9 ᠰᠠᠷ᠎ᠠ ᠵᠢᠨ 6᠎ᠤ ᠡᠳᠦᠷ᠂ 7᠎ᠤ ᠡᠳᠦᠷ᠂ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠰᠣᠷᠣᠯᠴᠠᠨ ᠲᠤᠭᠤᠰᠢᠯᠠᠭᠤᠯᠬᠤ ᠠᠵᠢᠯ ᠲᠥᠷᠥᠯ ᠰᠢᠰᠲ᠋ᠧᠮ ᠨᠢᠭᠡᠴᠢ ᠵᠢᠨ ᠬᠤᠪᠢᠶᠠᠷᠢᠴᠢᠯᠠᠭᠰᠠᠨ ᠤᠬᠠᠭᠤᠯᠤᠨ ᠲᠠᠶ᠋ᠢᠯᠪᠤᠷᠢᠯᠠᠬᠤ ᠠᠵᠢᠯᠯᠠᠭ᠎ᠠ ᠦᠷᠭᠦᠯᠵᠢᠯᠡᠨ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠡᠪᠯᠡᠯ᠎ᠤᠨ ᠰᠢᠰᠲ᠋ᠧᠮ᠎ᠤᠨ ᠤᠬᠠᠭᠤᠯᠤᠨ ᠲᠠᠶ᠋ᠢᠯᠪᠤᠷᠢᠯᠠᠬᠤ ᠪᠦᠯᠬᠦᠮ ᠬᠥᠯᠥᠨ ᠪᠣᠶ᠋ᠢᠷ ᠬᠤᠲᠠ᠂ ᠬᠥᠬᠡᠬᠤᠲᠠ᠎ᠳᠤ ᠭᠦᠨᠵᠡᠭᠡᠶ᠋ᠢᠷᠡᠨ ᠤᠬᠠᠭᠤᠯᠤᠨ ᠲᠠᠶ᠋ᠢᠯᠪᠤᠷᠢᠯᠠᠵᠤ᠂ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠶᠡᠭᠡ ᠳᠡᠭᠡᠳᠦ ᠰᠤᠷᠭ᠋ᠠᠭᠤᠯᠢ ᠵᠢᠨ ᠪᠠᠭᠰᠢ ᠰᠣᠷᠣᠭᠴᠢ ᠪᠣᠯᠣᠨ ᠡᠮᠦᠨ᠎ᠡ ᠹᠷᠣᠨᠲ᠎ᠤᠨ ᠠᠵᠢᠯᠴᠢᠳ᠎ᠲᠤ ᠳᠠᠮᠵᠢᠭᠤᠯᠪᠠ᠃
9 ᠰᠠᠷ᠎ᠠ ᠵᠢᠨ 6᠎ᠤ ᠡᠳᠦᠷ᠂ ᠬᠥᠯᠥᠨ ᠪᠣᠶ᠋ᠢᠷ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠳᠤ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠡᠪᠯᠡᠯ᠎ᠤᠨ ᠰᠢᠰᠲ᠋ᠧᠮ᠎ᠤᠨ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠤᠨ ᠪᠦᠷᠢᠯᠳᠦᠬᠦᠨ᠂ ᠪᠥᠬᠦ ᠤᠯᠤᠰ᠎ᠤᠨ ᠬᠥᠳᠡᠯᠮᠦᠷᠢ ᠵᠢᠨ ᠵᠢᠱ᠌ᠢᠶᠡᠴᠢ᠂ 2023 ᠣᠨ᠎ᠤ ᠲᠣᠮᠣ ᠤᠯᠤᠰ᠎ᠤᠨ ᠤᠷᠠᠨ ᠳᠠᠷᠬᠠᠨ ᠵᠶ᠋ᠠᠷ ᠨᠡᠷ᠎ᠡ ᠳᠤᠷᠠᠳᠤᠭᠳᠠᠭᠰᠠᠨ᠂ ᠬᠥᠬᠡᠬᠤᠲᠠ ᠵᠢᠨ ᠵᠢᠮᠲᠦ ᠲᠡᠮᠦᠷ ᠵᠠᠮ᠎ᠤᠨ ᠡᠵᠡᠩᠨᠡᠯᠲᠡ ᠵᠢᠨ ᠬᠢᠵᠠᠭ᠋ᠠᠷᠲᠤ ᠺᠣᠮᠫᠠᠨᠢ ᠵᠢᠨ ᠬᠦᠴᠦᠳᠡᠯ ᠥᠭᠡᠷᠡᠴᠢᠯᠡᠬᠦ ᠵᠢ ᠰᠡᠯᠪᠢᠨ ᠵᠠᠰᠠᠬᠤ ᠳᠡᠭᠡᠳᠦ ᠵᠡᠷᠭᠡ ᠵᠢᠨ ᠢᠨᠵᠧᠨᠧᠷ ᠭᠦᠸᠧ ᠵᠢᠨ ᠯᠥᠩ᠂ ᠴᠢᠳᠠᠪᠤᠷᠢᠲᠠᠨ᠎ᠤ ᠪᠠᠶ᠋ᠢᠭᠤᠯᠤᠯᠲᠠ ᠵᠢᠨ ᠲᠣᠭᠲᠠᠴᠠ ᠵᠢ ᠲᠡᠭᠦᠯᠳᠡᠷᠵᠢᠭᠦᠯᠬᠦ᠂ ᠴᠢᠳᠠᠪᠤᠷᠢᠲᠠᠨ᠎ᠤ ᠬᠡᠪ ᠪᠣᠯᠪᠠᠰᠤᠷᠠᠯ᠎ᠢ ᠳᠡᠭᠡᠭᠰᠢᠯᠡᠭᠦᠯᠬᠦ ᠵᠡᠷᠭᠡ ᠲᠠᠯ᠎ᠠ᠎ᠪᠠᠷ ᠤᠬᠠᠭᠤᠯᠤᠨ ᠲᠠᠶ᠋ᠢᠯᠪᠤᠷᠢᠯᠠᠬᠤ ᠵᠢᠨ ᠬᠠᠮᠲᠤ ᠥᠪᠡᠷ᠎ᠤᠨ ᠥᠩᠭᠡᠷᠡᠯᠲᠡ᠎ᠲᠠᠢ᠎ᠪᠠᠨ ᠤᠶᠠᠯᠳᠤᠭᠤᠯᠤᠨ ᠬᠥᠳᠡᠯᠮᠦᠷᠢ ᠵᠢᠨ ᠵᠢᠱ᠌ᠢᠶᠡᠴᠢ ᠵᠢᠨ ᠵᠣᠷᠢᠭ ᠰᠠᠨᠠᠭ᠎ᠠ ᠵᠢ ᠪᠠᠳᠠᠷᠠᠭᠤᠯᠤᠭᠰᠠᠨ ᠵᠡᠷᠭᠡ ᠲᠡᠷᠢᠭᠦᠨ᠎ᠤ ᠦᠢ᠍ᠯᠡ ᠠᠵᠢᠯᠯᠠᠭ᠎ᠠ᠎ᠪᠠᠨ ᠶᠠᠷᠢᠪᠠ᠃ ᠰᠣᠷᠣᠭᠴᠢᠳ ᠤᠬᠠᠭᠤᠯᠤᠨ ᠲᠠᠶ᠋ᠢᠯᠪᠤᠷᠢᠯᠠᠬᠤ ᠵᠢ ᠰᠣᠨᠣᠰᠤᠭᠰᠠᠨ᠎ᠤ ᠳᠠᠷᠠᠭ᠎ᠠ ᠭᠦᠨᠵᠡᠭᠡᠢ ᠬᠥᠮᠥᠵᠢᠯ ᠬᠦᠷᠲᠡᠵᠦ᠂ ᠤᠬᠠᠮᠰᠠᠷ᠎ᠠᠴᠠ᠎ᠪᠠᠨ ᠬᠥᠳᠡᠯᠮᠦᠷᠢ ᠵᠢᠨ ᠵᠢᠱ᠌ᠢᠶᠡᠴᠢ᠎ᠠᠴᠠ ᠰᠣᠷᠣᠯᠴᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠪᠦᠲᠦᠭᠡᠨ ᠪᠠᠶ᠋ᠢᠭᠤᠯᠤᠯᠲᠠ᠎ᠳᠤ ᠢᠳᠡᠪᠬᠢᠲᠡᠢ ᠣᠷᠣᠯᠴᠠᠨ᠎ᠠ ᠭᠡᠵᠦ ᠢᠯᠡᠳᠬᠡᠵᠡᠭᠡᠪᠡ᠃
