ᠰᠤᠷᠭ᠋ᠠᠨ ᠬᠥᠮᠦᠵᠢᠯ᠎ᠤᠨ ᠲᠢᠩᠬᠢᠮ᠎ᠤᠨ ᠶᠡᠭᠡ ᠳᠤᠮᠳᠠᠳᠤ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠰᠤᠷᠭ᠋ᠠᠨ ᠬᠥᠮᠦᠵᠢᠯ᠎ᠢ ᠨᠢᠭᠡ ᠴᠣᠭᠴᠠᠵᠢᠭᠤᠯᠬᠤ ᠵᠢ ᠠᠬᠢᠭᠤᠯᠬᠤ ᠠᠵᠢᠯ ᠱᠠᠲᠤ ᠦᠶ᠎ᠡ ᠵᠢᠨ ᠴᠢᠨᠠᠷᠲᠠᠢ ᠦᠷ᠎ᠡ ᠪᠦᠲᠦᠮᠵᠢ ᠣᠯᠪᠠ᠃ ᠬᠢᠴᠢᠶᠡᠯ᠎ᠤᠨ ᠲᠣᠭᠲᠠᠯᠴᠠᠭ᠎ᠠ ᠵᠢ ᠲᠡᠭᠦᠯᠳᠡᠷᠵᠢᠭᠦᠯᠵᠦ᠂ ᠬᠡᠤᠬᠡᠳ᠎ᠤᠨ ᠴᠡᠴᠡᠷᠯᠢᠭ᠎ᠤᠳ ᠵᠶ᠋ᠠᠷ ᠭᠤᠤᠯ ᠰᠡᠳᠦᠪᠲᠦ ᠵᠢᠷᠤᠭᠲᠤ ᠳᠡᠪᠲᠡᠷ᠎ᠢ ᠰᠠᠶ᠋ᠢᠲᠤᠷ ᠬᠡᠷᠡᠭᠯᠡᠵᠦ᠂ ᠳᠤᠮᠳᠠᠳᠤ ᠪᠠᠭ᠎ᠠ ᠰᠤᠷᠭ᠋ᠠᠭᠤᠯᠢ᠎ᠨᠤᠭᠤᠳ ᠵᠶ᠋ᠠᠷ 《ᠳᠤᠮᠳᠠᠳᠤ ᠵᠢᠨ ᠦᠨᠳᠦᠰᠦᠲᠡᠨ᠎ᠤ ᠶᠡᠭᠡ ᠪᠦᠯᠬᠦᠮᠳᠡᠯ》᠎ᠤᠨ ᠵᠢᠭ᠋ᠠᠬᠤ ᠮᠠᠲ᠋ᠧᠷᠢᠶᠠᠯ᠎ᠢ ᠬᠡᠷᠡᠭᠯᠡᠵᠦ᠂ ᠶᠡᠭᠡ ᠳᠡᠭᠡᠳᠦ ᠰᠤᠷᠭ᠋ᠠᠭᠤᠯᠢ᠎ᠨᠤᠭᠤᠳ ᠵᠶ᠋ᠠᠷ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠣᠨᠣᠯ᠎ᠤᠨ ᠲᠣᠶ᠋ᠢᠮᠤ》 ᠭᠡᠬᠦ ᠨᠢᠭᠡᠳᠦᠯᠲᠡᠶ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠬᠡᠷᠡᠭᠯᠡᠵᠦ᠂ 《ᠳᠤᠮᠳᠠᠳᠤ ᠵᠢᠨ ᠦᠨᠳᠦᠰᠦᠲᠡᠨ ᠨᠢᠭᠡ ᠬᠡᠷ᠎ᠤᠨ ᠬᠥᠮᠦᠨ ᠮᠡᠲᠦ ᠳᠣᠲᠣᠨᠣ》 ᠵᠡᠷᠭᠡ 23 ᠵᠢᠱ᠌ᠢᠶ᠎ᠡ ᠦᠵᠡᠭᠦᠯᠬᠦ ᠬᠢᠴᠢᠶᠡᠯ᠎ᠨᠢ ᠪᠥᠬᠦ ᠤᠯᠤᠰ᠎ᠤᠨ ᠵᠢᠱ᠌ᠢᠶ᠎ᠡ ᠦᠵᠡᠭᠦᠯᠬᠦ ᠰᠢᠯᠢᠳᠡᠭ ᠬᠢᠴᠢᠶᠡᠯ ᠵᠶ᠋ᠠᠷ ᠦᠨᠡᠯᠡᠭᠳᠡᠪᠡ᠃ ᠥᠪᠡᠷᠲᠡᠭᠡᠨ ᠵᠠᠰᠠᠬᠤ ᠣᠷᠣᠨ᠎ᠤ ᠲᠠᠰ᠎ᠤᠨ 《ᠦᠵᠡᠯ ᠰᠠᠨᠠᠭ᠎ᠠ ᠤᠯᠤᠰ ᠲᠥᠷᠥ ᠵᠢᠨ ᠲᠣᠮᠤ ᠬᠢᠴᠢᠶᠡᠯ》᠎ᠤᠨ 123 ᠦᠢ᠍ᠯᠡᠳᠦᠯᠭᠡ ᠵᠢᠨ ᠰᠠᠭᠤᠷᠢᠨ ᠭᠠᠵᠠᠷ᠎ᠤᠨ ᠦᠢ᠍ᠯᠡᠳᠦᠯ᠎ᠢ ᠪᠠᠳᠠᠷᠠᠭᠤᠯᠵᠤ᠂ 12 ᠠᠶ᠋ᠢᠮᠠᠭ ᠬᠤᠲᠠ ᠵᠢᠨ ᠬᠤᠪᠢᠰᠬᠠᠯ᠎ᠤᠨ ᠰᠤᠳᠤᠯᠤᠨ ᠰᠤᠷᠤᠯᠴᠠᠬᠤ ᠭᠠᠵᠠᠷ᠎ᠤᠨ ᠵᠢᠷᠤᠭ ᠪᠠ ᠦᠢ᠍ᠯᠡᠳᠦᠯᠭᠡ ᠵᠢᠨ ᠵᠢᠭ᠋ᠠᠨ ᠰᠤᠷᠭ᠋ᠠᠯᠲᠠ ᠵᠢᠨ ᠵᠢᠯᠤᠭᠤᠳᠤᠮᠵᠢ ᠵᠢ ᠭᠠᠷᠭ᠋ᠠᠵᠤ᠂ 《ᠠᠮᠢᠳᠤᠯᠢᠭ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ》᠂ 《ᠬᠢᠯᠢ ᠵᠢᠨ ᠱᠤᠭᠤᠮ᠎ᠳᠠᠬᠢ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ》᠂ 《ᠵᠦᠴᠦᠭᠡ ᠵᠢᠨ ᠲᠠᠯᠠᠪᠠᠢ᠎ᠳᠠᠬᠢ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ》 ᠵᠡᠷᠭᠡ ᠦᠢ᠍ᠯᠡᠳᠦᠯᠭᠡ ᠵᠢᠨ ᠨᠠᠷᠠᠲᠤ ᠲᠡᠮᠳᠡᠭᠲᠦ ᠵᠢ ᠪᠣᠶ ᠪᠣᠯᠭ᠋ᠠᠵᠤ᠂ ᠣᠷᠣᠨ ᠪᠦᠰᠡ ᠠᠯᠤᠰᠯᠠᠨ ᠬᠤᠣᠰᠯᠠᠵᠤ ᠬᠠᠮᠲᠤ᠎ᠪᠠᠷ ᠪᠠᠶ᠋ᠢᠭᠤᠯᠬᠤ᠂ ᠨᠡᠶ᠋ᠢᠭᠡᠮ᠎ᠤᠨ ᠦᠢ᠍ᠯᠡᠳᠦᠯᠭᠡ᠂ ᠰᠠᠶ᠋ᠢᠨ ᠳᠤᠷ᠎ᠠ ᠵᠢᠨ ᠦᠢ᠍ᠯᠡᠴᠢᠯᠡᠭᠡ ᠵᠡᠷᠭᠡ 1800 ᠰᠢᠬᠠᠮ ᠲᠠᠯᠠᠪᠤᠷ ᠦᠷᠨᠢᠭᠦᠯᠵᠦ᠂ ᠬᠦᠯᠢᠶᠡᠨ ᠠᠪᠤᠭᠴᠢᠳ 46 ᠲᠦᠮᠡ ᠵᠢ ᠳᠠᠪᠠᠪᠠ᠃ (ᠰᠤᠷᠭ᠋ᠠᠨ ᠬᠦᠮᠦᠵᠢᠯ᠎ᠤᠨ ᠲᠢᠩᠬᠢᠮ)