ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠪᠦᠭᠦᠳᠡ ᠬᠤᠷᠠᠯᠳᠤᠭ᠋ᠠᠨ᠎ᠤ 《ᠲᠣᠭᠲᠠᠭ᠋ᠠᠯ》᠎ᠳᠠᠬᠢ ᠡᠳᠡᠭᠡᠷ ᠨᠡᠷ᠎ᠡ ᠦᠭᠡᠰ᠎ᠢ ᠣᠶ᠋ᠢᠯᠠᠭ᠋ᠠᠶ᠎ᠠ (ᠨᠠᠢ᠍ᠮᠠ)
ᠨᠡᠶᠢᠲᠡᠯᠡᠭᠰᠡᠨ ᠴᠠᠭ᠄ 2024-10-09


        《ᠦᠷᠡᠵᠢᠯ᠎ᠳᠤ ᠡᠭᠡᠯᠢᠲᠡᠢ ᠨᠡᠶ᠋ᠢᠭᠡᠮ》
              ᠦᠷᠡᠵᠢᠯ᠎ᠳᠤ ᠡᠭᠡᠯᠢᠲᠡᠢ ᠨᠡᠶ᠋ᠢᠭᠡᠮ ᠭᠡᠳᠡᠭ᠎ᠨᠢ ᠨᠡᠶ᠋ᠢᠭᠡᠮ᠎ᠤᠨ ᠡᠯ᠎ᠡ ᠲᠠᠯ᠎ᠠ ᠵᠢᠨ᠎ᠬᠢᠨ ᠦᠷᠡᠵᠢᠯ᠎ᠢ ᠴᠢᠬᠤᠯᠠᠴᠢᠯᠠᠳᠠᠭ᠂ ᠦᠷᠡᠵᠢᠯ᠎ᠢ ᠳᠡᠮᠵᠢᠳᠡᠭ ᠨᠡᠶ᠋ᠢᠭᠡᠮ᠎ᠤᠨ ᠰᠠᠶ᠋ᠢᠨ ᠰᠠᠶ᠋ᠢᠬᠠᠨ ᠪᠠᠶ᠋ᠢᠳᠠᠯ᠎ᠢ ᠵᠢᠭ᠋ᠠᠵᠤ ᠪᠤᠶ᠃ ᠵᠠᠰᠠᠭ᠎ᠤᠨ ᠤᠷᠳᠤᠨ ᠪᠦᠭᠦ ᠬᠥᠮᠥᠰ᠎ᠢ ᠬᠠᠮᠤᠷᠤᠭᠰᠠᠨ᠂ ᠠᠮᠢ ᠨᠠᠰᠤᠨ᠎ᠤ ᠪᠥᠬᠦ ᠦᠶᠡᠯᠡᠯ᠎ᠳᠠᠬᠢ ᠭᠦᠮᠦᠨ ᠠᠮᠠ᠎ᠳᠤ ᠦᠢ᠍ᠯᠡᠴᠢᠯᠡᠭᠡ ᠬᠠᠩᠭ᠋ᠠᠬᠤ᠎ᠪᠠᠷ ᠲᠠᠮᠵᠢᠭᠤᠯᠤᠨ᠂ ᠦᠷᠡᠵᠢᠯ᠎ᠢ ᠲᠡᠮᠵᠢᠬᠦ ᠲᠦᠷᠦ ᠵᠢᠨ ᠪᠤᠳᠤᠯᠭ᠎ᠠ ᠵᠢᠨ ᠠᠷᠭ᠎ᠠ ᠬᠡᠮᠵᠢᠶ᠎ᠡ ᠵᠢ ᠲᠡᠭᠦᠯᠳᠡᠷᠵᠢᠬᠦᠯᠬᠦ ᠪᠠ ᠨᠠᠶ᠋ᠢᠳᠠᠪᠤᠷᠢᠵᠢᠭᠤᠯᠵᠤ᠂ ᠤᠯᠠᠨ ᠲᠦᠮᠡᠨ᠎ᠢ ᠦᠷᠬᠡᠨ ᠵᠶ᠋ᠠᠷ ᠲᠠᠶ᠋ᠢᠴᠢᠯᠠᠨ ᠣᠷᠣᠯᠴᠠᠭᠤᠯᠵᠤ᠂ ᠪᠦᠭᠦ ᠨᠡᠶ᠋ᠢᠬᠡᠮ᠎ᠳᠤ ᠦᠷᠡᠵᠢᠯ᠎ᠳᠤ ᠠᠰᠢᠨᠨᠳᠠᠢ ᠤᠷᠤᠭᠯᠠᠬᠤ ᠬᠡᠯᠪᠡᠷᠢ ᠵᠠᠬ᠍ᠪᠤᠷ᠂ ᠰᠤᠶᠤᠯ ᠪᠠ ᠶᠠᠷᠢᠶ᠎ᠠ ᠬᠡᠯᠡᠯᠴᠡᠬᠡᠨ᠎ᠤ ᠠᠭᠤᠷ ᠠᠮᠢᠰᠬᠤᠯ᠂ ᠤᠷᠮᠠᠰᠢᠭᠤᠯᠬᠤ ᠲᠤᠨᠨᠳᠠᠴᠠ᠂ ᠦᠢ᠍ᠯᠡᠴᠢᠯᠡᠬᠡᠨ᠎ᠤ ᠲᠣᠭᠲᠠᠯᠴᠠᠭ᠎ᠠ᠂ ᠵᠠᠬ᠎ᠠ ᠲᠡᠯᠬᠡᠭᠦᠷ᠎ᠤᠨ ᠨᠦᠭᠦᠴᠡᠯ ᠵᠡᠷᠬᠡ ᠵᠢ ᠪᠦᠷᠢᠯᠳᠦᠭᠦᠯᠦᠨ᠂ ᠰᠠᠶ᠋ᠢᠨ ᠰᠠᠢ᠍ᠬᠠᠨ ᠲᠦᠷᠦ ᠵᠢᠨ ᠪᠤᠳᠤᠯᠭ᠎ᠠ᠂ ᠨᠡᠶ᠋ᠢᠬᠡᠮ᠂ ᠵᠠᠬ᠎ᠠ ᠲᠡᠯᠬᠡᠭᠦᠷ ᠪᠠ ᠬᠡᠷ ᠪᠦᠯᠢ ᠵᠢᠨ ᠤᠷᠴᠢᠨ ᠨᠦᠭᠦᠴᠡᠯ ᠵᠶ᠋ᠠᠷ ᠵᠣᠷᠢᠯᠭ᠎ᠠ ᠪᠣᠯᠭ᠋ᠠᠵᠤ᠂ ᠦᠷᠡᠵᠢᠬᠦ ᠪᠣᠶ᠋ᠢᠵᠢᠭᠤᠯᠬᠤ ᠲᠡᠵᠢᠭᠡᠬᠦ ᠬᠥᠮᠥᠵᠢᠭᠦᠯᠬᠦ ᠦᠪᠡᠷ᠎ᠤᠨ ᠦᠷᠳᠡᠭ᠎ᠢ ᠪᠠᠭᠤᠷᠠᠭᠤᠯᠤᠨ᠂ ᠵᠠᠯᠠᠭᠤᠴᠤᠳ᠎ᠢ ᠭᠦᠳᠦᠯᠦᠨ ᠵᠢᠯᠤᠭᠤᠳᠴᠤ ᠪᠠᠶ᠋ᠢᠭ᠋ᠠᠳ ᠢᠳᠡᠪᠬᠢᠲᠡᠢ ᠤᠷᠤᠭ ᠬᠤᠷᠢᠮ᠎ᠤᠨ ᠦᠵᠡᠯᠳᠡ᠂ ᠦᠷᠡᠵᠢᠯ᠎ᠤᠨ ᠦᠵᠡᠯᠳᠡ᠂ ᠬᠡᠷ ᠪᠦᠯᠢ ᠵᠢᠨ ᠦᠵᠡᠯᠳᠡ ᠵᠢ ᠪᠣᠢ ᠪᠣᠯᠭ᠋ᠠᠵᠤ᠂ ᠵᠣᠬᠢᠬᠤ ᠨᠠᠰᠤᠨ᠎ᠳᠤ᠎ᠪᠠᠨ ᠤᠷᠤᠭᠯᠠᠬᠤ ᠦᠷᠡᠵᠢᠬᠦ ᠪᠠ ᠬᠠᠨᠢ ᠨᠥᠬᠦᠷ᠎ᠨᠢ ᠬᠡᠦᠬᠡᠳ ᠬᠥᠮᠥᠵᠢᠭᠦᠯᠬᠦ ᠬᠠᠷᠢᠭᠤᠴᠠᠯᠭ᠎ᠠ ᠵᠢ ᠬᠠᠮᠲᠤ᠎ᠪᠠᠷ ᠡᠭᠦᠷᠭᠡᠯᠡᠬᠦ ᠪᠣᠯᠭ᠋ᠠᠨ᠂ ᠪᠤᠯᠪᠠᠰᠤᠨ ᠵᠤᠯ ᠵᠢᠷᠭ᠋ᠠᠯᠳᠤ ᠬᠡᠷ ᠪᠦᠯᠢ ᠵᠢ ᠪᠠᠶ᠋ᠢᠭᠤᠯᠤᠨ᠂ ᠳᠤᠷᠠᠲᠠᠶ᠎ᠠ ᠬᠡᠦᠬᠡᠳ ᠲᠥᠷᠥᠬᠦ᠂ ᠡᠷᠡᠭᠦᠯ ᠲᠥᠷᠥᠭᠦᠯᠵᠦ ᠬᠥᠩᠭᠡᠵᠢᠬᠦ᠂ ᠲᠥᠷᠥᠭᠡᠳ ᠲᠡᠵᠢᠭᠡᠵᠦ ᠳᠡᠶ᠋ᠢᠯᠬᠦ᠂ ᠰᠠᠶ᠋ᠢᠲᠤᠷ ᠪᠣᠶ᠋ᠢᠵᠢᠭᠤᠯᠵᠤ ᠥᠰᠬᠡᠬᠦ ᠰᠠᠶ᠋ᠢᠨ ᠤᠷᠴᠢᠯ᠎ᠢ ᠪᠦᠷᠢᠯᠳᠦᠭᠦᠯᠵᠦ᠂ ᠵᠣᠬᠢᠬᠤ ᠦᠷᠡᠵᠢᠯ᠎ᠤᠨ ᠬᠢᠷᠢ ᠲᠦᠪᠰᠢᠨ ᠪᠠ ᠭᠦᠮᠦᠨ ᠠᠮᠠ ᠵᠢᠨ ᠬᠡᠪᠴᠢᠶ᠎ᠡ ᠵᠢ ᠬᠦᠴᠦᠯᠡᠨ ᠪᠠᠲᠤᠯᠠᠨ᠎ᠠ᠃
         《ᠰᠢᠭᠢᠳᠬᠡᠯᠲᠦ ᠮᠠᠶᠢᠭ ᠵᠶ᠋ᠠᠷ ᠨᠠᠶ᠋ᠢᠳᠠᠨ ᠰᠠᠭ᠋ᠠᠲᠠᠭᠤᠯᠬᠤ》
        ᠰᠢᠭᠢᠳᠬᠡᠯᠲᠦ ᠮᠠᠶᠢᠭ ᠵᠶ᠋ᠠᠷ ᠨᠠᠶ᠋ᠢᠳᠠᠨ ᠰᠠᠭ᠋ᠠᠲᠠᠭᠤᠯᠬᠤ ᠭᠡᠳᠡᠭ᠎ᠨᠢ ᠨᠡᠶ᠋ᠢᠭᠡᠮ ᠲᠣᠭᠤᠷᠢᠭ (ᠬᠤᠷᠢᠶᠠᠯᠠᠯ)᠎ᠤᠨ ᠨᠡᠶ᠋ᠢᠲᠡ ᠵᠢᠨ ᠣᠷᠣᠨ ᠵᠠᠶ᠎ᠳᠤ ᠴᠢᠳᠠᠮᠵᠢᠲᠤ ᠪᠡᠯᠡᠳᠬᠡᠮᠵᠢ ᠰᠢᠭᠢᠳᠬᠡᠬᠦ᠎ᠪᠠᠷ ᠳᠠᠮᠵᠢᠭᠤᠯᠤᠨ᠂ ᠬᠡᠷ᠎ᠤᠨ ᠣᠶ᠋ᠢᠷ᠎ᠠ ᠬᠠᠪᠢ᠎ᠳᠤ᠎ᠨᠢ ᠨᠠᠶ᠋ᠢᠳᠠᠨ ᠰᠠᠭ᠋ᠠᠲᠠᠭᠤᠯᠬᠤ ᠦᠢ᠍ᠯᠡᠴᠢᠯᠡᠭᠡ ᠬᠠᠩᠭ᠋ᠠᠬᠤ ᠵᠢ ᠵᠢᠭ᠋ᠠᠵᠤ ᠪᠣᠶ᠃ ᠡᠭᠦᠨ᠎ᠳᠤ ᠨᠢᠷᠠᠢ ᠨᠢᠯᠬ᠎ᠠ ᠬᠡᠦᠬᠡᠳ᠎ᠢ ᠪᠦᠬᠦᠯᠢ ᠡᠳᠦᠷ ᠵᠶ᠋ᠠᠷ ᠰᠠᠭ᠋ᠠᠲᠠᠭᠤᠯᠬᠤ᠂ ᠬᠠᠭ᠋ᠠᠰ ᠡᠳᠦᠷ ᠵᠶ᠋ᠠᠷ ᠰᠠᠭ᠋ᠠᠲᠠᠭᠤᠯᠬᠤ᠂ ᠴᠠᠭ ᠵᠶ᠋ᠠᠷ ᠪᠣᠳᠣᠵᠤ ᠰᠠᠭ᠋ᠠᠲᠠᠭᠤᠯᠬᠤ᠂ ᠲᠦᠷ ᠴᠠᠭ ᠰᠠᠭ᠋ᠠᠲᠠᠭᠤᠯᠬᠤ ᠵᠡᠷᠭᠡ ᠣᠯᠠᠨ ᠬᠡᠯᠪᠡᠷᠢ ᠵᠢᠨ ᠠᠰᠠᠷᠠᠬᠤ ᠦᠢ᠍ᠯᠡᠴᠢᠯᠡᠭᠡ ᠪᠠᠭᠲᠠᠨ᠎ᠠ᠃ ᠰᠢᠭᠢᠳᠬᠡᠯᠲᠦ ᠮᠠᠶᠢᠭ ᠵᠶ᠋ᠠᠷ ᠨᠠᠶ᠋ᠢᠳᠠᠨ ᠰᠠᠭ᠋ᠠᠲᠠᠭᠤᠯᠬᠤ᠎ᠨᠢ ᠨᠡᠶ᠋ᠢᠲᠡ ᠵᠢᠨ ᠠᠰᠠᠷᠠᠮᠵᠢ ᠵᠢᠨ ᠴᠢᠨᠠᠷ ᠬᠢᠭᠡᠳ ᠵᠠᠬ᠎ᠠ ᠳᠡᠯᠭᠡᠭᠦᠷᠴᠢᠯᠡᠬᠦ᠎ᠯᠦᠭᠡ ᠤᠶᠠᠯᠳᠤᠭᠤᠯᠬᠤ ᠵᠢ ᠪᠠᠷᠢᠮᠲᠠᠯᠠᠵᠤ᠂ ᠵᠠᠬ᠎ᠠ ᠳᠡᠯᠭᠡᠭᠦᠷ᠎ᠤᠨ ᠭᠤᠤᠯ ᠴᠣᠭᠴᠠ ᠵᠢᠨ ᠦᠢ᠍ᠯᠡᠳᠦᠯ᠎ᠢ᠎ᠨᠢ ᠪᠠᠳᠠᠷᠠᠭᠤᠯᠬᠤ ᠵᠢ ᠴᠢᠬᠤᠯᠠᠴᠢᠯᠠᠵᠤ᠂ ᠵᠠᠰᠠᠭ᠎ᠤᠨ ᠣᠷᠳᠣᠨ ᠵᠶ᠋ᠠᠷ ᠭᠤᠤᠯᠯᠠᠭᠤᠯᠬᠤ᠂ ᠨᠡᠶ᠋ᠢᠭᠡᠮ ᠵᠶ᠋ᠠᠷ ᠵᠶ᠋ᠠᠨ ᠣᠷᠣᠯᠴᠠᠬᠤ᠂ ᠵᠠᠬ᠎ᠠ ᠳᠡᠯᠭᠡᠭᠦᠷ ᠬᠠᠮᠵᠢᠯᠴᠠᠬᠤ ᠵᠠᠭᠪᠤᠷ ᠵᠶ᠋ᠠᠷ ᠠᠵᠢᠯᠯᠠᠨ᠎ᠠ᠃
               《ᠪᠤᠭᠤᠷᠤᠯᠴᠤᠳ᠎ᠤᠨ ᠠᠵᠤ ᠠᠬᠤᠢ》