ᠲᠣᠰ ᠳᠡᠭᠡᠳᠦ ᠰᠤᠷᠭ᠋ᠠᠭᠤᠯᠢ ᠵᠢᠨ ᠰᠣᠶᠣᠯ ᠵᠢᠭᠤᠯᠴᠢᠯᠠᠯ᠎ᠤᠨ ᠰᠠᠯᠪᠤᠷᠢ ᠵᠢᠨ ᠰᠣᠷᠣᠭᠴᠢ ᠡᠦ ᠱᠤᠸᠠᠢ ᠲᠥᠩ᠄ 《ᠭᠦᠸᠧ ᠪᠠᠭᠰᠢ ᠥᠪᠡᠷ᠎ᠤᠨ ᠮᠡᠷᠭᠡᠵᠢᠯ᠎ᠤᠨ ᠰᠢᠨ᠎ᠡ ᠵᠢ ᠡᠭᠦᠳᠦᠭᠰᠡᠨ ᠪᠠ ᠠᠵᠢᠯ᠎ᠤᠨ ᠪᠠᠶ᠋ᠢᠷᠢ ᠳᠡᠭᠡᠷ᠎ᠡ᠎ᠪᠠᠨ ᠬᠤᠷᠠᠮᠳᠤᠭᠤᠯᠤᠭᠰᠠᠨ ᠲᠤᠷᠰᠢᠯᠭ᠎ᠠ᠎ᠪᠠᠨ ᠬᠤᠪᠢᠶᠠᠯᠴᠠᠵᠤ᠂ ᠬᠥᠳᠡᠯᠮᠦᠷᠢ ᠵᠢᠨ ᠵᠢᠱ᠌ᠢᠶᠡᠴᠢ ᠵᠢᠨ ᠵᠣᠷᠢᠭ ᠰᠠᠨᠠᠭ᠎ᠠ᠂ ᠤᠷᠠᠨ ᠳᠠᠷᠬᠠᠨ᠎ᠤ ᠵᠣᠷᠢᠭ ᠰᠠᠨᠠᠭ᠎ᠠ ᠵᠢ ᠪᠠᠳᠠᠷᠠᠭᠤᠯᠬᠤ ᠴᠢᠬᠤᠯᠠ ᠠᠴᠢ ᠬᠤᠯᠪᠣᠭᠳᠠᠯ᠎ᠢ ᠨᠠᠳᠠ᠎ᠳᠤ ᠭᠦᠨᠵᠡᠭᠡᠢ ᠣᠶ᠋ᠢᠯᠠᠭ᠋ᠠᠭᠤᠯᠵᠤ᠂ ᠥᠨᠳᠥᠷ ᠬᠡᠪ ᠪᠣᠯᠪᠠᠰᠤᠷᠠᠯ᠎ᠲᠠᠢ ᠤᠷ᠎ᠠ ᠮᠡᠷᠭᠡᠵᠢᠯ᠎ᠲᠠᠢ ᠴᠢᠳᠠᠪᠤᠷᠢᠲᠠᠨ ᠪᠣᠯᠬᠤ᠎ᠪᠠᠷ ᠴᠢᠷᠮᠠᠶ᠋ᠢᠬᠤ ᠡᠷᠴᠢ ᠵᠣᠷᠢᠭ᠎ᠢ ᠨᠡᠩ ᠪᠠᠲᠤᠳᠬᠠᠪᠠ》 ᠭᠡᠵᠡᠢ᠃
9 ᠰᠠᠷ᠎ᠠ ᠵᠢᠨ 7᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠡᠪᠯᠡᠯ᠎ᠤᠨ ᠰᠢᠰᠲ᠋ᠧᠮ᠎ᠤᠨ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠤᠨ ᠪᠦᠷᠢᠯᠳᠦᠬᠦᠨ᠂ ᠪᠥᠬᠦ ᠤᠯᠤᠰ᠎ᠤᠨ ᠬᠥᠳᠡᠯᠮᠦᠷᠢ ᠵᠢᠨ ᠵᠢᠱ᠌ᠢᠶᠡᠴᠢ᠂ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠲᠥᠯᠥᠭᠡᠯᠡᠭᠴᠢ᠂ ᠤᠯᠠᠭ᠋ᠠᠨᠴᠠᠪ ᠬᠤᠲᠠ ᠵᠢᠨ ᠥᠪᠥᠷ ᠮᠣᠩᠭᠤᠯ᠎ᠤᠨ ᠹᠧᠩ ᠴᠤᠸᠠᠨ ᠵᠢᠦ ᠰᠢᠩ ᠠᠷᠢᠬᠢᠨ᠎ᠤ ᠦᠢ᠍ᠯᠡᠰ᠎ᠤᠨ ᠬᠢᠵᠠᠭ᠋ᠠᠷᠲᠤ ᠺᠣᠮᠫᠠᠨᠢ ᠵᠢᠨ ᠠᠷᠢᠬᠢ ᠦᠢ᠍ᠯᠡᠳᠪᠦᠷᠢᠯᠡᠬᠦ ᠲᠠᠰᠤᠭ᠎ᠤᠨ ᠡᠷᠬᠢᠯᠡᠭᠴᠢ ᠵᠠᠩ ᠭᠧᠨ ᠵᠢᠦ ᠥᠪᠡᠷ᠎ᠤᠨ ᠥᠩᠭᠡᠷᠡᠯᠲᠡ ᠪᠠ ᠳᠡᠷᠭᠡᠳᠡᠬᠢ ᠪᠣᠳᠠᠲᠤ ᠵᠢᠱ᠌ᠢᠶ᠎ᠡ᠎ᠲᠠᠢ᠎ᠪᠠᠨ ᠤᠶᠠᠯᠳᠤᠭᠤᠯᠤᠨ᠂ ᠳᠤᠮᠳᠠᠳᠤ ᠤᠯᠤᠰ᠎ᠤᠨ ᠪᠠᠷᠢᠯᠭ᠎ᠠ ᠵᠢᠨ ᠪᠦᠯᠦᠭᠯᠡᠯ᠎ᠤᠨ ᠭᠤᠷᠪᠠᠳᠤᠭ᠋ᠠᠷ ᠲᠣᠪᠴᠢᠶ᠎ᠠ ᠪᠦᠯᠦᠭᠯᠡᠯ᠎ᠤᠨ ᠬᠥᠬᠡᠬᠤᠲᠠ ᠵᠢᠨ ᠭᠤᠷᠪᠠᠳᠤᠭ᠋ᠠᠷ ᠲᠣᠭᠤᠷᠢᠯ ᠵᠠᠮ᠎ᠤᠨ ᠢᠨᠵᠧᠨᠧᠷᠢᠩ (A ᠣᠷᠣᠨ ᠪᠦᠰᠡ)᠎ᠤᠨ ᠪᠠᠷᠢᠯᠭ᠎ᠠ ᠵᠢᠨ ᠠᠵᠢᠯ᠎ᠤᠨ ᠭᠤᠷᠪᠠᠳᠤᠭ᠋ᠠᠷ ᠪᠠᠷᠢᠮᠵᠢᠶᠠᠲᠤ ᠬᠡᠰᠡᠭ᠂ ᠳᠥᠷᠪᠡᠳᠦᠭᠡᠷ ᠪᠠᠷᠢᠮᠵᠢᠶᠠᠲᠤ ᠬᠡᠰᠡᠭ᠎ᠤᠨ ᠲᠥᠷᠥᠯ ᠵᠦᠢ᠍ᠯ᠎ᠤᠨ ᠬᠡᠯᠲᠡᠰ᠎ᠲᠤ ᠭᠦᠨᠵᠡᠭᠡᠶ᠋ᠢᠷᠡᠨ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠤᠬᠠᠭᠤᠯᠤᠨ ᠲᠠᠶ᠋ᠢᠯᠪᠤᠷᠢᠯᠠᠪᠠ᠃
ᠲᠣᠰ ᠲᠥᠷᠥᠯ ᠵᠦᠢ᠍ᠯ᠎ᠤᠨ ᠬᠡᠯᠲᠡᠰ᠎ᠤᠨ ᠳᠠᠭ᠋ᠠᠭ᠋ᠠᠮᠠᠯ ᠵᠠᠩ ᠺᠠᠢ᠄ 《ᠤᠬᠠᠭᠤᠯᠤᠨ ᠲᠠᠶ᠋ᠢᠯᠪᠤᠷᠢᠯᠠᠭᠰᠠᠨ᠎ᠨᠢ ᠳᠠᠷᠠᠭ᠋ᠠᠴᠢ ᠵᠢᠨ ᠠᠯᠬᠤᠮ᠎ᠤᠨ ᠡᠯ᠎ᠡ ᠵᠦᠢ᠍ᠯ᠎ᠤᠨ ᠠᠵᠢᠯ᠎ᠢ ᠰᠠᠶ᠋ᠢᠲᠤᠷ ᠬᠢᠬᠦ᠎ᠳᠤ ᠮᠠᠰᠢ ᠴᠢᠩᠭ᠎ᠠ ᠵᠢᠯᠣᠭᠤᠳᠬᠤ ᠦᠢ᠍ᠯᠡᠳᠦᠯ᠎ᠲᠠᠢ ᠶᠤᠮ᠂ ᠪᠢᠳᠡ ᠪᠦᠭᠦᠳᠡ ᠬᠤᠷᠠᠯ᠎ᠠᠴᠠ ᠳᠤᠷᠠᠳᠤᠭᠰᠠᠨ ᠬᠠᠷᠠᠯᠲᠠ ᠴᠢᠭᠯᠡᠯ ᠵᠶ᠋ᠠᠷ ᠴᠢᠷᠮᠠᠶ᠋ᠢᠨ ᠤᠷᠤᠭᠰᠢᠯᠠᠵᠤ᠂ ᠣᠯᠠᠨ᠎ᠢ ᠳᠠᠭ᠋ᠠᠭᠤᠯᠤᠨ ᠥᠪᠥᠷ ᠮᠣᠩᠭᠤᠯ᠎ᠤᠨ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ᠎ᠳᠤ ᠰᠢᠨ᠎ᠡ ᠬᠤᠪᠢ ᠨᠡᠮᠡᠷᠢ ᠦᠵᠡᠭᠦᠯᠦᠨ᠎ᠡ》 ᠭᠡᠪᠡ᠃