᠠᠢ ᠨᠢᠭᠲᠠ ᠤᠶᠠᠯᠳᠤᠭᠤᠯᠤᠨ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠦᠶ᠎ᠡ — ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠲᠤᠬᠠᠢ ᠥᠭᠦᠯᠡᠬᠦ᠎ᠨᠢ
 
            