            ᠪᠤᠭᠤᠷᠤᠯᠴᠤᠳ᠎ᠤᠨ ᠠᠵᠤ ᠠᠬᠤᠶ ᠪᠣᠯ ᠨᠠᠰᠤᠲᠠᠶ᠋ᠢᠴᠤᠳ᠎ᠲᠤ ᠦᠢ᠍ᠯᠡᠳᠬᠦᠨ ᠪᠤᠶᠤ ᠦᠢ᠍ᠯᠡᠴᠢᠯᠡᠭᠡ ᠬᠠᠩᠭ᠋ᠠᠬᠤ ᠵᠢᠴᠢ ᠨᠠᠰᠤᠵᠢᠯ᠎ᠤᠨ ᠱᠠᠲᠤᠨ᠎ᠤ ᠪᠡᠯᠡᠳᠬᠡᠯ ᠬᠢᠬᠦ ᠵᠡᠷᠭᠡ ᠠᠯᠢ ᠣᠯᠠᠨ ᠠᠵᠤ ᠠᠬᠤᠶ ᠵᠢᠨ ᠬᠥᠳᠡᠯᠭᠡᠭᠡᠨ᠎ᠤ ᠨᠡᠶ᠋ᠢᠯᠡᠪᠦᠷᠢ ᠪᠣᠯᠤᠨ᠎ᠠ᠃ ᠡᠭᠦᠨ᠎ᠳᠤ ᠨᠠᠰᠤᠲᠠᠶ᠋ᠢᠴᠤᠳ᠎ᠤᠨ ᠬᠤᠭᠤᠯᠠ ᠢᠳᠡᠬᠦ᠂ ᠡᠪᠡᠳᠴᠢᠨ ᠦᠵᠡᠭᠦᠯᠬᠦ᠂ ᠠᠰᠠᠷᠠᠵᠤ ᠰᠤᠪᠢᠯᠠᠬᠤ᠂ ᠰᠣᠶᠣᠯ ᠪᠡᠶ᠎ᠡ ᠵᠢᠨ ᠲᠠᠮᠢᠷ᠎ᠤᠨ ᠬᠥᠳᠡᠯᠭᠡᠭᠡᠨ ᠬᠢᠬᠦ ᠵᠡᠷᠭᠡ ᠠᠵᠢᠯ ᠦᠢ᠍ᠯᠡᠰ᠎ᠤᠨ ᠬᠡᠪᠴᠢᠶᠡᠨ᠎ᠤ ᠣᠯᠠᠨ ᠨᠡᠶ᠋ᠢᠲᠡ ᠵᠢᠨ ᠦᠢ᠍ᠯᠡᠴᠢᠯᠡᠭᠡ ᠵᠢ ᠪᠠᠭᠲᠠᠭ᠋ᠠᠭᠰᠠᠨ ᠪᠥᠭᠡᠳ ᠨᠠᠰᠤᠲᠠᠶ᠋ᠢᠴᠤᠳ ᠪᠠ ᠨᠠᠰᠤᠵᠢᠵᠤ ᠥᠲᠡᠯᠵᠦ ᠪᠠᠶ᠋ᠢᠭ᠎ᠠ ᠬᠥᠮᠥᠰ᠎ᠤᠨ ᠣᠯᠠᠨ ᠲᠠᠰ ᠳᠠᠪᠬᠤᠷᠭ᠎ᠠ᠂ ᠣᠯᠠᠨ ᠶᠠᠩᠵᠤ ᠵᠢᠨ ᠦᠢ᠍ᠯᠡᠳᠬᠦᠨ ᠪᠠ ᠦᠢ᠍ᠯᠡᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠵᠢ᠎ᠨᠢ ᠬᠠᠩᠭ᠋ᠠᠬᠤ ᠡᠯ᠎ᠡ ᠲᠥᠷᠥᠯ᠎ᠤᠨ ᠵᠠᠬ᠎ᠠ ᠳᠡᠯᠭᠡᠭᠦᠷ᠎ᠤᠨ ᠠᠵᠤ ᠠᠬᠤᠶ ᠵᠢᠨ ᠠᠵᠢᠯᠯᠠᠭ᠎ᠠ ᠵᠢ ᠬᠠᠮᠤᠷᠴᠤ ᠪᠠᠶ᠋ᠢᠨ᠎ᠠ᠂ ᠵᠢᠱ᠌ᠢᠶᠡᠯᠡᠪᠡᠯ ᠨᠠᠰᠤᠲᠠᠶ᠋ᠢᠴᠤᠳ᠎ᠤᠨ ᠬᠡᠷᠡᠭᠰᠡᠯ᠂ ᠣᠶᠤᠨᠲᠤ ᠪᠥᠭᠡᠳ ᠡᠷᠡᠭᠦᠯ ᠬᠡᠯᠪᠡᠷᠢ ᠵᠢᠨ ᠨᠠᠰᠤᠵᠢᠯ᠎ᠤᠨ ᠠᠰᠠᠷᠠᠮᠵᠢ᠂ ᠡᠷᠡᠭᠦᠯᠵᠢᠯ᠎ᠤᠨ ᠲᠤᠰᠠᠯᠠᠬᠤ ᠪᠠᠭ᠋ᠠᠵᠢ᠂ ᠥᠲᠡᠯᠬᠦ᠎ᠠᠴᠠ ᠰᠡᠷᠭᠡᠶ᠋ᠢᠯᠡᠬᠦ᠂ ᠨᠠᠰᠤᠵᠢᠯ᠎ᠤᠨ ᠠᠰᠠᠷᠠᠮᠵᠢ ᠵᠢᠨ ᠮᠥᠩᠭᠦᠨ ᠭᠦᠢ᠍ᠯᠭᠡᠭᠡᠨ᠎ᠤ ᠨᠡᠷᠡᠳᠬᠦᠨ᠂ ᠨᠠᠰᠤᠲᠠᠶ᠋ᠢᠴᠤᠳ᠎ᠤᠨ ᠵᠢᠭᠤᠯᠴᠢᠯᠠᠯ᠎ᠤᠨ ᠦᠢ᠍ᠯᠡᠴᠢᠯᠡᠭᠡ᠂ ᠨᠠᠰᠤᠵᠢᠯ᠎ᠳᠤ ᠳᠣᠭᠢᠷᠠᠬᠤ ᠰᠢᠨᠡᠴᠢᠯᠡᠯᠲᠡ ᠵᠡᠷᠭᠡ ᠳᠠᠯᠳᠠ ᠬᠦᠴᠦᠨ ᠪᠦᠬᠦᠢ ᠠᠵᠤ ᠦᠢ᠍ᠯᠡᠰ᠎ᠢ ᠬᠥᠭᠵᠢᠭᠦᠯᠬᠦ ᠶᠠᠪᠤᠳᠠᠯ ᠪᠣᠯᠣᠨ᠎ᠠ᠃ ᠪᠤᠭᠤᠷᠤᠯᠴᠤᠳ᠎ᠤᠨ ᠠᠵᠤ ᠠᠬᠤᠢ ᠵᠢ ᠬᠥᠭᠵᠢᠭᠦᠯᠬᠦ ᠪᠣᠯ ᠬᠥᠮᠦᠨ ᠠᠮᠠ ᠵᠢᠨ ᠨᠠᠰᠤᠵᠢᠯ᠎ᠢ ᠢᠳᠡᠪᠬᠢᠲᠡᠢ ᠠᠷᠭ᠋ᠠᠴᠠᠭ᠋ᠠᠵᠤ᠂ ᠠᠵᠤ ᠠᠬᠤᠢ ᠵᠢᠨ ᠬᠥᠭᠵᠢᠯᠲᠡ ᠵᠢᠨ ᠰᠢᠨ᠎ᠡ ᠬᠥᠳᠡᠯᠭᠡᠭᠴᠢ ᠡᠨᠧᠷᠭᠢ ᠵᠢ ᠪᠣᠶ᠋ᠢᠵᠢᠭᠤᠯᠤᠨ᠂ ᠠᠷᠠᠳ᠎ᠤᠨ ᠠᠮᠢᠳᠤᠷᠠᠯ᠎ᠤᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ ᠪᠠ ᠵᠠᠶ᠋ᠢᠯᠠᠰᠢ ᠦᠭᠡᠢ ᠱᠠᠭ᠋ᠠᠷᠳᠠᠯᠭ᠎ᠠ ᠮᠥᠨ᠃

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠪᠥᠬᠦᠳᠡ ᠬᠤᠷᠠᠯᠳᠤᠭ᠋ᠠᠨ᠎ᠤ 《ᠲᠣᠭᠲᠠᠭ᠋ᠠᠯ》᠎ᠳᠠᠬᠢ ᠡᠳᠡᠭᠡᠷ ᠨᠡᠷ᠎ᠡ ᠦᠭᠡᠰ᠎ᠢ ᠣᠶ᠋ᠢᠯᠠᠭ᠋ᠠᠶ᠎ᠠ (ᠳᠣᠯᠤᠭ᠎ᠠ)
ᠪᠦᠭᠦᠳᠡ ᠬᠤᠷᠠᠯᠳᠤᠭ᠋ᠠᠨ᠎ᠤ 《ᠳᠣᠭᠲᠠᠭ᠋ᠠᠯ》᠎ᠳᠠᠬᠢ ᠡᠳᠡᠭᠡᠷ ᠨᠡᠷ᠎ᠡ ᠦᠭᠡᠰ᠎ᠢ ᠣᠶ᠋ᠢᠯᠠᠭ᠋ᠠᠶ᠎ᠠ (ᠵᠢᠷᠭᠤᠭ᠎ᠠ)
ᠪᠦᠭᠦᠳᠡ ᠬᠤᠷᠠᠯᠳᠤᠭ᠋ᠠᠨ᠎ᠤ 《ᠲᠣᠭᠲᠠᠭ᠋ᠠᠯ》᠎ᠳᠠᠬᠢ ᠡᠳᠡᠭᠡᠷ ᠨᠡᠷ᠎ᠡ ᠦᠭᠡᠰ᠎ᠢ ᠣᠶ᠋ᠢᠯᠠᠭ᠋ᠠᠶ᠎ᠠ (ᠲᠠᠪᠤ)
ᠪᠦᠭᠦᠳᠡ ᠬᠤᠷᠠᠯᠳᠤᠭ᠋ᠠᠨ᠎ᠤ 《ᠲᠣᠭᠲᠠᠭ᠋ᠠᠯ》᠎ᠳᠠᠬᠢ ᠡᠳᠡᠭᠡᠷ ᠨᠡᠷ᠎ᠡ ᠦᠭᠡᠰ᠎ᠢ ᠣᠶ᠋ᠢᠯᠠᠭ᠋ᠠᠶ᠎ᠠ (ᠳᠥᠷᠪᠡ)
ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠡᠪᠯᠡᠯ᠎ᠤᠨ ᠰᠢᠰᠲ᠋ᠧᠮ᠎ᠤᠨ ᠤᠬᠠᠭᠤᠯᠤᠨ ᠲᠠᠶ᠋ᠢᠯᠪᠤᠷᠢᠯᠠᠬᠤ ᠪᠦᠯᠬᠦᠮ ᠬᠥᠯᠥᠨ ᠪᠣᠶ᠋ᠢᠷ ᠬᠥᠬᠡᠬᠤᠲᠠ᠎ᠳᠤ ᠬᠤᠪᠢᠶᠠᠷᠢᠴᠢᠯᠠᠭᠰᠠᠨ ᠤᠬᠠᠭᠤᠯᠤᠨ ᠲᠠᠶ᠋ᠢᠯᠪᠤᠷᠢᠯᠠᠬᠤ ᠠᠵᠢᠯᠯᠠᠭ᠎ᠠ ᠥᠷᠨᠢᠭᠦᠯᠪᠡ
 
            